ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠢᠯᠡ ᠵᠠᠰᠠᠭ   -   ᠪᠢᠴᠢᠭ ᠮᠠᠲ᠋ᠧᠷᠢᠶᠠᠯ
ᠳᠥᠷᠪᠡᠨ ᠰᠠᠯᠠᠭ᠎ᠠ ᠮᠥᠴᠢᠷ᠎ᠤᠨ᠎ᠬᠢᠨ ᠬᠠᠮᠲᠤᠷᠠᠨ ᠪᠥᠬᠥ ᠣᠷᠣᠨ᠎ᠤ ᠲᠠᠷᠢᠶᠠᠯᠠᠩ᠎ᠤᠨ ᠤᠰᠤᠨ᠎ᠤ ᠦᠨ᠎ᠡ ᠵᠢᠨ ᠶᠡᠷᠦᠩᠬᠡᠢ᠌ᠯᠡᠭᠰᠡᠨ ᠥᠭᠡᠷᠡᠴᠢᠯᠡᠯᠲᠡ ᠵᠢ ᠭᠦᠨᠵᠡᠭᠡᠢ᠌ᠷᠡᠭᠦᠯᠬᠦ ᠲᠥᠰᠥᠯ᠎ᠢ ᠳᠠᠷᠤᠮᠠᠯᠯᠠᠨ ᠲᠠᠷᠬᠠᠭ᠋ᠠᠪᠠ
ᠨᠡᠶᠢᠲᠡᠯᠡᠭᠰᠡᠨ ᠴᠠᠭ᠄ 2025-05-08

                          ᠨᠤᠮᠢᠨ ᠤᠷᠴᠢᠭᠤᠯᠪᠠ

    ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠲᠢᠩᠬᠢᠮ᠎ᠤᠨ᠎ᠬᠢᠨ᠎ᠠᠴᠠ ᠣᠢ᠌ᠯᠠᠭ᠋ᠠᠭᠰᠠᠨ ᠵᠶ᠋ᠡᠷ  ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠲᠢᠩᠬᠢᠮ᠎ᠤᠨ᠎ᠬᠢᠨ ᠤᠷᠴᠢᠮ᠎ᠳᠤ ᠦᠪᠤᠷ ᠮᠤᠡᠭᠭᠤᠯ᠎ᠤᠨ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ᠂  ᠦᠪᠤᠷ ᠮᠤᠡᠭᠭᠤᠯ᠎ᠤᠨ ᠡᠳ᠋᠎ᠤᠨ ᠵᠠᠰᠠᠭ᠎ᠤᠨ ᠲᠢᠩᠬᠢᠮ᠂ ᠲᠠᠷᠢᠶᠠᠯᠠᠩ ᠮᠠᠯ ᠠᠵᠤ ᠠᠬᠤᠢ ᠵᠢᠨ ᠲᠢᠩᠬᠢᠮ᠎ᠤᠨ᠎ᠬᠢᠨ᠎ᠲᠠᠢ ᠬᠠᠮᠲᠤᠷᠠᠨ 《2025 ᠣᠨ᠎ᠤ ᠪᠥᠬᠥ ᠣᠷᠣᠨ᠎ᠤ ᠲᠠᠷᠢᠶᠠᠯᠠᠩ᠎ᠤᠨ ᠤᠰᠤᠨ᠎ᠤ ᠦᠨ᠎ᠡ ᠵᠢᠨ ᠶᠡᠷᠦᠩᠬᠡᠢ᠌ᠯᠡᠭᠰᠡᠨ ᠥᠭᠡᠷᠡᠴᠢᠯᠡᠯᠲᠡ ᠵᠢ ᠭᠦᠨᠵᠡᠭᠡᠢ᠌ᠷᠡᠭᠦᠯᠬᠦ ᠠᠵᠢᠯ᠎ᠤᠨ ᠲᠥᠰᠥᠯ》 (《ᠠᠵᠢᠯ᠎ᠤᠨ ᠲᠥᠰᠥᠯ》 ᠭᠡᠵᠦ ᠲᠣᠪᠴᠢᠯᠠᠨ᠎ᠠ)᠎ᠢ ᠳᠠᠷᠤᠮᠠᠯᠯᠠᠨ ᠲᠠᠷᠬᠠᠭ᠋ᠠᠪᠠ᠃ ᠲᠦᠰᠤᠯ᠎ᠳᠤ ᠥᠪᠥᠷ ᠮᠣᠩᠭᠣᠯ ᠎ᠤᠨ ᠲᠠᠷᠢᠶᠠᠯᠠᠩ ᠎ᠤᠨ ᠤᠰᠤᠨ ᠎ᠤ ᠦᠨ᠎ᠡ ᠬᠠᠩᠰᠢ ᠵᠢᠨ ᠶᠡᠷᠦᠩᠬᠡᠢ᠌ᠯᠡᠭᠰᠡᠨ ᠥᠭᠡᠷᠡᠴᠢᠯᠡᠯᠲᠡ ᠵᠢᠨ ᠰᠡᠭᠦᠯ ᠬᠤᠷᠢᠶᠠᠬᠤ ᠵᠢᠯ ᠎ᠤᠨ ᠬᠠᠷᠠᠯᠲᠠ ᠵᠢᠨ ᠡᠭᠦᠷᠭᠡ ᠵᠢ ᠤᠯᠠᠮ  ᠲᠣᠳᠣᠷᠬᠠᠢ᠌ᠯᠠᠵᠤ᠂ ᠪᠥᠬᠥ ᠣᠷᠣᠨ ᠎ᠤ ᠲᠠᠷᠢᠶᠠᠯᠠᠩ ᠎ᠤᠨ ᠤᠰᠤ ᠠᠷᠪᠢᠯᠠᠬᠤ ᠠᠵᠢᠯᠯᠠᠭ᠎ᠠ ᠵᠢ  ᠠᠬᠢᠭᠤᠯᠵᠤ᠂ ᠲᠠᠷᠢᠶᠠᠯᠠᠩ᠎ᠳᠤ ᠤᠰᠤ ᠵᠢ ᠪᠦᠳᠦᠭᠦᠯᠢᠭ ᠵᠶ᠋ᠡᠷ ᠬᠡᠷᠡᠭᠯᠡᠵᠤ ᠪᠠᠢ᠌ᠭᠰᠠᠨ᠎ᠠᠴᠠ᠎ᠨᠢ ᠪᠤᠰᠢᠭᠤᠬᠠᠨ ᠠᠷᠪᠢᠲᠠᠢ ᠡᠷᠴᠢᠮᠯᠢᠭ ᠪᠤᠯᠭ᠋ᠠᠬᠤ ᠬᠡᠷᠡᠭᠲᠡᠢ ᠬᠡᠵᠡᠢ᠃
   《ᠠᠵᠢᠯ᠎ᠤᠨ ᠲᠥᠰᠥᠯ》᠎ᠳᠤ ᠥᠭᠡᠷᠡᠴᠢᠯᠡᠯᠲᠡ ᠵᠢᠨ ᠬᠡᠷᠡᠭᠵᠢᠭᠦᠯᠬᠦ ᠬᠡᠪᠴᠢᠶ᠎ᠡ ᠵᠢ ᠵᠦᠢ ᠵᠣᠬᠢᠰᠲᠠᠢ ᠬᠢᠨᠠᠨ ᠬᠠᠷᠭᠤᠭᠤᠯᠬᠤ᠂ 《ᠲᠦᠷᠪᠡᠨ ᠲᠣᠭᠲᠠᠴᠠ》 ᠵᠢ ᠰᠢᠰᠲ᠋ᠧᠮ᠎ᠲᠠᠢ ᠥᠷᠨᠢᠭᠦᠯᠦᠨ ᠥᠭᠡᠷᠡᠴᠢᠯᠡᠯᠲᠡ ᠵᠢᠨ ᠡᠭᠦᠷᠭᠡ ᠵᠢ ᠡᠷᠭᠢᠵᠦ ᠬᠠᠷᠠᠬᠤ᠂ ᠲᠠᠷᠢᠶᠠᠯᠠᠩ᠎ᠤᠨ ᠤᠰᠤ ᠠᠷᠪᠢᠯᠠᠵᠤ ᠦᠷ᠎ᠡ ᠠᠰᠢᠭ᠎ᠢ ᠨᠡᠮᠡᠭᠳᠡᠭᠦᠯᠬᠦ 《ᠲᠠᠪᠤᠨ ᠳᠦᠷᠢᠮ᠎ᠤᠨ ᠰᠢᠰᠲ᠋ᠧᠮ》᠎ᠢ ᠲᠡᠭᠦᠯᠳᠡᠷᠵᠢᠭᠦᠯᠬᠦ᠂ ᠥᠭᠡᠷᠡᠴᠢᠯᠡᠯᠲᠡ ᠵᠢ ᠰᠢᠯᠭ᠋ᠠᠨ ᠠᠪᠬᠤ ᠪᠠ ᠲᠤᠷᠰᠢᠯᠭ᠎ᠠ᠎ᠪᠠᠨ ᠳ᠋ᠦᠩᠨᠡᠬᠦ ᠠᠵᠢᠯ᠎ᠢ ᠰᠠᠢ᠌ᠲᠤᠷ ᠬᠢᠬᠦ ᠵᠡᠷᠭᠡ 4 ᠲᠠᠯ᠎ᠠ᠎ᠠᠴᠠ  ᠪᠠᠢ᠌ᠷᠢᠯᠠᠭᠤᠯᠤᠬᠰᠠᠨ᠎ᠤ ᠬᠠᠮᠲᠤ ᠡᠭᠦᠷᠭᠡ ᠬᠠᠷᠠᠯᠲᠠ᠎ᠪᠠᠨ ᠠᠢ᠌ᠮᠠᠭ ᠬᠣᠲᠠ᠎ᠳᠤ ᠨᠠᠷᠢᠯᠢᠭᠵᠢᠭᠤᠯᠤᠨ ᠬᠤᠪᠢᠶᠠᠵᠤ᠂ ᠡᠭᠦᠷᠭᠡ ᠵᠢᠨ ᠨᠠᠷᠢᠨ ᠲᠣᠳᠣᠷᠬᠠᠢ ᠬᠠᠭᠤᠳᠠᠰᠤ ᠵᠢ ᠲᠣᠭᠲᠠᠭ᠋ᠠᠨ᠂ ᠬᠠᠷᠢᠭᠤᠴᠠᠯᠭ᠎ᠠ ᠵᠢᠨ ᠠᠵᠢᠯ᠎ᠤᠨ ᠬᠤᠪᠢᠶᠠᠷᠢᠯᠠᠯ ᠪᠠ ᠴᠠᠭ᠎ᠤᠨ ᠵᠠᠩᠭᠢᠯᠠᠭ᠎ᠠ ᠵᠢ ᠲᠣᠳᠣᠷᠬᠠᠢ᠌ᠯᠠᠵᠤ᠂ ᠥᠭᠡᠷᠡᠴᠢᠯᠡᠯᠲᠡ ᠵᠢᠨ ᠡᠭᠦᠷᠭᠡ ᠵᠢ ᠴᠠᠭ ᠲᠤᠬᠠᠢ᠎ᠳᠤ᠎ᠨᠢ ᠴᠢᠨᠠᠷᠵᠢᠭᠤᠨ ᠪᠡᠶᠡᠯᠡᠭᠦᠯᠬᠦ ᠵᠢ ᠪᠠᠳᠤᠯᠠᠬᠤ ᠪᠤᠯᠤᠨ᠎ᠠ᠃
   《ᠠᠵᠢᠯ᠎ᠤᠨ ᠲᠥᠰᠥᠯ》᠎ᠳᠤ᠄ 《2025 ᠣᠨ᠎ᠤ ᠡᠴᠦᠰ ᠪᠣᠯᠬᠤ᠎ᠳᠤ ᠡᠯ᠎ᠡ ᠠᠢ᠌ᠮᠠᠭ ᠬᠣᠲᠠ᠎ᠨᠤᠭᠤᠳ ᠪᠦᠲᠦᠮᠵᠢᠲᠡᠶ ᠤᠰᠤᠯᠠᠯᠲᠠ ᠵᠢᠨ ᠲᠠᠯᠠᠪᠠᠶ ᠵᠢᠨ 〈ᠥᠭᠡᠷᠡᠴᠢᠯᠡᠬᠦ ᠶᠣᠰᠣᠲᠠᠢ ᠵᠢ᠎ᠨᠢ ᠴᠥᠮ ᠥᠭᠡᠷᠡᠴᠢᠯᠡᠬᠦ〉 ᠵᠠᠷᠴᠢᠮ ᠵᠶ᠋ᠡᠷ ᠥᠭᠡᠷᠡᠴᠢᠯᠡᠯᠲᠡ ᠵᠢᠨ ᠬᠡᠷᠡᠭᠵᠢᠭᠦᠯᠬᠦ ᠲᠠᠯᠠᠪᠠᠶ ᠵᠢ ᠤᠯᠠᠮ ᠨᠠᠷᠢᠯᠢᠭ ᠬᠢᠨᠠᠨ ᠲᠣᠭᠲᠠᠭ᠋ᠠᠵᠤ᠂ ᠰᠢᠨ᠎ᠡ᠎ᠪᠠᠷ ᠨᠡᠮᠡᠭᠳᠡᠭᠰᠡᠨ ᠥᠭᠡᠷᠡᠴᠢᠯᠡᠯᠲᠡ ᠵᠢᠨ ᠲᠠᠯᠠᠪᠠᠶ ᠵᠢ ᠪᠣᠳᠠᠲᠠᠢ ᠭᠠᠵᠠᠷ᠎ᠲᠤ ᠨᠠᠢ᠌ᠳᠠᠪᠤᠷᠢᠵᠢᠭᠤᠯᠤᠨ᠂ ᠲᠠᠷᠢᠶᠠᠯᠠᠩ᠎ᠤᠨ ᠤᠰᠤᠨ᠎ᠤ ᠦᠨ᠎ᠡ ᠵᠢᠨ ᠶᠡᠷᠦᠩᠬᠡᠢ᠌ᠯᠡᠭᠰᠡᠨ ᠥᠭᠡᠷᠡᠴᠢᠯᠡᠯᠲᠡ ᠵᠢᠨ ᠡᠭᠦᠷᠭᠡ ᠵᠢ ᠪᠥᠬᠥ ᠲᠠᠯ᠎ᠠ᠎ᠪᠠᠷ ᠪᠡᠶᠡᠯᠡᠭᠦᠯᠬᠦ ᠵᠢᠨ ᠬᠠᠮᠲᠤ ᠰᠢᠯᠭ᠋ᠠᠨ ᠠᠪᠬᠤ ᠬᠡᠷᠡᠭᠲᠡᠢ᠃ ᠲᠠᠷᠢᠶᠠᠯᠠᠩ᠎ᠤᠨ ᠤᠰᠤᠨ᠎ᠤ ᠦᠨ᠎ᠡ ᠵᠢᠨ ᠶᠡᠷᠦᠩᠬᠡᠢ᠌ᠯᠡᠭᠰᠡᠨ ᠥᠭᠡᠷᠡᠴᠢᠯᠡᠯᠲᠡ ᠵᠢᠨ ᠡᠭᠦᠷᠭᠡ ᠵᠢ ᠨᠢᠭᠡᠨᠲᠡ ᠪᠡᠶᠡᠯᠡᠭᠦᠯᠦᠭᠰᠡᠨ 4969 ᠲᠦᠮᠡᠨ ᠮᠦ᠍᠎ᠳᠤ 〈ᠡᠷᠭᠢᠵᠦ ᠦᠵᠡᠬᠦ〉 ᠠᠵᠢᠯ᠎ᠢ ᠥᠷᠨᠢᠭᠦᠯᠵᠦ ᠤᠷᠴᠢᠮ᠎ᠤᠨ 10 ᠵᠢᠯ᠎ᠤᠨ ᠲᠤᠷᠰᠢᠬᠢ ᠲᠠᠷᠢᠶᠠᠯᠠᠩ᠎ᠤᠨ ᠤᠰᠤᠨ᠎ᠤ ᠦᠨ᠎ᠡ ᠵᠢᠨ ᠪᠦᠷᠢᠯᠳᠦᠬᠦ ᠲᠣᠭᠲᠠᠴᠠ᠂ ᠤᠰᠤ ᠬᠡᠷᠡᠭᠯᠡᠬᠦ ᠬᠠᠮᠢᠶᠠᠷᠤᠯᠲᠠ ᠵᠢᠨ ᠲᠣᠭᠲᠠᠴᠠ᠂ ᠢᠨᠵᠧᠨᠧᠷᠢᠩ᠎ᠤᠨ ᠪᠦᠲᠦᠭᠡᠨ ᠪᠠᠢ᠌ᠭᠤᠯᠤᠯᠲᠠ ᠪᠠ ᠬᠠᠮᠢᠶᠠᠷᠤᠨ ᠬᠠᠮᠠᠭ᠋ᠠᠯᠠᠬᠤ ᠲᠣᠭᠲᠠᠴᠠ᠂ ᠨᠠᠷᠢᠯᠢᠭ ᠣᠨᠣᠴᠠᠲᠠᠢ᠎ᠪᠠᠷ ᠨᠥᠬᠥᠪᠦᠷᠢ ᠥᠭᠬᠦ ᠪᠠ ᠤᠰᠤ ᠠᠷᠪᠢᠯᠠᠭᠰᠠᠨ᠎ᠢ ᠱᠠᠩᠨᠠᠬᠤ ᠲᠣᠭᠲᠠᠴᠠ ᠵᠢ ᠪᠠᠢ᠌ᠭᠤᠯᠤᠭᠰᠠᠨ ᠪᠠ ᠠᠵᠢᠯᠯᠠᠭᠤᠯᠤᠭᠰᠠᠨ ᠪᠠᠢ᠌ᠳᠠᠯ᠎ᠢ ᠰᠢᠰᠲ᠋ᠧᠮ᠎ᠲᠠᠢ  ᠡᠮᠬᠢᠯᠩᠰᠡᠨ᠎ᠤ ᠬᠠᠮᠲᠤ ᠲᠠᠷᠢᠶᠠᠯᠠᠩ᠎ᠤᠨ ᠤᠰᠤ ᠠᠷᠪᠢᠯᠠᠵᠤ ᠦᠷ᠎ᠡ ᠠᠰᠢᠭ᠎ᠢ ᠨᠡᠮᠡᠭᠳᠡᠭᠦᠯᠬᠦ ᠳᠦᠷᠢᠮ᠎ᠤᠨ ᠳᠦᠷᠦ ᠵᠢᠨ ᠪᠣᠳᠣᠯᠭ᠎ᠠ ᠵᠢ ᠲᠡᠭᠦᠯᠳᠡᠷᠵᠢᠭᠦᠯᠵᠦ᠂ ᠰᠢᠨᠵᠢᠯᠡᠬᠦ ᠤᠬᠠᠭ᠋ᠠᠨᠴᠢ᠎ᠪᠠᠷ ᠤᠰᠤᠯᠠᠬᠤ ᠳᠦᠷᠢᠮ᠎ᠤᠨ ᠰᠢᠰᠲ᠋ᠧᠮ᠂ ᠤᠰᠤ ᠬᠡᠷᠡᠭᠯᠡᠬᠦ ᠵᠢ ᠬᠡᠮᠵᠢᠵᠦ  ᠬᠢᠨᠠᠬᠤ ᠰᠢᠰᠲ᠋ᠧᠮ᠂ ᠲᠠᠷᠢᠶᠠᠯᠠᠩ᠎ᠤᠨ ᠤᠰᠤᠨ᠎ᠤ ᠦᠨ᠎ᠡ ᠵᠢᠨ ᠳᠦᠷᠦ ᠵᠢᠨ ᠪᠣᠳᠣᠯᠭ᠎ᠠ ᠵᠢᠨ ᠰᠢᠰᠲ᠋ᠧᠮ᠂ ᠤᠰᠤ ᠠᠷᠪᠢᠯᠠᠬᠤ ᠵᠠᠬ᠎ᠠ ᠳᠡᠯᠭᠡᠭᠦᠷ᠎ᠤᠨ ᠳᠦᠷᠢᠮ᠎ᠤᠨ ᠰᠢᠰᠲ᠋ᠧᠮ᠂ ᠤᠰᠤ ᠠᠷᠪᠢᠯᠠᠬᠤ ᠮᠡᠷᠭᠡᠵᠢᠯ ᠪᠠ ᠦᠢ᠍ᠯᠡᠴᠢᠯᠡᠭᠡᠨ᠎ᠤ ᠰᠢᠰᠲ᠋ᠧᠮ᠎ᠢ ᠲᠡᠭᠦᠯᠳᠡᠷᠵᠢᠭᠦᠯᠵᠦ᠂ ᠲᠠᠷᠢᠶᠠᠯᠠᠩ᠎ᠤᠨ ᠤᠰᠤ ᠬᠡᠷᠡᠭᠯᠡᠬᠦ ᠦᠷ᠎ᠡ ᠪᠦᠲᠦᠮᠵᠢ ᠵᠢ ᠳᠠᠰᠤᠷᠠᠯᠳᠠ ᠦᠭᠡᠢ ᠲᠡᠭᠡᠭᠰᠢᠯᠡᠬᠦᠯᠤᠬᠡᠳ ᠲᠠᠷᠢᠶᠠᠯᠠᠩ᠎ᠤᠨ ᠭᠠᠷᠤᠯᠲᠠ ᠵᠢ ᠨᠡᠮᠡᠭᠳᠡᠭᠦᠯᠵᠦ ᠲᠠᠷᠢᠶᠠᠴᠢᠳ᠎ᠤᠨ ᠣᠷᠣᠯᠭ᠎ᠠ ᠵᠢ ᠨᠡᠮᠡᠭᠳᠡᠭᠦᠯᠬᠦ ᠬᠡᠷᠡᠭᠳᠡᠢ》 ᠭᠡᠵᠡᠢ᠃



 

 

ᠢᠷᠡᠯᠲᠡ᠄ ᠦᠪᠤᠷ ᠮᠤᠡᠭᠭᠤᠯ᠎ᠤᠨ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠲᠢᠡᠭᠭᠢᠮ᠎ᠤᠨ ᠮᠤᠡᠭᠭᠤᠯ ᠰᠦᠯᠵᠢᠶ᠎ᠡ
          
ᠬᠠᠮᠢᠶ᠎ᠡ ᠪᠦᠬᠦᠢ ᠰᠣᠨᠢᠨ
ᠦᠪᠡᠷᠳᠡᠭᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠳᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠳᠤᠭᠤᠷᠢᠨ ᠪᠠᠢ᠌ᠴᠠᠭ᠋ᠠᠵᠤ ᠴᠡᠭᠴᠡᠯᠠᠨ ᠵᠠᠰᠠᠭᠰᠠᠨ ᠪᠠᠢ᠌ᠳᠠᠯ᠎ᠢ ᠮᠡᠳᠡᠭᠳᠡᠬᠦ᠎ᠨᠢ
ᠪᠦᠬᠦ ᠣᠷᠣᠨ᠎ᠤ ᠠᠷᠠᠳ᠎ᠤᠨ ᠶᠠᠪᠤᠳᠠᠯ᠎ᠤᠨ ᠰᠢᠰᠲ᠋ᠧᠮ᠎ᠤᠨ ᠬᠢᠵᠢᠭ ᠎ᠢ ᠰᠡᠷᠭᠡᠶ᠋ᠢᠯᠡᠨ ᠡᠵᠡᠮᠳᠡᠬᠦ ᠵᠢᠴᠢ 2020 ᠣᠨ᠎ᠤ ᠪᠦᠬᠦ ᠣᠷᠣᠨ᠎ᠤ ᠠᠷᠠᠳ᠎ᠤᠨ ᠶᠠᠪᠤᠳᠠᠯ᠎ᠤᠨ ᠠᠵᠢᠯ᠂ ᠨᠠᠮ᠎ᠤᠨ ᠰᠤᠷᠲᠠᠯ ᠴᠢᠬᠡᠴᠢ ᠵᠠᠰᠠᠭ᠎ᠤᠨ ᠪᠠᠢ᠌ᠭᠤᠯᠤᠯᠲᠠ ᠵᠢᠨ ᠠᠵᠢᠯ᠎ᠤᠨ ᠲᠧᠯᠸᠢᠰ ᠤᠲᠠᠰᠤᠲᠤ ᠬᠤᠷᠠᠯ ᠳᠡᠭᠡᠷᠡᠬᠢ᠎ᠤ ᠶᠠᠷᠢᠶᠠᠨ᠎ᠤ ᠳᠣᠪᠴᠢᠯᠠᠯ
ᠪᠦᠬᠦ ᠣᠷᠣᠨ᠎ᠤ ᠠᠷᠠᠳ᠎ᠤᠨ ᠶᠠᠪᠤᠳᠠᠯ᠎ᠤᠨ ᠰᠢᠰᠲ᠋ᠧᠮ᠎ᠤᠨ ᠶᠠᠳᠠᠭᠤ᠎ᠠᠴᠠ ᠠᠩᠭᠢᠵᠢᠷᠠᠭᠤᠯᠬᠤ ᠪᠣᠭᠣᠮᠲᠠ ᠰᠢᠪᠲᠤᠯᠤᠯᠲᠠ ᠵᠢᠨ ᠦᠨᠳᠦᠰᠦᠨ ᠵᠦᠢ᠍ᠯ᠎ᠢ ᠪᠠᠲᠤᠯᠠᠬᠤ ᠸᠢᠳᠢᠣ᠋ ᠬᠤᠷᠠᠯ ᠳᠡᠭᠡᠷᠡᠬᠢ ᠶᠠᠷᠢᠶ᠎ᠠ
ᠬᠢᠵᠢᠭ᠎ᠢ ᠰᠡᠷᠬᠡᠢ᠌ᠯᠡᠬᠦ ᠬᠤᠭᠤᠴᠠᠭ᠋ᠠᠨ᠎ᠳᠤ᠎ᠬᠢ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠬᠡᠨ᠎ᠤ ᠠᠵᠢᠯ᠎ᠤᠨ ᠬᠦᠴᠢᠷᠳᠡᠯ᠎ᠢ ᠮᠠᠨ᠎ᠤ ᠤᠷᠤᠨ ᠨᠠᠢ᠍ᠮᠨᠨ ᠠᠷᠭ᠎ᠠ᠎ᠪᠠᠷ ᠰᠢᠢ᠍ᠳᠪᠤᠷᠢᠯᠡᠵᠤ ᠪᠠᠢ᠌ᠨ᠎ᠠ
ᠦᠪᠤᠷ ᠮᠤᠡᠭᠭᠤᠯ᠎ᠤᠨ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠲᠢᠡᠭᠭᠢᠮ 《ᠪᠢ ᠤᠯᠠᠨ ᠲᠦᠮᠡᠨ᠎ᠳᠤ ᠪᠤᠳᠠᠳᠠᠢ ᠶᠠᠪᠤᠳᠠᠯ ᠬᠢᠵᠤ ᠦᠭᠭᠦᠨ᠎ᠡ》 ᠦᠢ᠍ᠯᠡᠳᠤᠯᠬᠡ ᠵᠢᠨ ᠠᠵᠢᠯᠯᠠᠭ᠎ᠠ ᠵᠢᠨ ᠰᠠᠨᠠᠯ ᠰᠠᠨᠠᠭᠤᠯᠭ᠎ᠠ ᠬᠦᠰᠡᠬᠦ ᠠᠯᠪᠠᠨ ᠵᠠᠷ
 
            