ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠢᠯᠡ ᠵᠠᠰᠠᠭ   -   ᠲᠥᠷᠥ᠎ᠶᠢᠨ ᠪᠣᠳᠣᠯᠭ᠎ᠠ᠎ᠶᠢᠨ ᠲᠠᠶ᠋ᠢᠯᠤᠮᠵᠢ
ᠦᠪᠡᠷᠳᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠪᠠᠢ᠌ᠩᠭᠤ ᠵᠢᠨ ᠬᠣᠷᠢᠶ᠎ᠠ ᠬᠤᠷᠠᠯ ᠬᠤᠷᠠᠯᠳᠤᠭᠤᠯᠵᠤ ᠤᠯᠤᠰ᠎ᠤᠨ ᠨᠡᠢ᠌ᠲᠡᠮ ᠬᠡᠷᠡᠭᠯᠡᠭᠡᠨ᠎ᠤ ᠦᠭᠡ ᠬᠡᠯᠡ ᠦᠰᠤᠭ᠌ ᠪᠢᠴᠢᠭ᠎ᠢ ᠳᠡᠯᠭᠡᠷᠡᠭᠦᠯᠬᠦ ᠠᠵᠢᠯ᠎ᠢ
ᠨᠡᠶᠢᠲᠡᠯᠡᠭᠰᠡᠨ ᠴᠠᠭ᠄ 2020-10-09

  ᠦᠪᠡᠷᠳᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠪᠠᠢ᠌ᠩᠭᠤ ᠵᠢᠨ ᠬᠣᠷᠢᠶ᠎ᠠ ᠬᠤᠷᠠᠯ ᠬᠤᠷᠠᠯᠳᠤᠭᠤᠯᠵᠤ ᠤᠯᠤᠰ᠎ᠤᠨ ᠨᠡᠢ᠌ᠲᠡᠮ ᠬᠡᠷᠡᠭᠯᠡᠭᠡᠨ᠎ᠤ ᠦᠭᠡ ᠬᠡᠯᠡ ᠦᠰᠤᠭ᠌ ᠪᠢᠴᠢᠭ᠎ᠢ ᠳᠡᠯᠭᠡᠷᠡᠭᠦᠯᠬᠦ ᠠᠵᠢᠯ᠎ᠢ ᠰᠤᠳᠤᠯᠤᠨ ᠪᠠᠢ᠌ᠷᠢᠯᠠᠭᠤᠯᠵᠠᠢ

                ᠱ᠌ᠢ᠎ᠲᠠᠢ ᠹᠸᠩ ᠬᠤᠷᠠᠯ᠎ᠢ ᠡᠷᠬᠢᠯᠡᠪᠠ

      10 ᠳ᠋ᠤᠭ᠋ᠠᠷ ᠰᠠᠷ᠎ᠠ ᠵᠢᠨ 7᠎ᠤ ᠡᠳᠤᠷ ᠦᠪᠡᠷᠳᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠪᠠᠢ᠌ᠩᠭᠤ ᠵᠢᠨ ᠬᠣᠷᠢᠶ᠎ᠠ ᠬᠤᠷᠠᠯ ᠬᠤᠷᠠᠯᠳᠤᠭᠤᠯᠵᠤ᠂ ᠮᠠᠨ᠎ᠤ ᠣᠷᠣᠨ᠎ᠤ ᠤᠯᠤᠰ᠎ᠤᠨ ᠨᠡᠢ᠌ᠲᠡᠮ ᠬᠡᠷᠡᠭᠯᠡᠭᠡᠨ᠎ᠤ ᠦᠭᠡ ᠬᠡᠯᠡ ᠦᠰᠤᠭ᠌ ᠪᠢᠴᠢᠭ᠎ᠢ ᠳᠡᠯᠭᠡᠷᠡᠭᠦᠯᠤᠭ᠌ᠰᠡᠨ ᠠᠵᠢᠯ᠎ᠤᠨ ᠬᠠᠷᠢᠭᠤ ᠮᠡᠳᠡᠭᠦᠯᠤᠯᠲᠡ ᠵᠢ ᠰᠣᠨᠣᠰᠴᠤ᠂ ᠳᠠᠷᠠᠭ᠋ᠠᠴᠢ ᠵᠢᠨ ᠠᠵᠢᠯ ᠵᠶ᠋ᠠᠨ ᠰᠠᠢ᠌ᠲᠤᠷ ᠬᠢᠬᠦ ᠳᠤᠬᠠᠢ ᠰᠤᠳᠤᠯᠤᠨ ᠪᠠᠢ᠌ᠷᠢᠯᠠᠭᠤᠯᠵᠠᠢ᠃ ᠦᠪᠡᠷᠳᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠱᠦᠵᠢ᠂ ᠠᠷᠠᠳ᠎ᠤᠨ ᠲᠦᠯᠣᠭᠡᠯᠡᠭᠴᠢᠳ᠎ᠤᠨ ᠶᠡᠬᠡ ᠬᠤᠷᠠᠯ᠎ᠤᠨ ᠪᠠᠢ᠌ᠩᠭᠤ ᠵᠢᠨ ᠬᠣᠷᠢᠶᠠᠨ᠎ᠤ ᠡᠷᠬᠢᠯᠡᠭᠴᠢ ᠱ᠌ᠢ᠎ᠲᠠᠢ ᠹᠸᠩ ᠬᠤᠷᠠᠯ᠎ᠢ ᠡᠷᠬᠢᠯᠡᠪᠡ᠃
        ᠬᠤᠷᠠᠯ᠎ᠠᠴᠠ᠂ ᠤᠯᠤᠰ᠎ᠤᠨ ᠨᠡᠢ᠌ᠲᠡᠮ ᠬᠡᠷᠡᠭᠯᠡᠭᠡᠨ᠎ᠤ ᠦᠭᠡ ᠬᠡᠯᠡ ᠦᠰᠤᠭ᠌ ᠪᠢᠴᠢᠭ᠎ᠢ ᠳᠡᠯᠭᠡᠷᠡᠭᠦᠯᠤᠨ ᠲᠦᠭᠡᠮᠡᠯᠵᠢᠭᠦᠯᠬᠦ ᠪᠣᠯ ᠨᠠᠮ᠎ᠤᠨ ᠲᠦᠪ ᠬᠣᠷᠢᠶ᠎ᠠ᠎ᠠᠴᠠ ᠨᠠᠮ ᠪᠣᠯᠤᠨ ᠤᠯᠤᠰ᠎ᠤᠨ ᠠᠵᠢᠯ ᠦᠢ᠍ᠯᠡᠰ᠎ᠤᠨ ᠬᠦᠭᠵᠢᠯᠲᠡ ᠵᠢᠨ ᠪᠦᠬᠦ ᠲᠠᠯ᠎ᠠ ᠵᠢ ᠪᠣᠳᠣᠯᠬᠢᠯᠠᠨ ᠪᠠᠢ᠌ᠵᠤ ᠭᠠᠷᠭ᠋ᠠᠭᠰᠠᠨ ᠴᠢᠬᠤᠯᠠ ᠶᠡᠬᠡ ᠰᠢᠢ᠍ᠳᠪᠤᠷᠢᠲᠤ ᠪᠣᠳᠤᠯᠭ᠎ᠠ ᠪᠠᠢ᠌ᠷᠢᠯᠠᠭᠤᠯᠤᠯᠲᠠ ᠮᠦᠨ᠂ ᠦᠨᠳᠤᠰᠤᠨ ᠬᠠᠤᠯᠢ᠎ᠳᠤ ᠳᠣᠭᠲᠠᠭ᠋ᠠᠭᠰᠠᠨ ᠬᠠᠷᠢᠭᠤᠴᠠᠯᠭ᠎ᠠ ᠮᠦᠨ᠂ ᠡᠨᠡ᠎ᠨᠢ ᠳᠤᠮᠳᠠᠳᠤ ᠵᠢᠨ ᠦᠨᠳᠤᠰᠤᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ᠂ ᠦᠨᠳᠤᠰᠤᠲᠡᠨ᠎ᠤ ᠣᠷᠣᠨ᠎ᠤ ᠬᠦᠭᠵᠢᠯᠲᠡ ᠳᠠᠪᠰᠢᠯᠲᠠ ᠵᠢ ᠲᠦᠷᠭᠡᠳᠬᠡᠬᠦ᠂ ᠴᠦᠭᠡᠨ ᠲᠣᠭ᠋ᠠᠲᠤ ᠦᠨᠳᠤᠰᠤᠲᠡᠨ᠎ᠤ ᠪᠤᠶᠠᠨ ᠵᠢᠷᠭ᠋ᠠᠯ᠎ᠢ ᠨᠡᠮᠡᠭᠳᠡᠭᠦᠯᠬᠦ᠎ᠳᠤ ᠴᠢᠬᠤᠯᠠ ᠠᠴᠢ ᠬᠣᠯᠪᠣᠭᠳᠠᠯ᠎ᠲᠠᠢ ᠶᠤᠮ᠃ ᠡᠯ᠎ᠡ ᠱᠠᠲᠤ ᠡᠯ᠎ᠡ ᠬᠣᠯᠪᠣᠭᠳᠠᠯ ᠪᠦᠬᠦᠢ ᠰᠠᠯᠠᠭ᠎ᠠ ᠮᠦᠴᠢᠷ᠎ᠤᠨ᠎ᠬᠢᠨ ᠤᠯᠤᠰ ᠲᠦᠷᠤ ᠵᠢᠨ ᠵᠣᠭᠰᠣᠴᠠ᠎ᠪᠠᠨ ᠦᠨᠡᠨ ᠬᠦ᠌ ᠳᠡᠭᠡᠭᠰᠢᠯᠡᠭᠦᠯᠵᠤ᠂ ᠦᠨᠳᠤᠰᠤᠲᠡᠨ᠎ᠤ ᠣᠷᠣᠨ  ᠎ᠳᠤ ᠤᠯᠤᠰ᠎ᠤᠨ ᠨᠡᠢ᠌ᠲᠡᠮ ᠬᠡᠷᠡᠭᠯᠡᠭᠡᠨ᠎ᠤ ᠦᠭᠡ ᠬᠡᠯᠡ ᠦᠰᠤᠭ᠌ ᠪᠢᠴᠢᠭ᠎ᠢ ᠳᠡᠯᠭᠡᠷᠡᠭᠦᠯᠤᠨ ᠲᠦᠭᠡᠮᠡᠯᠵᠢᠭᠦᠯᠬᠦ ᠵᠢᠨ ᠴᠢᠬᠤᠯᠠ ᠶᠡᠬᠡ ᠠᠴᠢ ᠬᠣᠯᠪᠣᠭᠳᠠᠯ᠎ᠤᠨ ᠳᠤᠬᠠᠢ ᠲᠠᠨᠢᠯᠲᠠ᠎ᠪᠠᠨ ᠳᠠᠰᠤᠷᠠᠯᠲᠠ ᠦᠭᠡᠢ ᠭᠦᠨᠵᠡᠭᠡᠢ᠌ᠷᠡᠭᠦᠯᠤᠨ᠂ ᠤᠯᠤᠰ᠎ᠤᠨ ᠨᠡᠢ᠌ᠲᠡᠮ ᠬᠡᠷᠡᠭᠯᠡᠭᠡᠨ᠎ᠤ ᠦᠭᠡ ᠬᠡᠯᠡ ᠦᠰᠤᠭ᠌ ᠪᠢᠴᠢᠭ᠎ᠢ ᠳᠡᠯᠭᠡᠷᠡᠭᠦᠯᠤᠨ ᠲᠦᠭᠡᠮᠡᠯᠵᠢᠭᠦᠯᠬᠦ ᠵᠢ ᠴᠢᠬᠤᠯᠠ ᠶᠡᠬᠡ ᠤᠯᠤᠰ ᠲᠦᠷᠤ ᠵᠢᠨ ᠡᠭᠦᠷᠭᠡ ᠪᠣᠯᠭ᠋ᠠᠨ ᠪᠠᠷᠢᠮᠲᠠᠯᠠᠵᠤ᠂ ᠶᠡᠷᠣᠩᠬᠡᠢ ᠱᠦᠵᠢ ᠰᠢ ᠵᠢᠨ ᠫᠢᠩ᠎ᠤᠨ ᠬᠣᠯᠪᠣᠭᠳᠠᠯ ᠪᠦᠬᠦᠢ ᠴᠢᠬᠤᠯᠠ ᠶᠠᠷᠢᠶ᠎ᠠ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠨᠠᠷᠢᠨ ᠬᠢᠨᠠᠮᠠᠭ᠋ᠠᠢ ᠰᠤᠷᠤᠯᠴᠠᠨ ᠡᠵᠡᠮᠰᠢᠵᠤ᠂ ᠭᠦᠨᠵᠡᠭᠡᠢ ᠲᠤᠭᠤᠰᠢᠯᠠᠭᠤᠯᠤᠨ ᠨᠠᠢ᠌ᠲᠠᠪᠤᠷᠢᠵᠢᠭᠤᠯᠵᠤ᠂ ᠤᠯᠤᠰ᠎ᠤᠨ ᠨᠡᠢ᠌ᠲᠡᠮ ᠬᠡᠷᠡᠭᠯᠡᠭᠡᠨ᠎ᠤ ᠦᠭᠡ ᠬᠡᠯᠡ ᠦᠰᠤᠭ᠌ ᠪᠢᠴᠢᠭ᠎ᠢ ᠳᠡᠯᠭᠡᠷᠡᠭᠦᠯᠤᠨ ᠲᠦᠭᠡᠮᠡᠯᠵᠢᠭᠦᠯᠬᠦ ᠡᠯ᠎ᠡ ᠵᠦᠢ᠍ᠯ᠎ᠤᠨ ᠠᠵᠢᠯ᠎ᠢ ᠡᠷᠡᠰ ᠭᠣᠢ᠌ᠪᠢᠰᠢ ᠦᠭᠡᠢ ᠬᠦᠴᠤᠲᠠᠢ ᠰᠠᠢ᠌ᠲᠤᠷ ᠬᠢᠬᠦ ᠬᠡᠷᠡᠭᠲᠠᠢ ᠭᠡᠵᠤ ᠵᠢᠭ᠋ᠠᠪᠤᠷᠢᠯᠠᠪᠠ᠃
    ᠬᠤᠷᠠᠯ᠎ᠠᠴᠠ᠂ ᠤᠯᠤᠰ᠎ᠤᠨ ᠨᠢᠭᠡᠳᠤᠯᠲᠠᠢ ᠨᠠᠢ᠌ᠷᠠᠭᠤᠯᠤᠭᠰᠠᠨ ᠵᠢᠭ᠋ᠠᠬᠤ ᠮᠠᠲᠸᠷᠢᠶᠠᠯ᠎ᠤᠨ ᠬᠡᠷᠡᠭᠯᠡᠯᠲᠡ ᠵᠢ ᠠᠬᠢᠭᠤᠯᠬᠤ ᠪᠣᠯ ᠤᠯᠤᠰ᠎ᠤᠨ ᠨᠡᠢ᠌ᠲᠡᠮ ᠬᠡᠷᠡᠭᠯᠡᠭᠡᠨ᠎ᠤ ᠦᠭᠡ ᠬᠡᠯᠡ ᠦᠰᠤᠭ᠌ ᠪᠢᠴᠢᠭ᠎ᠢ ᠳᠡᠯᠭᠡᠷᠡᠭᠦᠯᠤᠨ ᠲᠦᠭᠡᠮᠡᠯᠵᠢᠭᠦᠯᠬᠦ ᠵᠢᠨ ᠴᠢᠬᠤᠯᠠ ᠠᠷᠭ᠎ᠠ ᠬᠡᠮᠵᠢᠶ᠎ᠡ ᠮᠦᠨ᠂ ᠡᠯ᠎ᠡ ᠱᠠᠲᠤᠨ᠎ᠤ ᠨᠠᠮ᠎ᠤᠨ ᠬᠣᠷᠢᠶ᠎ᠠ᠂ ᠵᠠᠰᠠᠭ᠎ᠤᠨ ᠤᠷᠳᠤᠨ ᠵᠣᠬᠢᠶᠠᠨ ᠪᠠᠢ᠌ᠭᠤᠯᠵᠤ ᠤᠳᠤᠷᠢᠳᠬᠤ ᠪᠠ ᠨᠢᠭᠡᠲᠤᠯᠲᠠᠢ ᠲᠦᠯᠣᠪᠵᠢᠭᠦᠯᠤᠨ ᠵᠣᠬᠢᠴᠠᠭᠤᠯᠬᠤ᠎ᠪᠠᠨ ᠦᠨᠡᠨ ᠬᠦ᠌ ᠴᠢᠩᠭ᠋ᠠᠳᠬᠠᠵᠤ᠂ ᠡᠯ᠎ᠡ ᠬᠣᠯᠪᠣᠭᠳᠠᠯ ᠪᠦᠬᠦᠢ ᠰᠠᠯᠠᠭ᠎ᠠ ᠮᠦᠴᠢᠷ ᠳᠤᠰᠢᠶᠠᠯ ᠬᠠᠷᠢᠭᠤᠴᠠᠯᠭ᠎ᠠ᠎ᠪᠠᠨ ᠨᠠᠷᠢᠨ ᠬᠢᠨᠠᠮᠠᠭ᠋ᠠᠢ ᠭᠦᠢ᠍ᠴᠡᠳᠬᠡᠵᠤ᠂ ᠰᠠᠢ᠌ᠲᠤᠷ ᠬᠠᠮᠵᠢᠯᠴᠠᠨ ᠠᠵᠢᠯᠯᠠᠵᠤ᠂ ᠡᠯ᠎ᠡ ᠲᠠᠯ᠎ᠠ ᠵᠢ ᠬᠠᠮᠲᠤ᠎ᠳᠤ᠎ᠨᠢ ᠠᠳᠬᠤᠵᠤ ᠵᠡᠷᠭᠡ᠎ᠪᠠᠷ ᠬᠠᠮᠢᠶᠠᠷᠬᠤ ᠠᠵᠢᠯ᠎ᠤᠨ ᠬᠠᠮᠲᠤᠷᠠᠯ ᠬᠦᠴᠤ ᠵᠢ ᠪᠦᠷᠢᠯᠲᠤᠭᠦᠯᠵᠤ᠂ ᠤᠯᠤᠰ᠎ᠤᠨ ᠨᠡᠢ᠌ᠲᠡᠮ ᠬᠡᠷᠡᠭᠯᠡᠭᠡᠨ᠎ᠤ ᠦᠭᠡ ᠬᠡᠯᠡ ᠦᠰᠤᠭ᠌ ᠪᠢᠴᠢᠭ᠎ᠢ ᠳᠡᠯᠭᠡᠷᠡᠭᠦᠯᠤᠨ ᠲᠦᠭᠡᠮᠡᠯᠵᠢᠭᠦᠯᠬᠦ ᠠᠵᠢᠯ  ᠎ᠤᠨ ᠯᠠᠪᠳᠠᠭᠤᠨ ᠳᠣᠭᠲᠠᠭᠤᠨ ᠵᠶ᠋ᠠᠷ ᠤᠷᠤᠭᠰᠢ ᠠᠬᠢᠬᠤ ᠵᠢ ᠪᠠᠲᠤᠯᠠᠬᠤ ᠬᠡᠷᠡᠭᠲᠠᠢ᠃ ᠲᠦᠷᠤ ᠵᠢᠨ ᠪᠣᠳᠣᠯᠭ᠎ᠠ ᠵᠢᠨ ᠤᠬᠠᠭᠤᠯᠭ᠎ᠠ ᠪᠠ ᠶᠠᠷᠢᠶ᠎ᠠ ᠬᠡᠯᠡᠯᠴᠡᠭᠡ᠎ᠪᠠᠷ ᠬᠦᠲᠤᠯᠤᠨ ᠳᠠᠭ᠋ᠠᠭᠤᠯᠬᠤ ᠠᠵᠢᠯ᠎ᠢ ᠦᠷᠭᠦᠯᠵᠢᠯᠡᠨ ᠴᠢᠩᠭ᠋ᠠᠳᠬᠠᠵᠤ᠂ ᠣᠯᠠᠨ ᠲᠦᠮᠡᠨ᠎ᠤ ᠦᠵᠡᠯ ᠰᠠᠨᠠᠭ᠋ᠠᠨ᠎ᠤ ᠠᠵᠢᠯ᠎ᠢ ᠬᠦᠨᠵᠡᠭᠡᠢ ᠨᠢᠮᠪᠡᠢ ᠬᠢᠵᠤ᠂ ᠠᠵᠢᠯ᠎ᠤᠨ ᠦᠷ᠎ᠡ ᠪᠦᠲᠤᠮᠵᠢ᠎ᠪᠠᠨ ᠳᠠᠰᠤᠷᠠᠯᠲᠠ ᠦᠭᠡᠢ ᠪᠡᠬᠢᠵᠢᠭᠦᠯᠤᠨ ᠦᠷᠭᠡᠳᠬᠡᠵᠤ᠂ ᠤᠯᠤᠰ᠎ᠤᠨ ᠨᠢᠭᠡᠳᠤᠯᠲᠠᠢ ᠨᠠᠢ᠌ᠷᠠᠭᠤᠯᠤᠭᠰᠠᠨ ᠵᠢᠭ᠋ᠠᠬᠤ ᠮᠠᠲᠸᠷᠢᠶᠠᠯ᠎ᠤᠨ ᠬᠡᠷᠡᠭᠯᠡᠯᠲᠡ ᠵᠢ ᠴᠢᠨᠠᠭᠰᠢᠳᠠ ᠠᠬᠢᠭᠤᠯᠬᠤ᠎ᠳᠤ ᠰᠠᠢ᠌ᠨ ᠰᠠᠢ᠌ᠬᠠᠨ ᠨᠦᠬᠦᠴᠡᠯ ᠪᠦᠷᠢᠯᠲᠤᠭᠦᠯᠤᠨ ᠦᠭᠬᠦ ᠬᠡᠷᠡᠭᠲᠠᠢ᠃ ᠠᠵᠢᠯ᠎ᠤᠨ ᠠᠷᠭ᠎ᠠ ᠬᠡᠯᠪᠡᠷᠢ᠎ᠢ ᠴᠢᠬᠤᠯᠠᠴᠢᠯᠠᠵᠤ᠂ ᠣᠨᠣᠴᠠᠲᠤ ᠴᠢᠨᠡᠷ ᠪᠠ ᠪᠦᠲᠤᠮᠵᠢᠲᠤ ᠴᠢᠨᠠᠷ᠎ᠢ ᠳᠣᠪᠣᠢ᠌ᠯᠭ᠋ᠠᠨ᠂ ᠡᠯ᠎ᠡ ᠵᠦᠢ᠍ᠯ᠎ᠤᠨ ᠠᠵᠢᠯ ᠵᠶ᠋ᠠᠨ ᠨᠠᠷᠢᠯᠢᠭ ᠭᠦᠨᠵᠡᠭᠡᠢ ᠪᠣᠳᠠᠲᠠᠢ ᠬᠢᠵᠤ᠂ ᠡᠯ᠎ᠡ ᠱᠠᠲᠤᠨ᠎ᠤ ᠡᠯ᠎ᠡ ᠲᠦᠷᠣᠯ᠎ᠤᠨ ᠰᠤᠷᠭ᠋ᠠᠭᠤᠯᠢ ᠵᠢᠨ ᠰᠤᠷᠭ᠋ᠠᠨ ᠬᠦᠮᠤᠵᠢᠯ ᠵᠢᠭ᠋ᠠᠨ ᠰᠤᠷᠭ᠋ᠠᠯᠲᠠ ᠵᠢᠨ ᠠᠵᠢᠯ ᠡᠷᠡᠭᠦᠯ ᠵᠶ᠋ᠠᠷ ᠡᠮᠬᠢ ᠴᠡᠭᠴᠡ᠎ᠲᠠᠢ ᠶᠠᠪᠤᠭᠳᠠᠬᠤ ᠵᠢ ᠪᠠᠲᠤᠯᠠᠬᠤ ᠬᠡᠷᠡᠭᠲᠠᠢ ᠭᠡᠵᠤ ᠴᠢᠬᠤᠯᠠᠴᠢᠯᠠᠵᠠᠢ᠃
      ᠬᠤᠷᠠᠯ᠎ᠠᠴᠠ᠂ ᠶᠡᠷᠤᠩᠬᠡᠢ ᠱᠦᠵᠢ ᠰᠢ ᠵᠢᠨ ᠫᠢᠩ᠎ᠤᠨ ᠦᠨᠳᠤᠰᠤᠲᠡᠨ᠎ᠤ ᠠᠵᠢᠯ᠎ᠤᠨ ᠳᠤᠬᠠᠢ ᠴᠢᠬᠤᠯᠠ ᠦᠭᠦᠯᠡᠯᠲᠡ ᠪᠠ ᠤᠯᠤᠰ᠎ᠤᠨ ᠨᠡᠢ᠌ᠲᠡᠮ ᠬᠡᠷᠡᠭᠯᠡᠭᠡᠨ᠎ᠤ ᠦᠭᠡ ᠬᠡᠯᠡ ᠦᠰᠤᠭ᠌ ᠪᠢᠴᠢᠭ᠎ᠢ ᠳᠡᠯᠭᠡᠷᠡᠭᠦᠯᠤᠨ ᠲᠦᠭᠡᠮᠡᠯᠵᠢᠭᠦᠯᠬᠦ ᠠᠵᠢᠯ᠎ᠤᠨ ᠳᠤᠬᠠᠢ ᠴᠢᠬᠤᠯᠠ   ᠵᠢᠭ᠋ᠠᠪᠤᠷᠢ ᠵᠢᠨ ᠵᠣᠷᠢᠭ ᠰᠠᠨᠠᠭ᠎ᠠ᠎ᠪᠠᠷ ᠪᠠᠷᠢᠮᠵᠢᠶᠠᠯᠠᠵᠤ᠂ ᠮᠠᠨ᠎ᠤ   ᠣᠷᠣᠨ᠎ᠤ ᠤᠯᠤᠰ᠎ᠤᠨ ᠨᠢᠭᠡᠳᠤᠯᠲᠠᠢ ᠨᠠᠢ᠌ᠷᠠᠭᠤᠯᠤᠭᠰᠠᠨ ᠵᠢᠭ᠋ᠠᠬᠤ ᠮᠠᠲᠸᠷᠢᠶᠠᠯ᠎ᠤᠨ ᠬᠡᠷᠡᠭᠯᠡᠯᠲᠡ ᠵᠢ ᠠᠬᠢᠭᠤᠯᠬᠤ ᠳᠤᠮᠳᠠ ᠢᠯᠡᠷᠡᠭᠰᠡᠨ ᠠᠰᠠᠭᠤᠳᠠᠯ᠎ᠢ ᠭᠦᠨᠵᠡᠭᠡᠢ ᠲᠤᠩᠭ᠋ᠠᠨ ᠪᠣᠳᠣᠵᠤ᠂ ᠭᠦᠨ ᠳᠠᠪᠬᠤᠷᠭ᠎ᠠ ᠵᠢᠨ ᠰᠢᠯᠲᠠᠭ᠋ᠠᠨ᠎ᠢ ᠭᠦᠨᠵᠡᠭᠡᠢ ᠡᠷᠢᠵᠤ᠂ ᠳᠤᠷᠰᠢᠯᠭ᠎ᠠ᠎ᠪᠠᠨ ᠳ᠋ᠦᠩᠨᠡᠨ᠂ ᠰᠤᠷᠭ᠋ᠠᠮᠵᠢ ᠠᠪᠴᠤ᠂ ᠠᠵᠢᠯ ᠵᠶ᠋ᠠᠨ ᠬᠠᠯᠠᠨ ᠰᠠᠢ᠌ᠵᠢᠷᠠᠭᠤᠯᠬᠤ ᠬᠡᠷᠡᠭᠲᠠᠢ᠃ ᠢᠯᠠᠩᠭᠤᠶ᠎ᠠ ᠳᠤᠮᠳᠠᠳᠤ ᠵᠢᠨ ᠦᠨᠳᠤᠰᠤᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ ᠡᠨᠡ ᠬᠦ᠌ ᠰᠢᠨ᠎ᠡ ᠴᠠᠭ ᠦᠶ᠎ᠡ ᠵᠢᠨ ᠦᠨᠳᠤᠰᠤᠲᠡᠨ᠎ᠤ ᠠᠵᠢᠯ᠎ᠤᠨ ᠭᠣᠣᠯ ᠰᠢᠵᠢᠮ᠎ᠢ ᠪᠠᠲᠤ ᠡᠵᠡᠮᠳᠡᠵᠤ᠂ ᠰᠢᠰᠲᠸᠮ᠎ᠲᠠᠢ ᠳᠦᠰᠣᠪᠯᠡᠬᠦ᠂ ᠪᠠᠢ᠌ᠯᠳᠤᠬᠤ ᠪᠣᠳᠤᠯᠭ᠎ᠠ ᠵᠢᠨ ᠳᠦᠰᠤᠪᠯᠡᠯ ᠬᠢᠬᠦ᠎ᠪᠠᠨ ᠴᠢᠩᠭ᠋ᠠᠳᠬᠠᠵᠤ᠂ ᠬᠡᠤᠬᠡᠳ ᠪᠠᠭ᠋ᠠᠴᠤᠳ᠎ᠠᠴᠠ ᠡᠬᠢᠯᠡᠨ ᠠᠳᠬᠤᠵᠤ᠂ ᠵᠠᠯᠠᠭᠤᠴᠤᠳ᠎ᠠᠴᠠ ᠡᠬᠢᠯᠡᠨ ᠠᠳᠬᠤᠵᠤ᠂ ᠨᠡᠢ᠌ᠬᠡᠮ᠎ᠤᠨ ᠠᠮᠢᠳᠤᠷᠠᠯ᠎ᠤᠨ ᠲᠠᠯ᠎ᠠ ᠪᠦᠷᠢ᠎ᠠᠴᠠ ᠡᠬᠢᠯᠡᠨ ᠠᠳᠬᠤᠵᠤ᠂ ᠳᠤᠮᠳᠠᠳᠤ ᠵᠢᠨ ᠦᠨᠳᠤᠰᠤᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠤᠨ ᠤᠬᠠᠭᠤᠯᠭ᠎ᠠ ᠬᠦᠮᠤᠵᠢᠯ᠎ᠤᠨ ᠠᠵᠢᠯ᠎ᠢ ᠦᠷᠭᠦᠯᠵᠢᠯᠡᠨ ᠭᠦᠨᠵᠡᠭᠡᠢ ᠰᠠᠢ᠌ᠲᠤᠷ ᠠᠳᠬᠤᠵᠤ᠂ ᠬᠠᠮᠲᠤ ᠵᠢᠨ ᠴᠣᠭᠴᠠ ᠵᠢᠨ ᠤᠬᠠᠮᠰᠠᠷ᠎ᠤᠨ ᠬᠦᠮᠤᠵᠢᠯ᠎ᠢ ᠠᠵᠤ ᠠᠬᠤᠢ᠌ᠯᠠᠯ᠎ᠳᠤ ᠣᠷᠣᠭᠤᠯᠬᠤ᠂ ᠮᠠᠯᠵᠢᠬᠤ ᠲᠠᠷᠢᠶᠠᠯᠠᠬᠤ ᠣᠷᠣᠨ᠎ᠳᠤ ᠣᠷᠣᠭᠣᠯᠬᠤ᠂ ᠪᠠᠢ᠌ᠭᠤᠯᠭ᠎ᠠ᠎ᠳᠤ ᠣᠷᠣᠭᠤᠯᠬᠤ᠂ ᠰᠤᠷᠭ᠋ᠠᠭᠤᠯᠢ ᠵᠢᠨ ᠬᠦᠷᠢᠶᠡᠨ᠎ᠳᠤ ᠣᠷᠣᠭᠤᠯᠬᠤ᠂ ᠨᠡᠢ᠌ᠬᠡᠮ ᠲᠣᠭᠣᠷᠢᠭ᠎ᠲᠤ ᠣᠷᠣᠭᠤᠯᠬᠤ᠂ ᠴᠡᠷᠢᠭ᠎ᠤᠨ ᠬᠤᠸᠠᠷᠠᠨ᠎ᠳᠤ ᠣᠷᠣᠭᠣᠯᠬᠤ᠂ ᠰᠦᠯᠵᠢᠶᠡᠨ᠎ᠳᠤ ᠣᠷᠣᠭᠤᠯᠬᠤ ᠵᠢ ᠠᠬᠢᠭᠤᠯᠵᠤ᠂ ᠳᠤᠮᠳᠠᠳᠤ ᠵᠢᠨ ᠦᠨᠳᠤᠰᠤᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠦᠨᠳᠤᠰᠤᠲᠡᠨ᠎ᠨᠦᠭᠦᠳ᠎ᠤᠨ ᠠᠷᠠᠳ ᠲᠦᠮᠡᠨ᠎ᠤ ᠰᠡᠳᠬᠢᠯ᠎ᠳᠤ ᠭᠦᠨ ᠬᠠᠳᠠᠩᠰᠢᠭᠤᠯᠬᠤ ᠬᠡᠷᠡᠭᠲᠠᠢ᠃ ᠤᠬᠠᠭᠤᠯᠭ᠎ᠠ ᠬᠦᠮᠤᠵᠢᠯ᠎ᠤᠨ ᠠᠵᠢᠯ᠎ᠳᠤ᠎ᠪᠠᠨ ᠭᠠᠷᠳᠠᠴᠠ ᠵᠢ ᠣᠨᠣᠴᠠᠲᠠᠢ ᠣᠯᠵᠤ᠂ ᠪᠣᠳᠠᠲᠠᠢ ᠠᠷᠭ᠎ᠠ ᠬᠡᠮᠵᠢᠶ᠎ᠡ᠎ᠪᠠᠨ ᠨᠠᠷᠢᠯᠢᠭᠵᠢᠭᠤᠯᠤᠨ᠂ ᠠᠵᠢᠯ᠎ᠤᠨ ᠠᠴᠢᠶᠠᠯᠠᠪᠤᠷᠢ᠎ᠪᠠᠨ ᠪᠣᠳᠠᠲᠠᠢ᠌ᠵᠢᠭᠤᠯᠵᠤ᠂ ᠨᠢᠳᠤᠨ᠎ᠳᠤ ᠦᠵᠡᠭᠳᠡᠵᠤ ᠭᠠᠷ᠎ᠲᠤ   ᠪᠠᠷᠢᠭᠳᠠᠮ᠎ᠠ ᠪᠣᠳᠠᠲᠤ ᠦᠷ᠎ᠡ ᠪᠦᠲᠤᠮᠵᠢ ᠭᠠᠷᠭ᠋ᠠᠬᠤ ᠬᠡᠷᠡᠭᠲᠠᠢ ᠭᠡᠵᠤ ᠴᠢᠬᠤᠯᠠᠴᠢᠯᠠᠪᠠ᠃

ᠢᠷᠡᠯᠲᠡ᠄ ᠦᠪᠤᠷ ᠮᠤᠡᠭᠭᠤᠯ᠎ᠤᠨ ᠡᠳᠤᠷ᠎ᠤᠨ ᠰᠤᠨᠢᠨ (ᠮᠤᠡᠭᠭᠤᠯ ᠬᠡᠪᠯᠡᠯ)
          
ᠬᠠᠮᠢᠶ᠎ᠡ ᠪᠦᠬᠦᠢ ᠰᠣᠨᠢᠨ
ᠣᠢᠪᠤᠷ ᠮᠣᠨᠭ᠌ᠭᠣᠯ᠎ᠤᠨ ᠣᠢᠪᠠᠷᠳᠠᠬᠡᠨ ᠵᠠᠰᠠᠠᠠᠣ ᠣᠷᠣᠨ᠎ᠤ ᠠᠮᠢᠳᠣᠷᠠᠯ᠎ᠳᠤ᠎ᠪᠠᠨ ᠵᠣᠢᠪ ᠣᠢᠬᠡᠢ ᠲᠠᠨᠣᠭᠦᠴᠢᠯᠠᠨ ᠭᠣᠢᠢᠷᠠᠠᠴᠢᠯᠠᠠᠠᠴᠢ ᠵᠢ ᠳᠤᠰᠠᠯᠠᠬᠤ ᠬᠠᠮᠢᠶᠠᠷᠣᠯᠳ᠋ᠨ ᠵᠢᠨ ᠣᠢᠢᠯᠠᠴᠢᠯᠠᠬᠡᠨ ᠎ᠤ ᠴᠢᠠᠰᠠᠭ᠎ᠠ ᠵᠢ ᠶᠠᠬᠡ ᠎ᠪᠠᠷ ᠲᠠᠬᠡᠭᠰᠢᠯᠠᠭᠦᠯᠬᠦ ᠲᠣᠰᠠᠠᠠᠢ ᠲᠣᠢᠷᠣᠯ ᠎ᠤᠨ ᠠᠵᠢᠯᠯᠠᠭ᠋ᠠᠨ ᠎ᠤ ᠬᠡᠷᠨᠭᠵᠢᠭᠦᠯᠬᠦ ᠲᠣᠢᠰᠣᠯ
ᠣᠢᠪᠤᠷ ᠮᠣᠨᠭ᠌ᠭᠣᠯ ᠎ᠤᠨ ᠣᠢᠪᠠᠷᠳᠠᠬᠡᠨ ᠵᠠᠰᠠᠠᠠᠣ ᠣᠷᠣᠨ ᠎ᠤ ᠠᠷᠠᠣᠨ ᠎ᠤᠨ ᠶᠠᠪᠤᠳᠠᠯ᠎ᠤᠨ ᠲᠢᠨᠭᠬᠢᠮ᠎ᠤᠨ ᠵᠣᠬᠢᠶᠠᠨ ᠪᠠᠢᠢᠭᠣᠯᠣᠨ ᠪᠡᠶᠡᠯᠡᠭᠦᠯᠬᠦ 2020 ᠣᠨ ᠎ᠤ ᠪᠠᠬᠡᠵᠢᠨᠭ ᠣᠢᠪᠤᠷ ᠮᠣᠨᠭ᠌ᠭᠣᠯ᠎ᠤᠨ ᠬᠣᠷᠰᠢᠠᠠᠰᠠᠨ 《ᠭᠠᠷ ᠬᠣᠯᠪᠤᠯᠴᠠᠠᠠᠣ ᠲᠣᠢᠯᠣᠤ ᠊ᠯᠠᠬᠡᠨ》᠎ᠤ ᠨᠠᠢᠢᠬᠡᠮ᠎ᠤᠨ ᠠᠵᠢᠯ᠎ᠤᠨ ᠣᠢᠢᠯᠠᠴᠢᠯᠠᠬᠡᠨ᠎ᠤ ᠲᠣᠢᠷᠣᠯ ᠵᠣᠢᠢᠯ
ᠨᠡᠢ᠍ᠢ᠍ᠭᠡᠮ᠎ᠤᠨ ᠠᠵᠢᠯ᠎ᠤᠨ ᠲᠤᠰᠡᠡᠡᠢ ᠮᠡᠷᠭᠡᠵᠢᠯ᠎ᠤᠨ ᠲᠡᠪᠡᠭᠤᠯᠢᠬ᠎ᠢ ᠪᠠᠳᠠᠷᠠᠭᠤᠯᠵᠦ ᠬᠦᠮᠦᠯᠢᠭ ᠬᠠᠯᠠᠮᠵᠢᠯᠠᠯ᠎ᠢ ᠨᠡᠡᠭ ᠰᠠᠢ᠌ᠳᠤᠷ ᠬᠠᠡᠭᠭ᠋ᠠᠶ᠎ᠠ
ᠪᠠᠭ᠋ᠠᠲᠤᠷ ᠤᠯᠤᠰ᠎ᠤᠨ ᠨᠡᠢ᠌ᠲᠡᠮ ᠬᠡᠷᠡᠭᠯᠡᠬᠦ ᠦᠭᠡ ᠬᠡᠯᠡ ᠦᠰᠤᠭ᠌ ᠪᠢᠴᠢᠭ᠎ᠢ ᠰᠠᠢ᠌ᠲᠤᠷ ᠰᠤᠷᠴᠤ ᠬᠡᠷᠡᠭᠯᠡᠬᠦ ᠪᠣᠯ ᠦᠨᠳᠤᠰᠤᠲᠡᠨ᠎ᠨᠦᠭᠦᠳ᠎ᠤᠨ ᠬᠠᠮᠲᠤ ᠵᠢᠨ ᠬᠠᠷᠢᠭᠤᠴᠠᠯᠭ᠎ᠠ ᠮᠦᠨ ᠭᠡᠵᠤ ᠴᠢᠬᠤᠯᠠᠴᠢᠯᠠᠪᠠ
ᠯᠢ ᠵᠢᠢ ᠾᠸᠡᠭ ᠵᠢᠶᠠᠡᠭᠰᠢ ᠮᠤᠵᠢ ᠵᠢᠨ ᠠᠷᠠᠳ᠎ᠤᠨ ᠶᠠᠪᠤᠳᠠᠯ᠎ᠤᠨ ᠰᠢᠰᠲᠸᠮ᠎ᠤᠨ᠎ᠬᠢᠨ᠎ᠳᠤ ᠨᠠᠮ᠎ᠤᠨ ᠠᠷᠪᠠ ᠶᠢᠰᠤᠳᠤᠬᠡᠷ ᠬᠤᠭᠤᠴᠠᠭ᠋ᠠᠨ᠎ᠤ ᠲᠠᠪᠤᠳᠤᠭ᠋ᠠᠷ ᠪᠦᠬᠦᠳᠡ ᠬᠤᠷᠠᠯᠳᠤᠭ᠋ᠠᠨ ᠎ᠤ ᠵᠤᠷᠢᠭ ᠰᠠᠨᠠᠭ᠎ᠠ ᠵᠢ ᠲᠠᠢ᠌ᠯᠪᠤᠷᠢᠯᠠᠬᠤ᠎ᠳᠤ᠎ᠪᠠᠨ ᠰᠤᠷᠤᠯᠴᠠᠨ ᠲᠤᠭᠤᠰᠢᠯᠠᠭᠤᠯᠬᠤ ᠬᠠᠯᠠᠭᠤᠨ ᠦᠷᠨᠢᠯᠳᠡ ᠦᠳᠳᠡᠷ ᠡᠬᠦᠰᠬᠡᠵᠤ᠂ ᠪᠦᠬᠦᠳᠡ ᠬᠤᠷᠠᠯᠳᠤᠭ᠋ᠠᠨ᠎ᠤᠨ ᠵᠤᠷᠢᠭ ᠰᠠᠨᠠᠭ᠋ᠠᠨ᠎ᠤ ᠦᠨᠳᠤᠰᠤ ᠬᠠᠳᠬᠤᠬᠤ ᠵᠢ ᠠᠬᠢᠭᠤᠯᠬᠤ ᠬᠡᠷᠡᠭᠳᠡᠢ ᠭᠡᠵᠤ ᠴᠢᠬᠤᠯᠠᠴᠢᠯᠠᠪᠠ
 
            