ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠢᠯᠡ ᠵᠠᠰᠠᠭ   -   ᠲᠥᠷᠥ᠎ᠶᠢᠨ ᠪᠣᠳᠣᠯᠭ᠎ᠠ᠎ᠶᠢᠨ ᠲᠠᠶ᠋ᠢᠯᠤᠮᠵᠢ
ᠲᠠᠷᠬᠠᠯᠠᠭᠳᠠᠭᠰᠠᠨ ᠠᠵᠢᠯᠲᠠᠳ᠎ᠤᠨ ᠠᠵᠢᠯ᠎ᠠᠴᠠ ᠪᠤᠯᠤᠭᠰᠠᠨ ᠭᠡᠮᠲᠤᠯ᠎ᠤᠨ ᠠᠰᠠᠭᠤᠳᠠᠯ᠎ᠤᠨ ᠲᠤᠬᠠᠢ ᠪᠤᠳᠤᠯᠭ᠋ᠠᠰᠢᠷᠠᠯ
ᠨᠡᠶᠢᠲᠡᠯᠡᠭᠰᠡᠨ ᠴᠠᠭ᠄ 2020-12-01

ᠲᠠᠷᠬᠠᠯᠠᠭᠳᠠᠭᠰᠠᠨ ᠠᠵᠢᠯᠲᠠᠳ᠎ᠤᠨ ᠠᠵᠢᠯ᠎ᠠᠴᠠ ᠪᠤᠯᠤᠭᠰᠠᠨ ᠭᠡᠮᠲᠤᠯ᠎ᠤᠨ ᠠᠰᠠᠭᠤᠳᠠᠯ᠎ᠤᠨ ᠲᠤᠬᠠᠢ ᠪᠤᠳᠤᠯᠭ᠋ᠠᠰᠢᠷᠠᠯ
                                              ᠰᠢᠶᠸ ᠭᠤᠸᠠᠨ ᠵᠢᠶᠦ᠋ᠨ ᠵᠤᠬᠢᠶᠠᠪᠠ
                                              ᠮᠦᠡᠭᠭᠡᠪᠠᠶᠠᠷ ᠤᠷᠴᠢᠭᠤᠯᠪᠠ
        ᠤᠷᠴᠢᠮ᠎ᠤᠨ ᠵᠢᠯ᠎ᠠᠴᠠ ᠮᠠᠨ᠎ᠤ ᠤᠯᠤᠰ᠎ᠤᠨ ᠬᠦᠮᠦᠨ ᠠᠮᠠ ᠵᠢᠨ ᠨᠠᠰᠤᠵᠢᠯ (ᠦᠲᠡᠭᠦᠰ᠎ᠤᠨ ᠬᠠᠷᠢᠴᠠᠯ ᠦᠨᠳᠦᠷᠵᠢᠬᠦ)᠎ᠤᠨ ᠬᠤᠷᠳᠤᠴᠠ ᠮᠠᠰᠢ ᠲᠦᠷᠭᠡᠨ ᠵᠶ᠋ᠠᠷ ᠨᠡᠮᠡᠭᠳᠡᠵᠦ ᠪᠤᠢ᠃ ᠤᠯᠤᠰ᠎ᠤᠨ ᠪᠦᠷᠢᠳᠬᠡᠯ᠎ᠤᠨ ᠲᠤᠪᠴᠢᠶᠠᠨ᠎ᠤ ᠲᠤᠭ᠎ᠠ ᠪᠠᠷᠢᠮᠲᠠ ᠵᠢ ᠦᠨᠳᠦᠰᠦᠯᠡᠪᠡᠯ᠂ 2019 ᠤᠨ ᠪᠤᠯᠲᠠᠯ᠎ᠠ ᠮᠠᠨ᠎ᠤ ᠤᠯᠤᠰ᠎ᠤᠨ 60 ᠨᠠᠰᠤ ᠵᠢᠴᠢ 60 ᠨᠠᠰᠤᠨ᠎ᠠᠴᠠ ᠳᠡᠭᠡᠭᠰᠢᠬᠢ ᠬᠦᠮᠦᠨ ᠠᠮᠠ ᠵᠢᠨ ᠲᠤᠭ᠎ᠠ 25388 ᠲᠦᠮᠡ᠎ᠳᠤ ᠬᠦᠷᠴᠦ᠂ ᠶᠡᠷᠦᠩᠬᠡᠢ ᠬᠦᠮᠦᠨ ᠠᠮᠠ ᠵᠢᠨ ᠲᠤᠭ᠋ᠠᠨ᠎ᠤ 18.13% ᠵᠢ ᠡᠵᠡᠯᠡᠵᠡᠢ᠃ ᠡᠭᠦᠨ᠎ᠳᠤ 65 ᠪᠦᠬᠦᠯᠢ ᠨᠠᠰᠤ ᠵᠢᠴᠢ ᠳᠡᠭᠡᠭᠰᠢᠬᠢ ᠬᠦᠮᠦᠨ ᠠᠮᠠ ᠵᠢᠨ ᠲᠤᠭ᠎ᠠ 17603 ᠲᠦᠮᠡ᠎ᠳᠤ ᠬᠦᠷᠴᠦ᠂ ᠶᠡᠷᠦᠩᠬᠡᠢ ᠬᠦᠮᠦᠨ ᠠᠮᠠ ᠵᠢᠨ ᠲᠤᠭ᠋ᠠᠨ᠎ᠤ 12.57% ᠵᠢ ᠡᠵᠡᠯᠡᠵᠦ᠂ ᠮᠠᠨ᠎ᠤ ᠤᠯᠤᠰ ᠨᠢᠭᠡᠨᠲᠡ ᠳᠡᠯᠡᠬᠡᠢ ᠵᠢᠨ ᠦᠲᠡᠯᠦᠭᠡ ᠨᠠᠰᠤᠲᠠᠳ᠎ᠤᠨ ᠬᠦᠮᠦᠨ ᠠᠮᠠ ᠵᠢᠨ ᠲᠤᠭ᠎ᠠ᠎ᠪᠠᠷ ᠬᠠᠮᠤᠭ᠎ᠤᠨ ᠤᠯᠠᠨ ᠤᠯᠤᠰ ᠪᠤᠯᠵᠠᠢ᠃ 2050 ᠤᠨ ᠪᠤᠯᠬᠤ᠎ᠳᠤ ᠮᠠᠨ᠎ᠤ ᠤᠯᠤᠰ᠎ᠤᠨ 60 ᠨᠠᠰᠤ ᠵᠢᠴᠢ 60 ᠨᠠᠰᠤᠨ᠎ᠠᠴᠠ ᠳᠡᠭᠡᠭᠰᠢᠬᠢ ᠬᠦᠮᠦᠨ ᠠᠮᠠ ᠵᠢᠨ ᠬᠠᠷᠢᠴᠠᠯ᠎ᠨᠢ 30% ᠵᠢ ᠳᠠᠪᠠᠵᠤ᠂ ᠮᠠᠨ᠎ᠤ ᠤᠯᠤᠰ ᠦᠨᠳᠦᠷ ᠨᠠᠰᠤᠵᠢᠯ᠎ᠤᠨ ᠱᠠᠲᠤᠨ᠎ᠳᠤ ᠤᠷᠤᠨ᠎ᠠ ᠬᠡᠮᠡᠨ ᠡᠷᠳᠡᠮᠲᠡᠳ ᠲᠦᠰᠦᠭᠡᠯᠡᠵᠡᠢ᠃ ᠤᠳᠤᠬᠠᠨ᠎ᠤ ᠬᠡᠷᠡᠭᠵᠢᠭᠦᠯᠵᠦ ᠪᠠᠢ᠌ᠭ᠎ᠠ ᠠᠵᠢᠯ᠎ᠠᠴᠠ᠎ᠪᠠᠨ ᠲᠠᠷᠬᠠᠯᠠᠭᠳᠠᠬᠤ ᠲᠦᠷᠦ ᠵᠢᠨ ᠪᠤᠳᠤᠯᠭ᠎ᠠ ᠵᠢ ᠦᠨᠳᠦᠰᠦᠯᠡᠪᠡᠯ᠂ 60 ᠨᠠᠰᠤ ᠵᠢᠴᠢ 60 ᠨᠠᠰᠤᠨ᠎ᠠᠴᠠ ᠳᠡᠭᠡᠭᠰᠢᠬᠢ ᠠᠵᠢᠯᠲᠠᠳ᠎ᠤᠨ ᠵᠤᠩᠬᠢᠯᠠᠬᠤ ᠲᠤᠭ᠋ᠠᠨ᠎ᠤ ᠬᠢᠨᠢ ᠠᠵᠢᠯ᠎ᠠᠴᠠ᠎ᠪᠠᠨ ᠲᠠᠷᠬᠠᠯᠠᠭᠳᠠᠭᠰᠠᠨ ᠠᠵᠢᠯᠲᠠᠨ ᠪᠤᠯᠤᠨ᠎ᠠ᠃ ᠡᠨᠡ ᠪᠦᠯᠦᠭ ᠬᠦᠮᠦᠰ᠎ᠤᠨ ᠲᠤᠭ᠎ᠠ ᠬᠡᠮᠵᠢᠶ᠎ᠠ ᠮᠠᠰᠢ ᠤᠯᠠᠨ᠃ ᠪᠤᠳᠠᠲᠠᠢ ᠠᠮᠢᠳᠤᠷᠠᠯ᠎ᠳᠤ ᠠᠵᠢᠯ᠎ᠠᠴᠠ᠎ᠪᠠᠨ ᠲᠠᠷᠬᠠᠯᠠᠭᠳᠠᠬᠤ ᠨᠠᠰᠤᠨ᠎ᠳᠤ ᠬᠦᠷᠦᠭᠰᠡᠨ ᠪᠤᠶᠤ ᠬᠡᠲᠦᠷᠡᠭᠰᠡᠨ ᠠᠵᠢᠯᠲᠠᠳ ᠠᠮᠢᠳᠤᠷᠠᠯ᠎ᠤᠨ ᠵᠶ᠋ᠠᠨ ᠲᠦᠯᠦᠭᠡ᠂ ᠡᠰᠡᠭᠦᠯ᠎ᠠ ᠦᠷ᠎ᠡ ᠬᠡᠥᠬᠡᠳ᠎ᠤᠨ ᠵᠶ᠋ᠠᠨ ᠠᠵᠤ ᠠᠬᠤᠢ ᠵᠢᠨ ᠳᠠᠷᠤᠭ᠋ᠠᠰᠤ ᠵᠢ ᠬᠦᠩᠭᠡᠯᠡᠬᠦ ᠵᠢᠨ ᠲᠦᠯᠦᠭᠡ᠂ ᠪᠠᠰᠠ ᠡᠰᠡᠭᠦᠯ᠎ᠠ ᠨᠡᠢ᠌ᠭᠡᠮ᠎ᠳᠤ ᠬᠦᠴᠦ ᠬᠦᠳᠡᠯᠮᠦᠷᠢ᠎ᠪᠠᠨ ᠡᠷᠭᠦᠭᠦ ᠭᠡᠰᠡᠨ ᠪᠤᠶᠤ ᠦᠪᠡᠷ᠎ᠤᠨ ᠲᠤᠰᠬᠠᠢ ᠮᠡᠷᠭᠡᠵᠢᠯ᠎ᠤᠨ ᠬᠢᠨᠢ ᠤᠨᠴᠠᠭ᠋ᠠᠢ ᠴᠢᠨᠠᠷ᠎ᠠᠴᠠ ᠪᠤᠯᠤᠭ᠋ᠠᠳ ᠠᠯᠪᠠᠨ ᠪᠠᠢ᠌ᠭᠤᠯᠭ᠎ᠠ᠎ᠠᠴᠠ ᠳᠠᠬᠢᠨ ᠤᠷᠢᠵᠤ ᠬᠡᠷᠡᠭᠯᠡᠵᠦ᠂ ᠠᠵᠢᠯ᠎ᠠᠴᠠ᠎ᠪᠠᠨ ᠲᠠᠷᠬᠠᠯᠠᠭᠳᠠᠭᠰᠠᠨ ᠴᠦ᠍ ᠳᠠᠬᠢᠨᠲᠠ ᠠᠵᠢᠯ᠎ᠤᠨ ᠪᠠᠢ᠌ᠷᠢᠨ᠎ᠳᠤ ᠭᠠᠷᠬᠤ ᠪᠠᠢ᠌ᠳᠠᠭ ᠬᠠᠷᠠᠭᠳᠠᠳᠠᠭ᠃ ᠠᠵᠢᠯ᠎ᠠᠴᠠ᠎ᠪᠠᠨ ᠲᠠᠷᠬᠠᠯᠠᠭᠳᠠᠭᠰᠠᠨ ᠠᠵᠢᠯᠲᠠᠳ ᠬᠢᠭᠡᠳ ᠠᠯᠪᠠᠨ ᠪᠠᠢ᠌ᠭᠤᠯᠭ᠎ᠠ ᠵᠢᠨ ᠬᠤᠭᠤᠷᠤᠨᠳᠤ ᠶᠠᠮᠠᠷᠬᠠᠨ ᠬᠠᠤᠯᠢ ᠵᠢᠨ ᠬᠠᠷᠢᠴᠠᠭ᠎ᠠ ᠡᠭᠦᠰᠳᠡᠭ ᠪᠤᠢ? ᠠᠵᠢᠯ᠎ᠠᠴᠠ᠎ᠪᠠᠨ ᠲᠠᠷᠬᠠᠯᠠᠭᠳᠠᠭᠰᠠᠨ ᠠᠵᠢᠯᠲᠠᠳ ᠠᠵᠢᠯ᠎ᠤᠨ ᠰᠢᠯᠲᠠᠭ᠋ᠠᠨ᠎ᠠᠴᠠ ᠪᠤᠯᠵᠤ ᠰᠢᠷᠬᠠᠳᠤᠵᠤ ᠭᠡᠮᠳᠤᠪᠠᠯ ᠠᠵᠢᠯ᠎ᠠᠴᠠ ᠪᠤᠯᠤᠭᠰᠠᠨ ᠭᠡᠮᠲᠤᠯ   ᠵᠶ᠋ᠠᠷ ᠦᠵᠡᠵᠦ ᠪᠤᠯᠤᠨ᠎ᠠ ᠤᠤ? ᠬᠡᠷᠪᠡ ᠠᠵᠢᠯ᠎ᠠᠴᠠ ᠪᠤᠯᠤᠭᠰᠠᠨ ᠭᠡᠮᠲᠤᠯ ᠵᠶ᠋ᠠᠷ ᠲᠤᠭᠲᠠᠭ᠋ᠠᠳᠠᠭ᠎ᠲᠤ ᠬᠦᠷᠪᠡᠯ ᠳᠠᠭ᠋ᠠᠳᠬᠠᠯ᠎ᠤᠨ ᠬᠠᠷᠢᠭᠤᠴᠠᠯᠭ᠎ᠠ ᠵᠢ ᠬᠡᠨ ᠡᠭᠦᠷᠭᠡᠯᠡᠬᠦ ᠪᠤᠢ?
          ᠬᠦᠳᠡᠯᠮᠦᠷᠢ ᠵᠢᠨ ᠬᠠᠷᠢᠴᠠᠭ᠎ᠠ ᠪᠤᠯ ᠠᠵᠢᠯ᠎ᠤᠨ ᠰᠢᠷᠬ᠎ᠠ ᠭᠡᠮᠲᠤᠯ᠎ᠢ ᠲᠤᠭᠲᠠᠭ᠋ᠠᠬᠤ ᠤᠷᠢᠳᠠᠴᠢ ᠨᠦᠬᠦᠴᠡᠯ ᠮᠦᠨ
         《ᠠᠵᠢᠯ᠎ᠠᠴᠠ ᠪᠤᠯᠤᠭᠰᠠᠨ ᠭᠡᠮᠲᠤᠯ᠎ᠤᠨ ᠳᠠᠭ᠋ᠠᠳᠬᠠᠯ᠎ᠤᠨ ᠳᠦᠷᠢᠮ》᠎ᠤᠨ ᠠᠷᠪᠠᠨ ᠨᠠᠢ᠍ᠮᠠᠳᠤᠭ᠋ᠠᠷ ᠵᠤᠷᠪᠤᠰ᠎ᠲᠤ᠂ ᠠᠵᠢᠯ᠎ᠠᠴᠠ ᠪᠤᠯᠤᠭᠰᠠᠨ ᠭᠡᠮᠲᠤᠯ᠎ᠢ ᠲᠤᠭᠲᠠᠭ᠋ᠠᠬᠤ ᠭᠤᠶᠤᠴᠢᠯᠠᠯᠲᠠ ᠲᠡᠪᠰᠢᠭᠦᠯᠬᠦ ᠪᠢᠴᠢᠭ ᠮᠠᠲᠸᠷᠢᠶᠠᠯ᠎ᠳᠤ᠎ᠪᠠᠨ 《ᠠᠯᠪᠠᠨ ᠪᠠᠢ᠌ᠭᠤᠯᠭ᠎ᠠ ᠵᠢᠨ ᠬᠤᠭᠤᠷᠤᠨᠳᠤᠬᠢ ᠬᠦᠳᠡᠯᠮᠦᠷᠢ ᠵᠢᠨ ᠬᠠᠷᠢᠴᠠᠭ᠎ᠠ (ᠪᠤᠲᠠᠲᠠᠢ ᠬᠦᠳᠡᠯᠮᠦᠷᠢ ᠵᠢᠨ ᠬᠠᠷᠢᠴᠠᠭ᠎ᠠ ᠵᠢ ᠪᠠᠭᠲᠠᠭ᠋ᠠᠨ᠎ᠠ) ᠵᠢ ᠭᠡᠷᠡᠴᠢᠯᠡᠬᠦ ᠮᠠᠲᠸᠷᠢᠶᠠᠯ》᠎ᠢ ᠪᠠᠭᠲᠠᠭ᠋ᠠᠨ᠎ᠠ ᠬᠡᠮᠡᠨ ᠲᠤᠭᠲᠠᠭ᠋ᠠᠵᠠᠢ᠃ ᠡᠭᠦᠨ᠎ᠠᠴᠠ ᠠᠵᠢᠯ᠎ᠠᠴᠠ ᠪᠤᠯᠤᠭᠰᠠᠨ ᠭᠡᠮᠲᠤᠯ᠎ᠢ ᠲᠤᠭᠲᠠᠭ᠋ᠠᠬᠤ ᠵᠢᠨ ᠤᠷᠢᠳᠠᠴᠢ ᠨᠦᠬᠦᠴᠡᠯ᠎ᠨᠢ ᠬᠦᠳᠡᠯᠮᠦᠷᠢᠯᠡᠭᠴᠢ ᠬᠢᠭᠡᠳ ᠬᠦᠮᠦᠨ ᠬᠡᠷᠡᠭᠯᠡᠬᠦ ᠠᠯᠪᠠᠨ ᠪᠠᠢ᠌ᠭᠤᠯᠭ᠎ᠠ ᠵᠢᠨ ᠬᠤᠭᠤᠷᠤᠨᠳᠤ ᠪᠠᠢ᠌ᠭᠤᠯᠤᠭᠰᠠᠨ ᠬᠦᠳᠡᠯᠮᠦᠷᠢ ᠵᠢᠨ ᠬᠠᠷᠢᠴᠠᠭ᠎ᠠ ᠪᠤᠯᠤᠨ᠎ᠠ᠂ ᠬᠡᠷᠪᠡ ᠬᠤᠶᠠᠷ ᠲᠠᠯ᠎ᠠ᠎ᠪᠠᠷ ᠵᠶ᠋ᠠᠨ ᠬᠦᠳᠡᠯᠮᠦᠷᠢ ᠵᠢᠨ ᠬᠠᠷᠢᠴᠠᠭ᠎ᠠ ᠪᠠᠢ᠌ᠭᠤᠯᠤᠭᠰᠠᠨ ᠪᠤᠯ ᠠᠵᠢᠯ᠎ᠠᠴᠠ ᠪᠤᠯᠤᠭᠰᠠᠨ ᠭᠡᠮᠲᠤᠯ ᠵᠶ᠋ᠠᠷ ᠲᠤᠭᠲᠠᠭ᠋ᠠᠵᠤ ᠪᠤᠯᠬᠤ ᠦᠭᠡᠢ᠃
         《ᠠᠷᠠᠳ᠎ᠤᠨ ᠳᠡᠭᠡᠳᠦ ᠰᠢᠭᠦᠭᠦ ᠬᠤᠷᠢᠶᠠᠨ᠎ᠤ ᠬᠦᠳᠡᠯᠮᠦᠷᠢ ᠵᠢᠨ ᠵᠠᠭᠤᠷᠠᠭ᠋ᠠᠨ᠎ᠢ ᠰᠢᠭᠦᠨ ᠲᠠᠰᠤᠯᠬᠤ᠎ᠳᠤ ᠲᠤᠬᠢᠷᠠᠬᠤ ᠵᠠᠷᠢᠮ ᠬᠠᠤᠯᠢ ᠵᠢᠨ ᠠᠰᠠᠭᠤᠳᠠᠯ᠎ᠤᠨ ᠲᠤᠬᠠᠢ ᠲᠠᠢ᠌ᠯᠤᠮᠵᠢ (ᠭᠤᠷᠪᠠ)》 (〈2010〉 12 ᠲᠤᠭ᠋ᠠᠲᠤ) ᠵᠢᠨ ᠲᠤᠯᠤᠳᠤᠭ᠋ᠠᠷ ᠵᠤᠷᠪᠤᠰ᠎ᠲᠤ 《ᠬᠦᠮᠦᠨ ᠬᠡᠷᠡᠭᠯᠡᠬᠦ ᠠᠯᠪᠠᠨ ᠪᠠᠢ᠌ᠭᠤᠯᠭ᠎ᠠ ᠬᠢᠭᠡᠳ ᠬᠠᠤᠯᠢ ᠶᠤᠰᠤᠭ᠋ᠠᠷ ᠨᠠᠰᠤᠵᠢᠯ᠎ᠤᠨ ᠳᠠᠭ᠋ᠠᠳᠬᠠᠯ ᠬᠦᠷᠲᠡᠵᠦ ᠪᠠᠢ᠌ᠭ᠎ᠠ ᠪᠤᠶᠤ ᠲᠠᠷᠬᠠᠯᠠᠭᠳᠠᠭᠰᠠᠨ ᠴᠠᠯᠢᠩ ᠬᠦᠷᠲᠡᠵᠦ ᠪᠠᠢ᠌ᠭ᠎ᠠ ᠠᠵᠢᠯᠲᠠᠳ ᠡᠯᠰᠡᠨ ᠬᠡᠷᠡᠭᠯᠡᠬᠦ ᠶᠠᠪᠤᠴᠠ᠎ᠳᠤ ᠠᠵᠢᠯ᠎ᠤᠨ ᠮᠠᠷᠭᠤᠭ᠋ᠠᠨ ᠭᠠᠷᠪᠠᠯ ᠠᠷᠠᠳ᠎ᠤᠨ ᠰᠢᠭᠦᠬᠦ ᠬᠤᠷᠢᠶᠠᠨ᠎ᠳᠤ ᠵᠠᠭ᠋ᠠᠯᠳᠤᠵᠤ᠂ ᠠᠷᠠᠳ᠎ᠤᠨ ᠰᠢᠭᠦᠬᠦ ᠬᠤᠷᠢᠶᠠᠨ᠎ᠠᠴᠠ ᠬᠦᠳᠡᠯᠮᠦᠷᠢ ᠵᠢᠨ ᠬᠠᠷᠢᠴᠠᠭ᠎ᠠ ᠵᠢ᠎ᠨᠢ ᠦᠨᠳᠦᠰᠯᠡᠨ ᠰᠢᠢ᠍ᠳᠪᠦᠷᠢ ᠦᠭᠭᠦᠨ᠎ᠡ》 ᠭᠡᠵᠦ ᠲᠤᠭᠲᠠᠭ᠋ᠠᠵᠠᠢ᠃ ᠡᠭᠦᠨ᠎ᠠᠴᠠ ᠠᠵᠢᠯ᠎ᠠᠴᠠ᠎ᠪᠠᠨ ᠲᠠᠷᠬᠠᠯᠠᠭᠳᠠᠭᠰᠠᠨ ᠠᠵᠢᠯᠲᠠᠳ ᠳᠠᠬᠢᠨᠲᠡ ᠠᠵᠢᠯ᠎ᠤᠨ ᠪᠠᠢ᠌ᠷᠢᠨ᠎ᠳᠤ ᠭᠠᠷᠬᠤ ᠪᠠᠢ᠌ᠳᠠᠯ᠎ᠳᠤ ᠡᠢ᠌ᠮᠦᠷᠭᠦᠦ ᠠᠵᠢᠯᠲᠠᠳ ᠬᠢᠭᠡᠳ ᠬᠦᠮᠦᠨ ᠬᠡᠷᠡᠭᠯᠡᠬᠦ ᠠᠯᠪᠠᠨ ᠪᠠᠢ᠌ᠭᠤᠯᠭ᠎ᠠ ᠬᠤᠭᠤᠷᠤᠨᠳᠤ᠎ᠪᠠᠨ ᠬᠦᠳᠡᠯᠮᠦᠷᠢ ᠵᠢᠨ ᠬᠠᠷᠢᠴᠠᠭ᠎ᠠ ᠶᠤᠮ ᠤᠤ᠂ ᠠᠵᠢᠯ᠎ᠤᠨ ᠬᠠᠷᠢᠴᠠᠭ᠎ᠠ ᠪᠠᠢ᠌ᠭᠤᠯᠤᠭᠰᠠᠨ ᠵᠶ᠋ᠠᠷ ᠰᠢᠢ᠍ᠳᠪᠦᠷᠢ ᠵᠢᠨ ᠴᠢᠨᠠᠷᠲᠠᠢ ᠪᠠᠷᠢᠮᠵᠢᠶ᠎ᠠ ᠪᠤᠯᠭ᠋ᠠᠬᠤ ᠵᠢ ᠮᠡᠳᠡᠵᠦ ᠪᠤᠯᠤᠨ᠎ᠠ᠃ ᠲᠤᠬᠠᠢ᠌ᠯᠠᠪᠠᠯ ᠲᠤᠰ ᠠᠵᠢᠯᠲᠠᠨ᠎ᠨᠢ ᠨᠠᠰᠤᠵᠢᠯ᠎ᠤᠨ ᠳᠠᠭ᠋ᠠᠳᠬᠠᠯ ᠬᠦᠷᠲᠡᠭᠰᠡᠨ ᠪᠤᠶᠤ ᠲᠠᠷᠬᠠᠯᠠᠭᠳᠠᠭᠰᠠᠨ ᠴᠠᠯᠢᠩ ᠠᠪᠤᠭᠰᠠᠨ ᠡᠰᠡᠬᠦ᠎ᠳᠤ ᠪᠤᠢ᠃ ᠬᠡᠷᠪᠡ ᠨᠢᠭᠡᠨᠲᠡ ᠬᠦᠷᠲᠡᠵᠦ ᠪᠠᠢ᠌ᠭ᠎ᠠ ᠪᠤᠶᠤ ᠴᠠᠯᠢᠩ ᠠᠪᠴᠤ ᠪᠠᠢ᠌ᠭ᠎ᠠ ᠪᠤᠯ ᠬᠤᠶᠠᠷ ᠲᠠᠯ᠎ᠠ᠎ᠪᠠᠷ ᠵᠶ᠋ᠠᠨ ᠬᠦᠳᠡᠯᠮᠦᠷᠢ ᠵᠢᠨ ᠬᠠᠷᠢᠴᠠᠭ᠎ᠠ ᠪᠠᠢ᠌ᠭᠤᠯᠤᠭᠰᠠᠨ ᠪᠤᠯ ᠰᠢᠭᠦᠬᠦ ᠬᠤᠷᠢᠶᠠᠨ᠎ᠠᠴᠠ ᠪᠤᠲᠠᠲᠠᠢ ᠲᠠᠰᠤᠯᠤᠯᠲᠠ ᠬᠢᠬᠦ᠎ᠳᠤ᠎ᠪᠠᠨ ᠠᠵᠢᠯ᠎ᠤᠨ ᠬᠠᠷᠢᠴᠠᠭ᠎ᠠ᠎ᠪᠠᠷ ᠰᠢᠢ᠍ᠳᠪᠦᠷᠢᠯᠡᠨ᠎ᠡ᠃ ᠡᠨᠡ᠎ᠨᠢ ᠲᠠᠷᠬᠠᠯᠠᠭᠳᠠᠭᠰᠠᠨ ᠠᠵᠢᠯᠲᠠᠳ ᠨᠠᠰᠤᠵᠢᠯ᠎ᠤᠨ ᠳᠠᠭ᠋ᠠᠳᠬᠠᠯ ᠬᠦᠷᠲᠡᠵᠦ ᠪᠠᠢ᠌ᠭ᠎ᠠ ᠪᠠᠢ᠌ᠳᠠᠯ᠎ᠳᠤ ᠤᠤᠯ᠎ᠤᠨ ᠪᠠᠢ᠌ᠭᠤᠯᠭ᠎ᠠ ᠶᠤᠮ ᠤᠤ᠂ ᠦᠭᠡᠷ᠎ᠡ ᠰᠢᠨ᠎ᠡ ᠪᠠᠢ᠌ᠭᠤᠯᠭ᠎ᠠ᠎ᠳᠤ᠎ᠪᠠᠨ ᠠᠵᠢᠯ᠎ᠤᠨ ᠰᠢᠯᠲᠠᠭ᠋ᠠᠨ᠎ᠠᠴᠠ ᠰᠢᠷᠬᠠᠳᠤᠵᠤ ᠭᠡᠮᠳᠤᠪᠠᠯ ᠠᠵᠢᠯ᠎ᠠᠴᠠ ᠪᠤᠯᠤᠭᠰᠠᠨ ᠭᠡᠮᠲᠤᠯ ᠵᠶ᠋ᠠᠷ ᠪᠤᠳᠤᠵᠤ ᠪᠤᠯᠬᠤ ᠦᠭᠡᠢ᠃
      ᠲᠠᠷᠬᠠᠯᠠᠭᠳᠠᠭᠰᠠᠨ ᠠᠵᠢᠯᠲᠠᠳ᠎ᠤᠨ ᠠᠵᠢᠯ᠎ᠠᠴᠠ ᠪᠤᠯᠤᠭᠰᠠᠨ ᠭᠡᠮᠲᠤᠯ᠎ᠤᠨ ᠬᠠᠷᠢᠭᠤᠴᠠᠯᠭ᠎ᠠ ᠵᠢᠨ ᠬᠠᠷᠢᠶ᠎ᠠ
      ᠲᠠᠷᠬᠠᠯᠠᠭᠳᠠᠭᠰᠠᠨ ᠠᠵᠢᠯᠲᠠᠳ᠎ᠤᠨ ᠠᠵᠢᠯ᠎ᠠᠴᠠ ᠪᠤᠯᠤᠭᠰᠠᠨ ᠭᠡᠮᠲᠤᠯ᠎ᠢ ᠬᠠᠤᠯᠢ ᠶᠤᠰᠤᠭ᠋ᠠᠷ ᠲᠤᠭᠲᠠᠭ᠋ᠠᠵᠤ ᠪᠤᠯᠬᠤ ᠦᠭᠡᠢ ᠲᠤᠯᠠᠳᠠ ᠠᠶᠠᠨᠳᠠᠭ᠋ᠠᠨ ᠠᠵᠢᠯ᠎ᠠᠴᠠ ᠪᠤᠯᠤᠭᠰᠠᠨ ᠭᠡᠮᠲᠤᠯ᠎ᠤᠨ ᠳᠠᠭ᠋ᠠᠳᠬᠠᠯ᠎ᠤᠨ ᠨᠦᠬᠦᠪᠦᠷᠢ ᠵᠢ ᠬᠦᠷᠲᠡᠵᠦ ᠴᠢᠳᠠᠬᠤ ᠦᠭᠡᠢ᠂ ᠭᠡᠪᠡᠴᠦ ᠡᠨᠡ᠎ᠨᠢ ᠲᠠᠷᠬᠠᠯᠠᠭᠳᠠᠭᠰᠠᠨ ᠠᠵᠢᠯᠲᠠᠳ ᠦᠪᠡᠷ᠎ᠤᠨ ᠬᠠᠤᠯᠢ ᠶᠤᠰᠤᠨ᠎ᠤ ᠡᠷᠬᠡ᠎ᠪᠠᠨ ᠬᠠᠮᠠᠭ᠋ᠠᠯᠠᠵᠤ ᠴᠢᠳᠠᠬᠤ ᠦᠭᠡᠢ ᠪᠢᠰᠢ᠂ ᠤᠷᠢᠨ ᠬᠡᠷᠡᠭᠯᠡᠵᠦ ᠪᠠᠢ᠌ᠭ᠎ᠠ ᠠᠯᠪᠠᠨ ᠪᠠᠢ᠌ᠭᠤᠯᠭ᠎ᠠ᠎ᠨᠢ ᠬᠠᠷᠢᠭᠤᠴᠠᠯᠭ᠎ᠠ ᠦᠭᠡᠢ ᠭᠡᠰᠡᠨ ᠤᠴᠢᠷ ᠪᠢᠰᠢ ᠶᠤᠮ᠃
      ᠲᠠᠷᠬᠠᠯᠠᠭᠳᠠᠭᠰᠠᠨ ᠠᠵᠢᠯᠲᠠᠳ ᠠᠵᠢᠯ᠎ᠤᠨ ᠪᠠᠢ᠌ᠷᠢᠨ᠎ᠳᠤ᠎ᠪᠠᠨ ᠰᠢᠷᠬ᠎ᠠ ᠭᠡᠮᠲᠤᠯ ᠠᠪᠬᠤ᠎ᠨᠢ ᠠᠵᠢᠯ᠎ᠠᠴᠠ ᠪᠤᠯᠤᠭᠰᠠᠨ ᠭᠡᠮᠲᠤᠯ ᠪᠢᠰᠢ ᠪᠤᠯᠪᠠᠴᠤ ᠪᠡᠶ᠎ᠡ ᠵᠢᠨ ᠰᠢᠷᠬᠠᠳᠤᠯ᠎ᠳᠤ ᠬᠠᠷᠢᠶᠠᠯᠠᠭᠳᠠᠬᠤ ᠤᠴᠢᠷ᠎ᠠᠴᠠ 《ᠢᠷᠭᠡᠨ᠎ᠤ ᠬᠠᠤᠯᠢ》 ᠵᠢᠨ 《ᠤᠰᠤᠯ᠎ᠳᠤ᠎ᠪᠠᠨ ᠬᠠᠷᠢᠭᠤᠴᠠᠬᠤ》 ᠵᠠᠷᠴᠢᠮ᠎ᠤᠨ ᠳᠠᠭ᠋ᠠᠤ ᠡᠷᠬᠡ᠎ᠳᠤ ᠬᠠᠯᠳᠠᠭᠰᠠᠨ ᠠᠯᠪᠠᠨ ᠪᠠᠢ᠌ᠭᠤᠯᠭ᠎ᠠ ᠵᠢ᠎ᠠᠴᠠ ᠪᠡᠶ᠎ᠡ ᠵᠢᠨ ᠭᠡᠮᠲᠤᠯ᠎ᠤᠨ ᠲᠦᠯᠦᠪᠦᠷᠢ ᠲᠦᠯᠦᠬᠦ ᠵᠢ ᠱᠠᠭ᠋ᠠᠷᠳᠠᠵᠤ ᠪᠤᠯᠤᠨ᠎ᠠ᠃ 《ᠠᠷᠠᠳ᠎ᠤᠨ ᠳᠡᠭᠡᠳᠦ ᠰᠢᠭᠦᠬᠦ ᠬᠤᠷᠢᠶᠠᠨ᠎ᠤ ᠬᠦᠮᠦᠨ᠎ᠤ ᠪᠡᠶ᠎ᠡ ᠵᠢᠨ ᠭᠡᠮᠲᠤᠯ᠎ᠤᠨ ᠲᠦᠯᠦᠪᠦᠷᠢ ᠵᠢᠨ ᠬᠡᠷᠡᠭ᠎ᠢ ᠰᠢᠭᠦᠭᠦ᠎ᠳᠤ ᠲᠤᠬᠢᠷᠠᠬᠤ ᠵᠠᠷᠢᠮ ᠬᠠᠤᠯᠢ ᠵᠢᠨ ᠠᠰᠠᠭᠤᠳᠠᠯ᠎ᠤᠨ ᠲᠤᠬᠠᠢ ᠲᠠᠢ᠌ᠯᠪᠤᠷᠢ》 (ᠬᠠᠤᠯᠢ ᠵᠢᠨ ᠲᠠᠢ᠌ᠯᠪᠤᠷᠢ 〈2010〉20 ᠲᠤᠭ᠋ᠠᠲᠤ)᠎ᠤᠨ ᠠᠷᠪᠠᠨ ᠨᠢᠭᠡᠳᠦᠭᠡᠷ ᠵᠤᠷᠪᠤᠰ᠎ᠲᠤ 《ᠬᠦᠯᠦᠰᠦᠯᠡᠭᠳᠡᠭᠴᠢ ᠬᠦᠯᠦᠰᠦᠨ ᠠᠵᠢᠯ ᠬᠢᠬᠦ ᠪᠠᠢ᠌ᠬᠤ᠎ᠳᠤ᠎ᠪᠠᠨ ᠪᠡᠶ᠎ᠡ ᠵᠢᠨ ᠭᠡᠮᠲᠤᠯ ᠰᠢᠷᠬᠠᠳᠤᠯ ᠤᠯᠪᠠᠯ ᠬᠦᠯᠦᠰᠦᠯᠡᠭᠴᠢ ᠲᠦᠯᠦᠪᠦᠷᠢ ᠵᠢᠨ ᠬᠠᠷᠢᠭᠤᠴᠠᠯᠭ᠎ᠠ ᠡᠭᠦᠷᠭᠡᠯᠡᠨ᠎ᠡ᠃ ᠬᠦᠯᠦᠰᠦᠯᠡᠯ᠎ᠤᠨ ᠬᠠᠷᠢᠴᠠᠭ᠎ᠠ᠎ᠠᠴᠠ ᠭᠠᠳᠠᠨᠠᠬᠢ ᠭᠤᠷᠪᠠᠳᠠᠭᠴᠢ ᠬᠦᠮᠦᠨ᠎ᠠᠴᠠ ᠪᠤᠯᠵᠤ ᠬᠦᠯᠦᠰᠦᠯᠡᠭᠳᠡᠭᠴᠢ ᠰᠢᠷᠬᠠᠳᠤᠵᠤ ᠭᠡᠮᠲᠦᠭᠰᠡᠨ ᠪᠤᠯ ᠲᠦᠯᠦᠪᠦᠷᠢ ᠵᠢᠨ ᠡᠷᠬᠡ ᠵᠢᠨ ᠡᠵᠡᠨ᠎ᠠᠴᠠ ᠭᠤᠷᠪᠠᠳᠠᠭᠴᠢ ᠬᠦᠮᠦᠨ᠎ᠢ ᠲᠦᠯᠦᠪᠦᠷᠢ ᠵᠢᠨ ᠬᠠᠷᠢᠭᠤᠴᠠᠯᠭ᠎ᠠ ᠡᠭᠦᠷᠭᠡᠯᠡᠬᠦ ᠵᠢ ᠱᠠᠠᠷᠳᠠᠵᠤ (ᠭᠤᠶᠤᠴᠢᠯᠠᠵᠤ) ᠪᠤᠯᠤᠨ᠎ᠠ᠂ ᠪᠠᠰᠠ ᠬᠦᠯᠦᠰᠦᠯᠡᠭᠴᠢ ᠵᠢᠨ ᠲᠦᠯᠦᠪᠦᠷᠢ ᠵᠢᠨ ᠬᠠᠷᠢᠭᠤᠴᠠᠯᠭ᠎ᠠ ᠡᠭᠦᠷᠭᠡᠯᠡᠬᠦ ᠵᠢ ᠭᠤᠶᠤᠴᠢᠯᠠᠵᠤ ᠪᠤᠯᠤᠨ᠎ᠠ᠃ ᠬᠦᠯᠦᠰᠦᠯᠡᠭᠴᠢ ᠲᠦᠯᠦᠪᠦᠷᠢ ᠵᠢᠨ ᠬᠠᠷᠢᠭᠤᠴᠠᠯᠭ᠎ᠠ ᠡᠭᠦᠷᠭᠡᠯᠡᠭᠰᠡᠨ᠎ᠤ᠎ᠪᠠᠨ ᠳᠠᠷᠠᠭ᠎ᠠ ᠭᠤᠷᠪᠠᠳᠠᠭᠴᠢ ᠬᠦᠮᠦᠨ᠎ᠠᠴᠠ᠎ᠪᠠᠨ ᠨᠡᠬᠡᠮᠵᠢᠯᠡᠨ ᠲᠦᠯᠦᠭᠦᠯᠵᠦ ᠪᠤᠯᠤᠨ᠎ᠠ᠃ ᠬᠦᠯᠦᠰᠦᠯᠡᠭᠳᠡᠭᠴᠢ ᠬᠦᠯᠦᠰᠦᠨ ᠠᠵᠢᠯ ᠬᠢᠵᠦ ᠪᠠᠢ᠌ᠬᠤ ᠬᠤᠭᠤᠴᠠᠭ᠋ᠠᠨ᠎ᠳᠤ᠎ᠪᠠᠨ ᠦᠢ᠍ᠯᠡᠳᠪᠦᠷᠢᠯᠡᠯ᠎ᠤᠨ ᠠᠮᠤᠷ ᠲᠦᠪᠰᠢᠨ᠎ᠤ ᠤᠰᠤᠯ᠎ᠠᠴᠠ ᠪᠤᠯᠵᠤ ᠪᠡᠶ᠎ᠡ ᠵᠢᠨ ᠰᠢᠷᠬᠠᠳᠤᠯ ᠭᠡᠮᠲᠤᠯ ᠠᠪᠤᠭᠰᠠᠨ ᠪᠤᠯ ᠳᠠᠭ᠋ᠠᠭ᠋ᠠᠴᠢᠯᠠᠭᠤᠯᠤᠭᠴᠢ᠂ ᠳᠠᠭ᠋ᠠᠭ᠋ᠠᠴᠢᠯᠠᠭᠴᠢ᠎ᠨᠢ ᠠᠵᠢᠯ ᠳᠠᠭ᠋ᠠᠭ᠋ᠠᠴᠢᠯᠠᠭᠤᠯᠬᠤ ᠪᠤᠶᠤ ᠳᠠᠭ᠋ᠠᠭ᠋ᠠᠴᠢᠯᠠᠵᠤ ᠠᠪᠤᠭᠰᠠᠨ ᠬᠦᠯᠦᠰᠦᠯᠡᠭᠴᠢ᠎ᠨᠢ ᠬᠠᠷᠠᠭ᠋ᠠᠯᠵᠠᠭᠰᠠᠨ ᠬᠢᠷᠢ ᠬᠡᠮ ᠦᠭᠡᠢ ᠪᠤᠶᠤ ᠦᠢ᠍ᠯᠡᠳᠪᠦᠷᠢᠯᠡᠯ᠎ᠤᠨ ᠠᠮᠤᠷ ᠲᠦᠪᠰᠢᠨ᠎ᠤ ᠱᠠᠭ᠋ᠠᠷᠳᠠᠯᠭ᠎ᠠ᠎ᠳᠤ ᠬᠦᠷᠬᠦ ᠦᠭᠡᠢ ᠦᠶᠡᠰ ᠬᠦᠯᠦᠰᠦᠯᠡᠭᠴᠢ᠎ᠲᠠᠢ ᠬᠤᠯᠪᠤᠭᠳᠠᠭᠰᠠᠨ ᠲᠦᠯᠦᠪᠦᠷᠢ ᠵᠢᠨ ᠬᠠᠷᠢᠭᠤᠴᠠᠯᠭ᠎ᠠ ᠡᠭᠦᠷᠭᠡᠯᠡᠨ᠎ᠡ᠃ 《ᠠᠵᠢᠯ᠎ᠤᠨ ᠭᠡᠮᠲᠤᠯ ᠰᠢᠷᠬᠠᠳᠤᠯ᠎ᠤᠨ ᠳᠠᠭ᠋ᠠᠳᠬᠠᠯ᠎ᠤᠨ ᠳᠦᠷᠢᠮ》᠎ᠳᠤ ᠲᠤᠬᠢᠷᠠᠭᠤᠯᠤᠯᠲᠠ ᠬᠢᠬᠦ᠎ᠳᠤ ᠬᠦᠳᠡᠯᠮᠦᠷᠢ ᠵᠢᠨ ᠬᠠᠷᠢᠴᠠᠭ᠎ᠠ ᠪᠠ ᠠᠵᠢᠯ᠎ᠤᠨ ᠰᠢᠷᠬᠠᠳᠤᠯ ᠭᠡᠮᠲᠤᠯ᠎ᠤᠨ ᠳᠠᠭ᠋ᠠᠳᠬᠠᠯ᠎ᠤᠨ ᠬᠦᠷᠢᠶ᠎ᠡ ᠴᠠᠷᠠᠭ᠎ᠠ᠎ᠳᠤ ᠪᠠᠭᠲᠠᠭᠰᠠᠨ ᠪᠠᠢ᠌ᠪᠠᠯ ᠲᠤᠰ ᠵᠤᠷᠪᠤᠰ᠎ᠢ ᠬᠡᠷᠡᠭᠯᠡᠬᠦ᠎ᠨᠢ ᠵᠤᠬᠢᠰ ᠦᠭᠡᠢ᠃ ᠡᠭᠦᠨ᠎ᠠᠴᠠ ᠨᠢᠭᠡᠨᠲᠡ ᠨᠠᠰᠤᠵᠢᠯ᠎ᠤᠨ ᠳᠠᠭ᠋ᠠᠳᠬᠠᠯ ᠬᠦᠷᠳᠡᠵᠦ ᠪᠠᠢ᠌ᠭ᠎ᠠ ᠲᠠᠷᠬᠠᠯᠠᠭᠳᠠᠭᠰᠠᠨ ᠠᠵᠢᠯᠲᠠᠳ ᠳᠠᠬᠢᠨ ᠭᠠᠷᠤᠭᠰᠠᠨ ᠠᠵᠢᠯ᠎ᠤᠨ ᠪᠠᠢ᠌ᠷᠢ ᠳᠡᠭᠡᠷ᠎ᠡ᠎ᠪᠠᠨ ᠰᠢᠷᠬᠠᠳᠤᠯ ᠭᠡᠮᠲᠤᠯ ᠠᠪᠤᠭᠰᠠᠨ ᠪᠠᠢ᠌ᠪᠠᠯ ᠬᠦᠮᠦᠨ ᠬᠡᠷᠡᠭᠯᠡᠬᠦ ᠠᠯᠪᠠᠨ ᠪᠠᠢ᠌ᠭᠤᠯᠭ᠎ᠠ ᠪᠤᠶᠤ ᠭᠤᠷᠪᠠᠳᠠᠭᠴᠢ ᠬᠦᠮᠦᠨ᠎ᠠᠴᠠ᠎ᠪᠠᠨ ᠢᠷᠭᠡᠨ᠎ᠤ ᠬᠡᠷᠡᠭ᠎ᠤᠨ ᠲᠦᠯᠦᠪᠦᠷᠢ ᠦᠭᠭᠦ ᠵᠢ ᠱᠠᠭ᠋ᠠᠷᠳᠠᠵᠤ ᠪᠤᠯᠤᠨ᠎ᠠ᠂ ᠬᠠᠷᠢᠨ ᠠᠵᠢᠯ᠎ᠤᠨ ᠰᠢᠷᠬᠠᠳᠤᠯ ᠭᠡᠮᠲᠤᠯ᠎ᠤᠨ ᠲᠦᠯᠦᠪᠦᠷᠢ ᠪᠢᠰᠢ᠃
          ᠳᠠᠷᠬᠠᠯᠠᠭᠳᠠᠬᠤ ᠨᠠᠰᠤᠨ᠎ᠠᠴᠠ᠎ᠪᠠᠨ ᠬᠡᠲᠦᠷᠡᠭᠰᠡᠨ ᠠᠵᠢᠯᠲᠠᠳ᠎ᠤᠨ ᠠᠵᠢᠯ᠎ᠤᠨ ᠰᠢᠷᠬᠠᠳᠤᠯ ᠭᠡᠮᠲᠤᠯ᠎ᠤᠨ ᠬᠠᠢ᠌ᠷᠭᠤᠴᠠᠯᠭ᠎ᠠ ᠵᠢᠨ ᠬᠠᠷᠢᠶ᠎ᠠ
        ᠡᠳᠡᠭᠡᠷ ᠬᠦᠮᠦᠰ᠎ᠨᠢ ᠬᠡᠳᠦᠢ᠌ᠪᠡᠷ ᠲᠠᠷᠬᠠᠯᠠᠭᠳᠠᠬᠤ ᠨᠠᠰᠤᠨ᠎ᠳᠤ ᠬᠦᠷᠦᠭᠰᠡᠨ ᠪᠤᠶᠤ ᠬᠡᠲᠦᠷᠡᠭᠰᠡᠨ ᠪᠤᠯᠪᠠᠴᠤ ᠠᠯᠪᠠᠨ ᠪᠠᠢ᠌ᠭᠤᠯᠭ᠎ᠠ ᠵᠢᠨ ᠠᠵᠢᠯᠲᠠᠨ᠎ᠤ ᠬᠦᠩᠭᠡᠨ ᠬᠠᠭᠤᠳᠠᠮ ᠪᠤᠶᠤ ᠤᠯᠠᠨ ᠵᠦᠢ᠍ᠯ᠎ᠤᠨ ᠰᠢᠯᠲᠠᠭ᠋ᠠᠨ᠎ᠠᠴᠠ ᠪᠤᠯᠵᠤ ᠲᠡᠭᠦᠨ᠎ᠤ ᠤᠤᠯ᠎ᠤᠨ ᠲᠠᠩᠰᠠ ᠬᠡᠪᠬᠡᠮᠡᠯ᠎ᠳᠠᠬᠢ ᠲᠦᠷᠦᠭᠰᠡᠨ ᠤᠨ ᠰᠠᠷ᠎ᠠ᠎ᠨᠢ ᠪᠡᠶ᠎ᠡ ᠵᠢᠨ ᠦᠨᠡᠮᠯᠡᠬᠦ ᠳᠡᠭᠡᠷᠡᠬᠢ ᠤᠨ ᠰᠠᠷ᠎ᠠ᠎ᠲᠠᠢ᠎ᠨᠢ ᠠᠳᠠᠯᠢ ᠦᠭᠡᠢ ᠪᠤᠯᠤᠭᠰᠠᠨ᠎ᠠᠴᠠ ᠠᠯᠪᠠᠨ ᠪᠠᠢ᠌ᠭᠤᠯᠭ᠎ᠠ᠎ᠠᠴᠠ ᠴᠠᠭ ᠲᠤᠬᠠᠢ᠎ᠳᠤ᠎ᠨᠢ ᠠᠵᠢᠯ᠎ᠠᠴᠠ᠎ᠨᠢ ᠲᠠᠷᠬᠠᠯᠠᠬᠤ ᠠᠵᠢᠯ ᠭᠦᠢ᠍ᠴᠡᠳᠬᠡᠯ ᠬᠢᠭᠰᠡᠨ ᠦᠭᠡᠢ᠃ ᠡᠳᠡᠭᠷ ᠬᠦᠮᠦᠰ ᠤᠤᠯ᠎ᠤᠨ ᠠᠯᠪᠠᠨ ᠪᠠᠢ᠌ᠭᠤᠯᠭ᠎ᠠ᠎ᠳᠤ᠎ᠪᠠᠨ ᠦᠷᠭᠦᠯᠵᠢᠯᠡᠨ ᠠᠵᠢᠯᠯᠠᠬᠤ ᠲᠤᠮᠳᠠ᠎ᠪᠠᠨ ᠰᠢᠷᠬᠠᠳᠤᠯ ᠭᠡᠮᠲᠤᠯ ᠠᠪᠤᠪᠠᠯ ᠠᠵᠢᠯ᠎ᠤᠨ ᠰᠢᠷᠬᠠᠳᠤᠯ ᠭᠡᠮᠲᠤᠯ ᠵᠶ᠋ᠠᠷ ᠦᠵᠡᠵᠦ ᠪᠤᠯᠤᠨ᠎ᠠ ᠤᠤ? ᠰᠢᠷᠬᠠᠳᠤᠯ ᠭᠡᠮᠲᠤᠯ᠎ᠤᠨ ᠲᠦᠯᠦᠪᠦᠷᠢ ᠵᠢᠨ ᠬᠠᠷᠢᠭᠤᠴᠠᠯᠭ᠎ᠠ ᠵᠢ ᠬᠡᠨ ᠡᠭᠦᠷᠭᠡᠯᠡᠬᠦ ᠪᠤᠢ?
          ᠪᠤᠯᠪᠠᠰᠤᠨ ᠬᠦᠴᠦᠨ᠎ᠤ ᠡᠬᠢ ᠪᠠᠶᠠᠯᠢᠭ ᠨᠡᠢ᠌ᠭᠡᠮ᠎ᠤᠨ ᠪᠠᠲᠤᠯᠠᠪᠤᠷᠢ ᠵᠢᠨ ᠶᠠᠮᠤᠨ᠎ᠠᠴᠠ ᠳᠤᠷᠠᠳᠤᠭᠰᠠᠨ 《〈ᠠᠵᠢᠯ᠎ᠤᠨ ᠰᠢᠷᠬᠠᠳᠤᠯ ᠭᠡᠮᠲᠤᠯ᠎ᠤᠨ ᠳᠠᠭ᠋ᠠᠳᠬᠠᠯ᠎ᠤᠨ ᠳᠦᠷᠢᠮ〉᠎ᠢ ᠬᠡᠷᠡᠭᠵᠢᠭᠦᠯᠬᠦ ᠵᠠᠷᠢᠮ ᠠᠰᠠᠭᠤᠳᠠᠯ᠎ᠤᠨ ᠲᠤᠬᠠᠢ ᠰᠠᠨᠠᠯ》 (ᠪᠤᠯᠪᠠᠰᠤᠨ ᠬᠦᠴᠦ ᠨᠡᠢ᠌ᠭᠡᠮ᠎ᠤᠨ ᠪᠠᠲᠤᠯᠠᠪᠤᠷᠢ ᠵᠢᠨ ᠶᠠᠮᠤᠨ 〈2016〉29 ᠲᠤᠭ᠋ᠠᠲᠤ)᠎ᠤᠨ ᠬᠤᠶᠠᠳᠤᠭ᠋ᠠᠷ ᠵᠤᠷᠪᠤᠰ᠎ᠲᠤ ᠡᠨᠡ ᠬᠦ᠌ ᠠᠰᠠᠭᠤᠳᠠᠯ᠎ᠳᠤ ᠲᠤᠳᠤᠷᠬᠠᠢ ᠬᠠᠷᠢᠭᠤᠯᠲᠠ ᠦᠭᠴᠡᠢ᠃ 《ᠲᠠᠷᠬᠠᠯᠠᠭᠳᠠᠬᠤ ᠨᠠᠰᠤᠨ᠎ᠳᠤ ᠬᠦᠷᠦᠭᠰᠡᠨ ᠪᠤᠶᠤ ᠬᠡᠲᠦᠷᠡᠭᠰᠡᠨ ᠪᠤᠯᠪᠠᠴᠤ ᠲᠠᠷᠬᠠᠯᠠᠭᠳᠠᠬᠤ ᠭᠠᠷ ᠭᠦᠢ᠍ᠴᠡᠳᠬᠡᠯ ᠬᠢᠭᠰᠡᠨ ᠦᠭᠡᠢ ᠪᠤᠶᠤ ᠬᠤᠲᠠ ᠪᠠᠯᠭ᠋ᠠᠰᠤᠨ᠎ᠤ ᠠᠵᠢᠯᠲᠠᠨ᠎ᠤ   ᠦᠨᠳᠦᠰᠦᠨ ᠨᠠᠰᠤᠵᠢᠯ᠎ᠤᠨ ᠳᠠᠭ᠋ᠠᠳᠬᠠᠯ ᠬᠦᠷᠲᠡᠭᠰᠡᠨ ᠦᠭᠡᠢ ᠪᠦᠭᠡᠳ ᠤᠤᠯ᠎ᠤᠨ ᠠᠯᠪᠠᠨ ᠪᠠᠢ᠌ᠭᠤᠯᠭ᠎ᠠ᠎ᠳᠤ᠎ᠪᠠᠨ ᠦᠷᠭᠦᠯᠵᠢᠯᠡᠨ ᠠᠵᠢᠯᠯᠠᠬᠤ ᠳᠤᠮᠳᠠ᠎ᠪᠠᠨ ᠰᠢᠷᠬᠠᠳᠤᠯ ᠭᠡᠮᠲᠤᠯ ᠠᠪᠤᠭᠰᠠᠨ ᠪᠤᠶᠤ ᠠᠵᠢᠯ᠎ᠠᠴᠠ ᠰᠢᠯᠲᠠᠭ᠋ᠠᠯᠠᠭᠰᠠᠨ ᠡᠪᠡᠳᠴᠢᠨ ᠲᠤᠰᠪᠠᠯ ᠠᠯᠪᠠᠨ ᠪᠠᠢ᠌ᠭᠤᠯᠭ᠎ᠠ᠎ᠨᠢ ᠬᠠᠤᠯᠢ ᠵᠢᠨ ᠳᠠᠭ᠋ᠠᠤ ᠠᠵᠢᠯ᠎ᠤᠨ ᠰᠢᠷᠬᠠᠳᠤᠯ ᠭᠡᠮᠲᠤᠯ᠎ᠤᠨ ᠳᠠᠭ᠋ᠠᠳᠬᠠᠯ᠎ᠤᠨ ᠬᠠᠷᠢᠭᠤᠴᠠᠯᠭ᠎ᠠ ᠡᠭᠦᠷᠭᠡᠯᠡᠨ᠎ᠡ; ᠬᠦᠮᠦᠨ ᠬᠡᠷᠡᠭᠯᠡᠬᠦ ᠠᠯᠪᠠᠨ ᠪᠠᠢ᠌ᠭᠤᠯᠭ᠎ᠠ᠎ᠨᠢ ᠬᠡᠷᠪᠡ ᠲᠠᠷᠬᠠᠯᠠᠭᠳᠠᠬᠤ ᠨᠠᠰᠤᠨ᠎ᠳᠤ᠎ᠪᠠᠨ ᠬᠦᠷᠦᠭᠰᠡᠨ ᠪᠤᠶᠤ ᠬᠡᠲᠦᠷᠡᠭᠰᠡᠨ᠂ ᠡᠰᠡᠭᠦᠯ᠎ᠠ ᠬᠤᠲᠠ ᠪᠠᠯᠭ᠋ᠠᠰᠤᠨ᠎ᠤ ᠦᠨᠳᠦᠰᠦᠨ ᠨᠠᠰᠤᠵᠢᠯ᠎ᠤᠨ ᠳᠠᠭ᠋ᠠᠳᠬᠠᠯ ᠬᠦᠷᠲᠡᠵᠦ ᠪᠠᠢ᠌ᠭ᠎ᠠ ᠠᠵᠢᠯᠲᠠᠨ ᠡᠯᠰᠡᠵᠦ ᠬᠡᠷᠡᠭᠯᠡᠭᠰᠡᠨ ᠪᠦᠭᠡᠳ ᠠᠵᠢᠯ᠎ᠤᠨ ᠰᠢᠯᠲᠠᠭ᠋ᠠᠨ᠎ᠠᠴᠠ ᠰᠢᠷᠬᠠᠳᠤᠯ ᠭᠡᠮᠲᠤᠯ ᠠᠪᠤᠭᠰᠠᠨ ᠪᠤᠶᠤ ᠡᠪᠡᠳᠴᠢᠯᠡᠪᠡᠯ᠂ ᠬᠦᠮᠦᠨ ᠬᠡᠷᠡᠭᠯᠡᠬᠦ ᠠᠯᠪᠠᠨ ᠪᠠᠢ᠌ᠭᠤᠯᠭ᠎ᠠ᠎ᠨᠢ ᠳᠠᠭ᠋ᠠᠳᠬᠠᠯ᠎ᠳᠤ ᠤᠷᠤᠭᠰᠠᠨ ᠠᠵᠢᠯ ᠲᠦᠷᠦᠯ᠎ᠤᠨ ᠬᠡᠯᠪᠡᠷᠢ᠎ᠪᠠᠷ ᠠᠵᠢᠯ᠎ᠤᠨ ᠰᠢᠷᠬᠠᠳᠤᠯ ᠭᠡᠮᠲᠤᠯ᠎ᠤᠨ ᠳᠠᠭ᠋ᠠᠳᠬᠠᠯ ᠲᠤᠰᠢᠶᠠᠭᠰᠠᠨ ᠪᠤᠯ 《ᠠᠵᠢᠯ᠎ᠤᠨ ᠰᠢᠷᠬᠠᠳᠤᠯ ᠭᠡᠮᠲᠤᠯ᠎ᠤᠨ ᠳᠠᠭ᠋ᠠᠳᠬᠠᠯ᠎ᠤᠨ ᠳᠦᠷᠢᠮ》᠎ᠢ ᠬᠡᠷᠡᠭᠯᠡᠪᠡᠯ ᠵᠤᠬᠢᠨ᠎ᠠ᠃ ᠲᠤᠰ ᠳᠦᠷᠢᠮ᠎ᠢ ᠨᠠᠷᠢᠨ ᠲᠠᠢ᠌ᠯᠪᠤᠷᠢᠯᠠᠪᠠᠯ᠄  (1) ᠡᠳᠡᠭᠡᠷ ᠬᠦᠮᠦᠰ ᠬᠡᠳᠦᠢ᠌ᠪᠡᠷ ᠲᠠᠷᠬᠠᠯᠠᠭᠳᠠᠬᠤ ᠨᠠᠰᠤᠨ᠎ᠳᠤ ᠬᠦᠷᠦᠭᠰᠡᠨ ᠪᠤᠶᠤ ᠬᠡᠲᠦᠷᠡᠭᠰᠡᠨ ᠪᠤᠯᠪᠠᠴᠤ ᠤᠤᠯ᠎ᠤᠨ ᠠᠯᠪᠠᠨ ᠪᠠᠢ᠌ᠭᠤᠯᠭ᠎ᠠ᠎ᠲᠠᠢ᠎ᠪᠠᠨ ᠬᠦᠳᠡᠯᠮᠦᠷᠢ ᠵᠢᠨ ᠬᠠᠷᠢᠴᠠᠭ᠎ᠠ᠎ᠲᠠᠢ ᠪᠠᠢ᠌ᠭᠰᠠᠭ᠋ᠠᠷ᠃ ᠤᠴᠢᠷ᠎ᠨᠢ ᠲᠡᠳᠡ ᠠᠵᠢᠯ᠎ᠠᠴᠠ᠎ᠪᠠᠨ ᠲᠠᠷᠬᠠᠯᠠᠭᠳᠠᠬᠤ ᠭᠠᠷ ᠭᠦᠢ᠍ᠴᠡᠳᠬᠡᠯ ᠬᠢᠭᠰᠡᠨ ᠦᠭᠡᠢ ᠪᠤᠶᠤ ᠨᠠᠰᠤᠵᠢᠯ᠎ᠤᠨ ᠳᠠᠭ᠋ᠠᠳᠬᠠᠯ ᠬᠦᠷᠲᠡᠭᠰᠡᠨ ᠦᠭᠡᠢ; (2) ᠡᠳᠡᠭᠡᠷ ᠬᠦᠮᠦᠰ ᠤᠤᠯ᠎ᠤᠨ ᠠᠯᠪᠠᠨ ᠪᠠᠢ᠌ᠭᠤᠯᠭ᠎ᠠ᠎ᠳᠤ᠎ᠪᠠᠨ ᠦᠷᠭᠦᠯᠵᠢᠯᠡᠨ ᠠᠵᠢᠯᠯᠠᠬᠤ ᠳᠤᠮᠳᠠ᠎ᠪᠠᠨ ᠰᠢᠷᠬᠠᠳᠤᠯ ᠭᠡᠮᠲᠤᠯ ᠠᠪᠬᠤ ᠪᠤᠶᠤ ᠡᠪᠡᠳᠴᠢᠯᠡᠪᠡᠯ ᠠᠵᠢᠯ᠎ᠤᠨ ᠰᠢᠷᠬᠠᠳᠤᠯ ᠭᠡᠮᠲᠤᠯ᠎ᠤᠨ ᠬᠢᠨᠠᠨ ᠲᠤᠭᠲᠠᠭ᠋ᠠᠯᠲᠠ ᠡᠷᠡᠮᠡᠯᠵᠡᠵᠦ ᠪᠤᠯᠤᠨ᠎ᠠ; (3) ᠡᠳᠡᠭᠡᠷ ᠬᠦᠮᠦᠰ᠎ᠢ ᠠᠵᠢᠯ᠎ᠤᠨ ᠰᠢᠷᠬᠠᠳᠤᠯ ᠭᠡᠮᠲᠤᠯ᠎ᠢ ᠬᠢᠨᠠᠨ ᠲᠤᠭᠲᠠᠭ᠋ᠠᠵᠤ ᠲᠠᠭᠤᠰᠪᠠᠯ ᠠᠵᠢᠯ᠎ᠤᠨ ᠰᠢᠷᠬᠠᠳᠤᠯ ᠭᠡᠮᠲᠤᠯ᠎ᠤᠨ ᠳᠠᠭ᠋ᠠᠳᠬᠠᠯ᠎ᠤᠨ ᠲᠦᠯᠦᠪᠦᠷᠢ ᠵᠢ ᠬᠦᠮᠦᠨ ᠬᠡᠷᠡᠭᠯᠡᠬᠦ ᠠᠯᠪᠠᠨ ᠪᠠᠢ᠌ᠭᠤᠯᠭ᠎ᠠ᠎ᠠᠴᠠ᠎ᠨᠢ ᠬᠠᠷᠢᠭᠤᠴᠠᠨ᠎ᠠ᠂ ᠠᠵᠢᠯ᠎ᠤᠨ ᠰᠢᠷᠬᠠᠳᠤᠯ ᠭᠡᠮᠲᠤᠯ᠎ᠤᠨ ᠰᠠᠭᠤᠷᠢ ᠮᠦᠩᠭᠦ ᠡᠴ ᠲᠦᠯᠦᠪᠦᠷᠢ ᠦᠭᠭᠦ ᠦᠭᠡᠢ; (4) ᠲᠦᠷᠦᠯ ᠵᠦᠢ᠍ᠯ ᠵᠶ᠋ᠠᠷ ᠨᠢᠭᠡᠴᠢᠯᠡᠨ ᠠᠵᠢᠯ᠎ᠤᠨ ᠰᠢᠷᠬᠠᠳᠤᠯ ᠭᠡᠮᠲᠤᠯ᠎ᠤᠨ ᠳᠠᠭ᠋ᠠᠳᠬᠠᠯ᠎ᠳᠤ ᠤᠷᠤᠯᠴᠠᠭᠰᠠᠨ ᠬᠦᠮᠦᠨ ᠬᠡᠷᠡᠭᠯᠡᠬᠦ ᠠᠯᠪᠠᠨ ᠪᠠᠢ᠌ᠭᠤᠯᠭ᠎ᠠ᠎ᠨᠢ ᠡᠳᠡᠭᠡᠷ ᠬᠦᠮᠦᠰ᠎ᠢ ᠡᠯᠰᠡᠵᠤ ᠬᠡᠷᠡᠭᠯᠡᠬᠦ ᠪᠦᠭᠡᠳ ᠠᠵᠢᠯ᠎ᠤᠨ ᠬᠤᠭᠤᠴᠠᠭ᠋ᠠᠨ᠎ᠳᠤ᠎ᠪᠠᠨ ᠰᠢᠷᠬᠠᠳᠤᠯ ᠭᠡᠮᠲᠤᠯ ᠠᠪᠬᠤ ᠪᠤᠶᠤ ᠡᠪᠡᠳᠴᠢᠯᠡᠪᠡᠯ ᠠᠵᠢᠯ᠎ᠤᠨ ᠰᠢᠷᠬᠠᠳᠤᠯ ᠭᠡᠮᠲᠤᠯ᠎ᠤᠨ ᠬᠢᠨᠡᠨ ᠲᠤᠭᠲᠠᠭ᠋ᠠᠯᠲᠠ ᠡᠷᠡᠮᠡᠯᠵᠡᠵᠦ ᠪᠤᠯᠬᠤ ᠪᠦᠭᠡᠳ ᠠᠵᠢᠯ᠎ᠤᠨ ᠰᠢᠷᠬᠠᠳᠤᠯ ᠭᠡᠮᠲᠤᠯ᠎ᠤᠨ ᠳᠠᠭ᠋ᠠᠳᠬᠠᠯ᠎ᠤᠨ ᠰᠠᠭᠤᠷᠢ ᠮᠦᠩᠭᠦ᠎ᠠᠴᠠ ᠳᠠᠭ᠋ᠠᠳᠬᠠᠯ᠎ᠤᠨ ᠲᠦᠯᠦᠪᠦᠷᠢ ᠵᠢ ᠬᠠᠷᠢᠭᠤᠴᠠᠨ᠎ᠠ᠃
      ᠳᠤᠲᠤᠭ᠋ᠠᠳᠤ᠎ᠳᠤ᠎ᠪᠠᠨ ᠲᠠᠷᠬᠠᠯᠠᠬᠤ ᠬᠢᠭᠡᠳ ᠤᠷᠢᠳᠴᠢᠯᠠᠨ ᠲᠠᠷᠬᠠᠯᠠᠭᠳᠠᠭᠰᠠᠨ ᠠᠵᠢᠯᠲᠠᠳ᠎ᠤᠨ ᠠᠵᠢᠯ᠎ᠤᠨ ᠰᠢᠷᠬᠠᠳᠤᠮ ᠭᠡᠮᠲᠤᠯ᠎ᠤᠨ ᠠᠰᠠᠭᠤᠳᠠᠯ
      ᠳᠤᠲᠤᠭ᠋ᠠᠳᠤ᠎ᠳᠤ᠎ᠪᠠᠨ ᠲᠠᠷᠬᠠᠯᠠᠭᠰᠠᠨ ᠠᠵᠢᠯᠲᠠᠳ   ᠠᠯᠪᠠᠨ ᠪᠠᠢ᠌ᠭᠤᠯᠭ᠎ᠠ ᠵᠢᠨ ᠳᠤᠲᠤᠭ᠋ᠠᠳᠤ᠎ᠳᠤ᠎ᠪᠠᠨ ᠠᠵᠢᠯ ᠵᠶ᠋ᠠᠨ ᠲᠤᠰᠢᠶᠠᠨ ᠰᠤᠪᠢᠯᠠᠯᠲᠠ ᠬᠢᠬᠦ ᠵᠢ ᠳᠤᠲᠤᠭ᠋ᠠᠳᠤ᠎ᠳᠤ᠎ᠪᠠᠨ ᠲᠠᠷᠬᠠᠯᠠᠬᠤ ᠭᠡᠳᠡᠭ᠃ ᠳᠠᠷᠤᠢ᠂ ᠠᠵᠢᠯ᠎ᠠᠴᠠ᠎ᠪᠠᠨ ᠲᠠᠷᠬᠠᠯᠠᠭᠳᠠᠬᠤ ᠬᠠᠤᠯᠢ ᠶᠤᠰᠤᠨ᠎ᠤ ᠨᠦᠬᠦᠴᠡᠯ᠎ᠳᠤ ᠬᠦᠷᠦᠭᠡ ᠦᠭᠡᠢ ᠠᠵᠢᠯᠲᠠᠳ ᠠᠵᠢᠯ ᠵᠶ᠋ᠠᠨ ᠤᠷᠢᠳᠴᠢᠯᠠᠨ ᠲᠤᠰᠢᠶᠠᠭᠰᠠᠨ ᠪᠤᠯᠪᠠᠴᠤ ᠠᠯᠪᠠᠨ ᠪᠠᠢ᠌ᠭᠤᠯᠭ᠎ᠠ᠎ᠲᠠᠢ᠎ᠪᠠᠨ ᠬᠦᠳᠡᠯᠮᠦᠷᠢ ᠵᠢᠨ ᠬᠠᠷᠢᠴᠠᠭ᠎ᠠ᠎ᠪᠠᠨ ᠲᠠᠰᠤᠯᠤᠭ᠎ᠠ ᠦᠭᠡᠢ᠂ ᠴᠠᠯᠢᠩ ᠬᠦᠷᠲᠡᠵᠦ ᠪᠠᠢ᠌ᠭ᠎ᠠ ᠠᠵᠢᠯᠲᠠᠳ (ᠬᠦᠮᠦᠰ)᠎ᠢ ᠵᠢᠭ᠋ᠠᠨ᠎ᠠ᠃ ᠳᠤᠲᠤᠭ᠋ᠠᠳᠤ᠎ᠳᠤ᠎ᠪᠠᠨ ᠲᠠᠷᠬᠠᠯᠠᠬᠤ ᠪᠤᠯ ᠮᠠᠨ᠎ᠤ ᠤᠯᠤᠰ᠎ᠤᠨ ᠵᠠᠰᠠᠭ᠎ᠤᠨ ᠭᠠᠵᠠᠷ᠎ᠤᠨ ᠲᠤᠭᠲᠠᠭᠰᠠᠨ ᠲᠡᠥᠬᠡ ᠵᠢᠨ ᠴᠠᠭ ᠦᠶ᠎ᠡ᠎ᠳᠤ ᠤᠯᠤᠰ᠎ᠤᠨ ᠠᠵᠤ ᠠᠬᠤᠢ ᠵᠢᠨ ᠤᠨᠴᠠᠭ᠋ᠠᠢ ᠪᠠᠢ᠌ᠳᠠᠯ᠎ᠢ ᠦᠨᠳᠦᠰᠦᠯᠡᠨ ᠤᠯᠤᠰ᠎ᠤᠨ ᠠᠵᠤ ᠠᠬᠤᠢ᠎ᠤᠨ ᠠᠵᠢᠯᠲᠠᠳ᠎ᠤᠨ ᠲᠠᠷᠬᠠᠯᠠᠭᠳᠠᠬᠤ ᠨᠠᠰᠤᠨ᠎ᠳᠤ ᠬᠠᠷᠠᠬᠠᠨ ᠬᠦᠷᠦᠭᠡ ᠦᠭᠡᠢ ᠪᠤᠯᠪᠠᠴᠤ ᠪᠡᠶ᠎ᠡ ᠮᠠᠬᠠᠪᠤᠳ᠎ᠤᠨ ᠰᠢᠯᠲᠠᠭ ᠵᠶ᠋ᠠᠷ ᠬᠡᠪ᠎ᠤᠨ ᠦᠢ᠍ᠯᠡᠳᠪᠦᠷᠢᠯᠡᠯ ᠠᠵᠢᠯ᠎ᠳᠤ ᠤᠷᠤᠯᠴᠠᠵᠤ ᠲᠡᠢ᠌ᠯᠬᠦ ᠦᠭᠡᠢ ᠠᠵᠢᠯᠲᠠᠳ᠎ᠲᠤ ᠴᠢᠭᠯᠡᠭᠦᠯᠦᠭᠰᠡᠨ ᠤᠨᠴᠠᠭ᠋ᠠᠢ ᠲᠦᠷᠦ ᠵᠢᠨ ᠪᠤᠳᠤᠯᠭ᠎ᠠ ᠮᠦᠨ᠃ ᠳᠤᠲᠤᠭ᠋ᠠᠳᠤ᠎ᠳᠤ᠎ᠪᠠᠨ ᠲᠠᠷᠬᠠᠯᠠᠬᠤ᠎ᠳᠤ ᠬᠤᠶᠠᠷ ᠲᠠᠯ᠎ᠠ ᠵᠢᠨ ᠡᠷᠬᠡ ᠲᠡᠭᠰᠢ᠎ᠪᠠᠷ ᠵᠦᠪᠳᠡᠯᠴᠡᠬᠦ᠂ ᠰᠠᠢ᠌ᠨ ᠳᠤᠷ᠎ᠠ᠎ᠠᠴᠠ᠎ᠪᠠᠨ ᠬᠡᠯᠡᠯᠴᠡᠭᠡᠷ ᠪᠠᠢ᠌ᠭᠤᠯᠵᠤ ᠲᠤᠭᠲᠠᠬᠤ᠎ᠠᠴᠠ ᠪᠢᠰᠢ ᠬᠠᠷᠢᠨ ᠬᠠᠤᠯᠢ ᠵᠢᠨ ᠲᠤᠭᠲᠠᠭ᠋ᠠᠯ᠎ᠠᠴᠠ ᠲᠡᠷᠰᠯᠡᠵᠦ ᠪᠤᠯᠬᠤ ᠦᠭᠡᠢ᠃ ᠡᠳᠡᠭᠡᠷ ᠬᠦᠮᠦᠰ᠎ᠨᠢ ᠬᠡᠳᠦᠢ᠌ᠪᠡᠷ ᠠᠵᠢᠯ᠎ᠤᠨ ᠪᠠᠢ᠌ᠷᠢᠨ᠎ᠠᠴᠠ ᠰᠠᠯᠤᠭᠰᠠᠨ ᠪᠤᠯᠪᠠᠴᠤ ᠠᠯᠪᠠᠨ ᠪᠠᠢ᠌ᠭᠤᠯᠭ᠎ᠠ᠎ᠲᠠᠢ᠎ᠪᠠᠨ ᠮᠦᠨ ᠯᠡ ᠬᠦᠳᠡᠯᠮᠦᠷᠢ ᠵᠢᠨ ᠬᠠᠷᠢᠴᠠᠭ᠎ᠠ᠎ᠲᠠᠢ 《ᠠᠯᠪᠠᠨ᠎ᠤ ᠬᠦᠮᠦᠨ》 ᠮᠦᠨ᠃ ᠬᠤᠶᠠᠷ ᠲᠠᠯ᠎ᠠ᠎ᠪᠠᠷ ᠵᠶ᠋ᠠᠨ ᠲᠤᠭᠲᠠᠭᠰᠠᠨ ᠬᠡᠯᠡᠯᠴᠡᠭᠡᠷ ᠶᠤᠰᠤᠭ᠋ᠠᠷ ᠵᠶ᠋ᠠᠨ ᠴᠠᠯᠢᠩ ᠵᠶ᠋ᠠᠨ ᠠᠪᠤᠨ᠎ᠠ᠃ ᠠᠯᠪᠠᠨ ᠪᠠᠢ᠌ᠭᠤᠯᠭ᠎ᠠ ᠪᠤᠯᠤᠨ ᠬᠤᠪᠢ ᠬᠦᠮᠦᠨ᠎ᠨᠢ ᠲᠤᠭᠲᠠᠭ᠋ᠠᠯ ᠶᠤᠰᠤᠭ᠋ᠠᠷ ᠨᠡᠢ᠌ᠭᠡᠮ᠎ᠤᠨ ᠳᠠᠭ᠋ᠠᠳᠬᠠᠯ᠎ᠤᠨ ᠲᠦᠯᠦᠪᠦᠷᠢ᠎ᠪᠠᠨ ᠲᠤᠰᠢᠶᠠᠨ᠎ᠠ᠃ ᠳᠤᠲᠤᠭ᠋ᠠᠳᠤ᠎ᠳᠤ᠎ᠪᠠᠨ ᠲᠠᠷᠬᠠᠯᠠᠭᠰᠠᠨ ᠠᠵᠢᠯᠲᠠᠳ᠎ᠨᠢ ᠬᠡᠳᠦᠢ᠌ᠪᠡᠷ ᠬᠡᠪ᠎ᠤᠨ ᠬᠦᠳᠡᠯᠮᠦᠷᠢ᠎ᠳᠤ ᠤᠷᠤᠯᠴᠠᠬᠤ ᠦᠭᠡᠢ ᠪᠤᠯᠪᠠᠴᠤ ᠤᠨᠴᠠᠭ᠋ᠠᠢ ᠪᠠᠢ᠌ᠳᠠᠯ᠎ᠳᠤ ᠠᠯᠪᠠᠨ ᠪᠠᠢ᠌ᠭᠤᠯᠭ᠎ᠠ᠎ᠠᠴᠠ ᠲᠤᠬᠢᠷᠠᠭᠤᠯᠤᠭᠰᠠᠨ ᠠᠵᠢᠯ ᠪᠤᠶᠤ ᠠᠵᠢᠯ᠎ᠲᠠᠢ ᠬᠤᠯᠪᠤᠭᠳᠠᠯ ᠪᠦᠬᠦᠢ ᠤᠴᠢᠷ ᠶᠠᠪᠤᠳᠠᠯ᠎ᠳᠤ ᠤᠷᠤᠯᠴᠠᠵᠤ ᠮᠡᠳᠡᠨ᠎ᠡ᠃ ᠵᠠᠷᠢᠮ᠎ᠳᠤ᠎ᠪᠠᠨ ᠠᠯᠪᠠᠨ ᠪᠠᠢ᠌ᠭᠤᠯᠭ᠎ᠠ ᠵᠢᠨ ᠱᠠᠭ᠋ᠠᠷᠳᠠᠯᠭ᠎ᠠ᠎ᠪᠠᠷ ᠠᠵᠢᠯ᠎ᠤᠨ ᠭᠠᠵᠠᠷ᠎ᠲᠤ᠎ᠪᠠᠨ ᠬᠦᠷᠬᠦ ᠭᠡᠪᠡᠯ ᠠᠵᠢᠯ᠎ᠳᠤ ᠭᠠᠷᠬᠤ ᠪᠠᠭᠤᠬᠤ ᠵᠠᠮ ᠶᠠᠪᠤᠵᠤ ᠮᠡᠳᠡᠨ᠎ᠡ᠃ ᠡᠳᠡᠭᠡᠷ ᠬᠦᠮᠦᠰ ᠬᠡᠷᠪᠡ ᠠᠵᠢᠯ᠎ᠤᠨ ᠰᠢᠯᠲᠠᠭ ᠵᠶ᠋ᠠᠷ ᠰᠢᠷᠬᠠᠳᠤᠵᠤ ᠬᠡᠮᠲᠤᠪᠠᠯ ᠠᠵᠢᠯ᠎ᠤᠨ   ᠰᠢᠷᠬᠠᠳᠤᠯ ᠭᠡᠮᠲᠤᠯ ᠵᠶ᠋ᠠᠷ ᠲᠤᠭᠲᠠᠭ᠋ᠠᠵᠤ ᠪᠤᠯᠤᠨ᠎ᠠ; ᠬᠡᠷᠪᠡ ᠬᠦᠮᠦᠨ ᠬᠡᠷᠡᠭᠯᠡᠬᠦ ᠠᠯᠪᠠᠨ ᠪᠠᠢ᠌ᠭᠤᠯᠭ᠎ᠠ᠎ᠨᠢ ᠬᠠᠤᠯᠢ ᠶᠤᠰᠤᠭ᠋ᠠᠷ ᠠᠵᠢᠯ᠎ᠤᠨ ᠰᠢᠷᠬᠠᠳᠤᠯ ᠭᠡᠮᠲᠤᠯ᠎ᠤᠨ ᠳᠠᠭ᠋ᠠᠳᠬᠠᠯ ᠲᠤᠰᠶᠠᠭᠰᠠᠨ ᠪᠠᠢ᠌ᠪᠠᠯ ᠠᠵᠢᠯ᠎ᠤᠨ ᠰᠢᠷᠬᠠᠳᠤᠯ ᠭᠡᠮᠲᠤᠯ᠎ᠤᠨ ᠲᠦᠯᠦᠪᠦᠷᠢ ᠵᠢ ᠠᠵᠢᠯ᠎ᠤᠨ ᠰᠢᠷᠬᠠᠳᠤᠯ ᠭᠡᠮᠲᠤᠯ᠎ᠤᠨ ᠳᠠᠭ᠋ᠠᠳᠬᠠᠯ᠎ᠤᠨ ᠰᠠᠭᠤᠷᠢ ᠮᠦᠩᠭᠦ ᠪᠤᠯᠤᠨ ᠬᠦᠮᠦᠨ ᠬᠡᠷᠡᠭᠯᠡᠬᠦ ᠠᠯᠪᠠᠨ ᠪᠠᠢ᠌ᠭᠤᠯᠭ᠎ᠠ᠎ᠠᠴᠠ 《ᠠᠵᠢᠯ᠎ᠤᠨ ᠰᠢᠷᠬᠠᠳᠤᠯ ᠭᠡᠮᠲᠤᠯ᠎ᠤᠨ ᠳᠠᠭ᠋ᠠᠳᠬᠠᠯ᠎ᠤᠨ ᠳᠦᠷᠢᠮ》᠎ᠢ ᠦᠨᠳᠦᠰᠦᠯᠡᠨ ᠲᠤᠰ ᠲᠤᠰ᠎ᠤᠨ ᠬᠠᠷᠢᠭᠤᠴᠠᠯᠭ᠎ᠠ᠎ᠪᠠᠨ ᠡᠭᠦᠷᠭᠡᠯᠡᠨ᠎ᠡ᠃ ᠡᠰᠡ ᠪᠦᠭᠡᠰᠦ ᠬᠦᠮᠦᠨ ᠬᠡᠷᠡᠭᠯᠡᠬᠦ ᠠᠯᠪᠠᠨ ᠪᠠᠢ᠌ᠭᠤᠯᠭ᠎ᠠ᠎ᠨᠢ ᠲᠤᠰᠠᠭ᠋ᠠᠷ ᠡᠭᠦᠷᠭᠡᠯᠡᠨ᠎ᠡ᠃
        ᠡᠭᠦᠨ᠎ᠠᠴᠠ ᠭᠠᠳᠠᠨ᠎ᠠ᠂ 《ᠠᠷᠠᠳ᠎ᠤᠨ ᠳᠡᠭᠡᠳᠦ ᠰᠢᠭᠦᠬᠦ ᠬᠤᠷᠢᠶᠠᠨ᠎ᠤ ᠬᠦᠮᠦᠨ᠎ᠤ ᠪᠡᠶ᠎ᠡ ᠵᠢᠨ ᠭᠡᠮᠲᠤᠯ᠎ᠤᠨ ᠲᠦᠯᠦᠪᠦᠷᠢ ᠵᠢᠨ ᠬᠡᠷᠡᠭ᠎ᠢ ᠰᠢᠭᠦᠭᠦ᠎ᠳᠤ ᠲᠤᠬᠢᠷᠠᠬᠤ ᠵᠠᠷᠢᠮ ᠬᠠᠤᠯᠢ ᠵᠢᠨ ᠠᠰᠠᠭᠤᠳᠠᠯ᠎ᠤᠨ ᠲᠤᠬᠠᠢ ᠲᠠᠢ᠌ᠯᠪᠤᠷᠢ》 (ᠬᠠᠤᠯᠢ ᠵᠢᠨ ᠲᠠᠢ᠌ᠯᠪᠤᠷᠢ 〈2010〉20 ᠲᠤᠭ᠋ᠠᠲᠤ)᠎ᠤᠨ ᠨᠠᠢ᠍ᠮᠠᠳᠤᠭ᠋ᠠᠷ ᠵᠤᠷᠪᠤᠰ᠎ᠲᠤ 《ᠠᠵᠤ ᠠᠬᠤᠢ᠌ᠯᠠᠯ᠎ᠤᠨ ᠴᠠᠯᠢᠩ᠎ᠢ᠎ᠨᠢ ᠵᠤᠭᠰᠤᠭ᠋ᠠᠨ ᠠᠵᠢᠯ᠎ᠢ᠎ᠨᠢ ᠦᠯᠡᠳᠡᠭᠡᠵᠦ ᠪᠠᠢ᠌ᠭ᠎ᠠ ᠠᠵᠢᠯᠲᠠᠳ᠂ ᠲᠠᠷᠬᠠᠯᠠᠬᠤ ᠨᠠᠰᠤᠨ᠎ᠳᠤ ᠬᠦᠷᠦᠭᠡ ᠦᠭᠡᠢ ᠳᠤᠲᠤᠭ᠋ᠠᠳᠤ᠎ᠳᠤ᠎ᠪᠠᠨ ᠲᠠᠷᠬᠠᠯᠠᠭᠰᠠᠨ ᠠᠵᠢᠯᠲᠠᠳ᠂ ᠠᠵᠢᠯ ᠠᠯᠲᠠᠨ ᠠᠵᠢᠯ ᠬᠦᠯᠢᠶᠡᠵᠦ ᠪᠠᠢ᠌ᠭ᠎ᠠ ᠠᠵᠢᠯᠲᠠᠳ ᠵᠢᠴᠢ ᠠᠵᠤ ᠠᠬᠤᠢ᠌ᠯᠠᠯ᠎ᠤᠨ ᠡᠵᠡᠩᠨᠡᠯᠲᠡ ᠵᠢᠨ ᠴᠢᠨᠠᠷ ᠪᠦᠬᠦᠢ ᠦᠢ᠍ᠯᠡᠳᠪᠦᠷᠢᠯᠡᠯ᠎ᠢ᠎ᠨᠢ ᠵᠤᠭᠰᠤᠭ᠋ᠠᠨ ᠤᠷᠲᠤ ᠬᠤᠭᠤᠴᠠᠭ᠎ᠠ᠎ᠪᠠᠷ ᠴᠢᠯᠦᠭᠡ ᠲᠠᠯᠪᠢᠭᠰᠠᠨ ᠠᠵᠢᠯᠲᠠᠳ᠂ ᠬᠦᠮᠦᠨ ᠬᠡᠷᠡᠭᠯᠡᠬᠦ ᠰᠢᠨ᠎ᠡ ᠠᠯᠪᠠᠨ ᠪᠠᠢ᠌ᠭᠤᠯᠭ᠎ᠠ᠎ᠲᠠᠢ ᠠᠵᠢᠯ᠎ᠤᠨ ᠮᠠᠷᠭᠤᠭ᠋ᠠᠨ ᠭᠠᠷᠴᠤ ᠬᠠᠤᠯᠢ ᠶᠤᠰᠤᠭ᠋ᠠᠷ ᠠᠷᠠᠳ᠎ᠤᠨ ᠰᠢᠬᠦᠬᠦ ᠬᠤᠷᠢᠶᠠᠨ᠎ᠳᠤ ᠵᠠᠭ᠋ᠠᠯᠳᠤᠪᠠᠯ ᠠᠷᠠᠳ᠎ᠤᠨ ᠰᠢᠭᠦᠬᠦ ᠬᠤᠷᠢᠶᠠᠨ᠎ᠠᠴᠠ ᠬᠦᠳᠡᠯᠮᠦᠷᠢ ᠵᠢᠨ ᠬᠠᠷᠢᠴᠠᠭ᠎ᠠ᠎ᠪᠠᠷ ᠲᠠᠰᠤᠯᠤᠨ᠎ᠠ᠃ ᠡᠢ᠌ᠮᠦ᠎ᠠᠴᠠ ᠬᠦᠮᠦᠨ ᠬᠡᠷᠡᠭᠯᠡᠬᠦ ᠰᠢᠨ᠎ᠡ ᠠᠯᠪᠠᠨ ᠪᠠᠢ᠌ᠭᠤᠯᠭ᠎ᠠ   ᠳᠤᠲᠤᠭ᠋ᠠᠳᠤ᠎ᠳᠤ᠎ᠪᠠᠨ ᠲᠠᠷᠬᠠᠯᠠᠭᠰᠠᠨ ᠠᠵᠢᠯᠲᠠᠳ᠎ᠢ ᠤᠷᠢᠵᠤ ᠬᠡᠷᠡᠭᠯᠡᠬᠦ ᠦᠶᠡᠰ ᠮᠦᠨ ᠬᠦᠳᠡᠯᠮᠦᠷᠢ ᠵᠢᠨ ᠬᠠᠷᠢᠴᠠᠭ᠎ᠠ᠎ᠪᠠᠷ ᠲᠠᠰᠤᠯᠤᠨ᠎ᠠ᠃ ᠲᠤᠳᠤᠭ᠋ᠠᠲᠤ᠎ᠳᠤ᠎ᠪᠠᠨ ᠲᠠᠷᠬᠠᠯᠠᠭᠰᠠᠨ ᠠᠵᠢᠯᠲᠠᠳ ᠬᠦᠮᠦᠨ ᠬᠡᠷᠡᠭᠯᠡᠬᠦ ᠰᠢᠨ᠎ᠡ ᠠᠯᠪᠠᠨ ᠪᠠᠢ᠌ᠭᠤᠯᠭ᠎ᠠ᠎ᠳᠤ᠎ᠪᠠᠨ ᠠᠵᠢᠯ᠎ᠤᠨ ᠰᠢᠯᠳᠠᠭ ᠵᠶ᠋ᠠᠷ ᠰᠢᠷᠬᠠᠳᠤᠯ ᠭᠡᠮᠲᠤᠯ ᠠᠪᠤᠪᠠᠯ ᠠᠵᠢᠯ᠎ᠤᠨ ᠰᠢᠷᠬᠠᠳᠤᠯ ᠭᠡᠮᠲᠤᠯ᠎ᠤᠨ ᠬᠢᠨᠡᠨ ᠲᠤᠭᠲᠠᠭ᠋ᠠᠯᠲᠠ ᠭᠤᠶᠤᠴᠢᠯᠠᠵᠤ ᠪᠤᠯᠬᠤ ᠪᠦᠭᠡᠳ ᠠᠵᠢᠯ᠎ᠤᠨ ᠰᠢᠷᠬᠠᠳᠤᠯ ᠭᠡᠮᠲᠤᠯ᠎ᠤᠨ ᠳᠠᠭ᠋ᠠᠳᠬᠠᠯ᠎ᠤᠨ ᠲᠦᠯᠦᠪᠦᠷᠢ ᠬᠦᠷᠲᠡᠵᠦ ᠪᠤᠯᠤᠨ᠎ᠠ᠃
        ᠤᠷᠢᠳᠴᠢᠯᠠᠨ ᠲᠠᠷᠬᠠᠯᠠᠭᠳᠠᠭᠰᠠᠨ ᠠᠵᠢᠯᠲᠠᠳ   ᠤᠯᠤᠰ᠎ᠤᠨ ᠲᠤᠭᠲᠠᠭ᠋ᠠᠯ ᠶᠤᠰᠤᠭ᠋ᠠᠷ ᠬᠡᠪ᠎ᠤᠨ ᠲᠠᠷᠬᠠᠯᠠᠭᠳᠠᠬᠤ ᠨᠠᠰᠤᠨ᠎ᠳᠤ ᠬᠦᠷᠦᠭᠡ ᠦᠭᠡᠢ᠎ᠪᠠᠷ ᠠᠵᠢᠯ᠎ᠠᠴᠠ᠎ᠪᠠᠨ ᠲᠠᠷᠬᠠᠯᠠᠭᠳᠠᠭᠰᠠᠨ ᠠᠵᠢᠯᠲᠠᠳ᠎ᠢ ᠵᠢᠭ᠋ᠠᠨ᠎ᠠ᠃ ᠭᠤᠤᠯᠳᠠᠭᠤ ᠤᠨᠴᠠᠭ᠋ᠠᠢ ᠠᠵᠢᠯ᠎ᠠᠴᠠ ᠲᠠᠷᠬᠠᠯᠠᠭᠳᠠᠬᠤ ᠪᠠ ᠡᠪᠡᠳᠴᠢᠨ ᠵᠶ᠋ᠠᠷ ᠲᠠᠷᠬᠠᠯᠠᠭᠳᠠᠬᠤ ᠪᠠᠬᠳᠠᠨ᠎ᠠ᠃ ᠤᠷᠢᠳᠴᠢᠯᠠᠨ ᠲᠠᠷᠬᠠᠯᠠᠭᠳᠠᠭᠰᠠᠨ ᠠᠵᠢᠯᠲᠠᠳ ᠪᠤᠯ ᠠᠵᠢᠯ᠎ᠠᠴᠠ᠎ᠪᠠᠨ ᠲᠠᠷᠬᠠᠯᠠᠭᠳᠠᠭᠰᠠᠨ ᠠᠵᠢᠯᠲᠠᠳ᠎ᠲᠤ ᠪᠠᠭᠲᠠᠨ᠎ᠠ᠃ ᠬᠠᠤᠯᠢ ᠲᠤᠭᠲᠠᠭ᠋ᠠᠯ᠎ᠳᠤ᠎ᠪᠠᠨ ᠡᠩ᠎ᠤᠨ ᠠᠵᠢᠯ᠎ᠠᠴᠠ᠎ᠪᠠᠨ ᠲᠠᠷᠬᠠᠯᠠᠭᠳᠠᠭᠰᠠᠨ ᠠᠵᠢᠯᠲᠠᠳ᠎ᠲᠠᠢ ᠵᠦᠷᠢᠶ᠎ᠡ ᠦᠭᠡᠢ᠃ 《ᠬᠠᠤᠯᠢ ᠵᠢᠨ ᠲᠠᠢ᠌ᠯᠪᠤᠷᠢ (2010〉 20 ᠲᠤᠭ᠋ᠠᠲᠤ》 ᠵᠢᠨ ᠳᠠᠭ᠋ᠠᠤ ᠬᠦᠮᠦᠨ ᠬᠡᠷᠡᠭᠯᠡᠬᠦ ᠰᠢᠨ᠎ᠡ ᠠᠯᠪᠠᠨ ᠪᠠᠢ᠌ᠭᠤᠯᠭ᠎ᠠ᠎ᠲᠠᠢ ᠬᠦᠳᠡᠯᠮᠦᠷᠢ ᠦᠢ᠍ᠯᠡᠴᠢᠯᠡᠭᠡ ᠵᠢᠨ ᠬᠠᠷᠢᠴᠠᠭ᠎ᠠ᠎ᠲᠠᠢ ᠲᠤᠯᠠᠳᠠ ᠰᠢᠷᠬᠠᠳᠤᠯ ᠭᠡᠮᠲᠤᠯ ᠠᠪᠤᠪᠠᠯ ᠠᠵᠢᠯ᠎ᠤᠨ ᠰᠢᠷᠬᠠᠳᠤᠯ ᠭᠡᠮᠲᠤᠯ᠎ᠤᠨ ᠬᠢᠨᠡᠨ ᠲᠤᠭᠲᠠᠭ᠋ᠠᠯᠲᠠ ᠭᠤᠶᠤᠴᠢᠯᠠᠵᠤ ᠪᠤᠯᠬᠤ ᠦᠭᠡᠢ  ᠂ ᠠᠵᠢᠯ᠎ᠤᠨ ᠰᠢᠷᠬᠠᠳᠤᠯ ᠭᠡᠮᠲᠤᠯ᠎ᠤᠨ ᠳᠠᠭ᠋ᠠᠳᠬᠠᠯ᠎ᠤᠨ ᠲᠦᠯᠦᠪᠦᠷᠢ ᠴᠦ᠍ ᠬᠦᠷᠲᠡᠵᠦ ᠴᠢᠳᠠᠬᠤ ᠦᠭᠡᠢ᠂ ᠵᠦᠪᠬᠡᠨ ᠢᠷᠬᠡᠨ᠎ᠤ ᠬᠡᠷᠡᠭ᠎ᠤᠨ ᠲᠦᠯᠦᠪᠦᠷᠢ ᠨᠡᠬᠡᠮᠵᠢᠯᠡᠵᠦ ᠪᠤᠯᠤᠨ᠎ᠠ᠃
        ᠲᠠᠷᠬᠠᠯᠠᠭᠳᠠᠭᠰᠠᠨ ᠠᠵᠢᠯᠲᠠᠳ᠎ᠢ ᠤᠷᠢᠵᠤ ᠬᠡᠷᠡᠭᠯᠡᠬᠦ ᠳᠦᠷᠢᠮᠵᠢᠯ
        ᠲᠠᠷᠬᠠᠯᠠᠭᠳᠠᠭᠰᠠᠨ ᠠᠵᠢᠯᠲᠠᠳ ᠠᠵᠢᠯᠯᠠᠬᠤ ᠬᠡᠷᠡᠭᠴᠡᠭᠡ ᠪᠠ ᠬᠠᠯᠠᠭᠤᠨ ᠰᠡᠳᠬᠢᠯ᠎ᠲᠠᠢ ᠪᠦᠭᠡᠳ ᠬᠦᠮᠦᠨ ᠬᠡᠷᠡᠭᠯᠡᠬᠦ ᠠᠯᠪᠠᠨ ᠪᠠᠢ᠌ᠭᠤᠯᠭ᠎ᠠ᠎ᠨᠢ ᠤᠷᠢᠵᠤ ᠬᠡᠷᠡᠭᠯᠡᠬᠦ ᠳᠤᠷᠠᠲᠠᠢ ᠪᠤᠯ ᠤᠯᠤᠰ ᠪᠤᠯᠤᠨ ᠨᠡᠢ᠌ᠭᠡᠮ᠎ᠳᠤ ᠪᠦᠷ ᠠᠰᠢᠭᠲᠠᠢ᠃ ᠭᠡᠪᠡᠴᠦ ᠠᠵᠢᠯ᠎ᠤᠨ ᠰᠢᠷᠬᠠᠳᠤᠮ ᠭᠡᠮᠲᠤᠯ᠎ᠤᠨ ᠳᠠᠭ᠋ᠠᠳᠬᠠᠯ ᠵᠡᠷᠭᠡ ᠵᠢᠨ ᠤᠨᠴᠠᠭ᠋ᠠᠢ ᠴᠢᠨᠠᠷ᠎ᠠᠴᠠ ᠪᠤᠯᠵᠤ ᠲᠠᠷᠬᠠᠯᠠᠭᠳᠠᠭᠰᠠᠨ ᠠᠵᠢᠯᠲᠠᠳ᠎ᠢ ᠤᠷᠢᠵᠤ ᠬᠡᠷᠡᠭᠯᠡᠬᠦ ᠵᠢ ᠤᠯᠠᠮ ᠨᠢᠭᠡ ᠠᠯᠬᠤᠮ ᠲᠦᠷᠢᠮᠵᠢᠭᠦᠯᠵᠦ᠂ ᠡᠯ᠎ᠡ ᠲᠠᠯ᠎ᠠ ᠵᠢᠨ᠎ᠬᠢᠨ᠎ᠤ ᠠᠰᠢᠭ ᠲᠤᠰᠠ ᠵᠢ ᠬᠠᠮᠠᠭ᠋ᠠᠯᠠᠬᠤ ᠬᠡᠷᠡᠭᠲᠡᠢ᠃ ᠲᠠᠷᠬᠠᠯᠠᠭᠳᠠᠭᠰᠠᠨ ᠠᠵᠢᠯᠲᠠᠳ᠎ᠢ ᠤᠷᠢᠵᠤ ᠬᠡᠷᠡᠭᠯᠡᠬᠦ᠎ᠳᠤ᠎ᠪᠠᠨ ᠠᠵᠢᠯᠴᠢᠨ᠎ᠤ ᠪᠦᠬᠦ ᠲᠠᠯ᠎ᠠ ᠵᠢᠨ ᠪᠠᠢ᠌ᠳᠠᠯ᠎ᠢ ᠨᠠᠷᠢᠨ ᠤᠢ᠌ᠯᠠᠭ᠋ᠠᠵᠤ᠂ ᠭᠡᠷ᠎ᠳᠤ᠎ᠪᠠᠨ ᠬᠤᠶᠠᠷ ᠲᠠᠯ᠎ᠠ ᠵᠢᠨ ᠵᠶ᠋ᠠᠨ ᠬᠠᠤᠯᠢ ᠵᠢᠨ ᠬᠠᠷᠢᠴᠠᠭ᠎ᠠ ᠵᠢ ᠳᠤᠲᠤᠷᠬᠠᠢ᠌ᠯᠠᠨ᠎ᠠ᠃ ᠲᠠᠷᠬᠠᠯᠠᠭᠳᠠᠭᠰᠠᠨ ᠠᠵᠢᠯᠲᠠᠳ᠎ᠨᠢ ᠪᠠᠶᠠᠯᠢᠭ ᠲᠤᠷᠰᠢᠯᠭ᠎ᠠ᠎ᠲᠠᠢ᠂ ᠬᠦᠳᠡᠯᠮᠦᠷᠢ ᠬᠦᠴᠦ᠎ᠨᠢ ᠬᠢᠮᠳᠡ ᠵᠡᠷᠭᠡ ᠳᠠᠪᠠᠭᠤᠯᠢᠭ᠎ᠲᠠᠢ ᠴᠦ᠍ ᠦᠨᠳᠦᠷ ᠨᠠᠰᠤᠯᠠᠭᠰᠠᠨ᠂ ᠰᠢᠷᠬᠠᠳᠤᠯ ᠭᠡᠮᠲᠤᠯ ᠭᠠᠷᠬᠤ ᠨᠤᠷᠮ᠎ᠠ ᠦᠨᠳᠦᠷ ᠵᠡᠷᠭᠡ ᠪᠤᠳᠠᠲᠠᠢ ᠪᠠᠢ᠌ᠳᠠᠯ᠎ᠢ ᠶᠡᠷᠦᠩᠬᠡᠢ᠌ᠯᠡᠨ ᠲᠡᠩᠴᠡᠭᠦᠷᠢᠰᠢᠭᠦᠯᠵᠦ᠂ ᠬᠦᠮᠦᠨ ᠬᠡᠷᠡᠭᠯᠡᠬᠦ ᠠᠯᠪᠠᠨ ᠪᠠᠢ᠌ᠭᠤᠯᠭ᠎ᠠ ᠵᠢᠨ ᠠᠰᠢᠭ ᠲᠤᠰᠠ᠎ᠳᠤ᠎ᠪᠠᠨ ᠵᠤᠬᠢᠴᠠᠭᠤᠯᠤᠨ ᠰᠤᠩᠭᠤᠬᠤ ᠬᠡᠷᠡᠭᠲᠡᠢ᠃ ᠠᠯᠪᠠᠨ ᠪᠠᠢ᠌ᠭᠤᠯᠭ᠎ᠠ᠎ᠠᠴᠠ ᠡᠳᠦᠷ ᠳᠤᠲᠤᠮ᠎ᠤᠨ ᠬᠦᠳᠡᠯᠮᠦᠷᠢ ᠵᠢᠨ ᠬᠠᠮᠠᠭ᠋ᠠᠯᠠᠯᠲᠠ ᠵᠢᠨ ᠠᠵᠢᠯ᠎ᠢ ᠰᠠᠢ᠌ᠲᠤᠷ ᠬᠢᠵᠦ᠂ ᠠᠷᠠᠯᠵᠢᠶᠠᠨ᠎ᠤ ᠳᠠᠭ᠋ᠠᠳᠬᠠᠯ᠎ᠤᠨ ᠺᠤᠮᠫᠠᠨᠢ᠎ᠲᠠᠢ ᠬᠤᠷᠰᠢᠨ᠂ ᠲᠠᠷᠬᠠᠯᠠᠭᠳᠠᠭᠰᠠᠨ ᠠᠵᠢᠯᠲᠠᠳ᠎ᠤᠨ ᠳᠠᠬᠢᠨ ᠠᠵᠢᠯ᠎ᠤᠨ ᠪᠠᠢ᠌ᠷᠢᠨ᠎ᠳᠤ ᠭᠠᠷᠬᠤ᠎ᠳᠤ ᠲᠤᠬᠢᠷᠠᠬᠤ ᠰᠢᠷᠬᠠᠳᠤᠮ ᠭᠡᠮᠲᠤᠯ᠎ᠤᠨ ᠠᠷᠠᠯᠵᠢᠶᠠᠨ᠎ᠤ ᠳᠠᠭ᠋ᠠᠳᠬᠠᠯ ᠠᠪᠴᠤ ᠪᠤᠯᠤᠨ᠎ᠠ᠃ ᠴᠠᠯᠢᠩ ᠬᠦᠯᠦᠰᠦ ᠵᠢᠨ ᠬᠡᠮᠵᠢᠶᠡᠨ᠎ᠳᠤ᠎ᠨᠢ ᠵᠤᠬᠢᠴᠠᠭᠤᠯᠤᠨ ᠠᠵᠢᠯ᠎ᠤᠨ ᠰᠢᠷᠬᠠᠳᠤᠯ ᠭᠡᠮᠲᠤᠯ᠎ᠤᠨ ᠳᠠᠭ᠋ᠠᠳᠬᠠᠯ᠎ᠢ ᠪᠤᠳᠤᠯᠬᠢᠯᠠᠵᠤ᠂ ᠡᠳᠡᠭᠡᠷ ᠠᠵᠢᠯᠲᠠᠳ᠎ᠤᠨ ᠪᠠᠲᠤᠯᠠᠭ᠋ᠠᠨ᠎ᠤ ᠬᠢᠷᠢ ᠬᠡᠮᠵᠢᠶ᠎ᠡ ᠵᠢ ᠳᠡᠭᠡᠭᠰᠢᠯᠡᠭᠦᠯᠦᠨ ᠠᠯᠪᠠᠨ ᠪᠠᠢ᠌ᠭᠤᠯᠭ᠎ᠠ ᠵᠢᠨ ᠠᠵᠢᠯᠴᠢᠨ ᠬᠡᠷᠡᠭᠯᠡᠬᠦ ᠠᠶᠤᠯ᠎ᠠᠴᠠ ᠵᠠᠢ᠌ᠯᠠᠰᠭᠢᠬᠦ ᠬᠡᠷᠡᠭᠲᠡᠢ᠃
        ᠲᠠᠷᠬᠠᠯᠠᠭᠳᠠᠭᠰᠠᠨ ᠠᠵᠢᠯᠲᠠᠳ ᠨᠠᠰᠤᠵᠢᠯ᠎ᠤᠨ ᠳᠠᠭ᠋ᠠᠳᠬᠠᠯ ᠬᠦᠷᠲᠡᠵᠦ ᠪᠠᠢ᠌ᠪᠠᠯ ᠰᠢᠨ᠎ᠡ ᠠᠯᠪᠠᠨ ᠪᠠᠢ᠌ᠭᠤᠯᠭ᠎ᠠ᠎ᠲᠠᠢ᠎ᠪᠠᠨ ᠬᠦᠳᠡᠯᠮᠦᠷᠢ ᠦᠢ᠍ᠯᠡᠴᠢᠯᠡᠭᠡ ᠵᠢᠨ ᠬᠠᠷᠢᠴᠠᠭ᠎ᠠ ᠪᠤᠯᠤᠨ᠎ᠠ ᠭᠡᠳᠡᠭ ᠵᠶ᠋ᠠᠨ ᠲᠤᠳᠤᠷᠬᠠᠢ ᠮᠡᠳᠡᠪᠡᠯ ᠵᠦᠪᠬᠡᠨ ᠢᠷᠭᠡᠨ᠎ᠤ ᠬᠠᠤᠯᠢ᠎ᠪᠠᠷ ᠦᠪᠡᠷ᠎ᠤᠨ ᠬᠠᠤᠯᠢ ᠶᠤᠰᠤᠨ᠎ᠤ ᠡᠷᠬᠡ ᠠᠰᠢᠭ ᠵᠶ᠋ᠠᠨ ᠬᠠᠮᠠᠭ᠋ᠠᠯᠠᠬᠤ ᠬᠡᠷᠡᠭᠲᠡᠢ᠃
      ᠬᠦᠮᠦᠨ ᠬᠡᠷᠡᠭᠯᠡᠬᠦ ᠠᠯᠪᠠᠨ ᠪᠠᠢ᠌ᠭᠤᠯᠭ᠎ᠠ ᠪᠤᠯᠤᠨ ᠲᠠᠷᠬᠠᠯᠠᠭᠳᠠᠭᠰᠠᠨ ᠠᠵᠢᠯᠲᠠᠳ ᠠᠵᠢᠯ᠎ᠤᠨ ᠭᠡᠷ᠎ᠡ ᠪᠠᠢ᠌ᠭᠤᠯᠵᠤ᠂ ᠲᠠᠷᠬᠠᠯᠠᠭᠳᠠᠭᠰᠠᠨ ᠠᠵᠢᠯᠲᠠᠳ᠎ᠤᠨ ᠠᠵᠢᠯᠯᠠᠵᠤ ᠪᠠᠢ᠌ᠭ᠎ᠠ ᠬᠤᠭᠤᠴᠠᠭ᠋ᠠᠨ᠎ᠳᠤ᠎ᠪᠠᠨ ᠠᠵᠢᠯ᠎ᠤᠨ ᠰᠢᠯᠲᠠᠭ ᠵᠶ᠋ᠠᠷ ᠰᠢᠷᠬᠠᠳᠤᠯ ᠭᠡᠮᠲᠤᠯ ᠠᠪᠬᠤ ᠦᠶᠡᠰ᠎ᠤᠨ ᠬᠠᠷᠢᠭᠤᠴᠠᠯᠭ᠎ᠠ᠂ ᠲᠦᠯᠦᠪᠦᠷᠢ ᠦᠭᠭᠦ ᠠᠷᠭ᠎ᠠ ᠬᠡᠯᠪᠡᠷᠢ   ᠪᠤᠯᠤᠨ ᠪᠠᠷᠢᠮᠵᠢᠶ᠎ᠠ ᠵᠢ ᠲᠤᠳᠤᠷᠬᠠᠢ ᠪᠤᠯᠭ᠋ᠠᠬᠤ ᠵᠢ ᠰᠠᠨᠠᠭᠤᠯᠤᠶ᠎ᠠ᠃ ᠢᠩᠭᠢᠬᠦ᠎ᠨᠢ ᠬᠤᠪᠢ ᠬᠦᠮᠦᠨ᠎ᠤ ᠬᠦᠮᠦᠨ᠎ᠤ ᠪᠡᠶ᠎ᠡ ᠵᠢᠨ ᠡᠷᠬᠡ ᠠᠰᠢᠭ᠎ᠢ ᠪᠠᠲᠤᠯᠠᠬᠤ᠂ ᠬᠦᠮᠦᠨ ᠬᠡᠷᠡᠭᠯᠡᠬᠦ ᠠᠯᠪᠠᠨ ᠪᠠᠢ᠌ᠭᠤᠯᠭ᠎ᠠ ᠵᠢᠨ ᠠᠶᠤᠯ ᠲᠦᠭᠰᠢᠭᠦᠷᠢ ᠵᠢ ᠰᠢᠯᠵᠢᠭᠦᠯᠬᠦ   ᠵᠢᠴᠢ ᠨᠡᠢ᠌ᠭᠡᠮ᠎ᠤᠨ ᠡᠶ᠎ᠡ ᠵᠤᠬᠢᠶᠠᠯ᠎ᠲᠠᠢ᠂ ᠯᠠᠪᠳᠠᠭᠤᠨ ᠲᠤᠭᠲᠠᠭᠤᠨ ᠪᠠᠢ᠌ᠬᠤ ᠵᠢ ᠪᠠᠲᠤᠯᠠᠬᠤ᠎ᠳᠤ ᠠᠰᠢᠭᠲᠠᠢ᠃

      ᠤᠷᠴᠢᠭᠤᠯᠤᠬ᠍ᠴᠢ ᠵᠢᠨ ᠬᠠᠶᠢᠭ᠄ ᠦᠪᠤᠷ ᠮᠤᠡᠭᠭᠤᠯ᠎ᠤᠨ ᠰᠤᠷᠭ᠋ᠠᠨ ᠬᠦᠮᠦᠵᠢᠯ᠎ᠤᠨ ᠬᠡᠪᠯᠡᠯ᠎ᠤᠨ ᠬᠤᠷᠢᠶ᠎ᠠ

ᠢᠷᠡᠯᠲᠡ᠄ 《ᠲᠤᠮᠳᠠᠳᠤ ᠤᠯᠤᠰ᠎ᠤᠨ ᠠᠷᠠᠳ᠎ᠤᠨ ᠶᠠᠪᠤᠳᠠᠯ》 ᠰᠡᠳᠬᠦᠯ
          
ᠬᠠᠮᠢᠶ᠎ᠡ ᠪᠦᠬᠦᠢ ᠰᠣᠨᠢᠨ
ᠤᠯᠠᠨ ᠲᠦᠮᠡᠨ᠎ᠤ ᠠᠩᠬᠠᠷᠤᠯ ᠬᠠᠷᠠᠴᠠᠨ᠎ᠳᠠᠬᠢ ᠰᠢᠨ᠎ᠡ ᠴᠠᠭ ᠦᠶ᠎ᠡ ᠵᠢᠨ ᠠᠷᠠᠳ᠎ᠤᠨ ᠶᠠᠪᠤᠲᠠᠯ᠎ᠤᠨ ᠠᠵᠢᠯ᠎ᠤᠨ ᠭᠤᠤᠯ ᠠᠭᠤᠯᠭ᠎ᠠ
〈〈ᠬᠤᠳᠠ ᠬᠦᠳᠡᠭᠡ ᠵᠢᠨ ᠤᠡᠴᠠ ᠬᠦᠴᠢᠷᠳᠡᠯ᠎ᠲᠠᠢ ᠬᠦᠮᠤᠰ᠎ᠢ ᠠᠰᠠᠷᠠᠨ ᠲᠡᠳᠬᠦᠬᠦ ᠦᠢ᠍ᠯᠡᠴᠢᠯᠡᠭᠡᠨ᠎ᠤ ᠪᠠᠢ᠌ᠭᠤᠯᠤᠮᠵᠢ ᠵᠢᠨ ᠵᠠᠷᠤᠳᠠᠯ᠎ᠤᠨ ᠬᠠᠮᠢᠶᠠᠷᠤᠯᠳᠠ ᠵᠢᠴᠢ ᠦᠢ᠍ᠯᠡᠴᠢᠯᠡᠭᠡᠨ᠎ᠤ ᠠᠵᠢᠯ ᠎ᠢ ᠴᠢᠨᠠᠭᠰᠢᠳᠠ ᠤᠯᠠᠮ ᠴᠢᠩᠭ᠋ᠠᠳᠬᠠᠬᠤ ᠲᠤᠬᠠᠢ ᠮᠡᠳᠡᠭᠳᠡᠯ〉〉᠎ᠤᠨ ᠲᠠᠢ᠌ᠯᠤᠮᠵᠢ
〈〈ᠨᠠᠢ᠌ᠭᠡᠮ᠎ᠤᠨ ᠳᠤᠰᠠᠯᠠᠮᠵᠢ ᠵᠢᠨ ᠠᠵᠢᠯ᠎ᠤᠨ ᠶᠡᠷᠤᠩᠭᠡᠢ᠌ᠯᠡᠭᠰᠡᠨ ᠦᠭᠡᠷᠡᠴᠢᠯᠡᠯᠳᠠ ᠵᠢᠨ ᠲᠤᠷᠰᠢᠯᠳᠠ ᠵᠢᠨ ᠴᠡᠭ ᠠᠳᠬᠤᠬᠤ ᠲᠤᠬᠠᠢ ᠮᠡᠳᠡᠭᠳᠡᠯ〉〉 ᠎ᠤᠨ ᠲᠠᠢ᠌ᠯᠤᠮᠵᠢ
〈〈2019 ᠤᠡ᠎ᠤ ᠪᠦᠬᠦ ᠤᠷᠤᠨ ᠎ᠤ ᠨᠠᠢ᠌ᠭᠡᠮ᠎ᠤᠨ ᠳᠤᠰᠠᠯᠠᠮᠵᠢ ᠵᠢᠨ ᠪᠠᠷᠢᠮᠵᠢᠶ᠎ᠠ ᠵᠢᠨ ᠬᠣᠯᠪᠣᠭᠳᠠᠯ ᠪᠦᠬᠦᠢ ᠠᠰᠠᠭᠤᠳᠠᠯ᠎ᠤᠨ ᠲᠤᠬᠠᠢ ᠮᠡᠳᠡᠭᠳᠡᠯ〉〉 ᠎ᠤᠨ ᠲᠦᠷᠤ ᠵᠢᠨ ᠪᠤᠳᠦᠯᠭ᠎ᠠ ᠵᠢᠨ ᠲᠠᠢ᠌ᠯᠤᠮᠵᠢ
ᠰᠢᠨ᠎ᠡ ᠡᠵᠡᠩᠨᠡᠯᠲᠡ ᠵᠢᠨ ᠨᠡᠢ᠌ᠭᠡᠮ᠎ᠤᠨ ᠪᠠᠲᠤᠯᠠᠪᠤᠷᠢ ᠵᠢ 《ᠨᠠᠢ᠌ᠳᠠᠪᠤᠷᠢᠵᠢᠭᠤᠯᠬᠤ ᠦᠭᠡᠢ》 ᠪᠠᠢ᠌ᠵᠤ ᠪᠤᠯᠬᠤ ᠦᠭᠡᠢ
 
            