ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠢᠯᠡ ᠵᠠᠰᠠᠭ   -   ᠲᠥᠷᠥ᠎ᠶᠢᠨ ᠪᠣᠳᠣᠯᠭ᠎ᠠ᠎ᠶᠢᠨ ᠲᠠᠶ᠋ᠢᠯᠤᠮᠵᠢ
〈〈ᠬᠤᠳᠠ ᠬᠦᠳᠡᠭᠡ ᠵᠢᠨ ᠤᠡᠴᠠ ᠬᠦᠴᠢᠷᠳᠡᠯ᠎ᠲᠠᠢ ᠬᠦᠮᠤᠰ᠎ᠢ ᠠᠰᠠᠷᠠᠨ ᠲᠡᠳᠬᠦᠬᠦ ᠦᠢ᠍ᠯᠡᠴᠢᠯᠡᠭᠡᠨ᠎ᠤ ᠪᠠᠢ᠌ᠭᠤᠯᠤᠮᠵᠢ ᠵᠢᠨ ᠵᠠᠷᠤᠳᠠᠯ᠎ᠤᠨ ᠬᠠᠮᠢᠶᠠᠷᠤᠯᠳᠠ ᠵᠢᠴᠢ ᠦᠢ᠍ᠯᠡᠴᠢᠯᠡᠭᠡᠨ᠎ᠤ ᠠᠵᠢᠯ ᠎ᠢ ᠴᠢᠨᠠᠭᠰᠢᠳᠠ ᠤᠯᠠᠮ ᠴᠢᠩᠭ᠋ᠠᠳᠬᠠᠬᠤ ᠲᠤᠬᠠᠢ ᠮᠡᠳᠡᠭᠳᠡᠯ〉〉᠎ᠤᠨ ᠲᠠᠢ᠌ᠯᠤᠮᠵᠢ
ᠨᠡᠶᠢᠲᠡᠯᠡᠭᠰᠡᠨ ᠴᠠᠭ᠄ 2020-11-26


                       
      ᠤᠢ᠌ᠷ᠎ᠠ᠎ᠳᠤ ᠠᠷᠠᠤᠨ ᠎ᠤᠨ ᠶᠠᠪᠤᠳᠠᠯ᠎ᠤᠨ ᠲᠢᠩᠭᠢᠮ᠎ᠠᠴᠠ 〈〈ᠬᠤᠳᠠ ᠬᠦᠳᠡᠭᠡ ᠵᠢᠨ ᠤᠡᠴᠠ ᠬᠦᠴᠢᠷᠳᠡᠯ᠎ᠲᠠᠢ ᠬᠦᠮᠤᠰ ᠎ᠢ ᠠᠰᠠᠷᠠᠨ ᠲᠡᠳᠬᠦᠬᠦ ᠦᠢ᠍ᠯᠡᠴᠢᠯᠡᠭᠡᠨ᠎ᠤ ᠪᠠᠢ᠌ᠭᠤᠯᠤᠮᠵᠢ ᠵᠢᠨ ᠵᠠᠷᠤᠳᠠᠯ᠎ᠤᠨ ᠬᠠᠮᠢᠶᠠᠷᠤᠯᠳᠠ ᠵᠢᠴᠢ ᠦᠢ᠍ᠯᠡᠴᠢᠯᠡᠭᠡᠨ᠎ᠤ ᠠᠵᠢᠯ᠎ᠢ     ᠴᠢᠨᠠᠭᠰᠢᠳᠠ ᠤᠯᠠᠮ ᠴᠢᠩᠭ᠋ᠠᠳᠬᠠᠬᠤ ᠲᠤᠬᠠᠢ ᠮᠡᠳᠡᠭᠳᠡᠯ〉〉   ᠲᠠᠷᠬᠠᠭ᠋ᠠᠪᠠ᠃   ᠦᠨᠤ 〈〈ᠮᠡᠳᠡᠭᠳᠡᠯ〉〉 ᠎ᠤᠨ ᠲᠤᠬᠠᠢ ᠬᠠᠮᠢᠶ᠎ᠠ ᠪᠦᠬᠦᠢ ᠠᠰᠠᠭᠤᠳᠠᠯ᠎ᠳᠤ   ᠬᠠᠷᠢᠭᠤᠯᠳᠡ ᠦᠭᠬᠦ ᠪᠤᠯᠤᠨ᠎ᠠ᠃
     1. ᠶᠠᠮᠠᠷ ᠠᠬᠤᠢ   ᠪᠠᠢ᠌ᠳᠠᠯ   ᠲᠤᠤᠷ᠎ᠠ 〈〈ᠮᠡᠳᠡᠭᠳᠡᠯ〉〉 ᠎ᠢ   ᠲᠠᠷᠬᠠᠭ᠋ᠠᠭᠰᠠᠨ ᠪᠤᠢ?
      ᠬᠤᠳᠠ ᠬᠦᠳᠡᠭᠡ ᠵᠢᠨ ᠤᠡᠴᠠ ᠬᠦᠴᠢᠷᠳᠡᠯ᠎ᠲᠠᠢ ᠬᠦᠮᠤᠰ᠎ᠤᠨ ᠦᠨᠳᠤᠰᠤᠨ ᠠᠮᠢᠳᠤᠷᠠᠯ᠎ᠤᠨ ᠭᠢᠷᠢ ᠭᠡᠮᠵᠢᠶ᠎ᠡ ᠵᠢ ᠪᠠᠳᠤᠯᠠᠬᠤ   ᠪᠣᠯ ᠠᠷᠠᠤᠨ ᠲᠦᠮᠠᠨ ᠵᠢᠨᠷ ᠭᠤᠤᠯᠳᠠᠯᠭ᠎ᠠ ᠪᠤᠯᠭ᠋ᠠᠭᠰᠠᠨ ᠬᠦᠭᠵᠢᠯᠳᠡ   ᠵᠢᠨ ᠦᠵᠡᠯ ᠰᠠᠨᠠᠭ᠎ᠠ ᠵᠢ ᠲᠤᠭᠤᠰᠢᠯᠠᠭᠤᠯᠬᠤ ᠵᠢᠨ ᠴᠢᠬᠤᠯᠠ ᠠᠭᠤᠯᠭ᠎ᠠ ᠮᠥᠨ᠂ ᠨᠠᠢ᠌ᠭᠡᠮ᠎ᠤᠨ ᠠᠰᠠᠷᠠᠨ ᠲᠡᠳᠬᠦᠬᠦ ᠰᠢᠰᠲᠸᠮ᠎ᠢ ᠲᠡᠬᠦᠯᠳᠡᠷᠵᠢᠬᠦᠯᠵᠤ᠂ ᠠᠷᠠᠤᠨ ᠎ᠤᠨ ᠠᠮᠢᠳᠤᠷᠠᠯ᠎ᠤᠨ ᠠᠮᠤᠷ ᠲᠦᠪᠰᠢᠨ᠎ᠤ ᠲᠤᠤᠷᠵᠢᠭᠤᠯᠤᠯᠳᠠ ᠵᠢ ᠪᠠᠢ᠌ᠭᠤᠯᠬᠤ ᠴᠢᠬᠤᠯᠠ ᠠᠷᠭ᠎ᠠ ᠪᠠᠷᠢᠯ ᠮᠦᠨ᠂   ᠬᠦᠭᠵᠢᠯᠳᠠ ᠵᠢᠨ ᠦᠷ᠎ᠡ ᠪᠦᠳᠤᠭᠡᠯ᠎ᠢ ᠬᠠᠮᠳᠤ᠎ᠪᠠᠷ ᠬᠦᠷᠳᠡᠵᠤ᠂   ᠠᠷᠠᠤᠨ ᠎ᠤᠨ ᠠᠮᠢᠳᠤᠷᠠᠯ᠎ᠢ ᠪᠠᠳᠤᠯᠠᠨ ᠰᠠᠢ᠌ᠵᠢᠷᠠᠭᠤᠯᠬᠤ᠎ᠳᠤ ᠪᠠᠢ᠌ᠪᠠᠰᠤ ᠵᠤᠭᠢᠬᠤ ᠦᠵᠠᠯᠳᠠ ᠮᠦᠨ᠂   ᠪᠠᠰᠠ ᠴᠤ᠌ ᠶᠠᠳᠠᠭᠤ᠎ᠠᠴᠠ ᠠᠩᠬᠢᠵᠢᠷᠠᠭᠤᠯᠬᠤ ᠪᠤᠭᠤᠮᠳᠠ ᠰᠢᠪᠲᠤᠯᠬᠤ ᠪᠠᠢ᠌ᠯᠳᠤᠭ᠋ᠠᠨ᠎ᠳᠤ ᠢᠯᠠᠯᠳᠠ ᠤᠯᠵᠤ᠂ ᠴᠢᠨᠡᠭᠡᠯᠢᠭ ᠨᠠᠢ᠌ᠭᠡᠮ᠎ᠢ   ᠪᠦᠬᠦ   ᠲᠠᠯ᠎ᠠ᠎ᠪᠠᠷ ᠪᠦᠲᠤᠭᠡᠨ ᠪᠠᠢ᠌ᠭᠤᠯᠬᠤ ᠵᠢᠨ ᠵᠠᠢ᠌ᠯᠠᠰᠢ ᠦᠭᠡᠢ ᠱᠠᠭ᠋ᠠᠷᠳᠠᠯᠭ᠎ᠠ᠎ᠨᠢ ᠪᠤᠯᠤᠨ᠎ᠠ᠃
    ᠬᠤᠳᠠ ᠬᠦᠳᠡᠭᠡ ᠵᠢᠨ ᠤᠡᠴᠠ ᠬᠦᠴᠢᠷᠳᠡᠯ᠎ᠲᠠᠢ ᠬᠦᠮᠤᠰ᠎ᠢ ᠠᠰᠠᠷᠠᠨ ᠲᠡᠳᠬᠦᠬᠦ   ᠪᠠᠢ᠌ᠭᠤᠯᠤᠮᠵᠢ ᠪᠣᠯ ᠬᠤᠳᠠ ᠬᠦᠳᠡᠭᠡ ᠵᠢᠨ ᠤᠡᠴᠠ ᠬᠦᠴᠢᠷᠳᠡᠯ᠎ᠲᠠᠢ ᠬᠦᠮᠤᠰ᠎ᠢ ᠲᠦᠪᠯᠡᠷᠡᠬᠦᠯᠤᠨ ᠠᠰᠠᠷᠠᠨ ᠲᠡᠳᠬᠦᠬᠦ ᠦᠨᠳᠤᠰᠤᠨ ᠭᠡᠯᠪᠡᠷᠢ ᠮᠥᠨ᠂   ᠵᠠᠰᠠᠭ᠎ᠤᠨ ᠤᠷᠳᠤᠨ᠎ᠤ ᠤᠯᠠᠨ ᠨᠠᠢ᠌ᠳᠠ ᠵᠢᠨ ᠦᠨᠳᠤᠰᠤᠨ ᠨᠠᠰᠤᠵᠢᠯ᠎ᠤᠨ ᠦᠢ᠍ᠯᠡᠴᠢᠯᠡᠭᠡᠨ᠎ᠤ ᠴᠢᠬᠤᠯᠠ ᠠᠭᠤᠯᠭ᠎ᠠ ᠮᠦᠨ᠃ ᠤᠢ᠌ᠷ᠎ᠠ ᠵᠢᠨ ᠵᠢᠯ᠎ᠳᠤ ᠡᠯ᠎ᠡ ᠭᠠᠵᠠᠷ ᠣᠷᠣᠨ᠎ᠤ᠎ᠬᠢᠨ ᠬᠤᠳᠠ ᠬᠦᠳᠡᠭᠡ ᠵᠢᠨ ᠤᠡᠴᠠ ᠬᠦᠴᠢᠷᠳᠡᠭᠰᠡᠳ᠎ᠢ ᠠᠰᠠᠷᠠᠨ ᠳᠡᠳᠬᠦᠬᠦ ᠪᠠᠢ᠌ᠭᠤᠯᠤᠮᠵᠢ᠎ᠳᠤ ᠪᠡᠯᠡ ᠣᠷᠣᠭᠤᠯᠤᠯᠲᠠ᠎ᠪᠠᠨ ᠲᠠᠰᠤᠷᠠᠯᠳᠠ ᠦᠭᠡᠢ ᠳᠡᠭᠡᠭᠰᠢᠯᠡᠭᠦᠯᠵᠤ᠂ ᠦᠢ᠍ᠯᠡᠴᠢᠯᠡᠭᠡᠨ᠎ᠤ ᠬᠢᠷᠢ ᠳᠦᠪᠰᠢᠨ ᠵᠶ᠋ᠠᠨ ᠳᠠᠰᠤᠷᠠᠯᠲᠠ ᠦᠭᠡᠢ ᠰᠠᠢ᠌ᠵᠢᠷᠠᠭᠤᠯᠤᠭᠰᠠᠨ ᠵᠶ᠋ᠠᠷ ᠤᠡᠴᠠ ᠬᠦᠴᠢᠷᠳᠡᠯ᠎ᠲᠠᠢ ᠬᠦᠮᠤᠰ᠎ᠤᠨ ᠠᠮᠢᠳᠤᠷᠠᠯ᠎ᠤᠨ ᠴᠢᠨᠠᠷ ᠴᠢᠨᠰᠠᠭ᠎ᠠ ᠢᠯᠡᠳᠲᠡ ᠲᠡᠭᠡᠭᠰᠢᠯᠡᠪᠡ᠃   ᠭᠡᠪᠡᠴᠤ ᠤᠡᠴᠠ ᠬᠦᠴᠢᠷᠳᠡᠯ᠎ᠲᠠᠢ ᠬᠦᠮᠤᠰ᠎ᠢ ᠠᠰᠠᠷᠠᠨ ᠲᠡᠳᠬᠦᠬᠦ ᠪᠠᠢ᠌ᠭᠤᠯᠤᠮᠵᠢ ᠵᠢᠨ ᠬᠠᠮᠢᠶᠠᠷᠤᠯᠳᠠ ᠪᠠ ᠦᠢ᠍ᠯᠡᠴᠢᠯᠡᠭᠡᠨ᠎ᠤ ᠠᠵᠢᠯ ᠳᠤᠮᠳᠠ ᠪᠠᠭ᠎ᠠ ᠪᠤᠰᠤ ᠳᠤᠲᠠᠭᠤᠳᠠᠯ ᠤᠷᠤᠰᠢᠵᠤ ᠪᠤᠢ᠃ ᠬᠠᠤᠯᠢ ᠵᠢᠨ ᠬᠦᠮᠤᠨ᠎ᠤ ᠭᠢᠷᠢ ᠭᠡᠮ᠎ᠨᠢ ᠲᠤᠳᠤᠷᠬᠠᠢ ᠦᠭᠡᠢ᠂   ᠬᠠᠮᠢᠶᠠᠷᠤᠯᠳᠠ ᠵᠢᠨ ᠵᠠᠷᠤᠳᠠᠯ᠎ᠨᠢ ᠪᠠᠳᠤᠯᠠᠭ᠎ᠠ ᠦᠭᠡᠢ᠂ ᠦᠢ᠍ᠯᠡᠴᠢᠯᠡᠭᠡᠨ᠎ᠤ   ᠠᠭᠤᠯᠭ᠎ᠠ᠎ᠨᠢ ᠲᠠᠩ   ᠭᠠᠭᠴᠠ ᠪᠤᠶᠤ ᠪᠦᠳᠤᠬᠦᠯᠢᠭ᠂ ᠵᠠᠷᠢᠮ     ᠬᠠᠭᠤᠴᠢᠨ ᠪᠠᠢ᠌ᠭᠤᠯᠤᠮᠵᠢ ᠵᠢᠨ ᠰᠠᠭᠤᠷᠢ ᠪᠦᠳᠤᠭᠡᠨ ᠪᠠᠢ᠌ᠭᠤᠯᠤᠯᠳᠠ ᠵᠢ ᠴᠠᠭ ᠲᠤᠬᠠᠢ᠎ᠳᠤᠨᠢ ᠦᠭᠡᠷᠠᠴᠢᠯᠡᠵᠤ ᠲᠠᠢ᠌ᠯᠬᠦ ᠦᠭᠡᠢ᠂ ᠠᠮᠤᠷ ᠲᠦᠪᠰᠢᠨ᠎ᠤ ᠲᠠᠯ᠎ᠠ᠎ᠪᠠᠷ ᠪᠠᠳᠤᠯᠠᠭ᠎ᠠ ᠦᠭᠡᠢ ᠵᠡᠷᠭᠡ ᠠᠰᠠᠭᠤᠳᠠᠯ ᠤᠷᠤᠰᠢᠵᠤ ᠪᠠᠢ᠌ᠨ᠎ᠠ᠃   ᠡᠳᠡᠭᠡᠷ   ᠠᠰᠠᠭᠤᠳᠠᠯ᠎ᠨᠢ ᠤᠡᠴᠠ ᠬᠦᠴᠢᠷᠳᠡᠭᠰᠡᠳ᠎ᠢ ᠠᠰᠠᠷᠠᠨ ᠲᠡᠳᠬᠦᠬᠦ ᠪᠠᠢ᠌ᠭᠤᠯᠤᠮᠵᠢ ᠵᠢᠨ ᠦᠷᠬᠦᠯᠵᠢᠯᠠᠨ ᠡᠷᠡᠬᠦᠯ ᠵᠢᠨᠷ   ᠭᠦᠭᠵᠢᠬᠦ ᠵᠢ ᠨᠦᠯᠤᠭᠡᠯᠡᠵᠤ ᠪᠠᠢ᠌ᠭ᠎ᠠ ᠶᠤᠮ  ᠃
    2.  〈〈ᠮᠡᠳᠡᠭᠳᠡᠯ〉〉 ᠎ᠳᠤ ᠤᠡᠴᠠ ᠬᠦᠴᠢᠷᠳᠡᠭᠰᠡᠳ᠎ᠢ ᠠᠰᠠᠷᠠᠨ ᠲᠡᠳᠬᠦᠬᠦ ᠪᠠᠢ᠌ᠭᠤᠯᠤᠮᠵᠢ ᠵᠢᠨ ᠶᠠᠮᠠᠷ ᠶᠠᠮᠠᠷ ᠠᠰᠠᠷᠠᠨ ᠲᠡᠳᠬᠦᠬᠦ   ᠠᠭᠤᠯᠭ᠎ᠠ ᠵᠢ ᠲᠣᠳᠣᠷᠬᠠᠢ᠌ᠯᠠᠭᠰᠠᠨ ᠪᠤᠢ?
    ᠲᠦᠷᠤ ᠵᠢᠨ ᠶᠠᠪᠤᠳᠠᠯ᠎ᠤᠨ ᠬᠤᠷᠢᠶᠠᠨ᠎ᠤ 〈〈ᠣᠨᠴᠠ ᠬᠦᠴᠢᠷᠳᠡᠭᠰᠡᠳ᠎ᠢ ᠳᠤᠰᠠᠯᠠᠨ ᠠᠰᠠᠷᠨᠨ ᠲᠡᠳᠬᠦᠬᠦ   ᠲᠦᠷᠢᠮ ᠎ᠢ ᠤᠯᠠᠮ ᠴᠢᠨᠠᠭᠰᠢᠳᠠ ᠲᠡᠬᠦᠯᠳᠡᠷᠵᠢᠬᠦᠯᠬᠦ ᠲᠤᠬᠠᠢ ᠰᠠᠨᠠᠯ〉〉  (ᠤᠯᠤᠰ᠎ᠠᠴᠠ ᠳᠠᠷᠬᠠᠭ᠋ᠠᠭᠰᠠᠨ (2016) 14   ᠳ᠋ᠦ᠍ᠭᠡᠷ   ᠲᠤᠭ᠋ᠠᠳᠤ)   ᠪᠤᠯᠤᠨ ᠦᠪᠡᠷᠳᠡᠭᠡᠨ ᠵᠠᠰᠠᠬᠤ ᠤᠷᠤᠨ᠎ᠤ ᠵᠠᠰᠠᠭ᠎ᠤᠨ ᠤᠷᠳᠤᠨ᠎ᠤ 〈〈ᠤᠡᠴᠠ ᠬᠦᠴᠢᠷᠳᠡᠭᠰᠡᠳ᠎ᠢ ᠳᠤᠰᠠᠯᠠᠨ ᠠᠰᠠᠷᠠᠨ ᠲᠡᠳᠬᠦᠬᠦ   ᠲᠦᠷᠢᠮ ᠎ᠢ ᠤᠯᠠᠮ ᠴᠢᠨᠠᠭᠰᠢᠳᠠ ᠲᠡᠬᠦᠯᠳᠡᠷᠵᠢᠬᠦᠯᠤᠨ ᠭᠡᠷᠡᠭᠵᠢᠬᠦᠯᠬᠦ ᠲᠤᠬᠠᠢ ᠰᠠᠨᠠᠯ〉〉  (ᠦᠪᠤᠷ   ᠵᠠᠰᠠᠭ ᠲᠠᠷᠬᠠᠭ᠋ᠠᠬᠤ[2016]106   ᠳ᠋ᠤᠭ᠋ᠠᠷ   ᠲᠤᠭ᠋ᠠᠳᠤ) ᠎ᠤᠨ ᠱᠠᠭ᠋ᠠᠷᠳᠠᠯᠭ᠎ᠠ ᠶᠤᠰᠤᠭ᠋ᠠᠷ ᠳᠤᠰᠠᠯᠠᠨ ᠠᠰᠠᠷᠠᠨ ᠲᠡᠳᠬᠦᠬᠦ   ᠠᠭᠤᠯᠭ᠎ᠠ᠎ᠪᠠᠨ ᠤᠯᠠᠮ ᠨᠢᠭᠡ ᠠᠯᠬᠤᠮ ᠲᠤᠳᠤᠷᠬᠠᠢ᠌ᠯᠠᠪᠠ᠃
     (1) ᠦᠨᠳᠤᠰᠤᠨ ᠠᠮᠢᠳᠤᠷᠠᠯ᠎ᠤᠨ ᠨᠦᠬᠦᠴᠡᠯ᠎ᠢ ᠬᠠᠩᠭ᠋ᠠᠨ᠎ᠠ᠃ ᠠᠮᠤ ᠲᠤᠰᠤ᠂   ᠬᠤᠯᠢᠰᠢᠨ ᠢᠳᠡᠭᠡᠨ᠂ ᠠᠮᠢᠳᠤᠷᠠᠯ᠎ᠳᠤ ᠭᠡᠷᠡᠭᠯᠡᠬᠦ ᠲᠦᠯᠡᠰᠢ ᠬᠤᠪᠴᠠᠰᠤ ᠬᠤᠨᠠᠷ᠂ ᠤᠷᠦ ᠲᠡᠪᠢᠰᠭᠡᠷ ᠵᠡᠷᠭᠡ ᠡᠳᠦᠷ ᠲᠤᠳᠤᠮ᠎ᠤᠨ ᠭᠡᠷᠡᠭᠯᠡᠭᠡᠨ᠎ᠤ ᠵᠤᠢ᠌ᠯ ᠪᠠ ᠠᠷᠰᠠᠷ     ᠵᠠᠷᠤᠬᠤ ᠵᠤᠭᠤᠰ ᠮᠦᠩᠬᠦ ᠬᠠᠩᠭ᠋ᠠᠨ᠋ ᠦᠭᠬᠦᠨ᠎ᠡ᠃ ᠡᠳᠡᠭᠡᠷ᠎ᠢ   ᠪᠤᠳᠠᠰ ᠪᠤᠶᠤ ᠪᠡᠯᠡ ᠮᠦᠩᠬᠦ ᠦᠭᠬᠦ ᠭᠡᠯᠪᠡᠷᠢ᠎ᠪᠠᠷ ᠪᠠᠳᠤᠯᠠᠬᠤ ᠪᠤᠯᠤᠨ᠎ᠠ᠃
  (2)ᠠᠮᠢᠳᠤᠷᠠᠯ᠎ᠳᠤ᠎ᠪᠠᠨ ᠵᠦᠪ   ᠦᠭᠡᠢ ᠬᠦᠮᠤᠰ᠎ᠲᠤ ᠬᠠᠷᠠᠭ᠋ᠠᠯᠵᠠᠯᠠᠯ ᠦᠵᠡᠬᠦᠯᠤᠨ᠎ᠠ᠃ ᠡᠳᠤᠷ ᠲᠤᠳᠤᠮ᠎ᠤᠨ   ᠠᠮᠢᠳᠤᠷᠠᠯ ᠪᠠ ᠡᠮᠨᠡᠯᠭᠡ᠎ᠳᠤ ᠰᠠᠭᠤᠬᠤ ᠵᠡᠷᠭᠡ ᠬᠤᠭᠤᠴᠠᠭ᠋ᠠᠨ᠎ᠳᠤ᠎ᠬᠢ ᠦᠨᠳᠤᠰᠤᠨ ᠦᠢ᠍ᠯᠡᠴᠢᠯᠡᠭᠡᠨ᠎ᠤ ᠬᠠᠷᠠᠭ᠋ᠠᠯᠵᠠᠯᠠᠯ ᠎ᠢ ᠪᠠᠳᠤᠯᠠᠨ᠎ᠠ᠃  
  (3)ᠡᠪᠡᠳᠴᠢᠨ ᠠᠷᠬᠠᠭ᠎ᠲᠤ᠎ᠨᠢ ᠵᠠᠰᠠᠯᠭ᠎ᠠ ᠬᠠᠩᠭ᠋ᠠᠨ᠎ᠡ᠃   ᠬᠤᠳᠠ ᠬᠦᠳᠡᠭᠡ ᠵᠢᠨ ᠰᠠᠭᠤᠭ᠋ᠠᠯᠢ ᠠᠷᠠᠤᠨ᠎ᠤᠨ ᠦᠨᠳᠤᠰᠤᠨ ᠡᠮ ᠡᠮᠨᠡᠯᠭᠡ ᠵᠢᠨ ᠲᠠᠭ᠋ᠠᠳᠬᠠᠯ᠎ᠤᠨ ᠬᠤᠪᠢ ᠬᠦᠮᠤᠨ᠎ᠤ ᠲᠤᠰᠢᠶᠠᠬᠤ ᠵᠠᠷᠤᠳᠠᠯ᠎ᠢ ᠪᠦᠬᠦᠨ᠎ᠢ᠎ᠨᠢ ᠪᠤᠳᠤᠵᠤ ᠦᠭᠬᠦᠨ᠎ᠡ᠃   ᠡᠮ ᠡᠮᠨᠡᠯᠭᠡ ᠵᠢᠨ ᠵᠠᠷᠤᠳᠠᠯ ᠎ᠤᠨ ᠲᠠᠯ᠎ᠠ᠎ᠪᠠᠷ ᠦᠨᠳᠤᠰᠤᠨ ᠡᠮ ᠡᠮᠨᠡᠯᠭᠡ ᠵᠢᠨ ᠲᠠᠭ᠋ᠠᠳᠬᠠᠯ᠂   ᠬᠦᠨᠳᠤ ᠡᠪᠡᠳᠴᠢᠨ ᠎ᠤ ᠲᠠᠭ᠋ᠠᠳᠬᠠᠯ ᠪᠤᠯᠤᠨ   ᠡᠮ ᠡᠮᠨᠡᠯᠭᠡ ᠵᠢᠨ ᠳᠤᠰᠠᠯᠠᠮᠵᠢ ᠵᠡᠷᠭᠡ ᠡᠮ ᠡᠮᠨᠡᠯᠭᠡ ᠵᠢᠨ ᠪᠠᠲᠤᠯᠠᠭ᠋ᠠᠨ᠎ᠤ ᠳᠦᠷᠢᠮ ᠳᠣᠭᠲᠠᠭ᠋ᠠᠯ ᠶᠤᠰᠤᠭ᠋ᠠᠷ ᠪᠤᠳᠤᠵᠤ ᠦᠭᠬᠦᠭᠰᠡᠨ᠎ᠤ ᠲᠠᠷᠠᠭ᠎ᠠ   ᠦᠯᠡᠳᠡᠭᠰᠡᠨ ᠭᠡᠰᠡᠭ᠎ᠢ᠎ᠨᠢ ᠳᠤᠰᠠᠯᠠᠨ ᠠᠰᠠᠷᠠᠨ ᠲᠡᠳᠬᠦᠬᠦ ᠵᠠᠷᠤᠳᠠᠯ᠎ᠠᠴᠠ ᠪᠤᠳᠤᠵᠤ ᠦᠭᠬᠦᠨ᠎ᠡ᠃
    (4) ᠤᠷᠤᠰᠢᠭᠤᠯᠭ᠎ᠠ ᠵᠢᠨ ᠤᠴᠢᠷ ᠶᠠᠪᠤᠳᠠᠯ᠎ᠢ᠎ᠨᠢ ᠬᠠᠷᠢᠭᠤᠴᠠᠨ᠎ᠠ᠃ ᠤᠡᠴᠠ ᠬᠦᠴᠢᠷᠳᠡᠯ᠎ᠲᠠᠢ ᠬᠦᠮᠤᠰ᠎ᠤᠨ ᠨᠠᠰᠤ ᠨᠦᠭᠴᠢᠭᠰᠡᠨ᠎ᠤ ᠲᠠᠷᠠᠭ᠋ᠠᠭᠢ ᠤᠷᠤᠰᠢᠭᠤᠯᠭ᠎ᠠ ᠵᠢᠨ ᠤᠴᠢᠷ ᠶᠠᠪᠤᠳᠠᠯ ᠎ᠢ ᠲᠦᠪᠯᠡᠷᠡᠬᠦᠯᠤᠨ ᠠᠰᠠᠷᠠᠨ ᠲᠡᠳᠬᠦᠵᠤ ᠪᠠᠢ᠌ᠭᠰᠠᠨ     ᠦᠢ᠍ᠯᠡᠴᠢᠯᠡᠭᠡᠨ᠎ᠤ ᠪᠠᠢ᠌ᠭᠤᠯᠤᠮᠵᠢ ᠬᠠᠷᠢᠭᠤᠴᠠᠵᠤ᠂ ᠰᠠᠯᠤᠩᠬᠢ ᠠᠰᠠᠷᠠᠨ ᠳᠡᠳᠬᠦᠵᠤ ᠪᠠᠢ᠌ᠭ᠎ᠠ ᠵᠢ᠎ᠨᠢ ᠰᠤᠮᠤ ᠰᠢᠶᠠᠩ ᠪᠠᠯᠭ᠋ᠠᠰᠤᠨ᠎ᠤ   ᠵᠠᠰᠠᠭ᠎ᠤᠨ ᠤᠷᠳᠤᠨ (ᠵᠡᠭᠡᠯᠢ ᠵᠢᠨ ᠬᠡᠷᠡᠭ ᠡᠷᠭᠢᠯᠡᠬᠦ ᠭᠠᠵᠠᠷ)᠎ᠠᠴᠠ ᠭᠠᠴᠠᠭ᠎ᠠ ᠲᠤᠰᠬᠤᠨ (ᠰᠠᠭᠤᠭ᠋ᠠᠯᠢ ᠠᠷᠠᠤᠨ)᠎ᠤ ᠵᠦᠪᠯᠡᠯ ᠪᠤᠶᠤ ᠤᠢ᠌ᠷ᠎ᠠ ᠰᠡᠳᠤᠨ ᠎ᠳᠤᠨᠢ ᠨᠠᠢ᠌ᠳᠠᠵᠤ ᠰᠢᠢ᠍ᠳᠪᠤᠷᠢᠯᠡᠨ᠎ᠡ᠃ ᠤᠷᠤᠰᠢᠭᠤᠯᠭ᠎ᠠ ᠵᠢᠨ ᠵᠠᠷᠤᠳᠠᠯ᠎ᠢ ᠠᠰᠠᠷᠠᠨ ᠲᠡᠳᠬᠦᠬᠦ   ᠵᠠᠷᠤᠳᠠᠯ᠎ᠠᠴᠠ ᠭᠠᠷᠭ᠋ᠠᠨ᠎ᠠ᠃
    3.  〈〈  ᠮᠡᠳᠡᠭᠳᠡᠯ〉〉᠎ᠳᠤ ᠳᠤᠰᠠᠯᠠᠨ ᠠᠰᠠᠷᠠᠨ ᠲᠡᠳᠬᠦᠬᠦ ᠲᠠᠯ᠎ᠠ᠎ᠪᠠᠷ ᠶᠠᠮᠠᠷ ᠶᠠᠮᠠᠷ ᠪᠠᠷᠢᠮᠵᠢᠶ᠎ᠠ ᠵᠢ ᠲᠤᠳᠤᠷᠬᠠᠢ᠌ᠯᠠᠭᠰᠠᠨ   ᠪᠤᠢ?
       (1) ᠦᠨᠳᠤᠰᠤᠨ ᠠᠮᠢᠳᠤᠷᠠᠯ᠎ᠤᠨ ᠪᠠᠷᠢᠮᠵᠢᠶ᠎ᠠ᠎ᠨᠢ ᠣᠨᠴᠠ ᠬᠦᠴᠢᠷᠳᠡᠯ᠎ᠲᠠᠢ ᠬᠦᠮᠤᠰ᠎ᠤᠨ ᠦᠨᠳᠤᠰᠤᠨ ᠠᠮᠢᠳᠤᠷᠠᠯ᠎ᠤᠨ ᠭᠡᠷᠡᠭᠴᠡᠭᠡ ᠵᠢ ᠬᠠᠩᠭ᠋ᠠᠭᠰᠠᠨ ᠪᠠᠢ᠌ᠬᠤ ᠬᠡᠷᠡᠭᠲᠠᠢ᠂ ᠲᠤᠬᠠᠢ ᠵᠢᠨ ᠭᠠᠵᠠᠷ᠎ᠤᠨ ᠬᠤᠳᠠ ᠬᠦᠳᠡᠭᠡ ᠵᠢᠨ ᠰᠠᠭᠤᠭ᠋ᠠᠯᠢ ᠠᠷᠠᠤᠨ ᠎ᠤᠨ   ᠨᠠᠭ᠋ᠠᠳᠤ ᠵᠠᠬ᠎ᠠ ᠵᠢᠨ ᠠᠮᠢᠳᠤᠷᠠᠯ᠎ᠤᠨ ᠪᠠᠲᠤᠯᠠᠭ᠎ᠠ   ᠵᠢᠨ ᠪᠠᠷᠢᠮᠵᠢᠶ ᠎ᠠ ᠵᠢᠨ 1.3 ᠲᠠᠭᠢᠨ᠎ᠠᠴᠠ ᠳᠣᠣᠷ᠎ᠠ   ᠪᠠᠢ᠌ᠯᠭ᠋ᠠᠵᠤ   ᠪᠤᠯᠬᠤ ᠦᠭᠡᠢ᠃
         (2)   ᠬᠠᠷᠠᠭ᠋ᠠᠯᠵᠠᠨ   ᠰᠤᠪᠢᠯᠠᠬᠤ   ᠪᠠᠷᠢᠮᠵᠢᠶ᠎ᠠ ᠵᠢ ᠤᠡᠴᠠ ᠬᠦᠴᠢᠷᠳᠡᠯ᠎ᠲᠠᠢ ᠬᠦᠮᠤᠰ᠎ᠤᠨ ᠠᠮᠢᠳᠤᠷᠠᠯ ᠵᠶ᠋ᠠᠨ   ᠦᠪᠡᠷ ᠵᠶ᠋ᠠᠨ ᠠᠷᠭ᠋ᠠᠴᠠᠭ᠋ᠠᠬᠤ ᠴᠢᠳᠠᠪᠤᠷᠢ ᠪᠠ ᠦᠢ᠍ᠯᠡᠴᠢᠯᠡᠭᠡ ᠵᠢᠨ ᠱᠠᠭ᠋ᠠᠷᠳᠠᠯᠭ᠎ᠠ ᠵᠢ᠎ᠨᠢ ᠦᠨᠳᠤᠰᠤᠯᠠᠵᠤ᠂ ᠠᠳᠠᠯᠢ ᠪᠤᠰᠤ ᠵᠢᠨ ᠦᠢ᠍ᠯᠡᠴᠢᠯᠡᠭᠡ ᠬᠠᠩᠭ᠋ᠠᠵᠤ᠂ ᠲᠤᠬᠠᠢ ᠵᠢᠨ ᠭᠠᠵᠠᠷ᠎ᠤᠨ ᠵᠶ᠋ᠠᠨ ᠲᠦᠷᠤᠭᠦᠤ ᠵᠢᠯ᠎ᠤᠨ ᠬᠠᠮᠤᠭ᠎ᠤᠨ ᠲᠤᠤᠷ᠎ᠠ ᠴᠠᠯᠢᠩ᠎ᠤᠨ ᠵᠤᠭᠢᠬᠤ ᠬᠠᠷᠢᠴᠠᠯ ᠵᠢᠨᠷ ᠲᠡᠰ ᠬᠤᠪᠢᠶᠠᠨ ᠲᠤᠭᠳᠠᠭ᠋ᠠᠨ᠎ᠠ᠃ ᠵᠠᠷᠴᠢᠮ ᠲᠡᠭᠡᠷ᠎ᠡ᠎ᠪᠠᠨ ᠠᠮᠢᠳᠤᠷᠠᠯ ᠵᠶ᠋ᠠᠨ ᠠᠷᠭ᠋ᠠᠴᠠᠭ᠋ᠠᠬᠤ ᠴᠢᠳᠠᠪᠤᠷᠢ᠎ᠪᠠᠨ ᠭᠡᠰᠡᠭ᠎ᠢ᠎ᠨᠢ ᠠᠯᠳᠠᠭᠰᠠᠳ ᠪᠠ ᠪᠦᠷᠢᠮᠤᠰᠤᠨ ᠠᠯᠳᠠᠭᠰᠠᠤᠨ᠎ᠤᠨ ᠬᠠᠷᠠᠭ᠋ᠠᠯᠵᠠᠨ ᠰᠤᠪᠢᠯᠠᠬᠤ ᠪᠠᠷᠢᠮᠵᠢᠶ᠎ᠠ ᠵᠢ ᠲᠤᠰ ᠲᠤᠰ ᠲᠦᠷᠤᠬᠦᠤ ᠵᠢᠯ᠎ᠤᠨ   ᠪᠦᠬᠦ ᠤᠷᠤᠨ ᠎ᠤ   ᠲᠡᠭᠰᠢᠳᠭᠡᠭᠰᠡᠨ   ᠬᠠᠮᠤᠭ ᠲᠤᠤᠷ᠎ᠠ ᠴᠠᠯᠢᠩ ᠎ᠤᠨ ᠪᠠᠷᠢᠮᠵᠢᠶ᠎ᠠ   ᠵᠢᠨ 25%   ᠪᠠ   65%  ᠎ᠪᠠᠷ ᠲᠤᠭᠳᠠᠭ᠋ᠠᠨ᠎ᠠ᠃ ᠡᠬᠦᠨ᠎ᠢ ᠬᠤᠰᠢᠭᠤ ᠰᠢᠶᠠᠨ (ᠬᠤᠳᠠ ᠲᠤᠭᠤᠷᠢᠭ)  ᠎ᠤ ᠠᠷᠠᠤᠨ᠎ᠤᠨ ᠵᠠᠰᠠᠭ᠎ᠤᠨ ᠤᠷᠳᠤᠨ᠎ᠨᠢ   ᠲᠤᠬᠠᠢ ᠵᠢᠨ   ᠭᠠᠵᠠᠷ᠎ᠤᠨ ᠠᠵᠤ ᠠᠬᠤᠢ ᠵᠢᠨ ᠬᠦᠭᠵᠢᠯᠳᠡ ᠵᠢᠨ ᠬᠢᠷᠢ ᠬᠡᠮᠵᠢᠶ᠎ᠡ  ᠂   ᠡᠳ᠋ ᠮᠦᠩᠭᠦ ᠵᠢᠨ ᠵᠶ᠋ᠠᠨ ᠪᠠᠢ᠌ᠳᠠᠯ ᠪᠤᠯᠤᠨ ᠤᠨᠴᠡ   ᠬᠦᠴᠢᠷᠳᠡᠯ᠎ᠲᠠᠢ ᠬᠦᠮᠤᠰ᠎ᠤᠨ ᠦᠨᠡᠨ ᠪᠣᠳᠠᠲᠠᠢ ᠬᠠᠷᠠᠭ᠋ᠠᠯᠵᠠᠨ ᠰᠤᠪᠢᠯᠠᠬᠤ ᠱᠠᠭ᠋ᠠᠷᠳᠠᠯᠭ᠎ᠠ ᠵᠢ ᠦᠨᠳᠤᠰᠤᠯᠠᠨ ᠲᠤᠭᠳᠠᠭ᠋ᠠᠨ᠎ᠠ᠃
     4. 〈〈ᠮᠡᠳᠡᠭᠳᠡᠯ〉〉᠎ᠳᠤ ᠠᠰᠠᠷᠠᠨ ᠲᠡᠳᠬᠦᠬᠦ ᠦᠢ᠍ᠯᠡᠴᠢᠯᠡᠭᠡᠨ᠎ᠤ ᠪᠠᠢ᠌ᠭᠤᠯᠤᠮᠵᠢ ᠵᠢᠨ ᠬᠠᠮᠢᠶᠠᠷᠤᠯᠳᠠ ᠵᠢ ᠠᠯᠢ ᠠᠯᠢ ᠲᠠᠯ᠎ᠠ᠎ᠪᠠᠷ ᠴᠢᠩᠭ᠋ᠠᠳᠬᠠᠬᠤ ᠬᠡᠷᠡᠭᠲᠠᠢ ᠭᠡᠰᠡᠨ ᠪᠤᠢ?  
      ᠨᠢᠭᠡ᠎ᠳᠤ᠂ ᠠᠰᠠᠷᠠᠨ ᠲᠡᠳᠬᠦᠬᠦ ᠦᠢ᠍ᠯᠡᠴᠢᠯᠡᠭᠡᠨ᠎ᠤ   ᠪᠠᠢ᠌ᠭᠤᠯᠤᠮᠵᠢ ᠵᠢᠨ ᠬᠠᠤᠯᠢ ᠵᠢᠨ ᠬᠦᠮᠤᠨ᠎ᠢ ᠬᠠᠤᠯᠢ ᠶᠤᠰᠤᠭ᠋ᠠᠷ ᠲᠠᠩᠰᠠᠯᠠᠵᠤ᠂ ᠵᠠᠰᠠᠭ᠎ᠤᠨ ᠤᠷᠳᠤᠨ᠎ᠤ ᠪᠡᠯᠡ ᠣᠷᠣᠭᠤᠯᠤᠯᠲᠠ᠎ᠪᠠᠷ ᠭᠣᠣᠯᠳᠠᠯᠭ᠎ᠠ ᠪᠤᠯᠭ᠋ᠠᠨ᠂   ᠤᠯᠤᠰ ᠭᠡᠷ᠎ᠤᠨ ᠡᠳ᠋ ᠬᠦᠷᠤᠩᠭᠡ ᠵᠢ ᠠᠰᠢᠭᠯᠠᠨ ᠠᠰᠠᠷᠠᠨ ᠲᠡᠳᠬᠦᠬᠦ   ᠦᠢ᠍ᠯᠡᠴᠢᠯᠡᠭᠡᠨ᠎ᠤ ᠪᠠᠢ᠌ᠭᠤᠯᠤᠮᠵᠢ ᠵᠢ ᠡᠷᠭᠢᠯᠡᠵᠤ᠂ 〈〈ᠠᠵᠢᠯ ᠦᠢ᠍ᠯᠡᠰ᠎ᠤᠨ ᠨᠢᠭᠡᠴᠢ ᠵᠢᠨ   ᠲᠠᠩᠰᠠᠯᠠᠯᠳᠠ ᠬᠠᠮᠢᠶᠠᠷᠤᠯᠳᠠ ᠵᠢᠨ ᠲᠦᠷ ᠭᠡᠷᠡᠭᠵᠢᠬᠦᠯᠬᠦ   ᠳᠦᠷᠢᠮ〉〉᠎ᠤᠨ ᠬᠠᠮᠢᠶ᠎ᠠ ᠪᠦᠬᠦᠢ ᠲᠤᠭᠳᠠᠭ᠋ᠠᠯ ᠵᠢᠨᠷ ᠠᠵᠢᠯ ᠦᠢ᠍ᠯᠡᠰ᠎ᠤᠨ ᠨᠢᠭᠡᠴᠢ   ᠵᠢᠨ   ᠬᠠᠤᠯᠢ ᠵᠢᠨ ᠬᠦᠮᠤᠨ᠎ᠤ ᠲᠠᠩᠰᠯᠠᠯᠳᠠ ᠬᠠᠮᠢᠶᠠᠷᠤᠯᠳᠠ ᠵᠢ ᠭᠡᠷᠡᠭᠵᠢᠬᠦᠯᠤᠨ᠎ᠡ᠃
      ᠬᠤᠶᠠᠷ᠎ᠲᠤ᠂ ᠠᠰᠠᠷᠠᠨ ᠲᠡᠳᠬᠦᠬᠦ ᠦᠢ᠍ᠯᠡᠴᠢᠯᠡᠭᠡᠨ᠎ᠤ ᠪᠠᠢ᠌ᠭᠤᠯᠤᠮᠵᠢ ᠵᠢᠨ ᠲᠤᠨᠤᠭ ᠲᠦᠬᠦᠭᠡᠷᠦᠮᠵᠢ ᠵᠢ ᠦᠭᠡᠷᠡᠴᠢᠯᠠᠨ   ᠰᠠᠢ᠌ᠵᠢᠷᠠᠭᠤᠯᠤᠨ᠎ᠠ᠃ ᠲᠤᠬᠠᠢ ᠵᠢᠨ ᠭᠠᠵᠠᠷ ᠤᠷᠤᠨ᠎ᠤ ᠎ᠪᠠᠨ ᠤᠡᠴᠠ ᠬᠦᠴᠢᠷᠳᠡᠯ᠎ᠲᠠᠢ ᠬᠦᠮᠤᠰ᠎ᠤᠨ ᠠᠰᠠᠷᠠᠨ ᠲᠡᠳᠬᠦᠬᠦ   ᠦᠢ᠍ᠯᠡᠴᠢᠯᠡᠭᠡᠨ᠎ᠤ ᠪᠠᠢ᠌ᠭᠤᠯᠤᠮᠵᠢ ᠵᠢᠨ ᠲᠤᠨᠤᠭ ᠲᠦᠬᠦᠭᠡᠷᠦᠮᠵᠢ ᠵᠢ   ᠦᠭᠡᠷᠡᠴᠢᠯᠡᠨ ᠰᠠᠢ᠌ᠵᠢᠷᠠᠭᠤᠯᠵᠤ᠂   ᠤᠡᠴᠠ ᠬᠦᠴᠢᠷᠳᠡᠯ᠎ᠲᠠᠢ ᠬᠦᠮᠤᠰ᠎ᠢ ᠠᠰᠠᠷᠠᠨ ᠲᠡᠳᠬᠦᠬᠦ ᠪᠠᠢ᠌ᠭᠤᠯᠤᠮᠵᠢ᠎ᠳᠤ ᠲᠡᠰ ᠲᠤᠭᠳᠠᠭ᠋ᠠᠬᠤ ᠠᠵᠢᠯ᠎ᠢ ᠬᠢᠵᠤ᠂   ᠭᠤᠤᠯᠴᠢᠯᠠᠨ ᠬᠠᠮᠢᠶᠠᠷᠬᠤ ᠬᠠᠮᠢᠶ᠎ᠠ ᠪᠦᠬᠦᠢ ᠰᠠᠯᠠᠭ᠎ᠠ ᠮᠦᠴᠢᠷ᠎ᠲᠠᠢ ᠬᠠᠷᠢᠭᠤᠴᠠᠯᠭ᠎ᠠ ᠵᠢᠨ ᠪᠢᠴᠢᠭ ᠲᠤᠭᠳᠠᠨ᠎ᠠ᠃
    ᠭᠤᠷᠪᠡ᠎ᠳᠤ᠂ ᠠᠰᠠᠷᠠᠨ ᠲᠡᠳᠬᠦᠬᠦ ᠦᠢ᠍ᠯᠡᠴᠢᠯᠡᠭᠡᠨ᠎ᠤ ᠪᠠᠢ᠌ᠭᠤᠯᠤᠮᠵᠢ ᠵᠢᠨ ᠡᠳᠤᠷ ᠲᠤᠳᠤᠮ᠎ᠤᠨ ᠡᠵᠡᠩᠨᠡᠯᠳᠠ ᠬᠠᠮᠢᠶᠠᠷᠤᠯᠳᠠ ᠵᠢ ᠲᠦᠷᠢᠮᠵᠢᠬᠦᠯᠤᠨ᠎ᠠ᠃ ᠠᠰᠠᠷᠠᠨ ᠲᠡᠳᠬᠦᠬᠦ ᠦᠢ᠍ᠯᠡᠴᠢᠯᠡᠭᠡᠨ᠎ᠤ ᠪᠠᠢ᠌ᠭᠤᠯᠤᠮᠵᠢ ᠵᠢᠨ ᠡᠳᠤᠷ ᠲᠤᠳᠤᠮ᠎ᠤᠨ ᠡᠵᠡᠩᠨᠡᠯᠳᠠ   ᠬᠠᠮᠢᠶᠠᠷᠤᠯᠳᠠ ᠵᠢ ᠲᠦᠷᠢᠮᠵᠢᠬᠦᠯᠵᠤ᠂   ᠠᠮᠤᠷ ᠲᠦᠪᠰᠢᠨ᠎ᠤ ᠬᠠᠮᠢᠶᠠᠷᠤᠯᠳᠠ ᠵᠢᠨ ᠳᠦᠷᠢᠮ ᠪᠠ ᠪᠠᠴᠢᠮ ᠶᠠᠪᠤᠳᠠᠯ᠎ᠢ ᠰᠢᠢ᠍ᠳᠪᠤᠷᠢᠯᠡᠬᠦ   ᠲᠦᠰᠤᠪ᠂   ᠦᠢ᠍ᠯᠡᠴᠢᠯᠡᠭᠡᠨ᠎ᠤ ᠲᠦᠷᠢᠮᠵᠢᠬᠦᠯᠤᠯᠳᠠ᠂   ᠠᠵᠢᠯ᠎ᠤᠨ ᠪᠠᠢ᠌ᠷᠢ ᠵᠢᠨ ᠲᠦᠷᠢᠮᠵᠢᠬᠦᠯᠤᠯᠳᠠ ᠵᠡᠷᠭᠡ ᠵᠢ ᠪᠠᠭᠳᠠᠭ᠋ᠠᠭᠰᠠ ᠦᠢ᠍ᠯᠡᠴᠢᠯᠡᠭᠡ ᠬᠠᠮᠢᠶᠠᠷᠤᠯᠳᠠ ᠵᠢᠨ ᠰᠢᠰᠲᠸᠮ᠎ᠢ ᠪᠠᠢ᠌ᠭᠤᠯᠤᠨ ᠲᠡᠬᠦᠯᠳᠠᠷᠵᠢᠬᠦᠯᠤᠨ᠎ᠠ  ᠃
    ᠳᠦᠷᠪᠠ ᠎ᠳᠤ᠂   ᠨᠦᠬᠦᠴᠡᠯ᠎ᠲᠠᠢ ᠠᠰᠠᠷᠠᠨ ᠲᠡᠳᠬᠦᠬᠦ ᠦᠢ᠍ᠯᠡᠴᠢᠯᠡᠭᠡᠨ᠎ᠤ ᠪᠠᠢ᠌ᠭᠤᠯᠤᠮᠵᠢ᠎ᠨᠢ ᠡᠮᠴᠢᠯᠡᠭᠡᠨ᠎ᠤ ᠲᠠᠰᠤᠭ     ᠪᠠ ᠰᠤᠪᠢᠯᠠᠬᠤ   ᠦᠷᠲᠡᠭᠡ   ᠭᠠᠷᠭ᠋ᠠᠬᠤ ᠵᠢ   ᠵᠤᠷᠢᠭᠵᠢᠭᠤᠯᠵᠤ᠂   ᠰᠤᠪᠢᠯᠠᠯᠳᠠ ᠵᠢᠨ   ᠲᠤᠰᠬᠠᠢ ᠲᠤᠭᠤᠷᠢᠭ  ᠂   ᠰᠤᠪᠢᠯᠠᠯᠳᠠ ᠵᠢᠨ ᠤᠷᠦ ᠬᠠᠩᠭ᠋ᠠᠬᠤ   ᠵᠡᠷᠭᠡ ᠭᠡᠯᠪᠡᠷᠢ᠎ᠪᠠᠷ   ᠰᠤᠪᠢᠯᠠᠯᠳᠠ ᠵᠢᠨ ᠦᠢ᠍ᠯᠡᠴᠢᠯᠡᠭᠡᠨ᠎ᠤ ᠴᠢᠳᠠᠪᠤᠷᠢ ᠎ᠪᠠᠨ   ᠲᠡᠬᠦᠯᠳᠡᠷᠵᠢᠬᠦᠯᠵᠤ᠂ ᠠᠰᠠᠷᠠᠨ   ᠲᠡᠳᠬᠦᠬᠦ ᠡᠳᠡᠭᠡᠤᠨ ᠎ᠲᠤ ᠤᠯᠠᠨ ᠭᠡᠯᠪᠡᠷᠢ ᠵᠢᠨ ᠬᠠᠷᠠᠭ᠋ᠠᠯᠵᠠᠨ   ᠰᠤᠪᠢᠯᠠᠬᠤ   ᠦᠢ᠍ᠯᠡᠴᠢᠯᠡᠭᠡᠨ ᠬᠠᠩᠭ᠋ᠠᠬᠤ ᠵᠢ ᠵᠤᠷᠢᠭᠵᠢᠭᠤᠯᠤᠨ᠎ᠠ᠃
    5᠂   〈〈ᠮᠡᠳᠡᠭᠳᠡᠯ〉〉 ᠎ᠳᠤ   ᠶᠠᠮᠠᠷ ᠶᠠᠮᠠᠷ ᠪᠡᠯᠡ ᠮᠦᠩᠬᠦ ᠵᠢᠨ ᠪᠠᠲᠤᠯᠠᠭ᠋ᠠᠨ᠎ᠤ ᠲᠤᠭᠳᠠᠴᠠ᠎ᠲᠠᠢ ᠪᠤᠯᠤᠭᠰᠠᠨ ᠪᠤᠢ?
    ᠨᠢᠭᠡ ᠲᠠᠯ᠎ᠠ  ᠎ᠪᠠᠷ   ᠠᠢ᠌ᠮᠠᠭ ᠬᠤᠳᠠ᠂   ᠬᠤᠰᠢᠭᠤ ᠰᠢᠶᠠᠨ (ᠬᠤᠳᠠ᠂   ᠲᠤᠭᠤᠷᠢᠭ)  ᠎ᠨᠢ   ᠵᠠᠰᠠᠭ᠎ᠤᠨ ᠤᠷᠳᠤᠨ᠎ᠠᠴᠠ   ᠪᠠᠢ᠌ᠭᠤᠯᠤᠭᠰᠠᠨ ᠠᠰᠠᠷᠠᠨ ᠲᠡᠳᠬᠦᠬᠦ ᠦᠢ᠍ᠯᠡᠴᠢᠯᠡᠭᠡᠨ᠎ᠤ ᠪᠠᠢ᠌ᠭᠤᠯᠤᠮᠵᠢ ᠵᠢᠨ   ᠡᠵᠡᠩᠨᠡᠯᠳᠠ ᠵᠢᠨ ᠵᠠᠷᠤᠳᠠᠯ᠂   ᠤᠡᠴᠠ ᠬᠦᠴᠢᠷᠳᠡᠯ᠎ᠲᠠᠢ ᠬᠦᠮᠤᠰ᠎ᠢ   ᠬᠠᠪᠰᠤᠷᠤᠨ ᠠᠰᠠᠷᠠᠨ ᠲᠡᠳᠬᠦᠬᠦ ᠭᠠᠵᠠᠷ᠎ᠤᠨ ᠵᠠᠷᠤᠳᠠᠯ ᠮᠦᠩᠬᠦ ᠵᠢ ᠡᠳ᠋᠎ᠤᠨ ᠵᠠᠰᠠᠭ ᠵᠢᠨ ᠲᠦᠰᠤᠪ᠎ᠲᠤ   ᠤᠷᠤᠭᠤᠯᠬᠤ ᠭᠡᠷᠡᠭᠳᠡᠢ᠃   ᠨᠦᠬᠦᠭᠡ ᠲᠠᠯ᠎ᠠ᠎ᠪᠠᠷ ᠬᠤᠰᠢᠭᠤ ᠰᠢᠶᠠᠨ  (ᠬᠤᠳᠠ᠂   ᠲᠤᠭᠤᠷᠢᠭ)  ᠎ᠨᠢ ᠲᠤᠰᠬᠠᠢ ᠵᠠᠷᠤᠳᠠᠯ ᠮᠦᠩᠬᠦ ᠲᠤᠬᠢᠷᠠᠭᠤᠯᠵᠤ᠂ ᠠᠰᠠᠷᠠᠨ ᠲᠡᠳᠬᠦᠬᠦ ᠦᠢ᠍ᠯᠡᠴᠢᠯᠡᠭᠡᠨ᠎ᠤ ᠪᠠᠢ᠌ᠭᠤᠯᠤᠮᠵᠢ ᠵᠢᠨ ᠬᠡᠪ᠎ᠤᠨ ᠡᠵᠡᠩᠨᠡᠯᠳᠠ ᠵᠢ ᠪᠠᠳᠤᠯᠠᠵᠤ᠂   ᠤᠡᠴᠠ   ᠬᠦᠴᠢᠷᠳᠡᠯ᠎ᠲᠠᠢ ᠬᠦᠮᠤᠰ᠎ᠢ ᠬᠠᠪᠰᠤᠷᠤᠨ ᠠᠰᠠᠷᠠᠨ ᠲᠡᠳᠬᠦᠬᠦ ᠵᠠᠷᠤᠳᠠᠯ   ᠮᠦᠩᠬᠦ ᠵᠢ ᠪᠠᠢ᠌ᠭᠤᠯᠤᠮᠵᠢ ᠵᠢᠨ ᠡᠵᠡᠩᠨᠡᠯᠳᠠ ᠵᠢᠨ ᠵᠠᠷᠤᠳᠠᠯ ᠮᠦᠩᠬᠦ   ᠪᠤᠯᠭ᠋ᠠᠬᠤ ᠵᠢ ᠡᠷᠡᠰ ᠲᠡᠪᠴᠢᠬᠦ ᠭᠡᠷᠡᠭᠳᠡᠢ᠃
     6᠂  〈〈ᠮᠡᠳᠡᠭᠳᠡᠯ〉〉 ᠎ᠳᠤ ᠠᠰᠠᠷᠠᠨ ᠲᠡᠳᠬᠦᠬᠦ ᠪᠠᠢ᠌ᠭᠤᠯᠤᠮᠵᠢ ᠵᠢᠨ ᠦᠢ᠍ᠯᠡᠴᠢᠯᠡᠭᠡᠨ᠎ᠤ   ᠭᠢᠷᠢ ᠳᠦᠪᠰᠢᠨ᠎ᠢ ᠠᠯᠢ ᠠᠯᠢ ᠲᠠᠯ᠎ᠠ  ᠎ᠪᠠᠷ ᠲᠡᠭᠡᠭᠰᠢᠯᠡᠬᠦᠯᠬᠦ   ᠭᠡᠷᠡᠭᠳᠡᠢ ᠭᠡᠵᠤ ᠱᠠᠭ᠋ᠠᠷᠳᠠᠭᠰᠠᠨ ᠪᠤᠢ?
     〈〈  ᠨᠠᠰᠤᠵᠢᠯ᠎ᠤᠨ ᠦᠢ᠍ᠯᠡᠴᠢᠯᠡᠭᠡᠨ  ᠎ᠤ   ᠪᠠᠢ᠌ᠭᠤᠯᠤᠮᠵᠢ ᠵᠢᠨ ᠦᠢ᠍ᠯᠡᠴᠢᠯᠡᠭᠡᠨ᠎ᠤ ᠴᠢᠨᠠᠷ ᠴᠢᠨᠰᠠᠭ᠎ᠠ ᠵᠢᠨ ᠦᠨᠳᠤᠰᠤᠨ   ᠲᠦᠷᠢᠮᠵᠢᠬᠦᠯᠤᠯᠳᠠ〉〉 ᠵᠢᠨ ᠱᠠᠭ᠋ᠠᠷᠳᠠᠯᠭ᠎ᠠ ᠶᠤᠰᠤᠭ᠋ᠠᠷ ᠡᠯ᠎ᠡ ᠠᠰᠠᠷᠠᠨ ᠲᠡᠳᠬᠦᠬᠦ ᠦᠢ᠍ᠯᠡᠴᠢᠯᠡᠭᠡᠨ᠎ᠤ ᠪᠠᠢ᠌ᠭᠤᠯᠤᠮᠵᠢ᠎ᠨᠢ ᠬᠠᠮᠢᠶᠠᠷᠤᠯᠳᠠ ᠵᠢᠨ ᠦᠢ᠍ᠯᠡᠴᠢᠯᠡᠭᠡᠨ᠎ᠤ ᠭᠤᠤᠯᠳᠠᠯᠭ᠎ᠠ᠎ᠪᠠᠨ   ᠭᠡᠷ ᠲᠤᠳᠤᠷᠠᠭᠢ ᠣᠷᠴᠢᠨ ᠠᠬᠤᠢ᠂   ᠲᠤᠨᠤᠭ ᠲᠦᠬᠦᠭᠡᠷᠤᠮᠵᠢ ᠵᠢᠨ ᠱᠠᠭ᠋ᠠᠷᠳᠠᠯᠭ᠎ᠠ᠂ ᠢᠳᠡᠭᠡᠨ ᠤᠮᠳᠠᠭ᠋ᠠᠨ᠎ᠤ ᠦᠢ᠍ᠯᠡᠴᠢᠯᠡᠭᠡ᠂   ᠢᠳᠡᠭᠡᠨ᠎ᠤ ᠵᠤᠢ᠌ᠯ᠎ᠢ ᠪᠤᠯᠪᠠᠰᠤᠷᠠᠭᠤᠯᠬᠤ ᠪᠠ ᠦᠢ᠍ᠯᠡᠳᠬᠦ᠂   ᠠᠮᠢᠳᠤᠷᠠᠯ᠎ᠤᠨ ᠲᠠᠯ᠎ᠠ ᠎ᠪᠠᠷ ᠬᠠᠷᠠᠭ᠋ᠠᠯᠵᠠᠨ ᠦᠢ᠍ᠯᠡᠴᠢᠯᠡᠬᠦ᠂   ᠡᠮ   ᠡᠮᠨᠡᠯᠭᠡ ᠠᠰᠠᠷᠠᠨ ᠰᠤᠪᠢᠯᠠᠬᠤ ᠲᠠᠯ᠎ᠠ᠎ᠪᠠᠷ ᠬᠠᠮᠵᠢᠨ ᠦᠢ᠍ᠯᠡᠴᠢᠯᠡᠬᠦ᠂ ᠤᠷᠴᠢᠨ ᠠᠬᠤᠢ   ᠡᠷᠡᠬᠦᠯ ᠬᠠᠮᠠᠭ᠋ᠠᠯᠠᠯ᠎ᠤᠨ ᠲᠠᠯ᠎ᠠ ᠵᠢᠨ ᠦᠢ᠍ᠯᠡᠴᠢᠯᠡᠭᠡᠨ᠂   ᠤᠭᠢᠶᠠᠯᠠᠭ᠎ᠠ ᠴᠡᠪᠡᠷᠯᠡᠭᠡ ᠵᠢᠨ ᠲᠠᠯ᠎ᠠ ᠵᠢᠨ ᠦᠢ᠍ᠯᠡᠴᠢᠯᠡᠭᠡᠨ ᠵᠡᠷᠭᠡ 9   ᠵᠤᠢ᠌ᠯ᠎ᠤᠨ ᠦᠢ᠍ᠯᠡᠴᠢᠯᠡᠭᠡᠨ᠎ᠤ ᠭᠢᠷᠢ ᠳᠦᠪᠰᠢᠨ ᠵᠶ᠋ᠠᠨ ᠲᠡᠭᠡᠭᠰᠢᠯᠡᠬᠦᠯᠬᠦ   ᠲᠡᠭᠡᠷ᠎ᠡ ᠭᠣᠣᠯ ᠬᠦᠴᠤᠨ ᠵᠶ᠋ᠠᠨ ᠲᠡᠯᠪᠢᠬᠤ ᠭᠡᠷᠡᠭᠳᠡᠢ᠃

      ᠬᠣᠯᠪᠣᠭᠳᠠᠯ ᠪᠦᠬᠦᠢ ᠪᠢᠴᠢᠭ ᠮᠠᠲᠸᠷᠢᠶᠠᠯ : ᠬᠤᠳᠠ ᠬᠦᠳᠡᠭᠡ   ᠵᠢᠨ ᠤᠡᠴᠠ   ᠬᠦᠴᠢᠷᠳᠡᠯ᠎ᠲᠠᠢ ᠬᠦᠮᠤᠰ᠎ᠢ ᠠᠰᠠᠷᠠᠨ ᠲᠡᠳᠬᠦᠬᠦ ᠦᠢ᠍ᠯᠡᠴᠢᠯᠡᠭᠡᠨ᠎ᠤ ᠪᠠᠢ᠌ᠭᠤᠯᠤᠮᠵᠢ ᠵᠢᠨ ᠵᠠᠷᠤᠳᠠᠯ᠎ᠤᠨ ᠬᠠᠮᠢᠶᠠᠷᠤᠯᠳᠠ ᠵᠢᠴᠢ ᠦᠢ᠍ᠯᠡᠴᠢᠯᠡᠭᠡᠨ᠎ᠤ ᠠᠵᠢᠯ᠎ᠢ   ᠴᠢᠨᠠᠭᠰᠢᠳᠠ   ᠴᠢᠩᠭ᠋ᠠᠳᠬᠠᠬᠤ   ᠲᠤᠬᠠᠢ ᠮᠡᠳᠡᠭᠳᠡᠯ


ᠢᠷᠡᠯᠲᠡ᠄ ᠠᠷᠠᠳ᠎ᠤᠨ ᠶᠠᠪᠤᠳᠠᠯ᠎ᠤᠨ ᠲᠢᠩᠬᠢᠮ᠎ᠤᠨ ᠬᠢᠲᠠᠳ ᠬᠡᠯᠡᠨ᠎ᠤ ᠰᠦᠯᠵᠢᠶ᠎ᠡ
          
ᠬᠠᠮᠢᠶ᠎ᠡ ᠪᠦᠬᠦᠢ ᠰᠣᠨᠢᠨ
〈〈ᠨᠠᠢ᠌ᠭᠡᠮ᠎ᠤᠨ ᠳᠤᠰᠠᠯᠠᠮᠵᠢ ᠵᠢᠨ ᠠᠵᠢᠯ᠎ᠤᠨ ᠶᠡᠷᠤᠩᠭᠡᠢ᠌ᠯᠡᠭᠰᠡᠨ ᠦᠭᠡᠷᠡᠴᠢᠯᠡᠯᠳᠠ ᠵᠢᠨ ᠲᠤᠷᠰᠢᠯᠳᠠ ᠵᠢᠨ ᠴᠡᠭ ᠠᠳᠬᠤᠬᠤ ᠲᠤᠬᠠᠢ ᠮᠡᠳᠡᠭᠳᠡᠯ〉〉 ᠎ᠤᠨ ᠲᠠᠢ᠌ᠯᠤᠮᠵᠢ
〈〈2019 ᠤᠡ᠎ᠤ ᠪᠦᠬᠦ ᠤᠷᠤᠨ ᠎ᠤ ᠨᠠᠢ᠌ᠭᠡᠮ᠎ᠤᠨ ᠳᠤᠰᠠᠯᠠᠮᠵᠢ ᠵᠢᠨ ᠪᠠᠷᠢᠮᠵᠢᠶ᠎ᠠ ᠵᠢᠨ ᠬᠣᠯᠪᠣᠭᠳᠠᠯ ᠪᠦᠬᠦᠢ ᠠᠰᠠᠭᠤᠳᠠᠯ᠎ᠤᠨ ᠲᠤᠬᠠᠢ ᠮᠡᠳᠡᠭᠳᠡᠯ〉〉 ᠎ᠤᠨ ᠲᠦᠷᠤ ᠵᠢᠨ ᠪᠤᠳᠦᠯᠭ᠎ᠠ ᠵᠢᠨ ᠲᠠᠢ᠌ᠯᠤᠮᠵᠢ
ᠰᠢᠨ᠎ᠡ ᠡᠵᠡᠩᠨᠡᠯᠲᠡ ᠵᠢᠨ ᠨᠡᠢ᠌ᠭᠡᠮ᠎ᠤᠨ ᠪᠠᠲᠤᠯᠠᠪᠤᠷᠢ ᠵᠢ 《ᠨᠠᠢ᠌ᠳᠠᠪᠤᠷᠢᠵᠢᠭᠤᠯᠬᠤ ᠦᠭᠡᠢ》 ᠪᠠᠢ᠌ᠵᠤ ᠪᠤᠯᠬᠤ ᠦᠭᠡᠢ
ᠠᠷᠠᠳ᠎ᠤᠨ ᠠᠮᠢᠳᠤᠷᠠᠯ᠎ᠤᠨ ᠪᠠᠳᠤᠯᠠᠭ᠎ᠠ ᠪᠤᠯ ᠲᠤᠮᠳᠠᠳᠤ ᠤᠯᠤᠰ᠎ᠤᠨ ᠤᠨᠴᠠᠯᠢᠭ᠎ᠲᠠᠢ ᠨᠡᠢ᠌ᠬᠡᠮ ᠵᠢᠷᠤᠮ᠎ᠤᠨ ᠴᠢᠬᠤᠯᠨ ᠪᠦᠷᠢᠯᠳᠤᠬᠦᠨ ᠮᠥᠨ
《ᠨᠠᠰᠤᠵᠢᠯ᠎ᠤᠨ ᠪᠠᠢ᠌ᠭᠤᠯᠤᠮᠵᠢ ᠵᠢᠨ ᠬᠠᠮᠢᠶᠠᠷᠤᠯᠳᠠ ᠵᠢᠨ ᠠᠷᠭ᠎ᠠ》 ᠵᠢ ᠨᠡᠮᠡᠨ ᠵᠠᠰᠠᠬᠰᠠᠨ ᠬᠠᠤᠯᠢ ᠲᠤᠬᠳᠠᠭ᠋ᠠᠬᠤ ᠤᠢ᠌ᠯᠠᠭ᠋ᠠᠬᠳᠠᠬᠤᠨ ᠪᠠ ᠦᠨᠳᠤᠰᠤᠨ ᠰᠡᠳᠬᠢᠮᠵᠢ ᠵᠢᠨ ᠲᠤᠬᠠᠢ ᠲᠠᠢ᠌ᠯᠤᠮᠵᠢ
 
            