ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠢᠯᠡ ᠵᠠᠰᠠᠭ   -   ᠲᠥᠷᠥ᠎ᠶᠢᠨ ᠪᠣᠳᠣᠯᠭ᠎ᠠ᠎ᠶᠢᠨ ᠲᠠᠶ᠋ᠢᠯᠤᠮᠵᠢ
〈〈2019 ᠤᠡ᠎ᠤ ᠪᠦᠬᠦ ᠤᠷᠤᠨ ᠎ᠤ ᠨᠠᠢ᠌ᠭᠡᠮ᠎ᠤᠨ ᠳᠤᠰᠠᠯᠠᠮᠵᠢ ᠵᠢᠨ ᠪᠠᠷᠢᠮᠵᠢᠶ᠎ᠠ ᠵᠢᠨ ᠬᠣᠯᠪᠣᠭᠳᠠᠯ ᠪᠦᠬᠦᠢ ᠠᠰᠠᠭᠤᠳᠠᠯ᠎ᠤᠨ ᠲᠤᠬᠠᠢ ᠮᠡᠳᠡᠭᠳᠡᠯ〉〉 ᠎ᠤᠨ ᠲᠦᠷᠤ ᠵᠢᠨ ᠪᠤᠳᠦᠯᠭ᠎ᠠ ᠵᠢᠨ ᠲᠠᠢ᠌ᠯᠤᠮᠵᠢ
ᠨᠡᠶᠢᠲᠡᠯᠡᠭᠰᠡᠨ ᠴᠠᠭ᠄ 2020-11-26


                     
       
        ᠲᠦᠷᠤ ᠵᠢᠨ ᠶᠠᠪᠤᠳᠠᠯ᠎ᠤᠨ ᠬᠤᠷᠢᠶᠠᠨ᠎ᠤ 〈〈ᠨᠠᠢ᠌ᠭᠡᠮ᠎ᠤᠨ ᠳᠤᠰᠠᠯᠠᠮᠵᠢ ᠵᠢᠨ ᠲᠦᠷ ᠭᠡᠷᠡᠭᠵᠢᠬᠦᠯᠬᠦ   ᠠᠷᠭ᠎ᠠ〉〉 ᠵᠢ ᠪᠦᠬᠦ ᠲᠠᠯ᠎ᠠ᠎ᠪᠠᠷ ᠨᠠᠢ᠌ᠳᠠᠪᠤᠷᠢᠵᠢᠭᠤᠯᠵᠤ᠂   ᠰᠢ ᠵᠢᠨ ᠫᠢᠩ   ᠶᠡᠷᠤᠩᠭᠡᠢ ᠱᠦᠵᠢ ᠵᠢᠨ ᠠᠷᠠᠤᠨ ᠎ᠤᠨ ᠠᠮᠢᠳᠤᠷᠠᠯ᠎ᠤᠨ ᠪᠠᠳᠤᠯᠠᠭ᠎ᠠ ᠵᠢᠨ ᠭᠢᠷᠢ ᠳᠦᠪᠰᠢᠨ᠎ᠢ ᠲᠤᠭᠳᠠᠭᠤᠨ ᠵᠢᠨᠷ ᠲᠡᠭᠡᠭᠰᠢᠯᠡᠬᠦᠯᠬᠦ ᠲᠤᠬᠠᠢ ᠴᠢᠬᠤᠯᠠ ᠶᠠᠷᠢᠶᠠᠨ᠎ᠤ   ᠵᠤᠷᠢᠡᠠ   ᠰᠠᠨᠠᠭ᠎ᠠ ᠵᠢ ᠨᠠᠢ᠌ᠳᠠᠪᠤᠷᠢᠵᠢᠭᠤᠯᠬᠤ ᠵᠢᠨ ᠲᠦᠯᠤᠭᠡ᠂ ᠦᠪᠡᠷᠳᠡᠭᠡᠨ ᠵᠠᠰᠠᠬᠤ ᠤᠷᠤᠨ᠎ᠤ ᠨᠠᠮ᠎ᠤᠨ ᠬᠤᠷᠢᠶ᠎ᠡ᠂ ᠵᠠᠰᠠᠭ᠎ᠤᠨ ᠤᠷᠳᠤᠨ᠎ᠠᠴᠠ ᠠᠷᠠᠤᠨ ᠎ᠤᠨ ᠠᠮᠢᠳᠤᠷᠠᠯ᠎ᠤᠨ ᠪᠠᠳᠤᠯᠠᠭ᠎ᠠ ᠵᠢᠨ ᠭᠢᠷᠢ ᠳᠦᠪᠰᠢᠨ᠎ᠢ ᠦᠨᠡᠨ ᠬᠦ᠌ ᠲᠡᠭᠡᠭᠰᠢᠯᠡᠬᠦᠯᠬᠦ ᠭᠡᠰᠡᠨ ᠱᠠᠭ᠋ᠠᠷᠳᠠᠯᠭ᠎ᠠ ᠶᠤᠰᠤᠭ᠋ᠠᠷ ᠦᠪᠡᠷᠳᠡᠭᠡᠨ ᠵᠠᠰᠠᠬᠤ ᠤᠷᠤᠨ᠎ᠤ ᠵᠠᠰᠠᠭ᠎ᠤᠨ ᠤᠷᠳᠤᠨ᠎ᠤ ᠠᠯᠪᠠᠨ ᠲᠢᠩᠭᠢᠮ᠎ᠨᠢ 2019   ᠤᠡ᠎ᠤ 5 ᠳ᠋ᠤᠭ᠋ᠠᠷ ᠰᠠᠷ᠎ᠠ ᠵᠢᠨ 28 ᠎ᠤ ᠡᠳᠤᠷ 〈〈2019     ᠤᠡ᠎ᠤ ᠪᠦᠬᠦ ᠤᠷᠤᠨ᠎ᠤ ᠨᠠᠢ᠌ᠭᠡᠮ᠎ᠤᠨ ᠳᠤᠰᠠᠯᠠᠮᠵᠢ ᠵᠢᠨ ᠪᠠᠷᠢᠮᠵᠢᠶ᠎ᠠ ᠵᠢᠨ ᠬᠣᠯᠪᠣᠭᠳᠠᠯ ᠪᠦᠬᠦᠢ ᠠᠰᠠᠭᠤᠳᠠᠯ᠎ᠤᠨ ᠲᠤᠬᠠᠢ ᠮᠡᠳᠡᠭᠳᠡᠯ〉〉 ᠎ᠢ ᠲᠠᠷᠤᠮᠠᠯᠯᠠᠨ ᠲᠠᠷᠬᠠᠭ᠋ᠠᠵᠤ᠂   (ᠲᠤᠷᠤᠭᠰᠢ 〈  ᠳᠤᠰᠠᠯᠠᠮᠵᠢ ᠵᠢᠨ ᠪᠠᠷᠢᠮᠵᠢᠶ᠎ᠠ  〉〉 ᠭᠡᠵᠤ ᠲᠦᠬᠦᠮᠴᠢᠯᠡᠨ᠎ᠡ)   ᠪᠦᠬᠦ ᠤᠷᠤᠨ᠎ᠤ ᠨᠠᠢ᠌ᠭᠡᠮ᠎ᠤᠨ ᠳᠤᠰᠠᠯᠠᠮᠵᠢ ᠵᠢᠨ ᠪᠠᠷᠢᠮᠵᠢᠶᠠᠨ᠎ᠳᠤ ᠲᠤᠬᠢᠷᠠᠭᠤᠯᠤᠯᠳᠠ ᠭᠢᠵᠤ᠂   ᠡᠯ᠎ᠡ ᠭᠠᠵᠠᠷ᠎ᠤᠨ᠎ᠬᠢᠨ 2019   ᠤᠡ᠎ᠤ 6 ᠳ᠋ᠤᠭ᠋ᠠᠷ ᠰᠠᠷ᠎ᠠ ᠵᠢᠨ ᠰᠡᠬᠦᠯᠴᠢ᠎ᠠᠴᠠ ᠡᠮᠤᠨ᠎ᠡ ᠰᠢᠨ᠎ᠡ ᠪᠠᠷᠢᠮᠵᠢᠶ᠎ᠠ᠎ᠪᠠᠷ ᠵᠤᠭᠤᠰ ᠮᠦᠩᠬᠦ ᠵᠢ᠎ᠨᠢ ᠨᠦᠬᠦᠪᠤᠷᠢᠯᠡᠨ ᠦᠭᠭᠦ ᠠᠵᠢᠯ ᠵᠶ᠋ᠠᠨ ᠲᠠᠭᠤᠰᠬᠠᠵᠤ᠂ ᠳᠤᠰᠠᠯᠠᠮᠵᠢ ᠵᠢᠨ ᠪᠠᠳᠤᠯᠠᠭ᠎ᠠ᠎ᠠᠴᠠ ᠭᠠᠷᠤᠭᠰᠠᠳ᠎ᠲᠤ ᠲᠠᠭᠢᠨ ᠨᠦᠬᠦᠪᠤᠷᠢᠯᠡᠨ ᠦᠭᠴᠦ ᠪᠤᠯᠠᠬᠤ ᠦᠭᠡᠢ ᠭᠡᠵᠤ ᠱᠠᠭ᠋ᠠᠷᠳᠠᠵᠠᠢ᠃
        ᠨᠢᠭᠡ᠂  〈〈  ᠳᠤᠰᠠᠯᠠᠮᠵᠢ ᠵᠢᠨ ᠪᠠᠷᠢᠮᠵᠢᠶ᠎ᠠ〉〉 ᠵᠢ   ᠲᠤᠭᠳᠠᠭ᠋ᠠᠭᠰᠠᠨ ᠠᠬᠤᠢ ᠪᠠᠢ᠌ᠳᠠᠯ ᠪᠠ   ᠴᠢᠬᠤᠯᠠ ᠴᠢᠨᠠᠷ
      2019 ᠤᠡ   ᠪᠤᠯ ᠰᠢᠨ᠎ᠡ ᠲᠤᠮᠳᠠᠳᠤ ᠤᠯᠤᠰ ᠪᠠᠢ᠌ᠭᠤᠯᠤᠭᠳᠠᠭᠰᠠᠨ 70 ᠵᠢᠯ᠎ᠤᠨ ᠤᠢ ᠪᠤᠯᠠᠬᠤ ᠮᠦᠷᠳᠡᠭᠡᠨ ᠴᠢᠨᠡᠭᠡᠯᠢᠭ ᠨᠠᠢ᠌ᠭᠡᠮ᠎ᠢ ᠪᠦᠬᠦ ᠲᠠᠯ᠎ᠠ᠎ᠪᠠᠷ ᠪᠠᠢ᠌ᠭᠤᠯᠬᠤ ᠵᠢᠨ ᠵᠠᠩᠭᠢᠯᠠᠭ᠎ᠠ ᠵᠢᠨ ᠵᠢᠯ ᠪᠤᠯᠤᠨ᠎ᠠ᠃   ᠬᠦᠴᠢᠷᠳᠡᠯ᠎ᠲᠠᠢ ᠤᠯᠠᠨ ᠲᠦᠮᠠᠨ᠎ᠤ ᠦᠨᠳᠦᠰᠤᠨ ᠠᠮᠢᠳᠤᠷᠠᠯ᠎ᠤᠨ ᠪᠠᠳᠤᠯᠠᠭ᠎ᠠ ᠵᠢᠨ ᠠᠵᠢᠯ᠎ᠢ ᠰᠠᠢ᠌ᠳᠤᠷ ᠭᠢᠵᠤ᠂ ᠬᠦᠴᠢᠷᠳᠡᠯ᠎ᠲᠠᠢ ᠤᠯᠠᠨ ᠲᠦᠮᠠᠨ᠎ᠳᠤ ᠠᠰᠢᠭ   ᠬᠦᠷᠳᠡᠮᠵᠢ ᠵᠢᠨ ᠲᠦᠷᠦᠭᠳᠡᠯ᠂ ᠵᠤᠯ ᠵᠢᠷᠭ᠋ᠠᠯ᠎ᠤᠨ ᠲᠦᠷᠦᠭᠳᠡᠯ᠂ ᠠᠮᠤᠷ ᠲᠦᠪᠰᠢᠨ᠎ᠤ ᠲᠦᠷᠦᠭᠳᠡᠯ ᠎ᠢ ᠲᠠᠰᠤᠷᠠᠯᠳᠠ ᠦᠭᠡᠢ   ᠣᠯᠭᠣᠬᠤ ᠪᠤᠯ ᠨᠠᠮ᠎ᠤᠨ ᠠᠷᠪᠠ ᠶᠢᠰᠤᠳᠤᠭᠡᠷ ᠶᠡᠭᠡ ᠬᠤᠷᠠᠯ᠂ ᠠᠷᠪᠠ ᠶᠢᠰᠤᠳᠤᠭᠡᠷ ᠬᠤᠭᠤᠴᠠᠭ᠋ᠠᠨ᠎ᠤ ᠬᠤᠶᠠᠳᠤᠭ᠋ᠠᠷ ᠪᠦᠬᠦᠳᠠ   ᠬᠤᠷᠠᠯ᠂   ᠭᠤᠷᠪᠡᠳᠤᠭ᠋ᠠᠷ ᠪᠦᠬᠦᠳᠠ ᠬᠤᠷᠠᠯ᠎ᠤᠨ   ᠵᠣᠷᠢᠭ ᠰᠠᠨᠠᠭ᠎ᠠ ᠪᠤᠯᠤᠨ ᠦᠪᠡᠷᠳᠡᠭᠡᠨ ᠵᠠᠰᠠᠬᠤ ᠤᠷᠤᠨ᠎ᠤ ᠨᠠᠮ᠎ᠤᠨ ᠬᠤᠷᠢᠶᠠᠨ᠎ᠤ ᠠᠷᠪᠠᠨ ᠨᠠᠢ᠍ᠮᠠᠳᠤᠭ᠋ᠠᠷ ᠬᠤᠭᠤᠴᠠᠭ᠋ᠠᠨ᠎ᠤ ᠨᠠᠢ᠍ᠮᠠᠳᠤᠭ᠋ᠠᠷ ᠪᠦᠬᠦᠳᠠ ᠬᠤᠷᠠᠯᠳᠤᠭ᠋ᠠᠨ᠎ᠤ ᠵᠤᠷᠢᠡᠠ ᠰᠠᠨᠠᠭ᠎ᠠ ᠵᠢ ᠲᠤᠭᠤᠰᠢᠯᠠᠭᠤᠯᠤᠨ ᠨᠠᠢ᠌ᠳᠠᠪᠤᠷᠢᠵᠢᠭᠤᠯᠬᠤ   ᠵᠢᠨ ᠴᠢᠬᠤᠯᠠ ᠠᠷᠭ᠎ᠠ ᠭᠡᠮᠵᠢᠶ᠎ᠡ ᠪᠤᠯᠠᠬᠤ ᠶᠤᠮ᠃ ᠮᠥᠨ ᠴᠦ᠍ ᠶᠠᠳᠠᠭᠤ᠎ᠠᠴᠠ ᠠᠩᠬᠢᠵᠢᠷᠠᠭᠤᠯᠬᠤ ᠪᠣᠭᠣᠮᠲᠠ ᠵᠢ ᠰᠢᠪᠲᠤᠯᠬᠤ ᠳᠠᠢ᠌ᠨ᠎ᠤ ᠢᠯᠠᠯᠳᠠ ᠤᠯᠬᠤ ᠵᠢ ᠪᠠᠳᠤᠯᠠᠵᠤ᠂   ᠬᠤᠳᠠ ᠬᠦᠳᠡᠭᠡ ᠵᠢᠨ ᠬᠦᠴᠢᠷᠳᠡᠯ᠎ᠲᠠᠢ ᠤᠯᠠᠨ ᠲᠦᠮᠠᠨ᠎ᠤ ᠦᠨᠳᠤᠰᠤᠨ ᠠᠮᠢᠳᠤᠷᠠᠯ᠎ᠤᠨ ᠪᠠᠳᠤᠯᠠᠭ᠎ᠠ ᠵᠢᠨ ᠲᠤᠤᠷᠵᠢᠭᠤᠯᠤᠯᠳᠠ ᠵᠢ ᠪᠠᠳᠦ ᠪᠡᠭᠢ   ᠪᠠᠢ᠌ᠭᠤᠯᠵᠤ᠂   ᠴᠢᠨᠡᠭᠡᠯᠢᠭ ᠨᠠᠢ᠌ᠭᠡᠮ᠎ᠢ ᠪᠦᠬᠦ ᠲᠠᠯ᠎ᠠ᠎ᠪᠠᠷ   ᠪᠠᠢ᠌ᠭᠤᠯᠬᠤ᠎ᠳᠤ ᠮᠠᠰᠢ ᠴᠢᠬᠤᠯᠠ ᠠᠴᠢ ᠬᠤᠯᠪᠤᠭᠳᠠᠯ᠎ᠲᠠᠢ   ᠶᠤᠮ᠃
        ᠬᠤᠶᠠᠷ  ᠂ 〈〈ᠳᠤᠰᠠᠯᠠᠮᠵᠢ ᠵᠢᠨ ᠪᠠᠷᠢᠮᠵᠢᠶ᠎ᠠ》 ᠵᠢ ᠲᠤᠭᠤᠷᠪᠢᠭᠰᠠᠨ ᠡᠰᠢ ᠪᠠᠷᠢᠮᠳᠠ
    ᠪᠦ᠋ ᠰᠢᠶᠥᠥ ᠯᠢᠨ ᠲᠡᠷᠢᠬᠦᠯᠡᠭᠴᠢ ᠥᠪᠡᠷᠲᠡᠭᠡᠨ ᠵᠠᠰᠠᠬᠤ   ᠤᠷᠤᠨ᠎ᠤ 2019 ᠤᠡ᠎ᠤ ᠵᠠᠰᠠᠭ᠎ᠤᠨ ᠤᠷᠳᠥᠨ᠎ᠤ   ᠠᠵᠢᠯ᠎ᠤᠨ ᠢᠯᠠᠠᠳᠭᠡᠯ᠎ᠳᠡᠭᠡᠨ ᠡᠨᠠ ᠵᠢᠯ᠎ᠤᠨ ᠬᠦᠭᠵᠢᠯᠳᠡ ᠵᠢᠨ ᠭᠣᠣᠯ ᠵᠢᠱ᠌ᠢᠭᠰᠡᠨ ᠬᠠᠷᠠᠯᠲᠠ ᠪᠣᠯ ᠬᠤᠳᠠ ᠬᠦᠳᠡᠭᠡ ᠵᠢᠨ ᠰᠠᠭᠤᠭ᠋ᠠᠯᠢ ᠠᠷᠠᠤᠨ   ᠬᠦᠮᠤᠨ ᠪᠦᠷᠢ ᠵᠢᠨ ᠲᠡᠭᠰᠢᠳᠭᠡᠭᠰᠡᠨ ᠤᠷᠤᠯᠭ᠎ᠠ   ᠵᠢ ᠲᠤᠰ ᠪᠦᠷᠢ  7% ᠪᠠ 8%   ᠤᠷᠴᠢᠮ ᠲᠡᠭᠡᠭᠰᠢᠯᠡᠬᠦᠯᠬᠦ ᠭᠡᠷᠡᠭᠳᠡᠢ   ᠭᠡᠵᠤ ᠱᠠᠭ᠋ᠠᠷᠳᠠᠭᠰᠠᠨ ᠪᠠᠢ᠌ᠨ᠎ᠠ᠃   ᠡᠯ᠎ᠡ   ᠠᠢ᠌ᠮᠠᠭ ᠬᠤᠳᠠ᠎ᠨᠢ ᠦᠪᠡᠷᠳᠡᠭᠡᠨ ᠵᠠᠰᠠᠬᠤ ᠤᠷᠤᠨ᠎ᠤ ᠨᠢᠭᠡᠳᠤᠯᠳᠠᠢ ᠲᠤᠭᠢᠷᠠᠭᠤᠯᠤᠯᠳᠠ ᠶᠤᠰᠤᠭ᠋ᠠᠷ ᠭᠠᠵᠠᠷ ᠤᠷᠤᠨ᠎ᠤ ᠠᠵᠤ ᠠᠬᠤᠢ ᠵᠢᠨ ᠬᠦᠭᠵᠢᠯᠳᠡ ᠵᠢᠨ ᠬᠢᠷᠢ ᠳᠦᠪᠰᠢᠨ ᠵᠶ᠋ᠠᠨ ᠪᠣᠳᠠᠲᠤ ᠪᠠᠢ᠌ᠳᠠᠯ᠎ᠳᠠᠭᠠᠨ ᠵᠤᠭᠢᠴᠠᠭᠤᠯᠤᠨ᠂   ᠪᠦᠬᠦ ᠬᠦᠴᠤ᠎ᠪᠠᠷ ᠵᠢᠨᠨ ᠴᠢᠳᠠᠬᠤᠢ᠌ᠴᠠ ᠲᠤᠭᠳᠠᠭᠤᠨ ᠵᠢᠨᠷ ᠲᠡᠭᠡᠭᠰᠢᠯᠡᠬᠦᠯᠬᠦ ᠵᠠᠷᠴᠢᠮ ᠵᠶ᠋ᠠᠷ ᠲᠤᠭᠳᠠᠭ᠋ᠠᠭᠰᠠᠨ ᠪᠦᠭᠡᠤᠨ ᠨᠠᠢ᠌ᠭᠡᠮ᠎ᠤᠨ ᠳᠤᠰᠠᠯᠠᠮᠵᠢ ᠵᠢᠨ ᠪᠠᠷᠢᠮᠵᠢᠶ᠎ᠠ ᠎ᠪᠠᠨ ᠴᠤ᠌ ᠲᠡᠭᠡᠭᠰᠢ ᠮᠡᠳᠡᠬᠦᠯᠦᠭᠰᠡᠨ ᠪᠠᠢ᠌ᠨ᠎ᠠ᠃   ᠭᠡᠮᠵᠢᠨ ᠪᠤᠳᠤᠭᠰᠠᠨ ᠵᠢᠨᠷ ᠦᠵᠡᠪᠡᠯ ᠪᠦᠬᠦ ᠤᠷᠤᠨ᠎ᠤ ᠬᠤᠳᠠ ᠵᠢᠨ ᠬᠠᠮᠤᠭ᠎ᠤᠨ ᠲᠤᠤᠷ᠎ᠠ ᠪᠠᠲᠤᠯᠠᠭ᠎ᠠ ᠵᠢᠨ ᠭᠡᠮᠵᠢᠶ᠎ᠡ ᠵᠢ   ᠲᠡᠭᠰᠢᠳᠭᠡᠭᠡᠤᠨ  6.9%  ᠎ᠪᠠᠷ ᠲᠡᠭᠡᠭᠰᠢᠯᠡᠵᠤ᠂   ᠲᠡᠭᠡᠷ᠎ᠡ ᠵᠢᠯ᠎ᠠᠴᠠ 45 ᠲᠦᠬᠦᠷᠢᠭ   ᠨᠡᠮᠡᠭᠳᠡᠵᠦ᠂ ᠲᠠᠷᠢᠶᠠᠯᠠᠬᠤ ᠮᠠᠯᠵᠢᠬᠤ ᠤᠷᠤᠨ᠎ᠤ ᠬᠠᠮᠤᠭ᠎ᠤᠨ ᠲᠤᠤᠷ᠎ᠠ     ᠪᠠᠲᠤᠯᠠᠭ᠎ᠠ ᠵᠢᠨ ᠪᠠᠷᠢᠮᠵᠢᠶ᠎ᠠ ᠵᠢ ᠲᠡᠭᠰᠢᠳᠭᠡᠤᠭᠡᠤᠨ  6.6%᠎ᠪᠠᠷ ᠲᠡᠭᠡᠭᠰᠢᠯᠡᠵᠤ  ᠂ ᠲᠡᠭᠡᠷ᠎ᠡ ᠵᠢᠯ᠎ᠠᠴᠠ 367   ᠲᠦᠬᠦᠷᠢᠭ   ᠨᠡᠮᠡᠭᠳᠡᠭᠰᠡᠨ ᠪᠠᠢ᠌ᠨ᠎ᠠ᠃
      ᠭᠤᠷᠪᠡ᠂  〈〈  ᠳᠤᠰᠠᠯᠠᠮᠵᠢ ᠵᠢᠨ ᠪᠠᠷᠢᠮᠵᠢᠶ᠎ᠠ〉〉   ᠵᠢᠨ   ᠭᠤᠦᠯ ᠠᠭᠤᠯᠭ᠎ᠠ
     (ᠨᠢᠭᠡ)   ᠨᠠᠢ᠌ᠭᠡᠮ᠎ᠤᠨ  〈〈ᠳᠤᠰᠠᠯᠠᠮᠵᠢ ᠵᠢᠨ ᠪᠠᠷᠢᠮᠵᠢᠶ᠎ᠠ》 ᠵᠢ   ᠲᠤᠭᠳᠠᠭ᠋ᠠᠬᠤ
    ᠡᠯ᠎ᠡ ᠠᠢ᠌ᠮᠠᠭ ᠬᠤᠳᠠ᠎ᠨᠢ ᠬᠦᠴᠢᠷᠳᠡᠯ᠎ᠲᠠᠢ ᠤᠯᠠᠨ ᠲᠦᠮᠡᠨ᠎ᠤ ᠦᠨᠳᠦᠰᠤᠨ ᠠᠮᠢᠳᠤᠷᠠᠯ᠎ᠢ ᠪᠠᠳᠤᠯᠠᠬᠤ᠂   ᠲᠤᠬᠠᠢ ᠵᠢᠨ ᠭᠠᠵᠠᠷ ᠣᠷᠣᠨ᠎ᠤ᠎ᠪᠠᠨ ᠡᠳ᠋ ᠪᠠᠷᠠᠭ᠋ᠠᠨ᠎ᠤ ᠦᠨ᠎ᠡ ᠬᠠᠩᠰᠢ ᠵᠢᠨ ᠭᠡᠮᠵᠢᠶ᠎ᠡ᠂   ᠬᠤᠳᠠ ᠬᠦᠳᠡᠭᠡ ᠵᠢ ᠨᠢᠭᠡᠳᠦᠯᠳᠠᠢ ᠲᠦᠯᠣᠪᠵᠢᠭᠦᠯᠤᠨ   ᠬᠦᠭᠵᠢᠭᠦᠯᠬᠦ ᠵᠢᠨ ᠱᠠᠭ᠋ᠠᠷᠳᠠᠯᠭ᠎ᠠ ᠵᠢᠴᠢ   ᠬᠤᠳᠠ   ᠬᠦᠳᠡᠭᠡ   ᠵᠢᠨ ᠰᠠᠭᠤᠭ᠋ᠠᠯᠢ ᠠᠷᠠᠤᠨ ᠎ᠤᠨ ᠬᠦᠮᠤᠨ ᠲᠣᠳᠣᠮ᠎ᠤᠨ ᠡᠵᠡᠮᠳᠡᠬᠦ   ᠤᠷᠤᠯᠭ᠎ᠠ ᠵᠢᠨ ᠨᠡᠮᠡᠭᠳᠡᠯ᠂   ᠴᠢᠨᠡᠭᠡᠯᠢᠭ ᠨᠠᠢ᠌ᠭᠡᠮ᠎ᠤᠨ ᠨᠠᠭ᠋ᠠᠳᠤ ᠵᠠᠬ᠎ᠠ ᠵᠢᠨ ᠪᠠᠳᠤᠯᠭ᠋ᠠᠳᠤ ᠡᠳᠡᠭᠡᠤᠨ᠎ᠤᠨ ᠤᠷᠤᠯᠭ᠎ᠠ ᠪᠠ ᠠᠮᠢᠳᠤᠷᠠᠯ᠎ᠤᠨ ᠭᠢᠷᠢ ᠳᠦᠪᠰᠢᠨ ᠵᠡᠷᠭᠡ ᠰᠢᠯᠳᠠᠭ᠋ᠠᠨ᠎ᠢ ᠶᠡᠷᠦᠩᠭᠡᠢ᠌ᠯᠡᠨ ᠪᠤᠳᠤᠯᠭᠢᠯᠠᠵᠤ᠂ ᠰᠢᠨᠵᠢᠯᠡᠬᠦ ᠤᠬᠠᠭ᠋ᠠᠨᠴᠢ᠎ᠪᠠᠷ ᠬᠤᠳᠠ ᠬᠦᠳᠡᠭᠡ ᠵᠢᠨ ᠨᠠᠭ᠋ᠠᠳᠤ ᠵᠠᠬ᠎ᠠ ᠵᠢᠨ ᠠᠮᠢᠳᠤᠷᠠᠯ᠎ᠤᠨ ᠪᠠᠲᠤᠯᠠᠭ᠎ᠠ ᠵᠢᠨ ᠪᠠᠷᠢᠮᠵᠢᠶ᠎ᠠ ᠵᠢ ᠲᠤᠭᠳᠠᠭ᠋ᠠᠨ᠂   ᠠᠢ᠌ᠮᠠᠭ ᠬᠤᠳᠠ ᠵᠢᠨ ᠵᠠᠰᠠᠭ᠎ᠤᠨ ᠤᠷᠳᠤᠨ᠎ᠠᠴᠠ ᠦᠪᠡᠷᠳᠡᠭᠡᠨ   ᠵᠠᠰᠠᠬᠤ ᠤᠷᠤᠨ᠎ᠤ ᠠᠷᠠᠤᠨ᠎ᠤᠨ ᠵᠠᠰᠠᠭ᠎ᠤᠨ   ᠤᠷᠳᠤᠨ᠎ᠳᠤ ᠮᠡᠳᠡᠭᠦᠯᠤᠨ ᠨᠠᠢ᠌ᠳᠡᠯᠡᠬᠦ ᠬᠡᠷᠡᠭᠲᠠᠢ᠃
      (ᠬᠤᠶᠠᠷ)   ᠨᠡᠢ᠌ᠭᠡᠮ᠎ᠤᠨ ᠳᠤᠰᠠᠯᠠᠮᠵᠢ ᠵᠢᠨ ᠪᠦᠬᠦᠨ᠎ᠢ   ᠪᠠᠳᠤᠯᠠᠬᠤ ᠦᠢ᠍ᠯᠡᠳᠤᠯ᠎ᠢ   ᠬᠦᠢ᠍ᠴᠡᠤᠨ ᠪᠠᠳᠠᠷᠠᠭᠤᠯᠬᠤ
      ᠬᠤᠳᠠ ᠬᠦᠳᠡᠭᠡ ᠵᠢᠨ ᠨᠠᠭ᠋ᠠᠳᠤ ᠵᠠᠬ᠎ᠠ ᠵᠢᠨ ᠠᠮᠢᠳᠤᠷᠠᠯ᠎ᠤᠨ ᠪᠠᠳᠤᠯᠠᠭ᠎ᠠ ᠵᠢᠨ ᠨᠦᠬᠦᠪᠤᠷᠢ ᠵᠢ ᠨᠡᠮᠡᠭᠳᠡᠬᠦᠯᠵᠤ᠂   ᠨᠦᠬᠦᠪᠤᠷᠢ ᠵᠢᠨ ᠭᠡᠮᠵᠢᠶ᠎ᠡ ᠪᠤᠯᠤᠨ ᠨᠠᠭ᠋ᠠᠳᠤ ᠵᠠᠬ᠎ᠠ ᠵᠢᠨ ᠠᠮᠢᠳᠤᠷᠠᠯ᠎ᠤᠨ ᠪᠠᠳᠤᠯᠠᠭ᠎ᠠ ᠵᠢᠨ ᠪᠠᠷᠢᠮᠵᠢᠶ᠎ᠠ   ᠵᠢᠨ ᠲᠡᠭᠡᠭᠰᠢᠯᠡᠯᠳᠠ ᠵᠢ ᠵᠤᠭᠢᠴᠠᠭᠤᠯᠤᠨ᠎ᠠ᠃ ᠲᠦᠷ ᠴᠠᠭ᠎ᠤᠨ ᠳᠤᠰᠠᠯᠠᠮᠵᠢ ᠵᠢᠨ ᠬᠦᠴᠤᠯᠡᠴᠠ᠎ᠪᠠᠨ ᠨᠡᠮᠡᠭᠳᠡᠭᠦᠯᠵᠤ᠂ ᠨᠦᠬᠦᠴᠡᠯ᠎ᠳᠤ ᠨᠡᠢ᠌ᠴᠡᠭᠰᠡᠨ ᠲᠡᠭᠢᠨ   ᠶᠠᠳᠠᠭᠤᠷᠠᠭᠰᠠᠨ ᠬᠦᠮᠤᠰ᠎ᠢ ᠴᠠᠭ ᠲᠤᠬᠠᠢ᠎ᠳᠤ᠎ᠨᠢ ᠳᠤᠰᠠᠯᠠᠯᠲᠠ ᠵᠢᠨ ᠭᠡᠪᠴᠢᠶᠠᠨ᠎ᠳᠤ ᠤᠷᠤᠭᠤᠯᠬᠤ ᠭᠡᠷᠡᠭᠳᠡᠢ᠃ ᠨᠡᠢ᠌ᠭᠡᠮ᠎ᠤᠨ ᠳᠤᠰᠠᠯᠠᠮᠵᠢ ᠵᠢᠨ ᠠᠵᠢᠯ᠎ᠤᠨ   ᠬᠠᠷᠢᠯᠴᠠᠬᠤ ᠬᠤᠷᠠᠯ᠎ᠤᠨ ᠳᠦᠷᠢᠮ᠎ᠢ ᠭᠡᠷᠡᠭᠵᠢᠬᠦᠯᠵᠤ᠂ ᠭᠠᠵᠠᠷ ᠣᠷᠣᠨ᠎ᠤ᠎ᠪᠠᠨ ᠪᠦᠬᠦᠨ᠎ᠢ   ᠪᠠᠳᠤᠯᠠᠵᠤ ᠶᠠᠳᠠᠭᠤ᠎ᠠᠴᠠ ᠠᠩᠬᠢᠵᠢᠷᠠᠭᠤᠯᠬᠤ ᠠᠵᠢᠯ᠎ᠤᠨ ᠲᠤᠮᠳᠠ ᠲᠤᠯᠭ᠋ᠠᠷᠠᠭᠰᠠᠨ ᠰᠢᠨ᠎ᠡ ᠪᠠᠢ᠌ᠳᠠᠯ ᠰᠢᠨ᠎ᠡ ᠠᠰᠠᠭᠤᠳᠠᠯ᠎ᠢ   ᠴᠠᠭ ᠬᠤᠭᠤᠴᠠᠭ᠋ᠠᠨ᠎ᠳᠤ᠎ᠨᠢ ᠰᠡᠷᠡᠵᠤ ᠮᠡᠳᠡᠬᠦ ᠵᠢᠨ ᠬᠠᠮᠳᠤ ᠪᠦᠳᠤᠮᠵᠢᠳᠠᠢ ᠰᠢᠳᠪᠤᠷᠢᠯᠡᠵᠤ᠂ ᠨᠠᠢ᠌ᠭᠡᠮ᠎ᠤᠨ ᠳᠤᠰᠠᠯᠠᠮᠵᠢ ᠵᠢᠨ ᠠᠵᠢᠯ᠎ᠤᠨ ᠶᠠᠳᠠᠭᠤ᠎ᠠᠴᠠ ᠠᠩᠬᠢᠵᠢᠷᠠᠭᠤᠯᠬᠤ ᠪᠤᠭᠤᠮᠳᠠ ᠰᠢᠪᠲᠤᠯᠬᠤ ᠳᠠᠢ᠌ᠨ᠎ᠤ ᠢᠯᠠᠯᠲᠠ ᠵᠢ ᠣᠯᠬᠤ ᠲᠡᠮᠡᠴᠡᠯ ᠲᠤᠮᠳᠠᠭᠢ ᠪᠦᠬᠦᠨ᠎ᠢ   ᠪᠠᠳᠤᠯᠠᠬᠤ ᠦᠢ᠍ᠯᠡᠳᠤᠯ᠎ᠢ᠎ᠨᠢ ᠬᠦᠢ᠍ᠴᠡᠤᠨ ᠪᠠᠳᠠᠷᠠᠭᠤᠯᠬᠤ ᠭᠡᠷᠡᠭᠳᠡᠢ᠃
    ᠲᠠᠩᠰᠠᠯᠠᠵᠤ ᠺᠠᠷᠲᠯᠠᠭᠰᠠᠨ ᠶᠠᠳᠠᠭᠤ ᠬᠦᠴᠢᠷᠳᠡᠯ᠎ᠲᠠᠢ ᠬᠦᠮᠤᠰ᠎ᠤᠨ ᠲᠤᠳᠤᠷᠠᠭᠢ ᠬᠦᠨᠳᠤ ᠵᠡᠮᠲᠡᠭ ᠪᠣᠯᠤᠭᠰᠠᠨ ᠬᠦᠮᠤᠰ᠎ᠤᠨ     ᠣᠨᠴᠠᠭ᠋ᠠᠢ ᠬᠦᠴᠢᠷᠳᠠᠯ᠎ᠢ ᠪᠤᠳᠤᠯᠭᠢᠯᠠᠨ᠂ 2018 ᠤᠡ᠎ᠳᠤ ᠦᠪᠡᠷᠳᠡᠭᠡᠨ ᠵᠠᠰᠠᠬᠤ ᠤᠷᠤᠨ᠎ᠤ ᠠᠷᠠᠤᠨ ᠎ᠤᠨ ᠶᠠᠪᠤᠳᠠᠯ᠎ᠤᠨ ᠲᠢᠩᠭᠢᠮ᠂   ᠡᠳ᠋᠎ᠤᠨ ᠵᠠᠰᠠᠭ᠎ᠤᠨ ᠲᠢᠩᠭᠢᠮ᠂   ᠶᠠᠳᠠᠭᠤ ᠵᠢ ᠲᠡᠳᠬᠦᠬᠦ ᠠᠯᠪᠠᠨ ᠭᠡᠷ ᠬᠠᠮᠳᠤᠷᠠᠨ 〈〈ᠦᠪᠤᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠶᠠᠳᠠᠭᠤ᠎ᠠᠴᠠ ᠠᠩᠬᠢᠵᠢᠷᠠᠭᠤᠯᠬᠤ ᠪᠤᠭᠤᠮᠳᠠ ᠰᠢᠪᠲᠤᠯᠬᠤ ᠭᠤᠷᠪᠡᠨ ᠵᠢᠯ᠎ᠤᠨ ᠠᠵᠢᠯᠯᠠᠭ᠋ᠠᠨ᠎ᠤ ᠳᠤᠮᠳᠠ ᠨᠠᠢ᠌ᠭᠡᠮ᠎ᠤᠨ ᠳᠤᠰᠠᠯᠠᠮᠵᠢ ᠵᠢᠨ ᠪᠦᠬᠦᠨ᠎ᠢ ᠪᠠᠳᠤᠯᠠᠬᠤ ᠠᠵᠢᠯ᠎ᠢ ᠰᠠᠢ᠌ᠲᠤᠷ ᠭᠡᠷᠡᠭᠵᠢᠬᠦᠯᠬᠦ ᠳᠦᠰᠤᠯ〉〉᠎ᠢ     ᠳᠠᠷᠤᠮᠠᠯᠯᠠᠨ ᠲᠠᠷᠬᠠᠭ᠋ᠠᠵᠤ᠂ 〈〈ᠶᠠᠳᠠᠭᠤ᠎ᠠᠴᠠ ᠠᠩᠬᠢᠵᠢᠷᠠᠭ᠋ᠠᠳᠤᠢ ᠲᠠᠩᠰᠠᠯᠠᠵᠤ ᠺᠠᠷᠲᠯᠠᠭᠰᠠᠨ ᠶᠠᠳᠠᠭᠤ ᠡᠷᠤᠭᠡ ᠵᠢᠨ ᠲᠤᠳᠤᠷᠠᠭᠢ ᠬᠤᠪᠢ᠎ᠪᠠᠷ ᠵᠢᠨᠨ ᠡᠷᠤᠭᠡ ᠪᠠᠢ᠌ᠭᠤᠯᠵᠤ ᠲᠠᠢ᠌ᠯᠬᠦ ᠦᠭᠡᠢ ᠭᠡᠷ ᠪᠦᠯᠢ᠎ᠪᠠᠨ ᠲᠦᠰᠢᠨ ᠠᠮᠢᠳᠤᠷᠠᠵᠤ ᠪᠠᠢ᠌ᠭ᠎ᠠ ᠬᠦᠨᠳᠤ ᠵᠡᠮᠳᠡᠭ ᠪᠣᠯᠤᠭᠰᠠᠨ ᠵᠡᠮᠳᠡᠭᠴᠦᠳ᠎ᠤᠨ ᠬᠦᠳᠠᠯᠮᠤᠷᠢ ᠵᠢᠨ ᠴᠢᠳᠠᠪᠤᠷᠢ ᠎ᠪᠠᠨ ᠪᠦᠷᠢᠮᠤᠰᠤᠨ ᠠᠯᠳᠠᠭᠰᠠᠨ ᠪᠤᠶᠤ ᠭᠡᠰᠡᠭ ᠠᠯᠳᠠᠭᠰᠠᠨ ᠶᠠᠳᠠᠭᠤ   ᠬᠦᠴᠢᠷᠳᠡᠯ᠎ᠲᠠᠢ ᠬᠦᠮᠤᠰ᠎ᠢ ᠦᠪᠡᠷ᠎ᠤᠨ ᠬᠢᠨᠢ ᠡᠷᠡᠮᠡᠯᠵᠡᠯᠡᠯ ᠵᠢᠨᠷ ᠲᠠᠮᠵᠢᠨ ᠲᠤᠰ ᠬᠦᠮᠤᠨ᠎ᠤ ᠡᠷᠤᠬᠡ ᠠᠮᠠ ᠵᠢ ᠬᠦᠳᠡᠭᠡ ᠳᠤᠰᠬᠤᠨ᠎ᠤ ᠨᠠᠭ᠋ᠠᠳᠤ ᠵᠠᠬ᠎ᠠ ᠵᠢᠨ ᠠᠮᠢᠳᠤᠷᠠᠯ᠎ᠤᠨ ᠪᠠᠳᠤᠯᠠᠭ᠎ᠠ ᠵᠢᠨ ᠭᠡᠪᠴᠢᠶᠠᠨ᠎ᠳᠤ ᠪᠠᠬᠳᠠᠭ᠋ᠠᠨ ᠬᠠᠷᠠᠭ᠋ᠠᠯᠵᠠᠵᠤ ᠪᠤᠯᠤᠨ᠎ᠠ〉〉 ᠭᠡᠵᠤ ᠱᠠᠭ᠋ᠠᠷᠳᠠᠭᠰᠠᠨ ᠪᠠᠢ᠌ᠨ᠎ᠠ᠃ ᠡᠬᠦᠨ᠎ᠤ ᠬᠠᠮᠳᠤ 〈〈ᠬᠦᠨᠳᠦ ᠵᠡᠮᠳᠡᠭᠴᠦᠳ〉〉 ᠎ᠤᠨ ᠬᠡᠪᠴᠢᠶ᠎ᠡ ᠵᠢ  〈〈ᠶᠠᠳᠠᠭᠤ᠎ᠠᠴᠠ ᠠᠩᠬᠢᠵᠢᠷᠠᠭ᠋ᠠᠳᠤᠢ   ᠲᠠᠩᠰᠠᠯᠠᠵᠤ ᠺᠠᠷᠲᠯᠠᠭᠰᠠᠨ ᠶᠠᠳᠠᠭᠤ ᠬᠦᠴᠢᠷᠳᠡᠯ᠎ᠲᠠᠢ ᠡᠷᠤᠭᠡ ᠵᠢᠨ ᠲᠤᠳᠤᠷᠠᠭᠢ ᠪᠦᠬᠦᠳᠠ ᠨᠠᠢ᠌ᠷᠠᠮᠳᠠᠬᠤ ᠲᠤᠮᠳᠠᠳᠤ ᠠᠷᠠᠤᠨ ᠤᠯᠤᠰ᠎ᠤᠨ ᠨᠢᠭᠡᠳᠤᠭᠡᠷ᠂ ᠬᠤᠶᠠᠳᠤᠭ᠋ᠠᠷ ᠲᠡᠰ᠎ᠤᠨ ᠬᠦᠨᠳᠤ ᠵᠡᠮᠳᠡᠭᠴᠦᠳ᠎ᠤᠨ ᠲᠡᠮᠳᠡᠭ᠎ᠲᠠᠢ ᠪᠠ   ᠭᠤᠷᠪᠠᠳᠤᠭ᠋ᠠᠷ ᠲᠡᠰ᠎ᠤᠨ ᠣᠶᠤᠨ ᠤᠬᠠᠭ᠋ᠠᠨ᠎ᠤ ᠵᠡᠮᠲᠡᠭᠴᠤᠳ ᠬᠢᠭᠡᠳ ᠭᠤᠷᠪᠡᠳᠤᠭ᠋ᠠᠷ ᠲᠡᠰ᠎ᠤᠨ ᠤᠶᠤᠨ ᠮᠡᠳᠡᠷᠡᠯ᠎ᠤᠨ ᠵᠡᠮᠳᠡᠭᠴᠤᠳ〉〉᠎ᠢ ᠪᠠᠬᠳᠠᠭ᠋ᠠᠨ ᠦᠷᠭᠡᠳᠭᠡᠵᠡᠢ᠃
      ᠡᠬᠦᠨ᠎ᠤ ᠬᠠᠮᠳᠤ ᠲᠠᠩᠰᠠᠯᠠᠵᠤ ᠺᠠᠷᠲᠯᠠᠭᠰᠠᠨ ᠶᠠᠳᠠᠭᠤ ᠬᠦᠴᠢᠷᠳᠡᠯ᠎ᠲᠠᠢ ᠡᠷᠤᠭᠡ ᠵᠢ ᠲᠤᠭᠳᠠᠭᠤᠨ ᠵᠢᠨᠷ ᠶᠠᠳᠠᠭᠤ᠎ᠠᠴᠠ   ᠠᠩᠭᠢᠵᠢᠷᠠᠭᠤᠯᠬᠤ   ᠵᠢᠨ ᠲᠦᠯᠤᠭᠡ 〈〈ᠲᠡᠳᠬᠦᠨ ᠳᠡᠮᠵᠢᠵᠤ ᠵᠠᠮ᠎ᠳᠤᠨᠢ ᠤᠷᠤᠭᠤᠯᠬᠤ〉〉 ᠵᠢ ᠪᠠᠷᠢᠮᠳᠠᠯᠠᠵᠤ᠂ 〈〈ᠦᠪᠤᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠶᠠᠳᠠᠭᠤ᠎ᠠᠴᠠ ᠠᠩᠬᠢᠵᠢᠷᠠᠭᠤᠯᠬᠤ ᠪᠤᠭᠤᠮᠳᠠ ᠰᠢᠪᠲᠤᠯᠬᠤ ᠭᠤᠷᠪᠡᠨ ᠵᠢᠯ᠎ᠤᠨ ᠠᠵᠢᠯᠯᠠᠭ᠋ᠠᠨ᠎ᠤ ᠲᠤᠮᠳᠠ ᠨᠠᠢ᠌ᠭᠡᠮ᠎ᠤᠨ ᠳᠤᠰᠠᠯᠠᠮᠵᠢ ᠵᠢᠨ ᠪᠦᠬᠦᠨ᠎ᠢ ᠪᠠᠳᠤᠯᠠᠬᠤ ᠭᠡᠷᠡᠭᠵᠢᠬᠦᠯᠦᠯᠳᠠ ᠵᠢᠨ ᠳᠦᠰᠤᠯ〉〉  (ᠦᠪᠤᠷ ᠠᠷᠠᠤᠨ ᠵᠠᠰᠠᠭ ᠲᠠᠷᠬᠠᠭ᠋ᠠᠬᠤ[2018]89   ᠳ᠋ᠦ᠍ᠭᠡᠷ) ᠵᠢ ᠳᠠᠷᠤᠮᠠᠯᠯᠠᠨ ᠲᠠᠷᠬᠠᠭ᠋ᠠᠵᠤ᠂   ᠤᠤᠯ᠎ᠤᠨ ᠨᠠᠭ᠋ᠠᠳᠤ ᠵᠠᠬ᠎ᠠ ᠵᠢᠨ ᠠᠮᠢᠳᠤᠷᠠᠯ᠎ᠤᠨ ᠪᠠᠳᠤᠯᠠᠭ᠎ᠠ᠎ᠠᠴᠠ ᠠᠭ᠋ᠠᠵᠢᠮ ᠵᠢᠨᠷ ᠭᠠᠷᠭ᠋ᠠᠬᠤ ᠲᠤᠭᠳᠠᠴᠠ ᠵᠢᠨ ᠰᠠᠭᠤᠷᠢᠨ ᠲᠡᠭᠡᠷ᠎ᠠ ᠠᠭ᠋ᠠᠵᠢᠮ ᠵᠶ᠋ᠠᠷ ᠭᠠᠷᠭ᠋ᠠᠬᠤ ᠬᠤᠭᠤᠴᠠᠭ᠎ᠠ ᠵᠢ᠎ᠨᠢ ᠲᠤᠳᠤᠷᠬᠠᠢ᠌ᠯᠠᠭᠰᠠᠨ ᠪᠠᠢ᠌ᠨ᠎ᠠ᠃ ᠶᠠᠳᠠᠭᠤ᠎ᠠᠴᠠ ᠠᠩᠬᠢᠵᠢᠷᠠᠭᠤᠯᠬᠤ ᠪᠣᠭᠣᠮᠲᠠ ᠰᠢᠪᠲᠤᠯᠬᠤ   ᠬᠤᠭᠤᠴᠠᠭ᠋ᠠᠨ᠎ᠳᠤ ᠲᠠᠷᠢᠶᠠᠯᠠᠬᠤ ᠮᠠᠯᠵᠢᠬᠤ ᠤᠷᠤᠨ᠎ᠤ ᠨᠠᠭ᠋ᠠᠳᠤ ᠵᠠᠬ᠎ᠠ ᠵᠢᠨ ᠠᠮᠢᠳᠤᠷᠠᠯ᠎ᠤᠨ ᠪᠠᠳᠤᠯᠠᠭ᠎ᠠ᠎ᠳᠤ ᠤᠷᠤᠭᠰᠠᠨ ᠲᠠᠩᠰᠠᠯᠠᠵᠤ ᠺᠠᠷᠲᠯᠠᠭᠰᠠᠨ ᠶᠠᠳᠠᠭᠤ ᠬᠦᠴᠢᠷᠳᠡᠯ᠎ᠲᠠᠢ   ᠡᠷᠤᠭᠡ   ᠵᠢᠨ ᠬᠦᠮᠤᠨ ᠲᠣᠳᠣᠮ᠎ᠤᠨ ᠲᠡᠭᠰᠢᠳᠭᠡᠭᠰᠡᠨ ᠤᠷᠤᠯᠭ᠎ᠠ᠎ᠨᠢ ᠲᠤᠬᠠᠢ ᠵᠢᠨ   ᠭᠠᠵᠠᠷ᠎ᠤᠨ ᠨᠠᠭ᠋ᠠᠳᠤ ᠵᠠᠬ᠎ᠠ ᠵᠢᠨ ᠠᠮᠢᠳᠤᠷᠠᠯ᠎ᠤᠨ ᠪᠠᠳᠤᠯᠠᠭ᠎ᠠ ᠵᠢᠨ ᠪᠠᠷᠢᠮᠵᠢᠶ᠎ᠠ᠎ᠠᠴᠠ ᠳᠠᠪᠠᠭᠰᠠᠨ ᠪᠣᠯ ᠬᠠᠪᠰᠤᠷᠣᠨ ᠲᠡᠳᠬᠦᠬᠦ ᠬᠡᠪᠴᠢᠶᠡᠨ᠎ᠠᠴᠠ᠎ᠪᠠᠨ ᠠᠭ᠋ᠠᠵᠢᠮ ᠵᠢᠨᠷ ᠭᠠᠷᠭ᠋ᠠᠬᠤ ᠬᠡᠷᠡᠭᠳᠡᠢ᠃   ᠭᠡᠪᠡᠴᠤ ᠪᠠᠢ᠌ᠳᠠᠯ᠎ᠢ᠎ᠨᠢ ᠦᠨᠳᠤᠰᠤᠯᠠᠨ 12—24   ᠰᠠᠷ᠎ᠠ ᠵᠢᠨ ᠠᠭ᠋ᠠᠵᠢᠮ ᠵᠢᠨᠷ ᠰᠠᠯᠵᠤ ᠭᠠᠷᠬᠤ ᠬᠤᠭᠤᠴᠠᠭ᠎ᠠ ᠲᠤᠭᠳᠠᠭ᠋ᠠᠵᠤ᠂ ᠬᠦᠴᠢᠷᠳᠡᠯ᠎ᠲᠠᠢ ᠤᠯᠠᠨ ᠲᠦᠮᠠᠨ᠎ᠢ ᠲᠡᠳᠬᠦᠨ ᠲᠡᠮᠵᠢᠵᠤ ᠲᠤᠭᠳᠠᠭᠤᠨ ᠵᠢᠨᠷ ᠶᠠᠳᠠᠭᠤ᠎ᠠᠴᠠ ᠠᠩᠭᠢᠵᠢᠷᠠᠭᠤᠯᠬᠤ ᠪᠤᠯᠤᠨ᠎ᠡ᠃
    (ᠭᠤᠷᠪᠡ)   ᠨᠠᠢ᠌ᠭᠡᠮ᠎ᠤᠨ ᠳᠤᠰᠠᠯᠠᠮᠵᠢ ᠵᠢᠨ ᠠᠵᠢᠯ᠎ᠤᠨ ᠬᠠᠮᠢᠶᠠᠷᠤᠯᠳᠠ ᠵᠢᠨ ᠲᠦᠷᠢᠮᠵᠢᠬᠦᠯᠤᠯᠳᠠ ᠵᠢ ᠠᠭᠢᠭᠤᠯᠬᠤ
  ᠨᠢᠭᠡ᠎ᠳᠤ᠂ ᠨᠠᠭ᠋ᠠᠳᠤ ᠵᠠᠬ᠎ᠠ ᠵᠢᠨ ᠠᠮᠢᠳᠤᠷᠠᠯ᠎ᠤᠨ ᠪᠠᠳᠤᠯᠠᠭ᠎ᠠ ᠵᠢᠨ ᠬᠠᠮᠢᠶᠠᠷᠤᠯᠳᠠ ᠵᠢᠨ ᠲᠦᠷᠢᠮᠵᠢᠬᠦᠯᠤᠯᠳᠠ ᠵᠢ ᠬᠦᠨᠵᠡᠭᠡᠢ᠌ᠷᠡᠬᠦᠯᠤᠨ᠎ᠡ᠃ ᠨᠠᠭ᠋ᠠᠳᠤ ᠵᠠᠬ᠎ᠠ ᠵᠢᠨ ᠠᠮᠢᠳᠤᠷᠠᠯ᠎ᠤᠨ ᠪᠠᠳᠤᠯᠠᠭ᠎ᠠ ᠵᠢᠨ ᠠᠵᠢᠯ᠎ᠤᠨ ᠬᠠᠮᠢᠶᠠᠷᠤᠯᠲᠠ   ᠵᠢᠨ ᠲᠦᠷᠢᠮᠵᠢᠬᠦᠯᠤᠯᠳᠠ ᠵᠢᠨ ᠲᠠᠯ᠎ᠠ᠎ᠪᠠᠷ 〈〈ᠡᠷᠭᠢᠵᠤ ᠦᠵᠡᠬᠦ〉〉 ᠠᠵᠢᠯᠯᠠᠭ᠎ᠠ ᠦᠷᠨᠢᠬᠦᠯᠵᠤ᠂   ᠭᠢᠨᠠᠨ ᠬᠠᠷᠭᠤᠭᠤᠯᠬᠤ ᠭᠢᠨᠠᠨ ᠵᠦᠪᠰᠢᠶᠡᠷᠡᠬᠦ ᠶᠠᠪᠤᠴᠠ ᠵᠢ   ᠲᠦᠷᠢᠮᠵᠢᠬᠦᠯᠵᠤ᠂ ᠭᠢᠨᠠᠨ ᠬᠠᠷᠭᠤᠭᠤᠯᠬᠤ ᠭᠢᠨᠠᠨ ᠵᠦᠪᠰᠢᠶᠡᠷᠡᠬᠦ ᠵᠢᠴᠢ ᠲᠤᠭᠳᠠᠭᠰᠠᠨ ᠬᠤᠭᠤᠴᠠᠭ᠋ᠠᠨ᠎ᠳᠤ᠎ᠪᠠᠨ ᠲᠠᠭᠢᠨ ᠭᠢᠨᠠᠬᠤ᠂   ᠲᠤᠭᠳᠠᠭᠰᠠᠨ ᠬᠤᠭᠤᠴᠠᠭ᠋ᠠᠨ᠎ᠳᠤ᠎ᠪᠠᠨ ᠮᠠᠳᠡᠬᠦᠯᠬᠦ ᠵᠡᠷᠭᠡ ᠵᠢᠨ ᠠᠵᠢᠯ᠎ᠤᠨ ᠱᠠᠭ᠋ᠠᠷᠳᠠᠯᠭ᠎ᠠ ᠵᠢ ᠨᠠᠷᠢᠨ ᠭᠢᠨᠠᠮᠠᠭ᠋ᠠᠢ ᠨᠠᠢ᠌ᠳᠠᠪᠤᠷᠢᠵᠢᠭᠤᠯᠬᠤ ᠭᠡᠷᠡᠭᠳᠡᠢ᠃ ᠨᠠᠭ᠋ᠠᠳᠤ ᠵᠠᠬ᠎ᠠ ᠵᠢᠨ ᠠᠮᠢᠳᠤᠷᠠᠯ᠎ᠤᠨ ᠪᠠᠳᠤᠯᠠᠭ᠎ᠠ ᠵᠢᠨ ᠡᠳᠡᠭᠡᠤᠨ᠎ᠢ ᠣᠨᠣᠴᠠᠲᠠᠢ ᠲᠤᠭᠳᠠᠭ᠋ᠠᠬᠤ ᠵᠢ ᠦᠷᠬᠦᠯᠵᠢᠯᠠᠨ ᠠᠭᠢᠭᠤᠯᠵᠤ᠂ ᠪᠤᠳᠠᠳᠤ ᠪᠠᠢ᠌ᠳᠠᠯ ᠵᠶ᠋ᠠᠨ ᠦᠨᠳᠤᠰᠤᠯᠡᠨ ᠬᠠᠷᠢᠶᠠᠨ᠎ᠳᠤ᠎ᠬᠢ ᠶᠡᠷᠤᠩᠭᠡᠢ᠌ᠯᠡᠨ ᠨᠣᠲᠠᠯᠠᠬᠤ ᠭᠦᠢ᠍ᠴᠡᠳᠬᠡᠬᠦ ᠲᠤᠭ᠎ᠠ ᠵᠢ   ᠠᠭ᠋ᠠᠵᠢᠮ ᠵᠢᠨᠷ ᠨᠢᠭᠡᠳᠤᠯᠲᠠᠢ ᠲᠦᠯᠣᠪᠵᠢᠭᠦᠯᠵᠤ᠂ ᠤᠷᠤᠨ ᠲᠤᠭᠤᠷᠢᠭ᠎ᠤᠨ ᠭᠡᠪᠴᠢᠶᠠᠨ᠎ᠳᠤ᠎ᠪᠠᠨ ᠬᠠᠷᠢᠴᠠᠩᠭᠤᠢ ᠨᠢᠭᠡᠳᠤᠯᠳᠠᠢ ᠨᠠᠭ᠋ᠠᠳᠤ ᠵᠠᠬ᠎ᠠ ᠵᠢᠨ ᠠᠮᠢᠳᠤᠷᠠᠯ᠎ᠤᠨ ᠪᠠᠳᠤᠯᠠᠭ᠎ᠠ ᠵᠢᠨ ᠡᠳᠡᠭᠡᠤᠨ᠎ᠤᠨ ᠶᠡᠷᠤᠩᠭᠡᠢ᠌ᠯᠡᠨ ᠳᠣᠭᠲᠠᠭ᠋ᠠᠬᠤ ᠭᠦᠢ᠍ᠴᠡᠳᠬᠡᠬᠦ   ᠲᠣᠭ᠋ᠠᠨ᠎ᠤ ᠰᠢᠰᠲᠸᠮ᠎ᠢ ᠰᠦᠪᠡᠭᠴᠢᠯᠡᠨ ᠪᠠᠢ᠌ᠭᠤᠯᠵᠤ᠂ ᠬᠦᠴᠢᠷᠳᠡᠯ᠎ᠲᠠᠢ ᠤᠯᠠᠨ ᠲᠦᠮᠠᠨ᠎ᠤ ᠨᠠᠭ᠋ᠠᠳᠤ ᠵᠠᠬ᠎ᠠ ᠵᠢᠨ ᠠᠮᠢᠳᠤᠷᠠᠯ᠎ᠤᠨ ᠪᠠᠳᠤᠯᠠᠭ᠎ᠠ ᠵᠢᠨ ᠳᠤᠰᠠᠯᠠᠮᠵᠢ ᠵᠢᠨ ᠲᠠᠯ᠎ᠠ᠎ᠪᠠᠷ ᠡᠷᠭᠡ ᠠᠰᠢᠭ᠂ ᠠᠵᠠ ᠵᠠᠪᠰᠢᠶᠠᠨ᠂ ᠳᠦᠷᠢᠮ ᠳᠣᠭᠲᠠᠭ᠋ᠠᠯ᠎ᠨᠢ ᠲᠥᠪ ᠭᠣᠣᠯᠴᠢ ᠪᠠᠢ᠌ᠬᠤ ᠵᠢ ᠪᠠᠶᠠᠯᠠᠬᠦᠯᠬᠦ ᠭᠡᠷᠡᠭᠳᠡᠢ᠃
    ᠬᠤᠶᠠᠷ ᠎ᠲᠤ᠂   ᠤᠨᠴᠡ ᠬᠦᠴᠢᠷᠳᠡᠯ᠎ᠲᠠᠢ ᠬᠦᠮᠤᠰ᠎ᠢ ᠠᠰᠠᠷᠠᠨ ᠲᠡᠳᠬᠦᠬᠦ ᠪᠠ ᠲᠦᠷ ᠴᠠᠭ᠎ᠤᠨ ᠳᠤᠰᠠᠯᠠᠮᠵᠢ ᠦᠵᠡᠭᠦᠯᠬᠦ   ᠠᠵᠢᠯ᠎ᠢ ᠰᠠᠢ᠌ᠳᠤᠷ ᠭᠢᠬᠦ ᠭᠡᠷᠡᠭᠳᠡᠢ᠃   ᠰᠠᠯᠤᠩᠬᠢ᠎ᠪᠠᠷ ᠠᠰᠠᠷᠠᠨ ᠲᠡᠳᠬᠦᠵᠤ ᠪᠠᠢ᠌ᠭ᠎ᠠ ᠬᠦᠮᠤᠰ᠎ᠢ ᠬᠠᠷᠠᠭ᠋ᠠᠯᠵᠠᠨ   ᠰᠤᠪᠢᠯᠠᠵᠤ ᠦᠢ᠍ᠯᠡᠴᠢᠯᠡᠬᠦ ᠠᠵᠢᠯ᠎ᠢ ᠰᠠᠢ᠌ᠳᠤᠷ ᠭᠢᠬᠦ ᠭᠡᠷᠡᠭᠳᠡᠢ᠃   ᠪᠠᠴᠢᠮ ᠬᠦᠴᠢᠷᠳᠡᠯ᠎ᠳᠤ ᠲᠤᠯᠭ᠋ᠠᠷᠠᠭᠰᠠᠨ ᠬᠦᠮᠤᠰ ᠪᠠ ᠶᠡᠬᠡ ᠵᠠᠷᠤᠳᠠᠯ ᠭᠠᠷᠭ᠋ᠠᠬᠤ ᠬᠦᠴᠢᠷᠳᠡᠯ᠎ᠲᠠᠢ ᠡᠳᠡᠭᠡᠤᠨ᠎ᠢ ᠲᠦᠷᠣᠯ ᠢᠯᠭ᠋ᠠᠨ ᠲᠤᠰᠠᠯᠠᠬᠤ ᠪᠠᠷᠢᠮᠵᠢᠶ᠎ᠠ᠎ᠪᠠᠨ ᠨᠠᠷᠢᠯᠢᠭᠵᠢᠭᠤᠯᠵᠤ᠂   ᠭᠢᠨᠠᠨ ᠬᠠᠷᠭᠤᠭᠤᠯᠬᠤ   ᠭᠢᠨᠠᠨ ᠵᠦᠪᠰᠢᠶᠡᠷᠡᠬᠦ ᠶᠠᠪᠤᠴᠠ᠎ᠪᠠᠨ ᠤᠯᠠᠮ ᠰᠢᠯᠢᠳᠡᠭᠵᠢᠬᠦᠯᠵᠤ᠂  〈〈  ᠳᠡᠰ ᠬᠤᠪᠢᠶᠠᠨ ᠭᠢᠨᠠᠨ ᠵᠦᠪᠰᠢᠶᠡᠷᠡᠬᠦ〉〉  ᠂ 〈〈ᠤᠷᠢᠳᠠᠪᠠᠷ ᠲᠤᠰᠠᠯᠠᠬᠤ〉〉   ᠵᠡᠷᠭᠡ ᠲᠦᠷᠤ ᠵᠢᠨ   ᠪᠤᠳᠦᠯᠭ᠎ᠠ ᠳᠦᠷᠢᠮ   ᠲᠤᠭᠳᠠᠭ᠋ᠠᠯ᠎ᠢ ᠪᠦᠬᠦ ᠲᠠᠯ᠎ᠠ᠎ᠪᠠᠷ ᠨᠠᠢ᠌ᠳᠠᠪᠤᠷᠢᠵᠢᠭᠤᠯᠬᠤ   ᠭᠡᠷᠡᠭᠳᠡᠢ᠃
    ᠭᠤᠷᠪᠠ᠎ᠳᠤ᠂ ᠭᠡᠷ ᠪᠦᠯᠢ ᠵᠢᠨ ᠠᠵᠤ ᠠᠬᠤᠢ ᠵᠢᠨ ᠪᠠᠢ᠌ᠳᠠᠯ᠎ᠢ ᠭᠢᠨᠠᠨ ᠬᠠᠷᠭᠤᠭᠤᠯᠬᠤ ᠲᠤᠭᠳᠠᠴᠠ ᠵᠢ ᠲᠡᠬᠦᠯᠳᠡᠷᠵᠢᠬᠦᠯᠬᠦ ᠭᠡᠷᠡᠭᠳᠡᠢ᠃   ᠡᠯ᠎ᠠ ᠠᠢ᠌ᠮᠠᠭ ᠬᠤᠳᠠ᠂ ᠬᠤᠰᠢᠭᠤ ᠰᠢᠶᠠᠨ (ᠬᠤᠳᠠ ᠲᠤᠭᠤᠷᠢᠭ)᠎ᠨᠢ ᠨᠡᠢ᠌ᠬᠡᠮ᠎ᠤᠨ ᠳᠤᠰᠠᠯᠠᠮᠵᠢ ᠵᠢ ᠰᠢᠨ᠎ᠡ᠎ᠪᠠᠷ ᠡᠷᠡᠮᠡᠯᠵᠡᠯᠡᠵᠤ ᠪᠠᠢ᠌ᠭ᠎ᠠ ᠡᠳᠡᠭᠡᠤᠨ᠎ᠢ ᠳᠣᠭᠲᠠᠭ᠋ᠠᠯ ᠶᠣᠰᠤᠭ᠋ᠠᠷ ᠭᠢᠨᠠᠨ ᠬᠠᠷᠭᠤᠭᠤᠯᠬᠤ᠂   ᠭᠢᠨᠠᠨ ᠵᠦᠪᠰᠢᠶᠡᠷᠡᠬᠦ ᠶᠠᠪᠤᠴᠨ ᠵᠢ᠎ᠨᠢ   ᠭᠢᠨᠠᠨ ᠬᠠᠷᠭᠤᠭᠤᠯᠬᠤ ᠬᠡᠷᠡᠭᠲᠠᠢ᠃ ᠨᠢᠭᠡᠨᠳᠠ ᠨᠠᠢ᠌ᠭᠡᠮ᠎ᠤᠨ ᠳᠤᠰᠠᠯᠠᠮᠵᠢ ᠣᠯᠭᠣᠭᠰᠠᠨ ᠡᠳᠡᠭᠡᠤᠨ᠎ᠢ ᠪᠠᠭ᠎ᠠ᠎ᠳᠤ᠎ᠪᠠᠨ ᠤᠯᠠᠷᠢᠯ ᠪᠦᠷᠢ   ᠨᠢᠭᠡ ᠤᠳᠠᠭ᠎ᠠ ᠭᠢᠨᠠᠨ ᠬᠠᠷᠭᠤᠭᠤᠯᠵᠤ᠂ ᠨᠦᠬᠦᠴᠡᠯ᠎ᠳᠤ ᠨᠡᠢ᠌ᠴᠡᠬᠦ ᠦᠭᠡᠢ ᠵᠢ᠎ᠨᠢ ᠴᠠᠭ ᠲᠤᠬᠠᠢ᠎ᠳᠤᠨᠢ ᠰᠠᠯᠭ᠋ᠠᠵᠤ ᠭᠠᠷᠭ᠋ᠠᠬᠤ ᠭᠡᠷᠡᠭᠳᠡᠢ᠃   ᠦᠪᠡᠷᠳᠡᠭᠡᠨ ᠵᠠᠰᠠᠬᠤ ᠤᠷᠤᠨ᠎ᠠᠴᠠ ᠪᠠᠭᠤᠯᠭ᠋ᠠᠭᠰᠠᠨ ᠭᠣᠣᠯᠳᠠᠯᠭ᠎ᠠ᠎ᠲᠠᠢ ᠭᠢᠨᠠᠨ ᠭᠡᠮᠵᠢᠬᠦ ᠲᠣᠭ᠎ᠠ ᠪᠠᠷᠢᠮᠳᠠ ᠵᠢ ᠨᠠᠷᠢᠨ ᠭᠢᠨᠠᠮᠠᠭ᠋ᠠᠢ   ᠦᠨᠳᠤᠷ ᠪᠦᠳᠤᠮᠵᠢᠳᠠᠢ ᠬᠦᠢ᠍ᠴᠡᠳᠭᠡᠬᠦ ᠭᠡᠷᠡᠭᠳᠡᠢ᠂ ᠳᠦᠬᠦᠮ ᠲᠦᠳᠠ᠎ᠪᠠᠷ ᠪᠠᠳᠤᠯᠠᠭ᠎ᠠ ᠵᠢ᠎ᠨᠢ ᠵᠤᠭᠰᠤᠭ᠋ᠠᠨ ᠰᠢᠢ᠍ᠳᠪᠤᠷᠢᠯᠡᠵᠤ   ᠪᠣᠯᠬᠤ ᠦᠭᠡᠢ᠃
     (ᠳᠥᠷᠪᠡ) ᠦᠨᠳᠤᠰᠤᠨ ᠱᠠᠳᠤᠨ᠎ᠤ ᠨᠠᠢ᠌ᠭᠡᠮ᠎ᠤᠨ ᠳᠤᠰᠠᠯᠠᠮᠵᠢ ᠵᠢᠨ ᠠᠵᠢᠯ  ᠎ᠤᠨ ᠭᠠᠷᠳᠠᠨ ᠭᠦᠢ᠍ᠴᠡᠳᠬᠡᠬᠦ ᠦᠢ᠍ᠯᠡᠴᠢᠯᠡᠭᠡᠨ᠎ᠤ ᠴᠢᠳᠠᠪᠤᠷᠢ᠎ᠪᠠᠨ ᠴᠢᠩᠭ᠋ᠠᠳᠬᠠᠬᠤ ᠭᠡᠷᠡᠭᠳᠡᠢ
      ᠡᠯ᠎ᠡ ᠭᠠᠵᠠᠷ ᠣᠷᠣᠨ ᠡᠷᠬᠡᠪᠰᠢ ᠦᠪᠡᠷᠳᠡᠭᠡᠨ ᠵᠠᠰᠠᠬᠤ ᠤᠷᠤᠨ᠎ᠤ ᠵᠠᠰᠠᠭ᠎ᠤᠨ ᠤᠷᠳᠤᠨ᠎ᠤ ᠦᠢ᠍ᠯᠡᠴᠢᠯᠡᠭᠡ ᠵᠢ ᠬᠤᠳᠠᠯᠳᠤᠨ ᠠᠪᠴᠤ ᠦᠨᠳᠦᠰᠤᠨ ᠱᠠᠳᠤᠨ᠎ᠤ ᠨᠠᠢ᠌ᠭᠡᠮ᠎ᠤᠨ ᠳᠤᠰᠠᠯᠠᠮᠵᠢ ᠵᠢᠨ ᠠᠵᠢᠯ᠎ᠤᠨ ᠭᠠᠷᠳᠠᠨ ᠭᠦᠢ᠍ᠴᠡᠳᠬᠡᠬᠦ ᠦᠢ᠍ᠯᠡᠴᠢᠯᠡᠭᠡᠨ᠎ᠤ ᠴᠢᠳᠠᠪᠤᠷᠢ᠎ᠪᠠᠨ ᠴᠢᠩᠭ᠋ᠠᠳᠬᠠᠬᠤ ᠲᠤᠬᠠᠢ ᠱᠠᠭ᠋ᠠᠷᠳᠠᠯᠭ᠎ᠠ ᠵᠢ ᠴᠢᠩᠭ᠎ᠠ ᠨᠠᠢ᠌ᠳᠠᠪᠤᠷᠢᠵᠢᠭᠤᠯᠵᠤ᠂ ᠬᠠᠷᠢᠶᠠᠨ᠎ᠤ᠎ᠪᠠᠨ ᠬᠤᠰᠢᠭᠤ ᠰᠢᠶᠠᠨ (ᠬᠤᠳᠠ᠂   ᠲᠤᠭᠤᠷᠢᠭ)᠎ᠳᠤ ᠪᠦᠷᠢᠨ ᠳᠦᠬᠦᠷ ᠲᠦᠷᠤ ᠵᠢᠨ ᠪᠤᠳᠦᠯᠭ᠎ᠠ ᠵᠢ ᠰᠢᠪᠠᠳᠠᠨ ᠲᠤᠭᠳᠠᠭ᠋ᠠᠬᠤ ᠬᠡᠷᠡᠭᠳᠡᠢ᠃ ᠵᠠᠰᠠᠭ᠎ᠤᠨ ᠤᠷᠳᠤᠨ᠎ᠤ   ᠨᠠᠢ᠌ᠭᠡᠮ᠎ᠤᠨ ᠳᠤᠰᠠᠯᠠᠮᠵᠢ ᠵᠢᠨ ᠦᠢ᠍ᠯᠡᠴᠢᠯᠡᠭᠡᠨ᠎ᠢ ᠬᠤᠳᠠᠯᠳᠤᠨ ᠠᠪᠬᠤ ᠠᠵᠢᠯ᠎ᠢ   ᠭᠢᠭᠰᠡᠨ ᠦᠭᠡᠢ ᠬᠤᠰᠢᠭᠤ ᠰᠢᠶᠠᠨ (ᠬᠤᠳᠠ᠂   ᠲᠤᠭᠤᠷᠢᠭ) ᠵᠢ ᠰᠢᠪᠠᠳᠠᠨ ᠡᠨᠡ ᠲᠠᠯ᠎ᠠ ᠵᠢᠨ ᠠᠵᠢᠯ᠎ᠢ ᠪᠦᠳᠤᠮᠵᠢᠳᠠᠢ ᠦᠷᠨᠢᠬᠦᠯᠬᠦ ᠭᠡᠷᠡᠭᠳᠡᠢ᠃ ᠵᠠᠰᠠᠭ᠎ᠤᠨ ᠤᠷᠳᠤᠨ  ᠎ᠤ ᠨᠠᠢ᠌ᠭᠡᠮ᠎ᠤᠨ ᠳᠤᠰᠠᠯᠠᠮᠵᠢ ᠵᠢᠨ ᠦᠢ᠍ᠯᠡᠴᠢᠯᠡᠭᠡᠨ᠎ᠢ ᠬᠤᠳᠠᠯᠳᠤᠨ ᠠᠪᠬᠤ ᠠᠵᠢᠯ᠎ᠢ ᠦᠷᠨᠢᠬᠦᠯᠦᠭᠰᠡᠨ ᠬᠤᠰᠢᠭᠤ ᠰᠢᠶᠠᠨ (ᠬᠤᠳᠠ᠂   ᠲᠤᠭᠤᠷᠢᠭ)  ᠎ᠨᠢ ᠭᠤᠷᠪᠡᠳᠤᠭ᠋ᠠᠷ ᠡᠳᠡᠭᠡᠤᠨ᠎ᠢ ᠵᠤᠭᠢᠶᠠᠨ ᠪᠠᠢ᠌ᠭᠤᠯᠵᠤ᠂   ᠦᠷ᠎ᠡ ᠪᠦᠳᠤᠮᠵᠢ ᠵᠢᠨ ᠦᠨᠡᠯᠡᠯᠳᠠ ᠭᠢᠵᠤ᠂   ᠵᠠᠰᠠᠭ᠎ᠤᠨ ᠣᠷᠳᠤᠨ᠎ᠤ ᠨᠠᠢ᠌ᠭᠡᠮ᠎ᠤᠨ ᠳᠤᠰᠠᠯᠠᠮᠵᠢ ᠵᠢᠨ ᠦᠢ᠍ᠯᠡᠴᠢᠯᠡᠭᠡᠨ᠎ᠢ ᠬᠤᠳᠠᠯᠳᠤᠨ ᠠᠪᠬᠤ ᠠᠵᠢᠯ ᠵᠶ᠋ᠠᠨ ᠦᠨᠳᠦᠷ ᠪᠦᠳᠤᠮᠵᠢᠳᠠᠢ ᠬᠢᠬᠦ   ᠵᠢ ᠪᠠᠳᠤᠯᠠᠬᠤ ᠭᠡᠷᠡᠭᠳᠡᠢ᠃ ᠭᠢᠨᠠᠨ ᠪᠠᠢ᠌ᠴᠠᠭ᠋ᠠᠵᠤ ᠰᠢᠯᠭ᠋ᠠᠨ ᠭᠢᠨᠠᠬᠤ ᠲᠤᠭᠳᠠᠴᠠ ᠵᠢ ᠪᠠᠢ᠌ᠭᠤᠯᠤᠨ ᠲᠡᠬᠦᠯᠳᠡᠷᠵᠢᠬᠦᠯᠵᠤ᠂   ᠵᠠᠰᠠᠭ᠎ᠤᠨ ᠤᠷᠳᠤᠨ᠎ᠤ ᠨᠠᠢ᠌ᠭᠡᠮ᠎ᠤᠨ ᠳᠤᠰᠠᠯᠠᠮᠵᠢ ᠵᠢᠨ ᠦᠢ᠍ᠯᠡᠴᠢᠯᠡᠭᠡᠨ᠎ᠢ ᠬᠤᠳᠠᠯᠳᠤᠨ ᠠᠪᠬᠤ ᠠᠵᠢᠯ ᠵᠶ᠋ᠠᠨ ᠡᠯ᠎ᠡ ᠭᠠᠵᠠᠷ ᠣᠷᠣᠨ᠎ᠤ ᠨᠠᠮ ᠵᠠᠰᠠᠭ᠎ᠤᠨ ᠤᠳᠤᠷᠢᠳᠬᠤ ᠪᠠᠭ᠎ᠤᠨ ᠠᠵᠢᠯ᠎ᠤᠨ ᠦᠷ᠎ᠡ ᠪᠦᠳᠤᠭᠡᠯ᠎ᠤᠨ ᠬᠠᠷᠠᠯᠳᠠ ᠵᠢᠨ ᠨᠠᠢ᠌ᠭᠡᠮ᠎ᠤᠨ ᠳᠤᠰᠠᠯᠠᠮᠵᠢ ᠵᠢᠨ   ᠰᠢᠰᠲᠸᠮ᠎ᠤᠨ ᠬᠢᠨᠠᠨ   ᠰᠢᠯᠭ᠋ᠠᠬᠤ ᠠᠵᠢᠯ ᠎ᠳᠤ   ᠤᠷᠤᠭᠤᠯᠵᠤ᠂   ᠠᠵᠢᠯ᠎ᠤᠨ ᠡᠬᠦᠷᠭᠡ ᠎ᠪᠠᠨ ᠨᠠᠷᠢᠯᠢᠭᠵᠢᠭᠤᠯᠬᠤ ᠭᠡᠷᠡᠭᠳᠡᠢ᠃

    ᠬᠤᠯᠪᠤᠭᠳᠠᠬᠤ ᠪᠢᠴᠢᠭ ᠮᠠᠲᠸᠷᠢᠶᠠᠯ᠄ ᠦᠪᠤᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠠᠷᠠᠤᠨ᠎ᠤᠨ ᠵᠠᠰᠠᠭ᠎ᠤᠨ ᠤᠷᠳᠤᠨ᠎ᠤ ᠠᠯᠪᠠᠨ ᠲᠢᠩᠭᠢᠮ᠎ᠤᠨ 2019 ᠤᠨ᠎ᠤ ᠨᠠᠢ᠌ᠭᠡᠮ᠎ᠤᠨ ᠳᠤᠰᠠᠯᠠᠮᠵᠢ ᠵᠢᠨ ᠪᠠᠷᠢᠮᠵᠢᠶ᠎ᠠ ᠵᠢᠨ ᠬᠣᠯᠪᠣᠭᠳᠠᠯ ᠪᠦᠬᠦᠢ ᠶᠠᠪᠤᠳᠠᠯ᠎ᠤᠨ   ᠲᠤᠬᠠᠢ ᠮᠡᠳᠡᠭᠳᠡᠯ

 

ᠢᠷᠡᠯᠲᠡ᠄ ᠠᠷᠠᠳ᠎ᠤᠨ ᠶᠠᠪᠤᠳᠠᠯ᠎ᠤᠨ ᠲᠢᠩᠬᠢᠮ᠎ᠤᠨ ᠬᠢᠲᠠᠳ ᠬᠡᠯᠡᠨ᠎ᠤ ᠰᠦᠯᠵᠢᠶ᠎ᠡ
          
ᠬᠠᠮᠢᠶ᠎ᠡ ᠪᠦᠬᠦᠢ ᠰᠣᠨᠢᠨ
ᠰᠢᠨ᠎ᠡ ᠡᠵᠡᠩᠨᠡᠯᠲᠡ ᠵᠢᠨ ᠨᠡᠢ᠌ᠭᠡᠮ᠎ᠤᠨ ᠪᠠᠲᠤᠯᠠᠪᠤᠷᠢ ᠵᠢ 《ᠨᠠᠢ᠌ᠳᠠᠪᠤᠷᠢᠵᠢᠭᠤᠯᠬᠤ ᠦᠭᠡᠢ》 ᠪᠠᠢ᠌ᠵᠤ ᠪᠤᠯᠬᠤ ᠦᠭᠡᠢ
ᠠᠷᠠᠳ᠎ᠤᠨ ᠠᠮᠢᠳᠤᠷᠠᠯ᠎ᠤᠨ ᠪᠠᠳᠤᠯᠠᠭ᠎ᠠ ᠪᠤᠯ ᠲᠤᠮᠳᠠᠳᠤ ᠤᠯᠤᠰ᠎ᠤᠨ ᠤᠨᠴᠠᠯᠢᠭ᠎ᠲᠠᠢ ᠨᠡᠢ᠌ᠬᠡᠮ ᠵᠢᠷᠤᠮ᠎ᠤᠨ ᠴᠢᠬᠤᠯᠨ ᠪᠦᠷᠢᠯᠳᠤᠬᠦᠨ ᠮᠥᠨ
《ᠨᠠᠰᠤᠵᠢᠯ᠎ᠤᠨ ᠪᠠᠢ᠌ᠭᠤᠯᠤᠮᠵᠢ ᠵᠢᠨ ᠬᠠᠮᠢᠶᠠᠷᠤᠯᠳᠠ ᠵᠢᠨ ᠠᠷᠭ᠎ᠠ》 ᠵᠢ ᠨᠡᠮᠡᠨ ᠵᠠᠰᠠᠬᠰᠠᠨ ᠬᠠᠤᠯᠢ ᠲᠤᠬᠳᠠᠭ᠋ᠠᠬᠤ ᠤᠢ᠌ᠯᠠᠭ᠋ᠠᠬᠳᠠᠬᠤᠨ ᠪᠠ ᠦᠨᠳᠤᠰᠤᠨ ᠰᠡᠳᠬᠢᠮᠵᠢ ᠵᠢᠨ ᠲᠤᠬᠠᠢ ᠲᠠᠢ᠌ᠯᠤᠮᠵᠢ
ᠰᠢᠨ᠎ᠡ ᠤᠢ᠍ᠢ᠍ᠯᠠᠭ᠋ᠠᠭᠳᠠᠬᠤᠨ᠎ᠢ ᠳᠤᠭᠤᠰᠢᠯᠠᠭᠤᠯᠵᠤ ᠰᠢᠨ᠎ᠡ ᠠᠮᠵᠢᠯᠲᠠ ᠪᠦᠲᠦᠮᠵᠢ ᠵᠢ ᠡᠭᠦᠳᠤᠶ᠎ᠠ
ᠣᠯᠣᠰ᠎ᠤᠨ ᠨᠡᠢ᠌ᠳᠡᠮ ᠬᠡᠷᠡᠭᠯᠡᠬᠦ ᠦᠬᠡ ᠬᠡᠯᠨ ᠦᠰᠦᠭ ᠪᠢᠴᠢᠭ᠎ᠢ ᠰᠤᠷᠤᠯᠴᠠᠨ ᠬᠡᠷᠡᠭᠯᠡᠬᠦ ᠵᠢ ᠬᠠᠤᠯᠢ ᠶᠤᠰᠤᠭ᠋ᠠᠷ ᠠᠬᠢᠭᠤᠯᠬᠤ ᠵᠢ ᠪᠠᠷᠢᠮᠳᠠᠯᠠᠰᠤᠭ᠋ᠠᠢ
 
            