2020 ᠤᠨ᠎ᠤ 2 ᠳ᠋ᠤᠭ᠋ᠠᠷ ᠰᠠᠷ᠎ᠠ ᠵᠢᠨ 29᠎ᠤ ᠠ᠋ᠳᠦᠷ ᠥᠪᠤᠷ ᠮᠤᠩᠭᠤᠯ᠎ᠤᠨ ᠥᠪᠡᠷᠳᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠠᠴᠠ 《ᠲᠥᠪ᠎ᠤᠨ ᠤᠯᠤᠰ ᠲᠦᠷᠦ ᠵᠢᠨ ᠲᠤᠪᠴᠢᠶᠠᠨ᠎ᠤ ᠪᠠᠢ᠌ᠩᠭᠤ ᠵᠢᠨ ᠬᠤᠷᠢᠶᠠᠨ᠎ᠤ ᠬᠤᠷᠠᠯ᠎ᠤᠨ ᠵᠣᠷᠢᠭ ᠰᠠᠨᠠᠭ᠎ᠠ ᠵᠢ ᠨᠠᠢ᠌ᠳᠠᠪᠤᠷᠢᠵᠢᠭᠤᠯᠵᠦ ᠠᠷᠠᠳ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠪᠠᠢ᠌ᠭᠤᠯᠤᠮᠵᠢ ᠵᠢᠨ ᠬᠢᠵᠢᠭ ᠰᠡᠷᠭᠡᠢ᠌ᠯᠡᠬᠦ ᠠᠵᠢᠯ᠎ᠢ ᠤᠯᠠᠮ ᠰᠠᠢ᠌ᠨ ᠬᠢᠬᠦ ᠲᠤᠬᠠᠢ ᠪᠠᠴᠢᠮ ᠮᠡᠳᠡᠭᠳᠡᠯ》᠎ᠢ ᠳᠠᠷᠤᠮᠠᠯᠯᠠᠨ ᠲᠠᠷᠬᠠᠭ᠋ᠠᠪᠠ᠂ ᠣᠳᠤ ᠮᠡᠳᠡᠭᠳᠡᠯ᠎ᠤᠨ ᠭᠣᠣᠯ ᠵᠣᠷᠢᠭ ᠰᠠᠨᠠᠭ᠎ᠠ ᠵᠢ ᠳᠤᠤᠷᠠᠬᠢ ᠮᠡᠲᠦ ᠲᠣᠪᠴᠢᠯᠠᠨ ᠨᠠᠢ᠌ᠷᠠᠭᠤᠯᠤᠯᠠ᠄
2 ᠳ᠋ᠤᠭ᠋ᠠᠷ ᠰᠠᠷ᠎ᠠ ᠵᠢᠨ 23᠎ᠤ ᠠ᠋ᠳᠦᠷ ᠰᠢ ᠵᠢᠨ ᠫᠢᠩ ᠶᠡᠷᠦᠩᠬᠡᠢ ᠱᠦᠵᠢ ᠰᠢᠨ᠎ᠡ ᠲᠢᠲᠢᠮᠯᠢᠭ ᠠᠭᠤᠰᠬᠢᠨ ᠥᠷᠪᠢᠰᠦᠯᠢ ᠰᠡᠷᠭᠡᠢ᠌ᠯᠡᠨ ᠬᠤᠷᠢᠬᠯᠠᠬᠤ ᠠᠵᠢᠯ ᠪᠠ ᠠᠵᠦ ᠠᠬᠤᠢ ᠨᠡᠢ᠌ᠭᠡᠮ᠎ᠤᠨ ᠬᠥᠭᠵᠢᠯᠲᠡ ᠵᠢ ᠨᠢᠭᠡᠳᠦᠯᠲᠠᠢ ᠲᠥᠯᠥᠪᠯᠡᠨ ᠠᠬᠢᠭᠤᠯᠬᠤ ᠲᠤᠬᠠᠢ ᠪᠠᠢ᠌ᠷᠢᠯᠠᠭᠤᠯᠤᠯᠲᠠ ᠬᠢᠬᠦ ᠬᠤᠷᠠᠯ ᠳᠡᠭᠡᠷ᠎ᠡ ᠴᠢᠬᠤᠯᠠ ᠶᠠᠷᠢᠶ᠎ᠠ ᠲᠠᠯᠪᠢᠵᠠᠢ᠃ 2 ᠳ᠋ᠤᠭ᠋ᠠᠷ ᠰᠠᠷ᠎ᠠ ᠵᠢᠨ 26᠎ᠤ ᠠ᠋ᠳᠦᠷ ᠰᠢ ᠵᠢᠨ ᠫᠢᠩ ᠶᠡᠷᠦᠩᠬᠡᠢ ᠱᠦᠵᠢ ᠲᠥᠪ᠎ᠤᠨ ᠤᠯᠤᠰ ᠲᠦᠷᠦ ᠵᠢᠨ ᠲᠤᠪᠴᠢᠶᠠᠨ᠎ᠤ ᠪᠠᠢ᠌ᠩᠭᠤ ᠵᠢᠨ ᠬᠤᠷᠢᠶᠠᠨ᠎ᠤ ᠬᠤᠷᠠᠯ᠎ᠢ ᠠ᠋ᠷᠬᠢᠯᠡᠨ ᠬᠤᠷᠠᠯᠳᠤᠭᠤᠯᠵᠦ᠂ ᠤᠢ᠌ᠷ᠎ᠠ ᠵᠢᠨ ᠬᠤᠭᠤᠴᠠᠭ᠋ᠠᠨ᠎ᠤ ᠬᠢᠵᠢᠭ ᠰᠡᠷᠭᠡᠢ᠌ᠯᠡᠬᠦ ᠭᠣᠣᠯ ᠠᠵᠢᠯ᠎ᠢ ᠰᠤᠳᠤᠯᠤᠨ ᠪᠠᠢ᠌ᠷᠢᠯᠠᠭᠤᠯᠬᠤ᠎ᠳᠠᠭᠠᠨ᠄ 《ᠤᠨᠴᠠᠭ᠋ᠠᠢ ᠭᠠᠵᠠᠷ ᠪᠣᠯᠣᠨ ᠭᠣᠣᠯᠳᠠᠯᠭ᠎ᠠ ᠪᠣᠯᠬᠤ ᠬᠦᠮᠦᠰ᠎ᠤᠨ ᠬᠢᠵᠢᠭ᠎ᠠᠴᠠ ᠰᠡᠷᠭᠡᠢ᠌ᠯᠡᠨ ᠬᠠᠮᠠᠭ᠋ᠠᠯᠠᠬᠤ ᠠᠷᠭ᠎ᠠ ᠬᠡᠮᠵᠢᠶ᠎ᠡ ᠵᠢ ᠴᠢᠩᠭ᠋ᠠᠳᠬᠠᠬᠤ ᠬᠡᠷᠡᠭᠲᠡᠢ᠃ ᠨᠠᠰᠤᠲᠠᠳ᠎ᠢ ᠠᠰᠠᠷᠠᠬᠤ᠂ ᠨᠡᠢ᠌ᠬᠡᠮ᠎ᠤᠨ ᠳᠤᠰᠠᠯᠠᠮᠵᠢ᠂ ᠬᠡᠤᠬᠡᠳ᠎ᠤᠨ ᠠᠰᠠᠷᠠᠮᠵᠢ᠂ ᠤᠶᠤᠨ ᠮᠡᠳᠡᠷᠡᠯ᠎ᠤᠨ ᠠ᠋ᠷᠡᠭᠦᠯ ᠬᠠᠮᠠᠭ᠋ᠠᠯᠠᠯ ᠵᠡᠷᠭᠡ ᠪᠠᠢ᠌ᠭᠤᠯᠤᠮᠵᠢ᠎ᠳᠤ ᠬᠦᠮᠦᠨ ᠴᠢᠭᠴᠢᠭᠦᠦ᠂ ᠤᠷᠴᠢᠨ ᠲᠤᠭᠤᠷᠢᠨ ᠪᠢᠲᠡᠭᠦᠦ᠂ ᠦᠢ᠍ᠯᠡᠴᠢᠯᠡᠭᠡ ᠬᠦᠷᠲᠡᠬᠦ ᠬᠠᠮᠢᠶ᠎ᠠ ᠪᠦᠬᠦᠢ ᠬᠦᠮᠦᠰ᠎ᠤᠨ ᠪᠡᠶ᠎ᠡ᠎ᠪᠠᠨ ᠬᠠᠮᠠᠭ᠋ᠠᠯᠠᠬᠤ ᠴᠢᠳᠠᠪᠤᠷᠢ ᠳᠤᠷᠤᠢ ᠪᠠᠢ᠌ᠳᠠᠭ᠂ ᠬᠠᠷᠢᠶ᠎ᠠ ᠭᠠᠵᠠᠷ᠎ᠤᠨ᠎ᠬᠢᠨ ᠬᠠᠷᠢᠭᠤᠴᠠᠯᠭ᠎ᠠ᠎ᠪᠠᠨ ᠴᠢᠩᠭ᠋ᠠᠳᠬᠠᠵᠦ᠂ ᠴᠢᠩᠭ᠎ᠠ ᠠᠷᠭ᠎ᠠ ᠬᠡᠮᠵᠢᠶ᠎ᠡ ᠠᠪᠴᠤ ᠰᠠᠢ᠌ᠲᠤᠷ ᠬᠠᠮᠢᠶᠠᠷᠤᠨ᠂ ᠭᠠᠳᠠᠨ᠎ᠠ᠎ᠠᠴᠠ ᠬᠠᠯᠳᠠᠪᠤᠷᠢᠯᠠᠨ ᠤᠷᠤᠵᠦ ᠢᠷᠡᠬᠦ ᠵᠢ ᠰᠡᠷᠭᠡᠢ᠌ᠯᠡᠵᠦ᠂ ᠨᠢᠭᠡᠨᠳᠡ ᠬᠠᠯᠳᠠᠪᠤᠷᠢᠯᠠᠭᠰᠠᠨ ᠡᠪᠡᠳᠴᠢᠲᠡᠨ᠎ᠢ ᠪᠠᠢ᠌ᠳᠠᠭ ᠴᠢᠳᠠᠯ ᠵᠢᠡᠷ ᠵᠢᠡᠨ ᠠᠪᠤᠷᠠᠨ ᠠ᠋ᠮᠨᠡᠬᠦ ᠬᠡᠷᠡᠭᠲᠡᠢ》 ᠭᠡᠵᠦ ᠴᠢᠬᠤᠯᠠᠴᠢᠯᠠᠨ ᠵᠢᠭ᠋ᠠᠵᠦ ᠭᠠᠷᠭ᠋ᠠᠵᠠᠢ᠃ 2 ᠳ᠋ᠤᠭ᠋ᠠᠷ ᠰᠠᠷ᠎ᠠ ᠵᠢᠨ 27᠎ᠤ ᠠ᠋ᠳᠦᠷ ᠥᠪᠡᠷᠳᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠪᠠᠢ᠌ᠩᠭᠤ ᠵᠢᠨ ᠬᠣᠷᠢᠶᠠᠨ᠎ᠤ ᠬᠤᠷᠠᠯ ᠬᠤᠷᠠᠯᠳᠤᠭᠤᠯᠵᠦ᠂ ᠲᠥᠪ᠎ᠤᠨ ᠤᠯᠤᠰ ᠲᠦᠷᠦ ᠵᠢᠨ ᠲᠤᠪᠴᠢᠶᠠᠨ᠎ᠤ ᠪᠠᠢ᠌ᠩᠭᠤ ᠵᠢᠨ ᠬᠤᠷᠢᠶᠠᠨ᠎ᠤ ᠬᠤᠷᠠᠯ᠎ᠤᠨ ᠵᠣᠷᠢᠭ ᠰᠠᠨᠠᠭ᠎ᠠ ᠵᠢ ᠤᠯᠠᠮᠵᠢᠯᠠᠨ ᠲᠣᠣᠱᠯᠠᠭᠤᠯᠵᠦ᠂ ᠤᠨᠴᠠᠭ᠋ᠠᠢ ᠭᠠᠵᠠᠷ ᠪᠣᠯᠣᠨ ᠭᠣᠣᠯᠳᠠᠯᠭ᠎ᠠ ᠪᠣᠯᠬᠤ ᠬᠦᠮᠦᠰ᠎ᠤᠨ ᠬᠢᠵᠢᠭ᠎ᠠᠴᠠ ᠰᠡᠷᠭᠡᠢ᠌ᠯᠡᠨ ᠬᠠᠮᠠᠭ᠋ᠠᠯᠠᠬᠤ ᠠᠷᠭ᠎ᠠ ᠬᠡᠮᠵᠢᠶ᠎ᠡ᠎ᠪᠠᠨ ᠴᠢᠩᠭ᠋ᠠᠳᠬᠠᠵᠦ᠂ ᠨᠠᠰᠤᠲᠠᠳ᠎ᠢ ᠠᠰᠠᠷᠠᠬᠤ᠂ ᠨᠡᠢ᠌ᠬᠡᠮ᠎ᠤᠨ ᠳᠤᠰᠠᠯᠠᠮᠵᠢ᠂ ᠬᠡᠤᠬᠡᠳ᠎ᠤᠨ ᠠᠰᠠᠷᠠᠮᠵᠢ᠂ ᠤᠶᠤᠨ ᠮᠡᠳᠡᠷᠡᠯ᠎ᠤᠨ ᠠ᠋ᠷᠡᠭᠦᠯ ᠬᠠᠮᠠᠭ᠋ᠠᠯᠠᠯ ᠵᠡᠷᠭᠡ ᠠᠷᠠᠳ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠪᠠᠢ᠌ᠭᠤᠯᠤᠮᠵᠢ ᠵᠢᠨ ᠬᠢᠵᠢᠭ ᠰᠡᠷᠭᠡᠢ᠌ᠯᠡᠬᠦ ᠠᠵᠢᠯ᠎ᠢ ᠤᠯᠠᠮ ᠰᠠᠢ᠌ᠨ ᠬᠢᠬᠦ ᠲᠤᠬᠠᠢ ᠪᠠᠢ᠌ᠷᠢᠯᠠᠭᠤᠯᠤᠯᠲᠠ ᠬᠢᠭᠰᠡᠨ ᠪᠦᠭᠡᠳ ᠪᠤᠳᠠᠲᠠᠢ ᠱᠠᠭ᠋ᠠᠷᠳᠠᠯᠭ᠎ᠠ ᠳᠤᠷᠠᠳᠴᠠᠢ᠃ ᠰᠢ ᠵᠢᠨ ᠫᠢᠩ ᠶᠡᠷᠦᠩᠬᠡᠢ ᠱᠦᠵᠢ ᠵᠢᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ᠂ ᠲᠥᠪ᠎ᠤᠨ ᠤᠯᠤᠰ ᠲᠦᠷᠦ ᠵᠢᠨ ᠲᠤᠪᠴᠢᠶᠠᠨ᠎ᠤ ᠪᠠᠢ᠌ᠩᠭᠤ ᠵᠢᠨ ᠬᠤᠷᠢᠶᠠᠨ᠎ᠤ ᠬᠤᠷᠠᠯ᠂ ᠲᠦᠷᠦ ᠵᠢᠨ ᠶᠠᠪᠤᠳᠠᠯ᠎ᠤᠨ ᠬᠤᠷᠢᠶᠠᠨ᠎ᠤ (2020) 6 ᠳ᠋ᠤᠭ᠋ᠠᠷ ᠲᠣᠭ᠋ᠠᠲᠦ ᠪᠢᠴᠢᠭ ᠮᠠᠲᠸᠷᠢᠶᠠᠯ᠎ᠤᠨ ᠵᠣᠷᠢᠭ ᠰᠠᠨᠠᠭ᠎ᠠ ᠪᠣᠯᠣᠨ ᠥᠪᠡᠷᠳᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠪᠠᠢ᠌ᠩᠭᠤ ᠵᠢᠨ ᠬᠣᠷᠢᠶᠠᠨ᠎ᠤ ᠬᠤᠷᠠᠯ᠎ᠤᠨ ᠪᠠᠢ᠌ᠷᠢᠯᠠᠭᠤᠯᠤᠯᠲᠠ ᠲᠤᠬᠢᠷᠠᠭᠤᠯᠤᠯᠲᠠ ᠵᠢ ᠪᠦᠬᠦ ᠲᠠᠯ᠎ᠠ᠎ᠪᠠᠷ ᠭᠦᠨᠵᠡᠭᠡᠢ ᠲᠤᠤᠱᠯᠠᠭᠤᠯᠤᠨ ᠨᠠᠢ᠌ᠳᠠᠪᠤᠷᠢᠵᠢᠭᠤᠯᠵᠦ᠂ ᠠᠷᠠᠳ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠪᠠᠢ᠌ᠭᠤᠯᠤᠮᠵᠢ ᠵᠢᠨ ᠬᠢᠵᠢᠭ ᠰᠡᠷᠭᠡᠢ᠌ᠯᠡᠬᠦ ᠠᠵᠢᠯ᠎ᠢ ᠤᠯᠠᠮ ᠰᠠᠢ᠌ᠨ ᠬᠢᠬᠦ ᠵᠢᠨ ᠲᠥᠯᠥᠭᠡ ᠳᠤᠤᠷᠠᠬᠢ ᠮᠡᠲᠦ ᠱᠠᠭ᠋ᠠᠷᠳᠠᠯᠭ᠎ᠠ ᠳᠤᠷᠠᠳᠤᠯ᠎ᠠ᠄
ᠨᠢᠭᠡ᠂ ᠤᠯᠤᠰ ᠲᠦᠷᠥ ᠵᠢᠨ ᠵᠤᠭᠰᠤᠴᠠ᠎ᠪᠠᠨ ᠤᠯᠠᠮ ᠥᠨᠳᠦᠷᠵᠢᠭᠦᠯᠵᠦ᠂ ᠤᠯᠤᠰ ᠲᠦᠷᠦ ᠵᠢᠨ ᠬᠠᠷᠢᠭᠤᠴᠠᠯᠭ᠎ᠠ ᠵᠢ ᠦᠨᠡᠨᠬᠦ ᠠ᠋ᠭᠦᠷᠭᠡᠯᠡᠬᠦ ᠬᠡᠷᠡᠭᠲᠡᠢ
ᠤᠳᠤᠬᠠᠨ᠎ᠳᠤ ᠬᠢᠵᠢᠭ ᠡᠪᠡᠳᠴᠢᠨ᠎ᠢ ᠰᠡᠷᠭᠡᠢ᠌ᠯᠡᠵᠦ ᠬᠤᠷᠢᠬᠯᠠᠬᠤ ᠠᠵᠢᠯ ᠬᠠᠮᠤᠭ᠎ᠤᠨ ᠬᠦᠴᠢᠷᠳᠡᠯ᠎ᠲᠠᠢ ᠵᠠᠩᠭᠢᠯᠠᠭ᠎ᠠ ᠵᠢᠨ ᠦᠶ᠎ᠡ᠎ᠳᠤ ᠤᠷᠤᠭ᠋ᠠᠳ ᠪᠠᠢ᠌ᠨ᠎ᠠ᠂ ᠡᠯ᠎ᠡ ᠱᠠᠲᠤᠨ᠎ᠤ ᠠᠷᠠᠳ᠎ᠤᠨ ᠶᠠᠪᠤᠳᠠᠯ᠎ᠤᠨ ᠰᠠᠯᠠᠭ᠎ᠠ ᠮᠥᠴᠢᠷ ᠰᠢ ᠵᠢᠨ ᠫᠢᠩ ᠶᠡᠷᠦᠩᠬᠡᠢ ᠱᠦᠵᠢ ᠵᠢᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠵᠢ ᠭᠦᠨᠵᠡᠭᠡᠢ ᠤᠢ᠌ᠯᠠᠭ᠋ᠠᠵᠦ᠂ 《ᠬᠤᠶᠠᠷ᠎ᠢ ᠬᠠᠮᠠᠭ᠋ᠠᠯᠠᠬᠤ》 ᠠᠵᠢᠯ᠎ᠢ ᠠ᠋ᠷᠡᠰ ᠰᠢᠭᠤᠷᠬᠠᠢ᠎ᠪᠠᠷ ᠰᠠᠢ᠌ᠲᠤᠷ ᠬᠢᠬᠦ ᠥᠨᠳᠦᠷᠴᠡ᠎ᠠᠴᠠ ᠠᠷᠠᠳ᠎ᠤᠨ ᠶᠠᠪᠤᠳᠠᠯ᠎ᠤᠨ ᠦᠢ᠍ᠯᠡᠴᠢᠯᠡᠭᠡ ᠵᠢᠨ ᠪᠠᠢ᠌ᠭᠤᠯᠤᠮᠵᠢ ᠵᠢᠨ ᠬᠢᠵᠢᠭ ᠡᠪᠡᠳᠴᠢᠨ᠎ᠢ ᠰᠡᠷᠭᠡᠢ᠌ᠯᠡᠨ ᠬᠤᠷᠢᠬᠯᠠᠬᠤ ᠠᠵᠢᠯ᠎ᠢ ᠰᠠᠢ᠌ᠲᠤᠷ ᠬᠢᠬᠦ ᠶᠠᠪᠤᠳᠠᠯ᠎ᠢ ᠲᠡᠷᠢᠭᠦᠨ ᠴᠢᠬᠤᠯᠠ ᠤᠯᠤᠰ ᠲᠦᠷᠦ ᠵᠢᠨ ᠠ᠋ᠭᠦᠷᠭᠡ ᠪᠣᠯᠭ᠋ᠠᠵᠦ᠂ ᠬᠠᠮᠤᠭ᠎ᠤᠨ ᠴᠢᠩᠭ᠎ᠠ ᠬᠠᠮᠢᠶᠠᠷᠤᠯᠲᠠ ᠵᠢᠨ ᠠᠷᠭ᠎ᠠ ᠬᠡᠮᠵᠢᠶ᠎ᠡ ᠠᠪᠴᠤ᠂ ᠮᠢᠨᠴᠦᠭᠦᠷᠡᠬᠦ᠂ ᠬᠠᠯᠠᠰᠢᠷᠠᠬᠤ᠂ ᠵᠢᠭᠰᠢᠬᠦ᠂ ᠠ᠋ᠷᠴᠢ ᠰᠤᠯᠠᠷᠠᠬᠤ ᠦᠵᠡᠯ ᠪᠣᠳᠣᠯ᠎ᠢ ᠠ᠋ᠷᠡᠰ ᠲᠡᠪᠴᠢᠨ᠂ ᠳᠠᠰᠤᠷᠠᠯᠲᠠ ᠦᠭᠡᠢ ᠲᠡᠮᠡᠴᠡᠵᠦ᠂ ᠬᠢᠵᠢᠭ᠎ᠢ ᠰᠡᠷᠭᠡᠢ᠌ᠯᠡᠬᠦ ᠡᠯ᠎ᠡ ᠵᠦᠢ᠍ᠯ᠎ᠤᠨ ᠠᠵᠢᠯ ᠵᠢᠡᠨ ᠥᠴᠦᠬᠡᠨ ᠴᠤ᠌ ᠰᠤᠯᠠᠷᠠᠭᠤᠯᠤᠯ ᠦᠭᠡᠢ ᠪᠤᠳᠠᠲᠠᠢ ᠪᠦᠭᠡᠳ ᠨᠢᠮᠪᠠᠢ ᠠᠳᠬᠤᠬᠤ ᠬᠡᠷᠡᠭᠲᠡᠢ᠃
ᠬᠤᠶᠠᠷ᠂ ᠴᠢᠩᠭ᠎ᠠ ᠬᠠᠮᠢᠶᠠᠷᠤᠯᠲᠠ ᠵᠢᠨ ᠠᠷᠭ᠎ᠠ ᠬᠡᠮᠵᠢᠶ᠎ᠡ ᠠᠪᠴᠤ᠂ ᠭᠠᠳᠠᠨ᠎ᠠ᠎ᠠᠴᠠ ᠬᠠᠯᠳᠠᠪᠤᠷᠢᠯᠠᠬᠤ ᠵᠢ ᠰᠡᠷᠭᠡᠢ᠌ᠯᠡᠬᠦ ᠬᠡᠷᠡᠭᠲᠡᠢ
1. ᠰᠠᠢ᠌ᠲᠤᠷ ᠰᠡᠷᠭᠡᠢ᠌ᠯᠡᠨ ᠴᠢᠩᠭ᠎ᠠ ᠰᠠᠬᠢᠬᠤ ᠵᠢ ᠪᠠᠷᠢᠮᠲᠠᠯᠠᠬᠤ ᠬᠡᠷᠡᠭᠲᠡᠢ᠃ ᠪᠦᠬᠦ ᠤᠷᠤᠨ᠎ᠤ ᠪᠤᠢ ᠪᠦᠬᠦᠢ ᠨᠠᠰᠤᠲᠠᠳ᠎ᠢ ᠠᠰᠠᠷᠠᠬᠤ ᠬᠦᠷᠢᠶᠡᠯᠡᠩ᠂ ᠠᠰᠠᠷᠠᠮᠵᠢ ᠵᠢᠨ ᠬᠦᠷᠢᠶᠡᠯᠡᠩ᠂ ᠬᠡᠤᠬᠡᠳ᠎ᠤᠨ ᠠᠰᠠᠷᠠᠮᠵᠢ ᠵᠢᠨ ᠬᠦᠷᠢᠶᠡᠯᠡᠩ᠂ ᠤᠶᠤᠨ ᠮᠡᠳᠡᠷᠡᠯ᠎ᠤᠨ ᠠ᠋ᠷᠡᠭᠦᠯ ᠬᠠᠮᠠᠭ᠋ᠠᠯᠠᠯ᠂ ᠠᠰᠠᠷᠠᠮᠵᠢ ᠵᠢᠨ ᠪᠠᠢ᠌ᠭᠤᠯᠤᠮᠵᠢ ᠵᠡᠷᠭᠡ ᠠᠷᠠᠳ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠪᠠᠢ᠌ᠭᠤᠯᠤᠮᠵᠢ ᠪᠢᠲᠡᠭᠦᠮᠵᠢᠯᠡᠭᠰᠡᠨ ᠬᠠᠮᠢᠶᠠᠷᠤᠯᠲᠠ ᠵᠢ ᠴᠢᠩᠭ᠎ᠠ ᠬᠡᠷᠡᠭᠵᠢᠭᠦᠯᠵᠦ᠂ ᠬᠠᠮᠢᠶ᠎ᠠ ᠦᠭᠡᠢ ᠬᠦᠮᠦᠰ᠎ᠤᠨ ᠦᠢ᠍ᠯᠡᠴᠢᠯᠡᠭᠡᠨ᠎ᠤ ᠪᠠᠢ᠌ᠭᠤᠯᠤᠮᠵᠢ᠎ᠳᠤ ᠣᠷᠣᠬᠤ ᠵᠢ ᠴᠠᠭ᠋ᠠᠵᠠᠯᠠᠬᠤ ᠬᠡᠷᠡᠭᠲᠡᠢ᠃
2. ᠠᠷᠠᠳ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠪᠠᠢ᠌ᠭᠤᠯᠤᠮᠵᠢ ᠵᠢᠨ ᠬᠠᠮᠢᠶᠠᠷᠤᠯᠲᠠ ᠵᠢᠨ ᠠᠵᠢᠯᠲᠠᠨ᠂ ᠦᠢ᠍ᠯᠡᠴᠢᠯᠡᠭᠴᠢᠳ᠂ ᠠᠷᠰᠠᠷ ᠠᠵᠢᠯ ᠬᠢᠭᠰᠡᠳ᠎ᠢ ᠬᠢᠵᠢᠭ᠎ᠠᠴᠠ ᠰᠡᠷᠭᠡᠢ᠌ᠯᠡᠵᠦ ᠬᠠᠮᠠᠭ᠋ᠠᠯᠠᠬᠤ ᠬᠠᠮᠢᠶᠠᠷᠤᠯᠲᠠ ᠵᠢ ᠭᠣᠣᠯᠳᠠᠯᠭ᠎ᠠ ᠪᠣᠯᠭ᠋ᠠᠨ ᠴᠢᠩᠭ᠋ᠠᠳᠬᠠᠬᠤ ᠬᠡᠷᠡᠭᠲᠡᠢ᠂ ᠬᠠᠮᠢᠶ᠎ᠠ ᠪᠦᠬᠦᠢ ᠬᠦᠮᠦᠰ ᠪᠦᠷ ᠬᠦᠷᠢᠶᠡᠯᠡᠩ᠎ᠳᠤ ᠬᠤᠨᠤᠵᠦ ᠰᠠᠭᠤᠬᠤ ᠬᠡᠷᠡᠭᠲᠡᠢ᠃
3. ᠪᠠᠢ᠌ᠭᠤᠯᠤᠮᠵᠢ᠎ᠳᠤ ᠲᠤᠰᠠᠭ᠋ᠠᠷᠯᠠᠭᠰᠠᠨ ᠪᠡᠯᠡᠳᠭᠡᠯ ᠠᠵᠢᠯ᠎ᠤᠨ ᠪᠠᠢ᠌ᠷᠢ ᠵᠢᠨ ᠠᠵᠢᠯᠲᠠᠨ᠎ᠤ ᠠᠮᠢᠳᠤᠷᠠᠯ᠎ᠢ ᠴᠤ᠌ ᠬᠠᠷᠢᠴᠠᠩᠭᠤᠢ ᠲᠤᠰᠠᠭ᠋ᠠᠷᠯᠠᠬᠤ ᠬᠡᠷᠡᠭᠲᠡᠢ᠂ ᠪᠡᠯᠡᠳᠭᠡᠯ ᠠᠵᠢᠯ᠎ᠤᠨ ᠪᠠᠢ᠌ᠷᠢᠨ᠎ᠳᠤ ᠪᠠᠢ᠌ᠬᠤ ᠬᠤᠭᠤᠴᠠᠭ᠋ᠠᠨ᠎ᠳᠤ ᠪᠠᠢ᠌ᠭᠤᠯᠤᠮᠵᠢ ᠵᠢᠨ ᠠᠵᠢᠯᠲᠠᠨ ᠪᠣᠯᠣᠨ ᠦᠢ᠍ᠯᠡᠴᠢᠯᠡᠭᠡ ᠬᠦᠷᠲᠡᠬᠦ ᠬᠦᠮᠦᠰ᠎ᠲᠠᠢ ᠰᠤᠯᠢᠪᠴᠠᠨ ᠶᠠᠪᠤᠯᠴᠠᠵᠦ ᠪᠣᠯᠬᠤ ᠦᠭᠡᠢ᠃
4. ᠠᠷᠠᠳ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠪᠠᠢ᠌ᠭᠤᠯᠤᠮᠵᠢ ᠵᠢᠨ ᠪᠡᠯᠡᠳᠭᠡᠯ ᠠᠵᠢᠯ᠎ᠤᠨ ᠪᠠᠢ᠌ᠷᠢᠨ᠎ᠳᠤ ᠪᠠᠢ᠌ᠬᠤ ᠪᠠ ᠲᠤᠰᠠᠭ᠋ᠠᠷᠯᠠᠨ ᠠᠵᠢᠬᠯᠠᠨ ᠰᠢᠨᠵᠢᠵᠦ ᠪᠠᠢ᠌ᠬᠤ ᠬᠦᠮᠦᠰ᠎ᠲᠤ ᠢᠳᠡᠬᠦ ᠬᠤᠨᠤᠬᠤ ᠭᠠᠵᠠᠷ ᠬᠠᠩᠭ᠋ᠠᠬᠤ ᠬᠡᠷᠡᠭᠲᠡᠢ᠂ ᠠ᠋ᠷᠡᠭᠦᠯ ᠬᠠᠮᠠᠭ᠋ᠠᠯᠠᠯ ᠵᠡᠷᠭᠡ ᠦᠢ᠍ᠯᠡᠴᠢᠯᠡᠭᠡᠨ᠎ᠤ ᠠᠵᠢᠯᠲᠠᠨ ᠪᠠᠢ᠌ᠭᠤᠯᠤᠮᠵᠢ᠎ᠳᠤ᠎ᠬᠢ ᠦᠢ᠍ᠯᠡᠴᠢᠯᠡᠭᠡ ᠬᠦᠷᠲᠡᠬᠦ ᠪᠤᠰᠤᠳ ᠬᠦᠮᠦᠰ᠎ᠲᠤ ᠵᠡᠷᠬᠡᠪᠡᠷ ᠦᠢ᠍ᠯᠡᠴᠢᠯᠡᠭᠡ ᠬᠢᠵᠦ ᠪᠣᠯᠬᠤ ᠦᠭᠡᠢ᠂ ᠰᠤᠯᠢᠪᠴᠠᠨ ᠬᠠᠯᠳᠠᠪᠤᠷᠢᠯᠠᠬᠤ᠎ᠠᠴᠠ ᠵᠠᠢ᠌ᠯᠠᠰᠬᠢᠬᠦ ᠬᠡᠷᠡᠭᠲᠡᠢ᠃
5. ᠭᠡᠷ᠎ᠲᠡᠭᠡᠨ ᠠᠮᠠᠷᠠᠵᠦ ᠪᠠᠢ᠌ᠬᠤ ᠬᠦᠮᠦᠰ ᠳᠤᠷ᠎ᠠ᠎ᠪᠠᠷ ᠵᠢᠡᠨ ᠭᠠᠳᠠᠨᠠᠬᠢ ᠬᠦᠮᠦᠰ᠎ᠲᠠᠢ ᠶᠠᠪᠤᠯᠴᠠᠵᠦ ᠪᠣᠯᠬᠤ ᠦᠭᠡᠢ᠂ ᠶᠠᠮᠠᠷᠪᠠ ᠬᠡᠯᠪᠡᠷᠢ ᠵᠢᠨ ᠴᠤᠭᠯᠠᠭ᠋ᠠᠨ᠎ᠳᠤ ᠤᠷᠤᠯᠴᠠᠵᠦ ᠪᠣᠯᠬᠤ ᠦᠭᠡᠢ᠃
6. ᠠᠵᠢᠯ᠎ᠤᠨ ᠪᠠᠢ᠌ᠷᠢ᠎ᠳᠠᠭᠠᠨ ᠪᠤᠴᠠᠭᠰᠠᠨ ᠬᠦᠮᠦᠰ ᠪᠣᠯᠤᠨ ᠦᠨᠡᠬᠡᠷ ᠭᠠᠳᠠᠭᠰᠢ ᠭᠠᠷᠴᠤ ᠶᠠᠭᠤᠮ᠎ᠠ ᠬᠤᠳᠠᠯᠳᠤᠨ ᠠᠪᠬᠤ ᠪᠠ ᠤᠴᠢᠷ ᠶᠠᠪᠤᠳᠠᠯ ᠭᠦᠢ᠍ᠴᠡᠳᠭᠡᠬᠦ ᠴᠢᠬᠤᠯᠠᠲᠠᠢ ᠬᠠᠮᠢᠶᠠᠷᠤᠯᠲᠠ ᠵᠢᠨ ᠠᠵᠢᠯᠲᠠᠨ ᠦᠢ᠍ᠯᠡᠴᠢᠯᠡᠭᠴᠢᠳ ᠬᠦᠷᠢᠶᠡᠯᠡᠩ᠎ᠳᠡᠭᠡᠨ ᠪᠤᠴᠠᠭᠰᠠᠨ᠎ᠤ ᠳᠠᠷᠠᠭ᠎ᠠ ᠠ᠋ᠷᠬᠡᠪᠰᠢ 14 ᠬᠤᠨᠤᠭ ᠲᠤᠰᠠᠭ᠋ᠠᠷᠯᠠᠵᠦ ᠠᠵᠢᠬᠯᠠᠨ ᠰᠢᠨᠵᠢᠬᠦ ᠲᠤᠬᠲᠠᠭ᠋ᠠᠯᠢ ᠴᠢᠩᠭ᠎ᠠ ᠬᠡᠷᠡᠭᠵᠢᠭᠦᠯᠤᠨ᠂ ᠳᠤᠰᠠᠭ᠋ᠠᠷᠯᠠᠬᠤ ᠬᠡᠷᠡᠭᠲᠡᠢ᠃
7. ᠣᠨᠴᠠ ᠤᠴᠢᠷ ᠵᠶ᠋ᠠᠷ ᠦᠢ᠍ᠯᠡᠴᠢᠯᠡᠭᠡᠨ᠎ᠤ ᠪᠠᠢ᠌ᠭᠤᠯᠤᠮᠵᠢ᠎ᠳᠤ ᠤᠷᠤᠵᠦ ᠰᠠᠭᠤᠬᠤ ᠴᠢᠬᠤᠯᠠᠲᠠᠢ ᠪᠤᠶᠤ ᠭᠠᠳᠠᠭᠰᠢ ᠭᠠᠷᠴᠤ ᠠ᠋ᠮᠨᠡᠭᠦᠯᠤᠭᠡᠳ ᠦᠢ᠍ᠯᠡᠴᠢᠯᠡᠭᠡᠨ᠎ᠤ ᠪᠠᠢ᠌ᠭᠤᠯᠤᠮᠵᠢ᠎ᠳᠠᠭᠠᠨ ᠪᠤᠴᠠᠵᠦ ᠢᠷᠡᠭᠰᠡᠨ ᠨᠠᠰᠤᠲᠠᠳ᠂ ᠬᠡᠤᠬᠡᠳ᠂ ᠤᠶᠤᠨ ᠮᠡᠳᠡᠷᠡᠯ᠎ᠤᠨ ᠡᠪᠡᠳᠴᠢᠲᠡᠨ ᠪᠡᠶ᠎ᠡ ᠵᠢᠨ ᠬᠠᠯᠠᠭᠤᠨ ᠵᠢᠡᠨ ᠪᠠᠢ᠌ᠴᠠᠭ᠋ᠠᠯᠭ᠋ᠠᠭ᠋ᠠᠳ ᠬᠡᠪ᠎ᠤᠨ ᠪᠠᠢ᠌ᠳᠠᠯ᠎ᠲᠠᠢ᠂ ᠠ᠋ᠷᠡᠭᠦᠯ ᠬᠠᠮᠠᠭ᠋ᠠᠯᠠᠯ᠎ᠤᠨ ᠰᠠᠯᠠᠭ᠎ᠠ ᠮᠥᠴᠢᠷ᠎ᠤᠨ ᠪᠥᠭᠡᠮ ᠬᠦᠴᠢᠯ᠎ᠤᠨ ᠪᠠᠢ᠌ᠴᠠᠭ᠋ᠠᠯᠲᠠ᠂ ST ᠵᠢᠨ ᠪᠠᠢ᠌ᠴᠠᠭ᠋ᠠᠯᠲᠠ ᠬᠢᠭᠡᠳ ᠬᠡᠪ᠎ᠤᠨ ᠪᠠᠢ᠌ᠳᠠᠯ᠎ᠲᠠᠢ ᠪᠣᠯ 14 ᠬᠤᠨᠤᠭ ᠲᠤᠰᠠᠭ᠋ᠠᠷᠯᠠᠭ᠋ᠠᠳ ᠶᠡᠷᠦ ᠪᠤᠰᠤ ᠵᠢᠨ ᠪᠠᠢ᠌ᠳᠠᠯ ᠦᠭᠡᠢ ᠪᠣᠯ ᠰᠠᠶᠢ ᠠᠮᠢᠳᠤᠷᠠᠯ᠎ᠤᠨ ᠲᠤᠭᠤᠷᠢᠭ᠎ᠲᠤ ᠤᠷᠤᠵᠦ ᠪᠣᠯᠬᠤ ᠲᠤᠬᠲᠠᠭ᠋ᠠᠯᠢ ᠴᠢᠩᠭ᠎ᠠ ᠬᠡᠷᠡᠭᠵᠢᠭᠦᠯᠬᠦ ᠬᠡᠷᠡᠭᠲᠡᠢ᠃
8. ᠠᠷᠠᠳ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠪᠠᠢ᠌ᠭᠤᠯᠤᠮᠵᠢ ᠠᠷᠠᠳ᠎ᠤᠨ ᠶᠠᠪᠤᠳᠠᠯ᠎ᠤᠨ ᠶᠠᠮᠤᠨ᠎ᠤ ᠠᠯᠪᠠᠨ ᠲᠢᠩᠬᠢᠮ᠎ᠤᠨ ᠬᠤᠯᠪᠤᠭᠳᠠᠯ ᠪᠦᠬᠦᠢ ᠪᠢᠴᠢᠭ ᠮᠠᠲᠸᠷᠢᠶᠠᠯ᠎ᠤᠨ ᠱᠠᠭ᠋ᠠᠷᠳᠠᠯᠭ᠎ᠠ ᠵᠢ ᠦᠷᠭᠦᠯᠵᠢᠯᠡᠨ ᠴᠢᠩᠭ᠎ᠠ ᠵᠢᠷᠤᠮᠯᠠᠵᠦ᠂ ᠳᠦᠷᠢᠮᠵᠢᠯ᠎ᠢ ᠴᠢᠩᠭ᠎ᠠ ᠵᠢᠷᠤᠮᠯᠠᠨ ᠭᠦᠢ᠍ᠴᠡᠳᠭᠡᠵᠦ᠂ ᠬᠢᠵᠢᠭ ᠡᠪᠡᠳᠴᠢᠨ᠎ᠢ ᠰᠡᠷᠭᠡᠢ᠌ᠯᠡᠨ ᠬᠤᠷᠢᠬᠯᠠᠬᠤ ᠠᠵᠢᠯ᠎ᠢ ᠰᠠᠢ᠌ᠲᠤᠷ ᠬᠢᠬᠦ ᠬᠡᠷᠡᠭᠲᠡᠢ᠃
9. ᠤᠶᠤᠨ ᠮᠡᠳᠡᠷᠡᠯ᠎ᠤᠨ ᠠ᠋ᠷᠡᠭᠦᠯ ᠬᠠᠮᠠᠭ᠋ᠠᠯᠠᠯ᠎ᠤᠨ ᠠᠰᠠᠷᠠᠮᠵᠢ ᠵᠢᠨ ᠪᠠᠢ᠌ᠭᠤᠯᠤᠮᠵᠢ ᠵᠢᠨ ᠡᠪᠡᠳᠴᠢᠨ ᠦᠵᠡᠬᠦ ᠭᠠᠵᠠᠷ ᠪᠣᠯᠣᠨ ᠠ᠋ᠮᠨᠡᠯᠭᠡ᠎ᠳᠤ ᠰᠠᠭᠤᠬᠤ ᠭᠠᠵᠠᠷ᠎ᠤᠨ ᠲᠤᠰᠠᠭ᠋ᠠᠷᠯᠠᠬᠤ ᠳᠦᠷᠢᠮ᠎ᠢ ᠴᠢᠩᠭ᠎ᠠ ᠨᠠᠢ᠌ᠳᠠᠪᠤᠷᠢᠵᠢᠭᠤᠯᠬᠤ ᠬᠡᠷᠡᠭᠲᠡᠢ᠃ ᠠ᠋ᠮᠨᠡᠯᠭᠡ᠎ᠳᠤ ᠰᠠᠭᠤᠬᠤ ᠭᠠᠵᠠᠷ᠎ᠢ ᠪᠢᠲᠡᠭᠦᠮᠵᠢᠯᠡᠨ ᠬᠠᠮᠢᠶᠠᠷᠴᠤ᠂ 《ᠤᠶᠤᠨ ᠮᠡᠳᠡᠷᠡᠯ᠎ᠤᠨ ᠠ᠋ᠷᠡᠭᠦᠯ ᠬᠠᠮᠠᠭ᠋ᠠᠯᠠᠯ ᠡᠮ ᠠ᠋ᠮᠨᠡᠯᠭᠡ ᠵᠢᠨ ᠪᠠᠢ᠌ᠭᠤᠯᠤᠮᠵᠢ ᠵᠢᠨ ᠰᠢᠨ᠎ᠡ ᠲᠢᠲᠢᠮᠯᠢᠭ ᠠᠭᠤᠰᠬᠢᠨ ᠥᠷᠪᠢᠰᠦᠯᠢ ᠰᠡᠷᠭᠡᠢ᠌ᠯᠡᠨ ᠬᠤᠷᠢᠬᠯᠠᠬᠤ ᠮᠡᠷᠭᠡᠵᠢᠯ᠎ᠤᠨ ᠲᠥᠰᠦᠪ》᠎ᠢ ᠴᠢᠩᠭ᠎ᠠ ᠵᠢᠷᠤᠮᠯᠠᠨ᠂ ᠡᠪᠡᠳᠴᠢᠨ ᠦᠵᠡᠬᠦ ᠭᠠᠵᠠᠷ᠎ᠤᠨ ᠠ᠋ᠳᠦᠷ ᠲᠤᠲᠤᠮ᠎ᠤᠨ ᠠᠷᠢᠭᠤᠳᠬᠠᠬᠤ ᠠᠵᠢᠯ ᠪᠣᠯᠣᠨ ᠡᠪᠡᠳᠴᠢᠨ ᠦᠵᠡᠭᠦᠯᠬᠦ ᠬᠦᠮᠦᠰ᠂ ᠠ᠋ᠮᠴᠢ ᠰᠤᠪᠢᠯᠠᠭᠴᠢ ᠵᠢᠨ ᠰᠡᠷᠭᠡᠢ᠌ᠯᠡᠨ ᠬᠤᠷᠢᠬᠯᠠᠬᠤ ᠠᠵᠢᠯ᠎ᠢ ᠰᠠᠢ᠌ᠲᠤᠷ ᠬᠢᠬᠦ ᠬᠡᠷᠡᠭᠲᠡᠢ᠃
10. ᠳᠤᠰᠠᠯᠠᠮᠵᠢ ᠵᠢᠨ ᠬᠠᠮᠢᠶᠠᠷᠤᠯᠲᠠ ᠵᠢᠨ ᠪᠠᠢ᠌ᠭᠤᠯᠤᠮᠵᠢ ᠠ᠋ᠷᠬᠡᠪᠰᠢ 《ᠠᠪᠤᠷᠠᠪᠠᠯ ᠵᠣᠬᠢᠬᠤ ᠵᠢ᠎ᠨᠢ ᠴᠦᠮ ᠠᠪᠤᠷᠠᠬᠤ》 ᠱᠠᠭ᠋ᠠᠷᠳᠠᠯᠭ᠎ᠠ᠎ᠪᠠᠷ ᠲᠦᠷ ᠰᠠᠭᠤᠬᠤ ᠬᠡᠷᠡᠭᠴᠡᠭᠡ᠎ᠲᠠᠢ ᠳᠤᠰᠠᠯᠠᠮᠵᠢ ᠵᠢᠨ ᠬᠦᠮᠦᠰ᠎ᠤᠨ ᠪᠡᠶ᠎ᠡ ᠵᠢᠨ ᠬᠠᠯᠠᠭᠤᠨ᠎ᠢ ᠪᠠᠢ᠌ᠴᠠᠭ᠋ᠠᠭᠰᠠᠨ᠎ᠤ ᠳᠠᠷᠠᠭ᠎ᠠ ᠴᠠᠭ ᠲᠤᠬᠠᠢᠳᠤᠨᠢ ᠬᠦᠯᠢᠶᠡᠨ ᠠᠪᠴᠤ ᠰᠠᠭᠤᠯᠭ᠋ᠠᠬᠤ ᠪᠦᠭᠡᠳ ᠲᠤᠰᠬᠠᠢ ᠭᠠᠵᠠᠷ ᠲᠤᠬᠢᠷᠠᠭᠤᠯᠤᠨ 14 ᠬᠤᠨᠤᠭ ᠲᠤᠰᠠᠭ᠋ᠠᠷᠯᠠᠬᠤ ᠲᠤᠭᠲᠠᠭ᠋ᠠᠯ᠎ᠢ ᠴᠢᠩᠭ᠎ᠠ ᠬᠡᠷᠡᠭᠵᠢᠭᠦᠯᠬᠦ ᠬᠡᠷᠡᠭᠲᠡᠢ᠃ ᠳᠤᠰᠠᠯᠠᠮᠵᠢ ᠵᠢᠨ ᠬᠦᠮᠦᠨ᠎ᠤ ᠲᠦᠷ ᠴᠠᠭ ᠰᠠᠭᠤᠬᠤ ᠬᠡᠷᠡᠭᠴᠡᠭᠡ ᠱᠠᠭ᠋ᠠᠷᠳᠠᠯᠭ᠎ᠠ ᠵᠢ ᠬᠠᠩᠭ᠋ᠠᠵᠦ ᠳᠡᠢ᠌ᠯᠬᠦ ᠦᠭᠡᠢ ᠪᠣᠯ ᠲᠦᠷ ᠴᠠᠭ ᠬᠠᠮᠠᠭ᠋ᠠᠯᠠᠬᠤ ᠭᠠᠵᠠᠷ ᠭᠠᠷᠭ᠋ᠠᠵᠦ ᠲᠤᠰᠠᠯᠠᠬᠤ ᠬᠡᠷᠡᠭᠲᠡᠢ᠃
11. ᠠᠵᠢᠯ᠎ᠤᠨ ᠵᠤᠬᠢᠴᠠᠭᠤᠯᠭ᠎ᠠ᠎ᠪᠠᠨ ᠴᠢᠩᠭ᠋ᠠᠳᠬᠠᠵᠦ᠂ ᠲᠦᠷᠦ ᠵᠢᠨ ᠶᠠᠪᠤᠳᠠᠯ᠎ᠤᠨ ᠬᠣᠷᠢᠶᠠᠨ᠎ᠤ ᠰᠢᠨ᠎ᠡ ᠲᠢᠲᠢᠮᠯᠢᠭ ᠠᠭᠤᠰᠬᠢᠨ ᠥᠷᠪᠢᠰᠦᠯᠢ ᠠᠷᠭ᠋ᠠᠴᠠᠭ᠋ᠠᠬᠤ ᠬᠠᠮᠲᠤᠷᠠᠨ ᠰᠡᠷᠭᠡᠢ᠌ᠯᠡᠵᠦ ᠬᠤᠷᠢᠬᠯᠠᠬᠤ ᠲᠤᠬᠲᠠᠴᠠ ᠵᠢᠨ 《ᠠᠷᠠᠳ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠪᠠᠢ᠌ᠭᠤᠯᠤᠮᠵᠢ ᠵᠢᠨ ᠬᠢᠵᠢᠭ ᠰᠡᠷᠭᠡᠢ᠌ᠯᠡᠬᠦ ᠠᠵᠢᠯ᠎ᠢ ᠤᠯᠠᠮ ᠰᠠᠢ᠌ᠨ ᠬᠢᠬᠦ ᠲᠤᠬᠠᠢ ᠮᠡᠳᠡᠭᠳᠡᠯ》᠎ᠤᠨ ᠱᠠᠭ᠋ᠠᠷᠳᠠᠯᠭ᠎ᠠ ᠵᠢ ᠰᠠᠢ᠌ᠲᠤᠷ ᠨᠠᠢ᠌ᠳᠠᠪᠤᠷᠢᠵᠢᠭᠤᠯᠵᠦ᠂ ᠨᠢᠭᠡᠳᠦᠯᠲᠠᠢ ᠲᠤᠬᠢᠷᠠᠭᠤᠯᠬᠤ ᠠᠷᠭ᠎ᠠ ᠮᠠᠶᠢᠭ ᠵᠶ᠋ᠠᠷ ᠠᠷᠠᠳ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠪᠠᠢ᠌ᠭᠤᠯᠤᠮᠵᠢ ᠵᠢᠨ ᠬᠡᠷᠡᠭᠰᠡᠬᠦ ᠠᠮᠤ ᠭᠤᠯᠢᠷ ᠲᠣᠰᠤ᠂ ᠮᠢᠬ᠎ᠠ ᠥᠨᠳᠡᠭᠡ ᠨᠤᠭᠤᠭ᠎ᠠ ᠵᠡᠷᠭᠡ ᠠᠮᠢᠳᠤᠷᠠᠯ᠎ᠤᠨ ᠠ᠋ᠳ᠋ ᠪᠤᠳᠠᠰ᠎ᠤᠨ ᠬᠠᠩᠭ᠋ᠠᠯᠭ᠎ᠠ ᠵᠢ ᠪᠠᠲᠤᠯᠠᠵᠦ᠂ ᠠᠷᠠᠳ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠪᠠᠢ᠌ᠭᠤᠯᠤᠮᠵᠢ ᠵᠢᠨ ᠨᠡᠢ᠌ᠭᠡᠮ᠎ᠤᠨ ᠬᠠᠨᠳᠢᠪᠯᠠᠭᠰᠠᠨ ᠠ᠋ᠳ᠋ ᠪᠤᠳᠠᠰ᠎ᠢ ᠲᠤᠬᠢᠷᠠᠭᠤᠯᠬᠤ ᠬᠡᠪᠴᠢᠶᠡᠨ᠎ᠳᠤ ᠤᠷᠤᠭᠤᠯᠬᠤ ᠬᠡᠷᠡᠭᠲᠡᠢ᠃ ᠣᠳᠤ ᠵᠢᠨ ᠬᠡᠷᠡᠭᠵᠢᠭᠦᠯᠵᠦ ᠪᠠᠢ᠌ᠬᠤ ᠵᠠᠷᠤᠳᠠᠯ᠎ᠤᠨ ᠠᠷᠭ᠎ᠠ ᠵᠠᠮ ᠵᠢᠡᠷ ᠬᠢᠵᠢᠭ ᠡᠪᠡᠳᠴᠢᠨ᠎ᠢ ᠰᠡᠷᠭᠡᠢ᠌ᠯᠡᠨ ᠬᠤᠷᠢᠬᠯᠠᠬᠤ᠎ᠳᠤ ᠬᠡᠷᠡᠭᠰᠡᠬᠦ ᠪᠡᠯᠡ ᠮᠥᠩᠭᠦ ᠵᠢ ᠨᠢᠭᠡᠳᠦᠯᠲᠠᠢ ᠲᠥᠯᠥᠪᠯᠡᠨ ᠰᠢᠢ᠍ᠳᠪᠤᠷᠢᠯᠡᠬᠦ ᠬᠡᠷᠡᠭᠲᠡᠢ᠃
12. ᠤᠷᠤᠰᠢᠭᠤᠯᠭ᠎ᠠ ᠵᠢᠨ ᠦᠢ᠍ᠯᠡᠴᠢᠯᠡᠭᠡᠨ᠎ᠤ ᠪᠠᠢ᠌ᠭᠤᠯᠤᠮᠵᠢ ᠬᠡᠭᠦᠷ᠎ᠢ ᠲᠤᠰᠴᠤ ᠵᠥᠭᠡᠭᠡᠪᠤᠷᠢᠯᠡᠬᠦ᠂ ᠳᠡᠭᠳᠡᠭᠡᠬᠦ ᠪᠠ ᠴᠢᠨᠳᠠᠷ᠎ᠢ ᠲᠦᠷ ᠬᠠᠳᠠᠭ᠋ᠠᠯᠠᠬᠤ ᠵᠡᠷᠭᠡ ᠤᠷᠤᠰᠢᠭᠤᠯᠭ᠎ᠠ ᠵᠢᠨ ᠦᠨᠳᠦᠰᠦᠨ ᠦᠢ᠍ᠯᠡᠴᠢᠯᠡᠭᠡ ᠵᠢ ᠪᠠᠲᠤᠯᠠᠬᠤ᠎ᠠᠴᠠ ᠭᠠᠳᠠᠨ᠎ᠠ᠂ ᠴᠢᠨᠳᠠᠷ ᠰᠠᠬᠢᠬᠤ᠂ ᠠᠶᠠᠷᠯᠠᠨ ᠰᠠᠯᠬᠤ᠂ ᠲᠠᠬᠢᠯᠭ᠎ᠠ ᠬᠢᠬᠦ ᠵᠡᠷᠭᠡ ᠬᠦᠮᠦᠰ ᠴᠤᠭᠯᠠᠷᠠᠬᠤ ᠠᠵᠢᠯᠯᠠᠭ᠎ᠠ ᠵᠢ ᠲᠦᠷ ᠵᠤᠭᠰᠤᠭ᠋ᠠᠬᠤ ᠲᠤᠬᠲᠠᠭ᠋ᠠᠯᠢ ᠦᠷᠭᠦᠯᠵᠢᠯᠡᠨ ᠬᠡᠷᠡᠭᠵᠢᠭᠦᠯᠦᠨ᠎ᠡ᠃ ᠰᠢᠨ᠎ᠡ ᠲᠢᠲᠢᠮᠯᠢᠭ ᠠᠭᠤᠰᠬᠢᠨ ᠥᠷᠪᠢᠰᠦᠯ ᠵᠢᠡᠷ ᠦᠬᠦᠭᠰᠡᠨ ᠬᠦᠮᠦᠨ᠎ᠤ ᠬᠡᠭᠦᠷ᠎ᠢ ᠲᠤᠬᠲᠠᠬᠰᠠᠨ ᠱᠠᠭ᠋ᠠᠷᠳᠠᠯᠭ᠎ᠠ ᠶᠤᠰᠤᠭ᠋ᠠᠷ ᠴᠠᠭ ᠲᠤᠬᠠᠢᠳᠤᠨᠢ ᠠᠷᠢᠭᠤᠳᠬᠠᠨ ᠰᠢᠢ᠍ᠳᠪᠤᠷᠢᠯᠡᠵᠦ᠂ ᠤᠢ᠌ᠷ᠎ᠠ ᠬᠠᠪᠢ᠎ᠳᠤ ᠲᠡᠭᠳᠡᠭᠡᠬᠦ᠎ᠪᠠᠷ ᠲᠤᠬᠢᠷᠠᠭᠤᠯᠬᠤ ᠬᠡᠷᠡᠭᠲᠡᠢ᠃
13. ᠠᠷᠠᠳ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠪᠠᠢ᠌ᠭᠤᠯᠤᠮᠵᠢ᠎ᠳᠤ ᠤᠨᠤᠰᠢᠯᠠᠭᠰᠠᠨ ᠪᠤᠶᠤ ᠰᠡᠵᠢᠭᠯᠡᠯᠲᠡᠢ ᠡᠪᠡᠳᠴᠢᠲᠡᠨ ᠪᠠᠢ᠌ᠬᠤ ᠵᠢ ᠤᠯᠵᠦ ᠮᠡᠳᠡᠪᠡᠯ᠂ 《ᠠ᠋ᠷᠲᠡ ᠤᠯᠵᠦ ᠮᠡᠳᠡᠬᠦ᠂ ᠠ᠋ᠷᠲᠡ ᠮᠡᠳᠡᠭᠦᠯᠬᠦ᠂ ᠠ᠋ᠷᠲᠡ ᠲᠤᠰᠠᠭ᠋ᠠᠷᠯᠠᠬᠤ᠂ ᠠ᠋ᠷᠲᠡ ᠠ᠋ᠮᠨᠡᠬᠦ》 ᠱᠠᠭ᠋ᠠᠷᠳᠠᠯᠭ᠎ᠠ ᠵᠢ ᠠ᠋ᠷᠡᠰ ᠴᠢᠩᠭ᠎ᠠ ᠨᠠᠢ᠌ᠳᠠᠪᠤᠷᠢᠵᠢᠭᠤᠯᠬᠤ ᠬᠡᠷᠡᠭᠲᠡᠢ᠃
ᠭᠤᠷᠪᠠ᠂ ᠤᠨᠴᠠᠭ᠋ᠠᠢ ᠬᠦᠮᠦᠰ᠎ᠤᠨ ᠦᠨᠳᠦᠰᠦᠨ ᠵᠦᠢ᠍ᠯ᠎ᠢ ᠪᠠᠲᠤᠯᠠᠬᠤ ᠠᠵᠢᠯ᠎ᠢ ᠰᠠᠢ᠌ᠲᠤᠷ ᠬᠢᠬᠦ ᠬᠡᠷᠡᠭᠲᠡᠢ
ᠬᠢᠵᠢᠭ ᠡᠪᠡᠳᠴᠢᠨ᠎ᠤ ᠨᠥᠯᠥᠭᠡ᠎ᠪᠠᠷ ᠭᠡᠷ᠎ᠲᠡᠭᠡᠨ ᠲᠤᠰᠠᠭ᠋ᠠᠷᠯᠠᠭᠳᠠᠭᠰᠠᠨ ᠥᠨᠥᠴᠢᠨ ᠥᠷᠦᠭᠡᠰᠦᠨ ᠨᠠᠰᠤᠲᠠᠨ᠂ ᠭᠡᠷ᠎ᠤᠨ ᠬᠢᠨᠢ ᠬᠦᠮᠦᠰ ᠲᠤᠰᠠᠭ᠋ᠠᠷᠯᠠᠭᠳᠠᠭ᠋ᠠᠳ ᠠ᠋ᠮᠨᠡᠭᠦᠯᠵᠦ ᠪᠠᠢ᠌ᠬᠤ᠎ᠠᠴᠠ ᠪᠣᠯᠵᠦ ᠬᠠᠷᠠᠭ᠋ᠠᠯᠵᠠᠬᠤ ᠬᠦᠮᠦᠨ ᠦᠭᠡᠢ ᠪᠣᠯᠣᠭᠰᠠᠨ ᠨᠠᠰᠤᠲᠠᠨ ᠪᠣᠯᠣᠨ ᠨᠠᠰᠤᠨ᠎ᠳᠤ ᠦᠯᠤ ᠬᠦᠷᠤᠭ᠌ᠰᠡᠳ᠂ ᠵᠢᠴᠢ ᠨᠡᠢ᠌ᠭᠡᠮ ᠳᠡᠭᠡᠷᠡᠬᠢ ᠰᠤᠯᠠ ᠰᠡᠯᠡᠭᠦᠦ ᠥᠨᠥᠴᠢᠨ ᠬᠡᠤᠬᠡᠳ᠂ ᠭᠡᠷ᠎ᠲᠡᠭᠡᠨ ᠬᠤᠴᠤᠷᠤᠬᠰᠠᠨ ᠬᠡᠤᠬᠡᠳ᠂ ᠭᠡᠷ᠎ᠲᠡᠭᠡᠨ ᠬᠤᠴᠤᠷᠤᠭᠰᠠᠨ ᠨᠠᠰᠤᠲᠠᠳ ᠵᠡᠷᠭᠡ ᠤᠨᠴᠠᠭ᠋ᠠᠢ ᠬᠦᠮᠦᠰ᠎ᠢ ᠠᠷᠠᠳ᠎ᠤᠨ ᠶᠠᠪᠤᠳᠠᠯ᠎ᠤᠨ ᠦᠢ᠍ᠯᠡᠴᠢᠯᠡᠭᠡᠨ᠎ᠤᠨ ᠪᠠᠢ᠌ᠭᠤᠯᠤᠮᠵᠢ ᠵᠢᠨ᠎ᠬᠢᠨ ᠠ᠋ᠷᠬᠢᠨ ᠦᠵᠡᠵᠦ᠂ ᠴᠠᠭ ᠲᠤᠬᠠᠢᠳᠤᠨᠢ ᠬᠠᠪᠰᠤᠷᠤᠯᠭ᠎ᠠ ᠦᠵᠡᠭᠦᠯᠤᠨ᠂ ᠨᠡᠢ᠌ᠭᠡᠮ᠎ᠤᠨ ᠶᠤᠰᠤ ᠰᠤᠷᠲᠠᠬᠤᠨ᠎ᠤ ᠬᠤᠷᠢᠭ᠎ᠠ ᠴᠡᠭᠡᠷ᠎ᠢ ᠡᠪᠳᠡᠬᠦ ᠬᠡᠷᠡᠭ ᠭᠠᠷᠬᠤ ᠵᠢ ᠰᠡᠷᠭᠡᠢ᠌ᠯᠡᠬᠦ ᠬᠡᠷᠡᠭᠲᠡᠢ᠃
ᠳᠥᠷᠪᠡ᠂ ᠵᠤᠬᠢᠶᠠᠨ ᠪᠠᠢ᠌ᠭᠤᠯᠵᠤ ᠤᠳᠤᠷᠢᠳᠬᠤ ᠠᠵᠢᠯ ᠵᠶ᠋ᠠᠨ ᠦᠨᠡᠨᠬᠦ ᠴᠢᠩᠭ᠋ᠠᠳᠬᠠᠬᠤ ᠬᠡᠷᠡᠭᠲᠡᠢ
ᠡᠯ᠎ᠡ ᠱᠠᠲᠤᠨ᠎ᠤ ᠠᠷᠠᠳ᠎ᠤᠨ ᠶᠠᠪᠤᠳᠠᠯ᠎ᠤᠨ ᠰᠠᠯᠠᠭ᠎ᠠ ᠮᠥᠴᠢᠷ᠎ᠤᠨ᠎ᠬᠢᠨ ᠵᠤᠬᠢᠶᠠᠨ ᠪᠠᠢ᠌ᠭᠤᠯᠵᠤ ᠤᠳᠤᠷᠢᠳᠬᠤ ᠠᠵᠢᠯ ᠵᠢᠡᠨ ᠤᠯᠠᠮ ᠴᠢᠩᠭ᠋ᠠᠳᠬᠠᠵᠦ᠂ ᠤᠷᠤᠨ ᠨᠤᠲᠤᠭ᠎ᠤᠨ ᠨᠠᠮ᠎ᠤᠨ ᠬᠣᠷᠢᠶ᠎ᠠ ᠪᠣᠯᠣᠨ ᠵᠠᠰᠠᠭ᠎ᠤᠨ ᠣᠷᠳᠤᠨ᠎ᠤ ᠳᠡᠮᠵᠢᠯᠭᠡ ᠵᠢ ᠢᠲᠡᠪᠬᠢᠲᠠᠢ ᠣᠯᠵᠦ᠂ ᠡᠯ᠎ᠡ ᠲᠠᠯ᠎ᠠ ᠵᠢᠨ᠎ᠬᠢᠨ᠎ᠤ ᠠᠷᠠᠳ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠪᠠᠢ᠌ᠭᠤᠯᠤᠮᠵᠢ ᠵᠢᠨ ᠬᠢᠵᠢᠭ ᠡᠪᠡᠳᠴᠢᠨ᠎ᠢ ᠰᠡᠷᠭᠡᠢ᠌ᠯᠡᠨ ᠬᠣᠷᠢᠬᠯᠠᠬᠤ ᠠᠵᠢᠯ᠎ᠳᠤ ᠦᠵᠡᠭᠦᠯᠬᠦ ᠳᠡᠮᠵᠢᠯᠭᠡ ᠵᠢ ᠨᠡᠮᠡᠭᠳᠡᠭᠦᠯᠵᠦ᠂ ᠬᠢᠵᠢᠭ᠎ᠢ ᠰᠡᠷᠭᠡᠢ᠌ᠯᠡᠬᠦ ᠠ᠋ᠳ᠋ ᠪᠤᠳᠠᠰ᠂ ᠮᠡᠷᠭᠡᠵᠢᠯ ᠪᠣᠯᠣᠨ ᠪᠠᠲᠤᠯᠠᠭ᠋ᠠᠨ᠎ᠤ ᠠ᠋ᠷᠴᠢᠮ ᠵᠶ᠋ᠠᠨ ᠴᠢᠩᠭ᠋ᠠᠳᠬᠠᠨ᠂ ᠠᠷᠠᠳ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠪᠠᠢ᠌ᠭᠤᠯᠤᠮᠵᠢ᠎ᠳᠤ ᠬᠠᠯᠳᠠᠪᠤᠷᠢᠯᠠᠯ ᠥᠯᠥ ᠭᠠᠷᠬᠤ ᠵᠢ ᠦᠨᠡᠨᠬᠦ ᠪᠠᠲᠤᠯᠠᠬᠤ ᠬᠡᠷᠡᠭᠲᠡᠢ᠃