ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠢᠯᠡ ᠵᠠᠰᠠᠭ   -   ᠲᠥᠷᠥ᠎ᠶᠢᠨ ᠪᠣᠳᠣᠯᠭ᠎ᠠ᠎ᠶᠢᠨ ᠲᠠᠶ᠋ᠢᠯᠤᠮᠵᠢ
ᠪᠠᠭ᠋ᠠᠲᠤᠷ ᠤᠯᠤᠰ᠎ᠤᠨ ᠨᠡᠢ᠌ᠲᠡᠮ ᠬᠡᠷᠡᠭᠯᠡᠬᠦ ᠦᠭᠡ ᠬᠡᠯᠡ ᠦᠰᠤᠭ᠌ ᠪᠢᠴᠢᠭ᠎ᠢ ᠰᠠᠢ᠌ᠲᠤᠷ ᠰᠤᠷᠴᠤ ᠬᠡᠷᠡᠭᠯᠡᠬᠦ ᠪᠣᠯ ᠦᠨᠳᠤᠰᠤᠲᠡᠨ᠎ᠨᠦᠭᠦᠳ᠎ᠤᠨ ᠬᠠᠮᠲᠤ ᠵᠢᠨ ᠬᠠᠷᠢᠭᠤᠴᠠᠯᠭ᠎ᠠ ᠮᠦᠨ ᠭᠡᠵᠤ ᠴᠢᠬᠤᠯᠠᠴᠢᠯᠠᠪᠠ
ᠨᠡᠶᠢᠲᠡᠯᠡᠭᠰᠡᠨ ᠴᠠᠭ᠄ 2020-09-19

    ᠭᠤᠴᠢᠨ ᠵᠢᠷᠭᠤᠭ᠋ᠠᠳᠠᠬᠢ ᠪᠠᠭᠰᠢ᠎ᠤᠨ ᠪᠠᠶᠠᠷ ᠬᠦᠷᠴᠤ ᠢᠷᠡᠬᠦ ᠳᠠᠰᠢᠷᠠᠮ᠎ᠳᠤ᠂ ᠪᠦᠬᠦ ᠤᠯᠤᠰ᠎ᠤᠨ ᠤᠯᠤᠰ ᠲᠦᠷᠤ ᠵᠢᠨ ᠵᠦᠪᠯᠡᠯᠭᠡᠨ᠎ᠤ ᠳᠡᠳ᠋ ᠲᠡᠷᠢᠭᠦᠯᠡᠭᠴᠢ᠂ ᠲᠦᠪ᠎ᠤᠨ ᠨᠢᠭᠡᠳᠤᠮᠡᠯ ᠹᠷᠤᠨᠲ᠎ᠤᠨ ᠭᠡᠯᠲᠡᠰ᠎ᠤᠨ ᠳᠡᠳ᠋ ᠳᠠᠷᠤᠭ᠎ᠠ᠂ ᠤᠯᠤᠰ᠎ᠤᠨ ᠦᠨᠳᠤᠰᠤᠲᠡᠨ᠎ᠤ ᠬᠡᠷᠡᠭ ᠡᠷᠬᠢᠯᠡᠬᠦ ᠵᠦᠪᠯᠡᠯ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠱᠦᠵᠢ᠂ ᠡᠷᠬᠢᠯᠡᠭᠴᠢ ᠪᠠᠭ᠋ᠠᠲᠤᠷ ᠲᠦᠪ᠎ᠤᠨ ᠦᠨᠳᠤᠰᠤᠲᠡᠨ᠎ᠤ ᠶᠡᠬᠡ ᠰᠤᠷᠭ᠋ᠠᠭᠤᠯᠢ᠎ᠳᠤ ᠬᠦᠷᠴᠤ ᠦᠨᠳᠤᠰᠤᠲᠡᠨ᠎ᠨᠦᠭᠦᠳ᠎ᠤᠨ ᠪᠠᠭᠰᠢ ᠰᠤᠷᠤᠭᠴᠢᠳ᠎ᠢ ᠡᠷᠬᠢᠨ ᠦᠵᠡᠵᠤ ᠲᠣᠭᠣᠨᠢᠭᠤᠯᠤᠨ᠂ ᠤᠯᠤᠰ᠎ᠤᠨ ᠨᠡᠢ᠌ᠲᠡᠮ ᠬᠡᠷᠡᠭᠯᠡᠬᠦ ᠦᠭᠡ ᠬᠡᠯᠡ ᠦᠰᠤᠭ᠌ ᠪᠢᠴᠢᠭ᠎ᠢ ᠲᠦᠭᠡᠮᠡᠯᠵᠢᠭᠦᠯᠵᠤ ᠳᠡᠯᠭᠡᠷᠡᠭᠦᠯᠬᠦ ᠪᠠ ᠳᠤᠮᠳᠠᠳᠤ ᠵᠢᠨ ᠦᠨᠳᠤᠰᠤᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ ᠲᠣᠭᠣᠷᠢᠨ᠎ᠳᠤ ᠪᠠᠭᠰᠢ ᠰᠤᠷᠤᠭᠴᠢ ᠵᠢᠨ ᠲᠦᠯᠣᠭᠡᠯᠡᠭᠴᠢᠳ᠎ᠲᠠᠢ ᠶᠠᠷᠢᠯᠴᠠᠪᠠ᠃ ᠶᠠᠷᠢᠯᠴᠠᠭ᠋ᠠᠨ ᠳᠡᠭᠡᠷ᠎ᠡ ᠪᠠᠭ᠋ᠠᠲᠤᠷ ᠤᠯᠤᠰ᠎ᠤᠨ ᠨᠡᠢ᠌ᠲᠡᠮ ᠬᠡᠷᠡᠭᠯᠡᠬᠦ ᠦᠭᠡ ᠬᠡᠯᠡ ᠦᠰᠤᠭ᠌ ᠪᠢᠴᠢᠭ ᠪᠣᠯ ᠮᠠᠨ᠎ᠤ ᠤᠯᠤᠰ᠎ᠤᠨ ᠡᠯ᠎ᠡ ᠦᠨᠳᠤᠰᠤᠲᠡᠨ᠎ᠤ ᠬᠠᠮᠲᠤ᠎ᠪᠠᠷ ᠤᠯᠠᠮᠵᠢᠯᠠᠨ ᠵᠠᠯᠭ᠋ᠠᠮᠵᠢᠯᠠᠵᠤ ᠬᠦᠭᠵᠢᠭᠦᠯᠤᠭ᠌ᠰᠡᠨ ᠡᠷᠬᠢᠮ ᠨᠠᠨᠳᠢᠨ ᠦᠪ ᠬᠦᠷᠣᠩᠭᠡ ᠮᠦᠨ᠃ ᠤᠯᠤᠰ᠎ᠤᠨ ᠨᠡᠢ᠌ᠲᠡᠮ ᠬᠡᠷᠡᠭᠯᠡᠬᠦ ᠦᠭᠡ ᠬᠡᠯᠡ ᠦᠰᠤᠭ᠌ ᠪᠢᠴᠢᠭ᠎ᠢ ᠰᠠᠢ᠌ᠲᠤᠷ ᠰᠤᠷᠴᠤ ᠬᠡᠷᠡᠭᠯᠡᠬᠦ ᠪᠣᠯ ᠦᠨᠳᠤᠰᠤᠲᠡᠨ᠎ᠨᠦᠭᠦᠳ᠎ᠤᠨ ᠠᠷᠠᠳ ᠢᠷᠭᠡᠳ᠎ᠤᠨ ᠬᠠᠮᠲᠤ ᠵᠢᠨ ᠬᠠᠷᠢᠭᠤᠴᠠᠯᠭ᠎ᠠ ᠮᠦᠨ᠃ ᠤᠯᠤᠰ᠎ᠤᠨ ᠨᠡᠢ᠌ᠲᠡᠮ ᠬᠡᠷᠡᠭᠯᠡᠬᠦ ᠦᠭᠡ ᠬᠡᠯᠡ ᠦᠰᠤᠭ᠌ ᠪᠢᠴᠢᠭ᠎ᠢ ᠰᠠᠢ᠌ᠲᠤᠷ ᠳᠡᠯᠭᠡᠷᠡᠭᠦᠯᠵᠤ ᠲᠦᠭᠡᠮᠡᠯᠵᠢᠭᠦᠯᠬᠦ ᠪᠣᠯ ᠮᠠᠨ᠎ᠤ ᠤᠯᠤᠰ᠎ᠤᠨ ᠦᠨᠳᠤᠰᠤᠨ ᠬᠠᠤᠯᠢ᠎ᠳᠤ ᠳᠣᠭᠲᠠᠭ᠋ᠠᠭᠰᠠᠨ ᠤᠯᠤᠰ᠎ᠤᠨ ᠠᠵᠢᠯ ᠡᠷᠬᠡ ᠮᠦᠨ᠂ ᠦᠨᠳᠤᠰᠤᠲᠡᠨ᠎ᠨᠦᠭᠦᠳ᠎ᠤᠨ ᠣᠳᠣᠬᠢᠴᠢᠯᠠᠯᠲᠠ ᠲᠡᠢ᠌ᠰᠢ ᠤᠷᠤᠭᠰᠢᠯᠠᠬᠤ ᠵᠢᠨ ᠪᠣᠰᠤᠳᠴᠢ ᠱᠠᠭ᠋ᠠᠷᠳᠠᠯᠭ᠎ᠠ ᠮᠦᠨ ᠭᠡᠵᠤ ᠵᠢᠭ᠋ᠠᠵᠤ ᠭᠠᠷᠭ᠋ᠠᠪᠠ᠃
        ᠲᠡᠷᠡ᠂ 〈〈ᠳᠦᠷᠪᠡᠨ ᠤᠬᠠᠮᠰᠠᠷ〉〉 ᠵᠶ᠋ᠠᠨ ᠴᠢᠩᠭ᠋ᠠᠳᠬᠠᠨ᠂ 〈〈ᠳᠦᠷᠪᠡᠨ ᠢᠲᠡᠭᠡᠯ〉〉 ᠵᠶ᠋ᠠᠨ ᠪᠠᠲᠤᠳᠬᠠᠵᠤ᠂ 〈〈ᠬᠣᠶᠠᠷ᠎ᠢ ᠬᠠᠮᠠᠭ᠋ᠠᠯᠠᠬᠤ〉〉 ᠵᠢ ᠪᠡᠶᠡᠯᠡᠭᠦᠯᠵᠤ᠂ ᠳᠤᠮᠳᠠᠳᠤ ᠵᠢᠨ ᠦᠨᠳᠤᠰᠤᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ᠎ᠪᠠᠷ ᠭᠣᠣᠯ ᠰᠢᠵᠢᠮ ᠪᠣᠯᠭ᠋ᠠᠨ᠂ ᠤᠯᠤᠰ᠎ᠤᠨ ᠨᠡᠢ᠌ᠲᠡᠮ ᠬᠡᠷᠡᠭᠯᠡᠬᠦ ᠦᠭᠡ ᠬᠡᠯᠡ ᠦᠰᠤᠭ᠌ ᠪᠢᠴᠢᠭ᠎ᠢ ᠶᠡᠬᠡ᠎ᠪᠠᠷ ᠳᠡᠯᠭᠡᠷᠡᠭᠦᠯᠤᠨ ᠲᠦᠭᠡᠮᠡᠯᠵᠢᠭᠦᠯᠵᠤ᠂ ᠦᠨᠳᠤᠰᠤᠲᠡᠨ᠎ᠨᠦᠭᠦᠳ᠎ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠎ᠢ ᠠᠬᠢᠭᠤᠯᠤᠨ᠂ ᠠᠨᠠᠷ᠎ᠤᠨ ᠦᠷ᠎ᠡ ᠰᠢᠭ ᠨᠢᠭᠲᠠᠷᠠᠨ ᠪᠦᠯᠬᠦᠮᠳᠡᠵᠤ᠂ ᠳᠤᠮᠳᠠᠳᠤ ᠵᠢᠨ ᠦᠨᠳᠤᠰᠤᠲᠡᠨ᠎ᠤ ᠠᠭᠤᠤ ᠶᠡᠬᠡ ᠰᠡᠷᠭᠦᠨ ᠮᠠᠨᠳᠤᠯᠲᠠ ᠵᠢᠨ ᠳᠤᠮᠳᠠᠳᠤ ᠵᠢᠨ ᠵᠡᠭᠦᠳᠤ ᠵᠢ ᠬᠠᠮᠲᠤ᠎ᠪᠠᠷ ᠲᠡᠷᠭᠡᠯᠰᠢᠭᠦᠯᠬᠦ ᠬᠡᠷᠡᠭᠲᠠᠢ ᠭᠡᠵᠤ ᠴᠢᠬᠤᠯᠠᠴᠢᠯᠠᠭᠰᠠᠨ ᠪᠠᠢ᠌ᠨ᠎ᠠ᠃

ᠢᠷᠡᠯᠲᠡ᠄ ᠦᠪᠤᠷ ᠮᠤᠡᠭᠭᠤᠯ᠎ᠤᠨ ᠡᠳᠤᠷ᠎ᠤᠨ ᠰᠤᠨᠢᠨ
          
ᠬᠠᠮᠢᠶ᠎ᠡ ᠪᠦᠬᠦᠢ ᠰᠣᠨᠢᠨ
ᠦᠪᠡᠷᠳᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠪᠠᠢ᠌ᠩᠭᠤ ᠵᠢᠨ ᠬᠣᠷᠢᠶ᠎ᠠ ᠬᠤᠷᠠᠯ ᠬᠤᠷᠠᠯᠳᠤᠭᠤᠯᠵᠤ ᠤᠯᠤᠰ᠎ᠤᠨ ᠨᠡᠢ᠌ᠲᠡᠮ ᠬᠡᠷᠡᠭᠯᠡᠭᠡᠨ᠎ᠤ ᠦᠭᠡ ᠬᠡᠯᠡ ᠦᠰᠤᠭ᠌ ᠪᠢᠴᠢᠭ᠎ᠢ ᠳᠡᠯᠭᠡᠷᠡᠭᠦᠯᠬᠦ ᠠᠵᠢᠯ᠎ᠢ
ᠣᠢᠪᠤᠷ ᠮᠣᠨᠭ᠌ᠭᠣᠯ᠎ᠤᠨ ᠣᠢᠪᠠᠷᠳᠠᠬᠡᠨ ᠵᠠᠰᠠᠠᠠᠣ ᠣᠷᠣᠨ᠎ᠤ ᠠᠮᠢᠳᠣᠷᠠᠯ᠎ᠳᠤ᠎ᠪᠠᠨ ᠵᠣᠢᠪ ᠣᠢᠬᠡᠢ ᠲᠠᠨᠣᠭᠦᠴᠢᠯᠠᠨ ᠭᠣᠢᠢᠷᠠᠠᠴᠢᠯᠠᠠᠠᠴᠢ ᠵᠢ ᠳᠤᠰᠠᠯᠠᠬᠤ ᠬᠠᠮᠢᠶᠠᠷᠣᠯᠳ᠋ᠨ ᠵᠢᠨ ᠣᠢᠢᠯᠠᠴᠢᠯᠠᠬᠡᠨ ᠎ᠤ ᠴᠢᠠᠰᠠᠭ᠎ᠠ ᠵᠢ ᠶᠠᠬᠡ ᠎ᠪᠠᠷ ᠲᠠᠬᠡᠭᠰᠢᠯᠠᠭᠦᠯᠬᠦ ᠲᠣᠰᠠᠠᠠᠢ ᠲᠣᠢᠷᠣᠯ ᠎ᠤᠨ ᠠᠵᠢᠯᠯᠠᠭ᠋ᠠᠨ ᠎ᠤ ᠬᠡᠷᠨᠭᠵᠢᠭᠦᠯᠬᠦ ᠲᠣᠢᠰᠣᠯ
ᠣᠢᠪᠤᠷ ᠮᠣᠨᠭ᠌ᠭᠣᠯ ᠎ᠤᠨ ᠣᠢᠪᠠᠷᠳᠠᠬᠡᠨ ᠵᠠᠰᠠᠠᠠᠣ ᠣᠷᠣᠨ ᠎ᠤ ᠠᠷᠠᠣᠨ ᠎ᠤᠨ ᠶᠠᠪᠤᠳᠠᠯ᠎ᠤᠨ ᠲᠢᠨᠭᠬᠢᠮ᠎ᠤᠨ ᠵᠣᠬᠢᠶᠠᠨ ᠪᠠᠢᠢᠭᠣᠯᠣᠨ ᠪᠡᠶᠡᠯᠡᠭᠦᠯᠬᠦ 2020 ᠣᠨ ᠎ᠤ ᠪᠠᠬᠡᠵᠢᠨᠭ ᠣᠢᠪᠤᠷ ᠮᠣᠨᠭ᠌ᠭᠣᠯ᠎ᠤᠨ ᠬᠣᠷᠰᠢᠠᠠᠰᠠᠨ 《ᠭᠠᠷ ᠬᠣᠯᠪᠤᠯᠴᠠᠠᠠᠣ ᠲᠣᠢᠯᠣᠤ ᠊ᠯᠠᠬᠡᠨ》᠎ᠤ ᠨᠠᠢᠢᠬᠡᠮ᠎ᠤᠨ ᠠᠵᠢᠯ᠎ᠤᠨ ᠣᠢᠢᠯᠠᠴᠢᠯᠠᠬᠡᠨ᠎ᠤ ᠲᠣᠢᠷᠣᠯ ᠵᠣᠢᠢᠯ
ᠨᠡᠢ᠍ᠢ᠍ᠭᠡᠮ᠎ᠤᠨ ᠠᠵᠢᠯ᠎ᠤᠨ ᠲᠤᠰᠡᠡᠡᠢ ᠮᠡᠷᠭᠡᠵᠢᠯ᠎ᠤᠨ ᠲᠡᠪᠡᠭᠤᠯᠢᠬ᠎ᠢ ᠪᠠᠳᠠᠷᠠᠭᠤᠯᠵᠦ ᠬᠦᠮᠦᠯᠢᠭ ᠬᠠᠯᠠᠮᠵᠢᠯᠠᠯ᠎ᠢ ᠨᠡᠡᠭ ᠰᠠᠢ᠌ᠳᠤᠷ ᠬᠠᠡᠭᠭ᠋ᠠᠶ᠎ᠠ
ᠪᠠᠭ᠋ᠠᠲᠤᠷ ᠤᠯᠤᠰ᠎ᠤᠨ ᠨᠡᠢ᠌ᠲᠡᠮ ᠬᠡᠷᠡᠭᠯᠡᠬᠦ ᠦᠭᠡ ᠬᠡᠯᠡ ᠦᠰᠤᠭ᠌ ᠪᠢᠴᠢᠭ᠎ᠢ ᠰᠠᠢ᠌ᠲᠤᠷ ᠰᠤᠷᠴᠤ ᠬᠡᠷᠡᠭᠯᠡᠬᠦ ᠪᠣᠯ ᠦᠨᠳᠤᠰᠤᠲᠡᠨ᠎ᠨᠦᠭᠦᠳ᠎ᠤᠨ ᠬᠠᠮᠲᠤ ᠵᠢᠨ ᠬᠠᠷᠢᠭᠤᠴᠠᠯᠭ᠎ᠠ ᠮᠦᠨ ᠭᠡᠵᠤ ᠴᠢᠬᠤᠯᠠᠴᠢᠯᠠᠪᠠ
 
            