《ᠨᠠᠰᠤᠵᠢᠯ᠎ᠤᠨ ᠪᠠᠢ᠌ᠭᠤᠯᠤᠮᠵᠢ ᠵᠢᠨ ᠬᠠᠮᠢᠶᠠᠷᠤᠯᠳᠠ ᠵᠢᠨ ᠠᠷᠭ᠎ᠠ》 ᠵᠢ ᠨᠡᠮᠡᠨ ᠵᠠᠰᠠᠬᠰᠠᠨ ᠬᠠᠤᠯᠢ ᠲᠤᠬᠳᠠᠭ᠋ᠠᠬᠤ ᠤᠢ᠌ᠯᠠᠭ᠋ᠠᠬᠳᠠᠬᠤᠨ ᠪᠠ ᠦᠨᠳᠤᠰᠤᠨ ᠰᠡᠳᠬᠢᠮᠵᠢ ᠵᠢᠨ ᠲᠤᠬᠠᠢ ᠲᠠᠢ᠌ᠯᠤᠮᠵᠢ
— ᠱᠤᠤ ᠳ᠋ᠸᠡᠭ ᠹᠸᠡᠭ᠂ ᠢᠤᠢ ᠵᠢᠶᠠᠨ ᠯᠢᠶᠠᠡᠭ᠂ ᠯᠢ ᠪᠠᠡᠭ ᠬᠤᠸᠨ ᠨᠠᠷ ᠰᠢᠨᠬᠤᠸᠨ ᠬᠤᠷᠢᠶ᠎ᠠ᠂ ᠲᠦᠪ᠎ᠤᠨ ᠷᠠᠳᠢᠤ᠋ ᠲᠸᠯᠸᠢᠰ᠎ᠤᠨ ᠶᠡᠷᠤᠡᠭᠭᠡᠢ ᠬᠤᠷᠢᠶ᠎ᠠ᠂ 《ᠠᠷᠠᠳ᠎ᠤᠨ ᠡᠳᠤᠷ᠎ᠤᠨ ᠰᠤᠨᠢᠨ》᠂ 《ᠭᠤᠸᠠᠡᠭᠮᠢᠡᠭ ᠡᠳᠤᠷ᠎ᠤᠨ ᠰᠤᠨᠢᠨ》᠂ 《ᠠᠵᠤ ᠠᠬᠤᠢ ᠵᠢᠨ ᠡᠳᠤᠷ᠎ᠤᠨ ᠰᠤᠨᠢᠨ》 《ᠲᠤᠮᠳᠠᠳᠤ ᠤᠯᠤᠰ᠎ᠤᠨ ᠡᠳᠤᠷ᠎ᠤᠨ ᠰᠤᠨᠢᠨ》 ᠵᠡᠷᠬᠡ ᠵᠠᠭᠤᠴᠢᠯᠠᠭᠤᠷ᠎ᠤᠨ ᠰᠤᠷᠪᠤᠯᠵᠢᠯᠠᠬ᠍ᠴᠢ ᠵᠢᠨ ᠠᠰᠠᠭᠤᠯᠳᠠ ᠵᠢ ᠬᠠᠷᠢᠭᠤᠯᠤᠬᠰᠠᠨ᠎ᠨᠢ
ᠰᠡᠴᠡᠨ ᠤᠷᠴᠢᠭᠤᠯᠪᠠ
ᠰᠤᠷᠪᠤᠯᠵᠢᠯᠠᠬ᠍ᠴᠢ᠄ 《ᠨᠠᠰᠤᠵᠢᠯ᠎ᠤᠨ ᠪᠠᠢ᠌ᠭᠤᠯᠤᠮᠵᠢ ᠵᠢᠨ ᠬᠠᠮᠢᠶᠠᠷᠤᠯᠳᠠ ᠵᠢᠨ ᠠᠷᠭ᠎ᠠ》 ᠵᠢ ᠵᠠᠰᠠᠨ ᠨᠠᠢ᠌ᠷᠠᠭᠤᠯᠤᠬᠰᠠᠨ ᠬᠠᠤᠯᠢ ᠲᠤᠬᠳᠠᠭ᠋ᠠᠬᠤ ᠤᠢ᠌ᠯᠠᠭ᠋ᠠᠬᠳᠠᠬᠤᠨ ᠪᠠ ᠦᠨᠳᠤᠰᠤᠨ ᠰᠡᠳᠬᠢᠮᠵᠢ᠎ᠨᠢ ᠶᠠᠭᠤ ᠪᠤᠢ?
ᠱᠤᠤ ᠳ᠋ᠸᠡᠭ ᠹᠸᠡᠭ᠄ ᠡᠨᠡ ᠤᠳᠠᠭ᠋ᠠᠨ᠎ᠤ ᠵᠠᠰᠠᠨ ᠨᠠᠢ᠌ᠷᠠᠭᠤᠯᠤᠬᠰᠠᠨ 《ᠠᠷᠭ᠎ᠠ》᠎ᠳᠤ ᠲᠤᠭᠤᠰᠢᠯᠠᠭᠤᠯᠤᠬᠰᠠᠨ ᠦᠨᠳᠤᠰᠤᠨ ᠤᠢ᠌ᠯᠠᠭ᠋ᠠᠬᠳᠠᠬᠤᠨ᠎ᠳᠤ ᠬᠤᠶᠠᠷ ᠵᠦᠢ᠍ᠯ ᠪᠤᠢ᠂ ᠨᠢᠬᠡ᠎ᠨᠢ ᠨᠠᠰᠤᠵᠢᠯ᠎ᠤᠨ ᠪᠠᠢ᠌ᠭᠤᠯᠤᠮᠵᠢ ᠵᠢᠨ ᠬᠠᠮᠢᠶᠠᠷᠤᠯᠳᠠ ᠵᠢ ᠴᠢᠡᠭᠭ᠋ᠠᠳᠬᠠᠬᠤ ᠵᠤᠬᠰᠤᠴᠨ᠎ᠠᠴᠠ ᠨᠠᠰᠤᠵᠢᠯ᠎ᠤᠨ ᠪᠠᠢ᠌ᠭᠤᠯᠤᠮᠵᠢ ᠵᠢᠨ ᠦᠢ᠍ᠯᠡᠴᠢᠯᠡᠬᠡᠨ᠎ᠤ ᠬᠢᠷᠢ ᠲᠦᠪᠰᠢᠨ᠎ᠢ ᠲᠡᠭᠡᠭᠰᠢᠯᠡᠬᠦᠯᠬᠦ ᠶᠠᠪᠤᠳᠠᠯ ᠪᠤᠯᠤᠨ᠎ᠠ᠃ ᠪᠠᠢ᠌ᠭᠤᠯᠤᠮᠵᠢ ᠵᠢᠨ ᠨᠠᠰᠤᠵᠢᠯ ᠪᠤᠯ ᠮᠠᠨ᠎ᠤ ᠤᠯᠤᠰ᠎ᠤᠨ ᠨᠠᠰᠤᠵᠢᠯ᠎ᠤᠨ ᠦᠢ᠍ᠯᠡᠴᠢᠯᠡᠬᠡᠨ᠎ᠤ ᠰᠢᠰᠲᠸᠮ᠎ᠤᠨ ᠴᠢᠬᠤᠯᠨ ᠪᠦᠷᠢᠯᠳᠦᠬᠦᠨ ᠪᠤᠯᠬᠤ ᠶᠤᠮ᠂ ᠡᠢ᠌ᠮᠤ᠎ᠠᠴᠠ ᠨᠠᠰᠤᠵᠢᠯ᠎ᠤᠨ ᠪᠠᠢ᠌ᠭᠤᠯᠤᠮᠵᠢ ᠵᠢᠨ ᠦᠢ᠍ᠯᠡᠴᠢᠯᠡᠬᠡᠨ᠎ᠤ ᠲᠦᠪᠰᠢᠨ᠎ᠢ ᠲᠡᠭᠡᠭᠰᠢᠯᠡᠬᠦᠯᠬᠦ ᠪᠤᠯ ᠨᠠᠰᠤᠵᠢᠯ᠎ᠤᠨ ᠦᠢ᠍ᠯᠡᠴᠢᠯᠡᠬᠡᠨ᠎ᠤ ᠬᠦᠭᠵᠢᠯᠳᠡ ᠵᠢ ᠠᠬᠢᠭᠤᠯᠬᠤ ᠴᠢᠬᠤᠯᠨ ᠠᠭᠤᠯᠭ᠎ᠠ ᠶᠤᠮ᠃ 《ᠠᠷᠭ᠎ᠠ》᠎ᠳᠤ ᠨᠢᠭᠡ ᠲᠠᠯ᠎ᠠ᠎ᠪᠠᠷ ᠨᠠᠰᠤᠵᠢᠯ᠎ᠤᠨ ᠪᠠᠢ᠌ᠭᠤᠯᠤᠮᠵᠢ ᠵᠢᠨ ᠦᠢ᠍ᠯᠡᠴᠢᠯᠡᠬᠡᠨ᠎ᠤ ᠠᠵᠢᠯᠯᠠᠭ᠋ᠠᠨ᠎ᠢ ᠲᠦᠷᠢᠮᠵᠢᠬᠦᠯᠤᠨ᠂ ᠠᠮᠢᠳᠤᠷᠠᠯ᠎ᠢ᠎ᠨᠢ ᠬᠠᠷᠠᠭ᠋ᠠᠯᠵᠠᠬᠤ᠂ ᠡᠷᠡᠬᠦᠯᠵᠢᠬᠦᠯᠬᠦ ᠪᠠ ᠠᠰᠠᠷᠠᠬᠤ ᠵᠡᠷᠬᠡ ᠨᠠᠰᠤᠵᠢᠯ᠎ᠤᠨ ᠪᠠᠢ᠌ᠭᠤᠯᠤᠮᠵᠢ ᠵᠢᠨ ᠦᠢ᠍ᠯᠡᠴᠢᠯᠡᠬᠡᠨ᠎ᠤ ᠠᠵᠢᠯᠯᠠᠭ᠋ᠠᠨ᠎ᠤ ᠠᠭᠤᠯᠭ᠎ᠠ ᠵᠢ ᠲᠤᠳᠤᠷᠬᠠᠢ᠌ᠯᠠᠪᠠ᠃ ᠨᠦᠬᠦᠬᠡ ᠲᠠᠯ᠎ᠠ᠎ᠪᠠᠷ ᠨᠠᠰᠤᠵᠢᠯ᠎ᠤᠨ ᠪᠠᠢ᠌ᠭᠤᠯᠤᠮᠵᠢ ᠵᠢᠨ ᠲᠤᠳᠤᠭ᠋ᠠᠳᠤ ᠡᠵᠡᠡᠭᠨᠡᠯᠳᠡ ᠬᠠᠮᠢᠶᠠᠷᠤᠯᠳᠠ᠂ ᠵᠢᠱ᠌ᠢᠶᠡᠯᠡᠪᠡᠯ ᠭᠠᠯ᠎ᠤᠨ ᠠᠶᠤᠯ᠎ᠢ ᠰᠡᠷᠬᠡᠢ᠌ᠯᠡᠬᠦ᠂ ᠢᠳᠡᠬᠡᠨ ᠤᠮᠳᠠᠭ᠋ᠠᠨ᠎ᠤ ᠠᠮᠤᠷ ᠲᠦᠪᠰᠢᠨ᠂ ᠠᠵᠢᠯᠳᠠᠨ ᠲᠤᠬᠢᠷᠠᠭᠤᠯᠬᠤ ᠵᠡᠷᠬᠡ ᠲᠠᠯ᠎ᠠ᠎ᠪᠠᠷ ᠱᠠᠭ᠋ᠠᠷᠳᠠᠯᠭ᠎ᠠ ᠲᠠᠯᠪᠢᠵᠠᠢ᠃ ᠡᠬᠦᠨ᠎ᠤ ᠬᠠᠮᠳᠤ ᠨᠠᠰᠤᠵᠢᠯ᠎ᠤᠨ ᠪᠠᠢ᠌ᠭᠤᠯᠤᠮᠵᠢ ᠵᠢᠨ ᠬᠠᠮᠢᠶᠠᠷᠤᠯᠳᠠ ᠵᠢ ᠨᠠᠢ᠌ᠳᠠᠪᠤᠷᠢᠭᠤᠯᠤᠬᠰᠠᠨ ᠲᠡᠳᠤᠢ ᠦᠬᠡᠢ ᠨᠠᠷᠢᠯᠢᠭ ᠨᠠᠢ᠌ᠳᠠᠪᠤᠷᠢᠵᠢᠭᠤᠯᠬᠤ ᠵᠢᠨ ᠲᠦᠯᠤᠬᠡ 《ᠠᠷᠭ᠎ᠠ》᠎ᠳᠤ 2013 ᠤᠨ᠎ᠤ ᠲᠦᠷᠢᠮ ᠲᠤᠬᠳᠠᠭ᠋ᠠᠯ᠎ᠤᠨ ᠲᠡᠬᠡᠷ᠎ᠡ ᠬᠢᠨᠠᠨ ᠬᠠᠮᠢᠶᠠᠷᠴᠤ ᠪᠠᠢ᠌ᠴᠠᠭ᠋ᠠᠬᠤ ᠪᠠ ᠬᠠᠤᠯᠢ ᠵᠢᠨ ᠬᠠᠷᠢᠭᠤᠴᠠᠯᠭ᠎ᠠ ᠵᠢᠨ ᠬᠡᠰᠡᠭ᠎ᠢ ᠠᠭᠤᠯᠭ᠎ᠠ ᠵᠢ ᠤᠯᠠᠮ ᠪᠠᠶᠠᠯᠢᠬ᠍ᠵᠢᠭᠤᠯᠵᠠᠢ᠃ ᠬᠤᠶᠠᠷ᠎ᠲᠤ᠂ ᠨᠠᠰᠤᠳᠠᠢ᠌ᠴᠤᠳ᠎ᠤᠨ ᠬᠠᠤᠯᠢ ᠶᠤᠰᠤᠨ᠎ᠤ ᠡᠷᠬᠡ ᠠᠰᠢᠭ᠎ᠢ ᠬᠠᠮᠠᠭ᠋ᠠᠯᠠᠬᠤ ᠵᠢ ᠪᠠᠷᠢᠮᠳᠠᠯᠠᠪᠠ᠃ 《ᠠᠷᠭ᠎ᠠ》᠎ᠳᠤ ᠨᠠᠰᠤᠵᠢᠯ᠎ᠤᠨ ᠪᠠᠢ᠌ᠭᠤᠯᠤᠮᠵᠢ ᠪᠤᠯᠤᠨ ᠠᠵᠢᠯᠳᠠᠳ᠎ᠨᠢ ᠡᠷᠬᠡᠪᠡᠰᠢ ᠨᠠᠰᠤᠳᠠᠢ᠌ᠴᠤᠳ᠎ᠤᠨ ᠪᠡᠶ᠎ᠡ ᠵᠢᠨ ᠡᠷᠬᠡ᠂ ᠡᠳ᠋ ᠬᠦᠷᠤᠡᠭᠭᠡ ᠵᠢᠨ ᠡᠷᠬᠡ ᠵᠡᠷᠬᠡ ᠬᠠᠤᠯᠢ ᠶᠤᠰᠤᠨ᠎ᠤ ᠡᠷᠬᠡ ᠠᠰᠢᠭ᠎ᠢ ᠬᠠᠤᠯᠢ ᠶᠤᠰᠤᠭ᠋ᠠᠷ ᠬᠠᠮᠠᠭ᠋ᠠᠯᠠᠬᠤ ᠬᠡᠷᠡᠭᠳᠡᠢ ᠭᠡᠵᠤ ᠲᠤᠳᠤᠷᠬᠠᠢ᠌ᠯᠠᠵᠠᠢ᠃ ᠨᠠᠰᠤᠵᠢᠯ᠎ᠤᠨ ᠪᠠᠢ᠌ᠭᠤᠯᠤᠮᠵᠢ᠎ᠨᠢ ᠵᠠᠪᠠᠯ ᠨᠠᠰᠤᠳᠠᠢ᠌ᠴᠤᠳ᠎ᠲᠠᠢ ᠪᠤᠶᠤ ᠤᠷᠤᠯᠠᠨ ᠬᠦᠢ᠍ᠴᠡᠳᠬᠡᠭᠴᠢᠲᠠᠢᠨᠢ ᠦᠢ᠍ᠯᠡᠴᠢᠯᠡᠬᠡᠨ᠎ᠤ ᠬᠡᠷ᠎ᠡ ᠲᠤᠬᠳᠠᠬᠤ ᠪᠦᠬᠡᠳ ᠬᠡᠷ᠎ᠡ ᠶᠤᠰᠤᠭ᠋ᠠᠷ ᠵᠶ᠋ᠡᠨ ᠦᠢ᠍ᠯᠡᠴᠢᠯᠡᠬᠦ ᠬᠡᠷᠡᠭᠳᠡᠢ᠃ ᠨᠠᠰᠤᠳᠠᠢ᠌ᠴᠤᠳ᠎ᠢ ᠠᠰᠠᠷᠠᠨ ᠬᠠᠷᠠᠭ᠋ᠠᠯᠵᠠᠬᠤ ᠲᠡᠰᠢ ᠲᠤᠬᠳᠠᠭ᠋ᠠᠬᠤ ᠪᠠ ᠲᠤᠬᠢᠷᠠᠭᠤᠯᠬᠤ᠎ᠳᠤ᠎ᠪᠠᠨ ᠵᠠᠪᠠᠯ ᠨᠠᠰᠤᠳᠠᠢ᠌ᠴᠤᠳ ᠪᠤᠶᠤ ᠤᠷᠤᠯᠠᠨ ᠬᠦᠢ᠍ᠴᠡᠳᠭᠡᠭᠴᠢᠪᠠᠷᠨᠢ ᠵᠦᠪᠰᠢᠶᠡᠷᠡᠬᠦᠯᠬᠦ ᠬᠡᠷᠡᠭᠳᠡᠢ᠃ ᠨᠠᠰᠤᠳᠠᠢ᠌ᠴᠤᠳ ᠪᠠᠢ᠌ᠭᠤᠯᠤᠮᠵᠢ᠎ᠳᠤ ᠪᠠᠢ᠌ᠬᠤ᠎ᠳᠤ᠎ᠪᠠᠨ ᠬᠦᠨᠳᠤ ᠡᠪᠡᠳᠴᠢᠨ᠎ᠳᠤ ᠨᠡᠷᠪᠡᠭᠳᠡᠪᠡᠯ ᠨᠠᠰᠤᠵᠢᠯ᠎ᠤᠨ ᠪᠠᠢ᠌ᠭᠤᠯᠤᠮᠵᠢ᠎ᠨᠢ ᠲᠡᠷᠨ ᠲᠠᠷᠤᠢ ᠡᠮᠨᠡᠯᠬᠡ ᠵᠢ ᠬᠦᠷᠬᠡᠨ ᠵᠠᠰᠠᠭᠤᠯᠬᠤ ᠬᠡᠷᠡᠭᠳᠡᠢ᠃
《ᠠᠷᠭ᠎ᠠ》 ᠵᠢ ᠵᠠᠰᠠᠨ ᠨᠠᠢ᠌ᠷᠠᠭᠤᠯᠬᠤ ᠶᠠᠪᠤᠴᠨ᠎ᠳᠤ ᠭᠤᠤᠯᠳᠠᠭᠤ ᠵᠢᠷᠤᠮᠯᠠᠬᠰᠠᠨ ᠰᠡᠳᠬᠢᠮᠵᠢ ᠬᠡᠪᠡᠯ᠄
ᠨᠢᠬᠡ᠎ᠳᠤ᠂ ᠬᠠᠤᠯᠢ ᠴᠠᠭ᠋ᠠᠴᠨ ᠪᠠ ᠨᠠᠮ᠎ᠤᠨ ᠲᠦᠪ ᠬᠤᠷᠢᠶ᠎ᠠ᠂ ᠲᠦᠷᠤ ᠵᠢᠨ ᠶᠠᠪᠤᠳᠠᠯ᠎ᠤᠨ ᠬᠤᠷᠢᠶᠠᠨ᠎ᠤ ᠰᠢᠢ᠍ᠳᠪᠤᠷᠢ ᠵᠢ ᠪᠠᠢ᠌ᠷᠢᠯᠠᠭᠤᠯᠤᠯᠳᠠ ᠵᠢᠨ ᠱᠠᠭ᠋ᠠᠷᠳᠠᠯᠭ᠎ᠠ ᠵᠢ ᠲᠣᠭᠤᠰᠢᠯᠠᠭᠤᠯᠤᠨ ᠨᠠᠢ᠌ᠳᠠᠪᠤᠷᠢᠵᠢᠭᠤᠯᠵᠠᠢ᠃ 2018 ᠤᠨ᠎ᠤ 12 ᠳ᠋ᠤᠭ᠋ᠠᠷ ᠰᠠᠷ᠎ᠠ ᠵᠢᠨ 29᠎ᠤ ᠡᠳᠤᠷ᠎ᠤᠨ ᠵᠠᠰᠠᠨ ᠨᠠᠢ᠌ᠷᠠᠭᠤᠯᠤᠬᠰᠠᠨ ᠨᠠᠰᠤᠳᠠᠢ᠌ᠴᠤᠳ᠎ᠤᠨ ᠡᠷᠬᠡ ᠠᠰᠢᠭ᠎ᠢ ᠬᠠᠮᠠᠭ᠋ᠠᠯᠠᠬᠤ ᠬᠠᠤᠯᠢ᠎ᠳᠤ ᠨᠠᠰᠤᠵᠢᠯ᠎ᠤᠨ ᠪᠠᠢ᠌ᠭᠤᠯᠤᠮᠵᠢ ᠪᠠᠢ᠌ᠭᠤᠯᠬᠤ ᠵᠦᠪᠰᠢᠶᠡᠷᠡᠯ᠎ᠢ ᠬᠦᠴᠤᠨ ᠦᠬᠡᠢ ᠪᠤᠯᠭ᠋ᠠᠵᠤ᠂ ᠨᠠᠰᠤᠵᠢᠯ᠎ᠤᠨ ᠪᠠᠢ᠌ᠭᠤᠯᠤᠮᠵᠢ ᠵᠢ ᠲᠠᠡᠭᠰᠠᠯᠠᠭᠤᠯᠵᠤ ᠲᠠᠡᠭᠰᠨ ᠡᠪᠬᠡᠮᠡᠯ ᠪᠠᠢ᠌ᠭᠤᠯᠬᠤ ᠪᠠ ᠰᠠᠯᠠᠭ᠎ᠠ ᠮᠦᠴᠢᠷ ᠶᠡᠷᠤᠡᠭᠭᠡᠢ᠌ᠯᠡᠨ ᠬᠢᠨᠠᠵᠤ ᠬᠠᠮᠢᠶᠠᠷᠬᠤ ᠲᠦᠷᠢᠮ᠎ᠢ ᠬᠡᠷᠡᠭᠵᠢᠬᠦᠯᠬᠦ ᠵᠢ ᠱᠠᠭ᠋ᠠᠷᠳᠠᠵᠠᠢ᠃ 《ᠠᠷᠭ᠎ᠠ》᠎ᠳᠤ ᠨᠠᠰᠤᠳᠠᠢ᠌ᠴᠤᠳ᠎ᠤᠨ ᠡᠷᠬᠡ ᠠᠰᠢᠭ᠎ᠢ ᠬᠠᠮᠠᠭ᠋ᠠᠯᠠᠬᠤ ᠬᠠᠮᠤᠭ᠎ᠤᠨ ᠰᠢᠨ᠎ᠡ ᠬᠠᠤᠯᠢ ᠵᠢ ᠦᠨᠳᠤᠰᠤᠯᠡᠨ ᠬᠠᠮᠢᠶ᠎ᠠ ᠪᠦᠬᠦᠢ ᠠᠭᠤᠯᠭ᠎ᠠ ᠵᠢ ᠵᠠᠰᠠᠬᠰᠠᠨ ᠪᠠ ᠨᠡᠮᠡᠵᠤ ᠤᠷᠤᠭᠤᠯᠵᠠᠢ᠃ ᠰᠢᠨ᠎ᠡ᠎ᠪᠠᠷ ᠵᠠᠰᠠᠨ ᠨᠠᠢ᠌ᠷᠠᠭᠤᠯᠤᠬᠰᠠᠨ ᠭᠠᠯ᠎ᠢ ᠤᠨᠳᠠᠷᠠᠭ᠋ᠠᠠᠬᠤ ᠬᠠᠤᠯᠢ᠂ ᠢᠳᠡᠬᠡᠨ ᠤᠮᠳᠠᠭ᠋ᠠᠨ᠎ᠤ ᠠᠮᠤᠷ ᠲᠦᠪᠰᠢᠨ᠎ᠤ ᠬᠠᠤᠯᠢ ᠲᠦᠷᠢᠮ᠎ᠤᠨ ᠲᠤᠬᠳᠠᠭ᠋ᠠᠯ᠎ᠳᠤ ᠨᠠᠰᠤᠵᠢᠯ᠎ᠤᠨ ᠪᠠᠢ᠌ᠭᠤᠯᠤᠮᠵᠢ᠎ᠳᠤ ᠤᠨᠴᠠᠭ᠋ᠠᠢ ᠱᠠᠭ᠋ᠠᠷᠳᠠᠯᠭ᠎ᠠ ᠲᠤᠷᠠᠳᠤᠬᠰᠠᠨ ᠪᠠᠢ᠌ᠳᠠᠯ᠎ᠳᠤ ᠴᠢᠭᠯᠡᠬᠦᠯᠤᠨ 《ᠠᠷᠭ᠎ᠠ》᠎ᠳᠤ ᠬᠠᠷᠠᠭ᠋ᠠᠯᠵᠠᠬᠰᠠᠨ ᠨᠠᠷᠢᠯᠢᠭ ᠲᠦᠷᠢᠮ᠎ᠢ ᠲᠤᠬᠳᠠᠭ᠋ᠠᠵᠠᠢ᠃ ᠡᠬᠦᠨ᠎ᠠᠴᠠ ᠭᠠᠳᠠᠨ᠎ᠠ 《ᠠᠷᠭ᠎ᠠ》᠎ᠳᠤ᠂ ᠨᠠᠮ᠎ᠤᠨ ᠲᠦᠪ ᠬᠤᠷᠢᠶ᠎ᠠ᠂ ᠲᠦᠷᠤ ᠵᠢᠨ ᠶᠠᠪᠤᠳᠠᠯ᠎ᠤᠨ ᠬᠤᠷᠢᠶ᠎ᠠ᠎ᠠᠴᠠ ᠤᠢ᠌ᠷ᠎ᠠ ᠵᠢᠨ ᠬᠡᠳᠤᠨ ᠵᠢᠯ᠎ᠳᠤ ᠭᠠᠷᠭ᠋ᠠᠬᠰᠠᠨ ᠨᠠᠰᠤᠵᠢᠯ᠎ᠤᠨ ᠪᠠᠢ᠌ᠭᠤᠯᠤᠮᠵᠢ ᠵᠢᠨ ᠦᠢ᠍ᠯᠡᠴᠢᠯᠡᠬᠡᠨ᠎ᠤ ᠬᠦᠭᠵᠢᠯᠳᠡ ᠵᠢ ᠠᠬᠢᠭᠤᠯᠭᠤ ᠲᠤᠬᠠᠢ ᠭᠠᠷᠭ᠋ᠠᠬᠰᠠᠨ ᠰᠢᠨ᠎ᠡ ᠪᠠᠢ᠌ᠷᠢᠯᠠᠭᠤᠯᠤᠯᠳᠠ᠎ᠳᠤ ᠵᠤᠬᠢᠴᠠᠭᠤᠯᠤᠨ ᠬᠠᠮᠢᠶ᠎ᠠ ᠪᠦᠬᠦᠢ ᠠᠭᠤᠯᠭ᠎ᠠ ᠵᠢ ᠨᠡᠮᠡᠨ ᠤᠷᠤᠭᠤᠯᠪᠠ᠃
ᠬᠤᠶᠠᠷ᠎ᠲᠤ᠂ ᠴᠢᠭᠯᠡᠯ᠎ᠤᠨ ᠠᠰᠠᠭᠤᠳᠠᠯ᠎ᠢ ᠪᠠᠷᠢᠮᠳᠠᠯᠠᠨ ᠪᠤᠳᠠᠳᠤ ᠪᠠᠢ᠌ᠳᠠᠯ ᠲᠤᠮᠳᠠ ᠤᠷᠤᠰᠢᠵᠤ ᠪᠤᠢ ᠲᠤᠪᠤᠢ᠌ᠮ᠎ᠠ ᠠᠰᠠᠭᠤᠳᠠᠯ᠎ᠢ ᠴᠢᠷᠮᠠᠢ᠌ᠨ ᠰᠢᠢ᠍ᠳᠪᠤᠷᠢᠯᠡᠵᠡᠢ᠃ 2017 ᠤᠨ᠎ᠠᠴᠠ ᠨᠠᠭ᠋ᠠᠰᠢ ᠠᠷᠠᠳ᠎ᠤᠨ ᠶᠠᠪᠤᠳᠠᠯ᠎ᠤᠨ ᠶᠠᠮᠤᠨ ᠬᠠᠮᠢᠶ᠎ᠠ ᠪᠦᠬᠦᠢ ᠰᠠᠯᠠᠭ᠎ᠠ ᠮᠦᠴᠢᠷ᠎ᠲᠠᠢ ᠬᠤᠯᠪᠤᠭ᠋ᠠᠯᠠᠨ ᠪᠦᠬᠦ ᠤᠯᠤᠰ᠎ᠤᠨ ᠨᠠᠰᠤᠳᠠᠨ᠎ᠤ ᠠᠰᠠᠷᠠᠮᠵᠢ ᠵᠢᠨ ᠭᠠᠵᠠᠷ᠎ᠤᠨ ᠦᠢ᠍ᠯᠡᠴᠢᠯᠡᠬᠡᠨ᠎ᠤ ᠶᠠᠰᠤ ᠴᠢᠨᠠᠷ᠎ᠤᠨ ᠲᠤᠬᠠᠢ ᠲᠤᠰᠬᠠᠢ ᠠᠵᠢᠯᠯᠠᠭ᠋ᠠᠨ ᠤᠯᠠᠨᠳᠠ ᠦᠷᠨᠢᠬᠦᠯᠬᠦ᠎ᠳᠤ᠎ᠪᠠᠨ ᠤᠳᠤᠬᠠᠨ᠎ᠤ ᠨᠠᠰᠤᠵᠢᠯ᠎ᠤᠨ ᠦᠢ᠍ᠯᠡᠴᠢᠯᠡᠬᠡᠨ᠎ᠤ ᠲᠤᠮᠳᠠ ᠬᠢᠨᠠᠨ ᠬᠠᠮᠢᠶᠠᠷᠬᠤ ᠲᠦᠷᠢᠮ ᠲᠡᠬᠦᠯᠳᠡᠷ ᠪᠤᠰᠤ᠂ ᠵᠤᠬᠢᠴᠠᠮᠵᠢ ᠵᠢᠨ ᠲᠤᠬᠳᠠᠴᠨ ᠨᠢᠬᠳᠠ ᠪᠤᠰᠤ ᠵᠡᠷᠬᠡ ᠠᠰᠠᠭᠤᠳᠠᠯ ᠮᠥᠨ ᠤᠷᠤᠰᠢᠬᠰᠠᠭ᠋ᠠᠷ ᠪᠦᠬᠡᠳ ᠨᠠᠰᠤᠳᠠᠢ᠌ᠴᠤᠳ᠎ᠢ ᠲᠠᠷᠤᠯᠠᠬᠤ ᠪᠠ ᠲᠠᠷᠴᠢᠯᠭ᠋ᠠᠬᠤ ᠵᠡᠷᠬᠡ ᠠᠵᠢᠯᠯᠠᠭ᠎ᠠ ᠪᠠᠢ᠌ᠨ ᠪᠠᠢ᠌ᠨ ᠭᠠᠷᠳᠠᠭ ᠪᠦᠬᠡᠳ ᠰᠢᠨ᠎ᠡ ᠲᠢᠲᠢᠮᠯᠢᠭ ᠠᠭᠤᠰᠬᠢᠨ ᠦᠷᠪᠢᠰᠤᠯ᠎ᠤᠨ ᠬᠢᠵᠢᠭ ᠲᠤᠮᠳᠠ ᠪᠠᠴᠢᠮ ᠠᠪᠤᠷᠠᠯᠳᠠ ᠵᠡᠷᠬᠡ ᠲᠠᠯ᠎ᠠ ᠵᠢᠨ ᠬᠦᠴᠤᠨ ᠪᠠᠭᠤᠷᠠᠢ ᠪᠠᠢ᠌ᠬᠤ ᠵᠢ ᠤᠯᠵᠤ ᠮᠡᠳᠡᠵᠡᠢ᠃ 《ᠠᠷᠭ᠎ᠠ》᠎ᠳᠤ ᠡᠮᠦᠨ᠎ᠡ ᠲᠤᠷᠠᠳᠤᠬᠰᠠᠨ ᠠᠰᠠᠭᠤᠳᠠᠯ᠎ᠳᠤ ᠴᠢᠭᠯᠡᠬᠦᠯᠤᠨ ᠬᠠᠷᠠᠭ᠋ᠠᠯᠵᠠᠬᠰᠠᠨ ᠰᠢᠢ᠍ᠳᠪᠤᠷᠢᠯᠡᠬᠦ ᠠᠷᠭ᠎ᠠ ᠵᠢ ᠲᠤᠬᠳᠠᠭ᠋ᠠᠵᠤ᠂ ᠲᠦᠷᠢᠮ ᠲᠤᠬᠳᠠᠭ᠋ᠠᠯ᠎ᠤᠨ ᠬᠠᠨᠳᠤᠯᠭ᠋ᠠᠳᠤ ᠰᠢᠨᠵᠢ ᠪᠠ ᠬᠡᠷᠡᠭᠵᠢᠬᠦᠯᠵᠤ ᠪᠤᠯᠬᠤᠢ᠌ᠴᠨ ᠰᠢᠨᠵᠢ ᠵᠢ ᠨᠡᠮᠡᠭᠳᠡᠬᠦᠯᠵᠡᠢ᠃
ᠭᠤᠷᠪᠠ᠎ᠳᠤ᠂ ᠲᠤᠷᠰᠢᠯᠭ᠎ᠠ᠎ᠪᠠᠨ ᠬᠢᠨᠠᠮᠠᠭ᠋ᠠᠢ ᠳ᠋ᠦᠡᠭᠨᠡᠨ᠂ ᠪᠤᠯᠪᠠᠰᠤᠷᠠᠡᠭᠭᠤᠢ᠂ ᠲᠦᠬᠡᠮᠡᠯ ᠰᠢᠨᠵᠢ ᠪᠦᠬᠦᠢ ᠠᠷᠭ᠎ᠠ ᠪᠠᠷᠢᠯ᠎ᠢ ᠲᠦᠷᠢᠮ ᠲᠤᠬᠳᠠᠭ᠋ᠠᠯ ᠪᠤᠯᠭ᠋ᠠᠵᠠᠢ᠃ ᠤᠢ᠌ᠷ᠎ᠠ ᠵᠢᠨ ᠵᠢᠯ ᠵᠠᠷᠢᠮ ᠭᠠᠵᠠᠷ ᠤᠷᠤᠨ ᠨᠠᠰᠤᠵᠢᠯ᠎ᠤᠨ ᠦᠢ᠍ᠯᠡᠴᠢᠯᠡᠬᠡᠨ᠎ᠤ ᠲᠤᠬᠠᠢ ᠤᠷᠤᠨ ᠨᠤᠳᠤᠭ᠎ᠤᠨ ᠰᠢᠨᠵᠢ᠎ᠲᠠᠢ ᠬᠠᠤᠯᠢ ᠴᠠᠭ᠋ᠠᠵᠨ᠂ ᠵᠠᠰᠠᠭ᠎ᠤᠨ ᠤᠷᠳᠤᠨ᠎ᠤ ᠲᠦᠷᠢᠮ ᠲᠤᠬᠳᠠᠭ᠋ᠠᠯ ᠲᠤᠭᠳᠠᠭ᠋ᠠᠵᠠᠢ᠃ ᠠᠷᠠᠳ᠎ᠤᠨ ᠶᠠᠪᠤᠳᠠᠯ᠎ᠤᠨ ᠶᠠᠮᠤᠨ ᠴᠦ᠍ ᠮᠠᠰᠢ ᠤᠯᠠᠨ ᠲᠦᠷᠤ ᠵᠢᠨ ᠪᠤᠳᠤᠯᠭ᠎ᠠ ᠵᠢᠨ ᠮᠠᠲᠸᠷᠢᠶᠠᠯ ᠲᠠᠷᠤᠮᠠᠯᠯᠠᠨ ᠲᠠᠷᠬᠠᠭ᠋ᠠᠬᠰᠠᠨᠤ ᠲᠤᠳᠤᠷ᠎ᠠ ᠵᠠᠷᠢᠮ ᠪᠠᠢ᠌ᠭᠤᠯᠤᠮᠵᠢ ᠵᠢᠨ ᠬᠠᠮᠢᠶᠠᠷᠤᠯᠳᠠ ᠵᠢᠨ ᠲᠠᠯ᠎ᠠ᠎ᠪᠠᠷ ᠨᠠᠨᠳᠢᠨ ᠲᠤᠷᠰᠢᠯᠭ᠎ᠠ᠂ ᠰᠠᠢ᠌ᠨ ᠠᠷᠭ᠎ᠠ ᠮᠤᠡᠭᠳᠠᠬᠤ ᠦᠬᠡᠢ᠂ 《ᠠᠷᠭ᠎ᠠ》᠎ᠳᠤ ᠡᠬᠦᠨ᠎ᠢ ᠬᠦᠢ᠍ᠴᠡᠳ ᠠᠭᠤᠰᠬᠠᠨ ᠰᠢᠡᠭᠭᠡᠭᠡᠵᠡᠢ᠃
ᠰᠤᠷᠪᠤᠯᠵᠢᠯᠠᠬ᠍ᠴᠢ᠄ ᠵᠠᠰᠠᠨ ᠨᠠᠢ᠌ᠷᠠᠭᠤᠯᠤᠬᠰᠠᠨᠤ ᠲᠠᠷᠠᠭ᠋ᠠᠬᠢ 《ᠨᠠᠰᠤᠵᠢᠯ᠎ᠤᠨ ᠪᠠᠢ᠌ᠭᠤᠯᠤᠮᠵᠢ ᠵᠢᠨ ᠬᠠᠮᠢᠶᠠᠷᠤᠯᠳᠠ ᠵᠢᠨ ᠠᠷᠭ᠎ᠠ》᠎ᠳᠤ ᠲᠠᠡᠭᠰᠨ ᠡᠪᠬᠡᠮᠡᠯ ᠪᠠᠢ᠌ᠭᠤᠯᠬᠤ ᠲᠦᠷᠢᠮ᠎ᠳᠤ ᠶᠠᠮᠠᠷ ᠬᠢᠯᠠᠰ ᠴᠢᠭ ᠪᠠ ᠤᠨᠴᠠᠯᠢᠭ ᠪᠠᠢ᠌ᠭ᠎ᠠ ᠪᠤᠯ?
ᠢᠤᠢ ᠵᠢᠶᠠᠨ ᠯᠢᠶᠠᠡᠭ᠄ ᠨᠠᠮ᠎ᠤᠨ ᠲᠦᠪ ᠬᠤᠷᠢᠶ᠎ᠠ᠂ ᠲᠦᠷᠤ ᠵᠢᠨ ᠶᠠᠪᠤᠳᠠᠯ᠎ᠤᠨ ᠬᠤᠷᠢᠶᠠᠨ᠎ᠤ ᠨᠠᠰᠤᠵᠢᠯ᠎ᠤᠨ ᠦᠢ᠍ᠯᠡᠴᠢᠯᠡᠬᠡᠨ᠎ᠤ ᠬᠦᠷᠢᠶᠡᠨ᠎ᠳᠤ᠎ᠬᠢ 《ᠲᠠᠯᠪᠢᠬᠤ᠂ ᠬᠠᠮᠢᠶᠠᠷᠬᠤ᠂ ᠦᠢ᠍ᠯᠡᠴᠢᠯᠡᠬᠦ》 ᠬᠠᠮᠢᠶᠠᠷᠤᠯᠳᠠ ᠵᠢᠨ ᠰᠢᠷᠢᠰ ᠪᠠᠢ᠌ᠷᠢᠯᠠᠭᠤᠯᠳᠠ ᠵᠢ ᠦᠨᠳᠤᠰᠤᠯᠡᠨ 2019 ᠤᠨ᠎ᠳᠤ ᠵᠠᠰᠠᠨ ᠨᠠᠢ᠌ᠷᠠᠭᠤᠯᠤᠬᠰᠠᠨ 《ᠪᠦᠬᠦᠳᠡ ᠨᠠᠢ᠌ᠷᠠᠮᠳᠠᠬᠤ ᠲᠤᠮᠳᠠᠳᠤ ᠠᠷᠠᠳ ᠤᠯᠤᠰ᠎ᠤᠨ ᠨᠠᠰᠤᠳᠠᠢ᠌ᠴᠤᠳ᠎ᠤᠨ ᠡᠷᠬᠡ ᠠᠰᠢᠭ᠎ᠢ ᠬᠠᠮᠠᠭ᠋ᠠᠯᠠᠬᠤ ᠬᠠᠤᠯᠢ》᠎ᠳᠤ ᠨᠠᠰᠤᠵᠢᠯ᠎ᠤᠨ ᠪᠠᠢ᠌ᠭᠤᠯᠤᠮᠵᠢ ᠵᠢ ᠪᠠᠢ᠌ᠭᠤᠯᠬᠤ ᠵᠦᠪᠰᠢᠶᠡᠷᠡᠯ᠎ᠢ ᠬᠦᠴᠤᠨ ᠦᠬᠡᠢ ᠪᠤᠯᠭ᠋ᠠᠬᠰᠠᠨ᠎ᠤ ᠬᠠᠮᠳᠤ ᠲᠠᠡᠭᠰᠨ ᠡᠪᠬᠡᠮᠡᠯ ᠪᠠᠢ᠌ᠭᠤᠯᠬᠤ ᠲᠦᠷᠢᠮ᠎ᠢ ᠲᠤᠬᠳᠠᠭ᠋ᠠᠬᠰᠠᠨ᠎ᠨᠢ ᠡᠷᠬᠡ ᠵᠢ ᠲᠤᠷᠤᠬᠰᠢ ᠪᠠᠭᠤᠯᠭ᠋ᠠᠬᠤ ᠪᠠ ᠬᠢᠨᠠᠨ ᠬᠠᠮᠢᠶᠠᠷᠤᠯᠳᠠ ᠵᠢ ᠵᠡᠷᠬᠡ᠎ᠪᠠᠷ ᠬᠢᠬᠦ ᠵᠠᠷᠴᠢᠮ᠎ᠤᠨ ᠢᠯᠡᠷᠡᠯ ᠶᠤᠮ᠃
ᠵᠠᠰᠠᠨ ᠨᠠᠢ᠌ᠷᠠᠭᠤᠯᠤᠬᠰᠠᠨ 《ᠨᠠᠰᠤᠵᠢᠯ᠎ᠤᠨ ᠪᠠᠢ᠌ᠭᠤᠯᠤᠮᠵᠢ ᠵᠢᠨ ᠬᠠᠮᠢᠶᠠᠷᠤᠯᠳᠠ ᠵᠢᠨ ᠠᠷᠭ᠎ᠠ》᠎ᠳᠤ ᠭᠠᠷᠭ᠋ᠠᠬᠰᠠᠨ ᠲᠤᠰᠬᠠᠢ ᠪᠦᠯᠦᠭ᠎ᠲᠤ ᠲᠠᠡᠭᠰᠠ ᠡᠪᠬᠡᠮᠡᠯ ᠪᠠᠢ᠌ᠭᠤᠯᠵᠤ ᠭᠠᠷ ᠬᠦᠢ᠍ᠴᠡᠳᠬᠡᠯ ᠬᠢᠬᠦ ᠲᠤᠬᠠᠢ 6 ᠵᠤᠷᠪᠤᠰ ᠲᠤᠬᠳᠠᠭ᠋ᠠᠯ ᠪᠤᠢ ᠪᠦᠬᠡᠳ ᠡᠬᠦᠨ᠎ᠢ 《ᠠᠷᠭ᠎ᠠ》 ᠵᠢᠨ ᠪᠤᠰᠤᠳ ᠬᠡᠰᠡᠭᠯᠦᠭᠡ ᠠᠮᠨ ᠰᠡᠬᠡᠷ᠎ᠢ᠎ᠨᠢ ᠵᠤᠯᠭ᠋ᠠᠭᠤᠯᠵᠠᠢ᠃ ᠲᠤᠳᠤᠷᠬᠠᠢ᠌ᠯᠠᠬᠤ ᠴᠢᠬᠤᠯᠨ᠎ᠲᠠᠢ ᠬᠤᠶᠠᠷ ᠵᠦᠢ᠍ᠯ ᠬᠡᠪᠡᠯ᠄
ᠨᠢᠬᠡ᠎ᠳᠤ᠂ ᠡᠨᠳᠡ ᠶᠠᠷᠢᠵᠤ ᠪᠤᠢ ᠲᠠᠡᠭᠰᠨ ᠡᠪᠬᠡᠮᠡᠯ ᠪᠠᠢ᠌ᠭᠤᠯᠬᠤ ᠪᠤᠯ ᠬᠢᠨᠠᠨ ᠵᠦᠪᠰᠢᠶᠡᠷᠡᠬᠦ ᠰᠢᠨᠵᠢ ᠪᠤᠶᠤ ᠦᠬᠡᠷᠡᠳᠡᠬᠦᠯᠦᠭᠰᠡᠨ ᠬᠢᠨᠠᠨ ᠵᠦᠪᠰᠢᠶᠡᠷᠡᠬᠦ ᠰᠢᠨᠵᠢ ᠪᠦᠬᠦᠢ ᠲᠠᠡᠭᠰᠨ ᠡᠪᠬᠡᠮᠡᠯ ᠪᠠᠢ᠌ᠭᠤᠯᠬᠤ ᠪᠤᠰᠤ᠂ ᠬᠠᠷᠢᠨ ᠮᠡᠳᠡᠭᠳᠡᠬᠦ ᠪᠤᠶᠤ ᠠᠮᠠᠯᠠᠯᠳᠠ ᠵᠢᠨ ᠰᠢᠨᠵᠢ ᠪᠦᠬᠦᠢ ᠲᠠᠡᠭᠰᠨ ᠡᠪᠬᠡᠮᠡᠯ ᠶᠤᠮ᠃ ᠲᠠᠡᠭᠰᠨ ᠡᠪᠬᠡᠮᠡᠯ ᠪᠠᠢ᠌ᠭᠤᠯᠬᠤ ᠬᠡᠯᠪᠡᠷᠢ᠎ᠪᠠᠷ ᠨᠠᠰᠤᠵᠢᠯ᠎ᠤᠨ ᠪᠠᠢ᠌ᠭᠤᠯᠤᠮᠵᠢ ᠡᠷᠬᠢᠯᠡᠭᠴᠢᠳ ᠭᠤᠤᠯᠯᠠᠨ ᠬᠠᠮᠢᠶᠠᠷᠬᠤ ᠰᠠᠯᠠᠭ᠎ᠠ ᠮᠦᠴᠢᠷ᠎ᠲᠤ ᠨᠠᠰᠤᠵᠢᠯ᠎ᠤᠨ ᠪᠠᠢ᠌ᠭᠤᠯᠤᠮᠵᠢ ᠡᠷᠬᠢᠯᠡᠬᠦ᠎ᠪᠠᠨ ᠮᠡᠳᠡᠭᠳᠡᠬᠦ ᠵᠢᠨ ᠬᠠᠮᠳᠤ ᠨᠠᠰᠤᠵᠢᠯ᠎ᠤᠨ ᠪᠠᠢ᠌ᠭᠤᠯᠤᠮᠵᠢ ᠵᠢᠨ ᠦᠢ᠍ᠯᠡᠴᠢᠯᠡᠬᠡᠨ ᠤ ᠬᠢᠷᠢ ᠬᠡᠮᠵᠢᠶ᠎ᠡ ᠪᠠ ᠢᠳᠡᠬᠡᠮᠵᠢ ᠵᠢᠨ ᠪᠠᠳᠤᠯᠠᠭ᠎ᠠ᠎ᠲᠠᠢ ᠪᠠᠢ᠌ᠭ᠎ᠠ᠎ᠪᠠᠨ ᠠᠮᠠᠯᠠᠵᠤ᠂ ᠭᠤᠤᠯᠯᠠᠨ ᠬᠠᠮᠢᠶᠠᠷᠬᠤ ᠰᠠᠯᠠᠭ᠎ᠠ ᠮᠦᠴᠢᠷ᠎ᠨᠢ ᠦᠨᠳᠤᠰᠤᠨ ᠴᠢᠮᠡᠬᠡ ᠵᠠᠡᠭᠭᠢ ᠪᠠ ᠠᠮᠠᠯᠠᠯᠳᠠ ᠵᠢᠨ ᠪᠠᠢ᠌ᠳᠠᠯ᠎ᠢ᠎ᠨᠢ ᠨᠡᠢ᠌ᠬᠡᠮ ᠲᠠᠶᠠᠭ᠋ᠠᠷ ᠨᠡᠢ᠌ᠳᠡᠯᠡᠨ᠂ ᠨᠡᠢ᠌ᠬᠡᠮ᠎ᠤᠨ ᠬᠢᠨᠠᠯᠳᠠ ᠵᠢ ᠬᠦᠯᠢᠶᠡᠬᠦ ᠵᠢᠨ ᠬᠠᠮᠳᠤ ᠵᠠᠰᠠᠭ ᠵᠠᠬᠢᠷᠭ᠋ᠠᠨ᠎ᠤ ᠬᠢᠨᠠᠨ ᠬᠠᠮᠢᠶᠠᠷᠤᠯᠳᠠ ᠵᠢ ᠴᠦ᠍ ᠲᠠᠭ᠋ᠠᠵᠤ ᠠᠮᠵᠢᠭᠤᠯᠤᠨ᠎ᠠ᠃ 《ᠠᠷᠭ᠎ᠠ》 ᠵᠢ ᠵᠠᠰᠠᠨ ᠨᠠᠢ᠌ᠷᠠᠭᠤᠯᠬᠤ ᠶᠠᠪᠤᠴᠨ᠎ᠳᠤ᠎ᠬᠢ ᠨᠢᠬᠡᠨ ᠴᠢᠬᠤᠯᠨ ᠵᠢᠯᠤᠭᠤᠳᠬᠤ ᠦᠵᠡᠯ ᠰᠠᠨᠠᠭ᠎ᠠ ᠪᠤᠯ ᠲᠠᠡᠭᠰᠨ ᠡᠪᠬᠡᠮᠡᠯ ᠪᠠᠢ᠌ᠭᠤᠯᠬᠤ ᠭᠠᠷ ᠬᠦᠢ᠍ᠴᠡᠳᠬᠡᠯ᠎ᠢ ᠲᠦᠬᠦᠮ ᠪᠤᠯᠭ᠋ᠠᠨ᠂ ᠨᠠᠰᠤᠵᠢᠯ᠎ᠤᠨ ᠪᠠᠢ᠌ᠭᠤᠯᠤᠮᠵᠢ ᠡᠷᠬᠢᠯᠡᠭᠴᠢᠳ᠎ᠤᠨ ᠲᠠᠷᠤᠭ᠋ᠠᠰᠤ ᠵᠢ ᠬᠦᠡᠭᠭᠡᠷᠡᠬᠦᠯᠬᠦ ᠶᠠᠪᠤᠳᠠᠯ ᠪᠤᠯᠤᠨ᠎ᠠ᠃ ᠡᠯᠸᠺᠲᠷᠤᠨ ᠵᠠᠰᠠᠭ ᠵᠠᠬᠢᠷᠭ᠋ᠠᠨ᠎ᠤ ᠶᠠᠪᠤᠳᠠᠯ᠎ᠤᠨ ᠪᠠᠢ᠌ᠭᠤᠯᠤᠯᠳᠠ ᠵᠢ ᠲᠠᠭ᠋ᠠᠯᠳᠤᠨ ᠰᠠᠯᠠᠭ᠎ᠠ ᠮᠦᠴᠢᠷ᠎ᠤᠨ ᠬᠤᠭᠤᠷᠤᠨᠳᠤᠬᠢ ᠴᠢᠮᠡᠬᠡ ᠵᠠᠡᠭᠭᠢ᠎ᠪᠠᠨ ᠬᠠᠮᠳᠤ᠎ᠪᠠᠷ ᠡᠳ᠋ᠯᠡᠬᠦ ᠵᠢ ᠴᠢᠡᠭᠭ᠋ᠠᠳᠬᠠᠨ᠂ ᠲᠠᠡᠭᠰᠨ ᠡᠪᠬᠡᠮᠡᠯ ᠪᠠᠢ᠌ᠭᠤᠯᠬᠤ ᠮᠠᠲᠸᠷᠢᠶᠠᠯ᠎ᠢ ᠤᠯᠠᠮ ᠵᠶ᠋ᠡᠷ ᠲᠦᠬᠦᠮᠴᠢᠯᠡᠵᠤ᠂ ᠠᠯᠬᠤᠮ ᠲᠠᠷᠠᠭ᠎ᠠ ᠵᠢ᠎ᠨᠢ ᠤᠯᠠᠮ ᠬᠢᠯᠪᠠᠷ ᠪᠤᠯᠭ᠋ᠠᠨ᠎ᠠ᠂ ᠨᠢᠬᠡ ᠯᠨ ᠦᠬᠡ᠎ᠪᠠᠷ ᠬᠡᠯᠡᠪᠡᠯ ᠨᠠᠰᠤᠵᠢᠯ᠎ᠤᠨ ᠪᠠᠢ᠌ᠭᠤᠯᠤᠮᠵᠢ ᠡᠷᠬᠢᠯᠡᠭᠴᠢᠳᠢ ᠲᠤᠳᠠᠭᠤ ᠬᠦᠶᠦᠯᠬᠡᠨᠡ᠃ ᠬᠡᠳᠡᠯ᠎ᠡ ᠲᠦᠬᠦᠮ ᠦᠵᠡᠬᠦᠯᠬᠦ ᠵᠢᠨ ᠲᠠᠭ᠋ᠠᠤ ᠨᠠᠰᠤᠵᠢᠯ᠎ᠤᠨ ᠪᠠᠢ᠌ᠭᠤᠯᠤᠮᠵᠢ᠎ᠨᠢ ᠦᠨᠳᠤᠰᠤᠨ ᠠᠮᠤᠷ ᠲᠦᠪᠰᠢᠨ ᠪᠠ ᠦᠢ᠍ᠯᠡᠴᠢᠯᠡᠬᠦ ᠶᠠᠰᠤ ᠴᠢᠨᠠᠷ᠎ᠤᠨ ᠲᠤᠬᠠᠢ ᠠᠮᠠᠯᠠᠯᠳᠠ᠎ᠪᠠᠨ ᠬᠦᠡᠭᠭᠡᠯᠡᠵᠤ ᠦᠯᠤ ᠪᠤᠯᠤᠨ᠎ᠠ᠂ ᠡᠨᠡ ᠪᠤᠯ ᠲᠠᠡᠭᠰᠨ ᠡᠪᠬᠡᠮᠡᠯ ᠪᠠᠢ᠌ᠭᠤᠯᠵᠤ ᠭᠠᠷ ᠬᠦᠢ᠍ᠴᠡᠳᠬᠡᠯ ᠬᠢᠭᠴᠢᠳ᠎ᠤᠨ ᠡᠬᠦᠷᠬᠡᠯᠡᠬᠦ ᠶᠤᠰᠤᠳᠠᠢ ᠬᠠᠷᠢᠭᠤᠴᠠᠯᠭ᠎ᠠ ᠮᠥᠨ᠃
ᠬᠤᠶᠠᠷ᠎ᠲᠤ᠂ ᠭᠠᠷ ᠬᠦᠢ᠍ᠴᠡᠳᠬᠡᠯ ᠬᠢᠬᠦ ᠠᠵᠢᠯ᠎ᠢ ᠶᠠᠭ᠋ᠠᠬᠢᠵᠤ ᠦᠷᠨᠢᠬᠦᠯᠬᠦ ᠪᠤᠢ? ᠰᠢᠨ᠎ᠡ᠎ᠪᠠᠷ ᠵᠠᠰᠠᠨ ᠨᠠᠢ᠌ᠷᠠᠭᠤᠯᠤᠬᠰᠠᠨ ᠨᠠᠰᠤᠳᠠᠢ᠌ᠴᠤᠳ᠎ᠤᠨ ᠡᠷᠬᠡ ᠠᠰᠢᠭ᠎ᠢ ᠬᠠᠮᠠᠭ᠋ᠠᠯᠠᠬᠤ ᠬᠠᠤᠯᠢ ᠨᠡᠢ᠌ᠳᠡᠯᠡᠭᠰᠡᠨ᠎ᠤ ᠲᠠᠷᠠᠭ᠎ᠠ ᠠᠷᠠᠳ᠎ᠤᠨ ᠶᠠᠪᠤᠳᠠᠯ᠎ᠤᠨ ᠶᠠᠮᠤᠨ᠎ᠠᠴᠠ 《〈ᠪᠦᠬᠦᠳᠡ ᠨᠠᠢ᠌ᠷᠠᠮᠳᠠᠬᠤ ᠲᠤᠮᠳᠠᠳᠤ ᠠᠷᠠᠳ ᠤᠯᠤᠰ᠎ᠤᠨ ᠨᠠᠰᠤᠳᠠᠢ᠌ᠴᠤᠳ᠎ᠤᠨ ᠡᠷᠬᠡ ᠠᠰᠢᠭ᠎ᠢ ᠬᠠᠮᠠᠭ᠋ᠠᠯᠠᠬᠤ ᠬᠠᠤᠯᠢ 〉 ᠵᠢᠨ ᠲᠤᠬᠠᠢ ᠮᠡᠳᠡᠭᠳᠡᠯ》 ᠨᠡᠢ᠌ᠳᠡᠯᠡᠵᠤ᠂ ᠠᠷᠠᠳ᠎ᠤᠨ ᠶᠠᠪᠤᠳᠠᠯ᠎ᠤᠨ ᠰᠠᠯᠠᠭ᠎ᠠ ᠮᠦᠴᠢᠷ ᠨᠠᠰᠤᠵᠢᠯ᠎ᠤᠨ ᠪᠠᠢ᠌ᠭᠤᠯᠤᠮᠵᠢ ᠵᠢᠨ ᠲᠠᠡᠭᠰᠠᠯᠠᠬᠤ ᠪᠠ ᠲᠠᠡᠭᠰᠨ ᠡᠪᠬᠡᠮᠡᠯ ᠪᠠᠢ᠌ᠭᠤᠯᠬᠤ ᠬᠠᠮᠢᠶᠠᠷᠤᠯᠳᠠ ᠵᠢᠨ ᠠᠵᠢᠯ᠎ᠢ ᠰᠠᠢ᠌ᠳᠤᠷ ᠬᠢᠬᠦ ᠲᠤᠬᠠᠢ ᠲᠤᠳᠤᠷᠬᠠᠢ᠌ᠯᠠᠪᠠ᠃ ᠦᠨᠡᠨ᠎ᠳᠤ᠎ᠪᠠᠨ ᠦᠨᠳᠤᠰᠤᠨ ᠱᠠᠳᠤᠨ᠎ᠤ ᠡᠯ᠎ᠡ ᠠᠷᠠᠳ᠎ᠤᠨ ᠶᠠᠪᠤᠳᠠᠯ᠎ᠤᠨ ᠰᠠᠯᠠᠭ᠎ᠠ ᠮᠦᠴᠢᠷ ᠨᠠᠰᠤᠵᠢᠯ᠎ᠤᠨ ᠪᠠᠢ᠌ᠭᠤᠯᠤᠮᠵᠢ ᠵᠢᠨ ᠲᠠᠡᠭᠰᠨ ᠡᠪᠬᠡᠮᠡᠯ ᠪᠠᠢ᠌ᠭᠤᠯᠬᠤ ᠠᠵᠢᠯ᠎ᠢ ᠨᠢᠬᠡᠨᠳᠡ ᠡᠷᠴᠢᠮᠳᠡᠢ ᠬᠢᠭᠰᠡᠨ ᠵᠶ᠋ᠡᠷ ᠡᠨᠡ ᠬᠦ᠌ ᠠᠵᠢᠯ ᠲᠠᠰᠤᠯᠳᠠᠬᠰᠠᠨ ᠦᠬᠡᠢ ᠶᠤᠮ᠃
ᠡᠨᠡ ᠤᠳᠠᠭ᠎ᠠ ᠨᠡᠮᠡᠨ ᠵᠠᠰᠠᠬᠰᠠᠨ 《ᠠᠷᠭ᠎ᠠ》᠎ᠳᠤ ᠲᠠᠡᠭᠰᠠ ᠡᠪᠬᠡᠮᠡᠯ ᠪᠠᠢ᠌ᠭᠤᠯᠬᠤ ᠲᠤᠬᠠᠢ ᠪᠤᠳᠠᠳᠠᠢ ᠬᠢᠬᠦ ᠠᠯᠬᠤᠮ ᠲᠠᠷᠠᠭ᠎ᠠ ᠵᠢ ᠤᠯᠠᠮ ᠨᠠᠷᠢᠯᠢᠬ᠍ᠵᠢᠭᠤᠯᠤᠨ ᠲᠦᠷᠢᠮᠵᠢᠬᠦᠯᠵᠡᠢ᠃ ᠡᠬᠦᠨ᠎ᠳᠤ ᠭᠤᠤᠯᠳᠠᠭᠤ ᠲᠦᠷᠪᠡᠨ ᠲᠠᠯ᠎ᠠ ᠵᠢᠨ ᠠᠭᠤᠯᠭ᠎ᠠ ᠪᠤᠢ᠄
ᠨᠢᠬᠡ ᠳᠤ᠂ ᠨᠠᠰᠤᠵᠢᠯ᠎ᠤᠨ ᠪᠠᠢ᠌ᠭᠤᠯᠤᠮᠵᠢ ᠵᠢᠨ ᠪᠠᠢ᠌ᠭᠤᠯᠵᠤ ᠲᠡᠡᠭᠰᠠᠯᠠᠭᠤᠯᠬᠤ ᠠᠭᠤᠯᠭ᠎ᠠ ᠵᠢ ᠨᠠᠷᠢᠯᠢᠬ᠍ᠵᠢᠭᠤᠯᠪᠠ᠃ ᠲᠠᠡᠭᠰᠨ ᠡᠪᠬᠡᠮᠡᠯ ᠪᠠᠢ᠌ᠭᠤᠯᠬᠤ ᠵᠢᠨ ᠤᠷᠢᠳᠠᠴᠢ ᠨᠦᠬᠦᠴᠡᠯ᠎ᠨᠢ ᠨᠠᠰᠤᠵᠢᠯ᠎ᠤᠨ ᠪᠠᠢ᠌ᠭᠤᠯᠤᠮᠵᠢ᠎ᠨᠢ ᠬᠠᠤᠯᠢ ᠶᠤᠰᠤᠭ᠋ᠠᠷ ᠲᠠᠡᠭᠰᠠᠯᠠᠭᠤᠯᠬᠤ ᠭᠠᠷ ᠬᠦᠢ᠍ᠴᠡᠳᠬᠡᠯ ᠬᠢᠬᠦ ᠬᠡᠷᠡᠭᠳᠡᠢ᠂ 《ᠠᠷᠭ᠎ᠠ》᠎ᠳᠤ ᠡᠨᠡ ᠲᠠᠯ᠎ᠠ᠎ᠪᠠᠷ ᠶᠠᠮᠠᠷ ᠮᠠᠶᠢᠭ᠎ᠤᠨ ᠨᠠᠰᠤᠵᠢᠯ᠎ᠤᠨ ᠪᠠᠢ᠌ᠭᠤᠯᠤᠮᠵᠢ᠎ᠨᠢ ᠠᠯᠢ ᠰᠠᠯᠠᠭ᠎ᠠ ᠮᠦᠴᠢᠷ᠎ᠲᠤ ᠤᠴᠢᠵᠤ ᠲᠠᠡᠭᠰᠠᠯᠠᠭᠤᠯᠬᠤ ᠵᠢ ᠲᠤᠳᠤᠷᠬᠠᠢ᠌ᠯᠠᠪᠠ᠂ ᠵᠢᠱ᠌ᠢᠶᠡᠯᠡᠪᠡᠯ ᠠᠰᠢᠭ ᠤᠷᠤᠯᠭ᠎ᠠ ᠵᠢᠨ ᠰᠢᠨᠵᠢ᠎ᠲᠠᠢ ᠨᠠᠰᠤᠵᠢᠯ᠎ᠤᠨ ᠪᠠᠢ᠌ᠭᠤᠯᠤᠮᠵᠢ ᠡᠷᠬᠢᠯᠡᠪᠡᠯ ᠵᠠᠬ᠎ᠠ ᠲᠡᠯᠬᠡᠬᠦᠷ᠎ᠤᠨ ᠬᠢᠨᠠᠨ ᠬᠠᠮᠢᠶᠠᠷᠤᠯᠳᠠ ᠵᠢᠨ ᠰᠠᠯᠠᠭ᠎ᠠ ᠮᠦᠴᠢᠷ᠎ᠲᠤ ᠲᠠᠡᠭᠰᠠᠯᠠᠭᠤᠯᠤᠨᠠ᠂ ᠠᠰᠢᠭ ᠤᠷᠤᠯᠭ᠎ᠠ ᠵᠢᠨ ᠪᠤᠰᠤ ᠨᠠᠰᠤᠵᠢᠯ᠎ᠤᠨ ᠪᠠᠢ᠌ᠭᠤᠯᠤᠮᠵᠢ ᠡᠷᠬᠢᠯᠡᠪᠡᠯ ᠨᠡᠢ᠌ᠬᠡᠮ᠎ᠤᠨ ᠵᠤᠬᠢᠶᠠᠨ ᠪᠠᠢ᠌ᠭᠤᠯᠤᠯᠳᠠ ᠵᠢ ᠲᠠᠡᠭᠰᠠᠯᠠᠨ ᠬᠠᠮᠢᠶᠠᠷᠬᠤ ᠰᠠᠯᠠᠭ᠎ᠠ ᠮᠦᠴᠢᠷ ᠪᠠ ᠠᠵᠢᠯ ᠦᠢ᠍ᠯᠡᠰ᠎ᠤᠨ ᠪᠠᠢ᠌ᠭᠤᠯᠭ᠎ᠠ ᠵᠢ ᠲᠠᠡᠭᠰᠠᠯᠠᠬᠤ ᠬᠠᠮᠢᠶᠠᠷᠤᠯᠳᠠ ᠵᠢᠨ ᠰᠠᠯᠠᠭ᠎ᠠ ᠮᠦᠴᠢᠷ᠎ᠲᠤ ᠲᠠᠡᠭᠰᠠᠯᠠᠭᠤᠯᠤᠨᠠ᠃
ᠬᠤᠶᠠᠷ᠎ᠲᠤ᠂ ᠨᠠᠰᠤᠵᠢᠯ᠎ᠤᠨ ᠪᠠᠢ᠌ᠭᠤᠯᠤᠮᠵᠢ ᠵᠢᠨ ᠲᠠᠡᠭᠰᠨ ᠡᠪᠬᠡᠮᠡᠯ ᠪᠠᠢ᠌ᠭᠤᠯᠬᠤ ᠴᠠᠭ ᠪᠠ ᠲᠠᠡᠭᠰᠨ ᠡᠪᠬᠡᠮᠡᠯ ᠪᠠᠢ᠌ᠭᠤᠯᠬᠤ ᠪᠠᠢ᠌ᠭᠤᠯᠭ᠎ᠠ ᠵᠢ ᠲᠤᠳᠤᠷᠬᠠᠢ᠌ᠯᠠᠪᠠ᠃
ᠭᠤᠷᠪᠠ ᠳᠤ᠂ ᠨᠠᠰᠤᠵᠢᠯ᠎ᠤᠨ ᠪᠠᠢ᠌ᠭᠤᠯᠤᠮᠵᠢ ᠵᠢᠨ ᠲᠠᠡᠭᠰᠨ ᠡᠪᠬᠡᠮᠡᠯ ᠪᠠᠢ᠌ᠭᠤᠯᠬᠤ ᠮᠠᠲᠸᠷᠢᠶᠠᠯ᠂ ᠲᠠᠡᠭᠰᠨ ᠡᠪᠬᠡᠮᠡᠯ ᠪᠠᠢ᠌ᠭᠤᠯᠬᠤ ᠠᠯᠬᠤᠮ ᠲᠠᠷᠠᠭ᠎ᠠ ᠪᠤᠯᠤᠨ ᠲᠠᠡᠭᠰᠨ ᠡᠪᠬᠡᠮᠡᠯ ᠪᠠᠢ᠌ᠭᠤᠯᠬᠤ ᠲᠦᠷᠤᠯ ᠵᠦᠢ᠍ᠯ᠎ᠢ ᠬᠤᠪᠢᠷᠠᠭᠤᠯᠬᠤ ᠲᠤᠬᠠᠢ ᠠᠭᠤᠯᠭ᠎ᠠ ᠵᠢ ᠲᠤᠬᠳᠠᠭ᠋ᠠᠵᠠᠢ᠃ ᠡᠨᠡ ᠬᠦ᠌ ᠠᠭᠤᠯᠭ᠎ᠠ ᠵᠢᠨ ᠲᠤᠬᠠᠢ 《ᠠᠷᠭ᠎ᠠ》᠎ᠳᠤ ᠨᠠᠷᠢᠨ ᠨᠢᠬᠳᠠ ᠲᠠᠢ᠌ᠯᠪᠤᠷᠢᠯᠠᠵᠠᠢ᠃
ᠲᠦᠷᠪᠡ᠎ᠳᠤ᠂ ᠲᠠᠡᠭᠰᠨ ᠡᠪᠬᠡᠮᠡᠯ ᠪᠠᠢ᠌ᠭᠤᠯᠬᠤ ᠴᠢᠮᠡᠬᠡ ᠵᠠᠡᠭᠭᠢ ᠵᠢ ᠢᠯᠨ ᠪᠤᠯᠭ᠋ᠠᠬᠤ ᠪᠠ ᠰᠠᠯᠠᠭ᠎ᠠ ᠮᠦᠴᠢᠷ᠎ᠤᠨ ᠬᠤᠭᠤᠷᠤᠨᠳᠤᠬᠢ ᠲᠤᠭ᠎ᠠ ᠪᠠᠷᠢᠮᠳᠠ ᠵᠢ ᠬᠠᠮᠳᠤ᠎ᠪᠠᠷ ᠡᠳ᠋ᠯᠡᠬᠦ ᠲᠤᠬᠠᠢ ᠱᠠᠭ᠋ᠠᠷᠳᠠᠯᠭ᠎ᠠ ᠲᠤᠷᠠᠳᠪᠠ᠂ ᠡᠳᠡᠬᠡᠷ ᠠᠷᠭ᠎ᠠ ᠪᠠᠷᠢᠯ ᠵᠶ᠋ᠡᠷ ᠨᠠᠰᠤᠵᠢᠯ᠎ᠤᠨ ᠪᠠᠢ᠌ᠭᠤᠯᠤᠮᠵᠢ ᠡᠷᠬᠢᠯᠡᠭᠴᠢᠳ᠎ᠤᠨ ᠲᠠᠷᠤᠭ᠋ᠠᠰᠤ ᠵᠢ ᠬᠦᠡᠭᠭᠡᠯᠡᠨ᠂ ᠲᠤᠳᠠᠭᠤ ᠬᠦᠶᠦᠯᠬᠡᠬᠦ ᠬᠠᠷᠠᠯᠳᠠ᠎ᠳᠤ᠎ᠪᠠᠨ ᠬᠦᠷᠦᠭᠰᠡᠨ ᠶᠤᠮ᠃
ᠰᠤᠷᠪᠤᠯᠵᠢᠯᠠᠬ᠍ᠴᠢ᠄ ᠨᠠᠰᠤᠵᠢᠯ᠎ᠤᠨ ᠪᠠᠢ᠌ᠭᠤᠯᠤᠮᠵᠢ ᠬᠡᠮᠡᠬᠦ ᠤᠬᠠᠭᠳᠠᠬᠤᠨ᠎ᠨᠢ ᠨᠡᠮᠡᠨ ᠵᠠᠰᠠᠬᠤ᠎ᠠᠴᠠ ᠡᠮᠦᠨ᠎ᠡ ᠪᠠ ᠨᠡᠮᠡᠨ ᠵᠠᠰᠠᠬᠰᠠᠨᠤ ᠲᠠᠷᠠᠭ᠋ᠠᠬᠢ 《ᠠᠷᠭ᠎ᠠ》᠎ᠳᠤ ᠶᠠᠮᠠᠷ ᠬᠤᠪᠢᠷᠠᠯᠳᠠ ᠪᠠᠢ᠌ᠨ᠎ᠠ?
ᠱᠤᠤ ᠳ᠋ᠸᠡᠭ ᠹᠸᠡᠭ᠄ ᠨᠡᠮᠡᠨ ᠵᠠᠰᠠᠬᠰᠠᠨ 《ᠠᠷᠭ᠎ᠠ》᠎ᠳᠤ ᠨᠠᠰᠤᠵᠢᠯ᠎ᠤᠨ ᠪᠠᠢ᠌ᠭᠤᠯᠤᠮᠵᠢ ᠪᠤᠯ ᠬᠠᠤᠯᠢ ᠶᠤᠰᠤᠭ᠋ᠠᠷ ᠲᠠᠡᠭᠰᠠᠯᠠᠭᠤᠯᠵᠤ ᠭᠠᠷ ᠬᠦᠢ᠍ᠴᠡᠳᠬᠡᠯ ᠬᠢᠭᠰᠡᠨ᠂ ᠨᠠᠰᠤᠳᠠᠢ᠌ᠴᠤᠳ᠎ᠲᠤ ᠪᠦᠬᠦᠯᠢ ᠡᠳᠤᠷ ᠵᠶ᠋ᠡᠷ ᠲᠦᠪᠯᠡᠷᠡᠬᠦᠯᠤᠨ ᠬᠤᠨᠤᠭ ᠬᠠᠡᠭᠭ᠋ᠠᠬᠤ ᠠᠰᠠᠷᠠᠵᠤ ᠬᠠᠷᠠᠭ᠋ᠠᠯᠵᠠᠬᠤ ᠦᠢ᠍ᠯᠡᠴᠢᠯᠡᠬᠡ ᠬᠠᠡᠭᠭ᠋ᠠᠵᠤ᠂ 10᠎ᠠᠴᠠ ᠲᠡᠭᠡᠭᠰᠢ ᠬᠤᠨᠤᠭ᠎ᠤᠨ ᠤᠷᠤ᠎ᠲᠠᠢ ᠪᠠᠢ᠌ᠭᠤᠯᠤᠮᠵᠢ ᠵᠢ ᠵᠢᠭ᠋ᠠᠨ᠎ᠠ ᠭᠡᠵᠤ ᠲᠤᠳᠤᠷᠬᠠᠢ᠌ᠯᠠᠬᠰᠠᠨ᠃ ᠦᠡᠭᠭᠡᠷᠡᠭᠰᠡᠨ᠎ᠲᠠᠢ ᠠᠳᠠᠯᠢᠳᠬᠠᠪᠠᠯ ᠡᠢ᠌ᠮᠤ ᠬᠡᠳᠤᠨ ᠬᠤᠪᠢᠷᠠᠯᠳᠠ᠎ᠲᠠᠢ᠄
ᠨᠢᠬᠡ᠎ᠳᠤ᠂ 《〈ᠨᠠᠰᠤᠵᠢᠯ᠎ᠤᠨ ᠪᠠᠢ᠌ᠭᠤᠯᠤᠮᠵᠢ ᠪᠠᠢ᠌ᠭᠤᠯᠬᠤ ᠵᠢ ᠵᠦᠪᠰᠢᠶᠡᠷᠡᠬᠦ ᠠᠷᠭ᠎ᠠ ᠶᠤᠰᠤᠭ᠋ᠠᠷ ᠪᠠᠢ᠌ᠭᠤᠯᠬᠤ》 ᠬᠡᠳᠡᠭ ᠬᠡᠯᠡᠯᠬᠡ ᠵᠢ ᠬᠠᠰᠤᠵᠠᠢ᠃
ᠬᠤᠶᠠᠷ᠎ᠲᠤ᠂ ᠨᠠᠰᠤᠵᠢᠯ᠎ᠤᠨ ᠪᠠᠢ᠌ᠭᠤᠯᠤᠮᠵᠢ ᠵᠢᠨ ᠦᠢ᠍ᠯᠡᠴᠢᠯᠡᠬᠡᠨᠯᠦᠭᠡ ᠬᠤᠯᠪᠤᠭ᠎ᠠ᠎ᠲᠠᠢ ᠬᠡᠯᠡᠯᠬᠡ ᠪᠤᠯᠬᠤ 《ᠲᠦᠪᠯᠡᠷᠡᠬᠦᠯᠤᠨ ᠰᠠᠭᠤᠯᠭ᠋ᠠᠬᠤ》 ᠬᠡᠳᠡᠭ᠎ᠢ 《ᠪᠦᠳᠦᠨ ᠬᠤᠨᠤᠭ ᠵᠶ᠋ᠡᠷ ᠲᠦᠪᠯᠡᠷᠡᠬᠦᠯᠤᠨ ᠰᠠᠭᠤᠯᠭ᠋ᠠᠬᠤ》 ᠭᠡᠵᠤ᠂ 《ᠠᠰᠠᠷᠠᠨ ᠬᠠᠷᠠᠭ᠋ᠠᠯᠵᠠᠬᠤ ᠦᠢ᠍ᠯᠡᠴᠢᠯᠡᠬᠡ》 ᠬᠡᠳᠡᠭ ᠦᠬᠡ ᠵᠢ 《ᠠᠰᠠᠷᠠᠨ ᠬᠠᠷᠠᠭ᠋ᠠᠯᠵᠠᠵᠤ ᠡᠳ᠋ᠯᠡᠵᠤ ᠡᠷᠬᠢᠴᠡᠬᠦᠯᠬᠦ ᠦᠢ᠍ᠯᠡᠴᠢᠯᠡᠬᠡ》 ᠭᠡᠵᠤ ᠬᠠᠯᠠᠵᠠᠢ᠃ 《ᠪᠦᠬᠦᠯᠢ ᠡᠳᠤᠷ ᠵᠶ᠋ᠡᠷ ᠲᠦᠪᠯᠡᠷᠡᠬᠦᠯᠤᠨ ᠬᠤᠨᠤᠬᠯᠠᠭᠤᠯᠬᠤ》 ᠬᠡᠳᠡᠭ ᠬᠡᠯᠡᠯᠬᠡ᠎ᠨᠢ ᠨᠠᠰᠤᠵᠢᠯ᠎ᠤᠨ ᠪᠠᠢ᠌ᠭᠤᠯᠤᠮᠵᠢ ᠪᠤᠯᠤᠨ ᠡᠳᠤᠷ ᠵᠶ᠋ᠡᠷ ᠠᠰᠠᠷᠠᠵᠤ ᠬᠠᠷᠠᠭ᠋ᠠᠯᠵᠠᠬᠤ ᠪᠠᠢ᠌ᠭᠤᠯᠤᠮᠵᠢ᠂ ᠨᠠᠰᠤᠳᠠᠢ᠌ᠴᠤᠳ᠎ᠤᠨ ᠬᠤᠨᠤᠭ᠎ᠤᠨ ᠭᠠᠵᠠᠷ ᠵᠡᠷᠬᠡ᠎ᠠᠴᠠ ᠢᠯᠭ᠋ᠠᠬᠰᠠᠨ ᠶᠤᠮ᠃ ᠨᠠᠰᠤᠵᠢᠯ᠎ᠤᠨ ᠪᠠᠢ᠌ᠭᠤᠯᠤᠮᠵᠢ ᠵᠢᠨ ᠵᠢ ᠴᠢᠬᠤᠯᠠᠴᠢᠯᠠᠬᠰᠠᠨ᠎ᠨᠢ ᠭᠤᠤᠯᠳᠠᠭᠤ ᠨᠠᠰᠤᠵᠢᠯ᠎ᠤᠨ ᠪᠠᠢ᠌ᠭᠤᠯᠤᠮᠵᠢ 2 ᠪᠡᠶ᠎ᠡ᠎ᠳᠤ᠎ᠪᠠᠨ ᠵᠦᠪ ᠦᠬᠡᠢ ᠪᠤᠯᠤᠬᠰᠠᠨ ᠨᠠᠰᠤᠳᠠᠢ᠌ᠴᠤᠳ᠎ᠤᠨ ᠦᠢ᠍ᠯᠡᠴᠢᠯᠡᠬᠡᠨ ᠲᠡᠢ᠌ᠰᠢ ᠬᠦᠭᠵᠢᠬᠦᠯᠬᠦ ᠬᠠᠨᠳᠤᠰᠢ ᠵᠢ ᠤᠯᠠᠮ ᠨᠢᠬᠡ ᠠᠯᠬᠤᠮ ᠴᠢᠡᠭᠭ᠋ᠠᠳᠬᠠᠵᠤ ᠪᠤᠢ ᠬᠡᠷᠡᠭ ᠪᠢᠯᠨ᠃
ᠭᠤᠷᠪᠠ᠎ᠳᠤ᠂ ᠡᠨᠡ ᠬᠦ᠌ ᠤᠬᠠᠭᠳᠠᠬᠤᠨ᠎ᠳᠤ 10᠎ᠠᠴᠠ ᠲᠡᠭᠡᠭᠰᠢ ᠬᠤᠨᠤᠭ᠎ᠤᠨ ᠤᠷᠤ᠎ᠲᠠᠢ ᠭᠡᠵᠤ ᠲᠤᠬᠳᠠᠭ᠋ᠠᠵᠠᠢ᠃ ᠡᠨᠡ᠎ᠨᠢ ᠭᠤᠤᠯᠳᠠᠭᠤ ᠨᠢᠬᠡ ᠲᠠᠯ᠎ᠠ᠎ᠪᠠᠷ ᠲᠦᠷᠢᠮ᠎ᠳᠤ ᠨᠠᠰᠤᠵᠢᠯ᠎ᠤᠨ ᠪᠠᠢ᠌ᠭᠤᠯᠤᠮᠵᠢ ᠵᠢᠨ ᠦᠢ᠍ᠯᠡᠴᠢᠯᠡᠬᠡᠨ ᠪᠠ ᠡᠵᠡᠡᠭᠨᠡᠯᠳᠡ᠎ᠳᠤ ᠲᠦᠷᠢᠮ᠎ᠤᠨ ᠰᠢᠨᠵᠢ᠎ᠲᠠᠢ ᠤᠯᠠᠨ ᠤᠯᠠᠨ ᠱᠠᠭ᠋ᠠᠷᠳᠠᠯᠭ᠎ᠠ ᠲᠤᠷᠠᠳᠤᠬᠰᠠᠨᠤ ᠢᠯᠡᠷᠡᠯ ᠪᠦᠬᠡᠳ ᠬᠤᠨᠤᠭ᠎ᠤᠨ ᠤᠷᠤ ᠲᠡᠡᠭᠳᠡᠬᠦᠤ ᠴᠦᠬᠡᠨ ᠪᠠᠢ᠌ᠭᠤᠯᠤᠮᠵᠢ ᠱᠠᠭ᠋ᠠᠷᠳᠠᠯᠭ᠎ᠠ ᠵᠢ ᠬᠦᠷᠴᠤ ᠲᠡᠢ᠌ᠯᠬᠦ ᠦᠬᠡᠢ ᠶᠤᠮ᠃ ᠨᠦᠬᠦᠬᠡ ᠲᠠᠯ᠎ᠠ᠎ᠪᠠᠷ ᠤᠤᠯ᠎ᠤᠨ 《ᠨᠠᠰᠤᠵᠢᠯ᠎ᠤᠨ ᠪᠠᠢ᠌ᠭᠤᠯᠤᠮᠵᠢ ᠪᠠᠢ᠌ᠭᠤᠯᠬᠤ ᠵᠢ ᠵᠦᠪᠰᠢᠶᠡᠷᠡᠬᠦ ᠠᠷᠭ᠎ᠠ》᠎ᠳᠤ ᠮᠥᠨ ᠨᠠᠰᠤᠵᠢᠯ᠎ᠤᠨ ᠪᠠᠢ᠌ᠭᠤᠯᠤᠮᠵᠢ ᠵᠢᠨ ᠬᠤᠨᠤᠭ᠎ᠤᠨ ᠤᠷᠤ ᠵᠢ 《10᠎ᠠᠴᠠ ᠲᠡᠭᠡᠭᠰᠢ》 ᠭᠡᠵᠤ ᠱᠠᠭ᠋ᠠᠷᠳᠠᠬᠰᠠᠨ ᠪᠤᠯᠬᠤᠷ ᠬᠠᠮᠢᠶ᠎ᠠ ᠪᠦᠬᠦᠢ ᠠᠭᠤᠯᠭ᠎ᠠ ᠵᠢ ᠦᠷᠬᠦᠯᠵᠢᠯᠡᠬᠦ᠎ᠨᠢ ᠬᠠᠷᠠᠭ᠋ᠠᠯᠵᠠᠳᠤ ᠲᠡᠮᠵᠢᠯᠬᠡ ᠵᠢᠨ ᠲᠦᠷᠤ ᠵᠢᠨ ᠪᠤᠳᠤᠯᠭ᠎ᠠ ᠵᠢᠨ ᠠᠮᠨ ᠰᠡᠬᠡᠷᠢ ᠡᠮᠬᠢ ᠴᠡᠭᠴᠡᠳᠡᠢ ᠵᠤᠯᠭ᠋ᠠᠭᠤᠯᠵᠤ᠂ ᠲᠦᠷᠤ ᠵᠢᠨ ᠪᠤᠳᠤᠯᠭ᠎ᠠ ᠵᠢ ᠨᠡᠡᠭ ᠰᠠᠢ᠌ᠨ ᠦᠷᠬᠦᠯᠵᠢᠯᠡᠬᠦ᠎ᠳᠤ ᠠᠰᠢᠬᠳᠠᠢ ᠶᠤᠮ᠃ ᠲᠡᠷᠡᠴᠢᠯᠡᠨ ᠪᠠᠰᠨ ᠬᠤᠨᠤᠭ᠎ᠤᠨ ᠤᠷᠤᠨ᠎ᠢ 9 ᠪᠤᠶᠤ 9᠎ᠠᠴᠠ ᠲᠤᠷᠤᠬᠰᠢᠬᠢ ᠨᠠᠰᠤᠵᠢᠯ᠎ᠤᠨ ᠪᠠᠢ᠌ᠭᠤᠯᠤᠮᠵᠢ ᠵᠢ ᠬᠢᠨᠠᠨ ᠬᠠᠮᠢᠶᠠᠷᠬᠤ ᠦᠬᠡᠢ ᠬᠠᠶᠠᠴᠢᠬᠠᠬᠤ ᠬᠡᠷᠡᠭ ᠪᠢᠰᠢ᠂ ᠲᠠᠷᠠᠭ᠋ᠠᠴᠢ᠎ᠪᠠᠷ ᠨᠡᠢ᠌ᠬᠡᠮ ᠲᠤᠭᠤᠷᠢᠭ᠎ᠤᠨ ᠨᠠᠰᠤᠵᠢᠯ᠎ᠤᠨ ᠦᠢ᠍ᠯᠡᠴᠢᠯᠡᠬᠡᠨ᠎ᠤ ᠪᠠᠢ᠌ᠭᠤᠯᠤᠮᠵᠢ ᠪᠠ ᠲᠦᠬᠦᠬᠡᠷᠤᠮᠵᠢ᠎ᠪᠠᠷ ᠬᠠᠮᠢᠶᠠᠷᠴᠤ ᠪᠤᠯᠤᠨ᠎ᠠ᠃
ᠰᠤᠷᠪᠤᠯᠵᠢᠯᠠᠬ᠍ᠴᠢ᠄ ᠨᠠᠰᠤᠳᠠᠢ᠌ᠴᠤᠳ ᠨᠠᠰᠤᠵᠢᠯ᠎ᠤᠨ ᠪᠠᠢ᠌ᠭᠤᠯᠤᠮᠵᠢ᠎ᠳᠤ ᠰᠠᠭᠤᠬᠰᠠᠨᠤ ᠲᠠᠷᠠᠭ᠎ᠠ ᠨᠠᠰᠤᠳᠠᠢ᠌ᠴᠤᠳ ᠪᠤᠯᠤᠨ ᠬᠡᠷ ᠪᠦᠯᠢ ᠵᠢᠨ᠎ᠬᠢᠨ᠎ᠨᠢ ᠶᠠᠮᠠᠷ ᠶᠠᠮᠠᠷ ᠰᠢᠨ᠎ᠡ ᠬᠤᠪᠢᠷᠠᠯᠳᠠ ᠵᠢ ᠠᠡᠭᠬᠠᠷᠪᠠᠯ ᠵᠤᠬᠢᠬᠤ ᠪᠤᠢ?
ᠯᠢ ᠪᠡᠡᠭ ᠬᠤᠸᠨ᠄ ᠡᠨᠡ ᠤᠳᠠᠭ᠋ᠠᠨ᠎ᠤ ᠨᠡᠮᠡᠨ ᠵᠠᠰᠠᠬᠰᠠᠨ 《ᠨᠠᠰᠤᠵᠢᠯ᠎ᠤᠨ ᠪᠠᠢ᠌ᠭᠤᠯᠤᠮᠵᠢ ᠵᠢᠨ ᠬᠠᠮᠢᠶᠠᠷᠤᠯᠳᠠ ᠵᠢᠨ ᠠᠷᠭ᠎ᠠ》 ᠵᠢᠨ ᠭᠤᠤᠯᠳᠠᠯᠭ᠎ᠠ ᠪᠤᠯ ᠨᠠᠰᠤᠵᠢᠯ᠎ᠤᠨ ᠪᠠᠢ᠌ᠭᠤᠯᠤᠮᠵᠢ ᠵᠢᠨ ᠬᠠᠮᠢᠶᠠᠷᠤᠯᠳᠠ ᠵᠢ ᠴᠢᠡᠭᠭ᠋ᠠᠳᠬᠠᠬᠤ ᠶᠠᠪᠤᠳᠠᠯ ᠶᠤᠮ᠂ ᠡᠨᠡ᠎ᠨᠢ ᠨᠠᠰᠣᠳᠠᠢ᠌ᠴᠤᠳᠤᠨ ᠬᠠᠤᠯᠢ ᠶᠤᠰᠤᠨ᠎ᠤ ᠡᠷᠬᠡ ᠠᠰᠢᠭ᠎ᠢ ᠨᠡᠡᠭ ᠰᠠᠢ᠌ᠳᠤᠷ ᠬᠠᠮᠠᠭ᠋ᠠᠯᠠᠵᠤ᠂ ᠨᠠᠰᠣᠵᠢᠯ᠎ᠤᠨ ᠪᠠᠢ᠌ᠭᠤᠯᠤᠮᠵᠢ ᠵᠢᠨ ᠬᠡᠪ ᠵᠢᠨ ᠡᠵᠡᠡᠭᠨᠡᠯᠳᠡ ᠵᠢᠨ ᠡᠮᠬᠢ ᠲᠢᠭᠯᠢᠮ᠎ᠢ ᠪᠠᠳᠤᠯᠠᠬᠤ ᠪᠢᠯᠨ᠂ ᠨᠠᠰᠤᠳᠠᠢ᠌ᠴᠤᠳ ᠪᠤᠯᠤᠨ ᠬᠡᠷ ᠪᠦᠯᠢ ᠵᠢᠨ᠎ᠬᠢᠨ᠎ᠨᠢ 《ᠨᠠᠰᠤᠵᠢᠯ᠎ᠤᠨ ᠪᠠᠢ᠌ᠭᠤᠯᠤᠮᠵᠢ ᠵᠢᠨ ᠬᠠᠮᠢᠶᠠᠷᠤᠯᠳᠠ ᠵᠢᠨ ᠠᠷᠭ᠎ᠠ》 ᠵᠢ ᠤᠢ᠌ᠯᠠᠭ᠋ᠠᠴᠢᠬᠠᠪᠠᠯ ᠬᠠᠮᠢᠶ᠎ᠠ ᠪᠦᠬᠦᠢ ᠬᠡᠷᠡᠭ ᠶᠠᠪᠤᠳᠠᠯ᠎ᠢ ᠰᠢᠢ᠍ᠳᠪᠤᠷᠢᠯᠡᠬᠦ᠎ᠳᠤ ᠠᠰᠢᠬᠳᠠᠢ᠂ ᠢᠯᠠᠡᠭᠭᠤᠶ᠎ᠠ ᠡᠬᠦᠨ᠎ᠤ ᠲᠤᠳᠤᠷᠠᠬᠢ ᠨᠠᠰᠤᠳᠠᠢ᠌ᠴᠤᠳ᠎ᠤᠨ ᠨᠠᠰᠤᠵᠢᠯ᠎ᠤᠨ ᠪᠠᠢ᠌ᠭᠤᠯᠤᠮᠵᠢ᠎ᠳᠤ ᠰᠠᠭᠤᠬᠤ ᠲᠤᠬᠠᠢ ᠵᠠᠷᠢᠮ ᠦᠢ᠍ᠯᠡᠴᠢᠯᠡᠬᠡᠨ᠎ᠤᠨ ᠠᠭᠤᠯᠭ᠎ᠠ᠎ᠳᠤ ᠲᠤᠬᠢᠷᠠᠭᠤᠯᠤᠯᠳᠠ ᠬᠢᠭᠰᠡᠨ᠎ᠢ ᠠᠡᠭᠬᠠᠷᠤᠭᠤᠰᠢᠳᠠᠢ ᠪᠢᠯᠨ᠃
ᠨᠢᠬᠡ᠂ 《ᠠᠷᠭ᠎ᠠ》 ᠵᠢᠨ ᠠᠷᠪᠠᠨ ᠲᠠᠪᠤᠳᠤᠭ᠋ᠠᠷ ᠵᠤᠷᠪᠤᠰ᠎ᠲᠤ ᠨᠠᠰᠤᠵᠢᠯ᠎ᠤᠨ ᠪᠠᠢ᠌ᠭᠤᠯᠤᠮᠵᠢ᠎ᠳᠤ ᠢᠷᠡᠵᠤ ᠰᠠᠭᠤᠬᠰᠠᠨ ᠨᠠᠰᠤᠳᠠᠳ᠎ᠤᠨ ᠪᠡᠶ᠎ᠡ ᠰᠡᠳᠬᠢᠯ᠎ᠤᠨ ᠡᠷᠡᠬᠦᠯ ᠮᠡᠨᠳᠤ᠎ᠳᠤ ᠬᠤᠪᠢᠷᠠᠯᠳᠠ ᠭᠠᠷᠤᠭ᠋ᠠᠳ ᠠᠰᠠᠷᠠᠵᠤ ᠬᠠᠷᠠᠭ᠋ᠠᠯᠵᠠᠨ ᠡᠳ᠋ᠯᠡᠵᠤ ᠡᠷᠬᠢᠴᠡᠬᠦᠯᠬᠦ ᠲᠡᠰ᠎ᠢ᠎ᠨᠢ ᠬᠤᠪᠢᠷᠠᠭᠤᠯᠬᠤ ᠴᠢᠬᠤᠯᠠᠳᠠᠢ ᠪᠤᠯ ᠨᠠᠰᠤᠵᠢᠯ᠎ᠤᠨ ᠪᠠᠢ᠌ᠭᠤᠯᠤᠮᠵᠢ᠎ᠨᠢ ᠲᠠᠬᠢᠵᠤ ᠦᠨᠡᠯᠡᠨ ᠲᠤᠬᠳᠠᠭ᠋ᠠᠵᠤ᠂ ᠨᠠᠰᠤᠳᠠᠢ᠌ᠴᠤᠳ᠎ᠢ ᠠᠰᠠᠷᠠᠵᠤ ᠬᠠᠷᠠᠭ᠋ᠠᠯᠵᠠᠨ ᠡᠳ᠋ᠯᠡᠵᠤ ᠡᠷᠬᠢᠴᠡᠬᠦᠯᠬᠦ ᠲᠡᠰᠢ ᠲᠤᠬᠳᠠᠭ᠋ᠠᠬᠤ ᠪᠤᠶᠤ ᠬᠤᠪᠢᠷᠠᠭᠤᠯᠬᠤ᠎ᠳᠤ᠎ᠪᠠᠨ ᠲᠤᠬᠠᠢ ᠵᠢᠨ ᠨᠠᠰᠤᠳᠠᠨ ᠪᠤᠶᠤ ᠤᠷᠤᠯᠠᠨ ᠬᠦᠢ᠍ᠴᠡᠳᠬᠡᠭᠴᠢ ᠵᠶ᠋ᠡᠷ ᠵᠦᠪᠰᠢᠶᠡᠷᠡᠬᠦᠯᠬᠦ ᠬᠡᠷᠡᠭᠳᠡᠢ ᠭᠡᠵᠤ ᠱᠠᠭ᠋ᠠᠷᠳᠠᠵᠤ ᠪᠠᠢ᠌ᠨ᠎ᠠ᠃ ᠨᠡᠬᠡᠮᠵᠢᠯᠡᠨ ᠦᠨᠡᠯᠡᠬᠦ᠎ᠨᠢ ᠨᠠᠰᠤᠳᠠᠢ᠌ᠴᠤᠳ᠎ᠲᠤ ᠨᠡᠡᠭ ᠰᠠᠢ᠌ᠨ ᠦᠢ᠍ᠯᠡᠴᠢᠯᠡᠬᠦ᠎ᠳᠤ ᠠᠰᠢᠬᠳᠠᠢ ᠶᠤᠮ᠂ ᠨᠠᠰᠤᠳᠠᠢ᠌ᠴᠤᠳ ᠪᠤᠶᠤ ᠤᠷᠤᠯᠠᠨ ᠬᠦᠢ᠍ᠴᠡᠳᠭᠡᠭᠴᠢ᠎ᠨᠢ ᠴᠦ᠍ ᠦᠨᠡᠯᠡᠯᠳᠡ ᠬᠢᠬᠦ᠎ᠳᠤ ᠢᠳᠡᠪᠬᠢᠳᠡᠢ ᠬᠠᠮᠵᠢᠯᠴᠠᠪᠠᠯ ᠵᠤᠬᠢᠨ᠎ᠠ᠃
ᠬᠤᠶᠠᠷ ᠂ 《ᠠᠷᠭ᠎ᠠ》 ᠵᠢᠨ ᠠᠷᠪᠠᠨ ᠵᠢᠷᠭᠤᠳᠤᠭ᠋ᠠᠷ ᠵᠤᠷᠪᠤᠰ᠎ᠲᠤ ᠬᠤᠶᠠᠷ ᠲᠠᠯ᠎ᠠ᠎ᠪᠠᠷ ᠵᠶ᠋ᠡᠨ ᠦᠢ᠍ᠯᠡᠴᠢᠯᠡᠬᠡᠨ᠎ᠤ ᠬᠡᠷ᠎ᠡ ᠲᠤᠬᠳᠠᠬᠤᠳᠤᠪᠠᠨ 《ᠦᠢ᠍ᠯᠡᠴᠢᠯᠡᠬᠡᠨ ᠵᠶ᠋ᠡᠨ ᠲᠦᠷ ᠵᠤᠬᠰᠤᠭ᠋ᠠᠬᠤ ᠪᠤᠶᠤ ᠬᠦᠴᠤᠨ ᠦᠬᠡᠢ ᠪᠤᠯᠭ᠋ᠠᠬᠤ ᠦᠶ᠎ᠡ᠎ᠳᠤ ᠨᠠᠰᠤᠳᠠᠢ᠌ᠴᠤᠳ᠎ᠢ ᠲᠦᠪᠬᠢᠨᠡᠬᠦᠯᠬᠦ ᠠᠷᠭ᠎ᠠ》 ᠬᠡᠬᠦ ᠵᠤᠷᠪᠤᠰ᠎ᠢ ᠨᠡᠮᠡᠵᠤ᠂ ᠭᠤᠴᠢᠨ ᠲᠠᠪᠤᠳᠤᠭ᠋ᠠᠷ ᠵᠤᠷᠪᠤᠰ᠎ᠲᠤ ᠨᠠᠰᠤᠵᠢᠯ᠎ᠤᠨ ᠪᠠᠢ᠌ᠭᠤᠯᠤᠮᠵᠢ᠎ᠨᠢ ᠦᠢ᠍ᠯᠡᠴᠢᠯᠡᠬᠡᠨ ᠵᠶ᠋ᠡᠨ ᠲᠦᠷ ᠵᠤᠬᠰᠤᠭ᠋ᠠᠬᠤ ᠪᠤᠶᠤ ᠬᠦᠴᠤᠨ ᠦᠬᠡᠢ ᠪᠤᠯᠭ᠋ᠠᠬᠤ᠎ᠳᠤ᠎ᠪᠠᠨ 《ᠨᠠᠰᠤᠳᠠᠢ᠌ᠴᠤᠳ ᠪᠤᠶᠤ ᠤᠷᠤᠯᠠᠨ ᠬᠦᠢ᠍ᠴᠡᠳᠭᠡᠭᠴᠢ᠎ᠳᠤᠨᠢ ᠵᠤᠬᠢᠬᠤ ᠴᠠᠭ ᠬᠤᠭᠤᠴᠠᠭ᠋ᠠᠨ᠎ᠤ ᠲᠤᠳᠤᠷ᠎ᠠ ᠤᠷᠢᠳ ᠵᠶ᠋ᠡᠷ ᠪᠢᠴᠢᠭ ᠵᠶ᠋ᠡᠷ ᠮᠡᠳᠡᠭᠳᠡᠬᠦ ᠬᠡᠷᠡᠭᠳᠡᠢ》 ᠬᠡᠵᠡᠢ᠂ ᠡᠨᠡ᠎ᠨᠢ ᠨᠠᠰᠤᠵᠢᠯ᠎ᠤᠨ ᠪᠠᠢ᠌ᠭᠤᠯᠤᠮᠵᠢ᠎ᠨᠢ ᠡᠨᠡ ᠲᠡᠷᠨ ᠰᠢᠯᠳᠠᠭ᠋ᠠᠨ᠎ᠠᠴᠠ ᠪᠤᠯᠵᠤ ᠦᠢ᠍ᠯᠡᠴᠢᠯᠡᠬᠡᠨ ᠵᠶ᠋ᠡᠨ ᠲᠦᠷ ᠵᠤᠬᠰᠤᠭ᠋ᠠᠬᠤ ᠪᠤᠶᠤ ᠬᠦᠴᠤᠨ ᠦᠬᠡᠢ ᠪᠤᠯᠭ᠋ᠠᠬᠤ ᠦᠶ᠎ᠡ᠎ᠳᠤ ᠨᠠᠰᠤᠳᠠᠢ᠌ᠴᠤᠳ᠎ᠢ ᠵᠤᠬᠢᠰᠳᠠᠢ ᠲᠦᠪᠬᠢᠨᠡᠬᠦᠯᠵᠤ ᠲᠡᠢ᠌ᠯᠬᠦ ᠦᠬᠡᠢ ᠠᠰᠠᠭᠤᠳᠠᠯ᠎ᠢ ᠤᠷᠢᠳᠴᠢᠯᠠᠨ ᠰᠡᠷᠬᠡᠢ᠌ᠯᠡᠵᠡᠢ᠂ ᠡᠨᠡ ᠲᠤᠬᠠᠢ ᠨᠠᠰᠤᠳᠠᠢ᠌ᠴᠤᠳ ᠪᠤᠶᠤ ᠤᠷᠤᠯᠠᠨ ᠬᠦᠢ᠍ᠴᠡᠳᠭᠡᠭᠴᠢ᠎ᠨᠢ ᠬᠡᠷ᠎ᠡ ᠲᠤᠬᠳᠠᠬᠤ ᠪᠠ ᠬᠡᠷ᠎ᠡ᠎ᠪᠠᠨ ᠬᠡᠷᠡᠭᠵᠢᠬᠦᠯᠬᠦ ᠲᠤᠮᠳᠠ᠎ᠪᠠᠨ ᠨᠠᠰᠤᠵᠢᠯ᠎ᠤᠨ ᠪᠠᠢ᠌ᠭᠤᠯᠤᠮᠵᠢ᠎ᠯᠤᠭ᠎ᠠ ᠰᠠᠢ᠌ᠳᠤᠷ ᠵᠦᠪᠯᠡᠬᠦ ᠬᠡᠷᠡᠭᠳᠡᠢ᠃
ᠭᠤᠷᠪᠠ᠂ 《ᠠᠷᠭ᠎ᠠ》 ᠵᠢᠨ ᠠᠷᠪᠠ ᠶᠢᠰᠤᠳᠤᠬᠡᠷ ᠵᠤᠷᠪᠤᠰ᠎ᠲᠤ ᠨᠠᠰᠤᠵᠢᠯ᠎ᠤᠨ ᠪᠠᠢ᠌ᠭᠤᠯᠤᠮᠵᠢ᠎ᠳᠤ ᠨᠠᠰᠤᠳᠠᠢ᠌ᠴᠤᠳ ᠬᠡᠨᠡᠳᠳᠡ ᠬᠦᠨᠳᠤ ᠡᠪᠡᠳᠴᠢᠯᠡᠪᠡᠯ ᠤᠷᠤᠯᠠᠨ ᠬᠦᠢ᠍ᠴᠡᠳᠭᠡᠭᠴᠢ ᠪᠤᠶᠤ ᠬᠤᠯᠪᠤᠭ᠎ᠠ ᠪᠠᠷᠢᠬ᠍ᠴᠢᠳᠤᠨᠢ ᠲᠠᠷᠤᠢ᠌ᠬᠠᠨ ᠮᠡᠳᠡᠭᠳᠡᠬᠦ ᠵᠢᠨ ᠬᠠᠮᠳᠤ ᠡᠮᠨᠡᠯᠬᠡ ᠵᠢ ᠬᠦᠷᠬᠡᠨ ᠠᠪᠤᠷᠠᠨ ᠡᠮᠴᠢᠯᠡᠬᠦᠯᠬᠦ ᠬᠡᠷᠡᠭᠳᠡᠢ ᠭᠡᠵᠤ ᠲᠤᠳᠤᠷᠬᠠᠢ ᠲᠤᠷᠠᠳᠴᠠᠢ᠃ ᠡᠨᠡ᠎ᠨᠢ ᠨᠠᠰᠤᠳᠠᠢ᠌ᠴᠤᠳ᠎ᠤᠨ ᠠᠮᠢ ᠨᠠᠰᠤ ᠡᠳ᠋ ᠬᠦᠷᠤᠡᠭᠭᠡ ᠵᠢᠨ ᠡᠷᠬᠡ ᠵᠢ ᠲᠡᠷᠢᠬᠦᠨ᠎ᠳᠤ ᠲᠠᠯᠪᠢᠬᠤ ᠵᠠᠷᠴᠢᠮ᠎ᠤᠨ ᠢᠯᠡᠷᠡᠯ ᠶᠤᠮ᠂ ᠡᠨᠡ᠎ᠨᠢ ᠣᠷᠤᠯᠠᠨ ᠬᠦᠢ᠍ᠴᠡᠳᠭᠡᠭᠴᠢ ᠪᠤᠶᠤ ᠬᠤᠯᠪᠤᠭ᠎ᠠ ᠪᠠᠷᠢᠬ᠍ᠴᠢᠲᠠᠢᠨᠢ ᠲᠡᠷᠨ ᠲᠠᠷᠤᠢ ᠬᠠᠷᠢᠯᠴᠠᠵᠤ ᠲᠡᠢ᠌ᠯᠬᠦ ᠦᠬᠡᠢ᠎ᠠᠴᠠ ᠪᠤᠯᠵᠤ ᠡᠮᠴᠢᠯᠡᠨ ᠵᠠᠰᠠᠬᠤ ᠲᠤᠬᠢᠶᠠᠯ᠎ᠢ ᠠᠯᠳᠠᠬᠤ᠎ᠠᠴᠠ ᠵᠠᠢ᠌ᠯᠠᠰᠬᠢᠬᠦ ᠵᠢᠨ ᠲᠦᠯᠦᠬᠡ ᠶᠤᠮ᠂ ᠬᠠᠷᠢᠨ ᠡᠨᠡ᠎ᠨᠢ ᠬᠡᠷ ᠪᠦᠯᠢ ᠵᠢᠨ᠎ᠬᠢᠨ᠎ᠢ ᠡᠮᠴᠢᠯᠡᠨ ᠵᠠᠰᠠᠭᠤᠯᠬᠤ ᠬᠠᠷᠢᠭᠤᠴᠠᠯᠭ᠎ᠠ ᠵᠢ ᠦᠬᠡᠢ᠌ᠰᠬᠡᠭᠰᠡᠨ ᠬᠡᠷᠡᠭ ᠤᠬᠳᠤ ᠪᠢᠰᠢ᠃
ᠲᠦᠷᠪᠡ᠂ 《ᠠᠷᠭ᠎ᠠ》 ᠵᠢᠨ ᠬᠤᠷᠢᠨ ᠭᠤᠷᠪᠠᠳᠤᠭ᠋ᠠᠷ ᠵᠤᠷᠪᠤᠰ᠎ᠲᠤ ᠨᠠᠰᠤᠵᠢᠯ᠎ᠤᠨ ᠪᠠᠢ᠌ᠭᠤᠯᠤᠮᠵᠢ᠎ᠨᠢ ᠨᠠᠰᠤᠳᠠᠢ᠌ᠴᠤᠳ᠎ᠤᠨ ᠬᠡᠷ ᠪᠦᠯᠢ ᠵᠢᠨ ᠪᠦᠷᠢᠯᠳᠤᠬᠦᠨ᠎ᠨᠢ ᠨᠠᠰᠤᠳᠠᠢ᠌ᠴᠤᠳ᠎ᠢ ᠪᠤᠯᠭᠤᠭ᠋ᠠᠬᠤ ᠪᠤᠶᠤ ᠠᠰᠠᠭᠤᠨ ᠯᠠᠪᠯᠠᠬᠤ᠎ᠳᠤ ᠲᠦᠬᠦᠮ ᠦᠵᠡᠬᠦᠯᠵᠤ᠂ ᠨᠠᠰᠤᠳᠠᠢ᠌ᠴᠤᠳ᠎ᠤᠨ ᠬᠡᠷ ᠪᠦᠯᠢ ᠵᠢᠨ᠎ᠬᠢᠨ᠎ᠲᠠᠢ᠎ᠪᠠᠨ ᠬᠠᠷᠢᠯᠴᠠᠬᠤ᠎ᠳᠤ ᠲᠤᠰᠠᠯᠠᠬᠤ ᠬᠡᠷᠡᠭᠳᠡᠢ ᠭᠡᠵᠤ ᠲᠤᠬᠳᠠᠭ᠋ᠠᠵᠠᠢ᠃ ᠡᠨᠡ᠎ᠨᠢ ᠨᠠᠰᠤᠵᠢᠯ᠎ᠤᠨ ᠪᠠᠢ᠌ᠭᠤᠯᠤᠮᠵᠢ᠎ᠨᠢ ᠬᠠᠮᠵᠢᠯᠴᠠᠬᠤ ᠠᠵᠢᠯ᠎ᠢ ᠰᠠᠢ᠌ᠳᠤᠷ ᠬᠢᠵᠤ ᠨᠠᠰᠤᠳᠠᠢ᠌ᠴᠤᠳ᠎ᠤᠨ ᠬᠡᠷ ᠪᠦᠯᠢ ᠵᠢᠨ᠎ᠬᠢᠨ᠎ᠨᠢ ᠴᠦ᠍ ᠠᠰᠠᠷᠠᠨ ᠬᠠᠷᠠᠭ᠋ᠠᠯᠵᠠᠬᠤ ᠬᠠᠷᠢᠭᠤᠴᠠᠯᠭ᠎ᠠ᠎ᠪᠠᠨ ᠢᠳᠡᠪᠬᠢᠳᠡᠢ ᠪᠡᠶᠡᠯᠡᠬᠦᠯᠵᠤ᠂ ᠨᠠᠰᠤᠵᠢᠯ᠎ᠤᠨ ᠪᠠᠢ᠌ᠭᠤᠯᠤᠮᠵᠢ᠎ᠳᠤ ᠰᠠᠭᠤᠭ᠎ᠠ ᠨᠠᠰᠤᠳᠠᠢ᠌ᠴᠤᠳ᠎ᠲᠤ ᠤᠶᠤᠨ ᠰᠠᠨᠠᠭ᠋ᠠᠨ᠎ᠤ ᠬᠠᠯᠠᠮᠵᠢ ᠦᠵᠡᠬᠦᠯᠬᠦ ᠵᠢ ᠠᠡᠭᠬᠠᠷᠴᠤ᠂ 《ᠬᠦᠷᠬᠡᠬᠡᠳ ᠯᠨ ᠢᠷᠡᠪᠡᠯ ᠪᠤᠯᠴᠢᠬᠠᠵᠤ》 ᠦᠯᠤ ᠪᠤᠯᠬᠤ ᠵᠢ ᠱᠠᠭ᠋ᠠᠷᠳᠠᠵᠤ ᠪᠤᠢ ᠬᠡᠷᠡᠭ ᠶᠤᠮ᠃
ᠰᠤᠷᠪᠤᠯᠵᠢᠯᠠᠬ᠍ᠴᠢ᠄ ᠨᠡᠮᠡᠨ ᠵᠠᠰᠠᠬᠰᠠᠨ 《ᠠᠷᠭ᠎ᠠ》᠎ᠳᠤ ᠠᠷᠠᠳ᠎ᠤᠨ ᠶᠠᠪᠤᠳᠠᠯ᠎ᠤᠨ ᠰᠠᠯᠠᠭ᠎ᠠ ᠮᠦᠴᠢᠷ᠎ᠤᠨ ᠡᠳᠤᠷ ᠲᠤᠳᠤᠮ᠎ᠤᠨ ᠬᠢᠨᠠᠨ ᠬᠠᠮᠢᠶᠠᠷᠤᠯᠳᠠ ᠵᠢᠨ ᠲᠠᠯ᠎ᠠ᠎ᠪᠠᠷ ᠠᠯᠢ ᠠᠯᠢ ᠰᠢᠨ᠎ᠡ ᠠᠷᠭ᠎ᠠ ᠪᠠᠷᠢᠯ᠎ᠢ ᠴᠢᠡᠭᠭ᠋ᠠᠳᠬᠠᠪᠠ?
ᠢᠤᠢ ᠵᠢᠶᠠᠨ ᠯᠢᠶᠠᠡᠭ᠄ 《ᠲᠠᠯᠪᠢᠬᠤ᠂ ᠬᠠᠮᠢᠶᠠᠷᠬᠤ᠂ ᠦᠢ᠍ᠯᠡᠴᠢᠯᠡᠬᠦ 》 ᠦᠬᠡᠷᠡᠴᠢᠯᠡᠳᠡ ᠵᠢᠨ ᠱᠠᠭ᠋ᠠᠷᠳᠠᠯᠭ᠎ᠠ ᠶᠤᠰᠤᠭ᠋ᠠᠷ ᠨᠠᠰᠤᠵᠢᠯ᠎ᠤᠨ ᠪᠠᠢ᠌ᠭᠤᠯᠤᠮᠵᠢ ᠵᠢ ᠪᠠᠢ᠌ᠭᠤᠯᠬᠤ ᠵᠦᠪᠰᠢᠶᠡᠷᠡᠯ᠎ᠢ ᠦᠬᠡᠢ᠌ᠰᠬᠡᠵᠡᠢ᠂ ᠬᠡᠪᠡᠴᠤ ᠪᠠᠢ᠌ᠭᠤᠯᠬᠤ ᠵᠦᠪᠰᠢᠶᠡᠷᠡᠯ᠎ᠢ ᠦᠬᠡᠢ᠌ᠰᠭᠡᠭᠰᠡᠨᠨᠢ ᠬᠠᠮᠢᠶᠠᠷᠬᠤ ᠦᠬᠡᠢ ᠬᠡᠰᠡᠨ ᠬᠡᠷᠡᠭ ᠪᠢᠰᠢ᠂ ᠬᠠᠷᠢᠨ ᠬᠦᠴᠤ᠎ᠪᠠᠨ ᠬᠡᠷᠡᠭ ᠤᠴᠢᠷ᠎ᠤᠨ ᠡᠮᠦᠨ᠎ᠡ ᠬᠤᠢ᠌ᠨ᠎ᠠ ᠬᠢᠨᠠᠨ ᠬᠠᠮᠢᠶᠠᠷᠬᠤ ᠲᠡᠬᠡᠷ᠎ᠡ ᠲᠠᠯᠪᠢᠵᠤ ᠪᠤᠢ᠂ ᠦᠬᠡᠷ᠎ᠡ᠎ᠪᠠᠷ ᠬᠡᠯᠡᠪᠡᠯ ᠬᠢᠨᠠᠨᠨ ᠬᠠᠮᠢᠶᠠᠷᠬᠤ ᠱᠠᠭ᠋ᠠᠷᠳᠠᠯᠭ᠎ᠠ᠎ᠨᠢ ᠤᠯᠠᠮ ᠠᠷᠪᠢᠨ᠂ ᠬᠢᠨᠠᠨ ᠬᠠᠮᠢᠶᠠᠷᠬᠤ᠎ᠳᠤ ᠤᠯᠠᠮ ᠬᠦᠴᠢᠷ ᠪᠤᠯᠵᠠᠢ᠃ ᠤᠳᠤᠬᠠᠨ᠎ᠤ ᠡᠳᠤᠷ ᠲᠤᠳᠤᠮ᠎ᠤᠨ ᠬᠠᠮᠢᠶᠠᠷᠤᠯᠳᠠ᠎ᠳᠤ ᠲᠠᠡᠭᠰᠠᠯᠠᠬᠤ ᠰᠠᠯᠠᠭ᠎ᠠ ᠮᠦᠴᠢᠷ ᠪᠤᠯᠤᠨ ᠠᠵᠢᠯ ᠲᠦᠷᠤᠯ᠎ᠤᠨ ᠬᠠᠮᠢᠶᠠᠷᠤᠯᠳᠠ ᠵᠢᠨ ᠰᠠᠯᠠᠭ᠎ᠠ ᠮᠦᠴᠢᠷ᠎ᠤᠨ ᠬᠢᠨᠠᠨ ᠬᠠᠮᠢᠶᠠᠷᠤᠯᠳᠠ ᠵᠢ ᠪᠠᠬᠳᠠᠭ᠋ᠠᠨ᠎ᠠ᠃ ᠠᠷᠠᠳ᠎ᠤᠨ ᠶᠠᠪᠣᠳᠠᠯ᠎ᠤᠨ ᠰᠠᠯᠠᠭ᠎ᠠ ᠮᠦᠴᠢᠷ ᠪᠤᠯ ᠨᠠᠰᠤᠵᠢᠯ᠎ᠤᠨ ᠦᠢ᠍ᠯᠡᠴᠢᠯᠡᠬᠡᠨ᠎ᠤ ᠠᠵᠢᠯ ᠲᠦᠷᠤᠯ᠎ᠤᠨ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠪᠤᠯᠤᠬᠰᠠᠨ᠎ᠤ ᠬᠤᠪᠢ᠎ᠳᠤ ᠡᠨᠡ ᠤᠳᠠᠭ᠋ᠠᠨ᠎ᠤ ᠨᠡᠮᠡᠨ ᠵᠠᠰᠠᠬᠰᠠᠨ 《ᠠᠷᠭ᠎ᠠ》᠎ᠳᠤ ᠠᠷᠠᠳ᠎ᠤᠨ ᠶᠠᠪᠤᠳᠠᠯ᠎ᠤᠨ ᠰᠠᠯᠠᠭ᠎ᠠ ᠮᠦᠴᠢᠷ᠎ᠤᠨ ᠬᠡᠷᠡᠭ ᠤᠴᠢᠷ᠎ᠤᠨ ᠡᠮᠦᠨ᠎ᠡ ᠬᠤᠢ᠌ᠨ᠎ᠠ᠎ᠨᠢ ᠬᠢᠨᠠᠨ ᠬᠠᠮᠢᠶᠠᠷᠤᠯᠳᠠ᠎ᠪᠠᠨ ᠴᠢᠡᠭᠭ᠋ᠠᠳᠬᠠᠬᠤ ᠵᠢ ᠬᠦᠢ᠍ᠴᠡᠳ ᠢᠯᠡᠷᠡᠬᠦᠯᠵᠤ ᠴᠢᠳᠠᠬᠰᠠᠨ ᠪᠦᠬᠡᠳ ᠲᠦᠷᠢᠮ ᠪᠤᠯᠬᠤ ᠬᠡᠷᠡᠭᠳᠡᠢ ᠶᠤᠮ᠂ ᠡᠨᠡ᠎ᠨᠢ ᠭᠤᠤᠯᠳᠠᠭᠤ ᠲᠠᠷᠠᠭ᠋ᠠᠬᠢ ᠬᠡᠳᠤᠨ ᠲᠠᠯ᠎ᠠ᠎ᠪᠠᠷ ᠢᠯᠡᠷᠡᠵᠤ ᠪᠤᠢ᠄
ᠨᠢᠬᠡ᠂ ᠬᠢᠨᠠᠨ ᠬᠠᠮᠢᠶᠠᠷᠬᠤ ᠠᠷᠭ᠎ᠠ᠎ᠪᠠᠨ ᠴᠢᠡᠭᠭ᠋ᠠᠳᠬᠠᠪᠠ᠃ 《ᠠᠷᠭ᠎ᠠ》᠎ᠳᠤ ᠠᠷᠠᠳ᠎ᠤᠨ ᠶᠠᠪᠤᠳᠠᠯ᠎ᠤᠨ ᠰᠠᠯᠠᠭ᠎ᠠ ᠮᠦᠴᠢᠷ ᠬᠢᠨᠠᠨ ᠱᠠᠭ᠋ᠠᠷᠳᠠᠵᠤ ᠪᠠᠢ᠌ᠴᠠᠭ᠋ᠠᠬᠤ ᠬᠠᠷᠢᠭᠤᠴᠠᠯᠭ᠎ᠠ᠎ᠪᠠᠨ ᠬᠠᠤᠯᠢ ᠶᠤᠰᠤᠭ᠋ᠠᠷ ᠬᠡᠷᠡᠭᠵᠢᠬᠦᠯᠵᠤ᠂ ᠬᠡᠷᠡᠭᠴᠡᠬᠡ ᠪᠤᠶᠤ ᠨᠠᠰᠤᠵᠢᠯ᠎ᠤᠨ ᠪᠠᠢ᠌ᠭᠤᠯᠤᠮᠵᠢ᠎ᠨᠢ ᠬᠠᠤᠯᠢ ᠴᠠᠭ᠋ᠠᠵᠨ᠂ ᠲᠦᠷᠢᠮ ᠲᠤᠬᠳᠠᠭ᠋ᠠᠯ᠎ᠢ ᠵᠦᠷᠢᠴᠡᠭᠰᠡᠨ ᠪᠠᠢ᠌ᠳᠠᠯ ᠲᠤᠤᠷ᠎ᠠ ᠪᠤᠯᠵᠤᠨ ᠠᠭᠤᠯᠵᠠᠵᠤ ᠪᠠᠢ᠌ᠳᠠᠯ᠎ᠢ ᠤᠢ᠌ᠯᠠᠭ᠋ᠠᠬᠤ᠂ ᠲᠤᠬᠠᠢ ᠵᠢᠨ ᠲᠠᠯᠠᠪᠤᠷᠢᠲᠤᠨᠢ ᠬᠦᠷᠴᠤ ᠪᠠᠢ᠌ᠴᠠᠭ᠋ᠠᠬᠤ᠂ ᠬᠠᠮᠢᠶ᠎ᠠ ᠪᠦᠬᠦᠢ ᠮᠠᠲᠸᠷᠢᠶᠠᠯ᠎ᠢ᠎ᠨᠢ ᠪᠠᠢ᠌ᠴᠠᠭ᠋ᠠᠵᠤ ᠲᠠᠷᠤᠮᠠᠯᠯᠠᠬᠤ᠂ ᠲᠤᠬᠳᠠᠬᠰᠠᠨ ᠬᠤᠭᠤᠴᠠᠭ᠋ᠠᠨ᠎ᠳᠤ ᠵᠠᠰᠠᠨ ᠰᠠᠢ᠌ᠵᠢᠷᠠᠭᠤᠯᠬᠤ ᠵᠢ ᠱᠠᠭ᠋ᠠᠷᠳᠠᠬᠤ᠂ ᠠᠵᠢᠯ ᠵᠶ᠋ᠡᠨ ᠵᠤᠬᠰᠤᠭ᠋ᠠᠵᠤ ᠴᠡᠭᠴᠡᠯᠡᠬᠦ ᠵᠢ ᠱᠠᠭ᠋ᠠᠷᠳᠠᠬᠤ ᠵᠡᠷᠬᠡ ᠠᠷᠭ᠎ᠠ ᠠᠪᠴᠤ ᠪᠤᠯᠬᠤ ᠵᠢ ᠲᠤᠳᠤᠷᠬᠠᠢ᠌ᠯᠠᠵᠠᠢ᠃
ᠬᠤᠶᠠᠷ᠂ ᠬᠢᠨᠠᠨ ᠬᠠᠮᠢᠶᠠᠷᠬᠤ ᠡᠷᠴᠢᠮ ᠵᠶ᠋ᠡᠨ ᠪᠠᠳᠤᠯᠠᠪᠠ᠃ 《ᠠᠷᠭ᠎ᠠ》᠎ᠳᠤ ᠠᠷᠠᠳ᠎ᠤᠨ ᠶᠠᠪᠤᠳᠠᠯ᠎ᠤᠨ ᠰᠠᠯᠠᠭ᠎ᠠ ᠮᠦᠴᠢᠷ᠎ᠨᠢ ᠲᠠᠡᠭᠰᠠᠯᠠᠭᠤᠯᠬᠤ ᠪᠠᠢ᠌ᠭᠤᠯᠤᠮᠵᠢ ᠵᠢ ᠲᠠᠡᠭᠰᠠᠯᠠᠭᠤᠯᠤᠬᠰᠠᠨ ᠡᠳᠤᠷ᠎ᠠᠴᠠ᠎ᠨᠢ᠂ ᠡᠰᠡ ᠲᠠᠡᠭᠰᠠᠯᠠᠭᠤᠯᠤᠬᠰᠠᠨ ᠪᠠᠢ᠌ᠭᠤᠯᠤᠮᠵᠢ ᠢᠷᠡᠵᠤ ᠰᠠᠭᠤᠬᠰᠠᠨ ᠨᠠᠰᠤᠳᠠᠢ᠌ᠴᠤᠳ᠎ᠠᠴᠠ ᠰᠦᠢ᠍ᠳᠬᠡᠯ ᠬᠤᠷᠢᠶᠠᠬᠰᠠᠨ ᠡᠳᠤᠷ᠎ᠠᠴᠠ᠎ᠨᠢ ᠡᠬᠢᠯᠡᠨ 20 ᠠᠵᠢᠯᠯᠠᠬᠤ ᠡᠳᠤᠷ᠎ᠤᠨ ᠲᠤᠳᠤᠷ᠎ᠠ ᠲᠤᠬᠠᠢ ᠵᠢᠨ ᠲᠠᠯᠠᠪᠠᠢ᠎ᠳᠤ ᠤᠴᠢᠵᠤ ᠪᠠᠢ᠌ᠴᠠᠭ᠋ᠠᠬᠤ ᠬᠡᠷᠡᠭᠳᠡᠢ ᠭᠡᠵᠤ ᠱᠠᠭ᠋ᠠᠷᠳᠠᠵᠠᠢ᠃ ᠨᠠᠰᠤᠵᠢᠯ᠎ᠤᠨ ᠪᠠᠢ᠌ᠭᠤᠯᠤᠮᠵᠢ ᠵᠢᠨ ᠦᠢ᠍ᠯᠡᠴᠢᠯᠡᠬᠡᠨ᠎ᠤ ᠠᠮᠤᠷ ᠲᠦᠪᠰᠢᠨ ᠪᠠ ᠶᠠᠰᠤ ᠴᠢᠨᠠᠷ᠎ᠢ ᠵᠢᠯ᠎ᠳᠤ ᠠᠳᠠᠭ᠎ᠲᠤ᠎ᠪᠠᠨ ᠨᠢᠬᠡ ᠤᠳᠠᠭ᠎ᠠ ᠲᠤᠬᠠᠢ ᠵᠢᠨ ᠲᠠᠯᠠᠪᠠᠢ᠎ᠳᠤ ᠬᠦᠷᠴᠤ ᠪᠠᠢ᠌ᠴᠠᠭ᠋ᠠᠬᠤ ᠬᠡᠷᠡᠭᠳᠡᠢ᠃ ᠡᠳᠤᠷ ᠲᠤᠳᠤᠮ᠎ᠤᠨ ᠠᠵᠢᠯ᠎ᠳᠤ᠎ᠪᠠᠨ 《ᠬᠤᠤᠰ ᠲᠤᠷ᠎ᠠ ᠵᠢᠨ᠂ ᠨᠢᠬᠡ ᠢᠯᠨ》 ᠬᠡᠯᠪᠡᠷᠢ᠎ᠪᠠᠷ ᠬᠢᠨᠠᠨ ᠬᠠᠮᠢᠶᠠᠷᠴᠤ ᠪᠠᠢ᠌ᠴᠠᠭ᠋ᠠᠬᠤ ᠵᠢᠨ ᠬᠠᠮᠳᠤ ᠪᠠᠢ᠌ᠴᠠᠭ᠋ᠠᠬᠰᠠᠨ ᠦᠷ᠎ᠡ ᠳ᠋ᠦᠡᠭ ᠵᠶ᠋ᠡᠨ ᠴᠠᠭ ᠲᠠᠷᠤᠢ᠎ᠳᠤ᠎ᠨᠢ ᠨᠡᠢ᠌ᠬᠡᠮ ᠲᠠᠶᠠᠭ᠋ᠠᠷ᠎ᠲᠤ ᠨᠡᠢ᠌ᠳᠡᠯᠡᠨ᠂ ᠡᠮᠦᠨ᠎ᠡ ᠶᠠᠷᠢᠬᠰᠠᠨ ᠠᠷᠭ᠎ᠠ᠎ᠪᠠᠷ ᠬᠢᠨᠠᠨ ᠬᠠᠮᠢᠶᠠᠶᠠᠷᠤᠯᠳᠠ ᠵᠢᠨ ᠡᠷᠴᠢᠮ ᠵᠶ᠋ᠡᠨ ᠪᠠᠳᠤᠯᠠᠬᠤ ᠬᠡᠷᠡᠭᠳᠡᠢ᠃
ᠭᠤᠷᠪᠠ᠂ ᠬᠢᠨᠠᠨ ᠬᠠᠮᠢᠶᠠᠷᠬᠤ ᠠᠷᠭ᠎ᠠ᠎ᠪᠠᠨ ᠰᠢᠨᠡᠳᠬᠡᠬᠦ ᠬᠡᠷᠡᠭᠳᠡᠢ᠃ ᠨᠢᠬᠡ ᠲᠠᠯ᠎ᠠ᠎ᠪᠠᠨ ᠬᠠᠮᠵᠢᠯᠴᠠᠨ ᠬᠢᠨᠠᠨ ᠬᠠᠮᠢᠶᠠᠷᠤᠨ᠎ᠠ᠂ ᠠᠷᠠᠳ᠎ᠤᠨ ᠶᠠᠪᠤᠳᠠᠯ᠎ᠤᠨ ᠰᠠᠯᠠᠭ᠎ᠠ ᠮᠦᠴᠢᠷ᠎ᠨᠢ ᠠᠵᠢᠯ ᠲᠦᠷᠤᠯ᠎ᠤᠨ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠪᠤᠯᠤᠬᠰᠠᠨ᠎ᠤ ᠬᠤᠪᠢ᠎ᠳᠤ ᠬᠠᠮᠵᠢᠯᠴᠠᠬᠤ᠎ᠳᠤ ᠲᠤᠯᠤᠭ᠋ᠠᠢ᠌ᠯᠠᠬᠤ ᠴᠢᠳᠠᠪᠬᠢ᠎ᠲᠠᠢ ᠪᠠᠢ᠌ᠵᠤ᠂ ᠨᠠᠰᠤᠵᠢᠯ᠎ᠤᠨ ᠪᠠᠢ᠌ᠭᠤᠯᠤᠮᠵᠢ᠎ᠳᠤ ᠪᠤᠰᠤᠳ ᠰᠠᠯᠠᠭ᠎ᠠ ᠮᠦᠴᠢᠷ᠎ᠤᠨ ᠰᠢᠢ᠍ᠳᠬᠡᠪᠡᠰᠤ ᠵᠤᠬᠢᠬᠤ ᠬᠠᠤᠯᠢ ᠪᠤᠰᠤ ᠠᠵᠢᠯᠯᠠᠭ᠎ᠠ ᠵᠢ ᠤᠯᠵᠤ ᠮᠡᠳᠡᠪᠡᠯ ᠴᠠᠭ ᠲᠠᠷᠤᠢ᠎ᠳᠤ᠎ᠨᠢ ᠮᠡᠳᠡᠭᠳᠡᠵᠤ᠂ ᠬᠠᠮᠢᠶ᠎ᠠ ᠪᠦᠬᠦᠢ ᠰᠠᠯᠠᠭ᠎ᠠ ᠮᠦᠴᠢᠷ ᠵᠶ᠋ᠡᠷ ᠰᠢᠢ᠍ᠳᠪᠤᠷᠢᠯᠡᠬᠦᠯᠬᠦ ᠬᠡᠷᠡᠭᠳᠡᠢ ᠮᠦᠷᠳᠡᠬᠡᠨ ᠬᠤᠯᠪᠤᠬᠳᠠᠯ᠎ᠲᠠᠢ ᠪᠠᠢ᠌ᠴᠠᠭ᠋ᠠᠬᠤ ᠠᠵᠢᠯ᠎ᠢ ᠬᠠᠮᠵᠢᠯᠴᠠᠨ ᠬᠢᠵᠤ ᠬᠢᠨᠠᠨ ᠬᠠᠮᠢᠶᠠᠷᠬᠤ ᠬᠠᠮᠳᠤ ᠵᠢᠨ ᠬᠦᠴᠤᠨ᠎ᠢ ᠪᠦᠷᠢᠯᠳᠦᠬᠦᠯᠬᠦ ᠬᠡᠷᠡᠭᠳᠡᠢ᠃ ᠨᠦᠬᠦᠬᠡ ᠲᠠᠯ᠎ᠠ᠎ᠪᠠᠷ ᠢᠳᠡᠬᠡᠮᠵᠢ ᠵᠢᠨ ᠬᠢᠨᠠᠨ ᠬᠠᠮᠢᠶᠠᠷᠤᠯᠳᠠ ᠪᠤᠯᠤᠨ᠎ᠠ᠂ ᠢᠳᠡᠬᠡᠮᠵᠢ ᠵᠢᠨ ᠲᠡᠮᠳᠡᠭᠯᠡᠯ᠎ᠤᠨ ᠲᠦᠷᠢᠮ᠎ᠢ ᠪᠠᠢ᠌ᠭᠤᠯᠬᠤ ᠪᠦᠬᠡᠳ ᠰᠤᠭᠤᠴᠢᠨ ᠪᠠᠢ᠌ᠴᠠᠭ᠋ᠠᠬᠤ ᠤᠳᠠᠭ᠎ᠠ᠂ ᠲᠤᠷᠭᠤᠭ᠋ᠠᠬᠬᠤ ᠡᠷᠴᠢᠮᠯᠦᠭᠡ ᠬᠤᠯᠪᠤᠬᠤ᠎ᠪᠠᠷ ᠲᠠᠮᠵᠢᠨ ᠢᠳᠡᠬᠡᠮᠵᠢ ᠵᠢᠨ ᠬᠢᠨᠠᠨ ᠬᠠᠮᠢᠶᠠᠷᠤᠯᠳᠠ ᠵᠢ ᠴᠢᠡᠭᠭ᠋ᠠᠳᠬᠠᠬᠤ ᠬᠡᠷᠡᠭᠳᠡᠢ᠃ ᠡᠬᠦᠨ᠎ᠠᠴᠠ ᠭᠠᠳᠠᠨ᠎ᠠ ᠰᠢᠨᠵᠢᠯᠡᠬᠦ ᠮᠡᠷᠬᠡᠵᠢᠯ ᠵᠶ᠋ᠡᠷ ᠬᠢᠨᠠᠨ ᠬᠠᠮᠢᠶᠠᠷᠬᠤ ᠬᠡᠷᠡᠭᠳᠡᠢ᠂ ᠴᠢᠮᠡᠬᠡ ᠵᠠᠡᠭᠭᠢ ᠵᠡᠷᠬᠡ ᠮᠡᠷᠬᠡᠵᠢᠯ᠎ᠤᠨ ᠠᠷᠭ᠎ᠠ ᠵᠢ ᠬᠦᠢ᠍ᠴᠡᠳ ᠠᠰᠢᠬᠯᠠᠨ ᠴᠢᠮᠡᠬᠡ ᠵᠠᠡᠭᠭᠢ ᠵᠢᠨ ᠰᠢᠰᠲᠸᠮ ᠵᠶ᠋ᠡᠨ ᠬᠠᠷᠢᠯᠴᠠᠨ ᠨᠡᠪᠳᠡᠷᠡᠬᠦᠯᠵᠤ᠂ ᠲᠤᠭ᠎ᠠ ᠪᠠᠷᠢᠮᠳᠠ᠎ᠪᠠᠨ ᠬᠠᠮᠳᠤ᠎ᠪᠠᠷ ᠡᠳ᠋ᠯᠡᠨ᠂ ᠬᠢᠨᠠᠨ ᠬᠠᠮᠢᠶᠠᠷᠬᠤ ᠴᠢᠳᠠᠪᠤᠷᠢ ᠪᠠ ᠬᠢᠷᠢ ᠲᠦᠪᠰᠢᠨ ᠵᠶ᠋ᠡᠨ ᠲᠡᠭᠡᠭᠰᠢᠯᠡᠬᠦᠯᠬᠦ ᠬᠡᠷᠡᠭᠳᠡᠢ᠃ ᠪᠠᠰᠨ ᠨᠡᠢ᠌ᠬᠡᠮ᠎ᠠᠴᠠ ᠬᠠᠮᠢᠶᠠᠷᠬᠤ ᠬᠡᠷᠡᠭᠳᠡᠢ᠂ ᠨᠠᠰᠤᠳᠠᠢ᠌ᠴᠤᠳ ᠪᠤᠯᠤᠨ ᠤᠷᠤᠯᠠᠨ ᠬᠦᠢ᠍ᠴᠡᠳᠭᠡᠭᠴᠢ ᠵᠢᠨ ᠰᠠᠨᠠᠯ᠎ᠢ ᠰᠤᠨᠤᠰᠬᠤ᠂ ᠢᠯᠡᠴᠢᠯᠡᠨ ᠮᠡᠳᠡᠬᠦᠯᠬᠦ ᠠᠷᠭ᠎ᠠ ᠵᠠᠮ᠎ᠢ ᠰᠢᠯᠤᠭᠤᠳᠬᠠᠬᠤ ᠵᠡᠷᠬᠡ ᠠᠷᠭ᠎ᠠ᠎ᠪᠠᠷ ᠨᠡᠢ᠌ᠬᠡᠮ᠎ᠤᠨ ᠬᠢᠨᠠᠯᠳᠠ ᠲᠠᠯᠪᠢᠬᠤ ᠦᠢ᠍ᠯᠡᠳᠤᠯ᠎ᠢ ᠠᠬᠢᠭᠤᠯᠬᠤ ᠬᠡᠷᠡᠭᠳᠡᠢ᠃
ᠰᠤᠷᠪᠤᠯᠵᠢᠯᠠᠬ᠍ᠴᠢ᠄ ᠨᠡᠮᠡᠨ ᠵᠠᠰᠠᠬᠰᠠᠨ 《ᠨᠠᠰᠤᠵᠢᠯ᠎ᠤᠨ ᠪᠠᠢ᠌ᠭᠤᠯᠤᠮᠵᠢ ᠵᠢᠨ ᠬᠠᠮᠢᠶᠠᠷᠤᠯᠳᠠ ᠵᠢᠨ ᠠᠷᠭ᠎ᠠ》᠎ᠪᠠᠷ ᠠᠪᠴᠤ ᠦᠵᠡᠪᠡᠯ ᠡᠵᠡᠡᠭᠨᠡᠯᠳᠡ ᠬᠠᠮᠢᠶᠠᠷᠤᠯᠳᠠ ᠲᠡᠬᠡᠷᠡᠬᠢ ᠠᠮᠤᠷ ᠲᠦᠪᠰᠢᠨ᠎ᠤ ᠪᠠᠳᠤᠯᠠᠭ᠎ᠠ ᠵᠢ ᠶᠠᠭ᠋ᠠᠬᠢᠵᠤ ᠰᠠᠢ᠌ᠨ ᠬᠢᠬᠦ ᠪᠤᠢ?
ᠯᠢ ᠪᠠᠡᠭ ᠬᠤᠸᠨ᠄ ᠠᠮᠤᠷ ᠲᠦᠪᠰᠢᠨ ᠪᠤᠯ ᠲᠡᠭᠷᠢ ᠮᠡᠳᠤ ᠲᠤᠮᠤ ᠠᠰᠠᠭᠤᠳᠠᠯ᠃ ᠰᠢ ᠵᠢᠨ ᠫᠢᠡᠭ ᠶᠡᠷᠤᠡᠭᠭᠡᠢ ᠱᠦᠵᠢ ᠦᠨᠳᠤᠰᠤᠨ ᠱᠠᠳᠤᠨ᠎ᠤ ᠨᠠᠰᠤᠵᠢᠯ᠎ᠤᠨ ᠪᠠᠢ᠌ᠭᠤᠯᠤᠮᠵᠢ ᠵᠢ ᠲᠤᠭᠤᠷᠢᠨ ᠦᠵᠡᠬᠦ᠎ᠳᠤ᠎ᠪᠠᠨ ᠨᠠᠰᠤᠵᠢᠯ᠎ᠤᠨ ᠦᠢ᠍ᠯᠡᠴᠢᠯᠡᠬᠡᠨ᠎ᠤ ᠪᠠᠢ᠌ᠭᠤᠯᠤᠮᠵᠢ᠎ᠨᠢ ᠬᠠᠮᠢᠶᠠᠷᠤᠯᠳᠠ᠎ᠪᠠᠨ ᠴᠢᠡᠭᠭ᠋ᠠᠳᠬᠠᠵᠤ᠂ ᠠᠮᠤᠷ ᠲᠦᠪᠰᠢᠨ᠎ᠤ ᠤᠬᠠᠮᠰᠠᠷ ᠵᠶ᠋ᠡᠨ ᠨᠡᠮᠡᠭᠳᠡᠬᠦᠯᠤᠨ᠂ ᠦᠢ᠍ᠯᠡᠴᠢᠯᠡᠬᠡᠨ᠎ᠤ ᠶᠠᠰᠤ ᠴᠢᠨᠠᠷ ᠵᠶ᠋ᠡᠨ ᠲᠡᠭᠡᠭᠰᠢᠯᠡᠬᠦᠯᠵᠤ᠂ ᠨᠠᠰᠤᠳᠠᠨ ᠨᠢᠬᠡᠪᠤᠷᠢ ᠵᠢ ᠰᠠᠨᠠᠭ᠎ᠠ ᠠᠮᠤᠷ᠂ ᠲᠠᠢ᠌ᠪᠤᠭᠤ᠂ ᠲᠠᠭ᠋ᠠᠯᠠᠮᠵᠢᠳᠠᠢ ᠠᠮᠢᠳᠤᠷᠠᠭᠤᠯᠵᠤ᠂ ᠡᠷᠡᠬᠦᠯ ᠮᠡᠨᠳᠤ ᠤᠷᠳᠤ ᠨᠠᠰᠤᠯᠠᠭᠤᠯᠤᠨ ᠦᠳᠡᠯᠤᠬᠡ ᠨᠠᠰᠤ ᠵᠢ᠎ᠨᠢ ᠵᠢᠷᠭ᠋ᠠᠯᠳᠠᠢ ᠪᠠᠢ᠌ᠯᠭ᠋ᠠᠬᠤ ᠬᠡᠷᠡᠭᠳᠡᠢ ᠭᠡᠵᠤ ᠵᠢᠭ᠋ᠠᠪᠤᠷᠢᠯᠠᠵᠤ ᠦᠡᠭᠭᠡᠷᠡᠭᠰᠡᠨ ᠶᠤᠮ᠃ ᠠᠮᠤᠷ ᠲᠦᠪᠰᠢᠨ ᠪᠤᠯ ᠪᠠᠳᠤᠯᠠᠭ᠎ᠠ ᠪᠦᠬᠡᠳ ᠰᠠᠭᠤᠷᠢ ᠶᠤᠮ᠂ ᠠᠮᠤᠷ ᠲᠦᠪᠰᠢᠨ ᠠᠯᠠᠭ᠎ᠠ ᠪᠤᠯ ᠪᠤᠰᠤᠳ ᠤᠳᠬ᠎ᠠ ᠠᠭᠤᠯᠭ᠎ᠠ ᠤᠷᠤ ᠦᠬᠡᠢ ᠬᠤᠭᠤᠰᠤᠨ ᠶᠠᠭᠤᠮ᠎ᠠ ᠪᠤᠯᠤᠨ᠎ᠠ᠃ ᠶᠡᠷᠤᠡᠭᠭᠡᠢ ᠱᠦᠵᠢ ᠵᠢᠨ 《ᠰᠠᠨᠠᠭ᠎ᠠ ᠠᠮᠤᠷ》 ᠪᠠᠢ᠌ᠯᠭ᠋ᠠᠬᠤ ᠵᠢᠭ᠋ᠠᠪᠤᠷᠢ ᠵᠢᠨ ᠵᠤᠷᠢᠭ ᠰᠠᠨᠠᠭ᠎ᠠ ᠵᠢ ᠨᠠᠢ᠌ᠳᠠᠪᠤᠷᠢᠵᠢᠭᠤᠯᠬᠤ᠎ᠳᠤ ᠡᠷᠬᠡᠪᠰᠢ ᠨᠠᠰᠤᠵᠢᠯ᠎ᠤᠨ ᠪᠠᠢ᠌ᠭᠤᠯᠤᠮᠵᠢ ᠵᠢᠨ ᠠᠮᠤᠷ ᠲᠦᠪᠰᠢᠨ᠎ᠤ ᠪᠠᠳᠤᠯᠠᠭ᠎ᠠ ᠵᠢ ᠵᠠᠪᠠᠯ ᠰᠠᠢ᠌ᠨ ᠬᠢᠬᠦ ᠬᠡᠷᠡᠭᠳᠡᠢ᠂ ᠡᠨᠡ ᠪᠤᠯ ᠮᠥᠨ ᠴᠦ᠍ 《ᠠᠷᠭ᠎ᠠ》 ᠵᠢ ᠨᠡᠮᠡᠨ ᠵᠠᠰᠠᠬᠰᠠᠨᠤ ᠭᠤᠤᠯᠳᠠᠯᠭ᠎ᠠ ᠶᠤᠮ᠂ ᠡᠬᠦᠨ᠎ᠢ ᠬᠤᠷᠢᠶᠠᠡᠭᠭᠤᠢ᠌ᠯᠠᠪᠠᠯ ᠭᠤᠤᠯᠳᠠᠭᠤ ᠡᠢ᠌ᠮᠤ ᠲᠠᠯ᠎ᠠ ᠪᠤᠢ᠄
ᠨᠢᠬᠡ᠂ ᠨᠠᠰᠤᠵᠢᠯ᠎ᠤᠨ ᠪᠠᠢ᠌ᠭᠤᠯᠤᠮᠵᠢ ᠵᠢᠨ ᠪᠡᠯᠡᠳᠬᠡᠯ ᠲᠦᠬᠦᠬᠡᠷᠤᠮᠵᠢ ᠵᠢᠨ ᠠᠶᠤᠯᠬᠦᠢ ᠪᠠᠢ᠌ᠳᠠᠯ᠃ ᠨᠠᠭ᠋ᠠᠳᠤ ᠵᠠᠬ᠎ᠠ ᠵᠢᠨ ᠠᠶᠤᠯᠬᠦᠢ ᠪᠠᠢ᠌ᠳᠠᠯ᠎ᠢ ᠵᠠᠪᠠᠯ ᠴᠢᠡᠭᠭ᠎ᠠ ᠰᠠᠬᠢᠬᠤ ᠬᠡᠷᠡᠭᠳᠡᠢ ᠭᠡᠵᠤ ᠱᠠᠭ᠋ᠠᠷᠳᠠᠵᠠᠢ᠃ ᠨᠠᠰᠤᠵᠢᠯ᠎ᠤᠨ ᠪᠠᠢ᠌ᠭᠤᠯᠤᠮᠵᠢ᠎ᠨᠢ ᠪᠠᠷᠢᠯᠭ᠎ᠠ᠂ ᠭᠠᠯ᠎ᠤᠨ ᠠᠶᠤᠯ᠎ᠢ ᠰᠡᠷᠬᠡᠢ᠌ᠯᠡᠬᠦ᠂ ᠢᠳᠡᠬᠡᠨ ᠤᠮᠳᠠᠭ᠋ᠠᠨ᠎ᠤ ᠠᠮᠤᠷ ᠲᠦᠪᠰᠢᠨ᠂ ᠡᠮ ᠡᠮᠨᠡᠯᠬᠡ ᠡᠷᠡᠬᠦᠯ ᠬᠠᠮᠠᠭ᠋ᠠᠯᠠᠯ᠂ ᠤᠨᠴᠠᠭ᠋ᠠᠢ ᠲᠦᠬᠦᠬᠡᠷᠤᠮᠵᠢ ᠵᠡᠷᠬᠡ ᠲᠠᠯ᠎ᠠ᠎ᠪᠠᠷ ᠬᠠᠤᠯᠢ ᠴᠠᠭ᠋ᠠᠵᠨ᠂ ᠬᠠᠤᠯᠢ ᠲᠦᠷᠢᠮ ᠪᠠ ᠠᠯᠪᠠᠳᠠᠯᠭ᠎ᠠ ᠵᠢᠨ ᠴᠢᠨᠠᠷ ᠪᠦᠬᠦᠢ ᠪᠠᠷᠢᠮᠵᠢᠶᠠᠨ᠎ᠤ ᠱᠠᠭ᠋ᠠᠷᠳᠠᠯᠭ᠎ᠠ᠎ᠳᠤ ᠨᠡᠢ᠌ᠴᠡᠬᠦ ᠬᠡᠷᠡᠭᠳᠡᠢ᠃ ᠡᠳᠡᠬᠡᠷ ᠱᠠᠭ᠋ᠠᠷᠳᠠᠯᠭ᠎ᠠ ᠵᠢ ᠪᠡᠶᠡᠯᠡᠬᠦᠯᠤᠨ᠎ᠡ ᠬᠡᠳᠡᠭ᠎ᠨᠢ ᠨᠠᠰᠤᠵᠢᠯ᠎ᠤᠨ ᠪᠠᠢ᠌ᠭᠤᠯᠤᠮᠵᠢ ᠵᠢᠨ ᠬᠠᠮᠢᠶ᠎ᠠ ᠪᠦᠬᠦᠢ ᠪᠡᠯᠡᠳᠬᠡᠯ ᠲᠦᠬᠦᠬᠡᠷᠤᠮᠵᠢ ᠪᠠ ᠤᠷᠴᠢᠨ ᠲᠤᠭᠤᠷᠢᠨ᠎ᠤ ᠲᠠᠯ᠎ᠠ᠎ᠪᠠᠷ ᠬᠢᠷᠢ ᠲᠡᠡᠭᠴᠡᠭᠰᠡᠨ ᠬᠡᠰᠡᠨ ᠦᠬᠡ᠃ 2017 ᠤᠨ᠎ᠠᠴᠠ ᠨᠠᠭ᠋ᠠᠰᠢ ᠶᠡᠷᠤᠡᠭᠭᠡᠢ ᠱᠦᠵᠢ ᠵᠢᠨ ᠨᠠᠰᠤᠵᠢᠯ᠎ᠤᠨ ᠪᠠᠢ᠌ᠭᠤᠯᠤᠮᠵᠢ ᠵᠢᠨ ᠦᠢ᠍ᠯᠡᠴᠢᠯᠡᠬᠡᠨ᠎ᠤ ᠬᠢᠷᠢ ᠲᠦᠪᠰᠢᠨ᠎ᠢ ᠲᠡᠬᠡᠭᠰᠢᠯᠡᠬᠦᠯᠬᠦ ᠲᠤᠬᠠᠢ ᠵᠢᠭ᠋ᠠᠪᠤᠷᠢ᠎ᠤᠨ ᠵᠤᠷᠢᠭ ᠰᠠᠨᠠᠭ᠎ᠠ ᠵᠢ ᠲᠤᠭᠤᠰᠢᠯᠠᠭᠤᠯᠬᠤ ᠵᠢᠨ ᠲᠦᠯᠦᠬᠡ ᠠᠷᠠᠳ᠎ᠤᠨ ᠶᠠᠪᠤᠳᠠᠯ ᠰᠠᠯᠠᠭ᠎ᠠ ᠮᠦᠴᠢᠷ᠎ᠨᠢ ᠬᠠᠮᠢᠶ᠎ᠠ ᠪᠦᠬᠦᠢ ᠰᠠᠯᠠᠭ᠎ᠠ ᠮᠦᠴᠢᠷ᠎ᠲᠠᠢ ᠬᠠᠮᠳᠤ᠎ᠪᠠᠷ ᠲᠦᠷᠪᠡᠨ ᠵᠢᠯ ᠦᠷᠬᠦᠯᠵᠢᠯᠡᠭᠰᠡᠨ ᠲᠤᠰᠬᠠᠢ ᠠᠵᠢᠯᠯᠠᠭ᠋ᠠᠨ ᠦᠷᠨᠢᠬᠦᠯᠪᠡ᠃ ᠠᠮᠤᠷ ᠲᠦᠪᠰᠢᠨ ᠪᠤᠰᠤ ᠪᠠᠢ᠌ᠳᠠᠯ᠎ᠢ ᠲᠦᠷᠪᠡᠨ ᠵᠢᠯ ᠰᠢᠬᠠᠮ ᠴᠡᠭᠴᠡᠯᠡᠬᠦᠪᠠᠷᠪᠠᠷ ᠲᠠᠮᠵᠢᠨ 40 ᠲᠦᠮᠨ ᠢᠯᠡᠬᠦᠤ ᠨᠠᠰᠤᠵᠢᠯ᠎ᠤᠨ ᠪᠠᠢ᠌ᠭᠤᠯᠤᠮᠵᠢ ᠵᠢᠨ ᠠᠶᠤᠯ ᠭᠠᠷᠴᠤ ᠮᠡᠳᠡᠬᠦ ᠬᠡᠮ ᠰᠤᠭᠤᠭ᠎ᠢ ᠴᠡᠭᠴᠡᠯᠡᠭᠰᠡᠨᠤ ᠲᠤᠳᠤᠷ᠎ᠠ ᠭᠠᠯ᠎ᠢ ᠰᠡᠷᠬᠡᠢ᠌ᠯᠡᠬᠦ᠂ ᠪᠡᠯᠡᠳᠬᠡᠯ ᠲᠦᠬᠦᠬᠡᠷᠤᠮᠵᠢ ᠵᠢᠨ ᠠᠶᠤᠯ ᠭᠠᠷᠴᠤ ᠮᠡᠳᠡᠬᠦ ᠬᠡᠮ ᠰᠤᠭᠤᠭ᠎ᠨᠢ ᠤᠯᠠᠡᠭᠬᠢ ᠵᠢ ᠡᠵᠡᠯᠡᠪᠡ᠃ ᠭᠠᠯ᠎ᠢ ᠰᠡᠷᠬᠡᠢ᠌ᠯᠡᠬᠦ᠂ ᠢᠳᠡᠬᠡᠨ ᠤᠮᠳᠠᠭ᠋ᠠᠨ᠎ᠤ ᠠᠮᠤᠷ ᠲᠦᠪᠰᠢᠨ᠃ ᠪᠠᠷᠢᠯᠭ᠎ᠠ ᠪᠠ ᠪᠡᠯᠡᠳᠬᠡᠯ ᠲᠦᠬᠦᠬᠡᠷᠤᠮᠵᠢ ᠵᠢᠨ ᠱᠠᠭ᠋ᠠᠷᠳᠠᠯᠭ᠎ᠠ ᠵᠢᠨ ᠲᠤᠬᠠᠢ ᠡᠯ᠎ᠡ ᠬᠦᠷᠢᠶ᠎ᠡ ᠴᠠᠷᠠᠭ᠎ᠠ᠎ᠳᠤ ᠴᠦᠮ ᠲᠤᠰᠬᠠᠢ ᠲᠦᠷᠢᠮ ᠲᠤᠬᠳᠠᠭ᠋ᠠᠯ᠎ᠲᠠᠢ ᠶᠤᠮ᠂ 《ᠨᠠᠰᠤᠵᠢᠯ᠎ᠤᠨ ᠪᠠᠢ᠌ᠭᠤᠯᠤᠮᠵᠢ ᠵᠢᠨ ᠬᠠᠮᠢᠶᠠᠷᠤᠯᠳᠠ ᠵᠢᠨ ᠠᠷᠭ᠎ᠠ》᠎ᠳᠤ ᠡᠨᠡ ᠤᠳᠠᠭ᠎ᠠ ᠬᠠᠮᠢᠶ᠎ᠠ ᠪᠦᠬᠦᠢ ᠬᠦᠷᠢᠶ᠎ᠡ ᠴᠠᠷ᠎ᠠ᠎ᠳᠤ ᠱᠠᠭ᠋ᠠᠷᠳᠠᠯᠭ᠎ᠠ ᠵᠢ ᠪᠠᠬᠳᠠᠭ᠋ᠠᠨ ᠤᠷᠤᠭᠤᠯᠵᠤ᠂ ᠤᠯᠠᠮ ᠨᠢᠬᠡ ᠠᠯᠬᠤᠮ ᠴᠢᠡᠭᠭ᠋ᠠᠳᠬᠠᠨ ᠲᠤᠳᠤᠷᠬᠠᠢ᠌ᠯᠠᠬᠰᠠᠨ ᠪᠠᠢ᠌ᠨ᠎ᠠ᠃
ᠬᠤᠶᠠᠷ ᠂ ᠦᠢ᠍ᠯᠡᠴᠢᠯᠡᠬᠡ ᠡᠵᠡᠡᠭᠨᠡᠯᠳᠡ ᠵᠢᠨ ᠠᠮᠤᠷ ᠲᠦᠪᠰᠢᠨ᠃ 《ᠠᠷᠭ᠎ᠠ》᠎ᠳᠤ ᠨᠠᠰᠤᠵᠢᠯ᠎ᠤᠨ ᠪᠠᠢ᠌ᠭᠤᠯᠤᠮᠵᠢ ᠵᠢᠨ ᠡᠵᠡᠡᠭᠨᠡᠬᠦ ᠵᠢ ᠦᠨᠡᠯᠡᠬᠦ᠂ ᠦᠢ᠍ᠯᠡᠴᠢᠯᠡᠬᠡᠨ᠎ᠤ ᠬᠡᠷ᠎ᠡ ᠲᠤᠬᠳᠠᠬᠤ᠂ ᠦᠢ᠍ᠯᠡᠴᠢᠯᠡᠬᠡᠨ᠎ᠤ ᠪᠠᠷᠢᠮᠵᠢᠶ᠎ᠠ᠂ ᠠᠵᠢᠯᠳᠠᠳ᠎ᠤᠨ ᠬᠢᠷᠢ ᠬᠡᠮ᠂ ᠬᠡᠨᠡᠳᠳᠡ ᠵᠢᠨ ᠠᠶᠤᠯ᠎ᠢ ᠪᠠᠴᠢᠮ ᠠᠷᠭ᠋ᠠᠴᠠᠭ᠋ᠠᠬᠤ ᠵᠡᠷᠬᠡ ᠲᠠᠯ᠎ᠠ᠎ᠪᠠᠷ᠎ᠬᠢ ᠱᠠᠭ᠋ᠠᠷᠳᠠᠯᠭ᠎ᠠ ᠵᠢ ᠤᠯᠠᠮ ᠲᠡᠬᠦᠯᠳᠡᠷᠵᠢᠬᠦᠯᠵᠤ᠂ ᠨᠠᠰᠤᠵᠢᠯ᠎ᠤᠨ ᠪᠠᠢ᠌ᠭᠤᠯᠤᠮᠵᠢ ᠵᠢᠨ ᠦᠢ᠍ᠯᠡᠴᠢᠯᠡᠬᠡᠨ᠎ᠤ ᠠᠵᠢᠯᠯᠠᠭ᠋ᠠᠨ᠎ᠤ ᠲᠤᠬᠠᠢ ᠲᠦᠷᠢᠮᠵᠢᠭᠰᠡᠨ ᠬᠠᠮᠢᠶᠠᠷᠤᠯᠳᠠ ᠵᠢ ᠴᠢᠡᠭᠭ᠋ᠠᠳᠬᠠᠵᠠᠢ᠃ ᠨᠠᠰᠤᠳᠠᠢ᠌ᠴᠤᠳ᠎ᠤᠨ ᠪᠡᠶ᠎ᠡ ᠮᠠᠬᠠᠪᠤᠳ᠎ᠤᠨ ᠤᠨᠴᠠᠯᠢᠭ᠎ᠠᠴᠠ ᠰᠢᠯᠳᠠᠭ᠋ᠠᠯᠠᠨ ᠦᠢ᠍ᠯᠡᠴᠢᠯᠡᠬᠡᠨ᠎ᠤ ᠶᠠᠪᠤᠴᠨ᠎ᠳᠤ ᠨᠠᠰᠤᠵᠢᠯ᠎ᠤᠨ ᠪᠠᠢ᠌ᠭᠤᠯᠤᠮᠵᠢ᠎ᠲᠠᠢ ᠡᠨᠳᠡᠯ᠎ᠤᠨ ᠲᠤᠬᠠᠢ ᠵᠠᠭᠤᠷᠠᠭ᠋ᠠᠨ ᠬᠢᠯᠪᠠᠷᠬᠠᠨ ᠭᠠᠷᠳᠠᠭ᠃ 《ᠠᠷᠭ᠎ᠠ》᠎ᠳᠤ ᠨᠠᠰᠤᠵᠢᠯ᠎ᠤᠨ ᠪᠠᠢ᠌ᠭᠤᠯᠤᠮᠵᠢ 24 ᠴᠠᠭ ᠵᠶ᠋ᠡᠷ ᠵᠢᠵᠢᠬᠦᠷᠯᠡᠵᠤ᠂ ᠤᠯᠠᠨ ᠨᠡᠢ᠌ᠳᠡ ᠵᠢᠨ ᠲᠠᠯᠠᠪᠤᠷ᠎ᠲᠤ᠎ᠪᠠᠨ ᠰᠢᠡᠭᠭᠡᠭᠡᠯᠳᠡ ᠵᠢᠨ ᠲᠤᠷᠠᠨ ᠤᠬᠰᠠᠷᠠᠵᠤ᠂ ᠲᠠᠭ᠋ᠠᠳᠬᠠᠯ ᠤᠷᠤᠬᠤ ᠵᠡᠷᠬᠡ ᠬᠡᠯᠪᠡᠷᠢ᠎ᠪᠠᠷ ᠡᠵᠡᠡᠭᠨᠡᠯᠳᠡ ᠵᠢᠨ ᠲᠦᠭᠰᠢᠬᠦᠷᠢ ᠵᠢ ᠪᠠᠭᠤᠷᠠᠭᠤᠯᠵᠤ ᠪᠤᠯᠤᠨ᠎ᠠ ᠭᠡᠵᠤ ᠲᠤᠳᠤᠷᠬᠠᠢ᠌ᠯᠠᠵᠠᠢ᠃
ᠭᠤᠷᠪᠠ᠂ ᠬᠢᠨᠠᠨ ᠬᠠᠮᠢᠶᠠᠷᠬᠤ ᠲᠠᠯ᠎ᠠ᠎ᠳᠤ ᠠᠮᠤᠷ ᠲᠦᠪᠰᠢᠨ᠎ᠤ ᠲᠠᠯ᠎ᠠ᠎ᠪᠠᠷ᠎ᠬᠢ ᠬᠢᠨᠠᠨ ᠬᠠᠮᠢᠶᠠᠷᠤᠯᠳᠠ ᠵᠢ ᠲᠤᠪᠤᠢ᠌ᠯᠭ᠋ᠠᠪᠠ᠃ ᠠᠷᠠᠳ᠎ᠤᠨ
ᠶᠠᠪᠤᠳᠠᠯ᠎ᠤᠨ ᠰᠠᠯᠠᠭ᠎ᠠ ᠮᠦᠴᠢᠷ᠎ᠨᠢ ᠨᠠᠰᠤᠵᠢᠯ᠎ᠤᠨ ᠪᠠᠢ᠌ᠭᠤᠯᠤᠮᠵᠢ᠎ᠳᠤ ᠬᠦᠮᠦᠰ᠎ᠤᠨ ᠡᠷᠡᠬᠦᠯ ᠮᠡᠨᠳᠤ ᠪᠤᠯᠤᠨ ᠠᠮᠢ ᠨᠠᠰᠤ᠂ ᠡᠳ᠋ ᠬᠦᠷᠤᠡᠭᠭᠡ ᠵᠢ ᠬᠤᠬᠢᠷᠠᠭᠤᠯᠬᠤ ᠲᠦᠭᠰᠢᠬᠦᠷᠢᠲᠠᠢ ᠪᠠᠢ᠌ᠭ᠎ᠠ ᠵᠢ ᠤᠯᠵᠤ ᠮᠡᠳᠡᠪᠡᠯ ᠲᠤᠬᠳᠠᠬᠰᠠᠨ ᠬᠤᠭᠤᠴᠠᠭ᠋ᠠᠨ᠎ᠤ ᠲᠤᠳᠤᠷ᠎ᠠ ᠴᠡᠭᠴᠡᠯᠡᠬᠦ ᠵᠢ ᠱᠠᠭ᠋ᠠᠷᠳᠠᠵᠤ᠂ ᠬᠤᠭᠤᠴᠠᠭ᠎ᠠ᠎ᠨᠢ ᠲᠤᠯᠤᠬᠰᠠᠨ ᠪᠠᠢ᠌ᠳᠠᠯ ᠴᠡᠭᠴᠡᠯᠡᠭᠰᠡᠨ ᠦᠬᠡᠢ ᠪᠤᠯ ᠠᠵᠢᠯ ᠵᠶ᠋ᠡᠨ ᠵᠤᠬᠰᠤᠭ᠋ᠠᠵᠤ ᠴᠡᠭᠴᠡᠯᠡᠬᠦ ᠵᠢ ᠱᠠᠭ᠋ᠠᠷᠳᠠᠬᠤ ᠬᠡᠷᠡᠭᠳᠡᠢ᠃ 《ᠠᠷᠭ᠎ᠠ》᠎ᠳᠤ ᠬᠠᠤᠯᠢ ᠵᠢᠨ ᠬᠠᠷᠢᠭᠤᠴᠠᠯᠭ᠎ᠠ ᠲᠤᠮᠳᠠ ᠠᠮᠤᠷ ᠲᠦᠪᠰᠢᠨ᠎ᠲᠠᠢ ᠬᠤᠯᠪᠤᠬᠳᠠᠬᠰᠠᠨ ᠬᠡᠷᠡᠭ ᠶᠠᠪᠤᠳᠠᠯ᠎ᠤᠨ ᠲᠤᠬᠠᠢ ᠲᠤᠷᠭᠤᠭ᠋ᠠᠬᠤ ᠠᠭᠤᠯᠬ᠎ᠠ ᠪᠤᠢ ᠶᠤᠮ᠃ ᠨᠡᠮᠡᠵᠤ ᠬᠡᠯᠡᠬᠦ᠎ᠳᠤ ᠨᠢᠳᠤᠨᠤᠨ ᠵᠢᠯ᠎ᠤᠨ ᠰᠡᠬᠦᠯ᠎ᠳᠤ ᠨᠡᠢ᠌ᠳᠡᠯᠡᠭᠰᠡᠨ 《ᠨᠠᠰᠤᠵᠢᠯ᠎ᠤᠨ ᠪᠠᠢ᠌ᠭᠤᠯᠤᠮᠵᠢ ᠵᠢᠨ ᠦᠢ᠍ᠯᠡᠴᠢᠯᠡᠬᠡᠨ᠎ᠤ ᠠᠮᠤᠷ ᠲᠦᠪᠰᠢᠨ᠎ᠤ ᠦᠨᠳᠤᠰᠤᠨ ᠲᠦᠷᠢᠮᠵᠢᠯ》᠎ᠳᠤ ᠠᠯᠪᠠᠳᠠᠯᠭ᠎ᠠ ᠵᠢᠨ ᠰᠢᠨᠵᠢ᠎ᠲᠠᠢ ᠤᠯᠤᠰ᠎ᠤᠨ ᠪᠠᠷᠢᠮᠵᠢᠶ᠎ᠠ ᠵᠢ 2022 ᠤᠨ᠎ᠤ 1 ᠳ᠋ᠤᠬᠡᠷ ᠰᠠᠷ᠎ᠠ 1᠎ᠤ ᠡᠳᠤᠷ᠎ᠠᠴᠠ ᠡᠬᠢᠯᠡᠨ ᠬᠡᠷᠡᠭᠵᠢᠬᠦᠯᠬᠦ᠎ᠪᠠᠷ ᠲᠤᠬᠳᠠᠵᠠᠢ᠂ ᠲᠡᠷᠨ ᠦᠶ᠎ᠡ᠎ᠳᠤ 《ᠠᠷᠭ᠎ᠠ》᠎ᠳᠤ ᠮᠥᠨ ᠡᠨᠡ ᠬᠦ᠌ ᠠᠯᠪᠠᠳᠠᠯᠭ᠎ᠠ ᠵᠢᠨ ᠰᠢᠨᠵᠢ᠎ᠲᠠᠢ ᠤᠯᠤᠰ᠎ᠤᠨ ᠪᠠᠷᠢᠮᠵᠢᠶ᠎ᠠ ᠵᠢ ᠬᠡᠷᠡᠭᠵᠢᠬᠦᠯᠬᠦ᠎ᠲᠠᠢ ᠠᠮᠨ ᠰᠡᠬᠡᠷ ᠠᠪᠤᠴᠠᠯᠳᠤᠭᠤᠯᠵᠤ᠂ ᠡᠨᠡ ᠬᠦ᠌ ᠠᠯᠪᠠᠳᠠᠯᠭ᠎ᠠ ᠵᠢᠨ ᠰᠢᠨᠵᠢ᠎ᠲᠠᠢ ᠤᠯᠤᠰ᠎ᠤᠨ ᠪᠠᠷᠢᠮᠵᠢᠶ᠎ᠠ᠎ᠪᠠᠷ ᠦᠢ᠍ᠯᠡᠴᠢᠯᠡᠭᠰᠡᠨ ᠦᠬᠡᠢ ᠵᠢ᠎ᠨᠢ ᠠᠷᠠᠳ᠎ᠤᠨ ᠶᠠᠪᠤᠳᠠᠯ᠎ᠤᠨ ᠰᠠᠯᠠᠭ᠎ᠠ ᠮᠦᠴᠢᠷ᠎ᠠᠴᠠ ᠬᠠᠤᠯᠢ ᠶᠤᠰᠤᠭ᠋ᠠᠷ ᠵᠠᠰᠠᠭ ᠵᠠᠬᠢᠷᠭ᠋ᠠᠨ᠎ᠤ ᠲᠤᠷᠭᠤᠭ᠋ᠠᠯᠢ ᠦᠭᠭᠦᠨ᠎ᠡ᠃
ᠰᠤᠷᠪᠤᠯᠵᠢᠯᠠᠬ᠍ᠴᠢ ᠄ ᠨᠡᠮᠡᠨ ᠵᠠᠰᠠᠬᠰᠠᠨ 《ᠠᠷᠭ᠎ᠠ》᠎ᠨᠢ ᠨᠠᠰᠤᠵᠢᠯ᠎ᠤᠨ ᠪᠠᠢ᠌ᠭᠤᠯᠤᠮᠵᠢ ᠵᠢᠨ ᠪᠠᠴᠢᠮ ᠪᠠᠢ᠌ᠳᠠᠯ᠎ᠢ ᠠᠷᠭ᠋ᠠᠴᠠᠭ᠋ᠠᠬᠤ ᠪᠠ ᠬᠡᠨᠡᠳᠳᠡ ᠵᠢᠨ ᠬᠡᠷᠡᠭ ᠤᠴᠢᠷ᠎ᠢ ᠰᠢᠢ᠍ᠳᠪᠤᠷᠢᠯᠡᠬᠦ ᠴᠢᠳᠠᠪᠤᠷᠢ ᠵᠢᠨ ᠲᠠᠯ᠎ᠠ᠎ᠳᠤ ᠶᠠᠮᠠᠷ ᠰᠢᠨ᠎ᠡ ᠲᠦᠷᠢᠮ ᠭᠠᠷᠭ᠋ᠠᠪᠠ?
ᠯᠢ ᠪᠠᠡᠭ ᠬᠤᠸᠨ᠄ ᠡᠨᠡ ᠤᠳᠠᠭ᠋ᠠᠨ᠎ᠤᠨ ᠰᠢᠨ᠎ᠡ ᠲᠢᠲᠢᠮᠯᠢᠭ ᠠᠭᠤᠰᠬᠢᠨ ᠦᠷᠪᠢᠰᠤᠯ᠎ᠤᠨ ᠬᠢᠵᠢᠭ᠎ᠢ ᠰᠡᠷᠬᠡᠢ᠌ᠯᠡᠬᠦ ᠠᠵᠢᠯ ᠲᠤᠮᠳᠠ ᠠᠷᠠᠳ᠎ᠤᠨ ᠶᠠᠪᠤᠳᠠᠯ᠎ᠤᠨ ᠰᠠᠯᠠᠭ᠎ᠠ ᠮᠦᠴᠢᠷ ᠰᠤᠨᠢᠨ ᠮᠡᠳᠡᠬᠡ ᠨᠡᠢ᠌ᠳᠡᠯᠡᠬᠦ ᠬᠤᠷᠠᠯ ᠤᠯᠠᠨᠳᠠ ᠬᠤᠷᠠᠯᠳᠤᠵᠤ ᠬᠠᠮᠢᠶ᠎ᠠ ᠪᠦᠬᠦᠢ ᠪᠠᠢ᠌ᠳᠠᠯ᠎ᠢ ᠤᠯᠠᠨ᠎ᠳᠤ ᠮᠡᠳᠡᠬᠦᠯᠵᠡᠢ᠃ ᠪᠦᠬᠦ ᠤᠯᠤᠰ᠎ᠤᠨ ᠨᠠᠰᠤᠵᠢᠯ᠎ᠤᠨ ᠪᠠᠢ᠌ᠭᠤᠯᠤᠮᠵᠢ᠎ᠨᠢ ᠬᠤᠯᠪᠤᠭ᠋ᠠᠯᠠᠨ ᠰᠡᠷᠭᠡᠢ᠌ᠯᠡᠵᠤ ᠬᠤᠯᠪᠤᠭ᠋ᠠᠯᠠᠨ ᠡᠵᠡᠮᠳᠡᠬᠦ ᠲᠤᠬᠳᠠᠴᠨ ᠵᠢᠨ ᠨᠢᠬᠡᠳᠤᠯᠳᠡᠢ ᠪᠠᠢ᠌ᠷᠢᠯᠠᠭᠤᠯᠤᠯᠳᠠ ᠲᠤᠤᠷ᠎ᠠ ᠪᠦᠳᠦᠮᠵᠢᠳᠡᠢ ᠰᠡᠷᠬᠡᠢ᠌ᠯᠡᠬᠦ ᠠᠷᠭ᠎ᠠ ᠠᠪᠴᠤ᠂ ᠨᠠᠰᠤᠵᠢᠯ᠎ᠤᠨ ᠪᠠᠢ᠌ᠭᠤᠯᠤᠮᠵᠢ ᠵᠢᠨ ᠬᠦᠷᠢᠶᠡᠨ᠎ᠳᠤ ᠰᠢᠢ᠍ᠳᠪᠤᠷᠢᠳᠤ ᠴᠢᠨᠠᠷᠲᠠᠢ ᠠᠮᠵᠢᠯᠳᠠ ᠵᠢ ᠲᠡᠮᠡᠴᠡᠨ ᠤᠯᠤᠬᠰᠠᠨ ᠪᠤᠯᠪᠠᠴᠤ ᠨᠠᠰᠤᠵᠢᠯ᠎ᠤᠨ ᠪᠠᠢ᠌ᠭᠤᠯᠤᠮᠵᠢ ᠵᠢᠨ ᠤᠯᠠᠨ ᠨᠡᠢ᠌ᠳᠡ ᠵᠢᠨ ᠡᠷᠡᠬᠦᠯ ᠬᠠᠮᠠᠭ᠋ᠠᠯᠠᠯ᠎ᠤᠨ ᠪᠠᠴᠢᠮ᠎ᠢ ᠠᠷᠭ᠋ᠠᠴᠠᠭ᠋ᠠᠬᠤ ᠴᠢᠳᠠᠪᠤᠷᠢ ᠪᠠ ᠪᠤᠰᠤᠳ ᠬᠡᠨᠡᠳᠳᠡ ᠵᠢᠨ ᠬᠡᠷᠡᠭ᠎ᠢ ᠠᠷᠭ᠋ᠠᠴᠠᠭ᠋ᠠᠬᠤ ᠲᠠᠯ᠎ᠠ᠎ᠪᠠᠷ ᠬᠦᠢ᠍ᠴᠡᠳ ᠪᠤᠰᠤ ᠪᠠᠢ᠌ᠬᠤ ᠲᠤᠳᠠᠬᠳᠠᠯ ᠵᠶ᠋ᠡᠨ ᠢᠯᠡᠷᠡᠬᠦᠯᠵᠡᠢ᠃ 《ᠠᠷᠭ᠎ᠠ》᠎ᠳᠤ ᠡᠨᠡ ᠤᠳᠠᠭ᠋ᠠᠨ᠎ᠤ ᠬᠢᠵᠢᠭ᠎ᠢ ᠰᠡᠷᠬᠡᠢ᠌ᠯᠡᠬᠦ ᠲᠤᠮᠳᠠ᠎ᠠᠴᠠ ᠤᠯᠤᠬᠰᠠᠨ ᠲᠤᠷᠰᠢᠯᠭ᠎ᠠ ᠰᠤᠷᠭ᠋ᠠᠮᠵᠢ᠎ᠪᠠᠨ ᠴᠠᠭ ᠲᠠᠷᠤᠢ᠎ᠳᠤ᠎ᠨᠢ ᠳ᠋ᠦᠡᠭᠨᠡᠵᠤ᠂ ᠬᠠᠮᠢᠶ᠎ᠠ ᠪᠦᠬᠦᠢ ᠲᠤᠬᠳᠠᠭ᠋ᠠᠯ᠎ᠢ ᠭᠠᠷᠭ᠋ᠠᠵᠠᠢ᠃
ᠨᠢᠬᠡ᠎ᠳᠤ᠂ ᠬᠡᠨᠡᠳᠳᠡ ᠵᠢᠨ ᠬᠡᠷᠡᠭ᠎ᠢ ᠪᠠᠴᠢᠮ ᠠᠷᠭ᠋ᠠᠴᠠᠭ᠋ᠠᠬᠤ ᠲᠦᠷᠢᠮ᠎ᠢ ᠪᠠᠢ᠌ᠭᠤᠯᠤᠨ ᠲᠡᠬᠦᠯᠳᠡᠷᠵᠢᠬᠦᠯᠬᠦ ᠬᠡᠷᠡᠭᠳᠡᠢ᠃ 《ᠠᠷᠭ᠎ᠠ》᠎ᠳᠤ ᠪᠤᠳᠠᠳᠠᠢ ᠪᠠᠢ᠌ᠳᠠᠯ᠎ᠲᠠᠢ᠎ᠪᠠᠨ ᠤᠶᠠᠯᠳᠤᠭᠤᠯᠤᠨ ᠨᠠᠰᠤᠵᠢᠯ᠎ᠤᠨ ᠪᠠᠢ᠌ᠭᠤᠯᠤᠮᠵᠢ ᠵᠢ ᠪᠠᠢ᠌ᠭ᠋ᠠᠯᠢ ᠵᠢᠨ ᠭᠠᠮᠰᠢᠭ᠂ ᠬᠡᠨᠡᠳᠳᠡ ᠵᠢᠨ ᠠᠶᠤᠯ᠂ ᠤᠯᠠᠨ ᠨᠡᠢ᠌ᠳᠡ ᠵᠢᠨ ᠡᠷᠡᠬᠦᠯ ᠬᠠᠮᠠᠭ᠋ᠠᠯᠠᠯ᠎ᠤᠨ ᠬᠡᠷᠡᠭ ᠪᠠ ᠨᠡᠢ᠌ᠬᠡᠮ᠎ᠤᠨ ᠠᠮᠤᠷ ᠲᠦᠪᠰᠢᠨ᠎ᠤ ᠬᠡᠷᠡᠭ ᠵᠡᠷᠬᠡ ᠬᠡᠨᠡᠳᠳᠡ ᠵᠢᠨ ᠬᠡᠷᠡᠭ᠎ᠢ ᠠᠷᠭ᠋ᠠᠴᠠᠭ᠋ᠠᠬᠤ ᠲᠤᠬᠠᠢ ᠬᠠᠤᠯᠢ ᠶᠤᠰᠤᠭ᠋ᠠᠷ ᠲᠦᠰᠤᠯ ᠭᠠᠷᠭ᠋ᠠᠬᠤ ᠵᠢ ᠱᠠᠭ᠋ᠠᠷᠳᠠᠬᠰᠠᠨᠤ ᠬᠠᠮᠳᠤ ᠨᠠᠰᠤᠵᠢᠯ᠎ᠤᠨ ᠲᠠᠯᠠᠪᠤᠷ᠎ᠲᠤ᠎ᠪᠠᠨ ᠰᠡᠷᠡᠮᠵᠢ ᠵᠢᠨ ᠲᠤᠬᠢᠶᠠᠨ᠎ᠤ ᠲᠦᠬᠦᠬᠡᠷᠤᠮᠵᠢ ᠪᠠ ᠬᠡᠷᠡᠭᠴᠡᠬᠡ ᠪᠦᠬᠦᠢ ᠪᠠᠴᠢᠮ᠎ᠢ ᠠᠷᠭ᠋ᠠᠴᠠᠭ᠋ᠠᠵᠤ ᠠᠪᠤᠷᠠᠨ ᠲᠤᠰᠠᠯᠠᠭᠤ ᠪᠡᠯᠡᠳᠬᠡᠯ ᠲᠦᠬᠦᠬᠡᠷᠤᠮᠵᠢ ᠤᠬᠰᠠᠷᠠᠨ᠂ ᠲᠤᠬᠳᠠᠬᠰᠠᠨ ᠬᠤᠭᠤᠴᠠᠭ᠋ᠠᠨ᠎ᠳᠤ ᠬᠡᠨᠡᠳᠳᠡ ᠵᠢᠨ ᠡᠨᠳᠡᠯ᠎ᠢ ᠠᠷᠭ᠋ᠠᠴᠭ᠋ᠠᠠᠬᠤ ᠰᠤᠷᠢᠯᠳᠠ ᠬᠢᠬᠦ ᠬᠡᠷᠡᠭᠳᠡᠢ ᠭᠡᠵᠤ ᠱᠠᠭ᠋ᠠᠷᠳᠠᠵᠠᠢ᠃ ᠡᠬᠦᠨ᠎ᠳᠤ ᠪᠠᠢ᠌ᠭ᠋ᠠᠯᠢ ᠵᠢᠨ ᠭᠠᠮᠰᠢᠭ᠎ᠲᠤ ᠭᠤᠤᠯᠳᠠᠭᠤ ᠲᠠᠢ᠌ᠪᠤᠡᠭ ᠰᠠᠯᠬᠢ᠂ ᠦᠶᠡᠷ ᠤᠰᠤᠳᠠᠯ᠂ ᠭᠠᠵᠠᠷ ᠬᠦᠳᠡᠯᠤᠯᠳᠠ᠂ ᠰᠢᠪᠠᠷ ᠰᠢᠷᠤᠢ ᠵᠢᠨ ᠤᠷᠤᠰᠬᠠᠯ᠎ᠤᠨ ᠭᠠᠮᠰᠢᠭ ᠵᠡᠷᠬᠡ᠃ ᠤᠯᠠᠨ ᠨᠡᠢ᠌ᠳᠡ ᠵᠢᠨ ᠡᠷᠡᠬᠦᠯ ᠬᠠᠮᠠᠭ᠋ᠠᠯᠠᠯᠤ ᠬᠡᠷᠡᠭ᠎ᠲᠤ ᠭᠤᠤᠯᠳᠠᠭᠤ ᠬᠠᠯᠳᠠᠪᠤᠷᠢᠳᠤ ᠡᠪᠡᠳᠴᠢᠨ᠂ ᠰᠢᠯᠳᠠᠭ᠋ᠠᠨ᠎ᠢ᠎ᠨᠢ ᠦᠯᠤ ᠮᠡᠳᠡᠬᠦ ᠤᠯᠠᠨ ᠲᠦᠮᠡᠨᠴᠢ ᠴᠢᠨᠠᠷᠲᠠᠢ ᠡᠪᠡᠳᠴᠢᠨ᠂ ᠬᠦᠨᠳᠤ ᠨᠤᠴᠢᠳᠠᠢ ᠢᠳᠡᠬᠡᠨ᠎ᠤ ᠬᠤᠤᠷᠳᠠᠯ ᠪᠠ ᠲᠤᠬᠠᠢ᠌ᠯᠠᠬᠰᠠᠨ ᠠᠵᠢᠯ᠎ᠤᠨ ᠬᠤᠤᠷᠳᠠᠯ ᠵᠡᠷᠬᠡ ᠪᠠᠬᠳᠠᠨ᠎ᠠ᠃ ᠨᠡᠢ᠌ᠬᠡᠮ᠎ᠤᠨ ᠠᠮᠤᠷ ᠲᠦᠪᠰᠢᠨ᠎ᠤ ᠬᠡᠷᠡᠭ᠎ᠲᠤ ᠡᠷᠡᠬᠦᠤ ᠵᠢᠨ ᠬᠡᠷᠡᠭ᠂ ᠤᠯᠠᠨ ᠲᠦᠮᠡᠨᠴᠢ ᠴᠢᠨᠠᠷᠲᠠᠢ ᠬᠡᠷᠡᠭ ᠵᠡᠷᠬᠡ ᠪᠠᠬᠳᠠᠨ᠎ᠠ᠃ ᠬᠡᠨᠡᠳᠳᠡ ᠵᠢᠨ ᠬᠡᠷᠡᠭ ᠡᠬᠦᠰᠦᠭᠰᠡᠨ᠎ᠤ ᠲᠠᠷᠠᠭ᠎ᠠ ᠨᠠᠰᠤᠵᠢᠯ᠎ᠤᠨ ᠪᠠᠢ᠌ᠭᠤᠯᠤᠮᠵᠢ᠎ᠨᠢ ᠪᠠᠴᠢᠮ᠎ᠢ ᠠᠷᠭ᠋ᠠᠴᠠᠭ᠋ᠠᠬᠤ ᠲᠦᠰᠤᠯ ᠵᠶ᠋ᠡᠨ ᠲᠡᠷᠨ ᠲᠡᠷᠤᠢ ᠬᠡᠷᠡᠭᠵᠢᠬᠦᠯᠵᠤ᠂ ᠠᠶᠤᠯ ᠶᠡᠬᠡᠰᠬᠦ ᠵᠢ ᠰᠡᠷᠬᠡᠢ᠌ᠯᠡᠬᠦ ᠱᠠᠭ᠋ᠠᠷᠳᠠᠯᠭ᠎ᠠ ᠪᠦᠬᠦᠢ ᠠᠷᠭ᠎ᠠ ᠬᠡᠮᠵᠢᠶ᠎ᠡ ᠵᠢ ᠠᠪᠬᠤ ᠵᠢᠨ ᠬᠠᠮᠳᠤ ᠬᠡᠨᠡᠳᠳᠡ ᠵᠢᠨ ᠬᠡᠷᠡᠭ᠎ᠢ ᠠᠷᠭ᠋ᠠᠴᠠᠭ᠋ᠠᠬᠤ ᠬᠠᠮᠢᠶᠠᠷᠤᠯᠳᠠ ᠵᠢ ᠬᠠᠷᠢᠭᠤᠴᠠᠯᠭ᠎ᠠ ᠵᠢᠨ ᠬᠤᠪᠢᠶᠠᠷᠢᠯᠠᠯᠳᠠ ᠶᠤᠰᠤᠭ᠋ᠠᠷ ᠬᠠᠮᠢᠶ᠎ᠠ ᠪᠦᠬᠦᠢ ᠰᠠᠯᠠᠭ᠎ᠠ ᠮᠦᠴᠢᠷ ᠪᠠ ᠠᠷᠠᠳ᠎ᠤᠨ ᠶᠠᠪᠤᠳᠠᠯ᠎ᠤᠨ ᠰᠠᠯᠠᠭ᠎ᠠ ᠮᠦᠴᠢᠷ᠎ᠲᠤ ᠮᠡᠳᠡᠬᠦᠯᠬᠦ ᠬᠡᠷᠡᠭᠳᠡᠢ᠃
ᠬᠤᠶᠠᠷ᠎ᠲᠤ᠂ ᠬᠡᠨᠡᠳᠳᠡ ᠡᠬᠦᠰᠦᠭᠰᠡᠨ ᠤᠯᠠᠨ ᠨᠡᠢ᠌ᠳᠡ ᠵᠢᠨ ᠡᠷᠡᠬᠦᠯ ᠬᠠᠮᠠᠭ᠋ᠠᠯᠠᠯ᠎ᠤᠨ ᠬᠡᠷᠡᠭ᠎ᠢ ᠠᠷᠭ᠋ᠠᠴᠠᠭ᠋ᠠᠬᠤ ᠠᠵᠢᠯ᠎ᠢ ᠰᠠᠢ᠌ᠳᠤᠷ ᠬᠢᠬᠦ ᠬᠡᠷᠡᠭᠳᠡᠢ᠃ ᠨᠠᠰᠤᠳᠠᠢ᠌ᠴᠤᠳ᠎ᠲᠤ ᠰᠢᠨ᠎ᠡ ᠲᠢᠲᠢᠮᠯᠢᠭ ᠠᠭᠤᠰᠬᠢᠨ ᠦᠷᠪᠢᠰᠤᠯ ᠠᠮᠠᠷᠬᠠᠨ ᠬᠠᠯᠳᠠᠪᠤᠷᠢᠯᠠᠬᠤ᠎ᠪᠠᠷ ᠪᠠᠷᠠᠬᠤ ᠦᠬᠡᠢ᠂ ᠨᠠᠰᠤᠵᠢᠯ᠎ᠤᠨ ᠪᠠᠢ᠌ᠭᠤᠯᠤᠮᠵᠢ ᠴᠦ᠍ ᠬᠦᠮᠦᠨ ᠤᠯᠠᠨ ᠭᠠᠵᠠᠷ ᠪᠤᠯᠬᠤᠷ ᠰᠢᠨ᠎ᠡ ᠲᠢᠲᠢᠮᠯᠢᠭ ᠠᠭᠤᠰᠬᠢᠨ ᠦᠷᠪᠢᠰᠤᠯ᠎ᠤᠨ ᠬᠢᠵᠢᠭ᠎ᠢ ᠰᠡᠷᠬᠡᠢ᠌ᠯᠡᠭᠰᠡᠨ ᠦᠢ᠍ᠯᠡᠳᠤᠯᠬᠡ ᠪᠠ ᠬᠠᠯᠳᠠᠪᠤᠷᠢᠳᠤ ᠡᠪᠡᠳᠴᠢᠨ᠎ᠤ ᠰᠡᠷᠬᠡᠢ᠌ᠯᠡᠬᠦ ᠬᠠᠤᠯᠢ ᠵᠢᠨ ᠱᠠᠭ᠋ᠠᠷᠳᠠᠯᠭ᠎ᠠ ᠵᠢ ᠦᠨᠳᠤᠰᠤᠯᠠᠨ 《ᠠᠷᠭ᠎ᠠ》᠎ᠳᠤ ᠨᠠᠰᠤᠵᠢᠯ᠎ᠤᠨ ᠪᠠᠢ᠌ᠭᠤᠯᠤᠮᠵᠢ ᠵᠢᠨ ᠬᠠᠯᠳᠠᠪᠤᠷᠢᠳᠤ ᠡᠪᠡᠳᠴᠢᠨ᠎ᠢ ᠰᠡᠷᠬᠡᠢ᠌ᠯᠡᠬᠦ ᠲᠤᠬᠠᠢ ᠲᠤᠳᠤᠷᠬᠠᠢ ᠱᠠᠭ᠋ᠠᠷᠳᠠᠯᠭ᠎ᠠ ᠲᠤᠷᠠᠳᠴᠠᠢ᠃ 《ᠠᠷᠭ᠎ᠠ》 ᠵᠢᠨ ᠬᠤᠷᠢᠳᠤᠭ᠋ᠠᠷ ᠵᠤᠷᠪᠤᠰ᠎ᠲᠤ᠂ ᠨᠠᠰᠤᠳᠠᠢ᠌ᠴᠤᠳ᠎ᠨᠢ ᠬᠠᠯᠳᠠᠪᠤᠷᠢᠳᠤ ᠡᠪᠡᠳᠴᠢᠳᠠᠨ ᠪᠤᠶᠤ ᠬᠠᠯᠳᠠᠪᠤᠷᠢᠳᠤ ᠡᠪᠡᠳᠴᠢᠨ᠎ᠤ ᠰᠡᠵᠢᠭ᠎ᠲᠠᠢ ᠪᠠᠢ᠌ᠬᠤ ᠵᠢ ᠨᠠᠰᠤᠵᠢᠯ᠎ᠤᠨ ᠪᠠᠢ᠌ᠭᠤᠯᠤᠮᠵᠢ᠎ᠨᠢ ᠤᠯᠵᠤ ᠮᠡᠳᠡᠪᠡᠯ ᠤᠢ᠌ᠷ᠎ᠠ ᠬᠠᠪᠢ ᠵᠢᠨ ᠡᠪᠡᠳᠴᠢᠨ ᠬᠢᠵᠢᠭ᠎ᠢ ᠰᠡᠷᠭᠡᠢ᠌ᠯᠡᠬᠦ ᠪᠠᠢ᠌ᠭᠤᠯᠤᠮᠵᠢ ᠪᠤᠶᠤ ᠡᠮᠨᠡᠯᠬᠡ᠎ᠳᠤ ᠲᠠᠷᠤᠢ᠎ᠳᠤ᠎ᠨᠢ ᠮᠡᠳᠡᠬᠦᠯᠵᠤ᠂ ᠲᠦᠷ ᠡᠮᠴᠢᠯᠡᠬᠦ᠂ ᠲᠤᠰᠠᠭ᠋ᠠᠷᠯᠠᠬᠤ ᠵᠡᠷᠬᠡ ᠤᠷᠢᠳᠴᠢᠯᠠᠨ ᠰᠡᠷᠭᠡᠢ᠌ᠯᠡᠬᠦ ᠠᠷᠭ᠎ᠠ ᠠᠪᠬᠤ᠎ᠳᠤ ᠬᠠᠮᠵᠢᠯᠴᠠᠬᠤ ᠬᠡᠷᠡᠭᠳᠡᠢ ᠭᠡᠵᠤ ᠲᠤᠬᠳᠠᠭ᠋ᠠᠵᠠᠢ᠃ ᠨᠠᠰᠤᠵᠢᠯ᠎ᠤᠨ ᠪᠠᠢ᠌ᠭᠤᠯᠤᠮᠵᠢ᠎ᠨᠢ ᠬᠠᠯᠳᠠᠪᠤᠷᠢᠳᠤ ᠡᠪᠡᠳᠴᠢᠨ᠎ᠲᠠᠢ ᠨᠠᠰᠤᠳᠠᠢ᠌ᠴᠤᠳ᠎ᠢ ᠬᠦᠯᠢᠶᠡᠨ ᠠᠪᠬᠤ ᠦᠬᠡᠢ᠂ ᠬᠡᠷᠪᠡ ᠬᠠᠯᠳᠠᠪᠤᠷᠢᠳᠤ ᠡᠪᠡᠳᠴᠢᠨ᠎ᠲᠠᠢ ᠪᠤᠯ ᠵᠠᠰᠠᠭᠤᠯᠵᠤ ᠢᠯᠡᠷᠢᠰᠢᠬᠡᠳ ᠡᠷᠡᠬᠦᠯ ᠰᠠᠷᠠᠭᠤᠯ ᠪᠤᠯᠤᠬᠰᠠᠨ᠎ᠤ ᠬᠤᠢ᠌ᠨ᠎ᠠ ᠰᠠᠶᠢ ᠨᠠᠰᠤᠵᠢᠯ᠎ᠤᠨ ᠪᠠᠢ᠌ᠭᠤᠯᠤᠮᠵᠢ᠎ᠳᠤ ᠢᠷᠡᠵᠤ ᠰᠠᠭᠤᠵᠤ ᠪᠤᠯᠤᠨ᠎ᠠ᠃ 《ᠠᠷᠭ᠎ᠠ》᠎ᠳᠤ ᠨᠠᠰᠤᠵᠢᠯ᠎ᠤᠨ ᠪᠠᠢ᠌ᠭᠤᠯᠤᠮᠵᠢ᠎ᠳᠤ ᠬᠠᠯᠳᠠᠪᠤᠷᠢᠳᠤ ᠡᠪᠡᠳᠴᠢᠨ ᠭᠠᠷᠪᠠᠯ ᠬᠡᠷᠬᠢᠬᠦ ᠪᠠ ᠬᠠᠯᠳᠠᠪᠤᠷᠢᠳᠤ ᠡᠪᠡᠳᠴᠢᠨ᠎ᠢ ᠰᠡᠷᠬᠡᠢ᠌ᠯᠡᠬᠦ ᠬᠠᠤᠯᠢ ᠵᠡᠷᠬᠡ ᠬᠠᠮᠢᠶ᠎ᠠ ᠪᠦᠬᠦᠢ ᠬᠠᠤᠯᠢ ᠴᠠᠭ᠋ᠠᠵᠨ ᠬᠠᠤᠯᠢ ᠲᠦᠷᠢᠮ᠎ᠲᠠᠢ ᠬᠡᠷᠬᠢᠨ ᠠᠪᠴᠠᠯᠳᠤᠭᠤᠯᠬᠤ ᠠᠰᠠᠭᠤᠳᠠᠯ᠎ᠢ ᠭᠤᠤᠯᠴᠢᠯᠠᠨ ᠰᠢᠢ᠍ᠳᠪᠤᠷᠢᠯᠡᠵᠡᠢ᠃ ᠲᠠᠷᠠᠭ᠎ᠠ᠎ᠪᠠᠷ 《ᠠᠷᠭ᠎ᠠ》᠎ᠳᠤ ᠲᠤᠷᠠᠳᠤᠬᠰᠠᠨ ᠬᠡᠨᠡᠳᠳᠡ ᠵᠢᠨ ᠬᠡᠷᠡᠭ᠎ᠢ ᠪᠠᠴᠢᠮ ᠠᠷᠭ᠋ᠠᠴᠠᠭ᠋ᠠᠬᠤ ᠱᠠᠭ᠋ᠠᠷᠳᠠᠯᠭ᠎ᠠ ᠵᠢ ᠨᠠᠢ᠌ᠳᠠᠪᠤᠷᠢᠵᠢᠭᠤᠯᠬᠤ᠎ᠳᠤ ᠠᠷᠠᠳ᠎ᠤᠨ ᠶᠠᠪᠤᠳᠠᠯ᠎ᠤᠨ ᠰᠠᠯᠠᠭ᠎ᠠ ᠮᠦᠴᠢᠷ᠎ᠨᠢ ᠪᠠᠰᠨ ᠬᠠᠮᠢᠶ᠎ᠠ ᠪᠦᠬᠦᠢ ᠲᠦᠬᠦᠷᠵᠢᠭᠰᠡᠨ ᠠᠷᠭ᠎ᠠ ᠲᠤᠬᠳᠠᠭ᠋ᠠᠬᠤ ᠵᠢ ᠠᠬᠢᠭᠤᠯᠬᠤ ᠬᠡᠷᠡᠭᠳᠡᠢ᠂ ᠡᠬᠦᠨ᠎ᠳᠤ ᠪᠦᠬᠦ ᠤᠯᠤᠰ᠎ᠤᠨ ᠨᠠᠰᠤᠵᠢᠯ᠎ᠤᠨ ᠪᠠᠢ᠌ᠭᠤᠯᠤᠮᠵᠢ ᠵᠢᠨ ᠪᠠᠴᠢᠮ ᠠᠪᠤᠷᠠᠯᠳᠠ ᠵᠢᠨ ᠲᠤᠬᠳᠠᠴᠨᠢ ᠴᠢᠡᠭᠭ᠋ᠠᠳᠬᠠᠨ᠂ 《ᠠᠷᠭ᠎ᠠ》 ᠵᠢ ᠪᠤᠳᠠᠳᠠᠢ ᠪᠦᠬᠡᠳ ᠨᠠᠷᠢᠯᠢᠭ ᠨᠠᠢ᠌ᠳᠠᠪᠤᠷᠢᠵᠢᠭᠤᠯᠬᠤ ᠬᠡᠷᠡᠭᠳᠡᠢ ᠪᠠᠢ᠌ᠨ᠎ᠠ᠃
ᠤᠷᠴᠢᠭᠤᠯᠤᠬ᠍ᠴᠢ ᠬᠠᠶᠢᠭ᠄ ᠬᠦᠬᠡᠬᠤᠳᠠ ᠵᠢᠨ ᠮᠤᠡᠭᠭᠤᠯ ᠦᠨᠳᠤᠰᠤᠳᠡᠨ᠎ᠤ ᠲᠤᠮᠳᠠᠳᠤ ᠰᠤᠷᠭ᠋ᠠᠭᠤᠯᠢ