ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠢᠯᠡ ᠵᠠᠰᠠᠭ   -   ᠲᠥᠷᠥ᠎ᠶᠢᠨ ᠪᠣᠳᠣᠯᠭ᠎ᠠ᠎ᠶᠢᠨ ᠲᠠᠶ᠋ᠢᠯᠤᠮᠵᠢ
ᠠᠷᠠᠳ᠎ᠤᠨ ᠠᠮᠢᠳᠤᠷᠠᠯ᠎ᠤᠨ ᠪᠠᠳᠤᠯᠠᠭ᠎ᠠ ᠪᠤᠯ ᠲᠤᠮᠳᠠᠳᠤ ᠤᠯᠤᠰ᠎ᠤᠨ ᠤᠨᠴᠠᠯᠢᠭ᠎ᠲᠠᠢ ᠨᠡᠢ᠌ᠬᠡᠮ ᠵᠢᠷᠤᠮ᠎ᠤᠨ ᠴᠢᠬᠤᠯᠨ ᠪᠦᠷᠢᠯᠳᠤᠬᠦᠨ ᠮᠥᠨ
ᠨᠡᠶᠢᠲᠡᠯᠡᠭᠰᠡᠨ ᠴᠠᠭ᠄ 2021-01-08

ᠠᠷᠠᠳ᠎ᠤᠨ ᠠᠮᠢᠳᠤᠷᠠᠯ᠎ᠤᠨ ᠪᠠᠳᠤᠯᠠᠭ᠎ᠠ   ᠪᠤᠯ ᠲᠤᠮᠳᠠᠳᠤ ᠤᠯᠤᠰ᠎ᠤᠨ ᠤᠨᠴᠠᠯᠢᠭ᠎ᠲᠠᠢ ᠨᠡᠢ᠌ᠬᠡᠮ ᠵᠢᠷᠤᠮ᠎ᠤᠨ ᠴᠢᠬᠤᠯᠨ ᠪᠦᠷᠢᠯᠳᠤᠬᠦᠨ ᠮᠥᠨ
                     
                                  ᠪᠠᠢ ᠸᠸᠢ ᠵᠢᠶᠦ᠋ᠨ ᠵᠤᠬᠢᠶᠠᠪᠠ
                                  ᠰᠡᠴᠡᠨ ᠤᠷᠴᠢᠭᠤᠯᠪᠠ
    ᠨᠠᠮ᠎ᠤᠨ ᠠᠷᠪᠠ ᠶᠢᠰᠤᠳᠤᠬᠡᠷ ᠶᠡᠬᠡ ᠬᠤᠷᠠᠯ᠎ᠠᠴᠠ ᠲᠤᠮᠳᠠᠳᠤ ᠤᠯᠤᠰ᠎ᠤᠨ ᠤᠨᠴᠠᠯᠢᠭ᠎ᠲᠠᠢ ᠨᠡᠢ᠌ᠬᠡᠮ ᠵᠢᠷᠤᠮ ᠰᠢᠨ᠎ᠡ ᠴᠠᠭ ᠦᠶ᠎ᠡ᠎ᠳᠤ ᠤᠷᠤᠵᠤ᠂ ᠮᠠᠨ᠎ᠤ ᠤᠯᠤᠰ᠎ᠤᠨ ᠨᠡᠢ᠌ᠬᠡᠮ᠎ᠤᠨ ᠵᠦᠷᠢᠴᠡᠯ ᠠᠷᠠᠳ ᠲᠦᠮᠡᠨ᠎ᠤ ᠡᠳᠤᠷ ᠢᠷᠡᠬᠦᠶ᠎ᠡ ᠨᠡᠮᠡᠭᠳᠡᠵᠤ ᠪᠦᠬᠦᠢ ᠰᠠᠢ᠌ᠨ ᠰᠠᠢ᠌ᠬᠠᠨ ᠠᠮᠢᠳᠤᠷᠠᠯ᠎ᠤᠨ ᠬᠡᠷᠡᠭᠴᠡᠬᠡ ᠪᠠ ᠲᠡᠡᠭᠴᠡᠬᠦᠷᠢ ᠦᠬᠡᠢ᠂ ᠬᠦᠢ᠍ᠴᠡᠳ ᠪᠤᠰᠤ ᠬᠦᠭᠵᠢᠯᠳᠡ ᠵᠢᠨ ᠬᠤᠭᠤᠷᠤᠨᠳᠤᠬᠢ ᠵᠦᠷᠢᠴᠡᠯ ᠪᠤᠯᠤᠨ᠎ᠠ ᠭᠡᠵᠤ ᠵᠢᠭ᠋ᠠᠬᠰᠠᠨ ᠪᠢᠯᠨ᠃ ᠨᠡᠢ᠌ᠬᠡᠮ᠎ᠤᠨ ᠭᠤᠤᠯ ᠵᠦᠷᠢᠴᠡᠯ ᠬᠤᠪᠢᠷᠠᠬᠤ ᠵᠢ ᠲᠠᠭ᠋ᠠᠯᠳᠤᠨ ᠠᠷᠠᠳ ᠲᠦᠮᠡᠨ᠎ᠤ ᠠᠮᠢᠳᠤᠷᠠᠯ᠎ᠤᠨ ᠬᠡᠷᠡᠭᠴᠡᠬᠡ ᠵᠢᠨ ᠦᠷᠬᠡᠴᠨ ᠪᠠ ᠬᠦᠨᠴᠨ ᠴᠦ᠍ ᠤᠯᠠᠮ ᠵᠶ᠋ᠡᠷ ᠦᠷᠬᠡᠵᠢᠭᠰᠡᠨ ᠵᠶ᠋ᠡᠷ ᠡᠨᠡ ᠬᠦ᠌ ᠬᠡᠷᠡᠭᠴᠡᠬᠡ ᠵᠢ ᠬᠠᠡᠭᠭ᠋ᠠᠬᠤ ᠠᠷᠠᠳ᠎ᠤᠨ ᠠᠮᠢᠳᠤᠷᠠᠯ᠎ᠤᠨ ᠪᠠᠳᠤᠯᠠᠭ᠎ᠠ ᠴᠦ᠍ ᠢᠳᠡᠭ ᠢᠳᠡᠭ ᠵᠶ᠋ᠡᠷ ᠲᠡᠯᠡᠷᠡᠨ᠂ ᠠᠷᠠᠳ᠎ᠤᠨ ᠠᠮᠢᠳᠤᠷᠠᠯ᠎ᠤᠨ ᠴᠠᠷᠠᠭ᠎ᠠ ᠬᠦᠷᠢᠶ᠎ᠡ᠎ᠨᠢ ᠤᠤᠯ᠎ᠤᠨ ᠤᠷᠤᠰᠢᠨ ᠲᠤᠬᠳᠠᠨᠢᠯ ᠪᠠ ᠦᠨᠳᠤᠰᠤᠨ ᠵᠦᠢ᠍ᠯ᠎ᠢ ᠪᠠᠳᠤᠯᠠᠵᠤ ᠪᠠᠢ᠌ᠬᠰᠠᠨ᠎ᠠᠴᠠ ᠡᠷᠬᠡ ᠠᠰᠢᠭ ᠪᠠ ᠴᠢᠳᠠᠪᠤᠷᠢ ᠵᠢ, ᠬᠠᠮᠠᠭ᠋ᠠᠯᠠᠬᠤ ᠪᠤᠯᠵᠤ ᠬᠦᠭᠵᠢᠬᠡᠳ ᠠᠷᠠᠳ᠎ᠤᠨ ᠠᠮᠢᠳᠤᠷᠠᠯ᠎ᠤᠨ ᠪᠠᠳᠤᠯᠠᠭ᠎ᠠ᠎ᠳᠤ ᠨᠡᠡᠭ ᠡᠯᠪᠡᠭ ᠪᠠᠶᠠᠨ ᠠᠭᠤᠯᠬᠤᠨ ᠪᠠ ᠤᠳᠬ᠎ᠠ ᠠᠭᠤᠯᠭ᠎ᠠ ᠨᠡᠮᠡᠷᠢᠯᠡᠵᠡᠢ᠃ ᠠᠷᠪᠠ ᠶᠢᠰᠤᠳᠤᠬᠡᠷ ᠬᠤᠭᠤᠴᠠᠭ᠋ᠠᠨ᠎ᠤ ᠲᠦᠷᠪᠡᠳᠤᠬᠡᠷ ᠪᠦᠬᠦᠳᠡ ᠬᠤᠷᠠᠯᠳᠤᠭ᠋ᠠᠨ ᠠᠷᠠᠳ᠎ᠤᠨ ᠠᠮᠢᠳᠤᠷᠠᠯ᠎ᠤᠨ ᠠᠭᠤᠯᠬᠤᠨ᠎ᠢ ᠤᠯᠠᠮ ᠨᠢᠬᠡ ᠠᠯᠬᠤᠮ ᠬᠦᠭᠵᠢᠬᠦᠯᠵᠤ᠂ ᠠᠷᠠᠳ᠎ᠤᠨ ᠠᠮᠢᠳᠤᠷᠠᠯ᠎ᠤᠨ ᠪᠠᠳᠤᠯᠠᠭ᠎ᠠ ᠵᠢᠨ ᠪᠠᠢ᠌ᠭᠤᠯᠤᠯ᠎ᠤᠨ ᠰᠢᠰᠲᠸᠮ᠎ᠢ ᠪᠦᠳᠦᠬᠡᠯᠴᠢ᠎ᠪᠠᠷ ᠲᠤᠷᠠᠳᠤᠬᠰᠠᠨ ᠪᠦᠬᠡᠳ ᠡᠬᠦᠨ᠎ᠢ ᠲᠤᠮᠳᠠᠳᠤ ᠤᠯᠤᠰ᠎ᠤᠨ ᠤᠨᠴᠠᠯᠢᠭ᠎ᠲᠠᠢ ᠨᠡᠢ᠌ᠬᠡᠮ ᠵᠢᠷᠤᠮᠳᠤ ᠪᠠᠢ᠌ᠭᠤᠯᠤᠯ᠎ᠤᠨ ᠰᠢᠰᠲᠸᠮ᠎ᠳᠤ ᠤᠷᠤᠭᠤᠯᠵᠤ ᠠᠷᠠᠳ᠎ᠤᠨ ᠠᠮᠢᠳᠤᠷᠠᠯ᠎ᠢ ᠪᠠᠳᠤᠯᠠᠬᠤ ᠪᠠᠢ᠌ᠭᠤᠯᠤᠯ᠎ᠤᠨ ᠪᠠᠢ᠌ᠷᠢ ᠰᠠᠭᠤᠷᠢ ᠪᠠ ᠤᠯᠤᠰ ᠲᠦᠷᠤ ᠵᠢᠨ ᠴᠢᠳᠠᠪᠬᠢ ᠵᠢ ᠶᠡᠬᠡ᠎ᠪᠠᠷ ᠲᠡᠭᠡᠭᠰᠢᠯᠡᠬᠦᠯᠪᠡ᠃ ᠠᠷᠠᠳ᠎ᠤᠨ ᠠᠮᠢᠳᠤᠷᠠᠯ᠎ᠤᠨ ᠪᠠᠳᠤᠯᠠᠭ᠎ᠠ᠎ᠨᠢ ᠠᠷᠠᠳ ᠲᠦᠮᠡᠨ᠎ᠤ ᠰᠠᠢ᠌ᠨ ᠰᠠᠢ᠌ᠬᠠᠨ ᠠᠮᠢᠳᠤᠷᠠᠯ᠎ᠤᠨ ᠭᠡᠷᠡᠭᠴᠡᠬᠡ ᠵᠢ ᠬᠠᠡᠭᠭ᠋ᠠᠬᠤ᠎ᠪᠠᠷ ᠭᠠᠷᠤᠭ᠋ᠠᠨ᠎ᠤ ᠴᠡᠭ ᠪᠤᠯᠭ᠋ᠠᠨ ᠲᠤᠮᠳᠠᠳᠤ ᠤᠯᠤᠰ᠎ᠤᠨ ᠤᠨᠴᠠᠯᠢᠭ᠎ᠲᠠᠢ ᠨᠡᠢ᠌ᠬᠡᠮ ᠵᠢᠷᠤᠮᠳᠤ ᠪᠠᠢ᠌ᠭᠤᠯᠤᠯ᠎ᠤᠨ ᠠᠤᠭ᠎ᠠ ᠲᠠᠪᠠᠭᠤᠯᠢᠭ᠎ᠢ ᠢᠯᠡᠷᠡᠬᠦᠯᠵᠡᠢ᠂ ᠡᠨᠡ᠎ᠨᠢ ᠰᠢᠨ᠎ᠠ ᠴᠠᠭ ᠦᠶ᠎ᠡ᠎ᠳᠤ   ᠠᠡᠭᠬᠠᠷᠴᠤ᠂ ᠰᠣᠳᠤᠯᠪᠠᠰᠤ ᠵᠤᠬᠢᠬᠤ ᠴᠢᠬᠤᠯᠨ ᠶᠡᠬᠡ ᠰᠡᠳᠤᠪ ᠪᠤᠯᠤᠨ᠎ᠠ᠃
 
    ᠠᠷᠠᠳ᠎ᠤᠨ ᠠᠮᠢᠳᠤᠷᠠᠯ᠎ᠤᠨ ᠪᠠᠳᠤᠯᠠᠭ᠎ᠠ᠎ᠳᠤ ᠰᠢᠨ᠎ᠡ ᠬᠡᠷᠡᠭᠴᠡᠭᠡ ᠵᠢ ᠠᠡᠭᠬᠠᠷᠪᠠᠯ ᠵᠤᠬᠢᠨ᠎ᠠ

    ᠨᠡᠢ᠌ᠬᠡᠮ᠎ᠤᠨ ᠭᠤᠤᠯ ᠵᠦᠷᠢᠴᠡᠯ᠎ᠤᠨ ᠬᠤᠪᠢᠷᠠᠯᠳᠠ᠎ᠨᠢ ᠤᠯᠤᠰ ᠬᠡᠷ᠎ᠤᠨ ᠦᠷᠬᠦᠯᠵᠢᠳᠡ ᠵᠢᠨ ᠠᠮᠤᠷ ᠲᠤᠬᠳᠠᠭᠤᠨ ᠪᠠ ᠠᠷᠠᠳ᠎ᠤᠨ ᠠᠮᠢᠵᠢᠷᠠᠭ᠋ᠠᠨ᠎ᠤ ᠬᠦᠭᠵᠢᠯᠳᠡ ᠵᠢᠨ ᠪᠦᠬᠦᠯᠢ ᠴᠤᠬ᠍ᠴᠠᠳᠤ ᠰᠢᠨᠵᠢ᠂ ᠲᠡᠤᠬᠡᠳᠤ ᠰᠢᠨᠵᠢ ᠵᠢᠨ ᠴᠢᠬᠤᠯᠨ ᠶᠡᠬᠡ ᠬᠤᠪᠢᠷᠠᠯᠳᠠ ᠮᠥᠨ᠂ ᠡᠨᠡ᠎ᠨᠢ ᠤᠯᠤᠰ᠎ᠠᠴᠠ ᠨᠡᠢ᠌ᠬᠡᠮ᠎ᠤᠨ ᠪᠠᠢ᠌ᠳᠠᠯ᠎ᠢ ᠰᠢᠨᠵᠢᠯᠡᠬᠦ ᠤᠬᠠᠭ᠋ᠠᠨᠴᠢ᠎ᠪᠠᠷ ᠮᠠᠭ᠋ᠠᠳᠯᠠᠬᠤ ᠪᠠ ᠠᠷᠠᠳ ᠲᠦᠮᠡᠨ᠎ᠤ ᠤᠷᠤᠰᠢᠨ ᠲᠤᠬᠳᠠᠨᠢᠯ᠎ᠤᠨ ᠬᠦᠭᠵᠢᠯᠳᠡ ᠵᠢᠨ ᠬᠡᠷᠡᠭᠴᠡᠬᠡᠨ᠎ᠤ ᠬᠤᠪᠢᠷᠠᠯᠳᠠ ᠵᠢᠨ ᠲᠤᠰᠬᠠᠯ ᠪᠢᠯᠨ᠃ ᠲᠤᠮᠳᠠᠳᠤ ᠤᠯᠤᠰ᠎ᠤᠨ ᠨᠡᠢ᠌ᠬᠡᠮ᠎ᠤᠨ ᠭᠤᠤᠯ ᠵᠦᠷᠢᠴᠡᠯ᠎ᠤᠨ ᠬᠤᠪᠢᠷᠠᠯᠳᠠ ᠵᠢᠨ ᠶᠠᠪᠤᠴᠨ᠎ᠨᠢ ᠮᠥᠨ ᠴᠦ᠍ ᠠᠷᠠᠳ᠎ᠤᠨ ᠠᠮᠢᠳᠤᠷᠠᠯ᠎ᠤᠨ ᠪᠠᠳᠤᠯᠠᠭ᠎ᠠ ᠲᠠᠰᠤᠷᠠᠯ ᠦᠬᠡᠢ ᠤᠯᠠᠷᠢᠨ ᠬᠤᠪᠢᠷᠠᠵᠤ ᠪᠠᠢ᠌ᠭ᠎ᠠ ᠶᠠᠪᠤᠴᠨ ᠪᠤᠯᠤᠨ᠎ᠠ᠂ ᠡᠨᠡ᠎ᠨᠢ ᠨᠡᠢ᠌ᠬᠡᠮ᠎ᠤᠨ ᠬᠦᠭᠵᠢᠯᠳᠡ ᠪᠤᠯᠤᠨ ᠠᠷᠠᠳ᠎ᠤᠨ ᠠᠮᠢᠳᠤᠷᠠᠯ᠎ᠤᠨ ᠪᠠᠳᠤᠯᠠᠭ᠎ᠠ ᠵᠢᠨ ᠬᠠᠷᠢᠯᠴᠠᠨ ᠠᠬᠢᠭᠤᠯᠳᠠᠭ᠎ᠢ ᠬᠠᠷᠠᠭᠤᠯᠵᠤ᠂ ᠠᠷᠠᠳ᠎ᠤᠨ ᠠᠮᠢᠳᠤᠷᠠᠯ᠎ᠤᠨ ᠪᠠᠳᠤᠯᠠᠭ᠎ᠠ᠎ᠨᠢ ᠨᠢᠬᠡᠨᠳᠡ ᠨᠡᠢ᠌ᠬᠡᠮ᠎ᠤᠨ ᠬᠦᠭᠵᠢᠯᠳᠡ᠂ ᠨᠡᠢ᠌ᠬᠡᠮ᠎ᠤᠨ ᠭᠤᠤᠯ ᠵᠦᠷᠢᠴᠡᠯ᠎ᠢ ᠰᠢᠢ᠍ᠳᠪᠤᠷᠢᠯᠡᠬᠦ ᠴᠢᠬᠤᠯᠨ ᠠᠷᠭ᠎ᠠ ᠵᠠᠮ ᠪᠤᠯᠤᠬᠰᠠᠨ᠎ᠤ ᠪᠡᠯᠬᠡ ᠲᠡᠮᠳᠡᠭ ᠮᠥᠨ᠃ 《ᠪᠤᠳᠠᠰ᠎ᠤᠨ ᠰᠤᠶᠤᠯ᠎ᠤᠨ ᠬᠡᠷᠡᠭᠴᠡᠬᠡ》᠎ᠠᠴᠠ 《ᠰᠠᠢ᠌ᠨ ᠰᠠᠢ᠌ᠬᠠᠨ ᠠᠮᠢᠳᠤᠷᠠᠯ᠎ᠤᠨ ᠬᠡᠷᠡᠭᠴᠡᠬᠡ》 ᠤᠷᠤᠭᠤ ᠰᠢᠯᠵᠢᠭᠰᠡᠨ᠎ᠨᠢ ᠬᠢᠵᠠᠭ᠋ᠠᠷ᠎ᠲᠠᠢ᠂ ᠲᠤᠤᠷ᠎ᠠ ᠲᠠᠪᠬᠤᠷᠭ᠎ᠠ ᠵᠢᠨ ᠠᠷᠠᠳ᠎ᠤᠨ ᠠᠮᠢᠵᠢᠷᠭ᠋ᠠᠨ᠎ᠤ ᠬᠡᠷᠡᠭᠴᠡᠬᠡ ᠵᠢ ᠬᠠᠡᠭᠭ᠋ᠠᠬᠤ᠎ᠪᠠᠷ ᠭᠤᠤᠯ ᠡᠬᠦᠷᠬᠡ ᠪᠤᠯᠭ᠋ᠠᠵᠤ ᠪᠠᠢ᠌ᠬᠰᠠᠨ ᠬᠠᠭᠤᠴᠢᠨ ᠴᠠᠭ ᠦᠶ᠎ᠡ ᠲᠡᠬᠦᠰᠦᠭᠰᠡᠨ᠎ᠤ ᠢᠮ ᠲᠡᠮᠳᠡᠭ ᠲᠡᠳᠤᠢ ᠦᠬᠡᠢ᠂ ᠪᠦᠬᠦ ᠲᠠᠯ᠎ᠠ ᠵᠢᠨ᠂ ᠲᠡᠬᠡᠳᠤ ᠲᠠᠪᠬᠤᠷᠭ᠎ᠠ ᠵᠢᠨ ᠠᠷᠠᠳ᠎ᠤᠨ ᠠᠮᠢᠵᠢᠷᠭ᠋ᠠᠨ᠎ᠤ ᠬᠡᠷᠡᠭᠴᠡᠬᠡ ᠵᠢ ᠬᠠᠡᠭᠭ᠋ᠠᠬᠤ᠎ᠪᠠᠷ ᠭᠤᠤᠯ ᠡᠬᠦᠷᠬᠡ ᠪᠤᠯᠭ᠋ᠠᠬᠰᠠᠨ ᠰᠢᠨ᠎ᠡ ᠴᠠᠭ ᠦᠶ᠎ᠡ ᠡᠬᠢᠯᠡᠵᠤ ᠪᠠᠢ᠌ᠭ᠎ᠠ ᠵᠢ ᠵᠠᠷᠯᠠᠵᠤ ᠪᠤᠢ ᠬᠡᠷᠡᠭ ᠶᠤᠮ᠃ ᠠᠷᠠᠳ᠎ᠤᠨ ᠠᠮᠢᠳᠤᠷᠠᠯ᠎ᠤᠨ ᠪᠠᠳᠤᠯᠠᠭ᠎ᠠ ᠵᠢ ᠲᠦᠷᠢᠮ᠎ᠪᠠᠷ ᠪᠦᠬᠦ ᠠᠷᠠᠳ᠎ᠤᠨ ᠰᠠᠢ᠌ᠨ ᠰᠠᠢ᠌ᠬᠠᠨ ᠠᠮᠢᠳᠤᠷᠠᠯ᠎ᠤᠨ ᠬᠡᠷᠡᠭᠴᠡᠬᠡ ᠵᠢ ᠬᠠᠡᠭᠭ᠋ᠠᠬᠤ᠎ᠨᠢ ᠨᠢᠬᠡᠨᠳᠡ ᠨᠠᠮ ᠪᠠ ᠵᠠᠰᠠᠭ᠎ᠤᠨ ᠤᠷᠳᠤᠨ᠎ᠤ ᠦᠨᠳᠤᠰᠤᠨ ᠡᠬᠦᠷᠬᠡ ᠵᠢᠨ ᠨᠢᠬᠡ ᠪᠤᠯᠪᠠ᠂ ᠰᠢᠨ᠎ᠡ ᠴᠠᠭ ᠦᠶ᠎ᠡ ᠵᠢᠨ ᠨᠡᠢ᠌ᠬᠡᠮ᠎ᠤᠨ ᠭᠤᠤᠯ ᠵᠦᠷᠢᠴᠡᠯ᠎ᠢ ᠰᠢᠢ᠍ᠳᠪᠤᠷᠢᠯᠡᠬᠦ 《ᠬᠤᠷᠴᠨ ᠵᠡᠪᠰᠡᠭ》᠎ᠤᠨ ᠨᠢᠬᠡ ᠪᠤᠯᠵᠠᠢ᠃

        ᠠᠷᠠᠳ᠎ᠤᠨ ᠠᠮᠢᠳᠤᠷᠠᠯ᠎ᠤᠨ ᠪᠠᠳᠤᠯᠠᠭ᠎ᠠ   ᠪᠤᠯ ᠲᠤᠮᠳᠠᠳᠤ ᠤᠯᠤᠰ᠎ᠤᠨ
        ᠤᠨᠴᠠᠯᠢᠭ᠎ᠲᠠᠢ ᠨᠡᠢ᠌ᠬᠡᠮ ᠵᠢᠷᠤᠮ᠎ᠤᠨ ᠴᠢᠬᠤᠯᠨ ᠪᠦᠷᠢᠯᠳᠤᠬᠦᠨ ᠮᠥᠨ
                     
    ᠨᠠᠮ᠎ᠤᠨ ᠠᠷᠪᠠ ᠶᠢᠰᠤᠬᠡᠷ ᠬᠤᠭᠤᠴᠠᠭ᠋ᠠᠨ᠎ᠤ ᠲᠦᠷᠪᠡᠳᠤᠬᠡᠷ ᠪᠦᠬᠦᠳᠡ ᠬᠤᠷᠠᠯᠳᠤᠭ᠋ᠠᠨ   ᠵᠶ᠋ᠡᠷ ᠨᠡᠢ᠌ᠳᠡᠯᠡᠭᠰᠡᠨ 《ᠰᠢᠢ᠍ᠳᠪᠤᠷᠢ》᠎ᠳᠤ ᠨᠠᠮ ᠤᠳᠤᠷᠢᠳᠬᠤ ᠪᠠᠢ᠌ᠭᠤᠯᠤᠮᠵᠢ ᠵᠢᠨ ᠰᠢᠰᠲᠸᠮ᠂ ᠠᠷᠠᠳ ᠲᠦᠮᠡᠨ ᠡᠵᠡᠨ ᠰᠠᠭᠤᠵᠤ ᠡᠷᠬᠡ ᠮᠡᠳᠡᠬᠦ ᠪᠠᠢ᠌ᠭᠤᠯᠤᠮᠵᠢ ᠵᠢᠨ ᠰᠢᠰᠲᠸᠮ ᠵᠡᠷᠬᠡ 13 ᠬᠡᠰᠡᠭ ᠵᠶ᠋ᠡᠷ ᠪᠦᠷᠢᠯᠳᠦᠭᠰᠡᠨ ᠲᠤᠮᠳᠠᠳᠤ ᠤᠯᠤᠰ᠎ᠤᠨ ᠤᠨᠴᠠᠯᠢᠭ ᠪᠦᠬᠦᠢ ᠨᠡᠢ᠌ᠬᠡᠮ ᠵᠢᠷᠤᠮᠳᠤ ᠪᠠᠢ᠌ᠭᠤᠯᠤᠮᠵᠢ ᠵᠢᠨ ᠰᠢᠰᠲᠸᠮ᠎ᠢ ᠵᠢᠷᠤᠬᠯᠠᠨ ᠭᠠᠷᠭ᠋ᠠᠬᠰᠠᠨ ᠪᠢᠯᠨ᠃ ᠡᠬᠦᠨ᠎ᠳᠤ ᠨᠢᠬᠡᠳᠤᠯᠳᠡᠢ ᠬᠤᠳᠠ ᠬᠦᠳᠡᠬᠡ ᠵᠢᠨ ᠠᠷᠠᠳ᠎ᠤᠨ ᠠᠮᠢᠳᠤᠷᠠᠯ᠎ᠤᠨ ᠪᠠᠳᠤᠯᠠᠭ᠎ᠠ ᠵᠢᠨ ᠲᠦᠷᠢᠮ᠎ᠨᠢ ᠲᠤᠮᠳᠠᠳᠤ ᠤᠯᠤᠰ᠎ᠤᠨ ᠤᠨᠴᠠᠯᠢᠭ᠎ᠲᠠᠢ ᠨᠡᠢ᠌ᠬᠡᠮ ᠵᠢᠷᠤᠮ᠎ᠤᠨ ᠴᠢᠬᠤᠯᠨ ᠪᠦᠷᠢᠯᠳᠤᠬᠦᠨ᠂ ᠮᠥᠨ ᠴᠦ᠍ ᠤᠯᠠᠨ ᠲᠦᠮᠡᠨ᠎ᠤ ᠠᠮᠢᠳᠤᠷᠠᠯ᠎ᠲᠠᠢ ᠬᠠᠮᠤᠭ᠎ᠠᠴᠠ ᠨᠠᠷᠢᠨ ᠨᠢᠬᠳᠠ ᠬᠤᠯᠪᠤᠭ᠎ᠠ᠎ᠲᠠᠢ ᠲᠦᠷᠢᠮ᠎ᠤᠨ ᠨᠢᠬᠡ ᠶᠤᠮ᠂ ᠲᠡᠷᠨ᠎ᠨᠢ ᠤᠯᠤᠰ ᠲᠦᠷᠤ᠂ ᠠᠵᠤ ᠠᠬᠤᠢ᠂ ᠰᠤᠶᠤᠯ᠂ ᠨᠡᠢ᠌ᠬᠡᠮ᠎ᠤᠨ ᠡᠯ᠎ᠡ᠎ᠪᠠᠷ ᠡᠷᠬᠢᠮ ᠲᠡᠬᠡᠳᠤ ᠪᠠᠢ᠌ᠭᠤᠯᠤᠮᠵᠢ ᠵᠢᠨ ᠪᠠᠢ᠌ᠷᠢ ᠰᠠᠭᠤᠷᠢ ᠪᠠ ᠬᠦᠴᠤᠷᠭᠡᠭ ᠪᠠᠢ᠌ᠭᠤᠯᠤᠮᠵᠢ ᠵᠢᠨ ᠴᠢᠳᠠᠪᠬᠢ᠎ᠪᠠᠨ ᠢᠯᠡᠷᠡᠬᠦᠯᠵᠤ᠂ ᠲᠤᠮᠳᠠᠳᠤ ᠤᠯᠤᠰ᠎ᠤᠨ ᠤᠨᠴᠠᠯᠢᠭ᠎ᠲᠠᠢ ᠨᠡᠢ᠌ᠬᠡᠮ ᠵᠢᠷᠤᠮᠳᠤ ᠪᠠᠢ᠌ᠭᠤᠯᠤᠮᠵᠢ ᠵᠢᠨ ᠰᠢᠰᠲᠸᠮ᠎ᠢ ᠪᠠᠶᠠᠯᠢᠬ᠍ᠵᠢᠭᠤᠯᠤᠨ ᠲᠡᠬᠦᠯᠳᠡᠷᠵᠢᠬᠦᠯᠵᠡᠢ᠃
    ᠤᠯᠤᠰ ᠲᠦᠷᠤ ᠵᠢᠨ ᠵᠤᠬᠰᠤᠴᠨ᠎ᠠᠴᠠ ᠶᠠᠷᠢᠪᠠᠯ ᠠᠷᠠᠳ᠎ᠤᠨ ᠠᠮᠢᠳᠤᠷᠠᠯ᠎ᠤᠨ ᠪᠠᠳᠤᠯᠠᠭ᠎ᠠ ᠵᠢᠨ ᠲᠦᠷᠢᠮ ᠪᠤᠯ ᠤᠯᠤᠰ ᠲᠦᠷᠤ ᠵᠢᠨ ᠲᠦᠷᠢᠮ ᠪᠦᠬᠡᠳ ᠤᠨᠴᠠᠭ᠋ᠠᠢ ᠤᠯᠤᠰ ᠲᠦᠷᠤ ᠵᠢᠨ ᠬᠠᠷᠢᠶᠠᠳᠤ ᠰᠢᠨᠵᠢ ᠪᠠ ᠤᠯᠤᠰ ᠲᠦᠷᠤ ᠵᠢᠨ ᠴᠢᠳᠠᠪᠬᠢ᠎ᠲᠠᠢ ᠶᠤᠮ᠃ ᠰᠢ ᠵᠢᠨ ᠫᠢᠡᠭ ᠶᠡᠷᠤᠡᠭᠭᠡᠢ ᠱᠦᠵᠢ᠂ ᠠᠷᠠᠳ᠎ᠤᠨ ᠠᠮᠢᠳᠤᠷᠠᠯ ᠪᠤᠯ ᠬᠠᠮᠤᠭ᠎ᠤᠨ ᠶᠡᠬᠡ ᠤᠯᠤᠰ ᠲᠦᠷᠤ ᠭᠡᠵᠤ ᠵᠢᠭ᠋ᠠᠬᠰᠠᠨ ᠶᠤᠮ᠃ ᠮᠠᠨ᠎ᠤ ᠤᠯᠤᠰ ᠪᠤᠯ ᠠᠷᠠᠳ᠎ᠤᠨ ᠠᠷᠠᠳᠴᠢᠯᠠᠯ ᠵᠠᠰᠠᠬᠳᠤ ᠨᠡᠢ᠌ᠬᠡᠮ ᠵᠢᠷᠤᠮᠳᠤ ᠤᠯᠤᠰ᠂ ᠤᠯᠤᠰ᠎ᠤᠨ ᠠᠯᠢᠪᠠ ᠡᠷᠬᠡ ᠠᠷᠠᠳ ᠲᠦᠮᠡᠨ᠎ᠤ᠎ᠬᠢ᠂ ᠠᠷᠠᠳ ᠲᠦᠮᠡᠨ᠎ᠳᠤ ᠬᠠᠷᠢᠶᠠᠯᠠᠬᠳᠠᠨ᠎ᠠ᠂ ᠠᠷᠠᠳ ᠲᠦᠮᠡᠨ᠎ᠤ ᠡᠵᠡᠨ ᠰᠠᠭᠤᠵᠤ ᠡᠷᠬᠡ ᠮᠡᠳᠡᠬᠦ ᠡᠷᠬᠡ ᠵᠢ ᠪᠠᠳᠤᠯᠠᠵᠤ᠂ ᠡᠨᠡ ᠡᠷᠬᠡ ᠵᠢ᠎ᠨᠢ ᠬᠦᠢ᠍ᠴᠡᠳ ᠬᠡᠷᠡᠭᠯᠡᠬᠦᠯᠬᠦ ᠪᠤᠯ ᠨᠠᠮ ᠪᠠ ᠵᠠᠰᠠᠭ᠎ᠤᠨ ᠤᠷᠳᠤᠨ᠎ᠤ ᠡᠬᠦᠷᠬᠡ ᠬᠠᠷᠢᠭᠤᠴᠠᠯᠭ᠎ᠠ ᠵᠢᠨ ᠬᠦᠬᠡᠬᠡᠴᠡᠯᠳᠤᠯ ᠪᠢᠯᠨ᠃ ᠬᠤᠳᠠ ᠬᠦᠳᠡᠬᠡ ᠵᠢ ᠨᠢᠬᠡᠳᠤᠯᠳᠡᠢ ᠪᠤᠯᠭ᠋ᠠᠬᠤ ᠠᠷᠠᠳ᠎ᠤᠨ ᠠᠮᠢᠳᠤᠷᠠᠯ᠎ᠤᠨ ᠪᠠᠳᠤᠯᠠᠭ᠎ᠠ ᠵᠢᠨ ᠲᠦᠷᠢᠮ ᠪᠤᠯ ᠠᠷᠠᠳ ᠲᠦᠮᠡᠨ ᠵᠶ᠋ᠡᠷ ᠭᠤᠤᠯ ᠪᠤᠯᠭ᠋ᠠᠬᠤ ᠵᠢ ᠪᠠᠷᠢᠮᠳᠠᠯᠠᠬᠤ᠂ ᠠᠷᠠᠳ ᠲᠦᠮᠡᠨ᠎ᠤ ᠵᠤᠷᠢᠭ ᠰᠠᠨᠠᠭ᠎ᠠ ᠵᠢ ᠲᠤᠰᠬᠠᠬᠤ᠂ ᠠᠷᠠᠳ ᠲᠦᠮᠡᠨ᠎ᠤ ᠡᠷᠬᠡ ᠠᠰᠢᠭ᠎ᠢ ᠪᠠᠳᠤᠯᠠᠬᠤ ᠬᠠᠮᠤᠭ᠎ᠤᠨ ᠰᠠᠢ᠌ᠨ ᠬᠡᠯᠪᠡᠷᠢ᠂ ᠠᠷᠠᠳ᠎ᠤᠨ ᠠᠮᠢᠳᠤᠷᠠᠯ᠎ᠤᠨ ᠪᠠᠳᠤᠯᠠᠭ᠎ᠠ ᠵᠢᠨ ᠲᠦᠷᠢᠮ᠎ᠳᠤ ᠠᠠᠷᠠᠳ ᠲᠦᠮᠡᠨ᠎ᠤ ᠤᠷᠤᠰᠢᠨ ᠲᠤᠬᠳᠠᠨᠢᠬᠤ ᠡᠷᠬᠡ ᠪᠠ ᠬᠦᠭᠵᠢᠬᠦᠯᠬᠦ ᠡᠷᠬᠡ ᠵᠢ ᠪᠠᠬᠳᠠᠭ᠋ᠠᠵᠤ ᠪᠤᠢ᠃ ᠲᠡᠷᠡᠴᠢᠯᠡᠨ ᠠᠷᠠᠳ᠎ᠤᠨ ᠠᠮᠢᠳᠤᠷᠠᠯ᠎ᠤᠨ ᠪᠠᠳᠤᠯᠠᠭ᠎ᠠ ᠪᠤᠯ ᠨᠢᠬᠡ ᠵᠦᠢ᠍ᠯ᠎ᠤᠨ ᠬᠦᠳᠡᠯᠤᠡᠭᠭᠦᠢ ᠲᠦᠷᠢᠮ᠂ ᠠᠵᠤ ᠠᠬᠤᠢ ᠵᠢᠨ ᠬᠦᠭᠵᠢᠯᠳᠡ ᠪᠠ ᠨᠡᠢ᠌ᠬᠡᠮ᠎ᠤᠨ ᠤᠷᠤᠬᠰᠢᠯᠠᠯᠳᠠ ᠵᠢ ᠲᠠᠭ᠋ᠠᠯᠳᠤᠨ ᠨᠡᠡᠭ ᠦᠨᠳᠤᠷ ᠱᠠᠭ᠋ᠠᠷᠳᠠᠯᠭ᠎ᠠ ᠪᠤᠢ ᠪᠤᠯᠬᠤ ᠶᠤᠮ᠂ ᠡᠨᠡ ᠬᠦ᠌ ᠶᠠᠪᠤᠴᠨ᠎ᠨᠢ ᠠᠷᠠᠳ ᠲᠦᠮᠡᠨ᠎ᠤ ᠠᠷᠠᠳ᠎ᠤᠨ ᠠᠮᠢᠳᠤᠷᠠᠯ᠎ᠤᠨ ᠲᠠᠯ᠎ᠠ᠎ᠪᠠᠷ᠎ᠬᠢ ᠪᠠᠢ᠌ᠳᠠᠯ᠎ᠢ ᠮᠡᠳᠡᠬᠦ ᠡᠷᠬᠡ᠂ ᠰᠠᠨᠠᠭ᠎ᠠ᠎ᠪᠠᠨ ᠢᠯᠡᠳᠬᠡᠬᠦ ᠡᠷᠬᠡ᠂ ᠣᠷᠤᠯᠴᠠᠬᠤ ᠡᠷᠬᠡ ᠵᠢ ᠬᠦᠢ᠍ᠴᠡᠳ ᠢᠯᠡᠷᠡᠬᠦᠯᠵᠤ ᠪᠠᠢ᠌ᠭ᠎ᠠ ᠪᠦᠬᠡᠳ ᠡᠬᠦᠨ᠎ᠤ ᠤᠯᠠᠮ᠎ᠠᠴᠠ ᠦᠪᠡᠷ᠎ᠤᠨ ᠬᠠᠤᠯᠢ᠎ᠳᠤ ᠨᠡᠢ᠌ᠴᠡᠭᠰᠡᠨ ᠤᠯᠤᠰ ᠲᠦᠷᠤ ᠵᠢᠨ ᠡᠷᠬᠡ᠎ᠪᠠᠨ ᠬᠠᠮᠠᠭ᠋ᠠᠯᠠᠨ ᠬᠡᠷᠡᠭᠵᠢᠬᠦᠯᠬᠦ ᠪᠤᠯᠤᠨ᠎ᠠ᠃ ᠡᠢ᠌ᠮᠤᠷᠬᠦᠤ ᠦᠷᠬᠡᠨ ᠲᠡᠯᠬᠡᠷ ᠠᠷᠠᠳ᠎ᠤᠨ ᠠᠮᠢᠳᠤᠷᠠᠯ᠎ᠤᠨ ᠡᠷᠬᠡ ᠵᠢ ᠬᠡᠷᠡᠭᠵᠢᠬᠦᠯᠦᠭᠰᠡᠨ᠎ᠨᠢ ᠮᠠᠨ᠎ᠤ ᠤᠯᠤᠰ᠎ᠤᠨ ᠤᠯᠤᠰ ᠲᠦᠷᠤ ᠵᠢᠨ ᠪᠠᠢ᠌ᠭᠤᠯᠤᠯ᠎ᠢ ᠬᠠᠮᠠᠭ᠋ᠠᠠᠯᠵᠤ᠂ ᠠᠷᠠᠳ ᠲᠦᠮᠡᠨ ᠡᠵᠡᠨ ᠰᠠᠭᠤᠵᠤ ᠡᠷᠬᠡ ᠮᠡᠳᠡᠬᠦ ᠵᠠᠪᠰᠢᠶᠠᠨ ᠪᠠ ᠠᠷᠭ᠎ᠠ ᠵᠠᠮ᠎ᠢ ᠬᠠᠡᠭᠭ᠋ᠠᠵᠤ᠂ 《ᠠᠯᠢᠪᠠ ᠡᠷᠬᠡ ᠠᠷᠠᠳ ᠲᠦᠮᠡᠨ᠎ᠠᠴᠠ ᠢᠷᠡᠯᠳᠡᠢ》᠂ 《ᠠᠷᠠᠳ ᠲᠦᠮᠡᠨ᠎ᠳᠤ ᠬᠠᠷᠢᠶᠠᠯᠠᠬᠳᠠᠬᠤ ᠤᠯᠤᠰ ᠲᠦᠷᠤ》 ᠬᠡᠳᠡᠭ ᠠᠮᠠᠯᠠᠯᠳᠠ᠎ᠪᠠᠨ ᠪᠡᠶᠡᠯᠡᠬᠦᠯᠵᠡᠢ᠃ ᠡᠨᠡ ᠪᠤᠯ ᠮᠠᠨ᠎ᠤ ᠤᠯᠤᠰ᠎ᠤᠨ ᠠᠷᠠᠳ᠎ᠤᠨ ᠠᠮᠢᠳᠤᠷᠠᠯ᠎ᠤᠨ ᠪᠠᠳᠤᠯᠠᠭ᠎ᠠ ᠵᠢᠨ ᠲᠦᠷᠢᠮ᠎ᠤᠨ ᠤᠯᠤᠰ ᠲᠦᠷᠤ ᠵᠢᠨ ᠠᠴᠢ ᠬᠤᠯᠪᠤᠬᠳᠠᠯ ᠪᠠ ᠤᠯᠤᠰ ᠲᠦᠷᠤ ᠵᠢᠨ ᠴᠢᠳᠠᠪᠬᠢ ᠮᠥᠨ ᠪᠦᠬᠡᠳ ᠲᠤᠮᠳᠠᠳᠤ ᠤᠯᠤᠰ᠎ᠤᠨ ᠤᠨᠴᠠᠯᠢᠭ᠎ᠲᠠᠢ ᠨᠡᠢ᠌ᠬᠡᠮ ᠵᠢᠷᠤᠮ᠎ᠤᠨ ᠤᠯᠤᠰ ᠲᠦᠷᠤ ᠵᠢᠨ ᠪᠠᠢ᠌ᠭᠤᠯᠤᠯ᠎ᠳᠤ ᠪᠠᠢ᠌ᠪᠠᠰᠤ ᠵᠤᠬᠢᠬᠤ ᠤᠳᠬ᠎ᠠ ᠶᠤᠮ  ᠃
    ᠠᠵᠤ ᠠᠬᠤᠢ ᠵᠢᠨ ᠲᠠᠪᠬᠤᠷᠭ᠎ᠠ᠎ᠠᠴᠠ ᠶᠠᠷᠢᠬᠤ᠎ᠳᠤ ᠠᠷᠠᠳ᠎ᠤᠨ ᠠᠮᠢᠳᠤᠷᠠᠯ᠎ᠤᠨ ᠪᠠᠳᠤᠯᠠᠭ᠎ᠠ ᠪᠤᠯ ᠮᠥᠨ ᠴᠦ᠍ ᠨᠢᠬᠡ ᠵᠦᠢ᠍ᠯ᠎ᠤᠨ ᠠᠵᠤ ᠠᠬᠤᠢ ᠵᠢᠨ ᠲᠦᠷᠢᠮ ᠶᠤᠮ᠃ ᠲᠡᠷᠨ᠎ᠨᠢ ᠠᠵᠤ ᠠᠬᠤᠢ ᠵᠢᠨ ᠠᠷᠭ᠎ᠠ᠎ᠪᠠᠷ ᠠᠷᠠᠳ ᠲᠦᠮᠡᠨ᠎ᠤ ᠤᠷᠤᠰᠢᠨ ᠲᠤᠬᠳᠠᠨᠢᠬᠤ ᠬᠦᠭᠵᠢᠯᠳᠡ ᠵᠢᠨ ᠬᠡᠷᠡᠭᠴᠡᠬᠡ ᠵᠢ ᠬᠠᠡᠭᠭ᠋ᠠᠬᠤ ᠲᠡᠳᠤᠢ ᠦᠬᠡᠢ ᠤᠷᠤᠯᠭ᠎ᠠ ᠵᠢ ᠲᠠᠬᠢᠨ ᠬᠤᠪᠢᠶᠠᠷᠢᠯᠠᠬᠤ ᠬᠡᠯᠪᠡᠷᠢᠳᠤ ᠡᠶᠡᠷᠡᠬᠦᠨ ᠠᠵᠤ ᠠᠬᠤᠢ (平和经济) ᠵᠢᠨ ᠬᠦᠭᠵᠢᠯᠳᠡ ᠵᠢᠨ ᠬᠠᠷᠢᠯᠴᠠᠨ ᠠᠬᠢᠭᠤᠯᠤᠯ ᠪᠢᠯᠨ᠃ ᠰᠢ ᠵᠢᠨ ᠫᠢᠡᠭ ᠶᠡᠷᠤᠡᠭᠭᠡᠢ ᠱᠦᠵᠢ᠄ 《ᠠᠷᠠᠳ᠎ᠤᠨ ᠠᠮᠢᠳᠤᠷᠠᠯ᠎ᠢ ᠨᠡᠡᠭ ᠪᠠᠳᠤᠯᠠᠨ ᠰᠠᠢ᠌ᠵᠢᠷᠠᠭᠤᠯᠬᠤ ᠵᠢᠨ ᠲᠤᠭᠤᠷᠢᠨ᠎ᠳᠤ ᠨᠡᠢ᠌ᠬᠡᠮ᠎ᠤᠨ ᠲᠦᠪ ᠭᠤᠤᠯᠴᠢ ᠵᠢ ᠠᠬᠢᠭᠤᠯᠵᠤ᠂ ᠨᠡᠢ᠌ᠬᠡᠮ᠎ᠤᠨ ᠪᠠᠢ᠌ᠭᠤᠯᠤᠯ᠎ᠤᠨ ᠦᠬᠡᠷᠡᠴᠢᠯᠡᠯᠳᠡ ᠵᠢ ᠬᠦᠨᠵᠡᠬᠡᠢ᠌ᠷᠡᠬᠦᠯᠤᠨ᠂ ᠬᠦᠭᠵᠢᠯᠳᠡ ᠵᠢ ᠦᠷ᠎ᠡ ᠪᠦᠳᠦᠮᠵᠢ ᠵᠢ ᠪᠦᠬᠦ ᠠᠷᠠᠳ ᠲᠦᠮᠡᠨ᠎ᠳᠤ ᠨᠡᠡᠭ ᠭᠤᠤᠯᠴᠢ᠂ ᠨᠡᠡᠭ ᠤᠯᠠᠨ ᠵᠶ᠋ᠡᠷ ᠬᠦᠷᠬᠡᠵᠤ᠂ ᠬᠠᠮᠳᠤ᠎ᠪᠠᠷ ᠪᠠᠶᠠᠵᠢᠨ ᠴᠢᠨᠡᠬᠡᠯᠢᠭᠵᠢᠬᠦ ᠲᠡᠢ᠌ᠰᠢ ᠯᠠᠪᠳᠠᠭᠤᠨ ᠵᠶ᠋ᠡᠷ ᠤᠷᠤᠬᠰᠢᠯᠠᠬᠤ ᠬᠡᠷᠡᠭᠳᠡᠢ》 ᠭᠡᠵᠤ ᠵᠢᠭ᠋ᠠᠪᠤᠷᠢᠯᠠᠪᠠ᠃ ᠡᠨᠡ ᠴᠢᠬᠤᠯᠨ ᠦᠬᠦᠯᠡᠯᠳᠡ᠎ᠨᠢ ᠠᠵᠤ ᠠᠬᠤᠢ ᠵᠢᠨ ᠬᠦᠭᠵᠢᠯᠳᠡ ᠪᠠ ᠠᠷᠠᠳ᠎ᠤᠨ ᠠᠮᠢᠳᠤᠷᠠᠯ᠎ᠢ ᠰᠠᠢ᠌ᠵᠢᠷᠠᠭᠤᠯᠬᠤ᠎ᠯᠤᠭ᠎ᠠ ᠵᠢᠨ ᠬᠤᠯᠪᠤᠭ᠎ᠠ ᠵᠢ ᠢᠯᠡᠷᠡᠬᠦᠯᠵᠤ ᠪᠤᠢ᠂ ᠲᠡᠷᠨ᠎ᠨᠢ ᠠᠷᠠᠳ᠎ᠤᠨ ᠠᠮᠢᠳᠤᠷᠠᠯ᠎ᠢ ᠪᠠᠳᠤᠯᠠᠨ ᠰᠠᠢ᠌ᠵᠢᠷᠠᠭᠤᠯᠬᠤ᠎ᠪᠠᠷ ᠲᠠᠮᠵᠢᠨ ᠠᠵᠤ ᠠᠬᠤᠢ ᠵᠢᠨ ᠦᠷ᠎ᠡ ᠪᠦᠳᠦᠬᠡᠯ᠎ᠢ ᠬᠠᠮᠳᠤ᠎ᠪᠠᠷ ᠡᠳ᠋ᠯᠡᠬᠦ ᠵᠢ ᠪᠡᠶᠡᠯᠡᠬᠦᠯᠵᠤ᠂ ᠬᠠᠮᠤᠭ᠎ᠤᠨ ᠰᠡᠬᠦᠯ᠎ᠳᠤ ᠬᠠᠮᠳᠤ᠎ᠪᠠᠷ ᠴᠢᠨᠡᠬᠡᠯᠢᠭᠵᠢᠬᠦ ᠵᠢ ᠪᠡᠶᠡᠯᠡᠬᠦᠯᠬᠦ ᠶᠠᠪᠤᠳᠠᠯ ᠪᠤᠯᠤᠨ᠎ᠠ᠃ ᠰᠢᠨ᠎ᠡ ᠴᠠᠭ ᠦᠶ᠎ᠡ᠎ᠳᠤ ᠠᠷᠠᠳ᠎ᠤᠨ ᠠᠮᠢᠳᠤᠷᠠᠯ᠎ᠤᠨ ᠲᠦᠪᠰᠢᠨ᠎ᠢ ᠪᠠᠳᠤᠯᠠᠨ ᠰᠠᠢ᠌ᠵᠢᠷᠠᠭᠤᠯᠬᠤ᠎ᠳᠤ ᠠᠵᠤ ᠠᠬᠤᠢ ᠵᠢᠨ ᠬᠦᠭᠵᠢᠯᠳᠡ ᠪᠠ ᠠᠷᠠᠳ᠎ᠤᠨ ᠠᠮᠢᠳᠤᠷᠠᠯ᠎ᠤᠨ ᠨᠡᠮᠡᠭᠳᠡᠯ᠎ᠤᠨ ᠬᠠᠷᠢᠴᠠᠭ᠎ᠠ ᠵᠢ ᠰᠠᠢ᠌ᠳᠤᠷ ᠰᠢᠢ᠍ᠳᠪᠤᠷᠢᠯᠡᠵᠤ᠂ ᠠᠵᠤ ᠠᠬᠤᠢ ᠵᠢᠨ ᠬᠦᠭᠵᠢᠯᠳᠡ᠎ᠨᠢ ᠠᠷᠠᠳ᠎ᠤᠨ ᠠᠮᠢᠳᠤᠷᠠᠯ᠎ᠢ ᠪᠠᠳᠤᠯᠠᠨ ᠰᠠᠢ᠌ᠵᠢᠷᠠᠭᠤᠯᠬᠤ ᠲᠤᠮᠳᠠᠬᠢ ᠰᠠᠭᠤᠷᠢ ᠦᠢ᠍ᠯᠡᠳᠤᠯ᠎ᠢ ᠲᠠᠨᠢᠵᠤ᠂ ᠠᠷᠠᠳ᠎ᠤᠨ ᠠᠮᠢᠳᠤᠷᠠᠯ᠎ᠤᠨ ᠪᠠᠳᠤᠯᠠᠭ᠎ᠠ ᠪᠠ ᠠᠵᠤ ᠠᠬᠤᠢ ᠵᠢᠨ ᠬᠦᠭᠵᠢᠯᠳᠡ ᠵᠢᠨ ᠬᠠᠷᠢᠴᠠᠭ᠎ᠠ᠎ᠨᠢ ᠰᠢᠭᠤᠳ ᠬᠠᠷᠢᠴᠠᠭ᠎ᠠ᠎ᠲᠠᠢ ᠵᠢ ᠲᠤᠳᠤᠷᠬᠠᠢ᠌ᠯᠠᠨ᠂ 《ᠠᠷᠠᠳ᠎ᠤᠨ ᠠᠮᠢᠳᠤᠷᠠᠯ᠎ᠢ ᠰᠠᠢ᠌ᠵᠢᠷᠠᠭᠤᠯᠬᠤ᠎ᠨᠢ ᠠᠵᠤ ᠠᠬᠤᠢ ᠵᠢ ᠬᠦᠭᠵᠢᠯᠳᠡ ᠵᠢᠨ ᠲᠠᠷᠤᠭ᠋ᠠᠰᠤ》 ᠬᠡᠰᠡᠨ ᠪᠤᠷᠤᠭᠤ ᠲᠠᠨᠢᠯᠳᠠ ᠵᠢ ᠵᠠᠯᠠᠷᠠᠭᠤᠯᠤᠨ᠂ ᠠᠷᠠᠳ᠎ᠤᠨ ᠠᠮᠢᠳᠤᠷᠠᠯ᠎ᠤᠨ ᠪᠠᠢ᠌ᠭᠤᠯᠤᠯᠳᠠ᠎ᠪᠠᠷ ᠠᠵᠤ ᠠᠬᠤᠢ ᠵᠢᠨ ᠬᠦᠭᠵᠢᠯᠳᠡ ᠵᠢ ᠠᠬᠢᠭᠤᠯᠬᠤ᠂ ᠠᠵᠤ ᠠᠬᠤᠢ ᠵᠢᠨ ᠬᠦᠭᠵᠢᠯᠳᠡ᠎ᠪᠠᠷ ᠠᠷᠠᠳ᠎ᠤᠨ ᠠᠮᠢᠳᠤᠷᠠᠯ᠎ᠢ ᠲᠡᠭᠡᠭᠰᠢᠯᠡᠬᠦᠯᠬᠦ ᠵᠦᠪ ᠤᠢ᠌ᠯᠠᠭ᠋ᠠᠬᠳᠠᠬᠤᠨ᠎ᠢ ᠪᠤᠢ ᠪᠤᠯᠭ᠋ᠠᠵᠤ᠂ ᠠᠷᠠᠳ᠎ᠤᠨ ᠠᠮᠢᠳᠤᠷᠠᠯ᠎ᠤᠨ ᠬᠢᠷᠢ ᠬᠡᠮᠵᠢᠶ᠎ᠡ ᠪᠠ ᠠᠵᠤ ᠠᠬᠤᠢ ᠵᠢᠨ ᠬᠦᠭᠵᠢᠯᠳᠡ ᠵᠡᠷᠬᠡ᠎ᠪᠠᠷ ᠬᠦᠭᠵᠢᠬᠦ ᠵᠢ ᠠᠬᠢᠭᠤᠯᠪᠠ  ᠃
    ᠨᠡᠢ᠌ᠬᠡᠮ᠎ᠤᠨ ᠲᠠᠪᠬᠤᠷᠭ᠎ᠠ᠎ᠠᠴᠠ ᠠᠪᠴᠤ ᠦᠵᠡᠪᠡᠯ ᠠᠷᠠᠳ᠎ᠤᠨ ᠠᠮᠢᠳᠤᠷᠠᠯ᠎ᠤᠨ ᠪᠠᠳᠤᠯᠠᠭ᠎ᠠ᠎ᠪᠠᠷ ᠨᠡᠢ᠌ᠬᠡᠮ᠎ᠤᠨ ᠠᠰᠠᠭᠤᠳᠠᠯ᠎ᠢ ᠰᠢᠢ᠍ᠳᠪᠤᠷᠢᠯᠡᠵᠤ᠂ ᠨᠡᠢ᠌ᠬᠡᠮ᠎ᠤᠨ ᠲᠤᠬᠳᠠᠭᠤᠨ᠎ᠢ ᠪᠠᠳᠤᠯᠠᠬᠤ ᠪᠤᠯ ᠤᠯᠤᠰ ᠵᠶ᠋ᠡᠨ ᠵᠠᠰᠠᠬᠤ ᠵᠢᠨ ᠴᠢᠬᠤᠯᠨ ᠪᠦᠷᠢᠯᠳᠤᠬᠦᠨ ᠪᠤᠯᠤᠨ᠎ᠠ᠃ ᠤᠯᠠᠨ ᠨᠡᠢ᠌ᠳᠡ ᠵᠢᠨ ᠠᠮᠤᠷ ᠲᠦᠪᠰᠢᠨ᠎ᠢ ᠪᠠᠳᠤᠯᠠᠬᠤ᠂ ᠨᠡᠢ᠌ᠬᠡᠮ᠎ᠤᠨ ᠵᠦᠷᠢᠴᠡᠯ᠎ᠢ ᠨᠠᠮᠳᠠᠭ᠋ᠠᠬᠤ᠂ ᠨᠡᠢ᠌ᠬᠡᠮ᠎ᠤᠨ ᠲᠤᠬᠳᠠᠭᠤᠨ᠎ᠢ ᠪᠠᠳᠤᠯᠠᠬᠤ᠎ᠨᠢ ᠠᠵᠢᠯ ᠤᠯᠭᠤᠯᠳᠠ᠂ ᠰᠤᠷᠭ᠋ᠠᠨ ᠬᠦᠮᠦᠵᠢᠯ᠂ ᠡᠮ ᠡᠮᠨᠡᠯᠬᠡ᠂ ᠤᠷᠤᠨ ᠰᠠᠭᠤᠴᠨ᠂ ᠨᠠᠰᠤᠵᠢᠯ᠂ ᠲᠤᠰᠠᠯᠠᠮᠵᠢ ᠵᠡᠷᠬᠡ᠎ᠲᠠᠢ ᠨᠢᠬᠳᠠ ᠬᠤᠯᠪᠤᠭ᠎ᠠ᠎ᠲᠠᠢ ᠪᠦᠬᠡᠳ ᠡᠨᠡ ᠪᠦᠬᠦᠨ᠎ᠨᠢ ᠠᠷᠠᠳ᠎ᠤᠨ ᠠᠮᠢᠳᠤᠷᠠᠯ᠎ᠲᠠᠢ ᠰᠢᠭᠤᠳ ᠬᠤᠯᠪᠤᠬᠳᠠᠳᠠᠭ ᠲᠡᠳᠤᠢ ᠦᠬᠡᠢ ᠠᠷᠠᠳ ᠤᠯᠠᠨ᠎ᠤ ᠬᠠᠮᠤᠭ᠎ᠠᠴᠠ ᠰᠡᠳᠬᠢᠯ ᠲᠠᠯᠪᠢᠳᠠᠭ᠂ ᠬᠠᠮᠤᠭ᠎ᠠᠴᠠ ᠰᠢᠭᠤᠳ ᠬᠠᠮᠤᠭ᠎ᠤᠨ ᠠᠬᠤᠢ᠌ᠴᠢ ᠠᠷᠠᠳ᠎ᠤᠨ ᠠᠮᠢᠳᠤᠷᠠᠯ᠎ᠤᠨ ᠠᠰᠠᠭᠤᠳᠠᠯ ᠪᠤᠯᠵᠤ ᠪᠠᠢ᠌ᠳᠠᠭ᠃ ᠨᠠᠮ᠎ᠤᠨ ᠠᠷᠪᠠ ᠶᠢᠰᠤᠳᠤᠬᠡᠷ ᠬᠤᠭᠤᠴᠠᠭ᠋ᠠᠨ᠎ᠤ ᠲᠦᠷᠪᠡᠳᠤᠬᠡᠷ ᠪᠦᠬᠦᠳᠡ ᠬᠤᠷᠠᠯ᠎ᠠᠴᠠ ᠪᠠᠳᠤᠯᠠᠬᠰᠠᠨ ᠰᠢᠢ᠍ᠳᠪᠤᠷᠢ᠎ᠳᠤ᠄ 《ᠨᠡᠢ᠌ᠬᠡᠮ᠎ᠢ ᠵᠠᠰᠠᠬᠤ ᠲᠠᠯ᠎ᠠ᠎ᠪᠠᠷ ᠡᠷᠬᠡᠪᠰᠢ ᠰᠢᠨ᠎ᠡ ᠵᠢ ᠡᠬᠦᠳᠬᠦ᠎ᠪᠠᠨ ᠴᠢᠡᠭᠭ᠋ᠠᠳᠭ᠋ᠠᠨ᠂ ᠬᠦᠮᠦᠨ ᠪᠦᠬᠦᠨ ᠬᠠᠷᠢᠭᠤᠴᠠᠯᠭ᠎ᠠ᠎ᠲᠠᠢ᠂ ᠬᠦᠮᠦᠨ ᠪᠦᠬᠦᠨ ᠬᠠᠷᠢᠭᠤᠴᠠᠯᠭ᠎ᠠ᠎ᠪᠠᠨ ᠬᠦᠢ᠍ᠴᠡᠳᠬᠡᠬᠦ᠂ ᠬᠦᠮᠦᠨ ᠪᠦᠬᠦᠨ ᠡᠳ᠋ᠯᠡᠬᠦ ᠨᠡᠢ᠌ᠬᠡᠮ᠎ᠤᠨ ᠵᠠᠰᠠᠯᠳᠠ ᠵᠢᠨ ᠬᠠᠮᠳᠤ ᠵᠢᠨ ᠴᠤᠬ᠍ᠴᠨ ᠵᠢ ᠪᠤᠢ ᠪᠤᠯᠭ᠋ᠠᠵᠤ᠂ ᠰᠢᠨ᠎ᠡ ᠪᠠᠢ᠌ᠳᠠᠯ ᠲᠤᠤᠷᠠᠬᠢ ᠠᠷᠠᠳ ᠲᠦᠮᠡᠨ᠎ᠤ ᠲᠤᠳᠤᠭ᠋ᠠᠳᠤ ᠵᠢᠨ ᠵᠦᠷᠢᠴᠡᠯ᠎ᠢ ᠵᠦᠪ ᠰᠢᠢ᠍ᠳᠪᠤᠷᠢᠯᠡᠬᠦ ᠲᠤᠬᠳᠠᠴᠨ ᠵᠢ ᠪᠠᠢ᠌ᠭᠤᠯᠵᠤ᠂ ᠠᠷᠠᠳ ᠲᠦᠮᠡᠨ᠎ᠤ ᠠᠮᠤᠷ ᠲᠤᠬᠳᠠᠭᠤᠨ ᠠᠵᠤ ᠲᠦᠷᠤᠵᠤ᠂ ᠨᠡᠢ᠌ᠬᠡᠮ ᠲᠤᠬᠳᠠᠭᠤᠨ ᠪᠦᠬᠡᠳ ᠡᠮᠬᠢ ᠴᠡᠭᠴᠡᠳᠡᠢ ᠪᠠᠢ᠌ᠬᠤ ᠵᠢ ᠪᠠᠳᠤᠯᠠᠨ᠂   ᠨᠡᠡᠭ ᠦᠨᠳᠤᠷ ᠬᠢᠷᠢ ᠲᠦᠪᠰᠢᠨ᠎ᠲᠠᠢ ᠠᠮᠤᠷ ᠲᠠᠢ᠌ᠪᠤᠡᠭ ᠲᠤᠮᠳᠠᠳᠤ ᠤᠯᠤᠰ᠎ᠢ ᠪᠠᠢ᠌ᠭᠤᠯᠬᠤ ᠬᠡᠷᠡᠭᠳᠡᠢ》 ᠭᠡᠵᠤ ᠲᠤᠳᠤᠷᠬᠠᠢ ᠵᠢᠭ᠋ᠠᠬᠰᠠᠨ ᠪᠢᠯᠨ᠃ ᠡᠨᠡ ᠦᠬᠦᠯᠡᠯᠳᠡ᠎ᠨᠢ ᠨᠡᠢ᠌ᠬᠡᠮ᠎ᠤᠨ ᠵᠠᠰᠠᠯᠳᠠ ᠵᠢᠨ ᠰᠢᠨ᠎ᠡ ᠵᠢ ᠡᠬᠦᠳᠴᠤ᠂ ᠲᠤᠮᠳᠠᠳᠤ ᠤᠯᠤᠰ᠎ᠤᠨ ᠤᠨᠴᠠᠯᠢᠭ᠎ᠲᠠᠢ ᠨᠡᠢ᠌ᠬᠡᠮ ᠵᠢᠷᠤᠮᠳᠤ ᠨᠡᠢ᠌ᠬᠡᠮ᠎ᠤᠨ ᠪᠠᠢ᠌ᠭᠤᠯᠤᠯ᠎ᠢ ᠬᠦᠭᠵᠢᠬᠦᠯᠬᠦ ᠵᠢᠨ ᠵᠠᠡᠭᠬᠢᠯᠠᠭ᠎ᠠ᠎ᠨᠢ ᠠᠷᠠᠳ᠎ᠤᠨ ᠠᠮᠢᠳᠤᠷᠠᠯ᠎ᠢ ᠪᠠᠳᠤᠯᠠᠬᠤ᠂ ᠭᠤᠤᠯᠳᠠᠯᠭ᠎ᠠ᠎ᠨᠢ ᠠᠷᠠᠳ ᠲᠦᠮᠡᠨ᠎ᠳᠤ ᠠᠵᠢᠯ ᠤᠯᠬᠤ ᠡᠷᠬᠡ᠂ ᠤᠷᠤᠨ ᠰᠠᠭᠤᠴᠨ ᠵᠢᠨ ᠡᠷᠬᠡ᠂ ᠨᠡᠢ᠌ᠬᠡᠮ᠎ᠤᠨ ᠪᠠᠳᠤᠯᠠᠭ᠎ᠠ ᠵᠢᠨ ᠡᠷᠬᠡ ᠵᠢ ᠡᠳ᠋ᠯᠡᠬᠦᠯᠵᠤ᠂ ᠠᠷᠠᠳ ᠲᠦᠮᠡᠨ᠎ᠤ ᠤᠷᠤᠰᠢᠨ ᠲᠤᠬᠳᠠᠨᠢᠵᠤ ᠬᠦᠭᠵᠢᠬᠦ ᠬᠡᠷᠡᠭᠴᠡᠬᠡ ᠵᠢ ᠬᠠᠡᠭᠭ᠋ᠠᠬᠰᠠᠨ ᠰᠠᠭᠤᠷᠢᠨ ᠲᠡᠬᠡᠷ᠎ᠡ ᠪᠦᠬᠦ ᠠᠷᠠᠳ᠎ᠢ ᠬᠠᠮᠤᠷᠤᠬᠰᠠᠨ ᠨᠡᠢ᠌ᠬᠡᠮ᠎ᠤᠨ ᠪᠠᠳᠤᠯᠠᠭ᠎ᠠ ᠵᠢᠨ ᠰᠢᠰᠲᠸᠮ᠎ᠢ ᠲᠡᠬᠦᠯᠳᠡᠷᠵᠢᠬᠦᠯᠬᠦ᠎ᠪᠠᠷ ᠲᠠᠮᠵᠢᠨ ᠨᠠᠰᠤ᠎ᠪᠠᠷ ᠵᠶ᠋ᠡᠨ ᠰᠤᠷᠤᠯᠴᠠᠬᠤ ᠰᠤᠷᠭ᠋ᠠᠨ ᠬᠦᠮᠦᠵᠢᠯ᠎ᠤᠨ ᠰᠢᠰᠲᠸᠮ᠎ᠢ ᠪᠠᠢ᠌ᠭᠤᠯᠵᠤ᠂ ᠲᠦᠷᠢᠶᠡᠰᠤᠯᠡᠬᠦ ᠪᠠ ᠬᠤᠳᠠᠯᠳᠤᠨ ᠠᠪᠬᠤ ᠵᠢ ᠬᠠᠮᠳᠤᠷᠠᠭᠤᠯᠤᠬᠰᠠᠨ ᠤᠷᠤᠨ ᠰᠠᠭᠤᠴᠨ ᠵᠢᠨ ᠲᠦᠷᠢᠮ᠎ᠢ ᠪᠦᠷᠢᠯᠳᠤᠬᠦᠯᠪᠡᠯ ᠰᠠᠶᠢ ᠨᠡᠢ᠌ᠬᠡᠮ᠎ᠤᠨ ᠨᠠᠢ᠌ᠷᠠᠮᠳᠠᠭᠤ ᠲᠤᠬᠳᠠᠭᠤᠨ᠎ᠢ ᠪᠡᠶᠡᠯᠡᠬᠦᠯᠵᠤ ᠴᠢᠳᠠᠨ᠎ᠠ ᠬᠡᠳᠡᠭ᠎ᠢ ᠦᠨᠳᠤᠰᠤᠨ᠎ᠠᠴᠠ᠎ᠨᠢ ᠲᠤᠳᠤᠷᠬᠠᠢ᠌ᠯᠠᠵᠤ ᠪᠠᠢ᠌ᠭ᠎ᠠ ᠪᠢᠯᠨ᠃
    ᠰᠤᠶᠤᠯ᠎ᠤᠨ ᠲᠠᠪᠬᠤᠷᠭ᠎ᠠ᠎ᠠᠴᠠ ᠠᠪᠤᠭ᠋ᠠᠳ ᠬᠡᠯᠡᠬᠦ᠎ᠳᠤ ᠠᠷᠠᠳ᠎ᠤᠨ ᠠᠮᠢᠳᠤᠷᠠᠯ ᠪᠤᠯ ᠪᠠᠰᠨ ᠴᠦ᠍ ᠨᠢᠬᠡ ᠵᠦᠢ᠍ᠯ᠎ᠤᠨ ᠰᠤᠶᠤᠯ᠂ ᠬᠦᠨ ᠵᠤᠵᠠᠭ᠋ᠠᠨ ᠰᠤᠶᠤᠯ᠎ᠤᠨ ᠦᠨᠤᠷ ᠠᠮᠳᠠ᠎ᠲᠠᠢ ᠪᠦᠬᠡᠳ ᠤᠨᠴᠠᠭ᠋ᠠᠢ ᠰᠤᠶᠤᠯ᠎ᠤᠨ ᠬᠠᠢ᠌ᠷ᠎ᠠ ᠰᠡᠳᠬᠢᠯᠬᠡ ᠵᠢ ᠠᠭᠤᠯᠵᠤ ᠪᠠᠢ᠌ᠳᠠᠭ ᠶᠤᠮ᠃ ᠨᠠᠮ᠎ᠤᠨ ᠠᠷᠪᠠᠨ ᠨᠠᠢ᠍ᠮᠠᠳᠤᠭ᠋ᠠᠷ ᠬᠤᠷᠠᠯ᠎ᠠᠴᠠ ᠨᠠᠭ᠋ᠠᠰᠢ ᠠᠷᠠᠳ ᠤᠯᠠᠨ᠎ᠤᠨ ᠦᠨᠳᠤᠰᠤᠨ ᠰᠤᠶᠤᠯ᠎ᠤᠨ ᠡᠷᠬᠡ᠎ᠢ ᠪᠠᠳᠤᠯᠠᠨ᠂ ᠠᠷᠠᠳ ᠤᠯᠠᠨ᠎ᠤ ᠤᠶᠤᠨ᠎ᠤ ᠰᠤᠶᠤᠯ᠎ᠤᠨ ᠬᠡᠷᠡᠭᠴᠡᠬᠡ ᠵᠢ ᠬᠠᠡᠭᠭ᠋ᠠᠬᠤ᠎ᠪᠠᠷ ᠵᠤᠷᠢᠯᠭ᠎ᠠ ᠪᠤᠯᠭ᠋ᠠᠨ ᠮᠠᠨ᠎ᠤ ᠤᠯᠤᠰ ᠤᠳᠤᠬᠢᠴᠢᠯᠠᠬᠰᠠᠨ ᠤᠯᠠᠨ ᠨᠡᠢ᠌ᠳᠡ ᠵᠢᠨ ᠰᠤᠶᠤᠯ᠎ᠤᠨ ᠦᠢ᠍ᠯᠡᠴᠢᠯᠡᠬᠡᠨ᠎ᠤ ᠰᠢᠰᠲᠸᠮ᠂ ᠤᠳᠤᠬᠢᠴᠢᠯᠠᠬᠰᠨᠨ ᠰᠤᠶᠤᠯ᠎ᠤᠨ ᠵᠠᠬ᠎ᠠ ᠵᠢᠨ ᠰᠢᠰᠲᠸᠮ ᠪᠠ ᠤᠳᠤᠬᠢᠴᠢᠯᠠᠬᠰᠠᠨ ᠰᠤᠶᠤᠯ᠎ᠤᠨ ᠠᠵᠤ ᠦᠢ᠍ᠯᠡᠰ᠎ᠤᠨ ᠰᠢᠰᠲᠸᠮ᠎ᠢ ᠶᠡᠬᠡ᠎ᠪᠠᠷ ᠠᠬᠢᠭᠤᠯᠤᠨ ᠨᠡᠢ᠌ᠬᠡᠮ ᠵᠢᠷᠤᠮᠳᠤ ᠭᠤᠤᠯᠯᠠᠬ᠍ᠴᠢ ᠦᠷᠳᠡᠭ᠎ᠤᠨ ᠦᠵᠡᠯᠳᠡ᠎ᠪᠠᠷ ᠵᠢᠯᠤᠭᠤᠳᠤᠮᠵᠢ ᠪᠤᠯᠭ᠋ᠠᠨ᠂ ᠬᠠᠡᠭᠭ᠋ᠠᠬᠤ ᠲᠠᠯ᠎ᠠ᠎ᠪᠠᠷ ᠬᠦᠴᠤ ᠤᠷᠤᠭᠤᠯᠤᠨ᠂ ᠰᠤᠶᠤᠯ᠎ᠤᠨ ᠪᠠᠢ᠌ᠭᠤᠯᠤᠮᠵᠢ ᠵᠢᠨ ᠲᠤᠬᠳᠠᠯᠴᠠᠭ᠎ᠠ ᠵᠢᠨ ᠲᠠᠯ᠎ᠠ᠎ᠪᠠᠷ ᠰᠢᠨ᠎ᠡ ᠵᠢ ᠡᠬᠦᠳᠴᠤ᠂ ᠬᠤᠳᠠ ᠬᠦᠳᠡᠬᠡ ᠵᠢᠨ ᠰᠤᠲᠤᠯ᠎ᠤᠨ ᠪᠠᠢ᠌ᠭᠤᠯᠤᠯᠳᠠ ᠵᠢ ᠲᠡᠡᠭᠴᠡᠬᠦᠷᠢ᠎ᠲᠠᠢ ᠬᠦᠭᠵᠢᠬᠦᠯᠬᠦ ᠵᠢ ᠨᠢᠬᠡᠳᠤᠯᠵᠢᠬᠦᠯᠵᠡᠢ᠃ ᠲᠤᠮᠳᠠᠳᠤ ᠤᠯᠤᠰ᠎ᠲᠤ ᠠᠷᠠᠳ᠎ᠤᠨ ᠠᠮᠢᠳᠤᠷᠠᠯ᠎ᠤᠨ ᠪᠠᠳᠤᠯᠠᠭ᠎ᠠ ᠵᠢᠨ ᠲᠦᠷᠢᠮ ᠪᠤᠯ ᠡᠯᠪᠡᠭ ᠪᠠᠶᠠᠯᠢᠭ ᠤᠯᠠᠮᠵᠢᠯᠠᠯᠳᠤ ᠰᠤᠶᠤᠯ᠎ᠤᠨ ᠠᠭᠤᠯᠬᠤᠨ᠎ᠲᠠᠢ᠂ ᠢᠯᠨ ᠲᠤᠳᠤ ᠰᠤᠶᠤᠯ᠎ᠤᠨ ᠰᠠᠨᠠᠭ᠎ᠠ᠎ᠲᠠᠢ᠂ ᠰᠢᠯᠢᠳᠡᠭ ᠤᠯᠠᠮᠵᠢᠯᠠᠯᠳᠤ ᠰᠤᠶᠤᠯ ᠵᠶ᠋ᠡᠨ ᠪᠠᠳᠠᠷᠠᠭᠤᠯᠬᠤ ᠪᠠ ᠦᠪᠯᠡᠬᠦ ᠴᠢᠳᠠᠪᠬᠢ᠎ᠲᠠᠢ ᠶᠤᠮ᠃ ᠡᠬᠦᠨ᠎ᠤ ᠬᠠᠮᠳᠤ ᠰᠤᠶᠤᠯ᠎ᠤᠨ 《ᠨᠦᠯᠦᠬᠡᠯᠡᠯ》 ᠴᠦ᠍ ᠠᠷᠠᠳ᠎ᠤᠨ ᠠᠮᠢᠳᠤᠷᠠᠯ᠎ᠤᠨ ᠪᠠᠳᠤᠯᠠᠭ᠎ᠠ᠎ᠳᠤ ᠡᠬᠢᠨ᠎ᠠᠴᠠ᠎ᠨᠢ ᠲᠠᠭᠤᠰᠳᠠᠯ᠎ᠠ ᠤᠷᠤᠰᠢᠵᠤ᠂ ᠲᠤᠮᠳᠠᠳᠤ ᠤᠯᠤᠰ᠎ᠤᠨ ᠠᠷᠠᠳ᠎ᠤᠨ ᠠᠮᠢᠳᠤᠷᠠᠯ᠎ᠤᠨ ᠪᠠᠳᠤᠯᠠᠭ᠎ᠠ ᠵᠢᠨ ᠯᠤᠳᠤ ᠶᠡᠬᠡ ᠬᠦᠳᠡᠯᠬᠡᠬᠦ ᠬᠦᠴᠤᠨ ᠪᠤᠯᠵᠤ᠂ ᠰᠤᠶᠤᠯ᠎ᠤᠨ ᠡᠯᠸᠮᠨ᠋ᠸᠲ᠎ᠨᠢ ᠨᠡᠡᠭ ᠴᠦ᠍ ᠤᠳᠤᠬᠠᠨ᠎ᠤ ᠠᠷᠠᠳ᠎ᠤᠨ ᠠᠮᠢᠳᠤᠷᠠᠯ᠎ᠤᠨ ᠵᠤᠯ ᠵᠢᠷᠭ᠋ᠠᠯ᠎ᠤᠨ ᠴᠢᠬᠤᠯᠨ ᠪᠠᠷᠢᠮᠵᠢᠶ᠎ᠠ ᠪᠤᠯᠪᠠ᠃ ᠡᠢ᠌ᠮᠤ᠎ᠠᠴᠠ ᠠᠷᠠᠳ᠎ᠤᠨ ᠠᠮᠢᠳᠤᠷᠠᠯ᠎ᠤᠨ ᠪᠠᠳᠤᠯᠠᠭ᠎ᠠ ᠵᠢᠨ ᠬᠦᠭᠵᠢᠬᠦᠯᠬᠦ ᠪᠤᠯ ᠲᠤᠮᠳᠠᠳᠤ ᠤᠯᠤᠰ᠎ᠤᠨ ᠤᠨᠴᠠᠯᠢᠭ᠎ᠲᠠᠢ ᠨᠡᠢ᠌ᠬᠡᠮ ᠵᠢᠷᠤᠮᠳᠤ ᠰᠤᠶᠤᠯ᠎ᠤᠨ ᠪᠠᠢ᠌ᠭᠤᠯᠤᠯ᠎ᠤᠨ ᠴᠢᠬᠤᠯᠨ ᠠᠷᠭ᠎ᠠ ᠠᠪᠴᠠᠯ ᠮᠥᠨ᠃ ᠪᠢᠳᠡ ᠠᠷᠠᠳ᠎ᠤᠨ ᠠᠮᠢᠳᠤᠷᠠᠯ᠎ᠤᠨ ᠰᠤᠶᠤᠯ ᠪᠠ ᠰᠣᠶᠤᠯ᠎ᠤᠨ ᠠᠷᠠᠳ᠎ᠤᠨ ᠠᠮᠢᠳᠤᠷᠠᠯ ᠬᠡᠮᠡᠬᠦ ᠡᠨᠡ ᠬᠤᠶᠠᠷ ᠤᠬᠠᠬᠳᠠᠬᠤᠨ ᠵᠶ᠋ᠡᠷ ᠠᠷᠠᠳ᠎ᠤᠨ ᠠᠮᠢᠳᠤᠷᠠᠯ᠎ᠤᠨ ᠪᠠᠳᠤᠯᠠᠭ᠎ᠠ ᠵᠢᠨ ᠰᠤᠶᠤᠯ᠎ᠤᠨ ᠠᠭᠤᠯᠬᠤᠨ᠎ᠢ ᠬᠤᠷᠢᠶᠠᠡᠭᠭᠤᠢ᠌ᠯᠠᠵᠤ ᠪᠤᠯᠬᠤ ᠪᠦᠬᠡᠳ ᠡᠨᠡ ᠬᠤᠶᠠᠷ ᠤᠬᠠᠬᠳᠠᠬᠤᠨ ᠬᠠᠷᠢᠯᠴᠠᠨ ᠨᠦᠬᠦᠪᠤᠷᠢᠯᠡᠵᠤ᠂ ᠬᠠᠷᠢᠯᠴᠠᠨ ᠠᠬᠢᠭᠤᠯᠵᠤ᠂ ᠲᠤᠮᠳᠠᠳᠤ ᠤᠯᠤᠰ᠎ᠤᠨ ᠤᠨᠴᠠᠯᠢᠭ᠎ᠲᠠᠢ ᠨᠡᠢ᠌ᠬᠡᠮ ᠵᠢᠷᠤᠮᠳᠤ ᠰᠤᠶᠤᠯ᠎ᠤᠨ ᠪᠠᠢ᠌ᠭᠤᠯᠤᠯ᠎ᠤᠨ ᠰᠢᠰᠲᠸᠮ᠎ᠢ ᠬᠠᠮᠳᠤ᠎ᠪᠠᠷ ᠪᠦᠷᠢᠯᠳᠦᠬᠦᠯᠵᠤ ᠪᠠᠢ᠌ᠭ᠎ᠠ ᠪᠢᠯᠨ᠃
        ᠤᠷᠴᠢᠭᠤᠯᠤᠬ᠍ᠴᠢ ᠵᠢᠨ ᠬᠠᠶᠢᠭ᠄ ᠬᠦᠬᠡᠬᠤᠳᠠ ᠵᠢᠨ ᠮᠤᠡᠭᠭᠤᠯ   ᠦᠨᠳᠤᠰᠤᠳᠡᠨ᠎ᠤ ᠲᠤᠮᠳᠠᠳᠤ ᠰᠤᠷᠭ᠋ᠠᠭᠤᠯᠢ
       

ᠢᠷᠡᠯᠲᠡ᠄ 《ᠲᠤᠮᠳᠠᠳᠤ ᠤᠯᠤᠰ᠎ᠤᠨ ᠨᠡᠢ᠌ᠬᠡᠮ᠎ᠤᠨ ᠪᠠᠳᠤᠯᠠᠭ᠎ᠠ》 ᠰᠡᠳᠬᠦᠯ
          
ᠬᠠᠮᠢᠶ᠎ᠡ ᠪᠦᠬᠦᠢ ᠰᠣᠨᠢᠨ
《ᠨᠠᠰᠤᠵᠢᠯ᠎ᠤᠨ ᠪᠠᠢ᠌ᠭᠤᠯᠤᠮᠵᠢ ᠵᠢᠨ ᠬᠠᠮᠢᠶᠠᠷᠤᠯᠳᠠ ᠵᠢᠨ ᠠᠷᠭ᠎ᠠ》 ᠵᠢ ᠨᠡᠮᠡᠨ ᠵᠠᠰᠠᠬᠰᠠᠨ ᠬᠠᠤᠯᠢ ᠲᠤᠬᠳᠠᠭ᠋ᠠᠬᠤ ᠤᠢ᠌ᠯᠠᠭ᠋ᠠᠬᠳᠠᠬᠤᠨ ᠪᠠ ᠦᠨᠳᠤᠰᠤᠨ ᠰᠡᠳᠬᠢᠮᠵᠢ ᠵᠢᠨ ᠲᠤᠬᠠᠢ ᠲᠠᠢ᠌ᠯᠤᠮᠵᠢ
ᠰᠢᠨ᠎ᠡ ᠤᠢ᠍ᠢ᠍ᠯᠠᠭ᠋ᠠᠭᠳᠠᠬᠤᠨ᠎ᠢ ᠳᠤᠭᠤᠰᠢᠯᠠᠭᠤᠯᠵᠤ ᠰᠢᠨ᠎ᠡ ᠠᠮᠵᠢᠯᠲᠠ ᠪᠦᠲᠦᠮᠵᠢ ᠵᠢ ᠡᠭᠦᠳᠤᠶ᠎ᠠ
ᠣᠯᠣᠰ᠎ᠤᠨ ᠨᠡᠢ᠌ᠳᠡᠮ ᠬᠡᠷᠡᠭᠯᠡᠬᠦ ᠦᠬᠡ ᠬᠡᠯᠨ ᠦᠰᠦᠭ ᠪᠢᠴᠢᠭ᠎ᠢ ᠰᠤᠷᠤᠯᠴᠠᠨ ᠬᠡᠷᠡᠭᠯᠡᠬᠦ ᠵᠢ ᠬᠠᠤᠯᠢ ᠶᠤᠰᠤᠭ᠋ᠠᠷ ᠠᠬᠢᠭᠤᠯᠬᠤ ᠵᠢ ᠪᠠᠷᠢᠮᠳᠠᠯᠠᠰᠤᠭ᠋ᠠᠢ
ᠤᠯᠤᠰ᠎ᠤᠨ ᠨᠡᠢ᠌ᠳᠡᠮ ᠬᠡᠷᠡᠭᠯᠡᠬᠦ ᠦᠬᠡ ᠬᠡᠯᠨ ᠦᠰᠦᠭ ᠪᠢᠴᠢᠭ᠎ᠢ ᠰᠠᠢ᠌ᠳᠤᠷ ᠰᠤᠷᠤᠯᠴᠠᠵᠤ ᠰᠠᠢ᠌ᠳᠤᠷ ᠬᠡᠷᠡᠭᠯᠡᠪᠡᠯ ᠰᠠᠶᠢ ᠲᠠᠰᠤᠷᠠᠯᠳᠠ ᠦᠬᠡᠢ ᠬᠦᠭᠵᠢᠨ ᠲᠠᠪᠰᠢᠵᠤ ᠴᠢᠳᠠᠨ᠎ᠠ
《ᠠᠷᠪᠠᠨ ᠲᠦᠷᠪᠡᠳᠤᠬᠡᠷ ᠲᠠᠪᠤᠨ ᠵᠢᠯ》 ᠤᠷᠤᠭᠤ ᠡᠷᠡᠯᠭᠡᠭᠯᠡᠨ ᠤᠷᠤᠬᠰᠢᠯᠠᠵᠤ᠂ ᠠᠷᠠᠳ᠎ᠤᠨ ᠶᠠᠪᠤᠳᠠᠯ ᠎ᠤᠨ ᠦᠢ᠍ᠯᠡᠰ᠎ᠤᠨ ᠦᠨᠳᠤᠷ ᠶᠠᠰᠤ ᠴᠢᠨᠠᠷ᠎ᠲᠠᠢ ᠬᠦᠭᠵᠢᠯᠳᠡ᠎ᠪᠠᠷ ᠠᠷᠠᠳ᠎ᠤᠨ ᠠᠮᠢᠳᠤᠷᠠᠯ᠎ᠤᠨ ᠵᠤᠯ ᠵᠢᠷᠭ᠋ᠠᠯ᠎ᠢ ᠨᠡᠮᠡᠭᠳᠡᠬᠦᠯᠤᠰᠤᠬᠡᠢ
 
            