ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠢᠯᠡ ᠵᠠᠰᠠᠭ   -   ᠲᠥᠷᠥ᠎ᠶᠢᠨ ᠪᠣᠳᠣᠯᠭ᠎ᠠ᠎ᠶᠢᠨ ᠲᠠᠶ᠋ᠢᠯᠤᠮᠵᠢ
ᠰᠢᠨ᠎ᠡ ᠤᠢ᠍ᠢ᠍ᠯᠠᠭ᠋ᠠᠭᠳᠠᠬᠤᠨ᠎ᠢ ᠳᠤᠭᠤᠰᠢᠯᠠᠭᠤᠯᠵᠤ ᠰᠢᠨ᠎ᠡ ᠠᠮᠵᠢᠯᠲᠠ ᠪᠦᠲᠦᠮᠵᠢ ᠵᠢ ᠡᠭᠦᠳᠤᠶ᠎ᠠ
ᠨᠡᠶᠢᠲᠡᠯᠡᠭᠰᠡᠨ ᠴᠠᠭ᠄ 2021-01-29

ᠰᠢᠨ᠎ᠡ ᠤᠢ᠍ᠢ᠍ᠯᠠᠭ᠋ᠠᠭᠳᠠᠬᠤᠨ᠎ᠢ ᠳᠤᠭᠤᠰᠢᠯᠠᠭᠤᠯᠵᠤ     ᠰᠢᠨ᠎ᠡ ᠠᠮᠵᠢᠯᠲᠠ ᠪᠦᠲᠦᠮᠵᠢ ᠵᠢ ᠡᠭᠦᠳᠤᠶ᠎ᠠ

                            ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠤᠨ
                            ᠬᠣᠶᠠᠳᠤᠭ᠋ᠠᠷ ᠳᠡᠰ᠎ᠤᠨ ᠲᠣᠭᠣᠷᠢᠨ ᠪᠠᠢ᠌ᠴᠠᠭ᠋ᠠᠭᠴᠢ   ᠴᠡᠩᠭᠡᠯᠳᠦ ᠵᠣᠬᠢᠶᠠᠪᠠ
                                                                    ᠵᠢᠷᠭ᠋ᠠᠯ ᠤᠷᠴᠢᠭᠤᠯᠪᠠ      

                     

      ᠨᠠᠮ᠎ᠤᠨ ᠠᠷᠪᠠ ᠶᠢᠰᠦᠳᠦᠭᠡᠷ ᠬᠤᠭᠤᠴᠠᠭ᠋ᠠᠨ᠎ᠤ ᠲᠠᠪᠤᠳᠤᠭ᠋ᠠᠷ ᠪᠥᠬᠥᠳᠡ ᠬᠤᠷᠠᠯ ᠪᠣᠯ ᠮᠠᠨ᠎ᠤ ᠨᠠᠮ ᠴᠢᠨᠡᠭᠡᠯᠢᠭ ᠨᠡᠢ᠌ᠭᠡᠮ᠎ᠢ ᠪᠦᠬᠦ ᠲᠠᠯ᠎ᠠ᠎ᠪᠠᠷ ᠪᠦᠲᠤᠭᠡᠨ ᠪᠠᠢ᠌ᠭᠤᠯᠬᠤ ᠠᠵᠢᠯ ᠰᠢᠢᠳᠪᠦᠷᠢᠲᠦ ᠴᠢᠨᠠᠷᠲᠠᠶ ᠠᠮᠵᠢᠯᠲᠠ ᠪᠦᠲᠦᠮᠵᠢ ᠣᠯᠵᠤ᠂ 〈〈ᠬᠣᠤᠰ ᠵᠠᠭᠤᠨ ᠵᠢᠯ〉〉᠎ᠤᠨ ᠲᠡᠮᠡᠴᠡᠯ᠎ᠤᠨ ᠬᠠᠷᠠᠯᠲᠠ ᠲᠡᠦᠬᠡᠨ ᠠᠭᠤᠯᠵᠠᠷ᠎ᠲᠤ ᠤᠷᠤᠭᠰᠠᠨ ᠵᠠᠩᠭᠢᠯᠠᠭ᠎ᠠ ᠵᠢᠨ ᠴᠠᠭ ᠦᠶ᠎ᠡ᠎ᠳᠤ ᠬᠤᠷᠠᠯᠳᠤᠭᠰᠠᠨ ᠨᠢᠭᠡ ᠤᠳᠠᠭ᠋ᠠᠨ᠎ᠤ ᠮᠠᠰᠢ ᠴᠢᠬᠤᠯᠠ ᠬᠤᠷᠠᠯ ᠪᠣᠯᠤᠨ᠎ᠠ᠃ ᠬᠤᠷᠠᠯ᠎ᠨᠢ 〈〈  ᠬᠣᠶᠠᠷ ᠶᠡᠬᠡ ᠲᠠᠯ᠎ᠠ〉〉᠎ᠳᠤ ᠰᠠᠭᠤᠷᠢᠯᠠᠨ᠂ 〈〈ᠤᠯᠤᠰ ᠠᠷᠠᠳ᠎ᠤᠨ ᠠᠵᠤ ᠠᠬᠤᠶ ᠨᠡᠢ᠌ᠭᠡᠮ᠎ᠤᠨ ᠬᠥᠭᠵᠢᠯᠲᠡ ᠵᠢᠨ ᠠᠷᠪᠠᠨ ᠳᠥᠷᠪᠡᠳᠦᠭᠡᠷ ᠲᠠᠪᠤᠨ ᠵᠢᠯ᠎ᠤᠨ ᠲᠦᠯᠣᠪᠵᠢᠭᠦᠯᠭᠡ ᠪᠠ 2035 ᠣᠨ᠎ᠤ ᠠᠯᠤᠰ᠎ᠤᠨ ᠬᠠᠷᠠᠯᠲᠠ ᠵᠢᠨ ᠳᠤᠬᠠᠢ ᠰᠠᠨᠠᠭᠤᠯᠭ᠎ᠠ〉〉 ᠵᠢ ᠬᠢᠨᠠᠨ ᠵᠦᠪᠯᠡᠵᠤ ᠪᠠᠲᠤᠯᠠᠭ᠋ᠠᠳ᠂  〈〈ᠠᠷᠪᠠᠨ ᠳᠥᠷᠪᠡᠳᠦᠭᠡᠷ ᠲᠠᠪᠤᠨ ᠵᠢᠯ〉〉᠎ᠤᠨ ᠲᠥᠯᠥᠪᠵᠢᠭᠦᠯᠭᠡ ᠵᠢᠨ ᠬᠤᠭᠤᠴᠠᠭ᠋ᠠᠨ᠎ᠳᠤ᠎ᠬᠢ ᠮᠠᠨ᠎ᠤ ᠤᠯᠤᠰ᠎ᠤᠨ ᠠᠵᠤ ᠠᠬᠤᠶ ᠨᠡᠢ᠌ᠭᠡᠮ᠎ᠤᠨ ᠬᠥᠭᠵᠢᠯᠲᠡ ᠵᠢᠨ ᠵᠢᠯᠣᠭᠣᠳᠬᠤ ᠦᠵᠡᠯ ᠰᠠᠨᠠᠭ᠎ᠠ᠂ ᠦᠨᠳᠦᠰᠦᠨ ᠵᠠᠷᠴᠢᠮ᠂ ᠬᠠᠷᠠᠯᠲᠠ ᠱᠠᠭ᠋ᠠᠷᠳᠠᠯᠭ᠎ᠠ᠂ ᠭᠣᠤᠯ ᠡᠭᠦᠷᠭᠡ᠂ ᠴᠢᠬᠤᠯᠠ ᠠᠷᠭ᠎ᠠ ᠬᠡᠮᠵᠢᠶ᠎ᠡ ᠵᠢ ᠲᠣᠳᠣᠷᠬᠠᠢ᠌ᠯᠠᠨ᠂ ᠠᠯᠢ ᠣᠯᠠᠨ ᠰᠢᠨ᠎ᠡ ᠣᠢ᠌ᠯᠠᠭ᠋ᠠᠭᠳᠠᠬᠤᠨ᠂ ᠰᠢᠨ᠎ᠡ ᠮᠠᠭ᠋ᠠᠳᠯᠠᠯᠲᠠ᠂ ᠰᠢᠨ᠎ᠡ ᠱᠠᠭ᠋ᠠᠷᠳᠠᠯᠭ᠎ᠠ ᠵᠢ ᠳᠤᠷᠠᠳᠴᠤ᠂   ᠪᠠᠷᠢᠮᠲᠠᠯᠠᠭᠰᠠᠭ᠋ᠠᠷ ᠢᠷᠡᠭᠰᠡᠨ ᠠᠷᠠᠳ ᠲᠦᠮᠡᠨ ᠵᠶ᠋ᠠᠷ ᠭᠣᠣᠯ ᠪᠣᠯᠭ᠋ᠠᠬᠤ   ᠵᠣᠭᠰᠣᠯᠲᠠ᠎ᠪᠠᠨ ᠲᠣᠳᠣᠷᠠᠭᠤᠯᠤᠨ᠂ ᠠᠯᠤᠰ᠎ᠢ ᠪᠣᠳᠣᠵᠤ ᠪᠣᠳᠠᠲᠠᠢ ᠵᠢ ᠡᠷᠬᠢᠮᠯᠡᠬᠦ ᠬᠥᠭᠵᠢᠯᠲᠡ ᠵᠢᠨ ᠪᠠᠢ᠌ᠯᠳᠤᠬᠤ ᠪᠣᠳᠣᠯᠭ᠎ᠠ᠎ᠪᠠᠨ ᠢᠯᠡᠷᠡᠭᠦᠯᠵᠤ᠂ ᠲᠦᠷᠦ ᠵᠢ ᠵᠠᠰᠠᠵᠤ ᠵᠠᠰᠠᠭ ᠪᠠᠷᠢᠬᠤ ᠳᠤᠮᠳᠠᠳᠤ ᠵᠢᠨ ᠤᠶᠤᠨ ᠤᠬᠠᠭ᠋ᠠᠨ᠎ᠢ ᠨᠢᠭᠲᠠᠷᠠᠭᠤᠯᠤᠨ᠂ 〈〈ᠬᠣᠣᠰ ᠵᠠᠭᠤᠨ ᠵᠢᠯ〉〉᠎ᠤᠨ ᠲᠡᠮᠡᠴᠡᠯ᠎ᠤᠨ ᠰᠢᠨ᠎ᠡ ᠠᠶᠠᠨ᠎ᠤ ᠲᠦᠷᠤᠭᠦᠤ ᠠᠯᠬᠤᠮ᠎ᠢ ᠰᠠᠢ᠍ᠢ᠍ᠨ ᠠᠯᠬᠤᠬᠤ᠎ᠳᠤ ᠦᠨᠳᠤᠰᠤᠨ ᠵᠢᠷᠤᠮᠯᠠᠯ ᠬᠠᠩᠭ᠋ᠠᠭᠰᠠᠨ ᠪᠠᠢ᠌ᠨ᠎ᠠ᠃ ᠬᠤᠷᠠᠯ᠎ᠤᠨ ᠵᠣᠷᠢᠭ ᠰᠠᠨᠠᠭ᠎ᠠ ᠵᠢ ᠰᠤᠷᠤᠯᠴᠠᠭ᠋ᠠᠳ ᠪᠢ ᠭᠣᠣᠯᠳᠠᠭᠤ ᠡᠢ᠌ᠮᠤ ᠭᠤᠷᠪᠠᠨ ᠵᠦᠢ᠍ᠯ᠎ᠤᠨ ᠣᠯᠣᠯᠲᠠ ᠲᠦᠷᠤᠭ᠌ᠳᠡᠯ᠎ᠲᠠᠢ ᠪᠣᠯᠪᠠ  ᠄
        ᠨᠢᠭᠡ᠂ ᠰᠢᠨ᠎ᠡ ᠣᠢ᠌ᠯᠠᠭ᠋ᠠᠭᠳᠠᠬᠤᠨ᠎ᠢ ᠲᠤᠭᠤᠰᠢᠯᠠᠭᠤᠯᠬᠤ᠎ᠳᠤ ᠡᠷᠬᠡᠪᠰᠢ ᠰᠢᠨ᠎ᠡ ᠣᠷᠣᠨ ᠪᠠᠢ᠌ᠷᠢ᠎ᠪᠠᠨ ᠡᠵᠡᠮᠳᠡᠬᠦ ᠬᠡᠷᠡᠭᠲᠠᠢ
      ᠣᠷᠣᠨ ᠪᠠᠢ᠌ᠷᠢ᠎ᠪᠠᠨ ᠣᠨᠣᠴᠠᠲᠠᠢ ᠣᠯᠵᠤ ᠴᠢᠳᠠᠪᠠᠯ ᠰᠠᠶᠢ ᠯᠠᠪᠳᠠᠭᠤᠨ ᠵᠶ᠋ᠠᠷ ᠬᠣᠯᠠ ᠠᠶᠠᠯᠠᠵᠤ ᠴᠢᠳᠠᠨ᠎ᠠ᠃ ᠥᠩᠭᠡᠷᠡᠭᠰᠡᠨ  〈〈ᠠᠷᠪᠠᠨ ᠭᠤᠷᠪᠠᠨ ᠲᠠᠪᠤᠨ ᠵᠢᠯ〉〉᠎ᠤᠨ ᠲᠥᠯᠥᠪᠵᠢᠭᠦᠯᠭᠡ ᠵᠢ ᠨᠠᠷᠢᠨ ᠠᠵᠢᠪᠠᠯ᠂ ᠭᠠᠭᠴᠠ ᠬᠦ᠌ ᠤᠯᠤᠰ᠎ᠤᠨ ᠵᠶ᠋ᠠᠨ ᠦᠨᠳᠦᠰᠦᠨ   ᠪᠠᠢ᠌ᠳᠠᠯ᠎ᠳᠤ ᠰᠠᠭᠤᠷᠢᠯᠠᠨ᠂ ᠬᠥᠭᠵᠢᠯᠲᠡ ᠵᠢᠨ ᠶᠡᠬᠡ ᠬᠠᠨᠳᠤᠰᠢ ᠵᠢ ᠡᠵᠡᠮᠳᠡᠵᠤ᠂ ᠪᠤᠰᠤᠳᠴᠢ ᠵᠢᠮ᠎ᠡ ᠶᠣᠰᠣ ᠵᠢ ᠬᠦᠨᠳᠦᠳᠬᠡᠪᠡᠯ ᠰᠠᠶᠢ ᠢᠷᠡᠭᠡᠳᠤᠢ ᠵᠢᠨ ᠲᠠᠪᠤᠨ ᠵᠢᠯ᠎ᠤᠨ ᠠᠵᠤ ᠠᠬᠤᠶ ᠨᠡᠢ᠌ᠭᠡᠮ᠎ᠢ ᠬᠡᠷᠬᠢᠨ ᠬᠦᠭᠵᠢᠭᠦᠯᠬᠦ ᠲᠤᠬᠠᠶ ᠠᠰᠠᠭᠤᠳᠠᠯ᠎ᠳᠤ ᠰᠢᠨᠵᠢᠯᠡᠬᠦ ᠤᠬᠠᠭ᠋ᠠᠨᠴᠢ ᠬᠠᠷᠢᠭᠤᠯᠲᠠ ᠥᠭᠴᠦ ᠴᠢᠳᠠᠨ᠎ᠠ᠃ ᠲᠠᠪᠤᠳᠤᠭ᠋ᠠᠷ ᠪᠥᠬᠥᠳᠡ ᠬᠤᠷᠠᠯ᠎ᠨᠢ ᠣᠳᠣᠬᠠᠨ᠎ᠤ ᠪᠠ ᠬᠣᠢ᠌ᠰᠢᠳᠠ   ᠵᠢᠨ ᠨᠢᠭᠡ ᠬᠤᠭᠤᠴᠠᠭ᠋ᠠᠨ᠎ᠤ ᠮᠠᠨ᠎ᠤ ᠤᠯᠤᠰ  ᠎ᠤᠨ ᠬᠥᠭᠵᠢᠯᠲᠡ ᠵᠢ ᠨᠥᠯᠥᠭᠡᠯᠡᠬᠦ ᠳᠣᠪᠣᠢ᠌ᠮ᠎ᠠ ᠠᠰᠠᠭᠤᠳᠠᠯ᠎ᠢ ᠭᠦᠨᠵᠡᠭᠡᠢ ᠵᠠᠳᠠᠯᠵᠤ᠂ ᠮᠠᠨ᠎ᠤ ᠤᠯᠤᠰ᠎ᠤᠨ   ᠬᠥᠭᠵᠢᠯᠲᠡ ᠵᠢᠨ ᠣᠷᠴᠢᠨ ᠠᠬᠤᠢ᠎ᠳᠤ ᠲᠤᠯᠭ᠋ᠠᠷᠠᠵᠤ ᠪᠦᠬᠦᠢ ᠨᠠᠷᠢᠨ ᠪᠤᠳᠤᠯᠢᠶᠠᠨᠲᠠᠶ ᠬᠤᠪᠢᠷᠠᠯᠲᠠ ᠵᠢ ᠭᠦᠨᠵᠡᠭᠡᠶ ᠵᠠᠳᠠᠯᠤᠨ᠂   ᠬᠤᠪᠢᠷᠠᠬᠤ ᠪᠠ ᠬᠤᠪᠢᠷᠠᠬᠤ ᠦᠭᠡᠢ᠂ ᠠᠮᠵᠢᠯᠲᠠ ᠪᠦᠲᠦᠮᠵᠢ ᠪᠠ ᠳᠤᠲᠠᠭᠤᠳᠠᠯ᠂ ᠦᠩᠭᠡᠷᠡᠭᠰᠡᠨ᠎ᠢ ᠵᠠᠯᠭ᠋ᠠᠮᠵᠢᠯᠠᠬᠤ ᠪᠠ ᠢᠷᠡᠭᠡᠳᠤᠢ ᠵᠢᠨ ᠵᠠᠮ᠎ᠢ ᠨᠡᠭᠡᠭᠡᠬᠦ᠂ ᠣᠳᠣᠬᠠᠨ᠎ᠤ ᠪᠠ ᠠᠯᠤᠰ ᠢᠷᠡᠭᠡᠳᠦᠢ᠂ ᠤᠯᠤᠰ᠎ᠤᠨ ᠳᠣᠲᠣᠭ᠋ᠠᠳᠤ ᠪᠠ ᠪᠦᠬᠦ ᠪᠥᠮᠪᠥᠷᠴᠡᠭ᠎ᠤᠨ ᠪᠠᠢ᠌ᠳᠠᠯ᠎ᠢ ᠬᠤᠪᠢᠰᠤᠩᠭᠤᠢ ᠠᠷᠭ᠎ᠠ  ᠎ᠪᠠᠷ ᠵᠥᠪ ᠡᠵᠡᠮᠲᠡᠨ᠂ ᠮᠠᠨ᠎ᠤ ᠤᠯᠤᠰ ᠨᠢᠭᠡᠨᠲᠡ 《ᠰᠢᠨ᠎ᠡ ᠬᠥᠭᠵᠢᠯᠲᠡ ᠵᠢᠨ ᠱᠠᠲᠤᠨ᠎ᠳᠤ ᠣᠷᠣᠵᠤ᠂ ᠰᠢᠨ᠎ᠡ ᠬᠥᠭᠵᠢᠯᠲᠡ ᠵᠢᠨ ᠤᠢ᠍ᠢ᠍ᠯᠠᠭ᠋ᠠᠭᠳᠠᠬᠤᠨ᠎ᠢ ᠲᠤᠭᠤᠰᠢᠯᠠᠭᠤᠯᠤᠨ᠂ ᠰᠢᠨ᠎ᠡ ᠬᠥᠭᠵᠢᠯᠲᠡ ᠵᠢᠨ ᠪᠠᠢ᠌ᠷᠢᠯᠠᠭᠤᠯᠤᠯᠲᠠ ᠵᠢ ᠪᠠᠢ᠌ᠭᠤᠯᠤᠭᠰᠠᠨ》 ᠵᠡᠷᠭᠡ ᠠᠯᠢ ᠤᠯᠠᠨ ᠴᠢᠬᠤᠯᠠ ᠮᠠᠭ᠋ᠠᠳᠯᠠᠯᠲᠠ ᠪᠣᠯᠤᠨ ᠴᠢᠬᠤᠯᠠ ᠶᠡᠬᠡ ᠰᠢᠨ᠎ᠡ ᠬᠦᠭᠵᠢᠯᠲᠡ ᠵᠢᠨ ᠰᠢᠢ᠍ᠳᠪᠦᠷᠢᠲᠦ ᠪᠤᠳᠤᠯᠭ᠎ᠠ ᠪᠠᠢ᠌ᠷᠢᠯᠠᠭᠤᠯᠤᠯᠲᠠ ᠵᠢ ᠲᠣᠳᠣᠷᠬᠠᠢ ᠵᠢᠭ᠋ᠠᠵᠤ ᠭᠠᠷᠭ᠋ᠠᠨ᠂ ᠠᠷᠠᠳ ᠲᠦᠮᠡᠨ᠎ᠤ ᠬᠦᠰᠡᠯ ᠡᠷᠡᠮᠡᠯᠵᠡᠯ᠎ᠳᠤ ᠨᠡᠢ᠌ᠴᠡᠵᠦ᠂ ᠴᠠᠭ ᠦᠶ᠎ᠡ ᠵᠢᠨ ᠣᠨᠴᠠᠯᠢᠭ᠎ᠲᠠᠢ ᠵᠣᠬᠢᠴᠠᠭᠰᠠᠨ ᠲᠤᠢ᠌ᠯ᠎ᠤᠨ ᠴᠢᠩᠭ᠎ᠠ ᠪᠦᠬᠦᠢ ᠪᠦᠬᠦ ᠲᠠᠯ᠎ᠠ ᠵᠢᠨ ᠴᠢᠨᠠᠷ᠂ ᠪᠠᠢ᠌ᠯᠳᠤᠬᠤ ᠪᠤᠳᠤᠯᠭ᠎ᠠ ᠵᠢᠨ ᠴᠢᠨᠠᠷ᠂ ᠪᠠᠷᠠᠯᠠᠯᠳᠤ ᠴᠢᠨᠠᠷ᠂ ᠰᠢᠨᠵᠢᠯᠡᠬᠦ ᠤᠬᠠᠭ᠋ᠠᠨᠴᠢ ᠴᠢᠨᠠᠷ᠂ ᠵᠢᠯᠣᠭᠣᠳᠬᠤ ᠴᠢᠨᠠᠷ᠎ᠲᠠᠢ ᠪᠣᠯᠤᠭᠰᠠᠨ ᠵᠶ᠋ᠠᠷ ᠪᠢᠳᠡᠨ᠎ᠤ ᠰᠢᠨ᠎ᠡ ᠬᠥᠭᠵᠢᠯᠲᠡ ᠵᠢᠨ ᠱᠠᠲᠤᠨ᠎ᠳᠤ᠎ᠬᠢ ᠭᠣᠣᠯ ᠣᠨᠴᠠᠯᠢᠭ᠎ᠢ ᠵᠥᠪ ᠲᠠᠨᠢᠵᠤ᠂ ᠰᠢᠨ᠎ᠡ ᠬᠥᠭᠵᠢᠯᠲᠡ ᠵᠢᠨ ᠪᠠᠢ᠌ᠷᠢᠯᠠᠭᠤᠯᠤᠯᠲᠠ ᠵᠢ ᠴᠣᠭᠴᠠᠯᠠᠨ ᠪᠠᠢ᠌ᠭᠤᠯᠬᠤ ᠪᠠᠢ᠌ᠯᠳᠤᠬᠤ ᠪᠣᠳᠣᠯᠭ᠎ᠠ ᠵᠢᠨ ᠭᠣᠣᠯᠳᠠᠯᠭ᠎ᠠ ᠵᠢ ᠣᠨᠣᠪᠴᠢᠲᠠᠶ ᠡᠵᠡᠮᠰᠢᠨ᠂ ᠨᠠᠮ᠎ᠤᠨ ᠲᠥᠪ ᠬᠣᠷᠢᠶᠠᠨ᠎ᠤ ᠴᠢᠬᠤᠯᠠ ᠶᠡᠬᠡ ᠰᠢᠢ᠍ᠳᠪᠦᠷᠢᠲᠦ ᠪᠤᠳᠤᠯᠭ᠎ᠠ ᠪᠠᠢ᠌ᠷᠢᠯᠠᠭᠤᠯᠤᠯᠲᠠ ᠵᠢ ᠪᠦᠬᠦ ᠲᠠᠯ᠎ᠠ᠎ᠪᠠᠷ ᠤᠢ᠍ᠢ᠍ᠯᠠᠭ᠋ᠠᠨ ᠲᠤᠭᠤᠰᠢᠯᠠᠭᠤᠯᠵᠤ᠂ ᠬᠣᠢ᠌ᠰᠢᠳᠠ ᠵᠢᠨ ᠨᠢᠭᠡ ᠬᠤᠭᠤᠴᠠᠭ᠋ᠠᠨ᠎ᠤ ᠠᠷᠠᠳ᠎ᠤᠨ ᠶᠠᠪᠤᠳᠠᠯ᠎ᠤᠨ ᠠᠵᠢᠯ᠎ᠢ ᠰᠢᠨᠵᠢᠯᠡᠬᠦ ᠤᠬᠠᠭ᠋ᠠᠨᠴᠢ᠎ᠪᠠᠷ ᠲᠥᠯᠥᠪᠵᠢᠭᠦᠯᠦᠨ ᠪᠠᠢ᠌ᠷᠢᠯᠠᠭᠤᠯᠬᠤ᠎ᠳᠤ ᠵᠦᠭᠯᠡᠭᠦᠷ ᠪᠣᠯᠤᠭᠰᠠᠨ ᠪᠠᠢ᠌ᠨ᠎ᠠ᠃  〈〈ᠬᠣᠶᠠᠳᠤᠭ᠋ᠠᠷ ᠵᠠᠭᠤᠨ ᠵᠢᠯ〉〉᠎ᠤᠨ ᠲᠡᠮᠡᠴᠡᠯ᠎ᠤᠨ ᠠᠶᠠᠨ ᠡᠬᠢᠯᠡᠵᠦ᠂ ᠳᠡᠯᠡᠬᠡᠶ ᠳ᠋ᠠᠬᠢᠨ᠎ᠳᠤ ᠵᠠᠭᠤᠨ ᠵᠢᠯ ᠲᠣᠬᠢᠶᠠᠯᠳᠤᠭ᠎ᠠ ᠦᠭᠡᠶ ᠶᠡᠬᠡ ᠬᠤᠪᠢᠷᠠᠯᠲᠠ ᠦᠷᠭᠦᠯᠵᠢᠯᠡᠨ ᠭᠦᠨᠵᠡᠭᠡᠢ᠌ᠷᠡᠵᠦ᠂ ᠰᠢᠨ᠎ᠡ ᠨᠢᠭᠡ ᠡᠭᠡᠯᠵᠢ ᠵᠢᠨ ᠰᠢᠨᠵᠢᠯᠡᠭᠡ   ᠮᠡᠷᠭᠡᠵᠢᠯ ᠪᠣᠯᠤᠨ ᠠᠵᠤ ᠦᠢᠯᠡᠰ᠎ᠤᠨ ᠬᠤᠪᠢᠰᠬᠠᠯ ᠲᠦᠷᠭᠡᠰᠦᠨ ᠲᠡᠯᠡᠷᠡᠭᠰᠡᠨ ᠵᠠᠩᠭᠢᠯᠠᠭ᠎ᠠ   ᠵᠢᠨ ᠴᠠᠭ ᠦᠶ᠎ᠡ᠎ᠳᠤ᠂ ᠠᠷᠠᠳ᠎ᠤᠨ ᠶᠠᠪᠤᠳᠠᠯ᠎ᠤᠨ ᠺᠠᠳ᠋ᠷ ᠨᠢᠭᠡᠪᠦᠷᠢ ᠴᠥᠮ 〈〈ᠬᠣᠶᠠᠷ ᠶᠡᠬᠡ ᠲᠠᠯ᠎ᠠ〉〉 ᠵᠢ ᠴᠡᠭᠡᠵᠢᠨ᠎ᠳᠤ᠎ᠪᠠᠨ ᠬᠠᠳᠠᠩᠰᠢᠭᠤᠯᠵᠤ᠂ ᠬᠥᠮᠦᠨ᠎ᠤ ᠠᠮᠢᠳᠤᠷᠠᠯ᠎ᠤᠨ ᠪᠠᠢ᠌ᠷᠢ ᠲᠣᠭᠲᠠᠭ᠋ᠠᠯᠲᠠ ᠪᠠ ᠲᠡᠮᠡᠴᠡᠬᠦ ᠬᠠᠷᠠᠯᠲᠠ᠎ᠪᠠᠨ ᠣᠨᠣᠴᠠᠲᠠᠢ ᠳᠣᠭᠲᠠᠭ᠋ᠠᠨ᠂ ᠦᠪᠡᠷ᠎ᠤᠨ ᠠᠵᠠ ᠲᠣᠬᠢᠶᠠᠯ ᠵᠶ᠋ᠠᠨ ᠴᠠᠭ ᠦᠶ᠎ᠡ ᠵᠢᠨ ᠬᠥᠭᠵᠢᠯᠲᠡ ᠵᠢᠨ ᠶᠡᠬᠡ ᠲᠠᠯ᠎ᠠ᠎ᠲᠠᠢ ᠤᠶᠠᠯᠳᠤᠭᠤᠯᠵᠤ᠂ 〈〈ᠠᠷᠪᠠᠨ ᠳᠥᠷᠪᠡᠳᠦᠭᠡᠷ ᠲᠠᠪᠤᠨ ᠵᠢᠯ〉〉᠎ᠤᠨ ᠲᠥᠯᠥᠪᠵᠢᠭᠦᠯᠭᠡ ᠵᠢᠨ ᠬᠤᠭᠤᠴᠠᠭ᠋ᠠᠨ᠎ᠤ ᠡᠷᠡᠯᠬᠡᠭᠯᠡᠨ ᠲᠡᠮᠡᠴᠡᠭᠴᠢ᠂ ᠡᠭᠦᠳᠦᠨ ᠨᠡᠭᠡᠭᠡᠭᠴᠢ᠂ ᠪᠦᠲᠦᠭᠡᠨ ᠪᠠᠢ᠌ᠭᠤᠯᠤᠭᠴᠢ ᠪᠣᠯᠵᠤ᠂ ᠲᠦᠭ ᠲᠦᠮᠡᠨ ᠵᠶ᠋ᠠᠷ   ᠵᠶ᠋ᠠᠨ ᠰᠡᠳᠬᠢᠯ ᠨᠢᠭᠡᠳᠦᠨ ᠬᠦᠴᠦ᠎ᠪᠠᠨ ᠬᠠᠮᠲᠤᠳᠬᠠᠵᠤ᠂ 《ᠦᠵᠡᠰᠬᠦᠯᠡᠩᠲᠦ ᠰᠠᠢ᠌ᠬᠠᠨ ᠥᠪᠥᠷ ᠮᠣᠩᠭᠣᠯ ᠵᠶ᠋ᠠᠨ ᠪᠥᠲᠥᠭᠡᠨ ᠪᠠᠢ᠌ᠭᠤᠯᠤᠨ᠂ ᠠᠭᠤᠤ ᠶᠡᠬᠡ ᠳᠤᠮᠳᠠᠳᠤ ᠵᠢᠨ ᠵᠡᠭᠦᠳᠦ᠎ᠪᠠᠨ ᠬᠠᠮᠲᠤ᠎ᠪᠠᠷ ᠲᠡᠷᠭᠡᠯᠰᠢᠭᠦᠯᠬᠦ》 ᠦᠢ᠍ᠯᠡᠳᠤᠯᠭᠡ ᠵᠢᠨ ᠳᠤᠮᠳᠠ᠎ᠪᠠᠨ ᠠᠮᠵᠢᠯᠲᠠ ᠪᠦᠲᠦᠮᠵᠢ ᠭᠠᠷᠭ᠋ᠠᠬᠤ᠎ᠪᠠᠷ ᠴᠢᠷᠮᠠᠢ᠌ᠬᠤ ᠬᠡᠷᠡᠭᠲᠠᠢ᠃
      ᠬᠣᠶᠠᠷ᠂ ᠰᠢᠨ᠎ᠡ ᠣᠢ᠌ᠯᠠᠭ᠋ᠠᠭᠳᠠᠬᠤᠨ᠎ᠢ ᠲᠤᠭᠤᠰᠢᠯᠠᠭᠤᠯᠬᠤ᠎ᠳᠤ ᠡᠷᠬᠡᠪᠰᠢ ᠰᠢᠨ᠎ᠡ ᠬᠠᠷᠠᠯᠲᠠ᠎ᠪᠠᠨ ᠲᠣᠳᠣᠷᠬᠠᠢ᠌ᠯᠠᠬᠤ ᠬᠡᠷᠡᠭᠲᠠᠢ
     〈〈ᠠᠷᠪᠠᠨ ᠭᠤᠷᠪᠠᠳᠤᠭ᠋ᠠᠷ ᠲᠠᠪᠤᠨ ᠵᠢᠯ〉〉᠎ᠤᠨ ᠬᠤᠭᠤᠴᠠᠭ᠋ᠠᠨ᠎ᠳᠤ᠂ ᠰᠢ ᠵᠢᠨ ᠫᠢᠩ ᠨᠥᠬᠥᠷ ᠵᠶ᠋ᠡᠷ ᠭᠣᠣᠯ ᠪᠣᠯᠭ᠋ᠠᠭᠰᠠᠨ ᠨᠠᠮ᠎ᠤᠨ ᠲᠥᠪ ᠬᠣᠷᠢᠶᠠᠨ᠎ᠤ ᠪᠠᠲᠤ ᠴᠢᠩᠭ᠎ᠠ ᠤᠳᠤᠷᠢᠳᠤᠯᠭ᠎ᠠ ᠳᠣᠣᠷ ᠎ᠠ᠂ ᠮᠠᠨ᠎ᠤ ᠤᠯᠤᠰ᠎ᠤᠨ ᠴᠢᠨᠡᠭᠡᠯᠢᠭ ᠨᠡᠢ᠌ᠭᠡᠮ᠎ᠢ ᠪᠦᠬᠦ ᠲᠠᠯ᠎ᠠ᠎ᠪᠠᠷ ᠪᠦᠲᠤᠭᠡᠨ ᠪᠠᠢ᠌ᠭᠤᠯᠬᠤ ᠠᠵᠢᠯ ᠰᠢᠢ᠍ᠳᠪᠤᠷᠢᠯᠡᠬᠦ ᠴᠢᠨᠠᠷᠲᠠᠢ ᠠᠮᠵᠢᠯᠲᠠ ᠪᠦᠲᠦᠮᠵᠢ ᠣᠯᠵᠤ᠂ ᠡᠯ᠎ᠡ ᠵᠦᠢ᠍ᠯ᠎ᠤᠨ ᠲᠥᠯᠥᠪᠵᠢᠭᠦᠯᠭᠡ   ᠬᠠᠷᠠᠯᠲᠠ᠎ᠪᠠᠨ ᠪᠦᠬᠦ ᠲᠠᠯ᠎ᠠ᠎ᠪᠠᠷ ᠪᠡᠶᠡᠯᠡᠭᠦᠯᠤᠭ᠌ᠰᠡᠨ ᠪᠠᠢ᠌ᠨ᠎ᠠ᠃ ᠥᠭᠡᠷᠡᠴᠢᠯᠡᠯᠲᠡ ᠵᠢ ᠪᠦᠬᠦ ᠲᠠᠯ᠎ᠠ᠎ᠪᠠᠷ ᠭᠦᠨᠵᠡᠭᠡᠢ᠌ᠷᠡᠭᠦᠯᠬᠦ ᠠᠵᠢᠯ ᠴᠢᠬᠤᠯᠠ ᠶᠡᠬᠡ ᠰᠢᠪᠲᠤᠯᠤᠯᠲᠠ᠎ᠲᠠᠢ᠂ ᠪᠦᠬᠦ ᠲᠠᠯ᠎ᠠ᠎ᠪᠠᠷ ᠬᠠᠤᠯᠢ ᠶᠣᠰᠣᠭ᠋ᠠᠷ ᠤᠯᠤᠰ ᠵᠶ᠋ᠠᠨ ᠵᠠᠰᠠᠬᠤ ᠠᠵᠢᠯ ᠲᠦᠢ᠍ᠯ᠎ᠤᠨ ᠶᠡᠬᠡ   ᠠᠬᠢᠯᠲᠠ᠎ᠲᠠᠢ᠂ ᠪᠦᠬᠦ ᠲᠠᠯ᠎ᠠ᠎ᠪᠠᠷ ᠨᠠᠮ᠎ᠢ ᠴᠢᠩᠭ᠎ᠠ ᠵᠠᠰᠠᠬᠤ ᠠᠵᠢᠯ ᠮᠠᠰᠢ ᠶᠡᠬᠡ ᠦᠷ᠎ᠡ ᠪᠦᠲᠤᠮᠵᠢ᠎ᠲᠠᠢ ᠪᠣᠯᠵᠤ᠂ ᠶᠠᠳᠠᠭᠤ᠎ᠠᠴᠠ ᠠᠩᠬᠢᠵᠢᠷᠠᠭᠤᠯᠬᠤ ᠪᠣᠭᠣᠮᠲᠠ ᠰᠢᠪᠲᠤᠯᠬᠤ ᠠᠵᠢᠯ ᠳᠡᠯᠡᠬᠡᠶ ᠳ᠋ᠠᠬᠢᠨ᠎ᠤ ᠠᠩᠬᠠᠷᠤᠯ᠎ᠢ ᠲᠠᠲᠠᠪᠠ᠃ ᠤᠨᠴᠠᠭ᠋ᠠᠢ᠌ᠯᠠᠨ ᠡᠨᠡ ᠵᠢᠯ᠎ᠤᠨ ᠰᠢᠨ᠎ᠡ ᠳᠢᠳᠢᠮᠯᠢᠭ ᠠᠭᠤᠰᠬᠢᠨ ᠦᠷᠪᠢᠰᠦᠯ᠎ᠤᠨ ᠬᠢᠵᠢᠭ᠎ᠢ ᠰᠡᠷᠭᠡᠢ᠌ᠯᠡᠨ ᠡᠵᠡᠮᠳᠡᠬᠦ ᠠᠵᠢᠯ ᠲᠦᠢ᠍ᠯ᠎ᠤᠨ ᠴᠢᠬᠤᠯᠠ ᠪᠠᠢ᠌ᠯᠳᠤᠬᠤ ᠪᠣᠳᠣᠯᠭ᠎ᠠ ᠵᠢᠨ ᠠᠮᠵᠢᠯᠲᠠ ᠪᠦᠲᠦᠮᠵᠢ᠎ᠲᠠᠢ ᠪᠣᠯᠵᠤ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠤᠳᠤᠷᠢᠳᠤᠯᠭ᠎ᠠ ᠪᠣᠯᠤᠨ ᠨᠡᠢ᠌ᠭᠡᠮ ᠵᠢᠷᠤᠮᠲᠤ ᠪᠠᠢ᠌ᠭᠤᠯᠤᠯ᠎ᠤᠨ ᠳᠠᠪᠠᠭᠤᠯᠢᠭ ᠴᠢᠨᠠᠷ᠎ᠢ ᠪᠦᠷᠢᠨ ᠲᠡᠭᠦᠯᠳᠡᠷ ᠬᠠᠷᠠᠭᠤᠯᠤᠨ᠂ ᠠᠷᠠᠳ ᠲᠦᠮᠡᠨ᠎ᠤ ᠠᠰᠢᠭ ᠲᠤᠰᠠ ᠵᠢ ᠡᠷᠬᠢᠮ ᠳᠡᠭᠡᠳᠦ ᠪᠠᠢ᠌ᠷᠢᠨ᠎ᠳᠤ ᠲᠠᠯᠪᠢᠬᠤ ᠭᠦᠨ ᠠᠭᠤᠯᠤᠭᠳᠠᠬᠤᠨ᠎ᠢ ᠭᠦᠢ᠍ᠴᠡᠳ ᠲᠠᠢ᠌ᠯᠤᠮᠵᠢᠯᠠᠵᠤ᠂ ᠮᠠᠨ  ᠎ᠤ ᠤᠯᠤᠰ᠎ᠤᠨ ᠥᠪᠡᠷᠮᠢᠴᠡ ᠤᠯᠤᠰ ᠲᠥᠷᠥ   ᠵᠢᠨ ᠳᠠᠪᠠᠭᠤᠯᠢᠭ᠂ ᠪᠠᠢ᠌ᠭᠤᠯᠤᠯ᠎ᠤᠨ ᠳᠠᠪᠠᠭᠤᠯᠢᠭ ᠪᠣᠯᠤᠨ ᠬᠦᠭᠵᠢᠯᠲᠡ ᠵᠢᠨ ᠳᠠᠪᠠᠭᠤᠯᠢᠭ᠎ᠢ ᠭᠦᠢᠴᠡᠳ ᠢᠯᠡᠷᠡᠭᠦᠯᠤᠭ᠌ᠰᠡᠨ ᠪᠠᠢ᠌ᠨ᠎ᠠ᠃ ᠨᠡᠢ᠌ᠭᠡᠮ ᠵᠢᠷᠤᠮᠲᠤ ᠳᠤᠮᠳᠠᠳᠤ ᠤᠯᠤᠰ ᠨᠡᠩ ᠠᠤᠭ᠎ᠠ ᠰᠦᠷᠯᠢᠭ ᠳᠦᠷᠢ ᠲᠥᠷᠬᠦ᠎ᠪᠠᠷ ᠵᠶ᠋ᠠᠨ ᠳᠡᠯᠡᠬᠡᠢ ᠵᠢᠨ ᠳᠣᠷᠣᠨᠠᠲᠤ᠎ᠳᠤ ᠰᠡᠬᠦᠢ᠌ᠨ ᠰᠦᠨᠳᠡᠷᠯᠡᠨ᠎ᠠ᠃ ᠡᠭᠡᠳᠡᠷᠡᠭᠡᠨ ᠪᠤᠳᠤᠯᠢᠶᠠᠨᠲᠠᠶ ᠲᠡᠯᠡᠬᠡᠢ ᠵᠢᠨ ᠣᠷᠴᠢᠨ ᠠᠬᠤᠢ ᠪᠣᠯᠤᠨ ᠳᠤᠮᠳᠠᠳᠤ ᠤᠯᠤᠰ᠎ᠢ ᠬᠠᠷᠰᠢᠯᠠᠨ ᠬᠣᠷᠢᠭᠯᠠᠬᠤ ᠡᠯᠳᠡᠪ ᠵᠦᠢ᠍ᠯ᠎ᠤᠨ ᠳᠠᠭᠤᠨ ᠪᠣᠯᠤᠨ ᠦᠢ᠍ᠯᠡ ᠠᠵᠢᠯᠯᠠᠭ᠎ᠠ ᠵᠢᠨ ᠡᠮᠦᠨ᠎ᠡ ᠪᠢᠳᠡ ᠵᠦᠪᠬᠡᠨ 〈〈ᠳᠥᠷᠪᠡᠨ ᠤᠬᠠᠮᠰᠠᠷ  〉〉 ᠵᠶ᠋ᠠᠨ ᠴᠢᠩᠭ᠋ᠠᠳᠬᠠᠵᠤ᠂  〈〈ᠳᠥᠷᠪᠡᠨ ᠢᠲᠡᠭᠡᠯ〉〉   ᠵᠶ᠋ᠡᠨ ᠪᠠᠲᠤᠳᠬᠠᠨ᠂ 〈〈ᠬᠣᠶᠠᠷ᠎ᠢ ᠬᠠᠮᠠᠭ᠋ᠠᠯᠠᠬᠤ〉〉 ᠵᠢ ᠡᠷᠡᠰ   ᠪᠡᠶᠡᠯᠡᠭᠦᠯᠳᠡᠭ ᠯᠡ ᠶᠤᠮ ᠪᠣᠯ ᠠᠷᠠᠳ᠎ᠤᠨ ᠶᠠᠪᠤᠳᠠᠯ᠎ᠤᠨ ᠠᠵᠢᠯ ᠦᠢᠯᠡᠰ᠎ᠤᠨ ᠬᠥᠭᠵᠢᠯᠲᠡ ᠵᠢᠨ ᠰᠢᠨ᠎ᠡ ᠪᠠᠢ᠌ᠳᠠᠯ᠎ᠢ ᠡᠭᠦᠳᠴᠤ ᠪᠦᠲᠤᠭᠡᠬᠦ᠎ᠨᠢ ᠯᠠᠪᠲᠠᠶ᠃ ᠡᠯ᠎ᠡ ᠱᠠᠲᠤᠨ᠎ᠤ ᠠᠷᠠᠳ᠎ᠤᠨ ᠶᠠᠪᠤᠳᠠᠯ᠎ᠤᠨ ᠰᠢᠰᠲ᠋ᠧᠮ᠎ᠤᠨ᠎ᠬᠢᠨ ᠴᠦᠮ ᠤᠯᠤᠰ᠎ᠤᠨ 〈〈ᠠᠷᠪᠠᠨ ᠳᠥᠷᠪᠡᠳᠦᠭᠡᠷ ᠲᠠᠪᠤᠨ ᠵᠢᠯ〉〉᠎ᠤᠨ ᠠᠵᠤ ᠠᠬᠤᠶ ᠨᠡᠢ᠌ᠭᠡᠮ  ᠎ᠤᠨ ᠬᠥᠭᠵᠢᠯᠲᠡ ᠵᠢᠨ ᠭᠣᠤᠯ ᠬᠠᠷᠠᠯᠲᠠ ᠵᠢᠨ ᠲᠣᠭᠣᠷᠢᠨ  ᠎ᠳᠤ ᠠᠷᠠᠳ  ᠎ᠤᠨ ᠶᠠᠪᠤᠳᠠᠯ᠎ᠤᠨ ᠠᠵᠢᠯ  ᠎ᠤᠨ ᠨᠡᠢ᠌ᠭᠡᠮ᠎ᠤᠨ ᠪᠦᠲᠤᠭᠡᠨ ᠪᠠᠢ᠌ᠭᠤᠯᠤᠯᠲᠠ ᠳᠤᠮᠳᠠᠬᠢ ᠦᠨᠳᠦᠰᠦᠨ ᠴᠢᠨᠠᠷᠲᠠᠢ᠂ ᠰᠠᠭᠤᠷᠢ ᠵᠢᠨ ᠴᠢᠨᠠᠷᠲᠠᠶ ᠪᠠᠢ᠌ᠷᠢ ᠲᠣᠭᠲᠠᠭ᠋ᠠᠯᠲᠠ᠎ᠪᠠᠨ ᠪᠠᠷᠢᠮᠲᠠᠯᠠᠨ᠂ ᠠᠷᠠᠳ᠎ᠤᠨ ᠶᠠᠪᠤᠳᠠᠯ᠎ᠤᠨ 〈〈ᠠᠷᠪᠠᠨ ᠳᠦᠷᠪᠡᠳᠤᠭᠡᠷ ᠲᠠᠪᠤᠨ ᠵᠢᠯ〉〉  ᠎ᠤᠨ ᠬᠥᠭᠵᠢᠯᠲᠡ  ᠎ᠪᠠᠨ ᠲᠥᠯᠥᠪᠵᠢᠭᠦᠯᠬᠦ᠎ᠲᠠᠢ ᠤᠶᠠᠯᠳᠤᠭᠤᠯᠤᠨ᠂ ᠰᠢᠰᠲ᠋ᠧᠮᠲᠦ ᠦᠢ᠍ᠯᠠᠭ᠋ᠠᠭᠳᠠᠬᠤᠨ ᠪᠠ ᠬᠠᠤᠯᠢ ᠳᠦᠷᠢᠮ᠎ᠤᠨ ᠰᠡᠳᠬᠢᠬᠦᠢ ᠵᠢ ᠪᠤᠢ ᠪᠣᠯᠭ᠋ᠠᠵᠤ᠂ 《ᠰᠢᠨᠡᠴᠢᠯᠡᠯᠲᠠ》᠂ 《ᠠᠷᠠᠳ ᠲᠦᠮᠡᠨ》᠂ 《ᠥᠭᠡᠷᠡᠴᠢᠯᠡᠯᠲᠡ》᠂ 《ᠬᠠᠤᠯᠢ᠎ᠪᠠᠷ ᠵᠠᠰᠠᠬᠤ》᠂ 《  ᠴᠢᠨᠠᠷ ᠰᠠᠢ᠌ᠲᠠᠶ ᠬᠦᠭᠵᠢᠯᠳᠠ》 ᠵᠡᠷᠭᠡ 《ᠰᠠᠨᠠᠭᠤᠯᠭ᠎ᠠ》 ᠳᠣᠲᠣᠷᠠᠬᠢ ᠥᠨᠳᠥᠷ ᠳᠠᠪᠲᠠᠮᠵᠢᠲᠤ ᠦᠭᠡᠰ᠎ᠢ ᠬᠣᠢ᠌ᠰᠢᠳᠠ ᠵᠢᠨ ᠠᠵᠢᠯ᠎ᠤᠨ ᠭᠣᠤᠯᠳᠠᠯᠭ᠎ᠠ᠎ᠪᠠᠨ ᠪᠣᠯᠭ᠋ᠠᠨ᠂ ᠬᠥᠭᠵᠢᠯᠲᠡ ᠵᠢᠨ ᠬᠠᠷᠠᠯᠲᠠ᠂ ᠵᠠᠩᠭᠢᠯᠠᠭ᠎ᠠ ᠵᠢᠨ ᠭᠦᠢᠴᠡᠳᠬᠡᠯ ᠲᠣᠭ᠎ᠠ᠂ ᠢᠨᠵᠸᠨ᠋ᠸᠷᠢᠩ᠎ᠤᠨ ᠲᠥᠷᠥᠯ ᠵᠦᠢᠯ᠂ ᠲᠥᠷᠥ ᠵᠢᠨ ᠪᠣᠳᠣᠯᠭ᠎ᠠ ᠠᠷᠭ᠎ᠠ ᠬᠡᠮᠵᠢᠶ᠎ᠡ᠎ᠪᠠᠨ ᠰᠢᠨᠵᠢᠯᠡᠬᠦ ᠤᠬᠠᠭ᠋ᠠᠨᠴᠢ᠎ᠪᠠᠷ ᠳᠣᠭᠢᠷᠠᠭᠤᠯᠵᠤ᠂ ᠰᠢ ᠵᠢᠨ ᠫᠢᠩ ᠶᠡᠷᠦᠩᠬᠡᠶ ᠱᠦᠵᠢ ᠵᠢᠨ   ᠠᠷᠠᠳ᠎ᠤᠨ ᠶᠠᠪᠤᠳᠠᠯ᠎ᠤᠨ ᠠᠵᠢᠯ᠎ᠤᠨ ᠲᠤᠬᠠᠶ ᠴᠢᠬᠤᠯᠠ ᠴᠣᠬᠣᠯᠠᠪᠤᠷᠢ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠨᠠᠷᠢᠨ ᠪᠣᠳᠠᠲᠠᠢ   ᠨᠠᠢ᠌ᠲᠠᠪᠤᠷᠢᠵᠢᠭᠤᠯᠤᠨ᠂ 《ᠠᠷᠠᠳ᠎ᠤᠨ ᠠᠮᠢᠳᠤᠷᠠᠯ᠎ᠤᠨ ᠦᠨᠳᠦᠰᠦᠨ ᠪᠠᠲᠤᠯᠠᠭ᠎ᠠ᠂ ᠦᠨᠳᠦᠰᠦᠨ ᠱᠠᠲᠤᠨ᠎ᠤ ᠨᠡᠢ᠌ᠭᠡᠮ᠎ᠤᠨ ᠵᠠᠰᠠᠯᠲᠠ᠂ ᠣᠯᠠᠨ ᠨᠡᠢ᠌ᠲᠡ ᠵᠢᠨ ᠦᠨᠳᠦᠰᠦᠨ ᠦᠢᠯᠡᠴᠢᠯᠡᠭᠡ》᠎ᠳᠤ᠎ᠬᠢ ᠠᠷᠠᠳ᠎ᠤᠨ ᠶᠠᠪᠤᠳᠠᠯ᠎ᠤᠨ ᠠᠵᠢᠯ᠎ᠤᠨ ᠢᠳᠡᠪᠬᠢᠲᠠᠢ   ᠦᠢᠯᠡᠳᠦᠯ᠎ᠢ ᠰᠠᠢ᠌ᠲᠤᠷ ᠪᠠᠳᠠᠷᠠᠭᠤᠯᠵᠤ᠂ ᠠᠷᠠᠳ᠎ᠤᠨ ᠶᠠᠪᠤᠳᠠᠯ᠎ᠤᠨ ᠠᠵᠢᠯ᠎ᠤᠨ ᠦᠷᠭᠦᠯᠵᠢᠯᠡᠨ ᠡᠷᠡᠭᠦᠯ ᠵᠶ᠋ᠡᠷ ᠬᠥᠭᠵᠢᠬᠦ ᠵᠢ ᠠᠬᠢᠭᠤᠯᠬᠤ ᠬᠡᠷᠡᠭᠲᠠᠢ᠃
  ᠭᠤᠷᠪᠠ᠂ ᠰᠢᠨ᠎ᠡ ᠣᠢ᠌ᠯᠠᠭ᠋ᠠᠭᠳᠠᠬᠤᠨ᠎ᠢ ᠲᠤᠭᠤᠰᠢᠯᠠᠭᠤᠯᠬᠤ᠎ᠳᠤ ᠡᠷᠬᠡᠪᠰᠢ ᠰᠢᠨ᠎ᠡ ᠲᠡᠮᠡᠴᠡᠯ᠎ᠤᠨ ᠵᠣᠷᠢᠭ ᠵᠶ᠋ᠠᠨ ᠪᠠᠳᠠᠷᠠᠭᠤᠯᠬᠤ   ᠬᠡᠷᠡᠭᠲᠡᠶ
      ᠢᠷᠡᠭᠡᠳᠤᠢ ᠵᠢᠨ ᠳᠦᠰᠤᠪ ᠵᠶ᠋ᠠᠨ ᠵᠢᠷᠤᠭᠯᠠᠨ᠂ ᠬᠠᠷᠠᠯᠲᠠ᠎ᠪᠠᠨ ᠲᠣᠳᠣᠷᠬᠠᠢ ᠪᠣᠯᠭ᠋ᠠᠵᠤ᠂ ᠠᠷᠭ᠎ᠠ ᠬᠡᠮᠵᠢᠢ᠎ᠡ᠎ᠪᠠᠨ ᠨᠢᠭᠡᠨᠲᠡ ᠳᠣᠭᠲᠠᠭ᠋ᠠᠭ᠋ᠠᠳ᠂ ᠨᠠᠢ᠌ᠳᠠᠪᠤᠷᠢᠵᠢᠭᠤᠯᠬᠤ   ᠵᠢ ᠰᠠᠢ᠌ᠲᠤᠷ ᠠᠳᠬᠤᠬᠤ ᠶᠠᠪᠤᠳᠠᠯ᠎ᠨᠢ ᠵᠠᠩᠭᠢᠯᠠᠭ᠎ᠠ ᠵᠢᠨ ᠠᠵᠢᠯ ᠪᠣᠯᠤᠭ᠋ᠠᠳ ᠪᠣᠢ᠃ 〈〈ᠤᠯᠤᠰ ᠲᠤᠢ᠍ᠷᠦ ᠵᠢᠨ ᠱᠤᠭᠤᠮ᠎ᠢ ᠲᠣᠭᠲᠠᠭ᠋ᠠᠭᠰᠠᠨ᠎ᠤ ᠲᠡᠷᠡᠭ᠎ᠠ ᠺᠠᠳ᠋ᠷ ᠪᠣᠯ ᠳᠠᠷᠤᠢ ᠰᠢᠢᠳᠪᠦᠷᠢᠯᠡᠭᠴᠢ ᠬᠦᠴᠦᠨ ᠪᠣᠯᠤᠨ᠎ᠠ᠃〉〉 ᠨᠠᠮ᠎ᠤᠨ ᠭᠡᠰᠢᠭᠦᠨ ᠺᠠᠳ᠋ᠷ ᠨᠢᠭᠡᠪᠦᠷᠢ ᠲᠠᠪᠤᠳᠤᠭ᠋ᠠᠷ ᠪᠦᠭᠦᠳᠡ ᠬᠤᠷᠠᠯ  ᠎ᠤᠨ ᠵᠣᠷᠢᠭ ᠰᠠᠨᠠᠭ᠎ᠠ   ᠵᠢ ᠲᠤᠭᠤᠰᠢᠯᠠᠭᠤᠯᠬᠤ ᠦᠵᠡᠯ ᠰᠠᠨᠠᠭ᠋ᠠᠨ᠎ᠤ ᠤᠬᠠᠮᠰᠠᠷ᠂ ᠤᠯᠤᠰ ᠲᠥᠷᠥ   ᠵᠢᠨ ᠤᠬᠠᠮᠰᠠᠷ᠂ ᠠᠵᠢᠯᠯᠠᠭ᠎ᠠ ᠵᠢᠨ ᠤᠬᠠᠮᠰᠠᠷ ᠵᠶ᠋ᠠᠨ ᠴᠢᠩᠭ᠋ᠠᠳᠬᠠᠨ᠂ ᠬᠦᠴᠦᠯᠡᠬᠦ ᠴᠡᠭ᠂ ᠭᠠᠷᠳᠠᠬᠤ ᠴᠡᠭ᠂ ᠰᠢᠪᠲᠤᠯᠤᠯᠲᠠ ᠵᠢᠨ ᠴᠡᠭ ᠵᠶ᠋ᠠᠨ ᠣᠨᠣᠴᠠᠲᠠᠢ ᠡᠵᠡᠮᠳᠡᠵᠤ᠂ ᠥᠪᠡᠷ᠎ᠤᠨ ᠠᠵᠢᠯ ᠵᠶ᠋ᠠᠨ ᠰᠠᠢ᠌ᠲᠤᠷ ᠬᠢᠵᠦ᠂ ᠲᠤᠬᠠᠢ᠌ᠯᠠᠭᠰᠠᠨ ᠠᠵᠢᠯ᠎ᠤᠨ ᠵᠶ᠋ᠠᠨ ᠪᠠᠢ᠌ᠷᠢᠨ᠎ᠳᠤ  〈〈ᠠᠷᠪᠠᠨ ᠳᠥᠷᠪᠡᠳᠦᠭᠡᠷ ᠲᠠᠪᠤᠨ ᠵᠢᠯ〉〉᠎ᠤᠨ ᠲᠥᠯᠥᠪᠵᠢᠭᠦᠯᠭᠡ ᠪᠠ 2035 ᠣᠨ᠎ᠤ ᠠᠯᠤᠰ᠎ᠤᠨ ᠬᠠᠷᠠᠯᠲᠠ ᠵᠢ ᠪᠡᠶᠡᠯᠡᠭᠦᠯᠬᠦ᠎ᠳᠤ ᠢᠳᠡᠪᠬᠢᠲᠠᠢ᠎ᠪᠠᠷ ᠬᠤᠪᠢ ᠨᠡᠮᠡᠷᠢ ᠦᠵᠡᠭᠦᠯᠬᠦ ᠬᠡᠷᠡᠭᠲᠡᠶ᠃ ᠨᠢᠭᠡ᠎ᠳᠤ᠂ 〈〈ᠠᠷᠠᠳ ᠲᠦᠮᠡᠨ ᠵᠶ᠋ᠡᠷ ᠭᠣᠤᠯ ᠪᠣᠯᠭ᠋ᠠᠬᠤ〉〉 ᠠᠵᠢᠯ᠎ᠤᠨ ᠣᠢ᠌ᠯᠠᠭ᠋ᠠᠭᠳᠠᠬᠤᠨ᠎ᠢ ᠪᠤᠢ ᠪᠣᠯᠭ᠋ᠠᠬᠤ ᠬᠡᠷᠡᠭᠲᠡᠶ᠃ ᠪᠦᠬᠦ ᠰᠡᠳᠬᠢᠯ ᠪᠦᠬᠦ ᠵᠣᠷᠢᠭ ᠵᠶ᠋ᠠᠷ ᠵᠶ᠋ᠠᠨ ᠠᠷᠠᠳ ᠲᠦᠮᠡᠨ᠎ᠳᠤ ᠦᠢ᠍ᠯᠡᠴᠢᠯᠡᠬᠦ ᠵᠣᠷᠢᠯᠲᠠ᠎ᠪᠠᠨ ᠪᠠᠷᠢᠮᠲᠠᠯᠠᠨ᠂ ᠠᠰᠠᠭᠤᠳᠠᠯ᠎ᠢ ᠪᠣᠳᠣᠯᠬᠢᠯᠠᠨ᠂ ᠰᠢᠢᠳᠪᠦᠷᠢᠲᠦ ᠪᠣᠳᠣᠯᠭ᠎ᠠ ᠲᠣᠭᠲᠠᠭ᠋ᠠᠵᠤ᠂ ᠤᠴᠢᠷ ᠶᠠᠪᠤᠳᠠᠯ᠎ᠢ ᠪᠦᠲᠦᠭᠡᠵᠤ ᠰᠢᠢ᠍ᠳᠪᠤᠷᠢᠯᠡᠬᠦ᠎ᠳᠤ᠎ᠪᠠᠨ ᠴᠥᠮ 〈〈ᠠᠷᠠᠳ ᠲᠦᠮᠡᠨ ᠰᠡᠳᠬᠢᠯ ᠬᠠᠨᠤᠮᠵᠢᠲᠠᠶ ᠪᠠᠢ᠌ᠬᠤ ᠡᠰᠡᠬᠦ᠂ ᠬᠦᠷᠢᠶᠡᠯᠡᠬᠦ ᠡᠰᠡᠬᠦ᠂ ᠪᠠᠶᠠᠷᠯᠠᠬᠤ ᠡᠰᠡᠬᠦ〉〉᠎ᠪᠠᠷ ᠪᠠᠷᠢᠮᠵᠢᠶ᠎ᠠ ᠪᠠ ᠮᠠᠭ᠋ᠠᠳᠯᠠᠯᠲᠠ ᠪᠣᠯᠭ᠋ᠠᠨ᠂ ᠣᠯᠠᠨ ᠲᠦᠮᠡᠨ᠎ᠤ ᠳᠤᠮᠳᠠ᠎ᠠᠴᠠ ᠢᠷᠡᠵᠦ᠂ ᠣᠯᠠᠨ ᠲᠦᠮᠡᠨ᠎ᠤ ᠳᠤᠮᠳᠠ ᠣᠴᠢᠬᠤ᠂ ᠣᠯᠠᠨ ᠲᠦᠮᠡᠨ᠎ᠤ ᠪᠣᠳᠣᠯᠬᠢᠯᠠᠵᠤ ᠪᠠᠢ᠌ᠭ᠎ᠠ ᠵᠦᠢᠯ᠎ᠢ ᠪᠣᠳᠣᠯᠬᠢᠯᠠᠨ᠂ ᠣᠯᠠᠨ ᠲᠦᠮᠡᠨ᠎ᠤ ᠪᠠᠴᠢᠮ ᠲᠤᠯᠭ᠋ᠠᠮ ᠱᠠᠭ᠋ᠠᠷᠳᠠᠵᠤ ᠪᠠᠢ᠌ᠭ᠎ᠠ ᠵᠦᠢᠯ᠎ᠢ ᠶᠠᠭ᠋ᠠᠷᠠᠤ ᠰᠢᠢ᠍ᠳᠪᠤᠷᠢᠯᠡᠬᠦ᠂ ᠣᠯᠠᠨ ᠲᠦᠮᠡᠨ᠎ᠤ ᠬᠦᠴᠢᠷᠳᠡᠯ᠎ᠢ ᠬᠠᠪᠰᠤᠷᠤᠨ ᠰᠢᠢ᠍ᠳᠪᠤᠷᠢᠯᠡᠬᠦ᠂ ᠣᠯᠠᠨ ᠲᠦᠮᠡᠨ᠎ᠳᠤ ᠦᠢᠯᠡᠴᠢᠯᠡᠵᠤ᠂ ᠠᠵᠢᠯ ᠵᠶ᠋ᠠᠨ ᠨᠠᠢ᠌ᠳᠠᠪᠤᠷᠢᠵᠢᠭᠤᠯᠬᠤ ᠳᠤᠮᠳᠠ ᠣᠯᠠᠨ ᠲᠦᠮᠡᠨ᠎ᠤ ᠬᠦᠷᠲᠡᠮᠵᠢ ᠵᠢᠨ ᠲᠥᠷᠥᠭᠳᠡᠯ᠂ ᠠᠮᠤᠷ ᠲᠦᠪᠰᠢᠨ᠎ᠤ ᠲᠥᠷᠥᠭᠳᠡᠯ᠂ ᠵᠣᠯ ᠵᠢᠷᠭ᠋ᠠᠯ᠎ᠤᠨ ᠲᠦᠷᠣᠭ᠌ᠳᠡᠯ᠎ᠢ ᠨᠡᠮᠡᠭᠳᠡᠭᠦᠯᠬᠦ᠎ᠪᠠᠷ ᠴᠢᠷᠮᠠᠢ᠌ᠬᠤ ᠬᠡᠷᠡᠭᠲᠡᠶ᠃ ᠬᠣᠶᠠᠷ᠎ᠲᠤ᠂ 〈〈ᠰᠢᠨᠡᠴᠢᠯᠡᠯᠲᠡ ᠬᠢᠬᠦ  ᠂ ᠵᠣᠬᠢᠴᠠᠩᠭᠤᠶ ᠪᠠᠢ᠌ᠯᠭ᠋ᠠᠬᠤ᠂ ᠪᠣᠬᠢᠷᠲᠤᠯ ᠦᠭᠡᠢ ᠪᠣᠯᠭ᠋ᠠᠬᠤ᠂ ᠴᠢᠯᠤᠭᠡᠲᠠᠢ ᠶᠠᠪᠤᠯᠴᠠᠬᠤ᠂ ᠬᠠᠮᠲᠤ᠎ᠪᠠᠷ ᠡᠳ᠋ᠯᠡᠬᠦ〉〉 ᠬᠥᠭᠵᠢᠯᠲᠡ ᠵᠢᠨ ᠣᠢ᠌ᠯᠠᠭ᠋ᠠᠭᠳᠠᠬᠤᠨ᠎ᠢ ᠪᠠᠷᠢᠮᠲᠠᠯᠠᠬᠤ ᠬᠡᠷᠡᠭᠲᠡᠶ᠃ ᠬᠠᠷᠠᠯᠲᠠ᠎ᠪᠠᠷ ᠵᠢᠯᠣᠭᠣᠳᠤᠮᠵᠢ ᠪᠣᠯᠭ᠋ᠠᠬᠤ᠂ ᠠᠰᠠᠭᠤᠳᠠᠯ ᠵᠶ᠋ᠠᠷ ᠵᠢᠯᠣᠭᠣᠳᠤᠮᠵᠢ   ᠪᠣᠯᠭ᠋ᠠᠬᠤ᠂ ᠦᠷ᠎ᠡ ᠳ᠋ᠦᠩ ᠵᠶ᠋ᠡᠷ ᠵᠢᠯᠣᠭᠣᠳᠤᠮᠵᠢ ᠪᠣᠯᠭ᠋ᠠᠬᠤ ᠵᠢ ᠪᠠᠷᠢᠮᠲᠠᠯᠠᠨ᠂ ᠲᠥᠪ  ᠎ᠤᠨ ᠡᠯ᠎ᠡ ᠵᠦᠢ᠍ᠯ  ᠎ᠤᠨ ᠪᠠᠢ᠌ᠷᠢᠯᠠᠭᠤᠯᠤᠯᠲᠠ   ᠵᠢᠨ ᠱᠠᠭ᠋ᠠᠷᠳᠠᠯᠭ᠎ᠠ ᠪᠣᠯᠤᠨ ᠡᠭᠦᠷᠭᠡ ᠬᠠᠷᠠᠯᠲᠠ᠎ᠲᠠᠢ ᠳᠦᠢ᠍ᠴᠡᠭᠦᠯᠵᠤ᠂ ᠬᠦᠰᠦᠨᠦᠭᠲᠦ᠎ᠪᠠᠨ ᠪᠠᠢ᠌ᠩᠭᠤ ᠬᠠᠷᠭᠤᠭᠤᠯᠵᠤ᠂ ᠤᠬᠠᠮᠰᠠᠷ᠎ᠠᠴᠠ᠎ᠪᠠᠨ ᠳᠤᠲᠠᠭᠤᠳᠠᠯ ᠵᠶ᠋ᠠᠨ ᠨᠥᠬᠥᠪᠥᠷᠢᠯᠡᠨ᠂ ᠪᠠᠭᠤᠷᠠᠶ ᠲᠠᠯ᠎ᠠ  ᠎ᠪᠠᠨ ᠬᠦᠴᠦᠷᠬᠡᠭᠵᠢᠭᠦᠯᠵᠤ᠂ ᠴᠢᠨᠠᠷ ᠴᠢᠨᠰᠠᠭ᠎ᠠ  ᠎ᠪᠠᠨ ᠳᠠᠭᠡᠭᠰᠢᠯᠡᠭᠦᠯᠬᠦ ᠳᠡᠭᠡᠷ᠎ᠡ ᠬᠦᠴᠦ ᠲᠠᠯᠪᠢᠨ᠂ ᠨᠡᠢ᠌ᠭᠡᠮ᠎ᠤᠨ ᠳᠤᠰᠠᠯᠠᠮᠵᠢ   ᠵᠢ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ᠎ᠲᠠᠢ ᠠᠮᠠ ᠰᠡᠭᠡᠷ ᠵᠣᠯᠭ᠋ᠠᠭᠤᠯᠬᠤ᠎ᠳᠤ ᠭᠦᠴᠤᠯᠡᠵᠤ᠂ ᠬᠥᠮᠦᠨ ᠠᠮᠠ ᠵᠢᠨ ᠨᠠᠰᠤᠵᠢᠯᠲᠠ ᠵᠢᠨ ᠳᠤᠬᠠᠢ ᠤᠯᠤᠰ᠎ᠤᠨ ᠪᠠᠢ᠌ᠯᠳᠤᠬᠤ ᠪᠣᠳᠣᠯᠭ᠎ᠠ᠎ᠲᠠᠢ ᠢᠳᠡᠪᠬᠢᠲᠠᠢ ᠳᠦᠢ᠍ᠴᠡᠭᠦᠯᠤᠨ᠂ ᠦᠨᠳᠦᠰᠦᠨ ᠱᠠᠲᠤᠨ᠎ᠤ ᠨᠡᠢ᠌ᠭᠡᠮ᠎ᠤᠨ ᠵᠠᠰᠠᠯᠲᠠ ᠵᠢᠨ ᠣᠳᠣᠬᠢᠴᠢᠯᠠᠯᠲᠠ ᠵᠢᠨ ᠬᠢᠷᠢ ᠲᠦᠪᠰᠢᠨ᠎ᠢ ᠳᠡᠭᠡᠭᠰᠢᠯᠡᠭᠦᠯᠬᠦ ᠪᠠ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢ ᠴᠢᠨᠠᠷ ᠰᠠᠢ᠌ᠲᠠᠶ ᠭᠦᠭᠵᠢᠭᠦᠯᠬᠦ ᠵᠡᠷᠭᠡ ᠲᠠᠯ᠎ᠠ᠎ᠳᠤ ᠰᠢᠪᠲᠤᠯᠤᠯᠲᠠ ᠭᠠᠷᠭ᠋ᠠᠬᠤ᠎ᠪᠠᠷ ᠴᠢᠷᠮᠠᠢ᠌ᠵᠤ᠂ ᠲᠡᠦᠬᠡ ᠵᠢᠨ ᠪᠠ ᠦᠢᠯᠡᠳᠦᠯᠭᠡ ᠵᠢᠨ ᠰᠢᠯᠭ᠋ᠠᠯᠲᠠ ᠵᠢ ᠳᠠᠭ᠋ᠠᠭ᠋ᠠᠵᠤ ᠳᠡᠢ᠌ᠯᠬᠦᠢ᠌ᠴᠡ ᠠᠮᠵᠢᠯᠲᠠ ᠪᠦᠲᠦᠮᠵᠢ ᠵᠢ ᠴᠢᠷᠮᠠᠢ᠌ᠨ ᠡᠭᠦᠳᠬᠦ ᠬᠡᠷᠡᠭᠲᠡᠶ᠃ ᠭᠤᠷᠪᠠ᠎ᠳᠤ᠂ 〈〈ᠭᠠᠪᠢᠶ᠎ᠠ ᠵᠢᠳᠬᠦᠯ ᠨᠠᠳᠠ᠎ᠳᠤ ᠬᠡᠷᠡᠭ ᠦᠭᠡᠢ᠂ ᠭᠠᠪᠢᠶ᠎ᠠ ᠵᠢᠳᠬᠦᠯ᠎ᠢ ᠪᠠᠢ᠌ᠭᠤᠯᠬᠤ᠎ᠳᠤ ᠪᠢ ᠯᠠᠪᠲᠠᠶ ᠪᠠᠢ᠌ᠬᠤ ᠬᠡᠷᠡᠭᠲᠡᠶ〉〉 ᠭᠡᠬᠦ ᠦᠵᠡᠯ ᠰᠠᠨᠠᠭ᠎ᠠ ᠣᠢ᠌ᠯᠠᠭ᠋ᠠᠭᠳᠠᠬᠤᠨ᠎ᠢ ᠪᠠᠲᠤ ᠪᠡᠬᠢ ᠪᠤᠢ ᠪᠣᠯᠭ᠋ᠠᠬᠤ ᠬᠡᠷᠡᠭᠲᠡᠶ᠃ ᠵᠠᠰᠠᠭ᠎ᠤᠨ ᠬᠢᠷᠢ ᠪᠦᠲᠤᠮᠵᠢ ᠵᠢᠨ ᠲᠤᠬᠠᠶ ᠦᠵᠡᠯᠲᠡ᠂   ᠠᠵᠢᠯ ᠦᠢ᠍ᠯᠡᠰ᠎ᠤᠨ ᠳᠤᠬᠠᠢ ᠦᠵᠡᠯᠲᠡ᠎ᠪᠠᠨ ᠵᠥᠪ ᠲᠣᠭᠲᠠᠭ᠋ᠠᠨ᠂ ᠭᠣᠣᠯ ᠬᠦᠴᠤ ᠲᠠᠮᠢᠷ ᠪᠣᠯᠤᠨ ᠣᠶᠤᠨ ᠰᠠᠨᠠᠭ᠎ᠠ᠎ᠪᠠᠨ ᠴᠠᠭ ᠢᠮᠠᠭᠲᠠ ᠠᠵᠢᠯ ᠬᠢᠵᠦ ᠨᠠᠢ᠌ᠲᠠᠪᠤᠷᠢᠵᠢᠭᠤᠯᠬᠤ ᠳᠡᠭᠡᠷ᠎ᠡ ᠬᠡᠷᠡᠭᠯᠡᠵᠦ᠂ ᠪᠣᠳᠠᠲᠤ ᠠᠵᠢᠯᠯᠠᠭ᠎ᠠ᠎ᠪᠠᠷ ᠵᠶ᠋ᠠᠨ ᠡᠪ ᠬᠠᠮᠲᠤᠴᠤᠳ᠎ᠤᠨ ᠤᠭ ᠰᠠᠨᠠᠭ᠎ᠠ ᠪᠣᠯᠤᠨ ᠡᠭᠦᠷᠭᠡ ᠬᠠᠷᠢᠭᠤᠴᠠᠯᠭ᠎ᠠ᠎ᠪᠠᠨ ᠦᠢ᠍ᠯᠡᠳᠦᠯᠭᠡᠵᠢᠭᠦᠯᠬᠦ ᠬᠡᠷᠡᠭᠲᠡᠢ᠃ ᠶᠡᠷᠦᠩᠬᠡᠶ ᠱᠦᠵᠢ ᠵᠢᠨ ᠰᠠᠨᠠᠭ᠋ᠠᠴᠢᠯᠠᠭᠰᠠᠨ 〈〈ᠬᠠᠳᠠᠭ᠋ᠠᠰᠤ ᠬᠠᠳᠠᠬᠤ ᠵᠣᠷᠢᠭ ᠰᠠᠨᠠᠭ᠎ᠠ〉〉᠂  〈〈ᠮᠣᠩᠭᠣᠯ ᠮᠣᠷᠢᠨ᠎ᠤ ᠵᠣᠷᠢᠭ ᠰᠠᠨᠠᠭ᠎ᠠ〉〉   ᠵᠢ ᠪᠠᠳᠠᠷᠠᠭᠤᠯᠵᠤ᠂ ᠬᠡᠯᠪᠡᠷᠢᠴᠢ ᠦᠵᠡᠯ ᠪᠠ ᠨᠣᠶᠠᠨᠴᠢ ᠰᠤᠷᠲᠠᠯ᠎ᠢ ᠡᠷᠡᠰ ᠳᠠᠪᠴᠢᠵᠤ  ᠂ ᠨᠢᠭᠡ ᠨᠢᠭᠡ ᠶᠠᠪᠤᠳᠠᠯ ᠵᠶ᠋ᠠᠷ ᠰᠠᠢ᠌ᠲᠤᠷ ᠬᠢᠵᠤ᠂ ᠨᠢᠭᠡ ᠠᠵᠢᠯ  ᠎ᠨᠢ ᠪᠠᠷᠠᠪᠠᠯ ᠨᠦᠭᠦᠭᠡ᠎ᠪᠠᠨ ᠵᠠᠯᠭ᠋ᠠᠨ ᠬᠢᠨᠠᠮᠠᠭ᠋ᠠᠢ ᠠᠵᠢᠯᠯᠠᠵᠤ᠂ ᠢᠷᠡᠭᠡᠳᠤᠢ ᠵᠢᠨ ᠳᠦᠰᠤᠪ ᠵᠶ᠋ᠠᠨ ᠡᠴᠦᠰ᠎ᠲᠤᠨᠢ ᠲᠤᠯᠲᠠᠯ᠎ᠠ ᠰᠠᠢ᠌ᠬᠠᠨ ᠵᠢᠷᠤᠭᠯᠠᠨ᠂ ᠴᠢᠩᠭ᠎ᠠ ᠠᠳᠬᠤᠨ ᠪᠣᠳᠠᠲᠠᠢ ᠠᠵᠢᠯᠯᠠᠵᠤ᠂ ᠤᠳᠠᠭ᠋ᠠᠨ ᠳᠠᠭ᠋ᠠᠭ᠋ᠠᠮᠠᠭ᠋ᠠᠢ᠎ᠪᠠᠷ ᠴᠢᠷᠮᠠᠢ᠌ᠬᠤ ᠬᠡᠷᠡᠭᠲᠠᠢ᠃ ᠨᠠᠮ᠎ᠤᠨ ᠳᠣᠲᠣᠭ᠋ᠠᠳᠤ ᠵᠢᠨ ᠡᠯ᠎ᠡ ᠵᠦᠢ᠍ᠯ᠎ᠤᠨ ᠲᠥᠷᠥ ᠵᠢᠨ ᠪᠣᠳᠣᠯᠭ᠎ᠠ ᠬᠠᠤᠯᠢ ᠳᠦᠷᠢᠮ ᠵᠶ᠋ᠠᠷ ᠥᠪᠡᠷ᠎ᠤᠨ ᠦᠭᠡ ᠶᠠᠷᠢᠶ᠎ᠠ ᠦᠢ᠍ᠯᠡ ᠠᠵᠢᠯᠯᠠᠭ᠎ᠠ᠎ᠪᠠᠨ ᠱᠠᠭ᠋ᠠᠷᠳᠠᠨ᠂ ᠲᠥᠪ ᠬᠣᠷᠢᠶᠠᠨ᠎ᠤ 〈〈ᠨᠠᠢᠮᠠᠨ ᠵᠣᠷᠪᠣᠰ ᠲᠣᠭᠲᠠᠭ᠋ᠠᠯ〉〉᠎ᠤᠨ ᠵᠣᠷᠢᠭ ᠰᠠᠨᠠᠭ᠎ᠠ   ᠵᠢ   ᠴᠢᠩᠭ᠎ᠠ ᠬᠡᠷᠡᠭᠵᠢᠭᠦᠯᠵᠦ᠂ ᠴᠠᠭ ᠢᠮᠠᠭᠲᠠ ᠥᠪᠡᠷ᠎ᠢ  ᠎ᠪᠠᠨ ᠬᠢᠨᠠᠨ ᠰᠡᠷᠡᠮᠵᠢᠯᠡᠭᠦᠯᠵᠦ᠂ ᠵᠣᠷᠢᠭᠵᠢᠭᠤᠯᠬᠤ ᠬᠡᠷᠡᠭᠲᠠᠢ᠃ ᠬᠡᠷᠡᠭ ᠶᠠᠪᠤᠳᠠᠯ᠎ᠢ ᠬᠢᠴᠢᠶᠡᠨ ᠬᠢᠵᠤ᠂ ᠬᠡᠷᠡᠭ ᠶᠠᠪᠤᠳᠠᠯ᠎ᠢ ᠡᠬᠢᠨ᠎ᠠᠴᠠ᠎ᠨᠢ᠂ ᠪᠠᠭ᠎ᠠ᠎ᠠᠴᠠ᠎ᠨᠢ ᠪᠣᠯᠭᠤᠮᠵᠢᠯᠠᠨ᠂ ᠨᠦᠬᠦᠳ᠎ᠲᠤ᠎ᠪᠠᠨ ᠴᠤ᠌ ᠬᠢᠴᠢᠶᠡᠩᠭᠦᠢ ᠬᠠᠨᠲᠤᠵᠤ᠂ ᠲᠥᠪ ᠭᠣᠤᠯᠴᠢ᠎ᠪᠠᠷ ᠡᠷᠬᠡ᠎ᠪᠠᠨ ᠬᠡᠷᠡᠭᠯᠡᠨ᠂ ᠪᠡᠶ᠎ᠡ᠎ᠪᠠᠨ ᠴᠢᠩᠭ᠎ᠠ ᠱᠠᠭ᠋ᠠᠷᠳᠠᠨ ᠠᠵᠢᠯᠯᠠᠵᠤ᠂ ᠨᠠᠮ᠎ᠤᠨ ᠭᠡᠰᠢᠭᠦᠨ ᠺᠠᠳ᠋ᠷᠴᠤᠳ᠎ᠤᠨ ᠴᠤᠭ ᠪᠠᠳᠠᠷᠠᠭᠤᠨ ᠲᠡᠮᠡᠴᠡᠯ᠎ᠤᠨ ᠵᠣᠷᠢᠭ ᠰᠠᠨᠠᠭ᠎ᠠ ᠪᠠ ᠰᠠᠢ᠌ᠨ ᠰᠠᠢ᠌ᠬᠠᠨ ᠳᠦᠷᠢ ᠲᠥᠷᠬᠦ ᠵᠢ ᠢᠮᠠᠭᠲᠠ ᠪᠠᠷᠢᠮᠲᠠᠯᠠᠨ᠂ 〈〈ᠠᠷᠪᠠᠨ ᠳᠥᠷᠪᠡᠳᠦᠭᠡᠷ ᠲᠠᠪᠤᠨ ᠵᠢᠯ〉〉  ᠎ᠤᠨ ᠲᠥᠯᠥᠪᠵᠢᠭᠦᠯᠭᠡ   ᠵᠢᠨ ᠬᠤᠭᠤᠴᠠᠭ᠋ᠠᠨ᠎ᠳᠤ᠎ᠬᠢ ᠠᠷᠠᠳ᠎ᠤᠨ ᠶᠠᠪᠤᠳᠠᠯ  ᠎ᠤᠨ ᠠᠵᠢᠯ ᠦᠢᠯᠡᠰ ᠵᠶ᠋ᠠᠨ ᠢᠯᠭᠤᠮ ᠰᠠᠢ᠌ᠬᠠᠨ ᠡᠬᠢᠯᠡᠭᠦᠯᠵᠤ᠂ ᠣᠶᠤᠨ ᠤᠬᠠᠭ᠋ᠠᠨ ᠭᠦᠴᠤᠨ ᠴᠢᠳᠠᠯ ᠵᠶ᠋ᠠᠨ ᠵᠣᠷᠢᠭᠤᠯᠬᠤ᠎ᠪᠠᠷ ᠢᠳᠡᠪᠬᠢᠲᠡᠶ ᠴᠢᠷᠮᠠᠢ᠌ᠨ ᠠᠵᠢᠯᠯᠠᠬᠤ ᠬᠡᠷᠡᠭᠲᠠᠢ  ᠃
ᠤᠷᠴᠢᠭᠤᠯᠤᠬ᠍ᠴᠢ ᠵᠢᠨ ᠬᠠᠶᠢᠭ᠄ ᠬᠦᠬᠡᠬᠤᠳᠠ ᠵᠢᠨ ᠰᠠᠢ᠌ᠬᠠᠨ ᠲᠤᠭᠤᠷᠢᠭ᠎ᠤᠨ ᠠᠵᠢᠯᠳᠠᠨ᠎ᠤ ᠶᠠᠪᠤᠳᠠᠯ᠎ᠤᠨ ᠬᠤᠷᠢᠶᠠᠯᠠᠯ

ᠢᠷᠡᠯᠲᠡ᠄ ᠠᠷᠠᠳ᠎ᠤᠨ ᠶᠠᠪᠤᠳᠠᠯ᠎ᠤᠨ ᠲᠢᠡᠭᠭᠢᠮ᠎ᠤᠨ ᠬᠢᠳᠡᠳ ᠬᠡᠯᠡᠨ᠎ᠤ ᠰᠦᠯᠵᠢᠶ᠎ᠡ
          
ᠬᠠᠮᠢᠶ᠎ᠡ ᠪᠦᠬᠦᠢ ᠰᠣᠨᠢᠨ
ᠣᠯᠣᠰ᠎ᠤᠨ ᠨᠡᠢ᠌ᠳᠡᠮ ᠬᠡᠷᠡᠭᠯᠡᠬᠦ ᠦᠬᠡ ᠬᠡᠯᠨ ᠦᠰᠦᠭ ᠪᠢᠴᠢᠭ᠎ᠢ ᠰᠤᠷᠤᠯᠴᠠᠨ ᠬᠡᠷᠡᠭᠯᠡᠬᠦ ᠵᠢ ᠬᠠᠤᠯᠢ ᠶᠤᠰᠤᠭ᠋ᠠᠷ ᠠᠬᠢᠭᠤᠯᠬᠤ ᠵᠢ ᠪᠠᠷᠢᠮᠳᠠᠯᠠᠰᠤᠭ᠋ᠠᠢ
ᠤᠯᠤᠰ᠎ᠤᠨ ᠨᠡᠢ᠌ᠳᠡᠮ ᠬᠡᠷᠡᠭᠯᠡᠬᠦ ᠦᠬᠡ ᠬᠡᠯᠨ ᠦᠰᠦᠭ ᠪᠢᠴᠢᠭ᠎ᠢ ᠰᠠᠢ᠌ᠳᠤᠷ ᠰᠤᠷᠤᠯᠴᠠᠵᠤ ᠰᠠᠢ᠌ᠳᠤᠷ ᠬᠡᠷᠡᠭᠯᠡᠪᠡᠯ ᠰᠠᠶᠢ ᠲᠠᠰᠤᠷᠠᠯᠳᠠ ᠦᠬᠡᠢ ᠬᠦᠭᠵᠢᠨ ᠲᠠᠪᠰᠢᠵᠤ ᠴᠢᠳᠠᠨ᠎ᠠ
《ᠠᠷᠪᠠᠨ ᠲᠦᠷᠪᠡᠳᠤᠬᠡᠷ ᠲᠠᠪᠤᠨ ᠵᠢᠯ》 ᠤᠷᠤᠭᠤ ᠡᠷᠡᠯᠭᠡᠭᠯᠡᠨ ᠤᠷᠤᠬᠰᠢᠯᠠᠵᠤ᠂ ᠠᠷᠠᠳ᠎ᠤᠨ ᠶᠠᠪᠤᠳᠠᠯ ᠎ᠤᠨ ᠦᠢ᠍ᠯᠡᠰ᠎ᠤᠨ ᠦᠨᠳᠤᠷ ᠶᠠᠰᠤ ᠴᠢᠨᠠᠷ᠎ᠲᠠᠢ ᠬᠦᠭᠵᠢᠯᠳᠡ᠎ᠪᠠᠷ ᠠᠷᠠᠳ᠎ᠤᠨ ᠠᠮᠢᠳᠤᠷᠠᠯ᠎ᠤᠨ ᠵᠤᠯ ᠵᠢᠷᠭ᠋ᠠᠯ᠎ᠢ ᠨᠡᠮᠡᠭᠳᠡᠬᠦᠯᠤᠰᠤᠬᠡᠢ
《ᠠᠷᠪᠠᠨ ᠲᠦᠷᠪᠡᠳᠤᠬᠡᠷ ᠲᠠᠪᠤᠨ ᠵᠢᠯ》 ᠤᠷᠤᠭᠤ ᠡᠷᠡᠯᠭᠡᠭᠯᠡᠨ ᠤᠷᠤᠬᠰᠢᠯᠠᠵᠤ᠂ ᠠᠷᠠᠳ᠎ᠤᠨ ᠶᠠᠪᠤᠳᠠᠯ ᠎ᠤᠨ ᠦᠢ᠍ᠯᠡᠰ᠎ᠤᠨ ᠦᠨᠳᠤᠷ ᠶᠠᠰᠤ ᠴᠢᠨᠠᠷ᠎ᠲᠠᠢ ᠬᠦᠭᠵᠢᠯᠳᠡ᠎ᠪᠠᠷ ᠠᠷᠠᠳ᠎ᠤᠨ ᠠᠮᠢᠳᠤᠷᠠᠯ᠎ᠤᠨ ᠵᠤᠯ ᠵᠢᠷᠭ᠋ᠠᠯ᠎ᠢ ᠨᠡᠮᠡᠭᠳᠡᠬᠦᠯᠤᠰᠤᠬᠡᠢ
ᠠᠷᠠᠳ᠎ᠤᠨ ᠶᠠᠪᠤᠳᠠᠯ᠎ᠤᠨ ᠶᠠᠮᠤᠨ᠎ᠠᠴᠠ ᠬᠠᠤᠯᠢ ᠪᠤᠰᠤ ᠨᠡᠢ᠌ᠬᠡᠮ᠎ᠤᠨ ᠵᠤᠬᠢᠶᠠᠨ ᠪᠠᠢ᠌ᠭᠤᠯᠤᠯᠳᠠ ᠵᠢ ᠢᠯᠭ᠋ᠠᠨ ᠲᠠᠨᠢᠬᠤ ᠠᠷᠭ᠎ᠠ ᠵᠢ ᠵᠢᠭ᠋ᠠᠵᠤ ᠦᠭᠭᠦᠯ᠎ᠡ
 
            