ᠲᠦᠰᠦᠪᠯᠡᠵᠤ ᠬᠦᠳᠦᠯᠦᠭᠰᠡᠨ᠎ᠨᠢ᠄
ᠵᠠᠡᠭ ᠵᠢᠡᠭ ᠵᠢᠡᠭ 《ᠲᠤᠮᠳᠠᠳᠤ ᠤᠯᠤᠰ᠎ᠤᠨ ᠨᠡᠢ᠌ᠬᠡᠮ ᠰᠤᠨᠢᠨ》᠎ᠤ ᠰᠤᠷᠪᠤᠯᠵᠢᠯᠠᠬ᠍ᠴᠢ
ᠶᠠᠷᠢᠯᠴᠠᠯᠭ᠎ᠠ᠎ᠳᠤ ᠤᠷᠤᠯᠴᠠᠬᠰᠠᠨ ᠵᠤᠴᠢᠨ᠄
ᠯᠢᠤᠢ ᠵᠢᠡᠭ ᠬᠤᠸᠨ ᠱᠠᠨᠳᠦ᠋ᠡᠭ ᠮᠤᠵᠢ ᠵᠢᠨ ᠪᠢᠨᠵᠸᠤ ᠬᠤᠳᠠ ᠵᠢᠨ ᠨᠠᠰᠤᠨ᠎ᠳᠤ ᠦᠯᠤ ᠬᠦᠷᠦᠭᠰᠡᠳ᠎ᠤᠨ ᠨᠡᠢ᠌ᠬᠡᠮ᠎ᠤᠨ ᠬᠠᠮᠠᠭ᠋ᠠᠯᠠᠯᠳᠠ ᠵᠢᠨ ᠲᠦᠪ᠎ᠤᠨ ᠡᠷᠬᠢᠯᠡᠭᠴᠢ
ᠲᠠᠨ ᡁᠢ ᠴᠢᠶᠠᠡᠭ ᠭᠤᠸᠠᠡᠭᠰᠢ ᠵᠢᠨ ᠵᠤᠸᠠᠡᠭ ᠦᠨᠳᠤᠰᠤᠳᠡᠨ᠎ᠤ ᠦᠪᠡᠷᠳᠡᠬᠡᠨ ᠵᠠᠰᠠᠬᠤ ᠤᠷᠤᠨ᠎ᠤ ᠬᠦᠢ᠍ᠯᠢᠨ ᠬᠤᠳᠠ ᠵᠢᠨ ᠨᠠᠰᠤᠨ᠎ᠳᠤ ᠦᠯᠤ ᠬᠦᠷᠦᠭᠰᠡᠳ᠎ᠢ ᠬᠠᠮᠠᠭ᠋ᠠᠯᠠᠬᠤ ᠲᠦᠪ᠎ᠤᠨ ᠡᠷᠬᠢᠯᠡᠭᠴᠢ
ᠯᠢ ᠶᠦᠨ ᠵᠦᠡᠭ ᠬᠤᠪᠸᠢ ᠮᠤᠵᠢ ᠵᠢᠨ ᠵᠢᠡᠭᠵᠸᠤ ᠬᠤᠳᠠ ᠵᠢᠨ ᠨᠠᠰᠤᠨ᠎ᠳᠤ ᠦᠯᠤ ᠬᠦᠷᠦᠭᠰᠡᠳ᠎ᠤᠨ ᠨᠡᠢ᠌ᠬᠡᠮ᠎ᠤᠨ ᠬᠠᠮᠠᠭ᠋ᠠᠯᠠᠯᠳᠠ ᠵᠢᠨ ᠲᠦᠪ᠎ᠤᠨ ᠡᠷᠬᠢᠯᠡᠭᠴᠢ
ᠵᠤ᠌ ᠸᠸᠨ ᠰᠢᠶᠠᠡᠭ ᠵᠢᠶᠠᠡᠭᠰᠤ ᠮᠤᠵᠢ ᠵᠢᠨ ᠨᠠᠨᠲ᠋ᠦ᠋ᠡᠭ ᠬᠤᠳᠠ ᠵᠢᠨ ᠨᠠᠰᠤᠨ᠎ᠳᠤ ᠦᠯᠤ ᠬᠦᠷᠦᠭᠰᠡᠳ᠎ᠢ ᠬᠠᠮᠠᠭ᠋ᠠᠯᠠᠬᠤ ᠲᠦᠪ᠎ᠤᠨ ᠱᠦᠵᠢ
ᠶᠠᠡᠭ ᠵᠢᠶᠦ᠋ᠨ ᠱᠠᠨᠰᠢ ᠮᠤᠵᠢ ᠵᠢᠨ ᠪᠤᠤᠵᠢ ᠬᠤᠳᠠ ᠵᠢᠨ ᠨᠠᠰᠤᠨ᠎ᠳᠤ ᠦᠯᠤ ᠬᠦᠷᠦᠭᠰᠡᠳ᠎ᠢ ᠲᠤᠰᠠᠯᠠᠨ ᠬᠠᠮᠠᠭ᠋ᠠᠯᠠᠬᠤ ᠲᠦᠪ᠎ᠤᠨ ᠲᠡᠳ᠋ ᠡᠷᠬᠢᠯᠡᠭᠴᠢ
ᠵᠸᠡᠭ ᠶᠤᠸᠠᠨ ᠠᠨᠾᠦ᠋ᠢ ᠮᠤᠵᠢ ᠵᠢᠨ ᠬᠦᠸᠸᠨᠢᠡᠭ ᠬᠤᠳᠠ ᠵᠢᠨ ᠨᠠᠰᠤᠨ᠎ᠳᠤ ᠦᠯᠤ ᠬᠦᠷᠦᠭᠰᠡᠳ᠎ᠢ ᠲᠤᠰᠠᠯᠠᠨ ᠬᠠᠮᠠᠭ᠋ᠠᠯᠠᠬᠤ ᠲᠦᠪ᠎ᠤᠨ ᠬᠠᠷᠢᠭᠤᠴᠠᠯᠭ᠋ᠠᠳᠠᠨ
ᠰᠢᠨ᠎ᠡ᠎ᠪᠠᠷ ᠵᠠᠰᠠᠪᠤᠷᠢ ᠤᠷᠤᠭᠤᠯᠤᠬᠰᠠᠨ 《ᠲᠤᠮᠳᠠᠳᠤ ᠤᠯᠤᠰ᠎ᠤᠨ ᠨᠠᠰᠤᠨ᠎ᠳᠤ ᠦᠯᠤ ᠬᠦᠷᠦᠭᠰᠡᠳ᠎ᠢ ᠬᠠᠮᠠᠭ᠋ᠠᠯᠠᠬᠤ ᠬᠠᠤᠯᠢ》 (《ᠨᠠᠰᠤᠨ᠎ᠳᠤ ᠦᠯᠤ ᠬᠦᠷᠦᠭᠰᠡᠳ᠎ᠢ ᠬᠠᠮᠠᠭ᠋ᠠᠯᠠᠬᠤ ᠬᠠᠤᠯᠢ》 ᠭᠡᠵᠤ ᠲᠦᠬᠦᠮᠴᠢᠯᠡᠶ᠎ᠡ) ᠵᠢ ᠦᠨᠤ ᠵᠢᠯ᠎ᠤᠨ 6 ᠳ᠋ᠤᠭ᠋ᠠᠷ ᠰᠠᠷ᠎ᠠ ᠵᠢᠨ 1᠎ᠤ ᠡᠳᠤᠷ᠎ᠠᠴᠠ ᠡᠬᠢᠯᠡᠨ ᠵᠢᠡᠭᠭᠢᠨᠢ᠎ᠪᠠᠷ ᠬᠡᠷᠡᠭᠵᠢᠬᠦᠯᠬᠦ ᠪᠤᠯᠤᠬᠰᠠᠨ᠎ᠨᠢ ᠠᠷᠠᠳ᠎ᠤᠨ ᠶᠠᠪᠤᠳᠠᠯ᠎ᠤᠨ ᠰᠠᠯᠠᠭ᠎ᠠ ᠮᠦᠴᠢᠷ᠎ᠲᠤ ᠨᠡᠡᠭ ᠤᠯᠠᠨ ᠡᠬᠦᠷᠬᠡ ᠬᠠᠷᠢᠭᠤᠴᠠᠯᠭ᠎ᠠ ᠤᠯᠭᠤᠵᠤ᠂ ᠦᠢ᠍ᠯᠡᠴᠢᠯᠡᠬᠦ ᠡᠳᠡᠬᠡᠳ ᠴᠦ᠍ ᠪᠦᠬᠦ ᠨᠠᠰᠤᠨ᠎ᠳᠤ ᠦᠯᠤ ᠬᠦᠷᠦᠭᠰᠡᠳ᠎ᠲᠤ ᠬᠦᠷᠳᠡᠯ᠎ᠡ ᠦᠷᠭᠡᠵᠢᠪᠡ᠃ ᠠᠷᠠᠳ᠎ᠤᠨ ᠶᠠᠪᠤᠳᠠᠯ᠎ᠤᠨ ᠶᠠᠮᠤᠨ ᠵᠡᠷᠬᠡ 10 ᠰᠠᠯᠠᠭ᠎ᠠ ᠮᠦᠴᠢᠷ ᠬᠤᠯᠪᠤᠭ᠋ᠠᠯᠠᠨ 《ᠬᠦᠳᠡᠬᠡ ᠲᠤᠰᠬᠤᠨ᠎ᠤ ᠬᠡᠷ᠎ᠲᠤ᠎ᠪᠠᠨ ᠬᠤᠴᠤᠷᠤᠬᠰᠠᠨ ᠬᠡᠤᠬᠡᠳ ᠪᠠ ᠬᠦᠴᠢᠷᠳᠡᠯᠳᠡᠢ ᠬᠡᠤᠬᠡᠳ᠎ᠢ ᠬᠠᠯᠠᠮᠵᠢᠯᠠᠨ ᠬᠠᠢ᠌ᠷᠠᠯᠠᠬᠤ ᠦᠢ᠍ᠯᠡᠴᠢᠯᠡᠬᠡᠨ᠎ᠤ ᠰᠢᠰᠲᠸᠮ᠎ᠢ ᠤᠯᠠᠮ ᠨᠢᠬᠡ ᠠᠯᠬᠤᠮ ᠲᠡᠬᠦᠯᠳᠡᠷᠵᠢᠬᠦᠯᠬᠦ ᠲᠤᠬᠠᠢ ᠰᠠᠨᠠᠯ》᠎ᠢ ᠲᠠᠷᠤᠮᠠᠯᠯᠠᠨ ᠲᠠᠷᠬᠠᠭ᠋ᠠᠵᠤ᠂ ᠨᠠᠰᠤᠨ᠎ᠳᠤ ᠦᠯᠤ ᠬᠦᠷᠦᠭᠰᠡᠳ᠎ᠢ ᠲᠤᠰᠠᠯᠠᠨ ᠬᠠᠮᠠᠭ᠋ᠠᠯᠠᠬᠤ ᠪᠠᠢ᠌ᠭᠤᠯᠤᠮᠵᠢ ᠬᠡᠯᠪᠡᠷᠢ᠎ᠪᠠᠨ ᠬᠤᠪᠢᠷᠠᠭᠤᠯᠤᠨ ᠲᠡᠰ ᠲᠡᠪᠰᠢᠬᠦ ᠵᠢ ᠲᠦᠯᠬᠢᠨ ᠠᠬᠢᠭᠤᠯᠬᠤ ᠲᠤᠬᠠᠢ ᠲᠤᠳᠤᠷᠬᠠᠢ᠌ᠯᠠᠬᠰᠠᠨ ᠪᠠᠢ᠌ᠨ᠎ᠠ᠃ ᠨᠠᠰᠤᠨ᠎ᠳᠤ ᠦᠯᠤ ᠬᠦᠷᠦᠭᠰᠡᠳ᠎ᠢ ᠲᠤᠰᠠᠯᠠᠨ ᠬᠠᠮᠠᠭ᠋ᠠᠯᠠᠬᠤ ᠪᠠᠢ᠌ᠭᠤᠯᠤᠮᠵᠢ᠎ᠨᠢ 《ᠨᠠᠰᠤᠨ᠎ᠳᠤ ᠦᠯᠤ ᠬᠦᠷᠦᠭᠰᠡᠳ᠎ᠢ ᠬᠠᠮᠠᠭ᠋ᠠᠯᠠᠬᠤ ᠬᠠᠤᠯᠢ》 ᠵᠢ ᠬᠦᠢ᠍ᠴᠡᠳᠬᠡᠬᠦ ᠴᠢᠬᠤᠯᠨ ᠦᠨᠳᠤᠰᠤᠨ ᠵᠢᠬᠰᠠᠭ᠋ᠠᠯ ᠪᠤᠯᠤᠬᠰᠠᠨ᠎ᠤ ᠬᠤᠪᠢ᠎ᠳᠤ ᠶᠠᠮᠠᠷ ᠶᠠᠮᠠᠷ ᠠᠰᠠᠭᠤᠳᠠᠯ᠎ᠢ ᠲᠤᠯᠭ᠋ᠠᠮ ᠰᠢᠢ᠍ᠳᠪᠤᠷᠢᠯᠡᠬᠦ ᠬᠡᠷᠡᠭᠳᠡᠢ ᠪᠠᠢ᠌ᠭ᠎ᠠ ᠪᠤᠯ? ᠪᠠᠰᠨ ᠬᠡᠯᠪᠡᠷᠢ᠎ᠪᠠᠨ ᠬᠤᠪᠢᠷᠠᠭᠤᠯᠤᠨ ᠲᠡᠰ ᠲᠡᠪᠰᠢᠬᠦ ᠵᠢ ᠬᠡᠷᠬᠢᠨ ᠪᠤᠰᠢᠭᠤᠬᠠᠨ ᠪᠡᠶᠡᠯᠡᠬᠦᠯᠵᠤ᠂ 《ᠨᠠᠰᠤᠨ᠎ᠳᠤ ᠦᠯᠤ ᠬᠦᠷᠦᠭᠰᠡᠳ᠎ᠢ ᠬᠠᠮᠠᠭ᠋ᠠᠯᠠᠬᠤ ᠬᠠᠤᠯᠢ》᠎ᠠᠴᠠ ᠤᠯᠭᠤᠬᠰᠠᠨ ᠴᠢᠬᠤᠯᠨ ᠡᠬᠦᠷᠬᠡ ᠬᠠᠷᠢᠭᠤᠴᠠᠯᠭ᠎ᠠ᠎ᠪᠠᠨ ᠡᠬᠦᠷᠬᠡᠯᠡᠪᠡᠯ ᠵᠤᠬᠢᠬᠤ ᠪᠤᠢ? ᠲᠤᠰ ᠰᠤᠨᠢᠨ᠎ᠤ ᠰᠤᠷᠪᠤᠯᠵᠢᠯᠠᠬ᠍ᠴᠢ ᠦᠨᠳᠤᠰᠤᠨ ᠱᠠᠳᠤᠨ᠎ᠤ ᠬᠡᠰᠡᠭ ᠨᠠᠰᠤᠨ᠎ᠳᠤ ᠦᠯᠤ ᠬᠦᠷᠦᠭᠰᠡᠳ᠎ᠢ ᠬᠠᠮᠠᠭ᠋ᠠᠠᠯᠠᠬᠤ ᠪᠠᠢ᠌ᠭᠤᠯᠤᠮᠵᠢ ᠵᠢᠨ ᠬᠠᠮᠢᠶ᠎ᠠ ᠪᠦᠬᠦᠢ ᠬᠠᠷᠢᠭᠤᠴᠠᠯᠭ᠋ᠠᠳᠠᠨ᠎ᠲᠠᠢ ᠡᠨᠡ ᠲᠤᠬᠠᠢ ᠶᠠᠷᠢᠯᠴᠠᠪᠠ᠃
ᠠᠰᠠᠭᠤᠯᠳᠠ᠄
ᠰᠢᠨ᠎ᠡ᠎ᠪᠠᠷ ᠵᠠᠰᠠᠪᠤᠷᠢ ᠤᠷᠤᠭᠤᠯᠤᠬᠰᠠᠨ 《ᠨᠠᠰᠤᠨ᠎ᠳᠤ ᠦᠯᠤ ᠬᠦᠷᠦᠭᠰᠡᠳ᠎ᠤᠨ ᠬᠠᠤᠯᠢ》 ᠬᠡᠷᠡᠭᠵᠢᠬᠦᠯᠦᠭᠳᠡᠬᠦ ᠪᠤᠯᠵᠤ ᠠᠷᠠᠳ᠎ᠤᠨ ᠶᠠᠪᠤᠳᠠᠯ᠎ᠤᠨ ᠰᠠᠯᠠᠭ᠎ᠠ ᠮᠦᠴᠢᠷ᠎ᠲᠤ ᠨᠡᠡᠭ ᠦᠨᠳᠤᠷ ᠱᠠᠭ᠋ᠠᠷᠳᠠᠯᠭ᠎ᠠ ᠲᠤᠷᠠᠳᠤᠯ᠎ᠠ ᠃ ᠨᠠᠰᠤᠨ᠎ᠳᠤ ᠦᠯᠤ ᠬᠦᠷᠦᠭᠰᠡᠳ᠎ᠢ ᠲᠤᠰᠠᠯᠠᠵᠤ ᠬᠠᠮᠠᠭ᠋ᠠᠯᠠᠬᠤ ᠪᠠᠢ᠌ᠭᠤᠯᠤᠮᠵᠢ᠎ᠨᠢ ᠴᠢᠬᠤᠯᠨ ᠵᠢᠬᠰᠠᠭ᠋ᠠᠯ ᠪᠤᠯᠤᠬᠰᠠᠨ᠎ᠤ ᠬᠤᠪᠢ᠎ᠳᠤ ᠶᠠᠮᠠᠷ ᠦᠷᠢᠰᠤᠯᠳᠤᠬᠡᠨ ᠲᠤᠯᠭ᠋ᠠᠷᠠᠵᠤ ᠪᠠᠢ᠌ᠭ᠎ᠠ ᠪᠤᠯ? ᠰᠢᠢ᠍ᠳᠪᠤᠷᠢᠯᠡᠬᠦ ᠴᠢᠬᠤᠯᠠᠳᠠᠢ ᠲᠤᠯᠭ᠋ᠠᠮ ᠠᠰᠠᠭᠤᠳᠠᠯ ᠶᠠᠭᠤ ᠶᠠᠭᠤ ᠪᠠᠢ᠌ᠨ᠎ᠠ ᠪᠤᠢ?
ᠲᠠᠨ ᡁᠢ ᠴᠢᠶᠠᠡᠭ᠄ ᠬᠦᠢ᠍ᠯᠢᠨ ᠬᠤᠳᠠ᠎ᠨᠢ ᠪᠦᠬᠦ ᠤᠯᠤᠰ᠎ᠤᠨ ᠨᠠᠰᠤᠨ᠎ᠳᠤ ᠦᠯᠤ ᠬᠦᠷᠦᠭᠰᠡᠳ᠎ᠤᠨ ᠨᠡᠢ᠌ᠬᠡᠮ᠎ᠤᠨ ᠬᠠᠮᠠᠭ᠋ᠠᠯᠠᠯᠳᠠ ᠵᠢᠨ ᠠᠵᠢᠯ᠎ᠤᠨ ᠠᠡᠭᠬᠠᠨ᠎ᠤ ᠨᠢᠬᠡ ᠪᠦᠯᠦᠭ 20 ᠲᠤᠷᠰᠢᠯᠳᠠ ᠵᠢᠨ ᠴᠡᠭ ᠬᠤᠳᠠ ᠵᠢᠨ ᠨᠢᠬᠡ ᠪᠤᠯᠤᠬᠰᠠᠨ᠎ᠤ ᠬᠤᠪᠢ᠎ᠳᠤ 《ᠠᠷᠪᠠᠨ ᠭᠤᠷᠪᠠᠳᠤᠭ᠋ᠠᠷ ᠲᠠᠪᠤᠨ ᠵᠢᠯ》᠎ᠤᠨ ᠲᠦᠯᠦᠪᠯᠡᠬᠡᠨᠤ ᠬᠤᠭᠤᠴᠠᠭ᠋ᠠᠨ᠎ᠳᠤ ᠬᠦᠴᠢᠷᠳᠡᠯᠳᠡᠢ ᠨᠠᠰᠤᠨ᠎ᠳᠤ ᠦᠯᠤ ᠬᠦᠷᠦᠭᠰᠡᠳ᠎ᠢ ᠤᠯᠵᠤ ᠮᠡᠳᠡᠪᠡᠯ ᠮᠡᠳᠡᠬᠦᠯᠬᠦ ᠲᠤᠬᠳᠠᠯᠴᠠᠭ᠎ᠠ᠂ ᠪᠠᠴᠢᠮ ᠰᠢᠢ᠍ᠳᠪᠤᠷᠢᠯᠡᠬᠦ ᠲᠤᠬᠳᠠᠯᠴᠠᠭ᠎ᠠ᠂ ᠦᠨᠡᠯᠡᠵᠤ ᠬᠠᠪᠰᠤᠷᠤᠨ ᠲᠡᠳᠬᠦᠬᠦ ᠲᠤᠬᠳᠠᠯᠴᠠᠭ᠎ᠠ᠂ ᠭᠠᠷ ᠲᠦᠷᠤᠬᠦ᠎ᠪᠠᠨ ᠴᠢᠡᠭᠭ᠋ᠠᠳᠬᠠᠬᠤ ᠪᠠ ᠬᠢᠨᠠᠨ ᠬᠠᠷᠠᠭ᠋ᠠᠯᠵᠠᠨ ᠬᠠᠮᠠᠭ᠋ᠠᠯᠠᠬᠤ ᠲᠤᠬᠳᠠᠯᠴᠠᠭ᠎ᠠ ᠵᠢ ᠪᠠᠢ᠌ᠭᠤᠯᠤᠬᠰᠠᠨ ᠪᠦᠬᠡᠳ ᠭᠤᠸᠠᠡᠭᠰᠢ ᠵᠢᠨ ᠵᠤᠸᠠᠡᠭ ᠦᠨᠳᠤᠰᠤᠳᠡᠨ᠎ᠤ ᠦᠪᠡᠷᠳᠡᠬᠡᠨ ᠵᠠᠰᠠᠬᠤ ᠤᠷᠤᠨ᠎ᠳᠤ ᠤᠷᠢᠳ ᠵᠶ᠋ᠡᠷ ᠨᠡᠢ᠌ᠬᠡᠮ᠎ᠤᠨ ᠠᠵᠢᠯ᠎ᠤᠨ ᠪᠠᠢ᠌ᠭᠤᠯᠤᠮᠵᠢ ᠵᠢ ᠤᠷᠤᠭᠤᠯᠵᠤ᠂ ᠦᠷᠳᠡᠬᠡᠨ᠎ᠤ ᠲᠤᠳᠤᠷᠠᠬᠢ ᠠᠮᠢᠳᠤᠷᠠᠯ᠎ᠤᠨ ᠠᠰᠠᠷᠠᠨ ᠬᠠᠷᠠᠭ᠋ᠠᠯᠵᠠᠯ᠎ᠤᠨ ᠦᠢ᠍ᠯᠡᠴᠢᠯᠡᠬᠡ ᠦᠷᠨᠢᠬᠦᠯᠤᠨ᠂ ᠬᠦᠴᠢᠷᠳᠡᠯ᠎ᠳᠤ ᠲᠤᠯᠭ᠋ᠠᠷᠠᠬᠰᠠᠨ ᠨᠠᠰᠤᠨ᠎ᠳᠤ ᠦᠯᠤ ᠬᠦᠷᠦᠭᠰᠡᠳ᠎ᠢ 700 ᠢᠯᠡᠬᠦᠤ ᠤᠳᠠᠭ᠎ᠠ ᠲᠤᠰᠠᠯᠠᠵᠤ᠂ ᠮᠠᠰᠢ ᠰᠠᠢ᠌ᠨ ᠨᠡᠢ᠌ᠬᠡᠮ᠎ᠤᠨ ᠦᠷ᠎ᠡ ᠠᠰᠢᠭ ᠤᠯᠤᠬᠰᠠᠨ ᠪᠠᠢ᠌ᠨ᠎ᠠ᠃ ᠰᠢᠨ᠎ᠡ᠎ᠪᠠᠷ ᠵᠠᠰᠠᠪᠤᠷᠢ ᠤᠷᠤᠭᠤᠯᠤᠬᠰᠠᠨ 《ᠨᠠᠰᠤᠨ᠎ᠳᠤ ᠦᠯᠤ ᠬᠦᠷᠦᠭᠰᠡᠳ᠎ᠢ ᠬᠠᠮᠠᠭ᠋ᠠᠯᠠᠬᠤ ᠬᠠᠤᠯᠢ》᠎ᠳᠤ ᠠᠷᠠᠳ᠎ᠤᠨ ᠶᠠᠪᠤᠳᠠᠯ᠎ᠤᠨ ᠰᠠᠯᠠᠭ᠎ᠠ ᠮᠦᠴᠢᠷ᠎ᠲᠤ ᠨᠡᠡᠭ ᠦᠨᠳᠤᠷ ᠱᠠᠭ᠋ᠠᠷᠳᠠᠯᠭ᠎ᠠ ᠲᠤᠷᠠᠳᠤᠬᠰᠠᠨ ᠶᠤᠮ᠂ ᠨᠠᠰᠤᠨ᠎ᠳᠤ ᠦᠯᠤ ᠬᠦᠷᠦᠭᠰᠡᠳ᠎ᠢ ᠲᠤᠰᠠᠯᠠᠨ ᠬᠠᠮᠠᠭ᠋ᠠᠯᠠᠬᠤ ᠪᠠᠢ᠌ᠭᠤᠯᠤᠮᠵᠢ᠎ᠨᠢ ᠲᠠᠷᠠᠭ᠋ᠠᠬᠢ ᠭᠤᠷᠪᠠᠨ ᠠᠰᠠᠭᠤᠳᠠᠯ᠎ᠢ ᠲᠤᠯᠭ᠋ᠠᠮ ᠰᠢᠢ᠍ᠳᠪᠤᠷᠢᠯᠡᠬᠦ ᠬᠡᠷᠡᠭᠳᠡᠢ ᠪᠠᠢ᠌ᠨ᠎ᠠ᠄
ᠨᠢᠬᠡ᠎ᠳᠤ᠂ ᠨᠠᠰᠤᠨ᠎ᠳᠤ ᠦᠯᠤ ᠬᠦᠷᠦᠭᠰᠡᠳ᠎ᠢ ᠲᠤᠰᠠᠯᠠᠨ ᠬᠠᠮᠠᠭ᠋ᠠᠯᠠᠬᠤ ᠪᠠᠢ᠌ᠭᠤᠯᠤᠮᠵᠢ ᠵᠢᠨ 《ᠬᠦᠮᠦᠨ᠂ ᠡᠳ᠋ ᠬᠦᠷᠤᠡᠭᠭᠡ᠂ ᠪᠤᠳᠠᠰ》᠎ᠤᠨ ᠠᠰᠠᠭᠤᠳᠠᠯ᠃ ᠤᠢ᠌ᠯᠠᠭ᠋ᠠᠬᠰᠠᠨ ᠵᠶ᠋ᠡᠷ ᠤᠳᠤᠬᠠᠨ᠎ᠳᠤ ᠡᠯ᠎ᠡ ᠭᠠᠵᠠᠷ᠎ᠤᠨ ᠨᠠᠰᠤᠨ᠎ᠳᠤ ᠦᠯᠤ ᠬᠦᠷᠦᠭᠰᠡᠳ᠎ᠢ ᠲᠤᠰᠠᠯᠠᠨ ᠬᠠᠮᠠᠭ᠋ᠠᠯᠠᠬᠤ ᠪᠠᠢ᠌ᠭᠤᠯᠤᠮᠵᠢ ᠪᠤᠯᠤᠨ ᠲᠤᠰᠠᠯᠠᠮᠵᠢ ᠵᠢᠨ ᠬᠠᠮᠢᠶᠠᠷᠤᠯᠳᠠ ᠵᠢᠨ ᠪᠠᠢ᠌ᠭᠤᠯᠤᠮᠵᠢ᠎ᠳᠤ 《ᠫᠠᠢ᠌ᠰᠨᠨᠢ ᠬᠤᠶᠠᠷ ᠬᠤᠸᠠᠷᠠᠨ᠎ᠨᠢ ᠨᠢᠬᠡ》 ᠠᠵᠢᠯ᠎ᠤᠨ ᠠᠷᠭ᠎ᠠ ᠮᠠᠶᠢᠭ᠎ᠢ ᠬᠡᠷᠡᠭᠵᠢᠬᠦᠯᠵᠤ᠂ ᠨᠠᠰᠤᠨ᠎ᠳᠤ ᠦᠯᠤ ᠬᠦᠷᠦᠭᠰᠡᠳ᠎ᠢ ᠲᠤᠰᠠᠯᠠᠨ ᠬᠠᠮᠠᠭ᠋ᠠᠯᠠᠬᠤ ᠪᠠᠢ᠌ᠭᠤᠯᠤᠮᠵᠢ᠎ᠳᠤ ᠲᠤᠰᠬᠠᠢ ᠠᠵᠢᠯᠳᠠᠳ᠎ᠤᠨ ᠤᠷᠤᠨ ᠲᠤᠭ᠎ᠠ᠂ ᠠᠵᠢᠯᠯᠠᠬᠤ ᠵᠠᠷᠤᠳᠠᠯ᠎ᠢ ᠨᠠᠢ᠌ᠳᠠᠪᠤᠷᠢᠵᠢᠭᠤᠯᠤᠬᠰᠠᠨ ᠦᠬᠡᠢ᠂ ᠬᠡᠰᠡᠭ ᠰᠢᠶᠠᠨ (ᠬᠤᠳᠠ) ᠲᠤᠭᠤᠷᠢᠭ ᠨᠠᠰᠤᠨ᠎ᠳᠤ ᠦᠯᠤ ᠬᠦᠷᠦᠭᠰᠡᠳ᠎ᠢ ᠬᠠᠮᠠᠭ᠋ᠠᠯᠠᠬᠤ ᠲᠦᠪ ᠪᠠᠢ᠌ᠭᠤᠯᠤᠬᠰᠠᠨ ᠪᠤᠯᠪᠠᠴᠤ 《ᠬᠦᠮᠦᠨ᠂ ᠡᠳ᠋ ᠬᠦᠷᠤᠡᠭᠭᠡ》᠎ᠨᠢ ᠮᠥᠨ ᠤᠷᠤᠨ ᠪᠠᠢ᠌ᠷᠢ᠎ᠳᠤ᠎ᠨᠢ ᠨᠠᠢ᠌ᠳᠠᠪᠤᠷᠢᠵᠢᠭᠤᠯᠤᠭᠠ ᠦᠬᠡᠢ ᠪᠠᠢ᠌ᠳᠠᠯ ᠤᠷᠤᠰᠢᠬᠰᠠᠭ᠋ᠠᠷ ᠪᠠᠢ᠌ᠨ᠎ᠠ᠃ ᠨᠠᠰᠤᠨ᠎ᠳᠤ ᠦᠯᠤ ᠬᠦᠷᠦᠭᠰᠡᠳ᠎ᠢ ᠲᠤᠰᠠᠯᠠᠨ ᠬᠠᠮᠠᠭ᠋ᠠᠯᠠᠬᠤ ᠶᠠᠪᠤᠳᠠᠯ ᠤᠳᠤᠬᠠᠨ᠎ᠤ ᠪᠠᠢ᠌ᠭᠤᠯᠤᠮᠵᠢ ᠲᠡᠬᠡᠷ᠎ᠡ 《ᠬᠠᠮᠤᠭ ᠰᠡᠬᠦᠯᠴᠢ ᠵᠢᠨ ᠨᠢᠬᠡ ᠺᠢᠯᠤᠮᠸᠲᠷ》᠎ᠤᠨ ᠠᠰᠠᠭᠤᠳᠠᠯ᠎ᠢ ᠰᠢᠢ᠍ᠳᠪᠤᠷᠢᠯᠡᠵᠤ ᠲᠡᠢ᠌ᠯᠤᠬᠡᠳᠤᠢ ᠭᠡᠵᠤ ᠬᠡᠯᠡᠵᠤ ᠪᠤᠯᠬᠤ ᠶᠤᠮ᠃ ᠰᠢᠨ᠎ᠡ᠎ᠪᠠᠷ ᠵᠠᠰᠠᠪᠤᠷᠢ ᠤᠷᠤᠭᠤᠯᠤᠬᠰᠠᠨ 《ᠨᠠᠰᠤᠨ᠎ᠳᠤ ᠦᠯᠤ ᠬᠦᠷᠦᠭᠰᠡᠳ᠎ᠢ ᠬᠠᠮᠠᠭ᠋ᠠᠯᠠᠬᠤ ᠬᠠᠤᠯᠢ》᠎ᠨᠢ ᠨᠠᠰᠤᠨ᠎ᠳᠤ ᠦᠯᠤ ᠬᠦᠷᠦᠭᠰᠡᠳ᠎ᠢ ᠲᠤᠰᠠᠯᠠᠨ ᠬᠠᠮᠠᠭ᠋ᠠᠯᠠᠬᠤ ᠪᠠᠢ᠌ᠭᠤᠯᠤᠮᠵᠢ᠎ᠳᠤ ᠰᠢᠨ᠎ᠡ ᠴᠢᠳᠠᠪᠬᠢ ᠤᠯᠭᠤᠬᠰᠠᠨ ᠪᠤᠯᠬᠤᠷ ᠤᠳᠤ ᠪᠠᠢ᠌ᠭ᠎ᠠ ᠠᠵᠢᠯᠳᠠᠳ᠎ᠤᠨ ᠠᠵᠢᠯ᠎ᠤᠨ ᠲᠠᠷᠤᠭ᠋ᠠᠰᠤ ᠨᠡᠡᠭ ᠬᠦᠨᠳᠤ ᠪᠤᠯᠬᠤ᠎ᠨᠢ ᠲᠠᠮᠵᠢᠭ ᠦᠬᠡᠢ᠃
ᠬᠤᠶᠠᠷ᠎ᠲᠤ᠂ ᠠᠵᠢᠯᠳᠠᠳ᠎ᠤᠨ ᠲᠤᠰᠬᠠᠢ ᠮᠡᠷᠬᠡᠵᠢᠯ᠎ᠤᠨ ᠪᠦᠳᠦᠴᠨ ᠵᠢᠨ ᠠᠰᠠᠭᠤᠳᠠᠯ᠎ᠢ ᠴᠠᠭ᠎ᠢ ᠠᠮᠵᠢᠨ ᠰᠢᠢ᠍ᠳᠪᠤᠷᠢᠯᠡᠬᠦ ᠬᠡᠷᠡᠭᠳᠡᠢ ᠪᠠᠢ᠌ᠨ᠎ᠠ᠃ ᠨᠠᠰᠤᠨ᠎ᠳᠤ ᠦᠯᠤ ᠬᠦᠷᠦᠭᠰᠡᠳ᠎ᠢ ᠬᠠᠮᠠᠭ᠋ᠠᠠᠯᠠᠬᠤ ᠠᠵᠢᠯ᠎ᠳᠤ ᠬᠤᠯᠪᠤᠬᠳᠠᠬᠤ ᠲᠦᠷᠤ ᠵᠢᠨ ᠪᠤᠳᠤᠯᠭ᠎ᠠ ᠪᠠ ᠬᠠᠤᠯᠢ ᠴᠠᠭ᠋ᠠᠵᠨ ᠲᠤᠡᠭ ᠤᠯᠠᠨ ᠪᠤᠢ᠂ ᠠᠷᠠᠳ᠎ᠤᠨ ᠶᠠᠪᠤᠳᠠᠯ᠎ᠤᠨ ᠰᠠᠯᠠᠭ᠎ᠠ ᠮᠦᠴᠢᠷ᠎ᠤᠨ ᠬᠠᠷᠠᠭ᠋ᠠᠯᠵᠠᠨ ᠬᠠᠮᠠᠭ᠋ᠠᠯᠠᠬᠤ ᠬᠠᠷᠢᠭᠤᠴᠠᠯᠭ᠎ᠠ᠎ᠠᠴᠠ ᠠᠪᠴᠤ ᠵᠠᠳᠠᠯᠤᠬᠰᠠᠨ ᠴᠦ᠍ ᠠᠵᠢᠯᠳᠠᠳ᠎ᠨᠢ ᠡᠷᠬᠡᠪᠰᠢ ᠨᠡᠡᠭ ᠲᠤᠰᠬᠠᠢ ᠮᠡᠷᠬᠡᠵᠢᠯ᠎ᠤᠨ ᠠᠰᠠᠷᠠᠨ ᠬᠠᠷᠠᠭ᠋ᠠᠯᠵᠠᠬᠤ᠂ ᠪᠤᠢ᠌ᠵᠢᠭᠤᠯᠬᠤ ᠵᠡᠷᠬᠡ ᠲᠤᠰᠬᠠᠢ ᠮᠡᠷᠬᠡᠵᠢᠯ᠎ᠤᠨ ᠴᠢᠳᠠᠪᠤᠷᠢ ᠪᠠ ᠴᠢᠳᠠᠪᠬᠢ ᠱᠠᠭ᠋ᠠᠷᠳᠠᠬᠳᠠᠨᠠ᠃
ᠭᠤᠷᠪᠠ᠎ᠳᠤ᠂ ᠵᠠᠰᠠᠭ᠎ᠤᠨ ᠤᠷᠳᠤᠨ᠎ᠤ ᠲᠠᠪᠬᠤᠷᠭ᠎ᠠ᠎ᠠᠴᠠ ᠨᠠᠰᠤᠨ᠎ᠳᠤ ᠦᠯᠤ ᠬᠦᠷᠦᠭᠰᠡᠳ᠎ᠢ ᠲᠤᠰᠠᠯᠠᠨ ᠬᠠᠮᠠᠭ᠋ᠠᠯᠠᠬᠤ ᠪᠠᠢ᠌ᠭᠤᠯᠤᠮᠵᠢ᠎ᠳᠤ ᠴᠢᠳᠠᠪᠬᠢ ᠵᠢᠨ ᠪᠠᠢ᠌ᠷᠢ ᠲᠤᠬᠳᠠᠭ᠋ᠠᠯᠳᠠ᠂ ᠡᠬᠦᠷᠬᠡ ᠬᠠᠷᠢᠭᠤᠴᠠᠯᠭ᠎ᠠ ᠵᠢᠨ ᠵᠠᠭ᠋ᠠᠭ ᠱᠤᠭᠤᠮ ᠵᠡᠷᠬᠡ ᠵᠢ ᠲᠠᠬᠢᠨ ᠡᠮᠬᠢᠯᠡᠨ ᠲᠢᠭᠯᠡᠵᠤ᠂ ᠦᠪᠡᠷ ᠦᠪᠡᠷ ᠵᠶ᠋ᠡᠨ ᠲᠤᠭ ᠪᠤᠰᠬᠠᠬᠤ ᠪᠠᠢ᠌ᠳᠠᠯ ᠭᠠᠷᠬᠤ᠎ᠠᠴᠠ ᠰᠡᠷᠬᠡᠢ᠌ᠯᠡᠬᠦ ᠬᠡᠷᠡᠭᠳᠡᠢ ᠪᠠᠢ᠌ᠨ᠎ᠠ᠃
ᠶᠠᠡᠭ ᠵᠢᠶᠦ᠋ᠨ ᠄ ᠨᠢᠬᠡ᠎ᠳᠤ᠂ ᠪᠠᠢ᠌ᠭᠤᠯᠤᠮᠵᠢ ᠵᠢᠨ ᠬᠡᠯᠪᠡᠷᠢ ᠵᠢ ᠬᠤᠪᠢᠷᠠᠭᠤᠯᠬᠤ ᠵᠢ ᠲᠤᠯᠭ᠋ᠠᠮ ᠱᠠᠭ᠋ᠠᠷᠳᠠᠵᠤ ᠪᠠᠢ᠌ᠨ᠎ᠠ᠃ ᠰᠢᠨ᠎ᠡ᠎ᠪᠠᠷ ᠵᠠᠰᠠᠪᠤᠷᠢ ᠤᠷᠤᠭᠤᠯᠤᠬᠰᠠᠨ 《ᠨᠠᠰᠤᠨ᠎ᠳᠤ ᠦᠯᠤ ᠬᠦᠷᠦᠭᠰᠡᠳ᠎ᠢ ᠬᠠᠮᠠᠭ᠋ᠠᠯᠠᠬᠤ ᠬᠠᠤᠯᠢ》᠎ᠳᠤ ᠰᠢᠶᠠᠨ᠎ᠤ ᠲᠡᠰ᠎ᠠᠴᠠ ᠲᠡᠭᠡᠭᠰᠢᠬᠢ ᠠᠷᠠᠳ᠎ᠤᠨ ᠶᠠᠪᠤᠳᠠᠯ᠎ᠤᠨ ᠰᠠᠯᠠᠭ᠎ᠠ ᠮᠦᠴᠢᠷ ᠨᠠᠰᠤᠨ᠎ᠳᠤ ᠦᠯᠤ ᠬᠦᠷᠦᠭᠰᠡᠳ᠎ᠢ ᠲᠤᠰᠠᠯᠠᠨ ᠬᠠᠮᠠᠭ᠋ᠠᠯᠠᠬᠤ ᠪᠠᠢ᠌ᠭᠤᠯᠤᠮᠵᠢ ᠵᠢ ᠪᠠᠢ᠌ᠭᠤᠯᠬᠤ ᠬᠡᠷᠡᠭᠳᠡᠢ ᠭᠡᠵᠤ ᠲᠤᠳᠤᠷᠬᠠᠢ ᠲᠤᠷᠠᠳᠪᠠ᠃ ᠤᠳᠤᠬᠠᠨ ᠵᠶ᠋ᠡᠷ ᠠᠪᠤᠭ᠋ᠠᠳ ᠬᠡᠯᠡᠪᠡᠯ ᠰᠢᠶᠠᠨ᠎ᠤ ᠲᠡᠰ᠎ᠤᠨ ᠬᠡᠪᠴᠢᠶᠡᠨ᠎ᠳᠤ᠎ᠬᠢ ᠨᠠᠰᠤᠨ᠎ᠳᠤ ᠦᠯᠤ ᠬᠦᠷᠦᠭᠰᠡᠳ᠎ᠢ ᠲᠤᠰᠠᠯᠠᠨ ᠬᠠᠮᠠᠭ᠋ᠠᠯᠠᠬᠤ ᠪᠠᠢ᠌ᠭᠤᠯᠤᠮᠵᠢ ᠵᠢᠨ ᠤᠯᠠᠡᠭᠭᠢ᠎ᠨᠢ ᠤᠷᠤᠨ ᠲᠤᠭ᠎ᠠ ᠦᠬᠡᠢ᠂ ᠪᠠᠢ᠌ᠭᠤᠯᠤᠮᠵᠢ ᠦᠬᠡᠢ᠂ ᠲᠠᠯᠠᠪᠤᠷ ᠦᠬᠡᠢ᠂ ᠨᠠᠰᠤᠨ᠎ᠳᠤ ᠦᠯᠤ ᠬᠦᠷᠦᠭᠰᠡᠳ᠎ᠢ ᠬᠠᠮᠠᠭ᠋ᠠᠯᠠᠬᠤ ᠠᠵᠢᠯ᠎ᠢ ᠤᠯᠠᠡᠭᠭᠢ ᠵᠢ᠎ᠨᠢ ᠰᠢᠶᠠᠨ᠎ᠤ ᠠᠷᠠᠳ᠎ᠤᠨ ᠶᠠᠪᠤᠳᠠᠯ᠎ᠤᠨ ᠲᠤᠪᠴᠢᠶ᠎ᠠ ᠵᠢᠨ ᠠᠵᠢᠯ ᠶᠠᠪᠤᠳᠠᠯ᠎ᠤᠨ ᠰᠠᠯᠠᠭ᠎ᠠ ᠬᠠᠷᠢᠭᠤᠴᠠᠬᠤ ᠪᠤᠶᠤ ᠡᠰᠡᠪᠡᠯ ᠰᠢᠶᠠᠨ᠎ᠤ ᠲᠡᠰ᠎ᠤᠨ ᠲᠤᠰᠠᠯᠠᠮᠵᠢ ᠵᠢᠨ ᠬᠠᠮᠢᠶᠠᠷᠤᠯᠳᠠ ᠵᠢᠨ ᠦᠷᠳᠡᠬᠡ᠎ᠲᠠᠢ ᠬᠠᠮᠳᠤᠷᠠᠨ ᠠᠯᠪᠠᠯᠠᠵᠤ ᠪᠠᠢ᠌ᠨ᠎ᠠ᠃ ᠭᠠᠵᠠᠷ᠎ᠤᠨ ᠲᠡᠰ᠎ᠤᠨ ᠬᠤᠳᠠ ᠵᠢᠨ ᠬᠡᠪᠴᠢᠶᠡᠨ᠎ᠳᠤ ᠦᠯᠤ ᠬᠦᠷᠦᠭᠰᠡᠳ᠎ᠢ ᠲᠤᠰᠠᠯᠠᠨ ᠬᠠᠮᠠᠭ᠋ᠠᠯᠠᠬᠤ ᠪᠠᠢ᠌ᠭᠤᠯᠤᠮᠵᠢ ᠵᠢᠨ ᠤᠯᠠᠡᠭᠭᠢ᠎ᠨᠢ ᠲᠤᠰᠠᠯᠠᠮᠵᠢ ᠵᠢᠨ ᠬᠠᠮᠢᠶᠠᠷᠤᠯᠳᠠ ᠵᠢᠨ ᠦᠷᠳᠡᠬᠡ᠎ᠲᠠᠢ ᠬᠠᠮᠳᠤᠷᠠᠨ ᠠᠯᠪᠠᠯᠠᠬᠤ᠂ ᠤᠷᠤᠨ ᠲᠤᠭ᠎ᠠ ᠦᠬᠡᠢ ᠪᠦᠬᠡᠳ ᠪᠡᠶ᠎ᠡ᠎ᠪᠠᠨ ᠲᠠᠭ᠋ᠠᠭ᠋ᠠᠬᠰᠠᠨ ᠬᠠᠤᠯᠢ ᠵᠢᠨ ᠡᠷᠬᠡᠳᠡᠨ ᠲᠠᠢ ᠬᠠᠤᠯᠢ ᠵᠢᠨ ᠡᠷᠬᠡᠳᠡᠨ᠎ᠤ ᠪᠠᠢ᠌ᠭᠤᠯᠭ᠎ᠠ ᠪᠤᠰᠤ᠃ ᠨᠠᠰᠤᠨ᠎ᠳᠤ ᠦᠯᠤ ᠬᠦᠷᠦᠭᠰᠡᠳ᠎ᠢ ᠲᠤᠰᠠᠯᠠᠨ ᠬᠠᠮᠠᠭ᠋ᠠᠯᠠᠬᠤ ᠪᠠᠢ᠌ᠭᠤᠯᠤᠮᠵᠢ ᠵᠢᠨ ᠲᠠᠷᠤᠢ ᠲᠦᠷᠬᠡᠨ ᠬᠡᠯᠪᠡᠷᠢ᠎ᠪᠠᠨ ᠬᠤᠪᠢᠷᠠᠭᠤᠯᠤᠨ ᠲᠡᠰ ᠲᠡᠪᠰᠢᠬᠦ ᠵᠢ ᠪᠡᠶᠡᠯᠡᠬᠦᠯᠬᠦ ᠵᠢ ᠰᠢᠨ᠎ᠡ ᠡᠬᠦᠷᠬᠡ᠂ ᠰᠢᠨ᠎ᠡ ᠪᠠᠢ᠌ᠳᠠᠯ ᠲᠤᠯᠭ᠋ᠠᠮ ᠱᠠᠭ᠋ᠠᠷᠳᠠᠵᠤ ᠪᠠᠢ᠌ᠨ᠎ᠠ᠃ ᠡᠢ᠌ᠮᠤ᠎ᠠᠴᠠ ᠰᠢᠶᠠᠨ᠎ᠤ ᠲᠡᠰ᠎ᠤᠨ ᠲᠤᠰᠠᠭ᠋ᠠᠷ ᠨᠠᠰᠤᠨ᠎ᠳᠤ ᠦᠯᠤ ᠬᠦᠷᠦᠭᠰᠡᠳ᠎ᠢ ᠲᠤᠰᠠᠯᠠᠨ ᠬᠠᠮᠠᠭ᠋ᠠᠯᠠᠬᠤ ᠲᠦᠪ ᠪᠤᠶᠤ ᠰᠢᠶᠠᠨ᠎ᠤ ᠲᠡᠰ᠎ᠤᠨ ᠬᠡᠤᠬᠡᠳ᠎ᠤᠨ ᠠᠰᠠᠷᠠᠮᠵᠢ ᠵᠢᠨ ᠪᠠᠢ᠌ᠭᠤᠯᠤᠮᠵᠢ ᠵᠢᠨ ᠬᠡᠯᠪᠡᠷᠢ ᠵᠢ ᠬᠤᠪᠢᠷᠠᠭᠤᠯᠤᠨ ᠨᠠᠰᠤᠨ᠎ᠳᠤ ᠦᠯᠤ ᠬᠦᠷᠦᠭᠰᠡᠳ᠎ᠢ ᠲᠤᠰᠠᠯᠠᠨ ᠬᠠᠮᠠᠭ᠋ᠠᠯᠠᠬᠤ ᠪᠠᠢ᠌ᠭᠤᠯᠤᠮᠵᠢ ᠪᠤᠯᠭ᠋ᠠᠬᠤ ᠶᠠᠪᠤᠳᠠᠯ ᠪᠠᠴᠢᠮ ᠲ᠋ᠤᠯᠭ᠋ᠠᠮ ᠪᠤᠯᠵᠤ ᠪᠠᠢ᠌ᠨ᠎ᠠ᠃ ᠭᠠᠵᠠᠷ᠎ᠤᠨ ᠲᠡᠰ᠎ᠤᠨ ᠬᠤᠳᠠ ᠵᠢᠨ ᠬᠡᠪᠴᠢᠶᠡᠨ᠎ᠳᠤ ᠠᠪᠤᠭ᠋ᠠᠳ ᠬᠡᠯᠡᠬᠦ᠎ᠳᠤ ᠨᠠᠰᠤᠨ᠎ᠳᠤ ᠦᠯᠤ ᠬᠦᠷᠦᠭᠰᠡᠳ᠎ᠢ ᠲᠤᠰᠠᠯᠠᠨ ᠬᠠᠮᠠᠭ᠋ᠠᠯᠠᠬᠤ ᠪᠠᠢ᠌ᠭᠤᠯᠤᠮᠵᠢ ᠪᠤᠯᠤᠨ ᠲᠤᠰᠠᠯᠠᠮᠵᠢ ᠵᠢᠨ ᠬᠠᠮᠢᠶᠠᠷᠤᠯᠳᠠ ᠵᠢᠨ ᠪᠠᠢ᠌ᠭᠤᠯᠤᠮᠵᠢ ᠵᠢ ᠰᠠᠯᠭ᠋ᠠᠵᠤ᠂ ᠬᠤᠳᠠ ᠰᠢᠶᠠᠨ ᠬᠤᠶᠠᠷ ᠲᠡᠰ᠎ᠤᠨ ᠨᠠᠰᠤᠨ᠎ᠳᠤ ᠦᠯᠤ ᠬᠦᠷᠦᠭᠰᠡᠳ᠎ᠢ ᠲᠣᠰᠠᠯᠠᠨ ᠬᠠᠮᠠᠭ᠋ᠠᠯᠠᠬᠤ ᠵᠢᠬᠰᠠᠭ᠋ᠠᠯ᠎ᠤᠨ ᠪᠦᠳᠦᠬᠡᠨ ᠪᠠᠢ᠌ᠭᠤᠯᠤᠯᠳᠠ ᠪᠠ ᠲᠤᠰᠬᠠᠢ ᠮᠡᠷᠬᠡᠵᠢᠯ᠎ᠤᠨ ᠴᠢᠳᠠᠪᠤᠷᠢᠳᠠᠨ᠎ᠤ ᠡᠡᠭᠨᠡᠬᠡ ᠵᠢᠨ ᠪᠦᠳᠦᠬᠡᠨ ᠪᠠᠢ᠌ᠭᠤᠯᠤᠯᠳᠠ ᠵᠢ ᠲᠦᠷᠬᠡᠳᠬᠡᠵᠤ᠂ ᠨᠠᠰᠤᠨ᠎ᠳᠤ ᠦᠯᠤ ᠬᠦᠷᠦᠭᠰᠡᠳ᠎ᠢ ᠬᠠᠮᠠᠭ᠋ᠠᠯᠠᠬᠤ ᠠᠵᠢᠯ᠎ᠤᠨ ᠴᠢᠨᠠᠷᠯᠢᠭ ᠬᠦᠭᠵᠢᠯᠳᠡ ᠵᠢ ᠪᠡᠶᠡᠯᠡᠬᠦᠯᠤᠨ᠎ᠡ᠃ ᠬᠤᠶᠠᠷ᠎ᠲᠤ᠂ ᠲᠤᠰᠬᠠᠢ ᠮᠡᠷᠬᠡᠵᠢᠯ᠎ᠤᠨ ᠬᠦᠴᠤᠨ᠎ᠤ ᠠᠰᠠᠭᠤᠳᠠᠯ᠎ᠢ ᠲᠤᠯᠭ᠋ᠠᠮ ᠰᠢᠢ᠍ᠳᠪᠤᠷᠢᠯᠡᠬᠦ ᠱᠠᠭ᠋ᠠᠷᠳᠠᠯᠭ᠎ᠠ᠎ᠲᠠᠢ ᠪᠠᠢ᠌ᠨ᠎ᠠ᠃ ᠨᠡᠡᠭ ᠲᠤᠰᠬᠠᠢ ᠮᠡᠷᠬᠡᠵᠢᠭᠰᠡᠨ ᠬᠡᠤᠬᠡᠳ᠎ᠤᠨ ᠨᠡᠢ᠌ᠬᠡᠮ ᠵᠢᠨ ᠠᠵᠢᠯ᠎ᠤᠨ ᠲᠤᠰᠬᠠᠢ ᠮᠡᠷᠬᠡᠵᠢᠯ᠎ᠤᠨ ᠬᠦᠴᠤᠨ ᠪᠠᠢ᠌ᠬᠤ ᠪᠤᠯ ᠨᠠᠰᠤᠨ᠎ᠳᠤ ᠦᠯᠤ ᠬᠦᠷᠦᠭᠰᠡᠳ᠎ᠢ ᠲᠤᠰᠠᠯᠠᠨ ᠬᠠᠮᠠᠭ᠋ᠠᠯᠠᠬᠤ ᠪᠠᠢ᠌ᠭᠤᠯᠤᠮᠵᠢ ᠵᠢᠨ ᠬᠡᠯᠪᠡᠷᠢ᠎ᠪᠠᠨ ᠬᠤᠪᠢᠷᠠᠭᠤᠯᠤᠨ ᠲᠡᠰ ᠲᠡᠪᠰᠢᠬᠦ ᠵᠢᠨ ᠲᠤᠳᠤᠭ᠋ᠠᠳᠤ ᠱᠠᠭ᠋ᠠᠷᠳᠠᠯᠭ᠎ᠠ ᠪᠤᠯᠬᠤ ᠶᠤᠮ᠃ ᠠᠬᠤᠢ ᠠᠮᠢᠳᠤᠷᠠᠯ᠎ᠳᠤ ᠬᠡᠤᠬᠡᠳ᠎ᠤᠨ ᠲᠦᠷᠤᠯ᠎ᠤᠨ ᠨᠡᠢ᠌ᠬᠡᠮ᠎ᠤᠨ ᠵᠤᠬᠢᠶᠠᠨ ᠪᠠᠢ᠌ᠭᠤᠯᠤᠯᠳᠠ ᠵᠢᠨ ᠬᠦᠭᠵᠢᠯᠳᠡ ᠤᠳᠠᠭ᠋ᠠᠨ᠂ ᠤᠨᠴᠠᠭ᠋ᠠᠢ᠌ᠯᠠᠨ ᠬᠡᠤᠬᠡᠳ᠎ᠤᠨ ᠲᠦᠷᠤᠯ᠎ᠤᠨ 3A ᠲᠡᠰ᠎ᠠᠴᠠ ᠲᠡᠭᠡᠭᠰᠢᠬᠢ ᠨᠡᠢ᠌ᠬᠡᠮ᠎ᠤᠨ ᠵᠤᠬᠢᠶᠠᠨ ᠪᠠᠢ᠌ᠭᠤᠯᠤᠯᠳᠠ ᠨᠡᠡᠭ ᠴᠦ᠍ ᠡᠳᠤᠷ᠎ᠤᠨ ᠤᠳᠤ᠂ ᠡᠪᠤᠯ᠎ᠤᠨ ᠴᠡᠴᠡᠭ ᠮᠡᠳᠤ ᠴᠦᠬᠡᠨ᠂ ᠨᠢᠬᠡ ᠪᠦᠯᠦᠭ ᠨᠡᠢ᠌ᠬᠡᠮ᠎ᠤᠨ ᠵᠤᠬᠢᠶᠠᠨ ᠪᠠᠢ᠌ᠭᠤᠯᠤᠯᠳᠠ ᠵᠢ ᠪᠤᠢ᠌ᠵᠢᠭᠤᠯᠤᠨ ᠲᠡᠮᠵᠢᠵᠤ ᠪᠠᠢ᠌ᠭ᠋ᠠᠳ ᠨᠠᠰᠤᠨ᠎ᠳᠤ ᠦᠯᠤ ᠬᠦᠷᠦᠭᠰᠡᠳ᠎ᠢ ᠲᠤᠰᠠᠯᠠᠨ ᠬᠠᠮᠠᠭ᠋ᠠᠯᠠᠬᠤ ᠠᠵᠢᠯ᠎ᠳᠤ ᠤᠷᠤᠯᠴᠠᠭᠤᠯᠬᠤ ᠪᠤᠯ ᠤᠳᠤᠬᠠᠨ᠎ᠤ ᠴᠢᠬᠤᠮ ᠡᠬᠦᠷᠬᠡ ᠮᠥᠨ᠃ ᠡᠬᠦᠨ᠎ᠤ ᠬᠠᠮᠳᠤ ᠵᠠᠰᠠᠭ᠎ᠤᠨ ᠤᠷᠳᠤᠨ ᠦᠢ᠍ᠯᠡᠴᠢᠯᠡᠬᠡ ᠬᠤᠳᠠᠯᠳᠤᠨ ᠠᠪᠴᠤ ᠦᠭᠭᠦ ᠲᠤᠬᠳᠠᠯᠴᠠᠭ᠎ᠠ ᠵᠢ ᠰᠢᠯᠤᠭᠤᠳᠬᠠᠵᠤ᠂ ᠬᠡᠤᠬᠡᠳ᠎ᠤᠨ ᠠᠰᠠᠷᠠᠮᠵᠢ ᠵᠢᠨ ᠦᠢ᠍ᠯᠡᠴᠢᠯᠡᠬᠡᠨ᠎ᠢ ᠵᠠᠰᠠᠭ᠎ᠤᠨ ᠤᠷᠳᠤᠨ ᠦᠢ᠍ᠴᠢᠯᠡᠬᠡ ᠬᠤᠳᠠᠯᠳᠤᠨ ᠠᠪᠴᠤ ᠦᠭᠭᠦ ᠦᠢ᠍ᠯᠡᠴᠢᠯᠡᠬᠡᠨ᠎ᠤ ᠭᠠᠷᠴᠠᠭ᠎ᠲᠤ ᠤᠷᠤᠭᠤᠯᠬᠤ ᠶᠠᠪᠤᠳᠠᠯ ᠲᠤᠯᠭ᠋ᠠᠮ ᠪᠠᠢ᠌ᠨ᠎ᠠ᠃
ᠯᠢᠤᠢ ᠵᠢᠡᠭ ᠬᠤᠸᠨ᠄ ᠨᠢᠬᠡ ᠲᠠᠯ᠎ᠠ᠎ᠪᠠᠷ ᠪᠡᠯᠨ ᠮᠦᠡᠭᠭᠦ ᠵᠢᠨ ᠠᠰᠠᠭᠤᠳᠠᠯ᠎ᠢ ᠲᠤᠯᠭ᠋ᠠᠮ ᠰᠢᠢ᠍ᠳᠪᠤᠷᠢᠯᠡᠬᠦ ᠬᠡᠷᠡᠭᠳᠡᠢ ᠪᠠᠢ᠌ᠨ᠎ᠠ᠃
ᠤᠳᠤᠬᠠᠨ᠎ᠳᠤ ᠨᠠᠰᠤᠨ᠎ᠳᠤ ᠦᠯᠤ ᠬᠦᠷᠦᠭᠰᠡᠳ᠎ᠢ ᠲᠤᠰᠠᠯᠠᠨ ᠬᠠᠮᠠᠭ᠋ᠠᠯᠠᠬᠤ ᠵᠠᠷᠤᠳᠠᠯ ᠪᠠ ᠲᠤᠰᠠᠯᠠᠮᠵᠢ ᠵᠢᠨ ᠬᠠᠮᠢᠶᠠᠷᠤᠯᠳᠠ ᠵᠢᠨ ᠵᠠᠷᠤᠳᠠᠯ ᠮᠦᠡᠭᠭᠦ ᠵᠢ ᠨᠡᠢ᠌ᠯᠡᠬᠦᠯᠤᠨ ᠪᠠᠭᠤᠯᠭ᠋ᠠᠵᠤ ᠪᠠᠢ᠌ᠨ᠎ᠠ᠂ ᠬᠠᠷᠢᠨ ᠨᠠᠰᠤᠨ᠎ᠳᠤ ᠦᠯᠤ ᠬᠦᠷᠦᠭᠰᠡᠳ᠎ᠢ ᠲᠤᠰᠠᠯᠠᠨ ᠬᠠᠮᠠᠭ᠋ᠠᠯᠠᠬᠤ ᠵᠠᠷᠤᠳᠠᠯ ᠭᠡᠵᠤ ᠲᠤᠰᠲᠤᠨᠢ ᠲᠠᠡᠭᠰᠨ ᠨᠡᠭᠡᠭᠡᠭᠰᠡᠨ ᠦᠬᠡᠢ ᠪᠤᠯᠬᠤᠷ ᠨᠠᠰᠤᠨ᠎ᠳᠤ ᠦᠯᠤ ᠬᠦᠷᠦᠭᠰᠡᠳ᠎ᠢ ᠲᠤᠰᠠᠯᠠᠨ ᠬᠠᠮᠠᠭ᠋ᠠᠯᠠᠬᠤ ᠠᠵᠢᠯ᠎ᠢ ᠪᠦᠬᠦ ᠲᠠᠯ᠎ᠠ᠎ᠪᠠᠷ ᠦᠷᠨᠢᠬᠦᠯᠬᠦ᠎ᠳᠤ ᠠᠰᠢᠭ ᠦᠬᠡᠢ ᠶᠤᠮ᠃ ᠨᠦᠬᠦᠬᠡ ᠲᠠᠯ᠎ᠠ᠎ᠪᠠᠷ᠂ ᠬᠠᠤᠯᠢ ᠴᠠᠭ᠋ᠠᠵᠨ ᠲᠦᠷᠢᠮ ᠲᠤᠬᠳᠠᠭ᠋ᠠᠯ᠎ᠢ ᠲᠠᠬᠦᠯᠳᠡᠷᠵᠢᠬᠦᠯᠬᠦ ᠶᠠᠪᠤᠳᠠᠯ ᠲᠤᠯᠭ᠋ᠠᠮ ᠪᠠᠢ᠌ᠨ᠎ᠠ᠃ ᠨᠠᠰᠤᠨ᠎ᠳᠤ ᠦᠯᠤ ᠬᠦᠷᠦᠭᠰᠡᠳ᠎ᠢ ᠲᠤᠰᠠᠯᠠᠨ ᠬᠠᠮᠠᠭ᠋ᠠᠯᠠᠬᠤ ᠪᠠᠢ᠌ᠭᠤᠯᠤᠮᠵᠢ ᠠᠵᠢᠯ ᠦᠷᠨᠢᠬᠦᠯᠬᠦ ᠦᠶ᠎ᠡ᠎ᠳᠤ ᠦᠮᠦᠭ ᠲᠦᠰᠢᠭ ᠪᠤᠯᠭ᠋ᠠᠵᠤ ᠪᠤᠯᠬᠤ ᠬᠠᠤᠯᠢ ᠴᠠᠭ᠋ᠠᠵᠨ᠂ ᠲᠦᠷᠢᠮ ᠲᠤᠬᠳᠠᠭ᠋ᠠᠯ ᠮᠠᠰᠢ ᠴᠦᠬᠡᠨ᠂ ᠬᠤᠯᠪᠤᠬᠳᠠᠯ ᠪᠦᠬᠦᠢ ᠠᠵᠢᠯ᠎ᠤᠨ ᠠᠯᠬᠤᠮ ᠲᠠᠷᠠᠭ᠎ᠠ᠂ ᠠᠵᠢᠯ᠎ᠤᠨ ᠪᠠᠷᠢᠮᠵᠢᠶ᠎ᠠ ᠬᠠᠷᠠᠬᠠᠨ ᠨᠢᠬᠡᠳᠤᠯᠵᠢᠬᠡ ᠦᠬᠡᠢ ᠪᠠᠢ᠌ᠬᠰᠠᠭ᠋ᠠᠷ ᠪᠠᠢ᠌ᠨ᠎ᠠ᠃