ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠢᠯᠡ ᠵᠠᠰᠠᠭ   -   ᠲᠥᠷᠥ᠎ᠶᠢᠨ ᠪᠣᠳᠣᠯᠭ᠎ᠠ᠎ᠶᠢᠨ ᠲᠠᠶ᠋ᠢᠯᠤᠮᠵᠢ
(ᠲᠦᠷᠪᠡ) ᠨᠠᠰᠤᠨ᠎ᠳᠤ ᠦᠯᠤ ᠬᠦᠷᠦᠭᠰᠡᠳ᠎ᠢ ᠲᠤᠰᠠᠯᠠᠨ ᠬᠠᠮᠠᠭ᠋ᠠᠯᠠᠬᠤ ᠪᠠᠢ᠌ᠭᠤᠯᠤᠮᠵᠢ ᠬᠡᠯᠪᠡᠷᠢ᠎ᠪᠠᠨ ᠬᠤᠪᠢᠷᠠᠭᠤᠯᠤᠨ ᠲᠡᠰ ᠲᠡᠪᠰᠢᠬᠦ ᠵᠢ ᠬᠡᠷᠬᠢᠨ ᠪᠡᠶᠡᠯᠡᠬᠦᠯᠬᠦ ᠪᠤᠢ
ᠨᠡᠶᠢᠲᠡᠯᠡᠭᠰᠡᠨ ᠴᠠᠭ᠄ 2021-10-22


ᠠᠰᠠᠭᠤᠯᠳᠠ᠄
    ᠨᠠᠰᠤᠨ᠎ᠳᠤ ᠦᠯᠤ ᠬᠦᠷᠦᠭᠰᠡᠳ᠎ᠤᠨ ᠠᠵᠢᠯ ᠪᠤᠯ ᠶᠡᠷᠤᠡᠭᠬᠡᠢ᠌ᠯᠡᠭᠰᠡᠨ ᠴᠢᠨᠠᠷᠳᠠᠢ ᠪᠤᠯᠬᠤᠷ ᠡᠯ᠎ᠡ ᠲᠠᠯ᠎ᠠ ᠵᠢᠨ ᠬᠦᠴᠤᠨ᠎ᠢ ᠲᠠᠢ᠌ᠴᠢᠯᠠᠬᠤ ᠴᠢᠬᠤᠯᠠᠳᠠᠢ᠂ ᠨᠠᠰᠤᠨ᠎ᠳᠤ ᠦᠯᠤ ᠬᠦᠷᠦᠭᠰᠡᠳ᠎ᠢ ᠲᠤᠰᠠᠯᠠᠨ ᠬᠠᠮᠠᠭ᠋ᠠᠯᠠᠬᠤ ᠪᠠᠢ᠌ᠭᠤᠯᠤᠮᠵᠢ ᠡᠯ᠎ᠡ ᠲᠠᠯ᠎ᠠ ᠵᠢᠨ᠎ᠬᠢᠨ᠎ᠢ ᠵᠤᠬᠢᠴᠠᠭᠤᠯᠬᠤ ᠲᠤᠮᠳᠠ ᠦᠢ᠍ᠯᠡᠳᠤᠯ ᠵᠶ᠋ᠡᠨ ᠬᠡᠷᠬᠢᠨ ᠪᠠᠳᠠᠷᠠᠭᠤᠯᠬᠤ ᠪᠤᠢ?

    ᠶᠠᠡᠭ ᠵᠢᠶᠦ᠋ᠨ᠄ ᠰᠢᠨ᠎ᠡ᠎ᠪᠠᠷ ᠵᠠᠰᠠᠪᠤᠷᠢ ᠤᠷᠤᠭᠤᠯᠤᠬᠰᠠᠨ 《ᠨᠠᠰᠤᠨ᠎ᠳᠤ ᠦᠯᠤ ᠬᠦᠷᠦᠭᠰᠡᠳ᠎ᠢ ᠬᠠᠮᠠᠭ᠋ᠠᠯᠠᠬᠤ ᠬᠠᠤᠯᠢ》᠎ᠳᠤ ᠠᠷᠠᠳ᠎ᠤᠨ ᠶᠠᠪᠤᠳᠠᠯ᠎ᠤᠨ ᠰᠠᠯᠠᠭ᠎ᠠ ᠮᠦᠴᠢᠷ᠎ᠨᠢ  ᠨᠠᠰᠤᠨ᠎ᠳᠤ ᠦᠯᠤ ᠬᠦᠷᠦᠭᠰᠡᠳ᠎ᠢ ᠬᠠᠮᠠᠭ᠋ᠠᠠᠯᠬᠤ ᠠᠵᠢᠯ᠎ᠢ ᠵᠤᠬᠢᠴᠠᠭᠤᠯᠬᠤ ᠲᠤᠬᠳᠠᠯᠴᠠᠭ᠎ᠠ ᠵᠢ ᠵᠠᠷᠴᠢᠮ ᠲᠡᠬᠡᠷ᠎ᠡ᠎ᠪᠠᠨ ᠲᠤᠯᠤᠭ᠋ᠠᠢ᠌ᠯᠠᠬᠤ ᠨᠢᠬᠡᠴᠢ ᠵᠢᠨ ᠬᠠᠤᠯᠢ᠎ᠪᠠᠷ ᠲᠤᠬᠳᠠᠭ᠋ᠠᠬᠰᠠᠨ ᠪᠠᠢ᠌ᠷᠢ ᠰᠠᠭᠤᠷᠢ ᠵᠢ ᠲᠤᠳᠤᠷᠬᠠᠢ᠌ᠯᠠᠬᠰᠠᠨ᠎ᠨᠢ ᠨᠠᠰᠤᠨ᠎ᠳᠤ ᠦᠯᠤ ᠬᠦᠷᠦᠭᠰᠡᠳ᠎ᠢ ᠬᠠᠮᠠᠭ᠋ᠠᠠᠯᠠᠬᠤ ᠲᠤᠬᠳᠠᠯᠴᠠᠭ᠎ᠠ ᠵᠢ ᠰᠢᠯᠤᠭᠤᠳᠬᠠᠬᠰᠠᠨ ᠬᠡᠷᠡᠭ ᠶᠤᠮ᠃ ᠨᠠᠰᠤᠨ᠎ᠳᠤ ᠦᠯᠤ ᠬᠦᠷᠦᠭᠰᠡᠳ᠎ᠢ ᠬᠠᠮᠠᠭ᠋ᠠᠠᠯᠠᠬᠤ ᠲᠤᠬᠳᠠᠯᠴᠠᠭ᠎ᠠ᠎ᠨᠢ ᠬᠦᠳᠡᠯᠤᠡᠭᠭᠦᠢ ᠴᠢᠨᠠᠷ ᠵᠶ᠋ᠡᠨ ᠬᠦᠢ᠍ᠴᠡᠳ ᠪᠠᠳᠠᠷᠠᠭᠤᠯᠵᠤ ᠂ ᠤᠨᠴᠠᠭ᠋ᠠᠢ ᠵᠢᠱ᠌ᠢᠶ᠎ᠡ᠎ᠢ ᠬᠤᠷᠠᠨ ᠵᠦᠪᠯᠡᠬᠦ᠂ ᠬᠡᠷᠡᠭ᠎ᠤᠨ ᠵᠢᠱ᠌ᠢᠶ᠎ᠡ ᠵᠢ ᠵᠠᠳᠠᠯᠬᠤ᠂ ᠴᠢᠮᠡᠬᠡ ᠵᠠᠡᠭᠭᠢ ᠵᠢ ᠬᠤᠪᠢᠶᠠᠯᠴᠠᠬᠤ ᠂ ᠤᠨᠴᠠᠭ᠋ᠠᠢ ᠬᠡᠷᠡᠭ᠎ᠢ ᠰᠢᠯᠵᠢᠬᠦᠯᠬᠦ ᠵᠡᠷᠬᠡ ᠬᠡᠯᠪᠡᠷᠢ᠎ᠪᠠᠷ ᠬᠡᠰᠢᠬᠦᠨ ᠨᠢᠬᠡᠴᠢ᠎ᠲᠠᠢ᠎ᠪᠠᠨ ᠪᠠᠢ᠌ᠡᠭᠭᠤ ᠬᠤᠷᠠᠯᠳᠤᠨ ᠶᠠᠷᠢᠯᠴᠠᠵᠤ᠂ ᠤᠨᠴᠠᠭ᠋ᠠᠢ ᠵᠢᠱ᠌ᠢᠶ᠎ᠡ ᠵᠢ ᠴᠠᠭ ᠲᠠᠷᠤᠢ᠎ᠳᠤ᠎ᠨᠢ ᠰᠢᠯᠵᠢᠬᠦᠯᠤᠨ ᠰᠢᠢ᠍ᠳᠪᠤᠷᠢᠯᠡᠵᠤ᠂ ᠨᠠᠰᠤᠨ᠎ᠳᠤ ᠦᠯᠤ ᠬᠦᠷᠦᠭᠰᠡᠳ᠎ᠢ ᠲᠤᠰᠠᠯᠠᠨ ᠬᠠᠮᠠᠭ᠋ᠠᠯᠠᠬᠤ ᠠᠵᠢᠯ᠎ᠢ ᠵᠤᠬᠢᠴᠠᠭᠤᠯᠬᠤ᠂ ᠨᠢᠬᠡᠳᠤᠯᠳᠡᠢ ᠪᠠᠢ᠌ᠷᠢᠯᠠᠭᠤᠯᠬᠤ᠂ ᠱᠠᠭ᠋ᠠᠷᠳᠠᠨ ᠪᠠᠢ᠌ᠴᠠᠭ᠋ᠠᠵᠤ ᠵᠢᠭ᠋ᠠᠨ ᠵᠢᠯᠤᠭᠤᠳᠬᠤ ᠠᠵᠢᠯ᠎ᠢ ᠦᠨᠡᠨ ᠬᠦ᠌ ᠰᠠᠢ᠌ᠳᠤᠷ ᠬᠢᠵᠤ᠂ ᠨᠠᠰᠤᠨ᠎ᠳᠤ ᠦᠯᠤ ᠬᠦᠷᠦᠭᠰᠡᠳ᠎ᠢ ᠲᠤᠰᠠᠯᠠᠨ ᠬᠠᠮᠠᠭ᠋ᠠᠯᠠᠬᠤ ᠠᠵᠢᠯ᠎ᠢ ᠬᠡᠰᠢᠬᠦᠨ ᠨᠢᠬᠡᠴᠢ ᠵᠢᠨ ᠬᠤᠭᠤᠷᠤᠨᠳᠤ ᠠᠮᠨ ᠰᠡᠬᠡᠷ᠎ᠢ᠎ᠨᠢ  ᠶᠠᠪ ᠴᠠᠪ ᠵᠤᠯᠭ᠋ᠠᠭᠤᠯᠤᠨ᠂ ᠴᠢᠨᠠᠷᠯᠢᠭ ᠪᠦᠬᠡᠳ ᠦᠷ᠎ᠡ ᠠᠰᠢᠬᠳᠠᠢ ᠪᠠᠢ᠌ᠬᠤ ᠬᠡᠷᠡᠭᠳᠡᠢ᠃

    ᠲᠠᠨ ᡁᠢ ᠴᠢᠶᠠᠡᠭ᠄ ᠨᠢᠬᠡ᠎ᠳᠤ᠂ ᠨᠠᠰᠤᠨ᠎ᠳᠤ ᠦᠯᠤ ᠬᠦᠷᠦᠭᠰᠡᠳ᠎ᠢ ᠬᠠᠮᠠᠭ᠋ᠠᠯᠠᠬᠤ ᠠᠵᠢᠯ᠎ᠢ ᠵᠤᠬᠢᠴᠠᠭᠤᠯᠬᠤ ᠲᠤᠬᠳᠠᠯᠴᠠᠭ᠎ᠠ ᠵᠢᠨ ᠱᠠᠭ᠋ᠠᠷᠳᠠᠯᠭ᠎ᠠ ᠶᠤᠰᠤᠭ᠋ᠠᠷ ᠠᠵᠢᠯ᠎ᠤᠨ ᠡᠬᠦᠷᠬᠡ ᠬᠠᠷᠢᠭᠤᠴᠠᠯᠭ᠎ᠠ᠎ᠪᠠᠨ ᠰᠠᠢ᠌ᠳᠤᠷ ᠬᠦᠢ᠍ᠴᠡᠳᠬᠡᠵᠤ᠂ ᠬᠠᠮᠢᠶ᠎ᠠ ᠪᠦᠬᠦᠢ ᠰᠠᠯᠠᠭ᠎ᠠ ᠮᠦᠴᠢᠷ᠎ᠯᠦᠭᠡ ᠵᠢᠨ ᠬᠠᠮᠳᠤᠷᠠᠯᠴᠠᠭ᠎ᠠ᠎ᠪᠠᠨ ᠴᠢᠡᠭᠭ᠋ᠠᠳᠬᠠᠬᠤ ᠬᠡᠷᠡᠭᠳᠡᠢ᠃ ᠬᠤᠶᠠᠷ᠎ᠲᠤ᠂ ᠠᠷᠠᠳ᠎ᠤᠨ ᠶᠠᠪᠤᠳᠠᠯ᠎ᠤᠨ ᠭᠤᠤᠯᠯᠠᠨ ᠬᠠᠮᠢᠶᠠᠷᠬᠤ ᠰᠠᠯᠠᠭ᠎ᠠ ᠮᠦᠴᠢᠷ᠎ᠲᠤ ᠰᠠᠨᠠᠭᠤᠯᠬᠤ᠎ᠨᠢ᠂ ᠲᠤᠳᠤᠭ᠋ᠠᠳᠤ ᠵᠢᠨ ᠵᠤᠬᠢᠴᠠᠭᠤᠯᠵᠤ ᠬᠤᠯᠪᠤᠭ᠋ᠠᠯᠠᠨ ᠬᠦᠳᠡᠯᠤᠯᠴᠡᠬᠦ ᠲᠤᠬᠳᠠᠯᠴᠠᠭ᠎ᠠ ᠵᠢ ᠪᠠᠢ᠌ᠭᠤᠯᠵᠤ᠂ ᠲᠤᠰᠠᠯᠠᠨ ᠬᠠᠮᠠᠭ᠋ᠠᠯᠠᠬᠤ ᠪᠠᠢ᠌ᠭᠤᠯᠤᠮᠵᠢ ᠵᠢᠨ ᠨᠠᠰᠤᠨ᠎ᠳᠤ ᠦᠯᠤ ᠬᠦᠷᠦᠭᠰᠡᠳ᠎ᠲᠤ ᠴᠠᠭ ᠲᠠᠷᠤᠢ᠎ᠳᠤ᠎ᠨᠢ ᠪᠦᠳᠤᠮᠵᠢᠳᠡᠢ ᠵᠠᠰᠠᠭ ᠵᠠᠬᠢᠷᠭ᠋ᠠᠨ᠎ᠤ ᠡᠬᠢ ᠪᠠᠶᠠᠯᠢᠭ᠎ᠤᠨ ᠬᠠᠮᠠᠭ᠋ᠠᠯᠠᠯᠳᠠ ᠬᠦᠷᠳᠡᠬᠡᠵᠤ᠂ ᠤᠤᠯ᠎ᠨᠢ ᠠᠯᠢ ᠰᠠᠯᠠᠭ᠎ᠠ ᠮᠦᠴᠢᠷ ᠤᠯᠵᠤ ᠮᠡᠳᠡᠬᠡᠳ ᠮᠡᠳᠡᠬᠦᠯᠦᠭᠰᠡᠨ ᠴᠦ᠍᠂ ᠡᠰᠡᠪᠡᠯ ᠨᠠᠰᠤᠨ᠎ᠳᠤ ᠦᠯᠤ ᠬᠦᠷᠦᠭᠰᠡᠳ᠎ᠢ ᠬᠠᠮᠠᠭ᠋ᠠᠯᠠᠬᠤ ᠲᠦᠪ᠎ᠲᠤ ᠰᠢᠯᠵᠢᠬᠦᠯᠦᠭᠰᠡᠨ ᠴᠦ᠍ ᠪᠤᠯᠤᠭ᠂ ᠤᠯᠠᠡᠭᠭᠢ᠎ᠨᠢ ᠲᠤᠰᠢᠶᠠᠭ᠋ᠠᠳ ᠦᠭᠪᠡᠯ ᠯᠨ ᠪᠤᠯᠴᠢᠬᠠᠵᠤ᠂ ᠦᠯᠡᠳᠡᠭᠰᠡᠨ ᠶᠡᠬᠡ ᠬᠡᠮᠵᠢᠶᠡᠨ᠎ᠤ ᠠᠵᠢᠯ᠎ᠢ ᠠᠷᠠᠳ᠎ᠤᠨ ᠶᠠᠪᠤᠳᠠᠯ᠎ᠤᠨ ᠰᠠᠯᠠᠭ᠎ᠠ ᠮᠦᠴᠢᠷ ᠪᠤᠶᠤ ᠨᠠᠰᠤᠨ᠎ᠳᠤ ᠦᠯᠤ ᠬᠦᠷᠦᠭᠰᠡᠳ᠎ᠢ ᠬᠠᠮᠠᠭ᠋ᠠᠯᠠᠬᠤ ᠲᠦᠪ ᠵᠤᠬᠢᠴᠠᠭᠤᠯᠤᠨ ᠰᠢᠢ᠍ᠳᠪᠤᠷᠢᠯᠡᠳᠡᠭ ᠪᠠᠢ᠌ᠳᠠᠯ᠎ᠢ ᠦᠬᠡᠷᠡᠴᠢᠯᠡᠬᠦ ᠬᠡᠷᠡᠭᠳᠡᠢ᠃  ᠭᠤᠷᠪᠠ᠎ᠳᠤ᠂ ᠬᠠᠷᠠᠭ᠋ᠠᠯᠵᠠᠬᠰᠠᠨ ᠱᠠᠡᠭᠨᠠᠯ ᠲᠤᠷᠭ᠋ᠠᠭᠤᠯᠢ ᠵᠢᠨ ᠲᠤᠬᠳᠠᠯᠴᠠᠭ᠎ᠠ ᠵᠢ ᠪᠠᠢ᠌ᠭᠤᠯᠵᠤ᠂ ᠨᠠᠰᠤᠨ᠎ᠳᠤ ᠦᠯᠤ ᠬᠦᠷᠦᠭᠰᠡᠳ᠎ᠢ ᠬᠠᠮᠠᠭ᠋ᠠᠯᠠᠬᠤ ᠠᠵᠢᠯ᠎ᠢ ᠰᠠᠯᠠᠭ᠎ᠠ ᠮᠦᠴᠢᠷ᠎ᠤᠨ ᠠᠵᠢᠯ᠎ᠤᠨ ᠦᠷ᠎ᠡ ᠪᠦᠳᠦᠮᠵᠢ  ᠵᠢᠨ  ᠬᠢᠨᠠᠨ ᠲᠤᠬᠳᠠᠭ᠋ᠠᠯ᠎ᠳᠤ ᠤᠷᠤᠭᠤᠯᠬᠤ ᠵᠢ ᠰᠠᠨᠠᠭᠤᠯᠤᠶ᠎ᠠ᠃

    ᠯᠢ ᠶᠦᠨ ᠵᠦᠡᠭ᠄ ᠨᠠᠰᠤᠨ᠎ᠳᠤ ᠦᠯᠤ ᠬᠦᠷᠦᠭᠰᠡᠳ᠎ᠢ ᠬᠠᠮᠠᠭ᠋ᠠᠯᠠᠬᠤ ᠪᠠᠢ᠌ᠡᠭᠭᠤ ᠵᠢᠨ ᠤᠳᠠᠰᠤ ᠵᠢ ᠰᠠᠭ᠋ᠠᠳ ᠦᠬᠡᠢ ᠨᠡᠪᠳᠡᠷᠡᠬᠦᠯᠬᠦ᠎ᠳᠤ ᠲᠤᠯᠭ᠋ᠠᠭᠤᠷᠢᠯᠠᠨ ᠤᠯᠵᠤ ᠮᠡᠳᠡᠪᠡᠯ ᠮᠡᠳᠡᠬᠦᠯᠬᠦ ᠠᠵᠢᠯ᠎ᠤᠨ ᠲᠤᠬᠳᠠᠯᠴᠠᠭ᠎ᠠ ᠵᠢ ᠪᠠᠢ᠌ᠭᠤᠯᠤᠨ ᠲᠡᠬᠦᠯᠳᠡᠷᠵᠢᠬᠦᠯᠤᠨ᠎ᠡ᠃ ᠰᠢᠨ᠎ᠡ᠎ᠪᠠᠷ ᠵᠠᠰᠠᠪᠤᠷᠢ ᠤᠷᠤᠭᠤᠯᠤᠬᠰᠠᠨ 《ᠨᠠᠰᠤᠨ᠎ᠳᠤ ᠦᠯᠤ ᠬᠦᠷᠦᠭᠰᠡᠳ᠎ᠢ ᠬᠠᠮᠠᠭ᠋ᠠᠯᠠᠬᠤ ᠬᠠᠤᠯᠢ》᠎ᠳᠤ ᠰᠢᠶᠠᠨ᠎ᠤ ᠲᠡᠰ᠎ᠠᠴᠠ ᠲᠡᠭᠡᠭᠰᠢᠬᠢ ᠠᠷᠠᠳ᠎ᠤᠨ ᠵᠠᠰᠠᠭ᠎ᠤᠨ ᠤᠷᠳᠤᠨ᠎ᠨᠢ ᠨᠠᠰᠤᠨ᠎ᠳᠤ ᠦᠯᠤ ᠬᠦᠷᠦᠭᠰᠡᠳ᠎ᠢ ᠬᠠᠮᠠᠭ᠋ᠠᠯᠠᠬᠤ ᠪᠦᠬᠦ ᠤᠯᠤᠰ᠎ᠤᠨ ᠨᠢᠬᠡᠳᠤᠯᠳᠡᠢ ᠪᠠᠢ᠌ᠡᠭᠭᠤ ᠵᠢᠨ ᠤᠳᠠᠰᠤ ᠵᠢ ᠨᠡᠪᠳᠡᠷᠡᠬᠦᠯᠵᠤ᠂ ᠨᠠᠰᠤᠨ᠎ᠳᠤ ᠦᠯᠤ ᠬᠦᠷᠦᠭᠰᠡᠳ᠎ᠤᠨ ᠬᠠᠤᠯᠢ ᠶᠤᠰᠤᠨ᠎ᠤ ᠡᠷᠬᠡ ᠠᠰᠢᠭ᠎ᠢ ᠬᠤᠬᠢᠷᠠᠭᠤᠯᠤᠬᠰᠠᠨ ᠵᠠᠭ᠋ᠠᠯᠳᠤᠯᠭ᠎ᠠ᠂ ᠢᠯᠡᠴᠢᠯᠡᠨ ᠮᠡᠳᠡᠬᠦᠯᠤᠯᠳᠠ ᠵᠢ ᠲᠡᠷᠨ ᠲᠠᠷᠤᠢ᠎ᠳᠤ᠎ᠨᠢ ᠬᠦᠯᠢᠶᠡᠨ ᠠᠪᠴᠤ᠂ ᠰᠢᠯᠵᠢᠬᠦᠯᠬᠦ ᠬᠡᠷᠡᠭᠳᠡᠢ ᠭᠡᠵᠤ ᠲᠤᠬᠳᠠᠭ᠋ᠠᠬᠰᠠᠨ ᠪᠠᠢ᠌ᠳᠠᠭ᠃ ᠪᠠᠢ᠌ᠡᠭᠭᠤ ᠵᠢᠨ ᠤᠳᠠᠰᠤ ᠭᠠᠷᠭ᠋ᠠᠬᠰᠠᠨ᠎ᠨᠢ ᠨᠠᠰᠤᠨ᠎ᠳᠤ ᠦᠯᠤ ᠬᠦᠷᠦᠭᠰᠡᠳ᠎ᠤᠨ ᠬᠦᠰᠡᠯ ᠱᠠᠭ᠋ᠠᠷᠳᠠᠯᠭ᠎ᠠ᠎ᠪᠠᠨ ᠢᠯᠡᠷᠬᠡᠢ᠌ᠯᠡᠬᠦ᠂ ᠬᠠᠪᠰᠤᠷᠤᠯᠭ᠎ᠠ ᠬᠠᠢ᠌ᠬᠤ᠎ᠳᠤ ᠠᠰᠢᠬᠳᠠᠢ ᠪᠦᠬᠡᠳ ᠨᠡᠡᠭ ᠴᠢᠬᠤᠯᠨ᠎ᠨᠢ ᠨᠠᠰᠤᠨ᠎ᠳᠤ ᠦᠯᠤ ᠬᠦᠷᠦᠭᠰᠡᠳ᠎ᠤᠨ ᠬᠠᠤᠯᠢ ᠶᠤᠰᠤᠨ᠎ᠤ ᠡᠷᠬᠡ ᠠᠰᠢᠭ᠎ᠢ ᠬᠤᠬᠢᠷᠠᠭᠤᠯᠤᠬᠰᠠᠨ ᠬᠡᠷᠡᠭ᠎ᠢ ᠮᠡᠳᠡᠬᠦᠯᠬᠦ᠎ᠳᠤ ᠠᠷᠭ᠎ᠠ ᠵᠠᠮ ᠬᠠᠡᠭᠭ᠋ᠠᠬᠰᠠᠨ ᠪᠠᠢ᠌ᠨ᠎ᠠ᠃ ᠨᠠᠰᠤᠨ᠎ᠳᠤ ᠦᠯᠤ ᠬᠦᠷᠦᠭᠰᠡᠳ᠎ᠢ ᠲᠤᠰᠠᠯᠠᠨ ᠬᠠᠮᠠᠭ᠋ᠠᠯᠠᠬᠤ ᠪᠠᠢ᠌ᠭᠤᠯᠤᠮᠵᠢ ᠦᠢ᠍ᠯᠡᠴᠢᠯᠡᠬᠡᠨ᠎ᠤ ᠪᠠᠢ᠌ᠡᠭᠭᠤ ᠵᠢᠨ ᠤᠳᠠᠰᠤ᠎ᠪᠠᠷ ᠲᠤᠯᠭ᠋ᠠᠭᠤᠷᠢᠯᠠᠨ᠂ 《ᠰᠦᠯᠵᠢᠶᠡᠨ ᠲᠡᠬᠡᠷ᠎ᠡ ᠪᠠ ᠪᠤᠳᠠᠳᠠᠢ᠎ᠲᠠᠢ ᠵᠤᠯᠭ᠋ᠠᠭᠤᠯᠵᠤ᠂ ᠰᠦᠯᠵᠢᠶᠡᠨ ᠲᠡᠬᠡᠷ᠎ᠡ ᠪᠠ ᠪᠤᠳᠠᠳᠠᠢ ᠲᠡᠬᠡᠷ᠎ᠡ ᠠᠳᠠᠯᠢᠬᠠᠨ ᠬᠦᠢ᠍ᠴᠡᠳᠬᠡᠬᠦ》 ᠵᠠᠷᠴᠢᠮ ᠵᠶ᠋ᠡᠷ 《ᠨᠢᠬᠡ ᠪᠠᠢ᠌ᠭᠤᠯᠭ᠎ᠠ᠎ᠨᠢ ᠬᠦᠯᠢᠶᠡᠨ ᠠᠪᠤᠪᠠᠯ ᠬᠠᠮᠵᠢᠯᠴᠠᠨ ᠬᠦᠢ᠍ᠴᠡᠳᠬᠡᠬᠦ ᠬᠦᠢ᠍ᠴᠡᠳᠬᠡᠬᠦ》  《ᠦᠷᠳᠡᠬᠡᠴᠢᠯᠡᠭᠰᠡᠨ》 ᠬᠡᠯᠪᠡᠷᠢ ᠵᠢᠨ ᠨᠠᠰᠤᠨ᠎ᠳᠤ ᠦᠯᠤ ᠬᠦᠷᠦᠭᠰᠡᠳ᠎ᠢ ᠬᠠᠮᠠᠭ᠋ᠠᠯᠠᠬᠤ ᠪᠠᠢ᠌ᠡᠭᠭᠤ ᠵᠢᠨ ᠤᠳᠠᠰᠤᠨ᠎ᠤ ᠶᠡᠷᠤᠡᠭᠭᠡᠢ᠌ᠯᠡᠭᠰᠡᠨ ᠦᠢ᠍ᠯᠡᠴᠢᠯᠡᠬᠡᠨ᠎ᠤ ᠲᠠᠪᠴᠠᠡᠭ ᠪᠠᠢ᠌ᠭᠤᠯᠤᠨ᠎ᠠ᠃ ᠡᠬᠦᠨ᠎ᠤ ᠬᠠᠮᠳᠤ ᠢᠨᠲᠸᠷ ᠰᠦᠯᠵᠢᠶᠡᠨ᠎ᠤ ᠬᠦᠭᠵᠢᠯᠳᠡ ᠵᠢᠨ ᠬᠠᠨᠳᠤᠰᠢ᠎ᠲᠠᠢ ᠵᠤᠬᠢᠴᠠᠭᠤᠯᠤᠨ ᠸᠢᠴᠠᠲ᠂  ᠪᠢᠴᠢᠯ ᠪᠦᠷᠬᠡ᠂ ᠲᠢᠺ ᠲᠤᠺ ᠵᠡᠷᠬᠡ ᠰᠢᠨ᠎ᠡ ᠵᠠᠭᠤᠴᠢᠯᠠᠭᠤᠷ᠎ᠤᠨ ᠲᠠᠪᠴᠠᠡᠭ᠎ᠢ ᠢᠳᠡᠪᠬᠢᠳᠡᠢ ᠬᠡᠷᠡᠭᠯᠡᠵᠤ᠂ ᠪᠠᠢ᠌ᠡᠭᠭᠤ ᠵᠢᠨ ᠤᠳᠠᠰᠤ᠎ᠪᠠᠷ ᠭᠤᠤᠯ ᠪᠤᠯᠭ᠋ᠠᠬᠰᠠᠨ ᠪᠦᠬᠦ ᠵᠠᠭᠤᠴᠢᠯᠠᠭᠤᠷ᠎ᠤᠨ ᠠᠵᠢᠯ᠎ᠤᠨ ᠲᠤᠬᠳᠠᠯᠴᠠᠭ᠎ᠠ ᠵᠢ ᠪᠠᠢ᠌ᠭᠤᠯᠤᠨ᠎ᠠ᠃

    ᠯᠢᠤᠢ ᠵᠢᠡᠭ ᠬᠤᠸᠨ᠄ ᠨᠢᠬᠡ ᠲᠠᠯ᠎ᠠ᠎ᠪᠠᠷ ᠦᠢ᠍ᠯᠡᠴᠢᠯᠡᠬᠡᠨ᠎ᠤ ᠲᠠᠪᠴᠠᠡᠭ᠎ᠢ ᠪᠠᠢ᠌ᠭᠤᠯᠤᠨ᠎ᠠ᠃ ᠬᠦᠨᠳᠡᠯᠡᠨ ᠵᠶ᠋ᠡᠷ ᠨᠢᠬᠡᠳᠤᠯᠳᠡᠢ ᠪᠠᠢ᠌ᠡᠭᠭᠤ ᠵᠢᠨ ᠤᠳᠠᠰᠤ ᠭᠠᠷᠭ᠋ᠠᠬᠤ᠎ᠪᠠᠷ ᠲᠠᠮᠵᠢᠨ ᠴᠢᠮᠡᠬᠡ ᠵᠠᠡᠭᠭᠢ ᠵᠢᠨ ᠲᠠᠪᠴᠠᠡᠭ ᠵᠡᠷᠬᠡ ᠬᠡᠯᠪᠡᠷᠢ᠎ᠪᠠᠷ ᠲᠤᠳᠤᠭ᠋ᠠᠳᠤ ᠵᠢ ᠬᠠᠮᠠᠭ᠋ᠠᠯᠠᠬᠤ᠂ ᠰᠤᠷᠭ᠋ᠠᠨ ᠬᠦᠮᠦᠵᠢᠯ᠂ ᠬᠠᠤᠯᠢ ᠴᠠᠭ᠋ᠠᠵᠨ ᠵᠡᠷᠬᠡ ᠰᠠᠯᠠᠭ᠎ᠠ ᠮᠦᠴᠢᠷ᠎ᠢ ᠦᠢ᠍ᠯᠡᠴᠢᠯᠡᠬᠡᠨ᠎ᠤ ᠲᠠᠪᠴᠠᠡᠭ᠎ᠳᠤ᠎ᠪᠠᠨ ᠤᠷᠤᠭᠤᠯᠵᠤ᠂ ᠨᠠᠰᠤᠨ᠎ᠳᠤ ᠦᠯᠤ ᠬᠦᠷᠦᠭᠰᠡᠳ᠎ᠢ ᠲᠤᠰᠠᠯᠠᠨ ᠬᠠᠮᠠᠭ᠋ᠠᠯᠠᠬᠤ ᠪᠠᠢ᠌ᠭᠤᠯᠤᠮᠵᠢ ᠵᠢ ᠲᠤᠰᠠᠯᠠᠨ ᠲᠠᠮᠵᠢᠬᠤ᠂ ᠨᠢᠬᠡᠳᠤᠯᠳᠡᠢ ᠵᠤᠬᠢᠴᠠᠭᠤᠯᠬᠤ᠂ ᠦᠢ᠍ᠯᠡᠴᠢᠯᠡᠬᠡ ᠰᠢᠯᠵᠢᠬᠦᠯᠬᠦ᠂ ᠨᠡᠢ᠌ᠬᠡᠮ᠎ᠤᠨ ᠵᠤᠬᠢᠶᠠᠨ ᠪᠠᠢ᠌ᠭᠤᠯᠤᠯᠳᠠ᠎ᠠᠴᠠ ᠬᠦᠮᠤᠵᠢᠬᠦᠯᠬᠦ ᠵᠡᠷᠬᠡ ᠴᠢᠳᠠᠪᠬᠢ ᠵᠢ ᠨᠢᠬᠡ ᠴᠤᠬ᠍ᠴᠠᠵᠢᠭᠤᠯᠤᠬᠰᠠᠨ ᠦᠢ᠍ᠯᠡᠴᠢᠯᠡᠬᠡᠨ᠎ᠤ ᠲᠠᠪᠴᠠᠡᠭ ᠪᠤᠯᠭ᠋ᠠᠨ ᠪᠠᠢ᠌ᠭᠤᠯᠵᠤ᠂ ᠨᠠᠰᠤᠨ᠎ᠳᠤ ᠦᠯᠤ ᠬᠦᠷᠦᠭᠰᠡᠳ᠎ᠢ ᠬᠠᠮᠠᠭ᠋ᠠᠯᠠᠬᠤ ᠵᠤᠬᠢᠴᠠᠭᠤᠯᠭ᠎ᠠ ᠵᠢᠨ ᠬᠤᠷᠠᠯ᠎ᠢ ᠲᠤᠬᠳᠠᠬᠰᠠᠨ ᠬᠤᠭᠤᠴᠠᠭ᠎ᠠ᠎ᠲᠠᠢ᠎ᠪᠠᠷ ᠵᠤᠬᠢᠶᠠᠨ ᠪᠠᠢ᠌ᠭᠤᠯᠤᠨ ᠬᠤᠷᠠᠯᠳᠤᠭᠤᠯᠵᠤ᠂ ᠰᠠᠯᠠᠭ᠎ᠠ ᠮᠦᠴᠢᠷ᠎ᠤᠨ ᠬᠤᠭᠤᠷᠤᠨᠳᠤᠬᠢ ᠨᠡᠪᠳᠡᠷᠡᠯᠴᠡᠬᠡ ᠬᠠᠮᠳᠤᠷᠠᠯᠴᠠᠭ᠎ᠠ᠎ᠪᠠᠨ ᠴᠢᠡᠭᠭ᠋ᠠᠳᠬᠠᠨ᠎ᠠ᠃ ᠭᠤᠯᠳᠤ᠎ᠪᠠᠷ ᠰᠢᠶᠠᠡᠭ ᠪᠠᠯᠭ᠋ᠠᠰᠤ (ᠵᠡᠬᠡᠯᠢ ᠭᠤᠳᠤᠮᠵᠢ  ᠬᠡᠷᠡᠭ ᠡᠷᠬᠢᠯᠡᠬᠦ ᠭᠠᠵᠠᠷ)᠂ ᠲᠤᠰᠬᠤᠨ (ᠰᠠᠭᠤᠭ᠋ᠠᠯᠢ ᠠᠷᠠᠳ᠎ᠤᠨ ᠵᠦᠪᠯᠡᠯ)᠎ᠲᠠᠢ ᠬᠠᠷᠢᠯᠴᠠᠬᠤ ᠪᠠ ᠬᠠᠮᠳᠤᠷᠠᠯᠴᠠᠭ᠎ᠠ᠎ᠪᠠᠨ ᠴᠢᠡᠭᠭ᠋ᠠᠳᠬᠠᠨ᠂ ᠲᠦᠷᠤ ᠵᠢᠨ ᠪᠤᠳᠤᠯᠭ᠎ᠠ ᠵᠢᠨ ᠪᠤᠯᠪᠠᠰᠤᠷᠠᠯ᠂ ᠲᠤᠬᠠᠢ᠌ᠯᠠᠬᠰᠠᠨ ᠠᠵᠢᠯ᠎ᠤᠨ ᠵᠢᠯᠤᠭᠤᠳᠤᠮᠵᠢ᠂ ᠪᠡᠯᠨ ᠮᠦᠡᠭᠭᠦ ᠵᠢᠨ ᠬᠡᠷᠡᠭᠯᠡᠬᠡ ᠵᠡᠷᠬᠡ ᠲᠠᠯ᠎ᠠ᠎ᠪᠠᠷ ᠦᠨᠳᠤᠰᠤᠨ ᠱᠠᠳᠤᠨ᠎ᠤ ᠵᠤᠬᠢᠶᠠᠨ ᠪᠠᠢ᠌ᠭᠤᠯᠤᠯᠳᠠ᠎ᠳᠤ ᠬᠦᠴᠤᠳᠡᠢ ᠲᠡᠮᠵᠢᠯᠬᠡ ᠬᠠᠡᠭᠭ᠋ᠠᠵᠤ᠂ ᠦᠨᠳᠤᠰᠤᠨ ᠱᠠᠳᠤᠨ᠎ᠤ ᠴᠢᠮᠡᠬᠡ ᠵᠠᠡᠭᠭᠢ ᠵᠢ ᠰᠢᠭᠰᠢᠬᠦ᠂ ᠤᠯᠵᠤ ᠮᠡᠳᠡᠪᠡᠯ ᠮᠡᠳᠡᠬᠦᠯᠬᠦ᠂ ᠤᠨᠢᠨ ᠲᠡᠬᠡᠷ᠎ᠡ᠎ᠨᠢ ᠲᠡᠳᠬᠦᠬᠦ ᠵᠡᠷᠬᠡ ᠲᠠᠯ᠎ᠠ ᠵᠢᠨ ᠴᠢᠳᠠᠪᠤᠷᠢ ᠵᠢ᠎ᠨᠢ ᠴᠢᠡᠭᠭ᠋ᠠᠳᠬᠠᠨ᠎ᠠ᠃ ᠨᠦᠬᠦᠬᠡ ᠲᠠᠯ᠎ᠠ᠎ᠪᠠᠷ ᠤᠬᠠᠭᠤᠯᠵᠤ ᠬᠦᠳᠤᠯᠤᠨ ᠵᠢᠯᠤᠭᠤᠳᠬᠤ᠎ᠪᠠᠨ ᠴᠢᠡᠭᠭ᠋ᠠᠳᠬᠠᠨ᠎ᠠ᠃ ᠰᠢᠨ᠎ᠡ ᠵᠠᠭᠤᠴᠢᠯᠠᠭᠤᠷ ᠪᠠᠢ᠌ᠭᠤᠯᠤᠮᠵᠢ᠎ᠳᠤ ᠤᠷᠤᠬᠤ᠂ ᠰᠦᠯᠵᠢᠶ᠎ᠡ᠎ᠪᠠᠷ ᠮᠡᠳᠡᠯᠬᠡ ᠵᠢᠨ ᠤᠷᠤᠯᠳᠤᠭ᠋ᠠᠨ ᠬᠢᠬᠦ ᠵᠡᠷᠬᠡ ᠰᠢᠷᠢᠰ ᠠᠵᠢᠯᠯᠠᠭ᠋ᠠᠨ ᠦᠷᠨᠢᠬᠦᠯᠬᠦ᠎ᠪᠠᠷ ᠲᠠᠮᠵᠢᠭᠤᠯᠤᠨ᠂ ᠨᠠᠮ᠎ᠤᠨ ᠲᠦᠪ ᠬᠤᠷᠢᠶ᠎ᠠ᠂ ᠲᠦᠷᠤ ᠵᠢᠨ ᠶᠠᠪᠤᠳᠠᠯ᠎ᠤᠨ ᠬᠤᠷᠢᠶᠠᠨ᠎ᠤ ᠨᠠᠰᠤᠨ᠎ᠳᠤ ᠦᠯᠤ ᠬᠦᠷᠦᠭᠰᠡᠳ᠎ᠢ ᠬᠠᠯᠠᠮᠵᠢᠯᠠᠨ ᠬᠠᠮᠠᠭ᠋ᠠᠯᠠᠬᠤ ᠴᠢᠬᠤᠯᠨ ᠶᠡᠬᠡ ᠰᠢᠢ᠍ᠳᠪᠤᠷᠢ ᠪᠠᠢ᠌ᠷᠢᠯᠠᠭᠤᠯᠤᠯᠳᠠ ᠵᠢ ᠪᠦᠬᠦ ᠲᠠᠯ᠎ᠠ᠎ᠪᠠᠷ ᠤᠬᠠᠭᠤᠯᠤᠨ᠂ ᠨᠠᠰᠤᠨ᠎ᠳᠤ ᠦᠯᠤ ᠬᠦᠷᠦᠭᠰᠡᠳ᠎ᠢ ᠬᠠᠮᠠᠭ᠋ᠠᠯᠠᠬᠤ ᠬᠠᠤᠯᠢ ᠴᠠᠭ᠋ᠠᠵᠨ ᠬᠠᠤᠯᠢ ᠲᠦᠷᠢᠮ᠎ᠢ ᠦᠷᠬᠡᠨ ᠲᠡᠯᠬᠡᠷ ᠤᠬᠠᠭᠤᠯᠤᠨ᠂ ᠨᠠᠰᠤᠨ᠎ᠳᠤ ᠦᠯᠤ ᠬᠦᠷᠦᠭᠰᠡᠳ᠎ᠤᠨ ᠬᠠᠤᠯᠢ ᠶᠤᠰᠤᠨ᠎ᠤ ᠡᠷᠬᠡ ᠠᠰᠢᠭ᠎ᠢ ᠬᠠᠤᠯᠢ ᠶᠤᠰᠤᠭ᠋ᠠᠷ ᠬᠠᠮᠠᠭ᠋ᠠᠯᠠᠬᠤ ᠨᠡᠢ᠌ᠬᠡᠮ᠎ᠤᠨ ᠬᠠᠮᠳᠤ ᠵᠢᠨ ᠲᠠᠨᠢᠯᠳᠠ ᠵᠢ ᠨᠢᠬᠳᠠᠷᠠᠭᠤᠯᠤᠨ᠂ ᠨᠠᠰᠤᠨ᠎ᠳᠤ ᠦᠯᠤ ᠬᠦᠷᠦᠭᠰᠡᠳ᠎ᠢ ᠪᠦᠬᠦ ᠨᠡᠢ᠌ᠬᠡᠮ ᠵᠶ᠋ᠡᠷ ᠵᠶ᠋ᠡᠨ ᠬᠠᠯᠠᠮᠵᠢᠯᠠᠨ ᠬᠠᠢ᠌ᠷᠠᠯᠠᠬᠤ ᠰᠠᠢ᠌ᠨ ᠰᠠᠢ᠌ᠬᠠᠨ ᠠᠭᠤᠷ ᠠᠮᠢᠰᠬᠤᠯ᠎ᠢ ᠪᠦᠷᠢᠯᠳᠤᠬᠦᠯᠬᠦ ᠬᠡᠷᠡᠭᠳᠡᠢ᠃
 


ᠢᠷᠡᠯᠲᠡ᠄ 《ᠲᠤᠮᠳᠠᠳᠤ ᠤᠯᠤᠰ᠎ᠤᠨ ᠨᠡᠢ᠌ᠬᠡᠮ ᠰᠤᠨᠢᠨ》
          
ᠬᠠᠮᠢᠶ᠎ᠡ ᠪᠦᠬᠦᠢ ᠰᠣᠨᠢᠨ
ᠬᠠᠤᠯᠢ ᠪᠤᠰᠤ᠎ᠪᠠᠷ ᠪᠡᠯᠨ ᠬᠤᠷᠠᠮᠳᠤᠭᠤᠯᠬᠤ ᠵᠢ ᠰᠡᠷᠬᠡᠢ᠌ᠯᠡᠬᠦ ᠤᠬᠠᠭᠤᠯᠭ᠎ᠠ ᠵᠢᠨ ᠵᠢᠷᠤᠭ
ᠨᠠᠰᠤᠵᠢᠯ᠎ᠤᠨ ᠪᠠᠢ᠌ᠭᠤᠯᠤᠮᠵᠢ ᠵᠢᠨ ᠴᠢᠳᠠᠪᠬᠢ ᠵᠢᠨ ᠲᠠᠢ᠌ᠯᠤᠮᠵᠢ ᠵᠢᠷᠤᠭ
ᠭᠠᠴᠠᠭ᠋ᠠᠨ᠎ᠤ ᠰᠤᠡᠭᠭᠤᠭᠤᠯᠢ ᠵᠢᠨ ᠲᠤᠬᠠᠢ ᠲᠠᠢ᠌ᠯᠤᠮᠵᠢ ᠵᠢᠷᠤᠭ
ᠤᠨᠴᠨ ᠬᠦᠴᠢᠷᠳᠡᠯᠳᠡᠢ ᠬᠦᠮᠦᠰ ᠲᠤᠰᠠᠯᠠᠮᠵᠢ ᠭᠤᠶᠤᠬᠤ ᠨᠦᠬᠦᠴᠡᠯ᠎ᠤᠨ ᠲᠤᠬᠠᠢ ᠲᠠᠢ᠌ᠯᠤᠮᠵᠢ ᠵᠢᠷᠤᠭ
ᠲᠠᠢ᠌ᠯᠤᠮᠵᠢ ᠵᠢᠷᠤᠭ᠄ ᠨᠠᠭ᠋ᠠᠳᠤ ᠵᠠᠬ᠎ᠠ ᠵᠢᠨ ᠠᠮᠢᠳᠤᠷᠠᠯ᠎ᠤᠨ ᠪᠠᠳᠤᠯᠠᠭ᠎ᠠ ᠬᠦᠷᠳᠡᠵᠤ ᠪᠤᠯᠬᠤ ᠦᠬᠡᠢ ᠪᠠᠢ᠌ᠳᠠᠯ
 
            