ᠨᠢᠭᠡ᠂ ᠲᠥᠷᠥ ᠵᠢᠨ ᠪᠣᠳᠣᠯᠭ᠎ᠠ ᠵᠢᠨ ᠦᠨᠳᠦᠰᠦᠯᠡᠯ
《ᠨᠡᠶ᠋ᠢᠭᠡᠮ᠎ᠤᠨ ᠲᠤᠰᠠᠯᠠᠮᠵᠢ ᠵᠢᠨ ᠲᠦᠷ ᠬᠡᠷᠡᠭᠵᠢᠭᠦᠯᠬᠦ ᠠᠷᠭ᠎ᠠ》 (ᠲᠥᠷᠥ ᠵᠢᠨ ᠶᠠᠪᠤᠳᠠᠯ᠎ᠤᠨ ᠬᠣᠷᠢᠶᠠᠨ᠎ᠤ ᠵᠠᠷᠯᠢᠭ 649 ᠳ᠋ᠤᠭᠡᠷ ᠲᠣᠭ᠋ᠠᠲᠤ)᠂ 《ᠨᠡᠶ᠋ᠢᠭᠡᠮ᠎ᠤᠨ ᠲᠤᠰᠠᠯᠠᠮᠵᠢ ᠵᠢᠨ ᠲᠦᠷᠢᠮ᠎ᠢ ᠥᠭᠡᠷᠡᠴᠢᠯᠡᠨ ᠲᠡᠭᠦᠯᠳᠡᠷᠵᠢᠭᠦᠯᠬᠦ ᠲᠤᠬᠠᠢ ᠬᠡᠷᠡᠭᠵᠢᠭᠦᠯᠬᠦ ᠠᠷᠭ᠎ᠠ》 ᠵᠢ ᠳᠠᠷᠤᠮᠠᠯᠯᠠᠨ ᠲᠠᠷᠬᠠᠭ᠋ᠠᠬᠤ ᠲᠤᠬᠠᠶ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠠᠯᠪᠠᠨ ᠲᠢᠩᠬᠢᠮ᠂ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ (ᠥᠪᠥᠷ ᠨᠠᠮ ᠠᠯᠪᠠᠨ ᠲᠠᠷᠬᠠᠭ᠋ᠠᠭᠰᠠᠨ [2021] 5 ᠳ᠋ᠤᠭ᠋ᠠᠷ ᠲᠣᠭ᠋ᠠᠲᠤ)᠂ 《ᠣᠨᠴᠠ ᠬᠦᠴᠢᠷᠳᠡᠯᠲᠡᠶ ᠬᠥᠮᠦᠰ᠎ᠢ ᠲᠤᠰᠠᠯᠠᠵᠤ ᠲᠡᠳᠭᠦᠬᠦ ᠲᠦᠷᠢᠮ᠎ᠢ ᠤᠯᠠᠮ ᠪᠦᠷᠢᠨᠰᠢᠭᠦᠯᠬᠦ ᠲᠤᠬᠠᠶ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠬᠡᠷᠡᠭᠵᠢᠭᠦᠯᠬᠦ ᠰᠠᠨᠠᠯ》 (ᠥᠪᠥᠷ ᠵᠠᠰᠠᠭ ᠲᠠᠷᠬᠠᠭ᠋ᠠᠭᠰᠠᠨ [2016] 106 ᠳ᠋ᠤᠭ᠋ᠠᠷ ᠲᠣᠭ᠋ᠠᠲᠤ)᠂ 《〈ᠣᠨᠴᠠ ᠬᠦᠴᠢᠷᠳᠡᠯᠲᠡᠶ ᠬᠥᠮᠦᠰ᠎ᠢ ᠨᠤᠳᠠᠯᠠᠨ ᠲᠤᠬᠳᠠᠭ᠋ᠠᠬᠤ ᠠᠷᠭ᠎ᠠ〉 ᠵᠢ ᠳᠠᠷᠤᠮᠠᠯᠯᠠᠨ ᠲᠠᠷᠬᠠᠭ᠋ᠠᠬᠤ ᠲᠤᠬᠠᠶ ᠠᠷᠠᠳ᠎ᠤᠨ ᠶᠠᠪᠤᠳᠠᠯ᠎ᠤᠨ ᠶᠠᠮᠤᠨ᠎ᠤ ᠮᠡᠳᠡᠭᠳᠡᠯ》 (ᠠᠷᠠᠳ ᠲᠠᠷᠬᠠᠭ᠋ᠠᠭᠰᠠᠨ [2021] 43 ᠳ᠋ᠤᠭ᠋ᠠᠷ ᠲᠣᠭ᠋ᠠᠲᠤ)᠃
ᠬᠣᠶᠠᠷ᠂ ᠨᠤᠲᠠᠯᠠᠨ ᠲᠣᠭᠲᠠᠭ᠋ᠠᠬᠤ ᠨᠥᠬᠥᠴᠡᠯ
(ᠨᠢᠭᠡ) ᠪᠠᠲᠤᠯᠠᠭ᠎ᠠ ᠵᠢᠨ ᠬᠡᠪᠴᠢᠶ᠎ᠡ
ᠲᠠᠷᠠᠭ᠋ᠠᠬᠢ ᠨᠥᠬᠥᠴᠡᠯ᠎ᠢ ᠵᠡᠷᠬᠡ᠎ᠪᠠᠷ ᠪᠦᠷᠢᠯᠳᠦᠭᠦᠯᠦᠭᠰᠡᠨ ᠨᠠᠰᠤᠲᠠᠶ᠋ᠢᠴᠤᠳ᠂ ᠵᠡᠮᠳᠡᠭᠴᠦᠳ ᠪᠠ ᠨᠠᠰᠤᠨ᠎ᠳᠤ ᠥᠯᠥ ᠭᠦᠷᠦᠭᠰᠡᠳ᠎ᠢ ᠣᠨᠴᠠ ᠬᠦᠴᠢᠷᠳᠡᠯᠲᠡᠶ ᠬᠥᠮᠦᠰ᠎ᠢ ᠲᠡᠩᠬᠡᠷᠡᠭᠦᠯᠦᠨ ᠲᠤᠰᠠᠯᠠᠵᠤ ᠠᠰᠠᠷᠠᠨ ᠲᠡᠵᠢᠭᠡᠬᠦ ᠬᠦᠷᠢᠶ᠎ᠡ ᠬᠡᠪᠴᠢᠶᠡᠨ᠎ᠳᠤ ᠬᠠᠤᠯᠢ ᠶᠣᠰᠣᠭ᠋ᠠᠷ ᠣᠷᠣᠭᠤᠯᠬᠤ ᠬᠡᠷᠡᠭᠲᠡᠶ᠄
1᠂ ᠬᠥᠳᠡᠯᠮᠦᠷᠢᠯᠡᠬᠦ ᠴᠢᠳᠠᠪᠤᠷᠢ ᠤᠢ᠍ᠭᠡᠢ;
2᠂ ᠠᠮᠢᠳᠤᠷᠠᠯ᠎ᠤᠨ ᠢᠷᠡᠯᠳᠡ ᠦᠭᠡᠢ;
3᠂ ᠬᠠᠤᠯᠢ᠎ᠪᠠᠷ ᠲᠣᠭᠲᠠᠭ᠋ᠠᠭᠰᠠᠨ ᠠᠴᠢᠯᠠᠨ ᠲᠡᠵᠢᠭᠡᠬᠦ᠂ ᠠᠰᠠᠷᠠᠨ ᠲᠡᠵᠢᠭᠡᠬᠦ᠂ ᠲᠡᠳᠬᠦᠨ ᠲᠡᠵᠢᠭᠡᠬᠦ ᠡᠭᠦᠷᠭᠡᠲᠦ ᠬᠥᠮᠦᠨ ᠪᠤᠶᠤ ᠬᠠᠤᠯᠢ᠎ᠪᠠᠷ ᠲᠣᠭᠲᠠᠭ᠋ᠠᠭᠰᠠᠨ ᠡᠭᠦᠷᠭᠡᠲᠦ ᠬᠥᠮᠦᠨ᠎ᠨᠢ ᠡᠭᠦᠷᠭᠡ᠎ᠪᠠᠨ ᠭᠦᠢ᠍ᠴᠡᠳᠬᠡᠬᠦ ᠴᠢᠳᠠᠪᠤᠷᠢ ᠦᠭᠡᠢ᠃
(ᠬᠣᠶᠠᠷ) ᠬᠥᠳᠡᠯᠮᠦᠷᠢᠯᠡᠬᠦ ᠴᠢᠳᠠᠪᠤᠷᠢ ᠦᠭᠡᠢ ᠪᠠᠶ᠋ᠢᠳᠠᠯ᠎ᠢ ᠮᠠᠭ᠋ᠠᠳᠯᠠᠨ ᠲᠣᠭᠲᠠᠭ᠋ᠠᠬᠤ
1᠂ ᠪᠦᠬᠦᠯᠢ 60 ᠨᠠᠰᠤᠨ᠎ᠠᠴᠠ ᠳᠡᠭᠡᠭᠰᠢᠬᠢ ᠨᠠᠰᠤᠲᠠᠶ᠋ᠢᠴᠤᠳ᠃
2᠂ ᠪᠦᠬᠦᠯᠢ 16 ᠨᠠᠰᠤ ᠬᠦᠷᠦᠭᠡᠳᠦᠢ ᠨᠠᠰᠤᠨ᠎ᠳᠤ ᠦᠯᠦ ᠬᠦᠷᠦᠭᠰᠡᠳ᠃
3᠂ ᠵᠡᠮᠳᠡᠭ᠎ᠤᠨ ᠲᠡᠰ᠎ᠨᠢ ᠨᠢᠭᠡᠳᠦᠭᠡᠷ᠂ ᠬᠣᠶᠠᠳᠤᠭ᠋ᠠᠷ᠂ ᠭᠤᠷᠪᠠᠳᠤᠭ᠋ᠠᠷ ᠳᠡᠰ᠎ᠤᠨ ᠤᠢ ᠪᠢᠯᠢᠭ᠂ ᠤᠶᠤᠨ ᠮᠡᠳᠡᠷᠡᠯ᠎ᠨᠢ ᠵᠡᠮᠳᠡᠭᠴᠤᠳ᠂ ᠵᠡᠮᠳᠡᠭ᠎ᠤᠨ ᠲᠡᠰ᠎ᠨᠢ ᠨᠢᠭᠡᠳᠦᠭᠡᠷ᠂ ᠬᠣᠶᠠᠳᠤᠭ᠋ᠠᠷ ᠳᠡᠰ᠎ᠤᠨ ᠮᠥᠴᠢ ᠵᠡᠮᠳᠡᠭᠴᠤᠤᠯ᠂ ᠵᠡᠮᠳᠡᠭ᠎ᠤᠨ ᠲᠡᠰ᠎ᠨᠢ ᠨᠢᠭᠡᠳᠦᠭᠡᠷ ᠳᠡᠰ᠎ᠤᠨ ᠬᠠᠷᠠᠭ᠎ᠠ ᠵᠡᠮᠳᠡᠭᠴᠤᠳ᠃
4᠂ ᠡᠯ᠎ᠡ ᠭᠠᠵᠠᠷ᠎ᠤᠨ ᠠᠷᠠᠳ᠎ᠤᠨ ᠵᠠᠰᠠᠭ᠎ᠤᠨ ᠣᠷᠳᠣᠨ᠎ᠤ ᠲᠣᠭᠲᠠᠭ᠋ᠠᠭᠰᠠᠨ ᠪᠤᠰᠤᠳ ᠪᠠᠶ᠋ᠢᠳᠠᠯ᠃
(ᠭᠤᠷᠪᠠ) ᠠᠮᠢᠳᠤᠷᠠᠯ᠎ᠤᠨ ᠢᠷᠡᠯᠳᠡ ᠦᠭᠡᠢ ᠵᠢ ᠮᠠᠭ᠋ᠠᠳᠯᠠᠨ ᠲᠣᠭᠲᠠᠭ᠋ᠠᠬᠤ
ᠣᠷᠣᠯᠭ᠎ᠠ᠎ᠨᠢ ᠲᠤᠬᠠᠶ ᠵᠢᠨ ᠭᠠᠵᠠᠷ᠎ᠤᠨ ᠨᠠᠭ᠋ᠠᠳᠤ ᠵᠠᠬ᠎ᠠ ᠵᠢᠨ ᠠᠮᠢᠳᠤᠷᠠᠯ᠎ᠤᠨ ᠪᠠᠲᠤᠯᠠᠭ᠎ᠠ ᠵᠢᠨ ᠪᠠᠷᠢᠮᠵᠢᠶ᠎ᠠ᠎ᠠᠴᠠ ᠳᠣᠤᠷ᠎ᠠ ᠮᠥᠷᠲᠡᠭᠡᠨ ᠡᠳ᠋ ᠬᠥᠷᠥᠩᠭᠡ᠎ᠨᠢ ᠡᠯ᠎ᠡ ᠭᠠᠵᠠᠷ᠎ᠤᠨ ᠣᠨᠴᠠ ᠬᠦᠴᠢᠷᠳᠡᠯᠲᠡᠶ ᠬᠥᠮᠦᠰ᠎ᠤᠨ ᠡᠳ᠋ ᠬᠥᠷᠥᠩᠭᠡ ᠵᠢᠨ ᠪᠠᠶ᠋ᠢᠳᠠᠯ᠎ᠤᠨ ᠲᠣᠭᠲᠠᠭ᠋ᠠᠯ᠎ᠳᠤ ᠨᠡᠶ᠋ᠢᠴᠡᠭᠰᠡᠨ ᠪᠠᠶ᠋ᠢᠪᠠᠯ᠂ ᠲᠣᠰ ᠠᠷᠭ᠎ᠠ᠎ᠳᠤ ᠬᠡᠯᠡᠵᠦ ᠪᠠᠶ᠋ᠢᠭ᠎ᠠ ᠠᠮᠢᠳᠤᠷᠠᠯ᠎ᠤᠨ ᠢᠷᠡᠯᠲᠡ ᠥᠬᠡᠶ᠎ᠪᠠᠷ ᠮᠠᠭ᠋ᠠᠳᠯᠠᠨ ᠲᠣᠭᠲᠠᠭ᠋ᠠᠬᠤ ᠬᠡᠷᠡᠭᠲᠡᠶ᠃
ᠡᠮᠦᠨᠡᠬᠢ ᠪᠠᠳᠠᠭ᠎ᠲᠤ ᠬᠡᠯᠡᠵᠦ ᠪᠠᠶ᠋ᠢᠭ᠎ᠠ ᠣᠷᠣᠯᠭ᠎ᠠ᠎ᠳᠤ ᠴᠠᠯᠢᠩ᠎ᠤᠨ ᠴᠢᠨᠠᠷᠲᠠᠶ ᠣᠷᠣᠯᠭ᠎ᠠ᠂ ᠡᠵᠡᠩᠨᠡᠯᠲᠡ ᠵᠢᠨ ᠴᠡᠪᠡᠷ ᠣᠷᠣᠯᠭ᠎ᠠ᠂ ᠡᠳ᠋ ᠬᠦᠷᠦᠩᠭᠡ ᠵᠢᠨ ᠴᠡᠪᠡᠷ ᠣᠷᠣᠯᠭ᠎ᠠ᠂ ᠰᠢᠯᠵᠢᠭᠦᠯᠦᠭᠰᠡᠨ ᠴᠡᠪᠡᠷ ᠣᠷᠣᠯᠭ᠎ᠠ ᠵᠡᠷᠭᠡ ᠡᠯ᠎ᠡ ᠲᠤᠢ᠍ᠷᠦᠯ᠎ᠤᠨ ᠣᠷᠣᠯᠭ᠎ᠠ ᠪᠠᠭᠲᠠᠨ᠎ᠠ᠃ ᠲᠥᠪ ᠪᠠ ᠥᠪᠡᠷᠲᠡᠭᠡᠨ ᠵᠠᠰᠠᠬᠤ ᠣᠷᠣᠨ᠎ᠠᠴᠠ ᠲᠣᠭᠲᠠᠭ᠋ᠠᠭᠰᠠᠨ ᠬᠣᠲᠠ ᠬᠥᠳᠡᠭᠡ ᠵᠢᠨ ᠰᠠᠭᠤᠭ᠋ᠠᠯᠢ ᠠᠷᠠᠳ᠎ᠤᠨ ᠦᠨᠳᠦᠰᠦᠨ ᠨᠠᠰᠤᠵᠢᠯ᠎ᠤᠨ ᠳᠠᠭ᠋ᠠᠳᠬᠠᠯ᠎ᠤᠨ ᠰᠠᠭᠤᠷᠢ ᠨᠠᠰᠤᠵᠢᠯ᠎ᠤᠨ ᠮᠥᠩᠭᠥ᠂ ᠦᠨᠳᠦᠰᠦᠨ ᠡᠮᠴᠢᠯᠡᠭᠡ ᠵᠢᠨ ᠳᠠᠭ᠋ᠠᠳᠬᠠᠯ ᠵᠡᠷᠭᠡ ᠨᠡᠶ᠋ᠢᠭᠡᠮ᠎ᠤᠨ ᠳᠠᠭ᠋ᠠᠳᠬᠠᠯ ᠪᠠ ᠬᠠᠷᠠᠭ᠋ᠠᠯᠵᠠᠯ᠎ᠤᠨ ᠠᠰᠠᠷᠠᠮᠵᠢ ᠵᠢᠨ ᠮᠥᠩᠭᠥ ᠵᠢᠨ ᠥᠨᠳᠥᠷ ᠨᠠᠰᠤᠨ᠎ᠤ ᠨᠦᠬᠦᠪᠤᠷᠢ ᠵᠢ ᠡᠭᠦᠨ᠎ᠳᠤ ᠪᠤᠳᠤᠵᠤ ᠣᠷᠣᠭᠤᠯᠬᠤ ᠥᠬᠡᠶ᠃
(ᠲᠦᠷᠪᠡ) ᠬᠠᠤᠯᠢ᠎ᠪᠠᠷ ᠲᠣᠭᠲᠠᠭ᠋ᠠᠭᠰᠠᠨ ᠡᠭᠦᠷᠭᠡᠲᠦ ᠬᠥᠮᠦᠨ
ᠡᠭᠦᠷᠭᠡ᠎ᠪᠠᠨ ᠭᠦᠢ᠍ᠴᠡᠳᠬᠡᠬᠦ ᠴᠢᠳᠠᠪᠤᠷᠢ ᠦᠭᠡᠢ ᠪᠠᠶ᠋ᠢᠳᠠᠯ᠎ᠤᠨ ᠮᠠᠭ᠋ᠠᠳᠯᠠᠯᠲᠠ
1᠂ ᠣᠨᠴᠠ ᠬᠦᠴᠢᠷᠳᠡᠯᠲᠡᠶ ᠬᠥᠮᠦᠰ᠃
2᠂ ᠪᠦᠬᠦᠯᠢ 60 ᠨᠠᠰᠤᠨ᠎ᠠᠴᠠ ᠳᠡᠭᠡᠭᠰᠢᠬᠢ ᠨᠠᠭ᠋ᠠᠳᠤ ᠵᠠᠬ᠎ᠠ ᠵᠢᠨ ᠠᠮᠢᠳᠤᠷᠠᠯ᠎ᠤᠨ ᠪᠠᠲᠤᠯᠠᠭ᠎ᠠ ᠬᠦᠷᠳᠡᠭᠴᠢᠳ᠃
3᠂ ᠣᠷᠣᠯᠭ᠎ᠠ᠎ᠨᠢ ᠲᠤᠬᠠᠶ ᠵᠢᠨ ᠭᠠᠵᠠᠷ᠎ᠤᠨ ᠲᠦᠷᠦᠭᠦᠦ ᠵᠢᠯ᠎ᠤᠨ ᠬᠥᠮᠦᠨ ᠳᠤᠮᠳᠠᠴᠢ ᠵᠢᠨ ᠡᠵᠡᠮᠳᠡᠵᠦ ᠪᠣᠯᠬᠤ ᠣᠷᠣᠯᠭ᠎ᠠ᠎ᠠᠴᠠ ᠳᠣᠣᠷ᠎ᠠ ᠮᠥᠷᠲᠡᠭᠡᠨ ᠡᠳ᠋ ᠬᠦᠷᠦᠨᠭᠭᠡ᠎ᠨᠢ ᠲᠤᠬᠠᠶ ᠵᠢᠨ ᠭᠠᠵᠠᠷ᠎ᠤᠨ ᠣᠷᠣᠯᠭ᠎ᠠ ᠪᠠᠭ᠋ᠠᠲᠠᠶ ᠭᠡᠷ ᠪᠦᠯᠢ ᠵᠢᠨ ᠡᠳ᠋ ᠬᠦᠷᠦᠨᠭᠭᠡ ᠵᠢᠨ ᠪᠠᠶ᠋ᠢᠳᠠᠯ᠎ᠤᠨ ᠲᠤᠬᠠᠶ ᠲᠣᠭᠲᠠᠭ᠋ᠠᠯ᠎ᠳᠤ ᠨᠡᠶ᠋ᠢᠴᠡᠭᠰᠡᠨ ᠪᠦᠬᠦᠯᠢ 70 ᠨᠠᠰᠤᠨ᠎ᠠᠴᠠ ᠳᠡᠭᠡᠭᠰᠢᠬᠢ ᠨᠠᠰᠤᠲᠠᠶ᠋ᠢᠴᠤᠳ;
4᠂ ᠣᠷᠣᠯᠭ᠎ᠠ᠎ᠨᠢ ᠲᠤᠬᠠᠶ ᠵᠢᠨ ᠭᠠᠵᠠᠷ᠎ᠤᠨ ᠲᠦᠷᠦᠭᠦᠦ ᠵᠢᠯ᠎ᠤᠨ ᠬᠥᠮᠦᠨ ᠳᠤᠮᠳᠠᠴᠢ ᠵᠢᠨ ᠡᠵᠡᠮᠳᠡᠵᠦ ᠪᠣᠯᠬᠤ ᠣᠷᠣᠯᠭ᠎ᠠ᠎ᠠᠴᠠ ᠳᠣᠣᠷ᠎ᠠ ᠮᠥᠷᠲᠡᠭᠡᠨ ᠡᠳ᠋ ᠬᠦᠷᠦᠨᠭᠭᠡ᠎ᠨᠢ ᠲᠤᠬᠠᠶ ᠵᠢᠨ ᠭᠠᠵᠠᠷ᠎ᠤᠨ ᠣᠷᠣᠯᠭ᠎ᠠ ᠪᠠᠭ᠋ᠠᠲᠠᠶ ᠭᠡᠷ ᠪᠦᠯᠢ ᠵᠢᠨ ᠡᠳ᠋ ᠬᠦᠷᠦᠨᠭᠭᠡ ᠵᠢᠨ ᠪᠠᠶ᠋ᠢᠳᠠᠯ᠎ᠤᠨ ᠲᠤᠬᠠᠶ ᠲᠣᠭᠲᠠᠭ᠋ᠠᠯ᠎ᠳᠤ ᠨᠡᠶ᠋ᠢᠴᠡᠭᠰᠡᠨ ᠨᠤᠴᠢᠳᠠᠢ ᠵᠡᠮᠳᠡᠭ ᠪᠠ ᠵᠡᠮᠳᠡᠭ᠎ᠤᠨ ᠲᠡᠰ᠎ᠨᠢ ᠭᠤᠷᠪᠠᠳᠤᠭ᠋ᠠᠷ ᠳᠡᠰ᠎ᠤᠨ ᠤᠶᠤᠨ᠎ᠤ ᠮᠡᠳᠡᠷᠡᠯ᠎ᠤᠨ ᠡᠪᠡᠳᠴᠢᠨ᠎ᠲᠠᠢ ᠵᠡᠮᠳᠡᠭᠴᠤᠤᠯ᠃
5᠂ ᠢᠷᠭᠡᠨ᠎ᠤ ᠬᠡᠷᠡᠭ᠎ᠤᠨ ᠠᠵᠢᠯᠯᠠᠭ᠎ᠠ ᠵᠢᠨ ᠴᠢᠳᠠᠪᠤᠷᠢ ᠦᠭᠡᠢ᠂ ᠠᠯᠠᠭ᠎ᠠ ᠪᠣᠯᠤᠭᠰᠠᠨ ᠵᠶ᠋ᠠᠷ ᠵᠠᠷᠯᠠᠭᠳᠠᠭᠰᠠᠨ ᠪᠤᠶᠤ ᠭᠢᠨᠳᠠᠨ᠎ᠳᠤ ᠡᠷᠡᠭᠦᠦ ᠵᠢᠨ ᠰᠢᠢ᠍ᠳᠬᠡᠯ ᠭᠦᠢ᠍ᠴᠡᠳᠬᠡᠵᠦ ᠪᠠᠶ᠋ᠢᠭ᠎ᠠ ᠬᠥᠮᠦᠰ᠂ ᠲᠡᠷᠡ ᠮᠥᠷᠲᠡᠭᠡᠨ ᠡᠳ᠋ ᠬᠦᠷᠦᠨᠭᠭᠡ᠎ᠨᠢ ᠲᠤᠬᠠᠶ ᠵᠢᠨ ᠭᠠᠵᠠᠷ᠎ᠤᠨ ᠣᠷᠣᠯᠭ᠎ᠠ ᠪᠠᠭ᠋ᠠᠲᠠᠶ ᠭᠡᠷ ᠪᠦᠯᠢ ᠵᠢᠨ ᠡᠳ᠋ ᠬᠦᠷᠦᠨᠭᠭᠡ ᠵᠢᠨ ᠪᠠᠶ᠋ᠢᠳᠠᠯ᠎ᠤᠨ ᠲᠤᠬᠠᠶ ᠲᠣᠭᠲᠠᠭ᠋ᠠᠯ᠎ᠳᠤ ᠨᠡᠶ᠋ᠢᠴᠡᠭᠰᠡᠨ ᠪᠠᠶ᠋ᠢᠬᠤ᠃
6᠂ ᠡᠯ᠎ᠡ ᠭᠠᠵᠠᠷ᠎ᠤᠨ ᠠᠷᠠᠳ᠎ᠤᠨ ᠵᠠᠰᠠᠭ᠎ᠤᠨ ᠣᠷᠳᠣᠨ᠎ᠤ ᠲᠣᠭᠲᠠᠭ᠋ᠠᠭᠰᠠᠨ ᠪᠤᠰᠤᠳ ᠪᠠᠶ᠋ᠢᠳᠠᠯ᠃
ᠭᠤᠷᠪᠠ᠂ ᠬᠢᠨᠠᠨ ᠬᠠᠷᠭᠤᠭᠤᠯᠵᠤ ᠨᠤᠲᠠᠯᠠᠭᠤᠯᠬᠤ᠎ᠪᠠᠷ ᠭᠤᠶᠤᠴᠢᠯᠠᠬᠤ ᠵᠢᠷᠤᠮ
(ᠨᠢᠭᠡ) ᠭᠤᠶᠤᠴᠢᠯᠠᠬᠤ
ᠭᠤᠶᠤᠴᠢᠯᠠᠭᠴᠢ᠎ᠨᠢ ᠡᠷᠦᠬᠡ ᠠᠮᠠ ᠵᠢᠨ ᠲᠠᠩᠰᠠ ᠪᠠᠶ᠋ᠢᠭ᠎ᠠ ᠭᠠᠵᠠᠷ᠎ᠤᠨ ᠰᠤᠮᠤ ᠰᠢᠶᠠᠩ ᠪᠠᠯᠭ᠋ᠠᠰᠤ ᠵᠢᠨ ᠠᠷᠠᠳ᠎ᠤᠨ ᠵᠠᠰᠠᠭ᠎ᠤᠨ ᠣᠷᠳᠣᠨ (ᠵᠡᠭᠡᠯᠢ ᠭᠤᠳᠤᠮᠵᠢ ᠵᠢᠨ ᠬᠡᠷᠡᠭ ᠡᠷᠬᠢᠯᠡᠬᠦ ᠭᠠᠵᠠᠷ)᠎ᠳᠤ ᠪᠢᠴᠢᠭ᠎ᠤᠨ ᠭᠤᠶᠤᠴᠢᠯᠠᠯ ᠭᠠᠷᠭ᠋ᠠᠨ᠎ᠠ᠃ ᠦᠪᠡᠷ ᠵᠶ᠋ᠡᠨ ᠭᠤᠶᠤᠴᠢᠯᠠᠵᠤ ᠲᠡᠢ᠌ᠯᠬᠦ ᠦᠬᠡᠢ ᠪᠣᠯ ᠭᠠᠴᠠᠭ᠎ᠠ ᠲᠣᠰᠬᠣᠨ᠎ᠤ (ᠰᠠᠭᠤᠭ᠋ᠠᠯᠢ ᠠᠷᠠᠳ᠎ᠤᠨ ᠵᠦᠪᠯᠡᠯ) ᠠᠷᠠᠳ᠎ᠤᠨ ᠵᠥᠪᠯᠡᠯ ᠪᠤᠶᠤ ᠪᠤᠰᠤᠳ ᠬᠥᠮᠦᠨ᠎ᠳᠤ ᠨᠠᠶ᠋ᠢᠳᠠᠵᠤ ᠣᠷᠣᠯᠠᠨ ᠭᠤᠶᠤᠴᠢᠯᠠᠭᠤᠯᠵᠤ ᠪᠣᠯᠤᠨ᠎ᠠ᠃
(ᠬᠣᠶᠠᠷ) ᠠᠩᠬᠠᠨ᠎ᠤ ᠬᠢᠨᠠᠯᠲᠠ
ᠰᠤᠮᠤ ᠰᠢᠶᠠᠩ ᠪᠠᠯᠭ᠋ᠠᠰᠤ ᠵᠢᠨ ᠠᠷᠠᠳ᠎ᠤᠨ ᠵᠠᠰᠠᠭ᠎ᠤᠨ ᠣᠷᠳᠣᠨ (ᠵᠡᠭᠡᠯᠢ ᠭᠤᠳᠤᠮᠵᠢ ᠵᠢᠨ ᠬᠡᠷᠡᠭ ᠡᠷᠬᠢᠯᠡᠬᠦ ᠭᠠᠵᠠᠷ)᠎ᠨᠢ ᠭᠤᠶᠤᠴᠢᠯᠠᠯ᠎ᠢ ᠭᠥᠯᠢᠶᠡᠨ ᠠᠪᠤᠭᠰᠠᠨ᠎ᠤ ᠳᠠᠷᠠᠭ᠎ᠠ᠂ ᠡᠷᠦᠬᠡ᠎ᠳᠤ ᠬᠦᠷᠴᠦ ᠪᠠᠶ᠋ᠢᠴᠠᠭ᠋ᠠᠯᠲᠠ ᠬᠢᠬᠦ᠂ ᠮᠡᠳᠡᠭᠡ ᠵᠠᠩᠭᠢ ᠵᠢ ᠬᠠᠷᠭᠤᠭᠤᠯᠬᠤ ᠵᠡᠷᠭᠡ ᠠᠷᠭ᠎ᠠ᠎ᠪᠠᠷ ᠭᠤᠶᠤᠴᠢᠯᠠᠭᠴᠢ ᠵᠢᠨ ᠠᠵᠤ ᠠᠬᠤᠶ ᠵᠢᠨ ᠪᠠᠶ᠋ᠢᠳᠠᠯ᠂ ᠪᠣᠳᠠᠲᠠᠶ ᠠᠮᠢᠳᠤᠷᠠᠯ᠎ᠤᠨ ᠪᠠᠶ᠋ᠢᠳᠠᠯ ᠪᠤᠯᠤᠨ ᠠᠴᠢᠯᠠᠨ ᠲᠡᠵᠢᠭᠡᠬᠦ᠂ ᠠᠰᠠᠷᠠᠨ ᠲᠡᠵᠢᠭᠡᠬᠦ᠂ ᠠᠰᠠᠷᠠᠨ ᠲᠡᠵᠢᠭᠡᠵᠦ ᠪᠠᠶ᠋ᠢᠭ᠎ᠠ ᠪᠠᠶ᠋ᠢᠳᠠᠯ ᠵᠡᠷᠭᠡ ᠵᠢ ᠪᠠᠶ᠋ᠢᠴᠠᠭ᠋ᠠᠨ ᠬᠠᠷᠭᠤᠭᠤᠯᠬᠤ ᠵᠢᠨ ᠬᠠᠮᠲᠤ ᠠᠩᠬ᠎ᠠ ᠬᠢᠨᠠᠭᠰᠠᠨ ᠰᠠᠨᠠᠯ ᠵᠶ᠋ᠠᠨ ᠳᠤᠷᠠᠳᠬᠤ ᠬᠡᠷᠡᠭᠲᠡᠶ᠃ ᠰᠤᠮᠤ ᠰᠢᠶᠠᠩ ᠪᠠᠯᠭ᠋ᠠᠰᠤ ᠵᠢᠨ ᠠᠷᠠᠳ᠎ᠤᠨ ᠵᠠᠰᠠᠭ᠎ᠤᠨ ᠣᠷᠳᠣᠨ (ᠵᠡᠭᠡᠯᠢ ᠭᠤᠳᠤᠮᠵᠢ ᠵᠢᠨ ᠬᠡᠷᠡᠭ ᠡᠷᠬᠢᠯᠡᠬᠦ ᠭᠠᠵᠠᠷ)᠎ᠨᠢ ᠠᠩᠬ᠎ᠠ ᠬᠢᠨᠠᠭᠰᠠᠨ ᠰᠠᠨᠠᠯ᠎ᠢ ᠭᠤᠶᠤᠴᠢᠯᠠᠭᠴᠢ ᠵᠢᠨ ᠪᠠᠶ᠋ᠢᠭ᠎ᠠ ᠲᠣᠰᠬᠣᠨ (ᠨᠡᠶ᠋ᠢᠭᠡᠮ ᠲᠣᠭᠣᠷᠢᠭ)᠎ᠳᠤ ᠴᠠᠭ ᠲᠤᠬᠠᠢᠳᠤᠨᠢ ᠢᠯᠡᠵᠢᠬᠦᠯᠬᠦ ᠬᠡᠷᠡᠭᠲᠡᠶ᠃
(ᠭᠤᠷᠪᠠ) ᠬᠢᠨᠠᠨ ᠬᠠᠷᠭᠤᠭᠤᠯᠵᠤ ᠨᠤᠲᠠᠯᠠᠬᠤ
ᠰᠢᠶᠠᠨ᠎ᠤ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠷᠠᠳ᠎ᠤᠨ ᠶᠠᠪᠤᠳᠠᠯ᠎ᠤᠨ ᠰᠠᠯᠠᠭ᠎ᠠ ᠮᠥᠴᠢᠷ ᠰᠤᠮᠤ ᠰᠢᠶᠠᠩ ᠪᠠᠯᠭ᠋ᠠᠰᠤ ᠵᠢᠨ ᠠᠷᠠᠳ᠎ᠤᠨ ᠵᠠᠰᠠᠭ᠎ᠤᠨ ᠣᠷᠳᠣᠨ (ᠵᠡᠭᠡᠯᠢ ᠭᠤᠳᠤᠮᠵᠢ ᠵᠢᠨ ᠬᠡᠷᠡᠭ ᠡᠷᠬᠢᠯᠡᠬᠦ ᠭᠠᠵᠠᠷ)᠎ᠤ ᠳᠡᠭᠡᠭᠰᠢ ᠮᠡᠳᠡᠭᠦᠯᠦᠭᠰᠡᠨ ᠭᠤᠶᠤᠴᠢᠯᠠᠯ᠎ᠤᠨ ᠮᠠᠲ᠋ᠧᠷᠢᠶᠠᠯ᠂ ᠪᠠᠶ᠋ᠢᠴᠠᠭ᠋ᠠᠯᠲᠠ ᠵᠢᠨ ᠮᠠᠲ᠋ᠧᠷᠢᠶᠠᠯ ᠪᠠ ᠠᠩᠬ᠎ᠠ ᠬᠢᠨᠠᠭᠰᠠᠨ ᠰᠠᠨᠠᠯ᠎ᠢ ᠪᠥᠬᠥ ᠲᠠᠯ᠎ᠠ᠎ᠪᠠᠷ ᠬᠢᠨᠠᠨ ᠬᠠᠷᠭᠤᠭᠤᠯᠵᠤ᠂ ᠬᠠᠷᠢᠴᠠᠯ ᠶᠣᠰᠣᠭ᠋ᠠᠷ ᠰᠤᠭᠤᠴᠢᠨ ᠪᠠᠶ᠋ᠢᠴᠠᠭ᠋ᠠᠵᠤ ᠬᠠᠷᠭᠤᠭᠤᠯᠤᠭᠰᠠᠨ᠎ᠤ ᠳᠠᠷᠠᠭ᠎ᠠ ᠨᠤᠲᠠᠯᠠᠬᠤ ᠰᠠᠨᠠᠯ ᠵᠶ᠋ᠠᠨ ᠴᠠᠭ ᠲᠤᠬᠠᠶ᠎ᠳᠤᠨᠢ ᠳᠤᠷᠠᠳᠬᠤ ᠬᠡᠷᠡᠭᠲᠡᠶ᠃