ᠨᠢᠭᠡ᠂ ᠲᠥᠷᠥ ᠵᠢᠨ ᠪᠣᠳᠣᠯᠭ᠎ᠠ ᠵᠢᠨ ᠦᠨᠳᠦᠰᠦᠯᠡᠯ
《ᠨᠡᠶ᠋ᠢᠭᠡᠮ᠎ᠤᠨ ᠲᠤᠰᠠᠯᠠᠮᠵᠢ ᠵᠢᠨ ᠲᠦᠷ ᠬᠡᠷᠡᠭᠵᠢᠭᠦᠯᠬᠦ ᠠᠷᠭ᠎ᠠ》 (ᠲᠥᠷᠥ ᠵᠢᠨ ᠶᠠᠪᠤᠳᠠᠯ᠎ᠤᠨ ᠬᠣᠷᠢᠶ᠎ᠠ ᠵᠢᠨ ᠵᠠᠷᠯᠢᠭ 649 ᠳ᠋ᠤᠬᠡᠷ ᠲᠣᠭ᠋ᠠᠲᠤ)᠂ 《ᠲᠦᠷ ᠴᠠᠭ᠎ᠤᠨ ᠲᠤᠰᠠᠯᠠᠮᠵᠢ ᠵᠢᠨ ᠲᠦᠷᠢᠮ᠎ᠢ ᠪᠥᠬᠥ ᠲᠠᠯ᠎ᠠ᠎ᠪᠠᠷ ᠪᠠᠶ᠋ᠢᠭᠤᠯᠬᠤ ᠲᠤᠬᠠᠶ ᠲᠥᠷᠥ ᠵᠢᠨ ᠶᠠᠪᠤᠳᠠᠯ᠎ᠤᠨ ᠬᠣᠷᠢᠶ᠎ᠠ ᠵᠢᠨ ᠮᠡᠳᠡᠭᠳᠡᠯ》 (ᠲᠥᠷᠥ ᠲᠠᠷᠬᠠᠭ᠋ᠠᠭᠰᠠᠨ [2014] 47 ᠳ᠋ᠤᠭ᠋ᠠᠷ ᠲᠣᠭ᠋ᠠᠲᠤ)᠂ 《ᠲᠦᠷ ᠴᠠᠭ᠎ᠤᠨ ᠲᠤᠰᠠᠯᠠᠮᠵᠢ ᠵᠢᠨ ᠲᠦᠷᠢᠮ᠎ᠢ ᠪᠦᠷᠢᠨᠰᠢᠬᠦᠯᠦᠨ ᠲᠡᠭᠦᠯᠳᠡᠷᠵᠢᠭᠦᠯᠬᠦ ᠲᠤᠬᠠᠶ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠮᠡᠳᠡᠭᠳᠡᠯ》 (ᠥᠪᠥᠷ ᠵᠠᠰᠠᠭ ᠲᠠᠷᠬᠠᠭ᠋ᠠᠭᠰᠠᠨ [2015] 47 ᠳ᠋ᠤᠭ᠋ᠠᠷ ᠲᠣᠭ᠋ᠠᠲᠤ)᠂ 《ᠲᠦᠷ ᠴᠠᠭ᠎ᠤᠨ ᠲᠤᠰᠠᠯᠠᠮᠵᠢ ᠵᠢᠨ ᠠᠵᠢᠯ᠎ᠢ ᠤᠯᠠᠮ ᠴᠢᠩᠭ᠋ᠠᠳᠬᠠᠨ ᠰᠠᠶ᠋ᠢᠵᠢᠷᠠᠭᠤᠯᠬᠤ ᠲᠤᠬᠠᠶ ᠠᠷᠠᠳ᠎ᠤᠨ ᠶᠠᠪᠤᠳᠠᠯ᠎ᠤᠨ ᠲᠢᠩᠬᠢᠮ ᠡᠳ᠋᠎ᠤᠨ ᠵᠠᠰᠠᠭ᠎ᠤᠨ ᠲᠢᠩᠬᠢᠮ᠎ᠤᠨ ᠬᠡᠷᠡᠭᠵᠢᠭᠦᠯᠬᠦ ᠰᠠᠨᠠᠯ》 (ᠥᠪᠥᠷ ᠠᠷᠠᠳ᠎ᠤᠨ ᠶᠠᠪᠤᠳᠠᠯ ᠲᠠᠷᠬᠠᠭ᠋ᠠᠭᠰᠠᠨ [2018] 69 ᠳ᠋ᠤᠬᠡᠷ ᠲᠣᠭ᠋ᠠᠲᠤ)᠃
ᠬᠣᠶᠠᠷ᠂ ᠲᠤᠰᠠᠯᠠᠮᠵᠢ ᠬᠦᠷᠳᠡᠭᠰᠡᠳ᠎ᠤᠨ ᠬᠦᠷᠢᠶ᠎ᠡ ᠬᠡᠪᠴᠢᠶ᠎ᠡ
ᠪᠠᠴᠢᠮ ᠬᠦᠴᠢᠷᠳᠡᠯᠳᠡᠢ ᠲᠤᠰᠠᠯᠠᠮᠵᠢ ᠬᠦᠰᠡᠭᠰᠡᠳ᠄ ᠭᠣᠤᠯᠳᠠᠭᠤ ᠭᠠᠯ᠎ᠤᠨ ᠠᠶᠤᠯ᠂ ᠵᠠᠮ ᠬᠠᠷᠢᠯᠴᠠᠭ᠋ᠠᠨ᠎ᠤ ᠡᠨᠳᠡᠯ ᠵᠡᠷᠭᠡ ᠰᠠᠨᠠᠭ᠋ᠠᠨ᠎ᠳᠤ ᠥᠬᠡᠶ ᠬᠡᠷᠡᠭ᠂ ᠬᠡᠷ ᠪᠦᠯᠢ ᠵᠢᠨ ᠪᠦᠷᠢᠯᠳᠦᠬᠦᠨ᠎ᠤ ᠭᠡᠨᠡᠳᠲᠡ ᠵᠢᠨ ᠬᠦᠨᠳᠦ ᠡᠪᠡᠳᠴᠢᠨ ᠪᠤᠯᠤᠨ ᠪᠤᠰᠤᠳ ᠬᠦᠴᠢᠷᠳᠡᠯ᠎ᠳᠤ ᠲᠤᠯᠭ᠋ᠠᠷᠠᠭᠰᠠᠨ ᠵᠡᠷᠭᠡ ᠰᠢᠯᠲᠠᠭ᠋ᠠᠨ᠎ᠠᠴᠠ ᠪᠣᠯᠵᠣ᠂ ᠦᠨᠳᠦᠰᠦᠨ ᠠᠮᠢᠳᠤᠷᠠᠯᠳᠤᠨᠢ ᠲᠦᠷ ᠴᠠᠭ ᠬᠦᠨᠳᠦ ᠨᠣᠴᠢᠲᠠᠶ ᠬᠦᠴᠢᠷᠳᠡᠯ ᠤᠴᠠᠷᠠᠭᠰᠠᠨ᠂ ᠳᠠᠷᠤᠶ᠋ᠢᠬᠠᠨ ᠠᠪᠤᠷᠠᠨ ᠲᠤᠰᠠᠯᠠᠬᠤ ᠠᠷᠭ᠎ᠠ ᠬᠡᠮᠵᠢᠶ᠎ᠡ ᠠᠪᠬᠤ ᠴᠢᠬᠤᠯᠠᠲᠠᠶ ᠬᠡᠷ ᠪᠦᠯᠢ ᠪᠠ ᠬᠤᠪᠢ ᠬᠥᠮᠦᠨ ᠪᠠᠭᠲᠠᠨ᠎ᠠ᠃
ᠵᠠᠷᠤᠯᠭ᠎ᠠ ᠵᠢᠨ ᠬᠡᠯᠪᠡᠷᠢ ᠵᠢᠨ ᠲᠡᠩᠬᠡᠷᠡᠭᠦᠯᠦᠨ ᠲᠤᠰᠠᠯᠠᠬᠤ ᠡᠲᠡᠭᠡᠳ᠄ ᠭᠣᠤᠯᠳᠠᠭᠤ ᠰᠤᠷᠭ᠋ᠠᠨ ᠬᠥᠮᠦᠵᠢᠯ᠂ ᠡᠮᠴᠢᠯᠡᠭᠡ ᠵᠡᠷᠭᠡ᠎ᠠᠴᠠ ᠪᠤᠯᠵᠤ ᠵᠠᠷᠤᠯᠭ᠎ᠠ᠎ᠨᠢ ᠭᠡᠨᠡᠳᠲᠡ ᠨᠡᠮᠡᠭᠳᠡᠬᠡᠳ ᠬᠡᠷ ᠪᠦᠯᠢ ᠵᠢᠨ ᠠᠵᠤ ᠠᠬᠤᠢ ᠵᠢᠨ ᠲᠠᠭ᠋ᠠᠭ᠋ᠠᠴᠠ᠎ᠠᠴᠠ ᠬᠡᠳᠤᠷᠡᠭᠰᠡᠨ᠂ ᠦᠨᠳᠦᠰᠦᠨ ᠠᠮᠢᠳᠤᠷᠠᠯ᠎ᠨᠢ ᠵᠣᠬᠢᠬᠤ ᠬᠤᠭᠤᠴᠠᠭ᠋ᠠᠨ᠎ᠳᠤ ᠨᠣᠴᠢᠲᠠᠶ ᠬᠦᠴᠢᠷᠳᠡᠯ᠎ᠳᠤ ᠲᠤᠯᠭ᠋ᠠᠷᠠᠬᠰᠠᠨ ᠬᠡᠷ ᠪᠦᠯᠢ ᠵᠢ ᠪᠠᠭᠲᠠᠭ᠋ᠠᠨ᠎ᠠ᠂ ᠵᠠᠷᠴᠢᠮ ᠳᠡᠭᠡᠷ᠎ᠡ᠎ᠪᠠᠨ ᠬᠡᠷ ᠪᠦᠯᠢ ᠵᠢᠨ ᠬᠥᠮᠦᠨ ᠳᠤᠮᠳᠠᠴᠢ ᠵᠢᠨ ᠡᠵᠡᠮᠳᠡᠵᠦ ᠪᠣᠯᠬᠤ ᠣᠷᠣᠯᠭ᠎ᠠ᠎ᠨᠢ ᠲᠤᠬᠠᠶ ᠵᠢᠨ ᠭᠠᠵᠠᠷ᠎ᠤᠨ ᠲᠦᠷᠦᠭᠦᠤ ᠵᠢᠯ᠎ᠤᠨ ᠬᠥᠮᠦᠨ ᠳᠤᠮᠳᠠᠴᠢ ᠵᠢᠨ ᠡᠵᠡᠮᠳᠡᠵᠦ ᠪᠣᠯᠬᠤ ᠣᠷᠣᠯᠭ᠎ᠠ᠎ᠠᠴᠠ ᠳᠣᠤᠷ᠎ᠠ ᠪᠠᠶ᠋ᠢᠬᠤ ᠬᠡᠷᠡᠭᠲᠡᠶ ᠮᠥᠷᠲᠡᠭᠡᠨ ᠬᠡᠷ ᠪᠦᠯᠢ ᠵᠢᠨ ᠡᠳ᠋ ᠬᠥᠷᠥᠩᠭᠡ ᠵᠢᠨ ᠪᠠᠶ᠋ᠢᠳᠠᠯ᠎ᠨᠢ ᠲᠤᠬᠠᠶ ᠵᠢᠨ ᠭᠠᠵᠠᠷ᠎ᠤᠨ ᠬᠣᠯᠪᠣᠭᠳᠠᠯ ᠪᠥᠬᠥᠶ ᠲᠣᠭᠲᠠᠭ᠋ᠠᠯ᠎ᠳᠤ ᠨᠡᠶ᠋ᠢᠴᠡᠭᠰᠡᠨ ᠪᠠᠶ᠋ᠢᠬᠤ ᠬᠡᠷᠡᠭᠲᠡᠶ᠃
ᠭᠤᠷᠪᠠ᠂ ᠭᠤᠶᠤᠴᠢᠯᠠᠬᠤ᠂ ᠶᠠᠪᠤᠴᠠ
1᠂ ᠡᠩ᠎ᠤᠨ ᠵᠢᠷᠤᠮ
ᠲᠤᠬᠠᠶ ᠵᠢᠨ ᠭᠠᠵᠠᠷ᠎ᠤᠨ ᠡᠷᠦᠬᠡ ᠠᠮᠠ ᠵᠢᠨ ᠲᠠᠩᠰᠠ᠎ᠲᠠᠢ ᠪᠤᠶᠤ ᠲᠤᠬᠠᠶ ᠵᠢᠨ ᠭᠠᠵᠠᠷ᠎ᠤᠨ ᠣᠷᠣᠰᠢᠨ ᠰᠠᠭᠤᠬᠤ ᠦᠨᠡᠮᠯᠡᠯ᠎ᠲᠠᠢ ᠪᠤᠯ ᠤᠷᠤᠰᠢᠨ ᠠᠮᠢᠳᠤᠷᠠᠵᠤ ᠪᠠᠶ᠋ᠢᠭ᠎ᠠ ᠭᠠᠵᠠᠷ᠎ᠤᠨ ᠰᠤᠮᠤ ᠰᠢᠶᠠᠩ ᠪᠠᠯᠭ᠋ᠠᠰᠤ (ᠵᠡᠭᠡᠯᠢ ᠭᠤᠳᠤᠮᠵᠢ ᠵᠢᠨ ᠬᠡᠷᠡᠭ ᠡᠷᠬᠢᠯᠡᠬᠦ ᠭᠠᠵᠠᠷ)᠎ᠳᠤ ᠭᠤᠶᠤᠴᠢᠯᠠᠯ ᠵᠶ᠋ᠠᠨ ᠲᠡᠪᠰᠢᠬᠦᠯᠵᠤ᠂ ᠲᠤᠬᠠᠢ ᠵᠢᠨ ᠭᠠᠵᠠᠷ᠎ᠤᠨ ᠪᠤᠰᠤ ᠨᠡᠭᠦᠳᠡᠯ ᠬᠦᠮᠦᠰ ᠪᠠᠴᠢᠮ ᠪᠡᠷᠬᠡ ᠪᠠᠢ᠌ᠳᠠᠯ ᠡᠬᠦᠰᠦᠭᠰᠡᠨ ᠭᠠᠵᠠᠷ᠎ᠤᠨ ᠵᠶ᠋ᠠᠨ ᠰᠤᠮᠤ ᠰᠢᠶᠠᠩ ᠪᠠᠯᠭ᠋ᠠᠰᠤ (ᠵᠡᠭᠡᠯᠢ ᠭᠤᠳᠤᠮᠵᠢ ᠵᠢᠨ ᠬᠡᠷᠡᠭ ᠡᠷᠬᠢᠯᠡᠬᠦ ᠭᠠᠵᠠᠷ)᠎ᠳᠤ ᠭᠤᠶᠤᠴᠢᠯᠠᠯ ᠵᠶ᠋ᠠᠨ ᠲᠡᠪᠰᠢᠬᠦᠯᠬᠦ ᠬᠡᠷᠡᠭᠲᠡᠶ᠃
ᠲᠤᠰᠢᠶᠠᠭᠰᠠᠨ ᠮᠠᠲᠸᠷᠢᠶᠠᠯ᠎ᠨᠢ ᠪᠦᠷᠢᠨ ᠭᠦᠢ᠍ᠴᠡᠳ ᠪᠠᠶ᠋ᠢᠪᠠᠯ᠂ ᠰᠤᠮᠤ ᠰᠢᠶᠠᠩ ᠪᠠᠯᠭ᠋ᠠᠰᠤ ᠵᠢᠨ ᠠᠷᠠᠳ᠎ᠤᠨ ᠵᠠᠰᠠᠭ᠎ᠤᠨ ᠣᠷᠳᠣᠨ (ᠵᠡᠭᠡᠯᠢ ᠭᠤᠳᠤᠮᠵᠢ ᠵᠢᠨ ᠬᠡᠷᠡᠭ ᠡᠷᠬᠢᠯᠡᠬᠦ ᠭᠠᠵᠠᠷ)᠎ᠨᠢ ᠬᠥᠯᠢᠶᠡᠨ ᠠᠪᠴᠤ ᠰᠢᠢ᠍ᠳᠪᠤᠷᠢᠯᠡᠬᠦ ᠵᠢᠨ ᠬᠠᠮᠲᠤ ᠭᠡᠷ ᠪᠦᠯᠢ ᠵᠢᠨ ᠠᠵᠤ ᠠᠬᠤᠶ ᠵᠢᠨ ᠪᠠᠶ᠋ᠢᠳᠠᠯ ᠤᠨ ᠪᠠᠶ᠋ᠢᠴᠠᠭ᠋ᠠᠯᠲᠠ ᠵᠢ ᠵᠣᠬᠢᠶᠠᠨ ᠪᠠᠶ᠋ᠢᠭᠤᠯᠤᠨ ᠥᠷᠨᠢᠭᠦᠯᠵᠦ᠂ ᠠᠩᠬ᠎ᠠ ᠬᠢᠨᠠᠭᠰᠠᠨ ᠰᠠᠨᠠᠯ ᠵᠶ᠋ᠠᠨ ᠳᠤᠷᠠᠳᠬᠤ ᠵᠢᠨ ᠬᠠᠮᠲᠤ ᠭᠤᠶᠤᠴᠢᠯᠠᠭᠴᠢ ᠵᠢᠨ ᠪᠠᠶ᠋ᠢᠭ᠎ᠠ ᠭᠠᠴᠠᠭ᠎ᠠ ᠲᠣᠰᠬᠣᠨ᠂ ᠰᠠᠭᠤᠭ᠋ᠠᠯᠢ ᠠᠷᠠᠳ᠎ᠤᠨ ᠵᠥᠪᠯᠡᠯ᠎ᠳᠤ ᠵᠠᠷ ᠨᠠᠭ᠋ᠠᠵᠤ ᠢᠯᠡᠵᠢᠬᠦᠯᠦᠬᠡᠳ ᠠᠷᠠᠳ᠎ᠤᠨ ᠶᠠᠪᠤᠳᠠᠯ᠎ᠤᠨ ᠰᠠᠯᠠᠭ᠎ᠠ ᠮᠥᠴᠢᠷ᠎ᠲᠤ ᠮᠡᠳᠡᠭᠦᠯᠵᠦ ᠬᠢᠨᠠᠨ ᠵᠥᠪᠰᠢᠶᠡᠷᠡᠭᠦᠯᠦᠨ᠎ᠡ᠃
2᠂ ᠪᠠᠴᠢᠮ ᠠᠯᠬᠤᠮ ᠲᠠᠷᠠᠭ᠎ᠠ
ᠪᠠᠶ᠋ᠢᠳᠠᠯ᠎ᠨᠢ ᠪᠠᠴᠢᠮ᠂ ᠳᠠᠷᠤᠶ᠋ᠢᠬᠠᠨ ᠠᠷᠭ᠎ᠠ ᠬᠡᠮᠵᠢᠶ᠎ᠡ ᠠᠪᠴᠤ ᠪᠠᠢ᠌ᠭ᠋ᠠᠳ ᠡᠷᠬᠢᠰᠢ ᠦᠬᠡᠢ ᠬᠤᠬᠢᠷᠠᠯ ᠡᠬᠦᠰᠬᠦ᠎ᠠᠴᠠ ᠰᠡᠷᠬᠡᠢ᠌ᠯᠡᠬᠦ ᠬᠡᠷᠡᠭᠳᠡᠢ ᠪᠤᠶᠤ ᠨᠤᠴᠢᠳᠠᠢ ᠦᠷ᠎ᠡ ᠳ᠋ᠦᠡᠭ ᠭᠠᠷᠤᠬᠰᠠᠨ ᠪᠠᠢ᠌ᠳᠠᠯ ᠲᠤᠤᠷ᠎ᠠ ᠰᠤᠮᠤ ᠰᠢᠶᠠᠩ ᠪᠠᠯᠭ᠋ᠠᠰᠤ ᠵᠢᠨ ᠠᠷᠠᠳ᠎ᠤᠨ ᠵᠠᠰᠠᠭ᠎ᠤᠨ ᠣᠷᠳᠣᠨ (ᠵᠡᠭᠡᠯᠢ ᠭᠤᠳᠤᠮᠵᠢ ᠵᠢᠨ ᠬᠡᠷᠡᠭ ᠡᠷᠬᠢᠯᠡᠬᠦ ᠭᠠᠵᠠᠷ)᠂ ᠬᠣᠰᠢᠭᠤ ᠰᠢᠶᠠᠨ᠎ᠤᠨ ᠱᠠᠲᠤᠨ᠎ᠤᠨ ᠠᠷᠠᠳ᠎ᠤᠨ ᠶᠠᠪᠤᠳᠠᠯ᠎ᠤᠨ ᠰᠠᠯᠠᠭ᠎ᠠ ᠮᠥᠴᠢᠷ ᠭᠤᠶᠤᠴᠢᠯᠠᠯ᠎ᠢ ᠰᠢᠭᠤᠳ ᠬᠥᠯᠢᠶᠡᠨ ᠠᠪᠴᠤ ᠰᠢᠢ᠍ᠳᠪᠤᠷᠢᠯᠡᠬᠦ᠂ ᠰᠢᠭᠤᠳ ᠬᠢᠨᠠᠨ ᠵᠥᠪᠰᠢᠶᠡᠷᠡᠬᠦ᠂ ᠴᠠᠭ ᠲᠤᠬᠠᠶ᠎ᠳᠤᠨᠢ ᠣᠯᠭᠣᠬᠤ ᠠᠷᠭ᠎ᠠ᠎ᠪᠠᠷ ᠤᠷᠢᠳ ᠵᠶ᠋ᠡᠷ ᠲᠡᠩᠬᠡᠷᠡᠭᠦᠯᠦᠨ ᠲᠤᠰᠠᠯᠠᠬᠤ ᠬᠡᠷᠡᠭᠲᠡᠶ᠃ ᠪᠠᠴᠢᠮ ᠪᠠᠶ᠋ᠢᠳᠠᠯ᠎ᠢ ᠲᠤᠭᠤᠯᠤᠬᠰᠠᠨᠤ ᠳᠠᠷᠠᠭ᠎ᠠ᠂ ᠬᠠᠮᠢᠶ᠎ᠠ ᠪᠥᠬᠥᠶ ᠭᠠᠷᠳᠠᠮ᠎ᠢ ᠲᠣᠭᠲᠠᠭ᠋ᠠᠯ ᠶᠣᠰᠣᠭ᠋ᠠᠷ ᠨᠥᠬᠥᠵᠦ ᠬᠦᠢ᠍ᠴᠡᠳᠬᠡᠨ᠎ᠡ᠃
ᠳᠥᠷᠪᠡ᠂ ᠲᠤᠰᠠᠯᠠᠮᠵᠢ ᠵᠢᠨ ᠪᠠᠷᠢᠮᠵᠢᠶ᠎ᠠ
ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠲᠦᠷ ᠴᠠᠭ᠎ᠤᠨ ᠲᠤᠰᠠᠯᠠᠮᠵᠢ ᠵᠢᠨ ᠪᠠᠷᠢᠮᠵᠢᠶ᠎ᠠ ᠵᠢ ᠵᠠᠷᠴᠢᠮ ᠳᠡᠭᠡᠷ᠎ᠡ᠎ᠪᠠᠨ ᠲᠤᠬᠠᠶ ᠵᠢᠨ ᠭᠠᠵᠠᠷ᠎ᠤᠨ ᠬᠣᠲᠠ ᠪᠠᠯᠭ᠋ᠠᠰᠤ ᠵᠢᠨ ᠠᠮᠢᠳᠤᠷᠠᠯ᠎ᠤᠨ ᠨᠠᠭ᠋ᠠᠳᠤ ᠵᠠᠬ᠎ᠠ ᠵᠢᠨ ᠪᠠᠲᠤᠯᠠᠭ᠎ᠠ ᠵᠢᠨ ᠪᠠᠷᠢᠮᠵᠢᠶ᠎ᠠ᠂ ᠬᠠᠮᠲᠤ ᠠᠮᠢᠳᠤᠷᠠᠵᠤ ᠪᠠᠶ᠋ᠢᠭ᠎ᠠ ᠬᠡᠷ ᠪᠦᠯᠢ ᠵᠢᠨ ᠪᠦᠷᠢᠯᠳᠦᠬᠦᠨ᠎ᠤ ᠬᠥᠮᠦᠨ᠎ᠤ ᠲᠣᠭ᠎ᠠ ᠪᠣᠯᠤᠨ ᠬᠦᠴᠢᠷᠳᠡᠯ᠎ᠤᠨ ᠦᠷᠭᠦᠯᠵᠢᠯᠡᠬᠦ ᠴᠠᠭ᠎ᠤᠨ ᠬᠢᠵᠠᠭ᠋ᠠᠷ ᠵᠡᠷᠬᠡ ᠭᠤᠷᠪᠠᠨ ᠬᠦᠴᠦᠨ ᠵᠦᠢ᠍ᠯ ᠵᠶ᠋ᠠᠷ ᠨᠢᠭᠡᠳᠦᠯᠲᠡᠶ ᠪᠤᠳᠤᠵᠤ ᠲᠣᠭᠲᠠᠭ᠋ᠠᠨ᠎ᠠ᠃ ᠣᠨᠴᠠᠭ᠋ᠠᠶ ᠬᠡᠷᠡᠭ᠂ ᠣᠨᠴᠠᠭ᠋ᠠᠶ ᠡᠲᠡᠭᠡᠳ᠎ᠢ ᠲᠤᠰᠠᠯᠠᠬᠤ᠎ᠳᠤ ᠨᠢᠭᠡ ᠬᠡᠷᠡᠭ᠎ᠢ ᠨᠢᠭᠡ ᠵᠥᠪᠯᠡᠬᠦ ᠠᠷᠭ᠎ᠠ᠎ᠪᠠᠷ ᠲᠤᠰᠠᠯᠠᠮᠵᠢ ᠵᠢᠨ ᠪᠠᠷᠢᠮᠵᠢᠶ᠎ᠠ ᠵᠢ ᠰᠤᠳᠤᠯᠤᠨ ᠲᠣᠭᠲᠠᠭ᠋ᠠᠨ᠎ᠠ᠃
ᠲᠤᠰᠠᠯᠠᠮᠵᠢ ᠵᠢᠨ ᠪᠣᠳᠠᠲᠠᠶ ᠪᠠᠷᠢᠮᠵᠢᠶ᠎ᠠ ᠵᠢ ᠡᠯ᠎ᠡ ᠠᠶ᠋ᠢᠮᠠᠭ ᠬᠤᠳᠠ᠂ ᠬᠣᠰᠢᠭᠤ ᠰᠢᠶᠠᠨ (ᠬᠤᠳᠠ᠂ ᠲᠣᠭᠣᠷᠢᠭ)᠎ᠤ ᠠᠷᠠᠳ᠎ᠤᠨ ᠵᠠᠰᠠᠭ᠎ᠤᠨ ᠣᠷᠳᠣᠨ ᠲᠣᠭᠲᠠᠭ᠋ᠠᠨ᠎ᠠ᠃