ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠢᠯᠡ ᠵᠠᠰᠠᠭ   -   ᠲᠥᠷᠥ᠎ᠶᠢᠨ ᠪᠣᠳᠣᠯᠭ᠎ᠠ᠎ᠶᠢᠨ ᠲᠠᠶ᠋ᠢᠯᠤᠮᠵᠢ
ᠮᠠᠨ᠎ᠤ ᠤᠷᠤᠨ᠎ᠤ ᠨᠡᠢ᠌ᠬᠡᠮ ᠲᠤᠭᠤᠷᠢᠭ᠎ᠤᠨ ᠲᠤᠰᠠᠯᠠᠬ᠍ᠴᠢ ᠵᠢᠨ ᠲᠤᠬᠠᠢ ᠲᠠᠢ᠌ᠯᠤᠮᠵᠢ᠄ ᠮᠠᠨ᠎ᠤ ᠣᠷᠣᠨ᠎ᠤ ᠭᠠᠴᠠᠭ᠎ᠠ ᠲᠣᠰᠬᠣᠨ ᠂ ᠨᠡᠶ᠋ᠢᠭᠡᠮ ᠲᠣᠭᠣᠷᠢᠭ᠎ᠲᠤ ᠨᠠᠭ᠋ᠠᠳᠤ ᠵᠠᠬ᠎ᠠ᠎ᠳᠤ᠎ᠪᠠᠨ ᠨᠢᠭᠡ ᠨᠡᠶ᠋ᠢᠭᠡᠮ᠎ᠤᠨ ᠲᠤᠰᠠᠯᠠᠮᠵᠢ ᠵᠢᠨ ᠲᠤᠰᠠᠯᠠᠭᠴᠢ ᠵᠢ ᠲᠤᠮᠢᠯᠠᠬᠤ᠎ᠪᠠᠷ ᠪᠠᠢ᠌ᠨ᠎ᠠ
ᠨᠡᠶᠢᠲᠡᠯᠡᠭᠰᠡᠨ ᠴᠠᠭ᠄ 2021-12-02

 
      
   ᠣᠶ᠋ᠢᠷ᠎ᠠ᠎ᠳᠤ᠂ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠂ ᠡᠳ᠋᠎ᠤᠨ ᠵᠠᠰᠠᠭ᠎ᠤᠨ ᠲᠢᠩᠬᠢᠮ ᠬᠠᠮᠲᠤᠷᠠᠨ 《ᠭᠠᠴᠠᠭ᠎ᠠ ᠲᠣᠰᠬᠣᠨ᠂ ᠨᠡᠶ᠋ᠢᠭᠡᠮ ᠲᠣᠭᠣᠷᠢᠭ᠎ᠤᠨ ᠨᠡᠶ᠋ᠢᠭᠡᠮ᠎ᠤᠨ ᠲᠤᠰᠠᠯᠠᠮᠵᠢ ᠵᠢᠨ ᠲᠤᠰᠠᠯᠠᠭᠴᠢ ᠵᠢᠨ ᠲᠦᠷᠢᠮ᠎ᠢ ᠪᠦᠷᠢᠨᠰᠢᠬᠦᠯᠦᠨ ᠲᠡᠭᠦᠯᠳᠡᠷᠵᠢᠭᠦᠯᠬᠦ ᠲᠤᠬᠠᠶ ᠮᠡᠳᠡᠭᠳᠡᠯ》᠎ᠢ ᠳᠠᠷᠤᠮᠠᠯᠯᠠᠨ ᠲᠠᠷᠬᠠᠭ᠋ᠠᠵᠤ᠂ ᠪᠥᠬᠥ ᠣᠷᠣᠨ᠎ᠤ ᠬᠡᠪᠴᠢᠶᠡᠨ᠎ᠳᠤ ᠭᠠᠴᠠᠭ᠎ᠠ ᠲᠣᠰᠬᠣᠨ᠂ ᠨᠡᠶ᠋ᠢᠭᠡᠮ ᠲᠣᠭᠣᠷᠢᠭ᠎ᠤᠨ ᠨᠡᠶ᠋ᠢᠭᠡᠮ᠎ᠤᠨ ᠲᠤᠰᠠᠯᠠᠮᠵᠢ ᠵᠢᠨ ᠲᠤᠰᠠᠯᠠᠭᠴᠢ ᠵᠢᠨ ᠲᠦᠷᠢᠮ᠎ᠢ ᠪᠥᠬᠥ ᠲᠠᠯ᠎ᠠ᠎ᠪᠠᠷ ᠪᠠᠶ᠋ᠢᠭᠤᠯᠤᠨ ᠪᠦᠷᠢᠨᠰᠢᠬᠦᠯᠵᠦ᠂ ᠭᠠᠴᠠᠭ᠎ᠠ ᠲᠣᠰᠬᠣᠨ᠂ ᠨᠡᠶ᠋ᠢᠭᠡᠮ ᠲᠣᠭᠣᠷᠢᠭ ᠨᠢᠬᠡ ᠪᠦᠷᠢ᠎ᠳᠤ ᠨᠠᠭ᠋ᠠᠳᠤ ᠵᠠᠬ᠎ᠠ᠎ᠳᠤ  ᠨᠢᠭᠡ ᠨᠡᠶ᠋ᠢᠭᠡᠮ᠎ᠤᠨ ᠲᠤᠰᠠᠯᠠᠮᠵᠢ ᠵᠢᠨ ᠲᠤᠰᠠᠯᠠᠭᠴᠢ ᠵᠢ ᠳᠣᠭᠢᠷᠠᠭᠤᠯᠤᠨ᠎ᠠ ᠭᠡᠵᠦ ᠲᠣᠳᠣᠷᠬᠠᠶ ᠲᠣᠭᠲᠠᠭ᠋ᠠᠪᠠ᠃
    《ᠮᠡᠳᠡᠭᠳᠡᠯ》᠎ᠳᠤ ᠭᠠᠴᠠᠭ᠎ᠠ ᠲᠣᠰᠬᠣᠨ᠂ ᠨᠡᠶ᠋ᠢᠭᠡᠮ ᠲᠣᠭᠣᠷᠢᠭ᠎ᠤᠨ ᠨᠡᠶ᠋ᠢᠭᠡᠮ᠎ᠤᠨ ᠲᠤᠰᠠᠯᠠᠮᠵᠢ ᠵᠢᠨ ᠲᠤᠰᠠᠯᠠᠭᠴᠢ ᠵᠢ ᠰᠣᠩᠭᠣᠨ ᠲᠣᠮᠢᠯᠠᠬᠤ ᠨᠥᠬᠥᠴᠡᠯ᠂ ᠰᠣᠩᠭᠣᠨ ᠲᠣᠮᠢᠯᠠᠬᠤ ᠲᠠᠰ ᠳᠠᠷᠠᠭ᠋ᠠᠯᠠᠯ ᠪᠠ ᠴᠠᠭ ᠬᠤᠭᠤᠴᠠᠭ᠎ᠠ᠂ ᠲᠤᠰᠠᠯᠠᠭᠴᠢ ᠵᠢᠨ ᠠᠵᠢᠯ᠎ᠤᠨ ᠡᠭᠦᠷᠭᠡ ᠬᠠᠷᠢᠭᠤᠴᠠᠯᠭ᠎ᠠ᠂ ᠬᠢᠨᠠᠨ ᠰᠢᠯᠭ᠋ᠠᠬᠤ ᠪᠠ ᠤᠷᠢᠬᠤ᠎ᠪᠠᠨ ᠪᠤᠯᠢᠬᠤ ᠵᠡᠷᠭᠡ ᠠᠭᠤᠯᠭ᠎ᠠ ᠵᠢ ᠲᠣᠭᠲᠠᠭ᠋ᠠᠵᠠᠶ᠃ ᠭᠠᠴᠠᠭ᠎ᠠ ᠲᠣᠰᠬᠣᠨ᠂ ᠨᠡᠶ᠋ᠢᠭᠡᠮ ᠲᠣᠭᠣᠷᠢᠭ᠎ᠤᠨ ᠨᠡᠶ᠋ᠢᠭᠡᠮ᠎ᠤᠨ  ᠲᠤᠰᠠᠯᠠᠮᠵᠢ ᠵᠢᠨ ᠲᠤᠰᠠᠯᠠᠭᠴᠢ ᠵᠢᠨ ᠨᠥᠬᠥᠪᠥᠷᠢ ᠵᠢᠨ ᠪᠠᠷᠢᠮᠵᠢᠶ᠎ᠠ ᠵᠢ ᠭᠣᠤᠯᠳᠠᠯᠭ᠎ᠠ᠎ᠲᠠᠢ ᠲᠣᠳᠣᠷᠬᠠᠶ᠋ᠢᠯᠠᠵᠤ᠂ ᠵᠢᠯ᠎ᠳᠤ ᠬᠥᠮᠦᠨ ᠳᠤᠮᠳᠠᠴᠢ᠎ᠪᠠᠷ 2400 ᠲᠥᠭᠥᠷᠢᠭ᠎ᠠᠴᠠ ᠳᠣᠤᠷ᠎ᠠ ᠥᠬᠡᠶ ᠪᠠᠷᠢᠮᠵᠢᠶ᠎ᠠ᠎ᠪᠠᠷ ᠠᠵᠢᠯ᠎ᠤᠨ ᠬᠡᠷᠡᠭᠴᠡᠭᠡ ᠵᠢ᠎ᠨᠢ ᠨᠥᠬᠥᠪᠥᠷᠢᠯᠡᠵᠦ᠂ ᠬᠡᠷᠡᠭᠰᠡᠬᠦ ᠵᠠᠷᠤᠳᠠᠯ᠎ᠢ ᠥᠪᠡᠷᠲᠡᠭᠡᠨ ᠵᠠᠰᠠᠬᠤ ᠣᠷᠣᠨ᠂ ᠠᠶ᠋ᠢᠮᠠᠭ ᠬᠣᠲᠠ᠂ ᠬᠣᠰᠢᠭᠤ ᠰᠢᠶᠠᠨ᠎ᠤ ᠡᠳ᠋᠎ᠤᠨ ᠵᠠᠰᠠᠭ᠎ᠠᠴᠠ ᠱᠠᠲᠤ ᠬᠤᠪᠢᠶᠠᠨ ᠡᠭᠦᠷᠭᠡᠯᠡᠨ᠎ᠡ᠃ 《ᠮᠡᠳᠡᠭᠳᠡᠯ》᠎ᠳᠤ ᠱᠠᠭ᠋ᠠᠷᠳᠠᠭᠰᠠᠨ᠎ᠨᠢ᠂ ᠡᠯ᠎ᠡ ᠠᠶ᠋ᠢᠮᠠᠭ ᠬᠣᠲᠠ ᠨᠠᠷᠢᠯᠢᠬ᠍ᠵᠢᠭᠤᠯᠤᠨ ᠨᠠᠶ᠋ᠢᠳᠠᠪᠤᠷᠢᠵᠢᠭᠤᠯᠬᠤ ᠰᠠᠨᠠᠯ ᠨᠡᠶ᠋ᠢᠲᠡᠯᠡᠵᠦ᠂ ᠨᠡᠶ᠋ᠢᠭᠡᠮ᠎ᠤᠨ ᠲᠤᠰᠠᠯᠠᠮᠵᠢ ᠵᠢᠨ ᠲᠤᠰᠠᠯᠠᠭᠴᠢ ᠵᠢᠨ ᠠᠵᠢᠯ᠎ᠤᠨ ᠡᠭᠦᠷᠭᠡ ᠬᠠᠷᠢᠭᠤᠴᠠᠯᠭ᠎ᠠ᠂ ᠰᠣᠩᠭᠣᠨ ᠲᠣᠮᠢᠯᠠᠬᠤ ᠨᠥᠬᠥᠴᠡᠯ ᠵᠡᠷᠭᠡ ᠠᠭᠤᠯᠭ᠎ᠠ ᠵᠢ ᠤᠯᠠᠮ ᠨᠠᠷᠢᠯᠢᠬ᠍ᠵᠢᠭᠤᠯᠵᠤ᠂ ᠬᠣᠰᠢᠭᠤ ᠰᠢᠶᠠᠨ (ᠬᠣᠲᠠ᠂ ᠲᠣᠭᠣᠷᠢᠭ) ᠨᠡᠶ᠋ᠢᠭᠡᠮ᠎ᠤᠨ ᠲᠤᠰᠠᠯᠠᠮᠵᠢ ᠵᠢᠨ ᠲᠤᠰᠠᠯᠠᠭᠴᠢ ᠵᠢᠨ ᠬᠠᠮᠢᠶᠠᠷᠤᠯᠲᠠ ᠵᠢᠨ ᠠᠷᠭ᠎ᠠ ᠵᠢ ᠲᠣᠭᠲᠠᠭ᠋ᠠᠵᠤ᠂ ᠨᠡᠶ᠋ᠢᠭᠡᠮ᠎ᠤᠨ  ᠲᠤᠰᠠᠯᠠᠮᠵᠢ ᠵᠢᠨ ᠲᠤᠰᠠᠯᠠᠭᠴᠢ ᠵᠢᠨ ᠲᠦᠷᠢᠮ᠎ᠤᠨ ᠨᠠᠶ᠋ᠢᠳᠠᠪᠤᠷᠢᠵᠢᠭᠤᠯᠤᠯᠲᠠ ᠵᠢ ᠴᠢᠩᠭ᠎ᠠ ᠠᠬᠢᠭᠤᠯᠬᠤ ᠬᠡᠷᠡᠭᠲᠡᠶ᠃ 2021 ᠣᠨ᠎ᠤ 12 ᠳ᠋ᠤᠭ᠋ᠠᠷ ᠰᠠᠷ᠎ᠠ ᠵᠢᠨ ᠰᠡᠭᠦᠯᠴᠢ᠎ᠠᠴᠠ ᠡᠮᠦᠨ᠎ᠡ ᠭᠠᠴᠠᠭ᠎ᠠ ᠲᠣᠰᠬᠣᠨ᠂ ᠨᠡᠶ᠋ᠢᠭᠡᠮ ᠲᠣᠭᠣᠷᠢᠭ᠎ᠤᠨ ᠨᠡᠶ᠋ᠢᠭᠡᠮ᠎ᠤᠨ ᠲᠤᠰᠠᠯᠠᠮᠵᠢ ᠵᠢᠨ ᠲᠤᠰᠠᠯᠠᠭᠴᠢ ᠵᠢ ᠰᠣᠩᠭᠣᠨ ᠲᠣᠮᠢᠯᠠᠬᠤ᠂ ᠪᠣᠯᠪᠠᠰᠤᠷᠠᠭᠤᠯᠬᠤ ᠵᠡᠷᠭᠡ ᠠᠵᠢᠯ᠎ᠢ ᠪᠡᠶᠡᠯᠡᠭᠦᠯᠬᠦ ᠵᠢ ᠪᠠᠲᠤᠯᠠᠬᠤ ᠬᠡᠷᠡᠭᠲᠡᠶ᠃ 2022 ᠣᠨ᠎ᠤ 1 ᠳ᠋ᠤᠬᠡᠷ ᠰᠠᠷ᠎ᠠ᠎ᠠᠴᠠ ᠡᠬᠢᠯᠡᠨ ᠪᠥᠬᠥ ᠣᠷᠣᠨ᠎ᠳᠤ ᠭᠠᠴᠠᠭ᠎ᠠ ᠲᠣᠰᠬᠣᠨ᠂ ᠨᠡᠶ᠋ᠢᠭᠡᠮ ᠲᠣᠭᠣᠷᠢᠭ᠎ᠤᠨ ᠨᠡᠶ᠋ᠢᠭᠡᠮ᠎ᠤᠨ ᠲᠤᠰᠠᠯᠠᠮᠵᠢ ᠵᠢᠨ ᠲᠤᠰᠠᠯᠠᠭᠴᠢ ᠵᠢᠨ ᠲᠦᠷᠢᠮ᠎ᠢ ᠪᠥᠬᠥ ᠲᠠᠯ᠎ᠠ᠎ᠪᠠᠷ ᠪᠠᠢ᠌ᠭᠤᠯᠤᠨ᠎ᠠ᠃
   ᠨᠡᠶ᠋ᠢᠭᠡᠮ᠎ᠤᠨ ᠲᠤᠰᠠᠯᠠᠮᠵᠢ ᠵᠢᠨ ᠦᠢ᠍ᠯᠡᠴᠢᠯᠡᠬᠡ ᠵᠢ ᠬᠦᠴᠢᠷᠳᠡᠯᠲᠡᠶ ᠣᠯᠠᠨ ᠲᠦᠮᠡᠨ᠎ᠳᠤ ᠰᠢᠭᠤᠳ ᠬᠠᠨᠳᠤᠭᠤᠯᠵᠤ᠂ ᠨᠡᠶ᠋ᠢᠭᠡᠮ᠎ᠤᠨ  ᠲᠤᠰᠠᠯᠠᠮᠵᠢ ᠵᠢᠨ ᠲᠤᠰᠠᠯᠠᠭᠴᠢ᠎ᠨᠢ ᠠᠷᠠᠳ᠎ᠤᠨ ᠶᠠᠪᠤᠳᠠᠯ᠎ᠤᠨ ᠰᠠᠯᠠᠭ᠎ᠠ ᠮᠥᠴᠢᠷ᠎ᠤᠨ ᠭᠠᠴᠠᠭ᠎ᠠ ᠲᠣᠰᠬᠣᠨ᠂ ᠨᠡᠶ᠋ᠢᠭᠡᠮ ᠲᠣᠭᠣᠷᠢᠭ᠎ᠲᠤ᠎ᠬᠢ  ᠦᠢ᠍ᠯᠡᠴᠢᠯᠡᠬᠡᠨ᠎ᠤ ᠪᠠᠲᠤᠯᠠᠭ᠎ᠠ ᠵᠢᠨ ᠴᠢᠳᠠᠪᠤᠷᠢ ᠵᠢ ᠳᠡᠭᠡᠭᠰᠢᠯᠡᠭᠦᠯᠬᠦ᠂ ᠨᠡᠶ᠋ᠢᠭᠡᠮ᠎ᠤᠨ ᠲᠤᠰᠠᠯᠠᠮᠵᠢ ᠵᠢᠨ ᠦᠢ᠍ᠯᠡᠴᠢᠯᠡᠬᠡᠨ᠎ᠤ ᠨᠠᠷᠢᠯᠢᠭ ᠣᠨᠣᠴᠠᠲᠠᠶ ᠴᠢᠨᠠᠷ ᠪᠠ ᠠᠷᠠᠳ᠎ᠤᠨ ᠠᠮᠢᠳᠤᠷᠠᠯ᠎ᠤᠨ ᠪᠠᠲᠤᠯᠠᠭ᠎ᠠ ᠵᠢᠨ ᠶᠠᠰᠤ ᠴᠢᠨᠠᠷ᠎ᠢ ᠳᠡᠭᠡᠭᠰᠢᠯᠡᠭᠦᠯᠬᠦ᠂ ᠦᠢ᠍ᠯᠡᠴᠢᠯᠡᠬᠡ ᠪᠠ ᠬᠠᠮᠢᠶᠠᠷᠤᠯᠲᠠ ᠵᠢ ᠪᠦᠳᠦᠮᠵᠢᠳᠡᠢ ᠵᠣᠯᠭ᠋ᠠᠭᠤᠯᠬᠤ ᠵᠢ ᠪᠡᠶᠡᠯᠡᠭᠦᠯᠬᠦ᠂ ᠡᠳ᠋᠎ᠤᠨ ᠵᠠᠰᠠᠭ᠎ᠤᠨ ᠪᠠᠯᠠ ᠮᠥᠩᠭᠥ ᠵᠢᠨ ᠬᠡᠷᠡᠭᠯᠡᠯᠲᠡ ᠵᠢᠨ ᠦᠷ᠎ᠡ ᠠᠰᠢᠭ᠎ᠢ ᠳᠡᠭᠡᠭᠰᠢᠯᠡᠭᠦᠯᠬᠦ ᠵᠡᠷᠭᠡ᠎ᠳᠤ ᠴᠢᠬᠤᠯᠠ ᠠᠴᠢ ᠬᠣᠯᠪᠣᠭᠳᠠᠯ᠎ᠲᠠᠢ ᠶᠤᠮ᠃

ᠢᠷᠡᠯᠲᠡ᠄ ᠦᠪᠤᠷ ᠮᠤᠡᠭᠭᠤᠯ᠎ᠤᠨ 《ᠨᠡᠢ᠌ᠬᠡᠮ 》 ᠰᠡᠳᠬᠦᠯ
          
ᠬᠠᠮᠢᠶ᠎ᠡ ᠪᠦᠬᠦᠢ ᠰᠣᠨᠢᠨ
ᠮᠠᠨ᠎ᠤ ᠤᠷᠤᠨ᠎ᠤ 《ᠲᠦᠮᠠᠨ ᠠᠵᠤ ᠠᠬᠤᠢ᠌ᠯᠠᠯ ᠵᠶ᠋ᠡᠷ ᠲᠦᠮᠡᠨ ᠲᠤᠰᠬᠤᠨ᠎ᠢ ᠬᠦᠭᠵᠢᠬᠦᠯᠤᠨ ᠮᠠᠨᠳᠤᠭᠤᠯᠬᠤ》 ᠲᠦᠷᠤ ᠵᠢᠨ ᠪᠤᠳᠤᠯᠭ᠎ᠠ ᠵᠢᠨ ᠲᠠᠢ᠌ᠯᠤᠮᠵᠢ
ᠮᠨᠨ᠎ᠤ ᠤᠷᠤᠨ᠎ᠤ ᠲᠦᠷᠤ ᠵᠢᠨ ᠪᠤᠳᠤᠯᠭ᠎ᠠ ᠵᠢᠨ ᠲᠤᠬᠠᠢ ᠲᠠᠢ᠌ᠯᠤᠮᠵᠢ᠄ 《ᠪᠦᠬᠦ ᠤᠷᠤᠨ᠎ᠤ ᠦᠨᠳᠤᠰᠤᠳᠡᠨ᠎ᠤ ᠦᠬᠡ ᠬᠡᠯᠨ᠎ᠪᠠᠷ ᠬᠢᠴᠢᠶᠡᠯᠯᠡᠵᠤ ᠪᠠᠢ᠌ᠭ᠎ᠠ ᠰᠤᠷᠭ᠋ᠠᠭᠤᠯᠢ᠎ᠳᠤ ᠭᠤᠷᠪᠠᠨ ᠬᠢᠴᠢᠶᠡᠯ ᠲᠦᠷᠤᠯ᠎ᠤᠨ ᠨᠢᠬᠡᠳᠤᠯᠳᠡᠢ ᠨᠠᠢ᠌ᠷᠠᠭᠤᠯᠤᠨ ᠵᠢᠭ᠋ᠠᠬᠤ ᠮᠠᠲᠸᠷᠢᠶᠠᠯ᠎ᠢ ᠬᠡᠷᠡᠭᠯᠡᠵᠤ ᠤᠯᠤᠰ᠎ᠤᠨ ᠨᠡᠢ᠌ᠳᠡᠮ ᠬᠡᠷᠡᠭᠯᠡᠬᠦ ᠦᠬᠡ ᠬᠡᠯᠨ ᠦᠰᠦᠭ ᠪᠢᠴᠢᠭ᠎ᠤᠨ ᠰᠤᠷᠭ᠋ᠠᠨ ᠬᠦᠮᠦᠵᠢᠯ᠎ᠤᠨ ᠵᠢᠭ᠋ᠠᠨ ᠰᠤᠷᠭ᠋ᠠᠬᠤ ᠠᠵᠢᠯ᠎ᠢ ᠪᠦᠬᠦ ᠲᠠᠯ᠎ᠠ᠎ᠪᠠᠷ ᠴᠢᠡᠭᠭ᠋ᠠᠳᠬᠠᠬᠤ ᠵᠢᠨ ᠬᠡᠷᠡᠭᠵᠢᠬᠦᠯᠬᠦ ᠲᠦᠰᠤᠯ》᠎ᠤᠨ ᠲᠤᠬᠠᠢ ᠰᠤᠷᠪᠤᠯᠵᠢᠯᠠᠭ᠎ᠠ ᠲᠠᠢ᠌ᠯᠤᠨ
ᠲᠠᠢ᠌ᠯᠤᠮᠵᠢ ᠵᠢᠷᠤᠭ᠄ ᠨᠠᠮ᠎ᠤᠨ ᠲᠦᠷᠤ ᠵᠢᠨ ᠪᠤᠳᠤᠯᠭ᠎ᠠ ᠵᠢ ᠰᠤᠷᠤᠯᠴᠠᠶ᠎ᠠ
ᠲᠠᠢ᠌ᠯᠤᠮᠵᠢ ᠵᠢᠷᠤᠭ᠄ ᠤᠷᠴᠢᠨ ᠲᠤᠭᠤᠷᠢᠨ ᠵᠶ᠋ᠠᠨ ᠬᠠᠮᠠᠭ᠋ᠠᠯᠠᠶ᠎ᠠ
ᠲᠠᠢ᠌ᠯᠤᠮᠵᠢ ᠵᠢᠷᠤᠭ᠄ ᠤᠷᠴᠢᠨ ᠲᠤᠭᠤᠷᠢᠨ᠎ᠢ ᠬᠠᠮᠠᠭ᠋ᠠᠯᠠᠬᠤ ᠪᠤᠯ ᠬᠦᠮᠦᠨ ᠪᠦᠬᠦᠨ᠎ᠤ ᠬᠠᠷᠢᠭᠤᠴᠠᠯᠭ᠎ᠠ
 
            