ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠢᠯᠡ ᠵᠠᠰᠠᠭ   -   ᠲᠥᠷᠥ᠎ᠶᠢᠨ ᠪᠣᠳᠣᠯᠭ᠎ᠠ᠎ᠶᠢᠨ ᠲᠠᠶ᠋ᠢᠯᠤᠮᠵᠢ
ᠮᠠᠨ᠎ᠤ ᠤᠷᠤᠨ᠎ᠤ 《ᠲᠦᠮᠠᠨ ᠠᠵᠤ ᠠᠬᠤᠢ᠌ᠯᠠᠯ ᠵᠶ᠋ᠡᠷ ᠲᠦᠮᠡᠨ ᠲᠤᠰᠬᠤᠨ᠎ᠢ ᠬᠦᠭᠵᠢᠬᠦᠯᠤᠨ ᠮᠠᠨᠳᠤᠭᠤᠯᠬᠤ》 ᠲᠦᠷᠤ ᠵᠢᠨ ᠪᠤᠳᠤᠯᠭ᠎ᠠ ᠵᠢᠨ ᠲᠠᠢ᠌ᠯᠤᠮᠵᠢ
ᠨᠡᠶᠢᠲᠡᠯᠡᠭᠰᠡᠨ ᠴᠠᠭ᠄ 2021-12-23


 
 
     ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠣᠶ᠋ᠢᠷ᠎ᠠ᠎ᠳᠤ᠂ ᠮᠠᠨ᠎ᠤ ᠣᠷᠣᠨ᠎ᠤ ᠡᠯ᠎ᠡ ᠭᠠᠵᠠᠷ᠎ᠤᠨ᠎ᠬᠢᠨ ᠠᠵᠤ ᠦᠢ᠍ᠯᠡᠰ ᠵᠶ᠋ᠠᠨ ᠬᠥᠭᠵᠢᠭᠦᠯᠦᠨ ᠮᠠᠨᠳᠤᠭᠤᠯᠬᠤ᠎ᠪᠠᠷ ᠰᠠᠭᠤᠷᠢ ᠪᠣᠯᠭ᠋ᠠᠵᠤ᠂ 《ᠲᠦᠮᠡᠨ ᠠᠵᠤ ᠠᠬᠤᠶ᠋ᠢᠯᠠᠯ ᠵᠶ᠋ᠠᠷ ᠲᠦᠮᠡᠨ ᠲᠣᠰᠬᠣᠨ᠎ᠢ  ᠬᠦᠭᠵᠢᠬᠦᠯᠤᠨ ᠮᠠᠨᠳᠤᠭᠤᠯᠬᠤ》 ᠠᠵᠢᠯᠯᠠᠭ᠎ᠠ ᠵᠢ ᠪᠦᠬᠦ ᠲᠠᠯ᠎ᠠ᠎ᠪᠠᠷ ᠡᠬᠢᠯᠡᠭᠦᠯᠬᠦ ᠵᠢᠨ ᠵᠣᠷᠢᠯᠭ᠎ᠠ᠎ᠨᠢ ᠬᠥᠳᠡᠭᠡ ᠲᠣᠰᠬᠣᠨ᠎ᠤ ᠠᠵᠤ ᠦᠢ᠍ᠯᠡᠰ᠂ ᠴᠢᠳᠠᠪᠤᠷᠢᠲᠠᠨ᠂ ᠰᠣᠶᠣᠯ᠂ ᠠᠮᠢ ᠠᠬᠤᠢ᠂ ᠵᠣᠬᠢᠶᠠᠨ ᠪᠠᠶ᠋ᠢᠭᠤᠯᠤᠯᠲᠠ ᠵᠢᠨ ᠬᠥᠭᠵᠢᠯ ᠮᠠᠨᠳᠤᠯ᠎ᠢ ᠪᠦᠬᠦ ᠲᠠᠯ᠎ᠠ᠎ᠪᠠᠷ ᠠᠬᠢᠭᠤᠯᠵᠤ᠂ ᠮᠠᠨ᠎ᠤ ᠣᠷᠣᠨ᠎ᠤ ᠮᠠᠯ ᠠᠵᠤ ᠠᠬᠤᠢ ᠲᠠᠷᠢᠶᠠᠯᠠᠩ᠎ᠤᠨ ᠴᠢᠨᠠᠷ ᠰᠠᠶ᠋ᠢᠲᠠᠢ ᠥᠨᠳᠥᠷ ᠦᠷ᠎ᠡ ᠠᠰᠢᠭ᠎ᠲᠠᠢ᠂ ᠰᠤᠮᠤ ᠰᠢᠶᠠᠩ ᠪᠠᠯᠭ᠋ᠠᠰᠤ᠂ ᠭᠠᠴᠠᠭ᠎ᠠ ᠲᠣᠰᠬᠣᠨ᠎ᠤ ᠣᠷᠣᠰᠢᠨ ᠰᠠᠭᠤᠬᠤ᠎ᠳᠤ ᠲᠣᠬᠢᠷᠠᠮᠵᠢᠲᠠᠢ᠂ ᠮᠠᠯᠴᠢᠨ ᠲᠠᠷᠢᠶᠠᠴᠢᠨ᠎ᠤ ᠪᠠᠶᠠᠨ ᠴᠢᠨᠡᠭᠡᠯᠢᠭ ᠪᠠᠶ᠋ᠢᠬᠤ ᠵᠢ ᠠᠬᠢᠭᠤᠯᠵᠤ᠂ 《ᠬᠥᠳᠡᠭᠡ ᠲᠣᠰᠬᠣᠨ᠎ᠤ ᠶᠡᠬᠡ ᠲᠠᠷᠢᠬᠢ + ᠠᠵᠤ ᠦᠢ᠍ᠯᠡᠰ᠎ᠤᠨ ᠭᠠᠵᠠᠷ᠎ᠤᠨ ᠵᠢᠷᠤᠭ + ᠢᠷᠡᠭᠡᠳᠦᠢ ᠵᠢᠨ ᠬᠥᠳᠡᠭᠡ ᠲᠣᠰᠬᠣᠨ》᠎ᠤ ᠬᠥᠭᠵᠢᠯᠲᠡ ᠵᠢᠨ ᠪᠠᠶ᠋ᠢᠷᠢᠰᠢᠯ᠎ᠢ ᠪᠠᠶ᠋ᠢᠭᠤᠯᠵᠤ᠂ ᠬᠥᠳᠡᠭᠡ ᠲᠣᠰᠬᠣᠨ᠎ᠤ ᠳᠠᠪᠠᠭᠤᠯᠢᠭ᠎ᠢ  ᠬᠠᠮᠳᠤ᠎ᠪᠠᠷ ᠴᠢᠨᠡᠭᠡᠯᠢᠭᠵᠢᠬᠦ ᠪᠦᠬᠦ ᠲᠠᠯ᠎ᠠ ᠵᠢᠨ ᠢᠯᠠᠯᠲᠠ ᠵᠢᠨ ᠬᠠᠨᠳᠤᠰᠢ ᠪᠣᠯᠭ᠋ᠠᠨ ᠬᠤᠪᠢᠷᠠᠭᠤᠯᠬᠤ ᠵᠢ ᠠᠬᠢᠭᠤᠯᠬᠤ ᠵᠢᠨ ᠲᠥᠯᠥᠭᠡ ᠶᠤᠮ᠃
     《ᠲᠦᠮᠡᠨ ᠠᠵᠤ ᠠᠬᠤᠶ᠋ᠢᠯᠠᠯ ᠵᠶ᠋ᠠᠷ ᠲᠦᠮᠡᠨ ᠲᠣᠰᠬᠣᠨ᠎ᠢ ᠬᠦᠭᠵᠢᠬᠦᠯᠤᠨ ᠮᠠᠨᠳᠤᠭᠤᠯᠬᠤ》 ᠠᠵᠢᠯᠯᠠᠭ᠎ᠠ᠎ᠨᠢ ᠲᠠᠷᠢᠶᠠᠯᠠᠩ ᠮᠠᠯ ᠠᠵᠤ ᠠᠬᠤᠶ ᠵᠢᠨ ᠬᠥᠭᠵᠢᠯᠲᠡ ᠵᠢᠨ ᠵᠠᠭᠪᠤᠷ ᠪᠠ ᠮᠠᠯᠵᠢᠬᠤ ᠲᠠᠷᠢᠶᠠᠯᠠᠬᠤ ᠣᠷᠣᠨ᠎ᠤ ᠵᠣᠬᠢᠶᠠᠨ ᠪᠠᠶ᠋ᠢᠭᠤᠯᠤᠯᠲᠠ ᠵᠢᠨ ᠵᠠᠭᠪᠤᠷ᠎ᠲᠤ ᠰᠢᠨ᠎ᠡ ᠬᠤᠪᠢᠷᠠᠯᠲᠠ ᠭᠠᠷᠭ᠋ᠠᠬᠤ ᠵᠢ ᠬᠥᠲᠥᠯᠦᠨ ᠵᠢᠯᠣᠭᠣᠳᠬᠤ᠂ ᠮᠠᠯᠵᠢᠬᠤ ᠲᠠᠷᠢᠶᠠᠯᠠᠬᠤ ᠣᠷᠣᠨ᠎ᠤ ᠰᠤᠯᠠ ᠪᠠᠶ᠋ᠢᠬᠤ ᠡᠬᠢ ᠪᠠᠶᠠᠯᠢᠭ᠎ᠢ ᠪᠦᠲᠦᠮᠵᠢᠲᠡᠶ ᠠᠰᠢᠭᠯᠠᠬᠤ᠂ ᠮᠠᠯᠵᠢᠬᠤ ᠲᠠᠷᠢᠶᠠᠯᠠᠬᠤ ᠣᠷᠣᠨ᠎ᠤ ᠵᠠᠰᠠᠯᠲᠠ ᠵᠢᠨ ᠪᠦᠲᠦᠴᠡ ᠵᠢᠨ ᠬᠤᠪᠢᠷᠠᠯᠲᠠ ᠵᠢ ᠠᠬᠢᠭᠤᠯᠬᠤ ᠵᠡᠷᠭᠡ ᠲᠠᠯ᠎ᠠ᠎ᠪᠠᠷ ᠴᠢᠬᠤᠯᠠ  ᠦᠢ᠍ᠯᠡᠳᠤᠯ ᠦᠵᠡᠭᠦᠯᠪᠡ᠃ ᠣᠳᠣᠬᠠᠨ ᠪᠣᠯᠲᠠᠯ᠎ᠠ᠂ ᠪᠥᠬᠥ ᠣᠷᠣᠨ᠎ᠤ 1255 ᠠᠵᠤ ᠠᠬᠤᠶ᠋ᠢᠯᠠᠯ 3139 ᠭᠠᠴᠠᠭ᠎ᠠ ᠲᠣᠰᠬᠣᠨ᠎ᠲᠠᠢ  ᠬᠤᠯᠪᠤᠭ᠎ᠠ ᠪᠠᠢ᠌ᠭᠤᠯᠵᠤ᠂ 3641 ᠲᠥᠷᠥᠯ ᠵᠦᠢ᠍ᠯ᠎ᠢ ᠪᠥᠲᠥᠭᠡᠨ ᠪᠠᠶ᠋ᠢᠭᠤᠯᠵᠤ᠂ ᠨᠡᠶ᠋ᠢᠲᠡ 47.36 ᠳ᠋ᠦᠩᠰᠢᠭᠤᠷ ᠲᠥᠭᠥᠷᠢᠭ᠎ᠤᠨ ᠪᠠᠯᠠ ᠣᠷᠣᠭᠤᠯᠵᠤ᠂ ᠣᠷᠣᠯᠭ᠎ᠠ ᠪᠠᠭ᠋ᠠᠲᠠᠶ 7.71 ᠲᠦᠮᠡᠨ ᠡᠷᠦᠬᠡ ᠵᠢᠨ 25 ᠲᠦᠮᠡ ᠰᠢᠬᠠᠮ ᠬᠥᠮᠦᠨ᠎ᠢ ᠳᠠᠶ᠋ᠢᠴᠢᠯᠠᠨ ᠲᠡᠳᠬᠦᠪᠡ᠃
    《ᠲᠦᠮᠡᠨ ᠠᠵᠤ ᠠᠬᠤᠶ᠋ᠢᠯᠠᠯ ᠵᠶ᠋ᠠᠷ ᠲᠦᠮᠡᠨ ᠲᠣᠰᠬᠣᠨ᠎ᠢ ᠮᠠᠨᠳᠤᠭᠤᠯᠬᠤ》 ᠠᠵᠢᠯᠯᠠᠭ᠎ᠠ ᠵᠢ ᠥᠷᠨᠢᠭᠦᠯᠬᠦ ᠪᠣᠯ ᠨᠠᠮ᠎ᠤᠨ ᠲᠥᠪ ᠬᠤᠷᠢᠶ᠎ᠠ᠎ᠠᠴᠠ ᠮᠠᠨ᠎ᠤ ᠤᠯᠤᠰ᠎ᠤᠨ ᠬᠥᠳᠡᠭᠡ ᠠᠵᠤ ᠠᠬᠤᠢ ᠬᠥᠳᠡᠭᠡ ᠲᠣᠰᠬᠣᠨ᠎ᠤ ᠬᠥᠭᠵᠢᠯᠲᠡ ᠵᠢᠨ ᠪᠣᠳᠠᠲᠤ ᠪᠠᠶ᠋ᠢᠳᠠᠯ᠎ᠳᠤ ᠰᠠᠭᠤᠷᠢᠯᠠᠵᠤ᠂ ᠠᠷᠠᠳ᠎ᠤᠨ ᠡᠵᠡᠩᠨᠡᠯᠲᠡ ᠵᠢᠨ ᠠᠵᠤ ᠠᠬᠤᠶ᠋ᠢᠯᠠᠯ᠎ᠤᠨ ᠣᠨᠴᠠᠯᠢᠭ᠎ᠲᠠᠢ ᠳᠠᠪᠠᠭᠤᠯᠢᠭ᠎ᠲᠤ ᠴᠢᠭᠯᠡᠭᠦᠯᠦᠨ ᠭᠠᠷᠭ᠋ᠠᠭᠰᠠᠨ ᠴᠢᠬᠤᠯᠠ ᠰᠢᠢ᠍ᠳᠪᠦᠷᠢᠲᠦ ᠪᠤᠳᠤᠯᠭ᠎ᠠ ᠪᠣᠯᠤᠨ᠎ᠠ᠂ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠪᠠᠶ᠋ᠢᠯᠳᠤᠬᠤ ᠪᠤᠳᠤᠯᠭ᠎ᠠ ᠵᠢᠨ ᠴᠢᠬᠤᠯᠠ ᠪᠦᠷᠢᠯᠳᠦᠬᠦᠨ ᠬᠡᠰᠡᠭ ᠪᠣᠯᠤᠨ᠎ᠠ᠃ 《ᠲᠦᠮᠡᠨ ᠠᠵᠤ ᠠᠬᠤᠶ᠋ᠢᠯᠠᠯ ᠵᠶ᠋ᠠᠷ ᠲᠦᠮᠡᠨ ᠲᠣᠰᠬᠣᠨ᠎ᠢ ᠬᠦᠭᠵᠢᠬᠦᠯᠤᠨ ᠮᠠᠨᠳᠤᠭᠤᠯᠬᠤ》 ᠠᠵᠢᠯᠯᠠᠭ᠎ᠠ᠎ᠨᠢ ᠦᠷᠭᠦᠯᠵᠢᠯᠡᠨ ᠶᠠᠳᠠᠭᠤ᠎ᠠᠴᠠ ᠠᠩᠭᠢᠵᠢᠷᠠᠭᠰᠠᠨ ᠡᠷᠦᠬᠡ ᠵᠢ ᠬᠠᠪᠰᠤᠷᠤᠨ ᠠᠮᠢᠳᠤᠷᠠᠯ᠎ᠤᠨ ᠨᠥᠬᠥᠴᠡᠯ᠎ᠢ᠎ᠨᠢ ᠰᠠᠶ᠋ᠢᠵᠢᠷᠠᠭᠤᠯᠵᠤ᠂ ᠦᠢ᠍ᠯᠡᠳᠪᠦᠷᠢᠯᠡᠯ᠎ᠤᠨ ᠠᠷᠭ᠎ᠠ ᠵᠢ᠎ᠨᠢ ᠰᠠᠶ᠋ᠢᠵᠢᠷᠠᠭᠤᠯᠵᠤ᠂ ᠲᠣᠭᠲᠠᠭᠤᠨ ᠵᠶ᠋ᠠᠷ ᠶᠠᠳᠠᠭᠤ᠎ᠠᠴᠠ ᠠᠩᠭᠢᠵᠢᠷᠠᠭᠤᠯᠤᠨ ᠪᠠᠶᠠᠵᠢᠭᠤᠯᠬᠤ ᠵᠢ ᠠᠯᠬᠤᠮ ᠠᠯᠬᠤᠮ ᠵᠶ᠋ᠡᠷ ᠪᠡᠶᠡᠯᠡᠬᠦᠯᠬᠦ ᠪᠤᠯᠤᠨ᠎ᠠ᠃ ᠭᠠᠴᠠᠭ᠎ᠠ ᠲᠣᠰᠬᠣᠨ᠎ᠤ 《ᠥᠪᠡᠰᠦᠪᠡᠨ ᠴᠢᠰᠤ ᠪᠦᠲᠦᠭᠡᠬᠦ》 ᠵᠢ ᠳᠠᠶ᠋ᠢᠴᠢᠯᠠᠨ᠂ ᠠᠵᠤ  ᠦᠢ᠍ᠯᠡᠰ᠎ᠤᠨ ᠬᠠᠮᠲᠤᠷᠠᠯᠴᠠᠭ᠋ᠠᠨ᠎ᠤ ᠵᠠᠭᠪᠤᠷ᠎ᠤᠨ ᠰᠢᠨ᠎ᠡ ᠵᠢ ᠡᠭᠦᠳᠴᠦ᠂ ᠡᠬᠢ ᠪᠠᠶᠠᠯᠢᠭ᠎ᠤᠨ ᠦᠨ᠎ᠡ ᠥᠷᠲᠡᠭ᠎ᠢ ᠭᠦᠨ ᠠᠭᠤᠳᠠᠯᠤᠨ᠂ ᠡᠬᠢ ᠪᠠᠶᠠᠯᠢᠭ᠎ᠤᠨ ᠲᠣᠬᠢᠷᠠᠭᠤᠯᠤᠯᠲᠠ ᠵᠢ ᠰᠢᠯᠢᠳᠡᠭᠵᠢᠭᠦᠯᠵᠦ᠂ ᠠᠵᠤ  ᠦᠢ᠍ᠯᠡᠰ᠎ᠤᠨ ᠬᠡᠯᠬᠢᠶ᠎ᠡ᠂ ᠠᠰᠢᠭ ᠲᠤᠰᠠ ᠵᠢᠨ ᠬᠡᠯᠬᠢᠶ᠎ᠡ ᠵᠢ ᠰᠠᠭ᠋ᠠᠳ ᠥᠬᠡᠶ ᠨᠡᠪᠲᠡᠷᠡᠭᠦᠯᠵᠦ᠂ ᠤᠨᠴᠠᠯᠢᠭᠳᠤ ᠠᠵᠤ  ᠦᠢ᠍ᠯᠡᠰ᠎ᠤᠨ ᠲᠥᠷᠥᠯ ᠵᠦᠢ᠍ᠯ᠎ᠢ ᠬᠥᠭᠵᠢᠭᠦᠯᠦᠨ᠂ ᠬᠥᠳᠡᠭᠡ ᠲᠣᠰᠬᠣᠨ᠎ᠤ ᠨᠢᠭᠡᠳᠦᠭᠡᠷ᠂ ᠬᠣᠶᠠᠳᠤᠭ᠋ᠠᠷ᠂ ᠭᠤᠷᠪᠠᠳᠤᠭ᠋ᠠᠷ ᠠᠵᠤ ᠦᠢ᠍ᠯᠡᠰ᠎ᠤᠨ ᠠᠭᠤᠰᠤᠯᠴᠠᠨ ᠬᠥᠭᠵᠢᠬᠦ ᠵᠢ ᠠᠬᠢᠭᠤᠯᠤᠨ᠎ᠠ᠃ ᠠᠵᠤ ᠠᠬᠤᠶ᠋ᠢᠯᠠᠯ ᠲᠣᠰᠬᠣᠨ ᠬᠣᠯᠪᠣᠭ᠋ᠠᠯᠠᠨ ᠪᠠᠶ᠋ᠢᠭᠤᠯᠬᠤ᠂ ᠠᠵᠢᠯ ᠣᠯᠭᠣᠯᠲᠠ᠎ᠪᠠᠷ ᠳᠠᠶ᠋ᠢᠴᠢᠯᠠᠬᠤ᠂ ᠬᠡᠷᠡᠭᠯᠡᠭᠡ᠎ᠪᠠᠷ ᠳᠠᠶ᠋ᠢᠴᠢᠯᠠᠬᠤ᠂ ᠨᠠᠷᠠᠲᠤ ᠲᠥᠷᠥᠯ ᠲᠡᠮᠳᠡᠭᠲᠦ᠎ᠪᠠᠷ ᠴᠢᠳᠠᠪᠤᠷᠢ ᠣᠯᠭᠣᠬᠤ ᠵᠡᠷᠭᠡ ᠠᠵᠢᠯᠯᠠᠭ᠎ᠠ ᠵᠢ ᠥᠷᠨᠢᠭᠦᠯᠵᠦ᠂ ᠠᠷᠠᠳ᠎ᠠᠴᠠ ᠡᠵᠡᠩᠨᠡᠭᠰᠡᠨ ᠠᠵᠤ ᠠᠬᠤᠶ᠋ᠢᠯᠠᠯ᠎ᠢ ᠵᠣᠬᠢᠶᠠᠨ ᠪᠠᠶ᠋ᠢᠭᠤᠯᠵᠤ ᠪᠠᠶ᠋ᠢᠭ᠋ᠠᠳ ᠣᠯᠠᠨ ᠨᠡᠶ᠋ᠢᠲᠡ ᠵᠢᠨ ᠡᠬᠢ ᠪᠠᠶᠠᠯᠢᠭ ᠪᠤᠯᠤᠨ ᠰᠠᠭᠤᠷᠢ ᠲᠦᠬᠦᠬᠡᠷᠤᠮᠵᠢ ᠵᠢᠨ ᠵᠠᠬ᠎ᠠ ᠳᠡᠯᠭᠡᠭᠦᠷᠴᠢᠯᠡᠨ ᠠᠵᠢᠯᠯᠠᠬᠤ ᠵᠢ ᠠᠬᠢᠭᠤᠯᠬᠤ᠂ ᠡᠯ᠎ᠡ ᠲᠥᠷᠥᠯ᠎ᠤᠨ ᠴᠢᠳᠠᠪᠤᠷᠢᠲᠠᠨ᠎ᠢ ᠲᠠᠲᠠᠵᠤ ᠨᠤᠲᠤᠭ᠎ᠲᠤ᠎ᠪᠠᠨ ᠪᠤᠴᠠᠵᠤ ᠠᠳᠠᠯ ᠦᠢ᠍ᠯᠡᠰ ᠪᠤᠰᠬᠠᠬᠤ᠂ ᠠᠵᠤ ᠦᠢ᠍ᠯᠡᠰᠵᠢᠭᠰᠡᠨ ᠬᠣᠯᠪᠣᠭ᠋ᠠᠲᠤ ᠴᠣᠭᠴᠠ ᠵᠢ ᠪᠣᠶ᠋ᠢᠵᠢᠭᠤᠯᠬᠤ ᠵᠡᠷᠭᠡ ᠲᠠᠯ᠎ᠠ᠎ᠪᠠᠷ ᠬᠦᠴᠤᠯᠡᠬᠦ ᠪᠤᠯᠤᠨ᠎ᠠ᠃



 


 

ᠢᠷᠡᠯᠲᠡ᠄ ᠦᠪᠤᠷ ᠮᠤᠡᠭᠭᠤᠯ᠎ᠤᠨ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠲᠢᠡᠭᠭᠢᠮ᠎ᠤᠨ ᠠᠯᠪᠠᠨ ᠰᠦᠯᠵᠢᠶ᠎ᠡ
          
ᠬᠠᠮᠢᠶ᠎ᠡ ᠪᠦᠬᠦᠢ ᠰᠣᠨᠢᠨ
ᠮᠨᠨ᠎ᠤ ᠤᠷᠤᠨ᠎ᠤ ᠲᠦᠷᠤ ᠵᠢᠨ ᠪᠤᠳᠤᠯᠭ᠎ᠠ ᠵᠢᠨ ᠲᠤᠬᠠᠢ ᠲᠠᠢ᠌ᠯᠤᠮᠵᠢ᠄ 《ᠪᠦᠬᠦ ᠤᠷᠤᠨ᠎ᠤ ᠦᠨᠳᠤᠰᠤᠳᠡᠨ᠎ᠤ ᠦᠬᠡ ᠬᠡᠯᠨ᠎ᠪᠠᠷ ᠬᠢᠴᠢᠶᠡᠯᠯᠡᠵᠤ ᠪᠠᠢ᠌ᠭ᠎ᠠ ᠰᠤᠷᠭ᠋ᠠᠭᠤᠯᠢ᠎ᠳᠤ ᠭᠤᠷᠪᠠᠨ ᠬᠢᠴᠢᠶᠡᠯ ᠲᠦᠷᠤᠯ᠎ᠤᠨ ᠨᠢᠬᠡᠳᠤᠯᠳᠡᠢ ᠨᠠᠢ᠌ᠷᠠᠭᠤᠯᠤᠨ ᠵᠢᠭ᠋ᠠᠬᠤ ᠮᠠᠲᠸᠷᠢᠶᠠᠯ᠎ᠢ ᠬᠡᠷᠡᠭᠯᠡᠵᠤ ᠤᠯᠤᠰ᠎ᠤᠨ ᠨᠡᠢ᠌ᠳᠡᠮ ᠬᠡᠷᠡᠭᠯᠡᠬᠦ ᠦᠬᠡ ᠬᠡᠯᠨ ᠦᠰᠦᠭ ᠪᠢᠴᠢᠭ᠎ᠤᠨ ᠰᠤᠷᠭ᠋ᠠᠨ ᠬᠦᠮᠦᠵᠢᠯ᠎ᠤᠨ ᠵᠢᠭ᠋ᠠᠨ ᠰᠤᠷᠭ᠋ᠠᠬᠤ ᠠᠵᠢᠯ᠎ᠢ ᠪᠦᠬᠦ ᠲᠠᠯ᠎ᠠ᠎ᠪᠠᠷ ᠴᠢᠡᠭᠭ᠋ᠠᠳᠬᠠᠬᠤ ᠵᠢᠨ ᠬᠡᠷᠡᠭᠵᠢᠬᠦᠯᠬᠦ ᠲᠦᠰᠤᠯ》᠎ᠤᠨ ᠲᠤᠬᠠᠢ ᠰᠤᠷᠪᠤᠯᠵᠢᠯᠠᠭ᠎ᠠ ᠲᠠᠢ᠌ᠯᠤᠨ
ᠲᠠᠢ᠌ᠯᠤᠮᠵᠢ ᠵᠢᠷᠤᠭ᠄ ᠨᠠᠮ᠎ᠤᠨ ᠲᠦᠷᠤ ᠵᠢᠨ ᠪᠤᠳᠤᠯᠭ᠎ᠠ ᠵᠢ ᠰᠤᠷᠤᠯᠴᠠᠶ᠎ᠠ
ᠲᠠᠢ᠌ᠯᠤᠮᠵᠢ ᠵᠢᠷᠤᠭ᠄ ᠤᠷᠴᠢᠨ ᠲᠤᠭᠤᠷᠢᠨ ᠵᠶ᠋ᠠᠨ ᠬᠠᠮᠠᠭ᠋ᠠᠯᠠᠶ᠎ᠠ
ᠲᠠᠢ᠌ᠯᠤᠮᠵᠢ ᠵᠢᠷᠤᠭ᠄ ᠤᠷᠴᠢᠨ ᠲᠤᠭᠤᠷᠢᠨ᠎ᠢ ᠬᠠᠮᠠᠭ᠋ᠠᠯᠠᠬᠤ ᠪᠤᠯ ᠬᠦᠮᠦᠨ ᠪᠦᠬᠦᠨ᠎ᠤ ᠬᠠᠷᠢᠭᠤᠴᠠᠯᠭ᠎ᠠ
ᠲᠡᠢ᠌ᠯᠤᠮᠵᠢ ᠵᠢᠷᠤᠭ᠄ ᠦᠨᠤᠳᠤᠷ ᠪᠤᠯ 《ᠲᠡᠯᠡᠬᠡᠢ ᠵᠢᠨ ᠬᠡᠤᠬᠡᠳ ᠪᠠᠭ᠋ᠠᠴᠤᠳ᠎ᠤᠨ ᠡᠳᠤᠷ》
 
            