ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠢᠯᠡ ᠵᠠᠰᠠᠭ   -   ᠲᠥᠷᠥ᠎ᠶᠢᠨ ᠪᠣᠳᠣᠯᠭ᠎ᠠ᠎ᠶᠢᠨ ᠲᠠᠶ᠋ᠢᠯᠤᠮᠵᠢ
ᠣᠯᠣᠰ᠎ᠤᠨ ᠨᠡᠢ᠌ᠳᠡᠮ ᠬᠡᠷᠡᠭᠯᠡᠬᠦ ᠦᠬᠡ ᠬᠡᠯᠨ ᠦᠰᠦᠭ ᠪᠢᠴᠢᠭ᠎ᠢ ᠰᠤᠷᠤᠯᠴᠠᠨ ᠬᠡᠷᠡᠭᠯᠡᠬᠦ ᠵᠢ ᠬᠠᠤᠯᠢ ᠶᠤᠰᠤᠭ᠋ᠠᠷ ᠠᠬᠢᠭᠤᠯᠬᠤ ᠵᠢ ᠪᠠᠷᠢᠮᠳᠠᠯᠠᠰᠤᠭ᠋ᠠᠢ
ᠨᠡᠶᠢᠲᠡᠯᠡᠭᠰᠡᠨ ᠴᠠᠭ᠄ 2021-03-01

  ᠣᠯᠣᠰ᠎ᠤᠨ ᠨᠡᠢ᠌ᠳᠡᠮ ᠬᠡᠷᠡᠭᠯᠡᠬᠦ ᠦᠬᠡ ᠬᠡᠯᠨ ᠦᠰᠦᠭ ᠪᠢᠴᠢᠭ᠎ᠢ ᠰᠤᠷᠤᠯᠴᠠᠨ ᠬᠡᠷᠡᠭᠯᠡᠬᠦ ᠵᠢ ᠬᠠᠤᠯᠢ ᠶᠤᠰᠤᠭ᠋ᠠᠷ ᠠᠬᠢᠭᠤᠯᠬᠤ ᠵᠢ ᠪᠠᠷᠢᠮᠳᠠᠯᠠᠰᠤᠭ᠋ᠠᠢ
              ᠰᠤᠷᠪᠤᠯᠵᠢᠯᠠᠬ᠍ᠴᠢ ᠪᠠᠢ ᠳ᠋ᠠᠨ
    ᠲᠦᠷᠤᠬᠦᠬᠡᠨ᠂ ᠦᠪᠡᠷᠳᠡᠬᠡᠨ ᠵᠠᠰᠠᠬᠤ ᠤᠷᠤᠨ᠎ᠤ ᠨᠠᠮ᠎ᠤᠨ ᠬᠤᠷᠢᠶ᠎ᠠ ᠵᠢᠨ ᠠᠯᠪᠠᠨᠨ ᠲᠢᠡᠭᠭᠢᠮ᠂ ᠵᠠᠰᠠᠭ᠎ᠤᠨ ᠤᠷᠳᠤᠨ᠎ᠤ ᠠᠯᠪᠠᠨ ᠲᠢᠡᠭᠭᠢᠮ 《ᠪᠦᠬᠦ ᠤᠷᠤᠨ᠎ᠤ ᠦᠨᠳᠤᠰᠤᠳᠡᠨ᠎ᠤ ᠦᠬᠡ ᠬᠡᠯᠨ᠎ᠪᠠᠷ ᠬᠢᠴᠢᠶᠡᠯᠯᠡᠵᠤ ᠪᠠᠢ᠌ᠭ᠎ᠠ ᠰᠤᠷᠭ᠋ᠠᠭᠤᠯᠢ᠎ᠳᠤ ᠭᠤᠷᠪᠠᠨ ᠬᠢᠴᠢᠶᠡᠯ ᠲᠦᠷᠤᠯ᠎ᠤᠨ ᠨᠢᠬᠡᠳᠤᠯᠳᠡᠢ ᠨᠠᠢ᠌ᠷᠠᠭᠤᠯᠤᠬᠰᠠᠨ ᠵᠢᠭ᠋ᠠᠬᠤ ᠮᠠᠲᠸᠷᠢᠶᠠᠯ᠎ᠢ ᠲᠡᠯᠬᠡᠷᠡᠬᠦᠯᠤᠨ ᠬᠡᠷᠡᠭᠯᠡᠵᠤ ᠤᠯᠤᠰ  ᠎ᠤᠨ ᠨᠡᠢ᠌ᠳᠡᠮ ᠬᠡᠷᠡᠭᠯᠡᠬᠦ ᠦᠬᠡ ᠬᠡᠯᠨ ᠦᠰᠦᠭ ᠪᠢᠴᠢᠭ᠎ᠤᠨ ᠰᠤᠷᠭ᠋ᠠᠨ ᠬᠦᠮᠦᠵᠢᠯ᠎ᠤᠨ ᠵᠢᠭ᠋ᠠᠨ ᠰᠤᠷᠭ᠋ᠠᠬᠤ ᠠᠵᠢᠯ᠎ᠢ ᠪᠦᠬᠦ ᠲᠠᠯ᠎ᠠ᠎ᠪᠠᠷ ᠴᠢᠡᠭᠭ᠋ᠠᠳᠬᠠᠬᠤ ᠵᠢᠨ ᠬᠡᠷᠡᠭᠵᠢᠬᠦᠯᠬᠦ ᠲᠦᠰᠤᠯ》᠎ᠢ ᠲᠠᠷᠤᠮᠠᠯᠯᠠᠨ ᠲᠠᠷᠬᠠᠭ᠋ᠠᠪᠠ᠃ 2 ᠳ᠋ᠤᠭ᠋ᠠᠷ ᠰᠠᠷ᠎ᠠ ᠵᠢᠨ 21᠎ᠤ ᠡᠳᠤᠷ᠂ ᠰᠤᠷᠪᠤᠯᠵᠢᠯᠠᠬ᠍ᠴᠢ ᠭᠤᠷᠪᠠᠨ ᠬᠢᠴᠢᠶᠡᠯ ᠲᠦᠷᠤᠯ᠎ᠤᠨ ᠨᠢᠬᠡᠳᠤᠯᠳᠡᠢ ᠨᠠᠢ᠌ᠷᠠᠭᠤᠯᠤᠬᠰᠠᠨ ᠵᠢᠭ᠋ᠠᠬᠤ ᠮᠠᠲᠸᠷᠢᠶᠠᠯ᠎ᠢ ᠲᠡᠯᠬᠡᠷᠡᠬᠦᠯᠤᠨ ᠬᠡᠷᠡᠭᠯᠡᠵᠤ ᠤᠯᠤᠰ  ᠎ᠤᠨ ᠨᠡᠢ᠌ᠳᠡᠮ ᠬᠡᠷᠡᠭᠯᠡᠬᠦ ᠦᠬᠡ ᠬᠡᠯᠨ ᠦᠰᠦᠭ ᠪᠢᠴᠢᠭ᠎ᠤᠨ ᠰᠤᠷᠭ᠋ᠠᠨ ᠬᠦᠮᠦᠵᠢᠯ᠎ᠤᠨ ᠵᠢᠭ᠋ᠠᠨ ᠰᠤᠷᠭ᠋ᠠᠬᠤ ᠠᠵᠢᠯ᠎ᠢ ᠪᠦᠬᠦ ᠲᠠᠯ᠎ᠠ᠎ᠪᠠᠷ ᠴᠢᠡᠭᠭ᠋ᠠᠳᠬᠠᠬᠤ ᠲᠤᠬᠠᠢ ᠦᠪᠤᠷ ᠮᠤᠡᠭᠭᠤᠯ᠎ᠤᠨ ᠨᠠᠮ᠎ᠤᠨ ᠰᠤᠷᠭ᠋ᠠᠭᠤᠯᠢ ᠵᠢᠨ ᠬᠠᠤᠯᠢ ᠵᠢᠨ ᠤᠬᠠᠭ᠋ᠠᠨ᠎ᠤ ᠵᠢᠭ᠋ᠠᠨ ᠰᠤᠳᠤᠯᠬᠤ ᠬᠡᠯᠳᠡᠰ᠎ᠤᠨ ᠲᠡᠳ᠋ ᠫᠷᠤᠹᠸᠰᠰᠤᠷ ᠯᠢ ᠹᠸᠡᠭ᠎ᠢ ᠰᠤᠷᠪᠤᠯᠵᠢᠯᠠᠵᠠᠢ᠃
    ᠯᠢ ᠹᠸᠡᠭ᠄ ᠤᠯᠤᠰ  ᠎ᠤᠨ ᠨᠡᠢ᠌ᠳᠡᠮ ᠬᠡᠷᠡᠭᠯᠡᠬᠦ ᠦᠬᠡ ᠬᠡᠯᠨ ᠦᠰᠦᠭ ᠪᠢᠴᠢᠭ᠎ᠢ ᠲᠡᠯᠬᠡᠷᠡᠬᠦᠯᠤᠨ ᠲᠦᠬᠡᠮᠡᠯᠵᠢᠬᠦᠯᠬᠦ ᠪᠤᠯ ᠮᠠᠨ᠎ᠤ ᠤᠯᠤᠰ᠎ᠤᠨ ᠦᠨᠳᠤᠰᠤᠨ ᠬᠠᠤᠯᠢ᠎ᠳᠤ ᠲᠤᠬᠳᠠᠭ᠋ᠠᠬᠰᠠᠨ ᠬᠠᠷᠢᠭᠤᠴᠠᠯᠭ᠎ᠠ ᠪᠤᠯᠤᠨ᠎ᠠ᠃ 《ᠪᠦᠬᠦᠳᠡ ᠨᠠᠢ᠌ᠷᠠᠮᠳᠠᠬᠤ ᠲᠤᠮᠳᠠᠳᠤ ᠠᠷᠠᠳ ᠤᠯᠤᠰ᠎ᠤᠨ ᠦᠨᠳᠤᠰᠤᠨ ᠬᠠᠤᠯᠢ》 ᠵᠢᠨ ᠠᠷᠪᠠ ᠶᠢᠰᠤᠳᠤᠬᠡᠷ ᠵᠦᠢ᠍ᠯ᠎ᠳᠤ᠄ 《ᠤᠯᠤᠰ᠎ᠠᠴᠠ ᠪᠦᠬᠦ ᠤᠯᠤᠰ᠎ᠲᠤ ᠨᠡᠢ᠌ᠳᠡᠮ ᠬᠡᠷᠡᠭᠯᠡᠬᠦ ᠨᠡᠢ᠌ᠳᠡᠯᠢᠭ ᠬᠡᠯᠨ ᠵᠢ ᠲᠡᠯᠬᠡᠷᠡᠬᠦᠯᠤᠨ᠎ᠡ》 ᠭᠡᠵᠤ ᠲᠤᠬᠳᠠᠭ᠋ᠠᠪᠠ᠃ ᠡᠨᠡ᠎ᠨᠢ ᠤᠯᠤᠰ᠎ᠤᠨ ᠨᠡᠢ᠌ᠳᠡᠮ ᠬᠡᠷᠡᠭᠯᠡᠬᠦ ᠦᠬᠡ ᠬᠡᠯᠨ ᠦᠰᠦᠭ ᠪᠢᠴᠢᠭ᠎ᠤᠨ ᠠᠵᠢᠯ᠎ᠤᠨ ᠬᠦᠭᠵᠢᠯᠳᠡ ᠵᠢ ᠠᠬᠢᠭᠤᠯᠬᠤ᠎ᠳᠤ ᠦᠨᠳᠤᠰᠤᠨ ᠬᠠᠤᠯᠢ ᠵᠢᠨ ᠵᠢᠷᠤᠮᠯᠠᠯ ᠬᠠᠡᠭᠭ᠋ᠠᠪᠠ᠃ 《ᠪᠦᠬᠦᠳᠡ ᠨᠠᠢ᠌ᠷᠠᠮᠳᠠᠬᠤ ᠲᠤᠮᠳᠠᠳᠤ ᠠᠷᠠᠳ ᠤᠯᠤᠰ᠎ᠤᠨ ᠨᠡᠢ᠌ᠳᠡᠮ ᠬᠡᠷᠡᠭᠯᠡᠬᠦ ᠦᠬᠡ ᠬᠡᠯᠨ ᠦᠰᠦᠭ ᠪᠢᠴᠢᠭ᠎ᠤᠨ ᠬᠠᠤᠯᠢ》 ᠵᠢᠨ ᠭᠤᠷᠪᠠᠳᠤᠭ᠋ᠠᠷ ᠵᠦᠢ᠍ᠯ᠎ᠳᠤ᠄ 《ᠤᠯᠤᠰ᠎ᠠᠴᠠ ᠨᠡᠢ᠌ᠳᠡᠯᠢᠭ ᠬᠡᠯᠨ ᠵᠢ ᠲᠡᠯᠬᠡᠷᠡᠬᠦᠯᠵᠤ᠂ ᠲᠦᠷᠢᠮᠵᠢᠭᠰᠡᠨ ᠬᠢᠳᠡᠳ ᠦᠰᠦᠭ᠎ᠢ ᠲᠡᠯᠬᠡᠷᠡᠬᠦᠯᠤᠨ ᠬᠡᠷᠡᠭᠯᠡᠨ᠎ᠡ》 ᠭᠡᠵᠤ ᠲᠤᠬᠳᠠᠭ᠋ᠠᠪᠠ᠃ ᠲᠦᠷᠪᠡᠳᠤᠬᠡᠷ ᠵᠦᠢ᠍ᠯ᠎ᠳᠤ᠄ 《ᠢᠷᠬᠡᠳ ᠤᠯᠤᠰ᠎ᠤᠨ ᠨᠡᠢ᠌ᠳᠡᠮ ᠬᠡᠷᠡᠭᠯᠡᠬᠦ ᠦᠬᠡ ᠬᠡᠯᠨ ᠦᠰᠦᠭ ᠪᠢᠴᠢᠭ᠎ᠢ ᠰᠤᠷᠤᠯᠴᠠᠬᠤ ᠪᠠ ᠬᠡᠷᠡᠭᠯᠡᠬᠦ ᠡᠷᠬᠡ᠎ᠲᠠᠢ᠃ ᠤᠯᠤᠰ᠎ᠠᠴᠠ ᠢᠷᠬᠡᠳ᠎ᠲᠤ ᠤᠯᠤᠰ᠎ᠤᠨ ᠨᠡᠢ᠌ᠳᠡᠮ ᠬᠡᠷᠡᠭᠯᠡᠬᠦ ᠦᠬᠡ ᠬᠡᠯᠨ ᠦᠰᠦᠭ ᠪᠢᠴᠢᠭ᠎ᠢ ᠰᠤᠷᠤᠯᠴᠠᠬᠤ ᠪᠠ ᠬᠡᠷᠡᠭᠯᠡᠬᠦ᠎ᠳᠤ ᠨᠦᠬᠦᠴᠡᠯ ᠬᠠᠡᠭᠭ᠋ᠠᠵᠤ ᠦᠭᠭᠦᠨ᠎ᠡ᠃ ᠤᠷᠤᠨ ᠨᠤᠳᠤᠭ᠎ᠤᠨ ᠡᠯ᠎ᠡ ᠱᠠᠳᠤᠨ᠎ᠤ ᠵᠠᠰᠠᠭ᠎ᠤᠨ ᠤᠷᠳᠤᠨ ᠵᠢᠴᠢ ᠬᠤᠯᠪᠤᠬᠳᠠᠯ ᠪᠦᠬᠦᠢ ᠰᠠᠯᠠᠭ᠎ᠠ ᠮᠦᠴᠢᠷ ᠠᠷᠭ᠎ᠠ ᠬᠡᠮᠵᠢᠶ᠎ᠡ ᠬᠡᠷᠡᠭᠵᠢᠬᠦᠯᠵᠤ ᠪᠠᠢ᠌ᠭ᠋ᠠᠳ ᠨᠡᠢ᠌ᠳᠡᠯᠢᠭ ᠬᠡᠯᠨ ᠪᠤᠯᠤᠨ ᠲᠦᠷᠢᠮᠵᠢᠭᠰᠡᠨ ᠬᠢᠳᠡᠳ ᠬᠡᠯᠨ ᠵᠢ ᠲᠡᠯᠬᠡᠷᠡᠬᠦᠯᠤᠨ ᠬᠡᠷᠡᠭᠯᠡᠬᠦ ᠬᠡᠷᠡᠭᠳᠡᠢ》 ᠭᠡᠵᠤ ᠲᠤᠬᠳᠠᠭ᠋ᠠᠵᠠᠢ᠃   ᠤᠯᠤᠰ᠎ᠤᠨ ᠨᠡᠢ᠌ᠳᠡᠮ ᠬᠡᠷᠡᠭᠯᠡᠬᠦ ᠦᠬᠡ ᠬᠡᠯᠨ ᠦᠰᠦᠭ ᠪᠢᠴᠢᠭ᠎ᠢ ᠰᠤᠷᠤᠯᠴᠠᠬᠤ ᠪᠠ ᠬᠡᠷᠡᠭᠯᠡᠬᠦ ᠬᠠᠤᠯᠢ ᠶᠤᠰᠤᠨ᠎ᠤ ᠡᠷᠬᠡ ᠠᠰᠢᠭ᠎ᠢ ᠡᠷᠬᠡᠪᠰᠢ ᠪᠠᠳᠤᠯᠠᠨ ᠬᠠᠮᠠᠭ᠋ᠠᠠᠯᠠᠬᠤ ᠬᠡᠷᠡᠭᠳᠡᠢ᠂ ᠶᠠᠮᠠᠷᠪᠠ ᠵᠤᠬᠢᠶᠠᠨ ᠪᠠᠢ᠌ᠭᠤᠯᠤᠯᠳᠠ ᠪᠤᠯᠤᠨ ᠬᠤᠪᠢ ᠬᠦᠮᠦᠨ᠎ᠠᠴᠠ ᠪᠤᠰᠤᠳ᠎ᠤᠨ ᠤᠯᠤᠰ᠎ᠤᠨ ᠨᠡᠢ᠌ᠳᠡᠮ ᠬᠡᠷᠡᠭᠯᠡᠬᠦ ᠦᠬᠡ ᠬᠡᠯᠨ ᠦᠰᠦᠭ ᠪᠢᠴᠢᠭ᠎ᠢ ᠰᠤᠷᠤᠯᠴᠠᠬᠤ ᠪᠠ ᠬᠡᠷᠡᠭᠯᠡᠬᠦ ᠵᠢ ᠬᠠᠷᠰᠢᠯᠠᠬᠤ᠎ᠨᠢ ᠴᠦᠮ ᠬᠠᠤᠯᠢ᠎ᠠᠴᠠ ᠵᠦᠷᠢᠴᠡᠭᠰᠡᠨ ᠠᠵᠢᠯᠯᠠᠭ᠎ᠠ ᠪᠤᠯᠤᠨ᠎ᠠ᠂ ᠬᠠᠷᠠᠭ᠋ᠠᠯᠵᠠᠬᠰᠠᠨ ᠬᠠᠤᠯᠢ ᠵᠢᠨ ᠬᠠᠷᠢᠭᠤᠴᠠᠯᠭ᠎ᠠ ᠵᠢ ᠡᠬᠦᠷᠬᠡᠯᠡᠬᠦ ᠬᠡᠷᠡᠭᠳᠡᠢ᠂ ᠡᠬᠦᠨ᠎ᠢ 《ᠪᠦᠬᠦᠳᠡ ᠨᠠᠢ᠌ᠷᠠᠮᠳᠠᠬᠤ ᠲᠤᠮᠳᠠᠳᠤ ᠠᠷᠠᠳ ᠤᠯᠤᠰ᠎ᠤᠨ ᠤᠯᠤᠰ᠎ᠤᠨ ᠨᠡᠢ᠌ᠳᠡᠮ ᠬᠡᠷᠡᠭᠯᠡᠬᠦ ᠦᠬᠡ ᠬᠡᠯᠨ ᠦᠰᠦᠭ ᠪᠢᠴᠢᠭ᠎ᠤᠨ ᠬᠠᠤᠯᠢ》 ᠵᠢᠨ ᠬᠤᠷᠢᠨ ᠲᠤᠯᠤᠳᠤᠭ᠋ᠠᠷ ᠵᠦᠢ᠍ᠯ᠎ᠳᠤ ᠲᠤᠳᠤᠷᠬᠠᠢ ᠲᠤᠬᠳᠠᠭ᠋ᠠᠬᠰᠠᠨ ᠶᠤᠮ ᠭᠡᠵᠤ ᠬᠡᠯᠡᠪᠡ᠃
    ᠯᠢ ᠹᠸᠡᠭ᠎ᠤᠨ ᠦᠵᠡᠬᠦ᠎ᠪᠠᠷ ᠰᠤᠷᠭ᠋ᠠᠭᠤᠯᠢ ᠪᠤᠯ ᠤᠯᠤᠰ᠎ᠤᠨ ᠨᠡᠢ᠌ᠳᠡᠮ ᠬᠡᠷᠡᠭᠯᠡᠬᠦ ᠦᠬᠡ ᠬᠡᠯᠨ ᠦᠰᠦᠭ ᠪᠢᠴᠢᠭ᠎ᠢ ᠲᠡᠯᠬᠡᠷᠡᠬᠦᠯᠤᠨ ᠬᠡᠷᠡᠭᠯᠡᠬᠦ ᠭᠤᠤᠯ ᠪᠡᠬᠢᠯᠡᠯᠳᠡ ᠪᠤᠯᠬᠤ ᠪᠦᠬᠡᠳ ᠠᠷᠠᠳ ᠢᠷᠬᠡᠳ᠎ᠤᠨ ᠤᠯᠤᠰ᠎ᠤᠨ ᠨᠠᠢ᠌ᠳᠡᠮ ᠬᠡᠷᠡᠭᠯᠡᠬᠦ ᠦᠬᠡ ᠬᠡᠯᠨ ᠦᠰᠦᠭ ᠪᠢᠴᠢᠭ᠎ᠢ ᠰᠤᠷᠴᠤ ᠡᠵᠡᠮᠰᠢᠬᠦ ᠴᠢᠬᠤᠯᠨ ᠲᠠᠯᠠᠪᠤᠷ ᠮᠥᠨ᠃ ᠢᠯᠠᠡᠭᠭᠤᠶ᠎ᠠ ᠠᠯᠪᠠᠨ ᠵᠢᠷᠤᠮ᠎ᠤᠨ ᠰᠤᠷᠭ᠋ᠠᠨ ᠬᠦᠮᠦᠵᠢᠯ᠎ᠤᠨ ᠱᠠᠳᠤᠨ᠎ᠤ ᠲᠤᠮᠳᠠᠳᠤ ᠪᠠᠭ᠎ᠠ ᠰᠤᠷᠭ᠋ᠠᠭᠤᠯᠢ ᠦᠬᠡ ᠬᠡᠯᠨ ᠦᠰᠦᠭ ᠪᠢᠴᠢᠭ᠎ᠤᠨ ᠰᠠᠭᠤᠷᠢ ᠰᠤᠷᠭ᠋ᠠᠨ ᠬᠦᠮᠦᠵᠢᠯ᠎ᠤᠨ ᠴᠢᠬᠤᠯᠨ ᠡᠬᠦᠷᠬᠡ ᠵᠢ ᠡᠬᠦᠷᠬᠡᠯᠡᠵᠤ ᠪᠠᠢ᠌ᠳᠠᠭ᠃ 《ᠪᠦᠬᠦᠳᠡ ᠨᠠᠢ᠌ᠷᠠᠮᠳᠠᠬᠤ ᠲᠤᠮᠳᠠᠳᠤ ᠠᠷᠠᠳ ᠤᠯᠤᠰ᠎ᠤᠨ ᠨᠡᠢ᠌ᠳᠡᠮ ᠬᠡᠷᠡᠭᠯᠡᠬᠦ ᠦᠬᠡ ᠬᠡᠯᠨ ᠦᠰᠦᠭ ᠪᠢᠴᠢᠭ ᠬᠠᠤᠯᠢ》 ᠵᠢᠨ ᠠᠷᠪᠠᠳᠤᠭ᠋ᠠᠷ ᠵᠦᠢ᠍ᠯ᠎ᠳᠤ᠄ 《ᠰᠤᠷᠭ᠋ᠠᠭᠤᠯᠢ ᠵᠢᠴᠢ ᠪᠤᠰᠤᠳ ᠰᠤᠷᠭ᠋ᠠᠨ ᠬᠦᠮᠦᠵᠢᠯ᠎ᠤᠨ ᠪᠠᠢ᠌ᠭᠤᠯᠤᠮᠵᠢ ᠨᠡᠢ᠌ᠳᠡᠯᠢᠭ ᠬᠡᠯᠨ ᠪᠤᠯᠤᠨ ᠲᠦᠷᠢᠮᠵᠢᠭᠰᠡᠨ ᠬᠢᠳᠡᠳ ᠦᠰᠦᠭ ᠵᠶ᠋ᠡᠷ ᠦᠨᠳᠤᠰᠤᠨ ᠰᠤᠷᠭ᠋ᠠᠨ ᠬᠦᠮᠦᠵᠢᠯ᠎ᠤᠨ ᠵᠢᠭ᠋ᠠᠨ ᠰᠤᠷᠭ᠋ᠠᠯᠳᠠ ᠵᠢᠨ ᠬᠡᠷᠡᠭᠯᠡᠬᠦ ᠦᠬᠡ ᠬᠡᠯᠨ ᠦᠰᠦᠭ ᠪᠢᠴᠢᠭ ᠪᠤᠯᠭ᠋ᠠᠨ᠎ᠠ》 ᠭᠡᠵᠤ ᠲᠤᠬᠳᠠᠭ᠋ᠠᠵᠠᠢ᠃ ᠡᠬᠦᠨ᠎ᠠᠴᠠ ᠭᠠᠳᠠᠨ᠎ᠠ 《ᠪᠦᠬᠦᠳᠡ ᠨᠠᠢ᠌ᠷᠠᠮᠳᠠᠬᠤ ᠲᠤᠮᠳᠠᠳᠤ ᠠᠷᠠᠳ ᠤᠯᠤᠰ᠎ᠤᠨ ᠰᠤᠷᠭ᠋ᠠᠨ ᠬᠦᠮᠦᠵᠢᠯ᠎ᠤᠨ ᠬᠠᠤᠯᠢ》 ᠵᠡᠷᠬᠡ ᠬᠠᠤᠯᠢ᠎ᠳᠤ ᠪᠠᠰᠨ ᠤᠯᠤᠰ᠎ᠤᠨ ᠨᠡᠢ᠌ᠳᠡᠮ ᠬᠡᠷᠡᠭᠯᠡᠬᠦ ᠦᠬᠡ ᠬᠡᠯᠨ ᠦᠰᠦᠭ ᠪᠢᠴᠢᠭ ᠵᠢᠴᠢ ᠲᠡᠬᠦᠨ᠎ᠤ ᠬᠡᠷᠡᠭᠯᠡᠬᠡ ᠵᠢᠨ ᠲᠤᠬᠠᠢ ᠲᠤᠬᠳᠠᠭ᠋ᠠᠯ ᠪᠠᠢ᠌ᠨ᠎ᠠ᠃ ᠵᠢᠱ᠌ᠢᠶᠡᠯᠡᠪᠡᠯ᠂ 《ᠪᠦᠬᠦᠳᠡ ᠨᠠᠢ᠌ᠷᠠᠮᠳᠠᠬᠤ ᠲᠤᠮᠳᠠᠳᠤ ᠠᠷᠠᠳ ᠤᠯᠤᠰ᠎ᠤᠨ ᠰᠤᠷᠭ᠋ᠠᠨ ᠬᠦᠮᠦᠵᠢᠯ᠎ᠤᠨ ᠬᠠᠤᠯᠢ》 ᠵᠢᠨ ᠠᠷᠪᠠᠨ ᠬᠤᠶᠠᠳᠤᠭ᠋ᠠᠷ ᠵᠦᠢ᠍ᠯ᠎ᠳᠤ᠄ 《ᠨᠡᠢ᠌ᠳᠡᠮ ᠬᠡᠷᠡᠭᠯᠡᠬᠦ ᠦᠬᠡ ᠬᠡᠯᠨ ᠦᠰᠦᠭ ᠪᠢᠴᠢᠭ ᠪᠤᠯ ᠰᠤᠷᠭ᠋ᠠᠭᠤᠯᠢ ᠵᠢᠴᠢ ᠪᠤᠰᠤᠳ ᠰᠤᠷᠭ᠋ᠠᠨ ᠬᠦᠮᠦᠵᠢᠯ᠎ᠤᠨ ᠪᠠᠢ᠌ᠭᠤᠯᠤᠮᠵᠢ ᠵᠢᠨ ᠦᠨᠳᠤᠰᠤᠨ ᠰᠤᠷᠭ᠋ᠠᠨ ᠬᠦᠮᠦᠵᠢᠯ  ᠎ᠤᠨ ᠵᠢᠭ᠋ᠠᠨ ᠰᠤᠷᠭ᠋ᠠᠯᠳᠠ ᠵᠢᠨ ᠦᠬᠡ ᠬᠡᠯᠨ ᠦᠰᠦᠭ ᠪᠢᠴᠢᠭ ᠪᠤᠯᠤᠨ᠎ᠠ᠂ ᠰᠤᠷᠭ᠋ᠠᠭᠤᠯᠢ ᠵᠢᠴᠢ ᠪᠤᠰᠤᠳ ᠰᠤᠷᠭ᠋ᠠᠨ ᠬᠦᠮᠦᠵᠢᠯ᠎ᠤᠨ ᠪᠠᠢ᠌ᠭᠤᠯᠤᠮᠵᠢ ᠤᠯᠤᠰ᠎ᠤᠨ ᠨᠡᠢ᠌ᠳᠡᠮ ᠬᠡᠷᠡᠭᠯᠡᠬᠦ ᠦᠬᠡ ᠬᠡᠯᠨ ᠦᠰᠦᠭ ᠪᠢᠴᠢᠭ ᠵᠶ᠋ᠡᠷ ᠰᠤᠷᠭ᠋ᠠᠨ ᠬᠦᠮᠤᠵᠢᠯ᠎ᠤᠨ ᠵᠢᠭ᠋ᠠᠨ ᠰᠤᠷᠭ᠋ᠠᠯᠳᠠ ᠬᠢᠬᠦ ᠬᠡᠷᠡᠭᠳᠡᠢ》 ᠭᠡᠵᠤ ᠲᠤᠬᠳᠠᠭ᠋ᠠᠬᠰᠠᠨ ᠪᠠᠢ᠌ᠨ᠎ᠠ᠃
    ᠯᠢ ᠹᠸᠡᠭ᠂ ᠤᠯᠤᠰ᠎ᠤᠨ ᠨᠡᠢ᠌ᠳᠡᠮ ᠬᠡᠷᠡᠭᠯᠡᠬᠦ ᠦᠬᠡ ᠬᠡᠯᠨ ᠦᠰᠦᠭ ᠪᠢᠴᠢᠭ᠎ᠤᠨ ᠬᠡᠷᠡᠭᠯᠡᠯᠳᠡ ᠵᠢ ᠬᠠᠤᠯᠢ ᠶᠤᠰᠤᠭ᠋ᠠᠷ ᠠᠬᠢᠭᠤᠯᠬᠤ ᠪᠤᠯ ᠨᠠᠮ ᠪᠠ ᠤᠯᠤᠰ᠎ᠤᠨ ᠦᠨᠳᠤᠰᠤᠳᠡᠨ᠎ᠤ ᠤᠷᠤᠨ᠎ᠢ ᠬᠠᠯᠠᠮᠵᠢᠯᠠᠵᠤ ᠪᠠᠢ᠌ᠬᠤ ᠶᠠᠪᠤᠳᠠᠯ ᠪᠤᠯᠬᠤ ᠪᠦᠬᠡᠳ ᠨᠡᠢ᠌ᠬᠡᠮ᠎ᠤᠨ ᠪᠤᠯᠪᠠᠰᠤᠨ᠎ᠤ ᠲᠠᠪᠰᠢᠯᠳᠠ ᠪᠤᠯᠤᠨ ᠡᠯ᠎ᠡ ᠦᠨᠳᠤᠰᠤᠳᠡᠨ᠎ᠤ ᠬᠠᠮᠳᠤ᠎ᠪᠠᠷ ᠴᠡᠴᠡᠭᠯᠡᠨ ᠬᠦᠭᠵᠢᠬᠦ ᠵᠢᠨ ᠵᠠᠢ᠌ᠯᠠᠰᠢ ᠦᠬᠡᠢ ᠬᠠᠨᠳᠤᠰᠢ ᠪᠤᠯᠤᠨ᠎ᠠ᠂ ᠦᠨᠳᠤᠰᠤᠳᠡᠨ᠎ᠤ ᠰᠤᠷᠭ᠋ᠠᠨ ᠬᠦᠮᠦᠵᠢᠯ᠎ᠤᠨ ᠴᠢᠨᠠᠷ ᠰᠠᠢ᠌ᠳᠠᠢ ᠬᠦᠭᠵᠢᠯᠳᠡ ᠵᠢ ᠠᠬᠢᠭᠤᠯᠬᠤ᠎ᠳᠤ ᠠᠰᠢᠬᠳᠠᠢ᠂ ᠲᠤᠮᠳᠠᠳᠤ ᠵᠢᠨ ᠦᠨᠳᠤᠰᠤᠳᠡᠨ᠎ᠤ ᠬᠠᠮᠳᠤ ᠵᠢᠨ ᠴᠤᠬ᠍ᠴᠨ ᠵᠢᠨ ᠤᠬᠠᠮᠰᠠᠷ᠎ᠢ ᠪᠠᠳᠤ ᠴᠤᠬ᠍ᠴᠠᠯᠠᠬᠤ᠎ᠳᠤ ᠠᠰᠢᠬᠳᠠᠢ᠂ ᠦᠨᠳᠤᠰᠤᠳᠡᠨ᠎ᠤ ᠬᠡᠯᠨ᠎ᠪᠠᠷ ᠬᠢᠴᠢᠶᠡᠯᠯᠡᠵᠤ ᠪᠠᠢ᠌ᠭ᠎ᠠ ᠰᠤᠷᠭ᠋ᠠᠭᠤᠯᠢ᠎ᠳᠤ ᠤᠯᠤᠰ᠎ᠤᠨ ᠨᠢᠬᠡᠳᠤᠯᠳᠡᠢ ᠨᠠᠢ᠌ᠷᠠᠭᠤᠯᠤᠬᠰᠠᠨ ᠵᠢᠭ᠋ᠠᠬᠤ ᠮᠠᠲᠸᠷᠢᠶᠠᠯ᠎ᠢ ᠬᠡᠷᠡᠭᠯᠡᠬᠦ ᠪᠤᠯ ᠦᠨᠳᠤᠰᠤᠨ ᠬᠠᠤᠯᠢ ᠪᠠ ᠬᠠᠤᠯᠢ ᠴᠠᠭ᠋ᠠᠵᠨ ᠵᠢ ᠬᠡᠷᠡᠭᠵᠢᠬᠦᠯᠵᠤ ᠪᠠᠢ᠌ᠭ᠎ᠠ ᠠᠵᠢᠯᠯᠠᠭ᠎ᠠ ᠮᠥᠨ᠂ ᠬᠠᠤᠯᠢ ᠴᠠᠭ᠋ᠠᠵᠨ ᠵᠢᠨ ᠦᠨᠳᠤᠰᠤᠯᠡᠯ᠎ᠲᠠᠢ ᠶᠤᠮ ᠭᠡᠵᠤ ᠬᠡᠯᠡᠪᠡ᠃

 

ᠢᠷᠡᠯᠲᠡ᠄ 《ᠦᠪᠤᠷ ᠮᠤᠡᠭᠭᠤᠯ᠎ᠤᠨ ᠡᠳᠤᠷ᠎ᠤᠨ ᠰᠤᠨᠢᠨ》᠎ᠤ ᠮᠤᠡᠭᠭᠤᠯ ᠬᠡᠯᠡᠨ᠎ᠤ ᠬᠡᠪᠯᠡᠯ
          
ᠬᠠᠮᠢᠶ᠎ᠡ ᠪᠦᠬᠦᠢ ᠰᠣᠨᠢᠨ
ᠤᠯᠤᠰ᠎ᠤᠨ ᠨᠡᠢ᠌ᠳᠡᠮ ᠬᠡᠷᠡᠭᠯᠡᠬᠦ ᠦᠬᠡ ᠬᠡᠯᠨ ᠦᠰᠦᠭ ᠪᠢᠴᠢᠭ᠎ᠢ ᠰᠠᠢ᠌ᠳᠤᠷ ᠰᠤᠷᠤᠯᠴᠠᠵᠤ ᠰᠠᠢ᠌ᠳᠤᠷ ᠬᠡᠷᠡᠭᠯᠡᠪᠡᠯ ᠰᠠᠶᠢ ᠲᠠᠰᠤᠷᠠᠯᠳᠠ ᠦᠬᠡᠢ ᠬᠦᠭᠵᠢᠨ ᠲᠠᠪᠰᠢᠵᠤ ᠴᠢᠳᠠᠨ᠎ᠠ
《ᠠᠷᠪᠠᠨ ᠲᠦᠷᠪᠡᠳᠤᠬᠡᠷ ᠲᠠᠪᠤᠨ ᠵᠢᠯ》 ᠤᠷᠤᠭᠤ ᠡᠷᠡᠯᠭᠡᠭᠯᠡᠨ ᠤᠷᠤᠬᠰᠢᠯᠠᠵᠤ᠂ ᠠᠷᠠᠳ᠎ᠤᠨ ᠶᠠᠪᠤᠳᠠᠯ ᠎ᠤᠨ ᠦᠢ᠍ᠯᠡᠰ᠎ᠤᠨ ᠦᠨᠳᠤᠷ ᠶᠠᠰᠤ ᠴᠢᠨᠠᠷ᠎ᠲᠠᠢ ᠬᠦᠭᠵᠢᠯᠳᠡ᠎ᠪᠠᠷ ᠠᠷᠠᠳ᠎ᠤᠨ ᠠᠮᠢᠳᠤᠷᠠᠯ᠎ᠤᠨ ᠵᠤᠯ ᠵᠢᠷᠭ᠋ᠠᠯ᠎ᠢ ᠨᠡᠮᠡᠭᠳᠡᠬᠦᠯᠤᠰᠤᠬᠡᠢ
《ᠠᠷᠪᠠᠨ ᠲᠦᠷᠪᠡᠳᠤᠬᠡᠷ ᠲᠠᠪᠤᠨ ᠵᠢᠯ》 ᠤᠷᠤᠭᠤ ᠡᠷᠡᠯᠭᠡᠭᠯᠡᠨ ᠤᠷᠤᠬᠰᠢᠯᠠᠵᠤ᠂ ᠠᠷᠠᠳ᠎ᠤᠨ ᠶᠠᠪᠤᠳᠠᠯ ᠎ᠤᠨ ᠦᠢ᠍ᠯᠡᠰ᠎ᠤᠨ ᠦᠨᠳᠤᠷ ᠶᠠᠰᠤ ᠴᠢᠨᠠᠷ᠎ᠲᠠᠢ ᠬᠦᠭᠵᠢᠯᠳᠡ᠎ᠪᠠᠷ ᠠᠷᠠᠳ᠎ᠤᠨ ᠠᠮᠢᠳᠤᠷᠠᠯ᠎ᠤᠨ ᠵᠤᠯ ᠵᠢᠷᠭ᠋ᠠᠯ᠎ᠢ ᠨᠡᠮᠡᠭᠳᠡᠬᠦᠯᠤᠰᠤᠬᠡᠢ
ᠠᠷᠠᠳ᠎ᠤᠨ ᠶᠠᠪᠤᠳᠠᠯ᠎ᠤᠨ ᠶᠠᠮᠤᠨ᠎ᠠᠴᠠ ᠬᠠᠤᠯᠢ ᠪᠤᠰᠤ ᠨᠡᠢ᠌ᠬᠡᠮ᠎ᠤᠨ ᠵᠤᠬᠢᠶᠠᠨ ᠪᠠᠢ᠌ᠭᠤᠯᠤᠯᠳᠠ ᠵᠢ ᠢᠯᠭ᠋ᠠᠨ ᠲᠠᠨᠢᠬᠤ ᠠᠷᠭ᠎ᠠ ᠵᠢ ᠵᠢᠭ᠋ᠠᠵᠤ ᠦᠭᠭᠦᠯ᠎ᠡ
ᠠᠷᠠᠳ᠎ᠤᠨ ᠶᠠᠪᠤᠳᠠᠯ᠎ᠤᠨ ᠶᠠᠮᠤᠨ᠎ᠤᠨ ᠨᠠᠮ᠎ᠤᠨ ᠤᠳᠤᠷᠢᠳᠬᠤ ᠲᠤᠭᠤᠢ᠌ᠯᠠᠡᠭ 2021 ᠤᠨ᠎ᠤ ᠠᠷᠠᠳ᠎ᠤᠨ ᠶᠠᠪᠤᠳᠠᠯ᠎ᠤᠨ ᠰᠢᠰᠲᠸᠮ ᠬᠦᠳᠡᠬᠡ ᠲᠤᠰᠬᠤᠨ᠎ᠢ ᠬᠦᠭᠵᠢᠬᠦᠯᠤᠨ ᠮᠠᠨᠳᠤᠭᠤᠯᠬᠤ ᠪᠠᠢ᠌ᠯᠳᠤᠬᠤ ᠪᠤᠳᠤᠯᠭ᠎ᠠ᠎ᠲᠠᠢ ᠬᠤᠯᠪᠤᠬᠳᠠᠬᠤ ᠠᠵᠢᠯ᠎ᠢ ᠰᠤᠳᠤᠯᠤᠨ ᠪᠠᠢ᠌ᠷᠢᠯᠠᠭᠤᠯᠪᠠ
 
            