《ᠠᠷᠪᠠᠨ ᠲᠦᠷᠪᠡᠳᠤᠬᠡᠷ ᠲᠠᠪᠤᠨ ᠵᠢᠯ》 ᠤᠷᠤᠭᠤ ᠡᠷᠡᠯᠭᠡᠭᠯᠡᠨ ᠤᠷᠤᠬᠰᠢᠯᠠᠵᠤ᠂ ᠠᠷᠠᠳ᠎ᠤᠨ ᠶᠠᠪᠤᠳᠠᠯ ᠤᠨ ᠦᠢ᠍ᠯᠡᠰ᠎ᠤᠨ ᠦᠨᠳᠤᠷ ᠶᠠᠰᠤ ᠴᠢᠨᠠᠷᠲᠠᠢ ᠬᠦᠭᠵᠢᠯᠳᠡ᠎ᠪᠠᠷ ᠠᠷᠠᠳ᠎ᠤᠨ ᠠᠮᠢᠳᠤᠷᠠᠯ᠎ᠤᠨ ᠵᠤᠯ ᠵᠢᠷᠭ᠋ᠠᠯ᠎ᠢ ᠨᠡᠮᠡᠭᠳᠡᠬᠦᠯᠤᠰᠤᠬᠡᠢ
— ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠲᠢᠡᠭᠬᠢᠮ᠎ᠤᠨ ᠲᠡᠳ᠋ ᠲᠠᠷᠤᠭ᠎ᠠ ᠭᠤᠤ ᠵᠢᠶᠠᠨ ᠬᠤᠸᠨ ᠵᠢ ᠰᠤᠷᠪᠤᠯᠵᠢᠯᠠᠬᠰᠠᠨ᠎ᠨᠢ
ᠶᠠᠡᠭ ᠲᠢᠡᠭ ᠰᠤᠷᠪᠤᠯᠵᠢᠯᠠᠵᠤ ᠂
ᠰᠡᠴᠡᠨ ᠤᠷᠴᠢᠭᠤᠯᠪᠠ
《ᠠᠷᠪᠠᠨ ᠲᠦᠷᠪᠡᠳᠤᠬᠡᠷ ᠲᠠᠪᠤᠨ ᠵᠢᠯ》᠎ᠤᠨ ᠬᠤᠭᠤᠴᠠᠭ᠎ᠠ ᠪᠤᠯ ᠮᠠᠨ᠎ᠤ ᠤᠯᠤᠰ᠎ᠤᠨ ᠢᠯᠠᠯᠳᠠ ᠵᠢᠨ ᠡᠷᠴᠢᠨ ᠲᠡᠬᠡᠷ᠎ᠡ ᠤᠷᠤᠬᠰᠢᠯᠠᠵᠤ᠂ ᠨᠡᠢ᠌ᠬᠡᠮ ᠵᠢᠷᠤᠮᠳᠤ ᠤᠳᠤᠬᠢᠴᠢᠯᠠᠬᠰᠠᠨ ᠤᠯᠤᠰ᠎ᠢ ᠪᠦᠬᠦ ᠲᠠᠯ᠎ᠠ᠎ᠪᠠᠷ ᠪᠠᠢ᠌ᠭᠤᠯᠬᠤ ᠰᠢᠨ᠎ᠡ ᠠᠶᠠᠨ᠎ᠤ ᠭᠠᠷᠤᠭ᠎ᠠ ᠪᠦᠬᠡᠳ ᠬᠤᠶᠠᠳᠤᠭ᠋ᠠᠷ ᠵᠠᠭᠤᠨ ᠵᠢᠯ᠎ᠤᠨ ᠲᠡᠮᠡᠴᠡᠬᠦ ᠬᠠᠷᠠᠯᠳᠠ ᠲᠡᠢ᠌ᠰᠢ ᠤᠷᠤᠬᠰᠢᠯᠠᠬᠤ ᠠᠡᠭᠬᠠᠳᠠᠬ᠍ᠴᠢ ᠲᠠᠪᠤᠨ ᠵᠢᠯ ᠮᠥᠨ᠃ ᠨᠠᠮ᠎ᠤᠨ ᠠᠷᠪᠠ ᠶᠢᠰᠤᠳᠤᠬᠡᠷ ᠬᠤᠭᠤᠴᠠᠭ᠋ᠠᠨ᠎ᠤ ᠲᠠᠪᠤᠳᠤᠭ᠋ᠠᠷ ᠪᠦᠬᠦᠳᠡ ᠬᠤᠷᠠᠯ᠎ᠠᠴᠠ ᠬᠠᠮᠤᠭ᠎ᠤᠨ ᠦᠷᠬᠡᠨ ᠲᠡᠯᠬᠡᠷ ᠤᠯᠠᠨ ᠲᠦᠮᠡᠨ᠎ᠤ ᠠᠰᠢᠭ ᠲᠤᠰᠨ ᠵᠢ ᠰᠠᠢ᠌ᠳᠤᠷ ᠪᠡᠶᠡᠯᠡᠬᠦᠯᠤᠨ᠂ ᠰᠠᠢ᠌ᠳᠤᠷ ᠬᠠᠮᠠᠭ᠋ᠠᠠᠯᠵᠤ᠂ ᠰᠠᠢ᠌ᠳᠤᠷ ᠬᠦᠭᠵᠢᠬᠦᠯᠬᠦ ᠵᠢ ᠬᠦᠭᠵᠢᠯᠳᠡ ᠵᠢᠨ ᠭᠠᠷᠤᠭ᠋ᠠᠨᠤ ᠭᠠᠵᠠᠷ ᠪᠠ ᠪᠠᠷᠢᠶᠠᠨ᠎ᠤ ᠴᠡᠭ ᠪᠤᠯᠭ᠋ᠠᠵᠤ᠂ ᠴᠢᠳᠠᠯ ᠵᠶ᠋ᠡᠷ ᠵᠶ᠋ᠡᠨ ᠴᠢᠷᠮᠠᠢ᠌ᠨ᠂ ᠬᠡᠮᠵᠢᠶ᠎ᠡ᠎ᠪᠠᠷ ᠵᠶ᠋ᠡᠨ ᠬᠢᠵᠤ ᠪᠠᠢ᠌ᠭ᠋ᠠᠳ ᠦᠨᠳᠤᠰᠤᠨ ᠤᠯᠠᠨ ᠨᠡᠢ᠌ᠳᠡ ᠵᠢᠨ ᠦᠢ᠍ᠯᠡᠴᠢᠯᠡᠬᠡᠨ᠎ᠤ ᠰᠢᠰᠲᠸᠮ᠎ᠢ ᠪᠦᠷᠢᠨᠰᠢᠬᠦᠯᠵᠤ᠂ ᠬᠠᠮᠳᠤ᠎ᠪᠠᠷ ᠪᠠᠢ᠌ᠭᠤᠯᠬᠤ᠂ ᠬᠠᠮᠳᠤ᠎ᠪᠠᠷ ᠵᠠᠰᠠᠬᠤ᠂ ᠬᠠᠮᠳᠤ᠎ᠪᠠᠷ ᠡᠳ᠋ᠯᠡᠬᠦ ᠨᠡᠢ᠌ᠬᠡᠮ᠎ᠤᠨ ᠵᠠᠰᠠᠨ ᠴᠡᠭᠴᠡᠯᠡᠬᠦ ᠲᠦᠷᠢᠮ᠎ᠢ ᠲᠡᠬᠦᠯᠳᠡᠷᠵᠢᠬᠦᠯᠤᠨ᠂ ᠬᠠᠮᠳᠤ᠎ᠪᠠᠷ ᠴᠢᠨᠡᠭᠡᠯᠢᠭᠵᠢᠬᠦ ᠵᠢ ᠯᠠᠪᠳᠠᠭᠤᠨ ᠵᠶ᠋ᠡᠷ ᠠᠬᠢᠭᠤᠯᠵᠤ᠂ ᠤᠯᠠᠨ ᠲᠦᠮᠡᠨ᠎ᠤ ᠬᠦᠷᠳᠡᠮᠵᠢ ᠵᠢᠨ ᠲᠦᠷᠦᠭᠳᠡᠯ᠂ ᠵᠤᠯ ᠵᠢᠷᠭ᠋ᠠᠯᠳᠤ ᠰᠡᠳᠬᠢᠯᠬᠡ ᠪᠠ ᠠᠶᠤᠯᠬᠦᠢ ᠰᠡᠳᠬᠢᠯᠬᠡ ᠵᠢ ᠲᠠᠰᠤᠷᠠᠯ ᠦᠬᠡᠢ ᠨᠡᠮᠡᠭᠳᠡᠬᠦᠯᠤᠨ᠂ ᠬᠦᠮᠦᠨ᠎ᠤ ᠪᠦᠬᠦ ᠲᠠᠯ᠎ᠠ ᠵᠢᠨ ᠬᠦᠭᠵᠢᠯᠳᠡ ᠪᠠ ᠨᠡᠢ᠌ᠬᠡᠮ᠎ᠤᠨ ᠪᠦᠬᠦ ᠲᠠᠯ᠎ᠠ ᠵᠢᠨ ᠲᠠᠪᠰᠢᠯᠳᠠ ᠵᠢ ᠠᠬᠢᠭᠤᠯᠬᠤ ᠬᠡᠷᠡᠭᠳᠡᠢ᠃ ᠤᠯᠠᠨ ᠲᠦᠮᠡᠨ᠎ᠤ ᠤᠷᠤᠯᠭ᠎ᠠ ᠵᠢᠨ ᠲᠦᠪᠰᠢᠨ᠎ᠢ ᠲᠡᠭᠡᠭᠰᠢᠯᠡᠬᠦᠯᠤᠨ᠂ ᠠᠵᠢᠯ ᠤᠯᠭᠤᠬᠤ ᠵᠢ ᠲᠡᠷᠢᠬᠦᠨ᠎ᠳᠤ ᠲᠠᠯᠪᠢᠬᠤ ᠲᠦᠷᠤ ᠵᠢᠨ ᠪᠤᠳᠤᠯᠭ᠎ᠠ ᠵᠢ ᠴᠢᠡᠭᠭ᠋ᠠᠳᠬᠠᠨ᠂ ᠦᠨᠳᠤᠷ ᠴᠢᠨᠰᠠᠭ᠎ᠠ᠎ᠲᠠᠢ ᠰᠤᠷᠭ᠋ᠠᠨ ᠬᠦᠮᠤᠵᠢᠯ᠎ᠤᠨ ᠰᠢᠰᠲᠸᠮ᠎ᠢ ᠪᠠᠢ᠌ᠭᠤᠯᠤᠨ᠂ ᠤᠯᠠᠨ ᠲᠠᠪᠬᠤᠷᠭ᠋ᠠᠳᠤ ᠨᠡᠢ᠌ᠬᠡᠮ᠎ᠤᠨ ᠪᠠᠳᠤᠯᠠᠪᠤᠷᠢ ᠵᠢᠨ ᠰᠢᠰᠲᠸᠮ᠎ᠢ ᠲᠡᠬᠦᠯᠳᠡᠷᠵᠢᠬᠦᠯᠤᠨ᠂ ᠡᠷᠡᠬᠦᠯ ᠲᠤᠮᠳᠠᠳᠤ ᠤᠯᠤᠰ᠎ᠤᠨ ᠪᠦᠳᠦᠬᠡᠨ ᠪᠠᠢ᠌ᠭᠤᠯᠤᠯᠳᠠ ᠵᠢ ᠪᠦᠬᠦ ᠲᠠᠯ᠎ᠠ᠎ᠪᠠᠷ ᠠᠬᠢᠭᠤᠯᠵᠤ᠂ ᠬᠦᠮᠦᠨ ᠠᠮᠨ ᠨᠠᠰᠤᠵᠢᠬᠤ ᠪᠠᠢ᠌ᠭ᠎ᠠ ᠵᠢ ᠢᠳᠡᠪᠬᠢᠳᠡᠢ ᠠᠷᠭ᠋ᠠᠴᠠᠭ᠋ᠠᠬᠤ ᠤᠯᠤᠰ᠎ᠤᠨ ᠪᠠᠢ᠌ᠯᠳᠤᠬᠤ ᠪᠤᠳᠤᠯᠭ᠎ᠠ ᠵᠢ ᠬᠡᠷᠡᠭᠵᠢᠬᠦᠯᠤᠨ᠂ ᠨᠡᠢ᠌ᠬᠡᠮ᠎ᠤᠨ ᠵᠠᠰᠠᠨ ᠴᠡᠭᠴᠡᠯᠡᠯᠳᠡ ᠵᠢ ᠴᠢᠡᠭᠭ᠋ᠠᠳᠬᠠᠬᠤ ᠪᠠ ᠰᠢᠨᠡᠴᠢᠯᠡᠬᠦ ᠬᠡᠷᠡᠭᠳᠡᠢ ᠭᠡᠵᠤ ᠪᠦᠬᠦ ᠲᠠᠯ᠎ᠠ᠎ᠪᠠᠷ ᠲᠤᠷᠠᠳᠤᠬᠰᠠᠨ ᠪᠢᠯᠨ᠃ 《ᠠᠷᠪᠠᠨ ᠲᠦᠷᠪᠡᠳᠤᠬᠡᠷ ᠲᠠᠪᠤᠨ ᠵᠢᠯ》᠎ᠤᠨ ᠬᠤᠭᠤᠴᠠᠭ᠋ᠠᠨ᠎ᠳᠤ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠲᠢᠡᠭᠬᠢᠮ᠎ᠨᠢ ᠨᠠᠮ᠎ᠤᠨ ᠠᠷᠪᠠ ᠶᠢᠰᠤᠳᠤᠬᠡᠷ ᠬᠤᠭᠤᠴᠠᠭ᠋ᠠᠨ᠎ᠤ ᠲᠠᠪᠤᠳᠤᠭ᠋ᠠᠷ ᠪᠦᠬᠦᠳᠡ ᠬᠤᠷᠠᠯ᠎ᠤᠨ ᠵᠤᠷᠢᠭ ᠰᠠᠨᠠᠭ᠎ᠠ ᠵᠢ ᠬᠡᠷᠬᠢᠨ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ᠂ ᠠᠷᠠᠳ ᠲᠦᠮᠡᠨ᠎ᠤ ᠠᠮᠢᠳᠤᠷᠠᠯ᠎ᠤᠨ ᠴᠢᠨᠰᠠᠭ᠎ᠠ ᠵᠢ ᠰᠠᠢ᠌ᠵᠢᠷᠠᠭᠤᠯᠵᠤ᠂ ᠨᠡᠢ᠌ᠬᠡᠮ᠎ᠤᠨ ᠪᠠᠢ᠌ᠭᠤᠯᠤᠯᠳᠠ ᠵᠢᠨ ᠲᠦᠪᠰᠢᠨ᠎ᠢ ᠬᠡᠷᠬᠢᠨ ᠲᠡᠭᠡᠭᠰᠢᠯᠡᠬᠦᠯᠬᠦ ᠵᠢᠨ ᠲᠤᠭᠤᠷᠢᠨ᠎ᠳᠤ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠲᠢᠡᠭᠭᠢᠮ᠎ᠤᠨ ᠨᠠᠮ᠎ᠤᠨ ᠤᠳᠤᠷᠢᠳᠬᠤ ᠲᠤᠭᠤᠢ᠌ᠯᠠᠡᠭ᠎ᠤᠨ ᠪᠦᠷᠢᠯᠳᠤᠬᠦᠨ᠂ ᠲᠢᠡᠭᠭᠢᠮ᠎ᠤᠨ ᠲᠡᠳ᠋ ᠲᠠᠷᠤᠭ᠎ᠠ ᠭᠤᠤ ᠵᠢᠶᠠᠨ ᠬᠤᠸᠨ ᠵᠢ ᠰᠤᠷᠪᠤᠯᠵᠢᠯᠠᠪᠠ᠃
ᠰᠤᠷᠪᠤᠯᠵᠢᠯᠠᠬ᠍ᠴᠢ᠄ 《ᠠᠷᠪᠠᠨ ᠲᠦᠷᠪᠡᠳᠤᠬᠡᠷ ᠲᠠᠪᠤᠨ ᠵᠢᠯ》᠎ᠤᠨ ᠰᠢᠨ᠎ᠠ ᠠᠶᠠᠨ᠎ᠳᠤ ᠦᠪᠤᠷ ᠮᠤᠡᠭᠭᠤᠯ᠎ᠤᠨ ᠠᠷᠠᠳ᠎ᠤᠨ ᠶᠠᠪᠤᠳᠠᠯ᠎ᠤᠨ ᠦᠢ᠍ᠯᠡᠰ᠎ᠤᠨ ᠬᠦᠭᠵᠢᠯᠳᠡ ᠵᠢᠨ ᠶᠡᠷᠤᠡᠭᠭᠡᠢ ᠰᠡᠳᠬᠢᠮᠵᠢ ᠶᠠᠮᠠᠷ ᠪᠤᠯ?
ᠭᠤᠤ ᠵᠢᠶᠠᠨ ᠬᠤᠸᠨ᠄ 《ᠠᠷᠪᠠᠨ ᠲᠦᠷᠪᠡᠳᠤᠬᠡᠷ ᠲᠠᠪᠤᠨ ᠵᠢᠯ》᠎ᠤᠨ ᠬᠤᠭᠤᠴᠠᠭ᠋ᠠᠨ᠎ᠳᠤ᠎ᠬᠢ ᠦᠪᠤᠷ ᠮᠤᠡᠭᠭᠤᠯ᠎ᠤᠨ ᠠᠷᠠᠳ᠎ᠤᠨ ᠶᠠᠪᠤᠳᠠᠯ᠎ᠤᠨ ᠦᠢ᠍ᠯᠡᠰ᠎ᠤᠨ ᠬᠦᠭᠵᠢᠯᠳᠡ ᠵᠢᠨ ᠶᠡᠷᠤᠡᠭᠭᠡᠢ ᠰᠡᠳᠬᠢᠮᠵᠢ ᠪᠤᠯ ᠰᠢ ᠵᠢᠨ ᠫᠢᠡᠭ᠎ᠤᠨ ᠰᠢᠨ᠎ᠡ ᠴᠠᠭ ᠦᠶ᠎ᠡ ᠵᠢᠨ ᠲᠤᠮᠳᠠᠳᠤ ᠤᠯᠤᠰ᠎ᠤᠨ ᠤᠨᠴᠠᠯᠢᠭ᠎ᠲᠠᠢ ᠨᠡᠢ᠌ᠬᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠤᠭᠤᠳᠤᠯᠭ᠎ᠠ ᠪᠤᠯᠭ᠋ᠠᠨ᠂ ᠨᠠᠮ᠎ᠤᠨ ᠠᠷᠪᠠ ᠶᠢᠰᠤᠳᠤᠬᠡᠷ ᠬᠤᠷᠠᠯ ᠪᠠ ᠬᠤᠶᠠᠳᠤᠭ᠋ᠠᠷ ᠪᠦᠬᠦᠳᠡ ᠬᠤᠷᠠᠯ᠂ ᠭᠤᠷᠪᠠᠳᠤᠭ᠋ᠠᠷ ᠪᠦᠬᠦᠳᠡᠯ ᠬᠤᠷᠠᠯ᠂ ᠲᠦᠷᠪᠡᠳᠤᠬᠡᠷ ᠪᠦᠬᠦᠳᠡ ᠬᠤᠷᠠᠯ᠂ ᠲᠠᠪᠤᠳᠤᠭ᠋ᠠᠷ ᠪᠦᠬᠦᠳᠡ ᠬᠤᠷᠠᠯ᠎ᠤᠨ ᠵᠤᠷᠢᠭ ᠰᠠᠨᠠᠭ᠎ᠠ ᠵᠢ ᠬᠦᠨᠵᠡᠬᠡᠢ ᠲᠤᠭᠤᠰᠢᠯᠠᠭᠤᠯᠤᠨ᠂ ᠰᠢ ᠵᠢᠨ ᠫᠢᠡᠭ ᠶᠡᠷᠤᠡᠭᠭᠡᠢ ᠱᠦᠵᠢ ᠵᠢᠨ ᠦᠪᠤᠷ ᠮᠤᠡᠭᠭᠤᠯ᠎ᠤᠨ ᠠᠵᠢᠯ᠎ᠤᠨ ᠲᠤᠬᠠᠢ ᠵᠢᠭ᠋ᠠᠪᠤᠷᠢᠯᠠᠬᠰᠠᠨ ᠴᠢᠬᠤᠯᠨ ᠶᠠᠷᠢᠶ᠎ᠠ ᠴᠢᠬᠤᠯᠨ ᠵᠢᠭ᠋ᠠᠪᠤᠷᠢ ᠴᠤᠬᠤᠯᠠᠪᠤᠷᠢ ᠵᠢᠨ ᠵᠤᠷᠢᠭ ᠰᠠᠨᠠᠭ᠎ᠠ ᠪᠠ ᠠᠷᠠᠳ᠎ᠤᠨ ᠶᠠᠪᠤᠳᠠᠯ᠎ᠤᠨ ᠠᠵᠢᠯ᠎ᠤᠨ ᠲᠤᠬᠠᠢ ᠵᠢᠭ᠋ᠠᠪᠤᠷᠢ ᠵᠢᠨ ᠵᠤᠷᠢᠭ ᠰᠠᠨᠠᠭ᠎ᠠ ᠵᠢ ᠪᠦᠬᠦ ᠲᠠᠯ᠎ᠠ᠎ᠪᠠᠷ ᠨᠠᠢ᠌ᠳᠠᠪᠤᠷᠢᠵᠢᠭᠤᠯᠵᠤ᠂ ᠠᠷᠠᠳ᠎ᠤᠨ ᠠᠮᠢᠳᠤᠷᠠᠯ᠎ᠤᠨ ᠲᠤᠬᠠᠢ ᠦᠢ᠍ᠯᠡᠴᠢᠯᠡᠬᠡ ᠵᠢᠨ ᠲᠡᠬᠡᠳᠤ ᠬᠡᠮᠵᠢᠶᠡᠨ᠎ᠤ ᠬᠦᠭᠵᠢᠯᠳᠡ᠎ᠪᠠᠷ ᠭᠤᠤᠯ ᠪᠤᠯᠭ᠋ᠠᠨ᠂ ᠬᠠᠡᠭᠭ᠋ᠠᠯᠭ᠎ᠠ ᠵᠢᠨ ᠲᠠᠯ᠎ᠠ ᠵᠢᠨ ᠪᠦᠳᠤᠴᠨ ᠵᠢᠨ ᠴᠢᠨᠠᠷᠳᠠᠢ ᠦᠬᠡᠷᠡᠴᠢᠯᠡᠯᠳᠡ ᠵᠢᠨ ᠭᠤᠤᠯ ᠱᠤᠭᠤᠮ᠎ᠤᠨ ᠲᠤᠭᠤᠷᠢᠨ᠎ᠳᠤ ᠦᠨᠳᠤᠰᠤᠨ ᠠᠷᠠᠳ᠎ᠤᠨ ᠠᠮᠢᠳᠤᠷᠠᠯ᠎ᠤᠨ ᠱᠤᠭᠤᠮ᠎ᠢ ᠪᠠᠳᠤ ᠰᠠᠬᠢᠵᠤ᠂ ᠦᠨᠳᠤᠰᠤᠨ ᠠᠮᠢᠳᠤᠷᠠᠯ᠎ᠤᠨ ᠪᠠᠳᠤᠯᠠᠭ᠎ᠠ᠂ ᠦᠨᠳᠤᠰᠤᠨ ᠱᠠᠳᠤᠨ᠎ᠤ ᠨᠡᠢ᠌ᠬᠡᠮ᠎ᠤᠨ ᠵᠠᠰᠠᠨ ᠴᠡᠭᠴᠡᠯᠡᠯᠳᠡ᠂ ᠦᠨᠳᠤᠰᠤᠨ ᠨᠡᠢ᠌ᠬᠡᠮ᠎ᠤᠨ ᠦᠢ᠍ᠯᠡᠴᠢᠯᠡᠬᠡ ᠵᠡᠷᠬᠡ ᠡᠬᠦᠷᠬᠡ᠎ᠪᠠᠨ ᠰᠠᠢ᠌ᠳᠤᠷ ᠬᠦᠢ᠍ᠴᠡᠳᠬᠡᠨ᠂ ᠪᠦᠬᠦ ᠤᠷᠤᠨ᠎ᠤ ᠠᠷᠠᠳ᠎ᠤᠨ ᠶᠠᠪᠤᠳᠠᠯ᠎ᠤᠨ ᠦᠢ᠍ᠯᠡᠰ᠎ᠤᠨ ᠦᠨᠳᠤᠷ ᠴᠢᠨᠰᠠᠭ᠎ᠠ᠎ᠲᠠᠢ ᠬᠦᠭᠵᠢᠬᠦ ᠵᠢ ᠬᠦᠳᠤᠯᠤᠨ ᠠᠬᠢᠭᠤᠯᠵᠤ᠂ ᠠᠷᠠᠳ ᠤᠯᠠᠨ᠎ᠤ ᠰᠠᠢ᠌ᠨ ᠰᠠᠢ᠌ᠬᠠᠨ ᠠᠮᠢᠳᠤᠷᠠᠯ᠎ᠤᠨ ᠬᠡᠷᠡᠭᠴᠡᠬᠡ ᠵᠢ ᠬᠠᠡᠭᠭ᠋ᠠᠬᠤ ᠪᠤᠯᠤᠨ᠎ᠠ᠃
ᠰᠤᠷᠪᠤᠯᠵᠢᠯᠠᠬ᠍ᠴᠢ᠄ 《ᠠᠷᠪᠠᠨ ᠲᠦᠷᠪᠡᠳᠤᠬᠡᠷ ᠲᠠᠪᠤᠨ ᠵᠢᠯ》᠎ᠤᠨ ᠬᠤᠭᠤᠴᠠᠭ᠋ᠠᠨ᠎ᠳᠤ ᠦᠪᠤᠷ ᠮᠤᠡᠭᠭᠤᠯ ᠦᠨᠳᠤᠰᠤᠨ ᠠᠷᠠᠳ᠎ᠤᠨ ᠠᠮᠢᠳᠤᠷᠠᠯ᠎ᠤᠨ ᠪᠠᠳᠤᠯᠠᠭ᠎ᠠ ᠵᠢᠨ ᠲᠠᠯ᠎ᠠ᠎ᠪᠠᠷ ᠶᠠᠮᠠᠷ ᠶᠠᠮᠠᠷ ᠠᠷᠭ᠎ᠠ ᠪᠠᠢ᠌ᠨ᠎ᠠ ᠪᠤᠢ?
ᠭᠤᠤ ᠵᠢᠶᠠᠨ ᠬᠤᠸᠨ᠄ 《ᠠᠷᠪᠠᠨ ᠲᠦᠷᠪᠡᠳᠤᠬᠡᠷ ᠲᠠᠪᠤᠨ ᠵᠢᠯ》᠎ᠤᠨ ᠬᠤᠭᠤᠴᠠᠭ᠋ᠠᠨ᠎ᠳᠤ ᠦᠪᠤᠷ ᠮᠤᠡᠭᠭᠤᠯ ᠦᠨᠳᠤᠰᠤᠨ ᠠᠷᠠᠳ᠎ᠤᠨ ᠠᠮᠢᠳᠤᠷᠠᠯ᠎ᠢ ᠪᠠᠳᠤᠯᠠᠬᠤ ᠡᠷᠴᠢᠮ ᠵᠶ᠋ᠡᠨ ᠤᠯᠠᠮ ᠴᠢᠡᠭᠭ᠋ᠠᠳᠬᠠᠵᠤ᠂ ᠪᠠᠳᠤᠯᠠᠭ᠎ᠠ ᠵᠢᠨ ᠬᠢᠷᠢ ᠬᠡᠮᠵᠢᠶ᠎ᠡ᠎ᠪᠠᠨ ᠲᠡᠭᠡᠭᠰᠢᠯᠡᠬᠦᠯᠤᠨ᠂ ᠠᠷᠠᠳ᠎ᠤᠨ ᠠᠮᠢᠳᠤᠷᠠᠯ᠎ᠤᠨ ᠦᠨᠳᠤᠰᠤᠨ᠎ᠠᠴᠠ᠎ᠨᠢ ᠪᠠᠳᠤᠯᠠᠬᠤ ᠠᠮᠤᠷ ᠲᠦᠪᠰᠢᠨ᠎ᠤ ᠲᠤᠤᠷ᠎ᠢ ᠨᠢᠬᠳᠠ ᠰᠦᠯᠵᠢᠬᠦ ᠪᠤᠯᠤᠨ᠎ᠠ᠃
ᠨᠢᠬᠡ ᠲᠠᠯ᠎ᠠ᠎ᠪᠠᠷ᠂ ᠨᠡᠢ᠌ᠬᠡᠮ᠎ᠤᠨ ᠲᠤᠰᠠᠯᠠᠮᠵᠢ ᠵᠢᠨ ᠲᠦᠷᠢᠮ᠎ᠢ ᠰᠠᠢ᠌ᠵᠢᠷᠠᠭᠤᠯᠤᠨ ᠲᠡᠬᠦᠯᠳᠡᠷᠵᠢᠬᠦᠯᠵᠤ᠂ ᠲᠡᠰ ᠪᠠ ᠲᠦᠷᠤᠯ ᠬᠤᠪᠢᠶᠠᠬᠰᠠᠨ ᠨᠡᠢ᠌ᠬᠡᠮ᠎ᠤᠨ ᠲᠤᠰᠠᠯᠠᠮᠵᠢ ᠵᠢᠨ ᠰᠢᠰᠲᠸᠮ᠎ᠢ ᠪᠠᠢ᠌ᠭᠤᠯᠤᠨ᠎ᠠ᠃ ᠬᠤᠳᠠ ᠬᠦᠳᠡᠬᠡ ᠵᠢᠨ ᠨᠠᠭ᠋ᠠᠳᠤ ᠵᠠᠬ᠎ᠠ ᠵᠢᠨ ᠠᠮᠢᠳᠤᠷᠠᠯ᠎ᠤᠨ ᠪᠠᠳᠤᠯᠠᠭ᠎ᠠ᠂ ᠤᠨᠴᠨ ᠬᠦᠴᠢᠷᠳᠡᠯᠳᠡᠢ ᠤᠯᠠᠨ ᠲᠦᠮᠡᠨ᠂ ᠲᠤᠤᠷ᠎ᠠ ᠤᠷᠤᠯᠭ᠎ᠠ᠎ᠲᠠᠢ ᠬᠡᠷ ᠪᠦᠯᠢᠢ ᠲᠤᠬᠳᠠᠭ᠋ᠠᠬᠤ ᠠᠷᠭ᠎ᠠ ᠵᠢ ᠤᠯᠠᠮ ᠲᠡᠬᠦᠯᠳᠡᠷᠵᠢᠬᠦᠯᠵᠤ᠂ ᠨᠡᠢ᠌ᠬᠡᠮ᠎ᠠᠴᠠ ᠲᠤᠰᠠᠯᠠᠬᠤ ᠬᠡᠷ ᠪᠦᠯᠢ ᠵᠢᠨ ᠠᠵᠤ ᠠᠬᠤᠢ ᠵᠢᠨ ᠪᠠᠢ᠌ᠳᠠᠯ᠎ᠢ ᠦᠨᠡᠯᠡᠬᠦ ᠵᠢᠭ᠋ᠠᠯᠳᠠ ᠵᠢᠨ ᠰᠢᠰᠲᠸᠮ᠎ᠢ ᠪᠦᠷᠢᠨᠰᠢᠬᠦᠯᠵᠤ᠂ ᠲᠤᠰᠠᠯᠠᠬᠤ ᠨᠦᠬᠦᠴᠡᠯ᠎ᠢ ᠲᠦᠷᠤᠯ ᠬᠤᠪᠢᠶᠠᠨ ᠲᠤᠳᠤᠷᠬᠠᠢ᠌ᠯᠠᠵᠤ᠂ ᠬᠠᠨᠳᠤᠯᠭ᠋ᠠᠳᠤ ᠴᠢᠨᠠᠷᠲᠠᠢ ᠲᠤᠰᠠᠯᠠᠬᠤ ᠠᠷᠭ᠎ᠠ ᠵᠢ ᠬᠡᠷᠡᠭᠵᠢᠬᠦᠯᠤᠨ᠎ᠡ᠃ ᠨᠡᠢ᠌ᠬᠡᠮ᠎ᠤᠨ ᠲᠤᠰᠠᠯᠠᠮᠵᠢ ᠵᠢᠨ ᠭᠤᠶᠤᠴᠢᠯᠠᠯ᠎ᠢ ᠬᠦᠯᠢᠶᠡᠨ ᠠᠪᠴᠤ ᠪᠠᠢ᠌ᠬᠰᠠᠨ᠎ᠠᠴᠠ᠎ᠨᠢ ᠦᠨᠳᠤᠰᠤᠨ ᠱᠠᠳᠤ ᠴᠠᠭ ᠲᠠᠷᠤᠢ᠎ᠳᠤ᠎ᠨᠢ ᠢᠯᠡᠷᠡᠬᠦᠯᠬᠦ᠂ ᠰᠠᠯᠠᠭ᠎ᠠ ᠮᠦᠴᠢᠷ ᠬᠠᠮᠵᠢᠯᠴᠠᠬᠤ᠂ ᠴᠢᠮᠡᠬᠡ ᠵᠠᠡᠭᠬᠢ᠎ᠪᠠᠨ ᠬᠠᠮᠳᠤ᠎ᠪᠠᠷ ᠡᠳ᠋ᠯᠡᠬᠦ ᠪᠠ ᠨᠢᠬᠦᠯᠡᠰᠤᠡᠭᠭᠦᠢ ᠵᠢᠨ ᠦᠢ᠍ᠯᠡᠰ᠎ᠲᠠᠢ ᠠᠮᠨ ᠰᠡᠬᠡᠷ ᠵᠤᠯᠭ᠋ᠠᠭᠤᠯᠬᠤ ᠲᠡᠢ᠌ᠰᠢ ᠬᠤᠪᠢᠷᠠᠭᠤᠯᠵᠤ᠂ ᠬᠦᠴᠢᠷᠳᠡᠯᠳᠡᠢ ᠤᠯᠠᠨ ᠲᠦᠮᠡᠨ᠎ᠤ ᠱᠠᠭ᠋ᠠᠷᠳᠠᠯᠭ᠎ᠠ ᠵᠢ ᠶᠡᠷᠤᠡᠭᠭᠡᠢ᠌ᠯᠡᠨ ᠦᠨᠡᠯᠡᠬᠦ ᠪᠠ ᠪᠤᠰᠢᠭᠤ ᠲᠦᠷᠬᠡᠨ ᠴᠤᠤᠷᠢᠶᠠᠳᠤᠬᠤ ᠵᠢ ᠪᠡᠶᠡᠯᠡᠬᠦᠯᠤᠨ᠎ᠡ᠃ 《ᠤᠷᠢᠳ ᠵᠶ᠋ᠡᠷ ᠲᠤᠰᠠᠯᠠᠬᠤ》᠂ 《ᠲᠡᠰ ᠬᠤᠪᠢᠶᠠᠨ ᠬᠢᠨᠠᠨ ᠵᠦᠪᠰᠢᠶᠡᠷᠡᠬᠦ》᠂ 《ᠨᠢᠬᠡ᠎ᠨᠢ ᠬᠦᠯᠢᠶᠡᠨ ᠠᠪᠤᠪᠠᠯ ᠪᠤᠰᠤᠳ᠎ᠨᠢ ᠬᠠᠮᠵᠢᠯᠴᠠᠨ ᠰᠢᠢ᠍ᠳᠪᠤᠷᠢᠯᠡᠬᠦ》 ᠵᠡᠷᠬᠡ ᠲᠤᠬᠳᠠᠭ᠋ᠠᠯ᠎ᠢ ᠪᠦᠬᠦ ᠲᠠᠯ᠎ᠠ᠎ᠪᠠᠷ ᠬᠡᠷᠡᠭᠵᠢᠬᠦᠯᠬᠦ ᠵᠢᠨ ᠤᠯᠠᠮ᠎ᠠᠴᠠ ᠬᠦᠴᠢᠷᠳᠡᠯᠳᠡᠢ ᠤᠯᠠᠨ ᠲᠦᠮᠡᠨ᠎ᠤ ᠲᠤᠰᠠᠯᠠᠮᠵᠢ ᠭᠤᠶᠤᠴᠢᠯᠠᠬᠤ ᠪᠤᠳᠠᠳᠠᠢ ᠬᠡᠷᠡᠭᠴᠡᠬᠡᠳᠤ ᠲᠦᠬᠦᠮ ᠦᠵᠡᠬᠦᠯᠵᠤ᠂ ᠡᠷᠤᠬᠡ ᠠᠮᠨ ᠵᠢᠨ ᠬᠢᠵᠠᠭ᠋ᠠᠷᠯᠠᠯ᠎ᠢ ᠡᠪᠳᠡᠵᠤ᠂ ᠰᠦᠯᠵᠢᠶ᠎ᠡ᠎ᠪᠠᠷ ᠪᠤᠶᠤ ᠨᠡᠬᠦᠳᠡᠯ ᠬᠤᠯᠪᠤᠭ᠎ᠠ ᠵᠢᠨ ᠪᠠᠭ᠋ᠠᠵᠢ᠎ᠪᠠᠷ ᠲᠤᠰᠠᠯᠠᠮᠵᠢ ᠭᠤᠶᠤᠴᠢᠯᠠᠬᠤ ᠠᠷᠭ᠎ᠠ ᠵᠠᠮ ᠪᠠ ᠴᠢᠮᠡᠬᠡ ᠵᠠᠡᠭᠭᠢ ᠵᠢ ᠬᠠᠷᠭᠤᠭᠤᠯᠬᠤ ᠵᠢ ᠪᠡᠶᠡᠯᠡᠬᠦᠯᠵᠤ᠂ ᠨᠡᠢ᠌ᠬᠡᠮ᠎ᠤᠨ ᠲᠤᠰᠠᠯᠠᠮᠵᠢ ᠵᠢ ᠲᠤᠭᠤᠷᠢᠭ ᠠᠯᠤᠰᠯᠠᠨ ᠭᠤᠶᠤᠴᠢᠯᠠᠬᠤ᠂ ᠨᠢᠬᠡ ᠰᠦᠯᠵᠢᠶ᠎ᠡ᠎ᠪᠠᠷ ᠪᠦᠬᠦᠳᠡ ᠵᠢ ᠭᠦᠢ᠍ᠴᠡᠳᠬᠡᠬᠦ ᠲᠦᠷᠢᠮ᠎ᠢ ᠬᠡᠷᠡᠭᠵᠢᠬᠦᠯᠤᠨ᠂ ᠲᠤᠰᠠᠯᠠᠮᠵᠢ ᠵᠢᠨ ᠴᠠᠭᠴᠢ ᠴᠢᠨᠠᠷ᠎ᠢ ᠨᠡᠮᠡᠭᠳᠡᠬᠦᠯᠬᠦ ᠬᠡᠷᠡᠭᠳᠡᠢ᠃ ᠨᠦᠬᠦᠬᠡ ᠲᠠᠯ᠎ᠠ᠎ᠪᠠᠷ᠂ ᠬᠦᠴᠢᠷᠳᠡᠯᠳᠡᠢ ᠤᠯᠠᠨ ᠲᠦᠮᠡᠨ᠎ᠢ ᠲᠤᠰᠠᠯᠠᠬᠤ ᠪᠡᠯᠨ ᠮᠦᠡᠭᠭᠦ ᠵᠢ ᠨᠡᠮᠡᠭᠳᠡᠬᠦᠯᠬᠦ ᠡᠷᠴᠢᠮ᠎ᠢ ᠯᠠᠪᠳᠠᠭᠤᠨ ᠪᠠᠳᠤᠳᠠᠢ ᠴᠢᠡᠭᠭ᠋ᠠᠷᠠᠭᠤᠯᠵᠤ᠂ ᠦᠨᠳᠤᠰᠤᠨ ᠱᠠᠳᠤᠨ᠎ᠤ ᠨᠡᠢ᠌ᠬᠡᠮ᠎ᠤᠨ ᠲᠤᠰᠠᠯᠠᠮᠵᠢ ᠵᠢᠨ ᠠᠵᠢᠯ᠎ᠤᠨ ᠴᠢᠨᠰᠠᠭ᠎ᠠ ᠵᠢ ᠲᠡᠭᠡᠭᠰᠢᠯᠡᠬᠦᠯᠤᠨ᠂ ᠲᠤᠰᠬᠤᠨ (ᠭᠠᠴᠠᠭ᠎ᠠ)᠎ᠤ ᠱᠠᠳᠤᠨ᠎ᠳᠤ ᠨᠡᠢ᠌ᠬᠡᠮ᠎ᠤᠨ ᠲᠤᠰᠠᠯᠠᠮᠵᠢ᠎ᠳᠤ ᠬᠠᠮᠵᠢᠬ᠍ᠴᠢ ᠲᠤᠬᠢᠷᠠᠭᠤᠯᠬᠤ ᠪᠠ ᠲᠤᠰᠠᠯᠠᠮᠵᠢ ᠦᠵᠡᠬᠦᠯᠬᠦ ᠡᠳᠡᠬᠡᠳ ᠬᠠᠷᠢᠴᠠᠡᠭᠭᠤᠢ ᠤᠯᠠᠨ ᠲᠤᠰᠬᠤᠨ (ᠭᠠᠴᠠᠭ᠎ᠠ᠂ ᠨᠡᠢ᠌ᠬᠡᠮ ᠲᠤᠭᠤᠷᠢᠭ)᠎ᠳᠤ ᠨᠡᠢ᠌ᠬᠡᠮ᠎ᠤᠨ ᠲᠤᠰᠠᠯᠠᠮᠵᠢ ᠵᠢᠨ. ᠦᠢ᠍ᠯᠡᠴᠢᠯᠡᠬᠡᠨ᠎ᠤ ᠦᠷᠳᠡᠬᠡ (ᠴᠡᠭ) ᠪᠠᠢ᠌ᠭᠤᠯᠬᠤ ᠲᠤᠷᠰᠢᠯᠳᠠ ᠵᠢᠨ ᠴᠡᠭ᠎ᠤᠨ ᠠᠵᠢᠯ᠎ᠢ ᠪᠦᠬᠦ ᠲᠠᠯ᠎ᠠ᠎ᠪᠠᠷ ᠠᠬᠢᠭᠤᠯᠵᠤ᠂ ᠵᠡᠬᠡᠯᠢ ᠭᠤᠳᠤᠮᠵᠢ (ᠰᠢᠶᠠᠡᠭ ᠪᠠᠯᠭ᠋ᠠᠰᠤ᠂ ᠰᠤᠮᠤ) ᠪᠤᠯᠤᠨ ᠬᠦᠴᠢᠷᠳᠡᠯᠳᠡᠢ ᠤᠯᠠᠨ ᠲᠦᠮᠡᠨ᠎ᠤ ᠲᠤᠰᠠᠯᠠᠮᠵᠢ ᠵᠢᠨ ᠨᠡᠢ᠌ᠬᠡᠮᠴᠢᠯᠡᠭᠰᠡᠨ ᠬᠡᠯᠪᠡᠷᠢ ᠵᠢᠨ ᠦᠢ᠍ᠯᠡᠴᠢᠯᠡᠬᠡᠨ᠎ᠤ ᠦᠷᠳᠡᠬᠡ (ᠴᠡᠭ) ᠵᠢ ᠢᠳᠡᠪᠬᠢᠳᠡᠢ᠎ᠪᠠᠷ ᠰᠦᠪᠡᠭᠴᠢᠯᠡᠨ᠎ᠡ᠃ ᠨᠡᠢ᠌ᠬᠡᠮ᠎ᠤᠨ ᠲᠤᠰᠠᠯᠠᠮᠵᠢ ᠵᠢᠨ ᠠᠷᠭ᠎ᠠ ᠵᠢ ᠲᠠᠰᠤᠷᠠᠯ ᠦᠬᠡᠢ ᠰᠢᠨᠡᠳᠭᠡᠵᠤ᠂ ᠦᠢ᠍ᠯᠡᠴᠢᠯᠡᠬᠡᠨ᠎ᠤ ᠲᠦᠷᠤᠯ᠎ᠤᠨ ᠨᠡᠢ᠌ᠬᠡᠮ᠎ᠤᠨ ᠲᠤᠰᠠᠯᠠᠮᠵᠢ ᠵᠢ ᠢᠳᠡᠪᠬᠢᠳᠡᠢ ᠬᠦᠭᠵᠢᠬᠦᠯᠵᠤ᠂ 《ᠡᠳ᠋ ᠪᠤᠳᠠᠰ + ᠦᠢ᠍ᠯᠡᠴᠢᠯᠡᠬᠡᠨ》᠎ᠤ ᠬᠡᠯᠪᠡᠷᠢ ᠪᠦᠬᠦᠢ ᠲᠤᠰᠠᠯᠠᠮᠵᠢ ᠵᠢᠨ ᠠᠷᠭ᠎ᠠ ᠵᠢ ᠪᠤᠢ ᠪᠤᠯᠭ᠋ᠠᠨ᠂ ᠲᠤᠰᠠᠯᠠᠮᠵᠢ ᠵᠢᠨ ᠪᠠᠳᠤᠯᠠᠭ᠎ᠠ ᠵᠢᠨ ᠬᠠᠨᠳᠤᠯᠭ᠋ᠠᠳᠤ ᠴᠢᠨᠠᠷ ᠪᠠ ᠤᠨᠤᠪᠴᠢᠳᠠᠢ ᠰᠢᠨᠵᠢ ᠵᠢ ᠪᠠᠳᠤᠯᠠᠨ᠎ᠠ᠃
ᠰᠤᠷᠪᠤᠯᠵᠢᠯᠠᠬ᠍ᠴᠢ᠄ 《ᠠᠷᠪᠠᠨ ᠲᠦᠷᠪᠡᠳᠤᠬᠡᠷ ᠲᠠᠪᠤᠨ ᠵᠢᠯ》᠎ᠤᠨ ᠬᠤᠭᠤᠴᠠᠭ᠋ᠠᠨ᠎ᠳᠤ ᠦᠪᠤᠷ ᠮᠤᠡᠭᠭᠤᠯ ᠦᠨᠳᠤᠰᠤᠨ ᠱᠠᠳᠤᠨ᠎ᠤ ᠨᠡᠢ᠌ᠬᠡᠮ᠎ᠤᠨ ᠵᠠᠰᠠᠯᠳᠠ ᠵᠢ ᠶᠠᠮᠠᠷ ᠠᠷᠭ᠎ᠠ᠎ᠪᠠᠷ ᠢᠳᠡᠪᠬᠢᠳᠡᠢ ᠴᠢᠡᠭᠭ᠋ᠠᠳᠬᠠᠬᠤ ᠪᠠ ᠰᠢᠨᠡᠳᠬᠡᠬᠦ ᠪᠤᠢ?
ᠭᠤᠤ ᠵᠢᠶᠠᠨ ᠬᠤᠸᠨ᠄ 《ᠠᠷᠪᠠᠨ ᠲᠦᠷᠪᠡᠳᠤᠬᠡᠷ ᠲᠠᠪᠤᠨ ᠵᠢᠯ》᠎ᠤᠨ ᠬᠤᠭᠤᠴᠠᠭ᠋ᠠᠨ᠎ᠳᠤ ᠦᠪᠤᠷ ᠮᠤᠡᠭᠭᠤᠯ᠎ᠤᠨ ᠨᠡᠢ᠌ᠬᠡᠮ᠎ᠤᠨ ᠵᠠᠰᠠᠯᠳᠠ ᠵᠢᠨ ᠰᠢᠰᠲᠸᠮ ᠪᠤᠯᠤᠨ ᠵᠠᠰᠠᠯᠳᠠ ᠵᠢᠨ ᠴᠢᠳᠠᠪᠤᠷᠢ ᠵᠢᠨ ᠤᠳᠤᠬᠢᠴᠢᠯᠠᠬᠰᠠᠨ ᠪᠦᠳᠦᠬᠡᠨ ᠪᠠᠢ᠌ᠭᠤᠯᠤᠯᠳᠠ ᠵᠢ ᠠᠬᠢᠭᠤᠯᠬᠤ ᠵᠢᠨ ᠲᠦᠯᠤᠬᠡ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠲᠢᠡᠭᠬᠢᠮ᠎ᠨᠢ ᠦᠨᠳᠤᠰᠤᠨ ᠱᠠᠳᠤᠨ᠎ᠤ ᠨᠡᠢ᠌ᠬᠡᠮ᠎ᠤᠨ ᠵᠠᠰᠠᠯᠳᠠ ᠵᠢᠨ ᠬᠢᠷᠢ ᠬᠡᠮᠵᠢᠶ᠎ᠡ ᠵᠢ ᠲᠠᠷᠠᠭ᠋ᠠᠬᠢ ᠬᠡᠳᠤᠨ ᠲᠠᠯ᠎ᠠ᠎ᠪᠠᠷ ᠢᠳᠡᠪᠬᠢᠳᠡᠢ ᠲᠡᠭᠡᠭᠰᠢᠯᠡᠬᠦᠯᠤᠨ᠎ᠡ᠃
ᠨᠢᠬᠡ᠎ᠳᠤ᠂ ᠬᠤᠳᠠ ᠬᠦᠳᠡᠬᠡ ᠵᠢᠨ ᠨᠡᠢ᠌ᠬᠡᠮ᠎ᠤᠨ ᠰᠠᠭᠤᠷᠢ ᠲᠦᠬᠦᠬᠡᠷᠤᠮᠵᠢ ᠵᠢᠨ ᠪᠦᠳᠦᠬᠡᠨ ᠪᠠᠢ᠌ᠭᠤᠯᠤᠯᠳᠠ ᠵᠢ ᠰᠢᠨᠵᠢᠯᠡᠬᠦ ᠤᠬᠠᠭ᠋ᠠᠨᠴᠢ᠎ᠪᠠᠷ ᠪᠠᠢ᠌ᠷᠢᠰᠢᠭᠤᠯᠵᠤ᠂ ᠤᠶᠤᠨᠯᠢᠭ ᠨᠡᠢ᠌ᠬᠡᠮ ᠲᠤᠭᠤᠷᠢᠭ᠎ᠢ ᠪᠠᠢ᠌ᠭᠤᠯᠬᠤ ᠲᠤᠷᠰᠢᠯᠳᠠ ᠵᠢᠨ ᠴᠡᠭ᠎ᠢ ᠦᠷᠨᠢᠬᠦᠯᠤᠨ᠎ᠡ᠃ ᠬᠤᠳᠠ ᠪᠠᠯᠭ᠋ᠠᠰᠤ ᠵᠢᠨ ᠨᠡᠢ᠌ᠬᠡᠮ ᠲᠤᠭᠤᠷᠢᠭ᠂ ᠤᠨᠴᠠᠭ᠋ᠠᠢ᠌ᠯᠠᠨ ᠬᠠᠭᠤᠴᠢᠨ ᠰᠠᠭᠤᠭ᠋ᠠᠯᠢ ᠲᠤᠭᠤᠷᠢᠭ᠎ᠤᠨ ᠰᠠᠭᠤᠷᠢ ᠲᠦᠬᠦᠬᠡᠷᠤᠮᠵᠢ ᠵᠢᠨ ᠪᠦᠳᠦᠬᠡᠨ ᠪᠠᠢ᠌ᠭᠤᠯᠤᠯᠳᠠ ᠵᠢ ᠢᠳᠡᠪᠬᠢᠳᠡᠢ ᠨᠦᠬᠦᠪᠤᠷᠢᠯᠡᠵᠤ᠂ ᠬᠤᠳᠠ ᠪᠠᠯᠭ᠋ᠠᠰᠤ ᠵᠢᠨ ᠨᠡᠢ᠌ᠬᠡᠮ ᠲᠤᠭᠤᠷᠢᠭ᠎ᠤᠨ ᠰᠠᠭᠤᠷᠢ ᠲᠦᠬᠦᠬᠡᠷᠤᠮᠵᠢ ᠵᠢᠨ ᠪᠦᠳᠦᠬᠡᠨ ᠪᠠᠢ᠌ᠭᠤᠯᠤᠯᠳᠠ ᠵᠢ ᠨᠡᠢ᠌ᠳᠡᠮ ᠪᠦᠷᠬᠦᠬᠦᠯᠬᠦ᠎ᠪᠠᠷ ᠴᠢᠷᠮᠠᠢ᠌ᠵᠤ᠂ ᠬᠦᠳᠡᠬᠡ ᠲᠤᠰᠬᠤᠨ ᠮᠠᠯᠵᠢᠬᠤ ᠤᠷᠤᠨ᠎ᠤ ᠨᠡᠢ᠌ᠬᠡᠮ ᠲᠤᠭᠤᠷᠢᠭ᠎ᠤᠨ ᠪᠦᠳᠦᠬᠡᠨ ᠪᠠᠢ᠌ᠭᠤᠯᠤᠯᠳᠠ ᠵᠢ ᠤᠯᠠᠮ ᠴᠢᠡᠭᠭ᠋ᠠᠳᠬᠠᠵᠤ᠂ ᠬᠦᠳᠡᠬᠡ ᠲᠤᠰᠬᠤᠨ ᠮᠠᠯᠵᠢᠬᠤ ᠤᠷᠤᠨ᠎ᠤ ᠬᠡᠷ᠎ᠲᠤ᠎ᠪᠠᠨ ᠬᠤᠴᠤᠷᠤᠬᠰᠠᠨ ᠨᠠᠰᠤᠳᠠᠳ᠂ ᠬᠡᠷ᠎ᠲᠤ᠎ᠪᠠᠨ ᠬᠤᠴᠤᠷᠤᠬᠰᠠᠨ ᠬᠡᠤᠬᠡᠳ ᠪᠠ ᠪᠤᠰᠤᠳ ᠬᠦᠴᠢᠷᠳᠡᠯᠳᠡᠢ ᠤᠯᠠᠨ ᠲᠦᠮᠡᠨ᠎ᠢ ᠬᠠᠷᠠᠭ᠋ᠠᠯᠵᠠᠬᠤ᠂ ᠲᠡᠳᠬᠦᠬᠦ᠎ᠪᠠᠷ ᠭᠤᠤᠯᠳᠠᠯᠭ᠎ᠠ ᠪᠤᠯᠭ᠋ᠠᠨ ᠬᠦᠳᠡᠬᠡ ᠲᠤᠰᠬᠤᠨ ᠮᠠᠯᠵᠢᠬᠤ ᠤᠷᠤᠨ᠎ᠤ ᠨᠡᠢ᠌ᠬᠡᠮ ᠲᠤᠭᠤᠷᠢᠭ᠎ᠤᠨ ᠦᠢ᠍ᠯᠡᠴᠢᠯᠡᠬᠡᠨ᠎ᠤ ᠬᠢᠷᠢ ᠬᠡᠮᠵᠢᠶ᠎ᠡ ᠵᠢ ᠲᠡᠭᠡᠭᠰᠢᠯᠡᠬᠦᠯᠤᠨ᠎ᠡ᠃ ᠬᠤᠶᠠᠷ᠎ᠲᠤ᠂ ᠨᠡᠢ᠌ᠬᠡᠮ᠎ᠤᠨ ᠵᠤᠬᠢᠶᠠᠨ ᠪᠠᠢ᠌ᠭᠤᠯᠤᠯᠳᠠ ᠵᠢ ᠪᠤᠢ᠌ᠵᠢᠭᠤᠯᠬᠤ ᠡᠷᠴᠢᠮ ᠵᠶ᠋ᠡᠨ ᠴᠢᠡᠭᠭ᠋ᠠᠷᠠᠭᠤᠯᠵᠤ᠂ ᠨᠡᠢ᠌ᠬᠡᠮ᠎ᠤᠨ ᠵᠤᠬᠢᠶᠠᠨ ᠪᠠᠢ᠌ᠭᠤᠯᠤᠯᠳᠠ᠎ᠨᠢ ᠨᠡᠢ᠌ᠬᠡᠮ ᠠᠵᠤ ᠠᠬᠤᠢ ᠵᠢᠨ ᠬᠦᠭᠵᠢᠯᠳᠡ᠎ᠳᠤ ᠬᠤᠪᠢ ᠨᠡᠮᠡᠷᠢ ᠦᠵᠡᠬᠦᠯᠬᠦ ᠵᠢ ᠢᠳᠡᠪᠬᠢᠳᠡᠢ᠎ᠪᠠᠷ ᠬᠦᠳᠤᠯᠤᠨᠡ᠃ ᠨᠡᠢ᠌ᠬᠡᠮ᠎ᠤᠨ ᠵᠤᠬᠢᠶᠠᠨ ᠪᠠᠢ᠌ᠭᠤᠯᠤᠯᠳᠠ ᠵᠢ ᠬᠢᠨᠠᠨ ᠵᠦᠪᠰᠢᠶᠡᠷᠡᠬᠦ᠂ ᠬᠢᠨᠠᠨ ᠬᠠᠮᠢᠶᠠᠷᠬᠤ ᠦᠬᠡᠷᠡᠴᠢᠯᠡᠯᠳᠡ ᠵᠢ ᠬᠦᠨᠵᠡᠬᠡᠢ᠌ᠷᠡᠬᠦᠯᠵᠤ᠂ ᠨᠡᠢ᠌ᠬᠡᠮ᠎ᠤᠨ ᠵᠤᠬᠢᠶᠠᠨ ᠪᠠᠢ᠌ᠭᠤᠯᠤᠯᠳᠠ ᠵᠢᠨ ᠤᠷᠤᠨ ᠨᠤᠳᠤᠭ᠎ᠤᠨ ᠰᠢᠨᠵᠢ᠎ᠲᠠᠢ ᠲᠦᠷᠤ ᠵᠢᠨ ᠪᠤᠳᠤᠯᠭ᠎ᠠ ᠬᠠᠤᠯᠢ ᠲᠦᠷᠢᠮ᠎ᠤᠨ ᠲᠦᠬᠦᠷᠵᠢᠯᠳᠡ ᠵᠢ ᠲᠦᠷᠬᠡᠳᠬᠡᠵᠤ᠂ ᠨᠡᠢ᠌ᠬᠡᠮ᠎ᠤᠨ ᠵᠤᠬᠢᠶᠠᠨ ᠪᠠᠢ᠌ᠭᠤᠯᠤᠯᠳᠠ ᠵᠢᠨ ᠰᠢᠭᠤᠳ ᠲᠠᠡᠭᠰᠠᠯᠠᠭᠤᠯᠬᠤ ᠬᠦᠷᠢᠶ᠎ᠡ ᠬᠡᠪᠴᠢᠶ᠎ᠡ ᠵᠢ ᠨᠠᠷᠢᠰᠬᠠᠵᠤ᠂ ᠲᠤᠬᠠᠢ᠌ᠯᠠᠬᠰᠠᠨ ᠠᠵᠢᠯ᠎ᠤᠨ ᠡᠪᠯᠡᠯ ᠬᠤᠳᠠᠯᠳᠤᠭ᠋ᠠᠴᠢᠨ᠎ᠤ ᠡᠪᠯᠡᠯ᠎ᠤᠨ ᠲᠦᠷᠤᠯ᠂ ᠰᠢᠨᠵᠢᠯᠡᠬᠦ ᠮᠡᠷᠬᠡᠵᠢᠯ᠎ᠤᠨ ᠲᠦᠷᠤᠯ᠂ ᠨᠡᠢ᠌ᠳᠡ ᠵᠢᠨ ᠠᠰᠠᠷᠠᠮᠵᠢ ᠨᠢᠬᠦᠯᠡᠰᠤᠡᠭᠭᠦᠢ ᠵᠢᠨ ᠲᠦᠷᠤᠯ᠂ ᠬᠤᠳᠠ ᠬᠦᠳᠡᠬᠡ ᠵᠢᠨ ᠨᠡᠢ᠌ᠬᠡᠮ ᠲᠤᠭᠤᠷᠢᠭ᠎ᠤᠨ ᠦᠢ᠍ᠯᠡᠴᠢᠯᠡᠬᠡᠨ᠎ᠤ ᠲᠦᠷᠤᠯ᠎ᠤᠨ ᠨᠡᠢ᠌ᠬᠡᠮ᠎ᠤᠨ ᠵᠤᠬᠢᠶᠠᠨ ᠪᠠᠢ᠌ᠭᠤᠯᠤᠯᠳᠠ ᠵᠢ ᠰᠢᠭᠤᠳ ᠲᠠᠡᠭᠰᠠᠯᠠᠭᠤᠯᠬᠤ ᠪᠤᠯᠭ᠋ᠠᠨ᠎ᠠ᠃ ᠨᠡᠢ᠌ᠬᠡᠮ᠎ᠤᠨ ᠵᠤᠬᠢᠶᠠᠨ ᠪᠠᠢ᠌ᠭᠤᠯᠤᠯᠳᠠ ᠵᠢᠨ ᠬᠦᠭᠵᠢᠯᠳᠡ ᠵᠢ ᠲᠡᠮᠵᠢᠬᠦ ᠪᠠ ᠨᠡᠢ᠌ᠬᠡᠮ᠎ᠤᠨ ᠵᠤᠬᠢᠶᠠᠨ ᠪᠠᠢ᠌ᠭᠤᠯᠤᠯᠳᠠ ᠦᠢ᠍ᠯᠡᠳᠤᠯ ᠵᠶ᠋ᠡᠨ ᠪᠠᠳᠠᠷᠠᠭᠤᠯᠬᠤ ᠵᠢ ᠬᠠᠷᠠᠭ᠋ᠠᠯᠵᠠᠬᠤ ᠲᠦᠷᠤ ᠵᠢᠨ ᠪᠤᠳᠤᠯᠭ᠎ᠠ ᠵᠢ ᠲᠡᠬᠦᠯᠳᠡᠷᠵᠢᠬᠦᠯᠵᠤ᠂ ᠨᠡᠢ᠌ᠬᠡᠮ᠎ᠤᠨ ᠵᠤᠬᠢᠶᠠᠨ ᠪᠠᠢ᠌ᠭᠤᠯᠤᠯᠳᠠ ᠵᠢ ᠦᠨᠡᠯᠡᠬᠦ ᠲᠤᠬᠳᠠᠯᠴᠠᠭ᠎ᠠ ᠵᠢ ᠪᠦᠷᠢᠨᠰᠢᠬᠦᠯᠤᠨ᠎ᠡ᠃ ᠭᠤᠷᠪᠠ᠎ᠳᠤ᠂ ᠬᠦᠮᠦᠨ ᠠᠮᠨ ᠲᠤᠭᠤᠷᠢᠭ ᠠᠯᠤᠰᠯᠠᠨ᠂ ᠭᠠᠵᠠᠷ ᠤᠷᠤᠨ ᠠᠯᠤᠰᠯᠠᠨ ᠨᠡᠬᠦᠬᠦ ᠪᠤᠯᠤᠨ ᠬᠦᠮᠦᠨ ᠪᠠ ᠡᠷᠤᠬᠡ ᠠᠮᠨ ᠵᠢᠨ ᠲᠠᠡᠭᠰᠠ ᠵᠢ ᠰᠠᠯᠭ᠋ᠠᠬᠤ᠂ ᠬᠦᠮᠦᠨ ᠪᠠ ᠭᠠᠵᠠᠷ ᠰᠢᠷᠤᠢ ᠵᠢ ᠰᠠᠯᠭ᠋ᠠᠬᠤ ᠵᠡᠷᠬᠡ ᠰᠢᠨ᠎ᠡ ᠪᠠᠢ᠌ᠳᠠᠯ᠎ᠳᠤ ᠵᠤᠬᠢᠴᠠᠭᠤᠯᠤᠨ᠂ ᠤᠷᠤᠭ ᠲᠠᠡᠭᠰᠠᠯᠠᠭᠤᠯᠬᠤ ᠵᠢ ᠬᠦᠨᠳᠡᠯᠡᠨ ᠭᠠᠵᠠᠷ ᠬᠦᠢ᠍ᠴᠡᠳᠬᠡᠬᠦ ᠠᠵᠢᠯ᠎ᠢ ᠢᠳᠡᠪᠬᠢᠳᠡᠢ ᠦᠷᠨᠢᠬᠦᠯᠵᠤ᠂ ᠤᠷᠤᠭ ᠲᠠᠡᠭᠰᠠᠯᠠᠭᠤᠯᠬᠤ ᠵᠢ ᠠᠷᠠᠳ᠎ᠲᠤ ᠲᠦᠬᠦᠮ ᠪᠤᠯᠭ᠋ᠠᠬᠤ ᠦᠢ᠍ᠯᠡᠴᠢᠯᠡᠬᠡᠨ᠎ᠤ ᠰᠢᠰᠲᠸᠮ᠎ᠢ ᠲᠡᠬᠦᠯᠳᠡᠷᠵᠢᠬᠦᠯᠤᠨ᠎ᠡ᠃ ᠲᠦᠷᠪᠡ᠎ᠳᠤ᠂ ᠤᠷᠤᠰᠢᠭᠤᠯᠭ᠎ᠠ ᠵᠢᠨ ᠦᠬᠡᠷᠡᠴᠢᠯᠡᠯᠳᠡ ᠵᠢ ᠦᠷᠬᠦᠯᠵᠢᠯᠡᠨ ᠠᠬᠢᠭᠤᠯᠵᠤ᠂ ᠤᠳᠤ ᠪᠠᠢ᠌ᠭ᠎ᠠ ᠤᠷᠤᠰᠢᠭᠤᠯᠭ᠎ᠠ ᠵᠢᠨ ᠲᠦᠬᠦᠬᠡᠷᠤᠮᠵᠢ ᠵᠢ ᠡᠮᠬᠢ ᠴᠡᠭᠴᠡ᠎ᠲᠠᠢ ᠨᠡᠢ᠌ᠯᠡᠬᠦᠯᠬᠦ ᠪᠠ ᠭᠠᠵᠠᠷ ᠤᠷᠤᠨ ᠠᠯᠤᠰᠯᠠᠨ ᠠᠰᠢᠬᠯᠠᠨ᠎ᠠ᠃ ᠤᠷᠤᠰᠢᠭᠤᠯᠭ᠎ᠠ ᠵᠢᠨ ᠦᠢ᠍ᠯᠡᠴᠢᠯᠡᠬᠡᠨ᠎ᠤ ᠪᠠᠢ᠌ᠭᠤᠯᠤᠯᠳᠠ ᠵᠢᠨ ᠡᠷᠴᠢᠮ᠎ᠢ ᠴᠢᠡᠭᠭ᠋ᠠᠡᠷᠠᠭᠤᠯᠵᠤ᠂ ᠠᠷᠠᠳ᠎ᠢ ᠬᠠᠷᠠᠭ᠋ᠠᠯᠵᠠᠬᠤ ᠤᠷᠤᠰᠢᠭᠤᠯᠭ᠎ᠠ ᠵᠢᠨ ᠬᠠᠰᠤᠵᠤ ᠬᠡᠯᠳᠤᠷᠢᠬᠦᠯᠬᠦ ᠬᠦᠷᠢᠶ᠎ᠡ ᠬᠡᠪᠴᠢᠶ᠎ᠡ ᠵᠢ ᠢᠳᠡᠭ ᠢᠳᠡᠭ ᠵᠶ᠋ᠡᠷ ᠦᠷᠬᠡᠳᠬᠡᠨ᠂ ᠦᠢ᠍ᠯᠡᠴᠢᠯᠡᠬᠡᠨ᠎ᠤ ᠲᠦᠷᠤᠯ ᠵᠶ᠋ᠡᠨ ᠨᠡᠮᠡᠭᠳᠡᠬᠦᠯᠤᠨ᠂ ᠪᠠᠳᠤᠯᠠᠭ᠎ᠠ ᠵᠢᠨ ᠪᠠᠷᠢᠮᠵᠢᠶ᠎ᠠ ᠵᠢ ᠲᠡᠭᠡᠭᠰᠢᠯᠡᠬᠦᠯᠤᠨ᠎ᠡ᠃ ᠲᠠᠪᠤ᠎ᠳᠤ᠂ ᠨᠠᠮ᠎ᠤᠨ ᠤᠳᠤᠷᠢᠳᠤᠬᠰᠠᠨ ᠵᠠᠰᠠᠭ ᠵᠠᠬᠢᠷᠭ᠋ᠠᠨᠢ ᠬᠤᠪᠢᠶᠠᠷᠢᠯᠠᠯ᠎ᠤᠨ ᠠᠵᠢᠯ᠎ᠤᠨ ᠪᠠᠢ᠌ᠭᠤᠯᠤᠮᠵᠢ ᠵᠢᠨ ᠲᠤᠬᠳᠠᠯᠴᠠᠭ᠎ᠠ ᠵᠢ ᠤᠯᠠᠮ ᠪᠦᠷᠢᠨᠰᠢᠬᠦᠯᠵᠤ᠂ ᠭᠤᠤᠯ ᠬᠤᠳᠠ ᠲᠤᠭᠤᠷᠢᠭ ᠪᠤᠯᠤᠨ ᠬᠤᠳᠠ ᠵᠢᠨ ᠰᠦᠷᠦᠭᠵᠢᠯ᠎ᠤᠨ ᠶᠡᠷᠤᠡᠭᠭᠡᠢ᠌ᠯᠡᠭᠰᠡᠨ ᠲᠠᠭ᠋ᠠᠭ᠋ᠠᠴᠨ ᠪᠠ ᠡᠬᠢ ᠪᠠᠶᠠᠯᠢᠭ᠎ᠢ ᠰᠢᠯᠢᠳᠡᠭᠵᠢᠬᠦᠯᠵᠤ ᠵᠤᠬᠢᠴᠠᠭᠤᠯᠬᠤ ᠴᠢᠳᠠᠪᠤᠷᠢ ᠵᠢ ᠲᠡᠭᠡᠭᠰᠢᠯᠡᠬᠦᠯᠤᠨ᠂ ᠬᠤᠳᠠ᠂ ᠬᠤᠳᠠ ᠵᠢᠨ ᠬᠠᠷᠢᠶ᠎ᠠ ᠲᠤᠭᠤᠷᠢᠭ᠎ᠤᠨ ᠬᠦᠷᠢᠶ᠎ᠡ ᠬᠡᠪᠴᠢᠶ᠎ᠡ ᠪᠠ ᠪᠦᠳᠤᠴᠨ ᠵᠢ ᠵᠤᠬᠢᠰᠳᠠᠢ ᠲᠤᠬᠢᠷᠠᠭᠤᠯᠤᠨ᠎ᠠ᠃ ᠦᠪᠡᠷᠳᠡᠬᠡᠨ ᠵᠠᠰᠠᠬᠤ ᠤᠷᠤᠨ᠂ ᠠᠢ᠌ᠮᠠᠭ ᠬᠤᠳᠠ᠂ ᠬᠤᠰᠢᠭᠤ ᠰᠢᠶᠠᠨ (ᠬᠤᠳᠠ᠂ ᠲᠤᠭᠤᠷᠢᠭ) ᠭᠤᠷᠪᠠᠨ ᠲᠡᠰ᠎ᠤᠨ ᠬᠤᠪᠢᠶᠠᠷᠢᠯᠠᠯ᠎ᠤᠨ ᠭᠠᠵᠠᠷ᠎ᠤᠨ ᠨᠡᠷ᠎ᠡ ᠵᠢᠨ ᠲᠤᠭ᠎ᠠ ᠪᠠᠷᠢᠮᠳᠠ ᠵᠢᠨ ᠡᠬᠢ ᠪᠠᠶᠠᠯᠢᠭ᠎ᠢ ᠬᠠᠮᠳᠤ᠎ᠪᠠᠷ ᠡᠳ᠋ᠯᠡᠬᠦ ᠰᠢᠰᠲᠸᠮ᠎ᠤᠨ ᠪᠠᠢ᠌ᠭᠤᠯᠤᠯᠳᠠ ᠵᠢ ᠲᠦᠷᠬᠡᠳᠬᠡᠵᠤ᠂ ᠵᠠᠭ᠋ᠠᠭ ᠱᠤᠭᠤᠮ᠎ᠢ ᠬᠠᠮᠢᠶᠠᠷᠴᠤ ᠬᠠᠮᠠᠭ᠋ᠠᠯᠠᠬᠤ ᠠᠷᠭ᠎ᠠ ᠪᠠ ᠠᠴᠢᠶᠠᠯᠠᠪᠤᠷᠢ ᠵᠢ ᠰᠢᠨᠡᠴᠢᠯᠡᠨ ᠰᠦᠪᠡᠭᠴᠢᠯᠡᠵᠤ᠂ ᠵᠠᠭ᠋ᠠᠭ ᠬᠢᠵᠠᠭ᠋ᠠᠷ ᠤᠷᠤᠨ᠎ᠤ ᠡᠶ᠎ᠡ ᠵᠤᠬᠢᠴᠠᠯ ᠲᠤᠬᠳᠠᠭᠤᠨ᠎ᠢ ᠬᠠᠮᠠᠭ᠋ᠠᠯᠠᠨ᠎ᠠ᠃
ᠰᠤᠷᠪᠤᠯᠵᠢᠯᠠᠬ᠍ᠴᠢ ᠄ ᠨᠠᠮ᠎ᠤᠨ ᠠᠷᠪᠠ ᠶᠢᠰᠤᠳᠤᠬᠡᠷ ᠬᠤᠭᠤᠴᠠᠭ᠋ᠠᠨ᠎ᠤ ᠲᠠᠪᠤᠳᠤᠭ᠋ᠠᠷ ᠪᠦᠬᠦᠳᠡ ᠬᠤᠷᠠᠯ᠎ᠳᠤ ᠬᠦᠮᠦᠨ ᠠᠮᠨ ᠵᠢᠨ ᠨᠠᠰᠤᠵᠢᠵᠤ ᠪᠠᠢ᠌ᠭ᠎ᠠ ᠵᠢ ᠢᠳᠡᠪᠬᠢᠳᠡᠢ ᠠᠷᠭ᠋ᠠᠴᠠᠭ᠋ᠠᠬᠤ ᠤᠯᠤᠰ᠎ᠤᠨ ᠪᠠᠢ᠌ᠯᠳᠤᠬᠤ ᠪᠤᠳᠤᠯᠭ᠎ᠠ ᠵᠢ ᠬᠡᠷᠡᠭᠵᠢᠬᠦᠯᠤᠨ᠎ᠡ ᠭᠡᠵᠤ ᠲᠤᠷᠠᠳᠤᠯ᠎ᠠ᠂ 《ᠠᠷᠪᠠᠨ ᠲᠦᠷᠪᠡᠳᠤᠬᠡᠷ ᠲᠠᠪᠤᠨ ᠵᠢᠯ》᠎ᠤᠨ ᠬᠤᠭᠤᠴᠠᠭ᠋ᠠᠨ᠎ᠳᠤ ᠦᠪᠤᠷ ᠮᠤᠡᠭᠭᠤᠯ ᠨᠠᠰᠤᠵᠢᠯ᠎ᠤᠨ ᠦᠢ᠍ᠯᠡᠴᠢᠯᠡᠬᠡᠨ᠎ᠤ ᠬᠦᠭᠵᠢᠯᠳᠡ ᠵᠢ ᠠᠬᠢᠭᠤᠯᠬᠤ ᠲᠠᠯ᠎ᠠ᠎ᠪᠠᠷ ᠶᠠᠮᠠᠷ ᠲᠦᠯᠦᠪᠵᠢᠬᠦᠯᠬᠡ ᠪᠠᠢ᠌ᠳᠠᠭ ᠪᠤᠯ?
ᠭᠤᠤ ᠵᠢᠶᠠᠨ ᠬᠤᠸᠨ᠄ 《ᠠᠷᠪᠠᠨ ᠲᠦᠷᠪᠡᠳᠤᠬᠡᠷ ᠲᠠᠪᠤᠨ ᠵᠢᠯ》᠎ᠤᠨ ᠬᠤᠭᠤᠴᠠᠭ᠋ᠠᠨ᠎ᠳᠤ ᠦᠪᠤᠷ ᠮᠤᠡᠭᠭᠤᠯ᠎ᠨᠢ ᠬᠦᠮᠦᠨ ᠠᠮᠨ ᠵᠢᠨ ᠨᠠᠰᠤᠵᠢᠵᠤ ᠪᠠᠢ᠌ᠭ᠎ᠠ ᠵᠢ ᠢᠳᠡᠪᠬᠢᠳᠡᠢ ᠠᠷᠭ᠋ᠠᠴᠠᠭ᠋ᠠᠬᠤ ᠤᠯᠤᠰ᠎ᠤᠨ ᠪᠠᠢ᠌ᠯᠳᠤᠬᠤ ᠪᠤᠳᠤᠯᠭ᠎ᠠ᠎ᠪᠠᠷ ᠠᠵᠨ ᠲᠤᠬᠢᠶᠠᠯ ᠪᠤᠯᠭ᠋ᠠᠨ ᠬᠡᠷ᠎ᠲᠤ᠎ᠪᠠᠨ ᠰᠠᠭᠤᠬᠤ ᠪᠠ ᠨᠡᠢ᠌ᠬᠡᠮ ᠲᠤᠭᠤᠷᠢᠭ᠎ᠤᠨ ᠪᠠᠢ᠌ᠭᠤᠯᠤᠮᠵᠢ ᠬᠠᠷᠢᠯᠴᠠᠨ ᠵᠤᠬᠢᠴᠠᠯᠳᠤᠬᠰᠠᠨ᠂ ᠡᠮᠴᠢᠯᠡᠵᠤ ᠬᠠᠷᠠᠭ᠋ᠠᠯᠵᠠᠬᠤ ᠪᠠ ᠡᠷᠡᠬᠦᠯᠵᠢᠬᠦᠯᠵᠤ ᠬᠠᠷᠠᠭ᠋ᠠᠯᠵᠠᠬᠤ ᠵᠢ ᠬᠠᠷᠢᠯᠴᠠᠨ ᠤᠶᠠᠯᠳᠤᠭᠤᠯᠤᠬᠰᠠᠨ ᠦᠨᠳᠤᠰᠤᠨ ᠨᠠᠰᠤᠵᠢᠯ᠎ᠤᠨ ᠦᠢ᠍ᠯᠡᠴᠢᠯᠡᠬᠡᠨ᠎ᠤ ᠰᠢᠰᠲᠸᠮ᠎ᠤᠨ ᠪᠠᠢ᠌ᠭᠤᠯᠤᠯᠳᠠ᠎ᠪᠠᠨ ᠲᠦᠷᠬᠡᠳᠬᠡᠨ᠎ᠡ᠃
ᠡᠡᠭ ᠲᠡᠷᠢᠬᠦᠨ᠎ᠳᠤ᠂ ᠨᠡᠢ᠌ᠬᠡᠮ ᠲᠤᠭᠤᠷᠢᠭ᠎ᠤᠨ ᠨᠠᠰᠤᠵᠢᠯ᠎ᠤᠨ ᠦᠢ᠍ᠯᠡᠴᠢᠯᠡᠬᠡᠨ᠎ᠤ ᠲᠦᠬᠦᠬᠡᠷᠤᠮᠵᠢ ᠵᠢᠨ ᠪᠦᠳᠦᠬᠡᠨ ᠪᠠᠢ᠌ᠭᠤᠯᠤᠯᠳᠠ ᠵᠢ ᠴᠢᠡᠭᠭ᠋ᠠᠳᠬᠠᠵᠤ᠂ ᠨᠠᠰᠤᠳᠠᠢ᠌ᠴᠤᠤᠨᠢ ᠬᠡᠷ᠎ᠲᠤ᠎ᠪᠠᠨ ᠰᠠᠭᠤᠵᠤ ᠪᠠᠢ᠌ᠭ᠋ᠠᠳ ᠨᠡᠢ᠌ᠬᠡᠮ ᠲᠤᠭᠤᠷᠢᠭ᠎ᠤᠨ ᠵᠤᠭ᠎ᠠ ᠴᠡᠡᠭᠭᠡᠯᠢ ᠡᠳ᠋ᠯᠡᠬᠦ ᠪᠤᠯᠭ᠋ᠠᠨ᠎ᠠ᠃ 2022 ᠤᠨ ᠪᠤᠯᠳᠠᠯ᠎ᠠ ᠲᠦᠬᠦᠷᠵᠢᠭᠰᠡᠨ ᠨᠠᠰᠣᠵᠢᠯ᠎ᠤᠨ ᠦᠢ᠍ᠯᠡᠴᠢᠯᠡᠬᠡᠨ᠎ᠤ ᠲᠦᠬᠦᠬᠡᠷᠤᠮᠵᠢ ᠵᠢᠨ ᠪᠠᠷᠢᠮᠵᠢᠶ᠎ᠠ ᠵᠢ 100%᠎ᠳᠤ ᠬᠦᠷᠬᠡᠨ᠎ᠡ᠃ ᠬᠠᠭᠤᠴᠢᠨ ᠬᠤᠳᠠ ᠲᠤᠭᠤᠷᠢᠭ ᠪᠠ ᠨᠢᠬᠡᠨᠳᠡ ᠪᠠᠢ᠌ᠭᠤᠯᠤᠬᠰᠠᠨ ᠰᠠᠭᠤᠭ᠋ᠠᠯᠢ ᠲᠤᠭᠤᠷᠢᠭ᠎ᠲᠤ ᠨᠠᠰᠤᠵᠢᠯ᠎ᠤᠨ ᠦᠢ᠍ᠯᠡᠴᠢᠯᠡᠬᠡᠨ᠎ᠤ ᠲᠦᠬᠦᠬᠡᠷᠤᠮᠵᠢ ᠦᠬᠡᠢ ᠪᠤᠶᠤ ᠤᠳᠤ ᠪᠠᠢ᠌ᠭ᠎ᠠ ᠪᠡᠯᠡᠳᠬᠡᠯ ᠲᠦᠬᠦᠬᠡᠷᠤᠮᠵᠢ᠎ᠨᠢ ᠲᠦᠯᠦᠪᠵᠢᠬᠦᠯᠬᠡ ᠵᠢᠨ ᠱᠠᠭ᠋ᠠᠷᠳᠠᠯᠭ᠎ᠠ᠎ᠳᠤ ᠬᠦᠷᠬᠦ ᠦᠬᠡᠢ ᠪᠤᠯ ᠬᠤᠳᠠᠯᠳᠤᠨ ᠠᠪᠬᠤ᠂ ᠰᠤᠯᠢᠬᠤ ᠵᠡᠷᠬᠡ ᠠᠷᠭ᠎ᠠ᠎ᠪᠠᠷ ᠲᠦᠬᠦᠷᠵᠢᠬᠦᠯᠤᠨᠡ᠃ ᠰᠠᠭᠤᠭ᠋ᠠᠯᠢ ᠨᠡᠢ᠌ᠬᠡᠮ ᠲᠤᠭᠤᠷᠢᠭ᠎ᠤᠨ ᠨᠠᠰᠤᠵᠢᠯ᠎ᠤᠨ ᠦᠢ᠍ᠯᠡᠴᠢᠯᠡᠬᠡᠨ᠎ᠤ ᠲᠤᠳᠠᠭᠤᠳᠠᠯ᠎ᠢ ᠲᠦᠷᠬᠡᠨ ᠨᠦᠬᠦᠪᠤᠷᠢᠯᠡᠵᠤ᠂ ᠪᠠᠷᠢᠮᠵᠢᠶ᠎ᠠ᠎ᠳᠤ ᠰᠢᠰᠲᠸᠮ᠎ᠢ ᠲᠡᠬᠦᠯᠳᠡᠷᠵᠢᠬᠦᠯᠤᠨ᠂ ᠦᠢ᠍ᠯᠡᠴᠢᠯᠡᠬᠡᠨ᠎ᠤ ᠠᠭᠤᠯᠭ᠎ᠠ ᠵᠢ ᠪᠠᠶᠠᠯᠢᠬ᠍ᠵᠢᠭᠤᠯᠵᠤ᠂ ᠦᠢ᠍ᠯᠡᠴᠢᠯᠡᠬᠡ᠎ᠪᠠᠨ ᠤᠯᠠᠮ ᠲᠦᠬᠦᠮ ᠲᠦᠳᠡ ᠪᠤᠯᠭ᠋ᠠᠵᠤ᠂ ᠨᠡᠢ᠌ᠬᠡᠮ ᠲᠤᠭᠤᠷᠢᠭ᠎ᠤᠨ ᠬᠤᠭᠤᠯᠨ ᠤᠮᠳᠠ ᠬᠠᠡᠭᠭ᠋ᠠᠬᠤ᠂ ᠴᠡᠪᠡᠷᠯᠡᠬᠡ ᠬᠢᠵᠤ ᠦᠭᠭᠦ᠂ ᠪᠡᠶ᠎ᠡ ᠵᠢ᠎ᠨᠢ ᠤᠬᠢᠶᠠᠵᠤ ᠦᠭᠭᠦ᠂ ᠶᠠᠪᠤᠵᠤ ᠰᠠᠭᠤᠬᠤ᠎ᠳᠤ᠎ᠨᠢ ᠬᠠᠪᠰᠤᠷᠬᠤ ᠵᠡᠷᠬᠡ ᠦᠢ᠍ᠯᠡᠴᠢᠯᠡᠬᠡᠨ᠎ᠤ ᠪᠦᠷᠬᠦᠴᠨ ᠵᠢ ᠢᠳᠡᠭ ᠢᠳᠡᠭ ᠵᠶ᠋ᠡᠷ ᠲᠡᠭᠡᠭᠰᠢᠯᠡᠬᠦᠯᠤᠨ᠎ᠡ᠃ 2022 ᠤᠨ ᠪᠤᠯᠳᠠᠯ᠎ᠠ ᠡᠯ᠎ᠡ ᠭᠠᠵᠠᠷ᠎ᠤᠨ ᠨᠡᠢ᠌ᠬᠡᠮ ᠲᠤᠭᠤᠷᠢᠭ᠎ᠤᠨ ᠡᠳᠤᠷ᠎ᠲᠤ᠎ᠪᠠᠨ ᠠᠰᠠᠷᠠᠨ ᠬᠠᠷᠠᠭ᠋ᠠᠯᠵᠠᠬᠤ ᠪᠠᠢ᠌ᠭᠤᠯᠤᠮᠵᠢ ᠵᠢᠨ ᠪᠦᠷᠬᠦᠴᠨ ᠵᠢ 90%᠎ᠠᠴᠠ ᠲᠡᠭᠡᠭᠰᠢ ᠪᠤᠯᠭ᠋ᠠᠵᠤ᠂ ᠰᠠᠭᠤᠭ᠋ᠠᠯᠢ ᠨᠡᠢ᠌ᠬᠡᠮ ᠲᠤᠭᠤᠷᠢᠭ᠎ᠤᠨ ᠨᠠᠰᠤᠵᠢᠯ᠎ᠤᠨ ᠪᠠᠴᠢᠮ ᠠᠪᠤᠷᠠᠯᠳᠠ ᠵᠢᠨ ᠰᠢᠰᠲᠸᠮ᠎ᠢ ᠨᠡᠢ᠌ᠳᠡᠮ᠎ᠳᠤ᠎ᠨᠢ 《ᠨᠢᠬᠡ ᠮᠦᠴᠨ》 ᠵᠢᠨ ᠲᠤᠳᠤᠷ᠎ᠠ ᠬᠦᠷᠬᠡᠬᠦ᠎ᠪᠠᠷ ᠪᠠᠢ᠌ᠭᠤᠯᠵᠤ᠂ ᠬᠡᠷ᠎ᠲᠤ᠎ᠳᠤ ᠰᠠᠭᠤᠬᠤ ᠨᠠᠰᠤᠵᠢᠯ᠎ᠤᠨ ᠦᠢ᠍ᠯᠡᠴᠢᠯᠡᠬᠡᠨ᠎ᠤ ᠲᠤᠭᠤᠷᠢᠭ᠎ᠢ ᠦᠨᠳᠤᠰᠤᠨᠨᠳᠤᠨᠢ ᠪᠠᠢ᠌ᠭᠤᠯᠤᠨ᠎ᠠ᠃ ᠲᠠᠷᠠᠭ᠎ᠠ᠎ᠨᠢ᠂ ᠬᠦᠳᠡᠬᠡ ᠲᠤᠰᠬᠤᠨ᠎ᠤ ᠨᠠᠰᠤᠵᠢᠯ᠎ᠤᠨ ᠦᠢ᠍ᠯᠡᠴᠢᠯᠡᠬᠡᠨ᠎ᠢ ᠴᠢᠡᠭᠭ᠋ᠠᠳᠬᠠᠵᠤ᠂ ᠬᠦᠳᠡᠬᠡ ᠲᠤᠰᠬᠤᠨ᠎ᠤ ᠬᠡᠷ᠎ᠲᠤ᠎ᠪᠠᠨ ᠬᠤᠴᠤᠷᠤᠬᠰᠠᠨ ᠨᠠᠰᠤᠳᠠᠢ᠌ᠴᠤᠳ᠎ᠢ ᠬᠠᠯᠠᠮᠵᠢᠯᠠᠬᠤ ᠦᠢ᠍ᠯᠡᠴᠢᠯᠡᠬᠡᠨ᠎ᠤ ᠰᠢᠰᠲᠸᠮ᠎ᠢ ᠲᠡᠬᠦᠯᠳᠡᠷᠵᠢᠬᠦᠯᠤᠨ᠂ ᠬᠠᠷᠢᠯᠴᠠᠨ ᠬᠠᠪᠰᠤᠷᠤᠯᠴᠠᠬᠤ ᠮᠠᠶᠢᠭ᠎ᠤᠨ ᠨᠠᠰᠤᠵᠢᠯ᠎ᠤᠨ ᠦᠢ᠍ᠯᠡᠴᠢᠯᠡᠬᠡᠨ᠎ᠤ ᠪᠡᠯᠡᠳᠬᠡᠯ ᠲᠦᠬᠦᠬᠡᠷᠤᠮᠵᠢ ᠵᠢᠨ ᠪᠦᠳᠦᠬᠡᠨ ᠪᠠᠢ᠌ᠭᠤᠯᠤᠯᠳᠠ ᠵᠢ ᠴᠢᠡᠭᠭ᠋ᠠᠳᠬᠠᠵᠤ᠂ ᠬᠦᠳᠡᠬᠡ ᠲᠤᠰᠬᠤᠨ᠎ᠳᠤ ᠬᠠᠷᠢᠯᠴᠠᠨ ᠬᠠᠪᠰᠤᠷᠤᠯᠴᠠᠬᠤ ᠵᠤᠯ ᠵᠢᠷᠭ᠋ᠠᠯᠳᠤ ᠬᠦᠷᠢᠶᠡᠯᠡᠡᠭ᠂ ᠨᠠᠰᠤᠳᠠᠢ᠌ᠴᠤᠳ᠎ᠢ ᠬᠠᠪᠰᠤᠷᠬᠤ ᠬᠦᠷᠢᠶᠡᠯᠡᠡᠭ ᠵᠡᠷᠬᠡ ᠠᠷᠭ᠎ᠠ᠎ᠪᠠᠷ ᠬᠦᠳᠡᠬᠡ ᠲᠤᠰᠬᠤᠨ᠎ᠤ ᠨᠠᠰᠤᠳᠠᠢ᠌ᠴᠤᠳ᠎ᠢ ᠦᠳᠡᠯᠤᠬᠡ ᠨᠠᠰᠤ᠎ᠪᠠᠨ ᠠᠮᠤᠷ ᠵᠢᠷᠭ᠋ᠠᠯᠳᠠᠢ ᠦᠡᠭᠭᠡᠷᠡᠬᠦᠯᠬᠦ ᠪᠤᠯᠭ᠋ᠠᠨ᠎ᠠ᠃ ᠭᠤᠷᠪᠠ᠎ᠳᠤ᠂ ᠨᠠᠰᠤᠵᠢᠯ᠎ᠤᠨ ᠪᠠᠢ᠌ᠭᠤᠯᠤᠮᠵᠢ ᠵᠢ ᠠᠵᠢᠯ᠎ᠤᠨ ᠴᠢᠳᠠᠪᠤᠷᠢ ᠪᠠ ᠤᠢ ᠪᠢᠯᠢᠭ ᠵᠶ᠋ᠡᠨ ᠠᠯᠳᠠᠬᠰᠠᠨ ᠨᠠᠰᠤᠳᠠᠢ᠌ᠴᠤᠳ᠎ᠢ ᠤᠷᠳᠤ ᠬᠤᠭᠤᠴᠠᠭ᠎ᠠ᠎ᠪᠠᠷ ᠬᠠᠷᠠᠭ᠋ᠠᠯᠵᠠᠬᠤ ᠲᠠᠯ᠎ᠠ᠎ᠪᠠᠷ ᠠᠡᠭᠬᠠᠷᠤᠯ ᠵᠶ᠋ᠡᠨ ᠲᠠᠯᠪᠢᠬᠤ ᠵᠢ ᠬᠦᠳᠤᠯᠤᠨ ᠲᠡᠳᠬᠦᠵᠤ᠂ ᠰᠤᠪᠢᠯᠠᠯᠳᠠ ᠵᠢᠨ ᠰᠢᠨᠵᠢ᠎ᠲᠠᠢ ᠤᠷᠤ ᠪᠤᠶᠤ ᠪᠡᠯᠡᠳᠬᠡᠯ ᠲᠦᠬᠦᠬᠡᠷᠤᠮᠵᠢ ᠵᠢᠨ ᠪᠠᠢ᠌ᠭᠤᠯᠤᠯᠳᠠ᠎ᠪᠠᠨ ᠴᠢᠡᠭᠭ᠋ᠠᠳᠬᠠᠵᠤ᠂ 2022 ᠤᠨ ᠪᠤᠯᠳᠠᠯ᠎ᠠ ᠪᠦᠬᠦ ᠤᠷᠤᠨ᠎ᠤ ᠰᠤᠪᠢᠯᠠᠯᠳᠠ ᠵᠢᠨ ᠰᠢᠨᠵᠢ᠎ᠲᠠᠢ ᠤᠷᠤ ᠵᠢᠨ ᠡᠵᠡᠯᠡᠬᠦ ᠬᠠᠷᠢᠴᠠᠯ᠎ᠨᠢ 50%᠎ᠠᠴᠠ ᠪᠠᠭ᠎ᠠ ᠪᠠᠢ᠌ᠵᠤ ᠪᠤᠯᠬᠤ ᠦᠬᠡᠢ᠃ ᠡᠬᠦᠨ᠎ᠤ ᠬᠠᠮᠳᠤ ᠤᠨᠴᠠᠭ᠋ᠠᠢ ᠬᠦᠴᠢᠷᠳᠡᠯᠳᠡᠢ᠂ ᠠᠵᠢᠯ᠎ᠤᠨ ᠴᠢᠳᠠᠪᠤᠷᠢ᠎ᠪᠠᠨ ᠠᠯᠳᠠᠬᠰᠠᠨ ᠨᠠᠰᠤᠳᠠᠢ᠌ᠴᠤᠳ᠎ᠢ ᠤᠷᠳᠤ ᠬᠤᠭᠤᠴᠠᠭ᠎ᠠ᠎ᠪᠠᠷ ᠦᠨᠳᠤᠰᠤᠨ᠎ᠠᠴᠠ᠎ᠨᠢ ᠠᠰᠠᠷᠠᠨ ᠬᠠᠷᠠᠭ᠋ᠠᠯᠵᠠᠬᠤ ᠪᠠᠳᠤᠯᠠᠭ᠎ᠠ ᠵᠢᠨ ᠲᠦᠷᠤ ᠵᠢᠨ ᠪᠤᠳᠤᠯᠭ᠎ᠠ ᠵᠢ ᠲᠡᠬᠦᠯᠳᠡᠷᠵᠢᠬᠦᠯᠵᠤ᠂ 2022 ᠤᠨ ᠪᠤᠯᠳᠠᠯ᠎ᠠ ᠪᠦᠬᠦ ᠤᠷᠤᠨ᠎ᠤ ᠪᠡᠶ᠎ᠡ᠎ᠪᠠᠨ ᠡᠳ᠋ᠯᠡᠵᠤ ᠡᠷᠬᠢᠴᠡᠬᠦᠯᠵᠤ ᠲᠡᠢ᠌ᠯᠬᠦ ᠦᠬᠡᠢ ᠤᠨᠴᠨ ᠬᠦᠴᠢᠷᠳᠡᠯᠳᠡᠢ ᠬᠦᠮᠦᠰ᠎ᠢ ᠲᠦᠪᠯᠡᠷᠡᠬᠦᠯᠤᠨ ᠠᠰᠠᠷᠠᠬᠤ ᠨᠤᠷᠮ᠎ᠠ ᠵᠢ 60%᠎ᠳᠤ ᠬᠦᠷᠬᠡᠵᠤ᠂ ᠲᠦᠪᠯᠡᠷᠡᠨ ᠠᠰᠠᠷᠠᠭᠤᠯᠬᠤ ᠬᠦᠰᠡᠯ᠎ᠲᠠᠢ ᠤᠨᠴᠨ ᠬᠦᠴᠢᠷᠳᠡᠯᠳᠡᠢ ᠬᠦᠮᠦᠰ᠎ᠢ ᠪᠦᠬᠦᠨ ᠵᠶ᠋ᠡᠷ᠎ᠨᠢ ᠲᠦᠪᠯᠡᠷᠡᠬᠦᠯᠤᠨ ᠠᠰᠠᠷᠠᠨ᠎ᠠ᠃
ᠤᠷᠴᠢᠭᠤᠯᠤᠬ᠍ᠴᠢ ᠵᠢᠨ ᠬᠠᠶᠢᠭ᠄ ᠬᠦᠬᠡᠬᠤᠳᠠ ᠵᠢᠨ ᠮᠤᠡᠭᠭᠤᠯ ᠦᠨᠳᠤᠰᠤᠳᠡᠨ᠎ᠤ ᠰᠤᠷᠭ᠋ᠠᠭᠤᠯᠢ