ᠠᠷᠠᠳ᠎ᠤᠨ ᠰᠦᠯᠵᠢᠶ᠎ᠡ ᠵᠢᠨ ᠪᠡᠬᠡᠵᠢᠡᠭ᠎ᠤᠨ 2 ᠳ᠋ᠤᠭ᠋ᠠᠷ ᠰᠠᠷ᠎ᠠ ᠵᠢᠨ 23᠎ᠤ ᠡᠳᠤᠷ᠎ᠤᠨ ᠮᠡᠳᠡᠬᠡ (ᠸᠠᠡᠭ ᠢᠤᠢ ᠷᠠᠨ)᠄ 23᠎ᠤ ᠡᠳᠤᠷ᠎ᠤᠨ ᠦᠳᠡ ᠵᠢᠨ ᠬᠤᠢ᠌ᠨ᠎ᠠ᠂ ᠲᠦᠷᠤ ᠵᠢᠨ ᠶᠠᠪᠤᠳᠠᠯ᠎ᠤᠨ ᠬᠤᠷᠢᠶᠠᠨ᠎ᠤ ᠰᠤᠨᠢᠨ ᠮᠡᠳᠡᠬᠡᠨ᠎ᠤ ᠠᠯᠪᠠᠨ ᠬᠡᠷ ᠰᠤᠨᠢᠨ ᠮᠡᠳᠡᠬᠡ ᠨᠡᠢ᠌ᠳᠡᠯᠡᠬᠦ ᠬᠤᠷᠠᠯ ᠬᠢᠵᠤ᠂ ᠠᠷᠠᠳ᠎ᠤᠨ ᠶᠠᠪᠤᠳᠠᠯ᠎ᠤᠨ ᠶᠠᠮᠤᠨ᠎ᠤ ᠰᠠᠢ᠌ᠳ ᠯᠢ ᠵᠢᠢ ᠾᠸᠩ᠂ ᠲᠡᠳ᠋ ᠰᠠᠢ᠌ᠳ ᠲᠠᠡᠭ ᠴᠸᠡᠭ ᠫᠸᠢ᠂ ᠭᠤᠤ ᠰᠢᠶᠤᠤ ᠪᠢᠡᠭ᠂ ᠸᠠᠡᠭ ᠠᠢ ᠸᠸᠨ᠂ ᠵᠠᠨ ᠴᠸᠡᠭ ᠹᠦ᠋ ᠨᠠᠷ ᠵᠠᠭᠤᠴᠢᠯᠠᠭᠤᠷ᠎ᠤᠨ ᠰᠤᠷᠪᠤᠯᠵᠢᠯᠠᠬ᠍ᠴᠢ᠎ᠳᠤ ᠠᠷᠠᠳ᠎ᠤᠨ ᠶᠠᠪᠤᠳᠠᠯ᠎ᠤᠨ ᠦᠢ᠍ᠯᠡᠰ᠎ᠤᠨ ᠦᠬᠡᠷᠡᠴᠢᠯᠡᠯᠳᠡ ᠬᠦᠭᠵᠢᠯᠳᠡ ᠵᠢᠨ ᠪᠠᠢ᠌ᠳᠠᠯ᠎ᠢ ᠲᠠᠨᠢᠯᠴᠠᠭᠤᠯᠤᠬᠰᠠᠨ ᠪᠦᠬᠡᠳ ᠰᠤᠷᠪᠤᠯᠵᠢᠯᠠᠬ᠍ᠴᠢ ᠵᠢᠨ ᠠᠰᠠᠭᠤᠯᠳᠠ ᠵᠢ ᠬᠠᠷᠢᠭᠤᠯᠪᠠ᠃
ᠬᠤᠷᠠᠯ ᠲᠡᠬᠡᠷ᠎ᠡ ᠵᠠᠷᠢᠮ ᠰᠤᠷᠪᠤᠯᠵᠢᠯᠠᠬ᠍ᠴᠢ᠄ 《ᠠᠷᠠᠳ᠎ᠤᠨ ᠶᠠᠪᠤᠳᠠᠯ᠎ᠤᠨ ᠶᠠᠮᠤᠨ 2021 ᠤᠨ᠎ᠤ ᠬᠠᠤᠯᠢ ᠪᠤᠰᠤ ᠨᠡᠢ᠌ᠬᠡᠮ᠎ᠤᠨ ᠵᠤᠬᠢᠶᠠᠨ ᠪᠠᠢ᠌ᠭᠤᠯᠤᠯᠳᠠ᠎ᠳᠤ ᠬᠤᠯᠪᠤᠬᠳᠠᠬᠰᠠᠨ ᠠᠡᠭᠬᠠᠨ᠎ᠤ ᠪᠦᠯᠦᠭ ᠨᠡᠷᠡᠰ᠎ᠢ ᠨᠡᠢ᠌ᠳᠡᠯᠡᠪᠡ᠂ ᠡᠳᠡᠬᠡᠷ ᠬᠠᠤᠯᠢ ᠪᠤᠰᠤ ᠨᠡᠢ᠌ᠬᠡᠮ᠎ᠤᠨ ᠵᠤᠬᠢᠶᠠᠨ ᠪᠠᠢ᠌ᠭᠤᠯᠤᠯᠳᠠ ᠵᠢ ᠨᠡᠢ᠌ᠳᠡᠯᠡᠭᠰᠡᠨ᠎ᠤ ᠲᠠᠷᠠᠭ᠎ᠠ ᠬᠡᠷᠬᠢᠨ ᠰᠢᠢ᠍ᠳᠪᠤᠷᠢᠯᠡᠬᠦ ᠪᠤᠢ? ᠡᠡᠭ᠎ᠤᠨ ᠤᠯᠠᠨ ᠲᠦᠮᠡᠨ ᠡᠳᠡᠬᠡᠷ ᠬᠠᠤᠯᠢ ᠪᠤᠰᠤ ᠨᠡᠢ᠌ᠬᠡᠮ᠎ᠤᠨ ᠵᠤᠬᠢᠶᠠᠨ ᠪᠠᠢ᠌ᠭᠤᠯᠤᠯᠳᠠ ᠵᠢ ᠬᠡᠷᠬᠢᠨ ᠢᠯᠭ᠋ᠠᠨ ᠲᠠᠨᠢᠬᠤ ᠪᠤᠢ?》 ᠭᠡᠵᠤ ᠠᠰᠠᠭᠤᠯ᠎ᠠ᠃
ᠵᠠᠨ ᠴᠸᠡᠭ ᠹᠦ᠋ ᠠᠰᠠᠭᠤᠯᠳᠠ ᠵᠢ ᠬᠠᠷᠢᠭᠤᠯᠬᠤ᠎ᠳᠤ᠎ᠪᠠᠨ᠄ ᠠᠷᠠᠳ᠎ᠤᠨ ᠶᠠᠪᠤᠳᠠᠯ᠎ᠤᠨ ᠶᠠᠮᠤᠨ ᠬᠠᠤᠯᠢ ᠪᠤᠰᠤ ᠨᠡᠢ᠌ᠬᠡᠮ᠎ᠤᠨ ᠵᠤᠬᠢᠶᠠᠨ ᠪᠠᠢ᠌ᠭᠤᠯᠤᠯᠳᠠ᠎ᠳᠤ ᠦᠴᠤᠬᠡᠨ ᠴᠦ᠍ ᠢᠯᠳᠡᠷ ᠬᠠᠶᠠᠬᠤ ᠦᠬᠡᠢ᠃ ᠬᠠᠤᠯᠢ ᠪᠤᠰᠤ ᠵᠤᠬᠢᠶᠠᠨ ᠪᠠᠢ᠌ᠭᠤᠯᠤᠯᠳᠠ ᠵᠤᠭᠤᠰ ᠮᠡᠬᠡᠯᠡᠨ ᠡᠳ᠋ ᠠᠰᠢᠭ ᠤᠯᠵᠤ᠂ ᠠᠵᠤ ᠠᠬᠤᠢ ᠨᠡᠢ᠌ᠬᠡᠮ᠎ᠤᠨ ᠡᠮᠬᠢ ᠵᠢᠷᠤᠮ᠎ᠢ ᠰᠠᠮᠠᠭᠤᠷᠠᠭᠤᠯᠵᠤ ᠪᠤᠢ᠂ ᠡᠳᠡᠬᠡᠷ᠎ᠢ ᠴᠡᠪᠡᠷᠯᠡᠬᠦ ᠦᠬᠡᠢ᠂ ᠵᠠᠰᠠᠬᠤ ᠦᠬᠡᠢ᠂ ᠴᠡᠭᠴᠡᠯᠡᠬᠦ ᠦᠬᠡᠢ᠎ᠳᠤ ᠬᠦᠷᠪᠡᠯ 90 ᠲᠦᠮᠨ ᠰᠢᠬᠠᠮ ᠬᠠᠤᠯᠢ ᠶᠤᠰᠤᠨ᠎ᠤ ᠨᠡᠢ᠌ᠬᠡᠮ᠎ᠤᠨ ᠵᠤᠬᠢᠶᠠᠨ ᠪᠠᠢ᠌ᠭᠤᠯᠤᠯᠳᠠ ᠵᠢᠨ ᠡᠷᠬᠡ ᠠᠰᠢᠭ᠎ᠲᠤ ᠬᠠᠯᠳᠠᠬᠰᠠᠨ ᠶᠠᠪᠤᠳᠠᠯ ᠪᠤᠯᠤᠨ᠎ᠠ᠃ ᠬᠠᠤᠯᠢ ᠪᠤᠰᠤ ᠨᠡᠢ᠌ᠬᠡᠮ᠎ᠤᠨ ᠵᠤᠬᠢᠶᠠᠨ ᠪᠠᠢ᠌ᠭᠤᠯᠤᠯᠳᠠ᠎ᠳᠤ ᠴᠤᠬᠢᠯᠳᠠ ᠦᠭᠭᠦ ᠠᠵᠢᠯ᠎ᠢ ᠲᠦᠪᠯᠡᠷᠡᠬᠦᠯᠤᠨ ᠴᠡᠭᠴᠡᠯᠡᠨ ᠵᠠᠰᠠᠵᠤ ᠪᠠᠢ᠌ᠬᠰᠠᠨ᠎ᠠᠴᠠ ᠪᠠᠢ᠌ᠡᠭᠭᠤᠵᠢᠭᠤᠯᠤᠨ ᠵᠠᠰᠠᠬᠤ ᠪᠤᠯᠭ᠋ᠠᠨ ᠬᠤᠪᠢᠷᠠᠭᠤᠯᠤᠨ᠎ᠠ᠃ 《ᠮᠠᠨ᠎ᠤ ᠡᠨᠡ ᠵᠢᠯ᠎ᠤᠨ ᠨᠡᠢ᠌ᠳᠡᠯᠡᠭᠰᠡᠨ ᠠᠡᠭᠬᠠᠨ᠎ᠤ ᠪᠦᠯᠦᠭ ᠬᠠᠤᠯᠢ ᠪᠤᠰᠤ ᠨᠡᠢ᠌ᠬᠡᠮ᠎ᠤᠨ ᠵᠤᠬᠢᠶᠠᠨ ᠪᠠᠢ᠌ᠭᠤᠯᠤᠯᠳᠠ᠎ᠪᠠᠷ ᠰᠡᠵᠢᠭᠯᠡᠭᠳᠡᠭᠰᠡᠨ ᠨᠡᠷᠡᠰ ᠪᠤᠯ ᠪᠠᠢ᠌ᠡᠭᠭᠤᠵᠢᠬᠰᠠᠨ ᠵᠠᠰᠠᠯᠳᠠ ᠵᠢᠨ ᠠᠵᠢᠯ᠎ᠤᠨ ᠴᠢᠬᠤᠯᠨ ᠪᠦᠷᠢᠯᠳᠤᠬᠦᠨ ᠬᠡᠰᠡᠭ ᠪᠤᠯᠤᠨ᠎ᠠ》 ᠬᠡᠵᠡᠢ᠃
ᠵᠠᠨ ᠴᠸᠡᠭ ᠹᠦ᠋ ᠪᠠᠰᠨ᠄ ᠬᠠᠤᠯᠢ ᠪᠤᠰᠤ ᠨᠡᠢ᠌ᠬᠡᠮ᠎ᠤᠨ ᠵᠤᠬᠢᠶᠠᠨ ᠪᠠᠢ᠌ᠭᠤᠯᠤᠯᠳᠠ ᠵᠢ ᠵᠠᠰᠠᠬᠤ ᠪᠤᠯ ᠨᠢᠬᠡ ᠵᠦᠢ᠍ᠯ᠎ᠤᠨ ᠰᠢᠰᠲᠸᠮ᠎ᠳᠤ ᠢᠨᠵᠸᠨ᠋ᠸᠷᠢᠡᠭ ᠮᠥᠨ᠃ ᠬᠠᠤᠯᠢ ᠪᠤᠰᠤ ᠨᠡᠢ᠌ᠬᠡᠮ᠎ᠤᠨ ᠵᠤᠬᠢᠶᠠᠨ ᠪᠠᠢ᠌ᠭᠤᠯᠤᠯᠳᠠ᠎ᠪᠠᠷ ᠰᠡᠵᠢᠭᠯᠡᠭᠳᠡᠭᠰᠡᠨ ᠨᠡᠷᠡᠰ᠎ᠢ ᠨᠡᠢ᠌ᠳᠡᠯᠡᠬᠦ ᠪᠤᠯ ᠬᠠᠮᠤᠭ᠎ᠤᠨ ᠰᠠᠭᠤᠷᠢ ᠴᠢᠨᠠᠷᠳᠠᠢ ᠠᠵᠢᠯ ᠮᠥᠨ᠃ ᠨᠢᠬᠡ ᠲᠠᠯ᠎ᠠ᠎ᠪᠠᠷ᠂ ᠬᠠᠤᠯᠢ ᠪᠤᠰᠤ ᠨᠡᠢ᠌ᠬᠡᠮ᠎ᠤᠨ ᠵᠤᠬᠢᠶᠠᠨ ᠪᠠᠢ᠌ᠭᠤᠯᠤᠯᠳᠠ᠎ᠪᠠᠷ ᠰᠡᠵᠢᠭᠯᠡᠭᠳᠡᠭᠰᠡᠨ ᠨᠡᠷᠡᠰ᠎ᠢ ᠨᠡᠢ᠌ᠳᠡᠯᠡᠬᠦ᠎ᠨᠢ ᠦᠷᠬᠡᠨ ᠤᠯᠠᠨ ᠨᠡᠢ᠌ᠬᠡᠮ᠎ᠤᠨ ᠤᠯᠠᠨ ᠲᠦᠮᠡᠨ᠎ᠳᠤ ᠮᠡᠬᠡᠯᠡᠭᠳᠡᠬᠦ᠎ᠠᠴᠠ ᠰᠡᠷᠬᠡᠢ᠌ᠯᠡᠬᠦ ᠵᠢ ᠰᠠᠨᠠᠭᠤᠯᠬᠤ ᠵᠢᠨ ᠲᠦᠯᠦᠬᠡ ᠶᠤᠮ᠃ ᠨᠦᠢ᠍ᠬᠦᠬᠡ ᠲᠠᠯ᠎ᠠ᠎ᠪᠠᠷ ᠨᠡᠢ᠌ᠬᠡᠮ᠎ᠤᠨ ᠡᠯ᠎ᠡ ᠲᠠᠯ᠎ᠠ ᠵᠢᠨ᠎ᠬᠢᠨ᠎ᠳᠤ ᠬᠠᠤᠯᠢ ᠪᠤᠰᠤ ᠨᠡᠢ᠌ᠬᠡᠮ᠎ᠤᠨ ᠵᠤᠬᠢᠶᠠᠨ ᠪᠠᠢ᠌ᠭᠤᠯᠤᠯᠳᠠ ᠵᠢᠨ ᠠᠵᠢᠯᠯᠠᠭ᠎ᠠ᠎ᠳᠤ ᠬᠤᠯᠪᠤᠬᠳᠠᠬᠤ ᠰᠦᠪᠡᠭᠴᠢ ᠵᠢ ᠬᠠᠡᠭᠭ᠋ᠠᠬᠤ ᠵᠢ ᠬᠦᠰᠡᠵᠤ ᠪᠠᠢ᠌ᠨ᠎ᠠ ᠭᠡᠵᠤ ᠵᠢᠭ᠋ᠠᠵᠤ ᠭᠠᠷᠭ᠋ᠠᠵᠠᠢ᠃
ᠵᠠᠨ ᠴᠸᠡᠭ ᠹᠦ᠋ ᠬᠠᠤᠯᠢ ᠪᠤᠰᠤ ᠨᠡᠢ᠌ᠬᠡᠮ᠎ᠤᠨ ᠵᠤᠬᠢᠶᠠᠨ ᠪᠠᠢ᠌ᠭᠤᠯᠤᠯᠳᠠ ᠵᠢᠨ ᠠᠰᠠᠭᠤᠳᠠᠯ᠎ᠢ ᠬᠡᠷᠬᠢᠨ ᠢᠯᠭ᠋ᠠᠨ ᠲᠠᠨᠢᠬᠤ ᠲᠤᠬᠠᠢ ᠬᠡᠯᠡᠬᠦ᠎ᠳᠤ᠎ᠪᠠᠨ᠄ 《ᠲᠤᠮᠳᠠᠳᠤ ᠤᠯᠤᠰ᠎ᠤᠨ ᠨᠡᠢ᠌ᠬᠡᠮ᠎ᠤᠨ ᠵᠤᠬᠢᠶᠠᠨ ᠪᠠᠢ᠌ᠭᠤᠯᠤᠯᠳᠠ ᠵᠢᠨ ᠵᠠᠰᠠᠭ᠎ᠤᠨ ᠶᠠᠪᠤᠳᠠᠯ᠎ᠤᠨ ᠦᠢ᠍ᠯᠡᠴᠢᠯᠡᠬᠡᠨ᠎ᠤ ᠲᠠᠪᠴᠠᠡᠭ》 ᠪᠠ 《ᠲᠤᠮᠳᠠᠳᠤ ᠤᠯᠤᠰ᠎ᠤᠨ ᠨᠡᠢ᠌ᠬᠡᠮ᠎ᠤᠨ ᠵᠤᠬᠢᠶᠠᠨ ᠪᠠᠢ᠌ᠭᠤᠯᠤᠯᠳᠠ ᠵᠢᠨ ᠬᠦᠳᠡᠯᠤᠡᠭᠭᠦᠢ ᠪᠠᠢ᠌ᠳᠠᠯ》 ᠬᠡᠬᠦ ᠸᠢᠴᠠᠲ᠎ᠤᠨ ᠤᠯᠠᠨ ᠨᠡᠢ᠌ᠳᠡ ᠵᠢᠨ ᠳ᠋ᠤᠭ᠋ᠠᠷ ᠵᠶ᠋ᠡᠷ ᠲᠠᠮᠵᠢᠭᠤᠯᠤᠨ᠂ ᠪᠦᠬᠦ ᠤᠯᠤᠰ᠎ᠤᠨ ᠡᠯ᠎ᠡ ᠭᠠᠵᠠᠷ᠎ᠤᠨ ᠬᠠᠤᠯᠢ ᠶᠤᠰᠤᠭ᠋ᠠᠷ ᠲᠠᠡᠭᠰᠠᠯᠠᠭᠤᠯᠤᠬᠰᠠᠨ ᠨᠡᠢ᠌ᠬᠡᠮ᠎ᠤᠨ ᠵᠤᠬᠢᠶᠠᠨ ᠪᠠᠢ᠌ᠭᠤᠯᠤᠯᠳᠠ ᠴᠦ᠍ ᠨᠡᠷᠡᠰ᠎ᠢ ᠴᠠᠭ ᠲᠤᠬᠠᠢᠳᠤᠨᠢ ᠯᠠᠪᠯᠠᠨ ᠠᠰᠠᠭᠤᠵᠤ᠂ ᠲᠡᠬᠦᠨ᠎ᠤ ᠬᠠᠤᠯᠢ ᠶᠤᠰᠤᠨ᠎ᠤ ᠪᠡᠶ᠎ᠡ ᠵᠢᠨ ᠭᠠᠷᠤᠯ᠎ᠢ ᠬᠠᠷᠭᠤᠭᠤᠯᠤᠨ ᠪᠠᠢ᠌ᠴᠠᠭ᠋ᠠᠵᠤ ᠪᠤᠯᠤᠨ᠎ᠠ᠃ 《ᠨᠡᠷᠡᠰ᠎ᠤᠨ ᠵᠢᠬᠰᠠᠭ᠋ᠠᠯᠳᠠ》᠎ᠠᠴᠠ ᠪᠠᠢ᠌ᠴᠠᠭ᠋ᠠᠵᠤ ᠤᠯᠤᠬᠰᠠᠨ ᠦᠬᠡᠢ ᠨᠡᠢ᠌ᠬᠡᠮ᠎ᠤᠨ ᠵᠤᠬᠢᠶᠠᠨ ᠪᠠᠢ᠌ᠭᠤᠯᠤᠯᠳᠠ ᠪᠦᠬᠦᠨ᠎ᠢ ᠡᠷᠬᠡᠪᠰᠢ ᠬᠢᠴᠢᠶᠡᠬᠦ ᠬᠡᠷᠡᠭᠳᠡᠢ᠂ ᠯᠠᠪᠳᠠᠢ ᠠᠷᠠᠳ᠎ᠤᠨ ᠶᠠᠪᠤᠳᠠᠯ᠎ᠤᠨ ᠰᠠᠯᠠᠭ᠎ᠠ ᠮᠦᠴᠢᠷ᠎ᠤᠨ ᠬᠠᠤᠯᠢ ᠶᠤᠰᠤᠭ᠋ᠠᠷ ᠲᠠᠡᠭᠰᠠᠯᠠᠭᠤᠯᠤᠬᠰᠠᠨ ᠨᠡᠢ᠌ᠬᠡᠮ᠎ᠤᠨ ᠵᠤᠬᠢᠶᠠᠨ ᠪᠠᠢ᠌ᠭᠤᠯᠤᠯᠳᠠ ᠪᠢᠰᠢ ᠶᠤᠮ᠃ ᠢᠡᠭᠬᠢᠵᠤ ᠬᠢᠪᠡᠯ ᠰᠠᠶᠢ ᠮᠡᠬᠡᠯᠡᠭᠳᠡᠬᠦ᠎ᠠᠴᠠ ᠵᠠᠢ᠌ᠯᠠᠰᠬᠢᠵᠤ ᠴᠢᠳᠠᠨ᠎ᠠ》 ᠬᠡᠪᠡ᠃