ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠢᠯᠡ ᠵᠠᠰᠠᠭ   -   ᠲᠥᠷᠥ᠎ᠶᠢᠨ ᠪᠣᠳᠣᠯᠭ᠎ᠠ᠎ᠶᠢᠨ ᠲᠠᠶ᠋ᠢᠯᠤᠮᠵᠢ
ᠠᠷᠠᠳ᠎ᠤᠨ ᠶᠠᠪᠤᠳᠠᠯ᠎ᠤᠨ ᠶᠠᠮᠤᠨ᠎ᠤ ᠬᠠᠮᠢᠶ᠎ᠠ ᠪᠦᠬᠦᠢ ᠲᠤᠪᠴᠢᠶᠠᠨ᠎ᠠᠴᠠ 《ᠬᠡᠥᠬᠡᠳ᠎ᠤᠨ ᠠᠰᠠᠷᠠᠮᠵᠢ ᠵᠢᠨ ᠪᠠᠢ᠌ᠭᠤᠯᠤᠮᠵᠢ ᠵᠢᠨ ᠨᠡᠢ᠌ᠭᠡᠮ᠎ᠤᠨ ᠠᠵᠢᠯ᠎ᠤᠨ ᠦᠢ᠍ᠯᠡᠴᠢᠯᠡᠭᠡᠨ᠎ᠤ ᠳᠦᠷᠢᠮ》᠎ᠤᠨ ᠬᠤᠯᠪᠤᠭᠳᠠᠯ ᠪᠦᠬᠦᠢ ᠠᠰᠠᠭᠤᠳᠠᠯ᠎ᠤᠨ ᠲᠠᠯ᠎ᠠ᠎ᠪᠠᠷ ᠰᠤᠷᠪᠤᠯᠵᠢᠯᠠᠭᠴᠢ᠎ᠳᠤ ᠬᠠᠷᠢᠭᠤᠯᠤᠭᠰᠠᠨ᠎ᠨᠢ
ᠨᠡᠶᠢᠲᠡᠯᠡᠭᠰᠡᠨ ᠴᠠᠭ᠄ 2021-05-28


               《ᠳᠤᠮᠳᠠᠳᠤ ᠤᠯᠤᠰ᠎ᠤᠨ ᠨᠡᠢ᠌ᠭᠡᠮ ᠰᠤᠨᠢᠨ》 2021 ᠤᠨ᠎ᠤ 4 ᠰᠠᠷ᠎ᠠ ᠵᠢᠨ 30

      ᠤᠷᠴᠢᠮᠬᠠᠨ 《ᠬᠡᠥᠬᠡᠳ᠎ᠤᠨ ᠠᠰᠠᠷᠠᠮᠵᠢ ᠵᠢᠨ ᠪᠠᠢ᠌ᠭᠤᠯᠤᠮᠵᠢ ᠵᠢᠨ ᠨᠡᠢ᠌ᠭᠡᠮ᠎ᠤᠨ ᠠᠵᠢᠯ᠎ᠤᠨ ᠦᠢ᠍ᠯᠡᠴᠢᠯᠡᠭᠡᠨ᠎ᠤ ᠳᠦᠷᠢᠮ (MZ/T 167 —2021)》 (ᠳᠤᠷᠤᠭᠰᠢ 《ᠦᠢ᠍ᠯᠡᠴᠢᠯᠡᠭᠡᠨ᠎ᠤ ᠳᠦᠷᠢᠮ》 ᠭᠡᠵᠦ ᠳᠦᠭᠦᠮᠴᠢᠯᠡᠪᠡ)᠎ᠢ ᠠᠷᠠᠳ᠎ᠤᠨ ᠶᠠᠪᠤᠳᠠᠯ᠎ᠤᠨ ᠶᠠᠮᠤᠨ ᠵᠶ᠋ᠠᠷ ᠵᠦᠪᠰᠢᠶᠡᠷᠡᠭᠦᠯᠦᠨ ᠵᠠᠷᠯᠠᠭᠰᠠᠨ ᠪᠦᠭᠡᠳ ᠵᠠᠷᠯᠠᠭᠰᠠᠨ ᠡᠳᠦᠷ᠎ᠠᠴᠠ᠎ᠪᠠᠨ ᠡᠬᠢᠯᠡᠨ ᠬᠡᠷᠡᠭᠵᠢᠭᠦᠯᠵᠡᠢ᠃ ᠠᠷᠠᠳ᠎ᠤᠨ ᠶᠠᠪᠤᠳᠠᠯ᠎ᠤᠨ ᠶᠠᠮᠤᠨ᠎ᠤ ᠬᠠᠮᠢᠶ᠎ᠠ ᠪᠦᠬᠦᠢ ᠵᠤᠷᠭ᠋ᠠᠨ ᠲᠤᠪᠴᠢᠶ᠎ᠠ᠎ᠠᠴᠠ 《ᠦᠢ᠍ᠯᠡᠴᠢᠯᠡᠭᠡᠨ᠎ᠤ ᠳᠦᠷᠢᠮ》᠎ᠤᠨ ᠬᠤᠯᠪᠤᠭᠳᠠᠯ ᠪᠦᠬᠦᠢ ᠠᠰᠠᠭᠤᠳᠠᠯ᠎ᠤᠨ ᠲᠠᠯ᠎ᠠ᠎ᠪᠠᠷ ᠰᠤᠷᠪᠤᠯᠵᠢᠯᠠᠭᠴᠢ᠎ᠳᠤ ᠬᠠᠷᠢᠭᠤᠯᠵᠠᠢ᠃
    ᠰᠤᠷᠪᠤᠯᠵᠢᠯᠠᠭᠴᠢ᠄ 2006 ᠤᠨ᠎ᠳᠤ᠂ ᠨᠠᠮ᠎ᠤᠨ ᠠᠷᠪᠠᠨ ᠵᠢᠷᠭᠤᠳᠤᠭ᠋ᠠᠷ ᠬᠤᠭᠤᠴᠠᠭ᠋ᠠᠨ᠎ᠤ ᠲᠦᠪ ᠬᠤᠷᠢᠶᠠᠨ᠎ᠤ ᠵᠢᠷᠭᠤᠳᠤᠭ᠋ᠠᠷ ᠪᠦᠭᠦᠳᠡ ᠬᠤᠷᠠᠯ᠎ᠠᠴᠠ 《ᠨᠡᠢ᠌ᠭᠡᠮ᠎ᠤᠨ ᠠᠵᠢᠯ᠎ᠤᠨ ᠴᠢᠳᠠᠪᠤᠷᠢᠲᠠᠨ᠎ᠤ ᠠᠰᠤᠷᠤ ᠶᠡᠬᠡ ᠡᠩᠨᠡᠭᠡ ᠵᠢ ᠪᠠᠢ᠌ᠭᠤᠯᠬᠤ》 ᠬᠦᠨᠳᠦ ᠴᠢᠬᠤᠯᠠ ᠰᠢᠢ᠍ᠳᠪᠦᠷᠢ ᠭᠠᠷᠭ᠋ᠠᠭᠰᠠᠨ᠎ᠤ ᠳᠠᠷᠠᠭ᠎ᠠ᠂ ᠮᠠᠨ᠎ᠤ ᠤᠯᠤᠰ᠎ᠤᠨ ᠨᠡᠢ᠌ᠭᠡᠮ᠎ᠤᠨ ᠠᠵᠢᠯ ᠲᠦᠷᠭᠡᠨ ᠬᠦᠭᠵᠢᠯᠲᠡ ᠵᠢᠨ ᠵᠠᠮ᠎ᠳᠤ᠎ᠪᠠᠨ ᠤᠷᠤᠵᠠᠢ᠃ ᠡᠨᠡᠬᠦ ᠶᠠᠪᠤᠴᠠ᠎ᠳᠤ ᠬᠡᠥᠬᠡᠳ᠎ᠤᠨ ᠠᠰᠠᠷᠠᠮᠵᠢ ᠵᠢᠨ ᠪᠠᠢ᠌ᠭᠤᠯᠤᠮᠵᠢ ᠵᠢᠨ᠎ᠬᠢᠨ᠎ᠤ ᠨᠡᠢ᠌ᠭᠡᠮ᠎ᠤᠨ ᠠᠵᠢᠯ᠎ᠤᠨ ᠦᠢ᠍ᠯᠡᠴᠢᠯᠡᠭᠡᠨ ᠦᠷᠨᠢᠭᠦᠯᠬᠦ ᠲᠠᠯ᠎ᠠ᠎ᠪᠠᠷ ᠤᠯᠤᠰ᠎ᠠᠴᠠ ᠶᠠᠮᠠᠷᠬᠠᠨ ᠲᠦᠷᠦ ᠵᠢᠨ ᠪᠤᠳᠤᠯᠭ᠎ᠠ ᠵᠢᠨ ᠵᠢᠯᠤᠭᠤᠳᠤᠮᠵᠢ ᠦᠭᠭᠦᠭᠰᠡᠨ ᠪᠤᠢ?
    ᠬᠠᠷᠢᠭᠤᠯᠲᠠ᠄ ᠤᠷᠴᠢᠮ᠎ᠤᠨ ᠵᠢᠯ᠎ᠳᠤ᠂ ᠤᠯᠤᠰ᠎ᠠᠴᠠ ᠬᠡᠥᠬᠡᠳ᠎ᠤᠨ ᠠᠰᠠᠷᠠᠮᠵᠢ ᠵᠢᠨ ᠪᠠᠢ᠌ᠭᠤᠯᠤᠮᠵᠢ ᠵᠢᠨ᠎ᠬᠢᠨ᠎ᠤ ᠨᠡᠢ᠌ᠭᠡᠮ᠎ᠤᠨ ᠠᠵᠢᠯ᠎ᠤᠨ ᠮᠡᠷᠭᠡᠵᠢᠯ᠎ᠤᠨ ᠠᠵᠢᠯᠴᠢᠨ᠎ᠤ ᠪᠠᠢ᠌ᠷᠢ ᠭᠠᠷᠭ᠋ᠠᠬᠤ᠂ ᠨᠡᠢ᠌ᠭᠡᠮ᠎ᠤᠨ ᠠᠵᠢᠯ᠎ᠤᠨ ᠮᠡᠷᠭᠡᠵᠢᠯ᠎ᠤᠨ ᠴᠢᠳᠠᠪᠤᠷᠢᠲᠠᠨ᠎ᠢ ᠬᠦᠮᠦᠵᠢᠭᠦᠯᠬᠦ ᠲᠠᠯ᠎ᠠ᠎ᠪᠠᠷ ᠶᠡᠬᠡ᠎ᠪᠠᠷ ᠬᠦᠨᠳᠦᠳᠬᠡᠨ᠂ ᠤᠯᠠᠨ ᠪᠢᠴᠢᠭ ᠮᠠᠲᠸᠷᠢᠶᠠᠯ᠎ᠳᠤ ᠲᠦᠷᠦ ᠵᠢᠨ ᠪᠤᠳᠤᠯᠭ᠎ᠠ ᠵᠢᠨ ᠵᠢᠯᠤᠭᠤᠳᠤᠮᠵᠢ ᠪᠠ ᠲᠡᠮᠵᠢᠯᠭᠡ ᠦᠵᠡᠭᠦᠯᠦᠭᠰᠡᠨ ᠪᠠᠢ᠌ᠨ᠎ᠠ᠃ 2011 ᠤᠨ᠎ᠳᠤ᠂ ᠠᠷᠠᠳ᠎ᠤᠨ ᠶᠠᠪᠤᠳᠠᠯ᠎ᠤᠨ ᠶᠠᠮᠤᠨ ᠵᠡᠷᠭᠡ 18 ᠰᠠᠯᠠᠭ᠎ᠠ ᠮᠦᠴᠢᠷ᠎ᠤᠨ᠎ᠬᠢᠨ ᠬᠤᠯᠪᠤᠭ᠋ᠠᠯᠠᠨ 《  ᠨᠡᠢ᠌ᠭᠡᠮ᠎ᠤᠨ ᠠᠵᠢᠯ᠎ᠤᠨ ᠮᠡᠷᠭᠡᠵᠢᠯ᠎ᠤᠨ ᠴᠢᠳᠠᠪᠤᠷᠢᠲᠠᠨ᠎ᠤ ᠡᠩᠨᠡᠭᠡ ᠪᠠᠢ᠌ᠭᠤᠯᠬᠤ ᠵᠢ ᠴᠢᠩᠭ᠋ᠠᠳᠬᠠᠬᠤ ᠲᠤᠬᠠᠢ ᠰᠠᠨᠠᠯ》᠎ᠢ ᠲᠠᠷᠤᠮᠠᠯᠯᠠᠨ ᠲᠠᠷᠬᠠᠭ᠋ᠠᠵᠤ᠂ ᠬᠤᠯᠪᠤᠭᠳᠠᠯ ᠪᠦᠬᠦᠢ ᠠᠵᠢᠯ ᠦᠢ᠍ᠯᠡᠰ᠎ᠤᠨ ᠨᠢᠭᠡᠴᠢ ᠵᠢᠨ ᠨᠡᠢ᠌ᠭᠡᠮ᠎ᠤᠨ ᠠᠵᠢᠯ᠎ᠤᠨ ᠲᠤᠰᠬᠠᠢ ᠠᠵᠢᠯ᠎ᠤᠨ ᠪᠠᠢ᠌ᠷᠢ ᠵᠢ ᠲᠤᠳᠤ ᠪᠤᠯᠭ᠋ᠠᠨ᠂ ᠬᠡᠥᠬᠡᠳ᠎ᠤᠨ ᠠᠰᠠᠷᠠᠮᠵᠢ ᠵᠢᠨ ᠪᠠᠢ᠌ᠭᠤᠯᠤᠮᠵᠢ ᠵᠢᠨ᠎ᠬᠢᠨ ᠨᠡᠢ᠌ᠭᠡᠮ᠎ᠤᠨ ᠠᠵᠢᠯ᠎ᠤᠨ ᠮᠡᠷᠭᠡᠵᠢᠯ᠎ᠤᠨ ᠠᠵᠢᠯ᠎ᠤᠨ ᠪᠠᠢ᠌ᠷᠢ ᠵᠢ ᠪᠡᠶᠡᠴᠢ ᠮᠡᠷᠭᠡᠵᠢᠯ᠎ᠤᠨ   ᠠᠵᠢᠯᠴᠢᠨ᠎ᠤ ᠪᠠᠢ᠌ᠷᠢ ᠪᠤᠯᠭ᠋ᠠᠨ ᠳᠤᠲᠤᠷᠠᠭᠤᠯᠬᠤ ᠵᠢ ᠱᠠᠭ᠋ᠠᠷᠳᠠᠵᠠᠢ᠃ 2012 ᠤᠨ᠎ᠳᠤ᠂ 19 ᠰᠠᠯᠠᠭ᠎ᠠ ᠮᠦᠴᠢᠷ ᠬᠤᠯᠪᠤᠭ᠋ᠠᠯᠠᠨ 《ᠨᠡᠢ᠌ᠭᠡᠮ᠎ᠤᠨ ᠠᠵᠢᠯ᠎ᠤᠨ ᠮᠡᠷᠭᠡᠵᠢᠯ᠎ᠤᠨ ᠴᠢᠳᠠᠪᠤᠷᠢᠲᠠᠨ᠎ᠤ ᠡᠩᠨᠡᠭᠡ ᠵᠢ ᠪᠠᠢ᠌ᠭᠤᠯᠬᠤ ᠳᠤᠮᠳᠠ ᠬᠤᠯᠠ ᠬᠤᠭᠤᠴᠠᠭ᠋ᠠᠨ᠎ᠤ ᠲᠦᠯᠦᠪᠯᠡᠭᠡ (2011 ~ 2020 ᠤᠨ)》 ᠬᠡᠪᠯᠡᠨ ᠳᠠᠷᠬᠠᠭ᠋ᠠᠵᠤ᠂ ᠬᠡᠥᠬᠡᠳ᠎ᠤᠨ ᠠᠰᠠᠷᠠᠮᠵᠢ ᠵᠢᠨ ᠪᠠᠢ᠌ᠭᠤᠯᠤᠮᠵᠢ ᠵᠢᠨ᠎ᠬᠢᠨ᠎ᠢ ᠨᠡᠢ᠌ᠭᠡᠮ᠎ᠤᠨ ᠠᠵᠢᠯ᠎ᠤᠨ ᠪᠠᠢ᠌ᠷᠢ ᠵᠢ ᠪᠡᠶᠡᠴᠢ ᠮᠡᠷᠭᠡᠵᠢᠯ᠎ᠤᠨ ᠠᠵᠢᠯ᠎ᠤᠨ ᠪᠠᠢ᠌ᠷᠢ ᠪᠤᠯᠭ᠋ᠠᠨ ᠲᠤᠳᠤᠷᠬᠠᠢ᠌ᠯᠠᠬᠤ ᠵᠢ ᠤᠯᠠᠮ ᠨᠢᠭᠡ ᠠᠯᠬᠤᠮ ᠱᠠᠭ᠋ᠠᠷᠳᠠᠵᠠᠢ᠃ 2016 ᠤᠨ᠎ᠳᠤ᠂ ᠠᠷᠠᠳ᠎ᠤᠨ ᠶᠠᠪᠤᠳᠠᠯ᠎ᠤᠨ ᠶᠠᠮᠤᠨ ᠵᠡᠷᠭᠡ 12   ᠰᠠᠯᠠᠭ᠎ᠠ ᠮᠦᠴᠢᠷ ᠬᠤᠯᠪᠤᠭ᠋ᠠᠯᠠᠨ 《ᠨᠡᠢ᠌ᠭᠡᠮ᠎ᠤᠨ ᠠᠵᠢᠯ᠎ᠤᠨ ᠮᠡᠷᠭᠡᠵᠢᠯ᠎ᠤᠨ ᠠᠵᠢᠯ᠎ᠤᠨ ᠪᠠᠢ᠌ᠷᠢ ᠵᠢ ᠨᠡᠭᠡᠭᠡᠬᠦ ᠬᠢᠭᠡᠳ ᠴᠢᠳᠠᠪᠤᠷᠢᠲᠠᠨ᠎ᠢ ᠵᠤᠷᠢᠬ᠍ᠵᠢᠭᠤᠯᠤᠨ ᠪᠠᠲᠤᠯᠠᠬᠤ ᠵᠢ ᠴᠢᠩᠭ᠋ᠠᠳᠬᠠᠬᠤ ᠲᠤᠬᠠᠢ ᠰᠠᠨᠠᠯ》 ᠬᠡᠪᠯᠡᠨ ᠲᠠᠷᠬᠠᠭ᠋ᠠᠵᠤ᠂ ᠠᠵᠢᠯ᠎ᠤᠨ ᠪᠠᠢ᠌ᠷᠢ ᠭᠠᠷᠭ᠋ᠠᠬᠤ᠂ ᠠᠵᠢᠯ᠎ᠤᠨ ᠪᠠᠢ᠌ᠷᠢ ᠵᠢᠨ ᠬᠠᠮᠢᠶᠠᠷᠤᠯᠳᠠ ᠪᠤᠯᠤᠨ ᠠᠵᠢᠯ᠎ᠤᠨ ᠪᠠᠢ᠌ᠷᠢ ᠵᠢᠨ ᠳᠡᠰ᠎ᠲᠤ ᠬᠡᠥᠬᠡᠳ᠎ᠤᠨ ᠠᠰᠠᠷᠠᠮᠵᠢ ᠵᠢᠨ ᠪᠠᠢ᠌ᠭᠤᠯᠤᠮᠵᠢ ᠵᠢᠨ ᠨᠡᠢ᠌ᠭᠡᠮ᠎ᠤᠨ ᠠᠵᠢᠯ᠎ᠤᠨ ᠴᠢᠳᠠᠪᠤᠷᠢᠲᠠᠨ᠎ᠢ ᠵᠤᠬᠢᠴᠠᠭᠤᠯᠬᠤ᠎ᠳᠤ ᠨᠡᠩ ᠪᠤᠲᠠᠲᠠᠢ ᠱᠠᠭ᠋ᠠᠷᠳᠠᠯᠭ᠎ᠠ ᠳᠤᠷᠠᠳᠤᠭᠰᠠᠨ ᠪᠠᠢ᠌ᠳᠠᠭ᠃
    ᠰᠤᠷᠪᠤᠯᠵᠢᠯᠠᠭᠴᠢ᠄ ᠤᠯᠤᠰ᠎ᠤᠨ ᠬᠦᠴᠦᠲᠡᠢ ᠵᠢᠯᠤᠭᠤᠳᠤᠯᠭ᠎ᠠ ᠪᠠ ᠳᠡᠮᠵᠢᠯᠭᠡ᠎ᠪᠠᠷ ᠬᠡᠥᠬᠡᠳ᠎ᠤᠨ ᠠᠰᠠᠷᠠᠮᠵᠢ ᠵᠢᠨ ᠪᠠᠢ᠌ᠭᠤᠯᠤᠮᠵᠢ ᠵᠢᠨ᠎ᠬᠢᠨ ᠨᠡᠢ᠌ᠭᠡᠮ᠎ᠤᠨ ᠠᠵᠢᠯ᠎ᠤᠨ ᠦᠢ᠍ᠯᠡᠴᠢᠯᠡᠭᠡ ᠦᠷᠨᠢᠭᠦᠯᠦᠭᠡᠳ ᠶᠠᠮᠠᠷᠬᠠᠨ ᠳᠠᠪᠰᠢᠯᠲᠠ᠎ᠳᠤ ᠬᠦᠷᠦᠭᠰᠡᠨ ᠪᠤᠢ? ᠶᠠᠮᠠᠷ ᠬᠦᠴᠢᠷ ᠪᠡᠷᠬᠡ ᠠᠰᠠᠭᠤᠳᠠᠯ ᠲᠤᠬᠢᠶᠠᠯᠳᠤᠭᠰᠠᠨ ᠪᠤᠢ?
      ᠬᠠᠷᠢᠭᠤᠯᠲᠠ᠄ ᠬᠡᠥᠬᠡᠳ᠎ᠤᠨ ᠠᠰᠠᠷᠠᠮᠵᠢ ᠵᠢᠨ ᠪᠠᠢ᠌ᠭᠤᠯᠤᠮᠵᠢ ᠵᠢᠨ᠎ᠬᠢᠨ ᠦᠢ᠍ᠯᠡᠳᠦᠯᠭᠡ ᠵᠢᠨ ᠳᠤᠮᠳᠠ᠎ᠪᠠᠨ ᠨᠡᠢ᠌ᠭᠡᠮ᠎ᠤᠨ ᠠᠵᠢᠯ᠎ᠤᠨ ᠴᠢᠳᠠᠪᠤᠷᠢᠲᠠᠨ ᠬᠦᠮᠦᠵᠢᠭᠦᠯᠬᠦ ᠪᠠ ᠤᠷᠢᠨ ᠵᠠᠯᠠᠬᠤ᠂ ᠨᠡᠢ᠌ᠭᠡᠮ᠎ᠤᠨ ᠠᠵᠢᠯ᠎ᠤᠨ ᠪᠠᠢ᠌ᠷᠢ ᠭᠠᠷᠭ᠋ᠠᠬᠤ᠂ ᠨᠡᠢ᠌ᠭᠡᠮ᠎ᠤᠨ ᠠᠵᠢᠯ᠎ᠤᠨ ᠰᠠᠯᠠᠭ᠎ᠠ ᠮᠦᠴᠢᠷ ᠪᠠᠢ᠌ᠭᠤᠯᠬᠤ ᠵᠡᠷᠭᠡ ᠤᠯᠠᠨ ᠠᠷᠭ᠎ᠠ ᠬᠡᠯᠪᠡᠷᠢ᠎ᠪᠠᠷ ᠨᠡᠢ᠌ᠭᠡᠮ᠎ᠤᠨ ᠠᠵᠢᠯ᠎ᠤᠨ ᠦᠢ᠍ᠯᠡᠴᠢᠯᠡᠭᠡ ᠰᠦᠪᠡᠭᠴᠢᠯᠡᠨ ᠦᠷᠨᠢᠭᠦᠯᠵᠦ᠂ ᠦᠢ᠍ᠯᠡᠴᠢᠯᠡᠭᠡ᠎ᠪᠠᠨ ᠲᠤᠰᠬᠠᠢ ᠮᠡᠷᠭᠡᠵᠢᠭᠦᠯᠬᠦ ᠵᠢ ᠠᠬᠢᠭᠤᠯᠬᠤ ᠵᠢᠨ ᠳᠤᠮᠳᠠ ᠪᠠᠰᠠ ᠡᠢ᠌ᠮᠦ ᠲᠡᠢ᠌ᠮᠦ ᠬᠦᠴᠢᠷᠳᠡᠯᠭᠡ ᠪᠤᠯᠤᠨ ᠰᠢᠢ᠍ᠳᠪᠦᠷᠢᠯᠡᠬᠦ᠎ᠳᠤ ᠲᠦᠪᠡᠭᠲᠡᠢ ᠠᠰᠠᠭᠤᠳᠠᠯ ᠲᠤᠬᠢᠶᠠᠯᠳᠤᠵᠠᠢ᠃ ᠦᠢ᠍ᠯᠡᠴᠢᠯᠡᠭᠡᠨ᠎ᠤ ᠰᠢᠰᠲ᠋ᠧᠮ ᠪᠠᠢ᠌ᠭᠤᠯᠬᠤ ᠲᠠᠯ᠎ᠠ᠎ᠪᠠᠷ᠂ ᠪᠠᠢ᠌ᠭᠤᠯᠤᠮᠵᠢ ᠵᠢᠨ ᠳᠤᠲᠤᠭ᠋ᠠᠳᠤᠬᠢ ᠬᠡᠥᠬᠡᠳ᠎ᠤᠨ ᠲᠡᠵᠢᠭᠡᠨ ᠬᠦᠮᠦᠵᠢᠭᠦᠯᠬᠦ᠂ ᠡᠮ ᠡᠮᠨᠡᠯᠭᠡ᠂ ᠰᠤᠷᠭ᠋ᠠᠨ ᠬᠦᠮᠦᠵᠢᠯ᠂ ᠡᠷᠡᠭᠦᠯᠵᠢᠭᠦᠯᠬᠦ᠂ ᠨᠡᠢ᠌ᠭᠡᠮ᠎ᠤᠨ ᠠᠵᠢᠯ ᠵᠡᠷᠭᠡ ᠲᠠᠯ᠎ᠠ ᠵᠢᠨ ᠦᠢ᠍ᠯᠡᠴᠢᠯᠡᠭᠡ᠎ᠨᠢ ᠲᠠᠰᠤᠭ ᠪᠤᠰᠠᠭ ᠵᠶ᠋ᠠᠷ ᠶᠠᠪᠤᠭᠳᠠᠬᠤ᠎ᠠᠴᠠ ᠪᠤᠯᠵᠤ ᠡᠯ᠎ᠡ ᠲᠦᠷᠦᠯ᠎ᠤᠨ ᠦᠢ᠍ᠯᠡᠴᠢᠯᠡᠭᠡ᠎ᠨᠢ ᠲᠡᠩᠴᠡᠭᠦᠷᠢᠲᠠᠢ ᠪᠤᠰᠤ ᠪᠦᠭᠡᠳ ᠬᠡᠥᠬᠡᠳ᠎ᠤᠨ ᠦᠰᠦᠯᠲᠡ ᠪᠤᠢ᠌ᠵᠢᠯᠲᠡ ᠵᠢᠨ ᠬᠡᠷᠡᠭᠴᠡᠭᠡ ᠵᠢ ᠪᠦᠬᠦᠯᠢ ᠴᠤᠭᠴᠠ᠎ᠪᠠᠷ᠎ᠨᠢ ᠬᠠᠩᠭ᠋ᠠᠵᠤ ᠴᠢᠳᠠᠬᠤ ᠦᠭᠡᠢ ᠪᠠᠢ᠌ᠨ᠎ᠠ᠃ ᠤᠨᠴᠠᠭ᠋ᠠᠢ᠌ᠯᠠᠨ ᠹᠢᠽᠢᠤᠯᠤᠬᠢ᠂ ᠰᠡᠳᠬᠢᠴᠡ ᠪᠤᠯᠤᠨ ᠨᠡᠢ᠌ᠭᠡᠮᠴᠢᠯᠡᠭᠰᠡᠨ ᠵᠤᠬᠢᠴᠠᠩᠭᠤᠢ ᠬᠦᠭᠵᠢᠯᠲᠡ᠎ᠨᠢ ᠬᠠᠷᠠᠬᠠᠨ ᠭᠦᠷᠦᠯᠴᠡᠭᠡ ᠮᠠᠭᠤᠲᠠᠢ ᠪᠠᠢ᠌ᠨ᠎ᠠ᠃ ᠲᠤᠰᠬᠠᠢ ᠮᠡᠷᠭᠡᠵᠢᠯ᠎ᠤᠨ ᠦᠢ᠍ᠯᠡᠳᠦᠯ᠎ᠢ ᠪᠠᠳᠠᠷᠠᠭᠤᠯᠬᠤ ᠲᠠᠯ᠎ᠠ᠎ᠪᠠᠷ᠂ ᠵᠡᠮᠳᠡᠭ ᠪᠠ ᠤᠯᠠᠨ ᠡᠪᠡᠳᠴᠢᠨ ᠳᠠᠪᠬᠤᠷᠳᠠᠭᠰᠠᠨ ᠬᠡᠥᠬᠡᠳ᠎ᠲᠤ ᠦᠢ᠍ᠯᠡᠴᠢᠯᠡᠬᠦ᠎ᠳᠤ᠎ᠪᠠᠨ ᠬᠡᠥᠬᠡᠳ᠎ᠤᠨ ᠠᠵᠢᠯᠯᠠᠭ᠎ᠠ ᠵᠢᠨ ᠵᠦᠷᠢᠶ᠎ᠡ ᠵᠢ ᠰᠢᠢ᠍ᠳᠪᠦᠷᠢᠯᠡᠬᠦ ᠵᠡᠷᠭᠡ ᠲᠦᠪᠡᠭᠲᠡᠢ ᠠᠰᠠᠭᠤᠳᠠᠯ ᠲᠤᠬᠢᠶᠠᠯᠳᠤᠬᠤ ᠦᠶᠡᠰ᠂ ᠬᠡᠥᠬᠡᠳ᠎ᠤᠨ ᠭᠡᠷ ᠪᠦᠯᠢ ᠵᠢᠨ ᠪᠤᠳᠤᠯᠢᠶᠠᠨᠲᠠᠢ ᠪᠠᠢ᠌ᠳᠠᠯ᠎ᠲᠠᠢ ᠲᠤᠯᠭ᠋ᠠᠷᠠᠬᠤ ᠦᠶᠡᠰ᠂ ᠨᠡᠢ᠌ᠭᠡᠮ᠎ᠤᠨ ᠠᠵᠢᠯᠲᠠᠳ ᠭᠠᠷ ᠤᠷᠤᠬᠤ᠎ᠳᠤ ᠬᠦᠴᠢᠷ ᠪᠦᠭᠡᠳ ᠬᠡᠥᠬᠡᠳ᠎ᠤᠨ ᠬᠤᠪᠢᠷᠠᠯᠲᠠ ᠵᠢ ᠴᠦ᠍ ᠮᠡᠳᠡᠵᠦ ᠴᠢᠳᠠᠬᠤ ᠦᠭᠡᠢ ᠪᠤᠯᠳᠠᠭ᠃ ᠡᠨᠡ᠎ᠨᠢ ᠨᠡᠢ᠌ᠭᠡᠮ᠎ᠤᠨ ᠠᠵᠢᠯᠲᠠᠳ ᠦᠪᠡᠷ᠎ᠤᠨ ᠲᠤᠰᠬᠠᠢ ᠮᠡᠷᠭᠡᠵᠢᠯ ᠵᠶ᠋ᠡᠨ ᠦᠨᠡᠯᠡᠬᠦ ᠲᠠᠯ᠎ᠠ᠎ᠪᠠᠷ ᠪᠤᠷᠤᠭᠤᠳᠠᠬᠤ ᠪᠠ ᠦᠢ᠍ᠯᠡᠴᠢᠯᠡᠬᠦ ᠠᠷᠭ᠎ᠠ ᠪᠠᠷᠢᠯ᠂ ᠮᠡᠷᠭᠡᠰᠢᠯ ᠪᠤᠯᠪᠠᠰᠤᠷᠠᠩᠭᠤᠢ ᠦᠭᠡᠢ ᠪᠠᠢ᠌ᠳᠠᠯ᠎ᠠᠴᠠ ᠰᠢᠯᠲᠠᠭ᠋ᠠᠯᠠᠳᠠᠭ᠃ ᠦᠢ᠍ᠯᠡᠴᠢᠯᠡᠭᠡ᠎ᠪᠠᠨ ᠳᠦᠷᠢᠮᠵᠢᠭᠦᠯᠬᠦ ᠲᠠᠯ᠎ᠠ᠎ᠪᠠᠷ᠂ ᠨᠡᠢ᠌ᠭᠡᠮ᠎ᠤᠨ ᠠᠵᠢᠯ᠎ᠤᠨ ᠡᠭᠦᠷᠭᠡ ᠬᠠᠷᠢᠭᠤᠴᠠᠯᠭ᠎ᠠ᠎ᠪᠠᠨ ᠪᠤᠷᠤᠭᠤ ᠲᠤᠭᠲᠠᠭ᠋ᠠᠬᠤ᠂ ᠲᠤᠰᠬᠠᠢ ᠮᠡᠷᠭᠡᠵᠢᠯ᠎ᠤᠨ ᠬᠤᠪᠢᠶᠠᠷᠢ ᠢᠯᠡ ᠲᠤᠳᠤ ᠪᠤᠰᠤ᠂ ᠠᠵᠢᠯ᠎ᠤᠨ ᠠᠭᠤᠯᠭ᠎ᠠ᠎ᠨᠢ ᠭᠤᠤᠯ ᠠᠵᠢᠯ᠎ᠠᠴᠠ᠎ᠪᠠᠨ ᠰᠠᠯᠬᠤ᠂ ᠦᠢ᠍ᠯᠡᠳᠦᠯ ᠵᠶ᠋ᠡᠨ ᠭᠦᠢ᠍ᠴᠡᠳ ᠪᠠᠳᠠᠷᠠᠭᠤᠯᠵᠤ ᠴᠢᠳᠠᠬᠤ ᠦᠭᠡᠢ ᠪᠦᠭᠡᠳ ᠬᠡᠥᠬᠡᠳ᠎ᠤᠨ ᠠᠰᠠᠷᠠᠮᠵᠢ ᠵᠢᠨ ᠪᠠᠢ᠌ᠭᠤᠯᠤᠮᠵᠢ ᠵᠢᠨ ᠡᠯ᠎ᠡ ᠲᠤᠰᠬᠠᠢ ᠮᠡᠷᠭᠡᠵᠢᠯ᠎ᠤᠨ ᠦᠢ᠍ᠯᠡᠴᠢᠯᠡᠭᠡ ᠵᠢᠨ ᠬᠤᠭᠤᠷᠤᠨᠳᠤ ᠰᠢᠰᠲᠸᠮ᠎ᠲᠠᠢ ᠬᠠᠮᠵᠢᠯᠴᠠᠭ᠎ᠠ ᠬᠢᠭᠡᠳ ᠬᠠᠮᠢᠶᠠᠷᠤᠯᠲᠠ ᠵᠢᠨ ᠠᠷᠭ᠎ᠠ ᠪᠤᠳᠤᠯᠭ᠎ᠠ ᠲᠤᠲᠠᠭᠳᠠᠬᠤ᠎ᠠᠴᠠ ᠪᠤᠯᠳᠠᠭ ᠶᠤᠮ᠃
      ᠰᠤᠷᠪᠤᠯᠵᠢᠯᠠᠭᠴᠢ᠄ 《ᠦᠢ᠍ᠯᠡᠴᠢᠯᠡᠭᠡᠨ᠎ᠤ ᠳᠦᠷᠢᠮ》᠎ᠨᠢ ᠨᠡᠢ᠌ᠭᠡᠮ᠎ᠤᠨ ᠠᠵᠢᠯ᠎ᠤᠨ ᠦᠢ᠍ᠯᠡᠴᠢᠯᠡᠬᠦ ᠠᠭᠤᠯᠭ᠎ᠠ᠂ ᠦᠢ᠍ᠯᠡᠴᠢᠯᠡᠬᠦ ᠶᠠᠪᠤᠴᠠ ᠪᠤᠯᠤᠨ ᠦᠢ᠍ᠯᠡᠴᠢᠯᠡᠬᠦ ᠠᠷᠭ᠎ᠠ ᠵᠡᠷᠭᠡ ᠵᠢ ᠪᠦᠬᠦ ᠲᠠᠯ᠎ᠠ᠎ᠪᠠᠷ ᠲᠦᠷᠢᠮᠵᠢᠭᠦᠯᠬᠦ᠎ᠪᠠᠷ ᠳᠠᠮᠵᠢᠨ᠂ ᠨᠡᠢ᠌ᠭᠡᠮ᠎ᠤᠨ ᠠᠵᠢᠯ᠎ᠤᠨ ᠬᠡᠥᠬᠡᠳ᠎ᠤᠨ ᠠᠰᠠᠷᠠᠮᠵᠢ ᠵᠢᠨ ᠪᠠᠢ᠌ᠭᠤᠯᠤᠮᠵᠢ᠎ᠳᠠᠬᠢ ᠡᠭᠦᠷᠭᠡ ᠬᠠᠷᠢᠭᠤᠴᠠᠯᠭ᠎ᠠ ᠵᠢ ᠲᠤᠭᠲᠠᠭ᠋ᠠᠬᠤ ᠪᠠ ᠦᠢ᠍ᠯᠡᠴᠢᠯᠡᠬᠦ ᠤᠷᠤᠨ ᠵᠠᠢ ᠵᠢ᠎ᠨᠢ ᠳᠤᠲᠤᠷᠬᠠᠢ᠌ᠯᠠᠵᠠᠢ᠃ 《ᠦᠢ᠍ᠯᠡᠴᠢᠯᠡᠭᠡᠨ᠎ᠤ ᠳᠦᠷᠢᠮ》᠎ᠢ ᠨᠠᠢ᠌ᠷᠠᠭᠤᠯᠤᠨ ᠵᠤᠬᠢᠶᠠᠭᠰᠠᠨ ᠪᠡᠯᠡᠳᠬᠡᠯ ᠠᠵᠢᠯ ᠵᠢᠴᠢ ᠪᠤᠳᠠᠲᠠᠢ ᠶᠠᠪᠤᠴᠠ ᠵᠢ᠎ᠨᠢ ᠲᠠᠨᠢᠯᠴᠠᠭᠤᠯᠵᠤ ᠪᠤᠯᠬᠤ ᠤᠤ?
        ᠬᠠᠷᠢᠭᠤᠯᠲᠠ᠄   ᠨᠡᠢ᠌ᠭᠡᠮ᠎ᠤᠨ ᠠᠵᠢᠯ᠎ᠤᠨ ᠬᠡᠥᠬᠡᠳ᠎ᠤᠨ ᠠᠰᠠᠷᠠᠮᠵᠢ ᠵᠢᠨ ᠪᠠᠢ᠌ᠭᠤᠯᠤᠮᠵᠢ᠎ᠳᠤ᠎ᠬᠢ ᠭᠤᠤᠯ ᠡᠭᠦᠷᠭᠡ ᠬᠠᠷᠢᠭᠤᠴᠠᠯᠭ᠎ᠠ ᠵᠢ ᠳᠤᠲᠤᠷᠠᠭᠤᠯᠬᠤ ᠵᠢᠨ ᠲᠦᠯᠦᠭᠡ᠂ ᠳᠤᠮᠳᠠᠳᠤ ᠤᠯᠤᠰ᠎ᠤᠨ ᠬᠡᠥᠬᠡᠳ᠎ᠤᠨ ᠠᠰᠠᠷᠠᠮᠵᠢ ᠪᠤᠯᠤᠨ ᠡᠷᠭᠦᠨ ᠲᠡᠵᠢᠭᠡᠬᠦ ᠲᠦᠪ᠎ᠤᠨ᠎ᠬᠢᠨ ᠤᠷᠢᠳ ᠬᠤᠵᠢᠳ ᠤᠯᠠᠨ ᠲᠦᠷᠦᠯ ᠵᠦᠢ᠍ᠯ᠎ᠢ ᠰᠦᠪᠡᠭᠴᠢᠯᠡᠨ ᠡᠷᠢᠯᠬᠢᠯᠡᠵᠦ 《ᠬᠡᠥᠬᠡᠳ᠎ᠤᠨ ᠠᠰᠠᠷᠠᠮᠵᠢ ᠵᠢᠨ ᠪᠠᠢ᠌ᠭᠤᠯᠤᠮᠵᠢ ᠵᠢᠨ ᠨᠡᠢ᠌ᠭᠡᠮ᠎ᠤᠨ ᠠᠵᠢᠯ᠎ᠤᠨ ᠮᠡᠷᠭᠡᠵᠢᠯ᠎ᠤᠨ ᠦᠢ᠍ᠯᠡᠴᠢᠯᠡᠭᠡ ᠵᠢᠨ ᠵᠠᠭᠪᠤᠷ》᠎ᠤᠨ ᠦᠢ᠍ᠯᠡᠳᠦᠯᠭᠡ ᠶᠠᠪᠤᠭᠳᠠᠭᠤᠯᠵᠤ᠂ ᠬᠡᠥᠬᠡᠳ᠎ᠤᠨ ᠠᠰᠠᠷᠠᠮᠵᠢ ᠵᠢᠨ ᠪᠠᠢ᠌ᠭᠤᠯᠤᠮᠵᠢ ᠵᠢᠨ ᠨᠡᠢ᠌ᠭᠡᠮ᠎ᠤᠨ ᠠᠵᠢᠯ᠎ᠤᠨ ᠪᠦᠷᠢᠨ ᠦᠢ᠍ᠯᠡᠴᠢᠯᠡᠭᠡ ᠵᠢᠨ ᠵᠠᠷᠴᠢᠮ ᠲᠤᠭᠲᠠᠭ᠋ᠠᠵᠤ᠂ ᠳᠠᠷᠤᠢ ᠬᠡᠥᠬᠡᠳ ᠠᠰᠠᠷᠠᠮᠵᠢ ᠵᠢᠨ ᠭᠠᠵᠠᠷ ᠢᠷᠡᠭᠰᠡᠨ᠎ᠠᠴᠠ᠎ᠪᠠᠨ ᠶᠠᠪᠤᠬᠤ ᠬᠦᠷᠲᠡᠯᠡᠬᠢ ᠪᠦᠬᠦ ᠶᠠᠪᠤᠴᠠ᠎ᠳᠤ ᠨᠡᠢ᠌ᠭᠡᠮ᠎ᠤᠨ ᠠᠵᠢᠯ᠎ᠤᠨ ᠠᠵᠢᠯᠲᠠᠨ᠎ᠠᠴᠠ ᠲᠤᠰᠬᠠᠢ ᠦᠢ᠍ᠯᠡᠴᠢᠯᠡᠭᠡ ᠬᠠᠩᠭ᠋ᠠᠵᠤ᠂ ᠬᠡᠥᠬᠡᠳ ᠪᠦᠷᠢ ᠵᠢ ᠲᠤᠰᠬᠠᠢ ᠠᠵᠢᠯᠲᠠᠨ ᠳᠠᠭ᠋ᠠᠵᠤ᠂   ᠲᠤᠰᠤᠨ ᠠᠪᠬᠤ᠂ ᠬᠢᠨᠡᠯᠲᠡ ᠬᠢᠬᠦ᠂ ᠲᠤᠬᠢᠷᠠᠭᠤᠯᠬᠤ᠂ ᠭᠠᠷ ᠭᠦᠢ᠍ᠴᠡᠳᠬᠡᠯ ᠬᠢᠬᠦ ᠵᠡᠷᠭᠡ ᠠᠵᠢᠯ ᠦᠷᠨᠢᠭᠦᠯᠵᠦ᠂ ᠪᠠᠢ᠌ᠭᠤᠯᠤᠮᠵᠢ ᠳᠤᠲᠤᠷᠠᠬᠢ ᠲᠡᠵᠢᠭᠡᠨ ᠬᠦᠮᠦᠵᠢᠭᠦᠯᠬᠦ᠂ ᠡᠮ ᠡᠮᠨᠡᠯᠭᠡ᠂ ᠰᠤᠷᠭ᠋ᠠᠨ ᠬᠦᠮᠦᠵᠢᠯ᠂ ᠡᠷᠡᠭᠦᠯᠵᠢᠭᠦᠯᠬᠦ ᠵᠡᠷᠭᠡ ᠪᠤᠰᠤᠳ ᠦᠢ᠍ᠯᠡᠴᠢᠯᠡᠭᠡ ᠵᠢ ᠵᠤᠬᠢᠴᠠᠭᠤᠯᠤᠨ᠎ᠠ᠃ ᠲᠦᠷᠦᠯ ᠵᠦᠢ᠍ᠯ᠎ᠤᠨ ᠦᠢ᠍ᠯᠡᠳᠦᠯᠭᠡ ᠵᠢᠨ ᠰᠠᠭᠤᠷᠢᠨ ᠳᠡᠭᠡᠷ᠎ᠡ᠂ 2018 ᠤᠨ᠎ᠳᠤ ᠠᠷᠠᠳ᠎ᠤᠨ ᠶᠠᠪᠤᠳᠠᠯ᠎ᠤᠨ ᠶᠠᠮᠤᠨ᠎ᠠᠴᠠ 《ᠦᠢ᠍ᠯᠡᠴᠢᠯᠡᠭᠡᠨ᠎ᠤ ᠳᠦᠷᠢᠮ》᠎ᠤᠨ ᠠᠷᠠᠳ᠎ᠤᠨ ᠶᠠᠪᠤᠳᠠᠯ᠎ᠤᠨ ᠪᠠᠷᠢᠮᠵᠢᠶ᠎ᠠ ᠵᠢ ᠰᠤᠳᠤᠯᠤᠨ ᠵᠤᠬᠢᠶᠠᠬᠤ ᠲᠦᠯᠦᠪᠯᠡᠭᠡ ᠵᠢ ᠵᠦᠪᠰᠢᠶᠡᠷᠡᠨ ᠤᠯᠠᠮᠵᠢᠯᠠᠵᠤ᠂ ᠳᠤᠮᠳᠠᠳᠤ ᠤᠯᠤᠰ᠎ᠤᠨ ᠬᠡᠥᠬᠡᠳ᠎ᠤᠨ ᠠᠰᠠᠷᠠᠮᠵᠢ ᠪᠤᠯᠤᠨ ᠦᠷᠡᠴᠢᠯᠡᠨ ᠲᠡᠵᠢᠭᠡᠬᠦ ᠲᠦᠪ᠎ᠤᠨ᠎ᠬᠢᠨ ᠨᠤᠤᠷᠠᠭᠯᠠᠨ ᠪᠢᠴᠢᠬᠦ ᠪᠠᠭ ᠪᠠᠢ᠌ᠭᠤᠯᠵᠠᠢ᠃ ᠨᠤᠤᠷᠠᠭᠯᠠᠨ ᠪᠢᠴᠢᠬᠦ ᠪᠠᠢ᠌ᠭᠤᠯᠭ᠎ᠠ ᠨᠢᠭᠡᠴᠢ᠎ᠳᠤ ᠳᠤᠮᠳᠠᠳᠤ ᠤᠯᠤᠰ᠎ᠤᠨ ᠨᠡᠢ᠌ᠭᠡᠮ᠎ᠤᠨ ᠰᠢᠨᠵᠢᠯᠡᠬᠦ ᠤᠬᠠᠭ᠋ᠠᠨ᠎ᠤ ᠬᠦᠷᠢᠶᠡᠯᠡᠩ᠎ᠤᠨ ᠶᠡᠬᠡ ᠰᠤᠷᠭ᠋ᠠᠭᠤᠯᠢ᠂ ᠨᠢᠩᠰᠢᠶᠠ ᠵᠢᠨ ᠬᠤᠲᠤᠩ ᠦᠨᠳᠦᠰᠦᠲᠡᠨ᠎ᠤ ᠦᠪᠡᠷᠲᠡᠭᠡᠨ ᠵᠠᠰᠠᠬᠤ ᠤᠷᠤᠨ᠎ᠤ ᠬᠡᠥᠬᠡᠳ᠎ᠤᠨ ᠠᠰᠠᠷᠠᠮᠵᠢ ᠵᠢᠨ ᠬᠦᠷᠢᠶᠡᠯᠡᠩ᠂ ᠡᠾᠸᠨᠠᠨ ᠮᠤᠵᠢ ᠵᠢᠨ ᠵᠸᠩᠵᠸᠦ ᠬᠤᠲᠠ ᠵᠢᠨ ᠬᠡᠥᠬᠡᠳ᠎ᠤᠨ ᠠᠰᠠᠷᠠᠮᠵᠢ ᠵᠢᠨ ᠬᠦᠷᠢᠶᠡᠯᠡᠩ᠂ ᠵᠢᠶᠠᠩᠰᠤ ᠮᠤᠵᠢ ᠵᠢᠨ ᠦᠰᠢ ᠬᠤᠲᠠ ᠵᠢᠨ ᠨᠡᠢ᠌ᠭᠡᠮ᠎ᠤᠨ ᠠᠰᠠᠷᠠᠮᠵᠢ ᠵᠢᠨ ᠲᠦᠪ ᠪᠠᠭᠲᠠᠵᠠᠢ᠃ 《ᠦᠢ᠍ᠯᠡᠴᠢᠯᠡᠭᠡᠨ᠎ᠤ ᠳᠦᠷᠢᠮ》᠎ᠢ ᠪᠢᠴᠢᠵᠦ ᠳᠠᠭᠤᠰᠬᠠᠭᠰᠠᠨ᠎ᠤ ᠳᠠᠷᠠᠭ᠎ᠠ᠂ ᠭᠤᠤᠯ ᠬᠠᠮᠢᠶᠠᠷᠤᠯᠲᠠ ᠵᠢᠨ ᠲᠤᠪᠴᠢᠶ᠎ᠠ᠂ ᠬᠡᠷᠡᠭᠯᠡᠬᠦ ᠠᠯᠪᠠᠨ ᠪᠠᠢ᠌ᠭᠤᠯᠭ᠎ᠠ᠎ᠠᠴᠠ ᠰᠠᠨᠠᠯ ᠪᠠ ᠰᠠᠨᠠᠭᠤᠯᠭ᠎ᠠ ᠬᠤᠷᠢᠶᠠᠭᠰᠠᠨ ᠪᠦᠭᠡᠳ ᠪᠠᠷᠢᠮᠵᠢᠶᠠᠯᠠᠬᠤ᠂ ᠨᠡᠢ᠌ᠭᠡᠮ᠎ᠤᠨ ᠠᠵᠢᠯ ᠵᠡᠷᠭᠡ ᠠᠳᠠᠯᠢ ᠪᠤᠰᠤ ᠬᠦᠷᠢᠶ᠎ᠡ ᠴᠠᠷᠠᠭ᠋ᠠᠨ᠎ᠤ ᠮᠡᠷᠭᠡᠵᠢᠯᠲᠡᠳ ᠨᠠᠷᠢᠨ ᠬᠢᠨᠠᠵᠤ ᠤᠯᠠᠨ ᠤᠳᠠᠭ᠋ᠠᠨ᠎ᠤ ᠰᠤᠳᠤᠯᠤᠨ ᠨᠤᠲᠠᠯᠠᠯᠲᠠ ᠪᠠ ᠵᠠᠰᠠᠯᠲᠠ ᠬᠢᠯᠭᠡᠵᠡᠢ᠃
      ᠰᠤᠷᠪᠤᠯᠵᠢᠯᠠᠭᠴᠢ᠄ 《ᠦᠢ᠍ᠯᠡᠴᠢᠯᠡᠭᠡᠨ᠎ᠤ ᠳᠦᠷᠢᠮ》  ᠎ᠨᠢ ᠬᠡᠥᠬᠡᠳ᠎ᠤᠨ ᠠᠰᠠᠷᠠᠮᠵᠢ ᠵᠢᠨ ᠪᠠᠢ᠌ᠭᠤᠯᠤᠮᠵᠢ ᠵᠢᠨ ᠠᠵᠢᠯ᠎ᠤᠨ ᠪᠠᠷᠢᠮᠵᠢᠶ᠎ᠠ ᠰᠢᠰᠲᠸᠮ᠎ᠢ ᠲᠡᠭᠦᠯᠳᠡᠷᠵᠢᠭᠦᠯᠵᠦ᠂ ᠬᠡᠥᠬᠡᠳ᠎ᠤᠨ ᠨᠡᠢ᠌ᠭᠡᠮ᠎ᠤᠨ ᠠᠵᠢᠯ᠎ᠤᠨ ᠦᠢ᠍ᠯᠡᠴᠢᠯᠡᠭᠡᠨ᠎ᠤ ᠪᠠᠷᠢᠮᠵᠢᠶ᠎ᠠ ᠰᠢᠰᠲᠸᠮ᠎ᠤᠨ ᠪᠠᠢ᠌ᠭᠤᠯᠤᠨ ᠪᠦᠷᠢᠳᠦᠭᠦᠯᠵᠦ᠂ ᠪᠠᠢ᠌ᠭᠤᠯᠤᠮᠵᠢ ᠵᠢᠨ ᠬᠡᠥᠬᠡᠳ᠎ᠤᠨ ᠬᠠᠮᠤᠭ᠎ᠤᠨ ᠶᠡᠬᠡ ᠳᠠᠯᠲᠠ ᠴᠢᠳᠠᠪᠤᠷᠢ᠎ᠪᠠᠨ ᠪᠠᠳᠠᠷᠠᠭᠤᠯᠬᠤ᠎ᠳᠤ᠎ᠨᠢ ᠲᠤᠰᠠᠯᠠᠬᠤ ᠪᠤᠯᠤᠨ᠎ᠠ᠃ 《ᠦᠢ᠍ᠯᠡᠴᠢᠯᠡᠭᠡᠨ᠎ᠤ ᠳᠦᠷᠢᠮ》 ᠨᠠᠢ᠌ᠷᠠᠭᠤᠯᠤᠨ ᠵᠤᠬᠢᠶᠠᠭᠰᠠᠨ ᠰᠡᠳᠬᠢᠮᠵᠢ᠎ᠠᠴᠠ᠎ᠪᠠᠨ ᠶᠠᠷᠢᠪᠠᠯ?
      ᠬᠠᠷᠢᠭᠤᠯᠲᠠ᠄ 《ᠦᠢ᠍ᠯᠡᠴᠢᠯᠡᠭᠡᠨ᠎ᠤ ᠳᠦᠷᠢᠮ》᠎ᠨᠢ ᠬᠡᠥᠬᠡᠳ᠎ᠢ ᠦᠨᠢ ᠡᠭᠦᠷᠢᠲᠡ ᠭᠡᠷ ᠪᠦᠯᠢ ᠵᠢᠨ ᠠᠮᠢᠳᠤᠷᠠᠯ᠎ᠳᠤ ᠤᠷᠤᠭᠤᠯᠬᠤ᠎ᠪᠠᠷ ᠭᠤᠤᠯ ᠬᠠᠷᠠᠯᠲᠠ᠎ᠪᠠᠨ ᠪᠤᠯᠭ᠋ᠠᠵᠤ᠂ ᠬᠡᠥᠬᠡᠳ᠎ᠤᠨ ᠡᠷᠬᠡ ᠵᠢᠨ ᠤᠨᠤᠯᠵᠢᠬᠤᠨ᠎ᠢ ᠲᠤᠭᠤᠰᠢᠳᠠᠢ ᠬᠡᠷᠡᠭᠵᠢᠭᠦᠯᠵᠦ᠂ ᠦᠢ᠍ᠯᠡᠴᠢᠯᠡᠬᠦ ᠶᠠᠪᠤᠴᠠ᠎ᠳᠤ᠎ᠪᠠᠨ ᠬᠡᠥᠬᠡᠳ᠎ᠤᠨ ᠬᠡᠷᠡᠭᠴᠢᠭᠡ ᠵᠢ ᠠᠩᠬᠠᠷᠴᠤ᠂ ᠤᠯᠠᠨ ᠵᠦᠢ᠍ᠯ᠎ᠤᠨ ᠲᠤᠰᠬᠠᠢ ᠮᠡᠷᠭᠡᠵᠢᠯ᠎ᠤᠨ ᠦᠢ᠍ᠯᠡᠴᠢᠯᠡᠭᠡ ᠪᠤᠯᠤᠨ ᠤᠯᠠᠨ ᠲᠦᠷᠦᠯ᠎ᠤᠨ   ᠵᠤᠬᠢᠴᠠᠭᠤᠯᠤᠨ ᠲᠤᠬᠢᠷᠠᠭᠤᠯᠬᠤ ᠠᠷᠭ᠎ᠠ ᠮᠠᠶᠢᠭ ᠵᠶ᠋ᠠᠷ ᠬᠡᠥᠬᠡᠳ᠎ᠤᠨ ᠡᠷᠡᠭᠦᠯ ᠰᠠᠷᠠᠭᠤᠯ ᠵᠶ᠋ᠠᠷ ᠦᠰᠦᠨ ᠪᠤᠢ᠌ᠵᠢᠬᠤ᠎ᠳᠤ ᠬᠠᠮᠤᠭ᠎ᠤᠨ ᠠᠰᠢᠭᠲᠠᠢ ᠤᠷᠴᠢᠨ ᠲᠤᠭᠤᠷᠢᠨ᠎ᠢ ᠲᠠᠰᠤᠷᠠᠯᠲᠠ ᠦᠭᠡᠢ ᠠᠬᠢᠭᠤᠯᠵᠤ᠂ ᠪᠠᠢ᠌ᠭᠤᠯᠤᠮᠵᠢ᠎ᠳᠤ᠎ᠬᠢ ᠬᠡᠥᠬᠡᠳ᠎ᠤᠨ ᠪᠦᠬᠦᠨ ᠵᠶ᠋ᠡᠷ ᠵᠶ᠋ᠡᠨ ᠪᠦᠬᠦ ᠶᠠᠪᠤᠴᠠ ᠵᠢ ᠡᠳ᠋ᠯᠡᠬᠦ᠂ ᠠᠳᠠᠯᠢᠬᠠᠨ ᠪᠠᠷᠢᠮᠵᠢᠶ᠎ᠠ ᠪᠦᠬᠦᠢ ᠦᠢ᠍ᠯᠡᠴᠢᠯᠡᠭᠡ ᠬᠦᠷᠲᠡᠬᠦ ᠵᠢ ᠪᠠᠲᠤᠯᠠᠬᠤ ᠬᠡᠷᠡᠭᠲᠡᠢ᠃
       《ᠦᠢ᠍ᠯᠡᠴᠢᠯᠡᠭᠡᠨ᠎ᠤ ᠳᠦᠷᠢᠮ》᠎ᠳᠤ ᠲᠦᠪᠬᠢᠨᠡᠭᠦᠯᠬᠦ ᠦᠢ᠍ᠯᠡᠴᠢᠯᠡᠭᠡ ᠵᠢ ᠪᠠᠢ᠌ᠭᠤᠯᠤᠮᠵᠢ ᠵᠢᠨ ᠲᠤᠳᠤᠭ᠋ᠠᠳᠤᠬᠢ ᠨᠡᠢ᠌ᠭᠡᠮ᠎ᠤᠨ ᠠᠵᠢᠯ᠎ᠤᠨ ᠭᠤᠤᠯᠯᠠᠬᠤ ᠠᠵᠢᠯ ᠪᠤᠯᠭ᠋ᠠᠬᠤ ᠵᠢ ᠳᠤᠷᠠᠳᠴᠤ᠂ ᠦᠢ᠍ᠯᠡᠴᠢᠯᠡᠭᠡ ᠵᠢᠨ ᠬᠠᠷᠠᠯᠲᠠ ᠲᠦᠪᠬᠢᠨᠡᠭᠦᠯᠬᠦ ᠪᠠ ᠦᠢ᠍ᠯᠡᠴᠢᠯᠡᠬᠦ ᠠᠷᠭ᠎ᠠ ᠬᠡᠯᠪᠡᠷᠢ᠎ᠪᠠᠨ ᠲᠦᠪᠬᠢᠨᠡᠭᠦᠯᠬᠦ ᠵᠢ ᠲᠤᠳᠤᠷᠬᠠᠢ᠌ᠯᠠᠵᠤ᠂ ᠨᠡᠢ᠌ᠭᠡᠮ᠎ᠤᠨ ᠠᠵᠢᠯ᠎ᠤᠨ ᠨᠡᠢ᠌ᠲᠡᠮ᠎ᠤᠨ ᠶᠠᠪᠤᠴᠠ᠎ᠨᠢ ᠬᠡᠥᠬᠡᠳ᠎ᠤᠨ ᠠᠰᠠᠷᠠᠮᠵᠢ ᠵᠢᠨ ᠪᠠᠢ᠌ᠭᠤᠯᠤᠮᠵᠢ ᠳᠤᠲᠤᠷᠠᠬᠢ ᠪᠤᠳᠠᠲᠠᠢ ᠬᠡᠷᠡᠭᠯᠡᠭᠡ ᠵᠢ ᠪᠡᠶᠡᠯᠡᠭᠦᠯᠵᠦ᠂ ᠨᠢᠭᠡᠲᠦᠯᠲᠡᠢ᠂ ᠪᠠᠷᠢᠮᠵᠢᠶ᠎ᠠ᠂ ᠳᠦᠷᠢᠮᠵᠢᠭᠦᠨ ᠬᠡᠥᠬᠡᠳ᠎ᠤᠨ ᠠᠰᠠᠷᠠᠮᠵᠢ ᠵᠢᠨ ᠪᠠᠢ᠌ᠭᠤᠯᠤᠮᠵᠢ ᠵᠢᠨ ᠨᠡᠢ᠌ᠭᠡᠮ᠎ᠤᠨ ᠠᠵᠢᠯ᠎ᠤᠨ ᠮᠡᠷᠭᠡᠵᠢᠯ᠎ᠤᠨ ᠦᠢ᠍ᠯᠡᠴᠢᠯᠡᠭᠡᠨ᠎ᠤ ᠵᠠᠭᠪᠤᠷ᠎ᠢ ᠪᠠᠢ᠌ᠭᠤᠯᠵᠤ᠂ ᠬᠡᠥᠬᠡᠳ᠎ᠤᠨ ᠠᠰᠠᠷᠠᠮᠵᠢ ᠵᠢᠨ ᠪᠠᠢ᠌ᠭᠤᠯᠤᠮᠵᠢ ᠵᠢᠨ ᠨᠡᠢ᠌ᠭᠡᠮ᠎ᠤᠨ ᠠᠵᠢᠯ᠎ᠤᠨ ᠨᠡᠩ ᠦᠨᠳᠦᠷ ᠲᠦᠪᠰᠢᠨ᠎ᠳᠤ ᠬᠦᠷᠲᠡᠯ᠎ᠡ ᠬᠦᠭᠵᠢᠬᠦ ᠵᠢ ᠲᠦᠯᠬᠢᠨ ᠠᠬᠢᠭᠤᠯᠤᠨ᠎ᠠ᠃ 《ᠦᠢ᠍ᠯᠡᠴᠢᠯᠡᠭᠡᠨ᠎ᠤ ᠳᠦᠷᠢᠮ》᠎ᠳᠤ ᠬᠡᠥᠬᠡᠳ᠎ᠤᠨ ᠠᠰᠠᠷᠠᠮᠵᠢ ᠵᠢᠨ ᠪᠠᠢ᠌ᠭᠤᠯᠤᠮᠵᠢ᠎ᠳᠠᠬᠢ ᠬᠡᠥᠬᠡᠳ᠎ᠲᠤ ᠲᠦᠪᠬᠢᠨᠡᠭᠦᠯᠬᠦ ᠦᠢ᠍ᠯᠡᠴᠢᠯᠡᠭᠡ ᠤᠯᠭᠤᠬᠤ ᠶᠠᠪᠤᠴᠠ᠎ᠳᠤ᠎ᠪᠠᠨ ᠨᠡᠢ᠌ᠭᠡᠮ᠎ᠤᠨ ᠠᠵᠢᠯ ᠵᠶ᠋ᠠᠷ ᠭᠤᠤᠯᠳᠠᠭᠤᠯᠵᠤ᠂ ᠮᠡᠷᠭᠡᠵᠢᠯ ᠠᠯᠤᠰᠯᠠᠵᠤ ᠬᠤᠯᠪᠤᠭ᠋ᠠᠯᠠᠨ ᠬᠤᠷᠠᠯᠳᠤᠬᠤ ᠵᠡᠷᠭᠡ ᠠᠷᠭ᠎ᠠ ᠬᠡᠯᠪᠡᠷᠢ᠎ᠪᠠᠷ ᠳᠠᠮᠵᠢᠨ᠂ ᠲᠡᠵᠢᠭᠡᠨ ᠬᠦᠮᠦᠵᠢᠭᠦᠯᠬᠦ᠂ ᠡᠮ ᠡᠮᠨᠡᠯᠭᠡ᠂ ᠰᠤᠷᠭ᠋ᠠᠨ ᠬᠦᠮᠦᠵᠢᠯ᠂ ᠡᠷᠡᠭᠦᠯᠵᠢᠭᠦᠯᠬᠦ ᠵᠡᠷᠭᠡ ᠮᠡᠷᠭᠡᠵᠢᠯ᠎ᠤᠨ ᠪᠠᠭ᠎ᠢ ᠪᠦᠷᠢᠳᠬᠡᠨ ᠵᠤᠬᠢᠴᠠᠭᠤᠯᠵᠤ ᠬᠠᠮᠲᠤᠪᠡᠷ   ᠲᠤᠭᠲᠠᠭ᠋ᠠᠭᠰᠠᠨ ᠲᠦᠪᠬᠢᠨᠡᠭᠦᠯᠬᠦ ᠬᠠᠷᠠᠯᠲᠠ ᠵᠢᠨ ᠵᠶ᠋ᠡᠨ ᠵᠢᠯᠤᠭᠤᠳᠤᠯᠭ᠎ᠠ᠎ᠪᠠᠷ ᠡᠯ ᠲᠦᠷᠦᠯ᠎ᠤᠨ ᠦᠢ᠍ᠯᠡᠴᠢᠯᠡᠭᠡ ᠵᠢ ᠨᠢᠭᠡᠲᠦᠯᠲᠡᠢ ᠦᠷᠨᠢᠭᠦᠯᠬᠦ ᠵᠢ ᠰᠤᠷᠲᠠᠯᠴᠢᠯᠠᠳᠠᠭ᠃ 《ᠦᠢ᠍ᠯᠡᠴᠢᠯᠡᠭᠡᠨ᠎ᠤ ᠳᠦᠷᠢᠮ》   ᠵᠤᠬᠢᠶᠠᠬᠤ᠎ᠳᠤ ᠨᠡᠷ᠎ᠡ ᠲᠤᠮᠢᠶ᠎ᠠ ᠪᠠ ᠤᠬᠠᠭᠳᠠᠬᠤᠨ ᠬᠤᠯᠪᠤᠭᠳᠠᠪᠠᠯ ᠬᠠᠷᠢᠶᠠᠯᠠᠬᠤ ᠠᠷᠭ᠎ᠠ ᠪᠤᠯᠤᠨ ᠨᠢᠭᠡᠨᠲᠡ ᠪᠤᠢ ᠪᠠᠷᠢᠮᠵᠢᠶ᠎ᠠ᠎ᠲᠠᠢ᠎ᠪᠠᠨ ᠨᠢᠭᠡᠲᠦᠯᠲᠡᠢ ᠪᠠᠢ᠌ᠯᠭ᠋ᠠᠵᠤ᠂ ᠪᠤᠰᠤᠳ ᠠᠭᠤᠯᠭ᠎ᠠ ᠵᠢ ᠲᠤᠭᠲᠠᠭ᠋ᠠᠭᠰᠠᠨ ᠦᠭᠡᠢ ᠪᠤᠶᠤ ᠪᠦᠷᠢᠨ ᠲᠡᠭᠦᠯᠳᠡᠷ ᠪᠤᠰᠤ ᠪᠤᠯ 《ᠦᠢ᠍ᠯᠡᠴᠢᠯᠡᠭᠡᠨ᠎ᠤ ᠳᠦᠷᠢᠮ》᠎ᠳᠤ ᠠᠯᠢ ᠴᠢᠳᠠᠬᠤᠢ᠌ᠴᠠ ᠪᠤᠲᠠᠲᠠᠢ᠂ ᠶᠠᠪᠤᠭᠳᠠᠬᠤᠢ᠌ᠴᠠ᠂ ᠰᠢᠰᠲᠸᠮ᠎ᠲᠠᠢ ᠲᠤᠭᠲᠠᠭ᠋ᠠᠯ ᠭᠠᠷᠭ᠋ᠠᠵᠤ᠂ ᠡᠯ᠎ᠡ ᠲᠦᠷᠦᠯ᠎ᠤᠨ ᠪᠢᠴᠢᠭ ᠮᠠᠲᠸᠷᠢᠶᠠᠯ᠎ᠢ ᠠᠮᠠ ᠰᠡᠭᠡᠷ ᠵᠤᠯᠭ᠋ᠠᠭᠤᠯᠬᠤ ᠪᠦᠭᠡᠳ ᠲᠤᠰ ᠲᠤᠰ᠎ᠤᠨ ᠬᠢᠨᠢ ᠭᠤᠤᠯᠳᠠᠯᠭ᠎ᠠ ᠵᠢ ᠲᠤᠪᠤᠢ᠌ᠯᠭ᠋ᠠᠨ᠎ᠠ᠃
      ᠰᠤᠷᠪᠤᠯᠵᠢᠯᠠᠭᠴᠢ᠄   ᠬᠡᠷᠡᠭᠵᠢᠭᠦᠯᠦᠭᠳᠡᠬᠦ ᠭᠡᠵᠦ ᠪᠤᠢ 《ᠪᠦᠭᠦᠳᠡ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ ᠨᠠᠰᠤᠨ᠎ᠳᠤ ᠦᠯᠦ ᠬᠦᠷᠦᠭᠰᠡᠳ᠎ᠢ ᠬᠠᠮᠠᠭ᠋ᠠᠯᠠᠬᠤ ᠬᠠᠤᠯᠢ》᠎ᠳᠤ ᠠᠷᠠᠳ᠎ᠤᠨ ᠶᠠᠪᠤᠳᠠᠯ᠎ᠤᠨ ᠰᠠᠯᠠᠭ᠎ᠠ ᠮᠦᠴᠢᠷ᠎ᠤᠨ᠎ᠬᠢᠨ ᠬᠠᠤᠯᠢ᠎ᠳᠤ ᠨᠡᠢ᠌ᠴᠡᠭᠰᠡᠨ ᠨᠠᠰᠤᠨ᠎ᠳᠤ ᠦᠯᠦ ᠬᠦᠷᠦᠭᠰᠡᠳ᠎ᠲᠤ ᠲᠦᠷ ᠵᠠᠭᠤᠷ᠎ᠠ ᠵᠢᠨ ᠪᠤᠶᠤ ᠤᠷᠲᠤ ᠬᠤᠭᠤᠴᠠᠭ᠋ᠠᠨ᠎ᠤ ᠬᠢᠨᠠᠯᠲᠠ ᠲᠠᠯᠪᠢᠬᠤ ᠪᠦᠭᠡᠳ ᠭᠡᠷ ᠪᠦᠯᠢ᠎ᠳᠤ ᠲᠡᠵᠢᠭᠡᠯᠭᠡᠬᠦ᠂ ᠦᠷᠦᠴᠢᠯᠡᠭᠦᠯᠬᠦ ᠵᠡᠷᠭᠡ ᠤᠯᠠᠨ ᠲᠦᠷᠦᠯ᠎ᠤᠨ ᠠᠷᠭ᠎ᠠ ᠮᠠᠶᠢᠭ ᠵᠶ᠋ᠠᠷ ᠲᠦᠪᠬᠢᠨᠡᠭᠦᠯᠵᠦ ᠪᠤᠯᠬᠤ ᠵᠢ ᠲᠤᠳᠤᠷᠬᠠᠢ᠌ᠯᠠᠵᠠᠢ᠃ ᠡᠷᠭᠦᠨ ᠲᠡᠵᠢᠭᠡᠬᠦ᠂ ᠦᠷᠦᠴᠢᠯᠡᠬᠦ ᠪᠤᠳᠠᠲᠠᠢ ᠬᠠᠷᠢᠭᠤᠴᠠᠯᠭ᠎ᠠ ᠪᠦᠬᠦᠢ ᠬᠡᠥᠬᠡᠳ᠎ᠤᠨ ᠠᠰᠠᠷᠠᠮᠵᠢ ᠵᠢᠨ ᠪᠠᠢ᠌ᠭᠤᠯᠤᠮᠵᠢ᠎ᠳᠤ ᠠᠪᠴᠤ ᠬᠡᠯᠡᠪᠡᠯ ᠡᠳᠡᠭᠡᠷ ᠱᠠᠭ᠋ᠠᠷᠳᠠᠯᠭ᠎ᠠ ᠵᠢ ᠬᠡᠷᠬᠢᠨ ᠨᠠᠢ᠌ᠳᠠᠪᠤᠷᠢᠵᠢᠭᠤᠯᠵᠤ᠂ ᠲᠦᠪᠬᠢᠨᠡᠭᠦᠯᠬᠦ ᠦᠢ᠍ᠯᠡᠴᠢᠯᠡᠭᠡ᠎ᠪᠠᠨ ᠬᠡᠷᠬᠢᠨ ᠦᠷᠨᠢᠭᠦᠯᠬᠦ ᠪᠤᠢ?
        ᠬᠠᠷᠢᠭᠤᠯᠲᠠ᠄ ᠡᠨᠡ ᠬᠦ᠌ ᠠᠰᠠᠭᠤᠯᠲᠠ᠎ᠳᠤ 《ᠦᠢ᠍ᠯᠡᠴᠢᠯᠡᠭᠡᠨ᠎ᠤ ᠳᠦᠷᠢᠮ》 ᠮᠠᠰᠢ ᠳᠤᠲᠤᠷᠬᠠᠢ ᠬᠠᠷᠢᠭᠤᠯᠲᠠ ᠦᠭᠭᠦᠭᠰᠡᠨ ᠪᠠᠢ᠌ᠳᠠᠭ᠃ ᠨᠢᠭᠡ᠎ᠳᠤ᠂ ᠠᠩᠬ᠎ᠠ ᠤᠳᠠᠭ᠎ᠠ 《ᠲᠦᠪᠬᠢᠨᠡᠭᠦᠯᠬᠦ ᠦᠢ᠍ᠯᠡᠴᠢᠯᠡᠭᠡ》᠎ᠳᠤ ᠰᠢᠨᠵᠢᠯᠡᠬᠦ ᠤᠬᠠᠭ᠋ᠠᠨᠴᠢ᠂ ᠵᠦᠪ ᠤᠨᠤᠪᠴᠢᠲᠠᠢ ᠵᠠᠭ᠋ᠠᠭ ᠱᠤᠭᠤᠮ ᠭᠠᠷᠭ᠋ᠠᠵᠠᠢ᠂ ᠳᠠᠷᠤᠢ ᠨᠡᠢ᠌ᠭᠡᠮ᠎ᠤᠨ ᠠᠵᠢᠯᠲᠠᠳ᠂ ᠬᠡᠥᠬᠡᠳ᠎ᠤᠨ ᠦᠨᠢ ᠡᠭᠦᠷᠢᠲᠡ ᠭᠡᠷ ᠪᠦᠯᠢ ᠵᠢᠨ ᠠᠮᠢᠳᠤᠷᠠᠯ᠎ᠳᠤ ᠤᠷᠤᠬᠤ᠎ᠪᠠᠷ ᠭᠤᠤᠯ ᠬᠠᠷᠠᠯᠲᠠ᠎ᠪᠠᠨ ᠪᠤᠯᠭ᠋ᠠᠵᠤ᠂ ᠬᠡᠥᠬᠡᠳ᠎ᠤᠨ ᠬᠡᠷᠡᠭᠴᠡᠭᠡ ᠵᠢ ᠦᠨᠳᠦᠰᠦᠯᠡᠨ ᠠᠳᠠᠯᠢ ᠪᠤᠰᠤ ᠮᠡᠷᠭᠡᠵᠢᠯ᠎ᠤᠨ ᠪᠠᠭ᠎ᠢ ᠵᠤᠬᠢᠴᠠᠭᠤᠯᠤᠨ᠂ ᠤᠯᠠᠨ ᠲᠦᠷᠦᠯ᠎ᠤᠨ ᠲᠦᠪᠬᠢᠨᠡᠭᠦᠯᠬᠦ ᠠᠷᠭ᠎ᠠ ᠮᠠᠶᠢᠭ᠎ᠲᠤ ᠲᠦᠰᠢᠭᠯᠡᠨ᠂ ᠬᠡᠥᠬᠡᠳ᠎ᠤᠨ ᠡᠷᠡᠭᠦᠯ ᠰᠠᠷᠠᠭᠤᠯ ᠵᠶ᠋ᠠᠷ ᠦᠰᠦᠨ ᠪᠤᠢ᠌ᠵᠢᠬᠤ᠎ᠳᠤ᠎ᠨᠢ ᠠᠰᠢᠭᠲᠠᠢ ᠤᠷᠴᠢᠨ᠎ᠳᠤ ᠤᠷᠤᠬᠤ ᠵᠢ᠎ᠨᠢ ᠠᠬᠢᠭᠤᠯᠬᠤ᠎ᠪᠠᠷ ᠠᠵᠢᠯ ᠵᠶ᠋ᠠᠨ ᠦᠷᠨᠢᠭᠦᠯᠦᠨ᠎ᠡ᠃ ᠬᠤᠶᠠᠷ᠎ᠲᠤ᠂ ᠦᠢ᠍ᠯᠡᠴᠢᠯᠡᠬᠦ ᠵᠠᠷᠴᠢᠮ ᠵᠶ᠋ᠠᠨ ᠲᠤᠭᠲᠠᠭ᠋ᠠᠵᠠᠢ᠂ ᠡᠭᠦᠨ᠎ᠳᠤ 《ᠠᠰᠢᠭ ᠲᠤᠰᠠ᠎ᠪᠠᠷ ᠬᠠᠮᠤᠭ᠎ᠤᠨ ᠶᠡᠬᠡ ᠵᠠᠷᠴᠢᠮ》 《ᠬᠤᠤᠷ ᠨᠦᠯᠦᠭᠡ᠎ᠪᠠᠷ ᠬᠠᠮᠤᠭ᠎ᠤᠨ ᠪᠠᠭ᠎ᠠ ᠵᠠᠷᠴᠢᠮ》  《ᠦᠨᠢᠳᠡ ᠲᠦᠪᠬᠢᠨᠡᠭᠦᠯᠬᠦ ᠵᠢ ᠤᠷᠢᠳ ᠵᠶ᠋ᠠᠷ ᠪᠤᠳᠤᠯᠬᠢᠯᠬᠠᠤ ᠵᠠᠷᠴᠢᠮ》 ᠪᠤᠯᠤᠨ 《ᠪᠦᠬᠦ ᠶᠠᠪᠤᠴᠠ᠎ᠳᠤ ᠦᠢ᠍ᠯᠡᠴᠢᠯᠡᠬᠦ ᠵᠠᠷᠴᠢᠮ》 ᠪᠤᠢ᠃ ᠤᠨᠴᠠᠭ᠋ᠠᠢ᠌ᠯᠠᠨ  《ᠦᠨᠢᠳᠡ ᠲᠦᠪᠬᠢᠨᠡᠭᠦᠯᠬᠦ ᠵᠢ ᠤᠷᠢᠳ ᠵᠶ᠋ᠠᠷ ᠪᠤᠳᠤᠯᠬᠢᠯᠬᠠᠤ ᠵᠠᠷᠴᠢᠮ》᠎ᠳᠤ 《ᠨᠡᠢ᠌ᠭᠡᠮ᠎ᠤᠨ ᠠᠵᠢᠯᠲᠠᠳ ᠦᠢ᠍ᠯᠡᠴᠢᠯᠡᠭᠡ ᠬᠢᠬᠦ ᠳᠤᠮᠳᠠ᠎ᠪᠠᠨ ᠬᠡᠥᠬᠡᠳ᠎ᠤᠨ ᠦᠨᠢ ᠡᠭᠦᠷᠢᠳᠡ ᠭᠡᠷ ᠪᠦᠯᠢ ᠵᠢᠨ ᠠᠮᠢᠳᠤᠷᠠᠯ᠎ᠳᠤ ᠤᠷᠤᠵᠤ᠂ ᠬᠠᠤᠯᠢ ᠶᠤᠰᠤᠨ᠎ᠤ ᠬᠠᠷᠠᠭ᠋ᠠᠯᠵᠠᠨ ᠬᠠᠮᠠᠭ᠋ᠠᠯᠠᠭᠴᠢ᠎ᠲᠠᠢ ᠪᠤᠯᠬᠤ ᠪᠠ ᠲᠤᠭᠲᠠᠪᠤᠷᠢᠲᠠᠢ ᠠᠮᠢᠳᠤᠷᠠᠯ᠎ᠤᠨ ᠤᠷᠴᠢᠨ ᠲᠤᠭᠤᠷᠢᠨ ᠤᠯᠭᠤᠬᠤ᠎ᠪᠠᠷ ᠦᠢ᠍ᠯᠡᠴᠢᠯᠡᠭᠡᠨ᠎ᠤ ᠭᠤᠤᠯ ᠬᠠᠷᠠᠯᠲᠠ᠎ᠪᠠᠨ ᠪᠤᠯᠭ᠋ᠠᠬᠤ》 ᠵᠢ ᠲᠤᠳᠤᠷᠬᠠᠢ ᠳᠤᠷᠠᠳᠴᠠᠢ᠃ ᠨᠡᠢ᠌ᠭᠡᠮ᠎ᠤᠨ ᠠᠵᠢᠯᠲᠠᠳ᠎ᠤᠨ ᠪᠤᠳᠠᠲᠤ ᠨᠦᠬᠦᠴᠡᠯ᠎ᠤᠨ ᠬᠢᠵᠠᠭ᠋ᠠᠷᠯᠠᠯ ᠳᠤᠤᠷᠠᠬᠢ ᠤᠬᠤᠷ ᠬᠤᠭᠤᠴᠠᠭ᠋ᠠᠨ᠎ᠤ ᠲᠦᠪᠬᠢᠨᠡᠭᠦᠯᠬᠦ ᠬᠠᠷᠠᠯᠲᠠ ᠬᠢᠭᠡᠳ ᠬᠡᠥᠬᠡᠳ᠎ᠤᠨ ᠠᠰᠢᠭ ᠲᠤᠰᠠ ᠵᠢᠨ ᠱᠠᠭ᠋ᠠᠷᠳᠠᠯᠭ᠎ᠠ ᠳᠤᠤᠷᠠᠬᠢ ᠠᠯᠤᠰ ᠬᠡᠲᠦ ᠵᠢᠨ ᠲᠦᠪᠬᠢᠨᠡᠭᠦᠯᠬᠦ ᠬᠠᠷᠠᠯᠲᠠ ᠵᠢ ᠤᠨᠤᠪᠴᠢᠲᠠᠢ ᠠᠳᠬᠤᠵᠤ᠂ ᠬᠡᠥᠬᠡᠳ᠎ᠤᠨ ᠠᠮᠢᠳᠤᠷᠠᠯ᠎ᠢ ᠲᠦᠪᠬᠢᠨᠡᠭᠦᠯᠬᠦ ᠠᠵᠢᠯ᠎ᠢ ᠪᠡᠶᠡᠯᠡᠭᠦᠯᠬᠦ ᠵᠢ ᠢᠳᠡᠪᠬᠢᠲᠡᠢ ᠴᠢᠷᠮᠠᠢ᠌ᠨ ᠠᠬᠢᠭᠤᠯᠬᠤ ᠬᠡᠷᠡᠭᠲᠡᠢ᠃ ᠭᠤᠷᠪᠠ᠎ᠳᠤ᠂ ᠨᠡᠢ᠌ᠭᠡᠮ᠎ᠤᠨ ᠠᠵᠢᠯᠲᠠᠳ᠎ᠤᠨ ᠬᠡᠥᠬᠡᠳ ᠨᠢᠭᠡᠪᠦᠷᠢ᠎ᠳᠤ ᠦᠷᠨᠢᠭᠦᠯᠬᠦ ᠲᠦᠪᠬᠢᠨᠡᠭᠦᠯᠬᠦ ᠦᠢ᠍ᠯᠡᠴᠢᠯᠡᠭᠡ ᠵᠢᠨ ᠭᠤᠤᠯ ᠠᠭᠤᠯᠭ᠎ᠠ ᠵᠢ ᠰᠢᠰᠲᠸᠮ᠎ᠲᠠᠢ ᠬᠤᠷᠢᠶᠠᠩᠭᠤᠢ᠌ᠯᠠᠵᠠᠢ᠃ ᠡᠭᠦᠨ᠎ᠳᠤ 《ᠬᠡᠥᠬᠡᠳ᠎ᠤᠨ ᠬᠢᠨᠠᠯᠲᠠ》 《ᠭᠡᠷ ᠪᠦᠯᠢ ᠵᠢᠨ ᠬᠠᠨᠳᠢᠪ》 《ᠭᠡᠷ ᠪᠦᠯᠢ ᠵᠢᠨ ᠬᠢᠨᠠᠯᠲᠠ》 《ᠬᠡᠥᠬᠡᠳ᠎ᠤᠨ ᠵᠢᠯᠤᠭᠤᠳᠤᠮᠵᠢ》 《ᠭᠡᠷ ᠪᠦᠯᠢ ᠵᠢᠨ ᠪᠤᠯᠪᠠᠰᠤᠷᠠᠯ》 《ᠨᠡᠢ᠌ᠯᠡᠭ ᠦᠢ᠍ᠯᠡᠴᠢᠯᠡᠭᠡ》 《ᠳᠠᠭ᠋ᠠᠯᠲᠠ ᠦᠢ᠍ᠯᠡᠴᠢᠯᠡᠭᠡ》 ᠪᠤᠯᠤᠨ 《ᠬᠡᠥᠬᠡᠳ᠎ᠢ ᠬᠠᠮᠠᠭ᠋ᠠᠯᠠᠬᠤ》 ᠵᠡᠷᠭᠡ ᠨᠠᠢ᠍ᠮᠠᠨ ᠭᠤᠤᠯᠯᠠᠬᠤ ᠬᠡᠰᠡᠭ᠎ᠢ ᠪᠠᠭᠲᠠᠭ᠋ᠠᠵᠤ᠂ ᠤᠨᠴᠠ ᠬᠡᠷᠡᠭ᠂ ᠪᠠᠭ ᠵᠡᠷᠭᠡ ᠨᠡᠢ᠌ᠭᠡᠮ᠎ᠤᠨ ᠠᠵᠢᠯ᠎ᠤᠨ ᠠᠷᠭ᠎ᠠ᠎ᠪᠠᠷ ᠦᠷᠭᠦᠯᠵᠢᠲᠡ ᠦᠢ᠍ᠯᠡᠴᠢᠯᠡᠬᠦ ᠠᠭᠤᠯᠭ᠎ᠠ ᠵᠢ ᠤᠷᠤᠯᠠᠭᠤᠯᠬᠤ ᠪᠤᠷᠤᠭᠤ ᠠᠷᠭ᠎ᠠ ᠪᠠᠷᠢᠯ᠎ᠢ ᠵᠠᠯᠠᠷᠠᠭᠤᠯᠵᠠᠢ᠃ ᠳᠦᠷᠪᠡ᠎ᠳᠤ᠂ ᠨᠡᠢ᠌ᠭᠡᠮ᠎ᠤᠨ ᠠᠵᠢᠯ᠎ᠤᠨ ᠦᠢ᠍ᠯᠡᠴᠢᠯᠡᠭᠡᠨ᠎ᠤ ᠶᠠᠪᠤᠴᠠ ᠵᠢ ᠨᠢᠭᠡᠳᠬᠡᠨ ᠳᠦᠷᠢᠮᠵᠢᠭᠦᠯᠵᠦ᠂ ᠨᠡᠢ᠌ᠭᠡᠮ᠎ᠤᠨ ᠠᠵᠢᠯ᠎ᠤᠨ ᠮᠡᠷᠭᠡᠵᠢᠯ᠎ᠤᠨ ᠤᠨᠤᠯ᠎ᠳᠤ ᠨᠡᠢ᠌ᠴᠡᠬᠦ ᠮᠦᠷᠲᠡᠭᠡᠨ ᠬᠡᠥᠬᠡᠳ᠎ᠤᠨ ᠠᠰᠠᠷᠠᠮᠵᠢ ᠵᠢᠨ ᠪᠠᠢ᠌ᠭᠤᠯᠤᠮᠵᠢ ᠵᠢᠨ ᠠᠵᠢᠯ᠎ᠤᠨ ᠪᠤᠲᠠᠲᠠᠢ᠎ᠳᠤ ᠨᠡᠢ᠌ᠴᠡᠵᠦ᠂ ᠨᠡᠢ᠌ᠭᠡᠮ᠎ᠤᠨ ᠠᠵᠢᠯ᠎ᠤᠨ ᠮᠡᠷᠭᠡᠵᠢᠯ᠎ᠤᠨ ᠦᠢ᠍ᠯᠡᠴᠢᠯᠡᠭᠡ ᠵᠢ ᠬᠡᠥᠬᠡᠳ ᠠᠰᠠᠷᠠᠮᠵᠢ ᠵᠢᠨ ᠭᠠᠵᠠᠷ ᠢᠷᠡᠬᠦ᠎ᠠᠴᠠ ᠭᠠᠷᠬᠤ ᠬᠦᠷᠲᠡᠯᠡᠬᠢ ᠪᠦᠬᠦ ᠶᠠᠪᠤᠴᠠ᠎ᠳᠤ ᠠᠭᠤᠰᠬᠠᠨ ᠢᠳᠡᠭᠡᠰᠢᠭᠦᠯᠵᠦ᠂ ᠬᠠᠷᠠᠭ᠋ᠠᠯᠵᠠᠭᠰᠠᠨ ᠦᠢ᠍ᠯᠡᠴᠢᠯᠡᠭᠡᠨ᠎ᠤ ᠱᠠᠭ᠋ᠠᠷᠳᠠᠯᠭ᠎ᠠ ᠳᠤᠷᠠᠳᠴᠦ᠂ ᠢᠵᠢ ᠪᠦᠷᠢᠨ ᠪᠠᠭ᠋ᠠᠵᠢ ᠬᠡᠷᠡᠭᠰᠡᠯ᠎ᠤᠨ ᠬᠦᠰᠦᠨᠦᠭᠲᠦ ᠵᠢ ᠲᠦᠰᠦᠪᠯᠡᠵᠡᠢ᠃ ᠢᠩᠭᠢᠭᠡᠳ ᠲᠦᠪᠬᠢᠨᠡᠭᠦᠯᠬᠦ ᠦᠢ᠍ᠯᠡᠴᠢᠯᠡᠭᠡ᠎ᠨᠢ ᠬᠡᠥᠬᠡᠳ᠎ᠤᠨ ᠠᠰᠠᠷᠠᠮᠵᠢ ᠵᠢᠨ ᠪᠠᠢ᠌ᠭᠤᠯᠤᠮᠵᠢ᠎ᠳᠤ ᠪᠤᠲᠠᠲᠠᠢ ᠨᠠᠢ᠌ᠳᠠᠪᠦᠷᠢᠭᠤᠯᠤᠭᠳᠠᠵᠠᠢ᠃ ᠦᠢ᠍ᠯᠡᠳᠦᠯᠭᠡ ᠵᠢᠨ ᠦᠷ᠎ᠡ ᠳ᠋ᠦᠩ᠎ᠠᠴᠠ ᠦᠵᠡᠬᠦ᠎ᠳᠤ  《ᠦᠢ᠍ᠯᠡᠴᠢᠯᠡᠭᠡᠨ᠎ᠤ ᠳᠦᠷᠢᠮ》᠎ᠨᠢ ᠲᠦᠰᠦᠯ᠎ᠤᠨ ᠪᠠᠭ᠎ᠤᠨ᠎ᠬᠢᠨ᠎ᠤ ᠲᠦᠯᠬᠢᠨ ᠠᠬᠢᠭᠤᠯᠬᠤ᠎ᠪᠠᠷ ᠳᠠᠮᠵᠢᠨ ᠠᠰᠠᠷᠠᠮᠵᠢ ᠵᠢᠨ ᠪᠠᠢ᠌ᠭᠤᠯᠤᠮᠵᠢ ᠵᠢᠨ ᠬᠡᠥᠬᠡᠳ ᠲᠦᠪᠬᠢᠨᠡᠭᠦᠯᠬᠦ ᠦᠷ᠎ᠡ ᠪᠦᠲᠦᠮᠵᠢ ᠵᠢ ᠳᠡᠭᠡᠭᠰᠢᠯᠡᠭᠦᠯᠵᠦ᠂ ᠲᠦᠪᠬᠢᠨᠡᠭᠦᠯᠬᠦ ᠴᠠᠭ᠎ᠢ ᠪᠤᠭᠤᠨᠢᠰᠬᠠᠨ᠂ ᠲᠦᠪᠬᠢᠨᠡᠭᠦᠯᠬᠦ ᠬᠦᠷᠢᠶ᠎ᠡ ᠴᠠᠷᠠᠭ᠎ᠠ ᠵᠢ ᠦᠷᠭᠡᠳᠬᠡᠨ᠂ ᠬᠡᠥᠬᠡᠳ᠎ᠤᠨ ᠬᠠᠮᠤᠭ᠎ᠤᠨ ᠶᠡᠬᠡ ᠠᠰᠢᠭ ᠲᠤᠰᠠ ᠵᠢ ᠨᠡᠩ ᠰᠠᠢ᠌ᠨ ᠪᠡᠶᠡᠯᠡᠭᠦᠯᠵᠡᠢ᠃
    ᠰᠤᠷᠪᠤᠯᠵᠢᠯᠠᠭᠴᠢ᠄  《ᠦᠢ᠍ᠯᠡᠴᠢᠯᠡᠭᠡᠨ᠎ᠤ ᠳᠦᠷᠢᠮ》᠎ᠢ ᠬᠡᠷᠡᠭᠵᠢᠭᠦᠯᠦᠭᠰᠡᠨ᠎ᠨᠢ ᠬᠡᠥᠬᠡᠳ᠎ᠤᠨ ᠠᠰᠠᠷᠠᠮᠵᠢ ᠵᠢᠨ ᠪᠠᠢ᠌ᠭᠤᠯᠤᠮᠵᠢ ᠵᠢᠨ ᠵᠠᠰᠠᠭ᠎ᠤᠨ ᠬᠠᠮᠢᠶᠠᠷᠤᠯᠲᠠ ᠵᠢᠨ ᠲᠦᠭᠰᠢᠭᠦᠷᠢ ᠵᠢ ᠪᠠᠭᠤᠷᠠᠭᠤᠯᠵᠤ᠂ ᠮᠡᠷᠭᠡᠵᠢᠯ᠎ᠤᠨ ᠦᠢ᠍ᠯᠡᠴᠢᠯᠡᠭᠡᠨ᠎ᠤ ᠬᠢᠷᠢ ᠲᠦᠪᠰᠢᠨ᠎ᠢ ᠲᠡᠭᠡᠭᠰᠢᠯᠡᠭᠦᠯᠬᠦ᠎ᠳᠤ ᠶᠠᠮᠠᠷᠬᠠᠨ ᠠᠬᠢᠭᠤᠯᠬᠤ ᠦᠢ᠍ᠯᠡᠳᠦᠯ ᠦᠵᠡᠭᠦᠯᠦᠭᠰᠡᠨ ᠪᠤᠢ?
      ᠬᠠᠷᠢᠭᠤᠯᠲᠠ᠄   ᠬᠡᠥᠬᠡᠳ᠎ᠤᠨ ᠠᠰᠢᠭ ᠲᠤᠰᠠ ᠵᠢᠨ ᠲᠠᠯ᠎ᠠ᠎ᠠᠴᠠ ᠶᠠᠷᠢᠪᠠᠯ᠂ ᠤᠯᠠᠮᠵᠢᠯᠠᠯᠲᠤ ᠵᠠᠰᠠᠭ᠎ᠤᠨ ᠬᠠᠮᠢᠶᠠᠷᠤᠯᠲᠠ ᠵᠢᠨ ᠠᠷᠭ᠎ᠠ ᠪᠠᠷᠢᠯ᠎ᠨᠢ ᠬᠡᠥᠬᠡᠳ᠎ᠤᠨ ᠤᠯᠠᠨ ᠡᠰᠢᠲᠦ ᠬᠡᠷᠡᠭᠴᠡᠭᠡ ᠵᠢ ᠵᠦᠪ ᠤᠨᠤᠪᠴᠢᠲᠠᠢ᠎ᠪᠠᠷ ᠬᠠᠡᠭᠭ᠋ᠠᠬᠤ᠎ᠳᠤ ᠶᠡᠬᠡ ᠲᠦᠪᠡᠭ᠎ᠲᠠᠢ᠂ ᠦᠢ᠍ᠯᠡᠴᠢᠯᠡᠬᠦ ᠴᠠᠭ᠎ᠨᠢ ᠲᠤᠬᠢᠷᠠᠬᠤ ᠦᠭᠡᠢ᠂ ᠦᠢ᠍ᠯᠡᠴᠢᠯᠡᠭᠡ ᠭᠦᠢ᠍ᠴᠡᠳ ᠪᠤᠰᠤ ᠵᠡᠷᠭᠡ ᠠᠰᠠᠭᠤᠳᠠᠯ ᠭᠠᠷᠳᠠᠭ᠃  《ᠦᠢ᠍ᠯᠡᠴᠢᠯᠡᠭᠡᠨ᠎ᠤ ᠳᠦᠷᠢᠮ》᠎ᠳᠤ ᠲᠦᠪᠬᠢᠨᠡᠭᠦᠯᠬᠦ ᠬᠡᠷᠡᠭᠴᠡᠭᠡ ᠵᠢᠨ ᠬᠢᠨᠠᠯᠲᠠ᠂ ᠲᠦᠪᠬᠢᠨᠡᠭᠦᠯᠬᠦ ᠠᠷᠭ᠎ᠠ ᠮᠠᠶᠢᠭ᠎ᠤᠨ ᠰᠢᠢ᠍ᠳᠪᠦᠷᠢ᠂ ᠲᠦᠪᠬᠢᠨᠡᠭᠦᠯᠬᠦ ᠦᠢ᠍ᠯᠡᠴᠢᠯᠡᠭᠡ ᠦᠭᠭᠦ ᠵᠡᠷᠭᠡ ᠭᠤᠭᠴᠤᠭ᠎ᠠ᠎ᠳᠤ ᠨᠡᠢ᠌ᠭᠡᠮ᠎ᠤᠨ ᠠᠵᠢᠯᠲᠠᠳ ᠬᠦᠲᠦᠯᠦᠨ ᠳᠠᠭ᠋ᠠᠭᠤᠯᠵᠤ᠂ ᠮᠡᠷᠭᠡᠵᠢᠯ ᠠᠯᠤᠰᠯᠠᠭᠰᠠᠨ ᠬᠤᠯᠪᠤᠭ᠋ᠠᠲᠤ ᠬᠤᠷᠠᠯ ᠵᠡᠷᠭᠡ ᠠᠷᠭ᠎ᠠ ᠮᠠᠶᠢᠭ ᠵᠶ᠋ᠠᠷ ᠳᠠᠮᠵᠢᠭᠤᠯᠤᠨ ᠲᠡᠵᠢᠭᠡᠨ ᠬᠦᠮᠦᠵᠢᠭᠦᠯᠬᠦ᠂ ᠡᠮ ᠡᠮᠨᠡᠯᠭᠡ᠂ ᠰᠤᠷᠭ᠋ᠠᠨ ᠬᠦᠮᠦᠵᠢᠯ᠂ ᠡᠷᠡᠭᠦᠯᠵᠢᠭᠦᠯᠬᠦ ᠵᠡᠷᠭᠡ ᠬᠤᠯᠪᠤᠭᠳᠠᠯ ᠪᠦᠬᠦᠢ ᠰᠠᠯᠠᠭ᠎ᠠ ᠮᠦᠴᠢᠷ᠎ᠢ ᠨᠢᠭᠡᠲᠦᠯᠲᠡᠢ ᠲᠦᠯᠦᠪᠯᠡᠨ ᠮᠡᠷᠭᠡᠵᠢᠯ᠎ᠤᠨ ᠬᠢᠨᠠᠯᠲᠠ ᠵᠢᠨ ᠰᠠᠭᠤᠷᠢᠨ ᠳᠡᠭᠡᠷ᠎ᠡ ᠶᠠᠪᠤᠭᠳᠠᠭᠤᠯᠵᠤ᠂ ᠪᠠᠢ᠌ᠭᠤᠯᠤᠮᠵᠢ ᠳᠤᠲᠤᠭ᠋ᠠᠳᠤᠬᠢ ᠡᠯ᠎ᠡ ᠵᠦᠢ᠍ᠯ᠎ᠤᠨ ᠦᠢ᠍ᠯᠡᠴᠢᠯᠡᠭᠡ ᠵᠢᠨ ᠡᠬᠢ ᠰᠤᠷᠪᠤᠯᠵᠢ ᠵᠢ ᠤᠷᠭ᠋ᠠᠨᠢᠭ ᠵᠶ᠋ᠠᠷ ᠨᠢᠭᠡᠳᠬᠡᠬᠦ ᠵᠢ ᠠᠬᠢᠭᠤᠯᠤᠨ᠂ ᠬᠡᠥᠬᠡᠳ᠎ᠲᠤ ᠦᠢ᠍ᠯᠡᠴᠢᠯᠡᠬᠦ ᠵᠠᠰᠠᠭ᠎ᠤᠨ ᠲᠠᠯ᠎ᠠ ᠵᠢᠨ ᠨᠦᠯᠦᠭᠡᠯᠡᠯ᠎ᠢ ᠪᠠᠭ᠋ᠠᠰᠬᠠᠵᠠᠢ᠃ ᠲᠦᠭᠰᠢᠭᠦᠷᠢ ᠵᠢ ᠰᠡᠷᠭᠡᠢ᠌ᠯᠡᠬᠦ ᠲᠠᠯ᠎ᠠ᠎ᠠᠴᠠ ᠶᠠᠷᠢᠪᠠᠯ᠂ ᠨᠡᠢ᠌ᠭᠡᠮ᠎ᠤᠨ ᠠᠵᠢᠯᠲᠠᠳ ᠪᠤᠳᠠᠲᠠᠢ ᠮᠡᠷᠭᠡᠵᠢᠯ᠎ᠤᠨ ᠦᠢ᠍ᠯᠡᠴᠢᠯᠡᠭᠡ᠎ᠪᠠᠷ ᠳᠠᠮᠵᠢᠨ 《ᠤᠷᠤᠯᠠᠬᠤ ᠭᠡᠷ᠎ᠤᠨ ᠠᠬᠠᠮᠠᠳ》 ᠎ᠤᠨ ᠦᠢ᠍ᠯᠡᠳᠦᠯ ᠵᠶ᠋ᠡᠨ ᠪᠠᠳᠠᠷᠠᠭᠤᠯᠵᠤ᠂ ᠪᠠᠢ᠌ᠭᠤᠯᠤᠮᠵᠢ ᠵᠢᠨ ᠬᠠᠮᠢᠶᠠᠷᠤᠭᠴᠢ᠎ᠳᠤ ᠬᠠᠪᠰᠤᠷᠤᠨ ᠬᠡᠥᠬᠡᠳ ᠨᠢᠭᠡᠪᠦᠷᠢ ᠵᠢᠨ ᠪᠤᠳᠠᠲᠤ ᠬᠡᠷᠡᠭᠴᠡᠭᠡ ᠵᠢ ᠴᠠᠭ ᠲᠤᠬᠠᠢ᠎ᠳᠤ᠎ᠨᠢ ᠠᠩᠬᠠᠷᠬᠤ ᠪᠠ ᠪᠦᠲᠦᠮᠵᠢᠲᠡᠢ᠎ᠪᠠᠷ ᠬᠠᠡᠭᠭ᠋ᠠᠵᠤ᠂ ᠬᠤᠤᠷ ᠬᠦᠨᠦᠭᠡᠯ᠎ᠲᠠᠢ ᠦᠢ᠍ᠯᠠ ᠠᠵᠢᠯᠯᠠᠭ᠎ᠠ ᠵᠢ ᠴᠠᠭ ᠲᠤᠬᠠᠢ᠎ᠳᠤ᠎ᠨᠢ ᠢᠯᠡᠷᠡᠭᠦᠯᠦᠨ ᠬᠤᠷᠢᠭᠯᠠᠵᠤ᠂ ᠦᠷᠭᠦᠯᠵᠢᠯᠡᠭᠰᠡᠨ ᠬᠠᠮᠠᠭ᠋ᠠᠯᠠᠬᠤ ᠦᠢ᠍ᠯᠡᠴᠢᠯᠡᠭᠡ ᠦᠭᠭᠦ ᠪᠦᠭᠡᠳ ᠪᠠᠢ᠌ᠭᠤᠯᠤᠮᠵᠢ ᠵᠢᠨ ᠠᠰᠠᠷᠠᠭᠴᠢ᠂ ᠡᠷᠭᠦᠨ ᠲᠡᠵᠢᠭᠡᠭᠴᠢ ᠭᠡᠷ ᠪᠦᠯᠢ ᠵᠡᠷᠭᠡ ᠬᠡᠥᠬᠡᠳ᠎ᠲᠤ ᠦᠢ᠍ᠯᠡᠴᠢᠯᠡᠬᠦ ᠬᠦᠮᠦᠰ᠎ᠢ ᠦᠢ᠍ᠯᠡᠴᠢᠯᠡᠬᠦ ᠬᠦᠷᠢᠶ᠎ᠡ ᠴᠠᠷᠠᠭ᠋ᠠᠨ᠎ᠳᠤ᠎ᠪᠠᠨ ᠤᠷᠤᠭᠤᠯᠵᠤ᠂ ᠲᠡᠳᠡᠨ᠎ᠤ ᠠᠰᠠᠷᠠᠬᠤ ᠴᠢᠳᠠᠪᠤᠷᠢ ᠵᠢ ᠳᠡᠭᠡᠭᠰᠢᠯᠡᠭᠦᠯᠦᠨ᠂ ᠮᠡᠷᠭᠡᠵᠢᠯ ᠪᠤᠯᠤᠨ ᠰᠡᠳᠬᠢᠯᠭᠡ ᠵᠢᠨ ᠳᠡᠮᠵᠢᠯᠭᠡ ᠵᠢ ᠴᠠᠭ ᠲᠤᠬᠠᠢ᠎ᠳᠤ᠎ᠨᠢ ᠤᠯᠭᠤᠬᠤ ᠪᠤᠯᠤᠭᠰᠠᠨ᠎ᠠᠴᠠ ᠦᠢ᠍ᠯᠡᠴᠢᠯᠡᠭᠡᠨ᠎ᠤ ᠳᠤᠮᠳᠠᠬᠢ ᠡᠯ᠎ᠡ ᠵᠦᠢ᠍ᠯ᠎ᠤᠨ ᠲᠦᠭᠰᠢᠭᠦᠷᠢ ᠵᠢ ᠶᠡᠬᠡ᠎ᠪᠠᠷ ᠪᠠᠭᠤᠷᠠᠭᠤᠯᠤᠭᠰᠠᠨ ᠪᠠᠢ᠌ᠨ᠎ᠠ᠃                

ᠢᠷᠡᠯᠲᠡ᠄ ᠲᠤᠮᠳᠠᠳᠤ ᠤᠯᠤᠰ᠎ᠤᠨ ᠨᠡᠢ᠌ᠬᠡᠮ᠎ᠤᠨ ᠰᠤᠨᠢᠨ
          
ᠬᠠᠮᠢᠶ᠎ᠡ ᠪᠦᠬᠦᠢ ᠰᠣᠨᠢᠨ
ᠨᠠᠰᠤᠨ᠎ᠳᠤ ᠦᠯᠤ ᠬᠦᠷᠦᠭᠰᠡᠳ᠎ᠢ ᠲᠤᠰᠠᠯᠠᠨ ᠬᠠᠮᠠᠭ᠋ᠠᠯᠠᠬᠤ ᠪᠠᠢ᠌ᠭᠤᠯᠤᠮᠵᠢ ᠬᠡᠯᠪᠡᠷᠢ᠎ᠪᠠᠨ ᠬᠤᠪᠢᠷᠠᠭᠤᠯᠤᠨ ᠲᠡᠰ ᠲᠡᠪᠰᠢᠬᠦ ᠵᠢ ᠬᠡᠷᠬᠢᠨ ᠪᠡᠶᠡᠯᠡᠬᠦᠯᠬᠦ ᠪᠤᠢ
ᠤᠯᠤᠰ᠎ᠤᠨ ᠨᠡᠢ᠌ᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠢ ᠲᠡᠯᠭᠡᠷᠡᠬᠦᠯᠦᠨ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠤᠯᠠᠮ ᠪᠡᠬᠢᠵᠢᠬᠦᠯᠰᠤᠭᠡᠢ
ᠭᠡᠷ᠎ᠲᠤ᠎ᠪᠠᠨ ᠰᠠᠭᠤᠵᠤ ᠠᠰᠠᠷᠠᠭᠤᠯᠬᠤ ᠨᠠᠰᠤᠵᠢᠯ᠎ᠤᠨ ᠦᠢ᠍ᠯᠡᠴᠢᠯᠡᠬᠡᠨ᠎ᠤ ᠬᠦᠭᠵᠢᠯᠳᠡ ᠵᠢ ᠠᠬᠢᠭᠤᠯᠬᠤ ᠵᠢ ᠠᠷᠭ᠋ᠠᠴᠠᠭ᠋ᠠᠬᠤ ᠪᠣᠳᠤᠯᠭ᠎ᠠ ᠵᠢᠨ ᠲᠤᠬᠠᠢ ᠪᠤᠳᠤᠯᠬᠢᠯᠠᠯ
ᠬᠠᠤᠯᠢ ᠪᠤᠰᠤ᠎ᠪᠠᠷ ᠵᠤᠬᠢᠶᠠᠨ ᠪᠠᠢ᠌ᠭᠤᠯᠤᠯᠴᠠᠬᠤ ᠶᠠᠯ᠎ᠠ ᠵᠢ ᠨᠡᠮᠡᠨ ᠤᠷᠤᠭᠤᠯᠵᠤ᠂ ᠬᠠᠤᠯᠢ ᠪᠤᠰᠤ ᠨᠡᠢ᠌ᠬᠡᠮ᠎ᠤᠨ ᠵᠤᠬᠢᠶᠠᠨ ᠪᠠᠢ᠌ᠭᠤᠯᠤᠯᠳᠠ᠎ᠳᠤ ᠴᠢᠡᠭᠭ᠎ᠠ ᠴᠤᠬᠢᠯᠳᠠ ᠦᠭᠰᠤᠬᠡᠢ
ᠨᠢᠬᠡᠳᠤᠯᠳᠡᠢ ᠵᠤᠬᠢᠴᠠᠭᠤᠯᠬᠤ ᠲᠤᠬᠳᠠᠯᠴᠠᠭ᠎ᠠ ᠵᠢ ᠲᠠᠷᠤᠢ᠌ᠬᠠᠨ ᠪᠠᠢ᠌ᠭᠤᠯᠵᠤ᠂ ᠰᠢᠨ᠎ᠡ ᠴᠠᠭ ᠦᠶ᠎ᠡ ᠵᠢᠨ ᠨᠠᠰᠤᠨ᠎ᠳᠤ ᠦᠯᠤ ᠬᠦᠷᠦᠭᠰᠡᠳ᠎ᠢ ᠬᠠᠮᠠᠭ᠋ᠠᠯᠠᠬᠤ ᠠᠵᠢᠯ᠎ᠤᠨ ᠰᠢᠨ᠎ᠡ ᠬᠦᠭᠵᠢᠯᠳᠡ ᠵᠢ ᠠᠬᠢᠭᠤᠯᠰᠤᠭ᠋ᠠᠢ
 
            