ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠢᠯᠡ ᠵᠠᠰᠠᠭ   -   ᠲᠥᠷᠥ᠎ᠶᠢᠨ ᠪᠣᠳᠣᠯᠭ᠎ᠠ᠎ᠶᠢᠨ ᠲᠠᠶ᠋ᠢᠯᠤᠮᠵᠢ
ᠤᠯᠤᠰ᠎ᠤᠨ ᠨᠡᠢ᠌ᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠢ ᠲᠡᠯᠭᠡᠷᠡᠬᠦᠯᠦᠨ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠤᠯᠠᠮ ᠪᠡᠬᠢᠵᠢᠬᠦᠯᠰᠤᠭᠡᠢ
ᠨᠡᠶᠢᠲᠡᠯᠡᠭᠰᠡᠨ ᠴᠠᠭ᠄ 2021-02-26

ᠤᠯᠤᠰ᠎ᠤᠨ ᠨᠡᠢ᠌ᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠢ ᠲᠡᠯᠭᠡᠷᠡᠬᠦᠯᠦᠨ᠂
ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠤᠯᠠᠮ ᠪᠡᠬᠢᠵᠢᠬᠦᠯᠰᠤᠭᠡᠢ
                                            ᠠᠯᠳᠠᠨᠰᠠᠡᠭ ᠵᠤᠬᠢᠶᠠᠵᠤ
                                            ᠱᠠ᠊ · ᠮᠡᠷᠬᠡᠨ ᠤᠷᠴᠢᠭᠤᠯᠪᠠ

ᠬᠡᠯᠡ ᠪᠣᠯ ᠬᠦᠮᠦᠰ᠎ᠤᠨ ᠬᠣᠭᠣᠷᠣᠨᠳᠣᠬᠢ ᠬᠠᠷᠢᠯᠴᠠᠭ᠋ᠠᠨ᠎ᠤ ᠴᠢᠬᠤᠯᠠ ᠭᠣᠭᠴᠣᠭ᠎ᠠ ᠶᠤᠮ᠃ ᠨᠢᠭᠡ ᠤᠯᠤᠰ᠎ᠤᠨ ᠰᠣᠶᠣᠯ᠎ᠤᠨ   ᠲᠠᠲᠠᠬᠤ ᠬᠦᠴᠦ ᠪᠠ   ᠦᠨᠳᠦᠰᠦᠲᠡᠨ᠎ᠤ ᠨᠢᠭᠲᠠᠷᠠᠯ᠎ᠤᠨ ᠬᠦᠴᠦᠨ᠎ᠨᠢ ᠦᠭᠡ ᠬᠡᠯᠡ᠎ᠪᠠᠷ   ᠭᠤᠤᠯᠲᠠᠭᠤ ᠤᠯᠠᠮᠵᠢᠯᠠᠭᠲᠠᠨ ᠲᠠᠮᠵᠢᠭᠲᠠᠲᠠᠭ᠃ ᠤᠯᠤᠰ᠎ᠤᠨ ᠨᠡᠢ᠌ᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠢ   ᠲᠡᠯᠭᠡᠷᠡᠬᠦᠯᠵᠤ ᠲᠦᠬᠡᠮᠡᠯᠵᠢᠬᠦᠯᠵᠤ᠂ ᠦᠨᠳᠦᠰᠦᠲᠡᠨ᠎ᠨᠦᠭᠦᠳ᠎ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠎ᠠᠴᠠ   ᠲᠤᠭᠲᠠᠨ ᠪᠦᠷᠢᠯᠳᠦᠭᠰᠡᠨ ᠭᠡᠷᠡᠯ ᠰᠠᠴᠤᠷᠠᠩᠭᠤᠢ ᠳᠤᠮᠳᠠᠳᠤ ᠵᠢᠨ ᠰᠣᠶᠣᠯ᠎ᠢ ᠪᠢᠴᠢᠭᠯᠡᠬᠦ ᠪᠣᠯ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠡᠬᠢᠵᠢᠭᠦᠯᠬᠦ   ᠴᠢᠬᠤᠯᠠ ᠠᠭᠤᠯᠭ᠎ᠠ   ᠶᠤᠮ᠃ ᠤᠯᠤᠰ  ᠎ᠤᠨ ᠨᠡᠢ᠌ᠳᠡᠮ   ᠬᠡᠷᠡᠭᠯᠡᠬᠦ   ᠦᠭᠡ   ᠬᠡᠯᠡ   ᠦᠰᠦᠭ   ᠪᠢᠴᠢᠭ᠎ᠢ ᠡᠷᠡᠰ ᠭᠤᠢ᠌ᠪᠢᠰᠢ ᠦᠭᠡᠢ᠎ᠪᠠᠷ ᠳᠡᠯᠭᠡᠷᠡᠭᠦᠯᠦᠨ ᠲᠦᠭᠡᠮᠡᠯᠵᠢᠭᠦᠯᠵᠦ᠂ ᠬᠦᠴᠢᠷᠳᠡᠯ᠎ᠳᠤ ᠲᠤᠯᠭ᠋ᠠᠷᠠᠭᠰᠠᠨ᠎ᠠᠴᠠ ᠪᠤᠯᠵᠤ ᠬᠣᠢ᠌ᠰᠢ  ᠎ᠪᠠᠨ ᠤᠬᠤᠷᠢᠵᠤ ᠪᠣᠯᠬᠤ ᠦᠭᠡᠢ᠂ ᠣᠷᠣᠰᠢᠵᠤ ᠪᠠᠢ᠌ᠭ᠎ᠠ ᠠᠰᠠᠭᠤᠳᠠᠯ᠎ᠠᠴᠠ   ᠪᠤᠯᠵᠤ ᠬᠣᠢ᠌ᠷᠭᠣᠰᠢᠵᠤ   ᠶᠠᠭ᠋ᠠᠬᠢᠭᠰᠠᠨ ᠴᠤ᠌ ᠪᠣᠯᠬᠤ ᠦᠭᠡᠢ᠂ ᠦᠨᠳᠦᠰᠦᠲᠡᠨ᠎ᠨᠦᠭᠦᠳ᠎ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠎ᠢ ᠲᠠᠰᠤᠷᠠᠯᠳᠠ ᠦᠭᠡᠢ᠎ᠪᠠᠷ ᠤᠯᠠᠮ   ᠠᠬᠢᠭᠤᠯᠤᠨ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠤᠯᠠᠮ ᠪᠡᠬᠢᠵᠢᠭᠦᠯᠬᠦ ᠬᠡᠷᠡᠭᠲᠡᠢ ᠶᠤᠮ᠃

ᠨᠢᠭᠡ᠂ ᠤᠯᠤᠰ᠎ᠤᠨ ᠨᠡᠢ᠌ᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠢ ᠲᠦᠭᠡᠮᠡᠯᠵᠢᠭᠦᠯᠬᠦ᠎ᠨᠢ ᠠᠷᠠᠳ ᠲᠦᠮᠡᠨ᠎ᠤ ᠰᠠᠢ᠍ᠢ᠍ᠨ ᠰᠠᠢ᠌ᠬᠠᠨ ᠠᠮᠢᠳᠤᠷᠠᠯ᠎ᠢ ᠡᠳ᠋ᠯᠡᠬᠦ ᠪᠣᠳᠠᠲᠤ ᠬᠡᠷᠡᠭᠴᠡᠭᠡ ᠶᠤᠮ

ᠬᠡᠯᠡᠨ᠎ᠤ ᠰᠣᠯᠢᠯᠴᠠᠭ᠎ᠠ ᠪᠣᠯ ᠬᠦᠳᠡᠯᠮᠦᠷᠢᠴᠢᠳ᠎ᠤᠨ ᠬᠥᠳᠡᠯᠮᠦᠷᠢᠯᠡᠬᠦ ᠶᠠᠪᠤᠴᠠ ᠲᠤᠮᠲᠠᠬᠢ ᠬᠠᠮᠤᠭ᠎ᠤᠨ ᠦᠨᠳᠤᠰᠤᠨ ᠴᠢᠨᠠᠷᠲᠠᠢ ᠰᠣᠯᠢᠯᠴᠠᠭ᠎ᠠ ᠶᠤᠮ᠂ ᠬᠡᠯᠡᠨ᠎ᠤ ᠰᠣᠯᠢᠯᠴᠠᠭ᠋ᠠᠨ᠎ᠤ ᠴᠢᠳᠠᠪᠤᠷᠢ᠎ᠨᠢ ᠬᠦᠳᠡᠯᠮᠦᠷᠢᠴᠢᠳ᠎ᠤᠨ ᠶᠡᠷᠦᠩᠬᠡᠢ᠌ᠯᠡᠭᠰᠡᠨ ᠬᠡᠪ ᠴᠢᠨᠠᠷ᠎ᠤᠨ ᠳᠤᠮᠳᠠ ᠪᠦᠷᠢᠯᠳᠦᠭᠦᠯᠪᠡᠰᠦ ᠵᠣᠬᠢᠬᠤ ᠬᠠᠮᠤᠭ᠎ᠤᠨ ᠦᠨᠳᠦᠰᠦᠨ ᠬᠡᠪ ᠴᠢᠨᠠᠷ   ᠶᠤᠮ᠃ ᠨᠤᠲᠤᠭ᠎ᠤᠨ ᠠᠶᠠᠯᠭᠤ ᠵᠢ   ᠮᠠᠰᠢ ᠥᠷᠭᠡᠨ ᠵᠶ᠋ᠡᠷ ᠬᠡᠷᠡᠭᠯᠡᠵᠦ ᠪᠠᠢ᠌ᠭ᠎ᠠ   ᠶᠡᠭᠡ ᠤᠯᠠᠨ ᠭᠠᠵᠠᠷ᠎ᠲᠤ ᠬᠢᠲᠠᠳ ᠦᠨᠳᠦᠰᠦᠲᠡᠨ᠎ᠤ ᠤᠯᠠᠨ ᠲᠦᠮᠡᠨ ᠤᠯᠤᠰ᠎ᠤᠨ ᠨᠡᠢ᠌ᠳᠡᠮ ᠬᠡᠷᠡᠭᠯᠡᠬᠦ ᠬᠡᠯᠡ ᠰᠤᠷᠬᠤ᠎ᠳᠤ ᠴᠤ᠌   ᠲᠤᠩ ᠤᠯᠠᠨ ᠬᠦᠴᠢᠷᠳᠡᠯ ᠣᠷᠣᠰᠢᠵᠤ   ᠪᠠᠢ᠌ᠭ᠎ᠠ ᠪᠢᠯᠨ᠃ ᠬᠢᠲᠠᠳ ᠦᠨᠳᠦᠰᠦᠲᠡᠨ ᠪᠠ ᠴᠥᠭᠡᠨ ᠲᠣᠭ᠋ᠠᠲᠤ ᠦᠨᠳᠦᠰᠦᠲᠡᠨ ᠴᠥᠮ ᠤᠯᠤᠰ᠎ᠤᠨ ᠨᠡᠢ᠌ᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠢ ᠰᠠᠢ᠌ᠲᠤᠷ ᠰᠤᠷᠤᠯᠴᠠᠵᠤ᠂ ᠨᠡᠢ᠌ᠲᠡᠯᠢᠭ ᠬᠡᠯᠡ ᠵᠢ ᠰᠠᠢ᠌ᠲᠤᠷ ᠡᠵᠡᠮᠰᠢᠬᠦ ᠬᠡᠷᠡᠭᠲᠠᠢ᠃   ᠶᠡᠷᠦᠩᠬᠡᠢ᠌ᠯᠡᠭᠡᠳ ᠦᠵᠡᠪᠡᠯ᠂   ᠤᠯᠤᠰ  ᠎ᠤᠨ ᠨᠡᠢ᠌ᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠢ   ᠭᠠᠢ᠌ᠭᠤᠢ ᠰᠠᠢ᠍ᠢ᠍ᠨ ᠡᠵᠡᠮᠰᠢᠵᠦ᠂ ᠦᠭᠡ ᠬᠡᠯᠡᠨ᠎ᠤ ᠰᠣᠯᠢᠯᠴᠠᠭ᠎ᠠ᠎ᠨᠢ ᠬᠠᠷᠰᠢ ᠰᠠᠭ᠋ᠠᠳ ᠦᠭᠡᠢ ᠭᠠᠵᠠᠷ ᠣᠷᠣᠨ᠎ᠳᠤ ᠠᠪᠴᠤ ᠬᠡᠯᠡᠪᠡᠯ᠂ ᠲᠤᠬᠠᠢ ᠵᠢᠨ ᠭᠠᠵᠠᠷ᠎ᠤᠨ ᠦᠢ᠍ᠯᠡᠳᠪᠦᠷᠢᠯᠡᠯ ᠠᠮᠢᠳᠤᠷᠠᠯ᠎ᠤᠨ ᠨᠥᠬᠥᠴᠡᠯ᠎ᠨᠢ ᠨᠡᠯᠢᠶᠡᠳ ᠠᠨᠠᠢ ᠪᠠᠢ᠌ᠭᠰᠠᠨ ᠴᠤ᠌ ᠠᠵᠢᠯ ᠣᠯᠭᠣᠯᠲᠠ ᠵᠢᠨ ᠬᠢᠷᠢ ᠬᠡᠮᠵᠢᠢ᠎ᠡ᠎ᠨᠢ ᠴᠦ᠍ ᠬᠠᠷᠢᠴᠠᠩᠭᠤᠢ᠎ᠪᠠᠷ ᠨᠡᠯᠢᠶᠡᠳ ᠰᠠᠢ᠍ᠢ᠍ᠨ ᠪᠠᠢ᠌ᠭ᠎ᠠ ᠶᠤᠮ᠃ ᠬᠡᠷᠪᠡ ᠤᠯᠤᠰ᠎ᠤᠨ ᠨᠡᠢ᠌ᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠤᠨ ᠰᠣᠯᠢᠯᠴᠠᠭ᠎ᠠ ᠵᠢ ᠬᠡᠷᠡᠭᠯᠡᠬᠦ ᠵᠢᠨ ᠠᠷᠭ᠎ᠠ ᠦᠭᠡᠢ ᠪᠣᠯ ᠳᠠᠷᠤᠢ ᠪᠦᠲᠦᠮᠵᠢᠲᠡᠢ ᠮᠡᠳᠡᠭᠡ ᠵᠠᠩᠭᠢ ᠵᠢ   ᠲᠤᠰᠬᠤ᠂ ᠲᠡᠷᠢᠭᠦᠨ᠎ᠤ ᠰᠣᠶᠣᠯ ᠪᠠ ᠰᠢᠨᠵᠢᠯᠡᠬᠦ ᠤᠬᠠᠭ᠋ᠠᠨ ᠮᠡᠷᠭᠡᠵᠢᠯ᠎ᠢ ᠰᠤᠷᠤᠯᠴᠠᠬᠤ᠎ᠳᠤ ᠪᠡᠷᠬᠡᠲᠡᠢ ᠶᠤᠮ᠂ ᠭᠠᠳᠠᠭᠰᠢ ᠭᠠᠷᠴᠤ ᠠᠵᠢᠯ ᠬᠢᠵᠦ ᠬᠤᠳᠠᠯᠳᠤᠭ᠎ᠠ ᠡᠷᠬᠢᠯᠡᠬᠦ᠎ᠳᠤ ᠴᠤ᠌ ᠪᠡᠷᠬᠡᠲᠡᠢ ᠶᠤᠮ᠂ ᠶᠠᠳᠠᠭᠤ ᠬᠣᠴᠣᠷᠤᠩᠭᠤᠢ   ᠠᠰᠠᠭᠤᠳᠠᠯ᠎ᠢ ᠰᠢᠢ᠍ᠳᠪᠦᠷᠢᠯᠡᠬᠦ᠎ᠳᠤ ᠴᠤ᠌ ᠪᠡᠷᠬᠡᠲᠡᠢ  ᠃ ᠨᠡᠢ᠌ᠭᠡᠮ ᠵᠢᠷᠤᠮ᠎ᠤᠨ ᠵᠠᠬ᠎ᠠ ᠳᠡᠯᠭᠡᠭᠦᠷ᠎ᠤᠨ ᠠᠵᠤ ᠠᠬᠤᠢ ᠵᠢᠨ ᠲᠠᠰᠤᠷᠠᠯᠳᠠ ᠦᠭᠡᠢ ᠬᠦᠭᠵᠢᠯᠲᠠ ᠵᠢ ᠲᠠᠭ᠋ᠠᠯᠳᠤᠵᠤ᠂ ᠪᠦᠬᠦ ᠤᠯᠤᠰ᠎ᠤᠨ ᠨᠢᠭᠡᠳᠦᠯᠲᠡᠢ ᠬᠥᠳᠡᠯᠮᠦᠷᠢ ᠬᠦᠴᠦᠨ᠎ᠤ ᠵᠠᠬ᠎ᠠ ᠳᠡᠯᠭᠡᠭᠦᠷ  ᠎ᠨᠢ ᠠᠭ᠋ᠠᠵᠢᠮ   ᠵᠶ᠋ᠡᠷ   ᠲᠤᠭᠲᠠᠨ ᠪᠦᠷᠢᠯᠳᠤᠵᠤ᠂ ᠬᠥᠳᠡᠯᠮᠦᠷᠢ ᠬᠦᠴᠦᠨ   ᠨᠠᠩ ᠢᠯᠠᠩᠭᠤᠶ᠎ᠠ ᠦᠨᠳᠦᠰᠦᠲᠡᠨ᠎ᠤ ᠭᠠᠵᠠᠷ ᠣᠷᠣᠨ᠎ᠤ ᠬᠥᠳᠡᠭᠡ ᠲᠣᠰᠬᠣᠨ᠎ᠤ ᠵᠠᠯᠠᠭᠤ ᠢᠳᠡᠷ ᠬᠥᠳᠡᠯᠮᠦᠷᠢ ᠬᠦᠴᠦᠨ᠎ᠤ ᠦᠨᠳᠦᠰᠦᠨ ᠬᠡᠪ ᠴᠢᠨᠠᠷ᠎ᠢ   ᠤᠯᠠᠮ ᠵᠶ᠋ᠡᠷ ᠳᠡᠭᠡᠭᠰᠢᠯᠡᠭᠦᠯᠬᠦ᠂ ᠠᠵᠢᠯ ᠮᠡᠷᠭᠡᠵᠢᠯ᠎ᠤᠨ ᠤᠷ᠎ᠠ ᠴᠢᠳᠠᠪᠤᠷᠢ ᠵᠢᠨ ᠳᠡᠭᠡᠭᠰᠢᠯᠡᠯᠲᠡ ᠵᠢ   ᠤᠯᠠᠮ ᠠᠬᠢᠭᠤᠯᠬᠤ᠂ ᠠᠵᠢᠯ ᠤᠯᠬᠤ ᠴᠢᠳᠠᠪᠤᠷᠢ ᠵᠢ ᠨᠡᠮᠡᠭᠳᠡᠭᠦᠯᠬᠦ ᠵᠡᠷᠭᠡ ᠲᠠᠯ᠎ᠠ ᠵᠢᠨ ᠤᠯᠤᠰ᠎ᠤᠨ ᠨᠡᠢ᠌ᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠤᠨ ᠴᠢᠬᠤᠯᠠ ᠦᠢ᠍ᠯᠡᠳᠦᠯ᠎ᠢ ᠪᠠᠳᠠᠷᠠᠭᠤᠯᠬᠤ ᠵᠢᠨ ᠤᠯᠠᠮ᠎ᠠᠴᠠ ᠶᠠᠳᠠᠭᠤ᠎ᠠᠴᠠ   ᠠᠩᠬᠢᠵᠢᠷᠠᠵᠤ ᠪᠠᠶᠠᠵᠢᠨ ᠴᠢᠨᠡᠬᠡᠯᠢᠭᠵᠢᠬᠦ   ᠴᠢᠳᠠᠪᠤᠷᠢ ᠵᠢ᠎ᠨᠢ ᠳᠡᠭᠡᠭᠰᠢᠯᠡᠭᠦᠯᠬᠦ ᠶᠠᠪᠤᠳᠠᠯ   ᠮᠠᠰᠢ ᠲᠤᠯᠭ᠋ᠠᠮ ᠱᠠᠭ᠋ᠠᠷᠳᠠᠭᠳᠠᠵᠤ   ᠪᠠᠢ᠌ᠭ᠎ᠠ ᠶᠤᠮ᠃
ᠪᠠᠭ᠋ᠠᠴᠤᠳ ᠬᠡᠤᠭᠡᠳ ᠪᠣᠯ ᠳᠤᠮᠳᠠᠳᠤ ᠵᠢᠨ ᠦᠨᠳᠦᠰᠦᠲᠡᠨ᠎ᠤ ᠢᠷᠡᠭᠡᠳᠦᠢ   ᠶᠤᠮ᠃ ᠦᠨᠳᠦᠰᠦᠲᠡᠨ᠎ᠨᠦᠭᠦᠳ᠎ᠤᠨ ᠰᠤᠷᠤᠭᠴᠢᠳ ᠴᠥᠮ ᠤᠯᠤᠰ᠎ᠤᠨ ᠨᠡᠢ᠌ᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠢ ᠡᠵᠡᠮᠰᠢᠨ ᠬᠡᠷᠡᠭᠯᠡᠬᠦ ᠵᠢ ᠵᠠᠪᠠᠯ ᠪᠠᠲᠤᠯᠠᠬᠤ ᠬᠡᠷᠡᠭᠲᠡᠢ ᠶᠤᠮ᠃ ᠰᠤᠷᠬᠤ ᠨᠠᠰᠤᠨ᠎ᠠᠴᠠ ᠡᠮᠦᠨᠡᠬᠢ ᠬᠤᠭᠤᠴᠠᠭ᠎ᠠ ᠪᠣᠯ ᠬᠡᠦᠬᠡᠳ᠎ᠤᠨ ᠦᠭᠡ ᠬᠡᠯᠡ ᠰᠤᠷᠤᠯᠴᠠᠬᠤ ᠰᠢᠵᠢᠷ ᠠᠯᠲᠠᠨ ᠴᠠᠭ ᠦᠶ᠎ᠡ ᠲᠤᠯᠨ ᠦᠨᠳᠦᠰᠦᠲᠡᠨ᠎ᠤ ᠭᠠᠵᠠᠷ ᠣᠷᠣᠨ᠎ᠳᠤ ᠰᠤᠷᠬᠤ ᠨᠠᠰᠤᠨ᠎ᠠᠴᠠ ᠡᠮᠦᠨᠡᠬᠢ ᠬᠣᠤᠰ ᠬᠡᠯᠡᠨ᠎ᠤ ᠰᠤᠷᠭ᠋ᠠᠨ ᠬᠥᠮᠦᠵᠢᠯ᠎ᠢ ᠤᠯᠠᠮ ᠴᠢᠩᠭ᠋ᠠᠳᠬᠠᠨ᠂   ᠰᠤᠮᠤ   ᠪᠠᠯᠭ᠋ᠠᠰᠤ ᠵᠢᠨ ᠬᠡᠦᠬᠡᠳ᠎ᠤᠨ ᠶᠡᠷᠦᠩᠭᠡᠢ ᠴᠡᠴᠡᠷᠯᠢᠭ᠂ ᠬᠣᠤᠰ ᠬᠡᠯᠡᠨ᠎ᠤ ᠬᠡᠦᠬᠡᠳ᠎ᠤᠨ ᠴᠡᠴᠡᠷᠯᠢᠭ᠂ ᠠᠷᠠᠳ᠎ᠠᠴᠠ ᠡᠷᠭᠢᠯᠡᠭᠰᠡᠨ ᠲᠦᠭᠡᠮᠡᠯ ᠬᠠᠷᠠᠭ᠋ᠠᠯᠵᠠᠯ᠎ᠤᠨ   ᠴᠢᠨᠡᠷᠳᠤ ᠬᠡᠦᠬᠡᠳ᠎ᠤᠨ ᠴᠡᠴᠡᠷᠯᠢᠭ᠎ᠤᠨ ᠪᠥᠲᠥᠭᠡᠨ ᠪᠠᠢ᠌ᠭᠤᠯᠤᠯᠲᠠ ᠵᠢ ᠨᠢᠭᠡᠳᠦᠯᠲᠡᠶ ᠲᠥᠯᠥᠪᠯᠡᠨ   ᠤᠯᠠᠮ ᠠᠬᠢᠭᠤᠯᠬᠤ ᠬᠡᠷᠡᠭᠲᠡᠶ᠃   ᠤᠯᠤᠰ᠎ᠤᠨ ᠨᠡᠢ᠌ᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠢ ᠲᠦᠭᠡᠮᠡᠯᠵᠢᠭᠦᠯᠬᠦ ᠭᠣᠣᠯ ᠭᠠᠵᠠᠷ᠎ᠨᠢ ᠰᠤᠷᠭ᠋ᠠᠭᠤᠯᠢ ᠶᠤᠮ᠃ ᠤᠯᠤᠰ᠎ᠤᠨ ᠨᠡᠢ᠌ᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠢ ᠲᠦᠭᠡᠮᠡᠯᠵᠢᠭᠦᠯᠬᠦ ᠭᠣᠣᠯ ᠠᠷᠭ᠎ᠠ ᠵᠠᠮ᠎ᠨᠢ ᠮᠦᠨᠴᠤ ᠰᠤᠷᠭ᠋ᠠᠭᠤᠯᠢ᠎ᠳᠤ ᠶᠠᠪᠤᠭᠲᠠᠲᠠᠭ᠃ ᠦᠭᠡ ᠬᠡᠯᠡ ᠦᠰᠦᠭ ᠪᠢᠴᠢᠭ᠎ᠤᠨ ᠱᠠᠭ᠋ᠠᠷᠳᠠᠯᠭ᠎ᠠ ᠵᠢ ᠰᠤᠷᠭ᠋ᠠᠭᠤᠯᠢ᠂ ᠪᠠᠭᠰᠢ᠂ ᠰᠤᠷᠤᠭᠴᠢᠳ᠎ᠤᠨ ᠬᠠᠮᠢᠶᠠᠷᠤᠯᠲᠠ᠂ ᠰᠤᠷᠭ᠋ᠠᠨ ᠬᠥᠮᠦᠵᠢᠯ ᠵᠢᠭ᠋ᠠᠨ ᠰᠤᠷᠭ᠋ᠠᠯᠲᠠ ᠵᠢᠨ ᠡᠯ᠎ᠡ ᠭᠣᠭᠴᠣᠭ᠎ᠠ᠎ᠳᠤ   ᠪᠠᠭᠲᠠᠭ᠋ᠠᠵᠤ ᠤᠷᠤᠭᠤᠯᠤᠨ᠂ ᠠᠯᠪᠠᠨ ᠵᠢᠷᠤᠮ᠎ᠤᠨ ᠰᠤᠷᠭ᠋ᠠᠨ ᠬᠥᠮᠦᠵᠢᠯ  ᠎ᠳᠤ ᠤᠯᠤᠰ᠎ᠤᠨ ᠨᠡᠢ᠌ᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠢ ᠰᠣᠨᠣᠰᠬᠤ ᠤᠩᠰᠢᠬᠤ ᠪᠢᠴᠢᠬᠦ ᠴᠢᠳᠠᠪᠤᠷᠢ ᠵᠢᠨ ᠪᠣᠯᠪᠠᠰᠤᠷᠠᠩᠭᠤᠢ ᠬᠡᠮᠵᠢᠶᠠᠨ᠎ᠤ ᠱᠠᠭ᠋ᠠᠷᠳᠠᠯᠭ᠎ᠠ᠎ᠳᠤ   ᠬᠦᠷᠭᠡᠬᠦ᠎ᠪᠠᠷ ᠴᠢᠷᠮᠠᠢ᠌ᠬᠤ ᠭᠡᠷᠡᠭᠲᠡᠢ᠃ ᠠᠷᠠᠳ᠎ᠠᠴᠠ ᠡᠷᠬᠢᠯᠡᠭᠰᠡᠨ ᠬᠢᠲᠠᠳ ᠰᠤᠷᠭ᠋ᠠᠭᠤᠯᠢ᠂ ᠬᠢᠲᠠᠳ ᠵᠶ᠋ᠠᠷ ᠬᠢᠴᠢᠶᠡᠯᠯᠡᠬᠦ ᠬᠠᠮᠲᠤᠷᠠᠭᠰᠠᠨ ᠠᠩᠭᠢ ᠪᠠᠢ᠌ᠭᠤᠯᠬᠤ ᠵᠢ ᠢᠳᠡᠪᠬᠢᠲᠠᠢ᠎ᠪᠠᠷ ᠠᠬᠢᠭᠤᠯᠬᠤ ᠭᠡᠷᠡᠭᠲᠡᠢ᠃ ᠠᠷᠠᠳ᠎ᠤᠨ ᠳᠤᠮᠳᠠᠬᠢ ᠬᠢᠲᠠᠳ ᠵᠶ᠋ᠠᠷ ᠬᠢᠴᠢᠶᠡᠯᠯᠡᠬᠦ᠂ ᠦᠨᠳᠦᠰᠦᠲᠡᠨ᠎ᠤ ᠠᠩᠭᠢ ᠵᠢᠨ ᠪᠡᠯᠡᠳᠭᠡᠯ ᠰᠠᠯᠠᠭ᠎ᠠ ᠵᠡᠷᠭᠡ ᠪᠤᠯᠪᠠᠰᠤᠷᠠᠯ᠎ᠤᠨ ᠬᠡᠯᠪᠡᠷᠢ ᠵᠢ ᠤᠯᠠᠮ ᠲᠡᠬᠦᠯᠲᠡᠷᠵᠢᠬᠦᠯᠵᠤ᠂ ᠬᠤᠤᠰ ᠬᠡᠯᠡᠨ᠎ᠳᠤ ᠨᠡᠪᠲᠡᠷᠡᠭᠰᠡᠨ ᠴᠢᠳᠠᠪᠤᠷᠢᠲᠡᠳ᠎ᠢ ᠬᠦᠮᠦᠵᠢᠭᠦᠯᠬᠦ ᠴᠢᠨᠠᠷ ᠴᠢᠨᠰᠠᠭ᠎ᠠ   ᠵᠢ   ᠤᠯᠠᠮ ᠳᠡᠭᠡᠭᠰᠢᠯᠡᠭᠦᠯᠬᠦ ᠬᠡᠷᠡᠭᠲᠠᠢ᠃

ᠬᠤᠶᠠᠷ᠂ ᠤᠯᠤᠰ᠎ᠤᠨ ᠨᠡᠢ᠌ᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠢ ᠲᠦᠭᠡᠮᠡᠯᠵᠢᠭᠦᠯᠬᠦ ᠪᠠ ᠴᠥᠭᠡᠨ ᠲᠣᠭ᠋ᠠᠲᠤ ᠦᠨᠳᠦᠰᠦᠲᠡᠨ᠎ᠤ ᠦᠭᠡ ᠬᠡᠯᠡ ᠦᠰᠦᠭ ᠪᠢᠴᠢᠭ᠎ᠢ ᠰᠢᠨᠵᠢᠯᠡᠬᠦ ᠤᠬᠠᠭ᠋ᠠᠨᠴᠢ᠎ᠪᠠᠷ ᠬᠠᠮᠠᠭ᠋ᠠᠯᠠᠬᠤ ᠵᠢ ᠵᠡᠷᠬᠡ᠎ᠪᠠᠷ ᠶᠠᠪᠤᠭᠳᠠᠭᠤᠯᠬᠤ  ᠎ᠨᠢ ᠬᠠᠷᠢᠯᠴᠠᠨ ᠬᠠᠷᠰᠢᠯᠳᠤᠬᠤ ᠦᠭᠡᠢ ᠶᠤᠮ

ᠮᠠᠨ᠎ᠤ ᠤᠯᠤᠰ᠎ᠤᠨ ᠦᠨᠳᠦᠰᠦᠨ ᠬᠠᠤᠯᠢ ᠪᠠ ᠦᠨᠳᠦᠰᠦᠲᠡᠨ᠎ᠤ ᠣᠷᠣᠨ᠎ᠤ ᠥᠪᠡᠷᠲᠡᠭᠡᠨ ᠵᠠᠰᠠᠬᠤ ᠬᠠᠤᠯᠢ᠎ᠳᠤ ᠴᠥᠮ ᠦᠨᠳᠦᠰᠦᠲᠡᠨ᠎ᠨᠦᠭᠦᠳ ᠴᠥᠮ ᠥᠪᠡᠷ᠎ᠤᠨ ᠦᠭᠡ ᠬᠡᠯᠡ ᠦᠰᠦᠭ ᠪᠢᠴᠢᠭ ᠵᠶ᠋ᠡᠨ ᠬᠡᠷᠡᠭᠯᠡᠵᠦ ᠬᠥᠭᠵᠢᠭᠦᠯᠬᠦ ᠡᠷᠬᠡ ᠴᠢᠯᠥᠭᠡ᠎ᠲᠠᠢ ᠶᠤᠮ᠂ ᠥᠪᠡᠷ᠎ᠤᠨ ᠵᠠᠩ ᠳᠠᠳᠬᠠᠯ ᠵᠶ᠋ᠠᠨ ᠬᠠᠳᠠᠭ᠋ᠠᠯᠠᠬᠤ ᠪᠤᠶᠤ ᠥᠭᠡᠷᠡᠴᠢᠯᠡᠬᠦ ᠡᠷᠬᠡ ᠴᠢᠯᠥᠭᠡ᠎ᠲᠠᠢ ᠶᠤᠮ ᠭᠡᠵᠦ   ᠲᠤᠭᠲᠠᠭ᠋ᠠᠭᠰᠠᠨ   ᠪᠢᠯᠨ᠃ ᠡᠨᠡ᠎ᠨᠢ ᠠᠷᠠᠳ ᠤᠯᠠᠨ᠎ᠤ ᠡᠷᠬᠡ   ᠶᠤᠮ᠃   ᠪᠠᠰᠨ ᠤᠯᠤᠰ᠎ᠠᠴᠠ ᠪᠦᠬᠦ ᠤᠯᠤᠰ᠎ᠲᠤ ᠨᠡᠢ᠌ᠳᠡᠮ ᠬᠡᠷᠡᠭᠯᠡᠵᠦ ᠪᠠᠢ᠌ᠭ᠎ᠠ ᠨᠡᠢ᠌ᠲᠡᠯᠢᠭ ᠬᠡᠯᠡ ᠵᠢ ᠳᠡᠯᠭᠡᠷᠡᠭᠦᠯᠦᠨ᠎ᠡ ᠭᠡᠵᠦ ᠲᠤᠭᠲᠠᠭ᠋ᠠᠭᠰᠠᠨ ᠶᠤᠮ᠃ ᠡᠨᠡ᠎ᠨᠢ ᠤᠯᠤᠰ᠎ᠤᠨ ᠬᠠᠷᠢᠭᠤᠴᠠᠯᠭ᠎ᠠ ᠪᠠ ᠠᠷᠠᠳ ᠢᠷᠭᠡᠳ᠎ᠤᠨ ᠡᠭᠦᠷᠭᠡ ᠶᠤᠮ᠃
ᠰᠢᠨ᠎ᠡ ᠳᠤᠮᠳᠠᠳᠤ ᠤᠯᠤᠰ ᠪᠠᠢ᠌ᠭᠤᠯᠤᠭᠳᠠᠭᠰᠠᠨ᠎ᠠᠴᠠ ᠨᠠᠭ᠋ᠠᠰᠢ᠂ ᠨᠠᠮ ᠪᠠ ᠤᠯᠤᠰ᠎ᠠᠴᠠ ᠤᠯᠤᠰ᠎ᠤᠨ ᠨᠡᠢ᠌ᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠢ ᠲᠦᠭᠡᠮᠡᠯᠵᠢᠭᠦᠯᠬᠦ ᠵᠢ ᠳᠡᠭᠡᠳᠦ ᠬᠡᠮᠵᠢᠶ᠎ᠡ᠎ᠪᠠᠷ ᠢᠮᠠᠭᠲᠠ ᠴᠢᠬᠤᠯᠠᠴᠢᠯᠠᠭᠰᠠᠭ᠋ᠠᠷ ᠢᠷᠡᠭᠰᠡᠨ ᠪᠥᠭᠡᠳ ᠴᠥᠭᠡᠨ ᠲᠣᠭ᠋ᠠᠲᠤ ᠦᠨᠳᠦᠰᠦᠲᠡᠨ᠎ᠤ ᠦᠭᠡ ᠬᠡᠯᠡ ᠦᠰᠦᠭ ᠪᠢᠴᠢᠭ᠎ᠢ ᠬᠠᠮᠠᠭ᠋ᠠᠯᠠᠬᠤ ᠵᠢ ᠴᠤ᠌ ᠳᠡᠭᠡᠳᠦ ᠬᠡᠮᠵᠢᠶ᠎ᠡ᠎ᠪᠠᠷ ᠢᠮᠠᠭᠲᠠ ᠴᠢᠬᠤᠯᠠᠴᠢᠯᠠᠭᠰᠠᠭ᠋ᠠᠷ ᠢᠷᠡᠭᠰᠡᠨ ᠶᠤᠮ᠃ ᠤᠷᠳᠤ ᠬᠤᠭᠤᠴᠠᠭ᠋ᠠᠨ᠎ᠤ ᠠᠵᠢᠯ᠎ᠤᠨ   ᠪᠤᠲᠠᠳᠤ ᠦᠢ᠍ᠯᠡᠳᠦᠯᠭᠡ  ᠎ᠠᠴᠠ   ᠠᠪᠴᠤ ᠦᠵᠡᠬᠦ᠎ᠳᠤ᠂ ᠡᠨᠡ ᠬᠣᠶᠠᠭᠤᠯᠠ ᠵᠢ ᠬᠠᠮᠳᠤ᠎ᠪᠠᠷ ᠶᠠᠪᠤᠭᠳᠠᠭᠤᠯᠬᠤ᠎ᠨᠢ ᠬᠠᠷᠢᠯᠴᠠᠨ ᠬᠠᠷᠰᠢᠯᠳᠤᠬᠤ ᠦᠭᠡᠢ ᠶᠤᠮ᠃ ᠪᠢ ᠴᠤ᠌ ᠭᠡᠰᠡᠨ ᠬᠣᠶᠠᠷ ᠵᠦᠢ᠍ᠯ᠎ᠤᠨ ᠬᠡᠯᠡᠨ᠎ᠤ ᠠᠬᠤᠢ ᠣᠷᠴᠢᠨ᠎ᠳᠤ ᠦᠰᠴᠤ ᠦᠨᠲᠡᠢ᠌ᠭᠰᠡᠨ ᠪᠢᠯᠨ᠃ ᠤᠯᠤᠰ᠎ᠤᠨ ᠨᠡᠢ᠌ᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠢ ᠪᠣᠯᠪᠠᠰᠤᠷᠠᠩᠭᠤᠢ᠎ᠪᠠᠷ ᠭᠡᠷᠡᠭᠯᠡᠨ ᠬᠢᠴᠢᠶᠡᠯ   ᠵᠢᠭ᠋ᠠᠵᠤ᠂ ᠨᠤᠮ ᠵᠤᠬᠢᠶᠠᠯ ᠲᠤᠭᠤᠷᠪᠢᠲᠠᠭ᠃   ᠪᠠᠰᠠ ᠮᠤᠩᠭᠤᠯ ᠬᠡᠯᠨ᠎ᠪᠠᠷ   ᠵᠶ᠋ᠡᠨ ᠪᠤᠯᠪᠠᠰᠤᠷᠠᠩᠭᠤᠢ ᠰᠠᠢ᠌ᠬᠠᠨ ᠶᠠᠷᠢᠵᠦ   ᠢᠯᠡᠳᠭᠡᠲᠡᠭ᠃
ᠣᠳᠣ ᠵᠢᠨ ᠣᠯᠠᠩᠬᠢ ᠬᠡᠦᠬᠡᠳ᠎ᠤᠳ᠎ᠨᠢ ᠨᠡᠢ᠌ᠲᠡᠯᠢᠭ ᠬᠡᠯᠡ᠎ᠪᠠᠷ   ᠶᠠᠷᠢᠨ᠂ ᠣᠯᠠᠩᠬᠢ   ᠬᠡᠦᠬᠡᠳ᠎ᠨᠢ ᠨᠤᠲᠤᠭ᠎ᠤᠨ ᠠᠶᠠᠯᠭᠤ ᠪᠠ ᠴᠥᠭᠡᠨ ᠲᠣᠭ᠋ᠠᠲᠤ ᠦᠨᠳᠦᠰᠦᠲᠡᠨ᠎ᠤ ᠬᠡᠯᠡ᠎ᠪᠠᠷ ᠬᠡᠯᠡᠵᠤ ᠶᠠᠷᠢᠵᠤ ᠴᠢᠳᠠᠬᠤ ᠦᠭᠡᠢ᠃ ᠬᠢᠲᠠᠳ ᠦᠨᠳᠦᠰᠦᠲᠡᠨ᠎ᠤ ᠨᠥᠬᠥᠳ ᠨᠠᠳᠠ᠎ᠳᠤ ᠨᠤᠲᠤᠭ ᠤᠰᠤᠨ᠎ᠤ᠎ᠪᠠᠨ ᠦᠭᠡ ᠠᠶᠠᠯᠭᠤ ᠵᠢ ᠣᠯᠵᠤ ᠰᠣᠨᠣᠰᠬᠤ ᠦᠭᠡᠢ   ᠪᠤᠯᠵᠠᠢ᠄ ᠡᠷᠲᠡᠨ᠎ᠤ ᠬᠥᠮᠦᠰ 〈  ᠨᠤᠳᠤᠭ᠎ᠤᠨ   ᠠᠶᠠᠯᠭᠤ ᠮᠠᠨᠢ ᠬᠤᠪᠢᠷᠠᠭ᠎ᠠ ᠦᠭᠡᠢ ᠠᠲᠠᠯ᠎ᠠ ᠵᠠᠵᠢᠨ ᠦᠰᠤ ᠮᠢᠨᠢ ᠪᠤᠭᠤᠷᠤᠯᠳᠤᠵᠤᠬᠤᠢ〉 ᠭᠡᠵᠦ   ᠬᠡᠮᠡᠨ   ᠰᠢᠯᠦᠭᠯᠡᠭᠰᠡᠨ ᠪᠠᠢ᠌ᠲᠠᠭ᠂ ᠤᠳᠤ ᠬᠠᠷᠢᠨ ᠦᠰᠦ   ᠮᠢᠨᠢ   ᠪᠤᠭᠤᠷᠤᠯᠳᠤᠭ᠎ᠠ ᠦᠭᠡᠢ ᠴᠤ᠌ ᠭᠡᠰᠡᠨ ᠨᠤᠲᠤᠭ᠎ᠤᠨ ᠠᠶᠠᠯᠭᠤ ᠵᠢ ᠣᠯᠵᠤ ᠰᠣᠨᠣᠰᠬᠤ ᠦᠭᠡᠢ ᠪᠤᠯᠢᠴᠢᠬᠠᠵᠠᠢ᠃   ᠡᠢ᠌ᠮᠦᠷᠬᠦᠤ ᠠᠰᠠᠭᠤᠳᠠᠯ᠎ᠢ ᠶᠠᠭ᠋ᠠᠬᠢᠵᠤ ᠲᠠᠨᠢᠬᠤ ᠪᠤᠢ?   ᠲᠠᠶᠠᠭ᠋ᠠᠷᠴᠢᠯᠠᠯᠲᠠ ᠪᠠ ᠵᠠᠬ᠎ᠠ ᠳᠡᠯᠭᠡᠭᠦᠷᠴᠢᠯᠡᠯᠲᠡ ᠵᠢᠨ   ᠪᠠᠢ᠌ᠳᠠᠯ  ᠎ᠳᠤ᠂ ᠭᠠᠵᠠᠷ ᠣᠷᠣᠨ᠎ᠤ ᠪᠢᠲᠡᠭᠦᠮᠵᠢᠯᠡᠯ  ᠎ᠨᠢ ᠡᠪᠲᠡᠭᠲᠡᠨ᠂ ᠡᠯ᠎ᠡ   ᠲᠦᠷᠦᠯ᠎ᠤᠨ ᠦᠢ᠍ᠯᠡᠳᠪᠦᠷᠢᠯᠡᠯ᠎ᠤᠨ ᠡᠬᠢ ᠪᠠᠶᠠᠯᠢᠭ ᠨᠠᠩ ᠢᠯᠠᠩᠭᠤᠶ᠎ᠠ ᠬᠥᠮᠦᠨ᠎ᠤ ᠬᠦᠴᠦᠨ᠎ᠤ ᠡᠬᠢ ᠪᠠᠶᠠᠯᠢᠭ᠎ᠤᠨ   ᠪᠠᠢ᠌ᠨ ᠲᠠᠬᠢᠨ ᠰᠢᠯᠵᠢᠯᠲᠠ  ᠂ ᠦᠢ᠍ᠯᠡᠳᠪᠦᠷᠢᠯᠡᠯ᠎ᠤᠨ ᠠᠷᠭ᠎ᠠ ᠮᠠᠶᠢᠭ᠎ᠤᠨ ᠬᠤᠪᠢᠷᠠᠯᠲᠠ ᠵᠡᠷᠭᠡ᠎ᠨᠢ   ᠠᠮᠢᠳᠤᠷᠠᠯ᠎ᠤᠨ ᠠᠷᠭ᠎ᠠ ᠮᠠᠶᠢᠭ ᠪᠠ ᠦᠭᠡ ᠬᠡᠯᠡᠨ᠎ᠤ ᠬᠤᠪᠢᠷᠠᠯᠲᠠ ᠵᠢ ᠵᠠᠢ᠌ᠯᠠᠰᠢ ᠦᠭᠡᠢ᠎ᠪᠠᠷ ᠪᠤᠢ ᠪᠣᠯᠭ᠋ᠠᠳᠠᠭ᠂   ᠡᠲᠡᠭᠡᠷ ᠬᠤᠪᠢᠷᠠᠯᠲᠡ᠎ᠨᠢ ᠲᠡᠦᠬᠡ ᠪᠠ ᠨᠡᠢ᠌ᠭᠡᠮ᠎ᠤᠨ ᠬᠥᠭᠵᠢᠯᠲᠡ ᠵᠢᠨ ᠵᠠᠢ᠌ᠯᠠᠰᠢ ᠦᠭᠡᠢ ᠬᠠᠨᠳᠤᠰᠢ   ᠶᠤᠮ᠂ ᠮᠥᠨ ᠴᠦ᠍ ᠠᠷᠠᠳ ᠤᠯᠠᠨ᠎ᠤ ᠪᠡᠶ᠎ᠡ᠎ᠪᠠᠨ ᠳᠠᠭ᠋ᠠᠭ᠋ᠠᠭᠰᠠᠨ ᠰᠣᠩᠭᠣᠯᠲᠠ   ᠶᠤᠮ᠂ ᠬᠠᠷᠢᠨ ᠤᠯᠤᠰ᠎ᠤᠨ ᠨᠡᠢ᠌ᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠢ ᠲᠦᠭᠡᠮᠡᠯᠵᠢᠭᠦᠯᠦᠭᠰᠡᠨ᠎ᠠᠴᠠ ᠪᠣᠯᠤᠭᠰᠠᠨ ᠪᠢᠰᠢ ᠪᠢᠯᠨ᠃ ᠤᠯᠤᠰ᠎ᠤᠨ ᠨᠡᠢ᠌ᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠪᠣᠯ ᠡᠯ᠎ᠡ ᠦᠨᠳᠦᠰᠦᠲᠡᠨ᠎ᠨᠦᠭᠦᠳ᠎ᠤᠨ ᠠᠭᠤᠰᠤᠯᠴᠠᠨ ᠬᠥᠭᠵᠢᠭᠰᠡᠨ᠎ᠤ   ᠦᠷ᠎ᠡ ᠪᠦᠲᠦᠭᠡᠭᠳᠡᠬᠦᠨ ᠮᠥᠨ᠂   ᠡᠯ᠎ᠡ ᠦᠨᠳᠦᠰᠦᠲᠡᠨ  ᠎ᠤ ᠦᠭᠡ ᠬᠡᠯᠡ ᠦᠰᠦᠭ ᠪᠢᠴᠢᠭ᠎ᠨᠢ ᠤᠯᠤᠰ᠎ᠤᠨ ᠨᠡᠢ᠌ᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠤᠨ ᠪᠦᠷᠢᠯᠳᠦᠯ᠎ᠳᠤ ᠬᠤᠪᠢ ᠨᠡᠮᠡᠷᠢ ᠦᠵᠡᠭᠦᠯᠦᠭᠰᠡᠨ ᠶᠤᠮ᠂ ᠨᠤᠲᠤᠭ᠎ᠤᠨ ᠠᠶᠠᠯᠭᠤ ᠪᠠ ᠦᠨᠳᠦᠰᠦᠲᠡᠨ᠎ᠤ ᠦᠭᠡ ᠬᠡᠯᠡ ᠪᠤᠯᠭ᠋ᠠᠨ᠎ᠨᠢ   ᠴᠥᠮ ᠤᠯᠤᠰ᠎ᠤᠨ ᠨᠡᠢ᠌ᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠤᠨ ᠨᠠᠨᠳᠢᠨ   ᠴᠤᠬᠠᠭ ᠡᠬᠢ ᠪᠠᠶᠠᠯᠢᠭ ᠶᠤᠮ᠃ ᠨᠡᠢ᠌ᠲᠡᠯᠢᠭ ᠬᠡᠯᠡ ᠵᠢ ᠲᠦᠭᠡᠮᠡᠯᠵᠢᠭᠦᠯᠬᠦ ᠶᠠᠪᠤᠴᠠ᠎ᠳᠤ ᠪᠢᠳᠡ   ᠦᠨᠳᠦᠰᠦᠲᠡᠨ᠎ᠤ ᠦᠭᠡ ᠬᠡᠯᠡ ᠪᠠ ᠣᠷᠣᠨ ᠨᠤᠲᠤᠭ᠎ᠤᠨ ᠠᠶᠠᠯᠭᠤ ᠵᠢ   ᠨᠠᠨᠳᠢᠩᠨᠠᠵᠤ ᠬᠠᠮᠠᠭ᠋ᠠᠯᠠᠨ᠂   ᠦᠭᠡ ᠬᠡᠯᠡᠨ᠎ᠤ ᠰᠠᠢ᠍ᠢ᠍ᠨ ᠰᠠᠢ᠌ᠬᠠᠨ ᠨᠡᠪᠲᠡᠷᠡᠯᠴᠡᠯ᠎ᠢ ᠪᠤᠢ ᠪᠣᠯᠭ᠋ᠠᠵᠤ᠂ ᠨᠡᠢ᠌ᠲᠡᠯᠢᠭ ᠬᠡᠯᠡ ᠵᠢ ᠳᠡᠯᠭᠡᠷᠡᠭᠦᠯᠬᠦ ᠪᠠ ᠨᠡᠪᠲᠡᠷᠡᠯᠴᠡᠭᠡ ᠵᠢ ᠰᠠᠢ᠌ᠲᠤᠷ ᠠᠬᠢᠭᠤᠯᠬᠤ ᠬᠡᠷᠡᠭᠲᠡᠢ᠃ ᠵᠢᠱ᠌ᠢᠶᠡᠯᠡᠪᠡᠯ᠂ ᠨᠥᠬᠥᠴᠡᠯ ᠪᠤᠯᠤᠮᠵᠢ ᠰᠠᠢ᠌ᠲᠠᠢ᠎ᠲᠠᠢ ᠦᠨᠳᠦᠰᠦᠲᠡᠨ᠎ᠤ ᠭᠠᠵᠠᠷ ᠣᠷᠣᠨ᠎ᠳᠤ ᠰᠠᠭᠤᠷᠢ ᠰᠤᠷᠭ᠋ᠠᠨ ᠬᠥᠮᠦᠵᠢᠯ᠎ᠠᠴᠠ ᠳᠡᠭᠡᠳᠦ ᠵᠡᠷᠭᠡ ᠵᠢᠨ ᠰᠤᠷᠭ᠋ᠠᠨ ᠬᠥᠮᠦᠵᠢᠯ᠎ᠤᠨ ᠱᠠᠲᠤᠨ᠎ᠳᠤ ᠬᠦᠷᠲᠡᠯ᠎ᠡ ᠠᠳᠠᠯᠢ ᠪᠤᠰᠤ ᠦᠨᠳᠦᠰᠦᠲᠡᠨ᠎ᠤ ᠦᠭᠡ ᠬᠡᠯᠡ ᠦᠰᠦᠭ ᠪᠢᠴᠢᠭ᠎ᠤᠨ ᠬᠢᠴᠢᠶᠡᠯ ᠭᠠᠷᠭ᠋ᠠᠵᠤ᠂ ᠠᠳᠠᠯᠢ ᠪᠤᠰᠤ ᠦᠨᠳᠦᠰᠦᠲᠡᠨ᠎ᠤ ᠰᠤᠷᠤᠭᠴᠢᠳ᠎ᠤᠨ ᠰᠤᠷᠤᠯᠴᠠᠬᠤ ᠬᠡᠷᠡᠭᠴᠡᠭᠡ ᠵᠢ ᠬᠠᠩᠭ᠋ᠠᠵᠤ ᠪᠣᠯᠤᠨ᠎ᠠ᠃ ᠪᠠᠰᠨ ᠦᠨᠳᠦᠰᠦᠲᠡᠨ᠎ᠤ ᠬᠡᠯᠡ ᠬᠢᠲᠠᠳ ᠬᠡᠯᠡᠨ᠎ᠤ ᠬᠣᠣᠰ ᠬᠡᠯᠡᠨ᠎ᠤ ᠵᠢᠭ᠋ᠠᠨ ᠰᠤᠷᠭ᠋ᠠᠯᠲᠠ ᠵᠢᠨ ᠪᠠᠭᠰᠢ ᠵᠢ ᠪᠤᠯᠪᠠᠰᠤᠷᠠᠭᠤᠯᠤᠨ ᠬᠦᠮᠦᠵᠢᠬᠦᠯᠵᠤ᠂ ᠰᠢᠨᠵᠢᠯᠡᠬᠦ ᠤᠬᠠᠭ᠋ᠠᠨ᠎ᠤ ᠰᠤᠳᠤᠯᠭ᠋ᠠᠨ ᠦᠷᠨᠢᠬᠦᠯᠬᠦ᠂ ᠲᠤᠰᠬᠠᠢ ᠮᠡᠷᠭᠡᠵᠢᠯ᠎ᠤᠨ ᠰᠢᠨᠵᠢᠯᠡᠭᠡᠨ᠎ᠤ ᠪᠠᠢ᠌ᠭᠤᠯᠤᠯᠲᠠ ᠪᠠ ᠬᠢᠴᠢᠶᠡᠯ᠎ᠤᠨ ᠪᠠᠢ᠌ᠭᠤᠯᠤᠯᠲᠠ ᠬᠢᠬᠦ ᠵᠡᠷᠭᠡ ᠮᠠᠰᠢ ᠤᠯᠠᠨ ᠲᠠᠯ᠎ᠠ᠎ᠪᠠᠷ   ᠲᠠᠮᠵᠢᠵᠤ᠂ ᠴᠥᠭᠡᠨ   ᠲᠣᠭ᠋ᠠᠲᠤ   ᠦᠨᠳᠦᠰᠦᠲᠡᠨ  ᠎ᠤ   ᠦᠭᠡ ᠬᠡᠯᠡ ᠦᠰᠦᠭ ᠪᠢᠴᠢᠭ᠎ᠢ ᠬᠠᠮᠠᠭ᠋ᠠᠯᠠᠭᠰᠠᠨ ᠶᠤᠮ᠃ ᠪᠠᠰᠨ ᠵᠢᠱ᠌ᠢᠶᠡᠯᠡᠭᠡᠳ ᠬᠡᠯᠡᠪᠡᠯ᠂ ᠴᠥᠭᠡᠨ ᠲᠣᠭ᠋ᠠᠲᠤ ᠦᠨᠳᠦᠰᠦᠲᠡᠨ᠎ᠤ ᠬᠣᠣᠰ ᠬᠡᠯᠡᠨ᠎ᠤ ᠪᠠᠭᠰᠢ ᠵᠢᠨ ᠨᠡᠢ᠌ᠲᠡᠯᠢᠭ ᠬᠡᠯᠡᠨ᠎ᠤ ᠪᠣᠯᠪᠠᠰᠤᠷᠠᠯ᠎ᠢ   ᠴᠢᠩᠭ᠋ᠠᠳᠬᠠᠨ᠂ ᠬᠣᠣᠰ ᠬᠡᠯᠡᠨ᠎ᠤ ᠪᠠᠭᠰᠢ ᠡᠯᠰᠡᠬᠦ ᠠᠵᠢᠯ᠎ᠢ ᠰᠠᠢ᠌ᠲᠤᠷ ᠬᠢᠵᠤ᠂   ᠴᠥᠭᠡᠨ ᠲᠣᠭ᠋ᠠᠲᠤ ᠦᠨᠳᠦᠰᠦᠲᠡᠨ᠎ᠤ ᠰᠤᠷᠤᠭᠴᠢᠳ᠎ᠤᠨ ᠤᠯᠤᠰ᠎ᠤᠨ ᠨᠡᠢ᠌ᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠢ ᠦᠨᠳᠦᠰᠦᠨ᠎ᠳᠤ᠎ᠪᠠᠨ ᠡᠵᠡᠮᠰᠢᠨ ᠬᠡᠷᠡᠭᠯᠡᠬᠦ ᠵᠢ ᠦᠨᠡᠨ ᠬᠦ᠌   ᠪᠡᠳᠤᠯᠠᠨ᠂ ᠠᠷᠠᠳ ᠤᠯᠠᠨ᠎ᠤ ᠲᠤᠰ ᠦᠨᠳᠦᠰᠦᠲᠡᠨ᠎ᠤ᠎ᠪᠠᠨ ᠦᠭᠡ ᠬᠡᠯᠡ ᠦᠰᠦᠭ ᠪᠢᠴᠢᠭ᠎ᠢ ᠬᠡᠷᠡᠭᠯᠡᠬᠦ ᠪᠠ ᠬᠥᠭᠵᠢᠭᠦᠯᠬᠦ ᠡᠷᠬᠡ ᠴᠢᠯᠥᠭᠡ ᠵᠢ   ᠬᠦᠨᠳᠤᠳᠭᠡᠬᠦ ᠵᠢ   ᠪᠠᠳᠤᠯᠠᠵᠤ ᠴᠢᠲᠠᠭᠰᠠᠨ ᠶᠤᠮ᠃

ᠭᠤᠷᠪᠠ᠂ ᠪᠦᠬᠦ ᠨᠡᠢ᠌ᠭᠡᠮ᠎ᠳᠤ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠬᠥᠮᠦᠵᠢᠯ᠎ᠢ ᠰᠠᠢ᠌ᠲᠤᠷ ᠬᠢᠬᠦ ᠬᠡᠷᠡᠭᠲᠡᠶ

ᠶᠡᠷᠦᠩᠬᠡᠢ ᠱᠦᠵᠢ ᠰᠢ ᠵᠢᠨ ᠫᠢᠩ᠄ 《ᠬᠢᠲᠠᠳ ᠰᠣᠶᠣᠯ᠎ᠢ ᠳᠤᠮᠳᠠᠳᠤ ᠵᠢᠨ ᠰᠣᠶᠣᠯ᠎ᠲᠠᠢ ᠠᠳᠠᠯᠢ᠎ᠪᠠᠷ   ᠦᠵᠡᠨ᠂
ᠴᠥᠭᠡᠨ ᠲᠣᠭ᠋ᠠᠲᠤ ᠦᠨᠳᠦᠰᠦᠲᠡᠨ᠎ᠤ ᠰᠣᠶᠣᠯ᠎ᠢ ᠣᠮᠲᠣᠭ᠋ᠠᠢ᠌ᠯᠠᠵᠤ᠂ ᠲᠤᠰ ᠦᠨᠳᠦᠰᠦᠲᠡᠨ᠎ᠤ ᠰᠣᠶᠣᠯ᠎ᠢ ᠳᠤᠮᠳᠠᠳᠤ ᠵᠢᠨ ᠰᠣᠶᠣᠯ᠎ᠠᠴᠠ ᠭᠠᠳᠠᠨᠠᠬᠢ᠎ᠪᠠᠷ ᠦᠵᠡᠵᠤ᠂ ᠳᠤᠮᠳᠠᠳᠤ ᠵᠢᠨ ᠰᠣᠶᠣᠯ᠎ᠢ ᠮᠡᠳᠡᠷᠡᠬᠦ᠎ᠪᠠᠷ ᠳᠤᠲᠠᠮᠠᠭ ᠪᠠᠢ᠌ᠬᠤ   ᠵᠡᠷᠭᠡ᠎ᠨᠢ ᠪᠦᠷ ᠪᠤᠷᠤᠭᠤ ᠶᠤᠮ᠂ ᠡᠲᠡᠭᠡᠷ ᠦᠵᠡᠯᠲᠡ ᠵᠢ ᠪᠦᠷ ᠡᠷᠡᠰ ᠲᠡᠪᠴᠢᠬᠦ ᠬᠡᠷᠡᠭᠲᠡᠢ》 ᠭᠡᠵᠦ ᠵᠢᠭ᠋ᠠᠵᠤ ᠭᠠᠷᠭ᠋ᠠᠭᠰᠠᠨ ᠶᠤᠮ᠃ ᠳᠤᠮᠳᠠᠳᠤ ᠵᠢᠨ ᠦᠨᠳᠦᠰᠦᠲᠡᠨ ᠪᠠ ᠡᠯ᠎ᠡ ᠦᠨᠳᠦᠰᠦᠲᠡᠨ᠎ᠤ ᠬᠠᠷᠢᠴᠠᠭ᠎ᠠ ᠪᠣᠯ ᠨᠢᠭᠡᠨ ᠶᠡᠬᠡ ᠭᠡᠷ ᠪᠦᠯᠢ ᠪᠠ ᠭᠡᠷ ᠪᠦᠯᠢ ᠵᠢᠨ ᠪᠦᠷᠢᠯᠳᠦᠬᠦᠨ᠎ᠤ ᠬᠠᠷᠢᠴᠠᠭ᠎ᠠ   ᠶᠤᠮ᠂ ᠡᠯ᠎ᠡ ᠦᠨᠳᠦᠰᠦᠲᠡᠨ᠎ᠤ ᠬᠠᠷᠢᠴᠠᠭ᠎ᠠ ᠪᠣᠯ ᠨᠢᠭᠡᠨ ᠶᠡᠬᠡ ᠭᠡᠷ ᠪᠦᠯᠢ ᠵᠢᠨ ᠳᠣᠲᠣᠷᠠᠬᠢ ᠠᠳᠠᠯᠢ ᠪᠤᠰᠤ ᠪᠦᠷᠢᠯᠳᠦᠬᠦᠨ᠎ᠤ ᠬᠠᠷᠢᠴᠠᠭ᠎ᠠ   ᠪᠢᠯᠨ᠃ ᠣᠨᠴᠠ ᠵᠠᠷᠢᠮ ᠬᠥᠮᠦᠨ ᠳᠤᠮᠳᠠᠳᠤ ᠵᠢᠨ ᠦᠨᠳᠦᠰᠦᠲᠡᠨ ᠪᠠ ᠡᠯ᠎ᠡ ᠦᠨᠳᠦᠰᠦᠲᠡᠨ᠎ᠢ ᠡᠰᠡᠷᠬᠦᠴᠡᠯᠳᠤᠬᠦᠯᠦᠨ᠂ ᠳᠤᠮᠳᠠᠳᠤ ᠵᠢᠨ ᠦᠨᠳᠦᠰᠦᠲᠡᠨ᠎ᠢ ᠶᠠᠷᠢᠬᠤ᠎ᠨᠢ ᠡᠯ᠎ᠡ ᠦᠨᠳᠦᠰᠦᠲᠡᠨ᠎ᠢ ᠦᠭᠡᠢ᠌ᠰᠬᠡᠭᠰᠡᠨ᠎ᠲᠠᠢ ᠠᠳᠠᠯᠢ ᠶᠤᠮ᠂ ᠡᠯ᠎ᠡ ᠦᠨᠳᠦᠰᠦᠲᠡᠨ᠎ᠢ ᠶᠠᠷᠢᠬᠤ᠎ᠨᠢ ᠳᠤᠮᠳᠠᠳᠤ ᠵᠢᠨ ᠦᠨᠳᠦᠰᠦᠲᠡᠨ᠎ᠢ ᠦᠭᠡᠢ᠌ᠰᠬᠡᠭᠰᠡᠨ᠎ᠲᠠᠢ ᠠᠳᠠᠯᠢ ᠭᠡᠵᠦ ᠦᠵᠡᠳᠡᠭ᠂ ᠡᠲᠡᠭᠡᠷ ᠪᠣᠯ ᠪᠦᠷ ᠪᠤᠷᠤᠭᠤ ᠦᠵᠡᠯᠲᠡ   ᠶᠤᠮ᠃ ᠣᠨᠴᠠ ᠵᠠᠷᠢᠮ ᠬᠥᠮᠦᠨ ᠤᠯᠤᠰ᠎ᠤᠨ ᠨᠡᠢ᠌ᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠤᠨ ᠲᠦᠭᠡᠮᠡᠯᠵᠢᠭᠦᠯᠦᠯᠲᠡ ᠵᠢ   ᠡᠰᠡᠷᠭᠦᠴᠡᠨ   ᠬᠣᠷᠢᠭᠯᠠᠵᠤ᠂ ᠠᠮᠠᠨ ᠳᠡᠭᠡᠷ᠎ᠡ᠎ᠪᠠᠨ ᠲᠤᠰ ᠦᠨᠳᠦᠰᠦᠲᠡᠨ᠎ᠤ ᠣᠨᠴᠠᠯᠢᠭ᠂ ᠲᠤᠰ ᠦᠨᠳᠦᠰᠦᠲᠡᠨ᠎ᠤ ᠠᠰᠢᠭ ᠲᠤᠰᠠ ᠵᠢ ᠬᠠᠮᠠᠭ᠋ᠠᠯᠠᠨ᠎ᠠ ᠭᠡᠵᠦ ᠬᠡᠯᠡᠵᠦ   ᠪᠠᠢ᠌ᠭ᠎ᠠ ᠴᠤ᠌ ᠭᠡᠰᠡᠨ  ᠂ ᠦᠨᠡᠨ᠎ᠳᠤ᠎ᠪᠠᠨ ᠬᠠᠷᠢᠨ ᠡᠯ᠎ᠡ ᠦᠨᠳᠦᠰᠦᠲᠡᠨ᠎ᠤ ᠬᠣᠭᠣᠷᠣᠨᠳᠣᠬᠢ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠎ᠢ ᠬᠤᠷᠢᠭᠯᠠᠨ ᠡᠰᠡᠷᠬᠦᠴᠡᠵᠤ᠂ ᠲᠤᠰ ᠦᠨᠳᠦᠰᠦᠲᠡᠨ᠎ᠤ ᠴᠡᠴᠡᠭᠯᠡᠯ ᠳᠠᠪᠰᠢᠯᠲᠠ ᠵᠢ ᠬᠠᠷᠰᠢᠯᠠᠬᠤ ᠨᠠᠵᠠᠭ᠋ᠠᠢ ᠦᠷ᠎ᠡ ᠳ᠋ᠦᠩ ᠭᠠᠷᠭ᠋ᠠᠭᠰᠠᠨ   ᠪᠢᠯᠨ᠃ ᠨᠡᠢ᠌ᠭᠡᠮ ᠵᠢᠷᠤᠮ᠎ᠤᠨ ᠭᠣᠣᠯᠯᠠᠬᠤ ᠦᠷᠳᠡᠭ᠎ᠤᠨ ᠦᠵᠡᠯᠲᠡ᠎ᠪᠠᠷ ᠵᠢᠯᠤᠭᠤᠳᠤᠯᠭ᠎ᠠ ᠪᠤᠯᠭ᠋ᠠᠨ᠂ ᠦᠨᠳᠦᠰᠦᠲᠡᠨ᠎ᠨᠦᠭᠦᠳ᠎ᠤᠨ ᠬᠠᠮᠲᠤ᠎ᠪᠠᠷ ᠡᠳ᠋ᠯᠡᠬᠦ ᠳᠤᠮᠳᠠᠳᠤ ᠵᠢᠨ ᠰᠣᠶᠣᠯ᠎ᠤᠨ ᠲᠡᠮᠳᠡᠭ ᠪᠠ ᠳᠤᠮᠳᠠᠳᠤ ᠵᠢᠨ ᠦᠨᠳᠦᠰᠦᠲᠡᠨ᠎ᠤ ᠲᠦᠷᠢ ᠲᠥᠷᠬᠦ ᠵᠢ ᠪᠤᠢ ᠪᠣᠯᠭ᠋ᠠᠨ ᠲᠤᠪᠤᠢ᠍ᠢ᠍ᠯᠭ᠋ᠠᠵᠤ᠂ ᠦᠨᠳᠦᠰᠦᠲᠡᠨ᠎ᠨᠦᠭᠦᠳ᠎ᠤᠨ ᠤᠯᠠᠨ ᠲᠦᠮᠡᠨ᠎ᠤ ᠳᠤᠮᠳᠠᠳᠤ ᠵᠢᠨ ᠰᠣᠶᠣᠯ᠎ᠤᠨ ᠲᠤᠬᠠᠢ ᠮᠡᠳᠡᠷᠡᠮᠵᠢ ᠵᠢ ᠨᠡᠮᠡᠭᠳᠡᠭᠦᠯᠵᠦ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠦᠵᠡᠯ ᠰᠠᠨᠠᠭ᠋ᠠᠨ᠎ᠤ ᠰᠠᠭᠤᠷᠢ ᠵᠢ ᠲᠠᠰᠤᠷᠠᠯᠳᠠ ᠦᠭᠡᠢ ᠪᠠᠲᠤᠳᠬᠠᠬᠤ ᠬᠡᠷᠡᠭᠲᠡᠢ᠃ ᠦᠨᠳᠦᠰᠦᠲᠡᠨ᠎ᠨᠦᠭᠦᠳ᠎ᠤᠨ ᠬᠠᠮᠲᠤ᠎ᠪᠠᠷ ᠡᠳ᠋ᠯᠡᠬᠦ ᠳᠤᠮᠳᠠᠳᠤ ᠵᠢᠨ ᠰᠣᠶᠣᠯ᠎ᠤᠨ ᠲᠡᠮᠳᠡᠭ ᠪᠠ ᠳᠤᠮᠳᠠᠳᠤ ᠵᠢᠨ ᠦᠨᠳᠦᠰᠦᠲᠡᠨ᠎ᠤ ᠲᠦᠷᠢ ᠲᠥᠷᠬᠦ ᠵᠢᠨ ᠲᠠᠯ᠎ᠠ᠎ᠪᠠᠷ ᠮᠠᠰᠢ ᠤᠯᠠᠨ ᠵᠢᠱ᠌ᠢᠶ᠎ᠡ ᠲᠠᠲᠠᠵᠦ ᠪᠤᠯᠬᠤ ᠶᠤᠮ᠃ ᠤᠯᠤᠰ᠎ᠤᠨ ᠨᠡᠢ᠌ᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠪᠣᠯ ᠬᠠᠮᠤᠭ᠎ᠤᠨ ᠴᠢᠬᠤᠯᠠ   ᠰᠣᠶᠣᠯ᠎ᠤᠨ ᠲᠡᠮᠳᠡᠭ ᠪᠠ ᠰᠣᠶᠣᠯ᠎ᠤᠨ ᠲᠦᠷᠢ ᠲᠥᠷᠬᠦ ᠵᠢᠨ ᠨᠢᠭᠡ ᠪᠣᠯᠬᠤ᠎ᠨᠢ ᠭᠠᠷᠴᠠᠭ᠎ᠠ ᠦᠭᠡᠢ ᠶᠤᠮ᠃ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠬᠥᠮᠦᠵᠢᠯ᠎ᠢ   ᠳᠤᠮᠳᠠᠳᠤ   ᠵᠢᠨ   ᠦᠨᠳᠦᠰᠦᠲᠡᠨ  ᠎ᠤ ᠬᠥᠪᠡᠭᠦᠳ ᠥᠬᠢᠳ ᠨᠢᠭᠡᠪᠦᠷᠢ ᠵᠢᠨ ᠣᠶᠤᠨ ᠲᠠᠷᠢᠬᠢᠨ᠎ᠳᠤ ᠬᠠᠲᠠᠩᠰᠢᠭᠤᠯᠤᠨ᠂ ᠪᠦᠬᠦ ᠤᠯᠤᠰ᠎ᠤᠨ ᠡᠯ᠎ᠡ ᠭᠠᠵᠠᠷ᠎ᠤᠨ ᠤᠯᠤᠰ ᠠᠷᠠᠳ᠎ᠤᠨ ᠰᠤᠷᠭ᠋ᠠᠨ ᠬᠥᠮᠦᠵᠢᠯ᠂ ᠺᠠᠳ᠋ᠷ᠎ᠤᠨ ᠰᠤᠷᠭ᠋ᠠᠨ ᠬᠥᠮᠦᠵᠢᠯ᠂ ᠨᠡᠢ᠌ᠭᠡᠮ᠎ᠤᠨ ᠰᠤᠷᠭ᠋ᠠᠨ ᠬᠥᠮᠦᠵᠢᠯ ᠵᠡᠷᠭᠡ ᠡᠯ᠎ᠡ ᠱᠠᠲᠤᠨ᠎ᠤ ᠡᠯ᠎ᠡ ᠲᠥᠷᠥᠯ᠎ᠤᠨ ᠰᠤᠷᠭ᠋ᠠᠨ ᠬᠥᠮᠦᠵᠢᠯ᠎ᠳᠤ   ᠠᠭ᠋ᠠᠵᠢᠮ ᠵᠶ᠋ᠡᠷ   ᠲᠠᠰᠤᠷᠠᠯᠲᠠ ᠦᠭᠡᠢ ᠰᠢᠮᠡᠳᠭᠡᠵᠤ ᠤᠷᠤᠭᠤᠯᠤᠨ᠂ ᠦᠨᠳᠦᠰᠦᠲᠡᠨ᠎ᠨᠦᠭᠦᠳ᠎ᠤᠨ ᠺᠠᠳ᠋ᠷ ᠣᠯᠠᠨ ᠲᠦᠮᠡᠨ᠎ᠢ ᠤᠳᠤᠷᠢᠳᠤᠨ ᠵᠥᠪ ᠡᠬᠡ ᠤᠷᠤᠨᠴᠢ ᠦᠵᠡᠯᠲᠡ᠂ ᠵᠦᠪ ᠦᠨᠳᠦᠰᠦᠲᠡᠨ᠎ᠤ ᠦᠵᠡᠯᠲᠡ᠂ ᠵᠦᠪ ᠰᠣᠶᠣᠯ᠎ᠤᠨ ᠦᠵᠡᠯᠲᠡ᠂ ᠵᠦᠪ ᠲᠡᠦᠬᠡ ᠵᠢᠨ ᠦᠵᠡᠯᠲᠡ᠎ᠲᠠᠢ   ᠪᠤᠯᠭ᠋ᠠᠨ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠲᠠᠰᠤᠷᠠᠯᠲᠠ ᠦᠭᠡᠢ ᠪᠡᠬᠢᠵᠢᠬᠦᠯᠰᠤᠭᠡᠢ᠃


ᠢᠷᠡᠯᠳᠡ᠄ ᠦᠪᠤᠷ ᠮᠤᠡᠭᠭᠤᠯ᠎ᠤᠨ ᠦᠪᠡᠷᠳᠡᠬᠡᠨ ᠵᠠᠰᠠᠬᠤ ᠤᠷᠤᠨ᠎ᠤ ᠤᠯᠤᠰ ᠲᠦᠷᠤ ᠵᠢᠨ ᠵᠦᠪᠯᠡᠯᠬᠡᠨ᠎ᠤ 《ᠡᠯᠢᠬᠡ
ᠨᠢᠬᠡᠳᠡᠨ》 ᠰᠡᠳᠬᠦᠯ᠎ᠤᠨ ᠬᠢᠳᠠᠳ ᠬᠡᠪᠯᠡᠯ᠎ᠠᠴᠠ ᠤᠷᠴᠢᠭᠤᠯᠪᠠ

ᠢᠷᠡᠯᠲᠡ᠄ ᠦᠪᠤᠷ ᠮᠤᠡᠭᠭᠤᠯ᠎ᠤᠨ ᠤᠯᠤᠰ ᠲᠦᠷᠤ ᠵᠢᠨ ᠵᠦᠪᠯᠡᠯᠬᠡᠨ᠎ᠤ 《ᠡᠯᠢᠬᠡ ᠨᠢᠬᠡᠳᠡᠨ》 ᠰᠡᠳᠬᠦᠯ᠎ᠤᠨ ᠬᠤᠷᠢᠶ᠎ᠠ
          
ᠬᠠᠮᠢᠶ᠎ᠡ ᠪᠦᠬᠦᠢ ᠰᠣᠨᠢᠨ
ᠭᠡᠷ᠎ᠲᠤ᠎ᠪᠠᠨ ᠰᠠᠭᠤᠵᠤ ᠠᠰᠠᠷᠠᠭᠤᠯᠬᠤ ᠨᠠᠰᠤᠵᠢᠯ᠎ᠤᠨ ᠦᠢ᠍ᠯᠡᠴᠢᠯᠡᠬᠡᠨ᠎ᠤ ᠬᠦᠭᠵᠢᠯᠳᠡ ᠵᠢ ᠠᠬᠢᠭᠤᠯᠬᠤ ᠵᠢ ᠠᠷᠭ᠋ᠠᠴᠠᠭ᠋ᠠᠬᠤ ᠪᠣᠳᠤᠯᠭ᠎ᠠ ᠵᠢᠨ ᠲᠤᠬᠠᠢ ᠪᠤᠳᠤᠯᠬᠢᠯᠠᠯ
ᠬᠠᠤᠯᠢ ᠪᠤᠰᠤ᠎ᠪᠠᠷ ᠵᠤᠬᠢᠶᠠᠨ ᠪᠠᠢ᠌ᠭᠤᠯᠤᠯᠴᠠᠬᠤ ᠶᠠᠯ᠎ᠠ ᠵᠢ ᠨᠡᠮᠡᠨ ᠤᠷᠤᠭᠤᠯᠵᠤ᠂ ᠬᠠᠤᠯᠢ ᠪᠤᠰᠤ ᠨᠡᠢ᠌ᠬᠡᠮ᠎ᠤᠨ ᠵᠤᠬᠢᠶᠠᠨ ᠪᠠᠢ᠌ᠭᠤᠯᠤᠯᠳᠠ᠎ᠳᠤ ᠴᠢᠡᠭᠭ᠎ᠠ ᠴᠤᠬᠢᠯᠳᠠ ᠦᠭᠰᠤᠬᠡᠢ
ᠨᠢᠬᠡᠳᠤᠯᠳᠡᠢ ᠵᠤᠬᠢᠴᠠᠭᠤᠯᠬᠤ ᠲᠤᠬᠳᠠᠯᠴᠠᠭ᠎ᠠ ᠵᠢ ᠲᠠᠷᠤᠢ᠌ᠬᠠᠨ ᠪᠠᠢ᠌ᠭᠤᠯᠵᠤ᠂ ᠰᠢᠨ᠎ᠡ ᠴᠠᠭ ᠦᠶ᠎ᠡ ᠵᠢᠨ ᠨᠠᠰᠤᠨ᠎ᠳᠤ ᠦᠯᠤ ᠬᠦᠷᠦᠭᠰᠡᠳ᠎ᠢ ᠬᠠᠮᠠᠭ᠋ᠠᠯᠠᠬᠤ ᠠᠵᠢᠯ᠎ᠤᠨ ᠰᠢᠨ᠎ᠡ ᠬᠦᠭᠵᠢᠯᠳᠡ ᠵᠢ ᠠᠬᠢᠭᠤᠯᠰᠤᠭ᠋ᠠᠢ
ᠦᠨᠳᠤᠰᠤᠲᠠᠨ᠎ᠤ ᠪᠦᠯᠬᠦᠮᠲᠡᠯ ᠪᠤᠯ ᠡᠯ᠎ᠡ ᠲᠦᠷᠦᠯ᠎ᠤᠨ ᠵᠢᠯ ᠦᠢ᠍ᠯᠡᠰ᠎ᠤᠨ ᠠᠮᠵᠢᠯᠲᠡ ᠤᠯᠬᠤ ᠵᠢᠨ ᠪᠠᠳᠤᠯᠠᠭ᠎ᠠ ᠶᠤᠮ
ᠨᠠᠮ᠎ᠤᠨ ᠲᠡᠤᠬᠡ᠎ᠠᠴᠠ ᠤᠶᠤᠨ ᠤᠬᠠᠭ᠋ᠠᠨ ᠰᠢᠡᠭᠭᠡᠬᠡᠵᠤ᠂ ᠰᠢᠨ᠎ᠡ ᠴᠠᠭ ᠦᠶ᠎ᠡ ᠎ᠤᠨ ᠠᠷᠠᠳ᠎ᠤᠨ ᠶᠠᠪᠤᠳᠠᠯ᠎ᠤᠨ ᠦᠢ᠍ᠯᠡᠰ᠎ᠤᠨ ᠬᠥᠭᠵᠢᠯᠲᠡ ᠵᠢᠨ ᠰᠢᠨ᠎ᠡ ᠬᠠᠭᠤᠳᠠᠰᠤ ᠵᠢ ᠪᠢᠴᠢᠭᠯᠡᠶ᠎ᠡ
 
            