ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠢᠯᠡ ᠵᠠᠰᠠᠭ   -   ᠲᠥᠷᠥ᠎ᠶᠢᠨ ᠪᠣᠳᠣᠯᠭ᠎ᠠ᠎ᠶᠢᠨ ᠲᠠᠶ᠋ᠢᠯᠤᠮᠵᠢ
ᠨᠠᠰᠤᠨ᠎ᠳᠤ ᠦᠯᠤ ᠬᠦᠷᠦᠭᠰᠡᠳ᠎ᠢ ᠲᠤᠰᠠᠯᠠᠨ ᠬᠠᠮᠠᠭ᠋ᠠᠯᠠᠬᠤ ᠪᠠᠢ᠌ᠭᠤᠯᠤᠮᠵᠢ ᠬᠡᠯᠪᠡᠷᠢ᠎ᠪᠠᠨ ᠬᠤᠪᠢᠷᠠᠭᠤᠯᠤᠨ ᠲᠡᠰ ᠲᠡᠪᠰᠢᠬᠦ ᠵᠢ ᠬᠡᠷᠬᠢᠨ ᠪᠡᠶᠡᠯᠡᠬᠦᠯᠬᠦ ᠪᠤᠢ
ᠨᠡᠶᠢᠲᠡᠯᠡᠭᠰᠡᠨ ᠴᠠᠭ᠄ 2021-06-04

         

ᠰᠢᠨ᠎ᠡ᠎ᠪᠠᠷ ᠵᠠᠰᠠᠪᠤᠷᠢ ᠤᠷᠤᠭᠤᠯᠤᠬᠰᠠᠨ 《  ᠪᠦᠬᠦᠳᠡ ᠨᠠᠢ᠌ᠷᠠᠮᠳᠠᠬᠤ ᠲᠤᠮᠳᠠᠳᠤ ᠠᠷᠠᠳ ᠤᠯᠤᠰ᠎ᠤᠨ ᠨᠠᠰᠤᠨ᠎ᠳᠤ ᠦᠯᠤ ᠬᠦᠷᠦᠭᠰᠡᠳ᠎ᠢ ᠬᠠᠮᠠᠭ᠋ᠠᠯᠠᠬᠤ ᠬᠠᠤᠯᠢ》 (《ᠨᠠᠰᠤᠨ᠎ᠳᠤ ᠦᠯᠤ ᠬᠦᠷᠦᠭᠰᠡᠳ᠎ᠢ ᠬᠠᠮᠠᠭ᠋ᠠᠯᠠᠬᠤ ᠬᠠᠤᠯᠢ》 ᠭᠡᠵᠤ ᠲᠦᠬᠦᠮᠴᠢᠯᠡᠶ᠎ᠡ) ᠵᠢ ᠦᠨᠤ ᠵᠢᠯ᠎ᠤᠨ 6 ᠳ᠋ᠤᠭ᠋ᠠᠷ ᠰᠠᠷ᠎ᠠ ᠵᠢᠨ 1᠎ᠤ ᠡᠳᠤᠷ᠎ᠠᠴᠠ ᠡᠬᠢᠯᠡᠨ ᠵᠢᠡᠭᠭᠢᠨᠢ᠎ᠪᠠᠷ ᠬᠡᠷᠡᠭᠵᠢᠬᠦᠯᠬᠦ ᠪᠤᠯᠤᠬᠰᠠᠨ᠎ᠨᠢ   ᠠᠷᠠᠳ᠎ᠤᠨ ᠶᠠᠪᠤᠳᠠᠯ᠎ᠤᠨ ᠰᠠᠯᠠᠭ᠎ᠠ ᠮᠦᠴᠢᠷ᠎ᠲᠤ ᠨᠡᠡᠭ ᠤᠯᠠᠨ ᠡᠬᠦᠷᠬᠡ ᠬᠠᠷᠢᠭᠤᠴᠠᠯᠭ᠎ᠠ ᠤᠯᠭᠤᠵᠤ᠂ ᠦᠢ᠍ᠯᠡᠴᠢᠯᠡᠬᠦ ᠡᠳᠡᠬᠡᠳ ᠴᠦ᠍ ᠨᠠᠰᠤᠨ᠎ᠳᠤ ᠦᠯᠤ ᠬᠦᠷᠬᠦ ᠪᠦᠬᠦ ᠬᠦᠮᠦᠰ᠎ᠢ ᠬᠠᠮᠤᠷᠪᠠ᠃ ᠠᠷᠠᠳ᠎ᠤᠨ ᠶᠠᠪᠤᠳᠠᠯ᠎ᠤᠨ ᠶᠠᠮᠤᠨ ᠵᠡᠷᠬᠡ 10 ᠰᠠᠯᠠᠭ᠎ᠠ ᠮᠦᠴᠢᠷ ᠬᠤᠯᠪᠤᠭ᠋ᠠᠯᠠᠨ 《ᠬᠦᠳᠡᠬᠡ ᠲᠤᠰᠬᠤᠨ᠎ᠤ ᠬᠡᠷ᠎ᠲᠤ᠎ᠪᠠᠨ ᠬᠤᠴᠤᠷᠤᠬᠰᠠᠨ ᠬᠡᠤᠬᠡᠳ ᠪᠠ ᠬᠦᠴᠢᠷᠳᠡᠯᠳᠡᠢ ᠬᠡᠤᠬᠡᠳ᠎ᠢ ᠬᠠᠯᠠᠮᠵᠢᠯᠠᠨ ᠬᠠᠢ᠌ᠷᠠᠯᠠᠬᠤ ᠦᠢ᠍ᠯᠡᠴᠢᠯᠡᠬᠡᠨ᠎ᠤ ᠰᠢᠰᠲᠸᠮ᠎ᠢ ᠤᠯᠠᠮ ᠨᠢᠬᠡ ᠠᠯᠬᠤᠮ ᠲᠡᠬᠦᠯᠳᠡᠷᠵᠢᠬᠦᠯᠬᠦ ᠲᠤᠬᠠᠢ ᠰᠠᠨᠠᠯ》᠎ᠢ   ᠲᠠᠷᠤᠮᠠᠯᠯᠠᠨ ᠲᠠᠷᠬᠠᠭ᠋ᠠᠵᠤ᠂ ᠨᠠᠰᠤᠨ᠎ᠳᠤ ᠦᠯᠤ ᠬᠦᠷᠦᠭᠰᠡᠳ᠎ᠢ ᠲᠤᠰᠠᠯᠠᠨ ᠬᠠᠮᠠᠭ᠋ᠠᠯᠠᠬᠤ ᠪᠠᠢ᠌ᠭᠤᠯᠤᠮᠵᠢ ᠬᠡᠯᠪᠡᠷᠢ᠎ᠪᠠᠨ ᠬᠤᠪᠢᠷᠠᠭᠤᠯᠤᠨ ᠲᠡᠰ ᠲᠡᠪᠰᠢᠬᠦ ᠵᠢ ᠲᠦᠯᠬᠢᠨ ᠠᠬᠢᠭᠤᠯᠬᠤ ᠲᠤᠬᠠᠢ ᠲᠤᠳᠤᠷᠬᠠᠢ᠌ᠯᠠᠬᠰᠠᠨ ᠪᠠᠢ᠌ᠨ᠎ᠠ᠃ ᠨᠠᠰᠤᠨ᠎ᠳᠤ ᠦᠯᠤ ᠬᠦᠷᠦᠭᠰᠡᠳ᠎ᠢ ᠲᠤᠰᠠᠯᠠᠨ ᠬᠠᠮᠠᠭ᠋ᠠᠯᠠᠬᠤ ᠪᠠᠢ᠌ᠭᠤᠯᠤᠮᠵᠢ᠎ᠨᠢ 《ᠨᠠᠰᠤᠨ᠎ᠳᠤ ᠦᠯᠤ ᠬᠦᠷᠦᠭᠰᠡᠳ᠎ᠢ ᠬᠠᠮᠠᠭ᠋ᠠᠯᠠᠬᠤ ᠬᠠᠤᠯᠢ》 ᠵᠢ ᠬᠦᠢ᠍ᠴᠡᠳᠬᠡᠬᠦ ᠴᠢᠬᠤᠯᠨ ᠦᠨᠳᠤᠰᠤᠨ ᠵᠢᠬᠰᠠᠭ᠋ᠠᠯ ᠪᠤᠯᠤᠬᠰᠠᠨ᠎ᠤ ᠬᠤᠪᠢ᠎ᠳᠤ ᠶᠠᠮᠠᠷ ᠶᠠᠮᠠᠷ ᠠᠰᠠᠭᠤᠳᠠᠯ᠎ᠢ ᠲᠤᠯᠭ᠋ᠠᠮ ᠰᠢᠢ᠍ᠳᠪᠤᠷᠢᠯᠡᠬᠦ ᠬᠡᠷᠡᠭᠳᠡᠢ ᠪᠠᠢ᠌ᠭ᠎ᠠ ᠪᠤᠯ? ᠪᠠᠰᠨ ᠬᠡᠯᠪᠡᠷᠢ᠎ᠪᠠᠨ ᠬᠤᠪᠢᠷᠠᠭᠤᠯᠤᠨ ᠲᠡᠰ ᠲᠡᠪᠰᠢᠬᠦ ᠵᠢ ᠬᠡᠷᠬᠢᠨ ᠪᠤᠰᠢᠭᠤᠬᠠᠨ ᠪᠡᠶᠡᠯᠡᠬᠦᠯᠵᠤ᠂ 《ᠨᠠᠰᠤᠨ᠎ᠳᠤ ᠦᠯᠤ ᠬᠦᠷᠦᠭᠰᠡᠳ᠎ᠢ ᠬᠠᠮᠠᠭ᠋ᠠᠯᠠᠬᠤ ᠬᠠᠤᠯᠢ》᠎ᠠᠴᠠ ᠤᠯᠭᠤᠬᠰᠠᠨ ᠴᠢᠬᠤᠯᠨ ᠡᠬᠦᠷᠬᠡ ᠬᠠᠷᠢᠭᠤᠴᠠᠯᠭ᠎ᠠ᠎ᠪᠠᠨ ᠡᠬᠦᠷᠬᠡᠯᠡᠪᠡᠯ ᠵᠤᠬᠢᠬᠤ ᠪᠤᠢ? ᠲᠤᠰ ᠰᠤᠨᠢᠨ᠎ᠤ ᠰᠤᠷᠪᠤᠯᠵᠢᠯᠠᠬ᠍ᠴᠢ ᠦᠨᠳᠤᠰᠤᠨ ᠱᠠᠳᠤᠨ᠎ᠤ ᠨᠠᠰᠤᠨ᠎ᠳᠤ ᠦᠯᠤ ᠬᠦᠷᠦᠭᠰᠡᠳ᠎ᠢ ᠬᠠᠮᠠᠭ᠋ᠠᠠᠯᠠᠬᠤ ᠨᠢᠬᠡ ᠪᠦᠯᠦᠭ ᠪᠠᠢ᠌ᠭᠤᠯᠤᠮᠵᠢ ᠵᠢᠨ ᠬᠠᠮᠢᠶ᠎ᠠ ᠪᠦᠬᠦᠢ ᠬᠠᠷᠢᠭᠤᠴᠠᠯᠭ᠋ᠠᠳᠠᠨ᠎ᠲᠠᠢ ᠡᠨᠡ ᠲᠤᠬᠠᠢ ᠶᠠᠷᠢᠯᠴᠠᠭ᠎ᠠ ᠦᠷᠨᠢᠬᠦᠯᠦᠭᠰᠡᠨ ᠶᠤᠮ᠃

ᠲᠦᠰᠦᠪᠯᠡᠵᠤ ᠬᠦᠳᠦᠯᠦᠭᠰᠡᠨ᠎ᠨᠢ᠄
ᠵᠠᠡᠭ ᠵᠢᠡᠭ ᠵᠢᠡᠭ     《ᠲᠤᠮᠳᠠᠳᠤ ᠤᠯᠤᠰ᠎ᠤᠨ ᠨᠡᠢ᠌ᠬᠡᠮ ᠰᠤᠨᠢᠨ》᠎ᠤ ᠰᠤᠷᠪᠤᠯᠵᠢᠯᠠᠬ᠍ᠴᠢ
ᠶᠠᠷᠢᠯᠴᠠᠯᠭ᠎ᠠ᠎ᠳᠤ ᠤᠷᠤᠯᠴᠠᠬᠰᠠᠨ ᠵᠤᠴᠢᠨ᠄
ᠯᠢᠤᠢ ᠵᠢᠡᠭ ᠬᠤᠸᠨ     ᠱᠠᠨᠳᠦ᠋ᠡᠭ ᠮᠤᠵᠢ ᠵᠢᠨ ᠪᠢᠨᠵᠸᠤ ᠬᠤᠳᠠ ᠵᠢᠨ ᠨᠠᠰᠤᠨ᠎ᠳᠤ ᠦᠯᠤ ᠬᠦᠷᠦᠭᠰᠡᠳ᠎ᠤᠨ ᠨᠡᠢ᠌ᠬᠡᠮ᠎ᠤᠨ ᠬᠠᠮᠠᠭ᠋ᠠᠯᠠᠯ᠎ᠤᠨ ᠲᠦᠪ᠎ᠤᠨ ᠡᠷᠬᠢᠯᠡᠭᠴᠢ
ᠲᠠᠨ ᡁᠢ ᠴᠢᠶᠠᠡᠭ     ᠭᠤᠸᠠᠡᠭᠰᠢ ᠵᠢᠨ ᠵᠤᠸᠠᠡᠭ ᠦᠨᠳᠤᠰᠤᠳᠡᠨ᠎ᠤ ᠦᠪᠡᠷᠳᠡᠬᠡᠨ ᠵᠠᠰᠠᠬᠤ ᠤᠷᠤᠨ᠎ᠤ ᠬᠦᠢ᠍ᠯᠢᠨ ᠬᠤᠳᠠ ᠵᠢᠨ ᠨᠠᠰᠤᠨ᠎ᠳᠤ ᠦᠯᠤ ᠬᠦᠷᠦᠭᠰᠡᠳ᠎ᠢ ᠬᠠᠮᠠᠭ᠋ᠠᠯᠠᠬᠤ ᠲᠦᠪ᠎ᠤᠨ ᠡᠷᠬᠢᠯᠡᠭᠴᠢ
ᠯᠢ ᠶᠦᠨ ᠵᠦᠡᠭ       ᠬᠤᠪᠸᠢ ᠮᠤᠵᠢ ᠵᠢᠨ ᠵᠢᠡᠭᠵᠸᠤ ᠬᠤᠳᠠ ᠵᠢᠨ ᠨᠠᠰᠤᠨ᠎ᠳᠤ ᠦᠯᠤ ᠬᠦᠷᠦᠭᠰᠡᠳ᠎ᠤᠨ ᠨᠡᠢ᠌ᠬᠡᠮ᠎ᠤᠨ ᠬᠠᠮᠠᠭ᠋ᠠᠯᠠᠯ᠎ᠤᠨ ᠲᠦᠪ᠎ᠤᠨ ᠡᠷᠬᠢᠯᠡᠭᠴᠢ
ᠵᠤ᠌ ᠸᠸᠨ ᠰᠢᠶᠠᠡᠭ     ᠵᠢᠶᠠᠡᠭᠰᠤ ᠮᠤᠵᠢ ᠵᠢᠨ ᠨᠠᠨᠲ᠋ᠦ᠋ᠡᠭ ᠬᠤᠳᠠ ᠵᠢᠨ ᠨᠠᠰᠤᠨ᠎ᠳᠤ ᠦᠯᠤ ᠬᠦᠷᠦᠭᠰᠡᠳ᠎ᠢ ᠬᠠᠮᠠᠭ᠋ᠠᠯᠠᠬᠤ ᠲᠦᠪ᠎ᠤᠨ ᠱᠦᠵᠢ
ᠶᠠᠡᠭ ᠵᠢᠶᠦ᠋ᠨ         ᠱᠠᠨᠰᠢ ᠮᠤᠵᠢ ᠵᠢᠨ ᠪᠤᠤᠵᠢ ᠬᠤᠳᠠ ᠵᠢᠨ ᠨᠠᠰᠤᠨ᠎ᠳᠤ ᠦᠯᠤ ᠬᠦᠷᠦᠭᠰᠡᠳ᠎ᠢ ᠲᠤᠰᠠᠯᠠᠨ ᠬᠠᠮᠠᠭ᠋ᠠᠯᠠᠬᠤ ᠲᠦᠪ᠎ᠤᠨ ᠲᠡᠳ᠋ ᠡᠷᠬᠢᠯᠡᠭᠴᠢ
ᠵᠸᠡᠭ ᠶᠤᠸᠠᠨ       ᠠᠨᠾᠦ᠋ᠢ ᠮᠤᠵᠢ ᠵᠢᠨ ᠬᠦᠸᠸᠨᠢᠡᠭ ᠬᠤᠳᠠ ᠵᠢᠨ ᠨᠠᠰᠤᠨ᠎ᠳᠤ ᠦᠯᠤ ᠬᠦᠷᠦᠭᠰᠡᠳ᠎ᠢ ᠲᠤᠰᠠᠯᠠᠨ ᠬᠠᠮᠠᠭ᠋ᠠᠯᠠᠬᠤ ᠲᠦᠪ᠎ᠤᠨ ᠬᠠᠷᠢᠭᠤᠴᠠᠯᠭ᠋ᠠᠳᠠᠨ  

ᠠᠰᠠᠭᠤᠯᠳᠠ᠄
ᠰᠢᠨ᠎ᠡ᠎ᠪᠠᠷ ᠵᠠᠰᠠᠪᠤᠷᠢ ᠤᠷᠤᠭᠤᠯᠤᠬᠰᠠᠨ 《ᠨᠠᠰᠤᠨ᠎ᠳᠤ ᠦᠯᠤ ᠬᠦᠷᠦᠭᠰᠡᠳ᠎ᠤᠨ ᠬᠠᠤᠯᠢ》 ᠬᠡᠷᠡᠭᠵᠢᠬᠦᠯᠦᠭᠳᠡᠬᠦ ᠪᠤᠯᠵᠤ᠂ ᠠᠷᠠᠳ᠎ᠤᠨ ᠶᠠᠪᠤᠳᠠᠯ᠎ᠤᠨ ᠰᠠᠯᠠᠭ᠎ᠠ ᠮᠦᠴᠢᠷ᠎ᠲᠤ ᠨᠡᠡᠭ ᠦᠨᠳᠤᠷ ᠱᠠᠭ᠋ᠠᠷᠳᠠᠯᠭ᠎ᠠ ᠲᠤᠷᠠᠳᠤᠯ᠎ᠠ  ᠃ ᠨᠠᠰᠤᠨ᠎ᠳᠤ ᠦᠯᠤ ᠬᠦᠷᠦᠭᠰᠡᠳ᠎ᠢ ᠲᠤᠰᠠᠯᠠᠨ ᠬᠠᠮᠠᠭ᠋ᠠᠯᠠᠬᠤ ᠪᠠᠢ᠌ᠭᠤᠯᠤᠮᠵᠢ᠎ᠨᠢ ᠴᠢᠬᠤᠯᠨ ᠵᠢᠬᠰᠠᠭ᠋ᠠᠯ ᠪᠤᠯᠤᠬᠰᠠᠨ᠎ᠤ ᠬᠤᠪᠢ᠎ᠳᠤ ᠶᠠᠮᠠᠷ ᠦᠷᠢᠰᠤᠯᠳᠤᠬᠡᠨ ᠲᠤᠯᠭ᠋ᠠᠷᠠᠵᠤ ᠪᠠᠢ᠌ᠭ᠎ᠠ ᠪᠤᠯ? ᠰᠢᠢ᠍ᠳᠪᠤᠷᠢᠯᠡᠬᠦ ᠴᠢᠬᠤᠯᠠᠳᠠᠢ ᠲᠤᠯᠭ᠋ᠠᠮ ᠠᠰᠠᠭᠤᠳᠠᠯ ᠶᠠᠭᠤ ᠶᠠᠭᠤ ᠪᠠᠢ᠌ᠨ᠎ᠠ ᠪᠤᠢ?


ᠲᠠᠨ ᡁᠢ ᠴᠢᠶᠠᠡᠭ᠄ ᠬᠦᠢ᠍ᠯᠢᠨ ᠬᠤᠳᠠ᠎ᠨᠢ ᠪᠦᠬᠦ ᠤᠯᠤᠰ᠎ᠤᠨ ᠨᠠᠰᠤᠨ᠎ᠳᠤ ᠦᠯᠤ ᠬᠦᠷᠦᠭᠰᠡᠳ᠎ᠤᠨ ᠨᠡᠢ᠌ᠬᠡᠮ᠎ᠤᠨ ᠬᠠᠮᠠᠭ᠋ᠠᠯᠠᠯᠳᠠ ᠵᠢᠨ ᠠᠵᠢᠯ᠎ᠤᠨ ᠠᠡᠭᠬᠠᠨ᠎ᠤ ᠨᠢᠬᠡ ᠪᠦᠯᠦᠭ 20 ᠲᠤᠷᠰᠢᠯᠳᠠ ᠵᠢᠨ ᠴᠡᠭ ᠬᠤᠳᠠ ᠵᠢᠨ ᠨᠢᠬᠡ ᠪᠤᠯᠤᠬᠰᠠᠨ᠎ᠤ ᠬᠤᠪᠢ᠎ᠳᠤ 《ᠠᠷᠪᠠᠨ ᠭᠤᠷᠪᠠᠳᠤᠭ᠋ᠠᠷ ᠲᠠᠪᠤᠨ ᠵᠢᠯ》᠎ᠤᠨ ᠲᠦᠯᠦᠪᠯᠡᠬᠡᠨ᠎ᠤ ᠬᠤᠭᠤᠴᠠᠭ᠋ᠠᠨ᠎ᠳᠤ ᠬᠦᠴᠢᠷᠳᠡᠯᠳᠡᠢ ᠨᠠᠰᠤᠨ᠎ᠳᠤ ᠦᠯᠤ ᠬᠦᠷᠦᠭᠰᠡᠳ᠎ᠢ ᠤᠯᠵᠤ ᠮᠡᠳᠡᠪᠡᠯ ᠮᠡᠳᠡᠬᠦᠯᠬᠦ ᠲᠤᠬᠳᠠᠯᠴᠠᠭ᠎ᠠ᠂ ᠪᠠᠴᠢᠮ ᠰᠢᠢ᠍ᠳᠪᠤᠷᠢᠯᠡᠬᠦ ᠲᠤᠬᠳᠠᠯᠴᠠᠭ᠎ᠠ᠂ ᠦᠨᠡᠯᠡᠵᠤ ᠬᠠᠪᠰᠤᠷᠤᠨ ᠲᠡᠳᠬᠦᠬᠦ ᠲᠤᠬᠳᠠᠯᠴᠠᠭ᠎ᠠ᠂ ᠭᠠᠷ ᠲᠦᠷᠤᠬᠦ᠎ᠪᠠᠨ ᠴᠢᠡᠭᠭ᠋ᠠᠳᠬᠠᠬᠤ ᠪᠠ ᠬᠢᠨᠠᠵᠤ ᠬᠠᠷᠠᠭ᠋ᠠᠯᠵᠠᠨ ᠬᠠᠮᠠᠭ᠋ᠠᠯᠠᠬᠤ ᠲᠤᠬᠳᠠᠯᠴᠠᠭ᠎ᠠ ᠵᠢ ᠪᠠᠢ᠌ᠭᠤᠯᠤᠬᠰᠠᠨ ᠪᠦᠬᠡᠳ ᠭᠤᠸᠠᠡᠭᠰᠢ ᠵᠢᠨ ᠵᠤᠸᠠᠡᠭ ᠦᠨᠳᠤᠰᠤᠳᠡᠨ᠎ᠤ ᠦᠪᠡᠷᠳᠡᠬᠡᠨ ᠵᠠᠰᠠᠬᠤ ᠤᠷᠤᠨ᠎ᠳᠤ ᠤᠷᠢᠳ ᠵᠶ᠋ᠡᠷ ᠨᠡᠢ᠌ᠬᠡᠮ᠎ᠤᠨ ᠠᠵᠢᠯ᠎ᠤᠨ ᠪᠠᠢ᠌ᠭᠤᠯᠤᠮᠵᠢ ᠵᠢ ᠤᠷᠢᠨ ᠤᠷᠤᠭᠤᠯᠵᠤ᠂ ᠦᠷᠳᠡᠬᠡᠨ᠎ᠤ ᠲᠤᠳᠤᠷᠠᠬᠢ ᠠᠮᠢᠳᠤᠷᠠᠯ᠎ᠤᠨ ᠠᠰᠠᠷᠠᠨ ᠬᠠᠷᠠᠭ᠋ᠠᠯᠵᠠᠯ᠎ᠤᠨ ᠦᠢ᠍ᠯᠡᠴᠢᠯᠡᠬᠡ ᠦᠷᠨᠢᠬᠦᠯᠤᠨ᠂ ᠬᠦᠴᠢᠷᠳᠡᠯ᠎ᠳᠤ ᠲᠤᠯᠭ᠋ᠠᠷᠠᠬᠰᠠᠨ ᠨᠠᠰᠤᠨ᠎ᠳᠤ ᠦᠯᠤ ᠬᠦᠷᠦᠭᠰᠡᠳ᠎ᠢ 700 ᠢᠯᠡᠬᠦᠤ ᠤᠳᠠᠭ᠎ᠠ ᠲᠤᠰᠠᠯᠠᠵᠤ᠂ ᠮᠠᠰᠢ ᠰᠠᠢ᠌ᠨ ᠨᠡᠢ᠌ᠬᠡᠮ᠎ᠤᠨ ᠦᠷ᠎ᠡ ᠠᠰᠢᠭ ᠤᠯᠤᠬᠰᠠᠨ ᠪᠠᠢ᠌ᠨ᠎ᠠ᠃ ᠰᠢᠨ᠎ᠡ᠎ᠪᠠᠷ ᠵᠠᠰᠠᠪᠤᠷᠢ ᠤᠷᠤᠭᠤᠯᠤᠬᠰᠠᠨ 《ᠨᠠᠰᠤᠨ᠎ᠳᠤ ᠦᠯᠤ ᠬᠦᠷᠦᠭᠰᠡᠳ᠎ᠢ ᠬᠠᠮᠠᠭ᠋ᠠᠯᠠᠬᠤ ᠬᠠᠤᠯᠢ》᠎ᠳᠤ ᠠᠷᠠᠳ᠎ᠤᠨ ᠶᠠᠪᠤᠳᠠᠯ᠎ᠤᠨ ᠰᠠᠯᠠᠭ᠎ᠠ ᠮᠦᠴᠢᠷ᠎ᠲᠤ ᠨᠡᠡᠭ ᠦᠨᠳᠤᠷ ᠱᠠᠭ᠋ᠠᠷᠳᠠᠯᠭ᠎ᠠ ᠲᠤᠷᠠᠳᠤᠬᠰᠠᠨ ᠶᠤᠮ᠂ ᠨᠠᠰᠤᠨ᠎ᠳᠤ ᠦᠯᠤ ᠬᠦᠷᠦᠭᠰᠡᠳ᠎ᠢ ᠲᠤᠰᠠᠯᠠᠨ ᠬᠠᠮᠠᠭ᠋ᠠᠯᠠᠬᠤ ᠪᠠᠢ᠌ᠭᠤᠯᠤᠮᠵᠢ᠎ᠨᠢ ᠲᠠᠷᠠᠭ᠋ᠠᠬᠢ ᠭᠤᠷᠪᠠᠨ ᠠᠰᠠᠭᠤᠳᠠᠯ᠎ᠢ ᠲᠤᠯᠭ᠋ᠠᠮ ᠰᠢᠢ᠍ᠳᠪᠤᠷᠢᠯᠡᠬᠦ ᠬᠡᠷᠡᠭᠳᠡᠢ ᠪᠠᠢ᠌ᠨ᠎ᠠ᠄ᠨᠢᠬᠡ᠎ᠳᠤ᠂ ᠨᠠᠰᠤᠨ᠎ᠳᠤ ᠦᠯᠤ ᠬᠦᠷᠦᠭᠰᠡᠳ᠎ᠢ ᠲᠤᠰᠠᠯᠠᠨ ᠬᠠᠮᠠᠭ᠋ᠠᠯᠠᠬᠤ ᠪᠠᠢ᠌ᠭᠤᠯᠤᠮᠵᠢ ᠵᠢᠨ 《ᠬᠦᠮᠦᠨ᠂ ᠡᠳ᠋ ᠬᠦᠷᠤᠡᠭᠭᠡ᠂ ᠪᠤᠳᠠᠰ》᠎ᠤᠨ ᠠᠰᠠᠭᠤᠳᠠᠯ᠃ ᠤᠢ᠌ᠯᠠᠭ᠋ᠠᠬᠰᠠᠨ ᠵᠶ᠋ᠡᠷ ᠤᠳᠤᠬᠠᠨ᠎ᠳᠤ ᠡᠯ᠎ᠡ ᠭᠠᠵᠠᠷ᠎ᠤᠨ ᠨᠠᠰᠤᠨ᠎ᠳᠤ ᠦᠯᠤ ᠬᠦᠷᠦᠭᠰᠡᠳ᠎ᠢ ᠲᠤᠰᠠᠯᠠᠨ ᠬᠠᠮᠠᠭ᠋ᠠᠯᠠᠬᠤ ᠪᠠᠢ᠌ᠭᠤᠯᠤᠮᠵᠢ ᠪᠤᠯᠤᠨ ᠲᠤᠰᠠᠯᠠᠮᠵᠢ ᠵᠢᠨ ᠬᠠᠮᠢᠶᠠᠷᠤᠯᠳᠠ ᠵᠢᠨ ᠪᠠᠢ᠌ᠭᠤᠯᠤᠮᠵᠢ᠎ᠳᠤ 《ᠫᠠᠢ᠌ᠰᠠ᠎ᠨᠢ ᠬᠣᠶᠠᠷ᠂ ᠬᠣᠸᠠᠷᠠᠨ᠎ᠨᠢ ᠨᠢᠭᠡ》 ᠵᠢᠨ ᠠᠵᠢᠯ᠎ᠤᠨ ᠠᠷᠭ᠎ᠠ ᠮᠠᠶᠢᠭ᠎ᠢ ᠬᠡᠷᠡᠭᠵᠢᠬᠦᠯᠵᠤ᠂   ᠨᠠᠰᠤᠨ᠎ᠳᠤ ᠦᠯᠤ ᠬᠦᠷᠦᠭᠰᠡᠳ᠎ᠢ ᠲᠤᠰᠠᠯᠠᠨ ᠬᠠᠮᠠᠭ᠋ᠠᠯᠠᠬᠤ ᠪᠠᠢ᠌ᠭᠤᠯᠤᠮᠵᠢ᠎ᠳᠤ ᠲᠤᠰᠬᠠᠢ ᠠᠵᠢᠯᠳᠠᠳ᠎ᠤᠨ ᠤᠷᠤᠨ ᠲᠤᠭ᠎ᠠ᠂ ᠠᠵᠢᠯᠯᠠᠬᠤ ᠵᠠᠷᠤᠳᠠᠯ᠎ᠢ ᠨᠠᠢ᠌ᠳᠠᠪᠤᠷᠢᠵᠢᠭᠤᠯᠤᠬᠰᠠᠨ ᠦᠬᠡᠢ᠂ ᠬᠡᠰᠡᠭ ᠰᠢᠶᠠᠨ (ᠬᠤᠳᠠ) ᠲᠤᠭᠤᠷᠢᠭ ᠨᠠᠰᠤᠨ᠎ᠳᠤ ᠦᠯᠤ ᠬᠦᠷᠦᠭᠰᠡᠳ᠎ᠢ ᠬᠠᠮᠠᠭ᠋ᠠᠯᠠᠬᠤ ᠲᠦᠪ ᠪᠠᠢ᠌ᠭᠤᠯᠤᠬᠰᠠᠨ ᠪᠤᠯᠪᠠᠴᠤ 《ᠬᠦᠮᠦᠨ᠂ ᠡᠳ᠋ ᠬᠦᠷᠤᠡᠭᠭᠡ》᠎ᠨᠢ ᠮᠥᠨ ᠤᠷᠤᠨ ᠪᠠᠢ᠌ᠷᠢ᠎ᠳᠤ᠎ᠨᠢ ᠨᠠᠢ᠌ᠳᠠᠪᠤᠷᠢᠵᠢᠭᠤᠯᠤᠭ᠎ᠠ ᠦᠬᠡᠢ ᠪᠠᠢ᠌ᠳᠠᠯ ᠤᠷᠤᠰᠢᠬᠰᠠᠭ᠋ᠠᠷ ᠪᠠᠢ᠌ᠨ᠎ᠠ᠃ ᠨᠠᠰᠤᠨ᠎ᠳᠤ ᠦᠯᠤ ᠬᠦᠷᠦᠭᠰᠡᠳ᠎ᠢ ᠲᠤᠰᠠᠯᠠᠨ ᠬᠠᠮᠠᠭ᠋ᠠᠯᠠᠬᠤ ᠶᠠᠪᠤᠳᠠᠯ᠎ᠢ ᠤᠳᠤᠬᠠᠨ᠎ᠤ ᠪᠠᠢ᠌ᠭᠤᠯᠤᠮᠵᠢ ᠵᠢᠨ ᠲᠠᠯ᠎ᠠ᠎ᠠᠴᠠ ᠶᠠᠷᠢᠪᠠᠯ 《ᠬᠠᠮᠤᠭ ᠰᠡᠬᠦᠯᠴᠢ ᠵᠢᠨ ᠨᠢᠬᠡ ᠺᠢᠯᠤᠮᠸᠲᠷ》᠎ᠤᠨ ᠠᠰᠠᠭᠤᠳᠠᠯ᠎ᠢ ᠰᠢᠢ᠍ᠳᠪᠤᠷᠢᠯᠡᠵᠤ ᠲᠡᠢ᠌ᠯᠤᠬᠡᠳᠤᠢ ᠭᠡᠵᠤ ᠬᠡᠯᠡᠵᠤ ᠪᠤᠯᠬᠤ ᠶᠤᠮ᠃ ᠰᠢᠨ᠎ᠡ᠎ᠪᠠᠷ ᠵᠠᠰᠠᠪᠤᠷᠢ ᠤᠷᠤᠭᠤᠯᠤᠬᠰᠠᠨ 《ᠨᠠᠰᠤᠨ᠎ᠳᠤ ᠦᠯᠤ ᠬᠦᠷᠦᠭᠰᠡᠳ᠎ᠢ ᠬᠠᠮᠠᠭ᠋ᠠᠯᠠᠬᠤ ᠬᠠᠤᠯᠢ》᠎ᠨᠢ ᠨᠠᠰᠤᠨ᠎ᠳᠤ ᠦᠯᠤ ᠬᠦᠷᠦᠭᠰᠡᠳ᠎ᠢ ᠲᠤᠰᠠᠯᠠᠨ ᠬᠠᠮᠠᠭ᠋ᠠᠯᠠᠬᠤ ᠪᠠᠢ᠌ᠭᠤᠯᠤᠮᠵᠢ᠎ᠳᠤ ᠰᠢᠨ᠎ᠡ ᠴᠢᠳᠠᠪᠬᠢ ᠤᠯᠭᠤᠬᠰᠠᠨ ᠪᠤᠯᠬᠤᠷ ᠤᠳᠤ ᠪᠠᠢ᠌ᠭ᠎ᠠ ᠠᠵᠢᠯᠳᠠᠳ᠎ᠤᠨ ᠠᠵᠢᠯ᠎ᠤᠨ ᠲᠠᠷᠤᠭ᠋ᠠᠰᠤ ᠨᠡᠡᠭ ᠬᠦᠨᠳᠤ ᠪᠤᠯᠬᠤ᠎ᠨᠢ ᠲᠠᠮᠵᠢᠭ ᠦᠬᠡᠢ᠃ ᠬᠤᠶᠠᠷ᠎ᠲᠤ᠂ ᠠᠵᠢᠯᠳᠠᠳ᠎ᠤᠨ ᠲᠤᠰᠬᠠᠢ ᠮᠡᠷᠬᠡᠵᠢᠯ᠎ᠤᠨ ᠪᠦᠳᠦᠴᠨ ᠵᠢᠨ ᠠᠰᠠᠭᠤᠳᠠᠯ᠎ᠢ ᠴᠠᠭ᠎ᠢ ᠠᠮᠵᠢᠨ ᠰᠢᠢ᠍ᠳᠪᠤᠷᠢᠯᠡᠬᠦ ᠬᠡᠷᠡᠭᠳᠡᠢ ᠪᠠᠢ᠌ᠨ᠎ᠠ᠃ ᠨᠠᠰᠤᠨ᠎ᠳᠤ ᠦᠯᠤ ᠬᠦᠷᠦᠭᠰᠡᠳ᠎ᠢ ᠬᠠᠮᠠᠭ᠋ᠠᠠᠯᠠᠬᠤ ᠠᠵᠢᠯ᠎ᠳᠤ ᠬᠤᠯᠪᠤᠬᠳᠠᠬᠤ ᠲᠦᠷᠤ ᠵᠢᠨ ᠪᠤᠳᠤᠯᠭ᠎ᠠ ᠪᠠ ᠬᠠᠤᠯᠢ ᠴᠠᠭ᠋ᠠᠵᠨ ᠲᠤᠡᠭ ᠤᠯᠠᠨ ᠪᠤᠢ᠂ ᠠᠷᠠᠳ᠎ᠤᠨ ᠶᠠᠪᠤᠳᠠᠯ᠎ᠤᠨ ᠰᠠᠯᠠᠭ᠎ᠠ ᠮᠦᠴᠢᠷ᠎ᠤᠨ ᠬᠠᠷᠠᠭ᠋ᠠᠯᠵᠠᠨ ᠬᠠᠮᠠᠭ᠋ᠠᠯᠠᠬᠤ ᠬᠠᠷᠢᠭᠤᠴᠠᠯᠭ᠎ᠠ᠎ᠠᠴᠠ ᠠᠪᠴᠤ ᠵᠠᠳᠠᠯᠤᠬᠰᠠᠨ ᠴᠦ᠍ ᠠᠵᠢᠯᠳᠠᠳ᠎ᠨᠢ ᠡᠷᠬᠡᠪᠰᠢ ᠨᠡᠡᠭ ᠲᠤᠰᠬᠠᠢ ᠮᠡᠷᠬᠡᠵᠢᠯ᠎ᠤᠨ ᠠᠰᠠᠷᠠᠨ ᠬᠠᠷᠠᠭ᠋ᠠᠯᠵᠠᠬᠤ᠂ ᠬᠡᠤᠬᠡᠳ ᠪᠤᠢ᠌ᠵᠢᠭᠤᠯᠬᠤ ᠵᠡᠷᠬᠡ ᠲᠤᠰᠬᠠᠢ ᠮᠡᠷᠬᠡᠵᠢᠯ᠎ᠤᠨ ᠴᠢᠳᠠᠪᠤᠷᠢ ᠪᠠ ᠴᠢᠳᠠᠪᠬᠢ ᠱᠠᠭ᠋ᠠᠷᠳᠠᠬᠳᠠᠨ᠎ᠠ᠃ ᠭᠤᠷᠪᠠ᠎ᠳᠤ᠂ ᠵᠠᠰᠠᠭ᠎ᠤᠨ ᠤᠷᠳᠤᠨ᠎ᠤ ᠲᠠᠪᠬᠤᠷᠭ᠎ᠠ᠎ᠠᠴᠠ ᠨᠠᠰᠤᠨ᠎ᠳᠤ ᠦᠯᠤ ᠬᠦᠷᠦᠭᠰᠡᠳ᠎ᠢ ᠲᠤᠰᠠᠯᠠᠨ ᠬᠠᠮᠠᠭ᠋ᠠᠯᠠᠬᠤ ᠪᠠᠢ᠌ᠭᠤᠯᠤᠮᠵᠢ᠎ᠳᠤ ᠴᠢᠳᠠᠪᠬᠢ ᠵᠢᠨ ᠪᠠᠢ᠌ᠷᠢ ᠲᠤᠬᠳᠠᠭ᠋ᠠᠯᠳᠠ᠂ ᠡᠬᠦᠷᠬᠡ ᠬᠠᠷᠢᠭᠤᠴᠠᠯᠭ᠎ᠠ ᠵᠢᠨ ᠵᠠᠭ᠋ᠠᠭ ᠱᠤᠭᠤᠮ ᠵᠡᠷᠬᠡ ᠵᠢ ᠲᠠᠬᠢᠨ ᠲᠤᠳᠤᠷᠬᠠᠢ᠌ᠯᠠᠵᠤ᠂ ᠦᠪᠡᠷ ᠦᠪᠡᠷ ᠵᠶ᠋ᠡᠨ ᠲᠤᠭ ᠪᠤᠰᠬᠠᠬᠤ ᠪᠠᠢ᠌ᠳᠠᠯ ᠭᠠᠷᠬᠤ᠎ᠠᠴᠠ ᠰᠡᠷᠬᠡᠢ᠌ᠯᠡᠬᠦ ᠬᠡᠷᠡᠭᠳᠡᠢ ᠪᠠᠢ᠌ᠨ᠎ᠠ᠃

ᠶᠠᠡᠭ ᠵᠢᠶᠦ᠋ᠨ᠄ ᠨᠢᠬᠡ᠎ᠳᠤ᠂ ᠪᠠᠢ᠌ᠭᠤᠯᠤᠮᠵᠢ ᠵᠢᠨ ᠬᠡᠯᠪᠡᠷᠢ ᠵᠢ ᠬᠤᠪᠢᠷᠠᠭᠤᠯᠬᠤ ᠵᠢ ᠲᠤᠯᠭ᠋ᠠᠮ ᠱᠠᠭ᠋ᠠᠷᠳᠠᠵᠤ ᠪᠠᠢ᠌ᠨ᠎ᠠ᠃ ᠰᠢᠨ᠎ᠡ᠎ᠪᠠᠷ ᠵᠠᠰᠠᠪᠤᠷᠢ ᠤᠷᠤᠭᠤᠯᠤᠬᠰᠠᠨ 《ᠨᠠᠰᠤᠨ᠎ᠳᠤ ᠦᠯᠤ ᠬᠦᠷᠦᠭᠰᠡᠳ᠎ᠢ ᠬᠠᠮᠠᠭ᠋ᠠᠯᠠᠬᠤ ᠬᠠᠤᠯᠢ》᠎ᠳᠤ ᠰᠢᠶᠠᠨ᠎ᠤ ᠲᠡᠰ᠎ᠠᠴᠠ ᠲᠡᠭᠡᠭᠰᠢᠬᠢ ᠠᠷᠠᠳ᠎ᠤᠨ ᠶᠠᠪᠤᠳᠠᠯ᠎ᠤᠨ ᠰᠠᠯᠠᠭ᠎ᠠ ᠮᠦᠴᠢᠷ ᠨᠠᠰᠤᠨ᠎ᠳᠤ ᠦᠯᠤ ᠬᠦᠷᠦᠭᠰᠡᠳ᠎ᠢ ᠲᠤᠰᠠᠯᠠᠨ ᠬᠠᠮᠠᠭ᠋ᠠᠯᠠᠬᠤ   ᠪᠠᠢ᠌ᠭᠤᠯᠤᠮᠵᠢ ᠵᠢ ᠪᠠᠢ᠌ᠭᠤᠯᠬᠤ ᠬᠡᠷᠡᠭᠳᠡᠢ ᠭᠡᠵᠤ ᠲᠤᠳᠤᠷᠬᠠᠢ ᠲᠤᠷᠠᠳᠪᠠ᠃ ᠤᠳᠤᠬᠠᠨ᠎ᠳᠤ ᠠᠪᠤᠭ᠋ᠠᠳ ᠬᠡᠯᠡᠪᠡᠯ ᠰᠢᠶᠠᠨ᠎ᠤ ᠲᠡᠰ᠎ᠤᠨ ᠬᠡᠪᠴᠢᠶᠡᠨ᠎ᠳᠤ᠎ᠬᠢ ᠨᠠᠰᠤᠨ᠎ᠳᠤ ᠦᠯᠤ ᠬᠦᠷᠦᠭᠰᠡᠳ᠎ᠢ ᠲᠤᠰᠠᠯᠠᠨ ᠬᠠᠮᠠᠭ᠋ᠠᠯᠠᠬᠤ ᠪᠠᠢ᠌ᠭᠤᠯᠤᠮᠵᠢ ᠵᠢᠨ ᠤᠯᠠᠡᠭᠭᠢ᠎ᠨᠢ ᠤᠷᠤᠨ ᠲᠤᠭ᠎ᠠ ᠦᠬᠡᠢ᠂ ᠪᠠᠢ᠌ᠭᠤᠯᠤᠮᠵᠢ ᠦᠬᠡᠢ᠂ ᠲᠠᠯᠠᠪᠤᠷ ᠦᠬᠡᠢ᠂ ᠨᠠᠰᠤᠨ᠎ᠳᠤ ᠦᠯᠤ ᠬᠦᠷᠦᠭᠰᠡᠳ᠎ᠢ ᠬᠠᠮᠠᠭ᠋ᠠᠯᠠᠬᠤ ᠠᠵᠢᠯ᠎ᠢ ᠤᠯᠠᠡᠭᠭᠢ ᠵᠢ᠎ᠨᠢ ᠰᠢᠶᠠᠨ᠎ᠤ ᠠᠷᠠᠳ᠎ᠤᠨ ᠶᠠᠪᠤᠳᠠᠯ᠎ᠤᠨ ᠲᠤᠪᠴᠢᠶ᠎ᠠ ᠵᠢᠨ ᠠᠵᠢᠯ ᠶᠠᠪᠤᠳᠠᠯ᠎ᠤᠨ ᠰᠠᠯᠠᠭ᠎ᠠ ᠬᠠᠷᠢᠭᠤᠴᠠᠬᠤ ᠪᠤᠶᠤ ᠡᠰᠡᠪᠡᠯ ᠰᠢᠶᠠᠨ᠎ᠤ ᠲᠡᠰ᠎ᠤᠨ ᠲᠤᠰᠠᠯᠠᠮᠵᠢ ᠵᠢᠨ ᠬᠠᠮᠢᠶᠠᠷᠤᠯᠳᠠ ᠵᠢᠨ ᠦᠷᠳᠡᠬᠡ᠎ᠲᠠᠢ ᠬᠠᠮᠳᠤᠷᠠᠨ ᠠᠯᠪᠠᠯᠠᠵᠤ ᠪᠠᠢ᠌ᠨ᠎ᠠ᠃ ᠭᠠᠵᠠᠷ᠎ᠤᠨ ᠲᠡᠰ᠎ᠤᠨ ᠬᠤᠳᠠ ᠵᠢᠨ ᠬᠡᠪᠴᠢᠶᠡᠨ᠎ᠳᠤ ᠦᠯᠤ ᠬᠦᠷᠦᠭᠰᠡᠳ᠎ᠢ ᠲᠤᠰᠠᠯᠠᠨ ᠬᠠᠮᠠᠭ᠋ᠠᠯᠠᠬᠤ ᠪᠠᠢ᠌ᠭᠤᠯᠤᠮᠵᠢ ᠵᠢᠨ ᠤᠯᠠᠡᠭᠭᠢ᠎ᠨᠢ ᠲᠤᠰᠠᠯᠠᠮᠵᠢ ᠵᠢᠨ ᠬᠠᠮᠢᠶᠠᠷᠤᠯᠳᠠ ᠵᠢᠨ ᠦᠷᠳᠡᠬᠡ᠎ᠲᠠᠢ ᠬᠠᠮᠳᠤᠷᠠᠨ ᠠᠯᠪᠠᠯᠠᠵᠤ᠂ ᠤᠷᠤᠨ ᠲᠤᠭ᠎ᠠ ᠦᠬᠡᠢ ᠪᠦᠬᠡᠳ ᠪᠡᠶ᠎ᠡ᠎ᠪᠠᠨ ᠲᠠᠭ᠋ᠠᠭ᠋ᠠᠬᠰᠠᠨ ᠬᠠᠤᠯᠢ ᠵᠢᠨ ᠡᠷᠬᠡᠳᠡᠨ᠎ᠤ ᠪᠠᠢ᠌ᠭᠤᠯᠭ᠎ᠠ ᠪᠤᠰᠤ᠃ ᠨᠠᠰᠤᠨ᠎ᠳᠤ ᠦᠯᠤ ᠬᠦᠷᠦᠭᠰᠡᠳ᠎ᠢ ᠲᠤᠰᠠᠯᠠᠨ ᠬᠠᠮᠠᠭ᠋ᠠᠯᠠᠬᠤ ᠪᠠᠢ᠌ᠭᠤᠯᠤᠮᠵᠢ ᠵᠢᠨ ᠲᠠᠷᠤᠢ ᠲᠦᠷᠬᠡᠨ ᠬᠡᠯᠪᠡᠷᠢ᠎ᠪᠠᠨ ᠬᠤᠪᠢᠷᠠᠭᠤᠯᠤᠨ ᠲᠡᠰ ᠲᠡᠪᠰᠢᠬᠦ ᠵᠢ ᠪᠡᠶᠡᠯᠡᠬᠦᠯᠬᠦ ᠵᠢ ᠰᠢᠨ᠎ᠡ ᠡᠬᠦᠷᠬᠡ᠂ ᠰᠢᠨ᠎ᠡ ᠪᠠᠢ᠌ᠳᠠᠯ ᠲᠤᠯᠭ᠋ᠠᠮ ᠱᠠᠭ᠋ᠠᠷᠳᠠᠵᠤ ᠪᠠᠢ᠌ᠨ᠎ᠠ᠃ ᠡᠢ᠌ᠮᠤ᠎ᠠᠴᠠ ᠰᠢᠶᠠᠨ᠎ᠤ ᠲᠡᠰ᠎ᠤᠨ ᠪᠡᠶ᠎ᠡ᠎ᠪᠠᠨ ᠲᠠᠭ᠋ᠠᠭ᠋ᠠᠬᠰᠠᠨ ᠨᠠᠰᠤᠨ᠎ᠳᠤ ᠦᠯᠤ ᠬᠦᠷᠦᠭᠰᠡᠳ᠎ᠢ ᠲᠤᠰᠠᠯᠠᠨ ᠬᠠᠮᠠᠭ᠋ᠠᠯᠠᠬᠤ ᠲᠦᠪ ᠪᠤᠶᠤ ᠰᠢᠶᠠᠨ᠎ᠤ ᠲᠡᠰ᠎ᠤᠨ ᠬᠡᠤᠬᠡᠳ᠎ᠤᠨ ᠠᠰᠠᠷᠠᠮᠵᠢ ᠵᠢᠨ ᠪᠠᠢ᠌ᠭᠤᠯᠤᠮᠵᠢ ᠵᠢᠨ ᠬᠡᠯᠪᠡᠷᠢ ᠵᠢ ᠬᠤᠪᠢᠷᠠᠭᠤᠯᠤᠨ ᠨᠠᠰᠤᠨ᠎ᠳᠤ ᠦᠯᠤ ᠬᠦᠷᠦᠭᠰᠡᠳ᠎ᠢ ᠲᠤᠰᠠᠯᠠᠨ ᠬᠠᠮᠠᠭ᠋ᠠᠯᠠᠬᠤ ᠪᠠᠢ᠌ᠭᠤᠯᠤᠮᠵᠢ ᠪᠤᠯᠭ᠋ᠠᠬᠤ ᠶᠠᠪᠤᠳᠠᠯ ᠲᠤᠯᠭ᠋ᠠᠮ ᠪᠤᠯᠵᠤ ᠪᠠᠢ᠌ᠨ᠎ᠠ᠃ ᠭᠠᠵᠠᠷ᠎ᠤᠨ ᠲᠡᠰ᠎ᠤᠨ ᠬᠤᠳᠠ ᠵᠢᠨ ᠬᠡᠪᠴᠢᠶᠡᠨ᠎ᠳᠤ ᠠᠪᠤᠭ᠋ᠠᠳ ᠬᠡᠯᠡᠬᠦ᠎ᠳᠤ ᠨᠠᠰᠤᠨ᠎ᠳᠤ ᠦᠯᠤ ᠬᠦᠷᠦᠭᠰᠡᠳ᠎ᠢ ᠲᠤᠰᠠᠯᠠᠨ ᠬᠠᠮᠠᠭ᠋ᠠᠯᠠᠬᠤ ᠪᠠᠢ᠌ᠭᠤᠯᠤᠮᠵᠢ ᠪᠤᠯᠤᠨ ᠲᠤᠰᠠᠯᠠᠮᠵᠢ ᠵᠢᠨ ᠬᠠᠮᠢᠶᠠᠷᠤᠯᠳᠠ ᠵᠢᠨ ᠪᠠᠢ᠌ᠭᠤᠯᠤᠮᠵᠢ ᠵᠢ ᠰᠠᠯᠭ᠋ᠠᠵᠤ᠂ ᠬᠤᠳᠠ ᠰᠢᠶᠠᠨ ᠬᠤᠶᠠᠷ ᠲᠡᠰ᠎ᠤᠨ ᠨᠠᠰᠤᠨ᠎ᠳᠤ ᠦᠯᠤ ᠬᠦᠷᠦᠭᠰᠡᠳ᠎ᠢ ᠲᠣᠰᠠᠯᠠᠨ ᠬᠠᠮᠠᠭ᠋ᠠᠯᠠᠬᠤ ᠵᠢᠬᠰᠠᠭ᠋ᠠᠯ᠎ᠤᠨ ᠪᠦᠳᠦᠬᠡᠨ ᠪᠠᠢ᠌ᠭᠤᠯᠤᠯᠳᠠ ᠪᠠ ᠲᠤᠰᠬᠠᠢ ᠮᠡᠷᠬᠡᠵᠢᠯ᠎ᠤᠨ ᠴᠢᠳᠠᠪᠤᠷᠢᠳᠠᠨ᠎ᠤ ᠡᠡᠭᠨᠡᠬᠡ ᠵᠢᠨ ᠪᠦᠳᠦᠬᠡᠨ ᠪᠠᠢ᠌ᠭᠤᠯᠤᠯᠳᠠ ᠵᠢ ᠲᠦᠷᠬᠡᠳᠬᠡᠵᠤ᠂ ᠨᠠᠰᠤᠨ᠎ᠳᠤ ᠦᠯᠤ ᠬᠦᠷᠦᠭᠰᠡᠳ᠎ᠢ ᠬᠠᠮᠠᠭ᠋ᠠᠯᠠᠬᠤ ᠠᠵᠢᠯ᠎ᠤᠨ ᠴᠢᠨᠠᠷᠯᠢᠭ ᠬᠦᠭᠵᠢᠯᠳᠡ ᠵᠢ ᠪᠡᠶᠡᠯᠡᠬᠦᠯᠤᠨ᠎ᠡ᠃ ᠬᠤᠶᠠᠷ᠎ᠲᠤ᠂ ᠲᠤᠰᠬᠠᠢ ᠮᠡᠷᠬᠡᠵᠢᠯ᠎ᠤᠨ ᠬᠦᠴᠤᠨ᠎ᠤ ᠠᠰᠠᠭᠤᠳᠠᠯ᠎ᠢ ᠲᠤᠯᠭ᠋ᠠᠮ ᠰᠢᠢ᠍ᠳᠪᠤᠷᠢᠯᠡᠬᠦ ᠱᠠᠭ᠋ᠠᠷᠳᠠᠯᠭ᠎ᠠ᠎ᠲᠠᠢ ᠪᠠᠢ᠌ᠨ᠎ᠠ᠃ ᠨᠡᠡᠭ ᠲᠤᠰᠬᠠᠢ ᠮᠡᠷᠬᠡᠵᠢᠭᠰᠡᠨ ᠬᠡᠤᠬᠡᠳ᠎ᠤᠨ ᠨᠡᠢ᠌ᠬᠡᠮ ᠎ᠤᠨ ᠠᠵᠢᠯ᠎ᠤᠨ ᠲᠤᠰᠬᠠᠢ ᠮᠡᠷᠬᠡᠵᠢᠯ᠎ᠤᠨ ᠬᠦᠴᠤᠨ ᠪᠠᠢ᠌ᠬᠤ ᠪᠤᠯ ᠨᠠᠰᠤᠨ᠎ᠳᠤ ᠦᠯᠤ ᠬᠦᠷᠦᠭᠰᠡᠳ᠎ᠢ ᠲᠤᠰᠠᠯᠠᠨ ᠬᠠᠮᠠᠭ᠋ᠠᠯᠠᠬᠤ ᠪᠠᠢ᠌ᠭᠤᠯᠤᠮᠵᠢ ᠵᠢᠨ ᠬᠡᠯᠪᠡᠷᠢ᠎ᠪᠠᠨ ᠬᠤᠪᠢᠷᠠᠭᠤᠯᠤᠨ ᠲᠡᠰ ᠲᠡᠪᠰᠢᠬᠦ ᠵᠢᠨ ᠲᠤᠳᠤᠭ᠋ᠠᠳᠤ ᠱᠠᠭ᠋ᠠᠷᠳᠠᠯᠭ᠎ᠠ ᠪᠤᠯᠬᠤ ᠶᠤᠮ᠃ ᠠᠬᠤᠢ ᠠᠮᠢᠳᠤᠷᠠᠯ᠎ᠳᠤ ᠬᠡᠤᠬᠡᠳ᠎ᠤᠨ ᠲᠦᠷᠤᠯ᠎ᠤᠨ ᠨᠡᠢ᠌ᠬᠡᠮ᠎ᠤᠨ ᠵᠤᠬᠢᠶᠠᠨ ᠪᠠᠢ᠌ᠭᠤᠯᠤᠯᠳᠠ ᠵᠢᠨ ᠬᠦᠭᠵᠢᠯᠳᠡ ᠤᠳᠠᠭ᠋ᠠᠨ᠂ ᠤᠨᠴᠠᠭ᠋ᠠᠢ᠌ᠯᠠᠨ ᠬᠡᠤᠬᠡᠳ᠎ᠤᠨ ᠲᠦᠷᠤᠯ᠎ᠤᠨ 3A ᠲᠡᠰ᠎ᠠᠴᠠ ᠲᠡᠭᠡᠭᠰᠢᠬᠢ ᠨᠡᠢ᠌ᠬᠡᠮ᠎ᠤᠨ ᠵᠤᠬᠢᠶᠠᠨ ᠪᠠᠢ᠌ᠭᠤᠯᠤᠯᠳᠠ ᠨᠡᠡᠭ   ᠡᠳᠤᠷ᠎ᠤᠨ ᠤᠳᠤ᠂ ᠡᠪᠤᠯ᠎ᠤᠨ ᠴᠡᠴᠡᠭ ᠮᠡᠳᠤ ᠴᠦᠬᠡᠨ᠂ ᠨᠢᠬᠡ ᠪᠦᠯᠦᠭ ᠨᠡᠢ᠌ᠬᠡᠮ᠎ᠤᠨ ᠵᠤᠬᠢᠶᠠᠨ ᠪᠠᠢ᠌ᠭᠤᠯᠤᠯᠳᠠ ᠵᠢ ᠪᠤᠢ᠌ᠵᠢᠭᠤᠯᠤᠨ ᠲᠡᠮᠵᠢᠵᠤ ᠪᠠᠢ᠌ᠭ᠋ᠠᠳ ᠨᠠᠰᠤᠨ᠎ᠳᠤ ᠦᠯᠤ ᠬᠦᠷᠦᠭᠰᠡᠳ᠎ᠢ ᠲᠤᠰᠠᠯᠠᠨ ᠬᠠᠮᠠᠭ᠋ᠠᠯᠠᠬᠤ ᠠᠵᠢᠯ᠎ᠳᠤ ᠤᠷᠤᠯᠴᠠᠭᠤᠯᠬᠤ ᠪᠤᠯ ᠤᠳᠤᠬᠠᠨ᠎ᠤ   ᠴᠢᠬᠣᠯᠠ ᠡᠬᠦᠷᠬᠡ ᠮᠥᠨ᠃ ᠡᠬᠦᠨ᠎ᠤ ᠬᠠᠮᠳᠤ ᠵᠠᠰᠠᠭ᠎ᠤᠨ ᠤᠷᠳᠤᠨ ᠦᠢ᠍ᠯᠡᠴᠢᠯᠡᠬᠡ ᠬᠤᠳᠠᠯᠳᠤᠨ ᠠᠪᠴᠤ ᠦᠭᠭᠦ ᠲᠤᠬᠳᠠᠯᠴᠠᠭ᠎ᠠ ᠵᠢ ᠰᠢᠯᠤᠭᠤᠳᠬᠠᠵᠤ᠂ ᠬᠡᠤᠬᠡᠳ᠎ᠤᠨ ᠠᠰᠠᠷᠠᠮᠵᠢ ᠵᠢᠨ ᠦᠢ᠍ᠯᠡᠴᠢᠯᠡᠬᠡᠨ᠎ᠢ ᠵᠠᠰᠠᠭ᠎ᠤᠨ ᠤᠷᠳᠤᠨ ᠦᠢ᠍ᠯᠡᠴᠢᠯᠡᠬᠡ ᠬᠤᠳᠠᠯᠳᠤᠨ ᠠᠪᠴᠤ ᠦᠭᠭᠦ ᠦᠢ᠍ᠯᠡᠴᠢᠯᠡᠬᠡᠨ᠎ᠤ ᠭᠠᠷᠴᠠᠭ᠎ᠲᠤ ᠤᠷᠤᠭᠤᠯᠬᠤ ᠶᠠᠪᠤᠳᠠᠯ ᠲᠤᠯᠭ᠋ᠠᠮ ᠪᠠᠢ᠌ᠨ᠎ᠠ᠃

ᠯᠢᠤᠢ ᠵᠢᠡᠭ ᠬᠤᠸᠨ᠄ ᠨᠢᠬᠡ ᠲᠠᠯ᠎ᠠ᠎ᠪᠠᠷ ᠪᠡᠯᠨ ᠮᠦᠡᠭᠭᠦ ᠵᠢᠨ ᠠᠰᠠᠭᠤᠳᠠᠯ᠎ᠢ ᠲᠤᠯᠭ᠋ᠠᠮ ᠰᠢᠢ᠍ᠳᠪᠤᠷᠢᠯᠡᠬᠦ ᠬᠡᠷᠡᠭᠳᠡᠢ ᠪᠠᠢ᠌ᠨ᠎ᠠ᠃ ᠤᠳᠤᠬᠠᠨ᠎ᠳᠤ ᠨᠠᠰᠤᠨ᠎ᠳᠤ ᠦᠯᠤ ᠬᠦᠷᠦᠭᠰᠡᠳ᠎ᠢ ᠲᠤᠰᠠᠯᠠᠨ ᠬᠠᠮᠠᠭ᠋ᠠᠯᠠᠬᠤ ᠵᠠᠷᠤᠳᠠᠯ ᠪᠠ ᠲᠤᠰᠠᠯᠠᠮᠵᠢ ᠵᠢᠨ ᠬᠠᠮᠢᠶᠠᠷᠤᠯᠳᠠ ᠵᠢᠨ ᠵᠠᠷᠤᠳᠠᠯ ᠮᠦᠡᠭᠭᠦ ᠵᠢ ᠨᠡᠢ᠌ᠯᠡᠬᠦᠯᠤᠨ ᠪᠠᠭᠤᠯᠭ᠋ᠠᠵᠤ ᠪᠠᠢ᠌ᠨ᠎ᠠ᠂ ᠬᠠᠷᠢᠨ ᠨᠠᠰᠤᠨ᠎ᠳᠤ ᠦᠯᠤ ᠬᠦᠷᠦᠭᠰᠡᠳ᠎ᠢ ᠲᠤᠰᠠᠯᠠᠨ ᠬᠠᠮᠠᠭ᠋ᠠᠯᠠᠬᠤ ᠵᠠᠷᠤᠳᠠᠯ ᠭᠡᠵᠤ ᠲᠤᠰ᠎ᠲᠤ᠎ᠨᠢ ᠲᠠᠡᠭᠰᠨ ᠨᠡᠭᠡᠭᠡᠭᠰᠡᠨ ᠦᠬᠡᠢ ᠪᠤᠯᠬᠤᠷ ᠨᠠᠰᠤᠨ᠎ᠳᠤ ᠦᠯᠤ ᠬᠦᠷᠦᠭᠰᠡᠳ᠎ᠢ ᠲᠤᠰᠠᠯᠠᠨ ᠬᠠᠮᠠᠭ᠋ᠠᠯᠠᠬᠤ ᠠᠵᠢᠯ᠎ᠢ ᠪᠦᠬᠦ ᠲᠠᠯ᠎ᠠ᠎ᠪᠠᠷ ᠦᠷᠨᠢᠬᠦᠯᠬᠦ᠎ᠳᠤ ᠠᠰᠢᠭ ᠦᠬᠡᠢ ᠶᠤᠮ᠃ ᠨᠦᠬᠦᠬᠡ ᠲᠠᠯ᠎ᠠ᠎ᠪᠠᠷ᠂ ᠬᠠᠤᠯᠢ ᠴᠠᠭ᠋ᠠᠵᠨ ᠲᠦᠷᠢᠮ ᠲᠤᠬᠳᠠᠭ᠋ᠠᠯ᠎ᠢ ᠲᠠᠬᠦᠯᠳᠡᠷᠵᠢᠬᠦᠯᠬᠦ ᠶᠠᠪᠤᠳᠠᠯ ᠲᠤᠯᠭ᠋ᠠᠮ ᠪᠠᠢ᠌ᠨ᠎ᠠ᠃ ᠨᠠᠰᠤᠨ᠎ᠳᠤ ᠦᠯᠤ ᠬᠦᠷᠦᠭᠰᠡᠳ᠎ᠢ ᠲᠤᠰᠠᠯᠠᠨ ᠬᠠᠮᠠᠭ᠋ᠠᠯᠠᠬᠤ ᠪᠠᠢ᠌ᠭᠤᠯᠤᠮᠵᠢ ᠠᠵᠢᠯ ᠦᠷᠨᠢᠬᠦᠯᠬᠦ ᠦᠶ᠎ᠡ᠎ᠳᠤ ᠦᠮᠦᠭ ᠲᠦᠰᠢᠭ ᠪᠤᠯᠭ᠋ᠠᠵᠤ ᠪᠤᠯᠬᠤ ᠬᠠᠤᠯᠢ ᠴᠠᠭ᠋ᠠᠵᠨ᠂ ᠲᠦᠷᠢᠮ ᠲᠤᠬᠳᠠᠭ᠋ᠠᠯ ᠮᠠᠰᠢ ᠴᠦᠬᠡᠨ᠂ ᠬᠤᠯᠪᠤᠬᠳᠠᠯ ᠪᠦᠬᠦᠢ ᠠᠵᠢᠯ᠎ᠤᠨ ᠠᠯᠬᠤᠮ ᠲᠠᠷᠠᠭ᠎ᠠ᠂ ᠠᠵᠢᠯ᠎ᠤᠨ ᠪᠠᠷᠢᠮᠵᠢᠶ᠎ᠠ ᠬᠠᠷᠠᠬᠠᠨ ᠨᠢᠬᠡᠳᠤᠯᠵᠢᠬᠡ ᠦᠬᠡᠢ ᠪᠠᠢ᠌ᠬᠰᠠᠭ᠋ᠠᠷ ᠪᠠᠢ᠌ᠨ᠎ᠠ᠃

ᠠᠰᠠᠭᠤᠯᠳᠠ᠄
ᠰᠢᠨ᠎ᠡ᠎ᠪᠠᠷ ᠵᠠᠰᠠᠪᠤᠷᠢ ᠤᠷᠤᠭᠤᠯᠤᠬᠰᠠᠨ 《ᠨᠠᠰᠤᠨ᠎ᠳᠤ ᠦᠯᠤ ᠬᠦᠷᠦᠭᠰᠡᠳ᠎ᠢ ᠬᠠᠮᠠᠭ᠋ᠠᠯᠠᠬᠤ ᠬᠠᠤᠯᠢ》᠎ᠳᠤ ᠤᠯᠤᠰ᠎ᠤᠨ ᠬᠠᠷᠠᠭ᠋ᠠᠯᠵᠠᠨ ᠬᠠᠮᠠᠭ᠋ᠠᠯᠠᠬᠤ ᠡᠬᠦᠷᠬᠡ ᠬᠠᠷᠢᠭᠤᠴᠠᠯᠭ᠎ᠠ ᠵᠢ ᠠᠷᠠᠳ᠎ᠤᠨ ᠶᠠᠪᠤᠳᠠᠯ᠎ᠤᠨ᠎ᠬᠢᠨ ᠬᠦᠢ᠍ᠴᠡᠳᠬᠡᠬᠦ ᠲᠤᠬᠠᠢ ᠱᠠᠭ᠋ᠠᠷᠳᠠᠯᠭ᠎ᠠ ᠲᠤᠷᠠᠳᠤᠯ᠎ᠠ᠂ ᠨᠠᠰᠤᠨ᠎ᠳᠤ ᠦᠯᠤ ᠬᠦᠷᠦᠭᠰᠡᠳ᠎ᠢ ᠲᠤᠰᠠᠯᠠᠨ ᠬᠠᠮᠠᠭ᠋ᠠᠯᠠᠬᠤ ᠪᠠᠢ᠌ᠭᠤᠯᠤᠮᠵᠢ ᠨᠠᠢ᠌ᠳᠠᠪᠤᠷᠢᠵᠢᠭᠤᠯᠬᠤ ᠠᠵᠢᠯ᠎ᠢ ᠬᠡᠷᠬᠢᠨ ᠰᠠᠢ᠌ᠳᠤᠷ ᠬᠢᠬᠦ ᠪᠤᠢ?

ᠯᠢ ᠶᠦᠨ ᠵᠦᠡᠭ᠄ ᠰᠢᠨ᠎ᠡ᠎ᠪᠠᠷ ᠵᠠᠰᠠᠪᠤᠷᠢ ᠤᠷᠤᠭᠤᠯᠤᠬᠰᠠᠨ 《ᠨᠠᠰᠤᠨ᠎ᠳᠤ ᠦᠯᠤ ᠬᠦᠷᠦᠭᠰᠡᠳ᠎ᠢ ᠬᠠᠮᠠᠭ᠋ᠠᠯᠠᠬᠤ ᠬᠠᠤᠯᠢ》᠎ᠳᠤ ᠠᠷᠠᠳ᠎ᠤᠨ ᠶᠠᠪᠤᠳᠠᠯ᠎ᠤᠨ ᠰᠠᠯᠠᠭ᠎ᠠ ᠮᠦᠴᠢᠷ᠎ᠨᠢ ᠤᠯᠤᠰ᠎ᠤᠨ ᠬᠠᠷᠠᠭ᠋ᠠᠯᠵᠠᠨ ᠬᠠᠮᠠᠭ᠋ᠠᠯᠠᠬᠤ ᠬᠠᠤᠯᠢ᠎ᠪᠠᠷ ᠲᠤᠬᠳᠠᠭ᠋ᠠᠬᠰᠠᠨ ᠡᠬᠦᠷᠬᠡ ᠬᠠᠷᠢᠭᠤᠴᠠᠯᠭ᠎ᠠ ᠵᠢ ᠬᠦᠢ᠍ᠴᠡᠳᠬᠡᠬᠦ᠂ ᠬᠡᠷ ᠪᠦᠯᠢ ᠵᠢᠨ ᠬᠠᠷᠠᠭ᠋ᠠᠯᠵᠠᠨ ᠬᠠᠮᠠᠭ᠋ᠠᠯᠠᠬᠤ ᠵᠢ ᠬᠢᠨᠠᠨ ᠱᠠᠭ᠋ᠠᠷᠳᠠᠵᠤ ᠵᠢᠯᠤᠭᠤᠳᠬᠤ᠂ ᠨᠠᠰᠤᠨ᠎ᠳᠤ ᠦᠯᠤ ᠬᠦᠷᠦᠭᠰᠡᠳ᠎ᠤᠨ ᠡᠷᠬᠡ ᠠᠰᠢᠭ᠎ᠨᠢ ᠬᠤᠬᠢᠷᠠᠯ᠎ᠳᠤ ᠤᠴᠠᠷᠠᠬᠰᠠᠨ ᠬᠡᠷᠡᠭ᠎ᠢ ᠬᠦᠯᠢᠶᠡᠨ ᠠᠪᠬᠤ᠂ ᠲᠤᠰᠠᠯᠠᠨ ᠬᠠᠮᠠᠭ᠋ᠠᠯᠠᠬᠤ ᠠᠵᠢᠯ ᠦᠷᠨᠢᠬᠦᠯᠬᠦ ᠲᠤᠬᠠᠢ᠎ᠳᠤ ᠱᠠᠭ᠋ᠠᠷᠳᠠᠯᠭ᠎ᠠ ᠲᠤᠷᠠᠳᠴᠠᠢ᠂ ᠡᠳᠡᠬᠡᠷ ᠠᠵᠢᠯ᠎ᠢ ᠨᠠᠰᠤᠨ᠎ᠳᠤ ᠦᠯᠤ ᠬᠦᠷᠦᠭᠰᠡᠳ᠎ᠢ ᠲᠤᠰᠠᠯᠠᠨ ᠬᠠᠮᠠᠭ᠋ᠠᠯᠠᠬᠤ ᠪᠠᠢ᠌ᠭᠤᠯᠤᠮᠵᠢ᠎ᠳᠤ ᠨᠠᠢ᠌ᠳᠠᠨ ᠪᠤᠳᠠᠳᠠᠢ᠎ᠪᠠᠷ ᠨᠠᠢ᠌ᠳᠠᠪᠤᠷᠢᠵᠢᠭᠤᠯᠬᠤ ᠬᠡᠷᠡᠭᠳᠡᠢ ᠶᠤᠮ᠃ ᠤᠨᠴᠠᠭ᠋ᠠᠢ᠌ᠯᠠᠨ ᠬᠡᠷ ᠪᠦᠯᠢ ᠵᠢᠨ ᠬᠠᠷᠠᠭ᠋ᠠᠯᠵᠠᠨ ᠬᠠᠮᠠᠭ᠋ᠠᠯᠠᠬᠤ ᠵᠢ ᠬᠢᠨᠠᠨ ᠱᠠᠭ᠋ᠠᠷᠳᠠᠵᠤ ᠵᠢᠯᠤᠭᠤᠳᠬᠤ ᠠᠵᠢᠯ᠎ᠨᠢ ᠠᠷᠠᠳ᠎ᠤᠨ ᠶᠠᠪᠤᠳᠠᠯ᠎ᠤᠨ ᠰᠠᠯᠠᠭ᠎ᠠ ᠮᠦᠴᠢᠷ᠎ᠤᠨ ᠤᠭ᠎ᠤᠨ ᠵᠤᠷᠰᠢᠯ᠎ᠳᠤ᠎ᠬᠢ ᠦᠨᠳᠤᠰᠤᠨ᠎ᠠᠴᠠ᠎ᠨᠢ ᠪᠠᠳᠤᠯᠠᠬᠤ ᠬᠦᠷᠢᠶ᠎ᠡ ᠴᠠᠷᠠᠭ᠎ᠠ᠎ᠠᠴᠠ ᠲᠠᠪᠠᠵᠤ᠂ ᠬᠡᠷᠡᠭ᠎ᠤᠨ ᠲᠠᠷᠠᠭ᠎ᠠ ᠪᠠᠳᠤᠯᠠᠬᠤ᠎ᠠᠴᠠ ᠬᠡᠷᠡᠭ᠎ᠤᠨ ᠡᠮᠦᠨ᠎ᠡ ᠤᠷᠢᠳᠴᠢᠯᠠᠨ ᠭᠠᠷ ᠲᠦᠷᠤᠬᠦ ᠬᠡᠮᠵᠢᠶᠡᠨ᠎ᠳᠤ ᠬᠦᠷᠦᠭᠰᠡᠨ ᠪᠠᠢ᠌ᠨ᠎ᠠ᠃ ᠡᠬᠦᠨ᠎ᠤ ᠬᠠᠮᠳᠤ ᠬᠡᠷ ᠪᠦᠯᠢ ᠵᠢᠨ ᠬᠠᠷᠠᠭ᠋ᠠᠯᠵᠠᠨ ᠬᠠᠮᠠᠭ᠋ᠠᠯᠠᠬᠤ ᠵᠢ ᠬᠢᠨᠠᠨ ᠱᠠᠭ᠋ᠠᠷᠳᠠᠵᠤ ᠵᠢᠯᠤᠭᠤᠳᠬᠤ᠂ ᠨᠠᠰᠤᠨ᠎ᠳᠤ ᠦᠯᠤ ᠬᠦᠷᠦᠭᠰᠡᠳ᠎ᠤᠨ ᠡᠷᠬᠡ ᠠᠰᠢᠭ᠎ᠨᠢ ᠬᠤᠬᠢᠷᠠᠯ᠎ᠳᠤ ᠤᠴᠠᠷᠠᠬᠰᠠᠨ ᠬᠡᠷᠡᠭ ᠵᠡᠷᠬᠡ ᠠᠵᠢᠯ᠎ᠤᠨ ᠴᠢᠳᠠᠪᠬᠢ ᠴᠦ᠍ ᠨᠠᠰᠤᠨ᠎ᠳᠤ ᠦᠯᠤ ᠬᠦᠷᠦᠭᠰᠡᠳ᠎ᠢ ᠲᠤᠰᠠᠯᠠᠨ ᠬᠠᠮᠠᠭ᠋ᠠᠯᠠᠬᠤ ᠪᠠᠢ᠌ᠭᠤᠯᠤᠮᠵᠢ ᠵᠢᠨ ᠲᠤᠰᠬᠠᠢ ᠮᠡᠷᠬᠡᠵᠢᠯ᠎ᠤᠨ ᠦᠢ᠍ᠯᠡᠴᠢᠯᠡᠬᠡᠨ᠎ᠤ ᠴᠢᠳᠠᠪᠤᠷᠢ ᠵᠢ ᠦᠷᠢᠰᠤᠯᠳᠤᠬᠡᠨ᠎ᠳᠤ ᠤᠴᠠᠷᠠᠭᠤᠯᠪᠠ᠃   ᠡᠨᠡ᠎ᠨᠢ ᠨᠠᠰᠤᠨ᠎ᠳᠤ ᠦᠯᠤ ᠬᠦᠷᠦᠭᠰᠡᠳ᠎ᠢ ᠲᠤᠰᠠᠯᠠᠨ ᠬᠠᠮᠠᠭ᠋ᠠᠯᠠᠬᠤ ᠪᠠᠢ᠌ᠭᠤᠯᠤᠮᠵᠢ᠎ᠨᠢ ᠡᠷᠬᠡᠪᠰᠢ ᠨᠡᠢ᠌ᠬᠡᠮ᠎ᠤᠨ ᠠᠵᠢᠯ ᠬᠢᠭᠴᠢ᠂ ᠰᠡᠳᠬᠢᠴᠨ ᠵᠢᠨ ᠠᠰᠠᠭᠤᠨ ᠯᠠᠪᠯᠠᠯᠭ᠎ᠠ ᠬᠠᠡᠭᠭ᠋ᠠᠬ᠍ᠴᠢ ᠵᠡᠷᠬᠡ ᠲᠤᠰᠬᠠᠢ ᠮᠡᠷᠬᠡᠵᠢᠯ᠎ᠤᠨ ᠴᠢᠳᠠᠪᠤᠷᠢᠳᠠᠨ᠎ᠢ ᠲᠤᠬᠢᠷᠠᠭᠤᠯᠵᠤ᠂ ᠠᠵᠢᠯ᠎ᠤᠨ ᠱᠠᠭ᠋ᠠᠷᠳᠠᠯᠭ᠎ᠠ᠎ᠳᠤ ᠵᠤᠬᠢᠴᠠᠨ᠂ ᠨᠠᠰᠤᠨ᠎ᠳᠤ ᠦᠯᠤ ᠬᠦᠷᠦᠭᠰᠡᠳ᠎ᠤᠨ ᠬᠡᠷᠡᠭᠴᠡᠬᠡ ᠵᠢ ᠬᠠᠡᠭᠭ᠋ᠠᠬᠤ ᠬᠡᠷᠡᠭᠳᠡᠢ ᠵᠢ ᠱᠠᠭ᠋ᠠᠷᠳᠠᠵᠤ ᠪᠠᠢ᠌ᠨ᠎ᠠ᠃

ᠵᠸᠡᠭ ᠶᠤᠸᠠᠨ ᠄ ᠰᠢᠶᠠᠨ᠎ᠤ ᠲᠡᠰ᠎ᠤᠨ ᠠᠷᠠᠳ᠎ᠤᠨ ᠶᠠᠪᠤᠳᠠᠯ᠎ᠤᠨ ᠰᠠᠯᠠᠭ᠎ᠠ ᠮᠦᠴᠢᠷ ᠬᠦᠨᠳᠡᠯᠡᠨ ᠵᠶ᠋ᠡᠷ 《ᠰᠢᠶᠠᠨ᠂ ᠰᠢᠶᠠᠡᠭ᠂ ᠲᠤᠰᠬᠤᠨ᠂ ᠲᠤᠭᠤᠢ᠌ᠯᠠᠡᠭ》 ᠲᠦᠷᠪᠡᠨ ᠱᠠᠳᠤᠨ᠎ᠤ ᠬᠡᠤᠬᠡᠳ᠎ᠢ ᠬᠠᠮᠠᠭ᠋ᠠᠠᠯᠠᠬᠤ ᠠᠵᠢᠯ᠎ᠤᠨ ᠡᠩᠨᠡᠬᠡ ᠵᠢ ᠪᠠᠢ᠌ᠭᠤᠯᠵᠤ᠂ ᠰᠢᠭᠰᠢᠨ ᠪᠠᠢ᠌ᠴᠠᠭ᠋ᠠᠵᠤ ᠲᠠᠡᠭᠰᠨ ᠡᠪᠬᠡᠮᠡᠯ ᠪᠠᠢ᠌ᠭᠤᠯᠬᠤ ᠠᠵᠢᠯ᠎ᠢ ᠪᠦᠬᠦ ᠲᠠᠯ᠎ᠠ᠎ᠪᠠᠷ ᠰᠠᠢ᠌ᠳᠤᠷ᠎ᠬᠢᠨ᠂ ᠬᠠᠷᠠᠭ᠋ᠠᠯᠵᠠᠨ ᠬᠠᠮᠠᠭ᠋ᠠᠯᠠᠬᠤ ᠦᠬᠡᠢ ᠪᠠᠢ᠌ᠭ᠎ᠠ᠂ ᠬᠠᠷᠠᠭ᠋ᠠᠯᠵᠠᠨ ᠬᠠᠮᠠᠭ᠋ᠠᠯᠠᠬᠤ ᠴᠢᠳᠠᠪᠤᠷᠢ᠎ᠨᠢ ᠬᠦᠷᠬᠦ ᠦᠬᠡᠢ ᠪᠠᠢ᠌ᠭ᠎ᠠ ᠨᠠᠰᠤᠨ᠎ᠳᠤ ᠦᠯᠤ ᠬᠦᠷᠦᠭᠰᠡᠳ᠎ᠤᠨ ᠪᠠᠢ᠌ᠳᠠᠯ᠎ᠢ ᠴᠠᠭ ᠲᠤᠬᠠᠢ᠎ᠳᠤ᠎ᠨᠢ ᠤᠢ᠌ᠯᠠᠭ᠋ᠠᠬᠤ ᠬᠡᠷᠡᠭᠳᠡᠢ᠃ ᠬᠠᠷᠢᠶ᠎ᠠ ᠪᠠᠢ᠌ᠭᠤᠯᠭ᠎ᠠ ᠵᠢ ᠬᠠᠪᠰᠤᠷᠤᠨ ᠵᠢᠯᠤᠭᠤᠳᠴᠤ ᠪᠠᠢ᠌ᠭ᠋ᠠᠳ ᠬᠠᠷᠠᠭ᠋ᠠᠯᠵᠠᠨ ᠬᠠᠮᠠᠭ᠋ᠠᠯᠠᠬ᠍ᠴᠢ ᠵᠢᠨ᠎ᠬᠢ᠎ᠨᠢ ᠨᠠᠢ᠌ᠳᠠᠯᠭ᠎ᠠ ᠪᠠ ᠲᠤᠬᠳᠠᠬᠰᠠᠨ ᠠᠵᠢᠯ᠎ᠤᠨ ᠴᠢᠳᠠᠪᠬᠢ ᠵᠢ ᠨᠠᠢ᠌ᠳᠠᠪᠤᠷᠢᠵᠢᠭᠤᠯᠵᠤ᠂ ᠵᠤᠬᠢᠰᠳᠠᠢ ᠬᠠᠷᠭ᠋ᠠᠯᠵᠠᠨ ᠬᠠᠮᠠᠭ᠋ᠠᠯᠠᠬ᠍ᠴᠢ ᠠᠯᠠᠭ᠎ᠠ ᠨᠠᠰᠤᠨ᠎ᠳᠤ ᠦᠯᠤ ᠬᠦᠷᠦᠭᠰᠡᠳ᠎ᠢ ᠲᠤᠬᠳᠠᠭᠰᠠᠨ ᠠᠯᠬᠤᠮ ᠲᠠᠷᠠᠭ᠎ᠠ ᠶᠤᠰᠤᠭ᠋ᠠᠷ ᠲᠠᠷᠨ ᠲᠠᠷᠤᠢ᠎ᠳᠤ᠎ᠨᠢ ᠲᠦᠷ ᠴᠠᠭ ᠬᠠᠷᠠᠭ᠋ᠠᠯᠵᠠᠨ ᠬᠠᠮᠠᠭ᠋ᠠᠯᠠᠬᠤ ᠪᠤᠶᠤ ᠤᠷᠳᠤ ᠬᠤᠭᠤᠴᠠᠭ᠎ᠠ᠎ᠪᠠᠷ ᠬᠠᠷᠠᠭ᠋ᠠᠯᠵᠠᠨ ᠬᠠᠮᠠᠭ᠋ᠠᠯᠠᠬᠤ᠎ᠳᠤ ᠤᠷᠤᠭᠤᠯᠵᠤ᠂ ᠨᠠᠰᠤᠨ᠎ᠳᠤ ᠦᠯᠤ ᠬᠦᠷᠦᠭᠰᠡᠳ᠎ᠢ ᠦᠨᠳᠤᠰᠤᠨ᠎ᠠᠴᠠ᠎ᠨᠢ ᠪᠠᠳᠤᠯᠠᠬᠤ ᠠᠵᠢᠯ᠎ᠢ ᠦᠨᠡᠨ ᠬᠦ᠌ ᠰᠠᠢ᠌ᠳᠤᠷ ᠬᠢᠬᠦ ᠬᠡᠷᠡᠭᠳᠡᠢ᠃

ᠲᠠᠨ ᡁᠢ ᠴᠢᠶᠠᠡᠭ᠄ ᠪᠢᠳᠡ ᠲᠠᠷᠠᠭ᠋ᠠᠬᠢ ᠭᠤᠷᠪᠠᠨ ᠲᠠᠯ᠎ᠠ ᠵᠢᠨ ᠲᠤᠭᠤᠷᠢᠨ᠎ᠳᠤ ᠲᠤᠭᠤᠰᠢᠯᠠᠭᠤᠯᠤᠨ ᠨᠠᠢ᠌ᠳᠠᠪᠤᠷᠢᠵᠢᠭᠤᠯᠬᠤ ᠵᠢ ᠰᠠᠢ᠌ᠳᠤᠷ ᠠᠳᠬᠤᠬᠤ ᠪᠤᠯᠤᠨ᠎ᠠ᠃ ᠨᠢᠬᠡ  ᠎ᠳᠤ᠂ ᠠᠵᠢᠯᠳᠠᠳ᠎ᠤᠨ ᠬᠠᠤᠯᠢ ᠴᠠᠭ᠋ᠠᠵᠨ ᠵᠢᠨ ᠤᠬᠠᠮᠰᠠᠷ᠎ᠢ ᠤᠯᠠᠮ ᠨᠢᠬᠡ ᠠᠯᠬᠤᠮ ᠨᠡᠮᠡᠭᠳᠡᠬᠦᠯᠵᠤ᠂ ᠠᠵᠢᠯᠳᠠᠳ᠎ᠤᠨ 《ᠨᠠᠰᠤᠨ᠎ᠳᠤ ᠦᠯᠤ ᠬᠦᠷᠦᠭᠰᠡᠳ᠎ᠢ ᠬᠠᠮᠠᠭ᠋ᠠᠯᠠᠬᠤ ᠬᠠᠤᠯᠢ》 ᠵᠢᠨ ᠰᠤᠷᠤᠯᠴᠠᠯᠭ᠎ᠠ ᠵᠢ ᠴᠢᠡᠭᠭ᠋ᠠᠳᠬᠠᠵᠤ᠂ ᠬᠦᠴᠢᠷᠳᠠᠯ᠎ᠳᠤ ᠲᠤᠯᠭ᠋ᠠᠷᠠᠬᠰᠠᠨ ᠨᠠᠰᠤᠨ᠎ᠳᠤ ᠦᠯᠤ ᠬᠦᠷᠦᠭᠰᠡᠳ᠎ᠢ ᠦᠷᠳᠡᠬᠡᠨ᠎ᠳᠤ ᠢᠷᠡᠭᠰᠡᠨ᠎ᠤ ᠲᠠᠷᠠᠭ᠎ᠠ ᠬᠠᠷᠠᠭ᠋ᠠᠯᠵᠠᠨ ᠬᠠᠮᠠᠭ᠋ᠠᠯᠠᠬᠤ ᠲᠦᠷᠢᠮ᠎ᠢ ᠪᠠᠢ᠌ᠴᠠᠭ᠋ᠠᠵᠤ ᠡᠮᠬᠢᠯᠡᠨ ᠲᠢᠭᠯᠡᠬᠦ ᠠᠵᠢᠯ᠎ᠢ ᠴᠠᠭ ᠲᠠᠷᠤᠢ᠎ᠳᠤ᠎ᠨᠢ ᠵᠤᠬᠢᠶᠠᠨ ᠪᠠᠢ᠌ᠭᠤᠯᠵᠤ᠂ ᠠᠵᠢᠯ᠎ᠤᠨ ᠲᠦᠷᠢᠮ᠎ᠳᠤ᠎ᠪᠠᠨ ᠤᠯᠠᠮ ᠨᠢᠬᠡ ᠠᠯᠬᠤᠮ ᠵᠠᠰᠠᠪᠤᠷᠢ ᠤᠷᠤᠭᠤᠯᠵᠤ ᠲᠡᠬᠦᠯᠳᠡᠷᠵᠢᠬᠦᠯᠤᠨ᠂ ᠡᠯ᠎ᠡ ᠵᠦᠢ᠍ᠯ᠎ᠤᠨ ᠠᠵᠢᠯ᠎ᠤᠨ ᠲᠤᠬᠳᠠᠭ᠋ᠠᠯ ᠵᠶ᠋ᠡᠨ ᠤᠯᠠᠮ ᠴᠢᠡᠭᠭ᠋ᠠᠷᠠᠭᠤᠯᠤᠨ᠎ᠠ᠃ᠬᠤᠶᠠᠷ᠎ᠲᠤ᠂ ᠠᠵᠢᠯᠳᠠᠳ᠎ᠤᠨ ᠬᠠᠷᠢᠭᠤᠴᠠᠯᠭ᠎ᠠ ᠵᠢᠨ ᠤᠬᠠᠮᠰᠠᠷ᠎ᠢ ᠤᠯᠠᠮ ᠨᠢᠬᠡ ᠠᠯᠬᠤᠮ ᠴᠢᠡᠭᠭ᠋ᠠᠳᠬᠠᠨ᠎ᠠ᠃ 《ᠨᠠᠰᠤᠨ᠎ᠳᠤ ᠦᠯᠤ ᠬᠦᠷᠦᠭᠰᠡᠳ᠎ᠢ ᠬᠠᠮᠠᠭ᠋ᠠᠠᠯᠠᠬᠤ ᠬᠠᠤᠯᠢ》᠎ᠳᠤ ᠠᠷᠠᠳ᠎ᠤᠨ ᠶᠠᠪᠤᠳᠠᠯ᠎ᠤᠨ ᠰᠠᠯᠠᠭ᠎ᠠ ᠮᠦᠴᠢᠷ ᠲᠦᠷ ᠴᠠᠭ ᠬᠠᠷᠠᠭ᠋ᠠᠯᠵᠠᠨ ᠬᠠᠮᠠᠭ᠋ᠠᠯᠠᠬᠤ ᠪᠤᠶᠤ ᠤᠷᠳᠤ ᠬᠤᠭᠤᠴᠠᠭ᠎ᠠ᠎ᠪᠠᠷ ᠬᠠᠷᠠᠭ᠋ᠠᠯᠵᠠᠨ ᠬᠠᠮᠠᠭ᠋ᠠᠯᠠᠬᠤ ᠬᠠᠤᠯᠢ᠎ᠪᠠᠷ ᠲᠤᠬᠳᠠᠭ᠋ᠠᠭᠰᠠᠨ ᠡᠬᠦᠷᠬᠡ ᠬᠠᠷᠢᠭᠤᠴᠠᠯᠭ᠎ᠠ ᠵᠢ ᠲᠤᠳᠤᠷᠬᠠᠢ᠌ᠯᠠᠬᠰᠠᠨ ᠪᠠᠢ᠌ᠨ᠎ᠠ᠃ ᠨᠠᠰᠤᠨ᠎ᠳᠤ ᠦᠯᠤ ᠬᠦᠷᠦᠭᠰᠡᠳ᠎ᠢ ᠲᠤᠰᠠᠯᠠᠨ ᠬᠠᠮᠠᠭ᠋ᠠᠯᠠᠬᠤ ᠪᠠᠢ᠌ᠭᠤᠯᠤᠮᠵᠢ ᠠᠵᠢᠯᠳᠠᠳ᠎ᠤᠨ ᠠᠶᠤᠯᠬᠦᠢ ᠬᠠᠷᠠᠭ᠋ᠠᠯᠵᠠᠨ ᠬᠠᠮᠠᠭ᠋ᠠᠯᠠᠬᠤ ᠬᠠᠷᠢᠭᠤᠴᠠᠯᠭ᠎ᠠ ᠵᠢ ᠡᠷᠬᠡᠪᠰᠢ ᠤᠯᠠᠮ ᠨᠢᠬᠡ ᠠᠯᠬᠤᠮ ᠨᠠᠢ᠌ᠳᠠᠪᠤᠷᠢᠵᠢᠭᠤᠯᠵᠤ᠂ ᠪᠠᠢ᠌ᠭᠤᠯᠤᠮᠵᠢ ᠵᠢᠨ ᠪᠡᠯᠡᠳᠬᠡᠯ ᠲᠦᠬᠦᠬᠡᠷᠤᠮᠵᠢ ᠵᠢᠨ ᠠᠶᠤᠯᠬᠦᠢ ᠬᠠᠮᠠᠭ᠋ᠠᠯᠠᠯᠳᠠ ᠵᠢ ᠴᠢᠡᠭᠭ᠋ᠠᠳᠬᠠᠬᠤ ᠬᠡᠷᠡᠭᠳᠡᠢ᠃ ᠭᠤᠷᠪᠠ᠎ᠳᠤ᠂ ᠠᠵᠢᠯᠳᠠᠳ᠎ᠤᠨ ᠬᠠᠤᠯᠢ᠎ᠪᠠᠷ ᠵᠠᠰᠬᠤ ᠴᠢᠳᠠᠪᠤᠷᠢ ᠵᠢ ᠡᠷᠬᠡᠪᠰᠢ ᠤᠯᠠᠮ ᠨᠢᠬᠡ ᠠᠯᠬᠤᠮ ᠲᠡᠭᠡᠭᠰᠢᠯᠡᠬᠦᠯᠵᠤ᠂ 《ᠨᠠᠰᠤᠨ᠎ᠳᠤ ᠦᠯᠤ ᠬᠦᠷᠦᠭᠰᠡᠳ᠎ᠢ ᠬᠠᠮᠠᠭ᠋ᠠᠯᠠᠬᠤ ᠬᠠᠤᠯᠢ》᠎ᠳᠤ᠎ᠬᠢ ᠬᠠᠷᠢᠭᠤᠴᠠᠯᠭ᠎ᠠ ᠵᠢᠨ ᠵᠠᠭ᠋ᠠᠭ ᠱᠤᠭᠤᠮ᠎ᠢ ᠬᠦᠢ᠍ᠴᠡᠳ ᠠᠰᠢᠬᠯᠠᠨ᠂ ᠦᠷᠳᠡᠬᠡᠨ᠎ᠳᠤ ᠢᠷᠡᠭᠰᠡᠨ ᠲᠦᠷ ᠴᠠᠭ ᠬᠠᠷᠠᠭ᠋ᠠᠯᠵᠠᠨ ᠬᠠᠮᠠᠭ᠋ᠠᠯᠠᠬᠤ ᠵᠢ ᠬᠦᠯᠢᠶᠡᠨ ᠠᠪᠬᠤ ᠨᠠᠰᠤᠨ᠎ᠳᠤ ᠦᠯᠤ ᠬᠦᠷᠦᠭᠰᠡᠳ᠎ᠲᠤ ᠬᠠᠮᠢᠶ᠎ᠠ ᠪᠦᠬᠦᠢ ᠰᠠᠯᠠᠭ᠎ᠠ ᠮᠦᠴᠢᠷ᠎ᠠᠴᠠ ᠴᠢᠬᠤᠯᠠᠴᠢᠯᠠᠭ᠎ᠠ ᠪᠦᠬᠦᠢ ᠵᠠᠰᠠᠭ ᠵᠠᠬᠢᠷᠭ᠋ᠠᠨ᠎ᠤ ᠲᠡᠮᠵᠢᠯᠬᠡ ᠪᠠ ᠬᠠᠤᠯᠢ ᠴᠠᠭ᠋ᠠᠵᠨ ᠵᠢᠨ ᠲᠡᠮᠵᠢᠯᠬᠡ ᠤᠯᠵᠤ ᠦᠭᠬᠦ ᠬᠡᠷᠡᠭᠳᠡᠢ᠃

ᠯᠢᠤᠢ ᠵᠢᠡᠭ ᠬᠤᠸᠨ᠄ ᠨᠠᠰᠤᠨ᠎ᠳᠤ ᠦᠯᠤ ᠬᠦᠷᠦᠭᠰᠡᠳ᠎ᠢ ᠲᠤᠰᠠᠯᠠᠨ ᠬᠠᠮᠠᠭ᠋ᠠᠯᠠᠬᠤ ᠪᠠᠢ᠌ᠭᠤᠯᠤᠮᠵᠢ ᠵᠦᠬᠡᠯᠡᠨ ᠲᠤᠨᠤᠭ ᠪᠠ ᠬᠠᠳᠠᠭᠤ ᠲᠤᠨᠤᠭ᠎ᠤᠨ ᠲᠠᠯ᠎ᠠ᠎ᠪᠠᠷ ᠲᠦᠷ ᠴᠠᠭ ᠬᠠᠷᠠᠭ᠋ᠠᠯᠵᠠᠨ ᠬᠠᠮᠠᠭ᠋ᠠᠯᠠᠬᠤ ᠡᠬᠦᠷᠬᠡ ᠬᠠᠷᠢᠭᠤᠴᠠᠯᠭ᠎ᠠ᠎ᠪᠠᠨ ᠦᠨᠡᠨ ᠬᠦ᠌ ᠰᠠᠢ᠌ᠳᠤᠷ ᠬᠦᠢ᠍ᠴᠡᠳᠬᠡᠬᠦ ᠬᠡᠷᠡᠭᠳᠡᠢ᠃ ᠬᠠᠳᠠᠭᠤ ᠲᠤᠨᠤᠭ᠎ᠤᠨ ᠲᠠᠯ᠎ᠠ᠎ᠪᠠᠷ᠂ ᠨᠠᠰᠤᠨ᠎ᠳᠤ ᠦᠯᠤ ᠬᠦᠷᠦᠭᠰᠡᠳ᠎ᠤᠨ ᠪᠡᠶ᠎ᠡ ᠰᠡᠳᠬᠢᠯ᠎ᠤᠨ ᠬᠦᠭᠵᠢᠯᠳᠡ ᠵᠢᠨ ᠵᠢᠮ᠎ᠡ ᠶᠤᠰᠤᠨ᠎ᠤ ᠤᠨᠴᠠᠯᠢᠭ᠎ᠢ ᠦᠨᠳᠤᠰᠤᠯᠡᠨ᠂ ᠬᠦᠳᠡᠯᠬᠡᠬᠡᠨ᠎ᠤ ᠲᠠᠰᠤᠭ᠂ ᠰᠡᠳᠬᠢᠴᠨ ᠵᠢᠨ ᠠᠰᠠᠭᠤᠨ ᠯᠠᠪᠯᠠᠯᠭ᠎ᠠ ᠵᠢᠨ ᠲᠠᠰᠤᠭ ᠵᠡᠷᠬᠡ ᠴᠢᠳᠠᠪᠬᠢ ᠵᠢᠨ ᠲᠠᠰᠤᠭ᠎ᠢ ᠰᠢᠨᠵᠢᠯᠡᠬᠦ ᠤᠬᠠᠭ᠋ᠠᠨᠴᠢ᠎ᠪᠠᠷ ᠲᠦᠰᠦᠪᠯᠡᠵᠤ᠂ ᠨᠠᠰᠤᠨ᠎ᠳᠤ ᠦᠯᠤ ᠬᠦᠷᠦᠭᠰᠡᠳ᠎ᠲᠤ ᠦᠰᠤᠨ ᠪᠤᠢ᠌ᠵᠢᠯᠳᠠ ᠵᠢᠨ ᠬᠡᠷᠡᠭᠴᠡᠬᠡ᠎ᠳᠤ ᠵᠤᠬᠢᠷᠠᠬᠰᠠᠨ ᠢᠳᠡᠬᠡᠨ ᠤᠮᠳᠠᠭ᠋ᠠᠨ᠂ ᠬᠤᠨᠤᠭ᠎ᠤᠨ ᠪᠠᠢ᠌ᠷᠢ᠂ ᠦᠨᠳᠤᠰᠤᠨ ᠡᠮᠴᠢᠯᠡᠬᠡ᠂ ᠨᠠᠭ᠋ᠠᠳᠤᠮ ᠲᠤᠬᠯᠠᠭ᠋ᠠᠮ᠎ᠤᠨ ᠦᠢ᠍ᠯᠡᠴᠢᠯᠡᠬᠡ ᠵᠡᠷᠬᠡ ᠨᠦᠬᠦᠴᠡᠯ᠎ᠢ ᠬᠠᠡᠭᠭ᠋ᠠᠬᠤ ᠬᠡᠷᠡᠭᠳᠡᠢ᠃ ᠵᠦᠬᠡᠯᠡᠨ ᠲᠤᠨᠤᠭ᠎ᠤᠨ ᠲᠠᠯ᠎ᠠ᠎ᠪᠠᠷ᠂ ᠪᠠᠢ᠌ᠭᠤᠯᠤᠮᠵᠢ ᠵᠢᠨ ᠲᠤᠳᠤᠷᠠᠬᠢ ᠬᠠᠮᠢᠶᠠᠷᠤᠯᠳᠠ ᠵᠢ ᠰᠠᠢ᠌ᠳᠤᠷ ᠬᠢᠵᠤ᠂ ᠲᠤᠬᠠᠢ᠌ᠯᠠᠬᠰᠠᠨ ᠠᠵᠢᠯ᠎ᠤᠨ ᠠᠯᠬᠤᠮ ᠲᠠᠷᠠᠭ᠎ᠠ ᠵᠢ ᠲᠡᠬᠦᠯᠳᠡᠷᠵᠢᠬᠦᠯᠵᠤ᠂ ᠠᠶᠤᠯᠬᠦᠢ ᠦᠢ᠍ᠯᠡᠳᠪᠤᠷᠢᠯᠡᠯ᠎ᠢ ᠰᠠᠢ᠌ᠳᠣᠷ᠎ᠬᠢᠨ᠂ ᠨᠠᠰᠤᠨ᠎ᠳᠤ ᠦᠯᠤ ᠬᠦᠷᠦᠭᠰᠡᠳ᠎ᠢ ᠬᠠᠪᠰᠤᠷᠤᠨ ᠠᠯᠪᠠᠨ ᠵᠢᠷᠤᠮ᠎ᠤᠨ ᠰᠤᠷᠭ᠋ᠠᠨ ᠬᠦᠮᠦᠵᠢᠯ᠎ᠢ ᠬᠦᠯᠢᠶᠡᠨ ᠠᠪᠤᠭᠤᠯᠬᠤ ᠬᠡᠷᠡᠭᠳᠡᠢ᠃ ᠡᠬᠦᠨ᠎ᠤ ᠬᠠᠮᠳᠤ ᠨᠠᠰᠤᠨ᠎ᠳᠤ ᠦᠯᠤ ᠬᠦᠷᠦᠭᠰᠡᠳ᠎ᠤᠨ ᠠᠳᠠᠯᠢ ᠪᠤᠰᠤ ᠬᠡᠷᠡᠭᠴᠡᠬᠡ ᠱᠠᠭ᠋ᠠᠷᠳᠠᠯᠭ᠎ᠠ᠎ᠳᠤ ᠴᠢᠭᠯᠡᠬᠦᠯᠤᠨ᠂ ᠤᠨᠴᠠᠭ᠋ᠠᠢ ᠵᠢᠱ᠌ᠢᠶ᠎ᠡ ᠵᠢ ᠬᠠᠪᠰᠤᠷᠤᠨ ᠲᠡᠳᠬᠦᠬᠦ᠂ ᠰᠡᠳᠬᠢᠴᠨ ᠵᠢᠨ ᠲᠠᠢ᠌ᠪᠤᠰᠢᠷᠠᠭᠤᠯᠤᠯ ᠬᠢᠬᠦ᠂ ᠬᠠᠮᠳᠤ ᠵᠢᠨ ᠬᠦᠳᠡᠯᠬᠡᠬᠡᠨ ᠵᠡᠷᠬᠡ ᠵᠢ ᠦᠷᠨᠢᠬᠦᠯᠤᠨ᠂ ᠨᠠᠰᠤᠨ᠎ᠳᠤ ᠦᠯᠤ ᠬᠦᠷᠦᠭᠰᠡᠳ᠎ᠤᠨ ᠬᠠᠤᠯᠢ ᠶᠤᠰᠤᠨ᠎ᠤ ᠡᠷᠬᠡ ᠠᠰᠢᠭ᠎ᠢ ᠬᠠᠮᠠᠭ᠋ᠠᠯᠠᠨ᠂ ᠡᠷᠡᠬᠦᠯ ᠰᠠᠷᠠᠭᠤᠯ ᠦᠰᠤᠨ ᠪᠤᠢ᠌ᠵᠢᠯᠳᠠ ᠵᠢ᠎ᠨᠢ ᠠᠬᠢᠭᠤᠯᠬᠤ ᠬᠡᠷᠡᠭᠳᠡᠢ᠃

ᠶᠠᠡᠭ ᠵᠢᠶᠦ᠋ᠨ᠄ ᠰᠢᠨ᠎ᠡ᠎ᠪᠠᠷ ᠵᠠᠰᠠᠪᠤᠷᠢ ᠤᠷᠤᠭᠤᠯᠤᠬᠰᠠᠨ 《ᠨᠠᠰᠤᠨ᠎ᠳᠤ ᠦᠯᠤ ᠬᠦᠷᠦᠭᠰᠡᠳ᠎ᠢ ᠬᠠᠮᠠᠭ᠋ᠠᠯᠠᠬᠤ ᠬᠠᠤᠯᠢ》᠎ᠳᠤ ᠲᠤᠯᠤᠭ᠋ᠠᠨ ᠵᠦᠢ᠍ᠯ᠎ᠤᠨ ᠲᠦᠷ ᠴᠠᠭ ᠬᠠᠷᠠᠭ᠋ᠠᠯᠵᠠᠨ ᠬᠠᠮᠠᠭ᠋ᠠᠯᠠᠬᠤ ᠪᠠᠢ᠌ᠳᠠᠯ᠎ᠢ ᠲᠤᠬᠳᠠᠭ᠋ᠠᠵᠤ᠂ ᠤᠯᠤᠰ᠎ᠤᠨ ᠦᠨᠳᠤᠰᠤᠨ᠎ᠠᠴᠠ᠎ᠨᠢ ᠪᠠᠳᠤᠯᠠᠬᠤ ᠵᠢᠨ ᠬᠠᠷᠠᠭ᠋ᠠᠯᠵᠠᠨ ᠬᠠᠮᠠᠭ᠋ᠠᠯᠠᠬᠤ ᠴᠢᠳᠠᠪᠬᠢ ᠵᠢ ᠲᠤᠳᠤᠷᠬᠠᠢ᠌ᠯᠠᠵᠤ ᠦᠭᠭᠦᠭᠰᠡᠨ ᠪᠠᠢ᠌ᠨ᠎ᠠ᠃ ᠨᠠᠰᠤᠨ᠎ᠳᠤ ᠦᠯᠤ ᠬᠦᠷᠦᠭᠰᠡᠳ᠎ᠢ ᠲᠤᠰᠠᠯᠠᠨ ᠬᠠᠮᠠᠭ᠋ᠠᠯᠠᠬᠤ ᠪᠠᠢ᠌ᠭᠤᠯᠤᠮᠵᠢ ᠬᠠᠷᠠᠭ᠋ᠠᠯᠵᠠᠨ ᠬᠠᠮᠠᠭ᠋ᠠᠯᠠᠬᠤ ᠬᠠᠷᠢᠭᠤᠴᠠᠯᠭ᠎ᠠ᠎ᠪᠠᠨ ᠭᠤᠷᠪᠠᠨ ᠲᠠᠯ᠎ᠠ᠎ᠪᠠᠷ ᠬᠦᠢ᠍ᠴᠡᠳᠬᠡᠬᠦ ᠬᠡᠷᠡᠭᠳᠡᠢ᠃ ᠨᠢᠬᠡ᠎ᠳᠤ᠂ ᠤᠤᠯ᠎ᠤᠨ ᠬᠠᠷᠠᠭ᠋ᠠᠯᠵᠠᠨ ᠬᠠᠮᠠᠭ᠋ᠠᠯᠠᠬ᠍ᠴᠢ ᠪᠤᠶᠤ ᠲᠤᠳᠤᠭ᠋ᠠᠳᠤ ᠵᠢ ᠬᠠᠮᠠᠭ᠋ᠠᠯᠠᠬᠤ᠂ ᠪᠠᠢ᠌ᠴᠠᠭ᠋ᠠᠬᠤ  ᠂ ᠰᠢᠬᠦᠬᠦ ᠵᠡᠷᠭᠡ ᠭᠤᠷᠪᠠᠨ ᠰᠠᠯᠠᠭ᠎ᠠ ᠮᠦᠴᠢᠷ᠎ᠠᠴᠠ ᠬᠠᠷᠠᠭ᠋ᠠᠯᠵᠠᠨ ᠬᠠᠮᠠᠭ᠋ᠠᠯᠠᠬᠤ ᠴᠢᠳᠠᠪᠬᠢ ᠵᠢ ᠬᠦᠯᠢᠶᠡᠨ ᠠᠪᠬᠤ ᠦᠶ᠎ᠡ᠎ᠳᠤ ᠬᠠᠷᠠᠭ᠋ᠠᠯᠵᠠᠨ ᠬᠠᠮᠠᠭ᠋ᠠᠯᠠᠬᠤ ᠬᠠᠷᠢᠭᠤᠴᠠᠯᠭ᠎ᠠ ᠵᠢᠨ ᠪᠢᠴᠢᠭ᠎ᠢ ᠨᠠᠷᠢᠨ ᠨᠢᠮᠪᠠᠢ ᠲᠤᠬᠳᠠᠭ᠋ᠠᠵᠤ᠂ ᠬᠠᠷᠠᠭ᠋ᠠᠯᠵᠠᠨ ᠬᠠᠮᠠᠭ᠋ᠠᠯᠠᠬᠤ ᠪᠢᠳᠡᠬᠦᠤ ᠴᠠᠭ᠋ᠠᠷᠢᠭ ᠪᠤᠯᠭ᠋ᠠᠨ᠂ ᠬᠠᠷᠠᠭ᠋ᠠᠯᠵᠠᠨ ᠬᠠᠮᠠᠭ᠋ᠠᠯᠠᠯᠳᠠ 《ᠬᠠᠶᠠᠬᠳᠠᠬᠤ》 ᠵᠢ ᠡᠷᠡᠰ ᠬᠤᠷᠢᠬᠯᠠᠬᠤ ᠬᠡᠷᠡᠭᠳᠡᠢ᠃ ᠪᠠᠰᠨ ᠲᠠᠡᠭᠰᠨ ᠡᠪᠬᠡᠮᠡᠯ ᠮᠠᠲᠸᠷᠢᠶᠠᠯ᠎ᠢ ᠪᠠᠢ᠌ᠭᠤᠯᠤᠨ ᠲᠡᠬᠦᠯᠳᠡᠷᠵᠢᠬᠦᠯᠵᠤ᠂ ᠴᠢᠬᠤᠯᠠᠳᠠᠢ ᠦᠶ᠎ᠡ᠎ᠳᠤ ᠲᠠᠭᠤᠨ ᠰᠢᠡᠭᠭᠡᠭᠡᠯᠳᠡ᠂ ᠲᠦᠷᠰᠤ ᠰᠢᠡᠭᠭᠡᠭᠡᠯᠳᠡ ᠵᠢᠨ ᠮᠠᠲᠸᠷᠢᠶᠠᠯ᠎ᠢ ᠠᠪᠬᠤ ᠪᠠ ᠬᠠᠳᠠᠭ᠋ᠠᠯᠠᠬᠤ ᠬᠡᠷᠡᠭᠳᠡᠢ᠃ ᠬᠤᠶᠠᠷ᠎ᠲᠤ᠂ ᠲᠦᠷ ᠴᠠᠭ ᠬᠠᠷᠠᠭ᠋ᠠᠯᠵᠠᠨ ᠬᠠᠮᠠᠭ᠋ᠠᠯᠠᠬᠤ ᠨᠠᠰᠤᠨ᠎ᠳᠤ ᠦᠯᠤ ᠬᠦᠷᠦᠭᠰᠡᠳ᠎ᠲᠤ ᠱᠠᠭ᠋ᠠᠷᠳᠠᠯᠭ᠎ᠠ᠎ᠲᠠᠢ ᠪᠤᠯ ᠡᠨᠳᠡᠯ᠎ᠠᠴᠠ ᠪᠤᠯᠤᠬᠰᠠᠨ ᠪᠡᠶ᠎ᠡ ᠮᠠᠬᠠᠪᠤᠳ᠎ᠤᠨ   ᠬᠤᠬᠢᠷᠠᠯ᠎ᠤᠨ ᠲᠠᠭ᠋ᠠᠳᠬᠠᠯ ᠬᠤᠳᠠᠯᠳᠤᠨ ᠠᠪᠴᠤ ᠦᠭᠭᠦ ᠬᠡᠷᠡᠭᠳᠡᠢ᠃ ᠭᠤᠷᠪᠠ᠎ᠳᠤ᠂ ᠠᠵᠢᠯᠳᠠᠳ᠎ᠨᠢ ᠲᠦᠷ ᠴᠠᠭ ᠬᠠᠷᠠᠭ᠋ᠠᠯᠵᠠᠨ ᠬᠠᠮᠠᠭ᠋ᠠᠯᠠᠵᠤ ᠪᠠᠢ᠌ᠭ᠎ᠠ ᠨᠠᠰᠤᠨ᠎ᠳᠤ ᠦᠯᠤ ᠬᠦᠷᠦᠭᠰᠡᠳ᠎ᠢ 24 ᠴᠠᠭ ᠵᠶ᠋ᠡᠷ ᠬᠠᠷᠠᠭ᠋ᠠᠨ᠎ᠠᠴᠠ᠎ᠪᠠᠨ ᠬᠤᠯᠠᠳᠠᠭᠤᠯᠬᠤ ᠦᠬᠡᠢ ᠪᠠᠢ᠌ᠬᠤ ᠬᠡᠷᠡᠭᠳᠡᠢ᠃ ᠪᠠᠢ᠌ᠭᠤᠯᠤᠮᠵᠢ ᠵᠢᠨ ᠲᠤᠳᠤᠷ᠎ᠠ ᠬᠤᠨᠤᠭ᠎ᠤᠨ ᠦᠷᠤᠬᠡ᠎ᠠᠴᠠ ᠭᠠᠳᠠᠨ᠎ᠠ᠂ ᠨᠢᠭᠤᠷ ᠭᠠᠷ ᠤᠬᠢᠶᠠᠬᠤ᠂ ᠪᠡᠶ᠎ᠡ ᠤᠬᠢᠶᠠᠬᠤ ᠵᠡᠷᠬᠡ ᠲᠠᠯᠠᠪᠤᠷ ᠪᠠᠢ᠌ᠬᠤ ᠬᠡᠷᠡᠭᠳᠡᠢ ᠪᠦᠬᠡᠳ ᠲᠤᠳᠤᠷ᠎ᠠ᠎ᠨᠢ ᠪᠦᠷ ᠲᠤᠷᠠᠨᠳᠠᠭᠤᠷ ᠤᠬᠰᠠᠷᠠᠨ᠂ ᠲᠤᠬᠠᠢ ᠵᠢᠨ ᠴᠠᠭ᠎ᠲᠤ᠎ᠨᠢ ᠰᠢᠡᠭᠭᠡᠭᠡᠵᠤ᠂ ᠰᠢᠡᠭᠭᠡᠭᠡᠯᠳᠡ ᠵᠢ᠎ᠨᠢ ᠭᠤᠷᠪᠠᠨ ᠰᠠᠷ᠎ᠠ ᠬᠠᠳᠠᠭ᠋ᠠᠯᠠᠬᠤ ᠬᠡᠷᠡᠭᠳᠡᠢ᠃

ᠠᠰᠠᠭᠤᠯᠳᠠ᠄
ᠪᠤᠰᠤᠳ ᠡᠳᠡᠬᠡᠳ᠎ᠲᠠᠢ ᠠᠳᠠᠯᠢᠳᠬᠠᠪᠠᠯ ᠨᠠᠰᠤᠨ᠎ᠳᠤ ᠦᠯᠤ ᠬᠦᠷᠦᠭᠰᠡᠳ᠎ᠢ ᠬᠠᠮᠠᠭ᠋ᠠᠯᠠᠬᠤ ᠠᠵᠢᠯ ᠵᠢ ᠤᠨᠴᠠᠭ᠋ᠠᠢ ᠰᠢᠨᠵᠢ ᠪ᠊
᠊ᠤᠢ ᠂ ᠬᠡᠷᠬᠢᠨ ᠲᠡᠳᠡᠨ᠎ᠤ ᠤᠨᠴᠠᠯᠢᠭ᠎ᠳᠤ ᠵᠤᠬᠢᠴᠠᠭᠤᠯᠵᠤ ᠨᠡᠡᠭ ᠲᠤᠰᠬᠠᠢ ᠮᠡᠷᠬᠡᠵᠢᠭᠰᠡᠨ ᠦᠢ᠍ᠯᠡᠴᠢᠯᠡᠬᠡ ᠬᠠᠡᠭᠭ᠋ᠠᠬᠤ ᠪᠤᠢ?

ᠲᠠᠨ ᡁᠢ ᠴᠢᠶᠠᠡᠭ᠄ ᠨᠠᠰᠤᠨ᠎ᠳᠤ ᠦᠯᠤ ᠬᠦᠷᠦᠭᠰᠡᠳ᠎ᠤᠨ ᠪᠡᠶ᠎ᠡ ᠰᠡᠳᠬᠢᠴᠨ ᠵᠢᠨ ᠤᠨᠴᠠᠯᠢᠭ᠎ᠲᠤ ᠴᠢᠭᠯᠡᠬᠦᠯᠤᠨ ᠪᠢᠳᠡ ᠨᠡᠡᠭ ᠲᠤᠰᠬᠠᠢ ᠮᠡᠷᠬᠡᠵᠢᠭᠰᠡᠨ ᠦᠢ᠍ᠯᠡᠴᠢᠯᠡᠬᠡ ᠬᠠᠡᠭᠭ᠋ᠠᠬᠤ ᠪᠤᠯᠤᠨ᠎ᠠ᠃ ᠨᠢᠬᠡ᠎ᠳᠤ᠂ ᠵᠠᠰᠠᠭ᠎ᠤᠨ ᠤᠷᠳᠤᠨ ᠬᠤᠳᠠᠯᠳᠤᠨ ᠠᠪᠴᠤ ᠦᠭᠭᠦ   ᠲᠤᠰᠬᠠᠢ ᠮᠡᠷᠬᠡᠵᠢᠯ᠎ᠤᠨ ᠦᠢ᠍ᠯᠡᠴᠢᠯᠡᠬᠡᠨ᠎ᠤ ᠬᠡᠯᠪᠡᠷᠢ ᠵᠢ ᠠᠪᠴᠤ᠂ ᠲᠤᠰᠬᠠᠢ ᠮᠡᠷᠬᠡᠵᠢᠯ᠎ᠤᠨ ᠨᠡᠢ᠌ᠬᠡᠮ᠎ᠤᠨ ᠠᠵᠢᠯ᠎ᠤᠨ ᠪᠠᠢ᠌ᠭᠤᠯᠤᠮᠵᠢ ᠵᠢ ᠤᠷᠢᠨ ᠠᠪᠴᠢᠷᠠᠵᠤ᠂ 《ᠨᠠᠢ᠌ᠬᠡᠮ᠎ᠤᠨ ᠠᠵᠢᠯᠳᠠᠳ + ᠰᠠᠢ᠌ᠨ ᠲᠤᠷᠠᠴᠤᠤᠯ》 ᠡᠵᠡᠡᠭᠨᠡᠯᠳᠡ ᠵᠢᠨ ᠲᠤᠬᠳᠠᠯᠴᠠᠭ᠎ᠠ ᠵᠢ ᠬᠡᠷᠡᠭᠯᠡᠨ᠂   ᠲᠤᠰᠠᠯᠠᠮᠵᠢ ᠬᠦᠷᠳᠡᠭᠴᠢ ᠨᠠᠰᠤᠨ᠎ᠳᠤ ᠦᠯᠤ ᠬᠦᠷᠦᠭᠰᠡᠳ᠎ᠲᠤ ᠲᠤᠰᠬᠠᠢ ᠮᠡᠷᠬᠡᠵᠢᠯ᠎ᠤᠨ ᠨᠡᠢ᠌ᠬᠡᠮ᠎ᠤᠨ ᠠᠵᠢᠯᠳᠠᠳ ᠬᠠᠤᠯᠢ ᠴᠠᠭ᠋ᠠᠵᠨ ᠵᠢᠨ ᠬᠦᠮᠦᠵᠢᠯ ᠬᠢᠵᠤ᠂ ᠪᠤᠯᠬᠢ ᠠᠵᠢᠯᠯᠠᠭ᠎ᠠ ᠵᠢ᠎ᠨᠢ ᠵᠠᠯᠠᠷᠠᠭᠤᠯᠵᠤ ᠦᠭᠭᠦ ᠵᠢᠨ ᠬᠠᠮᠳᠤ 《ᠨᠢᠬᠡ ᠬᠦᠮᠦᠨ᠎ᠳᠤ ᠨᠢᠬᠡ ᠬᠦᠮᠦᠨ ᠵᠢᠯᠤᠭᠤᠳᠬᠤ》 ᠬᠡᠯᠪᠡᠷᠢ᠎ᠪᠠᠷ ᠲᠡᠳᠡᠨ᠎ᠳᠤ ᠰᠡᠳᠬᠢᠴᠨ ᠵᠢᠨ ᠵᠢᠯᠤᠭᠤᠳᠤᠯᠭ᠎ᠠ ᠬᠢᠵᠤ᠂ ᠠᠮᠢᠳᠤᠷᠠᠯ᠎ᠳᠤ᠎ᠨᠢ ᠡᠯᠢᠬᠡᠰᠡᠭ ᠲᠠᠭ᠋ᠠᠯᠠᠮᠵᠢᠳᠠᠢ ᠠᠰᠠᠷᠠᠨ ᠬᠠᠷᠠᠭ᠋ᠠᠯᠵᠠᠯᠠᠯ ᠪᠠ ᠬᠦᠮᠦᠯᠢᠭ ᠬᠠᠯᠠᠮᠵᠢ ᠬᠦᠷᠳᠡᠬᠡᠵᠤ᠂ ᠲᠤᠰᠠᠯᠠᠮᠵᠢ ᠬᠦᠷᠳᠡᠬᠦ ᠨᠠᠰᠤᠨ᠎ᠳᠤ ᠦᠯᠤ ᠬᠦᠷᠦᠭᠰᠡᠳ᠎ᠤᠨ ᠰᠡᠳᠬᠢᠴᠨ ᠵᠢᠨ ᠲᠠᠷᠤᠭ᠋ᠠᠰᠣ ᠵᠢ ᠬᠦᠡᠭᠭᠡᠯᠡᠨ᠎ᠡ᠃ ᠬᠤᠶᠠᠷ᠎ᠲᠤ᠂ ᠨᠠᠰᠤᠨ᠎ᠳᠤ ᠦᠯᠤ ᠬᠦᠷᠦᠭᠰᠡᠳ᠎ᠢ ᠬᠠᠮᠠᠭ᠋ᠠᠯᠠᠬᠤ ᠲᠤᠬᠠᠢ ᠤᠬᠠᠭᠤᠯᠭ᠎ᠠ᠎ᠪᠠᠨ ᠴᠢᠡᠭᠭ᠋ᠠᠳᠬᠠᠨ᠂ ᠨᠠᠰᠤᠨ᠎ᠳᠤ ᠦᠯᠤ ᠬᠦᠷᠦᠭᠰᠡᠳ᠎ᠢ ᠪᠦᠬᠦ ᠨᠡᠢ᠌ᠬᠡᠮ ᠵᠶ᠋ᠡᠷ ᠵᠶ᠋ᠡᠨ ᠬᠠᠯᠠᠮᠵᠢᠯᠠᠨ ᠬᠠᠢ᠌ᠷᠠᠯᠠᠬᠤ ᠦᠨᠢᠷ ᠦᠳᠬᠡᠨ ᠠᠭᠤᠷ ᠠᠮᠢᠰᠬᠤᠯ᠎ᠢ ᠪᠤᠢ ᠪᠤᠯᠭ᠋ᠠᠨ᠎ᠠ᠃ ᠨᠡᠢ᠌ᠬᠡᠮ᠎ᠤᠨ ᠵᠤᠬᠢᠶᠠᠨ ᠪᠠᠢ᠌ᠭᠤᠯᠤᠯᠳᠠ ᠵᠢ ᠢᠳᠡᠪᠬᠢᠳᠡᠢ ᠬᠦᠳᠤᠯᠤᠨ ᠲᠠᠭ᠋ᠠᠭᠤᠯᠵᠤ ᠪᠠᠢ᠌ᠭ᠋ᠠᠳ ᠨᠠᠰᠤᠨ᠎ᠳᠤ ᠦᠯᠤ ᠬᠦᠷᠦᠭᠰᠡᠳ᠎ᠢ ᠬᠠᠮᠠᠭ᠋ᠠᠯᠠᠨ ᠬᠠᠯᠠᠮᠵᠢᠯᠠᠬᠤ ᠠᠵᠢᠯᠯᠠᠭ᠋ᠠᠨ᠎ᠳᠤ ᠤᠷᠤᠯᠴᠠᠭᠤᠯᠤᠨ᠎ᠠ᠃ ᠭᠤᠷᠪᠠ᠎ᠳᠤ᠂ ᠡᠪ ᠬᠠᠮᠳᠤ ᠵᠠᠯᠠᠭᠤᠴᠤᠳ᠎ᠤᠨ ᠡᠪᠯᠡᠯ᠎ᠤᠨ ᠬᠦᠢ᠍ᠯᠢᠨ ᠬᠤᠳᠠ ᠵᠢᠨ ᠵᠦᠪᠯᠡᠯ᠎ᠯᠦᠭᠡ   ᠦᠷᠬᠦᠯᠵᠢᠯᠡᠨ ᠬᠠᠮᠳᠤᠷᠠᠯᠴᠠᠵᠤ᠂ 12355 ᠵᠠᠯᠠᠭᠤᠴᠤᠳ ᠪᠠᠭ᠋ᠠᠴᠤᠤᠨ᠎ᠤᠨ ᠦᠢ᠍ᠯᠡᠴᠢᠯᠡᠬᠡᠨ᠎ᠤ ᠲᠠᠪᠴᠠᠡᠭ᠎ᠢ ᠰᠠᠢ᠌ᠳᠤᠷ ᠠᠰᠢᠬᠯᠠᠨ ᠨᠡᠢ᠌ᠬᠡᠮ᠎ᠤᠨ ᠠᠵᠢᠯ᠎ᠤᠨ ᠪᠠᠢ᠌ᠭᠤᠯᠤᠮᠵᠢ ᠵᠢ ᠵᠢᠯᠤᠭᠤᠳᠴᠤ ᠪᠠᠢ᠌ᠭ᠋ᠠᠳ ᠰᠤᠷᠭ᠋ᠠᠭᠤᠯᠢ ᠪᠤᠯᠤᠨ ᠨᠡᠢ᠌ᠬᠡᠮ ᠲᠤᠭᠤᠷᠢᠭ᠎ᠲᠤ ᠬᠦᠨᠵᠡᠬᠡᠢ᠌ᠷᠡᠬᠦᠯᠤᠨ ᠨᠠᠰᠤᠨ᠎ᠳᠤ ᠦᠯᠤ ᠬᠦᠷᠦᠭᠰᠡᠳ᠎ᠢ ᠬᠠᠮᠠᠭ᠋ᠠᠯᠠᠬᠤ ᠤᠯᠠᠨ ᠶᠡᠡᠭᠵᠤ ᠵᠢᠨ ᠠᠵᠢᠯᠯᠠᠭ᠋ᠠᠨ ᠦᠷᠨᠢᠬᠦᠯᠵᠤ᠂ ᠨᠠᠰᠤᠨ᠎ᠳᠤ ᠦᠯᠤ ᠬᠦᠷᠦᠭᠰᠡᠳ᠎ᠤᠨ ᠦᠪᠡᠷ᠎ᠢ᠎ᠪᠠᠨ ᠬᠠᠮᠠᠭ᠋ᠠᠯᠠᠬᠤ ᠤᠮᠠᠬᠰᠠᠷ᠎ᠢ ᠲᠡᠭᠡᠭᠰᠢᠯᠡᠬᠦᠯᠤᠨ᠎ᠡ᠃ ᠲᠦᠷᠪᠡ᠎ᠳᠤ᠂ ᠬᠦᠢ᠍ᠯᠢᠨ ᠬᠤᠳᠠ ᠵᠢᠨ ᠡᠯᠪᠡᠭ ᠪᠠᠶᠠᠯᠢᠭ ᠪᠠᠢ᠌ᠭ᠋ᠠᠯᠢ ᠵᠢᠨ ᠡᠬᠢ ᠰᠤᠷᠪᠤᠯᠵᠢ ᠪᠠ ᠬᠤᠪᠢᠰᠬᠠᠯᠳᠤ ᠬᠦᠮᠦᠵᠢᠯ᠎ᠤᠨ ᠡᠬᠢ ᠰᠤᠷᠪᠤᠯᠵᠢ ᠵᠢ ᠠᠰᠢᠬᠯᠠᠨ᠂ ᠦᠢ᠍ᠯᠡᠴᠢᠯᠡᠬᠦ ᠠᠭᠤᠯᠭ᠎ᠠ᠎ᠪᠠᠨ ᠦᠷᠬᠡᠳᠬᠡᠨ᠂ ᠤᠯᠠᠨ ᠵᠦᠢ᠍ᠯ᠎ᠤᠨ ᠬᠡᠯᠪᠡᠷᠢ᠎ᠪᠠᠷ ᠨᠡᠢ᠌ᠬᠡᠮ ᠵᠢᠷᠤᠮ᠎ᠤᠨ ᠭᠤᠤᠯᠯᠠᠬ᠍ᠴᠢ ᠦᠷᠳᠡᠭ᠎ᠤᠨ ᠦᠵᠡᠯᠳᠡ ᠵᠢᠨ ᠬᠦᠮᠤᠵᠢᠯ᠂ ᠣᠯᠣᠰ ᠵᠶ᠋ᠡᠨ ᠬᠠᠢ᠌ᠷᠠᠯᠠᠬᠤ ᠬᠦᠮᠦᠵᠢᠯ᠂ ᠨᠡᠢ᠌ᠳᠡᠴᠢ ᠦᠵᠡᠯ᠎ᠤᠨ ᠬᠦᠮᠤᠵᠢᠯ᠂ ᠨᠠᠮ᠎ᠤᠨ ᠲᠡᠤᠬᠡ ᠵᠢᠨ., ᠰᠤᠷᠤᠯᠴᠠᠯᠭ᠎ᠠ ᠬᠦᠮᠦᠵᠢᠯ ᠵᠡᠷᠬᠡ ᠵᠢ ᠲᠤᠰᠠᠯᠠᠮᠵᠢ ᠬᠦᠷᠳᠡᠭᠴᠢ ᠨᠠᠰᠤᠨ᠎ᠳᠤ ᠦᠯᠤ ᠬᠦᠷᠦᠭᠰᠡᠳ᠎ᠤᠨ 《ᠶᠤᠰᠤ ᠰᠤᠷᠳᠠᠬᠤᠨ᠂ ᠤᠶᠤᠨ ᠤᠬᠠᠭ᠋ᠠᠨ᠂ ᠪᠡᠶ᠎ᠡ ᠮᠠᠬᠠᠪᠤᠳ᠂ ᠭᠤᠸ᠎ᠠ ᠰᠠᠢ᠌ᠬᠠᠨ》᠎ᠤ ᠬᠦᠮᠦᠵᠢᠯ᠎ᠤᠨ ᠬᠦᠷᠢᠶ᠎ᠡ ᠴᠠᠷᠠᠭ᠎ᠠ᠎ᠳᠤ ᠤᠷᠤᠭᠤᠯᠬᠤ ᠪᠤᠯᠤᠨ᠎ᠠ᠃

ᠯᠢ ᠶᠦᠨ ᠵᠦᠡᠭ᠄ ᠨᠠᠰᠤᠨ᠎ᠳᠤ ᠦᠯᠤ ᠬᠦᠷᠦᠭᠰᠡᠳ᠎ᠢ ᠬᠠᠮᠠᠭ᠋ᠠᠯᠠᠬᠤ ᠠᠵᠢᠯ᠎ᠤᠨ ᠦᠷᠳᠡᠬᠡ᠎ᠪᠠᠷ ᠬᠦᠰᠢᠬᠦᠷᠬᠡ ᠪᠤᠯᠭ᠋ᠠᠨ ᠦᠨᠳᠤᠰᠤᠨ ᠱᠠᠳᠤᠨ᠎ᠤ ᠦᠢ᠍ᠯᠡᠴᠢᠯᠡᠬᠡᠨ᠎ᠤ ᠰᠢᠰᠲᠸᠮ᠎ᠢ ᠲᠡᠬᠦᠯᠳᠡᠷᠵᠢᠬᠦᠯᠤᠨ᠎ᠡ᠃ ᠬᠦᠴᠢᠷᠳᠡᠯ᠎ᠳᠤ ᠲᠤᠯᠭ᠋ᠠᠷᠠᠬᠰᠠᠨ ᠨᠠᠰᠤᠨ᠎ᠳᠤ ᠦᠯᠤ ᠬᠦᠷᠦᠭᠰᠡᠳ᠎ᠢ ᠤᠯᠵᠤ ᠮᠡᠳᠡᠪᠡᠯ ᠮᠡᠳᠡᠬᠦᠯᠬᠦ᠂ ᠴᠠᠭ ᠲᠠᠷᠤᠢ᠎ᠳᠤ᠎ᠨᠢ ᠭᠠᠷ ᠲᠦᠷᠤᠬᠦ ᠪᠠ ᠨᠡᠬᠡᠮᠵᠢᠯᠡᠨ ᠰᠤᠷᠪᠤᠯᠵᠢᠯᠠᠬᠤ ᠵᠡᠷᠬᠡ ᠠᠰᠠᠭᠤᠳᠠᠯ ᠨᠠᠰᠤᠨ᠎ᠳᠤ ᠦᠯᠤ ᠬᠦᠷᠦᠭᠰᠡᠳ᠎ᠤᠨ ᠠᠵᠢᠯ᠎ᠢ ᠤᠷᠳᠤ ᠬᠤᠭᠤᠴᠠᠭ᠎ᠠ᠎ᠪᠠᠷ ᠨᠦᠯᠦᠬᠡᠯᠡᠭᠰᠡᠬᠡᠷ ᠢᠷᠡᠪᠡ᠃ ᠰᠢᠨ᠎ᠡ᠎ᠪᠠᠷ ᠵᠠᠰᠠᠪᠤᠷᠢ ᠤᠷᠤᠭᠤᠯᠤᠬᠰᠠᠨ 《ᠨᠠᠰᠤᠨ᠎ᠳᠤ ᠦᠯᠤ ᠬᠦᠷᠦᠭᠰᠡᠳ᠎ᠢ ᠬᠠᠮᠠᠭ᠋ᠠᠯᠠᠬᠤ ᠬᠠᠤᠯᠢ》᠎ᠳᠤ   ᠰᠢᠶᠠᠡᠭ ᠪᠠᠯᠭ᠋ᠠᠰᠤ (ᠵᠡᠬᠡᠯᠢ ᠭᠤᠳᠤᠮᠵᠢ) ᠵᠢᠨ ᠲᠠᠪᠬᠤᠷᠭ᠎ᠠ᠎ᠠᠴᠠ ᠨᠠᠰᠤᠨ᠎ᠳᠤ ᠦᠯᠤ ᠬᠦᠷᠦᠭᠰᠡᠳ᠎ᠢ ᠬᠠᠮᠠᠭ᠋ᠠᠯᠠᠬᠤ ᠠᠵᠢᠯ᠎ᠤᠨ ᠦᠷᠳᠡᠬᠡ ᠪᠠᠢ᠌ᠭᠤᠯᠬᠤ ᠬᠡᠷᠡᠭᠳᠡᠢ ᠭᠡᠵᠤ ᠲᠤᠷᠠᠳᠤᠬᠰᠠᠨ ᠪᠠᠢ᠌ᠳᠠᠭ᠂ ᠡᠨᠡ᠎ᠨᠢ ᠨᠠᠰᠤᠨ᠎ᠳᠤ ᠦᠯᠤ ᠬᠦᠷᠦᠭᠰᠡᠳ᠎ᠢ ᠬᠠᠮᠠᠭ᠋ᠠᠯᠠᠬᠤ ᠠᠵᠢᠯ ᠦᠨᠳᠤᠰᠤᠨ ᠱᠠᠳᠤᠨ᠎ᠳᠤ ᠪᠠᠷᠢᠴᠨ᠎ᠲᠠᠢ ᠪᠤᠯᠵᠤ᠂ ᠨᠠᠰᠤᠨ᠎ᠳᠤ ᠦᠯᠤ ᠬᠦᠷᠦᠭᠰᠡᠳ᠎ᠤᠨ ᠠᠵᠢᠯ ᠦᠨᠳᠤᠰᠤᠨ ᠱᠠᠳᠤᠨ᠎ᠳᠤ ᠪᠠᠭᠤᠷᠠᠢ ᠪᠠᠢ᠌ᠬᠰᠠᠨ ᠠᠰᠠᠭᠤᠳᠠᠯ᠎ᠢ ᠪᠦᠳᠦᠮᠵᠢᠳᠡᠢ ᠰᠢᠢ᠍ᠳᠪᠤᠷᠢᠯᠡᠬᠦ ᠪᠤᠯᠤᠨ᠎ᠠ᠃ ᠨᠠᠰᠤᠨ᠎ᠳᠤ ᠦᠯᠤ ᠬᠦᠷᠦᠭᠰᠡᠳ᠎ᠢ ᠬᠠᠮᠠᠭ᠋ᠠᠯᠠᠬᠤ ᠦᠷᠳᠡᠭᠡ᠎ᠨᠢ ᠡᠬᠢ ᠪᠠᠶᠠᠯᠢᠭ᠎ᠢ ᠬᠠᠮᠳᠤ᠎ᠪᠠᠷ ᠡᠳ᠋ᠯᠡᠬᠦ ᠠᠵᠢᠯ᠎ᠤᠨ ᠰᠡᠳᠬᠢᠮᠵᠢ ᠶᠤᠰᠤᠭ᠋ᠠᠷ ᠡᠯ᠎ᠡ ᠭᠠᠵᠠᠷ᠎ᠤᠨ ᠨᠡᠢ᠌ᠬᠡᠮ᠎ᠤᠨ ᠠᠵᠢᠯ᠎ᠤᠨ ᠦᠷᠳᠡᠬᠡ᠂ ᠬᠡᠤᠬᠡᠳ᠎ᠤᠨ ᠬᠡᠷ ᠵᠡᠷᠬᠡ ᠲᠠᠯᠠᠪᠤᠷ᠎ᠢ ᠨᠡᠢ᠌ᠳᠬᠡᠨ᠂ ᠬᠡᠤᠬᠡᠳ᠎ᠢ ᠱᠠᠭ᠋ᠠᠷᠳᠠᠨ ᠵᠢᠯᠤᠭᠤᠳᠤᠬ᠍ᠴᠢ᠂ ᠨᠡᠢ᠌ᠬᠡᠮ᠎ᠤᠨ ᠠᠵᠢᠯᠳᠠᠳ᠂ ᠰᠠᠢ᠌ᠨ ᠲᠤᠷᠠᠴᠤᠤᠯ ᠵᠡᠷᠬᠡ ᠡᠯ᠎ᠡ ᠲᠠᠯ᠎ᠠ ᠵᠢᠨ ᠬᠦᠴᠤᠨ᠎ᠢ ᠬᠤᠷᠠᠮᠳᠤᠭᠤᠯᠵᠤ᠂ ᠦᠢ᠍ᠯᠡᠴᠢᠯᠡᠬᠡ ᠵᠢ ᠦᠨᠡᠨ ᠬᠦ᠌ ᠦᠨᠳᠤᠰᠤᠨ ᠱᠠᠳᠤᠨ᠎ᠳᠤ ᠪᠠᠭᠤᠯᠭ᠋ᠠᠨ᠂ ᠨᠠᠰᠤᠨ᠎ᠳᠤ ᠦᠯᠤ ᠬᠦᠷᠦᠭᠰᠡᠳ᠎ᠲᠤ ᠪᠠᠢ᠌ᠡᠭᠭᠤ ᠵᠢᠨ ᠴᠢᠨᠠᠷᠳᠠᠢ ᠬᠠᠯᠠᠮᠵᠢ ᠦᠢ᠍ᠯᠡᠴᠢᠯᠡᠬᠡ ᠬᠠᠡᠭᠭ᠋ᠠᠵᠤ᠂ ᠬᠤᠳᠠ᠂ ᠰᠢᠶᠠᠨ᠂ ᠰᠢᠶᠡᠡᠭ ᠪᠠᠯᠭ᠋ᠠᠰᠤ (ᠵᠡᠬᠡᠯᠢ ᠭᠤᠳᠤᠮᠵᠢ ᠵᠢᠨ ᠬᠡᠷᠡᠭ ᠡᠷᠬᠢᠯᠡᠬᠦ ᠭᠠᠵᠠᠷ) ᠭᠤᠷᠪᠠᠨ ᠱᠠᠳᠤᠨ᠎ᠤ ᠨᠠᠰᠤᠨ᠎ᠳᠤ ᠦᠯᠤ ᠬᠦᠷᠦᠭᠰᠡᠳ᠎ᠢ ᠬᠠᠮᠠᠭ᠋ᠠᠯᠠᠬᠤ ᠠᠵᠢᠯ᠎ᠤᠨ ᠵᠢᠬᠰᠠᠭ᠋ᠠᠯ᠎ᠢ ᠪᠠᠢ᠌ᠭᠤᠯᠤᠨ᠂ ᠲᠡᠰ ᠲᠠᠪᠬᠤᠷᠭ᠎ᠠ ᠲᠤᠳᠤᠷᠬᠠᠢ᠂ ᠲᠡᠬᠡᠳᠤ ᠲᠤᠤᠷᠠᠳᠤ ᠱᠠᠳᠤ ᠬᠤᠯᠪᠤᠭ᠋ᠠᠯᠠᠨ ᠬᠦᠳᠡᠯᠤᠯᠴᠡᠭᠰᠡᠨ ᠨᠠᠰᠤᠨ᠎ᠳᠤ ᠦᠯᠤ ᠬᠦᠷᠦᠭᠰᠡᠳ᠎ᠢ ᠬᠠᠮᠠᠭ᠋ᠠᠯᠠᠬᠤ ᠲᠤᠤᠷᠵᠢᠯ᠎ᠢ ᠪᠠᠢ᠌ᠭᠤᠯᠤᠨ᠎ᠠ᠃

ᠯᠢᠤᠢ ᠵᠢᠡᠭ ᠬᠤᠸᠨ᠄ ᠨᠠᠰᠤᠨ᠎ᠳᠤ ᠦᠯᠤ ᠬᠦᠷᠦᠭᠰᠡᠳ᠎ᠲᠤ ᠬᠠᠮᠤᠭ᠎ᠠᠴᠠ ᠠᠰᠢᠬᠳᠠᠢ ᠵᠠᠷᠴᠢᠮ᠎ᠢ ᠪᠠᠷᠢᠮᠳᠠᠯᠠᠨ
ᠦᠢ᠍ᠯᠡᠴᠢᠯᠡᠬᠡ ᠬᠠᠡᠭᠭ᠋ᠠᠬᠤ ᠶᠠᠪᠤᠴᠨ᠎ᠳᠤ᠎ᠪᠠᠷ ᠨᠠᠰᠤᠨ᠎ᠳᠤ ᠦᠯᠤ ᠬᠦᠷᠦᠭᠰᠡᠳ᠎ᠢ ᠤᠷᠢᠳ ᠵᠶ᠋ᠡᠷ ᠬᠠᠮᠠᠭ᠋ᠠᠠᠯᠠᠬᠤ ᠪᠦᠬᠡᠳ ᠤᠨᠴᠠᠭ᠋ᠠᠢ ᠬᠠᠮᠠᠭ᠋ᠠᠯᠠᠯ ᠦᠵᠡᠬᠦᠯᠤᠨ᠂ ᠨᠠᠰᠤᠨ᠎ᠳᠤ ᠦᠯᠤ ᠬᠦᠷᠦᠭᠰᠡᠳ᠎ᠤᠨ ᠨᠡᠷ᠎ᠡ ᠬᠦᠨᠳᠤ ᠪᠠ ᠬᠤᠪᠢ ᠵᠢᠨ ᠨᠢᠭᠤᠴᠨ ᠵᠢᠨ ᠡᠷᠬᠡ ᠵᠢ ᠬᠦᠨᠳᠤᠳᠬᠡᠨ᠂ ᠨᠠᠰᠤᠨ᠎ᠳᠤ ᠦᠯᠤ ᠬᠦᠷᠦᠭᠰᠡᠳ᠎ᠤᠨ ᠪᠡᠶ᠎ᠡ ᠰᠡᠳᠬᠢᠴᠨ ᠵᠢᠨ ᠤᠨᠴᠠᠯᠢᠭ᠎ᠲᠤ ᠵᠤᠬᠢᠴᠠᠭᠤᠯᠵᠤ᠂ ᠨᠠᠰᠤᠨ᠎ᠳᠤ ᠦᠯᠤ ᠬᠦᠷᠦᠭᠰᠡᠳ᠎ᠤᠨ ᠰᠠᠨᠠᠯ᠎ᠢ ᠬᠦᠢ᠍ᠴᠡᠳ ᠰᠤᠨᠤᠰᠬᠤ ᠬᠡᠷᠡᠭᠳᠡᠢ᠃ ᠬᠤᠶᠠᠷ᠎ᠲᠤ᠂ ᠲᠤᠰᠬᠠᠢ ᠮᠡᠷᠬᠡᠵᠢᠯ᠎ᠤᠨ ᠴᠢᠳᠠᠪᠤᠷᠢᠳᠠᠨ ᠲᠤᠰᠬᠠᠢ ᠮᠡᠷᠬᠡᠵᠢᠯ᠎ᠤᠨ ᠦᠢ᠍ᠯᠡᠴᠢᠯᠡᠬᠡ ᠬᠠᠡᠭᠭ᠋ᠠᠨ᠎ᠠ᠃ ᠨᠠᠰᠤᠨ᠎ᠳᠤ ᠦᠯᠤ ᠬᠦᠷᠦᠭᠰᠡᠳ᠎ᠢ ᠲᠤᠰᠠᠯᠠᠨ ᠬᠠᠮᠠᠭ᠋ᠠᠯᠠᠬᠤ ᠪᠠᠢ᠌ᠭᠤᠯᠤᠮᠵᠢ ᠤᠷᠢᠵᠤ ᠡᠯᠰᠡᠬᠦ ᠪᠤᠶᠤ ᠵᠠᠰᠠᠭ᠎ᠤᠨ ᠤᠷᠳᠤᠨ ᠬᠤᠳᠠᠯᠳᠤᠨ ᠠᠪᠴᠤ ᠦᠭᠭᠦ ᠵᠡᠷᠬᠡ ᠠᠷᠭ᠎ᠠ ᠬᠡᠯᠪᠡᠷᠢ᠎ᠪᠠᠷ ᠨᠡᠢ᠌ᠬᠡᠮ᠎ᠤᠨ ᠠᠵᠢᠯᠳᠠᠳ᠂ ᠰᠡᠳᠬᠢᠴᠨ ᠵᠢᠨ ᠠᠰᠠᠭᠤᠨ ᠯᠠᠪᠯᠠᠯᠭ᠎ᠠ ᠬᠠᠡᠭᠭ᠋ᠠᠭᠴᠢ ᠵᠡᠷᠬᠡ ᠲᠤᠰᠬᠠᠢ ᠮᠡᠷᠬᠡᠵᠢᠯ᠎ᠤᠨ ᠴᠢᠳᠠᠪᠤᠷᠢᠳᠠᠨ᠎ᠢ ᠲᠠᠳᠠᠨ ᠤᠷᠤᠭᠤᠯᠵᠤ᠂ ᠲᠤᠰᠬᠠᠢ ᠮᠡᠷᠬᠡᠵᠢᠯ᠎ᠤᠨ ᠦᠢ᠍ᠯᠡᠴᠢᠯᠡᠬᠡ ᠬᠠᠡᠭᠭ᠋ᠠᠨ᠎ᠠ᠃ ᠭᠤᠷᠪᠠ᠎ᠳᠤ᠂ ᠪᠠᠷᠢᠮᠵᠢᠶᠠᠬᠰᠠᠨ ᠲᠦᠪᠰᠢᠨ ᠵᠶ᠋ᠡᠨ ᠲᠡᠭᠡᠭᠰᠢᠯᠡᠬᠦᠯᠤᠨ᠎ᠡ᠃ ᠨᠠᠰᠤᠨ᠎ᠳᠤ ᠦᠯᠤ ᠬᠦᠷᠦᠭᠰᠡᠳ᠎ᠢ ᠲᠤᠰᠠᠯᠠᠨ ᠬᠠᠮᠠᠭ᠋ᠠᠯᠠᠬᠤ ᠠᠵᠢᠯ᠎ᠢ ᠪᠠᠷᠢᠮᠵᠢᠶᠠᠵᠢᠭᠤᠯᠬᠤ ᠵᠢ ᠡᠬᠦᠳᠳᠬᠦ ᠠᠵᠢᠯᠯᠠᠭ᠋ᠠᠨ ᠦᠷᠨᠢᠬᠦᠯᠬᠦ᠎ᠪᠠᠷ ᠲᠠᠮᠵᠢᠨ᠂ ᠦᠢ᠍ᠯᠡᠴᠢᠯᠡᠬᠡᠨ᠎ᠤ ᠠᠯᠬᠤᠮ ᠲᠠᠷᠠᠭ᠎ᠠ ᠪᠠ ᠦᠢ᠍ᠯᠡᠴᠢᠯᠡᠬᠡᠨ᠎ᠤ ᠠᠭᠤᠯᠭ᠎ᠠ ᠵᠢ ᠪᠠᠷᠢᠮᠵᠢᠶᠠᠵᠢᠭᠤᠯᠵᠤ᠂ ᠬᠦᠴᠢᠷᠳᠡᠯ᠎ᠳᠤ ᠲᠤᠯᠭ᠋ᠠᠷᠠᠬᠰᠠᠨ ᠨᠠᠰᠤᠨ᠎ᠳᠤ ᠦᠯᠤ ᠬᠦᠷᠦᠭᠰᠡᠳ ᠵᠢ ᠲᠤᠰᠬᠠᠢ ᠮᠡᠷᠬᠡᠵᠢᠯ᠎ᠤᠨ ᠪᠦᠳᠦᠮᠵᠢᠳᠡᠢ ᠲᠤᠰᠠᠯᠠᠮᠵᠢ ᠵᠢᠨ ᠦᠢ᠍ᠯᠡᠴᠢᠯᠡᠬᠡᠨ ᠬᠠᠡᠭᠭ᠋ᠠᠨ᠎ᠠ᠃

ᠶᠠᠡᠭ ᠵᠢᠶᠦ᠋ᠨ ᠄ ᠲᠤᠳᠤᠭ᠋ᠠᠳᠤ ᠬᠠᠮᠢᠶᠠᠷᠤᠯᠳᠠ ᠪᠠ ᠴᠢᠳᠠᠪᠤᠷᠢᠳᠠᠨ᠎ᠤ ᠡᠡᠭᠨᠡᠬᠡ ᠵᠢᠨ ᠪᠠᠢ᠌ᠭᠤᠯᠤᠯᠳᠠ᠎ᠪᠠᠨ ᠴᠢᠡᠭᠭ᠋ᠠᠳᠬᠠᠵᠤ᠂ ᠠᠵᠤ ᠠᠬᠤᠢ᠌ᠯᠠᠯ᠎ᠤᠨ ᠬᠦᠮᠦᠰ ᠲᠤᠰᠬᠠᠢ ᠮᠡᠷᠬᠡᠵᠢᠯ᠎ᠤᠨ ᠴᠤᠯᠨ ᠤᠯᠬᠤ ᠰᠢᠯᠭ᠋ᠠᠯᠳᠠ᠎ᠳᠤ ᠤᠷᠤᠯᠴᠠᠬᠤ ᠵᠢᠨ ᠵᠤᠷᠢᠬ᠍ᠵᠢᠭᠤᠯᠵᠤ᠂ ᠰᠢᠯᠭ᠋ᠠᠯᠳᠠ ᠵᠢ ᠲᠠᠪᠠᠬᠰᠠᠨ ᠠᠵᠢᠯᠳᠠᠳ᠎ᠢ ᠱᠠᠡᠭᠨᠠᠨ ᠬᠦᠬᠢᠬᠦᠯᠤᠨ᠎ᠡ᠃ ᠲᠠᠪᠳᠠᠨ ᠪᠤᠯᠪᠠᠰᠤᠷᠠᠭᠤᠯᠬᠤ ᠡᠷᠴᠢᠮ ᠵᠶ᠋ᠡᠨ ᠴᠢᠡᠭᠭ᠋ᠠᠷᠠᠭᠤᠯᠵᠤ᠂ ᠲᠤᠰᠬᠠᠢ ᠮᠡᠷᠬᠡᠵᠢᠯᠳᠡᠨ᠎ᠢ ᠵᠠᠯᠠᠵᠤ ᠬᠢᠴᠢᠶᠡᠯ ᠤᠷᠤᠭᠤᠯᠬᠤ᠂ ᠬᠡᠷᠡᠭ᠎ᠤᠨ ᠵᠢᠱ᠌ᠢᠶ᠎ᠡ ᠵᠢ ᠵᠠᠳᠠᠯᠬᠤ᠂ ᠤᠨᠴᠠᠭ᠋ᠠᠢ ᠵᠢᠱ᠌ᠢᠶ᠎ᠡ ᠵᠢ ᠬᠤᠪᠢᠶᠠᠯᠴᠠᠬᠤ ᠵᠡᠷᠬᠡ ᠬᠡᠯᠪᠡᠷᠢ᠎ᠪᠠᠷ ᠠᠵᠢᠯᠳᠠᠳ᠎ᠤᠨ ᠲᠤᠰᠬᠠᠢ ᠮᠡᠷᠬᠡᠵᠢᠯ᠎ᠤᠨ ᠲᠦᠪᠰᠢᠨ᠎ᠢ ᠲᠠᠰᠤᠷᠠᠯᠳᠠ ᠦᠬᠡᠢ ᠲᠡᠭᠡᠭᠰᠢᠯᠡᠬᠦᠯᠤᠨ᠎ᠡ᠃ ᠲᠤᠰᠬᠠᠢ ᠮᠡᠷᠬᠡᠵᠢᠯ᠎ᠤᠨ ᠨᠡᠢ᠌ᠬᠡᠮ᠎ᠤᠨ ᠠᠵᠢᠯᠳᠠᠨ ᠵᠶ᠋ᠡᠷ ᠨᠠᠰᠤᠨ᠎ᠳᠤ ᠦᠯᠤ ᠬᠦᠷᠦᠭᠰᠡᠳ᠎ᠲᠤ ᠰᠡᠳᠬᠢᠴᠨ ᠵᠢᠨ ᠲᠠᠢ᠌ᠳᠬᠤᠷᠠᠭᠤᠯᠤᠯ ᠬᠢᠯᠬᠡᠵᠤ᠂ ᠲᠡᠳᠡᠨ᠎ᠢ ᠬᠠᠪᠰᠤᠷᠤᠨ ᠬᠦᠮᠦᠰ᠎ᠤᠨ ᠬᠤᠭᠤᠷᠤᠨᠳᠤᠬᠢ ᠬᠠᠷᠢᠴᠠᠭ᠎ᠠ ᠵᠢ᠎ᠨᠢ ᠰᠢᠢ᠍ᠳᠪᠤᠷᠢᠯᠡᠨ᠂ ᠨᠠᠰᠤᠨ᠎ᠳᠤ ᠦᠯᠤ ᠬᠦᠷᠦᠭᠰᠡᠳ᠎ᠤᠨ ᠡᠷᠡᠬᠦᠯ ᠰᠠᠷᠠᠭᠤᠯ ᠦᠰᠤᠨ ᠪᠤᠢ᠌ᠵᠢᠯᠳᠠ᠎ᠳᠤ ᠲᠤᠰᠬᠠᠢ ᠮᠡᠷᠬᠡᠵᠢᠯ᠎ᠤᠨ ᠲᠤᠯᠭ᠋ᠠᠭᠤᠷᠢ ᠬᠠᠡᠭᠭ᠋ᠠᠨ᠎ᠠ᠃

ᠵᠤ᠌ ᠸᠸᠨ ᠰᠢᠶᠠᠡᠭ᠄ ᠬᠡᠤᠬᠡᠳ᠎ᠤᠨ ᠠᠰᠢᠭ ᠲᠤᠰᠨ ᠪᠤᠯ ᠬᠠᠮᠤᠭ᠎ᠤᠨ ᠲᠤᠮᠤ ᠬᠡᠮᠡᠬᠦ ᠰᠤᠶᠤᠯ᠎ᠤᠨ ᠤᠢ᠌ᠯᠠᠭ᠋ᠠᠬᠳᠠᠬᠤᠨ᠎ᠢ ᠪᠠᠳᠤ ᠴᠤᠬ᠍ᠴᠠᠯᠠᠨ᠂ ᠠᠵᠢᠯ᠎ᠤᠨ ᠪᠠᠢ᠌ᠳᠠᠯ᠎ᠢ ᠲᠤᠬᠳᠠᠬᠰᠠᠨ ᠬᠤᠭᠤᠴᠠᠭ᠎ᠠ᠎ᠲᠠᠢ᠎ᠪᠠᠷ ᠵᠠᠳᠠᠯᠤᠨ ᠰᠤᠳᠤᠯᠵᠤ᠂ ᠠᠵᠢᠯ᠎ᠤᠨ ᠲᠤᠳᠠᠭᠤᠳᠠᠯ ᠵᠶ᠋ᠡᠨ ᠡᠷᠢᠵᠤ᠂ ᠠᠵᠢᠯ᠎ᠤᠨ ᠠᠷᠭ᠎ᠠ ᠪᠠᠷᠢᠯ ᠵᠶ᠋ᠡᠨ ᠰᠢᠯᠢᠳᠡᠭᠵᠢᠬᠦᠯᠬᠦ ᠬᠡᠷᠡᠭᠳᠡᠢ᠃ ᠰᠤᠳᠤᠯᠤᠨ ᠪᠠᠢ᠌ᠴᠠᠭ᠋ᠠᠯᠳᠠ᠎ᠪᠠᠨ ᠴᠢᠡᠭᠭ᠋ᠠᠳᠬᠠᠵᠤ᠂ ᠲᠤᠰᠬᠤᠨ ᠎ᠤ ᠲᠤᠭᠤᠢ᠌ᠯᠠᠡᠭ᠂ ᠨᠡᠢ᠌ᠬᠡᠮ ᠲᠤᠭᠤᠷᠢᠭ᠂ ᠦᠢ᠍ᠯᠡᠴᠢᠯᠡᠬᠡ ᠬᠦᠷᠳᠡᠭᠴᠢ ᠵᠢᠨ ᠬᠡᠷ ᠤᠷᠤᠨ ᠵᠶ᠋ᠡᠷ ᠪᠠᠢ᠌ᠡᠭᠭᠤ ᠬᠦᠨᠵᠡᠬᠡᠢ᠌ᠷᠡᠨ ᠬᠡᠷᠡᠭᠴᠡᠭᠡ ᠱᠠᠭ᠋ᠠᠷᠳᠠᠯᠭ᠎ᠠ ᠵᠢ᠎ᠨᠢ ᠠᠰᠠᠭᠤᠨ ᠰᠤᠷᠠᠵᠤ᠂ ᠨᠠᠰᠤᠨ᠎ᠳᠤ ᠦᠯᠤ ᠬᠦᠷᠦᠭᠰᠡᠳ᠎ᠤᠨ ᠡᠷᠡᠬᠦᠯ ᠰᠠᠷᠠᠭᠤᠯ ᠦᠰᠤᠨ ᠪᠤᠢ᠌ᠵᠢᠯᠳᠠ᠎ᠳᠤ ᠲᠡᠮᠵᠢᠯᠬᠡ ᠦᠵᠡᠬᠦᠯᠬᠦ ᠬᠡᠷᠡᠭᠳᠡᠢ᠃ ᠡᠬᠦᠨ᠎ᠤ ᠬᠠᠮᠳᠤ ᠦᠪᠡᠷ᠎ᠤᠨ ᠪᠠᠢ᠌ᠭᠤᠯᠤᠯᠳᠠ᠎ᠪᠠᠨ ᠴᠢᠡᠭᠭ᠋ᠠᠳᠬᠠᠨ᠂ ᠠᠶᠤᠯᠬᠦᠢ᠂ ᠵᠦᠢ ᠵᠤᠬᠢᠰᠳᠠᠢ᠂ ᠲᠦᠬᠦᠮ ᠲᠦᠳᠡ ᠵᠠᠷᠴᠢᠮ ᠵᠶ᠋ᠡᠷ ᠬᠠᠳᠠᠭᠤ ᠲᠤᠨᠤᠭ᠎ᠤᠨ ᠪᠡᠯᠡᠳᠬᠡᠯ ᠲᠦᠬᠦᠬᠡᠷᠤᠮᠵᠢ ᠵᠢᠨ ᠲᠦᠬᠦᠷᠵᠢᠭᠰᠡᠨ ᠪᠠᠢ᠌ᠳᠠᠯ᠎ᠢ ᠪᠦᠬᠦ ᠲᠠᠯ᠎ᠠ᠎ᠪᠠᠷ ᠪᠠᠢ᠌ᠴᠠᠭ᠋ᠠᠨ᠂ ᠨᠠᠰᠤᠨ᠎ᠤ ᠤᠨᠴᠠᠯᠢᠭ᠎ᠳᠤ᠎ᠨᠢ ᠵᠤᠬᠢᠴᠠᠭᠤᠯᠬᠤ ᠦᠬᠡᠷᠡᠴᠢᠯᠡᠯᠳᠡ ᠵᠢ ᠬᠡᠷᠡᠭᠵᠢᠬᠦᠯᠵᠤ᠂ ᠴᠢᠳᠠᠪᠬᠢᠳᠤ ᠪᠠᠭ᠋ᠠᠵᠢ ᠲᠤᠨᠤᠭ᠎ᠢ ᠲᠡᠬᠦᠯᠳᠡᠷᠵᠢᠬᠦᠯᠤᠨ᠂ ᠪᠠᠢ᠌ᠭᠤᠯᠤᠮᠵᠢ ᠵᠢᠨ ᠬᠡᠯᠪᠡᠷᠢ᠎ᠪᠠᠨ ᠬᠤᠪᠢᠷᠠᠭᠤᠯᠤᠨ ᠬᠦᠭᠵᠢᠬᠦ ᠬᠡᠷᠡᠭᠴᠡᠬᠡ ᠵᠢ ᠬᠠᠡᠭᠭ᠋ᠠᠬᠤ ᠬᠡᠷᠡᠭᠳᠡᠢ᠃ ᠴᠢᠮᠡᠬᠡ ᠵᠠᠡᠭᠭᠢᠴᠢᠯᠠᠬᠰᠠᠨ ᠪᠦᠳᠦᠬᠡᠨ ᠪᠠᠢ᠌ᠭᠤᠯᠤᠯᠳᠠ ᠵᠢ ᠴᠢᠡᠭᠭ᠋ᠠᠳᠬᠠᠵᠤ᠂ ᠲᠤᠭ᠎ᠠ ᠪᠠᠷᠢᠮᠳᠠ   ᠵᠢ ᠬᠦᠳᠡᠯᠤᠡᠭᠭᠦᠢ᠎ᠪᠠᠷ ᠰᠢᠨᠡᠳᠬᠡᠬᠦ ᠵᠢ ᠴᠢᠬᠤᠯᠠᠴᠢᠯᠠᠵᠤ᠂ ᠬᠠᠷᠢᠯᠴᠠᠨ ᠬᠤᠯᠪᠤᠭ᠋ᠠᠯᠠᠵᠤ ᠬᠠᠷᠢᠯᠴᠠᠨ ᠨᠡᠪᠳᠡᠷᠡᠯᠴᠡᠬᠦ ᠵᠢ ᠪᠡᠶᠡᠯᠡᠬᠦᠯᠤᠨ᠂ ᠡᠬᠢ ᠪᠠᠶᠠᠯᠢᠭ ᠵᠶ᠋ᠡᠨ ᠬᠠᠮᠳᠤ᠎ᠪᠠᠷ ᠡᠳ᠋ᠯᠡᠨ᠎ᠡ᠃ ᠲᠦᠷᠤ ᠵᠢᠨ ᠪᠤᠳᠤᠯᠭ᠎ᠠ ᠬᠠᠤᠯᠢ ᠲᠦᠷᠢᠮ᠎ᠤᠨ ᠪᠤᠯᠪᠠᠰᠤᠷᠠᠯ᠎ᠢ ᠵᠤᠬᠢᠶᠠᠨ ᠪᠠᠢ᠌ᠭᠤᠯᠤᠨ ᠦᠷᠨᠢᠬᠦᠯᠵᠤ᠂᠃ ᠠᠵᠢᠯᠳᠠᠳ᠎ᠤᠨ ᠨᠠᠰᠤᠨ᠎ᠳᠤ ᠦᠯᠤ ᠬᠦᠷᠦᠭᠰᠡᠳ᠎ᠢ ᠬᠠᠮᠠᠭ᠋ᠠᠯᠠᠬᠤ ᠠᠵᠢᠯ᠎ᠢ ᠬᠢᠬᠦ ᠦᠵᠡᠯ ᠰᠠᠨᠠᠭ᠋ᠠᠨ᠎ᠤ ᠦᠪᠡᠷ᠎ᠤᠨ ᠤᠬᠠᠮᠰᠠᠷ ᠪᠠ ᠦᠢ᠍ᠯᠨ ᠠᠵᠢᠯᠯᠠᠭ᠎ᠠ ᠵᠢᠨ ᠦᠪᠡᠷ᠎ᠤᠨ ᠤᠬᠠᠮᠰᠠᠷ᠎ᠢ ᠬᠦᠳᠤᠯᠤᠨ ᠲᠡᠭᠡᠭᠰᠢᠯᠡᠬᠦᠯᠤᠨ᠎ᠡ᠃ ᠬᠠᠤᠯᠢ ᠴᠠᠭ᠋ᠠᠵᠨ᠂ ᠰᠡᠳᠬᠢᠴᠨ᠂ ᠨᠡᠢ᠌ᠬᠡᠮ᠎ᠤᠨ ᠠᠵᠢᠯ ᠵᠡᠷᠬᠡ ᠲᠠᠯ᠎ᠠ ᠵᠢᠨ ᠲᠤᠰᠬᠠᠢ ᠮᠡᠷᠬᠡᠵᠢᠯ᠎ᠤᠨ ᠴᠢᠳᠠᠪᠤᠷᠢᠳᠠᠨ᠎ᠢ ᠨᠦᠬᠦᠪᠤᠷᠢᠯᠡᠵᠤ᠂ ᠡᠡᠭᠨᠡᠬᠡᠨ᠎ᠤ ᠪᠦᠳᠤᠴᠨ ᠵᠢ ᠰᠢᠯᠢᠳᠡᠭᠵᠢᠬᠦᠯᠤᠨ᠂ ᠲᠤᠰᠬᠠᠢ ᠮᠡᠷᠬᠡᠵᠢᠯ᠎ᠤᠨ ᠦᠢ᠍ᠯᠡᠴᠢᠯᠡᠬᠡᠨ᠎ᠤ ᠴᠢᠳᠠᠪᠤᠷᠢ᠎ᠪᠠᠨ ᠲᠡᠭᠡᠭᠰᠢᠯᠡᠬᠦᠯᠵᠤ᠂ ᠠᠵᠢᠯᠳᠠᠳ᠎ᠤᠨ   ᠠᠤᠭ᠎ᠠ ᠬᠠᠢ᠌ᠷ᠎ᠠ ᠵᠢᠨ ᠰᠡᠳᠬᠢᠯ᠎ᠢ ᠵᠤᠵᠠᠭ᠋ᠠᠳᠬᠠᠨ᠂ ᠦᠢ᠍ᠯᠡᠴᠢᠯᠡᠬᠡ ᠵᠢ ᠨᠡᠡᠭ ᠬᠠᠯᠠᠭᠤᠨ ᠲᠤᠯᠠᠭ᠋ᠠᠨ ᠪᠤᠯᠭ᠋ᠠᠨ᠎ᠠ᠃

ᠵᠸᠡᠭ ᠶᠤᠸᠠᠨ᠄ ᠠᠷᠠᠳ᠎ᠤᠨ ᠶᠠᠪᠤᠳᠠᠯ᠎ᠤᠨ ᠶᠠᠮᠤᠨ ᠵᠡᠷᠬᠡ 14 ᠰᠠᠯᠠᠭ᠎ᠠ ᠮᠦᠴᠢᠷ ᠬᠤᠯᠪᠤᠭ᠋ᠠᠯᠠᠨ ᠤᠢ᠌ᠷ᠎ᠠ᠎ᠳᠤ 《ᠬᠡᠤᠬᠡᠳ᠎ᠤᠨ ᠠᠰᠠᠷᠠᠮᠵᠢ ᠵᠢᠨ ᠪᠠᠢ᠌ᠭᠤᠯᠤᠮᠵᠢ ᠵᠢ ᠰᠢᠯᠢᠳᠡᠭᠵᠢᠬᠦᠯᠤᠨ ᠴᠢᠨᠠᠷ᠎ᠢ᠎ᠨᠢ ᠲᠡᠭᠡᠭᠰᠢᠯᠡᠬᠦᠯᠬᠦ ᠪᠠ ᠰᠢᠨ᠎ᠡ ᠵᠢ ᠡᠬᠦᠳᠤᠨ ᠬᠡᠯᠪᠡᠷᠢ᠎ᠪᠠᠨ ᠬᠤᠪᠢᠷᠠᠭᠤᠯᠵᠤ ᠴᠢᠨᠠᠷᠯᠢᠭ ᠬᠦᠭᠵᠢᠯᠳᠡ ᠵᠢ ᠠᠬᠢᠭᠤᠯᠬᠤ ᠲᠤᠬᠠᠢ ᠰᠠᠨᠠᠯ》᠎ᠢ ᠲᠠᠷᠤᠮᠠᠯᠯᠠᠨ ᠲᠠᠷᠬᠠᠭ᠋ᠠᠵᠤ᠂ ᠰᠢᠶᠠᠨ᠎ᠤ ᠱᠠᠳᠤᠨ᠎ᠤ ᠠᠷᠠᠳ᠎ᠤᠨ ᠶᠠᠪᠤᠳᠠᠯ᠎ᠤᠨ ᠰᠠᠯᠠᠭ᠎ᠠ ᠮᠦᠴᠢᠷ᠎ᠤᠨ ᠨᠠᠰᠤᠨ᠎ᠳᠤ ᠦᠯᠤ ᠬᠦᠷᠦᠭᠰᠡᠳ᠎ᠢ ᠲᠤᠰᠠᠯᠠᠨ ᠬᠠᠮᠠᠭ᠋ᠠᠯᠠᠬᠤ ᠠᠵᠢᠯ᠎ᠤᠨ ᠦᠨᠳᠤᠰᠤᠨ᠎ᠠᠴᠠ᠎ᠨᠢ ᠪᠠᠳᠤᠯᠠᠬᠤ ᠡᠬᠦᠷᠬᠡ᠎ᠳᠤ ᠰᠢᠨᠵᠢᠯᠡᠬᠦ ᠤᠬᠠᠭ᠋ᠠᠨᠴᠢ ᠨᠢᠬᠡᠳᠤᠯᠳᠡᠢ ᠪᠠᠢ᠌ᠷᠢᠯᠠᠭᠤᠯᠤᠯᠳᠠ ᠬᠢᠭᠰᠡᠨ᠎ᠨᠢ ᠨᠠᠰᠤᠨ᠎ᠳᠤ ᠦᠯᠤ ᠬᠦᠷᠦᠭᠰᠡᠳ᠎ᠢ ᠲᠤᠰᠠᠯᠠᠨ ᠬᠠᠮᠠᠭ᠋ᠠᠠᠯᠠᠬᠤ ᠪᠠᠢ᠌ᠭᠤᠯᠤᠮᠵᠢ ᠵᠢᠨ ᠲᠤᠰᠬᠠᠢ ᠮᠡᠷᠬᠡᠵᠢᠯ᠎ᠤᠨ ᠲᠦᠪᠰᠢᠨ᠎ᠢ ᠪᠦᠳᠦᠮᠵᠢᠳᠡᠢ ᠲᠡᠭᠡᠭᠰᠢᠯᠡᠬᠦᠯᠬᠦ ᠪᠤᠯᠤᠨ᠎ᠠ᠃ ᠪᠢᠳᠡ ᠬᠤᠯᠪᠤᠬᠳᠠᠯ ᠪᠦᠬᠦᠢ ᠱᠠᠭ᠋ᠠᠷᠳᠠᠯᠭ᠎ᠠ ᠶᠤᠰᠤᠭ᠋ᠠᠷ 《ᠬᠡᠤᠬᠡᠳ᠎ᠤᠨ ᠠᠰᠠᠷᠠᠮᠵᠢ ᠵᠢᠨ ᠪᠠᠢ᠌ᠭᠤᠯᠤᠮᠵᠢ ᠵᠢ ᠰᠢᠯᠢᠳᠡᠭᠵᠢᠬᠦᠯᠤᠨ ᠴᠢᠨᠠᠷ᠎ᠢ᠎ᠨᠢ ᠲᠡᠭᠡᠭᠰᠢᠯᠡᠬᠦᠯᠬᠦ ᠪᠠ ᠰᠢᠨ᠎ᠡ ᠵᠢ ᠡᠬᠦᠳᠤᠨ ᠬᠡᠯᠪᠡᠷᠢ᠎ᠪᠠᠨ ᠬᠤᠪᠢᠷᠠᠭᠤᠯᠵᠤ ᠴᠢᠨᠠᠷᠯᠢᠭ ᠬᠦᠭᠵᠢᠯᠳᠡ ᠵᠢ ᠠᠬᠢᠭᠤᠯᠬᠤ ᠲᠤᠬᠠᠢ ᠰᠠᠨᠠᠯ》᠎ᠢ ᠲᠤᠭᠤᠰᠢᠯᠠᠭᠤᠯᠤᠨ ᠨᠠᠢ᠌ᠳᠠᠪᠤᠷᠢᠵᠢᠭᠤᠯᠬᠤ ᠠᠵᠢᠯ᠎ᠢ ᠰᠠᠢ᠌ᠳᠤᠷ ᠬᠢᠨ᠎ᠡ᠃ ᠪᠢᠳᠡ ᠪᠠᠰᠨ ᠲᠤᠰᠬᠠᠢ ᠮᠡᠷᠬᠡᠵᠢᠯ᠎ᠤᠨ ᠨᠡᠢ᠌ᠬᠡᠮ᠎ᠤᠨ ᠵᠤᠬᠢᠶᠠᠨ ᠪᠠᠢ᠌ᠭᠤᠯᠤᠯᠳᠠ ᠵᠢ ᠠᠰᠢᠬᠯᠠᠨ ᠨᠠᠰᠤᠨ᠎ᠳᠤ ᠦᠯᠤ ᠬᠦᠷᠦᠭᠰᠡᠳ᠎ᠢ ᠬᠠᠯᠠᠮᠵᠢᠯᠠᠨ ᠬᠠᠮᠠᠭ᠋ᠠᠯᠠᠬᠤ ᠦᠢ᠍ᠯᠡᠴᠢᠯᠡᠬᠡᠨ ᠦᠷᠨᠢᠬᠦᠯᠵᠤ ᠦᠢ᠍ᠯᠡᠴᠢᠯᠡᠬᠡ ᠬᠤᠳᠠᠯᠳᠤᠨ ᠠᠪᠬᠤ ᠵᠡᠷᠬᠡ ᠬᠡᠯᠪᠡᠷᠢ᠎ᠪᠠᠷ ᠪᠠᠭ᠋ᠠᠴᠤᠳ ᠬᠡᠤᠬᠡᠳ᠎ᠲᠤ ᠦᠢ᠍ᠯᠡᠴᠢᠯᠡᠬᠦ ᠲᠦᠷᠤᠯ᠎ᠤᠨ ᠨᠡᠢ᠌ᠬᠡᠮ᠎ᠤᠨ ᠵᠤᠬᠢᠶᠠᠨ ᠪᠠᠢ᠌ᠭᠤᠯᠤᠯᠳᠠ ᠵᠢ ᠪᠤᠢ᠌ᠵᠢᠭᠤᠯᠤᠨ᠂ ᠰᠡᠳᠬᠢᠴᠨ ᠵᠢᠨ ᠵᠢᠯᠤᠭᠤᠳᠤᠮᠵᠢ᠂ ᠬᠠᠢ᠌ᠷ᠎ᠠ ᠰᠡᠳᠬᠢᠯᠬᠡ ᠵᠢᠨ ᠬᠠᠯᠠᠮᠵᠢ᠂ ᠴᠢᠳᠠᠪᠤᠷᠢ ᠵᠢ᠎ᠨᠢ ᠲᠡᠭᠡᠭᠰᠢᠯᠡᠬᠦᠯᠬᠦ ᠵᠢ ᠬᠦᠮᠤᠵᠢᠬᠦᠯᠬᠦ ᠵᠡᠷᠬᠡ ᠦᠢ᠍ᠯᠡᠴᠢᠯᠡᠬᠡᠨ᠎ᠢ ᠦᠷᠨᠢᠬᠦᠯᠤᠨ᠎ᠡ᠃

ᠠᠰᠠᠭᠤᠯᠳᠠ᠄
ᠨᠠᠰᠤᠨ᠎ᠳᠤ ᠦᠯᠤ ᠬᠦᠷᠦᠭᠰᠡᠳ᠎ᠤᠨ ᠠᠵᠢᠯ ᠪᠤᠯ ᠶᠡᠷᠤᠡᠭᠬᠡᠢ᠌ᠯᠡᠭᠰᠡᠨ ᠴᠢᠨᠠᠷᠳᠠᠢ ᠪᠤᠯᠬᠤᠷ ᠡᠯ᠎ᠡ ᠲᠠᠯ᠎ᠠ ᠵᠢᠨ ᠬᠦᠴᠤᠨ᠎ᠢ ᠲᠠᠢ᠌ᠴᠢᠯᠠᠬᠤ ᠴᠢᠬᠤᠯᠠᠳᠠᠢ᠂ ᠨᠠᠰᠤᠨ᠎ᠳᠤ ᠦᠯᠤ ᠬᠦᠷᠦᠭᠰᠡᠳ᠎ᠢ ᠲᠤᠰᠠᠯᠠᠨ ᠬᠠᠮᠠᠭ᠋ᠠᠯᠠᠬᠤ ᠪᠠᠢ᠌ᠭᠤᠯᠤᠮᠵᠢ ᠡᠯ᠎ᠡ ᠲᠠᠯ᠎ᠠ ᠵᠢᠨ᠎ᠬᠢᠨ᠎ᠢ ᠵᠤᠬᠢᠴᠠᠭᠤᠯᠬᠤ ᠲᠤᠮᠳᠠ ᠦᠢ᠍ᠯᠡᠳᠤᠯ ᠵᠶ᠋ᠡᠨ ᠬᠡᠷᠬᠢᠨ ᠪᠠᠳᠠᠷᠠᠭᠤᠯᠬᠤ ᠪᠤᠢ?

ᠶᠠᠡᠭ ᠵᠢᠶᠦ᠋ᠨ᠄ ᠰᠢᠨ᠎ᠡ᠎ᠪᠠᠷ ᠵᠠᠰᠠᠪᠤᠷᠢ ᠤᠷᠤᠭᠤᠯᠤᠬᠰᠠᠨ 《ᠨᠠᠰᠤᠨ᠎ᠳᠤ ᠦᠯᠤ ᠬᠦᠷᠦᠭᠰᠡᠳ᠎ᠢ ᠬᠠᠮᠠᠭ᠋ᠠᠯᠠᠬᠤ ᠬᠠᠤᠯᠢ》᠎ᠳᠤ ᠠᠷᠠᠳ᠎ᠤᠨ ᠶᠠᠪᠤᠳᠠᠯ᠎ᠤᠨ ᠰᠠᠯᠠᠭ᠎ᠠ ᠮᠦᠴᠢᠷ᠎ᠨᠢ ᠨᠠᠰᠤᠨ᠎ᠳᠤ ᠦᠯᠤ ᠬᠦᠷᠦᠭᠰᠡᠳ᠎ᠢ ᠬᠠᠮᠠᠭ᠋ᠠᠠᠯᠬᠤ ᠠᠵᠢᠯ᠎ᠢ ᠵᠤᠬᠢᠴᠠᠭᠤᠯᠬᠤ ᠲᠤᠬᠳᠠᠯᠴᠠᠭ᠎ᠠ ᠵᠢ ᠵᠠᠷᠴᠢᠮ ᠲᠡᠬᠡᠷ᠎ᠡ᠎ᠪᠠᠨ ᠲᠤᠯᠤᠭ᠋ᠠᠢ᠌ᠯᠠᠬᠤ ᠨᠢᠬᠡᠴᠢ ᠵᠢᠨ ᠬᠠᠤᠯᠢ᠎ᠪᠠᠷ ᠲᠤᠬᠳᠠᠭ᠋ᠠᠬᠰᠠᠨ ᠪᠠᠢ᠌ᠷᠢ ᠰᠠᠭᠤᠷᠢ ᠵᠢ ᠲᠤᠳᠤᠷᠬᠠᠢ᠌ᠯᠠᠬᠰᠠᠨ᠎ᠨᠢ ᠨᠠᠰᠤᠨ᠎ᠳᠤ ᠦᠯᠤ ᠬᠦᠷᠦᠭᠰᠡᠳ᠎ᠢ ᠬᠠᠮᠠᠭ᠋ᠠᠠᠯᠠᠬᠤ ᠲᠤᠬᠳᠠᠯᠴᠠᠭ᠎ᠠ ᠵᠢ ᠰᠢᠯᠤᠭᠤᠳᠬᠠᠬᠰᠠᠨ ᠬᠡᠷᠡᠭ ᠶᠤᠮ᠃ ᠨᠠᠰᠤᠨ᠎ᠳᠤ ᠦᠯᠤ ᠬᠦᠷᠦᠭᠰᠡᠳ᠎ᠢ ᠬᠠᠮᠠᠭ᠋ᠠᠠᠯᠠᠬᠤ ᠲᠤᠬᠳᠠᠯᠴᠠᠭ᠎ᠠ᠎ᠨᠢ ᠪᠡᠶᠡᠴᠢ ᠴᠢᠳᠠᠮᠠᠭ᠋ᠠᠢ ᠴᠢᠨᠠᠷ ᠵᠶ᠋ᠡᠨ ᠬᠦᠢ᠍ᠴᠡᠳ ᠪᠠᠳᠠᠷᠠᠭᠤᠯᠵᠤ᠂   ᠤᠨᠴᠠᠭ᠋ᠠᠢ ᠬᠡᠷᠡᠭ᠎ᠢ ᠬᠤᠷᠠᠨ ᠵᠦᠪᠯᠡᠬᠦ᠂ ᠬᠡᠷᠡᠭ᠎ᠤᠨ ᠵᠢᠱ᠌ᠢᠶ᠎ᠡ ᠵᠢ ᠵᠠᠳᠠᠯᠬᠤ᠂ ᠴᠢᠮᠡᠬᠡ ᠵᠠᠡᠭᠭᠢ ᠵᠢ ᠬᠤᠪᠢᠶᠠᠯᠴᠠᠬᠤ  ᠂ ᠤᠨᠴᠠᠭ᠋ᠠᠢ ᠬᠡᠷᠡᠭ᠎ᠢ ᠰᠢᠯᠵᠢᠬᠦᠯᠬᠦ ᠵᠡᠷᠬᠡ ᠬᠡᠯᠪᠡᠷᠢ᠎ᠪᠠᠷ ᠬᠡᠰᠢᠬᠦᠨ ᠨᠢᠬᠡᠴᠢ᠎ᠲᠠᠢ᠎ᠪᠠᠨ ᠪᠠᠢ᠌ᠡᠭᠭᠤ ᠬᠤᠷᠠᠯᠳᠤᠨ ᠶᠠᠷᠢᠯᠴᠠᠵᠤ᠂ ᠤᠨᠴᠠᠭ᠋ᠠᠢ ᠵᠢᠱ᠌ᠢᠶ᠎ᠡ ᠵᠢ ᠴᠠᠭ ᠲᠠᠷᠤᠢ᠎ᠳᠤ᠎ᠨᠢ ᠵᠤᠯᠭ᠋ᠠᠭᠤᠯᠬᠤ᠂ ᠰᠢᠯᠵᠢᠬᠦᠯᠵᠤ᠂ ᠰᠢᠢ᠍ᠳᠪᠤᠷᠢᠯᠡᠵᠤ᠂ ᠨᠠᠰᠤᠨ᠎ᠳᠤ ᠦᠯᠤ ᠬᠦᠷᠦᠭᠰᠡᠳ᠎ᠢ ᠲᠤᠰᠠᠯᠠᠨ ᠬᠠᠮᠠᠭ᠋ᠠᠯᠠᠬᠤ ᠠᠵᠢᠯ᠎ᠢ ᠵᠤᠬᠢᠴᠠᠭᠤᠯᠬᠤ᠂ ᠨᠢᠬᠡᠳᠤᠯᠳᠡᠢ ᠲᠦᠰᠦᠪᠯᠡᠬᠦ᠂ ᠱᠠᠭ᠋ᠠᠷᠳᠠᠨ ᠪᠠᠢ᠌ᠴᠠᠭ᠋ᠠᠵᠤ ᠵᠢᠭ᠋ᠠᠨ ᠵᠢᠯᠤᠭᠤᠳᠬᠤ ᠠᠵᠢᠯ᠎ᠢ ᠦᠨᠡᠨ ᠬᠦ᠌ ᠰᠠᠢ᠌ᠳᠤᠷ ᠬᠢᠵᠤ᠂ ᠨᠠᠰᠤᠨ᠎ᠳᠤ ᠦᠯᠤ ᠬᠦᠷᠦᠭᠰᠡᠳ᠎ᠢ ᠲᠤᠰᠠᠯᠠᠨ ᠬᠠᠮᠠᠭ᠋ᠠᠯᠠᠬᠤ ᠠᠵᠢᠯ᠎ᠢ ᠬᠡᠰᠢᠬᠦᠨ ᠨᠢᠬᠡᠴᠢ ᠵᠢᠨ ᠬᠤᠭᠤᠷᠤᠨᠳᠤ ᠠᠮᠨ ᠰᠡᠬᠡᠷ᠎ᠢ᠎ᠨᠢ ᠵᠠᠢ ᠵᠠᠪᠰᠠᠷ ᠦᠬᠡᠢ ᠵᠤᠯᠭ᠋ᠠᠭᠤᠯᠤᠨ᠂ ᠴᠢᠨᠠᠷᠯᠢᠭ ᠪᠦᠬᠡᠳ ᠦᠷ᠎ᠡ ᠠᠰᠢᠬᠳᠠᠢ ᠪᠠᠢ᠌ᠬᠤ ᠬᠡᠷᠡᠭᠳᠡᠢ᠃

ᠲᠠᠨ ᡁᠢ ᠴᠢᠶᠠᠡᠭ ᠄ ᠨᠢᠬᠡ᠎ᠳᠤ᠂ ᠨᠠᠰᠤᠨ᠎ᠳᠤ ᠦᠯᠤ ᠬᠦᠷᠦᠭᠰᠡᠳ᠎ᠢ ᠬᠠᠮᠠᠭ᠋ᠠᠯᠠᠬᠤ ᠠᠵᠢᠯ᠎ᠢ ᠵᠤᠬᠢᠴᠠᠭᠤᠯᠬᠤ
ᠲᠤᠬᠳᠠᠯᠴᠠᠭ᠎ᠠ ᠵᠢᠨ ᠱᠠᠭ᠋ᠠᠷᠳᠠᠯᠭ᠎ᠠ ᠶᠤᠰᠤᠭ᠋ᠠᠷ ᠠᠵᠢᠯ᠎ᠤᠨ ᠡᠬᠦᠷᠬᠡ ᠬᠠᠷᠢᠭᠤᠴᠠᠯᠭ᠎ᠠ᠎ᠪᠠᠨ ᠰᠠᠢ᠌ᠳᠤᠷ ᠬᠦᠢ᠍ᠴᠡᠳᠬᠡᠵᠤ᠂ ᠬᠠᠮᠢᠶ᠎ᠠ ᠪᠦᠬᠦᠢ ᠰᠠᠯᠠᠭ᠎ᠠ ᠮᠦᠴᠢᠷ᠎ᠯᠦᠭᠡ ᠵᠢᠨ ᠬᠠᠮᠳᠤᠷᠠᠯᠴᠠᠭ᠎ᠠ᠎ᠪᠠᠨ ᠴᠢᠡᠭᠭ᠋ᠠᠳᠬᠠᠬᠤ ᠬᠡᠷᠡᠭᠳᠡᠢ᠃ ᠬᠤᠶᠠᠷ᠎ᠲᠤ᠂ ᠠᠷᠠᠳ᠎ᠤᠨ ᠶᠠᠪᠤᠳᠠᠯ᠎ᠤᠨ ᠭᠤᠤᠯᠯᠠᠨ ᠬᠠᠮᠢᠶᠠᠷᠬᠤ ᠰᠠᠯᠠᠭ᠎ᠠ ᠮᠦᠴᠢᠷ᠎ᠲᠤ ᠰᠠᠨᠠᠭᠤᠯᠬᠤ᠎ᠨᠢ᠂ ᠲᠤᠳᠤᠭ᠋ᠠᠳᠤ ᠵᠢᠨ ᠵᠤᠬᠢᠴᠠᠭᠤᠯᠵᠤ ᠬᠤᠯᠪᠤᠭ᠋ᠠᠯᠠᠨ ᠬᠦᠳᠡᠯᠤᠯᠴᠡᠬᠦ ᠲᠤᠬᠳᠠᠯᠴᠠᠭ᠎ᠠ ᠵᠢ ᠪᠠᠢ᠌ᠭᠤᠯᠵᠤ᠂ ᠲᠤᠰᠠᠯᠠᠨ ᠬᠠᠮᠠᠭ᠋ᠠᠯᠠᠬᠤ ᠪᠠᠢ᠌ᠭᠤᠯᠤᠮᠵᠢ ᠵᠢᠨ ᠨᠠᠰᠤᠨ᠎ᠳᠤ ᠦᠯᠤ ᠬᠦᠷᠦᠭᠰᠡᠳ᠎ᠲᠤ ᠴᠠᠭ ᠲᠠᠷᠤᠢ᠎ᠳᠤ᠎ᠨᠢ ᠪᠦᠳᠤᠮᠵᠢᠳᠡᠢ ᠵᠠᠰᠠᠭ ᠵᠠᠬᠢᠷᠭ᠋ᠠᠨ᠎ᠤ ᠡᠬᠢ ᠪᠠᠶᠠᠯᠢᠭ᠎ᠤᠨ ᠬᠠᠮᠠᠭ᠋ᠠᠯᠠᠯᠳᠠ ᠬᠦᠷᠳᠡᠬᠡᠵᠤ᠂ ᠤᠤᠯ᠎ᠨᠢ ᠠᠯᠢ ᠰᠠᠯᠠᠭ᠎ᠠ ᠮᠦᠴᠢᠷ ᠤᠯᠵᠤ ᠮᠡᠳᠡᠬᠡᠳ ᠮᠡᠳᠡᠬᠦᠯᠦᠭᠰᠡᠨ ᠴᠦ᠍᠂ ᠡᠰᠡᠪᠡᠯ ᠨᠠᠰᠤᠨ᠎ᠳᠤ ᠦᠯᠤ ᠬᠦᠷᠦᠭᠰᠡᠳ᠎ᠢ ᠬᠠᠮᠠᠭ᠋ᠠᠯᠠᠬᠤ ᠲᠦᠪ᠎ᠲᠤ ᠰᠢᠯᠵᠢᠬᠦᠯᠬᠦ ᠴᠦ᠍ ᠪᠤᠯᠤᠭ᠂ ᠤᠯᠠᠡᠭᠭᠢ᠎ᠨᠢ ᠲᠤᠰᠢᠶᠠᠭ᠋ᠠᠳ ᠦᠭᠪᠡᠯ ᠯᠨ ᠪᠤᠯᠴᠢᠬᠠᠵᠤ᠂ ᠦᠯᠡᠳᠡᠭᠰᠡᠨ ᠶᠡᠬᠡ ᠬᠡᠮᠵᠢᠶᠡᠨ᠎ᠤ ᠠᠵᠢᠯ᠎ᠢ ᠠᠷᠠᠳ᠎ᠤᠨ ᠶᠠᠪᠤᠳᠠᠯ᠎ᠤᠨ ᠰᠠᠯᠠᠭ᠎ᠠ ᠮᠦᠴᠢᠷ ᠪᠤᠶᠤ ᠨᠠᠰᠤᠨ᠎ᠳᠤ ᠦᠯᠤ ᠬᠦᠷᠦᠭᠰᠡᠳ᠎ᠢ ᠬᠠᠮᠠᠭ᠋ᠠᠯᠠᠬᠤ ᠲᠦᠪ ᠵᠤᠬᠢᠴᠠᠭᠤᠯᠤᠨ ᠰᠢᠢ᠍ᠳᠪᠤᠷᠢᠯᠡᠳᠡᠭ ᠪᠠᠢ᠌ᠳᠠᠯ᠎ᠢ ᠦᠬᠡᠷᠡᠴᠢᠯᠡᠬᠦ ᠬᠡᠷᠡᠭᠳᠡᠢ᠃   ᠭᠤᠷᠪᠠ᠎ᠳᠤ᠂ ᠬᠠᠷᠠᠭ᠋ᠠᠯᠵᠠᠬᠰᠠᠨ ᠱᠠᠡᠭᠨᠠᠯ ᠲᠤᠷᠭ᠋ᠠᠭᠤᠯᠢ ᠵᠢᠨ ᠲᠤᠬᠳᠠᠯᠴᠠᠭ᠎ᠠ ᠵᠢ ᠪᠠᠢ᠌ᠭᠤᠯᠵᠤ᠂ ᠨᠠᠰᠤᠨ᠎ᠳᠤ ᠦᠯᠤ ᠬᠦᠷᠦᠭᠰᠡᠳ᠎ᠢ ᠬᠠᠮᠠᠭ᠋ᠠᠯᠠᠬᠤ ᠠᠵᠢᠯ᠎ᠢ ᠰᠠᠯᠠᠭ᠎ᠠ ᠮᠦᠴᠢᠷ᠎ᠤᠨ ᠠᠵᠢᠯ᠎ᠤᠨ ᠦᠷ᠎ᠡ ᠪᠦᠳᠦᠮᠵᠢ   ᠵᠢᠨ ᠬᠢᠨᠠᠨ ᠲᠤᠬᠳᠠᠭ᠋ᠠᠯ᠎ᠳᠤ ᠤᠷᠤᠭᠤᠯᠬᠤ ᠵᠢ ᠰᠠᠨᠠᠭᠤᠯᠤᠶ᠎ᠠ᠃

ᠯᠢ ᠶᠦᠨ ᠵᠦᠡᠭ᠄ ᠨᠠᠰᠤᠨ᠎ᠳᠤ ᠦᠯᠤ ᠬᠦᠷᠦᠭᠰᠡᠳ᠎ᠢ ᠬᠠᠮᠠᠭ᠋ᠠᠯᠠᠬᠤ ᠪᠠᠢ᠌ᠡᠭᠭᠤ ᠵᠢᠨ ᠤᠳᠠᠰᠤ ᠵᠢ ᠰᠠᠭ᠋ᠠᠳ ᠦᠬᠡᠢ ᠨᠡᠪᠳᠡᠷᠡᠬᠦᠯᠬᠦ᠎ᠳᠤ ᠲᠦᠰᠢᠭᠯᠡᠨ ᠤᠯᠵᠤ ᠮᠡᠳᠡᠪᠡᠯ ᠮᠡᠳᠡᠬᠦᠯᠬᠦ ᠠᠵᠢᠯ᠎ᠤᠨ ᠲᠤᠬᠳᠠᠯᠴᠠᠭ᠎ᠠ ᠵᠢ ᠪᠠᠢ᠌ᠭᠤᠯᠤᠨ ᠲᠡᠬᠦᠯᠳᠡᠷᠵᠢᠬᠦᠯᠤᠨ᠎ᠡ᠃ ᠰᠢᠨ᠎ᠡ᠎ᠪᠠᠷ ᠵᠠᠰᠠᠪᠤᠷᠢ ᠤᠷᠤᠭᠤᠯᠤᠬᠰᠠᠨ 《ᠨᠠᠰᠤᠨ᠎ᠳᠤ ᠦᠯᠤ ᠬᠦᠷᠦᠭᠰᠡᠳ᠎ᠢ ᠬᠠᠮᠠᠭ᠋ᠠᠯᠠᠬᠤ ᠬᠠᠤᠯᠢ》᠎ᠳᠤ ᠰᠢᠶᠠᠨ᠎ᠤ ᠲᠡᠰ᠎ᠠᠴᠠ ᠲᠡᠭᠡᠭᠰᠢᠬᠢ ᠠᠷᠠᠳ᠎ᠤᠨ ᠵᠠᠰᠠᠭ᠎ᠤᠨ ᠤᠷᠳᠤᠨ᠎ᠨᠢ ᠨᠠᠰᠤᠨ᠎ᠳᠤ ᠦᠯᠤ ᠬᠦᠷᠦᠭᠰᠡᠳ᠎ᠢ ᠬᠠᠮᠠᠭ᠋ᠠᠯᠠᠬᠤ ᠪᠦᠬᠦ ᠤᠯᠤᠰ᠎ᠤᠨ ᠨᠢᠬᠡᠳᠤᠯᠳᠡᠢ ᠪᠠᠢ᠌ᠡᠭᠭᠤ ᠵᠢᠨ ᠤᠳᠠᠰᠤ ᠵᠢ ᠨᠡᠪᠳᠡᠷᠡᠬᠦᠯᠵᠤ᠂ ᠨᠠᠰᠤᠨ᠎ᠳᠤ ᠦᠯᠤ ᠬᠦᠷᠦᠭᠰᠡᠳ᠎ᠤᠨ ᠬᠠᠤᠯᠢ ᠶᠤᠰᠤᠨ᠎ᠤ ᠡᠷᠬᠡ ᠠᠰᠢᠭ᠎ᠢ ᠬᠤᠬᠢᠷᠠᠭᠤᠯᠤᠬᠰᠠᠨ ᠵᠠᠭ᠋ᠠᠯᠳᠤᠯᠭ᠎ᠠ᠂ ᠢᠯᠡᠴᠢᠯᠡᠨ ᠮᠡᠳᠡᠬᠦᠯᠤᠯᠳᠠ ᠵᠢ ᠲᠡᠷᠨ ᠲᠠᠷᠤᠢ᠎ᠳᠤ᠎ᠨᠢ ᠬᠦᠯᠢᠶᠡᠨ ᠠᠪᠴᠤ᠂ ᠰᠢᠯᠵᠢᠬᠦᠯᠬᠦ ᠬᠡᠷᠡᠭᠳᠡᠢ ᠭᠡᠵᠤ ᠲᠤᠬᠳᠠᠭ᠋ᠠᠬᠰᠠᠨ ᠪᠠᠢ᠌ᠳᠠᠭ᠃ ᠪᠠᠢ᠌ᠡᠭᠭᠤ ᠵᠢᠨ ᠤᠳᠠᠰᠤ ᠭᠠᠷᠭ᠋ᠠᠬᠰᠠᠨ᠎ᠨᠢ ᠨᠠᠰᠤᠨ᠎ᠳᠤ ᠦᠯᠤ ᠬᠦᠷᠦᠭᠰᠡᠳ᠎ᠤᠨ ᠬᠦᠰᠡᠯ ᠱᠠᠭ᠋ᠠᠷᠳᠠᠯᠭ᠎ᠠ᠎ᠪᠠᠨ ᠢᠯᠡᠷᠬᠡᠢ᠌ᠯᠡᠬᠦ᠂ ᠬᠠᠪᠰᠤᠷᠤᠯᠭ᠎ᠠ ᠬᠠᠢ᠌ᠬᠤ᠎ᠳᠤ ᠠᠰᠢᠬᠳᠠᠢ ᠪᠦᠬᠡᠳ ᠨᠡᠡᠭ ᠴᠢᠬᠤᠯᠨ᠎ᠨᠢ ᠨᠠᠰᠤᠨ᠎ᠳᠤ ᠦᠯᠤ ᠬᠦᠷᠦᠭᠰᠡᠳ᠎ᠤᠨ ᠬᠠᠤᠯᠢ ᠶᠤᠰᠤᠨ᠎ᠤ ᠡᠷᠬᠡ ᠠᠰᠢᠭ᠎ᠢ ᠬᠤᠬᠢᠷᠠᠭᠤᠯᠤᠬᠰᠠᠨ ᠬᠡᠷᠡᠭ᠎ᠢ ᠮᠡᠳᠡᠬᠦᠯᠬᠦ᠎ᠳᠤ ᠠᠷᠭ᠎ᠠ ᠵᠠᠮ ᠬᠠᠡᠭᠭ᠋ᠠᠬᠰᠠᠨ ᠪᠠᠢ᠌ᠨ᠎ᠠ᠃ ᠨᠠᠰᠤᠨ᠎ᠳᠤ ᠦᠯᠤ ᠬᠦᠷᠦᠭᠰᠡᠳ᠎ᠢ ᠲᠤᠰᠠᠯᠠᠨ ᠬᠠᠮᠠᠭ᠋ᠠᠯᠠᠬᠤ ᠪᠠᠢ᠌ᠭᠤᠯᠤᠮᠵᠢ ᠦᠢ᠍ᠯᠡᠴᠢᠯᠡᠬᠡᠨ᠎ᠤ ᠪᠠᠢ᠌ᠡᠭᠭᠤ ᠵᠢᠨ ᠤᠳᠠᠰᠤ᠎ᠪᠠᠷ ᠲᠤᠯᠭ᠋ᠠᠭᠤᠷᠢᠯᠠᠨ᠂ 《ᠨᠢᠬᠡ ᠰᠠᠯᠠᠭ᠎ᠠ ᠮᠦᠴᠢᠷ᠎ᠨᠢ ᠬᠦᠯᠢᠶᠡᠵᠤ ᠠᠪᠤᠪᠠᠯ ᠬᠠᠮᠳᠤᠷᠠᠯᠴᠠᠨ ᠬᠦᠢ᠍ᠴᠡᠳᠬᠡᠬᠦ》 《ᠦᠷᠳᠡᠬᠡᠯᠡᠬᠦ ᠬᠡᠯᠪᠡᠷᠢ》 ᠨᠠᠰᠤᠨ᠎ᠳᠤ ᠦᠯᠤ ᠬᠦᠷᠦᠭᠰᠡᠳ᠎ᠢ ᠬᠠᠮᠠᠭ᠋ᠠᠯᠠᠬᠤ ᠪᠠᠢ᠌ᠡᠭᠭᠤ ᠵᠢᠨ ᠤᠳᠠᠰᠤᠨ᠎ᠤ ᠶᠡᠷᠤᠡᠭᠭᠡᠢ᠌ᠯᠡᠭᠰᠡᠨ ᠦᠢ᠍ᠯᠡᠴᠢᠯᠡᠬᠡᠨ᠎ᠤ ᠲᠠᠪᠴᠠᠡᠭ ᠪᠠᠢ᠌ᠭᠤᠯᠤᠨ᠎ᠠ᠃ ᠡᠬᠦᠨ᠎ᠤ ᠬᠠᠮᠳᠤ ᠢᠨᠲᠸᠷ ᠰᠦᠯᠵᠢᠶᠡᠨ᠎ᠤ ᠬᠦᠭᠵᠢᠯᠳᠡ ᠵᠢᠨ ᠬᠠᠨᠳᠤᠰᠢ᠎ᠲᠠᠢ ᠵᠤᠬᠢᠴᠠᠭᠤᠯᠤᠨ ᠸᠢᠴᠠᠲ  ᠂ ᠪᠢᠴᠢᠯ ᠪᠦᠷᠬᠡ᠂ ᠲᠢᠺ ᠲᠤᠺ ᠵᠡᠷᠬᠡ ᠰᠢᠨ᠎ᠡ ᠵᠠᠭᠤᠴᠢᠯᠠᠭᠤᠷ᠎ᠤᠨ ᠲᠠᠪᠴᠠᠡᠭ᠎ᠢ ᠢᠳᠡᠪᠬᠢᠳᠡᠢ ᠬᠡᠷᠡᠭᠯᠡᠵᠤ᠂ ᠪᠠᠢ᠌ᠡᠭᠭᠤ ᠵᠢᠨ ᠤᠳᠠᠰᠤ᠎ᠪᠠᠷ ᠭᠤᠤᠯ ᠪᠤᠯᠭ᠋ᠠᠬᠰᠠᠨ ᠪᠦᠬᠦ ᠵᠠᠭᠤᠴᠢᠯᠠᠭᠤᠷ᠎ᠤᠨ ᠠᠵᠢᠯ᠎ᠤᠨ ᠲᠤᠬᠳᠠᠯᠴᠠᠭ᠎ᠠ ᠵᠢ ᠪᠠᠢ᠌ᠭᠤᠯᠤᠨ᠎ᠠ᠃

ᠯᠢᠤᠢ ᠵᠢᠡᠭ ᠬᠤᠸᠨ᠄ ᠨᠢᠬᠡ ᠲᠠᠯ᠎ᠠ᠎ᠪᠠᠷ ᠦᠢ᠍ᠯᠡᠴᠢᠯᠡᠬᠡᠨ᠎ᠤ ᠲᠠᠪᠴᠠᠡᠭ᠎ᠢ ᠪᠠᠢ᠌ᠭᠤᠯᠤᠨ᠎ᠠ᠃ ᠬᠦᠨᠳᠡᠯᠡᠨ ᠵᠶ᠋ᠡᠷ ᠨᠢᠬᠡᠳᠤᠯᠳᠡᠢ ᠪᠠᠢ᠌ᠡᠭᠭᠤ ᠵᠢᠨ ᠤᠳᠠᠰᠤ ᠭᠠᠷᠭ᠋ᠠᠬᠤ᠎ᠪᠠᠷ ᠲᠠᠮᠵᠢᠨ ᠴᠢᠮᠡᠬᠡ ᠵᠠᠡᠭᠭᠢ ᠵᠢᠨ ᠲᠠᠪᠴᠠᠡᠭ ᠵᠡᠷᠬᠡ ᠬᠡᠯᠪᠡᠷᠢ᠎ᠪᠠᠷ ᠲᠤᠳᠤᠭ᠋ᠠᠳᠤ ᠵᠢ ᠬᠠᠮᠠᠭ᠋ᠠᠯᠠᠬᠤ᠂ ᠰᠤᠷᠭ᠋ᠠᠨ ᠬᠦᠮᠦᠵᠢᠯ᠂ ᠬᠠᠤᠯᠢ ᠴᠠᠭ᠋ᠠᠵᠨ ᠵᠡᠷᠬᠡ ᠰᠠᠯᠠᠭ᠎ᠠ ᠮᠦᠴᠢᠷ᠎ᠢ ᠦᠢ᠍ᠯᠡᠴᠢᠯᠡᠬᠡᠨ᠎ᠤ ᠲᠠᠪᠴᠠᠡᠭ᠎ᠳᠤ᠎ᠪᠠᠨ ᠤᠷᠤᠭᠤᠯᠵᠤ᠂ ᠨᠠᠰᠤᠨ᠎ᠳᠤ ᠦᠯᠤ ᠬᠦᠷᠦᠭᠰᠡᠳ᠎ᠢ ᠲᠤᠰᠠᠯᠠᠨ ᠬᠠᠮᠠᠭ᠋ᠠᠯᠠᠬᠤ ᠪᠠᠢ᠌ᠭᠤᠯᠤᠮᠵᠢ ᠵᠢ ᠲᠤᠰᠠᠯᠠᠨ ᠲᠠᠮᠵᠢᠬᠤ᠂ ᠨᠢᠬᠡᠳᠤᠯᠳᠡᠢ ᠵᠤᠬᠢᠴᠠᠭᠤᠯᠬᠤ᠂ ᠦᠢ᠍ᠯᠡᠴᠢᠯᠡᠬᠡ ᠵᠢ ᠰᠢᠯᠵᠢᠬᠦᠯᠬᠦ᠂ ᠨᠡᠢ᠌ᠬᠡᠮ᠎ᠤᠨ ᠵᠤᠬᠢᠶᠠᠨ ᠪᠠᠢ᠌ᠭᠤᠯᠤᠯᠳᠠ᠎ᠠᠴᠠ ᠬᠦᠮᠤᠵᠢᠬᠦᠯᠬᠦ ᠵᠡᠷᠬᠡ ᠴᠢᠳᠠᠪᠬᠢ ᠵᠢ ᠨᠢᠬᠡ ᠴᠤᠬ᠍ᠴᠠᠵᠢᠭᠤᠯᠤᠬᠰᠠᠨ ᠦᠢ᠍ᠯᠡᠴᠢᠯᠡᠬᠡᠨ᠎ᠤ ᠲᠠᠪᠴᠠᠡᠭ ᠪᠤᠯᠭ᠋ᠠᠨ ᠪᠠᠢ᠌ᠭᠤᠯᠵᠤ᠂ ᠨᠠᠰᠤᠨ᠎ᠳᠤ ᠦᠯᠤ ᠬᠦᠷᠦᠭᠰᠡᠳ᠎ᠢ ᠬᠠᠮᠠᠭ᠋ᠠᠯᠠᠬᠤ ᠵᠤᠬᠢᠴᠠᠭᠤᠯᠭ᠎ᠠ ᠵᠢᠨ ᠬᠤᠷᠠᠯ᠎ᠢ ᠲᠤᠬᠳᠠᠬᠰᠠᠨ ᠬᠤᠭᠤᠴᠠᠭ᠎ᠠ᠎ᠲᠠᠢ᠎ᠪᠠᠷ ᠵᠤᠬᠢᠶᠠᠨ ᠪᠠᠢ᠌ᠭᠤᠯᠤᠨ ᠬᠤᠷᠠᠯᠳᠤᠭᠤᠯᠵᠤ᠂ ᠰᠠᠯᠠᠭ᠎ᠠ ᠮᠦᠴᠢᠷ᠎ᠤᠨ ᠬᠤᠭᠤᠷᠤᠨᠳᠤᠬᠢ ᠨᠡᠪᠳᠡᠷᠡᠯᠴᠡᠬᠡ ᠬᠠᠮᠳᠤᠷᠠᠯᠴᠠᠭ᠎ᠠ᠎ᠪᠠᠨ ᠴᠢᠡᠭᠭ᠋ᠠᠳᠬᠠᠨ᠎ᠠ᠃ ᠭᠤᠤᠯᠳᠤ᠎ᠪᠠᠷ ᠰᠢᠶᠠᠡᠭ ᠪᠠᠯᠭ᠋ᠠᠰᠤ (ᠵᠡᠬᠡᠯᠢ ᠭᠤᠳᠤᠮᠵᠢ   ᠬᠡᠷᠡᠭ ᠡᠷᠬᠢᠯᠡᠬᠦ ᠭᠠᠵᠠᠷ)᠂ ᠲᠤᠰᠬᠤᠨ (ᠰᠠᠭᠤᠭ᠋ᠠᠯᠢ ᠠᠷᠠᠳ᠎ᠤᠨ ᠵᠦᠪᠯᠡᠯ)᠎ᠲᠠᠢ ᠬᠠᠷᠢᠯᠴᠠᠬᠤ ᠪᠠ ᠬᠠᠮᠳᠤᠷᠠᠯᠴᠠᠭ᠎ᠠ᠎ᠪᠠᠨ ᠴᠢᠡᠭᠭ᠋ᠠᠳᠬᠠᠨ᠂ ᠲᠦᠷᠤ ᠵᠢᠨ ᠪᠤᠳᠤᠯᠭ᠎ᠠ ᠵᠢᠨ ᠪᠤᠯᠪᠠᠰᠤᠷᠠᠯ᠂ ᠲᠤᠬᠠᠢ᠌ᠯᠠᠬᠰᠠᠨ ᠠᠵᠢᠯ᠎ᠤᠨ ᠵᠢᠯᠤᠭᠤᠳᠤᠮᠵᠢ᠂ ᠪᠡᠯᠨ ᠮᠦᠡᠭᠭᠦ ᠵᠢᠨ ᠬᠡᠷᠡᠭᠯᠡᠬᠡ ᠵᠡᠷᠬᠡ ᠲᠠᠯ᠎ᠠ᠎ᠪᠠᠷ ᠦᠨᠳᠤᠰᠤᠨ ᠱᠠᠳᠤᠨ᠎ᠤ ᠵᠤᠬᠢᠶᠠᠨ ᠪᠠᠢ᠌ᠭᠤᠯᠤᠯᠳᠠ᠎ᠳᠤ ᠬᠦᠴᠤᠳᠡᠢ ᠲᠡᠮᠵᠢᠯᠬᠡ ᠬᠠᠡᠭᠭ᠋ᠠᠵᠤ᠂ ᠦᠨᠳᠤᠰᠤᠨ ᠱᠠᠳᠤᠨ᠎ᠤ ᠴᠢᠮᠡᠬᠡ ᠵᠠᠡᠭᠭᠢ ᠵᠢ ᠰᠢᠭᠰᠢᠬᠦ᠂ ᠤᠯᠵᠤ ᠮᠡᠳᠡᠪᠡᠯ ᠮᠡᠳᠡᠬᠦᠯᠬᠦ᠂ ᠤᠨᠢᠨ ᠲᠡᠬᠡᠷ᠎ᠡ᠎ᠨᠢ ᠲᠡᠳᠬᠦᠬᠦ ᠵᠡᠷᠬᠡ ᠲᠠᠯ᠎ᠠ ᠵᠢᠨ ᠴᠢᠳᠠᠪᠤᠷᠢ ᠵᠢ᠎ᠨᠢ ᠴᠢᠡᠭᠭ᠋ᠠᠳᠬᠠᠨ᠎ᠠ᠃ ᠨᠦᠬᠦᠬᠡ ᠲᠠᠯ᠎ᠠ᠎ᠪᠠᠷ ᠤᠬᠠᠭᠤᠯᠵᠤ ᠬᠦᠳᠤᠯᠤᠨ ᠵᠢᠯᠤᠭᠤᠳᠬᠤ᠎ᠪᠠᠨ ᠴᠢᠡᠭᠭ᠋ᠠᠳᠬᠠᠨ᠎ᠠ᠃ ᠰᠢᠨ᠎ᠡ ᠵᠠᠭᠤᠴᠢᠯᠠᠭᠤᠷ ᠪᠠᠢ᠌ᠭᠤᠯᠤᠮᠵᠢ᠎ᠳᠤ ᠤᠷᠤᠬᠤ᠂ ᠰᠦᠯᠵᠢᠶ᠎ᠡ᠎ᠪᠠᠷ ᠮᠡᠳᠡᠯᠬᠡ ᠵᠢᠨ ᠤᠷᠤᠯᠳᠤᠭ᠋ᠠᠨ ᠬᠢᠬᠦ ᠵᠡᠷᠬᠡ ᠰᠢᠷᠢᠰ ᠠᠵᠢᠯᠯᠠᠭ᠋ᠠᠨ ᠦᠷᠨᠢᠬᠦᠯᠬᠦ᠎ᠪᠠᠷ ᠲᠠᠮᠵᠢᠭᠤᠯᠤᠨ᠂ ᠨᠠᠮ᠎ᠤᠨ ᠲᠦᠪ ᠬᠤᠷᠢᠶ᠎ᠠ᠂ ᠲᠦᠷᠤ ᠵᠢᠨ ᠶᠠᠪᠤᠳᠠᠯ᠎ᠤᠨ ᠬᠤᠷᠢᠶᠠᠨ᠎ᠤ ᠨᠠᠰᠤᠨ᠎ᠳᠤ ᠦᠯᠤ ᠬᠦᠷᠦᠭᠰᠡᠳ᠎ᠢ ᠬᠠᠯᠠᠮᠵᠢᠯᠠᠨ ᠬᠠᠮᠠᠭ᠋ᠠᠯᠠᠬᠤ ᠴᠢᠬᠤᠯᠨ ᠶᠡᠬᠡ ᠰᠢᠢ᠍ᠳᠪᠤᠷᠢ ᠪᠠᠢ᠌ᠷᠢᠯᠠᠭᠤᠯᠤᠯᠳᠠ ᠵᠢ ᠪᠦᠬᠦ ᠲᠠᠯ᠎ᠠ᠎ᠪᠠᠷ ᠤᠬᠠᠭᠤᠯᠤᠨ᠂ ᠨᠠᠰᠤᠨ᠎ᠳᠤ ᠦᠯᠤ ᠬᠦᠷᠦᠭᠰᠡᠳ᠎ᠢ ᠬᠠᠮᠠᠭ᠋ᠠᠯᠠᠬᠤ ᠬᠠᠤᠯᠢ ᠴᠠᠭ᠋ᠠᠵᠨ ᠬᠠᠤᠯᠢ ᠲᠦᠷᠢᠮ᠎ᠢ ᠦᠷᠬᠡᠨ ᠲᠡᠯᠬᠡᠷ ᠤᠬᠠᠭᠤᠯᠤᠨ᠂ ᠨᠠᠰᠤᠨ᠎ᠳᠤ ᠦᠯᠤ ᠬᠦᠷᠦᠭᠰᠡᠳ᠎ᠤᠨ ᠬᠠᠤᠯᠢ ᠶᠤᠰᠤᠨ᠎ᠤ ᠡᠷᠬᠡ ᠠᠰᠢᠭ᠎ᠢ ᠬᠠᠤᠯᠢ ᠶᠤᠰᠤᠭ᠋ᠠᠷ ᠬᠠᠮᠠᠭ᠋ᠠᠯᠠᠬᠤ ᠨᠡᠢ᠌ᠬᠡᠮ᠎ᠤᠨ ᠬᠠᠮᠳᠤ ᠵᠢᠨ ᠲᠠᠨᠢᠯᠳᠠ ᠵᠢ ᠨᠢᠬᠳᠠᠷᠠᠭᠤᠯᠤᠨ᠂ ᠨᠠᠰᠤᠨ᠎ᠳᠤ ᠦᠯᠤ ᠬᠦᠷᠦᠭᠰᠡᠳ᠎ᠢ ᠪᠦᠬᠦ ᠨᠡᠢ᠌ᠬᠡᠮ ᠵᠶ᠋ᠡᠷ ᠵᠶ᠋ᠡᠨ ᠬᠠᠯᠠᠮᠵᠢᠯᠠᠨ ᠬᠠᠢ᠌ᠷᠠᠯᠠᠬᠤ ᠰᠠᠢ᠌ᠨ ᠰᠠᠢ᠌ᠬᠠᠨ ᠠᠭᠤᠷ ᠠᠮᠢᠰᠬᠤᠯ᠎ᠢ ᠪᠦᠷᠢᠯᠳᠤᠬᠦᠯᠬᠦ ᠬᠡᠷᠡᠭᠳᠡᠢ᠃

 

ᠢᠷᠡᠯᠲᠡ᠄ 《ᠲᠤᠮᠳᠠᠳᠤ ᠤᠯᠤᠰ᠎ᠤᠨ ᠨᠡᠢ᠌ᠬᠡᠮ ᠰᠤᠨᠢᠨ》
          
ᠬᠠᠮᠢᠶ᠎ᠡ ᠪᠦᠬᠦᠢ ᠰᠣᠨᠢᠨ
ᠤᠯᠤᠰ᠎ᠤᠨ ᠨᠡᠢ᠌ᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠢ ᠲᠡᠯᠭᠡᠷᠡᠬᠦᠯᠦᠨ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠤᠯᠠᠮ ᠪᠡᠬᠢᠵᠢᠬᠦᠯᠰᠤᠭᠡᠢ
ᠭᠡᠷ᠎ᠲᠤ᠎ᠪᠠᠨ ᠰᠠᠭᠤᠵᠤ ᠠᠰᠠᠷᠠᠭᠤᠯᠬᠤ ᠨᠠᠰᠤᠵᠢᠯ᠎ᠤᠨ ᠦᠢ᠍ᠯᠡᠴᠢᠯᠡᠬᠡᠨ᠎ᠤ ᠬᠦᠭᠵᠢᠯᠳᠡ ᠵᠢ ᠠᠬᠢᠭᠤᠯᠬᠤ ᠵᠢ ᠠᠷᠭ᠋ᠠᠴᠠᠭ᠋ᠠᠬᠤ ᠪᠣᠳᠤᠯᠭ᠎ᠠ ᠵᠢᠨ ᠲᠤᠬᠠᠢ ᠪᠤᠳᠤᠯᠬᠢᠯᠠᠯ
ᠬᠠᠤᠯᠢ ᠪᠤᠰᠤ᠎ᠪᠠᠷ ᠵᠤᠬᠢᠶᠠᠨ ᠪᠠᠢ᠌ᠭᠤᠯᠤᠯᠴᠠᠬᠤ ᠶᠠᠯ᠎ᠠ ᠵᠢ ᠨᠡᠮᠡᠨ ᠤᠷᠤᠭᠤᠯᠵᠤ᠂ ᠬᠠᠤᠯᠢ ᠪᠤᠰᠤ ᠨᠡᠢ᠌ᠬᠡᠮ᠎ᠤᠨ ᠵᠤᠬᠢᠶᠠᠨ ᠪᠠᠢ᠌ᠭᠤᠯᠤᠯᠳᠠ᠎ᠳᠤ ᠴᠢᠡᠭᠭ᠎ᠠ ᠴᠤᠬᠢᠯᠳᠠ ᠦᠭᠰᠤᠬᠡᠢ
ᠨᠢᠬᠡᠳᠤᠯᠳᠡᠢ ᠵᠤᠬᠢᠴᠠᠭᠤᠯᠬᠤ ᠲᠤᠬᠳᠠᠯᠴᠠᠭ᠎ᠠ ᠵᠢ ᠲᠠᠷᠤᠢ᠌ᠬᠠᠨ ᠪᠠᠢ᠌ᠭᠤᠯᠵᠤ᠂ ᠰᠢᠨ᠎ᠡ ᠴᠠᠭ ᠦᠶ᠎ᠡ ᠵᠢᠨ ᠨᠠᠰᠤᠨ᠎ᠳᠤ ᠦᠯᠤ ᠬᠦᠷᠦᠭᠰᠡᠳ᠎ᠢ ᠬᠠᠮᠠᠭ᠋ᠠᠯᠠᠬᠤ ᠠᠵᠢᠯ᠎ᠤᠨ ᠰᠢᠨ᠎ᠡ ᠬᠦᠭᠵᠢᠯᠳᠡ ᠵᠢ ᠠᠬᠢᠭᠤᠯᠰᠤᠭ᠋ᠠᠢ
ᠦᠨᠳᠤᠰᠤᠲᠠᠨ᠎ᠤ ᠪᠦᠯᠬᠦᠮᠲᠡᠯ ᠪᠤᠯ ᠡᠯ᠎ᠡ ᠲᠦᠷᠦᠯ᠎ᠤᠨ ᠵᠢᠯ ᠦᠢ᠍ᠯᠡᠰ᠎ᠤᠨ ᠠᠮᠵᠢᠯᠲᠡ ᠤᠯᠬᠤ ᠵᠢᠨ ᠪᠠᠳᠤᠯᠠᠭ᠎ᠠ ᠶᠤᠮ
 
            