ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠢᠯᠡ ᠵᠠᠰᠠᠭ   -   ᠲᠥᠷᠥ᠎ᠶᠢᠨ ᠪᠣᠳᠣᠯᠭ᠎ᠠ᠎ᠶᠢᠨ ᠲᠠᠶ᠋ᠢᠯᠤᠮᠵᠢ
ᠨᠢᠬᠡᠳᠤᠯᠳᠡᠢ ᠵᠤᠬᠢᠴᠠᠭᠤᠯᠬᠤ ᠲᠤᠬᠳᠠᠯᠴᠠᠭ᠎ᠠ ᠵᠢ ᠲᠠᠷᠤᠢ᠌ᠬᠠᠨ ᠪᠠᠢ᠌ᠭᠤᠯᠵᠤ᠂ ᠰᠢᠨ᠎ᠡ ᠴᠠᠭ ᠦᠶ᠎ᠡ ᠵᠢᠨ ᠨᠠᠰᠤᠨ᠎ᠳᠤ ᠦᠯᠤ ᠬᠦᠷᠦᠭᠰᠡᠳ᠎ᠢ ᠬᠠᠮᠠᠭ᠋ᠠᠯᠠᠬᠤ ᠠᠵᠢᠯ᠎ᠤᠨ ᠰᠢᠨ᠎ᠡ ᠬᠦᠭᠵᠢᠯᠳᠡ ᠵᠢ ᠠᠬᠢᠭᠤᠯᠰᠤᠭ᠋ᠠᠢ
ᠨᠡᠶᠢᠲᠡᠯᠡᠭᠰᠡᠨ ᠴᠠᠭ᠄ 2021-07-26

ᠨᠢᠬᠡᠳᠤᠯᠳᠡᠢ ᠵᠤᠬᠢᠴᠠᠭᠤᠯᠬᠤ ᠲᠤᠬᠳᠠᠯᠴᠠᠭ᠎ᠠ ᠵᠢ ᠲᠠᠷᠤᠢ᠌ᠬᠠᠨ ᠪᠠᠢ᠌ᠭᠤᠯᠵᠤ᠂ ᠰᠢᠨ᠎ᠡ ᠴᠠᠭ ᠦᠶ᠎ᠡ ᠵᠢᠨ ᠨᠠᠰᠤᠨ᠎ᠳᠤ ᠦᠯᠤ ᠬᠦᠷᠦᠭᠰᠡᠳ᠎ᠢ ᠬᠠᠮᠠᠭ᠋ᠠᠯᠠᠬᠤ ᠠᠵᠢᠯ᠎ᠤᠨ ᠰᠢᠨ᠎ᠡ ᠬᠦᠭᠵᠢᠯᠳᠡ ᠵᠢ ᠠᠬᠢᠭᠤᠯᠰᠤᠭ᠋ᠠᠢ
                                 
                    ᠰᠦᠡᠭ ᠢᠡᠭ ᠾᠦᠢ᠂ ᠯᠢᠤ ᠯᠢᠡᠭ ᠶᠦᠸᠸ ᠵᠤᠬᠢᠶᠠᠪᠠ

      ᠲᠦᠷᠤ ᠵᠢᠨ ᠶᠠᠪᠤᠳᠠᠯ᠎ᠤᠨ ᠬᠤᠷᠢᠶᠠᠨ᠎ᠤ ᠠᠯᠪᠠᠨ ᠲᠢᠡᠭᠭᠢᠮ 4 ᠳ᠋ᠤᠬᠡᠷ ᠰᠠᠷ᠎ᠠ ᠵᠢᠨ 27᠎ᠤ ᠡᠳᠤᠷ 《ᠲᠦᠷᠤ ᠵᠢᠨ ᠶᠠᠪᠤᠳᠠᠯ᠎ᠤᠨ ᠬᠤᠷᠢᠶᠠᠨ᠎ᠤ ᠨᠠᠰᠤᠨ᠎ᠳᠤ ᠦᠯᠤ ᠬᠦᠷᠦᠭᠰᠡᠳ᠎ᠢ ᠬᠠᠮᠠᠭ᠋ᠠᠯᠠᠬᠤ ᠠᠵᠢᠯ᠎ᠤᠨ ᠤᠳᠤᠷᠢᠳᠬᠤ ᠲᠤᠭᠤᠢ᠌ᠯᠠᠡᠭ᠎ᠢ ᠪᠠᠢ᠌ᠭᠤᠯᠬᠤ ᠲᠤᠬᠠᠢ ᠮᠡᠳᠡᠭᠳᠡᠯ》᠎ᠢ ᠨᠡᠢ᠌ᠳᠡᠯᠡᠵᠤ᠂ ᠨᠠᠰᠤᠨ᠎ᠳᠤ ᠦᠯᠤ ᠬᠦᠷᠦᠭᠰᠡᠳ᠎ᠢ ᠬᠠᠮᠠᠭ᠋ᠠᠯᠠᠬᠤ ᠠᠵᠢᠯ᠎ᠤᠨ ᠤᠳᠤᠷᠢᠳᠬᠤ ᠲᠤᠭᠤᠢ᠌ᠯᠠᠡᠭ᠎ᠢ ᠲᠦᠷᠤ ᠵᠢᠨ ᠶᠠᠪᠤᠳᠠᠯ᠎ᠤᠨ ᠬᠤᠷᠢᠶᠠᠨ᠎ᠤ ᠬᠡᠷᠡᠭ ᠵᠦᠪᠯᠡᠬᠦ ᠵᠢ ᠵᠤᠬᠢᠴᠠᠭᠤᠯᠬᠤ ᠪᠠᠢ᠌ᠭᠤᠯᠤᠮᠵᠢ ᠵᠢ ᠪᠠᠢ᠌ᠭᠤᠯᠬᠤ᠎ᠪᠠᠷ ᠲᠤᠬᠳᠠᠬᠰᠠᠨ ᠪᠠᠢ᠌ᠨ᠎ᠠ᠃ ᠢᠡᠭᠭᠢᠬᠡᠳ ᠲᠦᠪ ᠬᠤᠷᠢᠶᠠᠨ᠎ᠤ ᠲᠠᠪᠬᠤᠷᠭ᠎ᠠ ᠵᠢᠨ ᠨᠠᠰᠤᠨ᠎ᠳᠤ ᠦᠯᠤ ᠬᠦᠷᠦᠭᠰᠡᠳ᠎ᠢ ᠬᠠᠮᠠᠭ᠋ᠠᠯᠠᠬᠤ ᠠᠵᠢᠯ᠎ᠢ ᠨᠢᠬᠡᠳᠤᠯᠳᠡᠢ ᠵᠤᠬᠢᠴᠠᠭᠤᠯᠬᠤ ᠪᠠᠢ᠌ᠭᠤᠯᠤᠮᠵᠢ ᠵᠢᠡᠭᠭᠢᠨᠢ᠎ᠪᠠᠷ ᠪᠠᠢ᠌ᠭᠤᠯᠤᠬᠳᠠᠯ᠎ᠠ᠃ ᠡᠢ᠌ᠮᠤᠷᠬᠦᠤ ᠨᠦᠬᠦᠴᠡᠯ ᠪᠠᠢ᠌ᠳᠠᠯ᠎ᠨᠢ ᠠᠷᠠᠳ᠎ᠤᠨ ᠶᠠᠪᠤᠳᠠᠯ᠎ᠤᠨ ᠶᠠᠮᠤᠨ᠎ᠳᠤ ᠰᠢᠨ᠎ᠡ ᠲᠡᠤᠬᠡᠨ ᠡᠬᠦᠷᠬᠡ ᠵᠢ ᠤᠯᠭᠤᠬᠰᠠᠨ ᠪᠦᠬᠡᠳ ᠰᠢᠨ᠎ᠠ ᠴᠠᠭ ᠦᠶ᠎ᠡ ᠵᠢᠨ ᠡᠬᠦᠷᠬᠡ ᠬᠠᠷᠢᠭᠤᠴᠠᠯᠭ᠎ᠠ ᠵᠢ᠎ᠨᠢ ᠤᠯᠠᠮ ᠲᠤᠪᠤᠢ᠌ᠯᠭ᠋ᠠᠬᠰᠠᠨ ᠶᠤᠮ᠂ ᠡᠨᠡ᠎ᠨᠢ ᠠᠷᠠᠳ᠎ᠤᠨ ᠶᠠᠪᠤᠳᠠᠯ᠎ᠤᠨ ᠠᠵᠢᠯ᠎ᠳᠤ ᠨᠡᠡᠭ ᠡᠴᠢᠨ᠎ᠡ ᠨᠦᠯᠦᠬᠡ ᠦᠵᠡᠬᠦᠯᠬᠦ ᠪᠦᠬᠡᠳ ᠠᠷᠠᠳ᠎ᠤᠨ ᠶᠠᠪᠤᠳᠠᠯ᠎ᠤᠨ ᠠᠵᠢᠯ᠎ᠤᠨ ᠲᠠᠷᠭ᠋ᠠᠴᠢ ᠵᠢᠨ ᠠᠯᠬᠤᠮ᠎ᠳᠤ ᠴᠢᠭᠯᠡᠯ᠎ᠢ ᠵᠢᠭ᠋ᠠᠵᠤ ᠦᠭᠭᠦᠭᠰᠡᠨ ᠬᠡᠷᠡᠭ ᠪᠤᠯᠬᠤ ᠶᠤᠮ᠃

      ᠤᠳᠤᠷᠢᠳᠬᠤ ᠲᠤᠭᠤᠢ᠌ᠯᠠᠡᠭ ᠪᠠᠢ᠌ᠭᠤᠯᠤᠬᠳᠠᠬᠰᠠᠨ᠎ᠨᠢ ᠲᠦᠪ ᠬᠤᠷᠢᠶᠠᠨ᠎ᠤ ᠲᠠᠪᠬᠤᠷᠭ᠎ᠠ᠎ᠠᠴᠠ ᠨᠢᠬᠡᠳᠤᠯᠳᠡᠢ ᠵᠤᠬᠢᠴᠠᠭᠤᠯᠬᠤ ᠪᠠᠢ᠌ᠭᠤᠯᠤᠮᠵᠢ ᠪᠠᠢ᠌ᠭᠤᠯᠤᠬᠳᠠᠬᠰᠠᠨ᠎ᠤ ᠪᠡᠯᠬᠡ ᠲᠡᠮᠳᠡᠭ ᠪᠤᠯᠬᠤ ᠶᠤᠮ

      ᠤᠳᠤᠷᠢᠳᠬᠤ ᠲᠤᠭᠤᠢ᠌ᠯᠠᠡᠭ ᠪᠠᠢ᠌ᠭᠤᠯᠤᠬᠳᠠᠬᠰᠠᠨ᠎ᠨᠢ ᠨᠠᠮ᠎ᠤᠨ ᠲᠦᠪ ᠬᠤᠷᠢᠶ᠎ᠠ ᠨᠠᠰᠤᠨ᠎ᠳᠤ ᠦᠯᠤ ᠬᠦᠷᠦᠭᠰᠡᠳ᠎ᠢ ᠬᠠᠮᠠᠭ᠋ᠠᠯᠠᠬᠤ ᠬᠠᠤᠯᠢ ᠵᠢ ᠲᠤᠭᠤᠰᠢᠯᠠᠭᠤᠯᠤᠨ ᠨᠠᠢ᠌ᠳᠠᠪᠤᠷᠢᠵᠢᠭᠤᠯᠬᠤ᠂ ᠬᠠᠤᠯᠢ᠎ᠪᠠᠷ ᠲᠤᠬᠳᠠᠭ᠋ᠠᠬᠰᠠᠨ ᠡᠬᠦᠷᠬᠡ ᠬᠠᠷᠢᠭᠤᠴᠠᠯᠭ᠎ᠠ᠎ᠪᠠᠨ ᠦᠨᠡᠨ ᠬᠦ᠌ ᠪᠡᠶᠡᠯᠡᠬᠦᠯᠬᠦ ᠵᠢᠨ ᠵᠠᠢ᠌ᠯᠠᠰᠢ ᠦᠬᠡᠢ ᠱᠠᠭ᠋ᠠᠷᠳᠠᠯᠭ᠎ᠠ ᠪᠤᠯᠬᠤ ᠪᠦᠬᠡᠳ ᠮᠥᠨ ᠴᠦ᠍ ᠨᠠᠰᠤᠨ᠎ᠳᠤ ᠦᠯᠤ ᠬᠦᠷᠦᠭᠰᠡᠳ᠎ᠤᠨ ᠬᠠᠤᠯᠢ ᠶᠤᠰᠤᠨ᠎ᠤ ᠡᠷᠬᠡ ᠠᠰᠢᠭ᠎ᠢ ᠬᠠᠮᠠᠭ᠋ᠠᠯᠠᠬᠤ ᠠᠬᠤᠢ᠌ᠴᠢ ᠱᠠᠭ᠋ᠠᠷᠳᠠᠯᠭ᠎ᠠ ᠪᠠᠢ᠌ᠵᠤ᠂ ᠰᠢᠨ᠎ᠡ ᠴᠠᠭ ᠦᠶ᠎ᠡ ᠵᠢᠨ ᠨᠠᠰᠤᠨ᠎ᠳᠤ ᠦᠯᠤ ᠬᠦᠷᠦᠭᠰᠡᠳ᠎ᠢ ᠬᠠᠮᠠᠭ᠋ᠠᠯᠠᠬᠤ ᠠᠵᠢᠯ᠎ᠳᠤ ᠴᠢᠬᠤᠯᠨ ᠠᠴᠢ ᠬᠤᠯᠪᠤᠬᠳᠠᠯ᠎ᠲᠠᠢ ᠶᠠᠪᠤᠳᠠᠯ ᠮᠥᠨ᠃
      ᠨᠠᠰᠤᠨ  ᠎ᠳᠤ ᠦᠯᠤ ᠬᠦᠷᠦᠭᠰᠡᠳ᠎ᠢ ᠬᠠᠮᠠᠭ᠋ᠠᠯᠠᠬᠤ ᠠᠵᠢᠯ᠎ᠢ ᠨᠢᠬᠡᠳᠤᠯᠳᠡᠢ ᠵᠤᠬᠢᠴᠠᠭᠤᠯᠬᠤ ᠲᠤᠬᠳᠠᠯᠴᠠᠭ᠎ᠠ ᠵᠢ ᠤᠯᠠᠮ ᠨᠢᠬᠡ ᠠᠯᠬᠤᠮ ᠴᠢᠷᠮᠠᠢ᠌ᠨ ᠪᠡᠬᠢᠵᠢᠬᠦᠯᠵᠤ᠂ ᠦᠨᠳᠤᠷ ᠵᠢᠡᠭᠳᠠᠭ᠋ᠠᠨ᠎ᠤ ᠲᠦᠯᠦᠪᠵᠢᠬᠦᠯᠬᠡ᠎ᠪᠠᠷ ᠬᠠᠮᠠᠭ᠋ᠠᠯᠠᠬᠤ ᠶᠠᠰᠤ ᠴᠢᠨᠠᠷ᠎ᠢ ᠲᠡᠭᠡᠭᠰᠢᠯᠡᠬᠦᠯᠬᠦ ᠪᠤᠯᠤᠨ᠎ᠠ᠃ ᠨᠠᠰᠤᠨ᠎ᠳᠤ ᠦᠯᠤ ᠬᠦᠷᠦᠭᠰᠡᠳ᠎ᠢ ᠬᠠᠮᠠᠭ᠋ᠠᠯᠠᠬᠤ ᠠᠵᠢᠯ᠎ᠨᠢ ᠭᠤᠤᠯ ᠴᠤᠬ᠍ᠴᠨ᠎ᠨᠢ ᠲᠠᠷᠬᠠᠢ ᠪᠤᠳᠠᠷᠬᠠᠢ ᠪᠤᠯᠤᠨ ᠬᠠᠮᠳᠤᠷᠠᠯᠴᠠᠨ ᠬᠦᠴᠤᠯᠡᠬᠦ ᠬᠤᠶᠠᠷ ᠲᠠᠯᠠᠳᠤ ᠰᠢᠨᠵᠢ᠎ᠲᠠᠢ ᠶᠤᠮ᠃ ᠨᠢᠬᠡ ᠲᠠᠯ᠎ᠠ᠎ᠪᠠᠷ᠂ ᠨᠠᠰᠤᠨ᠎ᠳᠤ ᠦᠯᠤ ᠬᠦᠷᠦᠭᠰᠡᠳ᠎ᠢ ᠬᠠᠮᠠᠭ᠋ᠠᠠᠯᠬᠤ ᠠᠵᠢᠯ᠎ᠤᠨ ᠴᠡᠭ ᠤᠯᠠᠨ᠂ ᠰᠢᠵᠢᠮ᠎ᠨᠢ ᠤᠷᠳᠤ᠂ ᠠᠷᠠᠳ᠎ᠤᠨ ᠶᠠᠪᠤᠳᠠᠯ᠂ ᠰᠤᠷᠭ᠋ᠠᠨ ᠬᠦᠮᠤᠵᠢᠯ᠂ ᠬᠠᠤᠯᠢ ᠴᠠᠭ᠋ᠠᠵᠨ᠂ ᠡᠷᠡᠬᠦᠯ ᠬᠠᠮᠠᠭ᠋ᠠᠯᠠᠯ ᠡᠷᠡᠬᠦᠯ ᠮᠡᠨᠳᠤ᠂ ᠲᠤᠤᠷ ᠰᠦᠯᠵᠢᠶ᠎ᠡ ᠴᠢᠮᠡᠬᠡ ᠨᠡᠪᠳᠡᠷᠡᠯᠬᠡ ᠵᠡᠷᠬᠡ ᠤᠯᠠᠨ ᠬᠦᠷᠢᠶ᠎ᠡ ᠴᠠᠷᠠᠭ᠎ᠠ᠎ᠲᠠᠢ ᠬᠤᠯᠪᠤᠬᠳᠠᠬᠤ ᠪᠤᠯᠬᠤᠷ ᠬᠠᠮᠢᠶ᠎ᠠ ᠪᠦᠬᠦᠢ ᠰᠠᠯᠠᠭ᠎ᠠ ᠮᠦᠴᠢᠷ ᠡᠬᠦᠷᠬᠡ ᠬᠠᠷᠢᠭᠤᠴᠠᠯᠭ᠎ᠠ᠎ᠪᠠᠨ ᠬᠠᠤᠯᠢ ᠶᠤᠰᠤᠭ᠋ᠠᠷ ᠬᠦᠢ᠍ᠴᠡᠳᠬᠡᠵᠤ᠂ ᠬᠠᠮᠠᠭ᠋ᠠᠯᠠᠬᠤ ᠪᠠ ᠲᠤᠰᠠᠯᠠᠬᠤ ᠠᠵᠢᠯ᠎ᠢ ᠰᠠᠢ᠌ᠳᠤᠷ ᠬᠢᠬᠦ ᠬᠡᠷᠡᠭᠳᠡᠢ ᠶᠤᠮ᠃ ᠨᠦᠬᠦᠬᠡ ᠲᠠᠯ᠎ᠠ᠎ᠪᠠᠷ᠂ ᠨᠠᠰᠤᠨ᠎ᠳᠤ ᠦᠯᠤ ᠬᠦᠷᠦᠭᠰᠡᠳ᠎ᠢ ᠬᠠᠮᠠᠭ᠋ᠠᠯᠠᠬᠤ ᠠᠵᠢᠯ ᠪᠤᠯ ᠨᠡᠢ᠌ᠬᠡᠮ᠎ᠤᠨ᠂ ᠠᠰᠠᠷᠠᠮᠵᠢ ᠵᠢᠨ᠂ ᠰᠤᠷᠭ᠋ᠠᠨ ᠬᠦᠮᠤᠵᠢᠯ᠎ᠤᠨ᠂ ᠬᠠᠤᠯᠢ ᠴᠠᠭ᠋ᠠᠵᠨ ᠵᠢᠨ᠎ᠬᠢᠨ᠎ᠤ ᠠᠵᠢᠯ᠂ ᠤᠨᠴᠠᠭ᠋ᠠᠢ ᠬᠡᠷᠡᠭ᠎ᠤᠨ ᠠᠵᠢᠯ ᠤᠯᠠᠨ ᠶᠠᠡᠭᠵᠤ ᠵᠢᠨ ᠴᠢᠳᠠᠪᠬᠢ ᠵᠢᠨ ᠶᠡᠷᠤᠡᠭᠭᠡᠢ᠌ᠯᠡᠯ ᠮᠥᠨ ᠪᠤᠯᠬᠤᠷ ᠬᠠᠮᠢᠶ᠎ᠠ ᠪᠦᠬᠦᠢ ᠰᠠᠯᠠᠭ᠎ᠠ ᠮᠦᠴᠢᠷ ᠨᠢᠬᠳᠠ ᠬᠠᠮᠵᠢᠯᠴᠠᠵᠤ᠂ ᠴᠢᠨᠠᠷᠵᠢᠭᠤᠨ ᠬᠤᠯᠪᠤᠭ᠋ᠠᠯᠠᠵᠤ᠂ ᠨᠠᠰᠤᠨ᠎ᠳᠤ ᠦᠯᠤ ᠬᠦᠷᠦᠭᠰᠡᠳ᠎ᠢ ᠬᠠᠮᠠᠭ᠋ᠠᠯᠠᠬᠤ ᠠᠵᠢᠯ᠎ᠤᠨ ᠤᠷᠭ᠋ᠠᠨᠢᠭ ᠴᠤᠬ᠍ᠴᠨ ᠪᠤᠯᠬᠤ ᠴᠢᠬᠤᠯᠠᠳᠠᠢ᠃ ᠵᠠᠰᠠᠭ᠎ᠤᠨ ᠤᠷᠳᠤᠨ᠎ᠤ ᠡᠯ᠎ᠡ ᠡᠷᠬᠡ ᠲᠤᠰᠢᠶᠠᠯᠳᠤ ᠰᠠᠯᠠᠭ᠎ᠠ ᠮᠦᠴᠢᠷ᠎ᠢ ᠦᠪᠡᠷ ᠦᠪᠡᠷ᠎ᠤᠨ ᠬᠠᠷᠢᠭᠤᠴᠠᠯᠭ᠎ᠠ᠎ᠪᠠᠨ ᠡᠬᠦᠷᠬᠡᠯᠡᠵᠤ᠂ ᠬᠠᠷᠢᠯᠴᠠᠨ ᠬᠠᠮᠵᠢᠯᠴᠠᠵᠤ ᠡᠬᠢ ᠪᠠᠶᠠᠯᠢᠭ ᠵᠶ᠋ᠡᠨ ᠬᠠᠮᠳᠤ᠎ᠪᠠᠷ ᠡᠳ᠋ᠯᠡᠬᠦ ᠪᠤᠯᠭ᠋ᠠᠵᠤ᠂ ᠪᠦᠬᠦᠯᠢ ᠴᠤᠬ᠍ᠴᠠ ᠵᠢᠨ ᠴᠢᠳᠠᠪᠬᠢ ᠵᠢ ᠬᠡᠰᠡᠭ ᠪᠦᠯᠦᠭ᠎ᠤᠨ ᠨᠡᠢ᠌ᠯᠡᠪᠤᠷᠢ᠎ᠠᠴᠠ ᠶᠡᠬᠡ ᠪᠤᠯᠭ᠋ᠠᠬᠤ ᠵᠢᠨ ᠲᠦᠯᠦᠬᠡ ᠨᠢᠬᠡᠳᠤᠯᠳᠡᠢ ᠵᠤᠬᠢᠴᠠᠭᠤᠯᠬᠤ ᠲᠤᠬᠳᠠᠯᠴᠠᠭ᠎ᠠ ᠵᠢ ᠪᠠᠢ᠌ᠭᠤᠯᠬᠤ ᠬᠡᠷᠡᠭᠳᠡᠢ ᠶᠤᠮ᠃ ᠡᠢ᠌ᠮᠤ᠎ᠠᠴᠠ ᠰᠢᠨ᠎ᠡ᠎ᠪᠠᠷ ᠵᠠᠰᠠᠪᠤᠷᠢ ᠤᠷᠤᠭᠤᠯᠤᠬᠰᠠᠨ ᠨᠠᠰᠤᠨ᠎ᠳᠤ ᠦᠯᠤ ᠬᠦᠷᠦᠭᠰᠡᠳ᠎ᠢ ᠬᠠᠮᠠᠭ᠋ᠠᠯᠠᠬᠤ ᠬᠠᠤᠯᠢ ᠠᠡᠭᠬ᠎ᠠ ᠤᠳᠠᠭ᠎ᠠ ᠬᠠᠤᠯᠢ ᠴᠠᠭ᠋ᠠᠵᠨ ᠵᠢᠨ ᠲᠠᠪᠬᠤᠷᠭ᠎ᠠ᠎ᠠᠴᠠ ᠲᠤᠳᠤᠷᠬᠠᠢ ᠲᠤᠬᠳᠠᠭ᠋ᠠᠯ ᠭᠠᠷᠭ᠋ᠠᠵᠤ᠂ ᠰᠢᠶᠠᠨ᠎ᠠᠴᠠ ᠲᠡᠭᠡᠭᠰᠢᠬᠢ ᠠᠷᠠᠳ᠎ᠤᠨ ᠵᠠᠰᠠᠭ᠎ᠤᠨ ᠤᠷᠳᠤᠨ ᠨᠠᠰᠤᠨ᠎ᠳᠤ ᠦᠯᠤ ᠬᠦᠷᠦᠭᠰᠡᠳ᠎ᠢ ᠬᠠᠮᠠᠭ᠋ᠠᠯᠠᠬᠤ ᠠᠵᠢᠯ᠎ᠢ ᠵᠤᠬᠢᠴᠠᠭᠤᠯᠬᠤ ᠲᠤᠬᠳᠠᠯᠴᠠᠭ᠎ᠠ ᠵᠢ ᠪᠠᠢ᠌ᠭᠤᠯᠤᠨ᠂ ᠨᠢᠬᠡᠳᠤᠯᠳᠡᠢ ᠪᠠᠢ᠌ᠷᠢᠯᠠᠭᠤᠯᠬᠤ᠂ ᠵᠤᠬᠢᠴᠠᠭᠤᠯᠬᠤ ᠪᠠ ᠱᠠᠭ᠋ᠠᠷᠳᠠᠨ ᠪᠠᠢ᠌ᠴᠠᠭ᠋ᠠᠬᠤ᠂ ᠵᠢᠭ᠋ᠠᠨ ᠵᠢᠯᠤᠭᠤᠳᠬᠤ ᠦᠢ᠍ᠯᠡᠳᠤᠯ ᠵᠶ᠋ᠡᠨ ᠪᠠᠳᠠᠷᠠᠭᠤᠯᠬᠤ ᠬᠡᠷᠡᠭᠳᠡᠢ ᠬᠡᠵᠡᠢ᠃ ᠡᠨᠡ᠎ᠨᠢ ᠦᠢ᠍ᠯᠡᠳᠤᠯᠬᠡ ᠵᠢᠨ ᠰᠦᠪᠡᠭᠴᠢᠯᠡᠯ ᠬᠢᠬᠦ᠎ᠳᠤ ᠬᠠᠤᠯᠢ ᠴᠠᠭ᠋ᠠᠵᠨ ᠵᠢᠨ ᠪᠠᠷᠢᠮᠳᠠ ᠬᠠᠡᠭᠭ᠋ᠠᠬᠰᠠᠨ ᠪᠠᠢ᠌ᠨ᠎ᠠ᠃ ᠲᠦᠷᠤ ᠵᠢᠨ ᠶᠠᠪᠤᠳᠠᠯ᠎ᠤᠨ ᠬᠤᠷᠢᠶᠠᠨ᠎ᠤ ᠤᠳᠤᠷᠢᠳᠬᠤ ᠲᠤᠭᠤᠢ᠌ᠯᠠᠡᠭ ᠪᠠᠢ᠌ᠭᠤᠯᠤᠬᠳᠠᠬᠰᠠᠨ᠎ᠨᠢ ᠶᠠᠭ ᠰᠠᠢ᠌ᠬᠠᠨ ᠡᠨᠡ ᠬᠦ᠌ ᠬᠠᠤᠯᠢ ᠵᠢᠨ ᠲᠤᠭᠳᠠᠭ᠋ᠠᠯ᠎ᠢ ᠲᠤᠬᠠᠢ ᠬᠠᠷᠢᠭᠤ ᠲᠤᠰᠬᠠᠯ ᠪᠦᠬᠡᠳ ᠲᠤᠭᠤᠰᠢᠯᠠᠭᠤᠯᠵᠤ ᠪᠠᠢ᠌ᠭ᠎ᠠ ᠶᠠᠪᠤᠳᠠᠯ ᠮᠥᠨ᠂ ᠦᠬᠡᠷ᠎ᠡ᠎ᠪᠠᠷ ᠬᠡᠯᠡᠪᠡᠯ᠂ ᠨᠠᠮ᠎ᠤᠨ ᠲᠦᠪ ᠬᠤᠷᠢᠶᠠᠨ᠎ᠤ ᠲᠠᠪᠬᠤᠷᠭ᠎ᠠ᠎ᠠᠴᠠ ᠤᠷᠢᠳ ᠵᠶ᠋ᠡᠷ ᠨᠢᠬᠡᠳᠤᠯᠳᠡᠢ ᠵᠤᠬᠢᠴᠠᠭᠤᠯᠬᠤ ᠲᠤᠬᠳᠠᠯᠴᠠᠭ᠎ᠠ ᠵᠢ ᠪᠠᠢ᠌ᠭᠤᠯᠵᠤ᠂ ᠨᠢᠬᠡ ᠲᠦᠷᠤᠯ ᠵᠦᠢ᠍ᠯ᠎ᠤᠨ ᠠᠵᠢᠯ᠎ᠢ ᠵᠠᠷᠴᠢᠮ ᠲᠡᠬᠡᠷ᠎ᠡ᠎ᠪᠠᠨ ᠨᠢᠬᠡ ᠰᠠᠯᠠᠭ᠎ᠠ ᠮᠦᠴᠢᠷ ᠨᠢᠬᠡᠳᠤᠯᠳᠡᠢ ᠪᠠᠢ᠌ᠷᠢᠯᠠᠭᠤᠯᠤᠨ᠂ ᠨᠢᠬᠡ ᠶᠠᠪᠤᠳᠠᠯ᠎ᠢ ᠵᠠᠷᠴᠢᠮ ᠲᠡᠬᠡᠷ᠎ᠡ᠎ᠪᠠᠨ ᠨᠢᠬᠡ ᠰᠠᠯᠠᠭ᠎ᠠ ᠮᠦᠴᠢᠷ ᠬᠠᠷᠢᠭᠤᠴᠠᠬᠤ ᠪᠤᠯᠭ᠋ᠠᠵᠠᠢ᠂ ᠡᠨᠡ᠎ᠨᠢ ᠬᠡᠰᠡᠭ ᠪᠦᠯᠦᠭ ᠰᠠᠯᠤᠡᠭᠭᠢ  ᠂ ᠬᠠᠮᠢᠶᠠᠷᠤᠯᠳᠠ ᠵᠢᠨ ᠴᠢᠳᠠᠪᠬᠢ ᠲᠠᠷᠬᠠᠢ ᠪᠤᠳᠠᠷᠬᠠᠢ ᠦᠵᠡᠭᠳᠡᠯ᠎ᠠᠴᠠ ᠵᠠᠢ᠌ᠯᠠᠰᠬᠢᠬᠦ᠎ᠳᠤ ᠠᠰᠢᠬᠳᠠᠢ ᠪᠦᠬᠡᠳ ᠰᠢᠨ᠎ᠡ ᠴᠠᠭ ᠦᠶ᠎ᠡ ᠵᠢᠨ ᠠᠷᠠᠳ᠎ᠤᠨ ᠵᠠᠰᠠᠭ᠎ᠤᠨ ᠤᠷᠳᠤᠨ ᠨᠠᠰᠤᠨ᠎ᠳᠤ ᠦᠯᠤ ᠬᠦᠷᠦᠭᠰᠡᠳ᠎ᠢ ᠬᠠᠮᠠᠭ᠋ᠠᠯᠠᠬᠤ ᠠᠵᠢᠯ᠎ᠢ ᠨᠢᠬᠡᠳᠤᠯᠳᠡᠢ ᠤᠳᠤᠷᠢᠳᠬᠤ ᠪᠠ ᠪᠦᠬᠦᠯᠢ ᠴᠤᠬ᠍ᠴᠨ᠎ᠪᠠᠷ ᠪᠠᠢ᠌ᠷᠢᠯᠠᠭᠤᠯᠵᠤ ᠪᠠᠢ᠌ᠭ᠎ᠠ ᠵᠢ ᠬᠠᠷᠠᠭᠤᠯᠵᠤ ᠪᠤᠢ ᠶᠤᠮ᠃
      ᠵᠦᠪᠯᠡᠵᠤ ᠵᠤᠬᠢᠴᠠᠭᠤᠯᠬᠤ ᠲᠦᠷᠢᠮ ᠲᠡᠬᠦᠯᠳᠡᠷᠵᠢᠬᠦ ᠵᠢ ᠠᠬᠢᠭᠤᠯᠤᠨ᠂ ᠵᠦᠪᠯᠡᠬᠦ ᠵᠤᠬᠢᠴᠠᠭᠤᠯᠬᠤ ᠪᠠᠢ᠌ᠭᠤᠯᠤᠮᠵᠢ ᠵᠢᠨ ᠡᠷᠬᠡ ᠰᠦᠷᠳᠤ ᠴᠢᠨᠠᠷ᠂ ᠦᠷ᠎ᠡ ᠪᠦᠳᠦᠮᠵᠢᠳᠤ ᠴᠢᠨᠠᠷ᠎ᠢ ᠨᠡᠮᠡᠭᠳᠡᠬᠦᠯᠦᠭᠰᠡᠨ ᠪᠠᠢ᠌ᠨ᠎ᠠ᠃   ᠵᠦᠪᠯᠡᠵᠤ ᠵᠤᠬᠢᠴᠠᠭᠤᠯᠬᠤ ᠪᠠᠢ᠌ᠭᠤᠯᠤᠮᠵᠢ ᠪᠤᠯ ᠨᠢᠬᠡᠳᠤᠯᠳᠡᠢ ᠠᠵᠢᠯᠯᠠᠬᠤ ᠵᠢᠨ ᠠᠴᠢᠶᠠᠯᠠᠪᠤᠷᠢ ᠪᠤᠯᠬᠤ ᠶᠤᠮ᠃ ᠡᠯ᠎ᠡ ᠰᠠᠯᠠᠬ᠎ᠠ᠂ ᠮᠦᠴᠢᠷ᠎ᠲᠤ ᠲᠠᠷᠬᠠᠵᠤ ᠪᠠᠢ᠌ᠭ᠎ᠠ ᠠᠵᠢᠯ᠎ᠢ ᠵᠤᠬᠢᠴᠠᠭᠤᠯᠬᠤ ᠵᠢᠨ ᠲᠦᠯᠦᠬᠡ ᠬᠤᠷᠢᠳᠤᠭ᠋ᠠᠷ ᠵᠠᠭᠤᠨ᠎ᠤ ᠶᠡᠷᠡᠬᠡᠳ ᠤᠨ᠎ᠤ ᠡᠬᠢᠨ᠎ᠳᠤ ᠲᠦᠷᠤ ᠵᠢᠨ ᠶᠠᠪᠤᠳᠠᠯ᠎ᠤᠨ ᠬᠤᠷᠢᠶ᠎ᠠ ᠵᠦᠪᠯᠡᠵᠤ ᠵᠤᠬᠢᠴᠠᠭᠤᠯᠬᠤ ᠪᠠᠢ᠌ᠭᠤᠯᠤᠮᠵᠢ — ᠲᠦᠷᠤ ᠵᠢᠨ ᠶᠠᠪᠤᠳᠠᠯ᠎ᠤᠨ ᠬᠤᠷᠢᠶᠠᠨ᠎ᠤ ᠡᠮᠡᠭᠳᠡᠢ᠌ᠴᠤᠳ ᠬᠡᠤᠬᠡᠳ᠎ᠤᠨ ᠠᠵᠢᠯ᠎ᠤᠨ ᠵᠦᠪᠯᠡᠯ᠎ᠢ ᠪᠠᠢ᠌ᠭᠤᠯᠤᠨ᠂ ᠠᠵᠢᠯᠯᠠᠬᠤ ᠭᠠᠵᠠᠷ᠎ᠢ᠎ᠨᠢ ᠪᠦᠬᠦ ᠤᠯᠤᠰ᠎ᠤᠨ ᠡᠮᠡᠭᠳᠡᠢ᠌ᠴᠤᠳ᠎ᠤᠨ ᠬᠤᠯᠪᠤᠭ᠎ᠠ᠎ᠳᠤ ᠪᠠᠢ᠌ᠷᠢᠯᠠᠭᠤᠯᠤᠬᠰᠠᠨ ᠶᠤᠮ᠃ ᠡᠬᠦᠨ᠎ᠤ ᠬᠠᠮᠳᠤ ᠨᠡᠢ᠌ᠬᠡᠮ᠎ᠤᠨ ᠠᠮᠤᠷ᠎ᠢ ᠬᠠᠮᠠᠭ᠋ᠠᠯᠠᠬᠤ ᠶᠡᠷᠤᠡᠭᠭᠡᠢ᠌ᠯᠡᠭᠰᠡᠨ ᠵᠠᠰᠠᠯᠳᠠ ᠵᠢᠨ ᠲᠤᠮᠳᠠ ᠨᠠᠰᠤᠨ᠎ᠳᠤ ᠦᠯᠤ ᠬᠦᠷᠦᠭᠰᠡᠳ᠎ᠤᠨ ᠠᠵᠢᠯ᠎ᠢ ᠴᠢᠡᠭᠭ᠋ᠠᠷᠠᠭᠤᠯᠬᠤ ᠵᠢᠨ ᠲᠦᠯᠦᠬᠡ ᠨᠠᠮ᠎ᠤᠨ ᠲᠦᠪ ᠬᠤᠷᠢᠶᠠᠨ᠎ᠤ ᠶᠡᠷᠤᠡᠭᠭᠡᠢ᠌ᠯᠡᠨ ᠵᠠᠰᠠᠬᠤ ᠵᠦᠪᠯᠡᠯ᠎ᠳᠤ ᠴᠦ᠍ ᠵᠠᠯᠠᠭᠤᠴᠤᠳ ᠪᠠᠭ᠋ᠠᠴᠤᠳ᠎ᠤᠨ ᠶᠠᠯ᠎ᠠ ᠬᠢᠬᠦ᠎ᠠᠴᠠ ᠰᠡᠷᠬᠡᠢ᠌ᠯᠡᠬᠦ ᠲᠤᠰᠬᠠᠢ ᠲᠦᠷᠤᠯ᠎ᠤᠨ ᠲᠤᠭᠤᠢ᠌ᠯᠠᠡᠭ᠎ᠢ ᠪᠠᠢ᠌ᠭᠤᠯᠵᠤ᠂ ᠠᠵᠢᠯᠯᠠᠬᠤ ᠭᠠᠵᠠᠷ᠎ᠢ᠎ᠨᠢ ᠲᠤᠮᠳᠠᠳᠤ ᠤᠯᠤᠰ᠎ᠤᠨ ᠡᠪ ᠬᠠᠮᠳᠤ ᠵᠠᠯᠠᠭᠤᠴᠤᠳ᠎ᠤᠨ ᠡᠪᠯᠡᠯ᠎ᠤᠨ ᠲᠦᠪ ᠬᠤᠷᠢᠶ᠎ᠠ᠎ᠳᠤ ᠪᠠᠢ᠌ᠷᠢᠯᠠᠭᠤᠯᠪᠠ᠃ ᠡᠯ᠎ᠡ ᠭᠠᠵᠠᠷ ᠤᠷᠤᠨ ᠲᠦᠪ ᠬᠤᠷᠢᠶᠠᠨ᠎ᠤ ᠠᠷᠭ᠎ᠠ᠎ᠪᠠᠷ ᠮᠥᠨ ᠴᠦ᠍ ᠬᠠᠷᠠᠭ᠋ᠠᠯᠵᠠᠬᠰᠠᠨ ᠲᠤᠬᠳᠠᠯᠴᠠᠭ᠎ᠠ ᠵᠢ ᠪᠠᠢ᠌ᠭᠤᠯᠤᠬᠰᠠᠨ ᠶᠤᠮ᠃ ᠡᠮᠦᠨ᠎ᠡ ᠲᠤᠷᠠᠳᠤᠬᠰᠠᠨ ᠲᠤᠬᠳᠠᠯᠴᠠᠭ᠎ᠠ᠎ᠨᠢ ᠨᠠᠰᠤᠨ᠎ᠳᠤ ᠦᠯᠤ ᠬᠦᠷᠦᠭᠰᠡᠳ᠎ᠢ ᠬᠠᠮᠠᠭ᠋ᠠᠯᠠᠬᠤ ᠪᠠ ᠶᠠᠯ᠎ᠠ ᠬᠢᠬᠦ᠎ᠠᠴᠠ ᠰᠡᠷᠬᠡᠢ᠌ᠯᠡᠬᠦ ᠲᠠᠯ᠎ᠠ᠎ᠪᠠᠷ ᠢᠳᠡᠪᠬᠢ ᠦᠢ᠍ᠯᠡᠳᠤᠯ ᠭᠠᠷᠭ᠋ᠠᠵᠠᠢ᠃ ᠠᠵᠤ ᠠᠬᠤᠢ ᠨᠡᠢ᠌ᠬᠡᠮ᠎ᠤᠨ ᠬᠦᠭᠵᠢᠯᠳᠡ ᠵᠢ ᠲᠠᠭ᠋ᠠᠯᠳᠤᠨ ᠨᠠᠰᠤᠨ᠎ᠳᠤ ᠦᠯᠤ ᠬᠦᠷᠦᠭᠰᠡᠳ᠎ᠢ ᠬᠠᠮᠠᠭ᠋ᠠᠯᠠᠬᠤ ᠲᠠᠯ᠎ᠠ᠎ᠳᠤ ᠰᠢᠨ᠎ᠡ ᠠᠰᠠᠭᠤᠳᠠᠯ᠂ ᠰᠢᠨ᠎ᠡ ᠦᠷᠢᠰᠤᠯᠳᠤᠬᠡᠨ ᠪᠤᠢ ᠪᠤᠯᠵᠤ ᠵᠦᠪᠯᠡᠵᠤ ᠵᠤᠬᠢᠴᠠᠭᠤᠯᠬᠤ ᠲᠦᠷᠢᠮ᠎ᠢ ᠲᠡᠬᠦᠯᠳᠡᠷᠵᠢᠬᠦᠯᠬᠦ ᠴᠢᠬᠤᠯᠠᠳᠠᠢ ᠪᠤᠯᠪᠠ᠃ ᠡᠢ᠌ᠮᠤ᠎ᠠᠴᠠ ᠦᠡᠭᠭᠡᠷᠡᠭᠰᠡᠨ᠎ᠤ ᠲᠤᠷᠰᠢᠯᠭ᠎ᠠ᠎ᠪᠠᠨ ᠳ᠋ᠦᠡᠭᠨᠡᠭᠰᠡᠨ᠎ᠤ ᠰᠠᠭᠤᠷᠢᠨ ᠲᠡᠬᠡᠷ᠎ᠡ ᠰᠢᠨ᠎ᠡ ᠴᠠᠭ ᠦᠶ᠎ᠡ ᠵᠢᠨ ᠨᠠᠰᠤᠨ᠎ᠳᠤ ᠦᠯᠤ ᠬᠦᠷᠦᠭᠰᠡᠳ᠎ᠢ ᠬᠠᠮᠠᠭ᠋ᠠᠯᠠᠬᠤ ᠠᠵᠢᠯ᠎ᠤᠨ ᠬᠡᠷᠡᠭᠴᠡᠬᠡ ᠱᠠᠭ᠋ᠠᠷᠳᠠᠯᠭ᠎ᠠ ᠵᠢ ᠦᠨᠳᠤᠰᠤᠯᠡᠨ ᠤᠳᠤᠷᠢᠳᠬᠤ ᠲᠤᠭᠤᠢ᠌ᠯᠠᠡᠭ᠎ᠨᠢ ᠠᠯᠪᠠᠨ ᠬᠡᠷ ᠵᠶ᠋ᠡᠨ ᠠᠷᠠᠳ᠎ᠤᠨ ᠶᠠᠪᠤᠳᠠᠯ᠎ᠤᠨ ᠶᠠᠮᠤᠨ᠎ᠳᠤ ᠲᠤᠬᠢᠷᠠᠭᠤᠯᠤᠬᠰᠠᠨ ᠶᠤᠮ᠃ ᠡᠨᠡ᠎ᠨᠢ ᠭᠤᠤᠯᠳᠠᠭᠤ ᠨᠠᠰᠤᠨ᠎ᠳᠤ ᠦᠯᠤ ᠬᠦᠷᠦᠭᠰᠡᠳ᠎ᠢ ᠬᠠᠮᠠᠭ᠋ᠠᠯᠠᠬᠤ ᠠᠵᠢᠯ᠎ᠤᠨ ᠭᠤᠤᠯ ᠠᠰᠠᠭᠤᠳᠠᠯ᠎ᠨᠢ ᠬᠠᠷᠠᠭ᠋ᠠᠯᠵᠠᠨ ᠬᠠᠮᠠᠭ᠋ᠠᠯᠠᠬᠤ ᠬᠠᠷᠢᠭᠤᠴᠠᠯᠠᠭ ᠵᠢ ᠨᠠᠢ᠌ᠳᠠᠪᠤᠷᠢᠵᠢᠭᠤᠯᠬᠤ ᠶᠠᠪᠤᠳᠠᠯ ᠪᠤᠯᠬᠤ ᠪᠦᠬᠡᠳ ᠬᠡᠷ ᠪᠦᠯᠢ ᠵᠢᠨ ᠬᠠᠷᠠᠭ᠋ᠠᠯᠵᠠᠯ ᠬᠠᠮᠠᠭ᠋ᠠᠯᠠᠯ ᠲᠤᠳᠠᠬᠤ ᠪᠤᠶᠤ ᠬᠠᠷᠠᠭ᠋ᠠᠯᠵᠠᠯ ᠬᠠᠮᠠᠭ᠋ᠠᠯᠠᠬᠤ᠎ᠨᠢ ᠵᠤᠬᠢᠰ ᠦᠬᠡᠢ ᠦᠶ᠎ᠡ᠎ᠳᠤ ᠵᠠᠰᠠᠭ᠎ᠤᠨ ᠤᠷᠳᠤᠨ  ᠎ᠠᠴᠠ ᠨᠦᠬᠦᠪᠤᠷᠢᠯᠡᠬᠦ (ᠡᠬᠦᠨ᠎ᠳᠤ ᠬᠡᠷ ᠪᠦᠯᠢ ᠵᠢᠨ ᠬᠠᠷᠠᠭ᠋ᠠᠯᠵᠠᠨ ᠬᠠᠮᠠᠭ᠋ᠠᠯᠠᠯ᠎ᠢ ᠬᠢᠨᠠᠨ ᠱᠠᠭ᠋ᠠᠷᠳᠠᠬᠤ᠂ ᠲᠡᠮᠵᠢᠬᠦ ᠪᠠ ᠭᠠᠷ ᠲᠦᠷᠤᠬᠦ ᠵᠢ ᠪᠠᠬᠳᠠᠭ᠋ᠠᠨ᠎ᠠ) ᠵᠢ ᠪᠤᠳᠤᠯᠬᠢᠯᠠᠬᠰᠠᠨ᠎ᠠᠴᠠ ᠪᠤᠯᠵᠠᠢ᠃ ᠬᠡᠵᠢᠶ᠎ᠡ ᠴᠦ᠍ ᠡᠬᠦᠰᠴᠤ ᠮᠡᠳᠡᠬᠦ ᠡᠳᠤᠷ ᠲᠤᠳᠤᠮ᠎ᠤᠨ ᠡᠳᠡᠬᠡᠷ ᠶᠠᠪᠤᠳᠠᠯ᠎ᠢ ᠡᠳᠤᠷ ᠲᠤᠳᠤᠮ᠎ᠤᠨ ᠵᠠᠰᠠᠭ ᠵᠠᠬᠢᠷᠭ᠋ᠠᠨ᠎ᠤ ᠬᠠᠮᠢᠶᠠᠷᠤᠯᠳᠠ ᠵᠢᠨ ᠴᠢᠳᠠᠪᠬᠢᠳᠤ ᠰᠠᠯᠠᠭ᠎ᠠ ᠮᠦᠴᠢᠷ ᠬᠠᠷᠢᠭᠤᠴᠠᠨ ᠬᠡᠷᠡᠭᠵᠢᠬᠦᠯᠪᠡᠯ ᠵᠤᠬᠢᠬᠤ ᠶᠤᠮ᠃ ᠤᠯᠤᠰ᠎ᠤᠨ ᠡᠯ᠎ᠡ ᠶᠠᠮᠤᠨ ᠵᠦᠪᠯᠡᠯ᠎ᠤᠨ ᠲᠤᠳᠤᠷ᠎ᠠ ᠠᠷᠠᠳ᠎ᠤᠨ ᠶᠠᠪᠤᠳᠠᠯ᠎ᠤᠨ ᠰᠠᠯᠠᠭ᠎ᠠ ᠮᠦᠴᠢᠷ᠎ᠲᠤ ᠬᠡᠤᠬᠡᠳ᠎ᠤᠨ ᠠᠰᠠᠷᠠᠮᠵᠢ ᠵᠢᠨ ᠲᠤᠰᠬᠠᠢ ᠪᠠᠢ᠌ᠭᠤᠯᠤᠮᠵᠢ ᠠᠯᠠᠭ᠎ᠠ᠂ ᠦᠨᠤᠴᠢᠨ ᠬᠡᠤᠬᠡᠳ᠂ ᠬᠦᠴᠢᠷᠳᠡᠯᠳᠡᠢ ᠬᠡᠤᠬᠡᠳ᠂ ᠬᠦᠳᠡᠬᠡ ᠲᠤᠰᠬᠤᠨ᠎ᠤ ᠬᠡᠷ᠎ᠲᠤ᠎ᠪᠠᠨ ᠬᠤᠴᠤᠷᠤᠬᠰᠠᠨ ᠬᠡᠤᠬᠡᠳ᠎ᠤᠳ᠎ᠤᠨ ᠨᠠᠭ᠋ᠠᠳᠤ ᠵᠠᠬ᠎ᠠ ᠵᠢᠨ ᠠᠮᠢᠳᠤᠷᠠᠯ᠎ᠤᠨ ᠪᠠᠳᠤᠯᠠᠭ᠎ᠠ ᠵᠢᠨ ᠠᠵᠢᠯ᠎ᠢ ᠤᠷᠳᠤ ᠬᠤᠭᠤᠴᠠᠭ᠎ᠠ᠎ᠪᠠᠷ ᠡᠬᠦᠷᠬᠡᠯᠡᠬᠦ᠎ᠳᠤ ᠬᠠᠷᠠᠭ᠋ᠠᠯᠵᠠᠨ ᠬᠠᠮᠠᠭ᠋ᠠᠯᠠᠬᠤ᠎ᠳᠤ ᠭᠠᠷ ᠲᠦᠷᠤᠬᠦ ᠪᠤᠯᠤᠨ ᠬᠡᠷᠡᠭᠴᠡᠬᠡ ᠱᠠᠭ᠋ᠠᠷᠳᠠᠯᠭ᠎ᠠ᠎ᠲᠠᠢ ᠨᠠᠰᠤᠨ᠎ᠳᠤ ᠦᠯᠤ ᠬᠦᠷᠦᠭᠰᠡᠳ᠎ᠲᠤ ᠲᠦᠷ ᠴᠠᠭ᠎ᠤᠨ ᠬᠠᠷᠠᠭ᠋ᠠᠯᠵᠠᠨ ᠬᠠᠮᠠᠭ᠋ᠠᠯᠠᠯ ᠬᠠᠡᠭᠭ᠋ᠠᠬᠤ᠂ ᠤᠷᠳᠤ ᠬᠤᠭᠤᠴᠠᠭ᠎ᠠ᠎ᠪᠠᠷ ᠬᠠᠷᠠᠭ᠋ᠠᠯᠵᠠᠨ ᠬᠠᠮᠠᠭ᠋ᠠᠯᠠᠬᠤ ᠲᠤᠷᠰᠢᠯᠭ᠎ᠠ ᠪᠠ ᠪᠡᠯᠡᠳᠬᠡᠯ ᠲᠦᠬᠦᠬᠡᠷᠤᠮᠵᠢ᠎ᠲᠠᠢ᠂ ᠠᠵᠢᠯ᠎ᠤᠨ ᠲᠤᠮᠳᠠ᠎ᠪᠠᠨ ᠲᠡᠬᠡᠷ᠎ᠡ᠎ᠠᠴᠠ ᠲᠤᠷᠤᠬᠰᠢᠬᠢ ᠠᠵᠢᠯ  ᠎ᠤᠨ ᠡᠩᠨᠡᠭᠡ ᠪᠠ ᠨᠢᠬᠡ ᠤᠯᠠᠨ ᠲᠤᠬᠠᠢ᠌ᠯᠠᠬᠰᠠᠨ ᠠᠵᠢᠯ᠎ᠤᠨ ᠪᠠᠷᠢᠮᠵᠢᠶ᠎ᠠ᠂ ᠲᠦᠷᠢᠮ ᠲᠤᠬᠳᠠᠭ᠋ᠠᠯ᠎ᠤᠨ ᠲᠦᠷᠢᠮᠵᠢᠯ᠂ ᠡᠳᠤᠷ ᠲᠤᠳᠤᠮ᠎ᠤᠨ ᠬᠠᠮᠢᠶᠠᠷᠤᠯᠳᠠ ᠵᠢᠨ ᠴᠢᠳᠠᠪᠬᠢ ᠵᠢ ᠬᠦᠢ᠍ᠴᠡᠳᠬᠡᠬᠦ ᠨᠦᠬᠦᠴᠡᠯ᠎ᠢ ᠪᠦᠷᠢᠯᠳᠤᠬᠦᠯᠤᠨ᠎ᠡ᠃ ᠡᠬᠦᠨ᠎ᠤ ᠬᠠᠮᠳᠤ ᠦᠡᠭᠭᠡᠷᠡᠭᠰᠡᠨ᠎ᠤ ᠬᠦᠳᠡᠬᠡ ᠲᠤᠰᠬᠤᠨ᠎ᠤ ᠬᠡᠷ᠎ᠲᠤ᠎ᠪᠠᠨ ᠬᠤᠴᠤᠷᠤᠬᠰᠠᠨ ᠬᠡᠤᠬᠡᠳ᠂ ᠬᠦᠴᠢᠷᠳᠡᠯᠳᠡᠢ ᠬᠡᠤᠬᠡᠳ᠎ᠢ ᠬᠠᠯᠠᠮᠵᠢᠯᠠᠨ ᠬᠠᠮᠠᠭ᠋ᠠᠯᠠᠬᠤ ᠠᠵᠢᠯ᠎ᠤᠨ ᠲᠤᠮᠳᠠ ᠠᠷᠠᠳ᠎ᠤᠨ ᠶᠠᠪᠤᠳᠠᠯ᠎ᠤᠨ ᠰᠠᠯᠠᠭ᠎ᠠ ᠮᠦᠴᠢᠷ᠎ᠨᠢ ᠬᠠᠮᠳᠤᠷᠠᠬᠰᠠᠨ ᠬᠤᠷᠠᠯ᠎ᠤᠨ ᠲᠤᠬᠳᠠᠯᠴᠠᠭ᠎ᠠ᠎ᠪᠠᠷ ᠵᠦᠪᠯᠡᠵᠤ ᠵᠤᠬᠢᠴᠠᠭᠤᠯᠬᠤ ᠲᠤᠬᠳᠠᠯᠴᠠᠭ᠎ᠠ ᠵᠢᠨ ᠲᠤᠷᠰᠢᠯᠭ᠎ᠠ ᠵᠢ ᠬᠤᠷᠠᠮᠳᠤᠭᠤᠯᠤᠬᠰᠠᠨ ᠶᠤᠮ᠃ ᠡᠨᠡ ᠤᠳᠠᠭ᠎ᠠ ᠤᠳᠤᠷᠢᠳᠬᠤ ᠲᠤᠭᠤᠢ᠌ᠯᠠᠡᠭ᠎ᠤᠨ ᠠᠯᠪᠠᠨ ᠬᠡᠷ ᠪᠠᠢ᠌ᠭᠤᠯᠤᠬᠰᠠᠨ᠎ᠨᠢ ᠠᠷᠠᠳ᠎ᠤᠨ ᠶᠠᠪᠤᠳᠠᠯ᠎ᠤᠨ ᠰᠠᠯᠠᠭ᠎ᠠ ᠮᠦᠴᠢᠷ ᠡᠯ᠎ᠡ ᠱᠠᠳᠤᠨ᠎ᠤ ᠨᠠᠮ᠎ᠤᠨ ᠬᠤᠷᠢᠶ᠎ᠠ ᠠᠷᠠᠳ᠎ᠤᠨ ᠵᠠᠰᠠᠭ᠎ᠤᠨ ᠤᠷᠳᠤᠨ᠂ ᠨᠡᠢ᠌ᠬᠡᠮ᠎ᠤᠨ ᠬᠦᠴᠤᠨ ᠪᠤᠯᠤᠨ ᠪᠦᠯᠬᠦᠮ ᠨᠡᠢ᠌ᠳᠡ ᠵᠢᠨ ᠵᠤᠬᠢᠶᠠᠨ ᠪᠠᠢ᠌ᠭᠤᠯᠤᠯᠳᠠ ᠵᠢᠨ ᠲᠡᠮᠵᠢᠯᠬᠡ ᠵᠢ ᠤᠯᠬᠤ᠎ᠳᠤ ᠲᠦᠬᠦᠮ ᠪᠤᠯᠤᠯ᠎ᠠ᠂ ᠡᠨᠡ᠎ᠨᠢ ᠵᠦᠪᠯᠡᠵᠤ ᠵᠤᠬᠢᠴᠠᠭᠤᠯᠬᠤ ᠲᠤᠬᠳᠠᠯᠴᠠᠭ᠎ᠠ ᠵᠢᠨ ᠡᠷᠬᠡ ᠰᠦᠷᠳᠤ ᠴᠢᠨᠠᠷ ᠪᠠ ᠦᠷ᠎ᠡ ᠪᠦᠳᠦᠮᠵᠢᠳᠤ ᠴᠢᠨᠠᠷ᠎ᠢ ᠲᠤᠢ᠌ᠯ᠎ᠤᠨ ᠶᠡᠬᠡ᠎ᠪᠠᠷ ᠲᠡᠬᠡᠭᠰᠢᠯᠡᠬᠦᠯᠦᠭᠰᠡᠨ ᠶᠠᠪᠤᠳᠠᠯ ᠪᠤᠯᠬᠤ ᠶᠤᠮ᠃
      ᠨᠠᠰᠤᠨ᠎ᠳᠤ ᠦᠯᠤ ᠬᠦᠷᠦᠭᠰᠡᠳ᠎ᠢ ᠬᠠᠮᠠᠭ᠋ᠠᠯᠠᠬᠤ ᠠᠵᠢᠯ᠎ᠢ ᠪᠦᠳᠦᠮᠵᠢᠳᠡᠢ ᠰᠢᠢ᠍ᠳᠪᠤᠷᠢᠯᠡᠬᠦ ᠡᠳᠤᠷ ᠲᠤᠳᠤᠮ᠎ᠤᠨ ᠬᠠᠮᠢᠶᠠᠷᠤᠯᠳᠠ ᠪᠤᠯᠤᠨ ᠨᠠᠰᠤᠨ᠎ᠳᠤ ᠦᠯᠤ ᠬᠦᠷᠦᠭᠰᠡᠳ᠎ᠤᠨ ᠠᠵᠢᠯ᠎ᠤᠨ ᠤᠷᠳᠤ ᠬᠤᠭᠤᠴᠠᠭ᠋ᠠᠨ᠎ᠤ ᠪᠠᠢ᠌ᠷᠢᠯᠠᠭᠤᠯᠤᠯᠳᠠ᠎ᠳᠤ ᠠᠰᠢᠬᠳᠠᠢ᠃ ᠨᠠᠰᠤᠨ᠎ᠳᠤ ᠦᠯᠤ ᠬᠦᠷᠦᠭᠰᠡᠳ᠎ᠢ ᠬᠠᠮᠠᠭ᠋ᠠᠯᠠᠬᠤ ᠠᠵᠢᠯ᠎ᠨᠢ ᠶᠡᠬᠡ ᠬᠡᠮᠵᠢᠶᠡᠨ᠎ᠤ ᠠᠵᠢᠯ ᠶᠠᠪᠤᠳᠠᠯ᠎ᠤᠨ ᠴᠢᠨᠠᠷᠳᠠᠢ ᠠᠵᠢᠯ ᠵᠶ᠋ᠡᠷ ᠪᠦᠷᠢᠯᠳᠦᠭᠰᠡᠨ ᠶᠤᠮ᠂ ᠬᠡᠳᠡᠯ᠎ᠡ ᠤᠳᠤᠷᠢᠳᠬᠤ ᠲᠤᠭᠤᠢ᠌ᠯᠠᠡᠭ᠎ᠤᠨ ᠠᠵᠢᠯ᠎ᠤᠨ ᠬᠤᠷᠠᠯᠳᠤᠭ᠋ᠠᠨ᠎ᠨᠢ ᠵᠦᠪᠬᠡᠨ ᠲᠤᠬᠳᠠᠬᠰᠠᠨ ᠬᠤᠭᠤᠴᠠᠭ᠎ᠠ ᠪᠤᠶᠤ ᠲᠤᠬᠳᠠᠮᠠᠯ ᠪᠤᠰᠤ ᠬᠤᠭᠤᠴᠠᠭ᠎ᠠ᠎ᠪᠠᠷ ᠵᠠᠷᠢᠮ ᠲᠤᠪᠤᠢ᠌ᠮ᠎ᠠ ᠶᠠᠪᠤᠳᠠᠯ᠎ᠢ ᠲᠦᠪᠯᠡᠷᠡᠬᠦᠯᠤᠨ ᠰᠢᠢ᠍ᠳᠪᠤᠷᠢᠯᠡᠬᠦ ᠪᠤᠯᠬᠤᠷ ᠨᠠᠰᠤᠨ᠎ᠳᠤ ᠦᠯᠤ ᠬᠦᠷᠦᠭᠰᠡᠳ᠎ᠢ ᠬᠠᠮᠠᠭ᠋ᠠᠯᠠᠬᠤ ᠠᠵᠢᠯ ᠲᠤᠮᠳᠠᠬᠢ ᠠᠯᠢᠪᠠ ᠠᠰᠠᠭᠤᠳᠠᠯ᠎ᠢ ᠰᠢᠢ᠍ᠳᠪᠤᠷᠢᠯᠡᠬᠦ ᠪᠤᠯᠤᠯᠴᠠᠭ᠎ᠠ ᠠᠯᠠᠭ᠎ᠠ ᠶᠤᠮ᠃ ᠦᠢ᠍ᠯᠡᠳᠤᠯᠬᠡ ᠵᠢᠨ ᠲᠤᠮᠳᠠ ᠡᠬᠦᠰᠦᠭᠰᠡᠨ ᠵᠠᠷᠢᠮ ᠰᠢᠨ᠎ᠡ ᠪᠠᠢ᠌ᠳᠠᠯ᠂ ᠰᠢᠨ᠎ᠠ ᠠᠰᠠᠭᠤᠳᠠᠯ᠂ ᠤᠨᠴᠠᠭ᠋ᠠᠢ᠌ᠯᠠᠨ ᠨᠢᠬᠡ ᠪᠦᠯᠦᠭ ᠬᠡᠨᠡᠳᠳᠡ ᠵᠢᠨ ᠬᠡᠷᠡᠭ ᠤᠴᠢᠷ᠎ᠲᠤ ᠨᠠᠰᠤᠨ᠎ᠳᠤ ᠦᠯᠤ ᠬᠦᠷᠦᠭᠰᠡᠳ᠎ᠢ ᠬᠠᠷᠠᠭ᠋ᠠᠯᠵᠠᠨ ᠬᠠᠮᠠᠭ᠋ᠠᠯᠠᠬᠤ᠎ᠨᠢ ᠬᠦᠢ᠍ᠴᠡᠳ ᠪᠤᠰᠤ ᠪᠤᠯᠵᠤ ᠴᠠᠭ ᠲᠠᠷᠤᠢ᠎ᠳᠤ᠎ᠨᠢ ᠮᠡᠳᠡᠬᠦᠯᠬᠦ ᠪᠦᠬᠡᠳ ᠲᠤᠬᠢᠷᠠᠮᠵᠳᠠᠢ ᠲᠦᠪᠬᠢᠨᠡᠬᠦᠯᠵᠤ ᠠᠰᠠᠷᠠᠨ ᠬᠠᠷᠠᠭ᠋ᠠᠯᠵᠠᠬᠤ ᠴᠢᠬᠤᠯᠠᠳᠠᠢ ᠦᠶ᠎ᠡ᠎ᠳᠤ ᠪᠤᠳᠠᠳᠠᠢ ᠰᠠᠯᠠᠭ᠎ᠠ ᠮᠦᠴᠢᠷ ᠡᠳᠤᠷ ᠲᠤᠳᠤᠮ᠎ᠤᠨ ᠬᠠᠮᠢᠶᠠᠷᠤᠯᠳᠠ ᠵᠢᠨ ᠬᠡᠷᠡᠭ ᠶᠠᠪᠤᠳᠠᠯ᠎ᠢ ᠪᠤᠳᠠᠳᠠᠢ ᠰᠠᠯᠠᠭ᠎ᠠ ᠮᠦᠴᠢᠷ ᠬᠠᠮᠢᠶᠠᠷᠴᠤ᠂ ᠠᠵᠢᠯ᠎ᠤᠨ ᠡᠬᠦᠷᠬᠡ ᠵᠢ ᠲᠡᠰ ᠲᠡᠰ ᠵᠶ᠋ᠡᠷ ᠲᠠᠷᠬᠠᠭ᠋ᠠᠬ᠍ᠵᠤ ᠨᠠᠷᠢᠬ᠍ᠵᠢᠭᠤᠯᠤᠨ ᠨᠠᠢ᠌ᠳᠠᠪᠤᠷᠢᠵᠢᠭᠤᠯᠬᠤ ᠴᠢᠬᠤᠯᠠᠳᠠᠢ ᠶᠤᠮ᠃ ᠡᠮᠤᠨ᠎ᠡ ᠲᠤᠷᠠᠳᠤᠬᠰᠠᠨᠴᠢᠯᠠᠨ ᠨᠠᠰᠤᠨ᠎ᠳᠤ ᠦᠯᠤ ᠬᠦᠷᠦᠭᠰᠡᠳ᠎ᠢ ᠬᠠᠮᠠᠭ᠋ᠠᠯᠠᠬᠤ ᠠᠵᠢᠯ᠎ᠢ ᠵᠦᠪᠯᠡᠵᠤ ᠵᠤᠬᠢᠴᠠᠭᠤᠯᠬᠤ ᠪᠠᠢ᠌ᠭᠤᠯᠤᠮᠵᠢ ᠵᠢᠨ ᠪᠤᠳᠠᠳᠤ ᠴᠤᠬ᠍ᠴᠨ ᠪᠤᠯ ᠠᠷᠠᠳ᠎ᠤᠨ ᠶᠠᠪᠤᠳᠠᠯ᠎ᠤᠨ ᠶᠠᠮᠤᠨ ᠶᠤᠮ᠂ ᠪᠤᠳᠠᠳᠠᠢ ᠠᠵᠢᠯ ᠶᠠᠪᠤᠳᠠᠯ ᠬᠠᠮᠢᠶᠠᠷᠤᠯᠳᠠ ᠵᠢᠨ ᠠᠵᠢᠯ᠎ᠢ ᠡᠬᠦᠷᠬᠡᠯᠡᠨ᠎ᠡ᠂ ᠡᠬᠦᠨ᠎ᠳᠤ ᠨᠠᠰᠤᠨ᠎ᠳᠤ ᠦᠯᠤ ᠬᠦᠷᠦᠭᠰᠡᠳ᠎ᠢ ᠬᠠᠮᠠᠭ᠋ᠠᠯᠠᠬᠤ ᠠᠵᠢᠯ᠎ᠤᠨ ᠲᠤᠮᠳᠠᠬᠢ ᠬᠦᠨᠳᠤ ᠴᠢᠬᠤᠯᠨ ᠠᠰᠠᠭᠤᠳᠠᠯ᠂ ᠵᠤᠬᠢᠴᠠᠭᠤᠯᠬᠤ ᠲᠤᠬᠳᠠᠯᠴᠠᠭ᠎ᠠ ᠵᠢᠨ ᠠᠵᠢᠯ᠎ᠲᠠᠢ ᠬᠤᠯᠪᠤᠬᠳᠠᠯ ᠪᠦᠬᠦᠢ ᠲᠦᠷᠢᠮᠵᠢᠯ᠎ᠤᠨ ᠴᠢᠨᠠᠷᠳᠠᠢ ᠮᠠᠲᠸᠷᠢᠶᠠᠯ᠎ᠢ ᠨᠤᠤᠷᠠᠬᠯᠠᠬᠤ᠂ ᠬᠦᠭᠵᠢᠯᠳᠡ ᠵᠢᠨ ᠲᠦᠯᠦᠪᠵᠢᠬᠦᠯᠬᠡ ᠵᠢ ᠲᠤᠬᠳᠠᠭ᠋ᠠᠬᠤ ᠪᠠ ᠬᠡᠷᠡᠭᠵᠢᠬᠦᠯᠬᠦ᠂ ᠤᠨ᠎ᠤ ᠲᠦᠯᠤᠪᠯᠡᠬᠡ᠂ ᠡᠬᠦᠷᠬᠡᠯᠡᠵᠤ᠂ ᠬᠠᠮᠳᠤᠷᠠᠬᠰᠠᠨ ᠬᠤᠷᠠᠯ᠎ᠢ ᠵᠤᠬᠢᠶᠠᠨ ᠪᠠᠢ᠌ᠭᠤᠯᠵᠤ ᠬᠤᠷᠠᠯᠳᠤᠭᠤᠯᠬᠤ᠂ ᠲᠦᠷᠢᠮᠵᠢᠯ᠎ᠤᠨ ᠴᠢᠨᠠᠷᠳᠠᠢ ᠮᠠᠲᠸᠷᠢᠶᠠᠯ᠎ᠢ ᠲᠤᠬᠳᠠᠭ᠋ᠠᠬᠤ ᠪᠠ ᠨᠡᠢ᠌ᠳᠡᠯᠡᠬᠦ᠂ ᠨᠠᠰᠤᠨ᠎ᠳᠤ ᠦᠯᠤ ᠬᠦᠷᠦᠭᠰᠡᠳ᠎ᠢ ᠬᠠᠮᠠᠭ᠋ᠠᠯᠠᠬᠤ ᠠᠵᠢᠯ᠎ᠤᠨ ᠤᠨ᠎ᠤ ᠰᠢᠯᠭ᠋ᠠᠯᠳᠠ ᠵᠢ ᠦᠷᠨᠢᠬᠦᠯᠬᠦ ᠵᠡᠷᠬᠡ᠃ ᠡᠮᠦᠨ᠎ᠡ ᠲᠤᠷᠠᠳᠤᠬᠰᠠᠨ ᠠᠵᠢᠯ᠎ᠢ ᠦᠷᠨᠢᠬᠦᠯᠬᠦ᠎ᠳᠤ ᠨᠠᠰᠤᠨ᠎ᠳᠤ ᠦᠯᠤ ᠬᠦᠷᠦᠭᠰᠡᠳ᠎ᠢ ᠬᠠᠮᠠᠭ᠋ᠠᠯᠠᠬᠤ ᠠᠵᠢᠯ᠎ᠢ ᠴᠠᠭ ᠲᠠᠷᠤᠢ᠎ᠳᠤ᠎ᠨᠢ ᠪᠠᠢ᠌ᠷᠢᠯᠠᠭᠤᠯᠬᠤ ᠪᠠ ᠲᠤᠬᠢᠷᠠᠭᠤᠯᠵᠤ᠂ ᠨᠢᠬᠡᠳᠤᠯᠳᠡᠢ ᠲᠦᠯᠦᠪᠵᠢᠬᠦᠯᠤᠨ᠂ ᠤᠷᠳᠤ ᠬᠤᠭᠤᠴᠠᠭ᠋ᠠᠨ᠎ᠤ ᠪᠠᠢ᠌ᠷᠢᠯᠠᠭᠤᠯᠤᠯᠳᠠ ᠬᠢᠬᠦ ᠪᠤᠯ ᠨᠠᠰᠤᠨ᠎ᠳᠤ ᠦᠯᠤ ᠬᠦᠷᠦᠭᠰᠡᠳ᠎ᠢ ᠬᠠᠮᠠᠭ᠋ᠠᠯᠠᠬᠤ ᠠᠵᠢᠯ᠎ᠤᠨ ᠲᠤᠮᠳᠠᠬᠢ ᠭᠤᠤᠯᠳᠠᠯᠭ᠎ᠠ ᠪᠠ ᠬᠦᠴᠢᠷᠳᠡᠯ ᠠᠰᠠᠭᠤᠳᠠᠯ ᠪᠠᠢ᠌ᠵᠤ᠂ ᠭᠠᠯ ᠠᠯᠳᠠᠬᠰᠠᠨ ᠮᠡᠳᠤ ᠬᠦᠳᠡᠯᠤᠡᠭᠭᠦᠢ ᠪᠤᠰᠤ᠎ᠪᠠᠷ ᠠᠷᠭ᠋ᠠᠴᠠᠭ᠋ᠠᠬᠤ᠎ᠠᠴᠠ ᠵᠠᠢ᠌ᠯᠠᠰᠬᠢᠬᠦ ᠬᠡᠷᠡᠭᠳᠡᠢ᠃

    ᠤᠳᠤᠷᠢᠳᠬᠤ ᠲᠤᠭᠤᠢ᠌ᠯᠠᠡᠭ ᠪᠠᠢ᠌ᠭᠤᠯᠤᠬᠳᠠᠬᠰᠠᠨ᠎ᠨᠢ ᠠᠷᠠᠳ᠎ᠤᠨ ᠶᠠᠪᠤᠳᠠᠯ᠎ᠤᠨ ᠠᠵᠢᠯ᠎ᠳᠤ ᠡᠴᠢᠨ᠎ᠡ ᠨᠦᠯᠦᠬᠡ ᠦᠵᠡᠬᠦᠯᠬᠦ ᠪᠤᠯᠤᠨ᠎ᠠ

      ᠤᠳᠤᠷᠢᠳᠬᠤ ᠲᠤᠭᠤᠢ᠌ᠯᠠᠡᠭ ᠪᠠᠢ᠌ᠭᠤᠯᠤᠬᠳᠠᠬᠰᠠᠨ᠎ᠨᠢ ᠨᠠᠮ᠎ᠤᠨ ᠲᠦᠪ ᠬᠤᠷᠢᠶᠠᠨ᠎ᠤ ᠲᠠᠪᠬᠤᠷᠭ᠎ᠠ᠎ᠠᠴᠠ ᠨᠢᠬᠡᠳᠤᠯᠳᠡᠢ ᠵᠤᠬᠢᠴᠠᠭᠤᠯᠬᠤ ᠲᠤᠬᠳᠠᠯᠴᠠᠭ᠎ᠠ ᠵᠢ ᠪᠠᠢ᠌ᠭᠤᠯᠤᠬᠰᠠᠨ ᠬᠡᠷᠡᠭ ᠪᠤᠯᠬᠤ ᠪᠦᠬᠡᠳ ᠨᠠᠰᠤᠨ᠎ᠳᠤ ᠦᠯᠤ ᠬᠦᠷᠦᠭᠰᠡᠳ᠎ᠢ ᠬᠠᠮᠠᠭ᠋ᠠᠯᠠᠬᠤ ᠠᠵᠢᠯ᠎ᠢ ᠭᠤᠤᠯᠯᠠᠨ ᠬᠠᠮᠢᠶᠠᠷᠬᠤ ᠰᠠᠯᠠᠭ᠎ᠠ ᠮᠦᠴᠢᠷ᠎ᠨᠢ ᠠᠷᠠᠳ᠎ᠤᠨ ᠶᠠᠪᠤᠳᠠᠯ᠎ᠤᠨ ᠰᠠᠯᠠᠭ᠎ᠠ ᠮᠦᠴᠢᠷ ᠬᠡᠳᠡᠭ᠎ᠢ ᠲᠤᠳᠤᠷᠬᠠᠢ᠌ᠯᠠᠪᠠ᠂ ᠡᠨᠡ᠎ᠨᠢ ᠠᠷᠠᠳ᠎ᠤᠨ ᠶᠠᠪᠤᠳᠠᠯ᠎ᠤᠨ ᠰᠠᠯᠠᠭ᠎ᠠ ᠮᠦᠴᠢᠷ᠎ᠲᠤ ᠨᠡᠡᠭ ᠬᠦᠨᠳᠤ ᠬᠠᠷᠢᠭᠤᠴᠠᠯᠭ᠎ᠠ ᠬᠦᠷᠳᠡᠭᠡᠭᠰᠡᠨ᠎ᠤ ᠬᠠᠮᠳᠤ ᠠᠷᠠᠳ᠎ᠤᠨ ᠶᠠᠪᠤᠳᠠᠯ᠎ᠤᠨ ᠠᠵᠢᠯ᠎ᠳᠤ ᠨᠡᠡᠭ ᠡᠴᠢᠨ᠎ᠡ ᠬᠤᠯᠨ ᠵᠢᠨ ᠨᠦᠯᠦᠬᠡ ᠦᠵᠡᠬᠦᠯᠬᠦ ᠶᠤᠮ᠃
      ᠡᠡᠭ ᠲᠡᠷᠢᠬᠦᠨ᠎ᠳᠤ᠂ ᠠᠷᠠᠳ᠎ᠤᠨ ᠶᠠᠪᠤᠳᠠᠯ᠎ᠤᠨ᠎ᠬᠢᠨ᠎ᠨᠢ ᠤᠭ᠎ᠤᠨ ᠲᠦᠷᠢᠮ᠎ᠢ ᠬᠡᠷᠡᠭᠵᠢᠬᠦᠯᠦᠭᠴᠢ ᠪᠠᠢ᠌ᠬᠰᠠᠨ᠎ᠠᠴᠠ᠎ᠪᠠᠨ ᠬᠤᠪᠢᠷᠠᠭ᠋ᠠᠳ ᠵᠦᠪᠯᠡᠵᠤ ᠵᠤᠬᠢᠴᠠᠭᠤᠯᠤᠬ᠍ᠴᠢ ᠵᠢ ᠬᠠᠪᠰᠤᠷᠭ᠋ᠠᠨ ᠬᠠᠷᠢᠭᠤᠴᠠᠬᠤ ᠪᠤᠯᠤᠬᠰᠠᠨ ᠮᠦᠷᠳᠡᠬᠡᠨ ᠵᠦᠪᠯᠡᠵᠤ ᠵᠤᠬᠢᠴᠠᠭᠤᠯᠬᠤ᠎ᠳᠤ ᠪᠠᠳᠠᠷᠠᠭᠤᠯᠬᠤ ᠦᠢ᠍ᠯᠡᠳᠤᠯ᠎ᠨᠢ ᠡᠳᠤᠷ ᠢᠷᠡᠬᠦᠶ᠎ᠡ ᠲᠤᠪᠤᠢ᠌ᠮ᠎ᠠ ᠪᠤᠯᠵᠠᠢ᠃ ᠠᠷᠠᠳ᠎ᠤᠨ ᠶᠠᠪᠤᠳᠠᠯ᠎ᠤᠨ ᠰᠠᠯᠠᠭ᠎ᠠ ᠮᠦᠴᠢᠷ᠎ᠨᠢ ᠤᠯᠤᠰ᠎ᠤᠨ ᠬᠠᠷᠠᠭ᠋ᠠᠯᠵᠠᠨ ᠬᠠᠮᠠᠭ᠋ᠠᠯᠠᠬᠤ ᠠᠵᠢᠯ᠎ᠢ ᠶᠡᠬᠡ᠎ᠪᠠᠷ ᠡᠬᠦᠷᠬᠡᠯᠡᠨ᠂ ᠨᠠᠰᠤᠨ᠎ᠳᠤ ᠦᠯᠤ ᠬᠦᠷᠦᠭᠰᠡᠳ᠎ᠢ ᠲᠤᠰᠠᠯᠠᠠ ᠬᠠᠮᠠᠭ᠋ᠠᠯᠠᠬᠤ ᠪᠠᠢ᠌ᠭᠤᠯᠤᠮᠵᠢ ᠪᠠ ᠬᠡᠤᠬᠡᠳ᠎ᠤᠨ ᠠᠰᠠᠷᠠᠮᠵᠢ ᠵᠢᠨ ᠪᠠᠢ᠌ᠭᠤᠯᠤᠮᠵᠢ ᠵᠢ ᠪᠠᠢ᠌ᠭᠤᠯᠪᠠ᠃ ᠡᠬᠦᠨ᠎ᠳᠤ ᠨᠠᠰᠤᠨ᠎ᠳᠤ ᠦᠯᠤ ᠬᠦᠷᠦᠭᠰᠡᠳ᠎ᠢ ᠲᠣᠰᠠᠯᠠᠨ ᠬᠠᠮᠠᠭ᠋ᠠᠯᠠᠬᠤ ᠪᠠᠢ᠌ᠭᠤᠯᠤᠮᠵᠢ᠎ᠨᠢ ᠠᠮᠢᠳᠤᠷᠠᠯ᠎ᠨᠢ ᠤᠯᠨ ᠰᠠᠭᠤᠷᠢ ᠦᠬᠡᠢ ᠲᠡᠨᠤᠬᠦᠴᠢᠯᠡᠨ ᠭᠤᠢ᠌ᠷᠠᠨᠴᠢᠯᠠᠬ᠍ᠴᠢ᠂ ᠬᠠᠷᠠᠭ᠋ᠠᠯᠵᠠᠨ ᠬᠠᠮᠠᠭ᠋ᠠᠯᠠᠬ᠍ᠴᠢ ᠵᠢᠨ ᠵᠶ᠋ᠡᠨ ᠬᠤᠤᠷ ᠬᠦᠨᠦᠬᠡᠯ᠎ᠢ ᠠᠮᠰᠠᠬ᠍ᠴᠢ᠂ ᠨᠢᠳᠤᠨ ᠡᠮᠦᠨ᠎ᠡ ᠬᠠᠷᠠᠭ᠋ᠠᠯᠵᠠᠨ ᠬᠠᠮᠠᠭ᠋ᠠᠯᠠᠬ᠍ᠴᠢ ᠠᠯᠠᠭ᠎ᠠ ᠨᠠᠰᠤᠨ᠎ᠳᠤ ᠦᠯᠤ ᠬᠦᠷᠦᠭᠰᠡᠳ᠎ᠢ ᠲᠤᠰᠠᠯᠠᠨ᠂ ᠲᠦᠷ ᠴᠠᠭ ᠬᠠᠷᠠᠭ᠋ᠠᠯᠵᠠᠨ ᠬᠠᠮᠠᠭ᠋ᠠᠯᠠᠬᠤ ᠬᠠᠷᠢᠭᠤᠴᠠᠯᠭ᠎ᠠ ᠵᠢ ᠡᠬᠦᠷᠬᠡᠯᠡᠨ᠎ᠡ᠃ ᠬᠡᠤᠬᠡᠳ᠎ᠤᠨ, ᠠᠰᠠᠷᠠᠮᠵᠢ ᠵᠢᠨ ᠪᠠᠢ᠌ᠭᠤᠯᠤᠮᠵᠢ᠎ᠨᠢ ᠭᠤᠤᠯᠳᠠᠭᠤ ᠤᠷᠳᠤ ᠬᠤᠭᠤᠴᠠᠭ᠋ᠠᠨ᠎ᠤ ᠬᠠᠷᠠᠭ᠋ᠠᠯᠵᠠᠨ ᠬᠠᠮᠠᠭ᠋ᠠᠯᠠᠬᠤ ᠡᠬᠦᠷᠬᠡ ᠵᠢ ᠬᠠᠷᠢᠭᠤᠴᠠᠵᠤ᠂ ᠠᠷᠠᠳ᠎ᠤᠨ ᠶᠠᠪᠤᠳᠠᠯ᠎ᠤᠨ ᠰᠠᠯᠠᠭ᠎ᠠ ᠮᠦᠴᠢᠷ᠎ᠤᠨ ᠲᠦᠷ ᠴᠠᠭ ᠬᠠᠷᠠᠭ᠋ᠠᠯᠵᠠᠨ ᠬᠠᠮᠠᠭ᠋ᠠᠯᠠᠵᠤ ᠠᠰᠠᠷᠠᠨ ᠲᠡᠵᠢᠬᠡᠬᠦ ᠡᠬᠦᠷᠬᠡ᠎ᠲᠠᠢ ᠬᠡᠤᠬᠡᠳ᠎ᠢ ᠦᠯᠡᠳᠡᠬᠡᠵᠤ ᠠᠪᠬᠤ ᠪᠤᠯᠤᠨ᠎ᠠ᠃ ᠲᠦᠷᠢᠮ᠎ᠤᠨ ᠬᠡᠷᠡᠭᠵᠢᠬᠦᠯᠬᠦ ᠦᠢ᠍ᠯᠡᠳᠤᠯ᠎ᠲᠠᠢ ᠬᠠᠷᠠᠭ᠋ᠠᠯᠵᠠᠭᠤᠯᠤᠨ ᠬᠦᠳᠡᠬᠡ ᠲᠤᠰᠬᠤᠨ᠎ᠤ ᠬᠡᠷ᠎ᠲᠤ᠎ᠪᠠᠨ ᠬᠤᠴᠤᠷᠤᠬᠰᠠᠨ ᠬᠡᠤᠬᠡᠳ ᠪᠠ ᠬᠦᠴᠢᠷᠳᠡᠯᠳᠡᠢ ᠬᠡᠤᠬᠡᠳ᠎ᠢ ᠬᠠᠯᠠᠮᠵᠢᠯᠠᠬᠤ ᠦᠢ᠍ᠯᠡᠴᠢᠯᠡᠬᠡᠨ᠎ᠤ ᠰᠢᠰᠲᠸᠮ᠎ᠤᠨ ᠪᠦᠳᠦᠬᠡᠨ ᠪᠠᠢ᠌ᠭᠤᠯᠤᠯᠳᠠ ᠲᠤᠮᠳᠠ ᠠᠷᠠᠳ᠎ᠤᠨ ᠶᠠᠪᠤᠳᠠᠯ᠎ᠤᠨ ᠰᠠᠯᠠᠭ᠎ᠠ ᠮᠦᠴᠢᠷ᠎ᠨᠢ ᠲᠤᠯᠤᠭ᠋ᠠᠢ᠌ᠯᠠᠬᠤ ᠦᠢ᠍ᠯᠡᠳᠤᠯ᠎ᠢ ᠪᠠᠳᠠᠷᠠᠭᠤᠯᠵᠤ᠂ ᠬᠠᠮᠢᠶ᠎ᠠ ᠪᠦᠬᠦᠢ ᠰᠠᠯᠠᠭ ᠮᠦᠴᠢᠷ᠎ᠲᠠᠢ ᠬᠠᠷᠢᠯᠴᠠᠨ ᠵᠤᠬᠢᠴᠠᠭᠤᠯᠬᠤ ᠲᠤᠬᠳᠠᠯᠴᠠᠭ᠎ᠠ ᠵᠢ ᠤᠳᠤᠷᠢᠳᠤᠨ᠂ ᠲᠦᠷᠢᠮ᠎ᠢ ᠬᠡᠷᠡᠭᠵᠢᠬᠦᠯᠬᠦ ᠪᠠ ᠵᠦᠪᠯᠡᠵᠤ ᠵᠤᠬᠢᠴᠠᠭᠤᠯᠬᠤ ᠬᠤᠶᠠᠷ ᠴᠢᠳᠠᠪᠬᠢ ᠵᠢ ᠬᠦᠢ᠍ᠴᠡᠳᠬᠡᠵᠤ ᠪᠠᠢ᠌ᠭ᠎ᠠ ᠪᠢᠯᠨ᠃ ᠤᠳᠤᠷᠢᠳᠬᠤ ᠲᠤᠭᠤᠢ᠌ᠯᠠᠡᠭ᠎ᠤᠨ ᠪᠠᠢ᠌ᠭᠤᠯᠤᠬᠳᠠᠬᠰᠠᠨ᠎ᠤ ᠲᠠᠷᠠᠭ᠎ᠠ ᠠᠷᠠᠳ᠎ᠤᠨ ᠶᠠᠪᠤᠳᠠᠯ᠎ᠤᠨ ᠰᠠᠯᠠᠭ᠎ᠠ ᠮᠦᠴᠢᠷ᠎ᠤᠨ ᠨᠢᠬᠡᠳᠤᠯᠳᠡᠢ ᠪᠠᠢ᠌ᠷᠢᠯᠠᠭᠤᠯᠬᠤ ᠦᠢ᠍ᠯᠡᠳᠤᠯ ᠤᠯᠠᠮ ᠨᠢᠬᠡ ᠠᠯᠬᠤᠮ ᠴᠢᠡᠭᠭ᠋ᠠᠷᠠᠵᠤ᠂ ᠡᠬᠦᠷᠬᠡ ᠴᠢᠳᠠᠪᠬᠢ ᠵᠢᠨ ᠬᠦᠷᠢᠶ᠎ᠡ ᠴᠠᠷᠠᠭ᠎ᠠ᠎ᠨᠢ ᠪᠦᠬᠦ ᠤᠯᠤᠰ᠎ᠤᠨ ᠨᠠᠰᠤᠨ᠎ᠳᠤ ᠦᠯᠤ ᠬᠦᠷᠦᠭᠰᠡᠳ᠎ᠢ ᠬᠠᠮᠠᠭ᠋ᠠᠯᠠᠬᠤ ᠠᠵᠢᠯ᠎ᠢ ᠵᠤᠬᠢᠴᠠᠭᠤᠯᠵᠤ᠂ ᠨᠠᠰᠤᠨ᠎ᠳᠤ ᠦᠯᠤ ᠬᠦᠷᠦᠭᠰᠡᠳ᠎ᠢ ᠬᠠᠮᠠᠭ᠋ᠠᠯᠠᠬᠤ ᠴᠢᠬᠤᠯᠨ ᠶᠡᠬᠡ ᠬᠡᠷᠡᠭ ᠶᠠᠪᠤᠳᠠᠯ᠎ᠢ ᠰᠤᠳᠤᠯᠤᠨ᠂ ᠬᠢᠨᠠᠨ ᠵᠦᠪᠯᠡᠬᠦ ᠵᠢ ᠪᠠᠬᠳᠠᠭ᠋ᠠᠵᠠᠢ᠃ ᠡᠬᠦᠨ᠎ᠤ ᠬᠠᠮᠳᠤ ᠬᠠᠮᠢᠶ᠎ᠠ ᠪᠦᠬᠦᠢ ᠪᠠᠢ᠌ᠭᠤᠯᠭ᠎ᠠ᠎ᠲᠠᠢ ᠬᠠᠮᠵᠢᠯᠴᠠᠨ ᠨᠠᠰᠤᠨ᠎ᠳᠤ ᠦᠯᠤ ᠬᠦᠷᠦᠭᠰᠡᠳ᠎ᠢ ᠬᠠᠮᠠᠭ᠋ᠠᠯᠠᠬᠤ ᠲᠦᠯᠤᠪᠵᠢᠬᠦᠯᠬᠡ᠂ ᠲᠦᠷᠤ ᠵᠢᠨ ᠪᠤᠳᠤᠯᠭ᠎ᠠ᠂ ᠠᠷᠭ᠎ᠠ ᠪᠠᠷᠢᠯ᠂ ᠪᠠᠷᠢᠮᠵᠢᠶ᠎ᠠ ᠵᠢ ᠵᠤᠬᠢᠴᠠᠭᠤᠯᠤᠨ ᠠᠬᠢᠭᠤᠯᠤᠨ᠎ᠠ᠃ ᠪᠠᠰᠨ ᠨᠠᠰᠤᠨ᠎ᠳᠤ ᠦᠯᠤ ᠬᠦᠷᠦᠭᠰᠡᠳ᠎ᠢ ᠬᠠᠮᠠᠭ᠋ᠠᠯᠠᠬᠤ ᠠᠵᠢᠯ᠎ᠤᠨ ᠲᠤᠷᠰᠢᠯᠭ᠎ᠠ ᠵᠢ ᠳ᠋ᠦᠡᠭᠨᠡᠬᠦ ᠪᠠ ᠲᠡᠯᠬᠡᠷᠡᠬᠦᠯᠬᠦ ᠵᠢᠨ ᠬᠠᠮᠳᠤ ᠪᠦᠷᠢᠳᠬᠡᠨ ᠪᠠᠢ᠌ᠴᠠᠭ᠋ᠠᠬᠤ᠂ ᠤᠬᠠᠭᠤᠯᠭ᠎ᠠ ᠬᠦᠮᠤᠵᠢᠯ ᠪᠠ ᠱᠠᠡᠭᠨᠠᠨ ᠬᠦᠬᠢᠬᠦᠯᠬᠦ ᠵᠡᠷᠬᠡ ᠠᠵᠢᠯ᠎ᠢ ᠵᠤᠬᠢᠶᠠᠨ ᠪᠠᠢ᠌ᠭᠤᠯᠤᠨ ᠦᠷᠨᠢᠬᠦᠯᠤᠨ᠎ᠡ᠃ ᠠᠷᠠᠳ᠎ᠤᠨ ᠶᠠᠪᠤᠳᠠᠯ᠎ᠤᠨ ᠰᠠᠯᠠᠭ᠎ᠠ ᠮᠦᠴᠢᠷ᠎ᠤᠨ ᠪᠠᠢ᠌ᠷᠢ ᠰᠠᠭᠤᠷᠢ ᠵᠢᠨ ᠬᠤᠪᠢᠷᠠᠯᠳᠠ᠎ᠨᠢ ᠠᠷᠠᠳ᠎ᠤᠨ ᠶᠠᠪᠤᠳᠠᠯ᠎ᠤᠨ ᠠᠵᠢᠯ᠎ᠨᠢ ᠨᠠᠰᠤᠨ᠎ᠳᠤ ᠦᠯᠤ ᠬᠦᠷᠦᠭᠰᠡᠳ᠎ᠢ ᠬᠠᠮᠠᠭ᠋ᠠᠯᠠᠬᠤ ᠠᠵᠢᠯ᠎ᠤᠨ ᠵᠠᠡᠭᠭᠢᠯᠠᠭ᠎ᠠ ᠵᠢᠨ ᠭᠤᠬ᠍ᠴᠤᠭ᠎ᠠ ᠪᠤᠯᠬᠤ᠎ᠪᠠᠷ ᠪᠠᠷᠠᠬᠤ ᠦᠬᠡᠢ ᠠᠷᠠᠳ᠎ᠤᠨ ᠶᠠᠪᠤᠳᠠᠯ᠎ᠤᠨ ᠰᠠᠯᠠᠭ᠎ᠠ ᠮᠦᠴᠢᠷ᠎ᠤᠨ ᠲᠤᠯᠤᠭ᠋ᠠᠢ᠌ᠯᠠᠬᠤ ᠦᠢ᠍ᠯᠡᠳᠤᠯ᠎ᠢ ᠪᠠᠳᠠᠷᠠᠭᠤᠯᠬᠤ᠎ᠨᠢ ᠤᠳᠤᠷᠢᠳᠬᠤ ᠲᠤᠭᠤᠢ᠌ᠯᠠᠡᠭ᠎ᠤᠨ ᠠᠵᠢᠯ᠎ᠤᠨ ᠪᠦᠬᠦᠯᠢ ᠴᠤᠬ᠍ᠴᠨ ᠵᠢᠨ ᠦᠷ᠎ᠡ ᠪᠦᠳᠦᠮᠵᠢ ᠵᠢ ᠨᠦᠯᠤᠬᠡᠯᠡᠬᠦ ᠵᠢ ᠢᠯᠡᠷᠬᠡᠢ᠌ᠯᠡᠵᠤ ᠪᠠᠢ᠌ᠭ᠎ᠠ ᠪᠢᠯᠨ᠃
      ᠲᠠᠷᠠᠭ᠎ᠠ᠎ᠨᠢ ᠠᠷᠠᠳ᠎ᠤᠨ ᠶᠠᠪᠤᠳᠠᠯ᠎ᠤᠨ ᠰᠠᠯᠠᠭ᠎ᠠ ᠮᠦᠴᠢᠷ᠎ᠤᠨ ᠲᠤᠳᠤᠭ᠋ᠠᠳᠤ᠎ᠳᠤ ᠪᠠᠢ᠌ᠭᠤᠯᠤᠬᠰᠠᠨ ᠪᠠᠢ᠌ᠭᠤᠯᠤᠮᠵᠢ ᠵᠢ ᠤᠯᠠᠮ ᠨᠢᠬᠡ ᠠᠯᠬᠤᠮ ᠨᠡᠢ᠌ᠳᠬᠡᠨ ᠲᠡᠬᠦᠯᠳᠡᠷᠵᠢᠬᠦᠯᠦᠭᠰᠡᠨ ᠶᠠᠪᠤᠳᠠᠯ ᠪᠤᠯᠬᠤ ᠶᠤᠮ᠃ ᠨᠠᠰᠤᠨ᠎ᠳᠤ ᠦᠯᠤ ᠬᠦᠷᠦᠭᠰᠡᠳ᠎ᠢ ᠬᠠᠮᠠᠭ᠋ᠠᠯᠠᠬᠤ ᠠᠵᠢᠯ᠎ᠳᠤ ᠪᠦᠬᠦᠯᠢ ᠴᠤᠬ᠍ᠴᠠ ᠵᠢᠨ ᠲᠠᠯ᠎ᠠ᠎ᠠᠴᠠ ᠨᠢᠬᠡᠳᠤᠯᠳᠡᠢ ᠵᠤᠬᠢᠴᠠᠭᠤᠯᠬᠤ ᠲᠤᠬᠳᠠᠯᠴᠠᠭ᠎ᠠ ᠵᠢ ᠪᠠᠢ᠌ᠭᠤᠯᠬᠤ᠎ᠠᠴᠠ ᠭᠠᠳᠠᠨ᠎ᠠ ᠰᠠᠯᠠᠭ᠎ᠠ ᠮᠦᠴᠢᠷ᠎ᠤᠨ ᠲᠤᠳᠤᠭ᠋ᠠᠳᠤ᠎ᠳᠤ᠎ᠪᠠᠨ ᠨᠢᠬᠡᠳᠤᠯᠳᠡᠢ ᠵᠤᠬᠢᠴᠠᠭᠤᠯᠬᠤ ᠪᠠᠢ᠌ᠭᠤᠯᠤᠮᠵᠢ ᠪᠠ ᠲᠤᠬᠳᠠᠯᠴᠠᠭ᠎ᠠ ᠵᠢ ᠪᠠᠢ᠌ᠭᠤᠯᠤᠨ᠂ ᠡᠬᠦᠷᠬᠡ ᠬᠠᠷᠢᠭᠤᠴᠠᠯᠭ᠎ᠠ ᠵᠢᠨ ᠬᠦᠷᠢᠶ᠎ᠡ ᠴᠠᠷᠠᠭ᠎ᠠ᠎ᠳᠤ ᠤᠯᠠᠮ ᠨᠢᠬᠡ ᠠᠯᠬᠤᠮ ᠨᠠᠷᠢᠬ᠍ᠵᠢᠭᠤᠯᠤᠨ ᠬᠤᠪᠢᠶᠠᠷᠢᠯᠠᠬᠤ ᠬᠡᠷᠡᠭᠳᠡᠢ ᠪᠤᠯᠵᠤ ᠪᠠᠢ᠌ᠨ᠎ᠠ᠃ ᠡᠬᠦᠨ᠎ᠳᠤ ᠬᠠᠨᠳᠤᠭᠤᠯᠤᠨ ᠡᠯ᠎ᠡ ᠰᠠᠯᠠᠭ᠎ᠠ ᠮᠦᠴᠢᠷ ᠲᠤᠰᠬᠠᠢ ᠪᠠᠢ᠌ᠭᠤᠯᠤᠮᠵᠢ ᠪᠠᠢ᠌ᠭᠤᠯᠤᠨ ᠴᠢᠮᠡᠬᠡ ᠵᠠᠡᠭᠭᠢ ᠵᠢ ᠲᠠᠮᠵᠢᠭᠤᠯᠬᠤ ᠪᠠ ᠬᠦᠯᠢᠶᠡᠨ ᠠᠪᠴᠤ᠂ ᠨᠢᠬᠡᠳᠤᠯᠳᠡᠢ ᠲᠤᠬᠠᠢ᠌ᠯᠠᠬᠰᠠᠨ ᠠᠵᠢᠯ᠎ᠢ ᠪᠠᠢ᠌ᠭᠤᠯᠭ᠎ᠠ ᠬᠤᠪᠢᠶᠠᠨ ᠰᠢᠰᠲᠸᠮᠵᠢᠬᠦᠯᠤᠨ ᠬᠠᠮᠢᠶᠠᠷᠤᠨ᠎ᠠ᠂ ᠢᠡᠭᠭᠢᠪᠡᠯ ᠵᠠᠰᠠᠭ᠎ᠤᠨ ᠤᠷᠳᠤᠨ᠎ᠤ ᠡᠬᠦᠷᠬᠡ ᠲᠤᠰᠢᠶᠠᠯᠳᠤ ᠰᠠᠯᠠᠭ᠎ᠠ ᠮᠦᠴᠢᠷ᠂ ᠤᠯᠠᠨ ᠲᠦᠮᠡᠨᠴᠢ ᠪᠦᠯᠬᠦᠮ ᠵᠤᠬᠢᠶᠠᠨ ᠪᠠᠢ᠌ᠭᠤᠯᠤᠯᠳᠠ ᠬᠤᠭᠤᠷᠤᠨᠳᠤ ᠵᠢᠨ ᠨᠢᠬᠳᠠ ᠬᠠᠮᠵᠢᠯᠴᠠᠭ᠎ᠠ ᠵᠢ ᠪᠡᠶᠡᠯᠡᠬᠦᠯᠤᠨ᠂ ᠬᠤᠯᠪᠤᠭ᠎ᠠ ᠪᠠᠷᠢᠬᠤ ᠠᠷᠭ᠎ᠠ ᠵᠠᠮ᠎ᠢ ᠰᠢᠯᠤᠭᠤᠳᠬᠠᠬᠤ ᠪᠦᠬᠡᠳ ᠴᠢᠳᠠᠪᠬᠢ ᠵᠢᠨ ᠬᠠᠮᠢᠶᠠᠷᠤᠯᠳᠠ ᠲᠠᠷᠬᠠᠢ ᠪᠤᠳᠠᠷᠬᠠᠢ ᠪᠤᠯᠬᠤ ᠦᠵᠡᠭᠳᠡᠯ᠎ᠠᠴᠠ ᠴᠦ᠍ ᠪᠦᠳᠦᠮᠵᠢᠳᠡᠢ ᠵᠠᠢ᠌ᠯᠠᠰᠬᠢᠵᠤ ᠪᠤᠯᠬᠤ ᠪᠦᠬᠡᠳ ᠡᠬᠢ ᠪᠠᠶᠠᠯᠢᠭ᠎ᠢ ᠲᠠᠬᠢᠨ ᠲᠠᠪᠳᠠᠨ ᠬᠡᠷᠡᠭᠯᠡᠬᠦ᠎ᠠᠴᠠ ᠵᠠᠢ᠌ᠯᠠᠰᠬᠢᠵᠤ ᠴᠢᠳᠠᠨ᠎ᠠ᠃ ᠨᠠᠰᠤᠨ᠎ᠳᠤ ᠦᠯᠤ ᠬᠦᠷᠦᠭᠰᠡᠳ᠎ᠢ ᠬᠠᠮᠠᠭ᠋ᠠᠯᠠᠬᠤ ᠬᠠᠤᠯᠢ ᠵᠢᠨ 81 ᠳ᠋ᠤᠬᠡᠷ ᠵᠦᠢ᠍ᠯ  ᠎ᠤᠨ 1 ᠳ᠋ᠤᠬᠡᠷ ᠵᠤᠷᠪᠤᠰ᠎ᠲᠤ ᠡᠬᠦᠨ᠎ᠤ ᠲᠤᠬᠠᠢ᠄ 《ᠰᠢᠶᠠᠨ᠎ᠤ ᠲᠡᠰ᠎ᠠᠴᠠ ᠲᠡᠭᠡᠭᠰᠢᠬᠢ ᠠᠷᠠᠳ᠎ᠤᠨ ᠵᠠᠰᠠᠭ᠎ᠤᠨ ᠤᠷᠳᠤᠨ᠎ᠤ ᠨᠠᠰᠤᠨ᠎ᠳᠤ ᠦᠯᠤ ᠬᠦᠷᠦᠭᠰᠡᠳ᠎ᠢ ᠬᠠᠮᠠᠭ᠋ᠠᠯᠠᠬᠤ ᠵᠢ ᠵᠤᠬᠢᠴᠠᠭᠤᠯᠬᠤ ᠲᠤᠬᠳᠠᠯᠴᠠᠭ᠎ᠠ ᠵᠢᠨ ᠪᠤᠳᠠᠳᠠᠢ ᠠᠵᠢᠯ᠎ᠢ ᠡᠬᠦᠷᠬᠡᠯᠡᠬᠦ ᠰᠠᠯᠠᠭ᠎ᠠ ᠮᠦᠴᠢᠷ᠎ᠨᠢ ᠬᠠᠮᠢᠶ᠎ᠠ ᠪᠦᠬᠦᠢ ᠲᠤᠳᠤᠭ᠋ᠠᠳᠤ᠎ᠳᠤ᠎ᠪᠠᠨ ᠪᠠᠢ᠌ᠭᠤᠯᠤᠬᠰᠠᠨ ᠪᠠᠢ᠌ᠭᠤᠯᠤᠮᠵᠢ ᠪᠤᠶᠤ ᠲᠤᠰᠬᠠᠢ ᠠᠵᠢᠯᠳᠠᠨ᠎ᠢ ᠲᠤᠳᠤᠷᠬᠠᠢ᠌ᠯᠠᠵᠤ᠂ ᠨᠠᠰᠤᠨ᠎ᠳᠤ ᠦᠯᠤ ᠬᠦᠷᠦᠭᠰᠡᠳ᠎ᠢ ᠬᠠᠮᠠᠭ᠋ᠠᠯᠠᠬᠤ ᠠᠵᠢᠯ᠎ᠢ ᠬᠠᠷᠢᠭᠤᠴᠠᠨ ᠡᠬᠦᠷᠬᠡᠯᠡᠨ᠎ᠡ》 ᠭᠡᠵᠤ ᠲᠤᠳᠤᠷᠬᠠᠢ ᠲᠤᠬᠳᠠᠭ᠋ᠠᠵᠠᠢ᠃ ᠨᠠᠰᠤᠨ᠎ᠳᠤ ᠦᠯᠤ ᠬᠦᠷᠦᠭᠰᠡᠳ᠎ᠢ ᠬᠠᠮᠠᠭ᠋ᠠᠯᠠᠬᠤ ᠬᠠᠤᠯᠢ ᠵᠢᠨ ᠱᠠᠭ᠋ᠠᠷᠳᠠᠯᠭ᠎ᠠ ᠵᠢ ᠲᠤᠭᠤᠰᠢᠯᠠᠭᠤᠯᠤᠨ ᠨᠠᠢ᠌ᠳᠠᠪᠤᠷᠢᠵᠢᠭᠤᠯᠬᠤ ᠵᠢᠨ ᠲᠦᠯᠦᠬᠡ ᠠᠷᠠᠳ᠎ᠤᠨ ᠶᠠᠪᠤᠳᠠᠯ᠎ᠤᠨ ᠰᠠᠯᠠᠭ᠎ᠠ ᠮᠦᠴᠢᠷ ᠤᠳᠤᠷᠢᠳᠬᠤ ᠲᠤᠭᠤᠢ᠌ᠯᠠᠡᠭ ᠪᠠᠢ᠌ᠭᠤᠯᠤᠬᠳᠠᠬᠰᠠᠨ ᠠᠵᠨ ᠲᠤᠬᠢᠶᠠᠯ᠎ᠢ ᠡᠵᠡᠮᠳᠡᠨ ᠲᠤᠳᠤᠭ᠋ᠠᠳᠤ ᠵᠢᠨ ᠪᠠᠢ᠌ᠭᠤᠯᠤᠮᠵᠢ᠎ᠪᠠᠨ ᠲᠡᠬᠦᠯᠳᠡᠷᠵᠢᠬᠦᠯᠬᠦ ᠪᠤᠶᠤ ᠲᠤᠰᠬᠠᠢ ᠬᠦᠮᠦᠨ ᠵᠶ᠋ᠡᠨ ᠲᠤᠳᠤᠷᠬᠠᠢ ᠪᠤᠯᠭ᠋ᠠᠵᠤ᠂ ᠲᠡᠬᠡᠳᠤ ᠲᠤᠤᠷᠠᠳᠤ ᠱᠠᠳᠤ ᠬᠤᠯᠪᠤᠭ᠋ᠠᠯᠠᠬᠰᠠᠨ ᠲᠤᠬᠳᠠᠯᠴᠠᠭ᠎ᠠ ᠵᠢ ᠴᠢᠷᠮᠠᠢ᠌ᠨ ᠪᠠᠢ᠌ᠭᠤᠯᠵᠤ᠂ ᠪᠠᠢ᠌ᠭᠤᠯᠤᠮᠵᠢ ᠵᠢᠨ ᠲᠤᠰᠬᠠᠢ ᠮᠡᠷᠬᠡᠵᠢᠭᠰᠡᠨ ᠪᠠᠳᠤᠯᠠᠭ᠎ᠠ ᠵᠢᠨ ᠲᠦᠪᠰᠢᠨ᠎ᠢ ᠲᠡᠭᠡᠭᠰᠢᠯᠡᠬᠦᠯᠬᠦ ᠬᠡᠷᠡᠭᠳᠡᠢ᠃
    ᠬᠠᠮᠤᠭ᠎ᠤᠨ ᠰᠡᠬᠦᠯ᠎ᠳᠤ᠂ ᠠᠷᠠᠳ᠎ᠤᠨ ᠶᠠᠪᠤᠳᠠᠯ᠎ᠤᠨ ᠰᠠᠯᠠᠭ᠎ᠠ ᠮᠦᠴᠢᠷ᠎ᠤᠨ ᠠᠵᠢᠯ᠎ᠤᠨ ᠠᠵᠨ ᠲᠤᠬᠢᠶᠠᠯ ᠪᠠ ᠦᠷᠢᠰᠤᠯᠳᠤᠬᠡᠨ ᠵᠡᠷᠬᠡ᠎ᠪᠠᠷ ᠤᠷᠤᠰᠢᠵᠤ ᠪᠤᠢ ᠶᠤᠮ᠂ 2018 ᠤᠨ᠎ᠤ 8 ᠳ᠋ᠤᠭ᠋ᠠᠷ ᠰᠠᠷ᠎ᠠ᠎ᠳᠤ ᠠᠷᠠᠳ᠎ᠤᠨ ᠶᠠᠪᠤᠳᠠᠯ᠎ᠤᠨ ᠰᠠᠯᠠᠭ᠎ᠠ ᠮᠦᠴᠢᠷ ᠲᠤᠯᠤᠭ᠋ᠠᠢ᠌ᠯᠠᠵᠤ ᠪᠠᠢ᠌ᠭ᠋ᠠᠳ ᠬᠦᠳᠡᠬᠡ ᠲᠤᠰᠬᠤᠨ᠎ᠤ ᠬᠡᠷ᠎ᠲᠤ᠎ᠪᠠᠨ ᠬᠤᠴᠤᠷᠤᠬᠰᠠᠨ ᠬᠡᠤᠬᠡᠳ᠎ᠢ ᠬᠠᠯᠠᠮᠵᠢᠯᠠᠨ ᠬᠠᠮᠠᠭ᠋ᠠᠯᠠᠬᠤ ᠪᠠ ᠬᠦᠴᠢᠷᠳᠡᠯᠳᠡᠢ ᠬᠡᠤᠬᠡᠳ᠎ᠢ ᠪᠠᠳᠤᠯᠠᠬᠤ ᠠᠵᠢᠯ᠎ᠤᠨ ᠶᠠᠮᠤᠨ᠎ᠤ ᠲᠡᠰ᠎ᠤᠨ ᠬᠠᠮᠳᠤᠷᠠᠬᠰᠠᠨ ᠬᠤᠷᠠᠯ᠎ᠤᠨ ᠲᠦᠷᠢᠮ᠎ᠢ ᠪᠠᠢ᠌ᠭᠤᠯᠵᠤ᠂ ᠬᠠᠮᠳᠤᠷᠠᠬᠰᠠᠨ ᠬᠤᠷᠠᠯ᠎ᠤᠨ ᠠᠯᠪᠠᠨ ᠬᠡᠷ᠎ᠢ ᠠᠷᠠᠳ᠎ᠤᠨ ᠶᠠᠪᠤᠳᠠᠯ᠎ᠤᠨ ᠶᠠᠮᠤᠨ᠎ᠳᠤ ᠪᠠᠢ᠌ᠷᠢᠯᠠᠭᠤᠯᠤᠭ᠋ᠠᠳ᠂ ᠬᠠᠮᠳᠤᠷᠠᠬᠰᠠᠨ ᠬᠤᠷᠠᠯ᠎ᠤᠨ ᠡᠳᠤᠷ ᠲᠤᠳᠤᠮ᠎ᠤᠨ ᠠᠵᠢᠯ᠎ᠢ ᠡᠬᠦᠷᠬᠡᠯᠡᠭᠰᠡᠨ ᠶᠤᠮ᠃ ᠠᠷᠠᠳ᠎ᠤᠨ ᠶᠠᠪᠤᠳᠠᠯ᠎ᠤᠨ ᠰᠠᠯᠠᠭ᠎ᠠ ᠮᠦᠴᠢᠷ᠎ᠨᠢ ᠬᠦᠳᠡᠬᠡ ᠲᠤᠰᠬᠤᠨ᠎ᠤ ᠬᠡᠷ᠎ᠲᠤ᠎ᠪᠠᠨ ᠬᠤᠴᠤᠷᠤᠬᠰᠠᠨ ᠬᠡᠤᠬᠡᠳ᠎ᠢ ᠬᠠᠯᠠᠮᠵᠢᠯᠠᠨ ᠬᠠᠮᠠᠭ᠋ᠠᠯᠠᠬᠤ ᠪᠠ ᠬᠦᠴᠢᠷᠳᠡᠯᠳᠡᠢ ᠬᠡᠤᠬᠡᠳ᠎ᠢ ᠪᠠᠳᠤᠯᠠᠬᠤ ᠠᠵᠢᠯ᠎ᠤᠨ ᠲᠠᠯ᠎ᠠ᠎ᠪᠠᠷ ᠪᠠᠶᠠᠯᠢᠭ ᠲᠤᠷᠰᠢᠯᠭ᠎ᠠ ᠵᠢ ᠬᠤᠷᠠᠮᠳᠤᠭᠤᠯᠤᠯ᠎ᠠ ᠭᠡᠵᠤ ᠬᠡᠯᠡᠵᠤ ᠪᠤᠯᠤᠨ᠎ᠠ᠃ ᠨᠠᠰᠤᠨ᠎ᠳᠤ ᠦᠯᠤ ᠬᠦᠷᠦᠭᠰᠡᠳ᠎ᠢ ᠪᠠᠳᠤᠯᠠᠬᠤ ᠬᠠᠤᠯᠢ᠎ᠳᠤ ᠵᠠᠰᠠᠪᠤᠷᠢ ᠤᠷᠤᠭᠤᠯᠤᠬᠰᠠᠨ᠎ᠤ ᠲᠠᠷᠠᠭ᠎ᠠ ᠠᠷᠠᠳ᠎ᠤᠨ ᠶᠠᠪᠤᠳᠠᠯ᠎ᠤᠨ ᠰᠠᠯᠠᠭ᠎ᠠ ᠮᠦᠴᠢᠷ᠎ᠤᠨ ᠡᠬᠦᠷᠬᠡ ᠬᠠᠷᠢᠭᠤᠴᠠᠯᠭ᠎ᠠ ᠨᠡᠡᠭ ᠤᠯᠠᠨ ᠡᠰᠢᠵᠢᠵᠤ᠂ ᠤᠯᠠᠮᠵᠢᠯᠠᠯᠳᠤ ᠲᠤᠬᠠᠢ᠌ᠯᠠᠬᠰᠠᠨ ᠠᠵᠢᠯ᠎ᠠᠴᠠ ᠭᠠᠳᠠᠨ᠎ᠠ ᠬᠡᠳᠤᠨ ᠲᠤᠬᠠᠢ᠌ᠯᠠᠬᠰᠠᠨ ᠠᠵᠢᠯ᠎ᠤᠨ ᠬᠦᠷᠢᠶ᠎ᠡ ᠴᠠᠷᠠᠭ᠎ᠠ ᠨᠡᠮᠡᠭᠳᠡᠵᠡᠢ᠂ ᠡᠬᠦᠨ᠎ᠳᠤ ᠬᠡᠷ ᠪᠦᠯᠢ ᠵᠢᠨ ᠬᠠᠷᠠᠭ᠋ᠠᠯᠵᠠᠯ ᠬᠠᠮᠠᠭ᠋ᠠᠯᠠᠯ᠎ᠢ ᠬᠢᠨᠠᠨ ᠱᠠᠭ᠋ᠠᠷᠳᠠᠵᠤ ᠵᠢᠭ᠋ᠠᠨ ᠵᠢᠯᠤᠭᠤᠳᠬᠤ᠂ ᠬᠡᠷ ᠪᠦᠯᠢ ᠵᠢᠨ ᠦᠷᠡᠴᠢᠯᠡᠨ ᠲᠡᠵᠢᠬᠡᠬᠦ ᠵᠢ ᠦᠨᠡᠯᠡᠬᠦ᠂ ᠬᠤᠬᠢᠷᠠᠯ ᠠᠮᠰᠠᠬᠰᠠᠨ ᠨᠠᠰᠤᠨ᠎ᠳᠤ ᠦᠯᠤ ᠬᠦᠷᠦᠭᠰᠡᠳ᠎ᠢ ᠬᠠᠮᠠᠭ᠋ᠠᠯᠠᠵᠤ ᠲᠤᠰᠠᠯᠠᠬᠤ ᠠᠵᠢᠯ ᠦᠷᠨᠢᠬᠦᠯᠬᠦ ᠵᠡᠷᠬᠡ ᠪᠠᠬᠳᠠᠨ᠎ᠠ᠃ ᠡᠨᠡ᠎ᠨᠢ ᠠᠷᠠᠳ  ᠎ᠤᠨ ᠶᠠᠪᠤᠳᠠᠯ᠎ᠤᠨ ᠰᠠᠯᠠᠭ᠎ᠠ ᠮᠦᠴᠢᠷ᠎ᠤᠨ ᠠᠵᠢᠯ᠎ᠤᠨ ᠰᠢᠨ᠎ᠡ ᠬᠦᠭᠵᠢᠯᠳᠡ᠎ᠳᠤ ᠰᠢᠨ᠎ᠡ ᠠᠵᠨ ᠲᠤᠬᠢᠶᠠᠯ ᠤᠯᠭᠤᠬᠰᠠᠨ ᠶᠠᠪᠤᠳᠠᠯ ᠪᠤᠯᠬᠤ ᠶᠤᠮ᠃ ᠬᠡᠪᠡᠴᠤ ᠤᠳᠤᠷᠢᠳᠬᠤ ᠲᠤᠭᠤᠢ᠌ᠯᠠᠡᠭ ᠪᠠᠢ᠌ᠭᠤᠯᠤᠬᠳᠠᠬᠰᠠᠨ᠎ᠤ ᠲᠠᠷᠠᠭ᠎ᠠ ᠤᠯᠤᠰ᠎ᠤᠨ ᠲᠠᠪᠬᠤᠷᠭ᠎ᠠ᠎ᠠᠴᠠ ᠨᠠᠰᠤᠨ᠎ᠳᠤ ᠦᠯᠤ ᠬᠦᠷᠦᠭᠰᠡᠳ᠎ᠢ ᠬᠠᠮᠠᠭ᠋ᠠᠯᠠᠬᠤ ᠵᠢ ᠵᠤᠬᠢᠴᠠᠭᠤᠯᠬᠤ ᠠᠵᠢᠯ᠎ᠢ ᠬᠡᠷᠬᠢᠨ ᠠᠬᠢᠭᠤᠯᠬᠤ᠂ ᠤᠳᠤᠷᠢᠳᠬᠤ ᠲᠤᠭᠤᠢ᠌ᠯᠠᠡᠭ᠎ᠤᠨ ᠡᠳᠤᠷ ᠲᠤᠳᠤᠮ᠎ᠤᠨ ᠠᠵᠢᠯ᠎ᠢ ᠬᠡᠷᠬᠢᠨ ᠨᠠᠢ᠌ᠳᠠᠪᠤᠷᠢᠵᠢᠭᠤᠯᠬᠤ᠂ ᠦᠨᠳᠤᠷ ᠦᠷ᠎ᠡ ᠪᠦᠳᠦᠮᠵᠢ᠎ᠲᠠᠢ ᠠᠵᠢᠯ᠎ᠤᠨ ᠬᠤᠷᠠᠯ᠎ᠤᠨ ᠲᠦᠷᠢᠮ᠎ᠢ ᠬᠡᠷᠬᠢᠨ ᠪᠠᠢ᠌ᠭᠤᠯᠬᠤ ᠪᠤᠯᠤᠨ ᠲᠤᠬᠠᠢ᠌ᠯᠠᠬᠰᠠᠨ ᠠᠵᠢᠯ᠎ᠤᠨ ᠲᠤᠮᠳᠠ᠎ᠪᠠᠨ   ᠲᠤᠰᠬᠠᠢ ᠮᠡᠷᠬᠡᠵᠢᠯ᠎ᠤᠨ ᠲᠦᠪᠰᠢᠨ ᠵᠶ᠋ᠡᠨ ᠬᠡᠷᠬᠢᠨ ᠲᠡᠭᠡᠭᠰᠢᠯᠡᠬᠦᠯᠬᠦ ᠲᠠᠯ᠎ᠠ᠎ᠪᠠᠷ ᠠᠷᠠᠳ᠎ᠤᠨ ᠶᠠᠪᠤᠳᠠᠯ᠎ᠤᠨ ᠰᠠᠯᠠᠭ᠎ᠠ ᠮᠦᠴᠢᠷ᠎ᠨᠢ ᠠᠵᠢᠯ᠎ᠤᠨ ᠲᠤᠮᠳᠠ᠎ᠪᠠᠨ ᠰᠦᠪᠡᠭᠴᠢᠯᠡᠵᠤ ᠲᠡᠬᠦᠯᠳᠡᠷᠵᠢᠬᠦᠯᠬᠦ ᠴᠢᠬᠤᠯᠠᠳᠠᠢ ᠶᠤᠮ᠃
      ᠤᠳᠤᠷᠢᠳᠬᠤ   ᠲᠤᠭᠤᠢ᠌ᠯᠠᠡᠭ᠎ᠤᠨ ᠪᠠᠢ᠌ᠭᠤᠯᠤᠬᠳᠠᠬᠰᠠᠨ᠎ᠨᠢ ᠡᠯ᠎ᠡ ᠱᠠᠳᠤᠨ᠎ᠤ ᠠᠷᠠᠳ᠎ᠤᠨ ᠵᠠᠰᠠᠭ᠎ᠤᠨ ᠤᠷᠳᠤᠨ ᠪᠤᠯᠤᠨ ᠡᠬᠦᠷᠬᠡ ᠴᠢᠳᠠᠪᠬᠢᠳᠤ ᠰᠠᠯᠠᠭ᠎ᠠ ᠮᠦᠴᠢᠷ᠎ᠤᠨ ᠲᠠᠷᠠᠭ᠋ᠠᠴᠢ ᠵᠢᠨ ᠠᠵᠢᠯ ᠵᠶ᠋ᠡᠨ ᠦᠷᠨᠢᠬᠦᠯᠬᠦ᠎ᠳᠤ ᠴᠢᠭᠯᠡᠯ᠎ᠢ᠎ᠨᠢ ᠲᠤᠳᠤᠷᠬᠠᠢ ᠵᠢᠭ᠋ᠠᠵᠤ ᠦᠭᠭᠦᠭᠰᠡᠨ ᠪᠠᠢ᠌ᠨ᠎ᠠ᠃
      ᠨᠠᠰᠤᠨ᠎ᠳᠤ ᠦᠯᠤ ᠬᠦᠷᠦᠭᠰᠡᠳ᠎ᠢ ᠬᠠᠮᠠᠭ᠋ᠠᠯᠠᠬᠤ ᠠᠵᠢᠯ᠎ᠳᠤ ᠲᠡᠬᠡᠳᠤ ᠲᠠᠪᠬᠤᠷᠭ᠎ᠠ ᠵᠢᠨ ᠲᠦᠯᠦᠪᠯᠡᠬᠡ ᠪᠠ ᠪᠤᠳᠠᠳᠠᠢ ᠨᠠᠢ᠌ᠳᠠᠪᠤᠷᠢᠵᠢᠭᠤᠯᠤᠯᠳᠠ ᠬᠡᠷᠡᠭᠳᠡᠢ ᠶᠤᠮ᠃ ᠤᠳᠤᠷᠢᠳᠬᠤ ᠲᠤᠭᠤᠢ᠌ᠯᠠᠡᠭ᠎ᠤᠨ ᠪᠠᠢ᠌ᠭᠤᠯᠤᠬᠳᠠᠬᠰᠠᠨ᠎ᠨᠢ ᠮᠠᠨ᠎ᠤ ᠤᠯᠤᠰ ᠨᠢᠬᠡᠨᠳᠡ ᠨᠠᠰᠤᠨ᠎ᠳᠤ ᠦᠯᠤ ᠬᠦᠷᠦᠭᠰᠡᠳ᠎ᠢ ᠬᠠᠮᠠᠭ᠋ᠠᠯᠠᠬᠤ ᠠᠵᠢᠯ᠎ᠤᠨ ᠲᠡᠬᠡᠳᠤ ᠲᠠᠪᠬᠤᠷᠭ᠎ᠠ ᠵᠢᠨ ᠲᠦᠯᠦᠪᠯᠡᠬᠡ ᠵᠢ ᠨᠢᠬᠡᠨᠳᠡ ᠲᠤᠬᠳᠠᠭ᠋ᠠᠬᠰᠠᠨ᠎ᠢ ᠬᠠᠷᠠᠭᠤᠯᠵᠤ ᠪᠠᠢ᠌ᠭ᠎ᠠ ᠪᠢᠯᠨ᠃ ᠲᠠᠷᠠᠭ᠋ᠠᠴᠢ ᠵᠢᠨ ᠠᠯᠬᠤᠮ᠎ᠳᠤ ᠪᠤᠳᠠᠳᠠᠢ ᠠᠵᠢᠯ᠎ᠢ ᠨᠠᠢ᠌ᠳᠠᠪᠤᠷᠢᠵᠢᠭᠤᠯᠬᠤ᠎ᠳᠤ ᠵᠠᠰᠠᠭ᠎ᠤᠨ ᠤᠷᠳᠤᠨ᠎ᠤ ᠡᠬᠦᠷᠬᠡ ᠴᠢᠳᠠᠪᠬᠢᠳᠤ ᠰᠠᠯᠠᠭ᠎ᠠ ᠮᠦᠴᠢᠷ ᠡᠬᠦᠷᠬᠡ ᠬᠠᠷᠢᠭᠤᠴᠠᠯᠭ᠎ᠠ᠎ᠪᠠᠨ ᠦᠨᠡᠨ ᠬᠦ᠌ ᠬᠦᠢ᠍ᠴᠡᠳᠬᠡᠬᠦ ᠪᠠ ᠤᠳᠤᠷᠢᠳᠬᠤ ᠲᠤᠭᠤᠢ᠌ᠯᠠᠡᠭ᠎ᠤᠨ ᠠᠯᠪᠠᠨ ᠬᠡᠷ ᠱᠠᠭ᠋ᠠᠷᠳᠠᠬᠤ ᠪᠠ ᠵᠢᠯᠤᠭᠤᠳᠬᠤ ᠦᠢ᠍ᠯᠡᠳᠤᠯ ᠵᠶ᠋ᠡᠨ ᠬᠦᠢ᠍ᠴᠡᠳ ᠪᠠᠳᠠᠷᠠᠭᠤᠯᠵᠤ᠂ ᠵᠠᠰᠠᠭ᠎ᠤᠨ ᠤᠷᠳᠤᠨ᠎ᠢ ᠲᠤᠯᠤᠭ᠋ᠠᠢ᠌ᠯᠠᠨ ᠬᠠᠮᠠᠭ᠋ᠠᠯᠠᠵᠤ᠂ ᠰᠢᠨ᠎ᠡ ᠴᠠᠭ ᠦᠶ᠎ᠡ᠎ᠠᠴᠠ ᠤᠯᠭᠤᠬᠰᠠᠨ ᠡᠬᠦᠷᠬᠡ ᠬᠠᠷᠢᠭᠤᠴᠠᠯᠭ᠎ᠠ᠎ᠪᠠᠨ ᠰᠠᠢ᠌ᠳᠤᠷ ᠬᠦᠢ᠍ᠴᠡᠳᠬᠡᠬᠦ᠎ᠳᠤ ᠨᠠᠢ᠌ᠳᠠᠬᠤ ᠶᠤᠮ᠃
      ᠨᠢᠬᠡ᠎ᠳᠤ᠂ ᠠᠵᠢᠯ᠎ᠤᠨ ᠬᠤᠷᠠᠯ᠎ᠤᠨ ᠲᠦᠷᠢᠮ᠎ᠢ ᠨᠢᠬᠡᠳᠤᠯᠳᠡᠢ ᠲᠤᠬᠳᠠᠭ᠋ᠠᠵᠤ᠂ ᠵᠤᠬᠢᠴᠠᠭᠤᠯᠬᠤ ᠦᠢ᠍ᠯᠡᠳᠤᠯ ᠵᠶ᠋ᠡᠨ ᠬᠠᠮᠤᠭ᠎ᠤᠨ ᠶᠡᠬᠡ᠎ᠪᠠᠷ ᠪᠠᠳᠠᠷᠠᠭᠤᠯᠤᠨ᠎ᠠ᠃ 《ᠮᠡᠳᠡᠭᠳᠡᠯ》᠎ᠳᠤ ᠲᠤᠬᠳᠠᠭ᠋ᠠᠬᠰᠠᠨ᠎ᠨᠢ᠂ ᠤᠳᠤᠷᠢᠳᠬᠤ ᠲᠤᠭᠤᠢ᠌ᠯᠠᠡᠭ᠎ᠨᠢ ᠠᠵᠢᠯ᠎ᠤᠨ ᠬᠤᠷᠠᠯ᠎ᠤᠨ ᠲᠦᠷᠢᠮ᠎ᠢ ᠬᠡᠷᠡᠭᠵᠢᠬᠦᠯᠵᠤ᠂ ᠠᠵᠢᠯ᠎ᠤᠨ ᠬᠤᠷᠠᠯ᠎ᠢ ᠬᠡᠷᠡᠭᠴᠡᠬᠡ ᠵᠢ ᠦᠨᠳᠤᠰᠤᠯᠡᠨ ᠲᠤᠬᠳᠠᠮᠠᠯ ᠪᠠ ᠲᠤᠬᠳᠠᠮᠠᠯ ᠪᠤᠰᠤ ᠬᠤᠭᠤᠴᠠᠭ᠎ᠠ᠎ᠪᠠᠷ ᠬᠤᠷᠠᠯᠳᠤᠭᠤᠯᠵᠤ᠂ ᠲᠦᠪ ᠬᠤᠷᠢᠶᠠᠨ᠎ᠤ ᠤᠬᠠᠭᠤᠯᠬᠤ ᠬᠡᠯᠳᠡᠰ᠂ ᠲᠦᠪ ᠬᠤᠷᠢᠶᠠᠨ᠎ᠤ ᠤᠯᠤᠰ ᠲᠦᠷᠤ ᠬᠠᠤᠯᠢ ᠴᠠᠭ᠋ᠠᠵᠨ ᠵᠢᠨ ᠵᠦᠪᠯᠡᠯ᠂ ᠲᠦᠪ ᠬᠤᠷᠢᠶᠠᠨ᠎ᠤ ᠢᠨᠲᠸᠷ ᠰᠦᠯᠵᠢᠶᠡᠨ᠎ᠤ ᠮᠡᠳᠡᠬᠡ ᠵᠠᠡᠭᠬᠢ ᠵᠢᠨ ᠠᠯᠪᠠᠨ ᠬᠡᠷ᠂ ᠪᠦᠬᠦ ᠤᠯᠤᠰ᠎ᠤᠨ ᠠᠷᠠᠳ᠎ᠤᠨ ᠲᠦᠯᠦᠬᠡᠯᠡᠭᠴᠢᠳ᠎ᠤᠨ ᠶᠡᠬᠡ ᠬᠤᠷᠠᠯ᠎ᠤᠨ ᠪᠠᠢ᠌ᠡᠭᠭᠤ ᠵᠢᠨ ᠬᠤᠷᠢᠶᠠᠨ᠎ᠤ ᠬᠠᠤᠯᠢ ᠴᠠᠭ᠋ᠠᠵᠨ ᠵᠢᠨ ᠠᠵᠢᠯ᠎ᠤᠨ ᠵᠦᠪᠯᠡᠯ᠂ ᠦᠨᠳᠤᠷ ᠵᠡᠷᠬᠡ ᠵᠢᠨ ᠰᠢᠬᠦᠬᠦ ᠬᠤᠷᠢᠶ᠎ᠠ᠂ ᠦᠨᠳᠤᠷ ᠵᠡᠷᠬᠡ ᠵᠢᠨ ᠪᠠᠢ᠌ᠴᠠᠭ᠋ᠠᠬᠤ ᠬᠤᠷᠢᠶ᠎ᠠ᠂ ᠠᠷᠠᠳ᠎ᠤᠨ ᠶᠠᠪᠤᠳᠠᠯ᠎ᠤᠨ ᠶᠠᠮᠤᠨ᠂ ᠰᠤᠷᠭ᠋ᠠᠨ ᠬᠦᠮᠤᠵᠢᠯ᠎ᠤᠨ ᠶᠠᠮᠤᠨ᠂ ᠲᠤᠳᠤᠭ᠋ᠠᠳᠤ ᠵᠢ ᠬᠠᠮᠠᠭ᠋ᠠᠯᠠᠬᠤ ᠶᠠᠮᠤᠨ᠂ ᠤᠯᠤᠰ᠎ᠤᠨ ᠡᠷᠡᠬᠦᠯ ᠬᠠᠮᠠᠭ᠋ᠠᠯᠠᠯ ᠡᠷᠡᠬᠦᠯ ᠮᠡᠨᠳᠤ ᠵᠢᠨ ᠶᠠᠮᠤᠨ᠂ ᠡᠪ ᠬᠠᠮᠳᠤ ᠵᠠᠯᠠᠭᠤᠴᠤᠳ᠎ᠤᠨ ᠡᠪᠯᠡᠯ᠂ ᠪᠦᠬᠦ ᠤᠯᠤᠰ᠎ᠤᠨ ᠡᠮᠡᠭᠳᠡᠢ᠌ᠴᠤᠳ᠎ᠤᠨ ᠬᠤᠯᠪᠤᠭ᠎ᠠ ᠵᠡᠷᠬᠡ 36 ᠰᠠᠯᠠᠭ᠎ᠠ ᠮᠦᠴᠢᠷ ᠪᠤᠯᠤᠨ ᠪᠠᠢ᠌ᠭᠤᠯᠭ᠎ᠠ ᠵᠢᠨ ᠤᠳᠤᠷᠢᠳᠬᠤ ᠪᠦᠷᠢᠯᠳᠤᠬᠦᠨ ᠤᠷᠤᠯᠴᠠᠨ᠎ᠠ᠃ ᠬᠤᠯᠪᠤᠬᠳᠠᠬᠤ ᠤᠷᠤᠯᠴᠠᠬᠰᠠᠳ ᠤᠯᠠᠨ᠂ ᠬᠦᠷᠢᠶ᠎ᠡ ᠬᠡᠪᠴᠢᠶ᠎ᠡ᠎ᠨᠢ ᠦᠷᠬᠡᠨ᠂ ᠲᠡᠰ ᠲᠠᠪᠬᠤᠷᠭ᠎ᠠ᠎ᠨᠢ ᠦᠨᠳᠤᠷ ᠵᠡᠷᠬᠡ ᠠᠯᠢ ᠲᠠᠯ᠎ᠠ᠎ᠪᠠᠷ ᠠᠪᠤᠭ᠋ᠠᠳ ᠬᠡᠯᠡᠭᠰᠡᠨ ᠴᠦ᠍ ᠤᠯᠤᠰ᠎ᠠᠴᠠ ᠨᠠᠰᠤᠨ᠎ᠳᠤ ᠦᠯᠤ ᠬᠦᠷᠦᠭᠰᠡᠳ᠎ᠢ ᠬᠠᠮᠠᠭ᠋ᠠᠯᠠᠬᠤ ᠠᠵᠢᠯ᠎ᠢ ᠬᠦᠨᠳᠤᠳᠬᠡᠵᠤ ᠪᠠᠢ᠌ᠭ᠎ᠠ ᠵᠢ ᠤᠯᠵᠤ ᠬᠠᠷᠠᠬᠤ ᠪᠦᠬᠡᠳ ᠡᠯ᠎ᠡ ᠤᠷᠤᠯᠴᠠᠬᠰᠠᠨ ᠭᠤᠤᠯ ᠴᠤᠬ᠍ᠴᠨ ᠵᠢᠨ ᠨᠡᠢ᠌ᠬᠡᠮ᠎ᠤᠨ ᠵᠠᠰᠠᠯᠳᠠ᠎ᠳᠤ ᠤᠷᠤᠯᠴᠠᠬᠤ ᠰᠢᠨ᠎ᠡ ᠠᠷᠭ᠎ᠠ ᠵᠠᠮ ᠪᠤᠯᠬᠤ ᠶᠤᠮ᠃ ᠠᠵᠢᠯ᠎ᠤᠨ ᠬᠤᠷᠠᠯ᠎ᠤᠨ ᠲᠦᠷᠢᠮ᠎ᠤᠨ ᠲᠠᠪᠠᠭᠤᠯᠢᠭ᠎ᠨᠢ ᠨᠠᠰᠤᠨ᠎ᠳᠤ ᠦᠯᠤ ᠬᠦᠷᠦᠭᠰᠡᠳ᠎ᠢ ᠬᠠᠮᠠᠭ᠋ᠠᠯᠠᠬᠤ ᠠᠵᠢᠯ  ᠎ᠤᠨ ᠡᠯ᠎ᠡ ᠪᠦᠷᠢᠯᠳᠤᠬᠦᠨ ᠨᠢᠬᠡᠴᠢ ᠵᠢ ᠴᠤᠬᠯᠠᠭᠤᠯᠤᠨ᠂ ᠵᠠᠷᠢᠮ ᠲᠤᠪᠤᠢ᠌ᠮ᠎ᠠ ᠠᠰᠠᠭᠤᠳᠠᠯ᠎ᠢ ᠲᠦᠪᠯᠡᠷᠡᠬᠦᠯᠤᠨ ᠵᠦᠪᠯᠡᠵᠤ᠂ ᠲᠦᠷᠤᠯ ᠬᠤᠪᠢᠶᠠᠨ ᠰᠢᠢ᠍ᠳᠪᠤᠷᠢᠯᠡᠵᠤ᠂ ᠡᠯ᠎ᠡ ᠡᠬᠦᠷᠬᠡ ᠲᠤᠰᠢᠶᠠᠯᠳᠤ ᠰᠠᠯᠠᠭ᠎ᠠ ᠮᠦᠴᠢᠷ ᠬᠤᠭᠤᠷᠤᠨᠳᠤ᠎ᠪᠠᠨ ᠨᠠᠰᠤᠨ᠎ᠳᠤ ᠦᠯᠤ ᠬᠦᠷᠦᠭᠰᠡᠳ᠎ᠢ ᠬᠠᠮᠠᠭ᠋ᠠᠠᠯᠬᠤ ᠠᠵᠢᠯ᠎ᠢ ᠬᠦᠨᠳᠡᠯᠡᠨ ᠵᠶ᠋ᠡᠷ ᠬᠤᠯᠪᠤᠭ᠋ᠠᠯᠠᠨ ᠨᠢᠬᠡᠳᠤᠯᠳᠡᠢ ᠲᠦᠯᠦᠪᠵᠢᠬᠦᠯᠬᠦ ᠪᠠ ᠵᠤᠬᠢᠴᠠᠭᠤᠯᠬᠤ ᠲᠤᠬᠳᠠᠮᠵᠢ ᠵᠢ ᠪᠤᠢ ᠪᠤᠯᠭ᠋ᠠᠨ ᠨᠠᠰᠤᠨ᠎ᠳᠤ ᠦᠯᠤ ᠬᠦᠷᠦᠭᠰᠡᠳ᠎ᠢ ᠵᠠᠰᠠᠭ ᠵᠠᠬᠢᠷᠭ᠋ᠠᠨ ᠵᠶ᠋ᠡᠷ ᠬᠠᠮᠠᠭ᠋ᠠᠯᠠᠬᠤ᠂ ᠬᠠᠤᠯᠢ ᠴᠠᠭ᠋ᠠᠵᠨ᠎ᠪᠠᠷ ᠬᠠᠮᠠᠭ᠋ᠠᠯᠠᠬᠤ ᠪᠠ ᠨᠡᠢ᠌ᠬᠡᠮ᠎ᠠᠴᠠ ᠬᠠᠮᠠᠭ᠋ᠠᠯᠠᠬᠤ ᠵᠢ ᠪᠡᠶᠡᠯᠡᠬᠦᠯᠬᠦ ᠵᠢ ᠪᠦᠳᠦᠮᠵᠢᠳᠡᠢ᠎ᠪᠠᠷ ᠠᠮᠨ ᠰᠡᠬᠡᠷ᠎ᠢ᠎ᠨᠢ ᠵᠤᠯᠭ᠋ᠠᠭᠤᠯᠵᠤ ᠴᠢᠳᠠᠬᠤ ᠪᠤᠯᠤᠨ᠎ᠠ᠃ ᠬᠡᠳᠡᠯ᠎ᠡ ᠪᠤᠳᠠᠳᠠᠢ ᠦᠢ᠍ᠯᠡᠳᠤᠯᠬᠡ ᠲᠤᠮᠳᠠ ᠬᠡᠷᠭᠢᠨ ᠪᠤᠳᠠᠳᠠᠢ ᠦᠷ᠎ᠡ ᠪᠦᠳᠦᠮᠵᠢ ᠵᠢ ᠭᠠᠷᠭ᠋ᠠᠬᠤ ᠲᠤᠬᠠᠢ ᠮᠥᠨ ᠯᠨ ᠠᠵᠢᠯ᠎ᠤᠨ ᠬᠤᠷᠠᠯ᠎ᠤᠨ ᠲᠦᠷᠢᠮ᠎ᠤᠨ ᠰᠢᠨᠵᠢᠯᠡᠬᠦ ᠤᠬᠠᠭ᠋ᠠᠭᠴᠢ ᠤᠬᠠᠭ᠋ᠠᠯᠠᠯ᠎ᠳᠤ ᠲᠦᠰᠢᠭᠯᠡᠬᠦ ᠪᠢᠯᠨ᠃ ᠡᠢ᠌ᠮᠤ᠎ᠠᠴᠠ ᠨᠠᠰᠤᠨ᠎ᠳᠤ ᠦᠯᠤ ᠬᠦᠷᠦᠭᠰᠡᠳ᠎ᠤᠨ ᠠᠰᠢᠭ ᠲᠤᠰᠨ᠎ᠳᠤ ᠬᠠᠮᠤᠭ᠎ᠠᠴᠠ ᠵᠤᠬᠢᠷᠠᠬᠤ ᠵᠠᠷᠴᠢᠮ ᠵᠶ᠋ᠡᠷ ᠵᠢᠯᠤᠭᠤᠳᠤᠯᠭ᠎ᠠ ᠪᠤᠯᠭ᠋ᠠᠨ᠂ ᠰᠢᠯᠢᠳᠡᠭᠵᠢᠬᠦᠯᠬᠦ᠂ ᠬᠠᠮᠵᠢᠯᠴᠠᠬᠤ᠂ ᠦᠨᠳᠤᠷ ᠦᠷ᠎ᠡ ᠪᠦᠳᠦᠮᠵᠢ᠎ᠪᠠᠷ ᠵᠢᠯᠤᠭᠤᠳᠤᠮᠵᠢ ᠪᠤᠯᠭ᠋ᠠᠨ᠂ ᠡᠯ᠎ᠡ ᠪᠦᠷᠢᠯᠳᠤᠬᠦᠨ ᠨᠢᠬᠡᠴᠢ ᠵᠢᠨ ᠴᠢᠬᠤᠯᠠᠴᠢᠯᠠᠨ ᠦᠵᠡᠬᠦ ᠬᠡᠮᠵᠢᠶ᠎ᠡ ᠵᠢ ᠬᠦᠢ᠍ᠴᠡᠳ ᠲᠡᠬᠡᠭᠰᠢᠯᠡᠬᠦᠯᠬᠦ ᠬᠡᠷᠡᠭᠳᠡᠢ ᠶᠤᠮ᠃
      ᠬᠤᠶᠠᠷ᠎ᠲᠤ᠂ ᠡᠬᠦᠷᠬᠡ ᠲᠤᠰᠢᠶᠠᠯ᠎ᠤᠨ ᠵᠠᠭ᠋ᠠᠭ ᠬᠢᠵᠠᠭ᠋ᠠᠷ᠎ᠢ ᠲᠤᠳᠤᠷᠬᠠᠢ᠌ᠯᠠᠵᠤ  ᠂ ᠰᠠᠯᠠᠭ᠎ᠠ ᠮᠦᠴᠢᠷ᠎ᠤᠨ ᠬᠤᠭᠤᠷᠤᠨᠳᠤᠬᠢ ᠵᠤᠬᠢᠴᠠᠯᠳᠤᠭ᠎ᠠ ᠪᠠ ᠬᠠᠮᠳᠤᠷᠠᠯᠴᠠᠭ᠎ᠠ ᠵᠢ ᠴᠢᠡᠭᠭ᠋ᠠᠳᠬᠠᠨ᠎ᠠ᠃ 《ᠮᠡᠳᠡᠭᠳᠡᠯ》᠎ᠳᠤ ᠲᠤᠬᠳᠠᠭ᠋ᠠᠬᠰᠠᠨ᠎ᠨᠢ᠂ ᠡᠯ᠎ᠡ ᠭᠠᠵᠠᠷ ᠤᠷᠤᠨ᠂ ᠡᠯ᠎ᠡ ᠬᠠᠮᠢᠶ᠎ᠠ ᠪᠦᠬᠦᠢ ᠪᠠᠢ᠌ᠭᠤᠯᠭ᠎ᠠ ᠵᠢ ᠨᠠᠰᠤᠨ᠎ᠳᠤ ᠦᠯᠤ ᠬᠦᠷᠦᠭᠰᠡᠳ᠎ᠢ ᠬᠠᠮᠠᠭ᠋ᠠᠠᠯᠬᠤ ᠠᠵᠢᠯ᠎ᠤᠨ ᠡᠬᠦᠷᠬᠡ ᠬᠠᠷᠢᠭᠤᠴᠠᠯᠭ᠎ᠠ᠎ᠪᠠᠨ ᠪᠤᠯᠭ᠋ᠠᠨ ᠬᠠᠤᠯᠢ ᠶᠤᠰᠤᠭ᠋ᠠᠷ ᠬᠢᠬᠦ ᠵᠢ ᠤᠳᠤᠷᠢᠳᠬᠤ ᠲᠤᠭᠤᠢ᠌ᠯᠠᠡᠭ ᠵᠢᠭ᠋ᠠᠨ ᠵᠢᠯᠤᠭᠤᠳᠴᠤ᠂ ᠬᠦᠢ᠍ᠴᠡᠳᠬᠡᠬᠦ ᠡᠷᠴᠢᠮ᠎ᠨᠢ ᠰᠤᠯᠨ᠂ ᠮᠠᠭᠤ ᠨᠦᠯᠦᠬᠡ ᠲᠤᠰᠬᠠᠯ ᠭᠠᠷᠭ᠋ᠠᠬᠰᠠᠨ ᠪᠠᠢ᠌ᠭᠤᠯᠭ᠎ᠠ ᠨᠢᠬᠡᠴᠢ ᠪᠤᠶᠤ ᠭᠠᠵᠠᠷ ᠤᠷᠤᠨ᠎ᠢ ᠱᠠᠭ᠋ᠠᠷᠳᠠᠨ ᠪᠠᠢ᠌ᠴᠠᠭ᠋ᠠᠬᠤ᠎ᠪᠠᠨ ᠴᠢᠡᠭᠭ᠋ᠠᠳᠬᠠᠬᠤ ᠪᠤᠶᠤ ᠬᠠᠷᠢᠭᠤᠴᠠᠯᠭ᠎ᠠ ᠠᠰᠭᠤᠬᠤ ᠪᠤᠯᠤᠨ᠎ᠠ᠃ ᠡᠨᠡ ᠬᠦ᠌ ᠱᠠᠭ᠋ᠠᠷᠳᠠᠯᠭ᠎ᠠ ᠵᠢ ᠦᠨᠡᠨ ᠬᠦ᠌ ᠰᠠᠢ᠌ᠳᠤᠷ ᠨᠠᠢ᠌ᠳᠠᠪᠤᠷᠢᠵᠢᠭᠤᠯᠬᠤ ᠵᠢᠨ ᠲᠦᠯᠦᠬᠡ ᠡᠡᠭ ᠲᠡᠷᠢᠬᠦᠨ᠎ᠳᠤ ᠬᠠᠮᠢᠶ᠎ᠠ ᠪᠦᠬᠦᠢ ᠪᠠᠢ᠌ᠭᠤᠯᠭ᠎ᠠ ᠵᠢᠨ ᠡᠬᠦᠷᠬᠡ ᠬᠠᠷᠢᠭᠤᠴᠠᠯᠭ᠎ᠠ ᠵᠢᠨ ᠬᠦᠷᠢᠶ᠎ᠡ ᠴᠠᠷᠠᠭ᠎ᠠ ᠵᠢ ᠵᠠᠪᠠᠯ ᠲᠤᠳᠤᠷᠬᠠᠢ᠌ᠯᠠᠬᠤ ᠬᠡᠷᠡᠭᠳᠡᠢ᠃ ᠬᠠᠮᠳᠤ ᠵᠢᠨ ᠬᠠᠷᠢᠭᠤᠴᠠᠯᠭ᠎ᠠ ᠲᠤᠤᠷ᠎ᠠ ᠠᠳᠠᠯᠢ ᠪᠤᠰᠤ ᠭᠤᠤᠯ ᠴᠤᠬ᠍ᠴᠨ ᠵᠢᠨ ᠡᠬᠦᠷᠬᠡᠯᠡᠬᠦ ᠬᠠᠷᠢᠭᠤᠴᠠᠯᠭ᠎ᠠ᠎ᠨᠢ ᠠᠳᠠᠯᠢ ᠪᠤᠰᠤ ᠶᠤᠮ᠃ ᠡᠬᠦᠨ᠎ᠤ ᠨᠠᠰᠤᠨ᠎ᠳᠤ ᠦᠯᠤ ᠬᠦᠷᠦᠭᠰᠡᠳ᠎ᠤᠨ ᠠᠪᠤ ᠡᠵᠢ ᠪᠤᠶᠤ ᠪᠤᠰᠤᠳ ᠬᠠᠷᠠᠭ᠋ᠠᠯᠵᠠᠨ ᠬᠠᠮᠠᠭ᠋ᠠᠯᠠᠬ᠍ᠴᠢ᠎ᠨᠢ ᠲᠡᠷᠢᠬᠦᠨ ᠬᠠᠷᠢᠭᠤᠴᠠᠯᠭ᠎ᠠ ᠵᠢ ᠡᠬᠦᠷᠬᠡᠯᠡᠵᠤ᠂ ᠠᠷᠠᠳ᠎ᠤᠨ ᠪᠦᠯᠬᠦᠮ ᠪᠠ ᠨᠡᠢ᠌ᠬᠡᠮ᠎ᠤᠨ ᠵᠤᠬᠢᠶᠠᠨ ᠪᠠᠢ᠌ᠭᠤᠯᠤᠯᠳᠠ ᠬᠠᠮᠵᠢᠯᠴᠠᠬᠤ ᠬᠠᠷᠢᠭᠤᠴᠠᠯᠭ᠎ᠠ ᠵᠢ ᠡᠬᠦᠷᠬᠡᠯᠡᠨ᠂ ᠤᠯᠤᠰ᠎ᠠᠴᠠ ᠨᠠᠰᠤᠨ᠎ᠳᠤ ᠦᠯᠤ ᠬᠦᠷᠦᠭᠰᠡᠳ᠎ᠢ ᠬᠠᠮᠠᠭ᠋ᠠᠯᠠᠬᠤ᠎ᠳᠤ ᠴᠦ᠍ ᠬᠠᠮᠤᠭ᠎ᠤᠨ ᠲᠡᠬᠡᠳᠤ ᠮᠦᠷᠳᠡᠬᠡᠨ ᠬᠠᠮᠤᠭ ᠡᠴᠤᠰ᠎ᠤᠨ ᠬᠠᠷᠢᠭᠤᠴᠠᠯᠭ᠎ᠠ ᠵᠢ ᠡᠬᠦᠷᠬᠡᠯᠡᠬᠦ ᠬᠡᠷᠡᠭᠳᠡᠢ ᠶᠤᠮ᠂ ᠡᠬᠦᠨ᠎ᠢ ᠪᠤᠳᠠᠳᠠᠢ᠎ᠪᠠᠷ ᠵᠠᠰᠠᠭ᠎ᠤᠨ ᠤᠷᠳᠤᠨ ᠪᠤᠯᠤᠨ ᠪᠤᠰᠤᠳ ᠡᠬᠦᠷᠬᠡ ᠲᠤᠰᠢᠶᠠᠯᠳᠤ ᠰᠠᠯᠠᠭ᠎ᠠ ᠮᠦᠴᠢᠷ ᠪᠠ ᠬᠠᠤᠯᠢ ᠴᠠᠭ᠋ᠠᠵᠨ ᠵᠢᠨ ᠪᠠᠢ᠌ᠭᠤᠯᠭ᠎ᠠ ᠡᠬᠦᠷᠬᠡᠯᠡᠨ᠎ᠡ᠃ ᠡᠬᠦᠷᠬᠡ ᠲᠤᠰᠢᠶᠠᠯ᠎ᠤᠨ ᠬᠦᠷᠢᠶ᠎ᠡ ᠴᠠᠷᠠᠭ᠎ᠠ ᠵᠢ ᠲᠤᠳᠤᠷᠬᠠᠢ᠌ᠯᠠᠬᠰᠠᠨ᠎ᠤ ᠲᠠᠷᠠᠭ᠎ᠠ ᠡᠯ᠎ᠡ ᠭᠤᠤᠯ ᠴᠤᠬ᠍ᠴᠨ ᠵᠢᠨ ᠡᠬᠦᠷᠬᠡ ᠬᠠᠷᠢᠭᠤᠴᠠᠯᠭ᠎ᠠ᠎ᠪᠠᠨ ᠦᠨᠡᠨ ᠬᠦ᠌ ᠬᠦᠢ᠍ᠴᠡᠳᠬᠡᠬᠦ ᠵᠢ ᠪᠠᠳᠤᠯᠠᠬᠤ ᠵᠢᠨ ᠲᠦᠯᠦᠬᠡ ᠵᠠᠰᠠᠭ᠎ᠤᠨ ᠤᠷᠳᠤᠨ᠎ᠤ ᠡᠯ᠎ᠡ ᠡᠬᠦᠷᠬᠡ ᠲᠤᠰᠢᠶᠠᠯᠳᠤ ᠰᠠᠯᠠᠭ᠎ᠠ ᠮᠦᠴᠢᠷ᠎ᠤᠨ ᠬᠠᠷᠢᠭᠤᠴᠠᠯᠭ᠎ᠠ ᠵᠢᠨ   ᠲᠤᠳᠤᠷᠬᠠᠢ ᠬᠠᠭᠤᠳᠠᠰᠤ ᠵᠢ ᠲᠤᠬᠳᠠᠭ᠋ᠠᠬᠤ ᠬᠡᠷᠡᠭᠳᠡᠢ᠃ ᠢᠡᠭᠭᠢᠪᠡᠯ ᠰᠠᠶᠢ ᠵᠠᠰᠠᠭ᠎ᠤᠨ ᠤᠷᠳᠤᠨ᠎ᠤ ᠡᠬᠦᠷᠬᠡ ᠲᠤᠰᠢᠶᠠᠯᠳᠤ ᠰᠠᠯᠠᠭ᠎ᠠ ᠮᠦᠴᠢᠷ᠎ᠤᠨ ᠨᠠᠰᠤᠨ᠎ᠳᠤ ᠦᠯᠤ ᠬᠦᠷᠦᠭᠰᠡᠳ᠎ᠢ ᠬᠠᠮᠠᠭ᠋ᠠᠯᠠᠬᠤ ᠠᠵᠢᠯ᠎ᠤᠨ ᠲᠤᠮᠳᠠᠬᠢ ᠡᠷᠬᠡ ᠬᠠᠷᠢᠭᠤᠴᠠᠯᠭ᠎ᠠ ᠵᠢ ᠲᠤᠳᠤᠷᠬᠠᠢ᠌ᠯᠠᠵᠤ᠂ ᠦᠪᠡᠷ ᠦᠪᠡᠷ᠎ᠤᠨ ᠬᠠᠷᠢᠭᠤᠴᠠᠯᠭ᠎ᠠ᠎ᠪᠠᠨ ᠡᠬᠦᠷᠬᠡᠯᠡᠪᠡᠯ ᠰᠠᠶᠢ ᠠᠵᠢᠯ᠎ᠤᠨ ᠲᠤᠬᠳᠠᠯᠴᠠᠭ᠎ᠠ ᠵᠢ ᠲᠠᠰᠤᠷᠠᠯᠳᠠ ᠦᠬᠡᠢ ᠲᠡᠬᠦᠯᠳᠡᠷᠵᠢᠬᠦᠯᠤᠨ᠂ ᠲᠤᠬᠳᠠᠬᠰᠠᠨ ᠬᠤᠭᠤᠴᠠᠭ᠎ᠠ᠎ᠲᠠᠢ᠎ᠪᠠᠷ ᠵᠦᠪᠯᠡᠬᠦ᠂ ᠨᠡᠪᠳᠡᠷᠡᠯᠴᠡᠵᠤ ᠠᠮᠨ ᠰᠡᠬᠡᠷ᠎ᠢ᠎ᠨᠢ ᠵᠤᠯᠭ᠋ᠠᠭᠤᠯᠬᠤ ᠵᠢ ᠴᠢᠡᠭᠭ᠋ᠠᠳᠬᠠᠵᠤ ᠴᠢᠳᠠᠬᠤ ᠪᠦᠬᠡᠳ ᠨᠠᠰᠤᠨ᠎ᠳᠤ ᠦᠯᠤ ᠬᠦᠷᠦᠭᠰᠡᠳ᠎ᠢ ᠬᠠᠮᠠᠭ᠋ᠠᠯᠠᠬᠤ ᠡᠬᠦᠷᠬᠡ ᠬᠠᠷᠢᠭᠤᠴᠠᠯᠭ᠎ᠠ ᠵᠢ ᠦᠨᠡᠨ ᠬᠦ᠌ ᠪᠤᠳᠠᠳᠠᠢ᠌ᠵᠢᠭᠤᠯᠵᠤ ᠴᠢᠳᠠᠬᠤ ᠶᠤᠮ᠃
      ᠭᠤᠷᠪᠠ᠎ᠳᠤ᠂ ᠲᠦᠪ ᠬᠤᠷᠢᠶᠠᠨ᠎ᠤ ᠲᠤᠷᠰᠢᠯᠭ᠎ᠠ ᠵᠢ ᠤᠷᠤᠨ ᠨᠤᠳᠤᠭ᠎ᠲᠤ ᠲᠡᠯᠬᠡᠷᠡᠬᠦᠯᠵᠤ᠂ ᠨᠠᠰᠤᠨ᠎ᠳᠤ ᠦᠯᠤ ᠬᠦᠷᠦᠭᠰᠡᠳ᠎ᠢ ᠬᠠᠮᠠᠭ᠋ᠠᠯᠠᠬᠤ ᠠᠵᠢᠯ᠎ᠤᠨ ᠦᠨᠳᠤᠰᠤᠨ ᠱᠠᠳᠤᠨ᠎ᠳᠤ᠎ᠬᠢ ᠪᠦᠳᠦᠬᠡᠨ ᠪᠠᠢ᠌ᠭᠤᠯᠤᠯᠳᠠ ᠵᠢ ᠴᠢᠡᠭᠭ᠋ᠠᠳᠬᠠᠨ᠎ᠠ᠃ ᠨᠠᠰᠤᠨ᠎ᠳᠤ ᠦᠯᠤ ᠬᠦᠷᠦᠭᠰᠡᠳ᠎ᠢ ᠬᠠᠮᠠᠭ᠋ᠠᠯᠠᠬᠤ ᠠᠵᠢᠯ᠎ᠢ ᠨᠠᠢ᠌ᠳᠠᠪᠤᠷᠢᠵᠢᠭᠤᠯᠬᠤ ᠵᠢᠨ ᠭᠤᠤᠯ᠎ᠨᠢ ᠦᠨᠳᠤᠰᠤᠨ ᠱᠠᠳᠤ ᠶᠤᠮ᠃ ᠨᠠᠰᠤᠨ᠎ᠳᠤ ᠦᠯᠤ ᠬᠦᠷᠦᠭᠰᠡᠳ᠎ᠢ ᠬᠠᠮᠠᠭ᠋ᠠᠯᠠᠬᠤ ᠬᠠᠤᠯᠢ᠎ᠳᠤ ᠰᠢᠶᠠᠨ᠎ᠤ ᠲᠡᠰ᠎ᠠᠴᠠ ᠲᠡᠭᠡᠭᠰᠢᠬᠢ ᠠᠷᠠᠳ᠎ᠤᠨ ᠵᠠᠰᠠᠭ᠎ᠤᠨ ᠤᠷᠳᠤᠨ ᠨᠢᠬᠡᠳᠤᠯᠳᠡᠢ ᠵᠤᠬᠢᠴᠠᠭᠤᠯᠬᠤ ᠠᠵᠢᠯ᠎ᠤᠨ ᠲᠤᠬᠳᠠᠯᠴᠠᠭ᠎ᠠ ᠪᠠᠢ᠌ᠭᠤᠯᠬᠤ ᠬᠡᠷᠡᠭᠳᠡᠢ ᠭᠡᠵᠤ ᠱᠠᠭ᠋ᠠᠷᠳᠠᠬᠰᠠᠨ ᠵᠶ᠋ᠡᠷ ᠪᠠᠷᠠᠬᠤ ᠦᠬᠡᠢ 81 ᠳ᠋ᠤᠬᠡᠷ ᠵᠦᠢ᠍ᠯ᠎ᠤᠨ 2 ᠳ᠋ᠤᠭ᠋ᠠᠷ ᠵᠤᠷᠪᠤᠰ᠎ᠲᠤ᠄ 《ᠰᠢᠶᠠᠡᠭ ᠪᠠᠯᠭ᠋ᠠᠰᠤᠨ᠎ᠤ ᠠᠷᠠᠳ᠎ᠤᠨ ᠵᠠᠰᠠᠭ᠎ᠤᠨ ᠤᠷᠳᠤᠨ ᠪᠤᠯᠤᠨ ᠵᠡᠬᠡᠯᠢ ᠭᠤᠳᠤᠮᠵᠢ ᠵᠢᠨ ᠬᠡᠷᠡᠭ ᠡᠷᠬᠢᠯᠡᠬᠦ ᠭᠠᠵᠠᠷ᠎ᠨᠢ ᠨᠠᠰᠤᠨ᠎ᠳᠤ ᠦᠯᠤ ᠬᠦᠷᠦᠭᠰᠡᠳ᠎ᠢ ᠬᠠᠮᠠᠭ᠋ᠠᠯᠠᠬᠤ ᠠᠵᠢᠯ᠎ᠤᠨ ᠦᠷᠳᠡᠭᠡ ᠪᠤᠶᠤ ᠲᠤᠰᠬᠠᠢ ᠬᠦᠮᠦᠨ ᠲᠤᠬᠳᠠᠭ᠋ᠠᠵᠤ ᠨᠠᠰᠤᠨ᠎ᠳᠤ ᠦᠯᠤ ᠬᠦᠷᠦᠭᠰᠡᠳ᠎ᠲᠠᠢ ᠬᠤᠯᠪᠤᠬᠳᠠᠯ ᠪᠦᠬᠦᠢ ᠬᠡᠷᠡᠭ ᠶᠠᠪᠤᠳᠠᠯ᠎ᠢ ᠴᠠᠭ ᠲᠠᠷᠤᠢ᠎ᠳᠤ᠎ᠨᠢ ᠰᠢᠢ᠍ᠳᠪᠤᠷᠢᠯᠡᠬᠦ ᠬᠡᠷᠡᠭᠳᠡᠢ᠃ ᠰᠠᠭᠤᠭ᠋ᠠᠯᠢ ᠠᠷᠠᠳ᠎ᠤᠨ ᠵᠦᠪᠯᠡᠯ᠂ ᠲᠤᠰᠬᠤᠨ᠎ᠤ ᠠᠷᠠᠳ᠎ᠤᠨ ᠵᠦᠪᠯᠡᠯ ᠲᠤᠰᠬᠠᠢ ᠬᠦᠮᠦᠨ᠂ ᠲᠤᠰᠬᠠᠢ ᠠᠵᠢᠯ᠎ᠤᠨ ᠪᠠᠢ᠌ᠷᠢ ᠭᠠᠷᠭ᠋ᠠᠬᠤ ᠵᠢ ᠲᠡᠮᠵᠢᠬᠦ ᠪᠠ ᠵᠢᠭ᠋ᠠᠨ ᠵᠢᠯᠤᠭᠤᠳᠴᠤ ᠨᠠᠰᠤᠨ᠎ᠳᠤ ᠦᠯᠤ ᠬᠦᠷᠦᠭᠰᠡᠳ᠎ᠢ ᠬᠠᠮᠠᠭ᠋ᠠᠯᠠᠬᠤ ᠠᠵᠢᠯ᠎ᠢ ᠰᠠᠢ᠌ᠳᠤᠷ ᠬᠢᠬᠦ ᠬᠡᠷᠡᠭᠳᠡᠢ》 ᠬᠡᠵᠡᠢ᠃
      ᠦᠢ᠍ᠯᠡᠳᠤᠯᠬᠡ ᠵᠢᠨ ᠲᠤᠮᠳᠠ ᠬᠡᠤᠬᠡᠳ᠎ᠤᠨ ᠡᠷᠬᠢᠯᠡᠭᠴᠢ ᠪᠠ ᠬᠡᠤᠬᠡᠳ᠎ᠤᠨ ᠱᠠᠭ᠋ᠠᠷᠳᠠᠨ ᠪᠠᠢ᠌ᠴᠠᠭ᠋ᠠᠬ᠍ᠴᠢ ᠡᠮᠦᠨ᠎ᠡ ᠹᠷᠤᠨᠲ  ᠎ᠤᠨ ᠬᠦᠮᠦᠨ ᠪᠤᠯᠵᠤ ᠪᠤᠳᠠᠳᠠᠢ ᠠᠵᠢᠯ᠎ᠤᠨ ᠡᠬᠦᠷᠬᠡ ᠬᠠᠷᠢᠭᠤᠴᠠᠯᠭ᠎ᠠ ᠵᠢ ᠡᠬᠦᠷᠬᠡᠯᠡᠨ᠂ ᠲᠦᠷᠤ ᠵᠢᠨ ᠪᠤᠳᠤᠯᠭ᠎ᠠ ᠵᠢᠨ ᠤᠬᠠᠭᠤᠯᠭ᠎ᠠ ᠪᠠ ᠲᠠᠢ᠌ᠯᠤᠮᠵᠢ ᠬᠠᠡᠭᠭ᠋ᠠᠬᠤ ᠵᠢᠨ ᠬᠠᠷᠢᠭᠤᠴᠠᠨ᠂ ᠬᠠᠮᠢᠶ᠎ᠠ ᠪᠦᠬᠦᠢ ᠲᠦᠷᠤ ᠵᠢᠨ ᠪᠤᠳᠤᠯᠭ᠎ᠠ ᠪᠠ ᠪᠠᠳᠤᠯᠠᠭ᠎ᠠ ᠵᠢᠨ ᠠᠷᠭ᠎ᠠ ᠬᠡᠮᠵᠢᠶ᠎ᠡ ᠵᠢ ᠵᠤᠬᠢᠴᠠᠭᠤᠯᠤᠨ ᠨᠠᠢ᠌ᠳᠠᠪᠤᠷᠢᠵᠢᠭᠤᠯᠵᠤ᠂ ᠨᠠᠰᠤᠨ᠎ᠳᠤ ᠦᠯᠤ ᠬᠦᠷᠦᠭᠰᠡᠳ᠎ᠲᠤ ᠦᠢ᠍ᠯᠡᠴᠢᠯᠡᠬᠦ ᠠᠵᠢᠯ᠎ᠢ ᠬᠦᠢ᠍ᠴᠡᠳᠬᠡᠵᠤ ᠪᠠᠢ᠌ᠭ᠎ᠠ ᠶᠤᠮ᠃ ᠠᠷᠠᠳ᠎ᠤᠨ ᠶᠠᠪᠤᠳᠠᠯ᠎ᠤᠨ ᠰᠠᠯᠠᠭ᠎ᠠ ᠮᠦᠴᠢᠷ ᠬᠡᠤᠬᠡᠳ᠎ᠤᠨ ᠡᠷᠬᠢᠯᠡᠭᠴᠢ ᠪᠠ ᠬᠡᠤᠬᠡᠳ᠎ᠤᠨ ᠱᠠᠭ᠋ᠠᠷᠳᠠᠨ ᠪᠠᠢ᠌ᠴᠠᠭ᠋ᠠᠬ᠍ᠴᠢ᠎ᠳᠤ ᠲᠤᠬᠠᠢ᠌ᠯᠠᠬᠰᠠᠨ ᠠᠵᠢᠯ᠎ᠤᠨ ᠪᠤᠯᠪᠠᠰᠤᠷᠠᠯ ᠬᠦᠷᠳᠡᠬᠡᠬᠦ ᠪᠦᠬᠡᠳ ᠦᠨᠡᠨ ᠨᠡᠷ᠎ᠡ᠎ᠪᠠᠷ ᠵᠶ᠋ᠡᠨ ᠲᠠᠡᠭᠰᠠᠯᠠᠭᠤᠯᠬᠤ ᠬᠠᠮᠢᠶᠠᠷᠤᠯᠳᠠ ᠵᠢ ᠬᠡᠷᠡᠭᠵᠢᠬᠦᠯᠤᠨ᠂ ᠪᠠᠭ᠋ᠠᠴᠤᠳ ᠬᠡᠤᠬᠡᠳ᠎ᠢ ᠬᠠᠯᠠᠮᠵᠢᠯᠠᠬᠤ 《ᠬᠠᠮᠤᠭ ᠰᠡᠬᠦᠯᠴᠢ ᠵᠢᠨ ᠨᠢᠬᠡ ᠺᠢᠯᠤᠮᠸᠲᠷ》᠎ᠢ ᠨᠡᠪᠳᠡᠷᠡᠬᠦᠯᠬᠦ᠎ᠪᠠᠷ ᠴᠢᠷᠮᠠᠢ᠌ᠵᠤ ᠪᠠᠢ᠌ᠭ᠎ᠠ᠃ ᠡᠢ᠌ᠮᠤᠷᠬᠦᠤ ᠨᠦᠬᠦᠴᠡᠯ ᠪᠠᠢ᠌ᠳᠠᠯ ᠲᠤᠤᠷ᠎ᠠ ᠲᠦᠪ ᠬᠤᠷᠢᠶᠠᠨ᠎ᠤ ᠲᠠᠪᠬᠤᠷᠭ᠎ᠠ ᠵᠢᠨ ᠨᠢᠬᠡᠳᠤᠯᠳᠡᠢ ᠵᠤᠬᠢᠴᠠᠭᠤᠯᠬᠤ ᠲᠤᠷᠰᠢᠯᠭ᠎ᠠ ᠵᠢ ᠲᠠᠷᠤᠢ ᠲᠦᠷᠬᠡᠨ ᠳ᠋ᠦᠡᠭᠨᠡᠵᠤ ᠲᠡᠯᠬᠡᠷᠡᠬᠦᠯᠤᠨ᠂ ᠡᠯ᠎ᠡ ᠭᠠᠵᠠᠷ ᠤᠷᠤᠨ᠎ᠢ ᠵᠢᠯᠤᠭᠤᠳᠴᠤ ᠪᠠᠢ᠌ᠭ᠋ᠠᠳ ᠬᠠᠷᠠᠭ᠋ᠠᠯᠵᠠᠬᠰᠠᠨ ᠵᠤᠬᠢᠴᠠᠭᠤᠯᠬᠤ ᠲᠤᠬᠳᠠᠯᠴᠠᠭ᠎ᠠ ᠵᠢ ᠪᠠᠢ᠌ᠭᠤᠯᠤᠨ᠂ ᠦᠨᠳᠤᠰᠤᠨ ᠱᠠᠳᠤᠨ᠎ᠤ ᠦᠢ᠍ᠯᠡᠴᠢᠯᠡᠬᠡᠨ᠎ᠤ ᠠᠵᠢᠯ᠎ᠳᠤ ᠲᠦᠷᠤ ᠵᠢᠨ ᠪᠤᠳᠤᠯᠭ᠎ᠠ ᠵᠢᠨ ᠵᠢᠯᠤᠭᠤᠳᠤᠮᠵᠢ ᠪᠠ ᠮᠡᠷᠬᠡᠵᠢᠯ᠎ᠤᠨ ᠲᠡᠮᠵᠢᠯᠬᠡ ᠬᠠᠡᠭᠭ᠋ᠠᠬᠤ ᠬᠡᠷᠡᠭᠳᠡᠢ᠃ ᠤᠷᠤᠨ ᠨᠤᠳᠤᠭ᠎ᠤᠨ ᠲᠠᠯ᠎ᠠ᠎ᠠᠴᠠ ᠲᠦᠪ ᠬᠤᠷᠢᠶᠠᠨ᠎ᠤ ᠨᠡᠢ᠌ᠳᠬᠡᠭᠰᠡᠨ ᠲᠦᠰᠤᠯ ᠵᠶ᠋ᠡᠷ ᠵᠤᠬᠢᠶᠠᠨ ᠪᠠᠢ᠌ᠭᠤᠯᠵᠤ᠂ ᠤᠳᠤ ᠪᠠᠢ᠌ᠭ᠎ᠠ ᠨᠠᠰᠤᠨ᠎ᠳᠤ ᠦᠯᠤ ᠬᠦᠷᠦᠭᠰᠡᠳ᠎ᠢ ᠬᠠᠮᠠᠭ᠋ᠠᠯᠠᠬᠤ ᠠᠵᠢᠯ᠎ᠤᠨ ᠵᠦᠪᠯᠡᠯ᠎ᠢ ᠰᠢᠯᠢᠳᠡᠭᠵᠢᠬᠦᠯᠵᠤ᠂ ᠦᠬᠡᠷᠡᠴᠢᠯᠡᠬᠦ ᠬᠡᠷᠡᠭᠳᠡᠢ᠃ ᠢᠡᠭᠭᠢᠪᠡᠯ ᠰᠠᠶᠢ ᠲᠡᠬᠡᠷ᠎ᠡ᠎ᠠᠴᠠ ᠲᠤᠷᠤᠬᠰᠢ᠂ ᠨᠠᠰᠤᠨ᠎ᠳᠤ ᠦᠯᠤ ᠬᠦᠷᠦᠭᠰᠡᠳ ᠪᠤᠯᠤᠨ ᠬᠡᠷ ᠪᠦᠯᠢ ᠵᠢᠨ ᠬᠠᠮᠠᠭ᠋ᠠᠯᠠᠯᠳᠠ ᠵᠢᠨ ᠠᠵᠢᠯ᠎ᠤᠨ ᠰᠢᠰᠲᠸᠮ ᠪᠠ ᠨᠢᠬᠡᠳᠤᠯᠳᠡᠢ ᠵᠤᠬᠢᠴᠠᠭᠤᠯᠬᠤ ᠠᠵᠢᠯ  ᠎ᠤᠨ ᠲᠤᠬᠳᠠᠯᠴᠠᠭ᠎ᠠ ᠵᠢ ᠪᠦᠷᠢᠯᠳᠤᠬᠦᠯᠵᠤ᠂ ᠡᠬᠦᠨ᠎ᠤ ᠤᠯᠠᠮ᠎ᠠᠴᠠ ᠤᠯᠤᠰ᠎ᠤᠨ ᠬᠠᠮᠤᠭ ᠡᠴᠤᠰ᠎ᠤᠨ ᠬᠠᠷᠢᠭᠤᠴᠠᠯᠭ᠎ᠠ ᠵᠢ ᠦᠨᠡᠨ ᠬᠦ᠌ ᠪᠤᠳᠠᠳᠠᠢ᠌ᠵᠢᠭᠤᠯᠵᠤ ᠴᠢᠳᠠᠬᠤ ᠶᠤᠮ᠃

     (ᠰᠦᠡᠭ ᠶᠢᠡᠭ ᠬᠤᠢ ᠪᠤᠯ ᠪᠡᠬᠡᠵᠢᠡᠭ᠎ᠤᠨ ᠪᠠᠬᠰᠢ ᠵᠢᠨ ᠶᠡᠬᠡ ᠰᠤᠷᠭ᠋ᠠᠭᠤᠯᠢ ᠵᠢᠨ ᠬᠠᠤᠯᠢ ᠴᠠᠭ᠋ᠠᠵᠨ ᠵᠢᠨ ᠲᠡᠬᠡᠳᠤ ᠰᠤᠷᠭᠭᠤᠯᠢ ᠵᠢᠨ ᠫᠷᠤᠹᠸᠰᠰᠤᠷ᠂ 《ᠪᠦᠬᠦᠳᠡ ᠨᠠᠢ᠌ᠷᠠᠮᠳᠠᠬᠤ ᠲᠤᠮᠳᠠᠳᠤ ᠠᠷᠠᠳ ᠤᠯᠤᠰ᠎ᠤᠨ ᠨᠠᠰᠤᠨ᠎ᠳᠤ ᠦᠯᠤ ᠬᠦᠷᠦᠭᠰᠡᠳ᠎ᠢ ᠬᠠᠮᠠᠭ᠋ᠠᠯᠠᠬᠤ ᠬᠠᠤᠯᠢ》᠎ᠳᠤ ᠵᠠᠰᠠᠪᠤᠷᠢ ᠤᠷᠤᠭᠤᠯᠬᠤ᠎ᠳᠤ ᠤᠷᠤᠯᠴᠠᠬᠰᠠᠨ ᠭᠤᠤᠯ ᠪᠦᠷᠢᠯᠳᠤᠬᠦᠨ᠃ ᠯᠢᠤ ᠯᠢᠡᠭ ᠶᠦᠸᠸ ᠪᠤᠯ ᠪᠡᠬᠡᠵᠢᠡᠭ᠎ᠤᠨ ᠪᠠᠬᠰᠢ ᠵᠢᠨ ᠶᠡᠬᠡ ᠰᠤᠷᠭ᠋ᠠᠭᠤᠯᠢ ᠵᠢᠨ ᠬᠠᠤᠯᠢ ᠴᠠᠭ᠋ᠠᠵᠨ ᠵᠢᠨ ᠲᠡᠬᠡᠳᠤ ᠰᠤᠷᠭ᠋ᠠᠭᠤᠯᠢ ᠵᠢᠨ ᠳ᠋ᠤᠺᠲ᠋ᠤᠷ᠂ ᠰᠤᠳᠤᠯᠬᠤ ᠰᠤᠷᠤᠬ᠍ᠴᠢ)

ᠢᠷᠡᠯᠲᠡ᠄ 《ᠲᠤᠮᠳᠠᠳᠤ ᠤᠯᠤᠰ᠎ᠤᠨ ᠨᠡᠢ᠌ᠬᠡᠮ ᠰᠤᠨᠢᠨ》᠎ᠤ 2021 ᠤᠨ᠎ᠤ 6 ᠳ᠋ᠤᠭ᠋ᠠᠷ ᠰᠠᠷ᠎ᠠ ᠵᠢᠨ 16᠎ᠤ ᠡᠳᠤᠷ᠎ᠤᠨ 《ᠤᠨᠤᠯ》 ᠪᠤᠯᠤᠡᠭ
          
ᠬᠠᠮᠢᠶ᠎ᠡ ᠪᠦᠬᠦᠢ ᠰᠣᠨᠢᠨ
ᠦᠨᠳᠤᠰᠤᠲᠠᠨ᠎ᠤ ᠪᠦᠯᠬᠦᠮᠲᠡᠯ ᠪᠤᠯ ᠡᠯ᠎ᠡ ᠲᠦᠷᠦᠯ᠎ᠤᠨ ᠵᠢᠯ ᠦᠢ᠍ᠯᠡᠰ᠎ᠤᠨ ᠠᠮᠵᠢᠯᠲᠡ ᠤᠯᠬᠤ ᠵᠢᠨ ᠪᠠᠳᠤᠯᠠᠭ᠎ᠠ ᠶᠤᠮ
ᠨᠠᠮ᠎ᠤᠨ ᠲᠡᠤᠬᠡ᠎ᠠᠴᠠ ᠤᠶᠤᠨ ᠤᠬᠠᠭ᠋ᠠᠨ ᠰᠢᠡᠭᠭᠡᠬᠡᠵᠤ᠂ ᠰᠢᠨ᠎ᠡ ᠴᠠᠭ ᠦᠶ᠎ᠡ ᠎ᠤᠨ ᠠᠷᠠᠳ᠎ᠤᠨ ᠶᠠᠪᠤᠳᠠᠯ᠎ᠤᠨ ᠦᠢ᠍ᠯᠡᠰ᠎ᠤᠨ ᠬᠥᠭᠵᠢᠯᠲᠡ ᠵᠢᠨ ᠰᠢᠨ᠎ᠡ ᠬᠠᠭᠤᠳᠠᠰᠤ ᠵᠢ ᠪᠢᠴᠢᠭᠯᠡᠶ᠎ᠡ
(ᠨᠢᠬᠡ) ᠨᠠᠰᠤᠨ᠎ᠳᠤ ᠦᠯᠤ ᠬᠦᠷᠦᠭᠰᠡᠳ᠎ᠢ ᠲᠤᠰᠠᠯᠠᠨ ᠬᠠᠮᠠᠭ᠋ᠠᠯᠠᠬᠤ ᠪᠠᠢ᠌ᠭᠤᠯᠤᠮᠵᠢ ᠬᠡᠯᠪᠡᠷᠢ᠎ᠪᠠᠨ ᠬᠤᠪᠢᠷᠠᠭᠤᠯᠤᠨ ᠲᠡᠰ ᠲᠡᠪᠰᠢᠬᠦ ᠵᠢ ᠬᠡᠷᠬᠢᠨ ᠪᠡᠶᠡᠯᠡᠬᠦᠯᠬᠦ ᠪᠤᠢ
(ᠬᠤᠶᠠᠷ) ᠨᠠᠰᠤᠨ᠎ᠳᠤ ᠦᠯᠤ ᠬᠦᠷᠦᠭᠰᠡᠳ᠎ᠢ ᠲᠤᠰᠠᠯᠠᠨ ᠬᠠᠮᠠᠭ᠋ᠠᠯᠠᠬᠤ ᠪᠠᠢ᠌ᠭᠤᠯᠤᠮᠵᠢ ᠬᠡᠯᠪᠡᠷᠢ᠎ᠪᠠᠨ ᠬᠤᠪᠢᠷᠠᠭᠤᠯᠤᠨ ᠲᠡᠰ ᠲᠡᠪᠰᠢᠬᠦ ᠵᠢ ᠬᠡᠷᠬᠢᠨ ᠪᠡᠶᠡᠯᠡᠬᠦᠯᠬᠦ ᠪᠤᠢ
(ᠭᠤᠷᠪᠠ) ᠨᠠᠰᠤᠨ᠎ᠳᠤ ᠦᠯᠤ ᠬᠦᠷᠦᠭᠰᠡᠳ᠎ᠢ ᠲᠤᠰᠠᠯᠠᠨ ᠬᠠᠮᠠᠭ᠋ᠠᠯᠠᠬᠤ ᠪᠠᠢ᠌ᠭᠤᠯᠤᠮᠵᠢ ᠬᠡᠯᠪᠡᠷᠢ᠎ᠪᠠᠨ ᠬᠤᠪᠢᠷᠠᠭᠤᠯᠤᠨ ᠲᠡᠰ ᠲᠡᠪᠰᠢᠬᠦ ᠵᠢ ᠬᠡᠷᠬᠢᠨ ᠪᠡᠶᠡᠯᠡᠬᠦᠯᠬᠦ ᠪᠤᠢ
 
            