ᠨᠠᠮ᠎ᠤᠨ ᠲᠡᠤᠬᠡ᠎ᠠᠴᠠ ᠤᠶᠤᠨ ᠤᠬᠠᠭ᠋ᠠᠨ ᠰᠢᠡᠭᠭᠡᠬᠡᠵᠤ᠂ ᠰᠢᠨ᠎ᠡ ᠴᠠᠭ ᠦᠶ᠎ᠡ ᠤᠨ ᠠᠷᠠᠳ᠎ᠤᠨ ᠶᠠᠪᠤᠳᠠᠯ᠎ᠤᠨ ᠦᠢ᠍ᠯᠡᠰ᠎ᠤᠨ ᠬᠥᠭᠵᠢᠯᠲᠡ ᠵᠢᠨ ᠰᠢᠨ᠎ᠡ ᠬᠠᠭᠤᠳᠠᠰᠤ ᠵᠢ ᠪᠢᠴᠢᠭᠯᠡᠶ᠎ᠡ
ᠠᠷᠠᠳ᠎ᠤᠨ ᠶᠠᠪᠤᠳᠠᠯ᠎ᠤᠨ ᠶᠠᠮᠤᠨ ᠤ ᠨᠠᠮ᠎ᠤᠨ ᠬᠤᠷᠢᠶᠠᠨ᠎ᠤ ᠱᠦᠵᠢ ᠂
ᠶᠠᠮᠤᠨ᠎ᠤ ᠲᠠᠷᠤᠭ᠎ᠠ ᠯᠢ ᠵᠢᠢ ᠡᡁᠸᠩ
ᠪᠠᠶᠠᠨᠴᠢᠮᠡᠭ ᠤᠷᠴᠢᠭᠤᠯᠪᠠ
ᠨᠠᠮ᠎ᠤᠨ ᠲᠡᠦᠬᠡ ᠪᠣᠯ ᠡᠪ ᠬᠠᠮᠲᠤᠴᠤᠳ᠎ᠤᠨ ᠰᠦᠭ ᠰᠦᠨᠡᠰᠦᠨ᠎ᠤ ᠦᠨᠳᠦᠰᠦ ᠪᠠ ᠤᠶᠤᠨ ᠰᠠᠨᠠᠭ᠋ᠠᠨ᠎ᠤ ᠭᠡᠷ ᠣᠷᠣᠨ ᠮᠥᠨ᠂ ᠳᠤᠮᠳᠠᠳᠤ ᠵᠢᠨ ᠦᠨᠳᠦᠰᠦᠲᠡᠨ᠎ᠤ ᠡᠷᠬᠢᠮ ᠨᠠᠨᠳᠢᠨ ᠡᠳ᠋ ᠪᠠᠶᠠᠯᠢᠭ ᠮᠥᠨ᠃ ᠨᠠᠮ᠎ᠤᠨ ᠠᠷᠪᠠᠨ ᠨᠠᠢ᠍ᠮᠠᠳᠤᠭ᠋ᠠᠷ ᠶᠡᠬᠡ ᠬᠤᠷᠠᠯ᠎ᠠᠴᠠ ᠨᠠᠰᠢ᠂ ᠰᠢ ᠵᠢᠨ ᠫᠢᠩ ᠶᠡᠷᠦᠩᠬᠡᠢ ᠱᠦᠵᠢ ᠨᠠᠮ᠎ᠤᠨ ᠲᠡᠦᠬᠡ ᠵᠢᠨ ᠰᠤᠷᠤᠯᠴᠠᠯᠭ᠎ᠠ ᠵᠢ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠨ ᠦᠵᠡᠵᠦ᠂ ᠨᠠᠮ᠎ᠤᠨ ᠲᠡᠦᠬᠡ ᠵᠢᠨ ᠲᠣᠭᠣᠷᠢᠨ᠎ᠳᠤ ᠠᠯᠢ ᠤᠯᠠᠨ ᠴᠢᠬᠤᠯᠠ ᠥᠭᠦᠯᠡᠯᠲᠡ ᠨᠡᠶ᠋ᠢᠲᠡᠯᠡᠵᠡᠢ᠂ 《 ᠨᠠᠮ᠎ᠤᠨ ᠲᠡᠦᠬᠡ ᠵᠢᠨ ᠲᠤᠬᠠᠢ ᠥᠭᠦᠯᠡᠬᠦ᠎ᠨᠢ》 ᠪᠣᠯ ᠲᠡᠭᠦᠨ᠎ᠤ ᠪᠦᠷᠢᠳᠦᠭᠦᠯᠦᠭᠴᠢ ᠮᠥᠨ᠃ ᠪᠦᠬᠦ ᠨᠣᠮ᠎ᠨᠢ ᠤᠳᠬ᠎ᠠ ᠰᠠᠨᠠᠭ᠎ᠠ ᠭᠦᠨ᠂ ᠬᠠᠷᠠᠭ᠋ᠠᠰᠤ ᠥᠷᠭᠡᠨ᠂ ᠦᠵᠡᠯ ᠰᠠᠨᠠᠭ᠎ᠠ ᠭᠦᠨ ᠪᠠᠶ᠋ᠢᠵᠤ᠂ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠲᠤᠮᠳᠡᠳᠦ ᠤᠯᠦᠰ᠎ᠤᠨ ᠤᠡᠴᠡᠯᠢᠬ᠎ᠲᠠᠢ ᠨᠡᠢ᠍ᠢ᠍ᠭᠡᠮ ᠵᠢᠷᠦᠮ᠎ᠤᠨ ᠦᠵᠡᠯ ᠰᠠᠨᠠᠭ᠋ᠠᠨ᠎ᠤ ᠴᠢᠬᠤᠯᠠ ᠪᠦᠷᠢᠯᠳᠦᠬᠦᠨ ᠬᠡᠰᠡᠭ ᠪᠣᠯᠤᠨ᠎ᠠ᠃ ᠪᠢᠳᠡ 《ᠲᠤᠮᠳᠠᠳᠤ ᠤᠯᠤᠰ᠎ᠤᠨ ᠡᠪ ᠬᠠᠮᠳᠤ ᠨᠠᠮ᠎ᠤᠨ ᠲᠡᠦᠬᠡ ᠵᠢᠨ ᠲᠤᠬᠠᠢ ᠥᠭᠦᠯᠡᠬᠦ᠎ᠨᠢ》 ᠵᠢ ᠭᠦᠨᠵᠡᠭᠡᠢ ᠰᠤᠷᠤᠯᠴᠠᠨ ᠨᠡᠪᠲᠡᠷᠬᠡᠢ ᠣᠶ᠋ᠢᠯᠠᠭ᠋ᠠᠵᠤ᠂ ᠮᠠᠨ᠎ᠤ ᠨᠠᠮ᠎ᠤᠨ ᠭᠠᠰᠠᠯᠠᠩ ᠵᠣᠪᠠᠯᠠᠩ ᠭᠡᠷᠡᠯ ᠰᠠᠴᠤᠷᠠᠩᠭᠤᠢ ᠠᠮᠵᠢᠯᠲᠠ ᠵᠢ ᠭᠦᠨᠵᠡᠭᠡᠢ ᠣᠶ᠋ᠢᠯᠠᠭ᠋ᠠᠵᠤ᠂ ᠨᠠᠮ᠎ᠤᠨ ᠲᠡᠦᠬᠡᠨ᠎ᠳᠤ ᠠᠭᠤᠯᠤᠭᠳᠠᠵᠤ ᠪᠠᠶ᠋ᠢᠭ᠎ᠠ ᠦᠵᠡᠯ ᠰᠠᠨᠠᠭ᠋ᠠᠨ᠎ᠤ ᠠᠤᠭ᠎ᠠ ᠬᠦᠴᠦᠨ᠎ᠢ ᠭᠦᠨᠵᠡᠭᠡᠢ ᠡᠵᠡᠮᠳᠡᠵᠦ᠂ ᠲᠡᠭᠦᠨ᠎ᠤ ᠳᠤᠮᠳᠠ᠎ᠠᠴᠠ ᠰᠢᠨ᠎ᠡ ᠴᠠᠭ ᠦᠶ᠎ᠡ ᠵᠢᠨ ᠲᠡᠮᠡᠴᠡᠯ᠂ ᠰᠢᠨ᠎ᠡ ᠠᠶᠠᠨ᠎ᠳᠤ ᠡᠷᠡᠯᠬᠡᠭᠯᠡᠨ ᠤᠷᠤᠭᠰᠢᠯᠠᠬᠤ ᠤᠶᠤᠨ ᠤᠬᠠᠭ᠋ᠠᠨ ᠪᠠ ᠬᠦᠴᠦᠨ ᠴᠢᠳᠠᠯ᠎ᠢ ᠰᠢᠩᠭᠡᠭᠡᠨ ᠠᠪᠬᠤ ᠬᠡᠷᠡᠭᠲᠡᠢ᠃
ᠡᠨᠡ ᠬᠦ᠌ ᠴᠢᠬᠤᠯᠠ ᠲᠤᠯᠭᠤᠷ ᠪᠢᠴᠢᠭ᠎ᠢ ᠰᠤᠷᠤᠯᠴᠠᠬᠤ ᠵᠢᠨ ᠴᠢᠬᠤᠯᠠ ᠶᠡᠬᠡ ᠠᠴᠢ ᠬᠣᠯᠪᠣᠭᠳᠠᠯ᠎ᠢ ᠭᠦᠢ᠍ᠴᠡᠳ ᠲᠠᠨᠢᠬᠤ
ᠡᠨᠡ ᠬᠦ᠌ ᠴᠢᠬᠤᠯᠠ ᠲᠤᠯᠭᠤᠷ ᠪᠢᠴᠢᠭ ᠲᠡᠦᠬᠡ᠎ᠪᠠᠷ ᠡᠳᠦᠭᠡ ᠵᠢ ᠲᠤᠯᠢᠳᠠᠵᠦ᠂ ᠢᠷᠡᠭᠡᠳᠦᠶ ᠵᠢ ᠵᠢᠯᠣᠭᠣᠳᠬᠤ᠎ᠨᠢ ᠢᠯᠡ ᠲᠣᠳᠣ ᠤᠯᠤᠰ ᠲᠦᠷᠦᠴᠢ ᠴᠢᠨᠠᠷ᠂ ᠦᠵᠡᠯ ᠰᠠᠨᠠᠭ᠋ᠠᠴᠢ ᠴᠢᠨᠠᠷ᠂ ᠴᠠᠭ ᠦᠶᠡᠴᠢ ᠴᠢᠨᠠᠷᠲᠠᠢ ᠪᠠᠶ᠋ᠢᠵᠤ᠂ ᠡᠨᠡ ᠬᠦ᠌ ᠴᠢᠬᠤᠯᠠ ᠲᠤᠯᠭᠤᠷ ᠪᠢᠴᠢᠭ᠎ᠢ ᠰᠠᠶ᠋ᠢᠲᠤᠷ ᠰᠤᠷᠤᠯᠴᠠᠬᠤ᠎ᠨᠢ ᠴᠢᠬᠤᠯᠠ ᠶᠡᠬᠡ ᠠᠴᠢ ᠬᠣᠯᠪᠣᠭᠳᠠᠯ᠎ᠲᠠᠢ ᠶᠤᠮ᠃
ᠡᠨᠡ ᠪᠣᠯ ᠲᠤᠮᠳᠠᠳᠤ ᠤᠯᠤᠰ᠎ᠤᠨ ᠡᠪ ᠬᠠᠮᠳᠤ ᠨᠠᠮ᠎ᠤᠨ ᠵᠠᠭᠤᠨ ᠵᠢᠯ᠎ᠤᠨ ᠲᠡᠮᠡᠴᠡᠯ᠎ᠤᠨ ᠶᠠᠪᠤᠴᠠ ᠵᠢ ᠰᠢᠨᠵᠢᠯᠡᠬᠦ ᠤᠬᠠᠭ᠋ᠠᠨᠴᠢ᠎ᠪᠠᠷ ᠡᠵᠡᠮᠰᠢᠭᠰᠡᠨ ᠡᠷᠬᠡ ᠰᠦᠷᠲᠦ ᠵᠣᠬᠢᠶᠠᠯ ᠪᠦᠲᠦᠭᠡᠯ ᠪᠣᠯᠤᠨ᠎ᠠ᠂ ᠮᠠᠨ᠎ᠤ ᠨᠠᠮ᠎ᠤᠨ ᠬᠥᠭᠵᠢᠨ ᠪᠤᠵᠠᠭ᠋ᠠᠢ᠍ᠢ᠍ᠷᠠᠭᠰᠠᠨ᠂ ᠢᠯᠠᠯᠲᠠ᠎ᠠᠴᠠ ᠢᠯᠠᠯᠲᠠ ᠲᠡᠰᠢ ᠤᠷᠤᠭᠰᠢᠯᠠᠭᠰᠠᠨ ᠲᠡᠦᠬᠡ ᠵᠢᠨ ᠯᠣᠭᠢᠭ᠎ᠢ ᠭᠦᠨᠵᠡᠭᠡᠢ ᠢᠯᠡᠷᠡᠭᠦᠯᠵᠡᠢ᠃ ᠪᠦᠬᠦ ᠨᠣᠮ᠎ᠤᠨ ᠤᠯᠠᠨ ᠬᠡᠮᠵᠢᠯᠳᠤ ᠣᠯᠠᠨ ᠳᠠᠪᠬᠤᠷᠭ᠋ᠠᠲᠤ ᠲᠠᠯ᠎ᠠ᠎ᠨᠢ ᠮᠠᠨ᠎ᠤ ᠨᠠᠮ᠎ᠤᠨ ᠠᠷᠠᠳ ᠲᠦᠮᠡᠨ᠎ᠢ ᠪᠦᠯᠬᠦᠮᠳᠡᠭᠦᠯᠦᠨ ᠳᠠᠭ᠋ᠠᠭᠤᠯᠵᠤ ᠳᠤᠮᠳᠠᠳᠤ ᠵᠢᠨ ᠦᠨᠳᠦᠰᠦᠲᠡᠨ᠎ᠤ ᠠᠭᠤᠤ ᠶᠡᠬᠡ ᠰᠡᠷᠭᠦᠨ ᠮᠠᠨᠳᠤᠯᠲᠠ ᠵᠢ ᠠᠬᠢᠭᠤᠯᠬᠤ ᠰᠦᠷ ᠳᠠᠯᠠᠶ᠋ᠢᠴᠠᠲᠠᠢ ᠲᠡᠦᠬᠡ ᠵᠢᠨ ᠵᠢᠷᠤᠭ ᠲᠥᠰᠦᠪ᠎ᠢ ᠳᠡᠯᠭᠡᠨ ᠦᠵᠡᠭᠦᠯᠵᠡᠢ᠃ ᠮᠠᠨ᠎ᠤ ᠨᠠᠮ᠎ᠤᠨ ᠳᠤᠮᠳᠠᠳᠤ ᠤᠯᠤᠰ᠎ᠤᠨ ᠬᠤᠪᠢᠰᠬᠠᠯ᠂ ᠪᠦᠲᠦᠭᠡᠨ ᠪᠠᠶ᠋ᠢᠭᠤᠯᠤᠯᠲᠠ᠂ ᠥᠭᠡᠷᠡᠴᠢᠯᠡᠯᠲᠡ ᠵᠢᠨ ᠡᠯ᠎ᠡ ᠲᠡᠦᠬᠡᠨ ᠱᠠᠲᠤ ᠦᠶ᠎ᠡ᠎ᠳᠤ ᠦᠷᠭᠦᠯᠵᠢᠯᠡᠨ ᠲᠡᠮᠡᠴᠡᠭᠰᠡᠨ ᠭᠡᠷᠡᠯ ᠰᠠᠴᠤᠷᠠᠩᠭᠤᠢ ᠥᠩᠭᠡᠷᠡᠯᠲᠡ ᠨᠥᠬᠥᠴᠡᠯ᠎ᠢ ᠭᠦᠨᠵᠡᠭᠡᠶ ᠳ᠋ᠦᠩᠨᠡᠵᠦ᠂ ᠮᠠᠨ᠎ᠤ ᠨᠠᠮ ᠴᠠᠭ ᠦᠶ᠎ᠡ ᠵᠢᠨ ᠤᠷᠤᠰᠬᠠᠯ᠎ᠢ ᠳᠠᠭ᠋ᠠᠵᠤ ᠠᠷᠠᠳ ᠲᠦᠮᠡᠨ᠎ᠤ ᠬᠦᠰᠡᠯ ᠡᠷᠡᠮᠡᠯᠵᠡᠯ᠎ᠢ ᠳᠠᠭ᠋ᠠᠵᠤ᠂ ᠳᠣᠲᠣᠭ᠋ᠠᠳᠤ ᠵᠢᠨ ᠵᠣᠪᠠᠯᠠᠩ ᠭᠠᠳᠠᠭ᠋ᠠᠳᠤ ᠵᠢᠨ ᠠᠶᠤᠯ᠎ᠤᠨ ᠳᠤᠮᠳᠠ ᠮᠡᠨᠳᠦᠯᠡᠵᠦ᠂ ᠭᠠᠯ ᠤᠰᠤᠨ᠎ᠤ ᠳᠠᠪᠲᠠᠯᠲᠠ ᠵᠢᠨ ᠳᠤᠮᠳᠠ ᠦᠰᠦᠨ ᠪᠣᠶ᠋ᠢᠵᠢᠵᠤ᠂ ᠣᠷᠣᠭ᠎ᠠ ᠪᠤᠰᠬᠠᠭ᠎ᠠ ᠴᠠᠭ ᠦᠶ᠎ᠡ᠎ᠳᠤ ᠪᠤᠵᠠᠭ᠋ᠠᠶ᠋ᠢᠷᠠᠵᠤ᠂ ᠢᠯᠠᠯᠲᠠ᠎ᠠᠴᠠ ᠢᠯᠠᠯᠲᠠ᠎ᠳᠤ ᠬᠦᠷᠬᠦ ᠲᠡᠦᠬᠡ ᠵᠢᠨ ᠵᠠᠶ᠋ᠢᠯᠠᠰᠢ ᠦᠭᠡᠢ ᠴᠢᠨᠠᠷ᠎ᠢ ᠭᠦᠨᠵᠡᠭᠡᠶ ᠢᠯᠡᠷᠡᠭᠦᠯᠵᠡᠶ᠃ ᠮᠠᠨ᠎ᠤ ᠨᠠᠮ᠎ᠤᠨ ᠳᠤᠮᠳᠠᠳᠤ ᠤᠯᠤᠰ᠎ᠤᠨ ᠬᠤᠪᠢᠰᠬᠠᠯ᠂ ᠪᠦᠲᠦᠭᠡᠨ ᠪᠠᠶ᠋ᠢᠭᠤᠯᠤᠯᠲᠠ᠂ ᠥᠭᠡᠷᠡᠴᠢᠯᠡᠯᠲᠡ ᠵᠢᠨ ᠡᠯ᠎ᠡ ᠲᠡᠦᠬᠡᠨ ᠱᠠᠲᠤ ᠦᠶ᠎ᠡ᠎ᠳᠤ ᠦᠷᠭᠦᠯᠵᠢᠯᠡᠨ ᠲᠡᠮᠡᠴᠡᠭᠰᠡᠨ ᠭᠡᠷᠡᠯ ᠰᠠᠴᠤᠷᠠᠩᠭᠤᠢ ᠥᠩᠭᠡᠷᠡᠯᠲᠡ ᠨᠥᠬᠥᠴᠡᠯ᠎ᠢ ᠭᠦᠨᠵᠡᠭᠡᠶ ᠳ᠋ᠦᠩᠨᠡᠵᠦ᠂ ᠢᠯᠠᠯᠲᠠ᠎ᠠᠴᠠ ᠢᠯᠠᠯᠲᠠ᠎ᠳᠤ ᠬᠦᠷᠬᠦ ᠲᠡᠦᠬᠡ ᠵᠢᠨ ᠵᠠᠶ᠋ᠢᠯᠠᠰᠢ ᠦᠭᠡᠢ ᠴᠢᠨᠠᠷ᠎ᠢ ᠭᠦᠨᠵᠡᠭᠡᠶ ᠢᠯᠡᠷᠡᠭᠦᠯᠪᠡ; ᠮᠠᠨ᠎ᠤ ᠨᠠᠮ᠎ᠤᠨ ᠳᠤᠮᠳᠠᠳᠤ ᠵᠢᠨ ᠦᠨᠳᠦᠰᠦᠲᠡᠨ᠎ᠢ ᠪᠦᠯᠬᠦᠮᠳᠡᠭᠦᠯᠦᠨ ᠳᠠᠭ᠋ᠠᠭᠤᠯᠵᠤ ᠪᠣᠰᠴᠤ ᠵᠣᠭᠰᠣᠭᠰᠠᠨ᠂ ᠪᠠᠶᠠᠵᠢᠭᠰᠠᠨ᠎ᠠᠴᠠ ᠬᠦᠴᠦᠷᠬᠡᠭᠵᠢᠭᠰᠡᠨ ᠠᠭᠤᠤ ᠶᠡᠬᠡ ᠦᠰᠦᠷᠦᠯᠲᠡ ᠵᠢ ᠤᠭᠲᠤᠨ ᠠᠪᠴᠢᠷᠠᠭᠰᠠᠨ ᠲᠡᠦᠬᠡ ᠵᠢᠨ ᠵᠠᠶ᠋ᠢᠯᠠᠰᠢ ᠦᠭᠡᠢ ᠴᠢᠨᠠᠷ᠎ᠢ ᠭᠦᠨᠵᠡᠭᠡᠢ ᠢᠯᠡᠷᠡᠭᠦᠯᠪᠡ᠃ ᠪᠢᠳᠡ ᠮᠠᠨ᠎ᠤ ᠨᠠᠮ᠎ᠤᠨ ᠵᠠᠭᠤᠨ ᠵᠢᠯ᠎ᠤᠨ ᠲᠡᠮᠡᠴᠡᠯ᠎ᠤᠨ ᠲᠡᠦᠬᠡᠨ᠎ᠳᠤ ᠠᠭᠤᠯᠤᠭᠳᠠᠵᠤ ᠪᠠᠶ᠋ᠢᠭ᠎ᠠ ᠲᠡᠦᠬᠡ ᠵᠢᠨ ᠯᠣᠭᠢᠭ᠎ᠢ ᠭᠦᠨᠵᠡᠭᠡᠢ ᠰᠤᠳᠤᠯᠤᠨ ᠤᠩᠰᠢᠵᠤ᠂ ᠭᠦᠨᠵᠡᠭᠡᠢ ᠣᠶ᠋ᠢᠯᠠᠭ᠋ᠠᠵᠤ᠂ ᠡᠷᠡᠯᠬᠡᠭᠯᠡᠨ ᠤᠷᠤᠭᠰᠢᠯᠠᠬᠤ ᠲᠡᠦᠬᠡ ᠵᠢᠨ ᠢᠲᠡᠭᠡᠯ ᠵᠣᠷᠢᠭ ᠪᠠ ᠢᠳᠡ ᠬᠦᠴᠦᠨ ᠵᠶ᠋ᠠᠨ ᠨᠡᠮᠡᠭᠳᠡᠭᠦᠯᠬᠦ ᠬᠡᠷᠡᠭᠲᠡᠢ᠃
ᠡᠨᠡ ᠪᠣᠯ ᠮᠠᠷᠺᠰ᠎ᠤᠨ ᠦᠵᠡᠯ᠎ᠢ ᠤᠯᠠᠮᠵᠢᠯᠠᠨ ᠬᠥᠭᠵᠢᠭᠦᠯᠬᠦ ᠦᠯᠢᠭᠡᠷ ᠳᠠᠭᠤᠷᠢᠶᠠᠯ ᠪᠣᠯᠬᠤ ᠪᠦᠲᠦᠭᠡᠯ ᠮᠥᠨ᠂ ᠮᠠᠨ᠎ᠤ ᠨᠠᠮ᠎ᠤᠨ ᠦᠨᠡᠨ ᠶᠣᠰᠣ ᠵᠢ ᠡᠷᠢᠯᠬᠢᠯᠡᠬᠦ ᠤᠨᠤᠯ᠎ᠤᠨ ᠯᠣᠭᠢᠭ᠎ᠢ ᠭᠦᠨᠵᠡᠭᠡᠢ ᠢᠯᠡᠷᠡᠭᠦᠯᠦᠭᠰᠡᠨ ᠪᠠᠶ᠋ᠢᠨ᠎ᠠ᠃ ᠪᠦᠬᠦ ᠨᠣᠮ᠎ᠳᠤ ᠮᠠᠷᠺᠰ᠎ᠤᠨ ᠦᠵᠡᠯ᠎ᠤᠨ ᠦᠵᠡᠯ ᠰᠠᠨᠠᠭ᠋ᠠᠨ᠎ᠤ ᠭᠡᠷᠡᠯ ᠭᠢᠯᠪᠠᠭ᠎ᠠ ᠵᠢ ᠰᠠᠴᠤᠷᠠᠭᠤᠯᠵᠤ᠂ ᠮᠠᠷᠺᠰ᠎ᠤᠨ ᠦᠵᠡᠯ᠎ᠨᠢ ᠮᠠᠨ᠎ᠤ ᠨᠠᠮ᠎ᠤᠨ ᠢᠯᠠᠯᠲᠠ᠎ᠠᠴᠠ ᠢᠯᠠᠯᠲᠠ ᠵᠦᠭ ᠤᠷᠤᠭᠰᠢᠯᠠᠭᠰᠠᠨ ᠲᠡᠦᠬᠡ ᠵᠢᠨ ᠨᠢᠭᠤᠴᠠ ᠵᠢ ᠭᠦᠨᠵᠡᠭᠡᠢ ᠢᠯᠡᠷᠡᠭᠦᠯᠵᠡᠢ᠃ ᠡᠪ ᠬᠠᠮᠲᠤᠴᠤᠳ ᠮᠠᠷᠺᠰ᠎ᠤᠨ ᠦᠵᠡᠯ᠎ᠢ ᠳᠤᠮᠳᠠᠳᠤ ᠤᠯᠤᠰᠴᠢᠯᠠᠬᠤ ᠵᠢ ᠲᠠᠰᠤᠷᠠᠯᠲᠠ ᠦᠭᠡᠢ ᠠᠬᠢᠭᠤᠯᠵᠤ᠂ ᠮᠠᠷᠺᠰ᠎ᠤᠨ ᠦᠵᠡᠯ᠎ᠤᠨ ᠬᠥᠭᠵᠢᠯᠲᠡ ᠵᠢᠨ ᠰᠢᠨ᠎ᠡ ᠠᠬᠤᠢ ᠪᠠᠶ᠋ᠢᠳᠠᠯ᠎ᠢ ᠦᠷᠭᠦᠯᠵᠢᠯᠡᠨ ᠨᠡᠭᠡᠭᠡᠬᠦ ᠵᠢᠨ ᠲᠡᠦᠬᠡ ᠵᠢᠨ ᠵᠠᠶ᠋ᠢᠯᠠᠰᠢ ᠦᠭᠡᠢ ᠴᠢᠨᠠᠷ᠎ᠢ ᠭᠦᠨᠵᠡᠭᠡᠢ ᠢᠯᠡᠷᠡᠭᠦᠯᠪᠡ᠃ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠲᠤᠮᠳᠡᠳᠦ ᠤᠯᠦᠰ᠎ᠤᠨ ᠤᠡᠴᠡᠯᠢᠬ᠎ᠲᠠᠢ ᠨᠡᠢ᠍ᠢ᠍ᠭᠡᠮ ᠵᠢᠷᠦᠮ᠎ᠤᠨ ᠦᠵᠡᠯ ᠰᠠᠨᠠᠭ᠎ᠠ ᠭᠡᠬᠦ ᠡᠨᠡ ᠬᠦ᠌ ᠮᠠᠷᠺᠰ᠎ᠤᠨ ᠦᠵᠡᠯ᠎ᠤᠨ ᠳᠤᠮᠳᠠᠳᠤ ᠤᠯᠤᠰᠴᠢᠯᠠᠭᠰᠠᠨ ᠬᠠᠮᠤᠭ᠎ᠤᠨ ᠰᠢᠨ᠎ᠡ ᠦᠷ᠎ᠡ ᠪᠦᠲᠦᠭᠡᠯ᠎ᠤᠨ ᠦᠨᠡᠨ ᠶᠣᠰᠣᠨ᠎ᠤ ᠬᠦᠴᠦᠨ᠎ᠢ ᠭᠦᠨᠵᠡᠭᠡᠢ ᠢᠯᠡᠷᠡᠭᠦᠯᠪᠡ᠃ ᠪᠢᠳᠠ ᠮᠠᠷᠺᠰ᠎ᠤᠨ ᠦᠵᠡᠯ᠎ᠤᠨ ᠳᠤᠮᠳᠠᠳᠤ ᠤᠯᠤᠰ᠎ᠢ ᠭᠦᠨᠵᠡᠭᠡᠢ ᠬᠤᠪᠢᠷᠠᠭᠤᠯᠬᠤ᠂ ᠳᠡᠯᠡᠬᠡᠢ ᠶᠢᠷᠲᠢᠨᠴᠦ ᠵᠢ ᠭᠦᠨᠵᠡᠭᠡᠢ ᠬᠤᠪᠢᠷᠠᠭᠤᠯᠬᠤ ᠤᠨᠤᠯ᠎ᠤᠨ ᠯᠣᠭᠢᠭ᠎ᠢ ᠨᠠᠷᠢᠨ ᠬᠢᠨᠠᠮᠠᠭ᠋ᠠᠢ ᠰᠤᠳᠤᠯᠤᠨ ᠤᠩᠰᠢᠵᠤ᠂ ᠭᠦᠨᠵᠡᠭᠡᠢ ᠣᠶ᠋ᠢᠯᠠᠭ᠋ᠠᠵᠤ᠂ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠲᠤᠮᠳᠡᠳᠦ ᠤᠯᠦᠰ᠎ᠤᠨ ᠤᠡᠴᠡᠯᠢᠬ᠎ᠲᠠᠢ ᠨᠡᠢ᠍ᠢ᠍ᠭᠡᠮ ᠵᠢᠷᠦᠮ᠎ᠤᠨ ᠦᠵᠡᠯ ᠰᠠᠨᠠᠭ᠎ᠠ ᠵᠢ ᠤᠬᠠᠮᠰᠠᠷ᠎ᠠᠴᠠ᠎ᠪᠠᠨ ᠬᠡᠷᠡᠭᠯᠡᠨ ᠴᠠᠭ ᠦᠶ᠎ᠡ ᠵᠢᠨ ᠪᠠᠶ᠋ᠢᠳᠠᠯ᠎ᠢ ᠨᠡᠪᠲᠡ ᠠᠵᠢᠭᠯᠠᠵᠤ᠂ ᠴᠠᠭ ᠦᠶ᠎ᠡ ᠵᠢᠨ ᠰᠤᠳᠠᠰᠤ ᠵᠢ ᠡᠵᠡᠮᠳᠡᠵᠦ᠂ ᠴᠠᠭ ᠦᠶ᠎ᠡ ᠵᠢᠨ ᠬᠥᠭᠵᠢᠯᠲᠡ ᠵᠢ ᠬᠦᠳᠦᠯᠥᠨ ᠳᠠᠭ᠋ᠠᠭᠤᠯᠬᠤ ᠬᠡᠷᠡᠭᠲᠡᠢ᠃
ᠡᠨᠡ ᠪᠣᠯ ᠬᠦᠰᠡᠯᠡᠩ ᠢᠲᠡᠭᠡᠯ ᠪᠢᠰᠢᠷᠡᠯ ᠵᠶ᠋ᠠᠨ ᠡᠷᠡᠰ ᠪᠠᠲᠤ ᠦᠢ᠍ᠯᠡᠳᠦᠯᠭᠡᠵᠢᠭᠦᠯᠦᠭᠰᠡᠨ ᠰᠣᠩᠭᠣᠳᠠᠭ ᠰᠤᠷᠪᠤᠯᠵᠢ ᠪᠢᠴᠢᠭ ᠪᠠᠶ᠋ᠢᠵᠤ᠂ ᠮᠠᠨ᠎ᠤ ᠨᠠᠮ᠎ᠤᠨ ᠲᠤᠮᠳᠡᠳᠦ ᠤᠯᠦᠰ᠎ᠤᠨ ᠤᠡᠴᠡᠯᠢᠬ᠎ᠲᠠᠢ ᠨᠡᠢ᠍ᠢ᠍ᠭᠡᠮ ᠵᠢᠷᠦᠮ᠎ᠤᠨ ᠠᠭᠤᠤ ᠶᠡᠬᠡ ᠦᠢ᠍ᠯᠡᠰ᠎ᠢ ᠠᠬᠢᠭᠤᠯᠬᠤ ᠦᠢ᠍ᠯᠡᠳᠦᠯᠭᠡ ᠵᠢᠨ ᠯᠣᠭᠢᠭ᠎ᠢ ᠭᠦᠨᠵᠡᠭᠡᠢ ᠢᠯᠡᠷᠡᠭᠦᠯᠵᠡᠢ᠃ ᠪᠦᠬᠦ ᠨᠣᠮ᠎ᠳᠤ ᠮᠠᠨ᠎ᠤ ᠨᠠᠮ᠎ᠤᠨ ᠬᠦᠰᠡᠯᠡᠩ ᠢᠲᠡᠭᠡᠯ ᠪᠢᠰᠢᠷᠡᠯ ᠵᠶ᠋ᠠᠨ ᠪᠠᠲᠤᠳᠬᠠᠵᠤ᠂ ᠠᠷᠠᠳ ᠲᠦᠮᠡᠨ᠎ᠢ ᠪᠦᠯᠬᠦᠮᠳᠡᠭᠦᠯᠦᠨ ᠳᠠᠭ᠋ᠠᠭᠤᠯᠵᠤ ᠦᠷᠭᠦᠯᠵᠢᠯᠡᠨ ᠲᠡᠮᠡᠴᠡᠭᠰᠡᠨ ᠠᠭᠤᠤ ᠶᠡᠬᠡ ᠥᠩᠭᠡᠷᠡᠯᠲᠡ ᠵᠢ ᠪᠦᠬᠦ ᠲᠠᠯ᠎ᠠ᠎ᠪᠠᠷ ᠳ᠋ᠦᠩᠨᠡᠵᠦ᠂ ᠡᠪ ᠬᠠᠮᠲᠤᠴᠤᠳ ᠬᠦᠰᠡᠯᠡᠩ ᠢᠲᠡᠭᠡᠯ ᠪᠢᠰᠢᠷᠡᠯ᠎ᠤᠨ ᠵᠶ᠋ᠠᠨ ᠲᠥᠯᠥᠭᠡ ᠦᠷᠡᠭᠳᠡᠯ ᠰᠦᠢ᠍ᠳᠦᠯ᠎ᠠᠴᠠ ᠠᠶᠤᠬᠤ ᠦᠭᠡᠢ᠂ ᠡᠮᠦᠨᠡᠬᠢ᠎ᠨᠢ ᠤᠨᠠᠪᠠᠯ ᠬᠣᠶ᠋ᠢᠨᠠᠬᠢ᠎ᠨᠢ ᠵᠠᠯᠭ᠋ᠠᠮᠵᠢᠯᠠᠬᠤ ᠣᠮᠣᠭ ᠲᠡᠭᠦᠯᠳᠡᠷ ᠬᠠᠶ᠋ᠢᠷ᠎ᠠ ᠰᠡᠳᠬᠢᠯᠭᠡ ᠵᠢ ᠭᠦᠨ ᠰᠡᠳᠬᠢᠯᠭᠡ᠎ᠲᠠᠢ᠎ᠪᠠᠷ ᠢᠯᠡᠳᠬᠡᠵᠦ᠂ ᠮᠠᠨ᠎ᠤ ᠨᠠᠮ᠎ᠤᠨ ᠬᠦᠰᠡᠯᠡᠩ ᠢᠲᠡᠭᠡᠯ ᠪᠢᠰᠢᠷᠡᠯ ᠵᠶ᠋ᠠᠨ ᠪᠠᠲᠤ ᠰᠠᠬᠢᠵᠤ᠂ ᠲᠤᠮᠳᠡᠳᠦ ᠤᠯᠦᠰ᠎ᠤᠨ ᠤᠡᠴᠡᠯᠢᠬ᠎ᠲᠠᠢ ᠨᠡᠢ᠍ᠢ᠍ᠭᠡᠮ ᠵᠢᠷᠦᠮ᠎ᠤᠨ ᠠᠭᠤᠤ ᠶᠡᠬᠡ ᠦᠢ᠍ᠯᠡᠰ᠎ᠢ ᠦᠷᠭᠦᠯᠵᠢᠯᠡᠨ ᠠᠬᠢᠭᠤᠯᠬᠤ ᠦᠢ᠍ᠯᠡᠳᠦᠯᠭᠡ ᠵᠢᠨ ᠯᠣᠭᠢᠭ᠎ᠢ ᠭᠦᠨᠵᠡᠭᠡᠢ ᠢᠯᠡᠷᠡᠭᠦᠯᠵᠡᠢ᠃ ᠪᠢᠳᠡ ᠡᠪ ᠬᠠᠮᠲᠤᠴᠤᠳ᠎ᠤᠨ ᠬᠦᠰᠡᠯᠡᠩ ᠢᠲᠡᠭᠡᠯ ᠵᠣᠷᠢᠭ᠎ᠤᠨ ᠬᠦᠴᠦᠷᠬᠡᠭ ᠶᠡᠬᠡ ᠬᠦᠴᠦᠨ ᠴᠢᠳᠠᠯ᠎ᠢ ᠨᠠᠷᠢᠨ ᠬᠢᠨᠠᠮᠠᠭ᠋ᠠᠢ ᠰᠤᠳᠤᠯᠤᠨ ᠤᠩᠰᠢᠵᠤ᠂ ᠭᠦᠨᠵᠡᠭᠡᠢ ᠣᠶ᠋ᠢᠯᠠᠭ᠋ᠠᠵᠤ᠂ ᠲᠤᠮᠳᠡᠳᠦ ᠤᠯᠦᠰ᠎ᠤᠨ ᠤᠡᠴᠡᠯᠢᠬ᠎ᠲᠠᠢ ᠨᠡᠢ᠍ᠢ᠍ᠭᠡᠮ ᠵᠢᠷᠦᠮ᠎ᠤᠨ ᠵᠠᠮ ᠵᠶ᠋ᠠᠷ ᠵᠠᠮᠨᠠᠬᠤ᠂ ᠡᠪ ᠬᠠᠮᠳᠤ ᠵᠢᠨ ᠲᠥᠯᠥᠭᠡ ᠨᠠᠰᠤ᠎ᠪᠠᠷ ᠵᠶ᠋ᠠᠨ ᠲᠡᠮᠡᠴᠡᠬᠦ ᠢᠲᠡᠭᠡᠯ ᠵᠣᠷᠢᠭ ᠪᠣᠯᠤᠨ ᠡᠷᠴᠢ ᠵᠣᠷᠢᠭ᠎ᠢ ᠪᠠᠲᠤᠳᠬᠠᠵᠤ᠂ ᠨᠡᠶ᠋ᠢᠭᠡᠮ ᠵᠢᠷᠤᠮ᠎ᠤᠨ ᠣᠳᠣᠬᠢᠴᠢᠯᠠᠭᠰᠠᠨ ᠤᠯᠤᠰ᠎ᠢ ᠪᠦᠬᠦ ᠲᠠᠯ᠎ᠠ᠎ᠪᠠᠷ ᠪᠦᠳᠦᠭᠡᠨ ᠪᠠᠶ᠋ᠢᠭᠤᠯᠬᠤ ᠠᠭᠤᠤ ᠶᠡᠬᠡ ᠦᠢ᠍ᠯᠡᠳᠦᠯᠭᠡ᠎ᠳᠤ ᠴᠢᠷᠮᠠᠶ᠋ᠢᠨ ᠣᠷᠣᠯᠴᠠᠬᠤ ᠬᠡᠷᠡᠭᠲᠡᠢ ᠭᠡᠵᠦ ᠵᠢᠭ᠋ᠠᠵᠤ ᠭᠠᠷᠭ᠋ᠠᠪᠠ᠃
ᠡᠭᠦᠨ᠎ᠳᠤ ᠠᠭᠤᠯᠤᠭᠳᠠᠵᠤ ᠪᠠᠶ᠋ᠢᠭ᠎ᠠ ᠭᠤᠤᠯ ᠴᠢᠬᠤᠯᠠ ᠠᠭᠤᠯᠭ᠎ᠠ ᠵᠢ ᠭᠦᠨᠵᠡᠭᠡᠢ ᠤᠢ᠌ᠯᠠᠭ᠋ᠠᠬᠤ ᠬᠡᠷᠡᠭᠳᠡᠢ
ᠡᠨᠡ ᠬᠦ᠌ ᠴᠢᠬᠤᠯᠠ ᠲᠤᠯᠭᠤᠷ ᠪᠢᠴᠢᠭ᠎ᠨᠢ ᠮᠠᠨ᠎ᠤ ᠨᠠᠮ᠎ᠤᠨ ᠳᠤᠮᠳᠠᠳᠤ ᠤᠯᠤᠰ᠎ᠤᠨ ᠠᠷᠠᠳ ᠲᠦᠮᠡᠨ᠎ᠢ ᠪᠦᠯᠬᠦᠮᠳᠡᠭᠦᠯᠦᠨ ᠳᠠᠭ᠋ᠠᠭᠤᠯᠵᠤ ᠴᠥᠬᠥᠷᠡᠰᠢ ᠦᠭᠡᠢ ᠲᠡᠮᠡᠴᠡᠭᠰᠡᠨ ᠭᠡᠷᠡᠯ ᠰᠠᠴᠤᠷᠠᠩᠭᠤᠢ ᠥᠩᠭᠡᠷᠡᠯᠲᠡ ᠪᠠ ᠠᠭᠤᠤ ᠶᠡᠬᠡ ᠬᠤᠪᠢ ᠨᠡᠮᠡᠷᠢ ᠵᠢ ᠰᠢᠰᠲ᠋ᠧᠮ᠎ᠲᠠᠢ᠎ᠪᠠᠷ ᠡᠷᠭᠢᠴᠡᠭᠦᠯᠵᠦ᠂ ᠮᠠᠨ᠎ᠤ ᠨᠠᠮ᠎ᠤᠨ ᠡᠯ᠎ᠡ ᠲᠡᠦᠬᠡᠨ ᠴᠠᠭ ᠦᠶ᠎ᠡ᠎ᠳᠤ ᠡᠭᠦᠳᠦᠨ ᠪᠦᠲᠦᠭᠡᠭᠰᠡᠨ ᠤᠨᠤᠯ᠎ᠤᠨ ᠦᠷ᠎ᠡ ᠪᠦᠲᠦᠭᠡᠯ᠂ ᠬᠤᠷᠠᠮᠳᠤᠭᠤᠯᠤᠭᠰᠠᠨ ᠡᠷᠬᠢᠮ ᠨᠠᠨᠳᠢᠨ ᠲᠤᠷᠰᠢᠯᠭ᠎ᠠ᠂ ᠪᠦᠲᠦᠭᠡᠭᠰᠡᠨ ᠠᠭᠤᠤ ᠶᠡᠬᠡ ᠵᠣᠷᠢᠭ ᠰᠠᠨᠠᠭ᠎ᠠ ᠵᠢ ᠭᠦᠨᠵᠡᠭᠡᠶ ᠳ᠋ᠦᠩᠨᠡᠵᠡᠶ᠃ ᠪᠢᠳᠡ ᠭᠦᠨᠵᠡᠭᠡᠶ ᠰᠤᠷᠤᠯᠴᠠᠨ ᠨᠡᠪᠲᠡᠷᠡᠲᠡᠯ᠎ᠡ ᠤᠢ᠌ᠯᠭ᠋ᠠᠵᠤ᠂ ᠲᠡᠭᠦᠨ᠎ᠤ ᠭᠣᠣᠯ ᠴᠢᠬᠤᠯᠠ ᠠᠭᠤᠯᠭ᠎ᠠ ᠵᠢ ᠡᠵᠡᠮᠳᠡᠬᠥ ᠬᠡᠷᠡᠭᠳᠡᠢ᠃
ᠮᠠᠨ᠎ᠤ ᠨᠠᠮ᠎ᠤᠨ ᠵᠠᠭᠤᠨ ᠵᠢᠯ᠎ᠤᠨ ᠲᠡᠮᠡᠴᠡᠯ᠎ᠤᠨ ᠠᠭᠤᠤ ᠶᠡᠬᠡ ᠲᠡᠦᠬᠡᠨ ᠬᠠᠨᠳᠢᠪ᠎ᠢ ᠭᠦᠨᠵᠡᠭᠡᠢ ᠣᠶ᠋ᠢᠯᠠᠭ᠋ᠠᠬᠤ ᠬᠡᠷᠡᠭᠲᠡᠢ᠃ ᠵᠠᠭᠤᠨ ᠵᠢᠯ᠎ᠤᠨ ᠲᠤᠷᠰᠢ᠂ ᠮᠠᠨ᠎ᠤ ᠨᠠᠮ ᠳᠤᠮᠳᠠᠳᠤ ᠤᠯᠤᠰ᠎ᠤᠨ ᠠᠷᠠᠳ ᠲᠦᠮᠡᠨ᠎ᠢ ᠪᠦᠯᠬᠦᠮᠳᠡᠭᠥᠯᠥᠨ ᠲᠠᠭ᠋ᠠᠭᠤᠯᠵᠤ ᠰᠢᠨ᠎ᠡ ᠠᠷᠡᠦᠡᠴᠢᠯᠡᠭ᠍ᠰᠡᠠ ᠬᠤᠪᠢᠰᠬᠠᠯ ᠵᠢ ᠪᠡᠶᠡᠯᠡᠭᠦᠯᠵᠦ᠂ ᠪᠦᠭᠦᠳᠡ ᠨᠠᠢ᠍ᠢ᠍ᠷᠠᠮᠳᠠᠬᠤ ᠲᠤᠮᠳᠠᠳᠤ ᠠᠷᠠᠳ ᠤᠯᠤᠰ᠎ᠢ ᠪᠠᠶ᠋ᠢᠭᠤᠯᠵᠠᠢ; ᠨᠡᠶ᠋ᠢᠭᠡᠮ ᠵᠢᠷᠤᠮᠲᠤ ᠬᠤᠪᠢᠰᠬᠠᠯ᠎ᠢ ᠪᠡᠶᠡᠯᠡᠭᠦᠯᠵᠦ᠂ ᠨᠡᠶ᠋ᠢᠭᠡᠮ ᠵᠢᠷᠤᠮ᠎ᠤᠨ ᠦᠨᠳᠦᠰᠦᠨ ᠪᠠᠶ᠋ᠢᠭᠤᠯᠤᠯ᠎ᠢ ᠲᠣᠭᠲᠠᠭ᠋ᠠᠵᠤ᠂ ᠨᠡᠶ᠋ᠢᠭᠡᠮ ᠵᠢᠷᠤᠮ᠎ᠤᠨ ᠪᠦᠳᠦᠭᠡᠨ ᠪᠠᠶ᠋ᠢᠭᠤᠯᠤᠯᠲᠠ ᠵᠢ ᠠᠬᠢᠭᠤᠯᠪᠠ; ᠥᠭᠡᠷᠡᠴᠢᠯᠡᠯᠲᠡ ᠨᠡᠭᠡᠭᠡᠯᠳᠡ ᠵᠢᠨ ᠠᠭᠤᠤ ᠶᠡᠬᠡ ᠰᠢᠨ᠎ᠡ ᠬᠤᠪᠢᠰᠬᠠᠯ᠎ᠢ ᠬᠢᠵᠦ᠂ ᠠᠷᠠᠳ᠎ᠤᠨ ᠠᠮᠢᠳᠤᠷᠠᠯ᠎ᠢ ᠮᠡᠳᠡᠭᠳᠡᠬᠦᠶ᠋ᠢᠴᠡ ᠰᠠᠶ᠋ᠢᠵᠢᠷᠠᠭᠤᠯᠤᠨ᠂ ᠤᠯᠤᠰ᠎ᠤᠨ ᠶᠡᠷᠦᠩᠬᠡᠶ ᠬᠦᠴᠦᠨ᠎ᠢ ᠮᠡᠳᠡᠭᠳᠡᠬᠦᠶ᠋ᠢᠴᠡ ᠴᠢᠩᠭ᠋ᠠᠷᠠᠭᠤᠯᠵᠤ᠂ ᠳᠡᠯᠡᠬᠡᠶ ᠳᠡᠭᠡᠷᠡᠬᠢ ᠪᠠᠶ᠋ᠢᠷᠢ ᠰᠠᠭᠤᠷᠢ ᠵᠢ ᠮᠡᠳᠡᠭᠳᠡᠬᠦᠶ᠋ᠢᠴᠡ ᠳᠡᠭᠡᠭᠰᠢᠯᠡᠭᠦᠯᠪᠡ᠃ ᠢᠯᠠᠩᠭᠤᠶ᠎ᠠ ᠨᠠᠮ᠎ᠤᠨ ᠠᠷᠪᠠᠨ ᠨᠠᠢ᠍ᠮᠠᠳᠤᠭ᠋ᠠᠷ ᠶᠡᠬᠡ ᠬᠤᠷᠠᠯ᠎ᠠᠴᠠ ᠨᠠᠰᠢ᠂ ᠰᠢ ᠵᠢᠨ ᠫᠢᠩ ᠨᠥᠬᠥᠷ ᠵᠶ᠋ᠠᠷ ᠭᠣᠣᠯ ᠪᠣᠯᠭ᠋ᠠᠭᠰᠠᠨ ᠨᠠᠮ᠎ᠤᠨ ᠲᠥᠪ ᠬᠣᠷᠢᠶ᠎ᠠ ᠠᠷᠠᠳ ᠲᠦᠮᠡᠨ᠎ᠢ ᠪᠦᠯᠬᠦᠮᠳᠡᠭᠦᠯᠦᠨ ᠳᠠᠭ᠋ᠠᠭᠤᠯᠵᠤ ᠠᠭᠤᠤ ᠶᠡᠬᠡ ᠲᠡᠮᠡᠴᠡᠯ ᠬᠢᠵᠦ᠂ ᠠᠭᠤᠤ ᠶᠡᠬᠡ ᠢᠨᠵᠧᠨᠧᠷᠢᠩ᠎ᠢ ᠪᠦᠳᠦᠭᠡᠨ ᠪᠠᠶ᠋ᠢᠭᠤᠯᠵᠤ ᠠᠭᠤᠤ ᠶᠡᠬᠡ ᠦᠢ᠍ᠯᠡᠰ᠎ᠢ ᠠᠬᠢᠭᠤᠯᠵᠤ᠂ ᠠᠭᠤᠤ ᠶᠡᠬᠡ ᠬᠦᠰᠡᠯ ᠵᠡᠭᠦᠳᠦ ᠵᠢ ᠲᠡᠷᠭᠡᠯᠰᠢᠭᠦᠯᠵᠦ᠂ ᠨᠠᠮ ᠪᠣᠯᠤᠨ ᠤᠯᠤᠰ᠎ᠤᠨ ᠦᠢ᠍ᠯᠡᠰ᠎ᠤᠨ ᠪᠦᠬᠦ ᠲᠡᠯ᠎ᠠ ᠵᠢᠨ᠂ ᠡᠭᠦᠳᠦᠨ ᠨᠡᠭᠡᠭᠡᠬᠦ ᠴᠢᠨᠠᠷ᠎ᠤᠨ ᠲᠡᠦᠬᠡᠨ ᠠᠮᠵᠢᠯᠲᠠ ᠵᠢ ᠤᠯᠵᠤ᠂ ᠬᠦᠠ ᠲᠡᠪ᠊ᠬᠤᠷᠭᠠ ᠵᠢᠨ ᠦᠨᠳᠦᠰᠦᠨ ᠴᠢᠨᠠᠷᠲᠠᠢ ᠲᠡᠦᠬᠡ ᠵᠢᠨ ᠬᠤᠪᠢᠰᠤᠯᠲᠠ ᠵᠢ ᠠᠬᠢᠭᠤᠯᠤᠭᠰᠠᠨ ᠪᠠᠶ᠋ᠢᠨ᠎ᠠ᠃ ᠪᠦᠬᠦ ᠨᠣᠮ᠎ᠳᠤ ᠢᠯᠡᠷᠡᠭᠦᠯᠦᠭᠰᠡᠨ ᠡᠳᠡᠭᠡᠷ ᠴᠢᠬᠤᠯᠠ ᠶᠡᠬᠡ ᠲᠡᠦᠬᠡᠨ ᠬᠤᠪᠢ ᠨᠡᠮᠡᠷᠢ ᠳᠡᠭᠡᠳᠦ ᠬᠡᠮᠵᠢᠶᠡᠨ᠎ᠤ ᠭᠠᠷᠮᠠᠭ᠋ᠠᠶ ᠤᠳᠤᠷᠢᠳᠬᠤ ᠴᠢᠳᠠᠪᠤᠷᠢ᠂ ᠬᠡᠲᠦᠶ᠋ᠢᠳᠦᠭᠰᠡᠨ ᠲᠥᠷᠥ ᠪᠠᠷᠢᠬᠤ ᠬᠢᠷᠢ ᠬᠡᠮᠵᠢᠶ᠎ᠡ ᠪᠣᠯᠤᠨ ᠯᠤᠲᠤ ᠶᠡᠬᠡ ᠴᠢᠷᠮᠠᠶ᠋ᠢᠯᠭ᠎ᠠ ᠵᠢ ᠭᠦᠢ᠍ᠴᠡᠳ ᠭᠡᠷᠡᠴᠢᠯᠡᠵᠦ᠂ ᠡᠨᠡ᠎ᠨᠢ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠪᠠᠶ᠋ᠢᠭᠤᠯᠤᠯ ᠪᠣᠯᠤᠨ ᠤᠯᠤᠰ᠎ᠤᠨ ᠵᠠᠰᠠᠯᠲᠠ ᠵᠢᠨ ᠰᠢᠰᠲ᠋ᠧᠮ᠎ᠤᠨ ᠢᠯᠡᠳᠲᠡ ᠳᠠᠪᠠᠭᠤᠯᠢᠭ ᠪᠣᠯᠤᠨ ᠬᠦᠴᠦᠷᠬᠡᠭ ᠶᠡᠬᠡ ᠠᠮᠢᠵᠢᠷᠠᠯ᠎ᠤᠨ ᠬᠦᠴᠦᠨ᠎ᠢ ᠭᠦᠢ᠍ᠴᠡᠳ ᠢᠯᠡᠷᠡᠭᠦᠯᠵᠦ᠂ ᠲᠡᠦᠬᠡ ᠪᠣᠯᠤᠨ ᠠᠷᠠᠳ ᠲᠦᠮᠡᠨ᠎ᠤ ᠲᠤᠮᠳᠠᠳᠤ ᠤᠯᠤᠰ᠎ᠤᠨ ᠡᠪ ᠬᠠᠮᠳᠤ ᠨᠠᠮ᠎ᠤᠨ ᠤᠳᠤᠷᠢᠳᠤᠯᠭ᠎ᠠ ᠵᠢ ᠰᠣᠩᠭᠣᠭᠰᠠᠨ ᠪᠣᠯᠤᠨ ᠲᠤᠮᠳᠡᠳᠦ ᠤᠯᠦᠰ᠎ᠤᠨ ᠤᠡᠴᠡᠯᠢᠬ᠎ᠲᠠᠢ ᠨᠡᠢ᠍ᠢ᠍ᠭᠡᠮ ᠵᠢᠷᠦᠮ᠎ᠤᠨ ᠵᠠᠮ᠎ᠤᠨ ᠵᠥᠪ ᠣᠨᠣᠪᠴᠢᠲᠤ ᠴᠢᠨᠠᠷ ᠪᠣᠯᠤᠨ ᠵᠠᠢ᠌ᠯᠠᠰᠢ ᠦᠭᠡᠢ ᠴᠢᠨᠠᠷ᠎ᠢ ᠭᠦᠢ᠍ᠴᠡᠳ ᠬᠠᠷᠠᠭᠤᠯᠵᠠᠢ᠃ ᠪᠢᠳᠠ ᠲᠡᠦᠬᠡ ᠵᠢ ᠰᠤᠷᠤᠯᠴᠠᠨ ᠢᠲᠡᠭᠡᠯᠴᠡᠭᠡ᠎ᠪᠠᠨ ᠨᠡᠮᠡᠭᠳᠡᠭᠦᠯᠵᠦ᠂ ᠮᠠᠨ᠎ᠤ ᠨᠠᠮ᠎ᠤᠨ ᠠᠭᠤᠤ ᠶᠡᠬᠡ ᠲᠡᠦᠬᠡ ᠵᠢᠨ ᠬᠤᠪᠢ ᠨᠡᠮᠡᠷᠢ ᠵᠢ ᠭᠦᠨᠵᠡᠭᠡᠢ ᠣᠶ᠋ᠢᠯᠠᠭ᠋ᠠᠵᠤ᠂ ᠨᠠᠮ ᠵᠶ᠋ᠠᠨ ᠬᠠᠶ᠋ᠢᠷᠠᠯᠠᠵᠤ ᠤᠯᠤᠰ ᠵᠶ᠋ᠠᠨ ᠬᠠᠶ᠋ᠢᠷᠠᠯᠠᠬᠤ ᠰᠡᠳᠬᠢᠯᠭᠡ ᠵᠢ ᠭᠦᠨ ᠪᠤᠢ ᠪᠣᠯᠭ᠋ᠠᠵᠤ᠂ ᠤᠯᠤᠰ ᠲᠦᠷᠦ ᠵᠢᠨ ᠲᠣᠭᠲᠠᠯ ᠬᠦᠴᠦᠨ ᠵᠶ᠋ᠠᠨ ᠪᠠᠲᠤᠯᠠᠵᠤ᠂ ᠵᠠᠮ᠎ᠤᠨ ᠢᠲᠡᠭᠡᠯ᠂ ᠤᠨᠤᠯ᠎ᠤᠨ ᠢᠲᠡᠭᠡᠯ᠂ ᠪᠠᠶ᠋ᠢᠭᠤᠯᠤᠯ᠎ᠤᠨ ᠢᠲᠡᠭᠡᠯ᠂ ᠰᠣᠶᠣᠯ᠎ᠤᠨ ᠢᠲᠡᠭᠡᠯ ᠵᠶ᠋ᠠᠨ ᠤᠯᠠᠮ ᠴᠢᠨᠠᠭᠰᠢᠳᠠ ᠪᠠᠲᠤᠳᠬᠠᠵᠤ᠂ ᠰᠢᠨ᠎ᠡ ᠴᠠᠭ ᠦᠶ᠎ᠡ ᠵᠢᠨ ᠲᠡᠮᠡᠴᠡᠯ᠎ᠤᠨ ᠲᠡᠦᠬᠡ ᠵᠢᠨ ᠤᠬᠠᠮᠰᠠᠷ ᠵᠶ᠋ᠠᠨ ᠴᠢᠩᠭ᠋ᠠᠳᠬᠠᠬᠤ ᠬᠡᠷᠡᠭᠲᠡᠢ᠃
ᠮᠠᠨ᠎ᠤ ᠨᠠᠮ᠎ᠤᠨ ᠵᠠᠭᠤᠨ ᠵᠢᠯ᠎ᠤᠨ ᠲᠡᠦᠬᠡᠨ ᠶᠠᠪᠤᠴᠠ᠎ᠳᠤ ᠠᠭᠤᠯᠤᠭᠳᠠᠵᠤ ᠪᠠᠶ᠋ᠢᠭ᠎ᠠ ᠭᠦᠨ ᠵᠤᠵᠠᠭ᠋ᠠᠨ ᠦᠵᠡᠯ ᠰᠠᠨᠠᠭ᠋ᠠᠨ᠎ᠤ ᠠᠤᠭ᠎ᠠ ᠬᠦᠴᠦᠨ᠎ᠢ ᠭᠦᠨᠵᠡᠭᠡᠢ ᠣᠶ᠋ᠢᠯᠠᠭ᠋ᠠᠬᠤ ᠬᠡᠷᠡᠭᠲᠡᠢ᠃ ᠵᠠᠭᠤᠨ ᠵᠢᠯ᠎ᠤᠨ ᠲᠤᠷᠰᠢ; ᠮᠠᠨ᠎ᠤ ᠨᠠᠮ ᠮᠠᠷᠺᠰ᠎ᠤᠨ ᠦᠵᠡᠯ᠎ᠤᠨ ᠭᠣᠣᠯ ᠦᠨᠳᠦᠰᠦᠯᠡᠯ᠎ᠢ ᠳᠤᠮᠳᠠᠳᠤ ᠤᠯᠤᠰ᠎ᠤᠨ ᠪᠣᠳᠠᠲᠤ ᠦᠢ᠍ᠯᠡᠳᠦᠯᠭᠡ᠎ᠲᠠᠢ ᠤᠶᠠᠯᠳᠤᠭᠤᠯᠬᠤ ᠵᠢ ᠪᠠᠷᠢᠮᠲᠠᠯᠠᠵᠤ᠂ ᠮᠠᠷᠺᠰ᠎ᠤᠨ ᠦᠵᠡᠯ᠎ᠤᠨ ᠰᠢᠨ᠎ᠡ ᠠᠬᠤᠶ ᠪᠠᠶ᠋ᠢᠳᠠᠯ᠎ᠢ ᠲᠡᠰᠦᠷᠡᠯᠳᠠ ᠤᠢ᠍ᠭᠡᠢ ᠨᠡᠭᠡᠭᠡᠭᠡᠳ᠂ ᠮᠠᠤ ᠴᠧ ᠳ᠋ᠦᠩ᠎ᠤᠨ ᠦᠵᠡᠯ ᠰᠠᠨᠠᠭ᠎ᠠ᠂ ᠳ᠋ᠧᠩ ᠰᠢᠶᠦᠦ ᠫᠢᠩ᠎ᠤᠨ ᠤᠨᠦᠯ᠂ 《ᠭᠤᠷᠪᠠ ᠵᠢ ᠲᠥᠯᠥᠭᠡᠯᠡᠬᠦ》 ᠴᠢᠬᠤᠯᠠ ᠦᠵᠡᠯ ᠰᠠᠨᠠᠭ᠎ᠠ᠂ ᠰᠢᠨᠵᠢᠯᠡᠬᠦ ᠤᠬᠠᠭ᠋ᠠᠨᠴᠢ ᠬᠥᠭᠵᠢᠯᠲᠡ ᠵᠢᠨ ᠦᠵᠡᠯᠲᠡ᠂ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠲᠤᠮᠳᠡᠳᠦ ᠤᠯᠦᠰ᠎ᠤᠨ ᠤᠡᠴᠡᠯᠢᠬ᠎ᠲᠠᠢ ᠨᠡᠢ᠍ᠢ᠍ᠭᠡᠮ ᠵᠢᠷᠦᠮ᠎ᠤᠨ ᠦᠵᠡᠯ ᠰᠠᠨᠠᠭ᠎ᠠ ᠵᠢ ᠪᠤᠢ ᠪᠤᠯᠭ᠋ᠠᠪᠠ᠃ ᠪᠦᠬᠦ ᠨᠣᠮ᠎ᠳᠤ ᠢᠯᠡᠷᠡᠭᠦᠯᠦᠭᠰᠡᠨ ᠡᠨᠡ ᠬᠦ᠌ ᠰᠢᠷᠢᠰ ᠦᠵᠡᠯ ᠰᠠᠨᠠᠭ᠎ᠠ ᠤᠨᠤᠯ᠎ᠤᠨ ᠰᠢᠨ᠎ᠡ ᠡᠭᠦᠳᠦᠯᠲᠡ ᠪᠣᠯᠤᠨ ᠪᠦᠳᠦᠭᠡᠯᠳᠡ᠎ᠨᠢ ᠨᠠᠮ ᠪᠣᠯᠤᠨ ᠠᠷᠠᠳ ᠲᠦᠮᠡᠨ᠎ᠤ ᠦᠢ᠍ᠯᠡᠰ᠎ᠤᠨ ᠬᠥᠭᠵᠢᠯᠲᠡ᠎ᠳᠤ ᠰᠢᠨᠵᠢᠯᠡᠬᠦ ᠤᠬᠠᠭ᠋ᠠᠨᠴᠢ ᠤᠨᠤᠯ᠎ᠤᠨ ᠵᠢᠯᠤᠭᠤᠳᠤᠯᠭ᠎ᠠ ᠵᠢ ᠬᠠᠩᠭ᠋ᠠᠵᠤ᠂ ᠲᠤᠮᠳᠠᠳᠤ ᠤᠯᠤᠰ᠎ᠤᠨ ᠡᠪ ᠬᠠᠮᠳᠤ ᠨᠠᠮ ᠶᠠᠭ᠋ᠠᠬᠢᠭ᠋ᠠᠳ 《ᠴᠢᠳᠠᠬᠤ》 ᠦᠵᠡᠯ ᠰᠠᠨᠠᠭ᠋ᠠᠨ᠎ᠤ ᠨᠢᠭᠤᠴᠠ ᠳᠡᠮᠳᠡᠭ᠎ᠢ ᠭᠦᠨᠵᠡᠭᠡᠢ ᠢᠯᠡᠷᠡᠭᠦᠯᠦᠭᠰᠡᠨ ᠪᠠᠶ᠋ᠢᠨ᠎ᠠ᠃ ᠪᠢᠳᠠ ᠲᠡᠭᠦᠨ᠎ᠤ ᠳᠤᠮᠳᠠ ᠲᠤᠭᠤᠰᠢᠯᠠᠬᠳᠠᠵᠤ ᠪᠠᠶ᠋ᠢᠭ᠎ᠠ ᠦᠵᠡᠯ ᠰᠠᠨᠠᠭ᠋ᠠᠨ᠎ᠤ ᠠᠤᠭ᠎ᠠ ᠬᠦᠴᠦᠨ᠎ᠢ ᠨᠠᠷᠢᠨ ᠬᠢᠨᠠᠮᠠᠭ᠋ᠠᠢ ᠰᠤᠷᠤᠯᠴᠠᠵᠤ᠂ ᠭᠦᠨᠵᠡᠭᠡᠢ ᠣᠶ᠋ᠢᠯᠠᠭ᠋ᠠᠵᠤ᠂ ᠲᠡᠭᠦᠨ᠎ᠤ ᠳᠤᠮᠳᠠ᠎ᠠᠴᠠ ᠦᠵᠡᠯ ᠰᠠᠨᠠᠭ᠋ᠠᠨ᠎ᠤ ᠰᠢᠮ᠎ᠡ ᠲᠡᠵᠢᠭᠡᠯ ᠬᠦᠷᠳᠡᠵᠤ᠂ ᠲᠡᠮᠡᠴᠡᠯ᠎ᠤᠨ ᠬᠥᠳᠡᠯᠭᠡᠬᠦ ᠬᠦᠴᠦᠨ᠎ᠢ ᠨᠡᠮᠡᠭᠳᠡᠭᠦᠯᠵᠦ᠂ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠲᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠦᠵᠡᠯ ᠰᠠᠨᠠᠭ᠋ᠠᠨ᠎ᠤ ᠤᠯᠤᠰ ᠲᠦᠷᠦ ᠵᠢᠨ ᠮᠡᠳᠡᠷᠡᠮᠵᠢ᠂ ᠦᠵᠡᠯ ᠰᠠᠨᠠᠭ᠋ᠠᠨ᠎ᠤ ᠮᠡᠳᠡᠷᠡᠮᠵᠢ ᠪᠣᠯᠤᠨ ᠬᠠᠶ᠋ᠢᠷ᠎ᠠ ᠰᠡᠳᠬᠢᠯᠭᠡ ᠵᠢᠨ ᠮᠡᠳᠡᠷᠡᠮᠵᠢ ᠵᠢ ᠲᠠᠰᠤᠷᠠᠯᠲᠠ ᠦᠭᠡᠢ ᠨᠡᠮᠡᠭᠳᠡᠭᠦᠯᠵᠦ᠂ ᠠᠷᠠᠳ᠎ᠤᠨ ᠶᠠᠪᠤᠳᠠᠯ᠎ᠤᠨ ᠦᠢ᠍ᠯᠡᠰ᠎ᠤᠨ ᠬᠥᠭᠵᠢᠯᠲᠡ ᠵᠢ ᠠᠬᠢᠭᠤᠯᠬᠤ ᠬᠦᠴᠦᠷᠬᠡᠭ ᠶᠡᠬᠡ ᠦᠵᠡᠯ ᠰᠠᠨᠠᠭ᠋ᠠᠨ᠎ᠤ ᠬᠦᠴᠦᠨ᠎ᠢ ᠨᠢᠭᠲᠠᠷᠠᠭᠤᠯᠬᠤ ᠬᠡᠷᠡᠭᠲᠡᠢ ᠭᠡᠵᠦ ᠵᠢᠭ᠋ᠠᠵᠤ ᠭᠠᠷᠭ᠋ᠠᠪᠠ᠃
ᠮᠠᠨ᠎ᠤ ᠨᠠᠮ᠎ᠤᠨ ᠵᠠᠭᠤᠨ ᠵᠢᠯ᠎ᠤᠨ ᠲᠡᠦᠬᠡᠨ ᠶᠠᠪᠤᠴᠠ᠎ᠳᠤ ᠡᠭᠦᠳᠦᠭᠰᠡᠨ ᠠᠭᠤᠤ ᠶᠡᠬᠡ ᠵᠣᠷᠢᠭ ᠰᠠᠨᠠᠭ᠋ᠠᠨ᠎ᠤ ᠰᠢᠰᠲ᠋ᠧᠮ᠎ᠢ ᠭᠦᠨᠵᠡᠭᠡᠢ ᠣᠶ᠋ᠢᠯᠠᠭ᠋ᠠᠬᠤ ᠬᠡᠷᠡᠭᠲᠡᠢ᠃ ᠵᠠᠭᠤᠨ ᠵᠢᠯ᠎ᠤᠨ ᠲᠤᠷᠰᠢ᠂ ᠡᠪ ᠬᠠᠮᠲᠤᠴᠤᠳ ᠦᠶ᠎ᠡ ᠤᠯᠠᠷᠢᠨ ᠴᠥᠬᠥᠷᠡᠰᠢ ᠦᠭᠡᠢ ᠲᠡᠮᠡᠴᠡᠵᠦ᠂ ᠳᠠᠪᠲᠠᠨ ᠪᠦᠲᠦᠭᠡᠭᠰᠡᠨ ᠤᠯᠠᠭ᠋ᠠᠨ ᠣᠩᠭᠣᠴᠠᠨ᠎ᠤ ᠵᠣᠷᠢᠭ ᠰᠠᠨᠠᠭ᠎ᠠ᠂ ᠵᠢᠩ ᠭᠠᠩ ᠱᠠᠨ ᠠᠭᠤᠯᠠ ᠵᠢᠨ ᠵᠣᠷᠢᠭ ᠰᠠᠨᠠᠭ᠎ᠠ᠂ ᠤᠷᠳᠤ ᠵᠠᠮ᠎ᠤᠨ ᠠᠶᠠᠨ ᠲᠠᠢ᠍ᠢ᠍ᠨ᠎ᠤ ᠵᠣᠷᠢᠭ ᠰᠠᠨᠠᠭ᠎ᠠ᠂ ᠶᠠᠨ ᠠᠨ᠎ᠤ ᠵᠣᠷᠢᠭ ᠰᠠᠨᠠᠭ᠎ᠠ᠂ ᠠᠮᠧᠷᠢᠺᠠ ᠵᠢ ᠡᠰᠡᠷᠭᠦᠴᠡᠨ ᠰᠣᠯᠤᠩᠭᠤᠰᠢ ᠲᠤᠰᠠᠯᠠᠬᠤ ᠵᠢᠨ ᠵᠣᠷᠢᠭ ᠰᠠᠨᠠᠭ᠎ᠠ᠂ 《ᠬᠣᠶᠠᠷ ᠪᠥᠮᠪᠥᠭᠡ ᠨᠢᠭᠡ ᠤᠳᠤ》 ᠵᠢᠨ ᠵᠣᠷᠢᠭ ᠰᠠᠨᠠᠭ᠎ᠠ᠂ ᠦᠶᠡᠷ᠎ᠲᠠᠢ ᠲᠡᠮᠡᠴᠡᠬᠦ ᠵᠣᠷᠢᠭ ᠰᠠᠨᠠᠭ᠎ᠠ᠂ ᠭᠠᠵᠠᠷ ᠬᠥᠳᠡᠯᠦᠯᠲᠡ᠎ᠲᠠᠢ ᠲᠡᠮᠡᠴᠡᠵᠦ ᠭᠠᠮᠰᠢᠭ᠎ᠠᠴᠠ ᠠᠪᠤᠷᠠᠬᠤ ᠵᠣᠷᠢᠭ ᠰᠠᠨᠠᠭ᠎ᠠ ᠵᠡᠷᠭᠡ ᠠᠭᠤᠤ ᠶᠡᠬᠡ ᠵᠣᠷᠢᠭ ᠰᠠᠨᠠᠭ᠎ᠠ᠎ᠨᠢ ᠲᠤᠮᠳᠠᠳᠤ ᠤᠯᠤᠰ᠎ᠤᠨ ᠡᠪ ᠬᠠᠮᠲᠤᠴᠤᠳ᠎ᠤᠨ ᠤᠶᠤᠨ ᠰᠠᠨᠠᠭ᠋ᠠᠨ᠎ᠤ ᠰᠢᠰᠲ᠋ᠧᠮ᠎ᠢ ᠪᠠᠶ᠋ᠢᠭᠤᠯᠤᠭᠰᠠᠨ ᠪᠠᠶ᠋ᠢᠨ᠎ᠠ᠃ ᠡᠨᠡ᠎ᠨᠢ ᠡᠪ ᠬᠠᠮᠲᠤᠴᠤᠳ᠎ᠤᠨ ᠡᠷᠡᠰ ᠪᠠᠲᠤ ᠢᠲᠡᠭᠡᠯ ᠵᠣᠷᠢᠭ᠂ ᠦᠨᠳᠦᠰᠦᠨ ᠵᠣᠷᠢᠯᠲᠠ᠂ ᠰᠢᠯᠢᠳᠡᠭ ᠰᠤᠷᠲᠠᠯ᠎ᠢ ᠲᠥᠪᠯᠡᠷᠡᠩᠭᠦᠢ ᠢᠯᠡᠷᠡᠭᠦᠯᠵᠦ᠂ ᠡᠪ ᠬᠠᠮᠲᠤᠴᠤᠳ᠎ᠤᠨ ᠲᠡᠰᠪᠦᠷᠢ ᠬᠠᠲᠠᠭᠤᠵᠢᠯᠲᠠᠢ ᠲᠡᠮᠡᠴᠡᠬᠦ᠂ ᠠᠮᠢ ᠪᠡᠶ᠎ᠡ᠎ᠪᠠᠨ ᠵᠣᠷᠢᠭᠤᠯᠬᠤ᠂ ᠵᠠᠮ ᠨᠡᠭᠡᠭᠡᠨ ᠤᠷᠤᠭᠰᠢᠯᠠᠨ ᠲᠠᠪᠰᠢᠬᠤ ᠠᠭᠤᠤ ᠶᠡᠬᠡ ᠵᠠᠩ ᠰᠤᠷᠲᠠᠯ᠎ᠢ ᠨᠢᠭᠲᠠᠷᠠᠭᠤᠯᠵᠤ᠂ ᠡᠪ ᠬᠠᠮᠲᠤᠴᠤᠳ᠎ᠤᠨ ᠦᠨᠡᠨᠴᠢ ᠰᠢᠳᠤᠷᠭᠤ ᠪᠠ ᠡᠷᠡᠯᠬᠡᠭ ᠵᠣᠷᠢᠭ᠂ ᠢᠲᠡᠭᠡᠯ ᠵᠣᠷᠢᠭ ᠪᠠ ᠵᠣᠷᠢᠭ ᠰᠠᠨᠠᠭ᠎ᠠ᠂ ᠲᠡᠮᠡᠴᠡᠯ ᠪᠠ ᠦᠷᠡᠭᠳᠡᠯ ᠵᠡᠷᠭᠡ ᠤᠶᠤᠨ ᠰᠠᠨᠠᠭ᠋ᠠᠨ᠎ᠤ ᠣᠨᠴᠠᠯᠢᠭ᠎ᠢ ᠢᠯᠡᠷᠡᠭᠦᠯᠵᠡᠢ᠃ ᠡᠳᠡᠭᠡᠷ ᠡᠷᠬᠢᠮ ᠨᠠᠨᠳᠢᠨ ᠤᠶᠤᠨ ᠰᠠᠨᠠᠭ᠋ᠠᠨ᠎ᠤ ᠡᠳ᠋ ᠪᠠᠶᠠᠯᠢᠭ᠎ᠨᠢ ᠴᠠᠭ ᠬᠤᠭᠤᠴᠠᠭ᠎ᠠ ᠪᠠ ᠣᠷᠣᠨ ᠵᠠᠢ ᠵᠢ ᠠᠯᠤᠰᠯᠠᠵᠤ᠂ ᠶᠠᠪᠤᠬᠤ ᠲᠤᠳᠤᠮ ᠰᠢᠨᠡᠳᠴᠦ ᠪᠠᠶ᠋ᠢᠨ᠎ᠠ᠂ ᠡᠨᠡ ᠪᠣᠯ ᠮᠠᠨ᠎ᠤ ᠨᠠᠮ᠎ᠤᠨ ᠳᠠᠢ᠍ᠰᠤᠨᠢ ᠳᠠᠷᠤᠵᠤ ᠢᠯᠠᠯᠲᠠ ᠣᠯᠬᠤ᠎ᠤᠨ ᠤᠯᠠᠮᠵᠢᠯᠠᠯᠲᠤ ᠡᠷᠳᠡᠨᠢ ᠮᠥᠨ᠂ ᠪᠦᠬᠦ ᠨᠠᠮ ᠪᠦᠬᠦ ᠤᠯᠤᠰ᠎ᠤᠨ ᠠᠷᠠᠳ ᠲᠦᠮᠡᠨ᠎ᠤ ᠰᠠᠯᠬᠢ ᠪᠣᠷᠤᠭ᠋ᠠᠨ᠎ᠳᠤ ᠴᠤ᠌ ᠰᠠᠭ᠋ᠠᠳ ᠦᠭᠡᠢ ᠡᠷᠡᠯᠬᠡᠭ ᠪᠠᠭ᠋ᠠᠲᠤᠷᠯᠢᠭ ᠵᠶ᠋ᠠᠷ ᠤᠷᠤᠭᠰᠢᠯᠠᠬᠤ ᠵᠢ ᠵᠣᠷᠢᠭᠵᠢᠭᠤᠯᠬᠤ ᠬᠦᠴᠦᠷᠬᠡᠭ ᠶᠡᠬᠡ ᠤᠶᠤᠨ ᠰᠠᠨᠠᠭ᠋ᠠᠨ᠎ᠤ ᠬᠦᠴᠦᠨ ᠮᠥᠨ᠃ ᠪᠢᠳᠡ ᠨᠠᠷᠢᠨ ᠬᠢᠨᠠᠮᠠᠭ᠋ᠠᠢ ᠰᠤᠳᠤᠯᠤᠨ ᠤᠩᠰᠢᠵᠤ᠂ ᠲᠡᠦᠬᠡ ᠵᠢᠨ ᠠᠬᠤᠢ ᠪᠠᠶ᠋ᠢᠳᠠᠯ᠎ᠢ ᠣᠶ᠋ᠢᠯᠠᠭ᠋ᠠᠬᠤ᠂ ᠲᠡᠦᠬᠡ ᠵᠢᠨ ᠰᠤᠳᠠᠰᠤ ᠵᠢ ᠡᠵᠡᠮᠳᠡᠬᠦ ᠳᠤᠮᠳᠠ ᠡᠪ ᠬᠠᠮᠲᠤᠴᠤᠳ᠎ᠤᠨ ᠵᠣᠷᠢᠭ ᠰᠠᠨᠠᠭ᠋ᠠᠨ᠎ᠤ ᠰᠢᠰᠲ᠋ᠧᠮ᠎ᠢ ᠨᠡᠩ ᠭᠦᠨᠵᠡᠭᠡᠢ ᠣᠶ᠋ᠢᠯᠠᠭ᠋ᠠᠵᠤ᠂ ᠬᠤᠪᠢᠰᠬᠠᠯᠲᠤ ᠤᠯᠠᠮᠵᠢᠯᠠᠯ᠎ᠢ ᠶᠡᠬᠡᠪᠡᠷ ᠪᠠᠳᠠᠷᠠᠭᠤᠯᠵᠤ᠂ ᠤᠶᠤᠨ ᠰᠠᠨᠠᠭ᠋ᠠᠨ᠎ᠤ ᠰᠤᠳᠠᠰᠤ ᠵᠢ ᠦᠷᠭᠦᠯᠵᠢᠯᠡᠭᠦᠯᠵᠦ᠂ ᠠᠵᠢᠯ ᠬᠢᠵᠦ ᠦᠢ᠍ᠯᠡᠰ ᠪᠤᠰᠬᠠᠬᠤ᠂ ᠬᠠᠷᠢᠭᠤᠴᠠᠯᠭ᠎ᠠ ᠡᠭᠦᠷᠭᠡᠯᠡᠵᠦ ᠠᠵᠢᠯ ᠬᠢᠬᠦ ᠴᠤᠭ ᠰᠦᠯᠳᠡ᠎ᠪᠠᠨ ᠲᠠᠰᠤᠷᠠᠯᠳᠡ ᠦᠭᠡᠢ ᠪᠠᠳᠠᠷᠠᠭᠤᠯᠬᠤ ᠬᠡᠷᠡᠭᠲᠡᠢ ᠭᠡᠵᠦ ᠵᠢᠭ᠋ᠠᠵᠤ ᠭᠠᠷᠭ᠋ᠠᠪᠠ᠃
ᠮᠠᠨ᠎ᠤ ᠨᠠᠮ᠎ᠤᠨ ᠵᠠᠭᠤᠨ ᠵᠢᠯ᠎ᠤᠨ ᠲᠡᠦᠬᠡᠨ ᠶᠠᠪᠤᠴᠠ᠎ᠳᠤ ᠪᠦᠷᠢᠯᠳᠦᠭᠰᠡᠨ ᠡᠷᠬᠢᠮ ᠨᠠᠨᠳᠢᠨ ᠲᠡᠦᠬᠡᠨ ᠲᠤᠷᠰᠢᠯᠭ᠎ᠠ ᠵᠢ ᠭᠦᠨᠵᠡᠭᠡᠢ ᠣᠶ᠋ᠢᠯᠠᠭ᠋ᠠᠬᠤ ᠬᠡᠷᠡᠭᠲᠡᠢ᠃ ᠵᠠᠭᠤᠨ ᠵᠢᠯ᠎ᠤᠨ ᠲᠤᠷᠰᠢ᠂ ᠮᠠᠨ᠎ᠤ ᠨᠠᠮ ᠠᠷᠠᠳ ᠲᠦᠮᠡᠨ᠎ᠢ ᠪᠦᠯᠬᠦᠮᠳᠡᠭᠦᠯᠦᠨ ᠳᠠᠭ᠋ᠠᠭᠤᠯᠵᠤ ᠤᠷᠤᠭᠰᠢᠯᠠᠯᠲᠠ ᠵᠢᠨ ᠵᠠᠮ ᠳᠡᠭᠡᠷᠡᠬᠢ ᠡᠯ᠎ᠡ ᠵᠦᠢ᠍ᠯ᠎ᠤᠨ ᠬᠦᠴᠢᠷ ᠪᠡᠷᠬᠡᠰᠢᠶᠡᠯ ᠬᠠᠷᠰᠢ ᠰᠠᠭ᠋ᠠᠳ᠎ᠢ ᠢᠯᠠᠨ ᠳᠠᠪᠠᠵᠤ᠂ ᠲᠤᠶ᠋ᠢᠯ᠎ᠤᠨ ᠡᠷᠬᠢᠮ ᠨᠠᠨᠳᠢᠨ ᠲᠡᠦᠬᠡᠨ ᠲᠤᠷᠰᠢᠯᠭ᠎ᠠ ᠵᠢ ᠬᠤᠷᠠᠮᠳᠤᠭᠤᠯᠪᠠ᠃ ᠪᠦᠬᠦ ᠨᠣᠮ᠎ᠳᠤ ᠳ᠋ᠦᠩᠨᠡᠭᠰᠡᠨ ᠨᠠᠮ᠎ᠤᠨ ᠠᠳᠠᠯᠢ ᠪᠤᠰᠤ ᠲᠡᠦᠬᠡᠨ ᠴᠠᠭ ᠦᠶ᠎ᠡ᠎ᠳᠤ ᠣᠯᠤᠭᠰᠠᠨ ᠡᠷᠬᠢᠮ ᠨᠠᠨᠳᠢᠨ ᠲᠤᠷᠰᠢᠯᠭ᠎ᠠ ᠪᠣᠯ ᠮᠠᠨ᠎ᠤ ᠨᠠᠮ᠎ᠤᠨ ᠬᠦᠴᠢᠷ ᠪᠡᠷᠬᠡᠰᠢᠶᠡᠯ᠎ᠢ ᠣᠯᠠᠨᠲᠠ ᠲᠤᠭᠤᠯᠤᠭᠰᠠᠨ᠂ ᠰᠠᠯᠬᠢ ᠪᠣᠷᠣᠭ᠋ᠠᠨ᠎ᠢ ᠬᠠᠨᠲᠠᠯ᠎ᠠ ᠲᠤᠭᠤᠯᠤᠭᠰᠠᠨ᠂ ᠤᠷᠳᠤ ᠬᠤᠭᠤᠴᠠᠭ᠋ᠠᠨ᠎ᠤ ᠰᠦᠪᠡᠭᠴᠢᠯᠡᠯᠳᠡ᠎ᠪᠠᠷ ᠬᠤᠷᠠᠮᠳᠤᠭᠤᠯᠤᠭᠰᠠᠨ ᠤᠶᠤᠨ ᠰᠠᠨᠠᠭ᠋ᠠᠨ᠎ᠤ ᠡᠳ᠋ ᠪᠠᠶᠠᠯᠢᠭ ᠮᠥᠨ᠂ ᠲᠡᠭᠦᠨ᠎ᠳᠤ ᠢᠯᠠᠵᠤ ᠢᠯᠠᠭᠳᠠᠬᠤ ᠪᠠ ᠣᠯᠵᠤ ᠠᠯᠳᠠᠬᠤ ᠵᠢ ᠠᠬᠤᠭᠤᠯᠵᠤ᠂ ᠠᠷᠢᠭᠤᠨ ᠴᠢᠰᠤ ᠪᠠ ᠬᠦᠴᠦ ᠬᠥᠯᠥᠰᠥ ᠵᠢ ᠨᠢᠭᠲᠠᠷᠠᠭᠤᠯᠵᠤ᠂ ᠤᠶᠤᠨ ᠤᠬᠠᠭ᠋ᠠᠨ ᠪᠠ ᠡᠷᠡᠯᠬᠡᠭ ᠵᠣᠷᠢᠭ ᠵᠶ᠋ᠠᠷ ᠪᠢᠯᠬᠠᠮ᠎ᠠ ᠪᠠᠶ᠋ᠢᠳᠠᠭ᠃ ᠪᠢᠳᠠ ᠡᠳᠡᠭᠡᠷ ᠡᠷᠬᠢᠮ ᠨᠠᠨᠳᠢᠨ ᠲᠤᠷᠰᠢᠯᠭ᠎ᠠ ᠵᠢᠨ ᠪᠠᠶᠠᠯᠢᠭ ᠠᠭᠤᠯᠤᠭᠳᠠᠬᠤᠨ᠎ᠢ ᠭᠦᠨᠵᠡᠭᠡᠢ ᠣᠶ᠋ᠢᠯᠠᠭ᠋ᠠᠵᠤ᠂ ᠡᠳᠡᠭᠡᠷ ᠲᠡᠦᠬᠡᠨ ᠲᠤᠷᠰᠢᠯᠭ᠎ᠠ ᠵᠢᠨ ᠴᠠᠭ ᠦᠶ᠎ᠡ ᠵᠢᠨ ᠦᠨ᠎ᠡ ᠦᠷᠳᠡᠭ᠎ᠢ ᠣᠨᠣᠪᠴᠢᠲᠠᠢ ᠡᠵᠡᠮᠳᠡᠵᠦ᠂ ᠨᠠᠮ᠎ᠤᠨ ᠠᠮᠵᠢᠯᠲᠠ᠎ᠲᠠᠢ ᠲᠤᠷᠰᠢᠯᠭ᠎ᠠ ᠵᠢ ᠤᠯᠠᠮᠵᠢᠯᠠᠨ ᠪᠠᠳᠠᠷᠠᠭᠤᠯᠵᠤ᠂ ᠵᠠᠮ ᠨᠡᠭᠡᠭᠡᠨ ᠤᠷᠤᠭᠰᠢᠯᠠᠬᠤ ᠤᠶᠤᠨ ᠤᠬᠠᠭ᠋ᠠᠨ ᠪᠠ ᠬᠦᠴᠦᠨ ᠴᠢᠳᠠᠯ ᠵᠶ᠋ᠠᠨ ᠨᠡᠮᠡᠭᠳᠡᠭᠦᠯᠬᠦ ᠬᠡᠷᠡᠭᠲᠡᠢ᠃
ᠡᠭᠦᠨ᠎ᠳᠤ ᠲᠤᠭᠤᠰᠢᠯᠠᠭᠳᠠᠵᠤ ᠪᠠᠶ᠋ᠢᠭ᠎ᠠ ᠮᠠᠷᠺᠰ᠎ᠤᠨ ᠦᠵᠡᠯ᠎ᠤᠨ ᠵᠣᠭᠰᠣᠯᠲᠠ᠂ ᠦᠵᠡᠯᠲᠡ᠂ ᠠᠷᠭ᠎ᠠ ᠵᠢ ᠭᠦᠨᠵᠡᠭᠡᠢ ᠣᠶ᠋ᠢᠯᠠᠭ᠋ᠠᠬᠤ
ᠮᠠᠷᠺᠰ᠎ᠤᠨ ᠦᠵᠡᠯ᠎ᠨᠢ ᠪᠣᠳᠠᠰ᠎ᠤᠨ ᠶᠢᠷᠲᠢᠨᠴᠦ ᠵᠢᠨ ᠮᠥᠨ ᠴᠢᠨᠠᠷ᠎ᠤᠨ ᠣᠨᠴᠠᠯᠢᠭ ᠵᠢᠴᠢ ᠬᠥᠮᠦᠨ ᠲᠥᠷᠥᠯᠬᠢᠲᠡᠨ᠎ᠤ ᠨᠡᠶ᠋ᠢᠭᠡᠮ᠎ᠤᠨ ᠬᠥᠭᠵᠢᠯᠲᠡ ᠵᠢᠨ ᠪᠤᠰᠤᠳᠴᠢ ᠵᠢᠮ᠎ᠡ ᠶᠣᠰᠣ ᠵᠢ ᠢᠯᠡᠷᠡᠭᠦᠯᠵᠦ᠂ ᠪᠢᠳᠡᠨ᠎ᠳᠤ ᠬᠦᠴᠦᠷᠬᠡᠭ ᠶᠡᠬᠡ ᠦᠵᠡᠯ ᠰᠠᠨᠠᠭ᠋ᠠᠨ᠎ᠤ ᠵᠡᠪᠰᠡᠭ ᠬᠠᠩᠭ᠋ᠠᠭᠰᠠᠨ ᠪᠠᠶ᠋ᠢᠨ᠎ᠠ᠃ ᠪᠢᠳᠡ ᠡᠨᠡᠬᠦ ᠴᠢᠬᠤᠯᠠ ᠲᠤᠯᠭᠤᠷ ᠪᠢᠴᠢᠭ᠎ᠢ ᠨᠠᠷᠢᠨ ᠬᠢᠨᠠᠮᠠᠭ᠋ᠠᠢ ᠰᠤᠷᠤᠯᠴᠠᠵᠤ᠂ ᠲᠡᠭᠦᠨ᠎ᠳᠤ ᠲᠤᠤᠱᠯᠠᠭᠳᠠᠵᠤ ᠪᠠᠶ᠋ᠢᠭ᠎ᠠ ᠮᠠᠷᠺᠰ᠎ᠤᠨ ᠦᠵᠡᠯ᠎ᠤᠨ ᠵᠣᠭᠰᠣᠯᠲᠠ᠂ ᠦᠵᠡᠯᠲᠡ᠂ ᠠᠷᠭ᠎ᠠ ᠵᠢ ᠭᠦᠨᠵᠡᠭᠡᠢ ᠣᠶ᠋ᠢᠯᠠᠭ᠋ᠠᠵᠤ᠂ ᠲᠡᠭᠦᠨ᠎ᠳᠤ ᠠᠭᠤᠯᠤᠭᠳᠠᠵᠤ ᠪᠠᠶ᠋ᠢᠭ᠎ᠠ ᠬᠤᠪᠢᠰᠤᠩᠭᠤᠢ ᠪᠤᠳᠠᠰᠴᠢ ᠦᠵᠡᠯ ᠪᠣᠯᠤᠨ ᠲᠡᠤᠬᠡ ᠵᠢᠨ ᠪᠤᠳᠠᠰᠴᠢ ᠦᠵᠡᠯ᠎ᠤᠨ ᠭᠦᠨ ᠶᠣᠰᠣ ᠵᠢ ᠭᠦᠨᠵᠡᠭᠡᠢ ᠣᠶ᠋ᠢᠯᠠᠭ᠋ᠠᠬᠤ ᠬᠡᠷᠡᠭᠲᠡᠢ᠃
ᠡᠭᠦᠨ᠎ᠳᠤ ᠲᠤᠭᠤᠰᠢᠯᠠᠬᠳᠠᠵᠤ ᠪᠠᠶ᠋ᠢᠭ᠎ᠠ ᠨᠠᠮᠴᠢ ᠵᠠᠷᠴᠢᠮ᠎ᠢ ᠭᠦᠨᠵᠡᠭᠡᠢ ᠣᠶ᠋ᠢᠯᠠᠭ᠋ᠠᠬᠤ ᠬᠡᠷᠡᠭᠲᠡᠢ᠃ ᠪᠢᠳᠡ 《ᠨᠠᠮ᠎ᠤᠨ ᠲᠡᠦᠬᠡ ᠪᠣᠯ ᠨᠠᠮ᠎ᠤᠨ ᠤᠪᠤᠭᠲᠠᠢ》 ᠦᠨᠳᠦᠰᠦᠨ ᠱᠠᠭ᠋ᠠᠷᠳᠠᠯᠭᠠᠢ ᠣᠨᠣᠪᠴᠢᠲᠠᠶ ᠡᠵᠡᠮᠰᠢᠵᠦ᠂ ᠪᠦᠬᠦ ᠨᠣᠮ᠎ᠳᠤ ᠲᠤᠭᠤᠰᠢᠯᠠᠬᠳᠠᠵᠤ ᠪᠠᠶ᠋ᠢᠭ᠎ᠠ ᠨᠠᠮᠴᠢ ᠵᠠᠷᠴᠢᠮ᠎ᠢ ᠭᠦᠨᠵᠡᠭᠡᠶ ᠡᠵᠡᠮᠰᠢᠵᠦ᠂ ᠨᠠᠮ᠎ᠤᠨ ᠲᠡᠦᠬᠡ ᠵᠢ ᠭᠦᠨᠵᠡᠭᠡᠶ ᠣᠶ᠋ᠢᠯᠠᠭ᠋ᠠᠬᠤ᠎ᠳᠤ ᠡᠷᠬᠡᠪᠰᠢ ᠨᠠᠮ᠎ᠤᠨ ᠵᠣᠷᠢᠭ ᠰᠠᠨᠠᠭ᠎ᠠ ᠵᠢ ᠢᠯᠡᠷᠡᠭᠦᠯᠵᠦ᠂ ᠨᠠᠮ᠎ᠤᠨ ᠵᠣᠷᠢᠯᠲᠠ ᠵᠢ ᠲᠤᠰᠬᠠᠵᠤ᠂ ᠨᠠᠮ ᠪᠠ ᠠᠷᠠᠳ ᠲᠦᠮᠡᠨ᠎ᠤ ᠦᠨᠳᠦᠰᠦᠨ ᠠᠰᠢᠭ ᠲᠤᠰᠠ ᠵᠢ ᠬᠠᠮᠠᠭ᠋ᠠᠯᠠᠬᠤ ᠬᠡᠷᠡᠭᠲᠡᠶ᠃ ᠨᠠᠮ᠎ᠤᠨ ᠲᠡᠦᠬᠡ ᠵᠢᠨ ᠵᠥᠪ ᠦᠵᠡᠯᠲᠡ ᠵᠢ ᠪᠤᠢ ᠪᠣᠯᠭ᠋ᠠᠵᠤ᠂ ᠨᠠᠮ᠎ᠤᠨ ᠲᠡᠦᠬᠡ᠎ᠳᠤ ᠬᠠᠨᠳᠤᠬᠤ᠎ᠳᠠᠭᠠᠨ ᠡᠩ ᠲᠡᠷᠢᠭᠦᠨ᠎ᠳᠤ ᠤᠯᠤᠰ ᠲᠦᠷᠦ ᠵᠢᠨ ᠲᠠᠯ᠎ᠠ᠎ᠠᠴᠠ ᠦᠵᠡᠬᠦ ᠵᠢ ᠪᠠᠷᠢᠮᠲᠠᠯᠠᠵᠤ᠂ ᠮᠠᠨ᠎ᠤ ᠨᠠᠮ᠎ᠤᠨ ᠡᠷᠬᠢᠮ ᠳᠡᠭᠡᠳᠦ ᠤᠯᠤᠰ ᠲᠦᠷᠦ ᠵᠢᠨ ᠬᠦᠰᠡᠯᠡᠩ᠂ ᠡᠷᠬᠢᠮ ᠳᠡᠭᠡᠳᠦ ᠤᠯᠤᠰ ᠲᠦᠷᠦ ᠵᠢᠨ ᠬᠥᠭᠡᠭᠡᠴᠡᠯᠳᠦᠯ᠂ ᠠᠷᠢᠭᠤᠨ ᠴᠡᠪᠡᠷ ᠤᠯᠤᠰ ᠲᠦᠷᠦ ᠵᠢᠨ ᠬᠡᠪ ᠴᠢᠨᠠᠷ᠎ᠢ ᠭᠦᠨᠵᠡᠭᠡᠢ ᠲᠠᠨᠢᠵᠤ᠂ ᠤᠯᠤᠰ ᠲᠦᠷᠦ ᠵᠢᠨ ᠵᠣᠭᠰᠣᠯᠲᠠ᠎ᠪᠠᠨ ᠤᠯᠠᠮ ᠨᠢᠭᠡ ᠠᠯᠬᠤᠮ ᠪᠠᠲᠤᠳᠬᠠᠵᠤ᠂ ᠤᠯᠤᠰ ᠲᠦᠷᠦ ᠵᠢᠨ ᠬᠦᠴᠦᠨ ᠵᠶ᠋ᠠᠨ ᠪᠠᠲᠤᠯᠠᠵᠤ᠂ ᠤᠯᠤᠰ ᠲᠦᠷᠦ ᠵᠢᠨ ᠦᠨᠡᠨᠴᠢ ᠰᠢᠳᠤᠷᠭᠤ᠎ᠪᠠᠨ ᠡᠭᠦᠷᠢᠳᠡ ᠪᠠᠲᠤᠯᠠᠵᠤ᠂ ᠲᠡᠦᠬᠡ ᠰᠤᠷᠴᠤ ᠨᠠᠮ ᠵᠶ᠋ᠠᠨ ᠬᠠᠶ᠋ᠢᠷᠠᠯᠠᠬᠤ᠂ ᠲᠡᠦᠬᠡ ᠰᠤᠷᠴᠤ ᠨᠠᠮ᠎ᠤᠨ ᠲᠥᠯᠥᠭᠡ ᠵᠢᠳᠬᠦᠬᠦ ᠵᠢ ᠪᠡᠶᠡᠯᠡᠭᠦᠯᠬᠦ ᠬᠡᠷᠡᠭᠲᠡᠢ᠃
ᠡᠭᠦᠨ᠎ᠳᠤ ᠲᠤᠭᠤᠰᠢᠯᠠᠭᠳᠠᠵᠤ ᠪᠠᠶ᠋ᠢᠭ᠎ᠠ ᠪᠣᠳᠠᠰᠴᠢ ᠲᠡᠦᠬᠡ ᠵᠢᠨ ᠦᠵᠡᠯᠲᠡ ᠵᠢ ᠭᠦᠨᠵᠡᠭᠡᠶ ᠣᠶ᠋ᠢᠯᠠᠭ᠋ᠠᠬᠤ ᠬᠡᠷᠡᠭᠲᠡᠶ᠃ ᠵᠠᠭᠤᠨ ᠵᠢᠯ᠎ᠤᠨ ᠨᠠᠮ᠎ᠤᠨ ᠲᠡᠦᠬᠡ ᠪᠣᠯ ᠮᠠᠷᠺᠰ᠎ᠤᠨ ᠦᠵᠡᠯ᠎ᠤᠨ ᠪᠣᠳᠠᠰᠴᠢ ᠲᠡᠦᠬᠡ ᠵᠢᠨ ᠦᠵᠡᠯᠲᠡ ᠵᠢᠨ ᠦᠢ᠍ᠯᠡᠳᠦᠯᠭᠡ ᠵᠢᠨ ᠲᠡᠦᠬᠡ ᠪᠠ ᠬᠥᠭᠵᠢᠯᠲᠡ ᠵᠢᠨ ᠲᠡᠦᠬᠡ ᠮᠥᠨ᠃ ᠰᠤᠷᠤᠯᠴᠠᠬᠤ ᠳᠤᠮᠳᠠ᠎ᠪᠠᠨ ᠡᠷᠬᠡᠪᠰᠢ ᠲᠡᠦᠬᠡ ᠵᠢᠨ ᠪᠣᠳᠠᠰᠴᠢ ᠦᠵᠡᠯᠲᠡ ᠵᠢ ᠪᠠᠷᠢᠮᠲᠠᠯᠠᠵᠤ᠂ ᠲᠤᠮᠳᠠᠳᠤ ᠤᠯᠤᠰ᠎ᠤᠨ ᠡᠪ ᠬᠠᠮᠳᠤ ᠨᠠᠮ᠎ᠤᠨ ᠵᠠᠭᠤᠨ ᠵᠢᠯ᠎ᠤᠨ ᠭᠡᠷᠡᠯ ᠰᠠᠴᠤᠷᠠᠩᠭᠤᠢ ᠭᠦᠨ ᠤᠬᠠᠭ᠋ᠠᠨ᠎ᠤ ᠨᠢᠭᠤᠴᠠ ᠵᠢ ᠨᠡᠪᠲᠡ ᠠᠵᠢᠭᠯᠠᠪᠠᠯ ᠰᠠᠶᠢ ᠡᠪ ᠬᠠᠮᠲᠤ ᠨᠠᠮ᠎ᠤᠨ ᠲᠦᠷᠦ ᠪᠠᠷᠢᠬᠤ ᠵᠢᠮ᠎ᠡ ᠶᠣᠰᠣ᠂ ᠨᠡᠶ᠋ᠢᠭᠡᠮ ᠵᠢᠷᠤᠮ᠎ᠤᠨ ᠪᠦᠳᠦᠭᠡᠨ ᠪᠠᠶ᠋ᠢᠭᠤᠯᠤᠯᠲᠠ ᠵᠢᠨ ᠵᠢᠮ᠎ᠡ ᠶᠣᠰᠣ᠂ ᠬᠥᠮᠦᠨ ᠲᠥᠷᠥᠯᠬᠢᠲᠡᠨ᠎ᠤ ᠨᠡᠶ᠋ᠢᠭᠡᠮ᠎ᠤᠨ ᠬᠥᠭᠵᠢᠯ᠎ᠤᠨ ᠵᠢᠮ᠎ᠡ ᠶᠣᠰᠤᠢ ᠨᠡᠩ ᠰᠠᠶ᠋ᠢᠲᠤᠷ ᠲᠠᠨᠢᠨ ᠡᠵᠡᠮᠳᠡᠵᠦ ᠴᠢᠳᠠᠨ᠎ᠠ ᠭᠡᠳᠡᠭ᠎ᠢ ᠭᠦᠢ᠍ᠴᠡᠳ ᠲᠠᠨᠢᠬᠤ ᠬᠡᠷᠡᠭᠲᠡᠢ᠃ ᠨᠠᠮ᠎ᠤᠨ ᠲᠡᠦᠬᠡᠨ ᠬᠥᠭᠵᠢᠯᠲᠡ ᠵᠢᠨ ᠭᠣᠣᠯ ᠰᠡᠳᠦᠪ ᠭᠣᠣᠯ ᠰᠢᠵᠢᠮ ᠪᠠ ᠭᠣᠣᠯ ᠤᠷᠤᠰᠬᠠᠯ᠎ᠤᠨ ᠮᠥᠨ ᠴᠢᠨᠠᠷ᠎ᠢ ᠭᠦᠨᠵᠡᠭᠡᠶ ᠲᠠᠨᠢᠵᠤ᠂ ᠮᠠᠨ᠎ᠤ ᠨᠠᠮ᠎ᠤᠨ ᠳᠤᠮᠳᠠᠳᠤ ᠤᠯᠤᠰ᠎ᠤᠨ ᠬᠤᠪᠢᠰᠬᠠᠯ᠂ ᠪᠦᠳᠦᠭᠡᠨ ᠪᠠᠶ᠋ᠢᠭᠤᠯᠤᠯᠲᠠ ᠪᠠ ᠥᠭᠡᠷᠡᠴᠢᠯᠡᠯᠲᠡ ᠵᠢᠨ ᠶᠠᠪᠤᠴᠠ᠎ᠳᠤ ᠦᠵᠡᠭᠦᠯᠦᠭᠰᠡᠨ ᠭᠣᠣᠯ ᠤᠳᠤᠷᠢᠳᠤᠯᠭ᠎ᠠ ᠦᠢ᠍ᠯᠡᠳᠦᠯ᠎ᠢ ᠭᠦᠢ᠍ᠴᠡᠳ ᠲᠠᠨᠢᠬᠤ ᠬᠡᠷᠡᠭᠲᠡᠶ᠃ ᠶᠡᠬᠡ ᠲᠡᠦᠬᠡ ᠵᠢᠨ ᠦᠵᠡᠯᠲᠡ ᠵᠢ ᠪᠤᠢ ᠪᠣᠯᠭ᠋ᠠᠵᠤ᠂ ᠬᠡᠳᠦᠨ ᠮᠢᠩᠭ᠋ᠠᠨ ᠵᠢᠯ᠎ᠤᠨ ᠳᠤᠮᠳᠠᠳᠤ ᠵᠢᠨ ᠪᠣᠯᠪᠠᠰᠤᠨ᠎ᠤ ᠲᠡᠦᠬᠡ ᠪᠠ ᠳᠡᠯᠡᠬᠡᠢ ᠵᠢᠨ ᠲᠡᠦᠬᠡ ᠵᠢᠨ ᠳᠤᠮᠳᠠ᠎ᠠᠴᠠ ᠵᠠᠭᠤᠨ ᠵᠢᠯ᠎ᠤᠨ ᠨᠠᠮ᠎ᠤᠨ ᠲᠡᠦᠬᠡ ᠵᠢ ᠠᠵᠢᠭᠯᠠᠨ ᠰᠢᠨᠵᠢᠵᠦ᠂ ᠲᠡᠦᠬᠡ ᠵᠢᠨ ᠤᠬᠠᠮᠰᠠᠷ ᠵᠶ᠋ᠠᠨ ᠴᠢᠩᠭ᠋ᠠᠳᠬᠠᠵᠤ᠂ ᠲᠡᠦᠬᠡ ᠵᠢᠨ ᠶᠡᠬᠡ ᠬᠠᠨᠳᠤᠰᠢ ᠵᠢ ᠲᠣᠳᠣᠷᠬᠠᠢ ᠲᠠᠨᠢᠬᠤ ᠬᠡᠷᠡᠭᠲᠡᠢ᠃ ᠲᠡᠦᠬᠡ ᠵᠢᠨ ᠦᠭᠡᠶ᠋ᠢᠰᠬᠡᠬᠦ ᠦᠵᠡᠯ᠎ᠢ ᠲᠤᠭ ᠲᠡᠮᠳᠡᠭ ᠲᠣᠳᠣᠷᠬᠠᠶ᠎ᠪᠠᠷ ᠡᠰᠡᠷᠭᠦᠴᠡᠵᠦ᠂ ᠨᠠᠮ᠎ᠤᠨ ᠲᠡᠦᠬᠡ ᠵᠢ ᠭᠠᠵᠢᠭᠤᠳᠠᠭᠤᠯᠬᠤ ᠪᠤᠷᠤᠭᠤ ᠬᠡᠯᠪᠡᠷᠢᠯ᠎ᠢ ᠤᠬᠠᠮᠰᠠᠷ᠎ᠠᠴᠠ᠎ᠪᠠᠨ ᠡᠰᠡᠷᠭᠦᠴᠡᠨ ᠬᠣᠷᠢᠭᠯᠠᠵᠤ᠂ ᠨᠡᠩ ᠰᠠᠢ᠍ᠢ᠍ᠨ ᠵᠶ᠋ᠠᠷ ᠦᠨᠳᠦᠰᠦᠨ᠎ᠠᠴᠠ᠎ᠨᠢ ᠴᠡᠭᠴᠡᠯᠡᠨ ᠵᠥᠪ ᠪᠤᠷᠤᠭᠤ ᠵᠢ ᠢᠯᠭ᠋ᠠᠨ ᠲᠤᠳᠤᠯᠠᠬᠤ ᠬᠡᠷᠡᠭᠲᠡᠶ᠃ ᠤᠯᠠᠨ ᠲᠦᠮᠡᠨᠴᠢ ᠦᠵᠡᠯᠲᠡ ᠵᠢ ᠪᠠᠷᠢᠮᠲᠠᠯᠠᠨ᠂ ᠠᠷᠠᠳ ᠲᠦᠮᠡᠨ ᠪᠣᠯ ᠦᠢ᠍ᠯᠡᠳᠦᠯᠭᠡ ᠵᠢᠨ ᠪᠡᠶᠡᠴᠢ ᠴᠣᠭᠴᠠ ᠮᠥᠨ᠂ ᠵᠢᠩᠬᠢᠨᠢ ᠪᠠᠭ᠋ᠠᠲᠤᠷ᠂ ᠲᠡᠦᠬᠡ ᠵᠢᠨ ᠡᠭᠦᠳᠦᠨ ᠪᠦᠲᠦᠭᠡᠭᠴᠢ ᠮᠥᠨ ᠭᠡᠳᠡᠭ᠎ᠢ ᠢᠮᠠᠭᠲᠠ ᠪᠠᠲᠤ ᠢᠲᠡᠭᠡᠵᠦ᠂ ᠤᠯᠠᠨ ᠲᠦᠮᠡᠨᠴᠢ ᠱᠤᠭᠤᠮ᠎ᠢ ᠢᠮᠠᠭᠲᠠ ᠦᠢ᠍ᠯᠡᠳᠦᠯᠭᠡᠵᠢᠭᠦᠯᠵᠦ᠂ ᠤᠯᠠᠨ ᠲᠦᠮᠡᠨ᠎ᠯᠦᠭᠡ ᠵᠢᠨ ᠴᠢᠰᠤ ᠮᠢᠬᠠᠨ᠎ᠤ ᠪᠠᠷᠢᠯᠳᠤᠯᠭ᠎ᠠ᠎ᠪᠠᠨ ᠤᠬᠠᠮᠰᠠᠷ᠎ᠠᠴᠠ᠎ᠪᠠᠨ ᠪᠠᠲᠤᠯᠠᠵᠤ᠂ ᠤᠯᠠᠨ ᠲᠦᠮᠡᠨ᠎ᠢ ᠨᠢᠭᠲᠠᠷᠠᠨ ᠪᠦᠯᠬᠦᠮᠳᠡᠬᠦ ᠪᠠ ᠤᠯᠠᠨ ᠲᠦᠮᠡᠨ᠎ᠢ ᠲᠦᠰᠢᠭᠯᠡᠨ ᠲᠡᠦᠬᠡ ᠵᠢᠨ ᠰᠢᠨ᠎ᠡ ᠠᠭᠤᠤ ᠦᠢ᠍ᠯᠡᠰ᠎ᠢ ᠬᠠᠮᠲᠤ᠎ᠪᠠᠷ ᠡᠭᠦᠳᠦᠨ ᠪᠦᠲᠦᠭᠡᠨ᠎ᠡ᠃
ᠲᠡᠭᠦᠨ᠎ᠤ ᠳᠣᠲᠣᠷ᠎ᠠ ᠲᠤᠭᠤᠰᠢᠯᠠᠭᠳᠠᠵᠤ ᠪᠠᠶ᠋ᠢᠭ᠎ᠠ ᠬᠤᠪᠢᠰᠤᠩᠭᠤᠶ ᠰᠡᠳᠬᠢᠬᠦᠶ ᠵᠢ ᠭᠦᠨᠵᠡᠭᠡᠶ ᠣᠶ᠋ᠢᠯᠠᠭ᠋ᠠᠬᠤ ᠬᠡᠷᠡᠭᠲᠡᠶ᠃ ᠶᠡᠷᠦᠩᠬᠡᠶ ᠱᠦᠵᠢ ᠰᠢ ᠵᠢᠨ ᠫᠢᠩ ᠵᠢᠭ᠋ᠠᠵᠤ ᠭᠠᠷᠭ᠋ᠠᠭᠰᠠᠨ᠎ᠨᠢ᠂ ᠪᠣᠳᠠᠰᠴᠢ ᠬᠤᠪᠢᠰᠤᠩᠭᠤᠶ ᠠᠷᠭ᠎ᠠ ᠵᠢᠨ ᠦᠨᠳᠦᠰᠦᠨ ᠠᠷᠭᠠᠢ ᠰᠤᠷᠤᠯᠴᠠᠨ ᠡᠵᠡᠮᠰᠢᠵᠦ᠂ ᠬᠤᠪᠢᠰᠤᠩᠭᠤᠶ ᠰᠡᠳᠬᠢᠬᠦᠶ ᠵᠢᠨ ᠴᠢᠳᠠᠪᠤᠷᠢ᠎ᠪᠠᠨ ᠲᠠᠰᠤᠷᠠᠯᠲᠠ ᠥᠬᠡᠶ ᠴᠢᠩᠭ᠋ᠠᠳᠬᠠᠬᠤ ᠬᠡᠷᠡᠭᠲᠡᠶ᠃ ᠪᠦᠬᠦ ᠨᠣᠮ᠎ᠳᠤ ᠲᠤᠭᠤᠰᠢᠯᠠᠬᠳᠠᠵᠤ ᠪᠠᠶ᠋ᠢᠭ᠎ᠠ ᠬᠤᠪᠢᠰᠤᠩᠭᠤᠶ ᠰᠡᠳᠬᠢᠬᠦᠶ ᠵᠢ ᠡᠷᠬᠡᠪᠰᠢ ᠭᠦᠨᠵᠡᠭᠡᠶ ᠤᠢ᠍ᠢ᠍ᠯᠠᠭ᠋ᠠᠨ᠂ ᠵᠣᠭᠰᠣᠩᠭᠤᠶ ᠪᠢᠰᠢ᠂ ᠪᠦᠬᠦ ᠲᠠᠯ᠎ᠠ᠎ᠪᠠᠷ ᠥᠷᠥᠭᠡᠰᠦᠭᠡᠯ ᠪᠢᠰᠢ᠂ ᠰᠢᠰᠲ᠋ᠧᠮ᠎ᠲᠠᠢ᠎ᠪᠠᠷ ᠬᠡᠰᠡᠭ ᠪᠤᠰᠠᠭ ᠵᠶ᠋ᠠᠷ ᠪᠢᠰᠢ᠂ ᠲᠦᠭᠡᠮᠡᠯ ᠬᠣᠯᠪᠣᠭ᠎ᠠ᠎ᠲᠠᠢ᠎ᠪᠠᠷ ᠳᠠᠩ ᠭᠠᠭᠴᠠ ᠪᠢᠰᠢ ᠬᠠᠷᠢᠨ ᠲᠡᠦᠬᠡ ᠵᠢ ᠠᠵᠢᠭᠯᠠᠬᠤ ᠪᠠ ᠲᠡᠦᠬᠡ ᠵᠢ ᠦᠨᠡᠯᠡᠬᠦ ᠵᠢ ᠪᠠᠷᠢᠮᠲᠠᠯᠠᠵᠤ᠂ ᠲᠡᠦᠬᠡ ᠵᠢᠨ ᠪᠣᠳᠠᠲᠤ ᠶᠠᠪᠤᠳᠠᠯ᠎ᠤᠨ ᠬᠣᠭᠣᠷᠣᠨᠳᠣᠬᠢ ᠳᠣᠲᠣᠭ᠋ᠠᠳᠤ ᠬᠣᠯᠪᠣᠭ᠎ᠠ ᠵᠢ ᠲᠣᠳᠣᠷᠬᠠᠶ᠋ᠢᠯᠠᠵᠤ᠂ ᠭᠡᠨᠡᠳᠲᠡ ᠵᠢᠨ ᠴᠢᠨᠠᠷ᠎ᠤᠨ ᠳᠣᠲᠣᠷᠠᠬᠢ ᠵᠠᠢ᠌ᠯᠠᠰᠢ ᠦᠭᠡᠢ ᠴᠢᠨᠠᠷ ᠴᠢᠳᠠᠪᠤᠷᠢ ᠵᠢ ᠡᠵᠡᠮᠰᠢᠬᠦ ᠬᠡᠷᠡᠭᠲᠡᠶ ᠭᠡᠳᠡᠭ᠎ᠢ ᠡᠷᠬᠡᠪᠰᠢ ᠭᠦᠨᠵᠡᠭᠡᠶ ᠣᠶ᠋ᠢᠯᠠᠭ᠋ᠠᠵᠤ᠂ ᠪᠦᠬᠦ ᠨᠣᠮ᠎ᠳᠤ ᠲᠤᠤᠱᠯᠠᠭᠳᠠᠵᠤ ᠪᠠᠶ᠋ᠢᠭ᠎ᠠ ᠬᠤᠪᠢᠰᠤᠩᠭᠤᠶ ᠰᠡᠳᠬᠢᠬᠦᠶ ᠵᠢ ᠭᠦᠨᠵᠡᠭᠡᠶ ᠣᠶ᠋ᠢᠯᠠᠭ᠋ᠠᠵᠤ᠂ ᠲᠡᠦᠬᠡ ᠵᠢᠨ ᠪᠣᠳᠠᠲᠤ ᠶᠠᠪᠤᠳᠠᠯ᠎ᠤᠨ ᠬᠣᠭᠣᠷᠣᠨᠳᠣᠬᠢ ᠳᠣᠲᠣᠭ᠋ᠠᠳᠤ ᠬᠣᠯᠪᠣᠭ᠎ᠠ ᠵᠢ ᠲᠣᠳᠣᠷᠬᠠᠶ ᠣᠶ᠋ᠢᠯᠠᠭ᠋ᠠᠵᠤ᠂ ᠭᠡᠨᠡᠳᠲᠡ ᠵᠢᠨ ᠴᠢᠨᠠᠷ᠎ᠤᠨ ᠳᠣᠲᠣᠷᠠᠬᠢ ᠵᠠᠢ᠌ᠯᠠᠰᠢ ᠦᠭᠡᠢ ᠴᠢᠨᠠᠷ ᠴᠢᠳᠠᠪᠤᠷᠢ ᠵᠢ ᠡᠵᠡᠮᠰᠢᠬᠦ ᠬᠡᠷᠡᠭᠲᠡᠶ᠃ ᠬᠤᠪᠢᠰᠤᠩᠭᠤᠶ ᠰᠡᠳᠬᠢᠬᠦᠶ ᠵᠢ ᠬᠡᠷᠡᠭᠯᠡᠨ ᠰᠤᠷᠴᠤ᠂ ᠬᠥᠭᠵᠢᠯᠲᠡ ᠵᠢᠨ ᠬᠠᠷᠠᠴᠠ᠎ᠪᠠᠷ ᠠᠰᠠᠭᠤᠳᠠᠯ᠎ᠢ ᠴᠢᠳᠠᠮᠠᠭ᠋ᠠᠶ᠎ᠪᠠᠷ ᠠᠵᠢᠭᠯᠠᠨ ᠰᠢᠨᠵᠢᠵᠦ᠂ ᠵᠥᠷᠢᠴᠡᠯ᠎ᠢ ᠵᠠᠳᠠᠯᠬᠤ ᠠᠷᠭ᠎ᠠ᠎ᠪᠠᠷ ᠠᠰᠠᠭᠤᠳᠠᠯ᠎ᠢ ᠵᠠᠳᠠᠯᠤᠨ ᠰᠢᠨᠵᠢᠯᠡᠵᠦ᠂ ᠦᠵᠡᠭᠳᠡᠯ ᠪᠠ ᠮᠥᠨ ᠴᠢᠨᠠᠷ᠂ ᠪᠣᠯᠤᠯᠴᠠᠭ᠎ᠠ ᠪᠠ ᠪᠣᠳᠠᠲᠤ ᠠᠬᠤᠶ᠂ ᠰᠢᠯᠲᠠᠭ᠋ᠠᠨ ᠪᠠ ᠦᠷ᠎ᠡ ᠳ᠋ᠦᠩ᠎ᠤᠨ ᠬᠣᠭᠣᠷᠣᠨᠳᠣᠬᠢ ᠳᠣᠲᠣᠭ᠋ᠠᠳᠤ ᠯᠣᠭᠢᠭ᠎ᠢ ᠭᠦᠨᠵᠡᠭᠡᠶ ᠡᠵᠡᠮᠰᠢᠵᠦ᠂ ᠡᠷᠲᠡᠨ ᠡᠳᠦᠭᠡ ᠵᠢ ᠨᠡᠪᠲᠡᠷᠬᠡᠶ ᠮᠡᠳᠡᠵᠦ᠂ ᠨᠠᠷᠢᠨ ᠲᠣᠭ᠎ᠠ ᠵᠢ ᠲᠣᠳᠣᠷᠬᠠᠶ ᠢᠯᠭ᠋ᠠᠵᠤ᠂ ᠵᠢᠮ᠎ᠡ ᠶᠣᠰᠣ ᠵᠢ ᠡᠵᠡᠮᠳᠡᠵᠦ᠂ ᠪᠤᠳᠤᠯᠢᠶᠠᠨᠲᠠᠶ ᠪᠠᠶ᠋ᠢᠳᠠᠯ᠎ᠢ ᠡᠵᠡᠮᠳᠡᠬᠦ᠂ ᠪᠤᠳᠤᠯᠢᠶᠠᠨᠲᠠᠶ ᠠᠰᠠᠭᠤᠳᠠᠯ᠎ᠢ ᠰᠢᠢ᠍ᠳᠪᠤᠷᠢᠯᠡᠬᠥ ᠴᠢᠳᠠᠪᠤᠷᠢ᠎ᠪᠠᠨ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠶ᠃
ᠡᠭᠦᠨ᠎ᠳᠤ ᠲᠤᠭᠤᠰᠢᠯᠠᠭᠳᠠᠵᠤ ᠪᠠᠶ᠋ᠢᠭ᠎ᠠ ᠦᠨᠡᠨ᠎ᠠᠴᠠ ᠵᠥᠪ᠎ᠢ ᠡᠷᠢᠬᠦ ᠠᠷᠭ᠎ᠠ ᠵᠢ ᠭᠦᠨᠵᠡᠭᠡᠶ ᠣᠶ᠋ᠢᠯᠠᠭ᠋ᠠᠬᠤ ᠬᠡᠷᠡᠭᠲᠡᠶ᠃ ᠦᠨᠡᠨ᠎ᠠᠴᠠ ᠵᠥᠪ᠎ᠢ ᠡᠷᠢᠬᠦ ᠪᠣᠯ ᠮᠠᠷᠺᠰ᠎ᠤᠨ ᠦᠵᠡᠯ᠎ᠤᠨ ᠦᠨᠳᠦᠰᠦᠨ ᠦᠵᠡᠯᠲᠡ ᠮᠥᠨ᠂ ᠮᠠᠨ᠎ᠤ ᠨᠠᠮ᠎ᠤᠨ ᠦᠨᠳᠦᠰᠦᠨ ᠰᠡᠳᠬᠢᠬᠦ ᠠᠷᠭ᠎ᠠ᠂ ᠠᠵᠢᠯᠯᠠᠬᠤ ᠠᠷᠭ᠎ᠠ ᠪᠠ ᠤᠳᠤᠷᠢᠳᠬᠤ ᠠᠷᠭ᠎ᠠ ᠮᠥᠨ᠃ ᠪᠦᠬᠦ ᠨᠣᠮ᠎ᠳᠤ ᠲᠤᠤᠱᠯᠠᠭᠳᠠᠵᠤ ᠪᠠᠶ᠋ᠢᠭ᠎ᠠ ᠦᠨᠡᠨ᠎ᠠᠴᠠ ᠵᠥᠪ᠎ᠢ ᠡᠷᠢᠬᠦ ᠠᠷᠭ᠎ᠠ ᠵᠢ ᠭᠦᠨᠵᠡᠭᠡᠶ ᠣᠶ᠋ᠢᠯᠠᠭ᠋ᠠᠵᠤ᠂ ᠪᠣᠳᠠᠲᠤ ᠪᠠᠶ᠋ᠢᠳᠠᠯ᠎ᠠᠴᠠ ᠡᠭᠦᠰᠬᠦ ᠵᠢ ᠪᠠᠷᠢᠮᠲᠠᠯᠠᠵᠤ᠂ ᠰᠡᠷᠡᠵᠦ ᠮᠡᠳᠡᠭᠰᠡᠨ ᠤᠨᠤᠯ ᠪᠠ ᠱᠤᠭᠤᠮ ᠴᠢᠭᠯᠡᠯᠲᠡ ᠲᠦᠷᠦ ᠵᠢᠨ ᠪᠤᠳᠤᠯᠭ᠎ᠠ᠂ ᠴᠢᠬᠤᠯᠠ ᠬᠥᠮᠦᠰ ᠪᠠ ᠬᠡᠷᠡᠭ ᠶᠠᠪᠤᠳᠠᠯ᠎ᠢ ᠲᠡᠦᠬᠡ ᠵᠢᠨ ᠪᠣᠳᠠᠲᠠᠶ ᠣᠷᠴᠢᠨ ᠲᠣᠭᠣᠷᠢᠨ᠎ᠳᠤ ᠲᠠᠯᠪᠢᠵᠤ᠂ ᠮᠠᠨ᠎ᠤ ᠨᠠᠮ᠎ᠤᠨ ᠲᠡᠦᠬᠡ ᠵᠢᠨ ᠠᠰᠠᠭᠤᠳᠠᠯ᠎ᠤᠨ ᠲᠤᠬᠠᠶ ᠬᠣᠶᠠᠷ ᠰᠢᠢ᠍ᠳᠪᠤᠷᠢ ᠪᠠ ᠲᠥᠪ ᠬᠣᠷᠢᠶᠠᠨ᠎ᠳᠤ ᠡᠷᠡᠮᠡᠯᠵᠡᠬᠦ ᠬᠣᠯᠪᠣᠭᠳᠠᠯ ᠪᠦᠬᠦᠢ ᠵᠣᠷᠢᠭ ᠰᠠᠨᠠᠭ᠎ᠠ᠎ᠪᠠᠷ ᠦᠨᠳᠦᠰᠦᠯᠡᠯ ᠪᠣᠯᠭ᠋ᠠᠵᠤ ᠨᠠᠮ᠎ᠤᠨ ᠲᠡᠦᠬᠡᠨ ᠳᠡᠭᠡᠷᠡᠬᠢ ᠴᠢᠬᠤᠯᠠ ᠶᠡᠬᠡ ᠬᠡᠷᠡᠭ ᠶᠠᠪᠤᠳᠠᠯ᠂ ᠴᠢᠬᠤᠯᠠ ᠬᠤᠷᠠᠯ᠂ ᠴᠢᠬᠤᠯᠠ ᠬᠥᠮᠦᠰ ᠵᠡᠷᠭᠡ᠎ᠳᠤ ᠦᠨᠡᠨ᠎ᠢ ᠪᠠᠷᠢᠮᠲᠠᠯᠠᠨ ᠵᠠᠳᠠᠯᠤᠯᠲᠠ ᠪᠠ ᠦᠨᠡᠯᠡᠯᠲᠡ ᠬᠢᠪᠡ᠃ ᠦᠨᠡᠨ᠎ᠠᠴᠠ ᠵᠥᠪ᠎ᠢ ᠡᠷᠢᠬᠦ ᠦᠵᠡᠯ ᠰᠠᠨᠠᠭ᠋ᠠᠨ᠎ᠤ ᠱᠤᠭᠤᠮ᠎ᠢ ᠤᠬᠠᠮᠰᠠᠷ᠎ᠠᠴᠠ᠎ᠪᠠᠨ ᠪᠠᠷᠢᠮᠲᠠᠯᠠᠵᠤ᠂ ᠤᠨᠤᠯ᠎ᠢ ᠪᠣᠳᠠᠲᠠᠶ᠎ᠲᠠᠢ ᠤᠶᠠᠯᠳᠤᠭᠤᠯᠬᠤ ᠰᠢᠨᠵᠢᠯᠡᠬᠥ ᠤᠬᠠᠭ᠋ᠠᠨᠴᠢ ᠠᠭ᠎ᠠ ᠴᠢᠳᠠᠪᠤᠷᠢ ᠵᠢ ᠴᠢᠳᠠᠮᠠᠭ᠋ᠠᠶ᠎ᠪᠠᠷ ᠬᠡᠷᠡᠭᠯᠡᠨ᠂ ᠦᠢ᠍ᠯᠡᠳᠦᠯᠭᠡ ᠵᠢᠨ ᠳᠤᠮᠳᠠ ᠦᠨᠡᠨ ᠶᠣᠰᠣ ᠵᠢ ᠰᠢᠯᠭ᠋ᠠᠨ ᠬᠥᠭᠵᠢᠭᠦᠯᠵᠦ᠂ ᠪᠣᠳᠠᠲᠤ ᠪᠠᠶ᠋ᠢᠳᠠᠯ᠎ᠠᠴᠠ ᠡᠭᠦᠰᠦᠨ ᠬᠥᠭᠵᠢᠯᠲᠡ ᠵᠢ ᠰᠦᠪᠡᠭᠴᠢᠯᠡᠵᠦ᠂ ᠲᠦᠷᠦ ᠵᠢᠨ ᠪᠤᠳᠤᠯᠭ᠎ᠠ ᠵᠢ ᠨᠠᠶ᠋ᠢᠳᠠᠪᠤᠷᠢᠵᠢᠭᠤᠯᠤᠨ᠂ ᠠᠵᠢᠯ ᠵᠶ᠋ᠠᠨ ᠲᠦᠯᠬᠢᠨ ᠠᠬᠢᠭᠤᠯᠬᠤ ᠬᠡᠷᠡᠭᠲᠡᠶ᠃
ᠲᠡᠤᠬᠡ ᠵᠢ ᠰᠤᠷᠤᠯᠴᠠᠨ ᠦᠢ᠍ᠯᠡᠳᠦᠯᠭᠡᠵᠢᠭᠦᠯᠵᠦ᠂ ᠠᠷᠠᠳ᠎ᠤᠨ ᠶᠠᠪᠤᠳᠠᠯ᠎ᠤᠨ ᠦᠢ᠍ᠯᠡᠰ ᠤᠨ ᠬᠦᠭᠵᠢᠯᠳᠡ ᠵᠢᠨ ᠰᠢᠨ᠎ᠡ ᠡᠭᠦᠷᠭᠡ ᠵᠢ ᠰᠠᠢ᠌ᠳᠤᠷ ᠡᠭᠦᠷᠭᠡᠯᠡᠬᠥ ᠬᠡᠷᠡᠭᠳᠡᠢ
ᠨᠠᠮ᠎ᠤᠨ ᠲᠡᠤᠬᠡ ᠵᠢᠨ ᠰᠤᠷᠤᠯᠴᠠᠯᠭ᠎ᠠ ᠬᠦᠮᠦᠵᠢᠯ᠂ ᠲᠡᠦᠬᠡ ᠵᠢ ᠰᠤᠷᠤᠯᠴᠠᠨ ᠦᠢ᠍ᠯᠡᠳᠦᠯᠭᠡᠵᠢᠭᠦᠯᠬᠦ᠎ᠪᠠᠷ ᠭᠣᠣᠯᠳᠠᠯᠭ᠎ᠠ ᠪᠣᠯᠭ᠋ᠠᠨ᠎ᠠ᠂ ᠠᠷᠠᠳ᠎ᠤᠨ ᠶᠠᠪᠤᠳᠠᠯ᠎ᠤᠨ ᠰᠢᠰᠲ᠋ᠧᠮ᠎ᠤᠨ ᠥᠷᠭᠡᠨ ᠤᠯᠠᠨ ᠨᠠᠮ᠎ᠤᠨ ᠭᠡᠰᠢᠭᠦᠨ ᠺᠠᠳ᠋ᠷᠴᠤᠳ 《 ᠨᠠᠮ᠎ᠤᠨ ᠲᠡᠦᠬᠡ ᠵᠢᠨ ᠲᠤᠬᠠᠢ ᠥᠭᠦᠯᠡᠬᠦ᠎ᠨᠢ》 ᠵᠢ ᠰᠤᠷᠤᠯᠴᠠᠬᠤ᠎ᠲᠠᠢ ᠤᠶᠠᠯᠳᠤᠭᠤᠯᠵᠤ᠂ ᠬᠦᠰᠡᠯᠡᠩ ᠢᠲᠡᠭᠡᠯ ᠪᠢᠰᠢᠷᠡᠯ ᠵᠶ᠋ᠠᠨ ᠴᠢᠨᠠᠭᠰᠢᠳᠠ ᠪᠠᠲᠤᠳᠬᠠᠵᠤ᠂ ᠤᠬ ᠰᠠᠨᠠᠭ᠎ᠠ ᠡᠭᠦᠷᠭᠡ ᠬᠠᠷᠢᠭᠤᠴᠠᠯᠭ᠎ᠠ᠎ᠪᠠᠨ ᠰᠤᠳᠤᠯᠵᠤ᠂ ᠡᠷᠡᠯᠬᠡᠭᠯᠡᠨ ᠤᠷᠤᠭᠰᠢᠯᠠᠬᠤ ᠬᠦᠴᠦᠨ ᠵᠶ᠋ᠠᠨ ᠨᠢᠭᠲᠠᠷᠠᠭᠤᠯᠵᠤ᠂ ᠰᠢᠨ᠎ᠡ ᠴᠠᠭ ᠦᠶ᠎ᠡ᠎ᠳᠤ ᠠᠷᠠᠳ᠎ᠤᠨ ᠶᠠᠪᠤᠳᠠᠯ᠎ᠤᠨ ᠦᠢ᠍ᠯᠡᠰ᠎ᠤᠨ ᠴᠢᠨᠠᠷ ᠰᠠᠶ᠋ᠢᠲᠠᠢ ᠬᠥᠭᠵᠢᠯᠲᠡ ᠵᠢᠨ ᠰᠢᠨ᠎ᠡ ᠪᠠᠶ᠋ᠢᠳᠠᠯ᠎ᠢ ᠡᠭᠦᠳᠬᠦ ᠬᠡᠷᠡᠭᠲᠡᠢ ᠭᠡᠵᠦ ᠵᠢᠭ᠋ᠠᠵᠤ ᠭᠠᠷᠭ᠋ᠠᠪᠠ᠃
ᠤᠨᠤᠯ ᠵᠶ᠋ᠠᠷ ᠵᠡᠪᠰᠡᠭᠯᠡᠬᠦ ᠵᠢ ᠴᠢᠩᠭ᠋ᠠᠳᠬᠠᠵᠤ᠂ ᠤᠯᠤᠰ ᠲᠦᠷᠤ ᠵᠢᠨ ᠴᠢᠭᠯᠡᠯ ᠵᠶ᠋ᠠᠨ ᠪᠠᠳᠤ ᠡᠵᠡᠮᠳᠡᠬᠥ ᠬᠡᠷᠡᠭᠳᠡᠢ᠃ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠲᠤᠮᠳᠡᠳᠦ ᠤᠯᠦᠰ᠎ᠤᠨ ᠤᠡᠴᠡᠯᠢᠬ᠎ᠲᠠᠢ ᠨᠡᠢ᠍ᠢ᠍ᠭᠡᠮ ᠵᠢᠷᠦᠮ᠎ᠤᠨ ᠦᠵᠡᠯ ᠰᠠᠨᠠᠭ᠎ᠠ ᠵᠢ ᠭᠦᠨᠵᠡᠭᠡᠢ ᠰᠤᠷᠤᠯᠴᠠᠨ ᠨᠡᠪᠲᠡᠷᠡᠲᠡᠯ᠎ᠡ ᠣᠶ᠋ᠢᠯᠠᠭ᠋ᠠᠵᠤ ᠪᠣᠳᠠᠲᠠᠶ᠋ᠢᠵᠢᠭᠤᠯᠵᠤ᠂ ᠢᠲᠡᠭᠡᠯ ᠪᠢᠰᠢᠷᠡᠯ᠎ᠤᠨ ᠰᠠᠭᠤᠷᠢ ᠵᠢ ᠪᠠᠲᠤ ᠴᠣᠭᠴᠠᠯᠠᠵᠤ᠂ ᠦᠵᠡᠯ ᠰᠠᠨᠠᠭ᠋ᠠᠨ᠎ᠤ ᠵᠠᠯᠠᠭᠤᠷ᠎ᠢ ᠪᠠᠲᠤ ᠡᠵᠡᠮᠳᠡᠵᠦ᠂ ᠤᠶᠤᠨ ᠰᠠᠨᠠᠭ᠋ᠠᠨ᠎ᠤ ᠺᠠᠯᠼ᠎ᠢ ᠭᠦᠢ᠍ᠴᠡᠳ ᠨᠥᠬᠥᠪᠥᠷᠢᠯᠡᠵᠦ᠂ 《ᠲᠦᠷᠪᠡᠨ ᠤᠬᠠᠮᠰᠠᠷ》᠎ᠢ ᠴᠢᠨᠠᠭᠰᠢᠳᠠ ᠴᠢᠩᠭ᠋ᠠᠳᠬᠠᠵᠤ 《ᠲᠦᠷᠪᠡᠨ ᠢᠲᠡᠭᠡᠯ》᠎ᠢ ᠪᠠᠲᠤᠳᠬᠠᠵᠤ᠂ 《ᠬᠣᠶᠠᠷ᠎ᠢ ᠬᠠᠮᠠᠭ᠋ᠠᠯᠠᠬᠤ》 ᠵᠢ ᠪᠡᠶᠡᠯᠡᠭᠦᠯᠵᠦ᠂ ᠰᠤᠷᠤᠯᠴᠠᠯᠭ᠎ᠠ ᠵᠢᠨ ᠦᠷ᠎ᠡ ᠪᠦᠲᠦᠭᠡᠯ᠎ᠢ ᠬᠦᠰᠡᠯᠡᠩ ᠢᠲᠡᠭᠡᠯ ᠪᠢᠰᠢᠷᠡᠯ ᠪᠣᠯᠭ᠋ᠠᠨ ᠬᠤᠪᠢᠷᠠᠭᠤᠯᠵᠤ᠂ ᠨᠠᠮᠴᠢ ᠴᠢᠨᠠᠷ᠎ᠤᠨ ᠪᠣᠯᠪᠠᠰᠤᠷᠠᠯ᠎ᠢ ᠴᠢᠩᠭ᠋ᠠᠳᠬᠠᠵᠤ᠂ ᠤᠯᠤᠰ ᠲᠦᠷᠦ ᠵᠢᠨ ᠬᠡᠪ ᠰᠤᠷᠲᠠᠯ᠎ᠢ ᠬᠠᠲᠠᠭᠤᠵᠢᠭᠤᠯᠵᠤ᠂ ᠬᠤᠪᠢᠰᠬᠠᠯᠳᠤ ᠵᠣᠷᠢᠭ ᠰᠠᠨᠠᠭᠠᠤᠨ ᠡᠯᠪᠡᠭ ᠳᠡᠯᠪᠡᠭ ᠰᠢᠮ᠎ᠡ ᠲᠡᠵᠢᠭᠡᠯ᠎ᠢ ᠤᠯᠠᠮᠵᠢᠯᠠᠵᠤ᠂ ᠠᠷᠠᠳ᠎ᠤᠨ ᠶᠠᠪᠤᠳᠠᠯ᠎ᠤᠨ ᠦᠢ᠍ᠯᠡᠰ᠎ᠤᠨ ᠬᠥᠭᠵᠢᠯᠲᠡ ᠵᠢ ᠠᠬᠢᠭᠤᠯᠬᠤ ᠬᠦᠴᠦᠷᠬᠡᠭ ᠶᠡᠬᠡ ᠬᠦᠴᠦᠨ ᠴᠢᠳᠠᠯ᠎ᠢ ᠨᠢᠭᠲᠠᠷᠠᠭᠤᠯᠬᠤ ᠬᠡᠷᠡᠭᠲᠡᠢ᠃ ᠠᠷᠠᠳ᠎ᠤᠨ ᠶᠠᠪᠤᠳᠠᠯ᠎ᠤᠨ ᠠᠵᠢᠯ᠎ᠢ ᠤᠯᠠᠮ ᠨᠢᠭᠡ ᠠᠯᠬᠤᠮ ᠭᠦᠨᠵᠡᠭᠡᠶ᠋ᠢᠷᠡᠭᠦᠯᠬᠦ ᠪᠣᠯ ᠴᠢᠬᠤᠯᠠ ᠤᠯᠤᠰ ᠲᠦᠷᠦ ᠵᠢᠨ ᠠᠵᠢᠯ᠎ᠤᠨ ᠲᠠᠨᠢᠯᠲᠠ ᠮᠥᠨ᠂ ᠨᠠᠮ᠎ᠤᠨ ᠠᠷᠠᠳ᠎ᠤᠨ ᠶᠠᠪᠤᠳᠠᠯ᠎ᠤᠨ ᠠᠵᠢᠯ᠎ᠳᠠᠬᠢ ᠪᠦᠬᠦ ᠲᠠᠯ᠎ᠠ ᠵᠢᠨ ᠤᠳᠤᠷᠢᠳᠤᠯᠭ᠎ᠠ ᠵᠢ ᠴᠢᠩᠭ᠋ᠠᠳᠬᠠᠨ ᠤᠯᠤᠰ ᠲᠦᠷᠦ ᠵᠢᠨ ᠪᠠᠶ᠋ᠢᠭᠤᠯᠭ᠎ᠠ ᠵᠢᠨ ᠪᠠᠶ᠋ᠢᠭᠤᠯᠤᠯᠲᠠ ᠵᠢ ᠴᠢᠩᠭ᠋ᠠᠳᠬᠠᠵᠤ᠂ ᠤᠯᠤᠰ ᠲᠦᠷᠦ ᠵᠢᠨ ᠮᠠᠭ᠋ᠠᠳᠯᠠᠬᠤ ᠴᠢᠳᠠᠪᠤᠷᠢ᠂ ᠤᠯᠤᠰ ᠲᠦᠷᠦ ᠵᠢᠨ ᠣᠶ᠋ᠢᠯᠠᠭ᠋ᠠᠬᠤ ᠴᠢᠳᠠᠪᠤᠷᠢ᠂ ᠤᠯᠤᠰ ᠲᠦᠷᠦ ᠵᠢᠨ ᠭᠦᠢ᠍ᠴᠡᠳᠬᠡᠬᠦ ᠴᠢᠳᠠᠪᠤᠷᠢ ᠵᠢ ᠦᠨᠡᠨ ᠬᠦ᠌ ᠳᠡᠭᠡᠭᠰᠢᠯᠡᠭᠦᠯᠵᠦ᠂ ᠠᠷᠠᠳ᠎ᠤᠨ ᠶᠠᠪᠤᠳᠠᠯ᠎ᠤᠨ ᠦᠢ᠍ᠯᠡᠰ᠎ᠤᠨ ᠬᠥᠭᠵᠢᠯᠲᠡ ᠵᠢᠨ ᠵᠥᠪ ᠴᠢᠭᠯᠡᠯ᠎ᠢ ᠪᠠᠲᠤᠳᠬᠠᠨ᠎ᠠ᠃
《ᠤᠯᠤᠰ᠎ᠤᠨ ᠶᠡᠬᠡ ᠦᠢ᠍ᠯᠡᠰ》᠎ᠢ ᠡᠵᠡᠮᠳᠡᠵᠦ᠂ ᠠᠷᠠᠳ᠎ᠤᠨ ᠶᠠᠪᠤᠳᠠᠯ᠎ᠤᠨ ᠲᠡᠦᠬᠡᠨ ᠣᠷᠣᠨ ᠪᠠᠶ᠋ᠢᠷᠢ ᠵᠢ ᠣᠨᠣᠪᠴᠢᠲᠠᠢ ᠡᠷᠢᠪᠡ᠃ ᠢᠮᠠᠭᠲᠠ 《ᠤᠯᠤᠰ᠎ᠤᠨ ᠶᠡᠭᠡ ᠦᠢ᠍ᠯᠡᠰ》᠎ᠢ ᠪᠠᠭᠲᠠᠭ᠋ᠠᠵᠤ᠂ ᠶᠡᠷᠦᠩᠬᠡᠢ ᠱᠦᠵᠢ ᠰᠢ ᠵᠢᠨ ᠫᠢᠩ ᠤᠨ ᠠᠷᠠᠳ᠎ᠤᠨ ᠶᠠᠪᠤᠳᠠᠯ᠎ᠤᠨ ᠠᠵᠢᠯ᠎ᠤᠨ ᠲᠤᠬᠠᠢ ᠴᠢᠬᠤᠯᠠ ᠵᠢᠭ᠋ᠠᠪᠤᠷᠢ ᠴᠣᠬᠣᠯᠠᠪᠤᠷᠢ ᠵᠢᠨ ᠵᠣᠷᠢᠭ ᠰᠠᠨᠠᠭ᠎ᠠ ᠵᠢ ᠭᠦᠨᠵᠡᠭᠡᠢ ᠲᠤᠤᠱᠯᠠᠭᠤᠯᠤᠨ ᠨᠠᠶ᠋ᠢᠳᠠᠪᠤᠷᠢᠵᠢᠭᠤᠯᠵᠤ᠂ ᠨᠠᠮ᠎ᠤᠨ ᠲᠥᠪ ᠬᠤᠷᠢᠶᠠᠨ᠎ᠤ ᠠᠷᠠᠳ᠎ᠤᠨ ᠶᠠᠪᠤᠳᠠᠯ᠎ᠤᠨ ᠠᠵᠢᠯ᠎ᠳᠤ ᠣᠯᠭᠣᠭᠰᠠᠨ ᠡᠭᠦᠷᠭᠡ ᠬᠠᠷᠢᠭᠤᠴᠠᠯᠭ᠎ᠠ ᠵᠢ ᠭᠦᠨᠵᠡᠭᠡᠢ ᠣᠶ᠋ᠢᠯᠠᠭ᠋ᠠᠵᠤ᠂ ᠠᠷᠠᠳ᠎ᠤᠨ ᠶᠠᠪᠤᠳᠠᠯ᠎ᠤᠨ ᠰᠢᠨ᠎ᠡ ᠴᠠᠭ ᠦᠶ᠎ᠡ᠂ ᠰᠢᠨ᠎ᠡ ᠠᠶᠠᠨ ᠵᠠᠮ᠎ᠳᠠᠬᠢ ᠲᠡᠦᠬᠡᠨ ᠣᠷᠣᠨ ᠪᠠᠶ᠋ᠢᠷᠢ ᠵᠢ ᠭᠦᠨᠵᠡᠭᠡᠢ ᠡᠵᠡᠮᠳᠡᠬᠦ ᠬᠡᠷᠡᠭᠲᠡᠢ᠃ ᠰᠢᠨ᠎ᠡ ᠴᠠᠭ ᠦᠶ᠎ᠡ ᠵᠢᠨ ᠠᠷᠠᠳ᠎ᠤᠨ ᠶᠠᠪᠤᠳᠠᠯ᠎ᠤᠨ ᠠᠵᠢᠯ᠎ᠤᠨ ᠤᠯᠤᠰ ᠳᠦᠷᠦᠴᠢ ᠴᠢᠨᠠᠷ᠂ ᠣᠯᠠᠨ ᠲᠦᠮᠡᠨᠴᠢ ᠴᠢᠨᠠᠷ᠂ ᠴᠠᠭ ᠦᠶᠡᠴᠢ ᠴᠢᠨᠠᠷ᠂ ᠬᠠᠮᠵᠢᠯᠴᠠᠬᠤ ᠴᠢᠨᠠᠷ᠎ᠤᠨ ᠣᠨᠴᠠᠯᠢᠭ᠎ᠢ ᠭᠦᠨᠵᠡᠭᠡᠶ ᠲᠠᠨᠢᠵᠤ᠂ ᠠᠷᠠᠳ᠎ᠤᠨ ᠶᠠᠪᠤᠳᠠᠯ᠎ᠤᠨ ᠠᠵᠢᠯ ᠪᠣᠯ ᠨᠡᠶ᠋ᠢᠭᠡᠮ᠎ᠤᠨ ᠪᠠᠶ᠋ᠢᠭᠤᠯᠤᠯᠲᠠ ᠵᠢᠨ ᠦᠨᠳᠦᠰᠦᠨ ᠵᠤᠢ᠌ᠯ᠎ᠢ ᠪᠠᠲᠤᠯᠠᠬᠤ ᠴᠢᠨᠠᠷᠲᠠᠶ᠂ ᠰᠠᠭᠤᠷᠢ ᠴᠢᠨᠠᠷᠲᠠᠶ ᠠᠵᠢᠯ᠎ᠤᠨ ᠴᠢᠳᠠᠮᠵᠢ ᠵᠢᠨ ᠪᠠᠶ᠋ᠢᠷᠢ ᠲᠣᠭᠲᠠᠭ᠋ᠠᠯᠲᠠ ᠵᠢ ᠣᠨᠣᠪᠴᠢᠲᠠᠶ ᠡᠵᠡᠮᠳᠡᠵᠦ᠂ ᠦᠨᠳᠦᠰᠦᠨ ᠠᠷᠠᠳ᠎ᠤᠨ ᠠᠮᠢᠳᠤᠷᠠᠯ᠎ᠤᠨ ᠪᠠᠲᠤᠯᠠᠭ᠎ᠠ᠂ ᠦᠨᠳᠦᠰᠦᠨ ᠱᠠᠲᠤᠨ᠎ᠤ ᠨᠡᠶ᠋ᠢᠭᠡᠮ᠎ᠤᠨ ᠵᠠᠰᠠᠯᠲᠠ᠂ ᠦᠨᠳᠦᠰᠦᠨ ᠨᠡᠶ᠋ᠢᠭᠡᠮ᠎ᠤᠨ ᠦᠢ᠍ᠯᠡᠴᠢᠯᠡᠭᠡ ᠵᠡᠷᠭᠡ ᠡᠭᠦᠷᠭᠡ ᠴᠢᠳᠠᠪᠤᠷᠢ ᠵᠢᠨ ᠬᠠᠷᠢᠭᠤᠴᠠᠯᠭ᠎ᠠ ᠵᠢ ᠨᠠᠩ ᠰᠠᠶ᠋ᠢᠲᠤᠷ ᠭᠦᠢ᠍ᠴᠡᠳᠬᠡᠵᠤ᠂ ᠨᠡᠶ᠋ᠢᠭᠡᠮ ᠵᠢᠷᠤᠮ᠎ᠤᠨ ᠣᠳᠣᠬᠢᠴᠢᠯᠠᠭᠰᠠᠨ ᠤᠯᠤᠰ᠎ᠢ ᠪᠥᠬᠥ ᠲᠠᠯ᠎ᠠ᠎ᠪᠠᠷ ᠪᠥᠲᠥᠭᠡᠨ ᠪᠠᠶ᠋ᠢᠭᠤᠯᠬᠤ ᠰᠢᠨ᠎ᠡ ᠠᠶᠠᠨ ᠵᠠᠮ᠎ᠳᠤ ᠠᠷᠠᠳ᠎ᠤᠨ ᠶᠠᠪᠤᠳᠠᠯ᠎ᠤᠨ ᠡᠭᠦᠷᠭᠡᠯᠡᠯ᠎ᠢ ᠭᠦᠢ᠍ᠴᠡᠳ ᠢᠯᠡᠷᠡᠭᠦᠯᠬᠦ ᠬᠡᠷᠡᠭᠲᠡᠶ᠃
ᠬᠦᠭᠵᠢᠯᠳᠡ ᠵᠢᠨ ᠴᠢᠭᠯᠡᠯ᠎ᠢ ᠲᠤᠳᠤᠷᠬᠠᠢ᠌ᠯᠠᠵᠤ᠂ ᠠᠷᠠᠳ᠎ᠤᠨ ᠶᠠᠪᠤᠳᠠᠯ᠎ᠤᠨ ᠠᠤᠭ᠎ᠠ ᠦᠢ᠍ᠯᠡᠰ᠎ᠢ ᠲᠦᠯᠦᠪᠯᠡᠬᠥ᠃ ᠲᠡᠦᠬᠡ ᠵᠢᠨ ᠤᠷᠳᠤ ᠤᠷᠤᠰᠬᠠᠯ ᠪᠣᠯᠤᠨ ᠴᠠᠭ ᠦᠶ᠎ᠡ ᠵᠢᠨ ᠶᠡᠬᠡ ᠤᠷᠤᠰᠬᠠᠯ ᠳᠤᠮᠳᠠ᠎ᠠᠴᠠ ᠠᠷᠠᠳ᠎ᠤᠨ ᠶᠠᠪᠤᠳᠠᠯ᠎ᠤᠨ ᠠᠵᠢᠯ᠎ᠤᠨ ᠲᠤᠬᠠᠢ ᠵᠢᠮ᠎ᠡ ᠶᠣᠰᠤᠴᠢ ᠴᠢᠨᠠᠷ ᠤᠨ ᠲᠠᠨᠢᠯᠲᠠ᠎ᠪᠠᠨ ᠭᠦᠨᠵᠡᠭᠡᠶ᠋ᠢᠷᠡᠭᠦᠯᠵᠦ᠂ ᠠᠷᠠᠳ᠎ᠤᠨ ᠶᠠᠪᠤᠳᠠᠯ᠎ᠤᠨ ᠦᠢ᠍ᠯᠡᠰ᠎ᠤᠨ ᠬᠥᠭᠵᠢᠯᠲᠡ ᠵᠢᠨ 《ᠴᠠᠭ》 ᠪᠣᠯᠤᠨ 《ᠬᠠᠨᠳᠤᠰᠢ》 ᠵᠢ ᠴᠢᠩᠭ᠎ᠠ ᠠᠳᠬᠤᠵᠤ᠂ 《ᠬᠤᠪᠢᠷᠠᠬᠤ》 ᠪᠣᠯᠤᠨ 《ᠦᠯᠦ ᠬᠤᠪᠢᠷᠠᠬᠤ》᠂ 《ᠥᠩᠭᠡᠷᠡᠭᠰᠡᠨ᠎ᠢ ᠵᠠᠯᠭ᠋ᠠᠮᠵᠢᠯᠠᠬᠤ》 ᠪᠣᠯᠤᠨ 《ᠵᠠᠮ ᠨᠡᠭᠡᠭᠡᠬᠦ》 ᠵᠢᠨ ᠬᠠᠷᠢᠴᠠᠭ᠎ᠠ ᠵᠢ ᠬᠤᠪᠢᠰᠤᠩᠭᠤᠢ᠎ᠪᠠᠷ ᠡᠵᠡᠮᠳᠡᠵᠦ᠂ ᠰᠢᠨ᠎ᠡ ᠴᠠᠭ ᠦᠶ᠎ᠡ ᠵᠢᠨ ᠠᠷᠠᠳ᠎ᠤᠨ ᠶᠠᠪᠤᠳᠠᠯ᠎ᠤᠨ ᠦᠢ᠍ᠯᠡᠰ᠎ᠤᠨ ᠬᠥᠭᠵᠢᠯᠲᠡ ᠵᠢᠨ ᠴᠢᠭᠯᠡᠯ᠎ᠢ ᠲᠣᠳᠣᠷᠬᠠᠶ᠋ᠢᠯᠠᠨ᠎ᠠ᠃ ᠰᠢᠨ᠎ᠡ ᠬᠥᠭᠵᠢᠯᠲᠡ ᠵᠢᠨ ᠣᠶ᠋ᠢᠯᠠᠭ᠋ᠠᠭᠳᠠᠬᠤᠨ᠎ᠢ ᠦᠨᠡᠨᠬᠦ ᠲᠤᠤᠱᠯᠠᠭᠤᠯᠵᠤ᠂ ᠰᠢᠨ᠎ᠡ ᠬᠥᠭᠵᠢᠯᠲᠡ ᠵᠢᠨ ᠱᠠᠲᠤᠨ᠎ᠳᠠᠬᠢ ᠠᠷᠠᠳ᠎ᠤᠨ ᠶᠠᠪᠤᠳᠠᠯ᠎ᠤᠨ ᠠᠵᠢᠯ᠎ᠤᠨ ᠣᠷᠴᠢᠨ ᠲᠣᠭᠣᠷᠢᠨ᠎ᠤ ᠰᠢᠨ᠎ᠡ ᠬᠤᠪᠢᠷᠠᠯᠲᠠ᠎ᠳᠤ ᠢᠳᠡᠪᠬᠢᠲᠡᠢ ᠵᠣᠬᠢᠴᠠᠵᠤ᠂ ᠲᠦᠷᠦ ᠵᠢᠨ ᠪᠤᠳᠤᠯᠭ᠎ᠠ ᠵᠢᠨ ᠬᠠᠨᠳᠤᠰᠢ ᠵᠢ ᠣᠨᠣᠪᠴᠢᠲᠠᠢ ᠡᠵᠡᠮᠳᠡᠵᠦ᠂ ᠠᠷᠠᠳ᠎ᠤᠨ ᠶᠠᠪᠤᠳᠠᠯ᠎ᠤᠨ ᠠᠵᠢᠯ᠎ᠤᠨ ᠦᠢ᠍ᠯᠡᠴᠢᠯᠡᠬᠦ ᠡᠲᠡᠭᠡᠳ᠎ᠢ ᠴᠢᠨᠠᠭᠰᠢᠳᠠ ᠥᠷᠭᠡᠳᠬᠡᠵᠦ᠂ ᠠᠷᠠᠳ᠎ᠤᠨ ᠶᠠᠪᠤᠳᠠᠯ᠎ᠤᠨ ᠠᠵᠢᠯ᠎ᠤᠨ ᠰᠠᠭᠤᠷᠢᠯᠠᠬᠤ ᠴᠢᠨᠠᠷᠲᠠᠢ ᠦᠢ᠍ᠯᠡᠳᠦᠯ᠎ᠤᠨ ᠠᠭᠤᠯᠤᠭᠳᠠᠬᠤᠨ᠎ᠢ ᠲᠠᠰᠤᠷᠠᠯᠲᠠ ᠦᠭᠡᠢ ᠪᠠᠶᠠᠯᠢᠭᠵᠢᠭᠤᠯᠵᠤ᠂ ᠦᠨᠳᠦᠰᠦᠨ ᠵᠦᠢ᠍ᠯ᠎ᠢ ᠪᠠᠲᠤᠯᠠᠬᠤ ᠴᠢᠨᠠᠷᠲᠠᠢ ᠪᠠᠲᠤᠯᠠᠭ᠎ᠠ ᠵᠢᠨ ᠲᠦᠪᠰᠢᠨ᠎ᠢ ᠦᠷᠭᠦᠯᠵᠢᠯᠡᠨ ᠳᠡᠭᠡᠭᠰᠢᠯᠡᠭᠦᠯᠵᠦ ᠠᠷᠠᠳ᠎ᠤᠨ ᠠᠮᠢᠳᠤᠷᠠᠯ᠎ᠤᠨ ᠪᠤᠶᠠᠨ ᠬᠡᠰᠢᠭ ᠵᠢ ᠰᠠᠶ᠋ᠢᠲᠤᠷ ᠨᠡᠮᠡᠭᠳᠡᠭᠦᠯᠦᠨ᠎ᠡ᠃ ᠰᠢᠨ᠎ᠡ ᠬᠥᠭᠵᠢᠯᠲᠡ ᠵᠢᠨ ᠪᠠᠶ᠋ᠢᠷᠢᠰᠢᠯ᠎ᠢ ᠪᠠᠶ᠋ᠢᠭᠤᠯᠬᠤ᠎ᠳᠤ ᠦᠢ᠍ᠯᠡᠴᠢᠯᠡᠵᠦ᠂ ᠠᠷᠠᠳ᠎ᠤᠨ ᠶᠠᠪᠤᠳᠠᠯ᠎ᠤᠨ ᠠᠵᠢᠯ᠎ᠤᠨ ᠰᠢᠨ᠎ᠡ ᠡᠭᠦᠷᠭᠡ ᠰᠢᠨ᠎ᠡ ᠱᠠᠭ᠋ᠠᠷᠳᠠᠯᠭ᠎ᠠ ᠵᠢ ᠲᠣᠳᠣᠷᠬᠠᠶ᠋ᠢᠯᠠᠵᠤ᠂ ᠪᠠᠷᠠᠭ᠋ᠠᠯᠬᠢᠯᠠᠯ᠎ᠤᠨ ᠴᠢᠨᠠᠷᠲᠠᠢ ᠪᠣᠳᠣᠯᠬᠢᠯᠠᠯ᠂ ᠪᠦᠬᠦ ᠲᠡᠯ᠎ᠠ ᠵᠢᠨ ᠴᠢᠨᠠᠷᠳᠠᠢ ᠲᠥᠯᠥᠪᠵᠢᠭᠦᠯᠭᠡ᠂ ᠪᠠᠶ᠋ᠢᠯᠳᠤᠬᠤ ᠪᠤᠳᠤᠯᠭ᠎ᠠ ᠵᠢᠨ ᠴᠢᠨᠠᠷᠲᠠᠢ ᠪᠠᠶ᠋ᠢᠷᠢᠰᠢᠭᠤᠯᠤᠯᠲᠠ ᠵᠢ ᠴᠢᠩᠭ᠋ᠠᠳᠬᠠᠵᠤ᠂ 《ᠠᠷᠪᠠᠨ ᠳᠥᠷᠪᠡᠳᠦᠭᠡᠷ ᠲᠠᠪᠤᠨ ᠵᠢᠯ》᠎ᠤᠨ ᠠᠷᠠᠳ᠎ᠤᠨ ᠶᠠᠪᠤᠳᠠᠯ᠎ᠤᠨ ᠦᠢ᠍ᠯᠡᠰ᠎ᠤᠨ ᠬᠥᠭᠵᠢᠯᠲᠡ ᠵᠢᠨ ᠲᠥᠯᠥᠪᠵᠢᠭᠦᠯᠭᠡ ᠵᠢ ᠰᠠᠶ᠋ᠢᠲᠤᠷ ᠲᠣᠭᠲᠠᠭ᠋ᠠᠨ ᠬᠡᠷᠡᠭᠵᠢᠭᠦᠯᠵᠦ᠂ ᠰᠢᠨ᠎ᠡ ᠴᠠᠭ ᠦᠶ᠎ᠡ ᠵᠢᠨ ᠠᠷᠠᠳ᠎ᠤᠨ ᠶᠠᠪᠤᠳᠠᠯ᠎ᠤᠨ ᠦᠢ᠍ᠯᠡᠰ᠎ᠤᠨ ᠠᠯᠤᠰ ᠬᠡᠳᠤ ᠵᠢᠨ ᠬᠥᠭᠵᠢᠯᠲᠡ᠎ᠳᠤ ᠰᠠᠢ᠍ᠢ᠍ᠨ ᠡᠬᠢᠯᠡᠯᠲᠡ᠎ᠲᠠᠢ ᠪᠣᠯᠭ᠋ᠠᠬᠤ ᠬᠡᠷᠡᠭᠲᠡᠢ᠃
ᠤᠭ ᠰᠠᠨᠠᠭ᠎ᠠ ᠡᠭᠦᠷᠭᠡ ᠬᠠᠷᠢᠭᠤᠴᠠᠯᠭ᠎ᠠ᠎ᠪᠠᠨ ᠦᠢ᠍ᠯᠡᠳᠦᠯᠭᠡᠵᠢᠭᠦᠯᠵᠦ᠂ ᠠᠵᠢᠯ ᠵᠶ᠋ᠠᠨ ᠪᠣᠳᠠᠲᠠᠢ᠎ᠳᠤ ᠨᠠᠶ᠋ᠢᠳᠠᠪᠤᠷᠢᠵᠢᠭᠤᠯᠵᠤ ᠦᠷ᠎ᠡ ᠪᠦᠲᠦᠮᠵᠢ ᠤᠯᠬᠤ ᠵᠢ ᠠᠬᠢᠭᠤᠯᠬᠤ ᠬᠡᠷᠡᠭᠲᠡᠢ᠃ 《ᠠᠷᠠᠳ᠎ᠤᠨ ᠶᠠᠪᠤᠳᠠᠯ ᠠᠷᠠᠳ᠎ᠤᠨ ᠲᠥᠯᠥᠭᠡ᠂ ᠠᠷᠠᠳ᠎ᠤᠨ ᠶᠠᠪᠤᠳᠠᠯ ᠠᠷᠠᠳ ᠵᠶ᠋ᠠᠨ ᠬᠠᠶ᠋ᠢᠷᠠᠯᠠᠬᠤ》 ᠠᠵᠢᠯ᠎ᠤᠨ ᠣᠶ᠋ᠢᠯᠠᠭ᠋ᠠᠭᠳᠠᠬᠤᠨ᠎ᠢ ᠪᠠᠲᠤ ᠪᠠᠬᠢ ᠪᠣᠶ ᠪᠣᠯᠭ᠋ᠠᠵᠤ᠂ 《ᠪᠢ ᠠᠵᠤ ᠠᠬᠤᠶ᠋ᠢᠯᠠᠯ᠎ᠤᠨ ᠳᠠᠷᠤᠭ᠋ᠠᠰᠤ ᠵᠢ ᠬᠥᠩᠭᠡᠯᠡᠬᠦ》 《ᠰᠢᠨ᠎ᠡ ᠴᠠᠭ ᠦᠶ᠎ᠡ ᠰᠢᠨ᠎ᠡ ᠨᠡᠶ᠋ᠢᠭᠡᠮ ᠲᠣᠭᠣᠷᠢᠭ ᠰᠢᠨ᠎ᠡ ᠠᠮᠢᠳᠤᠷᠠᠯ》 ᠵᠡᠷᠭᠡ 《ᠪᠢ ᠣᠯᠠᠨ ᠲᠦᠮᠡᠨ᠎ᠤ ᠲᠥᠯᠥᠭᠡ ᠪᠤᠳᠡᠳᠡᠢ ᠠᠵᠢᠯ ᠬᠢᠬᠦ》 ᠦᠢ᠍ᠯᠡᠳᠤᠯᠭᠡ ᠵᠢᠨ ᠠᠵᠢᠯᠯᠠᠭ᠎ᠠ ᠵᠢ ᠰᠠᠶ᠋ᠢᠲᠤᠷ ᠥᠷᠨᠢᠭᠦᠯᠵᠦ᠂ ᠠᠷᠠᠳ ᠣᠯᠠᠨ᠎ᠤ ᠪᠠᠴᠢᠮ ᠪᠡᠷᠬᠡ ᠵᠣᠪᠠᠨᠢᠯ ᠬᠦᠰᠡᠯ᠎ᠤᠨ ᠠᠰᠠᠭᠤᠳᠠᠯ᠎ᠢ ᠦᠨᠡᠨᠬᠦ ᠰᠢᠢ᠍ᠳᠪᠤᠷᠢᠯᠡᠵᠤ᠂ ᠠᠷᠠᠳ ᠣᠯᠠᠨ᠎ᠤ ᠬᠦᠷᠲᠡᠮᠵᠢ ᠵᠢᠨ ᠰᠡᠳᠬᠢᠭᠳᠡᠯ ᠵᠣᠯ ᠵᠢᠷᠭ᠋ᠠᠯᠲᠤ ᠰᠡᠳᠬᠢᠭᠳᠡᠯ ᠠᠮᠤᠷ ᠲᠦᠪᠰᠢᠨ ᠲᠥᠷᠦᠭᠳᠡᠯ ᠢ ᠴᠢᠩᠭ᠋ᠠᠳᠬᠠᠬᠤ ᠬᠡᠷᠡᠭᠲᠡᠶ᠃ ᠶᠠᠳᠠᠭᠤ᠎ᠠᠴᠠ ᠠᠩᠭᠢᠵᠢᠷᠠᠭᠤᠯᠬᠤ ᠪᠣᠭᠣᠮᠲᠠ ᠰᠢᠪᠲᠤᠯᠬᠤ ᠦᠨᠳᠦᠰᠦᠨ ᠵᠦᠢ᠍ᠯ᠎ᠢ ᠪᠠᠲᠤᠯᠠᠬᠤ ᠪᠠᠲᠤᠯᠠᠪᠤᠷᠢ ᠵᠢᠨ ᠦᠷ᠎ᠡ ᠪᠦᠲᠦᠭᠡᠯ᠎ᠢ ᠪᠡᠬᠢᠵᠢᠭᠦᠯᠦᠨ ᠥᠷᠭᠡᠳᠬᠡᠵᠦ᠂ ᠶᠠᠳᠠᠭᠤ᠎ᠠᠴᠠ ᠠᠩᠭᠢᠵᠢᠷᠠᠭᠤᠯᠬᠤ ᠪᠣᠭᠣᠮᠲᠠ ᠰᠢᠪᠲᠤᠯᠬᠤ ᠦᠷ᠎ᠡ ᠪᠦᠲᠦᠭᠡᠯ᠎ᠢ ᠪᠡᠬᠢᠵᠢᠭᠦᠯᠦᠨ ᠥᠷᠭᠡᠳᠬᠡᠬᠦ ᠵᠢ ᠭᠠᠴᠠᠭᠠᠢ ᠬᠥᠭᠵᠢᠭᠦᠯᠦᠨ ᠮᠠᠨᠳᠤᠭᠤᠯᠬᠤ᠎ᠲᠠᠢ ᠪᠦᠲᠦᠮᠵᠢᠲᠡᠢ ᠵᠣᠯᠭ᠋ᠠᠭᠤᠯᠬᠤ ᠵᠢ ᠠᠬᠢᠭᠤᠯᠵᠤ᠂ ᠨᠡᠶ᠋ᠢᠭᠡᠮ᠎ᠤᠨ ᠠᠪᠤᠷᠠᠨ ᠲᠤᠰᠠᠯᠠᠬᠤ ᠲᠦᠷᠢᠮ᠎ᠢ ᠥᠭᠡᠷᠡᠴᠢᠯᠡᠨ ᠲᠡᠭᠦᠯᠳᠡᠷᠵᠢᠭᠦᠯᠵᠦ᠂ ᠥᠨᠥᠴᠢᠨ ᠨᠠᠰᠤᠲᠠᠨ ᠵᠡᠮᠳᠡᠭ ᠬᠡᠦᠬᠡᠳ ᠵᠡᠷᠭᠡ ᠣᠨᠴᠠᠭ᠋ᠠᠢ ᠬᠠᠮᠲᠤᠯᠢᠭ᠎ᠢ ᠬᠠᠯᠠᠮᠵᠢᠯᠠᠨ ᠬᠠᠶ᠋ᠢᠷᠠᠯᠠᠬᠤ ᠦᠢ᠍ᠯᠡᠴᠢᠯᠡᠭᠡ ᠵᠢ ᠴᠢᠩᠭ᠋ᠠᠳᠬᠠᠵᠤ᠂ ᠦᠨᠳᠦᠰᠦᠨ ᠠᠷᠠᠳ᠎ᠤᠨ ᠠᠮᠢᠳᠤᠷᠠᠯ᠎ᠤᠨ ᠬᠣᠷᠢᠭ᠎ᠠ ᠱᠤᠭᠤᠮ᠎ᠢ ᠡᠷᠡᠰ ᠪᠠᠲᠤ ᠰᠠᠶ᠋ᠢᠲᠤᠷ ᠰᠠᠬᠢᠨ᠎ᠠ᠃ ᠦᠨᠳᠦᠰᠦᠨ ᠱᠠᠲᠤᠨ᠎ᠤ ᠵᠠᠰᠠᠯᠲᠠ ᠵᠢᠨ ᠰᠢᠰᠲ᠋ᠧᠮ ᠪᠠ ᠵᠠᠰᠠᠯᠲᠠ ᠵᠢᠨ ᠴᠢᠳᠠᠪᠤᠷᠢ ᠵᠢᠨ ᠣᠳᠣᠬᠢᠴᠢᠯᠠᠯᠲᠠ ᠵᠢᠨ ᠪᠠᠶ᠋ᠢᠭᠤᠯᠤᠯᠲᠠ ᠵᠢ ᠤᠯᠠᠮ ᠨᠢᠭᠡ ᠠᠯᠬᠤᠮ ᠴᠢᠩᠭ᠋ᠠᠳᠬᠠᠬᠤ ᠵᠢ ᠪᠣᠳᠣᠯᠬᠢᠯᠠᠨ᠂ ᠨᠡᠶ᠋ᠢᠭᠡᠮ᠎ᠤᠨ ᠵᠣᠬᠢᠶᠠᠨ ᠪᠠᠶ᠋ᠢᠭᠤᠯᠤᠯᠲᠠ ᠵᠢᠨ ᠡᠷᠡᠭᠦᠯ ᠪᠥᠭᠡᠳ ᠡᠮᠬᠢ ᠵᠢᠷᠤᠮ᠎ᠲᠠᠢ᠎ᠪᠠᠷ ᠬᠥᠭᠵᠢᠬᠦ ᠵᠢ ᠲᠦᠯᠬᠢᠨ ᠠᠬᠢᠭᠤᠯᠵᠤ᠂ ᠦᠨᠳᠦᠰᠦᠨ ᠱᠠᠲᠤᠨ᠎ᠤ ᠤᠯᠠᠨ ᠲᠦᠮᠡᠨ᠎ᠤ ᠥᠪᠡᠷᠲᠡᠭᠡᠨ ᠵᠠᠰᠠᠬᠤ ᠴᠢᠳᠠᠪᠤᠷᠢ ᠵᠢ ᠳᠡᠭᠡᠭᠰᠢᠯᠡᠭᠦᠯᠦᠨ᠂ ᠨᠡᠶ᠋ᠢᠭᠡᠮ᠎ᠤᠨ ᠲᠤᠰᠬᠠᠶ ᠠᠵᠢᠯ᠎ᠤᠨ ᠦᠢ᠍ᠯᠡᠴᠢᠯᠡᠭᠡ ᠵᠢ ᠬᠥᠭᠵᠢᠭᠦᠯᠵᠦ᠂ ᠨᠡᠶ᠋ᠢᠭᠡᠮ᠎ᠢ ᠬᠥᠲᠥᠯᠥᠨ ᠵᠢᠯᠣᠭᠣᠳᠴᠤ ᠥᠭᠡᠳᠡᠯᠡᠨ ᠲᠠᠪᠰᠢᠵᠦ᠂ ᠦᠨᠳᠦᠰᠦᠨ ᠱᠠᠲᠤᠨ᠎ᠤ ᠨᠡᠶ᠋ᠢᠭᠡᠮ᠎ᠤᠨ ᠵᠠᠰᠠᠯᠲᠠ ᠵᠢᠨ ᠰᠢᠨ᠎ᠡ ᠪᠠᠶ᠋ᠢᠷᠢᠰᠢᠯ᠎ᠢ ᠬᠦᠴᠦᠯᠡᠨ ᠪᠤᠢ ᠪᠣᠯᠭ᠋ᠠᠨ᠎ᠠ᠃ ᠨᠡᠶ᠋ᠢᠭᠡᠮ᠎ᠤᠨ ᠦᠨᠳᠦᠰᠦᠨ ᠦᠢ᠍ᠯᠡᠴᠢᠯᠡᠭᠡ ᠵᠢ ᠤᠯᠠᠮ ᠨᠢᠭᠡ ᠠᠯᠬᠤᠮ ᠰᠢᠯᠢᠳᠡᠭᠵᠢᠭᠦᠯᠦᠨ ᠥᠷᠭᠡᠳᠬᠡᠬᠦ ᠵᠢ ᠪᠣᠳᠣᠯᠬᠢᠯᠠᠨ᠂ ᠬᠥᠮᠦᠨ ᠠᠮᠠ ᠵᠢᠨ ᠨᠠᠰᠤᠵᠢᠯᠲᠠ ᠵᠢ ᠢᠳᠡᠪᠬᠢᠲᠡᠶ ᠠᠷᠭ᠋ᠠᠴᠠᠬᠤ ᠤᠯᠤᠰ᠎ᠤᠨ ᠪᠠᠶ᠋ᠢᠯᠳᠤᠬᠤ ᠪᠣᠳᠣᠯᠭ᠎ᠠ ᠵᠢ ᠬᠡᠷᠡᠭᠵᠢᠭᠦᠯᠬᠦ᠎ᠪᠠᠷ ᠭᠣᠤᠯᠳᠠᠯᠭ᠎ᠠ ᠪᠣᠯᠭ᠋ᠠᠵᠤ᠂ ᠨᠠᠰᠤᠵᠢᠯ᠎ᠤᠨ ᠦᠨᠳᠦᠰᠦᠨ ᠦᠢ᠍ᠯᠡᠴᠢᠯᠡᠭᠡᠨ᠎ᠤ ᠰᠢᠰᠲ᠋ᠧᠮᠵᠢ ᠵᠢᠨ ᠪᠠᠶ᠋ᠢᠭᠤᠯᠤᠯᠲᠠ ᠵᠢ ᠶᠡᠬᠡᠪᠡᠷ ᠴᠢᠩᠭ᠋ᠠᠳᠬᠠᠨ᠂ ᠨᠡᠶ᠋ᠢᠭᠡᠮ᠎ᠤᠨ ᠬᠡᠷᠡᠭ ᠶᠠᠪᠤᠳᠠᠯ᠎ᠤᠨ ᠬᠠᠮᠢᠶᠠᠷᠤᠯᠲᠠ ᠵᠢᠨ ᠦᠢ᠍ᠯᠡᠴᠢᠯᠡᠭᠡᠨ᠎ᠤ ᠬᠢᠷᠢ ᠬᠡᠮᠵᠢᠶ᠎ᠡ ᠵᠢ ᠲᠠᠰᠤᠷᠠᠯᠲᠠ ᠥᠬᠡᠶ ᠳᠡᠭᠡᠭᠰᠢᠯᠡᠭᠦᠯᠵᠦ᠂ ᠣᠷᠣᠨ ᠬᠤᠪᠢᠶᠠᠷᠢᠯᠠᠯ ᠭᠠᠵᠠᠷ᠎ᠤᠨ ᠨᠡᠷ᠎ᠡ ᠵᠢᠨ ᠠᠵᠤ ᠠᠬᠤᠶ ᠨᠡᠶ᠋ᠢᠭᠡᠮ᠎ᠤᠨ ᠬᠥᠭᠵᠢᠯᠲᠡ᠎ᠳᠤ ᠦᠢ᠍ᠯᠡᠴᠢᠯᠡᠬᠥ ᠢᠳᠡᠪᠬᠢ ᠦᠢ᠍ᠯᠡᠳᠤᠯ᠎ᠢ ᠨᠠᠩ ᠰᠠᠶ᠋ᠢᠲᠤᠷ ᠪᠠᠳᠠᠷᠠᠭᠤᠯᠤᠨ᠎ᠠ᠃ ᠠᠷᠠᠳ᠎ᠤᠨ ᠶᠠᠪᠤᠳᠠᠯ᠎ᠤᠨ ᠬᠦᠷᠢᠶᠡᠨ᠎ᠳᠠᠬᠢ ᠥᠭᠡᠷᠡᠴᠢᠯᠡᠯᠲᠡ ᠰᠢᠨᠡᠴᠢᠯᠡᠯᠲᠡ ᠵᠢ ᠦᠷᠭᠦᠯᠵᠢᠯᠡᠨ ᠭᠦᠨᠵᠡᠭᠡᠶ᠋ᠢᠷᠡᠭᠦᠯᠵᠦ᠂ ᠠᠷᠠᠳ᠎ᠤᠨ ᠶᠠᠪᠤᠳᠠᠯ᠎ᠤᠨ ᠬᠠᠤᠯᠢᠵᠢᠯ᠂ ᠪᠡᠷᠢᠮᠵᠢᠶᠡᠵᠢᠭᠤᠯᠬᠤ᠂ ᠮᠡᠳᠡᠭᠡ ᠵᠠᠩᠭᠢᠵᠢᠯᠲᠠ ᠵᠢᠨ ᠲᠦᠪᠰᠢᠨ᠎ᠢ ᠲᠠᠰᠤᠷᠠᠯᠲᠠ ᠥᠬᠡᠶ ᠳᠡᠭᠡᠭᠰᠢᠯᠡᠭᠦᠯᠵᠦ᠂ ᠠᠷᠠᠳ᠎ᠤᠨ ᠶᠠᠪᠤᠳᠠᠯ᠎ᠤᠨ ᠣᠳᠣᠬᠢᠴᠢᠯᠠᠯᠲᠠ ᠵᠢᠨ ᠪᠠᠶ᠋ᠢᠭᠤᠯᠤᠯᠲᠠ ᠵᠢ ᠪᠥᠬᠥ ᠲᠠᠯ᠎ᠠ᠎ᠪᠠᠷ ᠠᠬᠢᠭᠤᠯᠤᠨ᠎ᠠ᠃
ᠰᠢ ᠵᠢᠨ ᠫᠢᠩ ᠶᠡᠷᠦᠩᠬᠡᠶ ᠱᠦᠵᠢ ᠵᠢᠭ᠋ᠠᠵᠤ ᠭᠠᠷᠭ᠋ᠠᠭᠰᠠᠨ᠎ᠨᠢ᠂ ᠠᠷᠠᠳ᠎ᠤᠨ ᠶᠠᠪᠤᠳᠠᠯ᠎ᠤᠨ ᠠᠵᠢᠯ᠎ᠨᠢ ᠠᠷᠠᠳ᠎ᠤᠨ ᠠᠮᠢᠳᠤᠷᠠᠯ᠎ᠲᠠᠢ ᠬᠣᠯᠪᠣᠭᠳᠠᠵᠤ᠂ ᠠᠷᠠᠳ᠎ᠤᠨ ᠰᠡᠳᠬᠢᠯ᠎ᠲᠠᠢ ᠬᠣᠯᠪᠣᠭᠳᠠᠵᠤ ᠪᠠᠶ᠋ᠢᠳᠠᠭ᠃ ᠪᠥᠬᠥ ᠤᠯᠤᠰ᠎ᠤᠨ ᠠᠷᠠᠳ᠎ᠤᠨ ᠶᠠᠪᠤᠳᠠᠯ᠎ᠤᠨ ᠰᠢᠰᠲ᠋ᠧᠮ᠎ᠤᠨ᠎ᠬᠢᠨ ᠶᠡᠷᠦᠩᠬᠡᠶ ᠱᠦᠵᠢ ᠰᠢ ᠵᠢᠨ ᠫᠢᠩ᠎ᠤ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠭᠦᠨᠵᠡᠭᠡᠶ ᠲᠤᠤᠱᠯᠠᠭᠤᠯᠤᠨ ᠨᠠᠶ᠋ᠢᠳᠠᠪᠤᠷᠢᠵᠢᠭᠤᠯᠵᠤ᠂ ᠨᠠᠮ᠎ᠤᠨ ᠲᠡᠤᠬᠡ ᠵᠢᠨ ᠰᠤᠷᠤᠯᠴᠠᠯᠭ᠎ᠠ ᠬᠥᠮᠦᠵᠢᠯ᠎ᠢ ᠭᠦᠨᠵᠡᠭᠡᠶ᠋ᠢᠷᠡᠭᠦᠯᠬᠦ ᠳᠤᠮᠳᠠ ᠶᠣᠰᠣ ᠤᠴᠢᠷ᠎ᠢ ᠣᠶ᠋ᠢᠯᠠᠭ᠋ᠠᠵᠤ᠂ ᠢᠲᠡᠭᠡᠯᠴᠡᠭᠡ᠎ᠪᠠᠨ ᠨᠡᠮᠡᠭᠳᠡᠭᠦᠯᠦᠨ᠂ ᠮᠣᠷᠠᠯ᠎ᠢ ᠡᠷᠬᠢᠮᠯᠡᠵᠦ᠂ ᠴᠢᠷᠮᠠᠶ᠋ᠢᠨ ᠬᠡᠷᠡᠭᠵᠢᠭᠦᠯᠵᠦ᠂ ᠤᠯᠠᠮ ᠨᠢᠭᠡ ᠠᠯᠬᠤᠮ ᠰᠡᠳᠬᠢᠯ ᠵᠶ᠋ᠠᠨ ᠨᠢᠭᠡᠳᠬᠡᠨ ᠬᠦᠴᠦᠨ ᠵᠶ᠋ᠠᠨ ᠬᠠᠮᠲᠤᠳᠬᠠᠵᠤ᠂ ᠬᠦᠴᠢᠷ᠎ᠢ ᠲᠤᠭᠤᠯᠤᠨ ᠬᠦᠴᠢᠷ᠎ᠢ ᠳᠠᠪᠠᠵᠤ᠂ ᠠᠷᠠᠳ᠎ᠤᠨ ᠶᠠᠪᠤᠳᠠᠯ᠎ᠤᠨ ᠣᠳᠣᠬᠢᠴᠢᠯᠠᠯᠲᠠ ᠵᠢᠨ ᠪᠥᠲᠥᠭᠡᠨ ᠪᠠᠶ᠋ᠢᠭᠤᠯᠤᠯᠲᠠ ᠵᠢ ᠪᠥᠬᠥ ᠲᠠᠯ᠎ᠠ᠎ᠪᠠᠷ ᠳᠥᠯᠭᠢᠨ ᠠᠬᠢᠭᠤᠯᠵᠤ᠂ ᠰᠢᠯᠢᠳᠡᠭ ᠬᠢᠷᠢ ᠪᠦᠲᠦᠮᠵᠢ᠎ᠪᠠᠷ ᠵᠶ᠋ᠠᠨ ᠨᠠᠮ ᠪᠠᠶ᠋ᠢᠭᠤᠯᠤᠭᠳᠠᠭᠰᠠᠨ 100 ᠵᠢᠯ᠎ᠤᠨ ᠣᠶ ᠵᠢ ᠪᠡᠯᠭᠡᠯᠡᠬᠦ ᠬᠡᠷᠡᠭᠲᠡᠶ᠃