ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠢᠯᠡ ᠵᠠᠰᠠᠭ   -   ᠲᠥᠷᠥ᠎ᠶᠢᠨ ᠪᠣᠳᠣᠯᠭ᠎ᠠ᠎ᠶᠢᠨ ᠲᠠᠶ᠋ᠢᠯᠤᠮᠵᠢ
ᠭᠡᠷ᠎ᠲᠤ᠎ᠪᠠᠨ ᠰᠠᠭᠤᠵᠤ ᠠᠰᠠᠷᠠᠭᠤᠯᠬᠤ ᠨᠠᠰᠤᠵᠢᠯ᠎ᠤᠨ ᠦᠢ᠍ᠯᠡᠴᠢᠯᠡᠬᠡᠨ᠎ᠤ ᠬᠦᠭᠵᠢᠯᠳᠡ ᠵᠢ ᠠᠬᠢᠭᠤᠯᠬᠤ ᠵᠢ ᠠᠷᠭ᠋ᠠᠴᠠᠭ᠋ᠠᠬᠤ ᠪᠣᠳᠤᠯᠭ᠎ᠠ ᠵᠢᠨ ᠲᠤᠬᠠᠢ ᠪᠤᠳᠤᠯᠬᠢᠯᠠᠯ
ᠨᠡᠶᠢᠲᠡᠯᠡᠭᠰᠡᠨ ᠴᠠᠭ᠄ 2021-07-08

ᠭᠡᠷ᠎ᠲᠤ᠎ᠪᠠᠨ ᠰᠠᠭᠤᠵᠤ ᠠᠰᠠᠷᠠᠭᠤᠯᠬᠤ ᠨᠠᠰᠤᠵᠢᠯ᠎ᠤᠨ ᠦᠢ᠍ᠯᠡᠴᠢᠯᠡᠬᠡᠨ᠎ᠤ ᠬᠦᠭᠵᠢᠯᠳᠡ ᠵᠢ ᠠᠬᠢᠭᠤᠯᠬᠤ ᠵᠢ ᠠᠷᠭ᠋ᠠᠴᠠᠭ᠋ᠠᠬᠤ ᠪᠣᠳᠤᠯᠭ᠎ᠠ ᠵᠢᠨ ᠲᠤᠬᠠᠢ ᠪᠤᠳᠤᠯᠬᠢᠯᠠᠯ

                        ᠴᠸᠨ ᠬᠦᠡᠭ   ᠵᠤᠤ ᠰᠢᠨ ᠶᠠᠡᠭ ᠵᠤᠬᠢᠶᠠᠪᠠ


      ᠬᠡᠷ᠎ᠲᠤ᠎ᠪᠠᠨ ᠰᠠᠭᠤᠵᠤ ᠠᠰᠠᠷᠠᠭᠤᠯᠬᠤ ᠨᠠᠰᠤᠵᠢᠯ᠎ᠤᠨ ᠦᠢ᠍ᠯᠡᠴᠢᠯᠡᠬᠡ ᠪᠤᠯ ᠨᠠᠰᠤᠳᠠᠢ᠌ᠴᠤᠳ᠎ᠤᠨ ᠨᠠᠰᠤᠵᠢᠯ᠎ᠤᠨ ᠬᠡᠷᠡᠭᠴᠡᠬᠡ ᠱᠠᠭ᠋ᠠᠷᠳᠠᠯᠭ᠎ᠠ ᠵᠢ ᠬᠠᠡᠭᠭ᠋ᠠᠬᠤ ᠵᠠᠡᠭᠭᠢᠯᠠᠯᠭ᠎ᠠ ᠪᠤᠯᠬᠤ ᠶᠤᠮ᠂ ᠮᠤᠨᠳᠠᠭ ᠲᠤᠭ᠎ᠠ ᠬᠡᠮᠵᠢᠶ᠎ᠡ ᠪᠦᠬᠦᠢ ᠨᠠᠰᠤᠳᠠᠢ᠌ᠴᠤᠳ᠎ᠤᠨ ᠬᠡᠷ᠎ᠲᠤ᠎ᠪᠠᠨ ᠰᠠᠭᠤᠵᠤ ᠠᠰᠠᠠᠷᠠᠭᠤᠯᠬᠤ ᠤᠯᠠᠡ ᠶᠠᠡᠭᠵᠤᠳᠤ ᠨᠠᠰᠤᠵᠢᠯ᠎ᠤᠨ ᠦᠢ᠍ᠯᠡᠴᠢᠯᠡᠬᠡᠨ᠎ᠤ ᠬᠡᠷᠡᠭᠴᠡᠬᠡ ᠱᠠᠭ᠋ᠠᠷᠳᠠᠯᠭ᠎ᠠ ᠵᠢᠨ ᠡᠮᠦᠨ᠎ᠡ ᠬᠠᠡᠭᠭ᠋ᠠᠯᠭ᠎ᠠ ᠵᠢᠨ ᠪᠦᠳᠤᠴᠨ ᠵᠢ ᠤᠯᠠᠮ ᠨᠢᠬᠡ ᠠᠯᠬᠤᠮ ᠰᠢᠯᠢᠳᠡᠭᠵᠢᠬᠦᠯᠤᠨ᠂ ᠵᠠᠰᠠᠭ᠎ᠤᠨ ᠤᠷᠳᠤᠨ᠎ᠤ ᠪᠠᠳᠤᠯᠠᠭ᠎ᠠ᠎ᠳᠤ ᠠᠰᠢᠬᠳᠠᠢ᠂ ᠵᠠᠬ᠎ᠠ ᠲᠡᠯᠬᠡᠬᠦᠷ᠎ᠤᠨ ᠬᠠᠡᠭᠭ᠋ᠠᠯᠭ᠎ᠠ ᠬᠦᠢ᠍ᠴᠡᠳ᠂ ᠬᠡᠷ ᠪᠦᠯᠢ ᠵᠢᠨ ᠴᠢᠳᠠᠪᠬᠢ ᠴᠢᠡᠭᠭ᠋ᠠᠷᠠᠭᠰᠠᠨ ᠬᠡᠷ᠎ᠲᠤ ᠰᠠᠭᠤᠵᠤ ᠠᠰᠠᠷᠠᠭᠤᠯᠬᠤ ᠨᠠᠰᠤᠵᠢᠯ᠎ᠤᠨ ᠦᠢ᠍ᠯᠡᠴᠢᠯᠡᠬᠡᠨ᠎ᠤ ᠬᠦᠭᠵᠢᠯᠳᠡ ᠵᠢᠨ ᠪᠠᠢ᠌ᠳᠠᠯ ᠴᠢᠬᠤᠯᠠᠳᠠᠢ ᠪᠠᠢ᠌ᠨ᠎ᠠ᠃

      ᠵᠠᠰᠠᠭ᠎ᠤᠨ ᠤᠷᠳᠤᠨ᠎ᠤ ᠠᠷᠠᠳ᠎ᠤᠨ ᠠᠮᠢᠳᠤᠷᠠᠯ  ᠎ᠤᠨ ᠪᠠᠳᠤᠯᠠᠭ᠎ᠠ ᠵᠢᠨ ᠴᠢᠳᠠᠪᠬᠢ ᠵᠢ ᠴᠢᠡᠭᠭ᠋ᠠᠷᠠᠭᠤᠯᠬᠤ ᠬᠡᠷᠡᠭᠳᠡᠢ

      ᠨᠠᠰᠤᠳᠠᠢ᠌ᠴᠤᠳ ᠪᠠ ᠨᠠᠰᠤᠵᠢᠯ᠎ᠤᠨ ᠦᠢ᠍ᠯᠡᠰ᠎ᠢ ᠬᠢᠨᠠᠨ ᠪᠠᠢ᠌ᠴᠠᠭ᠋ᠠᠵᠤ ᠪᠦᠷᠢᠳᠬᠡᠬᠦ ᠲᠦᠷᠢᠮ᠎ᠢ ᠪᠠᠢ᠌ᠭᠤᠯᠤᠨ᠂ ᠪᠦᠬᠦ ᠤᠯᠤᠰ ᠪᠤᠯᠤᠨ ᠡᠯ᠎ᠡ ᠭᠠᠵᠠᠷ ᠤᠷᠤᠨ᠎ᠤ ᠨᠠᠰᠤᠳᠠᠢ᠌ᠴᠤᠳ᠎ᠤᠨ ᠤᠷᠤᠯᠭ᠎ᠠ ᠵᠢᠨ ᠲᠦᠪᠰᠢᠨ᠂ ᠡᠷᠡᠬᠦᠯ ᠮᠡᠨᠳᠤ ᠵᠢᠨ ᠪᠠᠢ᠌ᠳᠠᠯ᠂ ᠪᠤᠳᠠᠳᠤ ᠬᠡᠷᠡᠭᠴᠡᠬᠡ ᠱᠠᠭ᠋ᠠᠷᠳᠠᠯᠭ᠎ᠠ ᠵᠡᠷᠬᠡ ᠵᠡᠡᠭᠭᠢᠯᠠᠭ᠎ᠠ ᠵᠢᠨ ᠵᠢᠭ᠋ᠠᠯᠳᠠ ᠲᠤᠭ᠎ᠠ ᠵᠢ ᠬᠢᠨᠠᠨ ᠪᠠᠢ᠌ᠴᠠᠭ᠋ᠠᠵᠤ ᠪᠦᠷᠢᠳᠬᠡᠨ᠂ ᠵᠠᠡᠭᠭᠢᠯᠠᠭ᠎ᠠ ᠵᠢᠨ ᠠᠰᠠᠭᠤᠳᠠᠯ᠎ᠳᠤ ᠬᠠᠨᠳᠤᠭᠤᠯᠤᠨ ᠠᠷᠭ᠎ᠠ ᠪᠤᠳᠤᠯᠭ᠎ᠠ ᠠᠪᠬᠤ ᠬᠡᠷᠡᠭᠳᠡᠢ᠃ ᠨᠠᠰᠤᠳᠠᠢ᠌ᠴᠤᠳ᠎ᠤᠨ ᠬᠡᠷᠡᠭᠴᠡᠬᠡ ᠱᠠᠭ᠋ᠠᠷᠳᠠᠯᠭ᠎ᠠ ᠵᠢ ᠦᠨᠡᠯᠡᠬᠦ ᠪᠠᠷᠢᠮᠵᠢᠶ᠎ᠠ ᠵᠢ ᠲᠤᠬᠳᠠᠭ᠋ᠠᠵᠤ᠂ ᠦᠨᠡᠯᠡᠨ ᠰᠢᠯᠭ᠋ᠠᠬᠤ ᠰᠢᠰᠲᠸᠮ᠎ᠢ ᠪᠠᠢ᠌ᠭᠤᠯᠤᠨ᠂ ᠨᠠᠰᠤᠳᠠᠢ᠌ᠴᠤᠳ᠎ᠤᠨ ᠪᠤᠳᠠᠳᠤ ᠬᠡᠷᠡᠭᠴᠡᠬᠡ ᠵᠢ ᠦᠨᠳᠤᠰᠤᠯᠡᠵᠤ ᠪᠠᠢ᠌ᠭ᠋ᠠᠳ ᠦᠨᠳᠤᠰᠤᠨ ᠪᠠᠢ᠌ᠳᠠᠯ᠎ᠢ ᠪᠠᠳᠤᠯᠠᠬᠤ᠎ᠠᠴᠠ ᠭᠠᠷᠳᠠᠨ ᠦᠨᠳᠤᠰᠤᠨ ᠦᠢ᠍ᠯᠡᠴᠢᠯᠡᠬᠡᠨ᠎ᠤ ᠭᠠᠷᠴᠠᠭ᠎ᠢ ᠭᠠᠷᠭ᠋ᠠᠬᠤ ᠬᠡᠷᠡᠭᠳᠡᠢ᠃ ᠤᠷᠤᠯᠭ᠎ᠠ ᠵᠢᠨ ᠲᠦᠪᠰᠢᠨ ᠪᠠ ᠬᠡᠷᠡᠭᠴᠡᠬᠡ ᠱᠠᠭ᠋ᠠᠷᠳᠠᠯᠭ᠎ᠠ ᠵᠢ᠎ᠨᠢ ᠦᠨᠡᠯᠡᠭᠰᠡᠨ ᠲᠡᠰ᠎ᠢ ᠦᠨᠳᠤᠰᠤᠯᠡᠵᠤ᠂ ᠤᠷᠤᠯᠭ᠎ᠠ᠎ᠨᠢ ᠪᠠᠭ᠎ᠠ᠂ ᠬᠦᠳᠡᠯᠮᠤᠷᠢ ᠵᠢᠨ ᠴᠢᠳᠠᠪᠤᠷᠢ᠎ᠪᠠᠨ ᠠᠯᠳᠠᠬᠰᠠᠨ᠂ ᠪᠡᠶ᠎ᠡ᠎ᠳᠤ᠎ᠪᠠᠨ ᠵᠦᠪ ᠦᠬᠡᠢ ᠪᠤᠯᠤᠬᠰᠠᠨ ᠵᠡᠷᠬᠡ ᠤᠨᠴᠨ ᠬᠦᠴᠢᠷᠳᠡᠯᠳᠡᠢ ᠨᠠᠰᠤᠳᠠᠢ᠌ᠴᠤᠳ᠎ᠢ ᠤᠷᠢᠳ ᠵᠶ᠋ᠡᠷ ᠪᠠᠳᠤᠯᠠᠬᠤ ᠪᠠ ᠲᠤᠰᠠᠯᠠᠵᠤ᠂ ᠠᠯᠪᠠᠨ᠎ᠠᠴᠠ ᠡᠷᠬᠢᠯᠡᠭᠰᠡᠨ ᠨᠠᠰᠤᠵᠢᠯ᠎ᠤᠨ ᠪᠠᠢ᠌ᠭᠤᠯᠤᠮᠵᠢ᠎ᠳᠤ ᠰᠠᠭᠤᠯᠭ᠋ᠠᠬᠤ ᠪᠤᠶᠤ ᠬᠠᠷᠠᠭ᠋ᠠᠯᠵᠠᠬᠰᠠᠨ ᠨᠦᠬᠦᠪᠤᠷᠢ ᠤᠯᠭᠤᠬᠤ ᠵᠡᠷᠬᠡ ᠬᠢᠷᠢ ᠬᠡᠮ᠎ᠲᠠᠢ ᠪᠤᠯᠭ᠋ᠠᠬᠤ ᠬᠡᠷᠡᠭᠳᠡᠢ᠃   ᠡᠯ᠎ᠡ ᠰᠠᠯᠠᠭ᠎ᠠ ᠮᠦᠴᠢᠷ᠎ᠤᠨ ᠨᠠᠰᠤᠳᠠᠢ᠌ᠴᠤᠳ᠎ᠤᠨ ᠨᠡᠢ᠌ᠬᠡᠮ᠎ᠤᠨ ᠪᠠᠳᠤᠯᠠᠭ᠎ᠠ ᠵᠢᠨ ᠲᠦᠷᠢᠮ᠎ᠢ ᠨᠡᠢ᠌ᠳᠬᠡᠬᠦ ᠵᠢ ᠠᠬᠢᠭᠤᠯᠵᠤ᠂ ᠨᠠᠰᠤᠳᠠᠢ᠌ᠴᠤᠳ᠎ᠤᠨ ᠤᠷᠤᠯᠭ᠎ᠠ ᠵᠢᠨ ᠪᠠᠳᠤᠯᠠᠭ᠎ᠠ ᠵᠢᠨ ᠲᠤᠳᠠᠭᠤᠳᠠᠯ ᠪᠠ ᠤᠷᠬᠢᠬᠳᠠᠬᠰᠠᠨ ᠵᠦᠢ᠍ᠯ᠎ᠢ ᠴᠠᠭ ᠲᠠᠷᠤᠢ᠎ᠳᠤ᠎ᠨᠢ ᠤᠯᠵᠤ ᠮᠡᠳᠡᠬᠦ ᠬᠡᠷᠡᠭᠳᠡᠢ ᠪᠦᠬᠡᠳ ᠨᠠᠰᠤᠳᠠᠢ᠌ᠴᠤᠳ᠎ᠤᠨ ᠦᠨᠳᠤᠰᠤᠨ ᠤᠷᠤᠯᠭ᠎ᠠ ᠵᠢ ᠪᠦᠳᠦᠮᠵᠢᠳᠡᠢ ᠪᠠᠳᠤᠯᠠᠬᠤ ᠬᠡᠷᠡᠭᠳᠡᠢ᠃ ᠨᠠᠰᠤᠳᠠᠢ᠌ᠴᠤᠳ᠎ᠤᠨ ᠤᠷᠤᠯᠭ᠎ᠠ ᠵᠢ ᠨᠡᠮᠡᠭᠳᠡᠬᠦᠯᠬᠦ ᠪᠦᠳᠦᠮᠵᠢᠳᠡᠢ ᠠᠷᠭ᠎ᠠ ᠵᠢ ᠬᠠᠮᠢᠶ᠎ᠠ ᠪᠦᠬᠦᠢ ᠰᠠᠯᠠᠭ᠎ᠠ ᠮᠦᠴᠢᠷ᠎ᠲᠠᠢ ᠬᠠᠮᠳᠤ ᠰᠤᠳᠤᠯᠤᠨ ᠰᠦᠪᠡᠭᠴᠢᠯᠡᠵᠤ᠂ ᠨᠠᠰᠤᠵᠢᠯ᠎ᠤᠨ ᠲᠠᠭ᠋ᠠᠳᠬᠠᠯ᠎ᠢ ᠬᠤᠪᠢ ᠬᠦᠮᠦᠨ᠎ᠤ ᠠᠰᠢᠭ ᠤᠷᠤᠯᠭ᠎ᠠ ᠵᠢᠨ ᠭᠠᠢ᠌ᠯᠢ᠎ᠠᠴᠠ ᠰᠠᠭᠤᠯᠭ᠋ᠠᠬᠤ ᠵᠡᠷᠬᠡ ᠪᠦᠳᠤᠮᠵᠢᠳᠡᠢ ᠠᠷᠭ᠎ᠠ ᠵᠢ ᠰᠦᠪᠡᠭᠴᠢᠯᠡᠨ᠂ ᠡᠷᠬᠡᠳᠤ ᠠᠷᠠᠳ᠎ᠤᠨ ᠦᠳᠡᠯᠤᠬᠡ ᠨᠠᠰᠤᠨ᠎ᠳᠤ᠎ᠪᠠᠨ ᠬᠠᠳᠠᠭ᠋ᠠᠯᠠᠮᠵᠢ ᠵᠢᠨ ᠪᠡᠯᠡᠳᠬᠡᠯ᠎ᠲᠠᠢ ᠪᠠᠢ᠌ᠬᠤ ᠵᠢ ᠵᠤᠷᠢᠬ᠍ᠵᠢᠭᠤᠯᠤᠨ᠂ ᠬᠦᠳᠡᠬᠡ ᠲᠤᠰᠬᠤᠨ᠎ᠳᠤ ᠲᠤᠰᠬᠠᠢ ᠲᠦᠷᠤᠯ  ᠎ᠤᠨ ᠨᠠᠰᠤᠵᠢᠯ᠎ᠳᠤ ᠬᠡᠷᠡᠭᠯᠡᠬᠦ ᠭᠠᠵᠠᠷ᠎ᠤᠨ ᠤᠷᠤᠯᠭ᠎ᠠ ᠵᠢ ᠬᠤᠪᠢᠶᠠᠷᠢᠯᠠᠬᠤ ᠵᠡᠷᠬᠡ ᠠᠷᠭ᠎ᠠ᠎ᠪᠠᠷ ᠤᠷᠤᠯᠭ᠎ᠠ ᠵᠢ᠎ᠨᠢ ᠨᠡᠮᠡᠭᠳᠡᠬᠦᠯᠤᠨ᠂ ᠨᠠᠰᠤᠳᠠᠢ᠌ᠴᠤᠳ᠎ᠤᠨ ᠵᠠᠷᠤᠯᠭ᠎ᠠ ᠵᠢᠨ ᠲᠠᠷᠤᠭ᠋ᠠᠰᠤ ᠵᠢ ᠪᠠᠭᠤᠷᠠᠭᠤᠯᠤᠨ᠂ ᠨᠠᠰᠤᠳᠠᠢ᠌ᠴᠤᠳ᠎ᠤᠨ ᠤᠷᠤᠯᠭ᠎ᠠ ᠵᠢ ᠪᠠᠳᠤᠯᠠᠬᠰᠠᠨ ᠰᠠᠭᠤᠷᠢᠨ ᠲᠡᠬᠡᠷ᠎ᠡ ᠬᠡᠷ᠎ᠲᠤ᠎ᠪᠠᠨ ᠰᠠᠭᠤᠵᠤ ᠠᠰᠠᠷᠠᠭᠤᠯᠬᠤ ᠨᠠᠰᠤᠵᠢᠯ᠎ᠤᠨ ᠦᠢ᠍ᠯᠡᠴᠢᠯᠡᠬᠡᠨ᠎ᠤ ᠬᠦᠭᠵᠢᠯᠳᠡ ᠵᠢ ᠤᠯᠠᠨ ᠨᠢᠬᠡ ᠠᠯᠬᠤᠮ ᠠᠬᠢᠭᠤᠯᠬᠤ ᠬᠡᠷᠡᠭᠳᠡᠢ᠃

      ᠬᠡᠷ᠎ᠲᠤ᠎ᠪᠠᠨ ᠰᠠᠭᠤᠵᠤ ᠠᠰᠠᠷᠠᠭᠤᠯᠬᠤ ᠨᠠᠰᠤᠵᠢᠯ᠎ᠤᠨ ᠦᠢ᠍ᠯᠡᠴᠢᠯᠡᠬᠡᠨ᠎ᠤ ᠵᠠᠬ᠎ᠠ ᠲᠡᠯᠬᠡᠬᠦᠷ᠎ᠢ ᠪᠦᠬᠦ ᠲᠠᠯ᠎ᠠ᠎ᠪᠠᠷ ᠴᠢᠯᠦᠬᠡᠳᠡᠢ ᠪᠤᠯᠭ᠋ᠠᠨ᠎ᠠ

      ᠨᠡᠢ᠌ᠬᠡᠮ᠎ᠤᠨ ᠬᠦᠴᠤᠨ ᠬᠡᠷ᠎ᠲᠤ᠎ᠪᠠᠨ ᠰᠠᠭᠤᠵᠤ ᠠᠰᠠᠷᠠᠭᠤᠯᠬᠤ ᠨᠠᠰᠤᠵᠢᠯ᠎ᠤᠨ ᠦᠢ᠍ᠯᠡᠴᠢᠯᠡᠬᠡᠨ᠎ᠳᠤ ᠤᠷᠤᠯᠴᠠᠬᠤ ᠵᠢ ᠵᠤᠷᠢᠬ᠍ᠵᠢᠭᠤᠯᠵᠤ᠂ ᠵᠠᠬ᠎ᠠ ᠲᠡᠯᠬᠡᠬᠦᠷ᠎ᠤᠨ ᠠᠮᠢᠵᠢᠷᠠᠯ᠎ᠤᠨ ᠬᠦᠴᠤᠨ᠎ᠢ ᠬᠦᠭᠵᠢᠬᠡᠵᠤ᠂ ᠤᠨᠤᠪᠴᠢᠳᠠᠢ᠂ ᠡᠷᠬᠡ ᠲᠡᠭᠰᠢ ᠠᠵᠤ ᠦᠢ᠍ᠯᠡᠰ᠎ᠤᠨ ᠲᠡᠮᠵᠢᠯᠬᠡ ᠵᠢᠨ ᠲᠦᠷᠤ ᠵᠢᠨ ᠪᠤᠳᠤᠯᠭ᠎ᠠ ᠵᠢ ᠬᠡᠷᠡᠭᠵᠢᠬᠦᠯᠤᠨ᠂ ᠦᠷᠢᠰᠤᠯᠳᠤᠨ ᠬᠦᠭᠵᠢᠬᠦ ᠡᠮᠬᠢ ᠲᠢᠭᠯᠢᠮ᠎ᠢ ᠬᠠᠮᠠᠭ᠋ᠠᠯᠠᠨ᠂ ᠠᠵᠤ ᠦᠢ᠍ᠯᠡᠰ᠎ᠤᠨ ᠬᠦᠭᠵᠢᠯᠳᠡ ᠵᠢᠨ ᠤᠷᠴᠢᠨ ᠲᠤᠭᠤᠷᠢᠨ᠎ᠢ ᠰᠢᠯᠢᠳᠡᠭᠵᠢᠬᠦᠯᠬᠦ ᠬᠡᠷᠡᠭᠳᠡᠢ᠃ ᠵᠠᠰᠠᠭ᠎ᠤᠨ ᠤᠷᠳᠤᠨ᠎ᠤ ᠬᠠᠮᠢᠶᠠᠷᠤᠯᠳᠠ ᠵᠢᠨ ᠤᠢ᠌ᠯᠠᠭ᠋ᠠᠬᠳᠠᠬᠤᠨ᠎ᠢ ᠬᠤᠪᠢᠷᠠᠭᠤᠯᠬᠤ ᠵᠢ ᠲᠦᠷᠬᠡᠳᠬᠡᠵᠤ᠂ ᠵᠠᠬ᠎ᠠ ᠲᠡᠯᠬᠡᠬᠦᠷ᠎ᠲᠤ ᠤᠷᠤᠬᠤ ᠶᠠᠪᠤᠴᠨ᠎ᠳᠤ᠎ᠬᠢ ᠵᠠᠰᠠᠭ ᠵᠠᠬᠢᠷᠭ᠋ᠠᠨ᠎ᠤ ᠬᠠᠷᠰᠢᠯᠠᠯ᠎ᠢ ᠪᠠᠭ᠋ᠠᠰᠬᠠᠵᠤ᠂ ᠤᠴᠢᠷ ᠶᠠᠪᠤᠳᠠᠯ᠎ᠤᠨ ᠲᠤᠮᠳᠠ᠎ᠨᠢ ᠪᠠ ᠰᠡᠬᠦᠯ᠎ᠳᠤ᠎ᠨᠢ ᠬᠢᠨᠠᠨ ᠬᠠᠮᠢᠶᠠᠷᠬᠤ ᠵᠢ ᠴᠢᠡᠭᠭ᠋ᠠᠳᠬᠠᠬᠤ ᠬᠡᠷᠡᠭᠳᠡᠢ᠃ ᠬᠡᠷ᠎ᠲᠤ᠎ᠪᠠᠨ ᠰᠠᠭᠤᠵᠤ ᠠᠰᠠᠷᠠᠭᠤᠯᠬᠤ ᠨᠠᠰᠤᠵᠢᠯ᠎ᠤᠨ ᠦᠢ᠍ᠯᠡᠴᠢᠯᠡᠬᠡᠨ᠎ᠤ ᠵᠠᠬ᠎ᠠ ᠲᠡᠯᠬᠡᠬᠦᠷ᠎ᠤᠨ ᠬᠡᠪ ᠡᠮᠬᠢ ᠲᠢᠭᠯᠢᠮ᠎ᠢ ᠵᠠᠰᠠᠭ ᠤᠷᠳᠤᠨ ᠡᠬᠦᠷᠬᠡᠯᠡᠨ ᠦᠷᠬᠦᠯᠵᠢᠯᠡᠬᠦᠯᠵᠤ ᠡᠷᠬᠡ ᠲᠡᠭᠰᠢ ᠤᠷᠤᠯᠴᠠᠬᠤ᠂ ᠡᠷᠬᠡ ᠲᠡᠭᠰᠢ ᠦᠷᠢᠰᠤᠯᠳᠤᠬᠦ ᠵᠠᠬ᠎ᠠ ᠲᠡᠯᠬᠡᠬᠦᠷ᠎ᠤᠨ ᠤᠷᠴᠢᠨ ᠲᠤᠭᠤᠷᠢᠨ᠎ᠢ ᠪᠦᠷᠢᠯᠳᠤᠬᠦᠯᠤᠨ᠂ ᠠᠵᠢᠯ ᠲᠦᠷᠤᠯ᠎ᠤᠨ ᠪᠠᠷᠢᠮᠵᠢᠶ᠎ᠠ ᠵᠢ ᠰᠤᠳᠤᠯᠤᠨ ᠲᠤᠬᠳᠠᠭ᠋ᠠᠵᠤ᠂ ᠬᠡᠷ᠎ᠲᠤ᠎ᠪᠠᠨ ᠰᠠᠭᠤᠵᠤ ᠠᠰᠠᠷᠠᠭᠤᠯᠬᠤ ᠨᠠᠰᠤᠵᠢᠯ᠎ᠤᠨ ᠦᠢ᠍ᠯᠡᠴᠢᠯᠡᠬᠡᠨ᠎ᠤ ᠪᠠᠢ᠌ᠭᠤᠯᠤᠮᠵᠢ ᠵᠢ ᠦᠨᠡᠯᠡᠬᠦ ᠪᠠᠷᠢᠮᠵᠢᠶ᠎ᠠ ᠵᠢᠨ ᠰᠢᠰᠲᠸᠮ ᠪᠤᠯᠤᠨ ᠢᠯᠡᠴᠢᠯᠡᠨ ᠮᠡᠳᠡᠬᠦᠯᠬᠦ ᠬᠠᠷᠢᠭᠤ ᠦᠭᠭᠦ ᠲᠤᠬᠳᠠᠯᠴᠠᠭ᠎ᠠ ᠵᠢ ᠲᠡᠬᠦᠯᠳᠡᠷᠵᠢᠬᠦᠯᠤᠨ᠂ ᠵᠠᠬ᠎ᠠ ᠲᠡᠯᠬᠡᠬᠦᠷ᠎ᠤᠨ ᠬᠢᠨᠠᠨ ᠪᠠᠢ᠌ᠴᠠᠭ᠋ᠠᠯᠳᠠ ᠵᠢᠨ ᠰᠢᠰᠲᠸᠮ᠎ᠢ ᠪᠠᠢ᠌ᠭᠤᠯᠵᠤ᠂ ᠵᠠᠬ᠎ᠠ ᠲᠡᠯᠬᠡᠬᠦᠷ᠎ᠤᠨ ᠬᠢᠨᠠᠨ ᠬᠠᠮᠢᠶᠠᠷᠤᠯᠳᠠ ᠵᠢᠨ ᠬᠠᠤᠯᠢ ᠬᠡᠷᠡᠭᠵᠢᠬᠦᠯᠬᠦ ᠭᠤᠤᠯ ᠴᠤᠬ᠍ᠴᠨ ᠵᠢ ᠲᠤᠳᠤᠷᠬᠠᠢ ᠪᠤᠯᠭ᠋ᠠᠵᠤ᠂   ᠨᠠᠰᠤᠳᠠᠢ᠌ᠴᠤᠳ᠎ᠤᠨ ᠬᠠᠤᠯᠢ ᠶᠤᠰᠤᠨ᠎ᠤ ᠡᠷᠬᠡ ᠠᠰᠢᠭ᠎ᠢ ᠬᠠᠮᠠᠭ᠋ᠠᠯᠠᠬᠤ ᠬᠡᠷᠡᠭᠳᠡᠢ᠃ ᠲᠡᠮᠵᠢᠬᠦ ᠲᠦᠷᠤ ᠵᠢᠨ ᠪᠤᠳᠤᠯᠭ᠎ᠠ ᠵᠢ ᠬᠡᠷᠡᠭᠵᠢᠬᠦᠯᠬᠦ ᠡᠷᠴᠢᠮ ᠵᠶ᠋ᠡᠨ ᠴᠢᠡᠭᠭ᠋ᠠᠷᠠᠭᠤᠯᠵᠤ᠂ ᠭᠠᠵᠠᠷ ᠰᠢᠷᠤᠢ᠂ ᠮᠦᠡᠭᠭᠦᠨ ᠬᠦᠢ᠍ᠯᠬᠡᠬᠡᠨ ᠵᠡᠷᠬᠡ᠎ᠪᠠᠷ ᠲᠡᠮᠵᠢᠬᠦ ᠲᠦᠷᠤ ᠵᠢᠨ ᠪᠤᠳᠤᠯᠭ᠎ᠠ ᠵᠢᠨ ᠵᠠᠷᠴᠢᠮᠳᠤ ᠴᠢᠨᠠᠷ ᠪᠦᠬᠦᠢ ᠵᠤᠷᠪᠤᠰ᠎ᠢ ᠪᠤᠳᠠᠳᠠᠢ᠌ᠵᠢᠭᠤᠯᠬᠤ᠂ ᠬᠡᠷᠡᠭᠵᠢᠬᠦᠯᠵᠤ ᠪᠤᠯᠬᠤᠢ᠌ᠴᠨ ᠪᠤᠯᠭ᠋ᠠᠵᠤ᠂ ᠵᠠᠬ᠎ᠠ ᠲᠡᠯᠬᠡᠬᠦᠷ᠎ᠤᠨ ᠡᠬᠢ ᠪᠠᠶᠠᠯᠢᠭ᠎ᠢ ᠲᠤᠬᠢᠷᠠᠭᠤᠯᠬᠤ ᠲᠤᠮᠳᠠᠬᠢ ᠰᠢᠢ᠍ᠳᠪᠤᠷᠢᠳᠤ ᠴᠢᠨᠠᠷ ᠪᠦᠬᠦᠢ ᠦᠢ᠍ᠯᠡᠳᠤᠯ᠎ᠢ᠎ᠨᠢ ᠬᠦᠢ᠍ᠴᠡᠳ ᠪᠠᠳᠠᠷᠠᠭᠤᠯᠬᠤ ᠬᠡᠷᠡᠭᠳᠡᠢ᠃ ᠵᠠᠬ᠎ᠠ ᠲᠡᠯᠬᠡᠬᠦᠷ᠎ᠤᠨ ᠦᠷᠢᠰᠤᠯᠳᠤᠬᠡᠨ᠎ᠤ ᠬᠠᠷᠢᠶᠠᠳᠤ ᠰᠢᠨᠵᠢ ᠵᠢ ᠪᠠᠳᠠᠷᠠᠭᠤᠯᠵᠤ᠂ ᠦᠷᠢᠰᠤᠯᠳᠤᠬᠡᠨ ᠵᠶ᠋ᠡᠷ ᠰᠢᠯᠢᠳᠡᠭ᠎ᠢ᠎ᠨᠢ ᠰᠤᠡᠭᠭᠤᠬᠤ ᠠᠷᠭ᠎ᠠ᠎ᠪᠠᠷ ᠵᠠᠬ᠎ᠠ ᠲᠡᠯᠬᠡᠬᠦᠷ᠎ᠢ ᠬᠦᠭᠵᠢᠬᠦᠯᠤᠨ᠂ ᠤᠯᠤᠰ᠎ᠤᠨ ᠲᠤᠳᠤᠭ᠋ᠠᠳᠤ ᠭᠠᠳᠠᠭ᠋ᠠᠳᠤ ᠵᠢᠨ ᠨᠠᠰᠤᠵᠢᠯ᠎ᠤᠨ ᠠᠵᠤ ᠦᠢ᠍ᠯᠡᠰ᠎ᠤᠨ ᠬᠦᠭᠵᠢᠯᠳᠡ᠎ᠯᠦᠭᠡ ᠬᠤᠯᠪᠤᠬᠳᠠᠬᠰᠠᠨ ᠰᠤᠳᠤᠯᠭ᠋ᠠᠨᠨ᠎ᠢ ᠦᠷᠨᠢᠬᠦᠯᠤᠨ᠂ 《ᠰᠦᠢ᠍ᠳᠬᠡᠯ᠎ᠢ ᠬᠡᠷᠡᠭ ᠤᠴᠢᠷ᠎ᠢ ᠦᠨᠳᠤᠰᠤᠯᠡᠵᠤ ᠬᠤᠪᠢᠷᠠᠭᠤᠯᠬᠤ  》 ᠵᠠᠰᠠᠭ᠎ᠤᠨ ᠤᠷᠳᠤᠨ ᠦᠢ᠍ᠯᠡᠴᠢᠯᠡᠬᠡ ᠬᠤᠳᠠᠯᠳᠤᠨ ᠠᠪᠴᠤ ᠦᠭᠭᠦ ᠲᠦᠷᠤ ᠵᠢᠨ ᠪᠤᠳᠤᠯᠭ᠎ᠠ ᠵᠢ ᠰᠦᠪᠡᠭᠴᠢᠯᠡᠨ᠂ ᠬᠡᠷ᠎ᠲᠤ᠎ᠪᠠᠨ ᠰᠠᠭᠤᠵᠤ ᠠᠰᠠᠷᠠᠭᠤᠯᠬᠤ ᠨᠠᠰᠤᠵᠢᠯ᠎ᠤᠨ ᠦᠢ᠍ᠯᠡᠴᠢᠯᠡᠬᠡᠨ᠎ᠳᠤ ᠨᠡᠢ᠌ᠬᠡᠮ᠎ᠤᠨ ᠬᠦᠴᠤᠨ ᠡᠷᠬᠡ ᠲᠡᠭᠰᠢ᠎ᠪᠠᠷ ᠤᠷᠤᠯᠴᠠᠬᠤ ᠵᠢ ᠠᠬᠢᠭᠤᠯᠬᠤ ᠬᠡᠷᠡᠭᠳᠡᠢ᠃ ᠵᠠᠬ᠎ᠠ ᠲᠡᠯᠬᠡᠬᠦᠷ ᠵᠢᠨ ᠦᠪᠡᠷ᠎ᠤᠨ ᠵᠠᠰᠠᠯᠳᠠ ᠵᠢᠨ ᠴᠢᠳᠠᠪᠤᠷᠢ ᠵᠢ ᠴᠢᠡᠭᠭ᠋ᠠᠷᠠᠭᠤᠯᠵᠤ᠂ ᠨᠠᠰᠤᠵᠢᠯ᠎ᠤᠨ ᠦᠢ᠍ᠯᠡᠴᠢᠯᠡᠬᠡᠨ᠎ᠤ ᠠᠵᠢᠯ ᠲᠦᠷᠤᠯ᠎ᠤᠨ ᠨᠡᠢ᠌ᠬᠡᠮᠯᠢᠭ᠎ᠤᠨ ᠪᠠᠢ᠌ᠭᠤᠯᠤᠯᠳᠠ ᠵᠢ ᠴᠢᠡᠭᠭ᠋ᠠᠳᠬᠠᠵᠤ᠂ ᠠᠵᠢᠯ ᠲᠦᠷᠤᠯ᠎ᠤᠨ ᠨᠡᠢ᠌ᠬᠡᠮᠯᠢᠭ᠎ᠤᠨ ᠠᠵᠢᠯ ᠲᠦᠷᠤᠯ᠎ᠤᠨ ᠦᠪᠡᠷ᠎ᠤᠨ ᠰᠠᠬᠢᠯᠭ᠎ᠠ ᠪᠠ ᠢᠳᠡᠬᠡᠮᠵᠢ ᠵᠢᠨ ᠪᠠᠢ᠌ᠭᠤᠯᠤᠯᠳᠠ ᠲᠤᠮᠳᠠᠬᠢ ᠦᠢ᠍ᠯᠡᠳᠤᠯ᠎ᠢ ᠬᠦᠢ᠍ᠴᠡᠳ ᠪᠠᠳᠠᠷᠠᠭᠤᠯᠤᠨ᠂ ᠨᠠᠰᠤᠵᠢᠯ᠎ᠤᠨ ᠦᠢ᠍ᠯᠡᠴᠢᠯᠡᠬᠡᠨ᠎ᠤ ᠬᠦᠭᠵᠢᠯᠳᠡ ᠵᠢ ᠦᠨᠡᠯᠡᠬᠦ ᠪᠠ ᠬᠢᠨᠠᠨ ᠰᠢᠯᠭ᠋ᠠᠬᠤ ᠵᠢᠭ᠋ᠠᠯᠳᠠ ᠲᠤᠭ᠎ᠠ ᠵᠢᠨ ᠰᠢᠰᠲᠸᠮ᠎ᠢ ᠪᠠᠢ᠌ᠭᠤᠯᠤᠨ ᠲᠡᠬᠦᠯᠳᠡᠷᠵᠢᠬᠦᠯᠵᠤ᠂ ᠢᠳᠡᠬᠡᠮᠵᠢ ᠵᠢᠨ ᠰᠢᠰᠲᠸᠮ ᠪᠠ ᠠᠵᠢᠯ ᠲᠦᠷᠤᠯ᠎ᠤᠨ ᠬᠠᠷ᠎ᠠ ᠲᠠᠡᠭᠰᠠ ᠵᠡᠷᠬᠡ ᠪᠦᠳᠦᠮᠵᠢᠳᠡᠢ ᠠᠷᠭ᠎ᠠ ᠬᠡᠯᠪᠡᠷᠢ᠎ᠪᠠᠷ ᠬᠡᠷ᠎ᠲᠤ᠎ᠪᠠᠨ ᠰᠠᠭᠤᠵᠤ ᠠᠰᠠᠷᠠᠭᠤᠯᠬᠤ ᠨᠠᠰᠤᠵᠢᠯ᠎ᠤᠨ ᠦᠢ᠍ᠯᠡᠴᠢᠯᠡᠬᠡᠨ᠎ᠤ ᠶᠠᠰᠤ ᠴᠢᠨᠠᠷ᠎ᠢ ᠲᠡᠭᠡᠭᠰᠢᠯᠡᠬᠦᠯᠬᠦ ᠬᠡᠷᠡᠭᠳᠡᠢ᠃ ᠤᠶᠤᠨᠯᠢᠭ ᠨᠠᠰᠤᠵᠢᠯ ᠬᠡᠷᠡᠭᠯᠡᠬᠦ᠂ ᠴᠢᠮᠡᠬᠡ ᠵᠠᠡᠭᠭᠢ ᠵᠢᠨ ᠶᠡᠬᠡ ᠲᠤᠭ᠎ᠠ ᠪᠠᠷᠢᠮᠳᠠ᠎ᠪᠠᠷ ᠠᠵᠤ ᠦᠢ᠍ᠢ᠍ᠯᠡᠰ᠎ᠤᠨ ᠲᠡᠰ ᠲᠡᠪᠰᠢᠬᠦ ᠵᠢ ᠠᠬᠢᠭᠤᠯᠬᠤ ᠵᠡᠷᠭᠡ ᠠᠷᠭ᠎ᠠ᠎ᠪᠠᠷ ᠬᠡᠷ᠎ᠲᠤ᠎ᠪᠠᠨ ᠰᠠᠭᠤᠵᠤ ᠠᠰᠠᠷᠠᠭᠤᠯᠬᠤ ᠨᠠᠰᠤᠵᠢᠯ᠎ᠤᠨ ᠦᠢ᠍ᠯᠡᠴᠢᠯᠡᠬᠡᠨ᠎ᠤ ᠲᠤᠤᠷᠵᠢᠯ ᠪᠠ ᠦᠢ᠍ᠯᠡᠴᠢᠯᠡᠬᠡᠨ᠎ᠤ ᠲᠠᠪᠴᠠᠡᠭ᠎ᠢ ᠪᠠᠢ᠌ᠭᠤᠯᠤᠨ ᠲᠡᠬᠦᠯᠳᠡᠷᠵᠢᠬᠦᠯᠬᠦ ᠵᠢ ᠲᠦᠷᠬᠡᠳᠬᠡᠵᠤ᠂ ᠶᠡᠬᠡ ᠲᠤᠭ᠎ᠠ ᠪᠠᠷᠢᠮᠳᠠ᠎ᠪᠠᠷ ᠬᠠᠡᠭᠭ᠋ᠠᠯᠭ᠎ᠠ ᠬᠡᠷᠡᠭᠴᠡᠬᠡ ᠬᠤᠶᠠᠷ ᠲᠠᠯ᠎ᠠ ᠵᠢᠨ᠎ᠬᠢᠨ᠎ᠤ ᠠᠮᠨ ᠰᠡᠬᠡᠷ᠎ᠢ᠎ᠨᠢ ᠵᠤᠯᠭ᠋ᠠᠭᠤᠯᠬᠤ ᠬᠡᠷᠡᠭᠳᠡᠢ᠃

      ᠬᠦᠭᠵᠢᠯᠳᠡ ᠵᠢᠨ ᠰᠢᠨᠵᠢ ᠪᠦᠬᠦᠢ ᠬᠡᠷ ᠪᠦᠯᠢ ᠵᠢᠨ ᠲᠡᠮᠵᠢᠯᠬᠡ ᠵᠢᠨ ᠲᠦᠷᠤ ᠵᠢᠨ ᠪᠤᠳᠤᠯᠭ᠎ᠠ ᠵᠢᠨ ᠲᠤᠬᠳᠠᠭ᠋ᠠᠠᠨ᠎ᠠ

        ᠬᠡᠷ ᠪᠦᠯᠢ ᠵᠢᠨ ᠨᠠᠰᠤᠵᠢᠯ᠎ᠤᠨ ᠴᠢᠳᠠᠪᠬᠢ ᠵᠢ ᠪᠠᠬᠳᠠᠭ᠋ᠠᠨ᠂ ᠨᠠᠰᠤᠳᠠᠢ᠌ᠴᠤᠳ ᠵᠶ᠋ᠡᠨ ᠠᠰᠠᠷᠠᠨ ᠬᠠᠷᠠᠭ᠋ᠠᠯᠵᠠᠵᠤ ᠪᠠᠢ᠌ᠭ᠎ᠠ ᠦᠷ᠎ᠡ ᠬᠡᠤᠬᠡᠳ᠎ᠢ ᠱᠠᠡᠭᠨᠠᠨ ᠬᠦᠬᠢᠬᠦᠯᠬᠦ᠂ ᠭᠠᠢ᠌ᠯᠢ᠎ᠠᠴᠠ ᠬᠡᠯᠳᠤᠷᠢᠬᠦᠯᠬᠦ ᠵᠡᠷᠬᠡ ᠠᠷᠭ᠎ᠠ᠎ᠪᠠᠷ ᠲᠡᠳᠬᠦᠨ ᠲᠡᠵᠢᠬᠡᠵᠤ ᠪᠠᠢ᠌ᠭ᠎ᠠ ᠨᠠᠰᠤᠳᠠᠨ᠎ᠤ ᠬᠡᠷ ᠪᠦᠯᠢ ᠵᠢᠨ ᠤᠷᠤᠯᠭ᠎ᠠ ᠵᠢ ᠨᠡᠮᠡᠭᠳᠡᠬᠦᠯᠤᠨ᠎ᠡ᠃ ᠬᠤᠪᠢ ᠬᠦᠮᠤᠨ᠎ᠤ ᠠᠰᠢᠭ ᠤᠷᠤᠯᠭ᠎ᠠ ᠵᠢᠨ ᠭᠠᠢ᠌ᠯᠢ᠎ᠠᠴᠠ ᠲᠡᠰᠬᠡᠬᠦ ᠬᠡᠯᠪᠡᠷᠢ ᠵᠢᠨ ᠨᠠᠰᠤᠵᠢᠯ᠎ᠤᠨ ᠲᠠᠭ᠋ᠠᠳᠬᠠᠯ᠎ᠢ ᠰᠦᠪᠡᠭᠴᠢᠯᠡᠨ᠂ ᠬᠤᠳᠠᠯᠳᠤᠭ᠋ᠠᠨ᠎ᠤ ᠨᠠᠰᠤᠵᠢᠯ᠎ᠤᠨ ᠲᠠᠭ᠋ᠠᠳᠬᠠᠯ ᠵᠡᠷᠬᠡ ᠪᠦᠳᠦᠮᠵᠢᠳᠡᠢ ᠠᠷᠭ᠎ᠠ ᠵᠢ ᠬᠡᠷᠡᠭᠵᠢᠬᠦᠯᠤᠨ᠂ ᠡᠷᠬᠡᠳᠤ ᠠᠷᠠᠳ᠎ᠤᠨ ᠦᠳᠡᠯᠬᠦ᠎ᠠᠴᠠ᠎ᠪᠠᠨ ᠡᠮᠦᠨ᠎ᠡ ᠪᠡᠯᠡᠳᠬᠡᠯ᠎ᠪᠠᠨ ᠰᠠᠢ᠌ᠳᠤᠷ ᠬᠢᠬᠦ ᠵᠢ ᠲᠡᠮᠵᠢᠬᠦ ᠬᠡᠷᠡᠭᠳᠡᠢ᠃ ᠨᠠᠰᠤᠳᠠᠢ᠌ᠴᠤᠳ ᠲᠠᠭ᠋ᠠᠵᠤ ᠨᠡᠬᠦᠬᠦ ᠡᠷᠤᠬᠡ ᠠᠮᠨ ᠵᠢᠨ ᠰᠠᠭ᠋ᠠᠳ᠎ᠢ ᠪᠠᠭ᠋ᠠᠰᠬᠠᠵᠤ᠂ ᠡᠮ ᠡᠮᠨᠡᠯᠬᠡ ᠵᠢᠨ ᠰᠦᠢ᠍ᠳᠬᠡᠯ᠎ᠢ ᠬᠦᠨᠳᠡᠯᠡᠨ ᠭᠠᠵᠠᠷ ᠲᠤᠭ᠋ᠠᠴᠠᠭ᠋ᠠᠯᠠᠬᠤ ᠵᠢ ᠪᠡᠶᠡᠯᠡᠬᠦᠯᠨᠤ᠂ ᠨᠠᠰᠤᠳᠠᠢ᠌ᠴᠤᠳ ᠦᠷ᠎ᠡ ᠬᠡᠤᠬᠡᠳ᠎ᠲᠠᠢ᠎ᠪᠠᠨ ᠴᠤᠭ ᠰᠠᠭᠤᠬᠤ ᠤᠷᠤᠨ ᠰᠠᠭᠤᠴᠨ ᠵᠢ ᠨᠡᠬᠡᠬᠡᠨ ᠠᠰᠢᠬᠯᠠᠵᠤ᠂ ᠦᠷ᠎ᠡ ᠬᠡᠤᠬᠡᠳ᠎ᠨᠢ ᠨᠠᠰᠤᠳᠠᠨ ᠵᠶ᠋ᠡᠨ ᠬᠠᠷᠠᠭ᠋ᠠᠯᠵᠠᠬᠤ ᠵᠢ ᠲᠦᠬᠦᠮ ᠪᠤᠯᠭ᠋ᠠᠬᠤ ᠬᠡᠷᠡᠭᠳᠡᠢ᠃ ᠬᠡᠷ ᠪᠦᠯᠢ ᠵᠢᠨ ᠪᠦᠷᠢᠯᠳᠤᠬᠦᠨ   ᠠᠰᠠᠷᠠᠨ ᠰᠤᠪᠢᠯᠬᠤ ᠮᠡᠷᠬᠡᠵᠢᠯ᠎ᠤᠨ ᠪᠤᠯᠪᠠᠰᠤᠷᠠᠯ᠎ᠢ ᠦᠷᠨᠢᠬᠦᠯᠤᠨ᠂ ᠬᠡᠷ ᠪᠦᠯᠢ ᠵᠢᠨ ᠪᠦᠷᠢᠯᠳᠤᠬᠦᠨ᠎ᠳᠤ ᠪᠡᠶ᠎ᠡ᠎ᠳᠤ᠎ᠪᠠᠨ ᠵᠦᠪ ᠦᠬᠡᠢ ᠨᠠᠰᠤᠳᠠᠨ᠎ᠢ ᠰᠢᠨᠵᠢᠯᠡᠬᠦ ᠤᠬᠠᠭ᠋ᠠᠨᠴᠢ᠎ᠪᠠᠷ ᠠᠰᠠᠷᠠᠨ ᠬᠠᠷᠠᠭ᠋ᠠᠯᠵᠠᠬᠤ ᠵᠢᠭ᠋ᠠᠨ ᠵᠢᠯᠤᠭᠤᠳᠬᠤ ᠬᠡᠷᠡᠭᠳᠡᠢ᠃ ᠨᠡᠢ᠌ᠬᠡᠮ᠎ᠤᠨ ᠦᠨᠳᠤᠰᠤᠨ ᠱᠠᠳᠤᠨ᠎ᠤ ᠦᠢ᠍ᠯᠡᠴᠢᠯᠡᠬᠡᠨ᠎ᠤ ᠦᠷᠳᠡᠭᠡ ᠴᠡᠭ ᠵᠡᠷᠬᠡ ᠡᠬᠢ ᠪᠠᠶᠠᠯᠢᠭ᠎ᠢ ᠨᠡᠢ᠌ᠳᠬᠡᠨ ᠠᠰᠢᠬᠯᠠᠵᠤ᠂ ᠪᠦᠬᠦ ᠴᠤᠬ᠍ᠴᠨ᠎ᠪᠠᠷ ᠲᠦᠯᠦᠪᠵᠢᠬᠦᠯᠵᠤ ᠪᠠᠢ᠌ᠷᠢᠰᠢᠭᠤᠯᠬᠤ ᠵᠢ ᠴᠢᠡᠭᠭ᠋ᠠᠳᠬᠠᠨ᠂ ᠲᠤᠰᠬᠠᠢ ᠮᠡᠷᠬᠡᠵᠯ᠎ᠤᠨ ᠦᠢ᠍ᠯᠡᠴᠢᠯᠡᠬᠡᠨ᠎ᠤ ᠠᠭᠤᠯᠭ᠎ᠠ ᠵᠢ ᠪᠠᠶᠠᠯᠢᠬ᠍ᠵᠢᠭᠤᠯᠬᠤ ᠬᠡᠷᠡᠭᠳᠡᠢ᠃ ᠦᠨᠳᠤᠰᠤᠨ ᠱᠠᠳᠤᠨ᠎ᠤ ᠤᠯᠠᠨ ᠲᠦᠮᠡᠨ᠎ᠤ ᠦᠪᠡᠷᠳᠡᠬᠡᠨ ᠵᠠᠰᠠᠬᠤ ᠵᠤᠬᠢᠶᠠᠨ ᠪᠠᠢ᠌ᠭᠤᠯᠤᠯᠳᠠ ᠬᠡᠷ᠎ᠲᠤ᠎ᠪᠠᠨ ᠰᠠᠭᠤᠵᠤ ᠠᠰᠠᠷᠠᠭᠤᠯᠬᠤ ᠨᠠᠰᠤᠵᠢᠯ᠎ᠤᠨ ᠦᠢ᠍ᠯᠡᠴᠢᠯᠡᠬᠡᠨ ᠪᠠ ᠤᠶᠤᠨ ᠰᠠᠨᠠᠭ᠋ᠠᠨ᠎ᠤ ᠲᠠᠢ᠌ᠳᠬᠤᠷᠠᠯ ᠬᠦᠷᠳᠡᠬᠡᠬᠦ ᠦᠢ᠍ᠯᠡᠴᠢᠯᠡᠬᠡᠨ᠎ᠳᠤ ᠤᠷᠤᠯᠴᠠᠬᠤ ᠵᠢ ᠲᠡᠮᠵᠢᠬᠦ ᠬᠡᠷᠡᠭᠳᠡᠢ᠃

[ᠲᠤᠰ ᠵᠤᠬᠢᠶᠠᠯ᠎ᠤᠨ ᠵᠤᠬᠢᠶᠠᠬ᠍ᠴᠢ ᠪᠤᠯ ᠤᠯᠤᠰ᠎ᠤᠨ ᠨᠡᠢ᠌ᠬᠡᠮ᠎ᠤᠨ ᠰᠢᠨᠵᠢᠯᠡᠬᠦ ᠤᠬᠠᠭ᠋ᠠᠨ᠎ᠤ ᠰᠠᠭᠤᠷᠢ ᠮᠦᠡᠭᠭᠦᠨ᠎ᠤ ᠴᠢᠬᠤᠯᠨ ᠲᠦᠷᠤᠯ ᠵᠦᠢ᠍ᠯ ᠪᠤᠯᠬᠤ 《ᠲᠤᠮᠳᠠᠳᠤ ᠤᠯᠤᠰ᠎ᠤᠨ ᠤᠨᠴᠠᠯᠢᠭ᠎ᠲᠠᠢ ᠨᠠᠰᠤᠵᠢᠯ᠎ᠤᠨ ᠦᠢ᠍ᠯᠡᠴᠢᠯᠡᠬᠡᠨ᠎ᠤ ᠰᠢᠰᠲᠸᠮ᠎ᠤᠨ ᠪᠠᠢ᠌ᠭᠤᠯᠤᠯᠳᠠ ᠵᠢᠨ ᠰᠤᠳᠤᠯᠭ᠋ᠠᠨ》 (20ZD  A076)᠎ᠤ ᠱᠠᠳᠤᠴᠢ ᠴᠢᠨᠠᠷᠳᠠᠢ ᠦᠷ᠎ᠡ ᠪᠦᠳᠦᠬᠡᠯ ᠪᠤᠯᠬᠤ ᠶᠤᠮ]

ᠢᠷᠡᠯᠲᠡ᠄ 《ᠲᠤᠮᠳᠠᠳᠤ ᠤᠯᠤᠰ᠎ᠤᠨ ᠨᠡᠢ᠌ᠬᠡᠮ ᠰᠤᠨᠢᠨ》
          
ᠬᠠᠮᠢᠶ᠎ᠡ ᠪᠦᠬᠦᠢ ᠰᠣᠨᠢᠨ
ᠬᠠᠤᠯᠢ ᠪᠤᠰᠤ᠎ᠪᠠᠷ ᠵᠤᠬᠢᠶᠠᠨ ᠪᠠᠢ᠌ᠭᠤᠯᠤᠯᠴᠠᠬᠤ ᠶᠠᠯ᠎ᠠ ᠵᠢ ᠨᠡᠮᠡᠨ ᠤᠷᠤᠭᠤᠯᠵᠤ᠂ ᠬᠠᠤᠯᠢ ᠪᠤᠰᠤ ᠨᠡᠢ᠌ᠬᠡᠮ᠎ᠤᠨ ᠵᠤᠬᠢᠶᠠᠨ ᠪᠠᠢ᠌ᠭᠤᠯᠤᠯᠳᠠ᠎ᠳᠤ ᠴᠢᠡᠭᠭ᠎ᠠ ᠴᠤᠬᠢᠯᠳᠠ ᠦᠭᠰᠤᠬᠡᠢ
ᠨᠢᠬᠡᠳᠤᠯᠳᠡᠢ ᠵᠤᠬᠢᠴᠠᠭᠤᠯᠬᠤ ᠲᠤᠬᠳᠠᠯᠴᠠᠭ᠎ᠠ ᠵᠢ ᠲᠠᠷᠤᠢ᠌ᠬᠠᠨ ᠪᠠᠢ᠌ᠭᠤᠯᠵᠤ᠂ ᠰᠢᠨ᠎ᠡ ᠴᠠᠭ ᠦᠶ᠎ᠡ ᠵᠢᠨ ᠨᠠᠰᠤᠨ᠎ᠳᠤ ᠦᠯᠤ ᠬᠦᠷᠦᠭᠰᠡᠳ᠎ᠢ ᠬᠠᠮᠠᠭ᠋ᠠᠯᠠᠬᠤ ᠠᠵᠢᠯ᠎ᠤᠨ ᠰᠢᠨ᠎ᠡ ᠬᠦᠭᠵᠢᠯᠳᠡ ᠵᠢ ᠠᠬᠢᠭᠤᠯᠰᠤᠭ᠋ᠠᠢ
ᠦᠨᠳᠤᠰᠤᠲᠠᠨ᠎ᠤ ᠪᠦᠯᠬᠦᠮᠲᠡᠯ ᠪᠤᠯ ᠡᠯ᠎ᠡ ᠲᠦᠷᠦᠯ᠎ᠤᠨ ᠵᠢᠯ ᠦᠢ᠍ᠯᠡᠰ᠎ᠤᠨ ᠠᠮᠵᠢᠯᠲᠡ ᠤᠯᠬᠤ ᠵᠢᠨ ᠪᠠᠳᠤᠯᠠᠭ᠎ᠠ ᠶᠤᠮ
ᠨᠠᠮ᠎ᠤᠨ ᠲᠡᠤᠬᠡ᠎ᠠᠴᠠ ᠤᠶᠤᠨ ᠤᠬᠠᠭ᠋ᠠᠨ ᠰᠢᠡᠭᠭᠡᠬᠡᠵᠤ᠂ ᠰᠢᠨ᠎ᠡ ᠴᠠᠭ ᠦᠶ᠎ᠡ ᠎ᠤᠨ ᠠᠷᠠᠳ᠎ᠤᠨ ᠶᠠᠪᠤᠳᠠᠯ᠎ᠤᠨ ᠦᠢ᠍ᠯᠡᠰ᠎ᠤᠨ ᠬᠥᠭᠵᠢᠯᠲᠡ ᠵᠢᠨ ᠰᠢᠨ᠎ᠡ ᠬᠠᠭᠤᠳᠠᠰᠤ ᠵᠢ ᠪᠢᠴᠢᠭᠯᠡᠶ᠎ᠡ
(ᠨᠢᠬᠡ) ᠨᠠᠰᠤᠨ᠎ᠳᠤ ᠦᠯᠤ ᠬᠦᠷᠦᠭᠰᠡᠳ᠎ᠢ ᠲᠤᠰᠠᠯᠠᠨ ᠬᠠᠮᠠᠭ᠋ᠠᠯᠠᠬᠤ ᠪᠠᠢ᠌ᠭᠤᠯᠤᠮᠵᠢ ᠬᠡᠯᠪᠡᠷᠢ᠎ᠪᠠᠨ ᠬᠤᠪᠢᠷᠠᠭᠤᠯᠤᠨ ᠲᠡᠰ ᠲᠡᠪᠰᠢᠬᠦ ᠵᠢ ᠬᠡᠷᠬᠢᠨ ᠪᠡᠶᠡᠯᠡᠬᠦᠯᠬᠦ ᠪᠤᠢ
 
            