ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠢᠯᠡ ᠵᠠᠰᠠᠭ   -   ᠲᠥᠷᠥ᠎ᠶᠢᠨ ᠪᠣᠳᠣᠯᠭ᠎ᠠ᠎ᠶᠢᠨ ᠲᠠᠶ᠋ᠢᠯᠤᠮᠵᠢ
ᠦᠪᠦᠷ ᠮᠣᠩᠭᠣᠯ᠎ᠤᠨ ᠡᠩ᠎ᠤᠨ ᠳᠡᠭᠡᠳᠦ ᠰᠤᠷᠭ᠋ᠠᠭᠤᠯᠢ ᠵᠢᠨ ᠭᠡᠷ ᠪᠦᠯᠢ ᠵᠢᠨ ᠠᠵᠤ ᠠᠬᠤᠢ ᠎ᠨᠢ ᠬᠦᠴᠢᠷᠳᠡᠯᠲᠡᠢ ᠤᠶᠤᠲᠠᠳ ᠎ᠤᠨ ᠰᠤᠷᠭ᠋ᠠᠭᠤᠯᠢ᠎ᠳᠤ ᠣᠷᠤᠬᠤ ᠎ᠳᠤ ᠪᠡᠯᠡ ᠮᠦᠩᠭᠦ᠎ᠪᠠᠷ ᠲᠤᠰᠠᠯᠠᠬᠤ ᠲᠥᠷᠦ ᠵᠢᠨ ᠪᠣᠳᠤᠯᠭ᠎ᠠ
ᠨᠡᠶᠢᠲᠡᠯᠡᠭᠰᠡᠨ ᠴᠠᠭ᠄ 2022-01-27


                        
     ᠨᠢᠭᠡ᠂ ᠲᠥᠷᠦ ᠵᠢᠨ ᠪᠣᠳᠤᠯᠭ᠎ᠠ ᠵᠢᠨ ᠦᠨᠳᠦᠰᠦᠯᠡᠯ
    ᠦᠪᠡᠷᠲᠡᠬᠡᠨ ᠵᠠᠰᠠᠬᠤ ᠣᠷᠣᠨ᠎ᠤ ᠰᠤᠷᠭ᠋ᠠᠨ ᠬᠦᠮᠦᠵᠢᠯ᠎ᠤᠨ  ᠲᠢᠩᠬᠢᠮ᠂  ᠡᠳ᠋᠎ᠤᠨ ᠵᠠᠰᠠᠭ᠎ᠤᠨ ᠲᠢᠩᠬᠢᠮ᠂ ᠠᠷᠠᠳ᠎ᠤᠨ ᠶᠠᠪᠤᠳᠠᠯ᠎ᠤᠨ ᠲᠢᠩᠬᠢᠮ ᠂  ᠶᠠᠳᠠᠭᠤ ᠵᠢ ᠲᠡᠳᠭᠦᠬᠦ  ᠠᠯᠪᠠᠨ ᠭᠡᠷ  (ᠬᠦᠳᠡᠭᠡ ᠲᠤᠰᠬᠤᠨ᠎ᠢ ᠬᠦᠭᠵᠢᠭᠦᠯᠦᠨ ᠮᠠᠨᠳᠤᠭᠤᠯᠬᠤ ᠲᠤᠪᠴᠢᠶ᠎ᠠ) ᠎ᠠᠴᠠ  ᠳᠠᠷᠤᠮᠠᠯᠯᠠᠨ ᠲᠠᠷᠬᠠᠭ᠋ᠠᠭᠰᠠᠨ 《ᠡᠩ᠎ᠤᠨ ᠳᠡᠭᠡᠳᠦ ᠰᠤᠷᠭ᠋ᠠᠭᠤᠯᠢ ᠵᠢᠨ  ᠭᠡᠷ ᠪᠦᠯᠢ ᠵᠢᠨ ᠠᠵᠤ ᠠᠬᠤᠢ ᠎ᠨᠢ ᠬᠦᠴᠢᠷᠳᠡᠯᠲᠡᠢ ᠤᠶᠤᠲᠠᠳ ᠎ᠤᠨ  ᠰᠤᠷᠭ᠋ᠠᠭᠤᠯᠢ᠎ᠳᠤ ᠣᠷᠤᠬᠤ ᠎ᠳᠤ  ᠪᠡᠯᠡ ᠮᠦᠩᠭᠦ᠎ᠪᠠᠷ ᠲᠤᠰᠠᠯᠠᠬᠤ ᠲᠥᠷᠦ ᠵᠢᠨ ᠪᠣᠳᠤᠯᠭ᠎ᠠ ᠵᠢᠨ ᠲᠤᠬᠠᠢ ᠰᠠᠨᠠᠯ》 (ᠦᠪᠦᠷ ᠮᠣᠩᠭᠣᠯ᠎ᠤᠨ ᠰᠤᠷᠭ᠋ᠠᠨ ᠬᠦᠮᠦᠵᠢᠯ᠎ᠤᠨ ᠲᠢᠩᠬᠢᠮ᠎ᠤᠨ ᠠᠯᠪᠠᠨ ᠭᠡᠷ  [2021]56  ᠳ᠋ᠤᠭ᠋ᠠᠷ ᠲᠤᠭ᠋ᠠᠲᠤ)
     ᠬᠤᠶᠠᠷ᠂ ᠢᠪᠡᠭᠡᠨ ᠲᠤᠰᠠᠯᠠᠬᠤ ᠬᠦᠷᠢᠶ᠎ᠡ ᠴᠠᠷᠠᠭ᠎ᠠ
   ᠡᠩ᠎ᠤᠨ ᠳᠡᠭᠡᠳᠦ ᠰᠤᠷᠭ᠋ᠠᠭᠤᠯᠢ ᠵᠢᠨ  ᠭᠡᠷ ᠪᠦᠯᠢ ᠵᠢᠨ ᠠᠵᠤ ᠠᠬᠤᠢ ᠎ᠨᠢ ᠬᠦᠴᠢᠷᠳᠡᠯᠲᠡᠢ ᠤᠶᠤᠲᠠᠳ᠎ᠤᠨ  ᠰᠤᠷᠭ᠋ᠠᠭᠤᠯᠢ᠎ᠳᠤ ᠣᠷᠤᠬᠤ ᠎ᠳᠤ ᠲᠤᠰᠠᠯᠠᠬᠤ ᠲᠥᠷᠦ ᠵᠢᠨ ᠪᠣᠳᠤᠯᠭ᠎ᠠ ᠎ᠳᠤ ᠢᠪᠡᠭᠡᠭᠳᠡᠬᠦ ᠬᠦᠮᠦᠰ᠎ᠲᠤ ᠨᠠᠭ᠋ᠠᠲᠤ ᠵᠠᠬ᠎ᠠ ᠵᠢᠨ ᠠᠮᠢᠳᠤᠷᠠᠯ᠎ᠤᠨ ᠪᠠᠲᠤᠯᠠᠭ᠋ᠠᠲᠤ ᠭᠡᠷ ᠪᠦᠯᠢ ᠵᠢᠨ ᠦᠬᠢᠳ ᠬᠦᠪᠡᠭᠦᠳ᠂ ᠦᠨᠦᠴᠢᠨ ᠬᠡᠦᠭᠡᠳ  ᠪᠤᠯᠤᠨ  ᠳᠠᠩᠰᠠ ᠺᠠᠷᠲ᠎ᠲᠠᠢ ᠭᠡᠷ ᠪᠦᠯᠢ ᠵᠢᠨ ᠦᠬᠢᠳ ᠬᠦᠪᠡᠭᠦᠳ ᠪᠠᠭᠲᠠᠭᠳᠠᠨ᠎ᠠ᠃
       ᠭᠤᠷᠪᠠ᠂  ᠡᠷᠡᠮᠡᠯᠵᠡᠯᠡᠬᠦ ᠪᠠ ᠬᠦᠢ᠍ᠴᠡᠳᠭᠡᠬᠦ ᠠᠯᠬᠤᠮ ᠳᠠᠷᠠᠭ᠎ᠠ
     ᠭᠡᠷ ᠪᠦᠯᠢ ᠵᠢᠨ ᠠᠵᠤ ᠠᠬᠤᠢ ᠎ᠨᠢ ᠬᠦᠴᠢᠷᠳᠡᠯᠲᠡᠢ ᠤᠶᠤᠲᠠᠳ ᠎ᠠᠴᠠ ᠲᠤᠬᠠᠢ ᠵᠢᠨ ᠭᠠᠵᠠᠷ᠎ᠤᠨ ᠰᠤᠷᠭ᠋ᠠᠨ ᠬᠦᠮᠦᠵᠢᠯ᠎ᠤᠨ ᠰᠠᠯᠠᠭ᠎ᠠ ᠮᠦᠴᠢᠷ᠎ᠤᠨ  ᠰᠣᠷᠤᠭᠴᠢᠳ᠎ᠢ ᠪᠡᠯᠡ ᠮᠦᠩᠬᠦ᠎ᠪᠠᠷ ᠳᠡᠮᠵᠢᠨ ᠲᠤᠰᠠᠯᠠᠬᠤ ᠬᠠᠮᠢᠶᠠᠷᠤᠯᠲᠠ ᠵᠢᠨ ᠲᠥᠪ᠎ᠲᠤ ᠡᠷᠡᠮᠡᠯᠵᠡᠯᠡᠯ ᠵᠶ᠋ᠡᠨ ᠳᠡᠪᠰᠢᠭᠦᠯᠦᠨ᠂ ᠰᠤᠷᠭ᠋ᠠᠨ ᠬᠦᠮᠦᠵᠢᠯ᠎ᠤᠨ ᠰᠠᠯᠠᠭ᠎ᠠ ᠮᠦᠴᠢᠷ᠎ᠤᠨ  ᠰᠣᠷᠤᠭᠴᠢᠳ᠎ᠢ ᠪᠡᠯᠡ ᠮᠦᠩᠬᠦ᠎ᠪᠠᠷ ᠳᠡᠮᠵᠢᠨ ᠲᠤᠰᠠᠯᠠᠬᠤ ᠬᠠᠮᠢᠶᠠᠷᠤᠯᠲᠠ ᠵᠢᠨ ᠲᠥᠪ ᠴᠠᠭ  ᠲᠤᠬᠠᠢ᠎ᠳᠤ᠎ᠨᠢ  ᠬᠦᠯᠢᠶᠡᠨ ᠠᠪᠴᠣ  ᠰᠢᠢ᠍ᠳᠪᠦᠷᠢᠯᠡᠭᠡᠳ᠂ ᠠᠩᠬᠠᠨ᠎ᠤ ᠬᠢᠨᠠᠯᠲᠠ ᠵᠢ  ᠳᠠᠮᠵᠢᠭᠰᠠᠨ ᠡᠩ᠎ᠤᠨ ᠳᠡᠭᠡᠳᠦ ᠰᠤᠷᠭ᠋ᠠᠭᠤᠯᠢ ᠵᠢᠨ  ᠭᠡᠷ ᠪᠦᠯᠢ ᠵᠢᠨ ᠠᠵᠤ ᠠᠬᠤᠢ ᠎ᠨᠢ ᠬᠦᠴᠢᠷᠳᠡᠯᠲᠡᠢ ᠤᠶᠤᠲᠠᠳ ᠎ᠤᠨ  ᠰᠤᠷᠭ᠋ᠠᠭᠤᠯᠢ᠎ᠳᠤ ᠣᠷᠤᠬᠤ ᠎ᠳᠤ ᠲᠤᠰᠠᠯᠠᠬᠤ ᠲᠥᠷᠦ ᠵᠢᠨ ᠪᠣᠳᠤᠯᠭ᠎ᠠ ᠎ᠳᠤ ᠢᠪᠡᠭᠡᠭᠳᠡᠬᠦ᠎ᠪᠠᠷ ᠪᠠᠢ᠌ᠭ᠎ᠠ ᠰᠤᠷᠤᠭᠴᠢᠳ᠎ᠤᠨ ᠬᠠᠮᠢᠶ᠎ᠠ ᠪᠦᠬᠦᠢ ᠰᠤᠷᠠᠭ ᠵᠠᠩᠬᠢ ᠵᠢ ᠠᠩᠭᠢᠯᠠᠵᠤ᠂  ᠮᠦᠨ ᠠᠩᠭᠢᠯᠠᠯ ᠶᠤᠰᠤᠭ᠋ᠠᠷ ᠵᠶ᠋ᠠᠨ ᠲᠤᠬᠠᠢ ᠵᠢᠨ ᠭᠠᠵᠠᠷ᠎ᠤᠨ ᠠᠷᠠᠳ᠎ᠤᠨ ᠶᠠᠪᠤᠳᠠᠯ᠂ ᠶᠠᠳᠠᠭᠤ ᠵᠢ ᠲᠡᠳᠭᠦᠬᠦ ᠰᠠᠯᠠᠭ᠎ᠠ ᠮᠦᠴᠢᠷ᠎ᠲᠤ  ᠬᠠᠩᠭ᠋ᠠᠨ ᠥᠭᠭᠦᠨ᠎ᠡ᠃ ᠠᠷᠠᠳ᠎ᠤᠨ ᠶᠠᠪᠤᠳᠠᠯ᠂ ᠶᠠᠳᠠᠭᠤ ᠵᠢ ᠲᠡᠳᠭᠦᠬᠦ ᠰᠠᠯᠠᠭ᠎ᠠ ᠮᠦᠴᠢᠷ᠎ᠠᠴᠠ ᠰᠤᠷᠭ᠋ᠠᠨ ᠬᠦᠮᠦᠵᠢᠯ᠎ᠤᠨ ᠰᠠᠯᠠᠭ᠎ᠠ ᠮᠦᠴᠢᠷ᠎ᠤᠨ ᠬᠠᠩᠭ᠋ᠠᠭᠰᠠᠨ ᠰᠤᠷᠠᠭ ᠵᠠᠩᠭᠢ ᠵᠢ ᠦᠨᠳᠦᠰᠦᠯᠡᠨ᠂  ᠡᠳᠡᠭᠡᠷ ᠡᠩ᠎ᠤᠨ ᠳᠡᠭᠡᠳᠦ ᠰᠤᠷᠭ᠋ᠠᠭᠤᠯᠢ ᠵᠢᠨ  ᠭᠡᠷ ᠪᠦᠯᠢ ᠵᠢᠨ ᠠᠵᠤ ᠠᠬᠤᠢ ᠎ᠨᠢ ᠬᠦᠴᠢᠷᠳᠡᠯᠲᠡᠢ ᠤᠶᠤᠲᠠᠳ ᠎ᠨᠢ ᠬᠤᠲᠠ ᠬᠦᠳᠡᠭᠡ ᠵᠢᠨ ᠨᠠᠭ᠋ᠠᠲᠤ ᠵᠠᠬ᠎ᠠ ᠵᠢᠨ ᠠᠮᠢᠳᠤᠷᠠᠯ᠎ᠤᠨ ᠪᠠᠲᠤᠯᠠᠭ᠋ᠠᠲᠤ ᠭᠡᠷ ᠪᠦᠯᠢ ᠵᠢᠨ ᠦᠬᠢᠳ ᠬᠦᠪᠡᠭᠦᠳ᠂ ᠦᠨᠦᠴᠢᠨ ᠬᠡᠦᠭᠡᠳ  ᠪᠤᠯᠤᠨ ᠳᠠᠩᠰᠠ ᠺᠠᠷᠲ᠎ᠲᠠᠢ ᠭᠡᠷ ᠪᠦᠯᠢ ᠵᠢᠨ ᠦᠬᠢᠳ ᠬᠦᠪᠡᠭᠦᠳ ᠮᠦᠨ ᠡᠰᠡᠬᠦ ᠲᠤᠬᠠᠢ  ᠬᠢᠨᠠᠵᠤ ᠬᠠᠷᠭᠤᠭᠤᠯᠤᠨ᠎ᠠ᠃ ᠰᠤᠷᠭ᠋ᠠᠨ ᠬᠦᠮᠦᠵᠢᠯ᠎ᠤᠨ ᠰᠠᠯᠠᠭ᠎ᠠ ᠮᠦᠴᠢᠷ᠎ᠨᠢ ᠠᠷᠠᠳ᠎ᠤᠨ ᠶᠠᠪᠤᠳᠠᠯ᠂ ᠶᠠᠳᠠᠭᠤ ᠵᠢ ᠲᠡᠳᠭᠦᠬᠦ ᠰᠠᠯᠠᠭ᠎ᠠ ᠮᠦᠴᠢᠷ᠎ᠤᠨ ᠬᠢᠨᠠᠵᠤ ᠬᠠᠷᠭᠤᠭᠤᠯᠤᠭᠰᠠᠨ ᠦᠷ᠎ᠡ ᠳ᠋ᠦᠩ᠎ᠢ ᠦᠨᠳᠦᠰᠦᠯᠡᠵᠦ᠂  ᠲᠤᠬᠠᠢ ᠵᠢᠨ ᠵᠢᠯ᠎ᠳᠤ᠎ᠪᠠᠨ ᠡᠩ᠎ᠤᠨ ᠳᠡᠭᠡᠳᠦ ᠰᠤᠷᠭ᠋ᠠᠭᠤᠯᠢ ᠵᠢᠨ  ᠭᠡᠷ ᠪᠦᠯᠢ ᠵᠢᠨ ᠠᠵᠤ ᠠᠬᠤᠢ ᠎ᠨᠢ ᠬᠦᠴᠢᠷᠳᠡᠯᠲᠡᠢ ᠤᠶᠤᠲᠠᠳ ᠎ᠤᠨ  ᠰᠤᠷᠭ᠋ᠠᠭᠤᠯᠢ᠎ᠳᠤ ᠣᠷᠤᠬᠤ ᠎ᠳᠤ ᠲᠤᠰᠠᠯᠠᠬᠤ ᠲᠥᠷᠦ ᠵᠢᠨ ᠪᠣᠳᠤᠯᠭ᠎ᠠ᠎ᠳᠤ  ᠢᠪᠡᠭᠡᠭᠳᠡᠬᠦ ᠤᠶᠤᠲᠠᠳ᠎ᠤᠨ ᠨᠡᠷᠡᠰ᠎ᠢ  ᠨᠤᠲᠠᠯᠠᠨ ᠵᠦᠪᠰᠢᠶᠡᠷᠡᠨ᠎ᠡ᠃
     ᠳᠥᠷᠪᠡ᠂ ᠪᠡᠯᠡ ᠮᠦᠩᠭᠦ᠎ᠪᠠᠷ ᠲᠤᠰᠠᠯᠠᠬᠤ  ᠪᠠᠷᠢᠮᠵᠢᠶ᠎ᠠ
   ᠡᠩ᠎ᠤᠨ ᠳᠡᠭᠡᠳᠦ ᠰᠤᠷᠭ᠋ᠠᠭᠤᠯᠢ ᠵᠢᠨ ᠵᠢᠩᠬᠢᠨᠢ  ᠠᠩᠭᠢ᠎ᠳᠤ ᠡᠯᠰᠡᠭᠳᠡᠭᠰᠡᠨ ᠤᠶᠤᠲᠠᠳ (   ᠪᠡᠯᠡᠳᠭᠡᠯ ᠠᠩᠭᠢ ᠵᠢᠨ  ᠤᠶᠤᠲᠠᠳ᠎ᠢ ᠪᠠᠭᠲᠠᠭ᠋ᠠᠨ᠎ᠠ)᠎ᠢ ᠡᠯᠰᠡᠭᠳᠡᠭᠰᠡᠨ ᠵᠢᠯ᠎ᠠᠴᠠ᠎ᠨᠢ ᠡᠬᠢᠯᠡᠨ ᠪᠡᠯᠡ ᠮᠦᠩᠭᠦ᠎ᠪᠠᠷ ᠲᠤᠰᠠᠯᠠᠵᠤ᠂  ᠰᠤᠷᠤᠯᠭ᠎ᠠ ᠵᠢᠨ ᠵᠢᠯ ᠪᠦᠷᠢ 6000  ᠲᠦᠭᠦᠷᠢᠭ᠎ᠤᠨ  ᠪᠡᠯᠡ  ᠮᠦᠩᠭᠦ᠎ᠪᠠᠷ ᠲᠤᠰᠠᠯᠠᠨ᠂  ᠨᠡᠢ᠌ᠲᠡ  ᠲᠤᠰᠠᠯᠠᠬᠤ ᠪᠡᠯᠡ ᠮᠦᠩᠭᠦᠨ᠎ᠤ ᠲᠤᠭ᠎ᠠ ᠵᠢ 24000  ᠲᠦᠭᠦᠷᠢᠭ᠎ᠠᠴᠠ  ᠬᠡᠲᠦᠷᠡᠬᠦᠯᠬᠦ ᠦᠬᠡᠢ᠃  ᠡᠩ᠎ᠤᠨ ᠳᠡᠭᠡᠳᠦ  ᠵᠡᠷᠭᠡ ᠵᠢᠨ  ᠠᠵᠢᠯ ᠮᠡᠷᠭᠡᠵᠢᠯ᠎ᠤᠨ ᠰᠤᠷᠭ᠋ᠠᠭᠤᠯᠢ᠂ ᠡᠩ᠎ᠤᠨ ᠳᠡᠭᠡᠳᠦ  ᠵᠡᠷᠭᠡ ᠵᠢᠨ  ᠲᠤᠰᠬᠠᠢ ᠮᠡᠷᠭᠡᠵᠢᠯ᠎ᠤᠨ ᠰᠤᠷᠭ᠋ᠠᠭᠤᠯᠢ  ᠡᠰᠡᠬᠦᠯ᠎ᠡ ᠡᠩ᠎ᠤᠨ ᠳᠡᠭᠡᠳᠦ  ᠵᠡᠷᠭᠡ ᠵᠢᠨ  ᠠᠵᠢᠯ ᠮᠡᠷᠭᠡᠵᠢᠯ᠎ᠤᠨ ᠰᠤᠷᠭ᠋ᠠᠭᠤᠯᠢ᠂ ᠡᠩ᠎ᠤᠨ ᠳᠡᠭᠡᠳᠦ  ᠵᠡᠷᠭᠡ ᠵᠢᠨ  ᠲᠤᠰᠬᠠᠢ ᠮᠡᠷᠭᠡᠵᠢᠯ᠎ᠤᠨ ᠰᠤᠷᠭ᠋ᠠᠭᠤᠯᠢ ᠵᠢᠨ  ᠲᠥᠷᠦᠯ᠎ᠤᠨ ᠰᠤᠷᠭ᠋ᠠᠭᠤᠯᠢ (ᠪᠡᠯᠡᠳᠭᠡᠯ ᠠᠩᠭᠢ ᠵᠢᠨ ᠰᠤᠷᠤᠭᠴᠢᠳ᠎ᠢ ᠪᠠᠭᠲᠠᠭ᠋ᠠᠨ᠎ᠠ)᠎ᠳᠤ ᠡᠯᠰᠡᠭᠳᠡᠭᠰᠡᠨ  ᠰᠤᠷᠤᠭᠴᠢᠳ᠎ᠢ ᠡᠯᠰᠡᠭᠳᠡᠭᠰᠡᠨ ᠵᠢᠯ᠎ᠠᠴᠠ᠎ᠨᠢ ᠡᠬᠢᠯᠡᠨ ᠪᠡᠯᠡ ᠮᠦᠩᠭᠦ᠎ᠪᠠᠷ ᠲᠤᠰᠠᠯᠠᠵᠤ᠂  ᠰᠤᠷᠤᠯᠭ᠎ᠠ ᠵᠢᠨ ᠵᠢᠯ ᠪᠦᠷᠢ 6000  ᠲᠦᠭᠦᠷᠢᠭ᠎ᠤᠨ  ᠪᠡᠯᠡ  ᠮᠦᠩᠭᠦ᠎ᠪᠠᠷ ᠲᠤᠰᠠᠯᠠᠨ᠂  ᠨᠡᠢ᠌ᠲᠡ  ᠲᠤᠰᠠᠯᠠᠬᠤ ᠪᠡᠯᠡ ᠮᠦᠩᠭᠦᠨ᠎ᠤ ᠲᠤᠭ᠎ᠠ ᠵᠢ 18000 ᠲᠦᠭᠦᠷᠢᠭ᠎ᠠᠴᠠ  ᠬᠡᠲᠦᠷᠡᠬᠦᠯᠬᠦ ᠦᠬᠡᠢ᠃

 

ᠢᠷᠡᠯᠲᠡ᠄ ᠦᠪᠤᠷ ᠮᠤᠡᠭᠭᠤᠯ᠎ᠤᠨ 《ᠨᠡᠢ᠌ᠬᠡᠮ》 ᠰᠡᠳᠬᠦᠯ
          
ᠬᠠᠮᠢᠶ᠎ᠡ ᠪᠦᠬᠦᠢ ᠰᠣᠨᠢᠨ
ᠲᠠᠢ᠌ᠯᠤᠮᠵᠢ ᠵᠢᠷᠤᠭ ᠭᠠᠮᠰᠢᠭ ᠪᠠ ᠬᠢᠵᠢᠭ᠎ᠲᠤ ᠨᠦᠯᠤᠭᠡᠯᠡᠭᠳᠡᠭᠰᠡᠨ ᠬᠦᠴᠢᠷᠳᠡᠯᠳᠡᠢ ᠤᠯᠠᠨ ᠲᠦᠮᠡᠨ᠎ᠤ ᠦᠨᠳᠤᠰᠤᠨ ᠠᠮᠢᠳᠤᠷᠠᠯ᠎ᠤᠨ ᠪᠠᠳᠤᠯᠠᠭ᠎ᠠ
ᠲᠠᠢ᠌ᠯᠤᠮᠵᠢ ᠵᠢᠷᠤᠭ ᠬᠤᠶᠠᠷ᠄ ᠬᠢᠵᠢᠭ᠎ᠢ ᠰᠡᠷᠬᠡᠢ᠌ᠯᠡᠬᠦ᠎ᠳᠤ ᠬᠦᠮᠦᠨ ᠪᠦᠬᠦᠨ ᠬᠠᠷᠢᠭᠤᠴᠠᠯᠭ᠎ᠠ᠎ᠲᠠᠢ
ᠲᠠᠢ᠌ᠯᠤᠮᠵᠢ ᠵᠢᠷᠤᠭ᠄ ᠨᠠᠭ᠋ᠠᠳᠤ ᠵᠠᠬ᠎ᠠ ᠵᠢᠨ ᠠᠮᠢᠳᠤᠷᠠᠯ᠎ᠤᠨ ᠪᠠᠳᠤᠯᠠᠭ᠎ᠠ ᠡᠷᠡᠮᠡᠯᠵᠡᠯᠡᠬᠦ ᠠᠯᠬᠤᠮ ᠲᠠᠷᠠᠭ᠎ᠠ
ᠲᠠᠢ᠌ᠯᠤᠮᠵᠢ ᠵᠢᠷᠤᠭ᠄ ᠵᠡᠮᠳᠡᠭᠴᠤᠳ᠎ᠤᠨ ᠬᠤᠶᠠᠷ ᠨᠦᠬᠦᠪᠤᠷᠢ ᠵᠢ ᠬᠡᠳᠤᠢ ᠬᠤᠭᠤᠴᠠᠭ᠋ᠠᠨ᠎ᠳᠤ ᠨᠢᠬᠡ ᠠᠪᠬᠤ ᠪᠤᠢ? ᠶᠠᠭ᠋ᠠᠬᠢᠵᠤ ᠠᠪᠬᠤ ᠪᠤᠢ?
ᠲᠠᠢ᠌ᠯᠤᠮᠵᠢ ᠵᠢᠷᠤᠭ᠄ ᠭᠠᠮᠰᠢᠭ ᠪᠠ ᠬᠢᠵᠢᠭ᠎ᠲᠤ ᠨᠦᠯᠦᠭᠡᠯᠡᠭᠳᠡᠭᠰᠡᠨ ᠬᠦᠴᠢᠷᠳᠡᠯᠳᠡᠢ ᠤᠯᠠᠨ ᠲᠦᠮᠡᠨ᠎ᠤ ᠦᠨᠳᠤᠰᠤᠨ ᠠᠮᠢᠳᠤᠷᠠᠯ᠎ᠤᠨ ᠪᠠᠳᠤᠯᠠᠭ᠎ᠠ2 ᠰᠠᠢ᠌ᠳᠤᠷ ᠬᠢᠬᠦ ᠲᠤᠬᠠᠢ ᠠᠷᠠᠳ᠎ᠤᠨ ᠶᠠᠪᠤᠳᠠᠯ᠎ᠤᠨ ᠶᠠᠮᠤᠨ᠎ᠤ ᠠᠯᠪᠠᠨ ᠲᠢᠡᠭᠬᠢᠮ᠎ᠤᠨ ᠮᠡᠳᠡᠭᠳᠡᠯ᠎ᠤᠨ ᠭᠤᠤᠯ ᠠᠭᠤᠯᠭ᠎ᠠ
 
            