ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠢᠯᠡ ᠵᠠᠰᠠᠭ   -   ᠲᠥᠷᠥ᠎ᠶᠢᠨ ᠪᠣᠳᠣᠯᠭ᠎ᠠ᠎ᠶᠢᠨ ᠲᠠᠶ᠋ᠢᠯᠤᠮᠵᠢ
《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠠᠢ᠌ᠨ ᠳᠤᠷ᠎ᠠ ᠵᠢᠨ ᠦᠢ᠍ᠯᠡᠴᠢᠯᠡᠭᠡᠨ᠎ᠤ ᠳᠦᠷᠢᠮ》᠎ᠢ ᠨᠡᠢ᠌ᠳᠡᠯᠡᠭᠰᠡᠨ᠎ᠨᠢ ᠰᠠᠢ᠌ᠨ ᠳᠤᠷ᠎ᠠ ᠵᠢᠨ ᠦᠢ᠍ᠯᠡᠴᠢᠯᠡᠭᠡᠨ᠎ᠤ ᠦᠢ᠍ᠯᠡᠰ᠎ᠤᠨ ᠬᠥᠭᠵᠢᠯᠲᠡ᠎ᠳᠤ ᠪᠠᠲᠤᠯᠠᠭ᠎ᠠ ᠬᠠᠡᠭᠭ᠋ᠠᠬᠤ ᠪᠤᠯᠤᠨ᠎ᠠ
ᠨᠡᠶᠢᠲᠡᠯᠡᠭᠰᠡᠨ ᠴᠠᠭ᠄ 2022-09-30

    9 ᠳ᠋ᠤᠬᠡᠷ ᠰᠠᠷ᠎ᠠ ᠵᠢᠨ 28᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠠᠷᠪᠠᠨ ᠭᠤᠷᠪᠠᠳᠤᠭ᠋ᠠᠷ ᠬᠤᠭᠤᠴᠠᠭ᠋ᠠᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠪᠠᠢ᠌ᠩᠭᠤ ᠵᠢᠨ ᠬᠣᠷᠢᠶ᠎ᠠ ᠵᠢᠨ ᠭᠤᠴᠢᠨ ᠳᠣᠯᠣᠳᠤᠭ᠋ᠠᠷ ᠬᠤᠷᠠᠯ᠎ᠠᠴᠠ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠠᠢ᠌ᠨ ᠳᠤᠷ᠎ᠠ ᠵᠢᠨ ᠦᠢ᠍ᠯᠡᠴᠢᠯᠡᠭᠡᠨ᠎ᠤ ᠳᠦᠷᠢᠮ (ᠲᠥᠰᠥᠯ᠎ᠤᠨ ᠨᠣᠣᠷᠠᠭ)》᠎ᠢ ᠪᠦᠷᠢᠨ ᠪᠢᠯᠧᠲ ᠵᠶ᠋ᠡᠷ ᠪᠠᠲᠤᠯᠠᠪᠠ᠂ 2022 ᠣᠨ᠎ᠤ 11 ᠳ᠋ᠦᠭᠡᠷ ᠰᠠᠷ᠎ᠠ ᠵᠢᠨ 1᠎ᠤ ᠡᠳᠦᠷ᠎ᠠᠴᠠ ᠡᠬᠢᠯᠡᠵᠦ ᠬᠡᠷᠡᠭᠵᠢᠭᠦᠯᠦᠨ᠎ᠡ᠃ ᠡᠨᠡ ᠪᠣᠯ ᠮᠠᠨ᠎ᠤ ᠣᠷᠣᠨ᠎ᠤ ᠰᠠᠢ᠌ᠨ ᠳᠤᠷ᠎ᠠ ᠵᠢᠨ ᠦᠢ᠍ᠯᠡᠴᠢᠯᠡᠭᠡᠨ᠎ᠤ ᠠᠵᠢᠯ᠎ᠢ ᠵᠢᠷᠤᠮᠵᠢᠭᠤᠯᠬᠤ ᠣᠷᠣᠨ ᠨᠤᠲᠤᠭ᠎ᠤᠨ ᠴᠢᠨᠠᠷᠲᠠᠢ ᠠᠩᠬᠠᠳᠠᠭᠴᠢ ᠬᠠᠤᠯᠢ ᠲᠦᠷᠢᠮ᠂ ᠮᠠᠨ᠎ᠤ ᠣᠷᠣᠨ᠎ᠤ ᠰᠠᠢ᠌ᠨ ᠳᠤᠷ᠎ᠠ ᠵᠢᠨ ᠦᠢ᠍ᠯᠡᠴᠢᠯᠡᠭᠡᠨ᠎ᠤ ᠵᠣᠬᠢᠶᠠᠨ ᠪᠠᠢ᠌ᠭᠤᠯᠤᠯᠲᠠ᠂ ᠰᠠᠢ᠌ᠨ ᠳᠤᠷ᠎ᠠ ᠵᠢᠨ ᠠᠵᠢᠯᠯᠠᠭᠴᠢ᠂ ᠰᠠᠢ᠌ᠨ ᠳᠤᠷ᠎ᠠ ᠵᠢᠨ ᠦᠢ᠍ᠯᠡᠴᠢᠯᠡᠬᠡ ᠬᠦᠷᠳᠡᠭᠰᠡᠳ᠎ᠤᠨ ᠬᠠᠤᠯᠢ ᠶᠣᠰᠣᠨ᠎ᠤ ᠡᠷᠬᠡ ᠠᠰᠢᠭ᠎ᠢ ᠪᠠᠲᠤᠯᠠᠬᠤ᠂ ᠰᠠᠢ᠌ᠨ ᠳᠤᠷ᠎ᠠ ᠵᠢᠨ ᠦᠢ᠍ᠯᠡᠴᠢᠯᠡᠭᠡᠨ᠎ᠤ ᠤᠷᠮᠠᠰᠢᠭᠤᠯᠬᠤ ᠱᠠᠩᠨᠠᠬᠤ ᠲᠣᠷᠭ᠋ᠠᠬᠤ ᠲᠣᠭᠲᠠᠴᠠ ᠵᠢ ᠲᠡᠭᠦᠯᠳᠡᠷᠵᠢᠭᠦᠯᠬᠦ᠂ ᠰᠠᠢ᠌ᠨ ᠳᠤᠷ᠎ᠠ ᠵᠢᠨ ᠦᠢ᠍ᠯᠡᠴᠢᠯᠡᠭᠡᠨ᠎ᠤ ᠦᠢ᠍ᠯᠡᠰ᠎ᠢ ᠬᠥᠭᠵᠢᠭᠦᠯᠬᠦ᠎ᠳᠤ ᠴᠢᠬᠤᠯᠠ ᠠᠴᠢ ᠬᠣᠯᠪᠣᠭᠳᠠᠯ᠎ᠲᠠᠢ ᠶᠤᠮ᠃
    《ᠳᠦᠷᠢᠮ》᠎ᠳᠤ ᠰᠠᠢ᠌ᠨ ᠳᠤᠷ᠎ᠠ ᠵᠢᠨ ᠦᠢ᠍ᠯᠡᠴᠢᠯᠡᠭᠡᠨ᠎ᠤ ᠬᠠᠮᠢᠶᠠᠷᠤᠯᠲᠠ ᠵᠢᠨ ᠪᠠᠢ᠌ᠭᠤᠯᠤᠯ᠎ᠢ ᠰᠢᠯᠤᠭᠤᠳᠬᠠᠪᠠ᠃  ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠣᠶᠤᠨ᠎ᠤ ᠪᠣᠯᠪᠠᠰᠤᠨ᠎ᠤ ᠪᠠᠢ᠌ᠭᠤᠯᠤᠯᠲᠠ ᠵᠢᠨ ᠵᠢᠯᠤᠭᠣᠳᠬᠤ ᠪᠠᠢ᠌ᠭᠤᠯᠤᠮᠵᠢ᠎ᠳᠤ ᠰᠠᠢ᠌ᠨ ᠳᠤᠷ᠎ᠠ ᠵᠢᠨ ᠦᠢ᠍ᠯᠡᠴᠢᠯᠡᠭᠡᠨ᠎ᠤ ᠠᠵᠢᠯ᠎ᠤᠨ ᠵᠣᠬᠢᠴᠠᠭᠤᠯᠬᠤ ᠲᠣᠭᠲᠠᠴᠠ ᠵᠢ ᠪᠠᠢ᠌ᠭᠤᠯᠤᠨ᠎ᠠ᠃ ᠠᠷᠠᠳ᠎ᠤᠨ ᠶᠠᠪᠤᠳᠠᠯ᠎ᠤᠨ ᠰᠠᠯᠠᠭ᠎ᠠ ᠮᠥᠴᠢᠷ᠎ᠤᠨ ᠰᠠᠢ᠌ᠨ ᠳᠤᠷ᠎ᠠ ᠵᠢᠨ ᠦᠢ᠍ᠯᠡᠴᠢᠯᠡᠭᠡᠨ᠎ᠤ ᠵᠠᠰᠠᠭ ᠵᠠᠬᠢᠷᠭ᠋ᠠᠨ᠎ᠤ ᠬᠠᠮᠢᠶᠠᠷᠤᠯᠲᠠ ᠵᠢᠨ ᠲᠤᠬᠠᠢ ᠴᠢᠳᠠᠪᠬᠢ ᠵᠢ ᠨᠠᠷᠢᠯᠢᠬ᠍ᠵᠢᠭᠤᠯᠪᠠ᠃ ᠡᠪ ᠬᠠᠮᠲᠤ ᠵᠠᠯᠠᠭᠤᠴᠤᠳ᠎ᠤᠨ ᠡᠪᠯᠡᠯ᠎ᠤᠨ ᠪᠣᠳᠠᠲᠠᠢ ᠡᠭᠦᠷᠭᠡ ᠬᠠᠷᠢᠭᠤᠴᠠᠯᠭ᠎ᠠ ᠵᠢ ᠲᠣᠳᠣᠷᠬᠠᠢ᠌ᠯᠠᠪᠠ᠃
    《ᠳᠦᠷᠢᠮ》᠎ᠨᠢ ᠰᠠᠢ᠌ᠨ ᠳᠤᠷ᠎ᠠ ᠵᠢᠨ ᠦᠢ᠍ᠯᠡᠴᠢᠯᠡᠭᠡ ᠵᠢ ᠵᠢᠷᠤᠮᠵᠢᠭᠤᠯᠤᠨ ᠬᠥᠭᠵᠢᠭᠦᠯᠬᠦ ᠵᠢ ᠬᠥᠲᠥᠯᠥᠨ ᠵᠢᠯᠤᠭᠤᠳᠬᠤ ᠪᠤᠯᠤᠨ᠎ᠠ᠃ ᠥᠪᠡᠷᠲᠡᠭᠡᠨ ᠵᠠᠰᠠᠬᠤ ᠣᠷᠣᠨ᠎ᠠᠴᠠ ᠰᠠᠢ᠌ᠨ ᠳᠤᠷ᠎ᠠ ᠵᠢᠨ ᠠᠵᠢᠯᠯᠠᠭᠴᠢ ᠵᠢ ᠳᠠᠩᠰᠠᠯᠠᠬᠤ ᠳᠦᠷᠢᠮ᠎ᠢ ᠪᠠᠢ᠌ᠭᠤᠯᠤᠨ ᠲᠡᠬᠦᠯᠳᠡᠷᠵᠢᠬᠦᠯᠤᠨ᠎ᠡ᠃ ᠰᠠᠢ᠌ᠨ ᠳᠤᠷ᠎ᠠ ᠵᠢᠨ ᠠᠵᠢᠯᠯᠠᠭᠴᠢ ᠵᠢᠨ ᠡᠷᠬᠡ ᠡᠭᠦᠷᠭᠡ ᠪᠠ ᠰᠠᠢ᠌ᠨ ᠳᠤᠷ᠎ᠠ ᠵᠢᠨ ᠦᠢ᠍ᠯᠡᠴᠢᠯᠡᠭᠡᠨ᠎ᠤ ᠵᠣᠬᠢᠶᠠᠨ ᠪᠠᠢ᠌ᠭᠤᠯᠤᠯᠲᠠ ᠵᠢᠨ ᠲᠤᠰᠢᠶᠠᠯ ᠬᠠᠷᠢᠭᠤᠴᠠᠯᠭ᠎ᠠ ᠵᠢ ᠲᠣᠳᠣᠷᠬᠠᠢ᠌ᠯᠠᠪᠠ᠃ ᠰᠠᠢ᠌ᠨ ᠳᠤᠷ᠎ᠠ ᠵᠢᠨ ᠠᠵᠢᠯᠯᠠᠭᠴᠢ ᠵᠢᠨ ᠰᠠᠢ᠌ᠨ ᠳᠤᠷ᠎ᠠ ᠵᠢᠨ ᠦᠢ᠍ᠯᠡᠴᠢᠯᠡᠭᠡᠨ᠎ᠤ ᠵᠣᠬᠢᠶᠠᠨ ᠪᠠᠢ᠌ᠭᠤᠯᠤᠯᠲᠠ᠎ᠳᠤ ᠣᠷᠤᠯᠴᠠᠬᠤ ᠵᠢ ᠳᠡᠮᠵᠢᠵᠦ᠂ ᠰᠠᠢ᠌ᠨ ᠳᠤᠷ᠎ᠠ ᠵᠢᠨ ᠦᠢ᠍ᠯᠡᠴᠢᠯᠡᠭᠡᠨ᠎ᠤ ᠠᠵᠢᠯᠯᠠᠭ᠎ᠠ ᠵᠢᠨ ᠵᠣᠬᠢᠶᠠᠨ ᠪᠠᠢ᠌ᠭᠤᠯᠤᠯᠴᠠᠬᠤ᠂ ᠵᠢᠷᠤᠮᠵᠢᠭᠤᠯᠬᠤ᠂ ᠲᠤᠰᠬᠠᠢ᠌ᠵᠢᠬᠤ ᠲᠦᠪᠰᠢᠨ᠎ᠢ ᠲᠡᠭᠡᠭᠰᠢᠯᠡᠬᠦᠯᠬᠦ ᠪᠤᠯᠤᠨ᠎ᠠ᠃  ᠪᠢᠴᠢᠭ ᠵᠶ᠋ᠡᠷ ᠵᠥᠪᠯᠡᠯᠴᠡᠭᠡᠷ ᠲᠣᠭᠲᠠᠬᠤ ᠵᠢ ᠵᠣᠷᠢᠭᠵᠢᠭᠤᠯᠬᠤ ᠪᠠᠢ᠌ᠳᠠᠯ᠎ᠢ ᠨᠠᠷᠢᠯᠢᠭᠵᠢᠭᠤᠯᠵᠤ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠷᠠᠳ᠎ᠤᠨ ᠶᠠᠪᠤᠳᠠᠯ᠎ᠤᠨ ᠰᠠᠯᠠᠭ᠎ᠠ ᠮᠥᠴᠢᠷ᠎ᠤᠨ᠎ᠬᠢᠨ ᠪᠢᠴᠢᠭ᠎ᠤᠨ ᠵᠥᠪᠯᠡᠯᠴᠡᠭᠡᠷ᠎ᠤᠨ  ᠬᠡᠷ᠎ᠡ ᠵᠢᠨ ᠲᠦᠷᠢᠮᠵᠢᠭᠰᠡᠨ ᠬᠡᠪ᠎ᠢ ᠲᠣᠭᠲᠠᠭ᠋ᠠᠵᠤ᠂ ᠰᠠᠢ᠌ᠨ ᠳᠤᠷ᠎ᠠ ᠵᠢᠨ ᠦᠢ᠍ᠯᠡᠴᠢᠯᠡᠭᠡᠨ᠎ᠤ ᠵᠥᠪᠯᠡᠯᠴᠡᠭᠡᠷ ᠲᠣᠭᠲᠠᠬᠤ᠎ᠳᠤ ᠵᠢᠯᠣᠭᠣᠳᠤᠯᠭ᠎ᠠ ᠬᠠᠩᠭ᠋ᠠᠬᠤ ᠬᠡᠷᠡᠭᠲᠡᠢ ᠭᠡᠵᠦ ᠴᠢᠬᠤᠯᠠᠴᠢᠯᠠᠪᠠ᠃
   《ᠳᠦᠷᠢᠮ》᠎ᠳᠤ ᠰᠠᠢ᠌ᠨ ᠳᠤᠷ᠎ᠠ ᠵᠢᠨ ᠦᠢ᠍ᠯᠡᠴᠢᠯᠡᠭᠡᠨ᠎ᠤ ᠪᠠᠲᠤᠯᠠᠭ᠎ᠠ ᠵᠢᠨ ᠡᠷᠴᠢᠮ᠎ᠢ ᠴᠢᠩᠭ᠋ᠠᠷᠠᠭᠤᠯᠪᠠ᠃ ᠬᠣᠰᠢᠭᠤ ᠰᠢᠶᠠᠨ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ ᠰᠠᠢ᠌ᠨ ᠳᠤᠷ᠎ᠠ ᠵᠢᠨ ᠦᠢ᠍ᠯᠡᠴᠢᠯᠡᠭᠡᠨ᠎ᠤ ᠦᠢ᠍ᠯᠡᠰ᠎ᠤᠨ ᠬᠥᠭᠵᠢᠯᠲᠡ ᠵᠢᠨ ᠵᠠᠷᠤᠳᠠᠯ᠎ᠢ ᠲᠤᠰ ᠱᠠᠲᠤᠨ᠎ᠤ ᠡᠳ᠋᠎ᠤᠨ ᠵᠠᠰᠠᠭ᠎ᠤᠨ ᠲᠥᠰᠥᠪ᠎ᠲᠤ᠎ᠪᠠᠨ ᠣᠷᠣᠭᠤᠯᠬᠤ ᠬᠡᠷᠡᠭᠲᠡᠢ ᠭᠡᠵᠦ ᠲᠣᠭᠲᠠᠭ᠋ᠠᠪᠠ᠃ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠷᠠᠳ᠎ᠤᠨ ᠶᠠᠪᠤᠳᠠᠯ᠎ᠤᠨ ᠰᠠᠯᠠᠭ᠎ᠠ ᠮᠥᠴᠢᠷ᠎ᠠᠴᠠ ᠰᠠᠢ᠌ᠨ ᠳᠤᠷ᠎ᠠ ᠵᠢᠨ ᠦᠢ᠍ᠯᠡᠴᠢᠯᠡᠭᠡᠨ᠎ᠤ ᠲᠣᠭ᠎ᠠ ᠪᠠᠷᠢᠮᠲᠠ ᠵᠢ ᠬᠠᠮᠳᠤ᠎ᠪᠠᠷ ᠬᠡᠷᠡᠭᠯᠡᠬᠦ ᠵᠢ ᠵᠣᠬᠢᠴᠠᠭᠤᠯᠬᠤ ᠲᠣᠭᠲᠠᠴᠠ ᠵᠢ ᠪᠠᠢ᠌ᠭᠤᠯᠵᠤ᠂ ᠰᠠᠢ᠌ᠨ ᠳᠤᠷ᠎ᠠ ᠵᠢᠨ ᠦᠢ᠍ᠯᠡᠴᠢᠯᠡᠭᠡᠨ᠎ᠤ ᠮᠡᠳᠡᠭᠡ ᠵᠠᠩᠭᠢ ᠵᠢᠨ ᠰᠢᠰᠲ᠋ᠧᠮ᠎ᠤᠨ ᠵᠢᠷᠤᠮᠵᠢᠯ᠎ᠤᠨ ᠱᠠᠭ᠋ᠠᠷᠳᠠᠯᠭ᠎ᠠ ᠶᠣᠰᠣᠭ᠋ᠠᠷ ᠲᠣᠭ᠎ᠠ ᠪᠠᠷᠢᠮᠲᠠ ᠵᠢᠨ ᠪᠠᠷᠢᠮᠵᠢᠶ᠎ᠠ ᠵᠢ ᠨᠢᠭᠡᠳᠦᠯᠲᠡᠢ ᠪᠣᠯᠭ᠋ᠠᠵᠤ᠂ ᠰᠠᠢ᠌ᠨ ᠳᠤᠷ᠎ᠠ ᠵᠢᠨ ᠦᠢ᠍ᠯᠡᠴᠢᠯᠡᠭᠡᠨ᠎ᠤ ᠬᠠᠮᠢᠶ᠎ᠠ ᠪᠦᠬᠦᠢ ᠮᠡᠳᠡᠭᠡ ᠵᠠᠩᠭᠢ ᠪᠠ ᠲᠤᠭ᠎ᠠ ᠪᠠᠷᠢᠮᠳᠠ ᠵᠢᠨ ᠡᠬᠢ ᠪᠠᠶᠠᠯᠢᠭ᠎ᠢ ᠨᠡᠢ᠌ᠳᠬᠡᠨ᠎ᠡ᠃
   《ᠳᠦᠷᠢᠮ》᠎ᠳᠤ ᠰᠠᠢ᠌ᠨ ᠳᠤᠷ᠎ᠠ ᠵᠢᠨ ᠦᠢ᠍ᠯᠡᠴᠢᠯᠡᠭᠡᠨ᠎ᠤ ᠤᠷᠮᠠᠰᠢᠭᠤᠯᠤᠨ ᠵᠣᠷᠢᠭᠵᠢᠭᠤᠯᠬᠤ ᠲᠣᠭᠲᠠᠴᠠ ᠵᠢ ᠪᠠᠶᠠᠯᠢᠭᠵᠢᠭᠤᠯᠪᠠ᠃ ᠤᠯᠠᠨ ᠡᠰᠢᠴᠢᠯᠡᠭᠰᠡᠨ ᠰᠠᠢ᠌ᠨ ᠳᠤᠷ᠎ᠠ ᠵᠢᠨ ᠦᠢ᠍ᠯᠡᠴᠢᠯᠡᠭᠡᠨ᠎ᠤ ᠤᠷᠮᠠᠰᠢᠭᠤᠯᠤᠨ ᠵᠣᠷᠢᠭᠵᠢᠭᠤᠯᠬᠤ ᠲᠣᠭᠲᠠᠴᠠ ᠵᠢ ᠪᠠᠶ᠋ᠢᠭᠤᠯᠬᠤ ᠵᠢ ᠵᠣᠷᠢᠭᠵᠢᠭᠤᠯᠬᠤ ᠵᠢᠨ ᠲᠥᠯᠥᠭᠡ 《ᠳᠦᠷᠢᠮ》᠎ᠳᠤ ᠤᠶᠤᠨ᠎ᠤ ᠪᠣᠯᠪᠠᠰᠤᠨ᠎ᠤ ᠪᠠᠢ᠌ᠭᠤᠯᠤᠯᠲᠠ ᠵᠢᠨ ᠵᠢᠯᠤᠭᠣᠳᠬᠤ ᠪᠠᠢ᠌ᠭᠤᠯᠤᠮᠵᠢ᠎ᠨᠢ ᠬᠣᠯᠪᠣᠭᠳᠠᠯ ᠪᠦᠬᠦᠢ ᠰᠠᠯᠠᠭ᠎ᠠ ᠮᠥᠴᠢᠷ᠎ᠲᠠᠢ ᠬᠠᠮᠲᠤᠷᠠᠨ ᠰᠠᠢ᠌ᠨ ᠳᠤᠷ᠎ᠠ ᠵᠢᠨ ᠦᠢ᠍ᠯᠡᠴᠢᠯᠡᠭᠡᠨ᠎ᠤ ᠤᠷᠮᠠᠰᠢᠭᠤᠯᠤᠨ ᠵᠣᠷᠢᠭᠵᠢᠭᠤᠯᠬᠤ ᠠᠴᠢ ᠬᠠᠷᠢᠭᠤ ᠥᠭᠬᠦ ᠳᠦᠷᠢᠮ᠎ᠢ ᠪᠠᠢ᠌ᠭᠤᠯᠵᠤ᠂ ᠰᠤᠷᠭ᠋ᠠᠨ ᠬᠥᠮᠥᠵᠢᠭᠦᠯᠵᠦ ᠪᠣᠯᠪᠠᠰᠤᠷᠠᠭᠤᠯᠬᠤ᠂ ᠠᠵᠢᠯ ᠣᠯᠵᠤ ᠠᠳᠠᠯ ᠦᠢ᠍ᠯᠡᠰ ᠴᠣᠭᠴᠠᠯᠠᠬᠤ᠂ ᠤᠯᠠᠨ ᠨᠡᠶ᠋ᠢᠲᠡ ᠵᠢᠨ ᠦᠢ᠍ᠯᠡᠴᠢᠯᠡᠭᠡ ᠬᠦᠷᠳᠡᠬᠦ ᠵᠡᠷᠭᠡ ᠲᠠᠯ᠎ᠠ᠎ᠪᠠᠷ ᠬᠠᠷᠠᠭ᠋ᠠᠯᠵᠠᠯ᠎ᠤᠨ ᠲᠦᠷᠦ ᠵᠢᠨ ᠪᠣᠳᠣᠯᠭ᠎ᠠ ᠲᠣᠭᠲᠠᠭ᠋ᠠᠬᠤ ᠬᠡᠷᠡᠭᠲᠡᠢ ᠬᠡᠵᠡᠢ᠃ ᠨᠡᠢ᠌ᠭᠡᠮ ᠲᠣᠭᠣᠷᠢᠭ᠎ᠤᠨ ᠰᠠᠢ᠌ᠨ ᠳᠤᠷ᠎ᠠ ᠵᠢᠨ ᠦᠢ᠍ᠯᠡᠴᠢᠯᠡᠭᠡᠨ᠎ᠤ ᠬᠠᠷᠢᠭᠤ ᠥᠭᠬᠦ ᠲᠣᠭᠲᠠᠴᠠ ᠵᠢ ᠲᠡᠭᠦᠯᠳᠡᠷᠵᠢᠭᠦᠯᠬᠦ ᠵᠢ ᠵᠣᠷᠢᠭᠵᠢᠭᠤᠯᠵᠤ᠂ ᠦᠢ᠍ᠯᠡᠴᠢᠯᠡᠭᠡᠨ᠎ᠤ ᠬᠤᠪᠢ ᠬᠤᠷᠠᠮᠳᠤᠭᠤᠯᠬᠤ᠂ ᠦᠢ᠍ᠯᠡᠴᠢᠯᠡᠭᠰᠡᠨ ᠴᠠᠭ᠎ᠢ ᠲᠡᠮᠳᠡᠭᠯᠡᠬᠦ᠂ ᠭᠡᠰᠢᠭᠦᠳ ᠬᠠᠷᠢᠯᠴᠠᠨ ᠬᠠᠪᠰᠤᠷᠤᠯᠴᠠᠬᠤ ᠵᠡᠷᠭᠡ ᠠᠷᠭ᠎ᠠ᠎ᠪᠠᠷ ᠰᠠᠢ᠌ᠨ ᠳᠤᠷ᠎ᠠ ᠵᠢᠨ ᠠᠵᠢᠯᠯᠠᠭᠴᠢᠳ᠎ᠤᠨ ᠰᠠᠢ᠌ᠨ ᠳᠤᠷ᠎ᠠ ᠵᠢᠨ ᠦᠢ᠍ᠯᠡᠴᠢᠯᠡᠭᠡᠨ᠎ᠤ ᠠᠵᠢᠯᠯᠠᠭ᠎ᠠ᠎ᠳᠤ ᠣᠷᠤᠯᠴᠠᠬᠤ ᠵᠢ ᠵᠤᠷᠢᠬ᠍ᠵᠢᠭᠤᠤᠯᠪᠠ᠃ ᠥᠪᠡᠷᠲᠡᠭᠡᠨ ᠵᠠᠰᠠᠬᠤ ᠣᠷᠣᠨ᠎ᠠᠴᠠ ᠰᠠᠢ᠌ᠨ ᠳᠤᠷ᠎ᠠ ᠵᠢᠨ ᠦᠢ᠍ᠯᠡᠴᠢᠯᠡᠭᠡᠨ᠎ᠤ ᠬᠦᠷᠢᠶ᠎ᠡ ᠴᠠᠷᠠᠭ᠎ᠠ᠎ᠳᠤ᠎ᠬᠢ ᠢᠲᠡᠭᠡᠮᠵᠢ ᠵᠢᠨ ᠮᠡᠳᠡᠭᠡ ᠵᠠᠩᠭᠢ ᠵᠢ ᠴᠤᠭᠯᠠᠭᠤᠯᠬᠤ ᠲᠣᠭᠲᠠᠴᠠ ᠵᠢ ᠪᠠᠢ᠌ᠭᠤᠯᠵᠤ᠂ ᠬᠠᠤᠯᠢ ᠶᠣᠰᠣᠭ᠋ᠠᠷ ᠢᠲᠡᠭᠡᠮᠵᠢ ᠵᠢᠨ ᠤᠷᠮᠠᠰᠢᠭᠤᠯᠤᠯ ᠣᠯᠭᠣᠨ᠎ᠠ ᠭᠡᠵᠦ ᠲᠣᠳᠣᠷᠬᠠᠢ ᠲᠣᠭᠲᠠᠭ᠋ᠠᠪᠠ᠃
   《ᠳᠦᠷᠢᠮ》᠎ᠳᠤ ᠰᠠᠢ᠌ᠨ ᠳᠤᠷ᠎ᠠ ᠵᠢᠨ ᠦᠢ᠍ᠯᠡᠴᠢᠯᠡᠭᠡᠨ᠎ᠤ ᠡᠷᠬᠡ᠎ᠳᠤ ᠬᠠᠯᠳᠠᠭᠰᠠᠨ ᠬᠠᠷᠢᠭᠤᠴᠠᠯᠭ᠎ᠠ ᠵᠢ ᠲᠣᠳᠣᠷᠬᠠᠢ ᠲᠣᠭᠲᠠᠭ᠋ᠠᠵᠠᠢ᠃ ᠰᠠᠢ᠌ᠨ ᠳᠤᠷ᠎ᠠ ᠵᠢᠨ ᠦᠢ᠍ᠯᠡᠴᠢᠯᠡᠭᠴᠢᠳ ᠪᠠ ᠰᠠᠢ᠌ᠨ ᠳᠤᠷ᠎ᠠ ᠵᠢᠨ ᠦᠢ᠍ᠯᠡᠴᠢᠯᠡᠭᠴᠢᠳ᠎ᠤᠨ ᠬᠠᠤᠯᠢ ᠶᠣᠰᠣᠨ᠎ᠤ ᠡᠷᠬᠡ ᠠᠰᠢᠭ᠎ᠢ ᠨᠡᠩ ᠰᠠᠢ᠌ᠨ ᠪᠠᠲᠤᠯᠠᠬᠤ ᠵᠢᠨ ᠲᠥᠯᠥᠭᠡ᠂ 《ᠳᠦᠷᠢᠮ》᠎ᠳᠤ ᠰᠠᠢ᠌ᠨ ᠳᠤᠷ᠎ᠠ ᠵᠢᠨ ᠠᠵᠢᠯᠯᠠᠭᠴᠢ᠂ ᠰᠠᠢ᠌ᠨ ᠳᠤᠷ᠎ᠠ ᠵᠢᠨ ᠦᠢ᠍ᠯᠡᠴᠢᠯᠡᠬᠡ ᠬᠦᠷᠳᠡᠭᠰᠡᠳ᠎ᠤᠨ ᠰᠠᠢ᠌ᠨ ᠳᠤᠷ᠎ᠠ ᠵᠢᠨ ᠦᠢ᠍ᠯᠡᠴᠢᠯᠡᠭᠡᠨ᠎ᠤ ᠠᠵᠢᠯᠯᠠᠭ᠎ᠠ ᠳᠤᠮᠳᠠ ᠠᠮᠰᠠᠭᠰᠠᠨ ᠬᠣᠬᠢᠷᠠᠯ᠎ᠤᠨ ᠲᠥᠯᠥᠪᠦᠷᠢ ᠵᠢᠨ ᠬᠠᠷᠢᠭᠤᠴᠠᠯᠭ᠎ᠠ ᠵᠢ ᠲᠣᠳᠣᠷᠬᠠᠢ᠌ᠯᠠᠭᠰᠠᠨ᠎ᠤ ᠬᠠᠮᠲᠤ ᠰᠠᠢ᠌ᠨ ᠳᠤᠷ᠎ᠠ ᠵᠢᠨ ᠠᠵᠢᠯᠯᠠᠭᠴᠢ᠂ ᠰᠠᠢ᠌ᠨ ᠳᠤᠷ᠎ᠠ ᠵᠢᠨ ᠦᠢ᠍ᠯᠡᠴᠢᠯᠡᠭᠡᠨ᠎ᠤ ᠵᠣᠬᠢᠶᠠᠨ ᠪᠠᠢ᠌ᠭᠤᠯᠤᠯᠲᠠ᠂ ᠰᠠᠢ᠌ᠨ ᠳᠤᠷ᠎ᠠ ᠵᠢᠨ ᠦᠢ᠍ᠯᠡᠴᠢᠯᠡᠬᠡ ᠬᠦᠷᠳᠡᠭᠰᠡᠳ ᠰᠠᠢ᠌ᠨ ᠳᠤᠷ᠎ᠠ ᠵᠢᠨ ᠦᠢ᠍ᠯᠡᠴᠢᠯᠡᠭᠡᠨ᠎ᠤ ᠠᠵᠢᠯᠯᠠᠭ᠎ᠠ ᠳᠤᠮᠳᠠ ᠮᠠᠷᠭᠤᠯᠳᠤᠭ᠋ᠠᠨ ᠭᠠᠷᠪᠠᠯ᠂ ᠵᠥᠪᠳᠡᠯᠴᠡᠬᠦ᠂ ᠡᠶᠡᠳᠡᠭᠦᠯᠬᠦ ᠵᠡᠷᠭᠡ ᠠᠷᠭ᠎ᠠ᠎ᠪᠠᠷ ᠰᠢᠢ᠍ᠳᠪᠦᠷᠢᠯᠡᠵᠦ ᠪᠣᠯᠣᠨ᠎ᠠ᠂ ᠪᠠᠰᠠ ᠬᠠᠤᠯᠢ ᠶᠣᠰᠣᠭ᠋ᠠᠷ ᠬᠥᠨᠳᠡᠯᠡᠨ᠎ᠠᠴᠠ ᠲᠠᠰᠤᠯᠤᠭᠤᠯᠬᠤ᠎ᠪᠠᠷ ᠭᠤᠶᠤᠴᠢᠯᠠᠬᠤ ᠪᠤᠶᠤ ᠠᠷᠠᠳ᠎ᠤᠨ ᠰᠢᠭᠦᠬᠦ ᠬᠣᠷᠢᠶᠠᠨ᠎ᠳᠤ ᠵᠠᠭ᠋ᠠᠯᠳᠤᠵᠤ ᠪᠣᠯᠣᠨ᠎ᠠ ᠭᠡᠵᠦ ᠲᠣᠭᠲᠠᠭ᠋ᠠᠵᠠᠢ᠃



  

 

ᠢᠷᠡᠯᠲᠡ᠄ ᠦᠪᠤᠷ ᠮᠤᠡᠭᠭᠤᠯ᠎ᠤᠨ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠲᠢᠡᠭᠭᠢᠮ᠎ᠤᠨ ᠬᠢᠳᠡᠳ ᠰᠦᠯᠵᠢᠶ᠎ᠡ
          
ᠬᠠᠮᠢᠶ᠎ᠡ ᠪᠦᠬᠦᠢ ᠰᠣᠨᠢᠨ
《ᠤᠨᠴᠠᠭ᠋ᠠᠢ ᠬᠦᠴᠢᠷᠳᠡᠯᠳᠡᠢ ᠬᠦᠮᠦᠰ᠎ᠢ ᠡᠷᠬᠢᠵᠤ ᠦᠵᠡᠬᠦ ᠠᠵᠢᠯ᠎ᠢ ᠴᠢᠩᠭ᠋ᠠᠳᠬᠠᠬᠤ ᠲᠤᠬᠠᠢ ᠰᠠᠨᠠᠯ》᠎ᠤᠨ ᠲᠤᠬᠠᠢ ᠲᠠᠢ᠌ᠯᠤᠮᠵᠢ ᠵᠠᠰᠠᠭ ᠵᠠᠬᠢᠷᠭ᠋ᠠᠨ᠎ᠤ ᠵᠢᠷᠤᠮᠵᠢᠯ᠎ᠤᠨ ᠴᠢᠨᠠᠷᠲᠠᠢ ᠪᠢᠴᠢᠭ ᠮᠠᠲ᠋ᠧᠷᠢᠶᠠᠯ᠎ᠤᠨ ᠲᠥᠷᠥ ᠵᠢᠨ ᠪᠣᠳᠣᠯᠭ᠎ᠠ᠎ᠳᠤ ᠲᠠᠢ᠌ᠯᠤᠮᠵᠢ ᠬᠢᠬᠦ ᠠᠵᠢᠯ᠎ᠢ ᠰᠠᠢ᠌ᠲᠤᠷ ᠬᠢᠬᠦ ᠲᠤᠬᠠᠢ ᠪᠣᠳᠠᠲᠠᠢ ᠱᠠᠭ᠋ᠠᠷᠳᠠᠯᠭ᠎ᠠ ᠵᠢ ᠦᠨᠳᠦᠰᠦᠯᠡᠨ᠂ ᠡᠳᠦᠭᠡ ᠮᠠᠨ᠎ᠤ ᠣᠷᠣᠨ᠎ᠤ ᠳᠠᠷᠤᠮᠠᠯᠯᠠᠨ ᠲᠠᠷᠬᠠᠭ᠋ᠠᠭᠰᠠᠨ 《ᠤᠨᠴᠠᠭ᠋ᠠᠢ ᠬᠦᠴᠢᠷᠳᠡᠯᠲᠡᠢ ᠬᠥᠮᠥᠰ᠎ᠢ ᠡᠷᠬᠢᠵᠤ ᠦᠵᠡᠬᠦ ᠠᠵᠢᠯ᠎ᠢ ᠴᠢᠩᠭ᠋ᠠᠳᠬᠠᠬᠤ ᠲᠤᠬᠠᠢ ᠰᠠᠨᠠᠯ》᠎ᠢ ᠲᠠᠢ᠌ᠯᠪᠤᠷᠢᠯᠠᠶ᠎ᠠ
ᠮᠠᠨ᠎ᠤ ᠤᠷᠤᠨ᠎ᠤ ᠨᠠᠰᠤᠵᠢᠯ᠎ᠤᠨ ᠦᠢ᠍ᠯᠡᠴᠢᠯᠡᠭᠡᠨ᠎ᠤ ᠶᠡᠷᠦᠩᠬᠡᠢ᠌ᠯᠡᠭᠰᠡᠨ ᠬᠢᠨᠠᠯᠲᠠ ᠬᠠᠮᠢᠶᠠᠷᠤᠯᠲᠠ ᠵᠢᠨ ᠳᠦᠷᠢᠮ᠎ᠢ ᠲᠡᠬᠦᠯᠳᠡᠷᠵᠢᠬᠦᠯᠤᠨ ᠨᠠᠰᠤᠵᠢᠯ᠎ᠤᠨ ᠦᠢ᠍ᠯᠡᠴᠢᠯᠡᠭᠡᠨ᠎ᠤ ᠴᠢᠨᠠᠷᠯᠢᠭ ᠬᠥᠭᠵᠢᠯᠲᠡ ᠵᠢ ᠠᠬᠢᠭᠤᠯᠬᠤ ᠠᠷᠭ᠎ᠠ᠎ᠤᠨ ᠲᠤᠬᠠᠢ ᠲᠠᠢ᠌ᠯᠤᠮᠵᠢ
ᠦᠪᠤᠷ ᠮᠤᠡᠭᠭᠤᠯ᠎ᠤᠨ ᠦᠪᠡᠷᠳᠡᠬᠡᠨ ᠵᠠᠰᠠᠬᠤ ᠤᠷᠤᠨ᠎ᠤ ᠨᠠᠰᠤᠳᠠᠢ᠌ᠴᠤᠳ᠎ᠤᠨ ᠡᠷᠬᠡ ᠠᠰᠢᠭ᠎ᠢ ᠬᠠᠮᠠᠭ᠋ᠠᠯᠠᠬᠤ ᠲᠦᠷᠢᠮ᠎ᠤᠨ ᠭᠤᠷᠪᠠᠳᠤᠭ᠋ᠠᠷ ᠵᠦᠢ᠍ᠯ᠄
ᠦᠪᠤᠷ ᠮᠤᠡᠭᠭᠤᠯ᠎ᠤᠨ ᠦᠪᠡᠷᠳᠡᠬᠡᠨ ᠵᠠᠰᠠᠬᠤ ᠤᠷᠤᠨ᠎ᠤ ᠨᠠᠰᠤᠳᠠᠢ᠌ᠴᠤᠳ᠎ᠤᠨ ᠡᠷᠬᠡ ᠠᠰᠢᠭ᠎ᠢ ᠬᠠᠮᠠᠭ᠋ᠠᠯᠠᠬᠤ ᠲᠦᠷᠢᠮ᠎ᠤᠨ ᠶᠢᠰᠤᠳᠤᠬᠡᠷ ᠵᠦᠢ᠍ᠯ᠄
ᠦᠪᠤᠷ ᠮᠤᠡᠭᠭᠤᠯ᠎ᠤᠨ ᠦᠪᠡᠷᠳᠡᠬᠡᠨ ᠵᠠᠰᠠᠬᠤ ᠤᠷᠤᠨ᠎ᠤ ᠨᠠᠰᠤᠳᠠᠢ᠌ᠴᠤᠳ᠎ᠤᠨ ᠡᠷᠬᠡ ᠠᠰᠢᠭ᠎ᠢ ᠬᠠᠮᠠᠭ᠋ᠠᠯᠠᠬᠤ ᠲᠦᠷᠢᠮ᠎ᠤᠨ ᠠᠷᠪᠠᠨ ᠭᠤᠷᠪᠠᠳᠤᠭ᠋ᠠᠷ ᠵᠦᠢ᠍ᠯ
 
            