ᠨᠢᠭᠡ᠂ ᠲᠣᠭᠲᠠᠭ᠋ᠠᠭᠰᠠᠨ ᠠᠬᠤᠢ ᠨᠦᠬᠦᠴᠡᠯ
ᠰᠢ ᠵᠢᠨ ᠫᠢᠩ ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢ᠌ᠭᠡᠮ ᠵᠢᠷᠤᠮ᠎ᠤᠨ ᠦᠵᠡᠯ ᠰᠠᠨᠠᠭ᠎ᠠ ᠪᠣᠯᠣᠨ ᠨᠠᠮ᠎ᠤᠨ ᠠᠷᠪᠠ ᠶᠢᠰᠦᠳᠦᠭᠡᠷ ᠶᠡᠬᠡ ᠬᠤᠷᠠᠯ᠂ ᠠᠷᠪᠠ ᠶᠢᠰᠦᠳᠦᠭᠡᠷ ᠬᠤᠭᠤᠴᠠᠭ᠋ᠠᠨ᠎ᠤ ᠤᠳᠠᠭ᠎ᠠ ᠪᠦᠷᠢ ᠵᠢᠨ ᠪᠦᠬᠦᠳᠠ ᠬᠤᠷᠠᠯ᠎ᠤᠨ ᠵᠣᠷᠢᠭ ᠰᠠᠨᠠᠭ᠎ᠠ ᠵᠢ ᠪᠦᠬᠦ ᠲᠠᠯ᠎ᠠ᠎ᠪᠠᠷ ᠨᠠᠢ᠌ᠳᠠᠪᠤᠷᠢᠵᠢᠭᠤᠯᠤᠨ᠂ ᠭᠠᠭᠴᠠᠭ᠋ᠠᠷ ᠵᠶ᠋ᠡᠨ ᠰᠠᠭᠤᠵᠤ ᠪᠠᠢ᠌ᠭ᠎ᠠ᠂ ᠭᠡᠷ᠎ᠲᠤ᠎ᠪᠠᠨ ᠬᠤᠴᠤᠷᠤᠬᠰᠠᠨ᠂ ᠪᠡᠶ᠎ᠡ᠎ᠳᠤ᠎ᠪᠠᠨ ᠵᠦᠪ ᠦᠬᠡᠢ᠂ ᠮᠡᠳᠡᠷᠡᠯ᠎ᠤᠨ ᠡᠪᠡᠳᠴᠢᠨ᠎ᠲᠠᠢ᠂ ᠲᠥᠯᠥᠪᠯᠡᠭᠡᠲᠦ ᠦᠷᠡᠵᠢᠯ᠎ᠤᠨ ᠤᠨᠴᠠᠭ᠋ᠠᠢ ᠭᠡᠷ ᠪᠦᠯᠢ ᠪᠤᠯᠤᠨ ᠬᠦᠴᠢᠷᠳᠡᠯ᠎ᠳᠤ ᠲᠤᠯᠭ᠋ᠠᠷᠠᠭᠰᠠᠨ ᠬᠡᠦᠬᠡᠳ ᠵᠡᠷᠭᠡ ᠤᠨᠴᠠᠭ᠋ᠠᠢ ᠬᠦᠴᠢᠷᠳᠡᠯ᠎ᠲᠠᠢ ᠬᠥᠮᠥᠰ᠎ᠢ ᠬᠠᠯᠠᠮᠵᠢᠯᠠᠬᠤ ᠦᠢ᠍ᠯᠡᠴᠢᠯᠡᠭᠡᠨ᠎ᠤ ᠰᠢᠰᠲᠸᠮ᠎ᠢ ᠲᠡᠭᠦᠯᠳᠡᠷᠵᠢᠭᠦᠯᠵᠦ᠂ ᠬᠦᠴᠢᠷᠳᠡᠯ᠎ᠲᠠᠢ ᠣᠯᠠᠨ ᠲᠦᠮᠡᠨ᠎ᠤ ᠦᠨᠳᠦᠰᠦᠨ ᠪᠠᠲᠤᠯᠠᠭ᠎ᠠ ᠵᠢᠨ ᠲᠣᠣᠷ᠎ᠢ ᠪᠠᠳᠤ ᠪᠠᠢ᠌ᠭᠤᠯᠤᠨ᠂ ᠤᠨᠴᠠᠭ᠋ᠠᠢ ᠬᠦᠴᠢᠷᠳᠡᠯ᠎ᠲᠠᠢ ᠬᠥᠮᠥᠰ᠎ᠲᠤ ᠭᠡᠨᠡᠳᠲᠡ ᠵᠢᠨ ᠪᠠᠴᠢᠮ ᠪᠠᠢ᠌ᠳᠠᠯ᠎ᠳᠤ ᠲᠤᠯᠭ᠋ᠠᠷᠠᠬᠤ ᠦᠶ᠎ᠡ᠎ᠳᠤ ᠴᠠᠭ ᠲᠤᠬᠠᠢᠳᠤᠨᠢ ᠪᠦᠲᠦᠮᠵᠢᠲᠡᠶ ᠲᠤᠰᠠᠯᠠᠬᠤ ᠵᠢ ᠪᠠᠳᠤᠯᠠᠬᠤ ᠵᠢᠨ ᠲᠦᠯᠤᠬᠡ ᠪᠣᠳᠠᠲᠤ ᠪᠠᠢ᠌ᠳᠠᠯ᠎ᠲᠠᠢ᠎ᠪᠠᠨ ᠤᠶᠠᠯᠳᠤᠭᠤᠯᠤᠨ ᠲᠣᠰ ᠰᠠᠨᠠᠯ᠎ᠢ ᠲᠣᠭᠲᠠᠭ᠋ᠠᠪᠠ᠃
ᠬᠣᠶᠠᠷ᠂ ᠡᠷᠭᠢᠵᠦ ᠦᠵᠡᠬᠦ ᠡᠲᠡᠭᠡᠳ
(ᠨᠢᠭᠡ) ᠲᠦᠭᠰᠢᠬᠦᠷᠢ ᠲᠤᠯᠭ᠋ᠠᠷᠠᠵᠤ ᠮᠡᠳᠡᠬᠦ ᠬᠦᠮᠦᠰ (高风险对象)᠃ ᠡᠭᠦᠨ᠎ᠳᠤ 80 ᠨᠠᠰᠤᠨ᠎ᠠᠴᠠ ᠳᠡᠭᠡᠭᠰᠢᠬᠢ ᠭᠠᠭᠴᠠᠭ᠋ᠠᠷ ᠰᠠᠭᠤᠭ᠎ᠠ᠂ ᠭᠡᠷ᠎ᠲᠤ᠎ᠪᠠᠨ ᠬᠣᠴᠣᠷᠤᠭᠰᠠᠨ ᠨᠠᠰᠤᠲᠠᠨ ᠪᠤᠯᠤᠨ ᠠᠷᠽᠬᠠᠶ᠋ᠢᠮ ᠡᠪᠡᠳᠴᠢᠨ (阿尔茨海默症)᠂ ᠨᠤᠴᠢᠳᠠᠢ ᠴᠢᠰᠤᠨ ᠳᠠᠷᠤᠯᠲᠠ ᠥᠨᠳᠥᠷ ᠡᠪᠡᠳᠴᠢᠨ᠂ ᠵᠢᠷᠦᠬᠡᠨ ᠡᠪᠡᠳᠴᠢᠨ ᠵᠡᠷᠭᠡ ᠠᠮᠢ ᠨᠠᠰᠤᠨ᠎ᠳᠤ᠎ᠨᠢ ᠴᠠᠭ ᠢᠮᠠᠭᠲᠠ ᠠᠶᠤᠯᠲᠠᠢ ᠡᠪᠡᠳᠴᠢᠨ᠎ᠲᠠᠢ ᠨᠠᠰᠤᠲᠠᠨ᠂ ᠣᠢ᠌ᠷ᠎ᠠ᠎ᠳᠤ ᠭᠡᠨᠡᠳᠲᠡ ᠵᠢᠨ ᠡᠨᠳᠡᠯ᠂ ᠬᠦᠨᠳᠦ ᠡᠪᠡᠳᠴᠢᠨ᠎ᠳᠤ ᠨᠡᠷᠪᠡᠭᠳᠡᠭᠰᠡᠨ ᠠᠮᠢᠳᠤᠷᠠᠯ᠎ᠤᠨ ᠨᠠᠭ᠋ᠠᠲᠤ ᠵᠠᠬ᠎ᠠ ᠵᠢᠨ ᠪᠠᠲᠤᠯᠠᠭ᠎ᠠ ᠬᠦᠷᠳᠡᠭᠰᠡᠳ ᠪᠠ ᠠᠮᠢᠳᠤᠷᠠᠯ᠎ᠤᠨ ᠨᠠᠭ᠋ᠠᠲᠤ ᠵᠠᠬ᠎ᠠ ᠵᠢᠨ ᠪᠠᠲᠤᠯᠠᠭ᠎ᠠ ᠵᠢᠨ ᠨᠠᠭ᠋ᠠᠨ᠎ᠠ ᠴᠠᠭ᠋ᠠᠨ᠎ᠠ ᠪᠠᠢ᠌ᠭ᠎ᠠ ᠬᠥᠮᠥᠰ᠎ᠢ ᠪᠠᠭᠲᠠᠭ᠋ᠠᠨ᠎ᠠ᠃
(ᠬᠣᠶᠠᠷ) ᠭᠣᠣᠯᠳᠠᠯᠭ᠎ᠠ᠎ᠲᠠᠢ ᠬᠦᠮᠦᠰ᠃ ᠡᠭᠦᠨ᠎ᠳᠤ 70 ᠨᠠᠰᠤᠨ᠎ᠠᠴᠠ ᠳᠡᠭᠡᠭᠰᠢᠬᠢ ᠭᠠᠭᠴᠠᠭ᠋ᠠᠷ ᠰᠠᠭᠤᠭ᠎ᠠ᠂ ᠭᠡᠷ᠎ᠲᠤ᠎ᠪᠠᠨ ᠬᠣᠴᠣᠷᠤᠭᠰᠠᠨ ᠨᠠᠰᠤᠲᠠᠨ᠂ 60 ᠨᠠᠰᠤᠨ᠎ᠠᠴᠠ ᠳᠡᠭᠡᠭᠰᠢᠬᠢ ᠪᠡᠶ᠎ᠡ᠎ᠳᠤ ᠵᠦᠪ ᠦᠬᠡᠢ ᠪᠤᠶᠤ ᠮᠡᠳᠡᠷᠡᠯ᠎ᠨᠢ ᠮᠠᠭᠤ ᠨᠠᠰᠤᠲᠠᠨ᠂ ᠲᠠᠷᠠᠬᠠᠢ ᠠᠰᠠᠷᠠᠨ ᠲᠡᠵᠢᠭᠡᠵᠦ ᠪᠠᠢ᠌ᠭ᠎ᠠ ᠣᠨᠴᠠ ᠬᠦᠴᠢᠷᠳᠡᠯᠲᠡᠢ ᠬᠥᠮᠥᠰ ᠪᠠ ᠲᠥᠯᠥᠪᠯᠡᠭᠡᠲᠦ ᠦᠷᠡᠵᠢᠯ᠎ᠤᠨ ᠣᠨᠴᠠᠭ᠋ᠠᠶ ᠭᠡᠷ ᠪᠦᠯᠢ ᠵᠢᠨ ᠨᠠᠰᠤᠲᠠᠨ᠂ ᠬᠦᠨᠳᠦ ᠡᠪᠡᠳᠴᠢᠨ᠎ᠲᠠᠢ᠂ ᠨᠤᠴᠢᠳᠠᠢ ᠵᠡᠮᠳᠡᠭᠴᠤᠳ᠂ ᠥᠨᠥᠴᠢᠨ ᠬᠡᠦᠬᠡᠳ᠂ ᠬᠦᠴᠢᠷᠳᠡᠯ᠎ᠳᠤ ᠲᠤᠯᠭ᠋ᠠᠷᠠᠭᠰᠠᠨ ᠬᠡᠦᠬᠡᠳ᠎ᠢ ᠪᠠᠭᠲᠠᠭ᠋ᠠᠨ᠎ᠠ᠃
(ᠭᠤᠷᠪᠠ) ᠡᠩ᠎ᠤᠨ ᠬᠦᠮᠦᠰ᠃ ᠡᠭᠦᠨ᠎ᠳᠤ 60 ᠨᠠᠰᠤᠨ᠎ᠠᠴᠠ ᠳᠡᠭᠡᠭᠰᠢᠬᠢ ᠭᠠᠭᠴᠠᠭ᠋ᠠᠷ ᠰᠠᠭᠤᠭ᠎ᠠ᠂ ᠭᠡᠷ᠎ᠲᠤ᠎ᠪᠠᠨ ᠬᠣᠴᠣᠷᠤᠭᠰᠠᠨ ᠨᠠᠰᠤᠲᠠᠨ᠂ ᠲᠦᠭᠰᠢᠬᠦᠷᠢ ᠲᠤᠯᠭ᠋ᠠᠷᠠᠵᠤ ᠮᠡᠳᠡᠬᠦ ᠬᠦᠮᠦᠰ᠂ ᠭᠣᠣᠯᠳᠠᠯᠭ᠎ᠠ ᠲᠠᠢ ᠬᠦᠮᠦᠰ᠎ᠠᠴᠠ ᠭᠠᠳᠠᠨᠠᠬᠢ ᠬᠣᠲᠠ ᠬᠥᠳᠡᠭᠡ ᠵᠢᠨ ᠲᠠᠷᠠᠬᠠᠢ ᠠᠰᠠᠷᠠᠨ ᠲᠡᠵᠢᠭᠡᠵᠦ ᠪᠠᠢ᠌ᠭ᠎ᠠ ᠣᠨᠴᠠ ᠬᠦᠴᠢᠷᠳᠡᠯ᠎ᠲᠠᠢ ᠬᠥᠮᠥᠰ ᠪᠠ ᠭᠡᠷ᠎ᠲᠤ᠎ᠪᠠᠨ ᠬᠣᠴᠣᠷᠤᠭᠰᠠᠨ ᠬᠡᠦᠬᠡᠳ᠂ ᠭᠡᠷ ᠲᠤ᠎ᠪᠠᠨ ᠬᠣᠴᠣᠷᠤᠭᠰᠠᠨ ᠨᠠᠰᠤᠲᠠᠨ᠂ ᠬᠦᠴᠢᠷᠳᠡᠯ᠎ᠲᠠᠢ ᠠᠵᠢᠯᠲᠠᠨ ᠠᠵᠢᠯᠴᠢᠨ ᠵᠡᠷᠭᠡ ᠪᠠᠭᠲᠠᠨ᠎ᠠ᠃
ᠭᠤᠷᠪᠠ᠂ ᠡᠷᠭᠢᠵᠦ ᠦᠵᠡᠬᠦ ᠠᠷᠭ᠎ᠠ ᠪᠠ ᠠᠭᠤᠯᠭ᠎ᠠ
(ᠨᠢᠭᠡ) ᠲᠣᠭᠲᠠᠮᠠᠯ ᠬᠤᠭᠤᠴᠠᠭ᠎ᠠ᠎ᠲᠠᠢ᠎ᠪᠠᠷ ᠭᠡᠷ᠎ᠲᠤ᠎ᠨᠢ ᠬᠦᠷᠴᠦ ᠡᠷᠬᠢᠵᠤ ᠦᠵᠡᠬᠦ᠃ ᠰᠢᠶᠠᠩ ᠪᠠᠯᠭ᠋ᠠᠰᠤ (ᠵᠡᠭᠡᠯᠢ ᠭᠤᠳᠤᠮᠵᠢ ᠵᠢᠨ ᠬᠡᠷᠡᠭ ᠡᠷᠬᠢᠯᠡᠬᠦ ᠭᠠᠵᠠᠷ) ᠵᠢᠨ ᠠᠷᠠᠳ᠎ᠤᠨ ᠶᠠᠪᠤᠳᠠᠯ᠎ᠤᠨ ᠲᠤᠰᠠᠯᠠᠭᠴᠢ᠂ ᠭᠠᠴᠠᠭ᠎ᠠ ᠲᠣᠰᠬᠣᠨ (ᠰᠠᠭᠤᠭ᠋ᠠᠯᠢ ᠠᠷᠠᠳ᠎ᠤᠨ ᠵᠦᠪᠯᠡᠯ)᠎ᠤ ᠵᠥᠪᠯᠡᠯ᠎ᠤᠨ ᠠᠷᠠᠳ᠎ᠤᠨ ᠶᠠᠪᠤᠳᠠᠯ᠎ᠤᠨ ᠲᠤᠰᠠᠯᠠᠭᠴᠢ᠎ᠨᠢ ᠨᠡᠢ᠌ᠳᠡᠮ ᠰᠤᠷᠪᠤᠯᠵᠢᠯᠠᠬᠤ ᠪᠠ ᠭᠣᠣᠯᠳᠠᠯᠭ᠎ᠠ᠎ᠲᠠᠢ ᠰᠤᠷᠪᠤᠯᠵᠢᠯᠠᠬᠤ ᠵᠢ ᠤᠶᠠᠯᠳᠤᠭᠤᠯᠬᠤ ᠠᠷᠭ᠎ᠠ᠎ᠪᠠᠷ ᠤᠨᠴᠠᠭ᠋ᠠᠢ ᠬᠦᠴᠢᠷᠳᠡᠯᠲᠡᠢ ᠣᠯᠠᠨ ᠲᠦᠮᠡᠨ᠎ᠢ ᠲᠣᠭᠲᠠᠮᠠᠯ ᠬᠤᠭᠤᠴᠠᠭ᠎ᠠ᠎ᠲᠠᠢ᠎ᠪᠠᠷ ᠡᠷᠬᠢᠵᠤ ᠦᠵᠡᠬᠦ ᠬᠡᠷᠡᠭᠲᠡᠢ᠃ ᠠᠶᠤᠯ᠎ᠳᠤ ᠲᠤᠯᠭ᠋ᠠᠷᠠᠵᠤ ᠮᠡᠳᠡᠬᠦ ᠬᠦᠮᠦᠰ᠎ᠤᠨ ᠠᠮᠢᠳᠤᠷᠠᠯ᠎ᠳᠤ ᠨᠤᠴᠢᠳᠠᠢ ᠬᠤᠪᠢᠷᠠᠯᠳᠠ ᠭᠠᠷᠤᠭᠰᠠᠨ᠎ᠤ ᠳᠠᠷᠠᠭ᠎ᠠ 24 ᠴᠠᠭ᠎ᠤᠨ ᠳᠣᠲᠣᠷ᠎ᠠ ᠲᠤᠬᠠᠢ ᠵᠢᠨ ᠭᠠᠵᠠᠷ᠎ᠲᠤᠨᠢ ᠬᠦᠷᠬᠦ ᠬᠡᠷᠡᠭᠳᠡᠢ ᠪᠦᠬᠡᠳ ᠡᠩ᠎ᠤᠨ ᠦᠶ᠎ᠡ᠎ᠳᠤ ᠭᠠᠷᠠᠭ ᠪᠦᠷᠢ ᠠᠳᠠᠭ᠎ᠲᠤ᠎ᠪᠠᠨ ᠨᠢᠭᠡ ᠤᠳᠠᠭ᠎ᠠ ᠡᠷᠬᠢᠵᠤ ᠦᠵᠡᠬᠦ ᠬᠡᠷᠡᠭᠲᠡᠢ᠃ ᠭᠣᠣᠯᠳᠠᠯᠭ᠎ᠠ᠎ᠲᠠᠢ ᠬᠦᠮᠦᠰ᠎ᠢ ᠰᠠᠷ᠎ᠠ ᠪᠦᠷᠢ ᠠᠳᠠᠭ᠎ᠲᠤ᠎ᠪᠠᠨ ᠨᠢᠭᠡ ᠤᠳᠠᠭ᠎ᠠ᠂ ᠡᠩ᠎ᠤᠨ ᠬᠦᠮᠦᠰ᠎ᠢ ᠤᠯᠠᠷᠢᠯ ᠪᠦᠷᠢ ᠠᠳᠠᠭ᠎ᠲᠤ᠎ᠪᠠᠨ ᠨᠢᠭᠡ ᠤᠳᠠᠭ᠎ᠠ ᠡᠷᠬᠢᠵᠤ ᠦᠵᠡᠬᠦ ᠬᠡᠷᠡᠭᠲᠡᠢ᠃
(ᠬᠣᠶᠠᠷ) ᠴᠢᠮᠡᠭᠡ ᠨᠡᠪᠲᠡᠷᠡᠯᠭᠡ᠎ᠪᠠᠷ ᠬᠠᠷᠢᠯᠴᠠᠬᠤ᠃ ᠭᠠᠵᠠᠷ ᠣᠷᠣᠨ᠂ ᠵᠠᠮ ᠬᠠᠷᠢᠯᠴᠠᠭ᠎ᠠ᠂ ᠴᠠᠭ ᠠᠭ᠋ᠠᠷ᠂ ᠠᠵᠢᠯ᠎ᠤᠨ ᠨᠥᠬᠥᠴᠡᠯ᠂ ᠠᠵᠢᠯ᠎ᠤᠨ ᠬᠦᠴᠦᠨ ᠵᠡᠷᠭᠡ ᠪᠤᠰᠤᠳᠴᠢ ᠰᠢᠯᠲᠠᠭ᠋ᠠᠨ᠎ᠠᠴᠠ ᠪᠣᠯᠵᠤ ᠭᠡᠷ᠎ᠲᠤ᠎ᠨᠢ ᠬᠦᠷᠴᠦ ᠲᠡᠢ᠌ᠯᠬᠦ ᠦᠭᠡᠢ ᠪᠣᠯ ᠤᠳᠠᠰᠤᠳᠠᠬᠤ᠂ ᠳ᠋ᠢᠶᠠᠩᠬᠤᠸᠠ ᠶᠠᠪᠤᠭᠤᠯᠬᠤ᠂ ᠸᠢᠴᠠᠲ ᠵᠶ᠋ᠡᠷ ᠶᠠᠷᠢᠬᠤ᠂ ᠸᠢᠳᠢᠤ᠋᠎ᠪᠠᠷ ᠠᠭᠤᠯᠵᠠᠵᠤ᠂ ᠲᠤᠭ᠎ᠠ ᠴᠢᠨᠠᠷ᠎ᠢ ᠵᠠᠪᠠᠯ ᠪᠠᠲᠤᠯᠠᠬᠤ ᠬᠡᠷᠡᠭᠲᠡᠢ᠃
(ᠭᠤᠷᠪᠠ) ᠬᠦᠨᠳᠡᠯᠡᠨ᠎ᠤ ᠡᠳᠡᠬᠡᠳ᠎ᠲᠤ ᠨᠠᠢ᠌ᠳᠠᠵᠤ ᠡᠷᠬᠢᠵᠤ ᠦᠵᠡᠬᠦᠯᠬᠦ᠃ ᠵᠠᠰᠠᠭ᠎ᠤᠨ ᠣᠷᠳᠣᠨ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ᠎ᠠᠴᠠ ᠦᠢ᠍ᠯᠡᠴᠢᠯᠡᠬᠡ ᠬᠤᠳᠠᠯᠳᠤᠨ ᠠᠪᠴᠤ ᠭᠡᠷ ᠪᠦᠯᠢ ᠵᠢᠨ ᠠᠵᠤ ᠠᠬᠤᠢ ᠵᠢᠨ ᠪᠠᠢ᠌ᠳᠠᠯ᠎ᠢ ᠪᠠᠢ᠌ᠴᠠᠭ᠋ᠠᠬᠤ᠂ ᠭᠡᠷ᠎ᠲᠤ᠎ᠬᠢ ᠪᠠ ᠨᠡᠢ᠌ᠭᠡᠮ ᠲᠣᠭᠣᠷᠢᠭ᠎ᠤᠨ ᠨᠠᠰᠤᠵᠢᠯ᠎ᠤᠨ ᠦᠢ᠍ᠯᠡᠴᠢᠯᠡᠭᠡ᠂ ᠨᠠᠰᠤᠨ᠎ᠳᠤ ᠥᠯᠥ ᠬᠦᠷᠦᠭᠰᠡᠳ᠎ᠢ ᠬᠠᠮᠠᠭ᠋ᠠᠯᠠᠬᠤ ᠦᠢ᠍ᠯᠡᠴᠢᠯᠡᠭᠡ ᠵᠢ ᠦᠷᠨᠢᠬᠦᠯᠬᠦ᠎ᠳᠤ᠎ᠪᠠᠨ ᠠᠮᠢᠳᠤᠷᠠᠯ᠎ᠤᠨ ᠨᠠᠭ᠋ᠠᠲᠤ ᠵᠠᠬ᠎ᠠ ᠵᠢᠨ ᠪᠠᠲᠤᠯᠠᠭ᠎ᠠ ᠬᠦᠷᠳᠡᠭᠰᠡᠳ᠂ ᠣᠨᠴᠠ ᠬᠦᠴᠢᠷᠳᠡᠯᠲᠡᠢ ᠬᠥᠮᠥᠰ᠂ ᠭᠠᠭᠴᠠᠭ᠋ᠠᠷ ᠰᠠᠭᠤᠭ᠎ᠠ ᠪᠤᠶᠤ ᠭᠡᠷ᠎ᠲᠤ᠎ᠪᠠᠨ ᠬᠣᠴᠣᠷᠤᠭᠰᠠᠨ ᠨᠠᠰᠤᠲᠠᠨ᠂ ᠪᠡᠶ᠎ᠡ᠎ᠳᠤ᠎ᠪᠠᠨ ᠵᠦᠪ ᠦᠬᠡᠢ ᠪᠤᠶᠤ ᠮᠡᠳᠡᠷᠡᠯ ᠮᠠᠭᠤ ᠨᠠᠰᠤᠲᠠᠨ᠂ ᠲᠠᠷᠠᠬᠠᠢ ᠰᠠᠭᠤᠵᠤ ᠪᠠᠢ᠌ᠭ᠎ᠠ ᠥᠨᠥᠴᠢᠨ ᠬᠡᠦᠬᠡᠳ᠂ ᠪᠣᠳᠠᠲᠠᠢ ᠠᠰᠠᠷᠠᠨ ᠲᠡᠵᠢᠭᠡᠬᠦ ᠬᠥᠮᠥᠨ ᠦᠭᠡᠢ ᠬᠡᠦᠬᠡᠳ᠂ ᠭᠡᠷ᠎ᠲᠤ᠎ᠪᠠᠨ ᠬᠣᠴᠣᠷᠤᠭᠰᠠᠨ ᠬᠡᠦᠬᠡᠳ᠎ᠢ ᠡᠷᠬᠢᠵᠤ ᠦᠵᠡᠬᠦ ᠠᠭᠤᠯᠭ᠎ᠠ ᠵᠢ ᠵᠣᠬᠢᠬᠤ ᠬᠡᠮᠵᠢᠶ᠎ᠡ᠎ᠪᠠᠷ ᠨᠡᠮᠡᠭᠳᠡᠭᠦᠯᠵᠦ᠂ ᠬᠦᠨᠳᠡᠯᠡᠨ᠎ᠤ ᠪᠠᠢ᠌ᠭᠤᠯᠤᠮᠵᠢ ᠪᠠ ᠠᠵᠢᠯᠲᠠᠨ᠎ᠳᠤ ᠨᠠᠢ᠌ᠳᠠᠵᠤ ᠡᠷᠬᠢᠵᠤ ᠦᠵᠡᠬᠦᠯᠬᠦ ᠵᠢᠨ ᠬᠠᠮᠲᠤ ᠡᠬᠦᠨ ᠵᠶ᠋ᠡᠷ ᠰᠢᠯᠭ᠋ᠠᠨ ᠠᠪᠴᠤ ᠦᠨᠡᠯᠡᠬᠦ ᠴᠢᠬᠤᠯᠠ ᠯᠠᠪᠯᠠᠯᠳᠠ ᠪᠣᠯᠭ᠋ᠠᠨ᠎ᠠ᠃
(ᠳᠥᠷᠪᠡ) ᠨᠠᠮ᠎ᠤᠨ ᠭᠡᠰᠢᠭᠦᠨ ᠪᠠ ᠰᠠᠢ᠌ᠨ ᠲᠤᠷᠠᠴᠤᠤᠯ ᠬᠤᠤᠰᠯᠠᠨ ᠲᠡᠳᠬᠦᠬᠦ᠃ ᠬᠠᠮᠢᠶ᠎ᠠ ᠪᠦᠬᠦᠢ ᠰᠠᠯᠠᠭ᠎ᠠ ᠮᠥᠴᠢᠷ (ᠨᠢᠬᠡᠴᠢ)᠎ᠤᠨ ᠨᠠᠮ᠎ᠤᠨ ᠡᠭᠦᠷ᠎ᠨᠢ ᠣᠨᠴᠣᠭᠤᠢ ᠬᠦᠴᠢᠷᠳᠡᠯᠲᠡᠢ ᠣᠯᠠᠨ ᠲᠦᠮᠡᠨ᠎ᠯᠦᠭᠡ 《ᠨᠢᠭᠡ᠎ᠨᠢ ᠨᠢᠭᠡᠲᠠᠢ》 ᠬᠣᠣᠰᠯᠠᠨ ᠲᠡᠳᠬᠦᠵᠦ᠂ ᠬᠠᠯᠠᠮᠵᠢᠯᠠᠬᠤ ᠠᠵᠢᠯᠯᠠᠭ᠎ᠠ ᠵᠢ ᠣᠯᠠᠨ ᠬᠡᠯᠪᠡᠷᠢ᠎ᠪᠠᠷ ᠥᠷᠨᠢᠭᠦᠯᠬᠦ ᠳᠤᠮᠳᠠ ᠡᠷᠬᠢᠵᠤ ᠦᠵᠡᠬᠦ ᠦᠷ᠎ᠡ ᠳ᠋ᠦᠩ᠎ᠳᠤ ᠬᠦᠷᠦᠭᠦᠯᠬᠦ ᠵᠢ ᠵᠣᠷᠢᠭᠵᠢᠭᠤᠯᠵᠤ᠂ ᠨᠡᠢ᠌ᠭᠡᠮ ᠲᠣᠭᠣᠷᠢᠭ᠎ᠤᠨ ᠰᠠᠢ᠌ᠨ ᠲᠤᠷᠠᠴᠤᠤᠯ᠎ᠢ ᠢᠳᠡᠪᠬᠢᠲᠡᠢ᠎ᠪᠠᠷ ᠬᠥᠲᠥᠯᠥᠨ ᠵᠢᠯᠤᠭᠣᠳᠴᠤ ᠪᠠᠢ᠌ᠭ᠋ᠠᠳ ᠣᠨᠴᠣᠭᠤᠢ ᠬᠦᠴᠢᠷᠳᠡᠯᠲᠡᠢ ᠣᠯᠠᠨ ᠲᠦᠮᠡᠨ᠎ᠯᠦᠭᠡ ᠬᠣᠣᠰᠯᠠᠨ ᠲᠡᠳᠬᠦᠵᠦ᠂ ᠬᠦᠴᠢᠷᠳᠡᠯᠲᠡᠢ ᠭᠡᠷ ᠪᠦᠯᠢ ᠵᠢᠨ ᠨᠠᠰᠤᠲᠠᠢ᠌ᠴᠤᠳ᠂ ᠬᠡᠦᠬᠡᠳ᠎ᠲᠤ ᠬᠠᠨᠢ ᠪᠣᠯᠬᠤ ᠵᠡᠷᠭᠡ ᠬᠠᠮᠢᠶ᠎ᠠ ᠪᠦᠬᠦᠢ ᠦᠢ᠍ᠯᠡᠴᠢᠯᠡᠭᠡᠨ᠎ᠢ ᠬᠠᠩᠭ᠋ᠠᠨ᠎ᠠ᠃ ᠬᠤᠤᠰᠯᠠᠨ ᠲᠡᠳᠬᠦᠬᠦ ᠨᠠᠮ᠎ᠤᠨ ᠡᠭᠦᠷ᠂ ᠰᠠᠢ᠌ᠨ ᠲᠤᠷᠠᠴᠤᠤᠯ᠎ᠨᠢ ᠣᠨᠴᠠ ᠬᠦᠴᠢᠷᠳᠡᠯᠲᠡᠢ ᠤᠯᠠᠨ ᠲᠦᠮᠡᠨ᠎ᠳᠤ ᠬᠠᠷᠢᠯᠴᠠᠬᠤ ᠺᠠᠷᠲ ᠣᠯᠭᠣᠵᠤ᠂ ᠬᠦᠴᠢᠷᠳᠡᠯᠲᠡᠢ ᠤᠯᠠᠨ ᠲᠦᠮᠡᠨ᠎ᠤ ᠬᠠᠷᠢᠯᠴᠠᠬᠤ᠎ᠳᠤ ᠲᠦᠭᠦᠮ ᠦᠵᠡᠭᠦᠯᠬᠦ ᠬᠡᠷᠡᠭᠲᠡᠢ᠃
(ᠲᠠᠪᠤ) ᠲᠤᠢ᠌ᠷᠦᠯ ᠰᠡᠳᠦᠠ ᠬᠥᠷᠰᠢ ᠵᠡᠷᠭᠡᠯᠡᠳᠡᠭᠡ᠎ᠪᠠᠷ ᠵᠶ᠋ᠡᠨ ᠬᠠᠷᠢᠯᠴᠠᠨ ᠬᠠᠪᠰᠤᠷᠴᠤ ᠬᠠᠷᠢᠯᠴᠠᠨ ᠲᠤᠰᠠᠯᠠᠯᠴᠠᠬᠤ᠃ ᠠᠰᠠᠷᠠᠨ ᠲᠡᠵᠢᠭᠡᠬᠦ᠂ ᠠᠰᠠᠷᠠᠨ ᠲᠡᠵᠢᠭᠡᠬᠦ᠂ ᠠᠰᠠᠷᠠᠨ ᠲᠡᠵᠢᠭᠡᠭᠴᠢ᠎ᠠᠴᠠ ᠭᠡᠷ᠎ᠲᠡᠭᠡᠨ ᠬᠣᠴᠣᠷᠤᠭᠰᠠᠨ ᠨᠠᠰᠤᠲᠠᠨ᠂ ᠬᠡᠦᠬᠡᠳ᠎ᠲᠤ ᠠᠵᠤ ᠠᠬᠤᠢ ᠵᠢᠨ ᠠᠰᠠᠷᠠᠨ ᠲᠡᠵᠢᠭᠡᠬᠦ᠂ ᠠᠮᠢᠳᠤᠷᠠᠯ᠎ᠤᠨ ᠠᠰᠠᠷᠠᠨ ᠬᠠᠷᠠᠭ᠋ᠠᠯᠵᠠᠬᠤ ᠪᠠ ᠣᠶᠤᠨ ᠰᠠᠨᠠᠭ᠋ᠠᠨ᠎ᠤ ᠲᠠᠢ᠌ᠳᠬᠤᠷᠠᠭᠤᠯᠤᠯ ᠵᠡᠷᠭᠡ ᠡᠭᠦᠷᠭᠡ ᠵᠢ ᠭᠦᠢ᠍ᠴᠡᠳᠬᠡᠬᠦ ᠵᠢ ᠨᠠᠢ᠌ᠳᠠᠪᠤᠷᠢᠵᠢᠭᠤᠯᠤᠨ᠎ᠠ᠃ ᠨᠤᠲᠤᠭ᠎ᠤᠨ ᠠᠬ᠎ᠠ ᠳᠡᠭᠦᠦ ᠨᠠᠷ᠂ ᠲᠥᠷᠥᠯ ᠰᠠᠳᠤᠨ ᠨᠠᠢ᠌ᠵᠠ ᠨᠥᠬᠥᠳ᠎ᠤᠨ ᠵᠶ᠋ᠡᠨ ᠳᠡᠮᠵᠢᠯᠭᠡ ᠳᠤᠲᠠᠮᠠᠭ ᠭᠠᠭᠴᠠᠭ᠋ᠠᠷ ᠰᠠᠭᠤᠭ᠎ᠠ᠂ ᠭᠡᠷ᠎ᠲᠤ᠎ᠪᠠᠨ ᠬᠣᠴᠣᠷᠤᠭᠰᠠᠨ ᠪᠠ ᠲᠥᠯᠥᠪᠯᠡᠭᠡᠲᠦ ᠦᠷᠡᠵᠢᠯ᠎ᠤᠨ ᠤᠨᠴᠠᠭ᠋ᠠᠢ ᠭᠡᠷ ᠪᠦᠯᠢ ᠵᠢᠨ ᠨᠠᠰᠤᠲᠠᠢ᠌ᠴᠤᠳ᠎ᠤᠨ ᠪᠠᠢ᠌ᠳᠠᠯ᠎ᠢ ᠬᠥᠷᠰᠢ᠎ᠨᠢ ᠲᠣᠰᠬᠣᠨ (ᠨᠡᠢ᠌ᠭᠡᠮ ᠲᠣᠭᠣᠷᠢᠭ)᠎ᠳᠤ ᠴᠠᠭ ᠲᠤᠬᠠᠢ ᠲᠠᠮᠵᠢᠭᠤᠯᠬᠤ ᠵᠢ ᠵᠣᠷᠢᠭᠵᠢᠭᠤᠯᠤᠨ᠎ᠠ᠃ ᠠᠳᠠᠯ ᠠᠬᠤᠢ ᠵᠢᠨ ᠺᠣᠮᠫᠠᠨᠢ᠂ ᠵᠢᠵᠢᠭ ᠳᠡᠯᠭᠡᠭᠦᠷ᠂ ᠬᠡᠲᠦ ᠳᠡᠯᠭᠡᠭᠦᠷ᠂ ᠲᠥᠬᠥᠮ ᠳᠡᠯᠭᠡᠭᠦᠷ᠂ ᠢᠳᠡᠰᠢᠨ ᠨᠣᠭᠣᠭ᠎ᠠ ᠵᠢᠨ ᠵᠠᠬ᠎ᠠ ᠳᠡᠯᠭᠡᠭᠦᠷ᠂ ᠡᠷᠡᠭᠦᠯ ᠬᠠᠮᠠᠭ᠋ᠠᠯᠠᠯ᠎ᠤᠨ ᠭᠠᠵᠠᠷ᠂ ᠡᠮ᠎ᠤᠨ ᠳᠡᠯᠭᠡᠭᠦᠷ᠂ ᠦᠰᠦ ᠵᠠᠰᠠᠬᠤ ᠭᠠᠵᠠᠷ ᠵᠡᠷᠭᠡ ᠠᠷᠠᠳ᠎ᠲᠤ ᠲᠥᠬᠥᠮ ᠦᠵᠡᠭᠦᠯᠬᠦ ᠦᠢ᠍ᠯᠡᠴᠢᠯᠡᠭᠡᠨ᠎ᠤ ᠲᠠᠯᠠᠪᠤᠷᠤᠨᠬᠢᠨᠢ ᠨᠠᠰᠤᠲᠠᠢ᠌ᠴᠤᠳ᠎ᠤᠨ ᠠᠮᠢᠳᠤᠷᠠᠯ᠎ᠤᠨ ᠳᠠᠳᠬᠠᠯ᠎ᠢ ᠦᠷᠭᠦᠯᠵᠢ ᠠᠩᠬᠠᠷᠴᠤ᠂ ᠪᠠᠢ᠌ᠳᠠᠯ ᠮᠠᠭᠤ ᠪᠤᠯ ᠲᠣᠰᠬᠣᠨ (ᠨᠡᠢ᠌ᠭᠡᠮ ᠲᠣᠭᠣᠷᠢᠭ)᠎ᠳᠤ ᠴᠠᠭ ᠲᠤᠬᠠᠢᠳᠤᠨᠢ ᠴᠢᠮᠡᠬᠡ ᠬᠠᠡᠭᠭ᠋ᠠᠬᠤ ᠵᠢ ᠬᠦᠳᠤᠯᠤᠨ ᠵᠢᠯᠤᠭᠤᠳᠤᠨ᠎ᠠ᠃
(ᠵᠢᠷᠭᠤᠭ᠎ᠠ) ᠰᠠᠨᠠᠭ᠋ᠠᠴᠢᠯᠠᠭ᠎ᠠ᠎ᠠᠴᠠ᠎ᠪᠠᠨ ᠢᠯᠡᠷᠡᠭᠦᠯᠬᠦ ᠪᠠ ᠣᠶᠤᠨᠴᠢ᠎ᠪᠠᠷ ᠤᠷᠢᠳᠴᠢᠯᠠᠨ ᠰᠡᠷᠡᠮᠵᠢᠯᠡᠭᠦᠯᠦᠨ᠎ᠡ᠃ ᠨᠡᠢ᠌ᠭᠡᠮ᠎ᠤᠨ ᠲᠤᠰᠠᠯᠠᠮᠵᠢ᠂ ᠨᠠᠰᠤᠵᠢᠯ᠎ᠤᠨ ᠦᠢ᠍ᠯᠡᠴᠢᠯᠡᠭᠡᠨ᠂ ᠬᠡᠦᠬᠡᠳ᠎ᠤᠨ ᠠᠰᠠᠷᠠᠮᠵᠢ ᠵᠢᠨ ᠮᠡᠳᠡᠭᠡ ᠵᠠᠩᠭᠢᠵᠢᠯᠲᠠ ᠵᠢᠨ ᠪᠠᠢ᠌ᠭᠤᠯᠤᠯᠲᠠ ᠵᠢ ᠴᠢᠩᠭ᠋ᠠᠳᠬᠠᠵᠤ᠂ ᠬᠠᠮᠢᠶ᠎ᠠ ᠪᠦᠬᠦᠢ ᠮᠡᠳᠡᠭᠡ ᠵᠠᠩᠭᠢ ᠵᠢᠨ ᠰᠢᠰᠲ᠋ᠧᠮ᠎ᠳᠤ ᠡᠷᠬᠢᠵᠤ ᠦᠵᠡᠬᠦ ᠴᠢᠳᠠᠮᠵᠢ ᠵᠢ ᠨᠡᠬᠡᠬᠡᠵᠤ᠂ 《ᠨᠢᠭᠡ ᠬᠥᠮᠥᠨ᠎ᠳᠤ ᠨᠢᠭᠡ ᠲᠠᠩᠰᠠ ᠡᠪᠬᠡᠮᠡᠯ》 ᠪᠠᠢ᠌ᠭᠤᠯᠬᠤ ᠱᠠᠭ᠋ᠠᠷᠳᠠᠯᠭ᠎ᠠ ᠶᠣᠰᠣᠭ᠋ᠠᠷ ᠡᠷᠬᠢᠵᠤ ᠦᠵᠡᠭᠰᠡᠨ ᠮᠡᠳᠡᠭᠡ ᠵᠠᠩᠭᠢ᠎ᠳᠤ ᠬᠥᠳᠡᠯᠦᠩᠭᠦᠢ᠎ᠪᠠᠷ ᠬᠠᠮᠢᠶᠠᠷᠤᠨ᠂ ᠡᠷᠬᠢᠵᠤ ᠦᠵᠡᠬᠦ ᠠᠵᠢᠯ᠎ᠤᠨ ᠡᠬᠡ ᠲᠠᠩᠰᠠ ᠵᠢ ᠪᠠᠶ᠋ᠢᠭᠤᠯᠬᠤ ᠬᠡᠷᠡᠭᠲᠡᠢ᠃ ᠲᠣᠮᠣ ᠳ᠋ᠠᠢ᠌ᠲ᠋ᠠ ᠵᠢᠨ ᠣᠶᠤᠨᠴᠢ ᠵᠠᠳᠠᠯᠤᠯᠲᠠ ᠵᠢ ᠠᠰᠢᠭᠯᠠᠨ᠂ ᠤᠰᠤ᠂ ᠴᠠᠬᠢᠯᠭ᠋ᠠᠨ᠂ ᠳᠤᠯᠠᠭ᠋ᠠᠯᠠᠭ᠎ᠠ᠂ ᠪᠠᠢ᠌ᠭ᠋ᠠᠯᠢ ᠵᠢᠨ ᠰᠢᠲᠠᠮᠠᠬᠠᠢ ᠬᠡᠢ ᠪᠠ ᠪᠤᠰᠤᠳ ᠡᠳᠦᠷ ᠲᠤᠲᠤᠮ᠎ᠤᠨ ᠠᠮᠢᠳᠤᠷᠠᠯ᠎ᠤᠨ ᠴᠢᠬᠤᠯᠠ ᠪᠦᠬᠦᠢ ᠵᠠᠷᠤᠯᠭ᠎ᠠ ᠵᠢᠨ ᠪᠠᠢ᠌ᠳᠠᠯ᠎ᠢ᠎ᠨᠢ ᠬᠢᠨᠠᠵᠤ᠂ ᠲᠦᠭᠰᠢᠭᠦᠷᠢ ᠵᠢᠨ ᠰᠡᠷᠡᠮᠵᠢᠯᠡᠭᠦᠯᠦᠯ᠎ᠢ ᠴᠠᠭ ᠲᠤᠬᠠᠢ᠎ᠳᠤ ᠬᠠᠩᠭ᠋ᠠᠨ᠎ᠠ᠃ ᠭᠡᠷ ᠪᠦᠯᠢ ᠵᠢᠨ ᠨᠠᠰᠤᠵᠢᠯ᠎ᠤᠨ ᠡᠪᠡᠳᠴᠢᠲᠡᠨ᠎ᠤ ᠣᠷᠣ ᠵᠢᠨ ᠪᠠᠢ᠌ᠭᠤᠯᠤᠯᠲᠠ ᠪᠠ ᠨᠠᠰᠤᠵᠢᠯᠲᠠ᠎ᠳᠤ ᠲᠣᠬᠢᠷᠠᠬᠤ ᠥᠭᠡᠷᠡᠴᠢᠯᠡᠯᠲᠡ ᠵᠢ ᠠᠬᠢᠭᠤᠯᠵᠤ᠂ ᠦᠳᠡᠬᠦᠰ᠂ ᠭᠠᠭᠴᠠᠭ᠋ᠠᠷ ᠰᠠᠭᠤᠭ᠎ᠠ ᠨᠠᠰᠤᠲᠠᠨ ᠪᠠ ᠨᠤᠴᠢᠳᠠᠢ ᠵᠡᠮᠳᠡᠭ᠂ ᠬᠦᠨᠳᠦ ᠡᠪᠡᠳᠴᠢᠲᠡᠨ᠎ᠳᠤ ᠴᠢᠬᠤᠯᠠ ᠪᠦᠬᠦᠢ ᠬᠢᠨᠠᠯᠳᠠ᠂ ᠲᠦᠭᠰᠢᠭᠦᠷᠢ ᠵᠢ ᠮᠡᠳᠡᠭᠡᠯᠡᠬᠦ ᠲᠣᠨᠣᠭ ᠲᠥᠬᠦᠭᠡᠷᠦᠮᠵᠢ ᠲᠣᠬᠢᠷᠠᠭᠤᠯᠤᠨ ᠥᠭᠴᠦ᠂ ᠪᠠᠴᠢᠮ ᠭᠡᠨᠡᠳᠲᠡ ᠵᠢᠨ ᠪᠠᠢ᠌ᠳᠠᠯ ᠲᠣᠬᠢᠶᠠᠯᠳᠤᠬᠤ ᠦᠶ᠎ᠡ᠎ᠳᠤ ᠤᠷᠢᠳᠴᠢᠯᠠᠨ ᠰᠡᠷᠡᠮᠵᠢᠯᠡᠭᠦᠯᠬᠦ ᠲᠣᠭᠲᠠᠴᠠ ᠵᠢ ᠳᠠᠷᠤᠢ ᠡᠬᠢᠯᠡᠭᠦᠯᠬᠦ ᠵᠢ ᠵᠠᠪᠠᠯ ᠪᠠᠳᠤᠯᠠᠬᠤ ᠬᠡᠷᠡᠭᠳᠡᠢ᠃
(ᠳᠣᠯᠣᠭ᠎ᠠ) ᠦᠢ᠍ᠯᠡᠴᠢᠯᠡᠭᠡᠨ᠎ᠤ ᠪᠠᠢ᠌ᠡᠭᠭᠤ ᠵᠢᠨ ᠤᠳᠠᠰᠤ ᠪᠠᠴᠢᠮ ᠪᠠᠢ᠌ᠳᠠᠯ᠎ᠤᠨ ᠮᠡᠳᠡᠬᠦᠯᠤᠯᠳᠡ ᠵᠢ ᠴᠠᠭ ᠲᠤᠬᠠᠢᠳᠤᠨᠢ ᠬᠦᠯᠢᠶᠡᠨ ᠠᠪᠤᠨ᠎ᠠ᠃ ᠡᠯ᠎ᠡ ᠱᠠᠲᠤᠨ᠎ᠤ ᠠᠷᠠᠳ᠎ᠤᠨ ᠶᠠᠪᠤᠳᠠᠯ᠎ᠤᠨ ᠰᠠᠯᠠᠭ᠎ᠠ ᠮᠥᠴᠢᠷ 12345 ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠪᠠᠢ᠌ᠡᠭᠭᠤ ᠵᠢᠨ ᠤᠲᠠᠰᠤᠢ ᠰᠠᠭ᠋ᠠᠳ ᠦᠭᠡᠢ ᠨᠠᠪᠲᠠᠷᠡᠭᠦᠯᠵᠦ᠂ ᠬᠦᠴᠢᠷᠳᠡᠯᠲᠡᠢ ᠣᠯᠠᠨ ᠲᠦᠮᠡᠨ᠎ᠤ ᠲᠤᠰᠠᠯᠠᠮᠵᠢ ᠭᠤᠶᠤᠴᠢᠯᠠᠭᠰᠠᠨ ᠲᠠᠷᠤᠢ᠎ᠳᠤ᠎ᠨᠢ ᠬᠠᠷᠢᠭᠤ ᠥᠭᠴᠦ᠂ ᠨᠡᠢ᠌ᠭᠡᠮ᠎ᠤᠨ ᠬᠦᠴᠦᠨ᠎ᠢ ᠳᠠᠶ᠋ᠢᠴᠢᠯᠠᠨ ᠲᠤᠰᠠᠯᠠᠮᠵᠢ ᠭᠤᠶᠤᠴᠢᠯᠠᠬᠰᠠᠨ ᠰᠦᠪᠡᠭᠴᠢ ᠵᠢ ᠳᠡᠭᠡᠭᠰᠢ᠎ᠪᠠᠨ ᠮᠡᠳᠡᠭᠦᠯᠬᠦ ᠬᠡᠷᠡᠭᠲᠡᠢ᠃ ᠡᠷᠭᠢᠵᠦ ᠦᠵᠡᠬᠦ ᠬᠥᠮᠥᠰ ᠦᠢ᠍ᠯᠡᠴᠢᠯᠡᠬᠦ ᠶᠠᠪᠤᠴᠠ᠎ᠳᠤ ᠪᠠᠴᠢᠮ ᠪᠠᠢ᠌ᠳᠠᠯ᠎ᠢ ᠣᠯᠵᠤ ᠮᠡᠳᠡᠪᠡᠯ ᠳᠣᠲᠣᠭ᠋ᠠᠳᠤ ᠵᠢ ᠬᠠᠮᠠᠭ᠋ᠠᠯᠠᠬᠤ (110)᠂ ᠲᠦᠷᠭᠡᠨ ᠠᠪᠤᠷᠠᠬᠤ (120) ᠵᠡᠷᠭᠡ ᠰᠠᠯᠠᠭ᠎ᠠ ᠮᠥᠴᠢᠷ᠎ᠲᠤ ᠲᠠᠷᠤᠢ ᠮᠡᠳᠡᠭᠦᠯᠬᠦ ᠬᠡᠷᠡᠭᠲᠡᠢ᠂ ᠨᠠᠰᠤᠨ᠎ᠳᠤ ᠦᠯᠤ ᠬᠥᠷᠦᠭᠰᠡᠳ᠎ᠲᠤ ᠬᠠᠯᠳᠠᠭᠰᠠᠨ ᠬᠡᠷᠡᠭ᠎ᠢ ᠣᠯᠵᠤ ᠮᠡᠳᠡᠪᠡᠯ ᠵᠠᠪᠠᠯ ᠮᠡᠳᠡᠭᠦᠯᠬᠦ ᠡᠭᠦᠷᠭᠡ᠎ᠪᠠᠨ ᠦᠨᠡᠨ ᠬᠦ᠌ ᠭᠦᠢ᠍ᠴᠡᠳᠬᠡᠬᠦ ᠬᠡᠷᠡᠭᠲᠡᠢ᠃
ᠳᠥᠷᠪᠡ᠂ ᠬᠠᠮᠢᠶ᠎ᠠ ᠪᠦᠬᠦᠢ ᠠᠩᠬᠠᠷᠬᠤ ᠵᠦᠢ᠍ᠯ
(ᠨᠢᠭᠡ) ᠬᠦᠴᠢᠷᠳᠡᠯ᠎ᠲᠠᠢ ᠣᠯᠠᠨ ᠲᠦᠮᠡᠨ᠎ᠤ ᠡᠷᠬᠢᠨ ᠦᠵᠡᠵᠦ ᠬᠠᠯᠠᠮᠵᠢᠯᠠᠬᠤ ᠪᠤᠯ ᠠᠷᠠᠳ᠎ᠤᠨ ᠠᠮᠢᠳᠤᠷᠠᠯ᠎ᠤᠨ ᠠᠵᠨ ᠵᠢᠷᠭ᠋ᠠᠯᠯᠤᠭᠠ ᠬᠣᠯᠪᠣᠭᠳᠠᠬᠤ ᠶᠡᠬᠡ ᠶᠠᠪᠤᠳᠠᠯ ᠮᠥᠨ᠂ ᠵᠣᠬᠢᠶᠠᠨ ᠪᠠᠢ᠌ᠭᠤᠯᠤᠯᠲᠠ ᠵᠢᠨ ᠤᠳᠤᠷᠢᠳᠤᠯᠭ᠎ᠠ ᠪᠠ ᠠᠵᠢᠯ᠎ᠤᠨ ᠵᠢᠯᠣᠭᠣᠳᠤᠯᠭ᠎ᠠ᠎ᠪᠠᠨ ᠴᠢᠩᠭ᠋ᠠᠳᠬᠠᠵᠤ᠂ 《ᠨᠢᠭᠡ ᠡᠷᠦᠬᠡ᠎ᠳᠤ ᠨᠢᠭᠡ ᠲᠠᠩᠰᠠ ᠡᠪᠬᠡᠮᠡᠯ》᠎ᠤᠨ ᠱᠠᠭ᠋ᠠᠷᠳᠠᠯᠭ᠎ᠠ ᠶᠣᠰᠣᠭ᠋ᠠᠷ᠂ ᠡᠷᠬᠢᠨ ᠦᠵᠡᠵᠦ ᠬᠠᠪᠰᠤᠷᠤᠨ ᠲᠡᠳᠬᠦᠭᠰᠡᠨ ᠲᠤᠬᠠᠢ ᠴᠠᠭ ᠲᠠᠷᠤᠢ᠎ᠳᠤ᠎ᠨᠢ ᠠᠵᠢᠯ᠎ᠤᠨ ᠡᠬᠡ ᠲᠠᠩᠰᠠ ᠪᠠᠢ᠌ᠭᠤᠯᠵᠤ᠂ ᠠᠵᠢᠯ᠎ᠤᠨ ᠮᠥᠷᠳᠡᠬᠦ ᠲᠣᠭᠲᠠᠴᠠ ᠵᠢ ᠪᠠᠢ᠌ᠭᠤᠯᠤᠨ᠂ ᠨᠢᠭᠡ ᠡᠷᠦᠬᠡ ᠵᠢ ᠴᠦ᠍ ᠬᠣᠴᠣᠷᠤᠭᠤᠯᠬᠤ ᠦᠭᠡᠢ᠂ ᠠᠯᠳᠠᠯ ᠳᠠᠭ᠋ᠠᠬᠤ ᠵᠢ ᠪᠠᠲᠤᠯᠠᠬᠤ ᠬᠡᠷᠡᠭᠲᠡᠢ᠃
(ᠬᠣᠶᠠᠷ) ᠨᠠᠮ᠎ᠤᠨ ᠪᠠᠢ᠌ᠭᠤᠯᠤᠯᠲᠠ᠎ᠪᠠᠷ ᠬᠥᠲᠥᠯᠥᠨ ᠳᠠᠭ᠋ᠠᠭᠤᠯᠬᠤ ᠵᠢ ᠴᠢᠩᠭ᠋ᠠᠳᠬᠠᠵᠤ᠂ ᠬᠠᠷᠢᠶ᠎ᠠ ᠭᠠᠵᠠᠷ᠎ᠤᠨ ᠬᠠᠷᠢᠭᠤᠴᠠᠯᠭ᠎ᠠ ᠵᠢ ᠨᠠᠢ᠌ᠳᠠᠪᠤᠷᠢᠵᠢᠭᠤᠯᠤᠨ᠎ᠠ᠃ ᠬᠦᠴᠢᠷᠳᠡᠯ᠎ᠲᠠᠢ ᠤᠯᠠᠨ ᠲᠦᠮᠡᠨ᠎ᠳᠤ ᠢᠳᠡᠪᠬᠢᠲᠡᠢ᠎ᠪᠠᠷ ᠪᠣᠳᠠᠲᠤ ᠶᠠᠪᠤᠳᠠᠯ᠂ ᠰᠠᠢ᠌ᠨ ᠶᠠᠪᠤᠳᠠᠯ ᠬᠢᠵᠦ ᠥᠭᠬᠦ ᠬᠡᠷᠡᠭᠲᠡᠢ᠃ ᠬᠦᠴᠢᠷᠳᠡᠯᠲᠡᠢ ᠣᠯᠠᠨ ᠲᠦᠮᠡᠨ᠎ᠤ ᠭᠡᠷ᠎ᠲᠤ ᠰᠠᠨᠠᠭ᠋ᠠᠴᠢᠯᠠᠭ᠎ᠠ᠎ᠠᠴᠠ᠎ᠪᠠᠨ ᠬᠦᠷᠴᠦ ᠡᠷᠬᠢᠵᠤ ᠦᠵᠡᠬᠦ ᠬᠠᠯᠠᠮᠵᠢ ᠦᠢ᠍ᠯᠡᠴᠢᠯᠡᠭᠡ ᠵᠢ ᠥᠷᠨᠢᠭᠦᠯᠵᠦ᠂ ᠰᠠᠨᠠᠭ᠋ᠠᠨ᠎ᠳᠤ ᠦᠬᠡᠢ ᠲᠦᠭᠰᠢᠭᠦᠷᠢ ᠵᠢ ᠢᠳᠡᠪᠬᠢᠲᠡᠢ᠎ᠪᠠᠷ ᠰᠡᠷᠭᠡᠢ᠌ᠯᠡᠬᠦ ᠪᠠ ᠴᠠᠭ ᠲᠤᠬᠠᠢᠳᠤᠨᠢ ᠢᠯᠡᠷᠡᠭᠦᠯᠵᠦ᠂ ᠠᠮᠢᠳᠤᠷᠠᠯ᠎ᠤᠨ ᠳᠤᠮᠳᠠᠬᠢ ᠪᠣᠳᠠᠲᠠᠢ ᠬᠦᠴᠢᠷᠳᠡᠯ᠎ᠢ᠎ᠨᠢ ᠰᠢᠢ᠍ᠳᠪᠦᠷᠢᠯᠡᠨ᠂ ᠡᠷᠬᠢᠵᠤ ᠦᠵᠡᠬᠦ ᠠᠵᠢᠯ᠎ᠤᠨ ᠪᠣᠳᠠᠲᠤ ᠦᠷ᠎ᠡ ᠪᠦᠲᠦᠮᠵᠢ ᠵᠢ ᠪᠠᠲᠤᠯᠠᠬᠤ ᠬᠡᠷᠡᠭᠲᠡᠢ᠃
(ᠭᠤᠷᠪᠠ) ᠡᠯ᠎ᠡ ᠰᠠᠯᠠᠭ᠎ᠠ ᠮᠥᠴᠢᠷ᠂ ᠡᠯ᠎ᠡ ᠰᠢᠶᠠᠩ ᠪᠠᠯᠭ᠋ᠠᠰᠤ (ᠵᠡᠭᠡᠯᠢ ᠭᠤᠳᠤᠮᠵᠢ ᠵᠢᠨ ᠬᠡᠷᠡᠭ ᠡᠷᠬᠢᠯᠡᠬᠦ ᠭᠠᠵᠠᠷ)᠂ ᠲᠣᠰᠬᠣᠨ (ᠨᠡᠢ᠌ᠭᠡᠮ ᠲᠣᠭᠣᠷᠢᠭ)᠎ᠨᠢ ᠲᠣᠰ ᠰᠢᠰᠲ᠋ᠧᠮ᠂ ᠲᠣᠰ ᠬᠠᠷᠢᠶ᠎ᠠ ᠣᠷᠣᠨ᠎ᠤ ᠮᠡᠳᠡᠭᠳᠡᠯ᠂ ᠤᠬᠠᠭᠤᠯᠭ᠎ᠠ ᠵᠢᠨ ᠠᠵᠢᠯ᠎ᠢ ᠰᠠᠢ᠌ᠲᠤᠷ ᠬᠢᠵᠦ᠂ ᠨᠠᠮ᠎ᠤᠨ ᠭᠡᠰᠢᠭᠦᠨ ᠺᠠᠳ᠋ᠷᠴᠤᠳ᠎ᠤᠨ ᠬᠦᠴᠢᠷᠳᠡᠯᠲᠡᠢ ᠣᠯᠠᠨ ᠲᠦᠮᠡᠨ ᠪᠠᠴᠢᠮ ᠪᠠᠢ᠌ᠳᠠᠯ᠎ᠳᠤ ᠲᠤᠯᠭ᠋ᠠᠷᠠᠬᠤ᠎ᠳᠤᠨᠢ ᠠᠪᠤᠷᠠᠨ ᠲᠤᠰᠠᠯᠠᠵᠤ᠂ ᠬᠦᠴᠢᠷᠳᠡᠯ᠎ᠢ᠎ᠨᠢ ᠰᠢᠢ᠍ᠳᠪᠦᠷᠢᠯᠡᠵᠦ ᠥᠭᠬᠦ ᠬᠠᠷᠢᠭᠤᠴᠠᠯᠭ᠎ᠠ ᠵᠢᠨ ᠦᠵᠡᠯ ᠤᠬᠠᠮᠰᠠᠷ᠎ᠢ ᠳᠡᠭᠡᠭᠰᠢᠯᠡᠭᠦᠯᠦᠨ᠂ ᠬᠦᠴᠢᠷᠳᠡᠯᠲᠡᠢ ᠣᠯᠠᠨ ᠲᠦᠮᠡᠨ᠎ᠤ ᠨᠡᠢ᠌ᠭᠡᠮ᠎ᠤᠨ ᠲᠤᠰᠠᠯᠠᠮᠵᠢ ᠵᠢᠨ ᠲᠥᠷᠥ ᠵᠢᠨ ᠪᠣᠳᠣᠯᠭ᠎ᠠ ᠵᠢ ᠣᠢ᠌ᠯᠠᠭ᠋ᠠᠬᠤ ᠬᠡᠮᠵᠢᠶ᠎ᠡ ᠵᠢ ᠳᠡᠭᠡᠭᠰᠢᠯᠡᠭᠦᠯᠵᠦ᠂ ᠨᠡᠢ᠌ᠭᠡᠮ᠎ᠤᠨ ᠲᠤᠰᠠᠯᠠᠮᠵᠢ ᠵᠢᠨ ᠠᠵᠢᠯ᠎ᠢ ᠪᠥᠬᠥ ᠨᠡᠢ᠌ᠭᠡᠮ ᠵᠶ᠋ᠡᠷ ᠵᠶ᠋ᠡᠨ ᠠᠩᠬᠠᠷᠬᠤ᠂ ᠣᠷᠤᠯᠴᠠᠬᠤ᠂ ᠳᠡᠮᠵᠢᠬᠦ᠂ ᠬᠦᠴᠢᠷᠳᠡᠯᠲᠡᠢ ᠣᠯᠠᠨ ᠲᠦᠮᠡᠨ᠎ᠢ ᠬᠠᠮᠳᠤ᠎ᠪᠠᠷ ᠬᠠᠯᠠᠮᠵᠢᠯᠠᠬᠤ ᠰᠠᠢ᠌ᠨ ᠰᠠᠢ᠌ᠬᠠᠨ ᠠᠭᠤᠷ ᠠᠮᠢᠰᠬᠤᠯ᠎ᠢ ᠪᠣᠶ ᠪᠣᠯᠭ᠋ᠠᠬᠤ ᠬᠡᠷᠡᠭᠲᠡᠢ᠃
ᠲᠠᠪᠤ᠂ ᠲᠠᠢ᠌ᠯᠤᠮᠵᠢ ᠬᠢᠬᠦ ᠪᠠᠢ᠌ᠭᠤᠯᠭ᠎ᠠ ᠪᠠ ᠬᠠᠷᠢᠯᠴᠠᠬᠤ ᠠᠷᠭ᠎ᠠ
ᠲᠣᠰ ᠰᠠᠨᠠᠯ᠎ᠢ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠠᠴᠠ ᠬᠠᠷᠢᠭᠤᠴᠠᠨ ᠲᠠᠢ᠌ᠯᠪᠤᠷᠢᠯᠠᠨ᠎ᠠ᠂ ᠪᠣᠳᠠᠲᠠᠢ ᠬᠠᠷᠢᠯᠴᠠᠬᠤ ᠭᠠᠵᠠᠷ ᠭᠡᠷ᠄ ᠨᠠᠰᠤᠵᠢᠯ᠎ᠤᠨ ᠦᠢ᠍ᠯᠡᠴᠢᠯᠡᠭᠡᠨ᠎ᠤ ᠭᠠᠵᠠᠷ᠂ ᠬᠠᠷᠢᠯᠴᠠᠬᠤ ᠤᠲᠠᠰᠤ᠄ 0471 — 6945402᠃