《ᠨᠠᠰᠤᠵᠢᠯ᠎ᠤᠨ ᠦᠢ᠍ᠯᠡᠴᠢᠯᠡᠭᠡᠨ᠎ᠤ ᠶᠡᠷᠦᠩᠬᠡᠢ᠌ᠯᠡᠭᠰᠡᠨ ᠬᠢᠨᠠᠯᠲᠠ ᠬᠠᠮᠢᠶᠠᠷᠤᠯᠲᠠ ᠵᠢᠨ ᠳᠦᠷᠢᠮ᠎ᠢ ᠲᠡᠭᠦᠯᠳᠡᠷᠵᠢᠭᠦᠯᠵᠦ ᠨᠠᠰᠤᠵᠢᠯ᠎ᠤᠨ ᠦᠢ᠍ᠯᠡᠴᠢᠯᠡᠭᠡᠨ᠎ᠤ ᠴᠢᠨᠠᠷᠯᠢᠭ ᠬᠥᠭᠵᠢᠯᠲᠡ ᠵᠢ ᠠᠬᠢᠭᠤᠯᠬᠤ ᠲᠤᠬᠠᠢ ᠲᠥᠷᠥ ᠵᠢᠨ ᠶᠠᠪᠤᠳᠠᠯ᠎ᠤᠨ ᠬᠣᠷᠢᠶᠠᠨ᠎ᠤ ᠠᠯᠪᠠᠨ ᠲᠢᠩᠬᠢᠮ᠎ᠤᠨ ᠰᠠᠨᠠᠯ》 ᠤᠨ ᠵᠣᠷᠢᠭ ᠰᠠᠨᠠᠭ᠎ᠠ ᠵᠢ ᠦᠨᠳᠦᠰᠦᠯᠡᠨ᠂ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ 《ᠨᠠᠰᠤᠵᠢᠯ᠎ᠤᠨ ᠦᠢ᠍ᠯᠡᠴᠢᠯᠡᠭᠡᠨ᠎ᠤ ᠶᠡᠷᠦᠩᠬᠡᠢ᠌ᠯᠡᠭᠰᠡᠨ ᠬᠢᠨᠠᠯᠲᠠ ᠬᠠᠮᠢᠶᠠᠷᠤᠯᠲᠠ ᠵᠢᠨ ᠳᠦᠷᠢᠮ᠎ᠢ ᠲᠡᠬᠦᠯᠳᠡᠷᠵᠢᠬᠦᠯᠵᠤ ᠨᠠᠰᠤᠵᠢᠯ᠎ᠤᠨ ᠦᠢ᠍ᠯᠡᠴᠢᠯᠡᠭᠡᠨ᠎ᠤ ᠴᠢᠨᠠᠷᠯᠢᠭ ᠬᠥᠭᠵᠢᠯᠲᠡ ᠵᠢ ᠠᠬᠢᠭᠤᠯᠬᠤ ᠲᠤᠬᠠᠢ ᠠᠷᠭ᠎ᠠ》 (《ᠠᠷᠭ᠎ᠠ》 ᠭᠡᠵᠦ ᠲᠤᠪᠴᠢᠯᠠᠶ᠎ᠠ)᠎ᠢ ᠳᠠᠷᠤᠮᠠᠯᠯᠠᠨ ᠲᠠᠷᠬᠠᠭ᠋ᠠᠪᠠ᠂ ᠡᠳᠦᠭᠡ ᠬᠣᠯᠪᠣᠭᠳᠠᠯ ᠪᠦᠬᠦᠢ ᠲᠥᠷᠥ ᠵᠢᠨ ᠪᠣᠳᠣᠯᠭ᠎ᠠ ᠵᠢᠨ ᠲᠤᠬᠠᠢ ᠲᠠᠢ᠌ᠯᠤᠮᠵᠢ ᠬᠢᠪᠡ᠃
ᠨᠢᠭᠡ᠂ 《ᠠᠷᠭ᠎ᠠ》᠎ᠢ ᠨᠡᠢ᠌ᠲᠡᠯᠡᠭᠰᠡᠨ ᠠᠬᠤᠢ ᠨᠦᠬᠦᠴᠡᠯ
ᠨᠠᠮ᠎ᠤᠨ ᠠᠷᠪᠠ ᠶᠢᠰᠦᠳᠦᠭᠡᠷ ᠬᠤᠭᠤᠴᠠᠭ᠋ᠠᠨ᠎ᠤ ᠲᠥᠪ ᠬᠣᠷᠢᠶᠠᠨ᠎ᠤ ᠲᠠᠪᠤᠳᠤᠭ᠋ᠠᠷ ᠪᠦᠬᠦᠳᠡ ᠬᠤᠷᠠᠯ᠎ᠠᠴᠠ ᠬᠥᠮᠥᠨ ᠠᠮᠨ ᠵᠢᠨ ᠨᠠᠰᠤᠵᠢᠯᠲᠠ ᠵᠢ ᠠᠷᠭ᠋ᠠᠴᠠᠭ᠋ᠠᠬᠤ ᠵᠢ ᠤᠯᠤᠰ᠎ᠤᠨ ᠪᠠᠢ᠌ᠯᠳᠤᠬᠤ ᠪᠣᠳᠣᠯᠭ᠎ᠠ ᠪᠤᠯᠭ᠋ᠠᠬᠰᠠᠨ ᠶᠤᠮ᠃ 2020 ᠣᠨ᠎ᠤ 11 ᠰᠠᠷ᠎ᠠ ᠵᠢᠨ 27᠎ᠤ ᠡᠳᠦᠷ᠂ ᠲᠥᠷᠥ ᠵᠢᠨ ᠶᠠᠪᠤᠳᠠᠯ᠎ᠤᠨ ᠬᠣᠷᠢᠶᠠᠨ᠎ᠤ ᠠᠯᠪᠠᠨ ᠲᠢᠩᠬᠢᠮ 《ᠨᠠᠰᠤᠵᠢᠯ᠎ᠤᠨ ᠦᠢ᠍ᠯᠡᠴᠢᠯᠡᠭᠡᠨ᠎ᠤ ᠶᠡᠷᠦᠩᠬᠡᠢ᠌ᠯᠡᠭᠰᠡᠨ ᠬᠢᠨᠠᠯᠲᠠ ᠬᠠᠮᠢᠶᠠᠷᠤᠯᠲᠠ ᠵᠢᠨ ᠳᠦᠷᠢᠮ᠎ᠢ ᠲᠡᠬᠦᠯᠳᠡᠷᠵᠢᠬᠦᠯᠵᠤ ᠨᠠᠰᠤᠵᠢᠯ᠎ᠤᠨ ᠦᠢ᠍ᠯᠡᠴᠢᠯᠡᠭᠡᠨ᠎ᠤ ᠴᠢᠨᠠᠷᠯᠢᠭ ᠬᠥᠭᠵᠢᠯᠲᠡ ᠵᠢ ᠠᠬᠢᠭᠤᠯᠬᠤ ᠲᠤᠬᠠᠢ ᠬᠡᠷᠡᠭᠵᠢᠭᠦᠯᠬᠦ ᠰᠠᠨᠠᠯ》᠎ᠢ ᠳᠠᠷᠤᠮᠠᠯᠯᠠᠨ ᠲᠠᠷᠬᠠᠭ᠋ᠠᠵᠤ᠂ ᠡᠯ᠎ᠡ ᠭᠠᠵᠠᠷ ᠣᠷᠣᠨ᠂ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠨᠠᠮ᠎ᠤᠨ ᠲᠥᠪ ᠬᠣᠷᠢᠶ᠎ᠠ᠂ ᠲᠥᠷᠥ ᠵᠢᠨ ᠶᠠᠪᠤᠳᠠᠯ᠎ᠤᠨ ᠬᠣᠷᠢᠶᠠᠨ᠎ᠤ ᠬᠠᠮᠢᠶ᠎ᠠ ᠪᠦᠬᠦᠢ ᠰᠢᠢ᠍ᠳᠪᠦᠷᠢᠲᠦ ᠪᠣᠳᠣᠯᠭ᠎ᠠ ᠵᠢᠨ ᠪᠠᠢ᠌ᠷᠢᠯᠠᠭᠤᠯᠤᠯᠲᠠ ᠵᠢ ᠬᠢᠨᠠᠮᠠᠭ᠋ᠠᠢ ᠨᠠᠢ᠌ᠳᠠᠪᠤᠷᠢᠵᠢᠭᠤᠯᠵᠤ᠂ ᠢᠵᠢ ᠪᠦᠷᠢᠳᠦᠭᠦᠯᠬᠦ ᠠᠷᠭ᠎ᠠ ᠲᠣᠭᠲᠠᠭ᠋ᠠᠨ᠂ ᠬᠢᠨᠠᠯᠲᠠ ᠬᠠᠮᠢᠶᠠᠷᠤᠯᠲᠠ ᠵᠢᠨ ᠡᠬᠢ ᠪᠠᠶᠠᠯᠢᠭ᠎ᠢ ᠰᠢᠨᠵᠢᠯᠡᠬᠦ ᠤᠬᠠᠭ᠋ᠠᠨᠴᠢ᠎ᠪᠠᠷ ᠲᠣᠬᠢᠷᠠᠭᠤᠯᠵᠤ᠂ ᠨᠢᠭᠡᠳᠦᠯᠲᠡᠢ ᠲᠥᠯᠥᠪᠯᠡᠨ ᠪᠠᠢ᠌ᠷᠢᠯᠠᠭᠤᠯᠵᠤ ᠨᠠᠢ᠌ᠳᠠᠪᠤᠷᠢᠵᠢᠭᠤᠯᠬᠤ ᠵᠢ ᠰᠠᠢ᠌ᠲᠤᠷ ᠠᠳᠬᠤᠬᠤ ᠬᠡᠷᠡᠭᠲᠡᠢ ᠭᠡᠵᠦ ᠱᠠᠭ᠋ᠠᠷᠳᠠᠪᠠ᠃ ᠡᠨᠡ ᠬᠦ᠌ ᠪᠢᠴᠢᠭ ᠮᠠᠲ᠋ᠧᠷᠢᠶᠠᠯ᠎ᠤᠨ ᠵᠣᠷᠢᠭ ᠰᠠᠨᠠᠭ᠎ᠠ ᠵᠢ ᠬᠢᠨᠠᠮᠠᠭ᠋ᠠᠢ ᠨᠠᠢ᠌ᠳᠠᠪᠤᠷᠢᠵᠢᠭᠤᠯᠬᠤ ᠵᠢᠨ ᠲᠤᠰᠠᠳᠠ ᠮᠠᠨ᠎ᠤ ᠣᠷᠣᠨ ᠨᠠᠰᠤᠵᠢᠯ᠎ᠤᠨ ᠦᠢ᠍ᠯᠡᠴᠢᠯᠡᠭᠡᠨ᠎ᠤ ᠠᠵᠢᠯ᠎ᠤᠨ ᠰᠠᠯᠠᠭ᠎ᠠ ᠮᠥᠴᠢᠷ᠎ᠤᠨ ᠡᠭᠦᠷᠭᠡ ᠬᠠᠷᠢᠭᠤᠴᠠᠯᠭ᠎ᠠ ᠲᠣᠳᠣᠷᠬᠠᠢ ᠦᠭᠡᠢ᠂ ᠲᠥᠷᠥ ᠵᠢᠨ ᠪᠣᠳᠣᠯᠭ᠎ᠠ ᠵᠢᠨ ᠰᠢᠰᠲᠸᠮ ᠲᠡᠭᠦᠯᠳᠡᠷ ᠪᠤᠰᠤ᠂ ᠶᠡᠷᠦᠩᠬᠡᠢ᠌ᠯᠡᠭᠰᠡᠨ ᠬᠢᠨᠠᠨ ᠬᠠᠮᠢᠶᠠᠷᠬᠤ ᠲᠣᠭᠲᠠᠴᠠ ᠲᠡᠭᠦᠯᠳᠡᠷ ᠪᠤᠰᠤ ᠪᠠ ᠬᠢᠨᠠᠨ ᠬᠠᠮᠢᠶᠠᠷᠬᠤ ᠬᠡᠯᠪᠡᠷᠢ ᠲᠠᠩ ᠴᠤᠯᠭᠤᠢ ᠪᠠᠢ᠌ᠬᠤ ᠵᠡᠷᠭᠡ ᠠᠰᠠᠭᠤᠳᠠᠯ᠎ᠳᠤ ᠴᠢᠭᠯᠡᠬᠦᠯᠤᠨ ᠳᠦᠷᠢᠮ᠎ᠢ ᠲᠡᠭᠦᠯᠳᠡᠷᠵᠢᠭᠦᠯᠬᠦ᠂ ᠠᠷᠭ᠎ᠠ ᠵᠢ ᠡᠮᠬᠢᠯᠡᠬᠦ᠂ ᠰᠠᠯᠠᠭ᠎ᠠ ᠮᠥᠴᠢᠷ᠎ᠤᠳ ᠬᠠᠮᠲᠤᠷᠠᠨ ᠬᠥᠳᠡᠯᠦᠯᠴᠡᠬᠦ ᠠᠵᠢᠯ᠎ᠤᠨ ᠰᠡᠳᠬᠢᠴᠡ᠎ᠪᠠᠷ 《ᠠᠷᠭ᠎ᠠ》 ᠵᠢ ᠰᠤᠳᠤᠯᠤᠨ ᠲᠤᠬᠳᠠᠭ᠋ᠠᠪᠠ᠃
ᠬᠣᠶᠠᠷ᠂ 《ᠠᠷᠭ᠎ᠠ 》 ᠵᠢ ᠨᠡᠢ᠌ᠲᠡᠯᠡᠭᠰᠡᠨ᠎ᠤ ᠠᠴᠢ ᠬᠣᠯᠪᠣᠭᠳᠠᠯ
《ᠠᠷᠭ᠎ᠠ》 ᠪᠣᠯ ᠮᠠᠨ᠎ᠤ ᠣᠷᠣᠨ᠎ᠤ ᠨᠠᠰᠤᠵᠢᠯ᠎ᠤᠨ ᠦᠢ᠍ᠯᠡᠴᠢᠯᠡᠭᠡᠨ᠎ᠤ ᠬᠦᠷᠢᠶ᠎ᠡ ᠴᠠᠷᠠᠭ᠋ᠠᠨ᠎ᠳᠤ᠎ᠬᠢ ᠬᠥᠮᠥᠨ ᠠᠮᠠ ᠵᠢᠨ ᠨᠠᠰᠤᠵᠢᠯᠲᠠ ᠵᠢ ᠢᠳᠡᠪᠬᠢᠲᠡᠢ ᠠᠷᠭ᠋ᠠᠴᠠᠭ᠋ᠠᠬᠤ ᠤᠯᠤᠰ᠎ᠤᠨ ᠪᠠᠢ᠌ᠯᠳᠤᠬᠤ ᠪᠣᠳᠣᠯᠭ᠎ᠠ ᠵᠢ ᠬᠡᠷᠡᠭᠵᠢᠭᠦᠯᠬᠦ ᠪᠣᠳᠠᠲᠠᠢ ᠠᠯᠬᠤᠮ ᠳᠠᠷᠠᠭ᠎ᠠ ᠪᠣᠯᠣᠨ᠎ᠠ᠂ 《ᠪᠠᠭᠤᠯᠭ᠋ᠠᠬᠤ ᠬᠠᠮᠢᠶᠠᠷᠬᠤ ᠦᠢ᠍ᠯᠡᠴᠢᠯᠡᠬᠦ》 ᠥᠭᠡᠷᠡᠴᠢᠯᠡᠯᠲᠡ ᠵᠢ ᠭᠦᠨᠵᠡᠭᠡᠢ᠌ᠷᠡᠭᠦᠯᠵᠦ᠂ ᠬᠤᠳᠠᠯᠳᠤᠭ᠎ᠠ ᠡᠷᠭᠢᠯᠡᠬᠦ ᠣᠷᠴᠢᠨ ᠨᠦᠬᠦᠴᠡᠯ᠎ᠢ ᠰᠢᠯᠢᠳᠡᠭᠵᠢᠭᠦᠯᠦᠨ᠂ ᠮᠠᠨ᠎ᠤ ᠣᠷᠣᠨ᠎ᠤ ᠨᠠᠰᠤᠵᠢᠯ᠎ᠤᠨ ᠦᠢ᠍ᠯᠡᠴᠢᠯᠡᠭᠡᠨ᠎ᠤ ᠴᠢᠨᠠᠷᠯᠢᠭ ᠬᠥᠭᠵᠢᠯᠲᠡ ᠵᠢ ᠠᠬᠢᠭᠤᠯᠬᠤ ᠪᠠᠷᠢᠴᠨ ᠮᠥᠨ᠂ ᠥᠨᠳᠥᠷ ᠪᠦᠲᠦᠮᠵᠢᠲᠡᠶ ᠪᠥᠭᠡᠳ ᠵᠢᠷᠤᠮᠵᠢᠭᠤᠨ᠂ ᠡᠷᠬᠡ ᠲᠡᠭᠰᠢ ᠥᠷᠢᠰᠦᠯᠳᠦᠭᠡᠨ᠎ᠲᠠᠢ ᠨᠠᠰᠤᠵᠢᠯ᠎ᠤᠨ ᠦᠢ᠍ᠯᠡᠴᠢᠯᠡᠭᠡᠨ᠎ᠤ ᠵᠠᠬ᠎ᠠ ᠳᠡᠯᠭᠡᠭᠦᠷ᠎ᠢ ᠲᠦᠷᠭᠡᠨ ᠪᠤᠶ ᠪᠣᠯᠭ᠋ᠠᠬᠤ᠎ᠳᠤ ᠠᠰᠢᠭᠲᠠᠢ᠂ ᠨᠠᠰᠤᠵᠢᠯ᠎ᠤᠨ ᠦᠢ᠍ᠯᠡᠴᠢᠯᠡᠭᠡᠨ᠎ᠤ ᠠᠮᠢᠵᠢᠷᠠᠯ᠎ᠤᠨ ᠬᠦᠴᠦᠨ᠎ᠢ ᠬᠥᠭᠵᠢᠭᠡᠵᠦ᠂ ᠨᠠᠰᠤᠵᠢᠯ᠎ᠤᠨ ᠦᠢ᠍ᠯᠡᠴᠢᠯᠡᠭᠡᠨ᠎ᠤ ᠠᠵᠢᠯᠯᠠᠭ᠎ᠠ ᠵᠢ ᠵᠢᠷᠤᠮᠵᠢᠭᠤᠯᠤᠨ᠂ ᠨᠠᠰᠤᠵᠢᠯ᠎ᠤᠨ ᠦᠢ᠍ᠯᠡᠴᠢᠯᠡᠭᠡᠨ᠎ᠤ ᠲᠦᠪᠰᠢᠨ᠎ᠢ ᠳᠡᠭᠡᠭᠰᠢᠯᠡᠭᠦᠯᠬᠦ᠎ᠨᠢ ᠨᠠᠰᠤᠵᠢᠯ᠎ᠤᠨ ᠦᠢ᠍ᠯᠡᠴᠢᠯᠡᠭᠡᠨ᠎ᠤ ᠪᠠᠢ᠌ᠭᠤᠯᠤᠮᠵᠢ ᠵᠢᠨ ᠦᠨᠡᠨᠴᠢ ᠢᠲᠡᠭᠡᠮᠵᠢᠲᠡᠢ᠎ᠪᠠᠷ ᠬᠠᠤᠯᠢ ᠵᠢ ᠰᠠᠬᠢᠵᠤ ᠡᠵᠡᠩᠨᠡᠬᠦ᠂ ᠢᠳᠡᠪᠬᠢᠲᠡᠢ᠎ᠪᠠᠷ ᠬᠡᠯᠪᠡᠷᠢ᠎ᠪᠠᠨ ᠬᠤᠪᠢᠷᠠᠭᠤᠯᠤᠨ ᠲᠠᠰ ᠳᠡᠪᠰᠢᠭᠦᠯᠬᠦ᠂ ᠦᠢ᠍ᠯᠡᠴᠢᠯᠡᠭᠡ᠎ᠪᠠᠨ ᠰᠢᠯᠢᠳᠡᠭᠵᠢᠭᠦᠯᠬᠦ᠂ ᠨᠠᠰᠤᠵᠢᠯ᠎ᠤᠨ ᠦᠢ᠍ᠯᠡᠴᠢᠯᠡᠭᠡᠨ᠎ᠤ ᠴᠢᠨᠠᠷᠯᠢᠭ ᠬᠥᠭᠵᠢᠯᠲᠡ ᠵᠢ ᠠᠬᠢᠭᠤᠯᠬᠤ ᠵᠢ ᠬᠥᠲᠥᠯᠥᠨ ᠵᠢᠯᠤᠭᠣᠳᠬᠤ ᠪᠠ ᠤᠷᠮᠠᠰᠢᠭᠤᠯᠬᠤ᠎ᠳᠤ ᠴᠢᠬᠤᠯᠠ ᠪᠣᠳᠠᠲᠤ ᠠᠴᠢ ᠬᠣᠯᠪᠣᠭᠳᠠᠯ ᠪᠠ ᠠᠯᠤᠰ ᠬᠡᠲᠦ ᠵᠢᠨ ᠠᠴᠢ ᠬᠣᠯᠪᠣᠭᠳᠠᠯ᠎ᠲᠠᠢ ᠶᠤᠮ᠃
ᠭᠤᠷᠪᠠ᠂ 《ᠠᠷᠭ᠎ᠠ》᠎ᠤᠨ ᠭᠣᠣᠯ ᠠᠭᠤᠯᠭ᠎ᠠ
《ᠠᠷᠭ᠎ᠠ》᠎ᠳᠤ 4 ᠬᠡᠰᠡᠭ᠂ 19 ᠠᠭᠤᠯᠭ᠎ᠠ ᠵᠢ ᠪᠠᠭᠲᠠᠭ᠋ᠠᠵᠤ᠂ 《ᠶᠠᠭᠤ ᠵᠢ ᠬᠠᠮᠢᠶᠠᠷᠬᠤ᠂ ᠬᠡᠨ ᠬᠠᠮᠢᠶᠠᠷᠬᠤ᠂ ᠬᠡᠷᠬᠢᠨ ᠬᠠᠮᠢᠶᠠᠷᠬᠤ》 ᠭᠤᠷᠪᠠᠨ ᠭᠣᠣᠯ ᠠᠰᠠᠭᠤᠳᠠᠯ᠎ᠢ ᠭᠣᠣᠯᠳᠠᠯᠭ᠎ᠠ᠎ᠲᠠᠢ ᠰᠢᠢ᠍ᠳᠪᠦᠷᠢᠯᠡᠵᠦ᠂ ᠨᠠᠰᠤᠵᠢᠯ᠎ᠤᠨ ᠦᠢ᠍ᠯᠡᠴᠢᠯᠡᠭᠡᠨ᠎ᠤ ᠴᠢᠨᠠᠷᠯᠢᠭ ᠬᠥᠭᠵᠢᠯᠲᠡ ᠵᠢ ᠠᠬᠢᠭᠤᠯᠬᠤ ᠪᠤᠯᠤᠨ᠎ᠠ᠃
ᠨᠢᠭᠡᠳᠦᠭᠡᠷ ᠬᠡᠰᠡᠭ᠄ ᠬᠠᠮᠢᠶᠠᠷᠬᠤ ᠡᠲᠡᠭᠡᠳ ᠪᠠ ᠠᠭᠤᠯᠭ᠎ᠠ ᠵᠢ ᠲᠤᠳᠤᠷᠬᠠᠢ᠌ᠯᠠᠪᠠ᠃ ᠵᠠᠬ᠎ᠠ ᠳᠡᠯᠭᠡᠭᠦᠷ᠎ᠤᠨ ᠬᠠᠮᠢᠶᠠᠷᠤᠯᠲᠠ᠂ ᠠᠷᠠᠳ᠎ᠤᠨ ᠶᠠᠪᠤᠳᠠᠯ᠂ ᠬᠥᠮᠥᠨ᠎ᠤ ᠬᠦᠴᠦᠨ᠎ᠤ ᠡᠬᠢ ᠪᠠᠶᠠᠯᠢᠭ ᠨᠡᠢ᠌ᠭᠡᠮ᠎ᠤᠨ ᠪᠠᠲᠤᠯᠠᠭ᠎ᠠ ᠵᠢᠨ ᠰᠠᠯᠠᠭ᠎ᠠ ᠮᠥᠴᠢᠷ᠎ᠤᠨ ᠳᠠᠩᠰᠠᠯᠠᠭᠤᠯᠤᠭᠰᠠᠨ ᠨᠠᠰᠤᠵᠢᠯ᠎ᠤᠨ ᠦᠢ᠍ᠯᠡᠴᠢᠯᠡᠭᠡᠨ᠎ᠤ ᠪᠠᠢ᠌ᠭᠤᠯᠤᠮᠵᠢ᠂ ᠨᠠᠰᠤᠵᠢᠯ᠎ᠤᠨ ᠦᠢ᠍ᠯᠡᠴᠢᠯᠡᠭᠡᠨ᠎ᠢ ᠦᠨᠡᠯᠡᠬᠦ ᠪᠠᠢ᠌ᠭᠤᠯᠤᠮᠵᠢ᠂ ᠨᠠᠰᠤᠵᠢᠯ᠎ᠤᠨ ᠦᠢ᠍ᠯᠡᠴᠢᠯᠡᠭᠡᠨ᠎ᠤ ᠪᠣᠯᠪᠠᠰᠤᠷᠠᠯ᠎ᠤᠨ ᠪᠠᠢ᠌ᠭᠤᠯᠤᠮᠵᠢ ᠵᠢᠨ ᠭᠠᠯ ᠢ ᠰᠡᠷᠬᠡᠢ᠌ᠯᠡᠬᠦ᠂ ᠪᠠᠷᠢᠯᠭ᠎ᠠ ᠵᠢᠨ ᠠᠮᠤᠷ ᠲᠦᠪᠰᠢᠨ᠂ ᠢᠳᠡᠭᠡᠨ᠎ᠤ ᠠᠮᠤᠷ ᠲᠦᠪᠰᠢᠨ᠂ ᠡᠮᠴᠢᠯᠡᠭᠡ ᠡᠷᠡᠭᠦᠯ ᠬᠠᠮᠠᠭ᠋ᠠᠯᠠᠯ᠂ ᠡᠵᠡᠩᠨᠡᠯᠲᠡ ᠬᠠᠮᠢᠶᠠᠷᠤᠯᠲᠠ᠂ ᠪᠠᠴᠢᠮ ᠢ ᠠᠷᠭ᠋ᠠᠴᠠᠭ᠋ᠠᠬᠤ᠂ ᠠᠵᠢᠯ ᠡᠷᠬᠢᠯᠡᠭᠰᠡᠳ᠂ ᠰᠦᠢ᠍ᠳᠬᠡᠯ ᠬᠤᠷᠢᠶᠠᠬᠤ ᠬᠠᠮᠢᠶᠠᠷᠤᠯᠲᠠ᠂ ᠡᠳ᠋᠎ᠤᠨ ᠵᠠᠰᠠᠭ᠎ᠤᠨ ᠪᠡᠯᠡ ᠮᠥᠩᠭᠥ᠂ ᠭᠠᠵᠠᠷ ᠰᠢᠷᠣᠢ ᠵᠢᠨ ᠬᠡᠷᠡᠭᠯᠡᠯᠲᠡ ᠵᠡᠷᠭᠡ ᠲᠠᠯ᠎ᠠ ᠵᠢᠨ ᠶᠡᠷᠦᠩᠬᠡᠢ᠌ᠯᠡᠭᠰᠡᠨ ᠬᠢᠨᠠᠯᠲᠠ ᠬᠠᠮᠢᠶᠠᠷᠤᠯᠲᠠ ᠵᠢ ᠴᠢᠡᠭᠭ᠋ᠠᠳᠬᠠᠪᠠ᠃
ᠬᠣᠶᠠᠳᠤᠭ᠋ᠠᠷ ᠬᠡᠰᠡᠭ᠄ ᠶᠠᠰᠤ ᠴᠢᠨᠠᠷ᠂ ᠠᠶᠤᠯᠬᠦᠢ ᠵᠢᠨ ᠬᠠᠮᠢᠶᠠᠷᠤᠯᠲᠠ ᠵᠢ ᠲᠣᠪᠣᠢ᠌ᠮ᠎ᠠ ᠰᠠᠢ᠌ᠲᠤᠷ ᠠᠳᠬᠤᠨ᠎ᠠ᠃ ᠨᠢᠭᠡ᠎ᠳᠤ᠂ ᠠᠮᠤᠷ ᠲᠦᠪᠰᠢᠨ᠎ᠤ ᠬᠡᠮ ᠰᠣᠭᠣᠭ᠎ᠢ ᠵᠢᠭᠰᠠᠭ᠋ᠠᠨ ᠪᠠᠢ᠌ᠴᠠᠭ᠋ᠠᠵᠤ ᠴᠡᠭᠴᠡᠯᠡᠨ ᠵᠠᠰᠠᠬᠤ᠎ᠪᠠᠨ ᠴᠢᠩᠭ᠋ᠠᠳᠬᠠᠨ᠎ᠠ᠃ ᠬᠣᠶᠠᠷ᠎ᠲᠤ᠂ ᠠᠵᠢᠯᠯᠠᠵᠤ ᠪᠠᠢ᠌ᠭ᠎ᠠ ᠬᠥᠮᠥᠰ᠎ᠢ ᠬᠠᠮᠢᠶᠠᠷᠬᠤ᠎ᠪᠠᠨ ᠴᠢᠡᠭᠭ᠋ᠠᠳᠬᠠᠨ᠎ᠠ᠃ ᠭᠤᠷᠪᠠ᠎ᠳᠤ᠂ ᠦᠨᠡᠯᠡᠬᠦ ᠪᠠ ᠪᠤᠯᠪᠠᠰᠤᠷᠠᠭᠤᠯᠬᠤ ᠵᠣᠬᠢᠶᠠᠨ ᠪᠠᠢ᠌ᠭᠤᠯᠤᠯᠲᠠ ᠵᠢ ᠬᠠᠮᠢᠶᠠᠷᠬᠤ᠎ᠪᠠᠨ ᠴᠢᠩᠭ᠋ᠠᠳᠬᠠᠨ᠎ᠠ᠃ ᠳᠥᠷᠪᠡ᠎ᠳᠤ᠂ ᠡᠳ᠋᠎ᠤᠨ ᠵᠠᠰᠠᠭ᠎ᠤᠨ ᠵᠦᠢ᠍ᠯᠡᠰ᠎ᠤᠨ ᠪᠡᠯᠡ ᠮᠥᠩᠭᠥ ᠵᠢᠨ ᠬᠠᠮᠢᠠᠶᠠᠷᠤᠯᠳᠠ ᠵᠢ ᠴᠢᠡᠭᠭ᠋ᠠᠳᠬᠠᠨ᠎ᠠ᠃ ᠲᠠᠪᠤ᠎ᠳᠤ᠂ ᠳᠣᠲᠣᠭ᠋ᠠᠳᠤ᠎ᠳᠤ᠎ᠪᠠᠨ ᠰᠦᠢ᠍ᠳᠬᠡᠯ ᠬᠤᠷᠢᠶᠠᠬᠤ ᠪᠠ ᠬᠠᠤᠯᠢ ᠪᠤᠰᠤ᠎ᠪᠠᠷ ᠪᠡᠯᠡ ᠮᠥᠩᠭᠥ ᠴᠤᠭᠯᠠᠭᠤᠯᠬᠤ ᠲᠤᠬᠠᠢ ᠬᠠᠮᠢᠶᠠᠷᠤᠯᠲᠠ ᠵᠢ ᠴᠢᠩᠭ᠋ᠠᠳᠬᠠᠨ᠎ᠠ᠃ ᠵᠢᠷᠭᠤᠭ᠎ᠠ᠎ᠳᠤ᠂ ᠡᠵᠡᠩᠨᠡᠯᠲᠡ ᠵᠢᠨ ᠡᠮᠬᠢ ᠳᠢᠭᠯᠢᠮ᠎ᠤᠨ ᠬᠠᠮᠢᠶᠠᠷᠤᠯᠲᠠ ᠵᠢ ᠴᠢᠡᠭᠭ᠋ᠠᠳᠬᠠᠨ᠎ᠠ᠃ ᠲᠤᠯᠤᠭ᠎ᠠ᠎ᠳᠤ᠂ ᠵᠠᠭᠤᠷᠠᠯᠳᠤᠭ᠋ᠠᠨ᠎ᠢ ᠡᠶᠡᠳᠡᠭᠦᠯᠬᠦ ᠠᠵᠢᠯ᠎ᠢ ᠴᠢᠡᠭᠭ᠋ᠠᠳᠬᠠᠨ᠎ᠠ᠃ ᠨᠠᠢ᠍ᠮᠠ᠎ᠳᠤ᠂ ᠲᠣᠭᠲᠠᠭ᠋ᠠᠯ᠎ᠠᠴᠠ ᠵᠥᠷᠢᠴᠡᠭᠰᠡᠨ ᠡᠵᠡᠩᠨᠡᠯᠲᠡ ᠵᠢ ᠪᠠᠢ᠌ᠴᠠᠭ᠋ᠠᠨ ᠰᠢᠢ᠍ᠳᠪᠦᠷᠢᠯᠡᠬᠦ ᠡᠷᠴᠢᠮ ᠵᠶ᠋ᠡᠨ ᠴᠢᠡᠭᠭ᠋ᠠᠷᠠᠭᠤᠯᠤᠨᠠ᠃ ᠶᠢᠰᠦ᠎ᠳᠤ᠂ ᠨᠠᠰᠤᠵᠢᠯ᠎ᠤᠨ ᠦᠢ᠍ᠯᠡᠴᠢᠯᠡᠭᠡᠨ᠎ᠤ ᠲᠥᠬᠦᠭᠡᠷᠦᠮᠵᠢ ᠵᠢᠨ ᠭᠠᠵᠠᠷ ᠬᠡᠷᠡᠭᠯᠡᠬᠦ ᠬᠠᠮᠢᠶᠠᠷᠤᠯᠲᠠ ᠵᠢ ᠴᠢᠡᠭᠭ᠋ᠠᠳᠬᠠᠨ᠎ᠠ᠃ ᠠᠷᠪᠠ᠎ᠳᠤ᠂ ᠭᠡᠨᠡᠳᠲᠡ ᠵᠢᠨ ᠬᠡᠷᠡᠭ᠎ᠢ ᠠᠷᠭ᠋ᠠᠴᠠᠭ᠋ᠠᠬᠤ ᠵᠢ ᠴᠢᠩᠭ᠋ᠠᠳᠬᠠᠨ᠎ᠠ᠃ ᠠᠷᠪᠠᠨ ᠨᠢᠭᠡ᠎ᠳᠤ᠂ ᠬᠠᠯᠳᠠᠪᠤᠷᠢᠲᠤ ᠡᠪᠡᠳᠴᠢᠨ᠎ᠤ ᠬᠢᠵᠢᠭ᠎ᠤᠨ ᠪᠠᠢ᠌ᠳᠠᠯ᠎ᠢ ᠰᠡᠷᠭᠡᠢ᠌ᠯᠡᠨ ᠡᠵᠡᠮᠳᠡᠬᠦ ᠲᠤᠬᠠᠢ ᠬᠠᠮᠢᠶᠠᠷᠤᠯᠲᠠ ᠵᠢ ᠴᠢᠡᠭᠭ᠋ᠠᠳᠬᠠᠨ᠎ᠠ᠃
ᠭᠤᠷᠪᠠᠳᠤᠭ᠋ᠠᠷ ᠬᠡᠰᠡᠭ᠄ ᠬᠢᠨᠠᠨ ᠬᠠᠮᠢᠶᠠᠷᠬᠤ ᠬᠠᠷᠢᠭᠤᠴᠠᠯᠭ᠎ᠠ ᠵᠢ ᠪᠥᠬᠥ ᠲᠠᠯ᠎ᠠ᠎ᠪᠠᠷ ᠨᠠᠢ᠌ᠳᠠᠪᠤᠷᠢᠵᠢᠭᠤᠯᠤᠨ᠎ᠠ᠃ ᠨᠢᠭᠡ᠎ᠳᠤ᠂ ᠵᠠᠰᠠᠭ᠎ᠤᠨ ᠣᠷᠳᠣᠨ᠎ᠤ ᠭᠣᠣᠯᠯᠠᠨ ᠤᠳᠤᠷᠢᠳᠬᠤ ᠬᠠᠷᠢᠭᠤᠴᠠᠯᠭ᠎ᠠ ᠵᠢ ᠡᠯ᠎ᠡ ᠬᠣᠯᠪᠣᠭᠳᠠᠯ ᠪᠦᠬᠦᠢ ᠰᠠᠯᠠᠭ᠎ᠠ ᠮᠥᠴᠢᠷ᠎ᠤᠳ ᠡᠭᠦᠷᠭᠡ ᠬᠠᠷᠢᠭᠤᠴᠠᠯᠭ᠎ᠠ ᠵᠢᠨ ᠠᠵᠢᠯ᠎ᠤᠨ ᠬᠤᠪᠢᠶᠠᠷᠢᠯᠠᠯ ᠵᠶ᠋ᠠᠨ ᠦᠨᠳᠦᠰᠦᠯᠡᠨ ᠨᠠᠰᠤᠵᠢᠯ᠎ᠤᠨ ᠦᠢ᠍ᠯᠡᠴᠢᠯᠡᠭᠡᠨ᠎ᠤ ᠪᠠᠢ᠌ᠭᠤᠯᠤᠮᠵᠢ ᠵᠢᠨ ᠲᠤᠬᠠᠢ᠌ᠯᠠᠭᠰᠠᠨ ᠠᠵᠢᠯ᠎ᠤᠨ ᠵᠢᠯᠣᠭᠣᠳᠤᠯᠭ᠎ᠠ ᠪᠠ ᠬᠠᠮᠢᠶᠠᠷᠤᠯᠲᠠ ᠵᠢᠨ ᠡᠭᠦᠷᠭᠡ ᠬᠠᠷᠢᠭᠤᠴᠠᠯᠭ᠎ᠠ ᠵᠢ ᠬᠠᠤᠯᠢ ᠶᠣᠰᠣᠭ᠋ᠠᠷ ᠭᠦᠢ᠍ᠴᠡᠳᠬᠡᠬᠦ ᠬᠡᠷᠡᠭᠲᠡᠢ᠃ ᠬᠣᠶᠠᠷ᠎ᠲᠤ᠂ ᠪᠠᠢ᠌ᠭᠤᠯᠤᠮᠵᠢ ᠵᠢᠨ ᠭᠣᠣᠯ ᠴᠣᠭᠴᠠ ᠵᠢᠨ ᠬᠠᠷᠢᠭᠤᠴᠠᠯᠭ᠎ᠠ ᠵᠢ ᠪᠣᠳᠠᠲᠠᠢ᠌ᠵᠢᠭᠤᠯᠤᠨ᠎ᠠ᠃ ᠨᠠᠰᠤᠵᠢᠯ᠎ᠤᠨ ᠦᠢ᠍ᠯᠡᠴᠢᠯᠡᠭᠡᠨ᠎ᠤ ᠪᠠᠢ᠌ᠭᠤᠯᠤᠮᠵᠢ ᠵᠢ ᠵᠢᠯᠣᠭᠣᠳᠤᠨ ᠠᠮᠤᠷ ᠲᠦᠪᠰᠢᠨ᠎ᠤ ᠳᠠᠯᠳᠠ ᠬᠡᠮ᠎ᠢ ᠦᠪᠡᠷ ᠵᠶ᠋ᠡᠨ ᠪᠠᠢ᠌ᠴᠠᠭ᠋ᠠᠵᠤ᠂ ᠲᠦᠭᠰᠢᠭᠦᠷᠢ ᠵᠢᠨ ᠳᠠᠯᠳᠠ ᠬᠡᠮ᠎ᠢ ᠴᠠᠭ ᠲᠤᠬᠠᠢᠳᠤᠨᠢ ᠠᠷᠢᠯᠭ᠋ᠠᠵᠤ᠂ ᠨᠠᠰᠤᠵᠢᠯ᠎ᠤᠨ ᠦᠢ᠍ᠯᠡᠴᠢᠯᠡᠭᠡᠨ᠎ᠤ ᠪᠠᠢ᠌ᠭᠤᠯᠤᠮᠵᠢ ᠵᠢᠨ ᠬᠠᠮᠢᠶᠠᠷᠤᠯᠲᠠ ᠦᠢ᠍ᠯᠡᠴᠢᠯᠡᠭᠡᠨ᠎ᠤ ᠲᠦᠪᠰᠢᠨ᠎ᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠳᠡᠢ᠃ ᠭᠤᠷᠪᠠ᠎ᠳᠤ᠂ ᠠᠵᠢᠯ ᠲᠦᠷᠦᠯ᠎ᠤᠨ ᠥᠪᠡᠷ᠎ᠢ᠎ᠪᠠᠨ ᠱᠠᠭ᠋ᠠᠷᠳᠠᠬᠤ ᠵᠢ ᠴᠢᠡᠭᠭ᠋ᠠᠳᠬᠠᠵᠤ᠂ ᠠᠵᠢᠯ ᠲᠥᠷᠥᠯ᠎ᠤᠨ ᠢᠲᠡᠭᠡᠮᠵᠢ ᠵᠢᠨ ᠠᠮᠠᠯᠠᠯᠲᠠ ᠵᠢ ᠪᠥᠬᠥ ᠲᠠᠯ᠎ᠠ᠎ᠪᠠᠷ ᠬᠡᠷᠡᠭᠵᠢᠭᠦᠯᠵᠦ᠂ ᠠᠵᠢᠯ ᠲᠥᠷᠥᠯ᠎ᠤᠨ ᠥᠪᠡᠷ᠎ᠢ᠎ᠪᠠᠨ ᠱᠠᠭ᠋ᠠᠷᠳᠠᠬᠤ ᠪᠠᠢ᠌ᠭᠤᠯᠤᠯᠲᠠ ᠵᠢ ᠠᠬᠢᠭᠤᠯᠵᠤ᠂ ᠨᠠᠰᠤᠵᠢᠯ᠎ᠤᠨ ᠦᠢ᠍ᠯᠡᠴᠢᠯᠡᠭᠡᠨ᠎ᠤ ᠪᠠᠢ᠌ᠭᠤᠯᠤᠮᠵᠢ ᠵᠢᠨ ᠦᠨᠳᠦᠰᠦᠨ ᠮᠡᠳᠡᠭᠡ ᠵᠠᠩᠭᠢ᠂ ᠳᠦᠷᠢᠮ ᠲᠣᠭᠲᠠᠭ᠋ᠠᠯ᠂ ᠦᠢ᠍ᠯᠡᠴᠢᠯᠡᠭᠡᠨ᠎ᠤ ᠲᠥᠷᠥᠯ ᠵᠦᠢ᠍ᠯ᠂ ᠰᠦᠢ᠍ᠳᠬᠡᠯ ᠬᠤᠷᠢᠶᠠᠬᠤ ᠪᠠᠷᠢᠮᠵᠢᠶ᠎ᠠ ᠵᠢ ᠰᠠᠨᠠᠭ᠋ᠠᠴᠢᠯᠠᠭ᠎ᠠ᠎ᠠᠴᠠ᠎ᠪᠠᠨ ᠢᠯᠡᠵᠢᠬᠦᠯᠬᠦ ᠵᠢ ᠱᠠᠯᠠᠪᠳᠠᠭᠤᠯᠵᠤ᠂ ᠣᠯᠠᠨ ᠲᠦᠮᠡᠨ᠎ᠤ ᠬᠢᠨᠠᠯᠲᠠ ᠲᠠᠯᠪᠢᠬᠤ ᠵᠢ ᠬᠦᠯᠢᠶᠡᠨ᠎ᠡ᠃
ᠳᠥᠷᠪᠡᠳᠦᠭᠡᠷ ᠬᠡᠰᠡᠭ᠄ ᠬᠢᠨᠠᠨ ᠬᠠᠮᠢᠶᠠᠷᠬᠤ ᠠᠷᠭ᠎ᠠ ᠵᠢ ᠲᠠᠰᠤᠷᠠᠯᠲᠠ ᠦᠭᠡᠢ ᠰᠢᠨᠡᠴᠢᠯᠡᠨ᠎ᠡ᠃ ᠨᠢᠭᠡ᠎ᠳᠤ᠂ ᠬᠠᠮᠵᠢᠯᠴᠠᠨ ᠬᠠᠮᠢᠶᠠᠷᠬᠤ ᠵᠢ ᠪᠦᠬᠦ ᠲᠠᠯ᠎ᠠ᠎ᠪᠠᠷ ᠴᠢᠩᠭ᠋ᠠᠳᠬᠠᠨ᠎ᠠ᠃ ᠡᠯ᠎ᠡ ᠱᠠᠲᠤᠨ᠎ᠤ ᠨᠠᠰᠤᠵᠢᠯ᠎ᠤᠨ ᠦᠢ᠍ᠯᠡᠴᠢᠯᠡᠭᠡᠨ᠎ᠤ ᠰᠠᠯᠠᠭ᠎ᠠ ᠮᠥᠴᠢᠷ᠎ᠤᠨ ᠬᠠᠮᠲᠤᠷᠠᠭᠰᠠᠨ ᠬᠤᠷᠠᠯ᠎ᠤᠨ ᠳᠦᠷᠢᠮ᠎ᠳᠤ ᠲᠦᠰᠢᠭᠯᠡᠨ᠂ ᠰᠠᠯᠠᠭ᠎ᠠ ᠮᠥᠴᠢᠷ᠎ᠤᠨ ᠨᠠᠰᠤᠵᠢᠯ᠎ᠤᠨ ᠦᠢ᠍ᠯᠡᠴᠢᠯᠡᠭᠡᠨ᠎ᠤ ᠪᠠᠢ᠌ᠭᠤᠯᠤᠮᠵᠢ ᠵᠢᠨ ᠬᠢᠨᠠᠯᠲᠠ ᠲᠠᠯᠪᠢᠵᠤ ᠪᠠᠢ᠌ᠴᠠᠭ᠋ᠠᠭᠰᠠᠨ ᠪᠠᠢ᠌ᠳᠠᠯ᠎ᠢ ᠲᠣᠭᠲᠠᠮᠠᠯ ᠬᠤᠭᠤᠴᠠᠭ᠎ᠠ᠎ᠲᠠᠢ᠎ᠪᠠᠷ ᠨᠠᠪᠲᠠᠷᠡᠭᠦᠯᠵᠦ᠂ ᠬᠠᠮᠢᠶᠠᠷᠤᠯᠲᠠ ᠵᠢᠨ ᠠᠵᠢᠯ᠎ᠤᠨ ᠳᠤᠮᠳᠠᠬᠢ ᠭᠣᠣᠯᠳᠠᠯᠭ᠎ᠠ᠎ᠲᠠᠢ ᠬᠦᠴᠢᠷ ᠠᠰᠠᠭᠤᠳᠠᠯ᠎ᠢ ᠬᠠᠮᠳᠤ᠎ᠪᠠᠷ ᠰᠤᠳᠤᠯᠤᠨ ᠰᠢᠢ᠍ᠳᠪᠦᠷᠢᠯᠡᠵᠦ᠂ ᠰᠠᠯᠠᠭ᠎ᠠ ᠮᠥᠴᠢᠷ᠎ᠤᠨ ᠬᠠᠮᠵᠢᠯᠴᠠᠭ᠎ᠠ ᠵᠢ ᠦᠷᠭᠦᠯᠵᠢᠯᠡᠨ ᠴᠢᠩᠭ᠋ᠠᠷᠠᠭᠤᠯᠤᠨ᠎ᠠ᠃ ᠬᠣᠶᠠᠷ᠎ᠲᠤ᠂ ᠢᠲᠡᠭᠡᠮᠵᠢ ᠵᠢᠨ ᠬᠠᠮᠢᠶᠠᠷᠤᠯᠲᠠ ᠵᠢ ᠠᠬᠢᠭᠤᠯᠤᠨ᠎ᠠ᠃ ᠨᠠᠰᠤᠵᠢᠯ᠎ᠤᠨ ᠦᠢ᠍ᠯᠡᠴᠢᠯᠡᠭᠡᠨ᠎ᠤ ᠪᠠᠢ᠌ᠭᠤᠯᠤᠮᠵᠢ ᠵᠢᠨ ᠳᠠᠩᠰᠠᠯᠠᠭᠤᠯᠬᠤ ᠢᠲᠡᠭᠡᠮᠵᠢ ᠵᠢᠨ ᠠᠮᠠᠯᠠᠯᠲᠠ ᠵᠢᠨ ᠳᠦᠷᠢᠮ᠎ᠢ ᠪᠠᠢ᠌ᠭᠤᠯᠤᠨ᠎ᠠ᠃ ᠭᠤᠷᠪᠠ᠎ᠳᠤ᠂ ᠮᠡᠳᠡᠭᠡ ᠵᠠᠩᠭᠢ ᠵᠢ ᠬᠤᠪᠢᠶᠠᠯᠴᠠᠬᠤ ᠵᠢ ᠠᠬᠢᠭᠤᠯᠤᠨ᠎ᠠ᠃ ᠪᠥᠬᠥ ᠣᠷᠣᠨ᠎ᠤ ᠨᠠᠰᠤᠵᠢᠯ᠎ᠤᠨ ᠦᠢ᠍ᠯᠡᠴᠢᠯᠡᠭᠡᠨ᠎ᠤ ᠪᠠᠢ᠌ᠭᠤᠯᠤᠮᠵᠢ ᠵᠢᠨ ᠮᠡᠳᠡᠭᠡ ᠵᠠᠩᠭᠢ ᠵᠢᠨ ᠬᠠᠮᠢᠶᠠᠷᠤᠯᠲᠠ ᠵᠢᠨ ᠰᠢᠰᠲ᠋ᠧᠮ᠎ᠤᠨ ᠪᠠᠢ᠌ᠭᠤᠯᠤᠯᠲᠠ ᠵᠢ ᠲᠦᠷᠭᠡᠳᠬᠡᠵᠦ᠂ ᠭᠠᠵᠠᠷ ᠣᠷᠣᠨ ᠠᠯᠤᠰᠯᠠᠨ ᠬᠠᠷᠢᠯᠴᠠᠨ ᠨᠡᠪᠲᠡᠷᠡᠯᠴᠡᠵᠦ ᠬᠠᠷᠢᠯᠴᠠᠨ ᠮᠡᠳᠡᠷᠡᠬᠦ᠂ ᠮᠡᠳᠡᠭᠡ ᠵᠠᠩᠭᠢ ᠵᠢ ᠨᠢᠭᠡ ᠯᠡ ᠥᠷᠲᠡᠭᠡᠨ᠎ᠤ ᠮᠠᠶᠢᠭ ᠵᠶ᠋ᠠᠷ ᠯᠠᠪᠯᠠᠬᠤ ᠪᠠ ᠶᠡᠷᠦᠩᠬᠡᠢ᠌ᠯᠡᠨ ᠬᠠᠮᠢᠶᠠᠷᠬᠤ 《ᠨᠢᠭᠡ ᠰᠦᠯᠵᠢᠶ᠎ᠡ》 ᠵᠢ ᠢᠳᠡᠹ ᠢᠳᠡᠭ ᠵᠶ᠋ᠠᠷ ᠪᠡᠶᠡᠯᠡᠭᠦᠯᠦᠨ᠎ᠡ᠃ ᠳᠥᠷᠪᠡ᠎ᠳᠤ᠂ ᠪᠠᠷᠢᠮᠵᠢᠶᠠᠲᠤ ᠲᠥᠯᠦᠪᠵᠢᠭᠦᠯᠭᠡ ᠵᠢᠨ ᠵᠢᠱ᠌ᠢᠶ᠎ᠡ ᠦᠵᠡᠭᠦᠯᠵᠦ ᠬᠥᠲᠥᠯᠥᠨ ᠳᠠᠭ᠋ᠠᠭᠤᠯᠬᠤ ᠦᠢ᠍ᠯᠡᠳᠦᠯ᠎ᠢ ᠪᠠᠳᠠᠷᠠᠭᠤᠯᠤᠨ᠎ᠠ᠃ ᠠᠷᠠᠳ᠎ᠤᠨ ᠶᠠᠪᠤᠳᠠᠯ᠎ᠤᠨ ᠰᠠᠯᠠᠭ᠎ᠠ ᠮᠥᠴᠢᠷ᠎ᠤᠨ ᠨᠠᠰᠤᠵᠢᠯ᠎ᠤᠨ ᠦᠢ᠍ᠯᠡᠴᠢᠯᠡᠭᠡᠨ᠎ᠤ ᠪᠠᠷᠢᠮᠵᠢᠶᠠᠵᠢᠭᠤᠯᠬᠤ ᠮᠡᠷᠭᠡᠵᠢᠯ᠎ᠤᠨ ᠵᠥᠪᠯᠡᠯ ᠪᠠᠶ᠋ᠢᠭᠤᠯᠬᠤ ᠵᠢ ᠠᠬᠢᠭᠤᠯᠵᠤ᠂ ᠭᠡᠷ᠎ᠲᠤ᠎ᠬᠢ ᠪᠠ ᠨᠡᠢ᠌ᠭᠡᠮ ᠲᠣᠭᠣᠷᠢᠭ᠎ᠤᠨ ᠨᠠᠰᠤᠵᠢᠯ᠎ᠤᠨ ᠦᠢ᠍ᠯᠡᠴᠢᠯᠡᠭᠡᠨ᠎ᠤ ᠶᠠᠰᠤ ᠴᠢᠨᠠᠷ᠂ ᠠᠶᠤᠯᠬᠦᠢ ᠵᠢᠨ ᠬᠠᠮᠢᠶᠠᠷᠤᠯᠲᠠ ᠵᠡᠷᠭᠡ ᠣᠷᠣᠨ ᠨᠤᠲᠤᠭ᠎ᠤᠨ ᠪᠠᠷᠢᠮᠵᠢᠶ᠎ᠠ ᠵᠢ ᠰᠤᠳᠤᠯᠤᠨ ᠲᠤᠬᠳᠠᠭ᠋ᠠᠨ᠎ᠠ᠃