ᠣᠢ᠌ᠷ᠎ᠠ᠎ᠳᠤ᠂ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ 《ᠰᠢᠨ᠎ᠡ ᠴᠠᠭ ᠦᠶ᠎ᠡ ᠵᠢᠨ ᠴᠢᠳᠠᠪᠤᠷᠢᠲᠠᠨ᠎ᠤ ᠠᠵᠢᠯ᠎ᠢ ᠴᠢᠩᠭ᠋ᠠᠳᠬᠠᠨ ᠰᠠᠢ᠌ᠵᠢᠷᠠᠭᠤᠯᠬᠤ ᠲᠤᠬᠠᠢ ᠬᠡᠷᠡᠭᠵᠢᠭᠦᠯᠬᠦ ᠰᠠᠨᠠᠯ》 (《ᠬᠡᠷᠡᠭᠵᠢᠭᠦᠯᠬᠦ ᠰᠠᠨᠠᠯ》 ᠭᠡᠵᠦ ᠲᠤᠪᠴᠢᠯᠠᠶ᠎ᠠ)᠎ᠢ ᠳᠠᠷᠤᠮᠠᠯᠯᠠᠨ ᠲᠠᠷᠬᠠᠭ᠋ᠠᠪᠠ᠃ ᠰᠢ ᠵᠢᠨ ᠫᠢᠩ ᠶᠡᠷᠦᠩᠬᠡᠢ ᠱᠦᠵᠢ ᠵᠢᠨ ᠰᠢᠨ᠎ᠡ ᠴᠠᠭ ᠦᠶ᠎ᠡ ᠵᠢᠨ ᠴᠢᠳᠠᠪᠤᠷᠢᠲᠠᠨ᠎ᠤ ᠠᠵᠢᠯ᠎ᠢ ᠰᠠᠢ᠌ᠲᠤᠷ ᠬᠢᠬᠦ ᠲᠤᠬᠠᠢ ᠰᠢᠨ᠎ᠡ ᠣᠢ᠌ᠯᠠᠭ᠋ᠠᠭᠳᠠᠬᠤᠨ ᠰᠢᠨ᠎ᠡ ᠪᠠᠢ᠌ᠯᠳᠤᠬᠤ ᠪᠣᠳᠣᠯᠭ᠎ᠠ ᠰᠢᠨ᠎ᠡ ᠠᠷᠭ᠎ᠠ ᠵᠢ ᠭᠦᠨᠵᠡᠭᠡᠢ ᠲᠤᠭᠤᠰᠢᠯᠠᠭᠤᠯᠵᠤ᠂ ᠴᠢᠳᠠᠪᠤᠷᠢᠲᠠᠨ ᠵᠶ᠋ᠠᠷ ᠬᠥᠭᠵᠢᠯᠲᠡ ᠵᠢ ᠳᠠᠢ᠌ᠴᠢᠯᠠᠬᠤ ᠪᠠᠢ᠌ᠯᠳᠤᠬᠤ ᠪᠣᠳᠣᠯᠭ᠎ᠠ ᠵᠢᠨ ᠪᠠᠢ᠌ᠷᠢ ᠰᠠᠭᠤᠷᠢ ᠵᠢ ᠪᠠᠷᠢᠮᠲᠠᠯᠠᠵᠤ᠂ ᠴᠢᠳᠠᠪᠤᠷᠢᠲᠠᠨ ᠵᠶ᠋ᠠᠷ ᠣᠷᠣᠨ ᠵᠶ᠋ᠠᠨ ᠬᠦᠴᠦᠷᠬᠡᠭᠵᠢᠭᠦᠯᠬᠦ ᠪᠠᠢ᠌ᠯᠳᠤᠬᠤ ᠪᠣᠳᠣᠯᠭ᠎ᠠ ᠵᠢ ᠶᠡᠬᠡ᠎ᠪᠠᠷ ᠬᠡᠷᠡᠭᠵᠢᠭᠦᠯᠵᠦ᠂ 《ᠨᠢᠭᠡ ᠰᠡᠳᠬᠢᠯ ᠤᠯᠠᠨ ᠴᠡᠭ》 ᠴᠢᠳᠠᠪᠤᠷᠢᠲᠠᠨ᠎ᠤ ᠠᠵᠢᠯ᠎ᠤᠨ ᠪᠠᠢ᠌ᠷᠢᠰᠢᠯ᠎ᠢ ᠲᠠᠷᠤᠢ᠌ᠬᠠᠨ ᠪᠠᠢ᠌ᠭᠤᠯᠵᠤ᠂ ᠴᠢᠳᠠᠪᠤᠷᠢᠲᠠᠨ᠎ᠢ ᠪᠦᠬᠦ ᠲᠠᠯ᠎ᠠ᠎ᠪᠠᠷ ᠬᠥᠮᠥᠵᠢᠭᠦᠯᠵᠦ᠂ ᠣᠷᠣᠭᠤᠯᠤᠨ ᠠᠪᠴᠢᠷᠠᠵᠤ᠂ ᠰᠠᠢ᠌ᠲᠤᠷ ᠬᠡᠷᠡᠭᠯᠡᠵᠦ᠂ ᠡᠬᠡ ᠤᠯᠤᠰ᠎ᠤᠨ ᠤᠮᠠᠷᠠᠲᠤ ᠵᠢᠨ ᠦᠵᠡᠮᠵᠢ ᠵᠢᠨ ᠣᠷᠣᠨ᠎ᠢ ᠨᠡᠩ ᠦᠵᠡᠰᠬᠦᠯᠡᠩᠲᠦ ᠰᠠᠢ᠌ᠬᠠᠨ ᠪᠣᠯᠭ᠋ᠠᠨ ᠪᠦᠲᠦᠭᠡᠨ ᠪᠠᠶ᠋ᠢᠭᠤᠯᠬᠤ᠂ ᠰᠢᠨ᠎ᠡ ᠴᠠᠭ ᠦᠶ᠎ᠡ ᠵᠢᠨ ᠥᠪᠥᠷ ᠮᠣᠩᠭᠣᠯ᠎ᠤᠨ ᠴᠢᠨᠠᠷᠯᠢᠭ ᠬᠥᠭᠵᠢᠯᠲᠡ ᠵᠢᠨ ᠰᠢᠨ᠎ᠡ ᠬᠠᠭᠤᠳᠠᠰᠤ ᠵᠢ ᠪᠢᠴᠢᠭᠯᠡᠬᠦ᠎ᠳᠤ ᠪᠠᠲᠤ ᠪᠡᠬᠢ ᠴᠢᠳᠠᠪᠤᠷᠢᠲᠠᠨ᠎ᠤ ᠰᠠᠭᠤᠷᠢ ᠵᠢ ᠲᠠᠯᠪᠢᠬᠤ ᠪᠤᠯᠤᠨ᠎ᠠ᠃
《ᠬᠡᠷᠡᠭᠵᠢᠭᠦᠯᠬᠦ ᠰᠠᠨᠠᠯ》᠎ᠳᠤ ᠰᠢᠨ᠎ᠡ ᠴᠠᠭ ᠦᠶ᠎ᠡ ᠵᠢᠨ ᠪᠥᠬᠥ ᠣᠷᠣᠨ᠎ᠤ ᠴᠢᠳᠠᠪᠤᠷᠢᠲᠠᠨ᠎ᠤ ᠠᠵᠢᠯ᠎ᠤᠨ ᠵᠢᠯᠤᠭᠣᠳᠬᠤ ᠦᠵᠡᠯ ᠰᠠᠨᠠᠭ᠎ᠠ ᠪᠠ 2025 ᠣᠨ᠂ 2030 ᠣᠨ᠂ 2035 ᠣᠨ᠎ᠤ 《ᠭᠤᠷᠪᠠᠨ ᠠᠯᠬᠤᠮ ᠵᠶ᠋ᠠᠷ ᠶᠠᠪᠤᠬᠤ》 ᠬᠠᠷᠠᠯᠲᠠ ᠵᠢᠨ ᠡᠭᠦᠷᠭᠡ ᠵᠢ ᠲᠣᠳᠣᠷᠬᠠᠢ ᠲᠣᠭᠲᠠᠭ᠋ᠠᠪᠠ᠃ ᠰᠢᠨ᠎ᠡ ᠴᠠᠭ ᠦᠶ᠎ᠡ ᠵᠢᠨ ᠴᠢᠳᠠᠪᠤᠷᠢᠲᠠᠨ᠎ᠤ ᠠᠵᠢᠯ᠎ᠤᠨ ᠰᠢᠨ᠎ᠡ ᠡᠭᠦᠷᠭᠡ ᠰᠢᠨ᠎ᠡ ᠱᠠᠭ᠋ᠠᠷᠳᠠᠯᠭ᠎ᠠ᠎ᠳᠤ ᠰᠠᠭᠤᠷᠢᠯᠠᠵᠤ᠂ ᠲᠠᠷᠠᠭ᠋ᠠᠴᠢ ᠵᠢᠨ ᠪᠦᠬᠦ ᠣᠷᠣᠨ᠎ᠤ ᠴᠢᠳᠠᠪᠤᠷᠢᠲᠠᠨ᠎ᠤ ᠠᠵᠢᠯ᠎ᠳᠤ ᠰᠢᠰᠲ᠋ᠧᠮ᠎ᠲᠠᠢ ᠠᠷᠭ᠎ᠠ ᠪᠣᠳᠣᠯᠭ᠎ᠠ ᠲᠤᠬᠳᠠᠭ᠋ᠠᠨ ᠪᠠᠢ᠌ᠷᠢᠯᠠᠭᠤᠯᠵᠤ᠂ ᠴᠢᠳᠠᠪᠤᠷᠢᠲᠠᠨ᠎ᠤ ᠬᠥᠭᠵᠢᠯᠲᠡ ᠵᠢᠨ ᠪᠠᠢ᠌ᠭᠤᠯᠤᠮᠵᠢ ᠲᠣᠭᠲᠠᠴᠠ ᠵᠢᠨ ᠥᠭᠡᠷᠡᠴᠢᠯᠡᠯᠲᠡ ᠵᠢ ᠭᠦᠨᠵᠡᠭᠡᠢ᠌ᠷᠡᠭᠦᠯᠬᠦ᠂ ᠴᠢᠳᠠᠪᠤᠷᠢᠲᠠᠨ᠎ᠤ ᠬᠥᠭᠵᠢᠯᠲᠡ ᠵᠢᠨ ᠪᠠᠢ᠌ᠷᠢᠰᠢᠭᠤᠯᠤᠯᠲᠠ ᠵᠢ ᠰᠢᠯᠢᠳᠡᠭᠵᠢᠭᠦᠯᠬᠦ᠂ ᠴᠢᠳᠠᠪᠤᠷᠢᠲᠠᠨ᠎ᠢ ᠳᠠᠳᠠᠨ ᠣᠷᠣᠭᠤᠯᠵᠤ ᠴᠢᠳᠠᠪᠤᠷᠢᠲᠠᠨ᠎ᠢ ᠬᠥᠮᠥᠵᠢᠭᠦᠯᠵᠦ ᠴᠢᠳᠠᠪᠤᠷᠢᠲᠠᠨ᠎ᠢ ᠴᠤᠭᠯᠠᠷᠠᠭᠤᠯᠬᠤ ᠡᠷᠴᠢᠮ ᠵᠶ᠋ᠡᠨ ᠴᠢᠩᠭ᠋ᠠᠷᠠᠭᠤᠯᠬᠤ᠂ ᠴᠢᠳᠠᠪᠤᠷᠢᠲᠠᠨ᠎ᠤ ᠬᠥᠭᠵᠢᠯᠲᠡ ᠵᠢᠨ ᠲᠤᠯᠭ᠋ᠠᠭᠤᠷᠢᠯᠠᠬᠤ ᠲᠠᠪᠴᠠᠩ᠎ᠢ ᠪᠠᠶ᠋ᠢᠭᠤᠯᠬᠤ᠂ ᠴᠢᠳᠠᠪᠤᠷᠢᠲᠠᠨ ᠵᠶ᠋ᠠᠷ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ᠎ᠳᠤ ᠬᠦᠴᠦᠨ ᠨᠡᠮᠡᠬᠦᠷᠢᠯᠡᠬᠦ ᠵᠢ ᠠᠬᠢᠭᠤᠯᠬᠤ᠂ ᠴᠢᠳᠠᠪᠤᠷᠢᠲᠠᠨ᠎ᠤ ᠬᠥᠭᠵᠢᠯᠲᠡ ᠵᠢᠨ ᠰᠠᠢ᠌ᠨ ᠰᠠᠢ᠌ᠬᠠᠨ ᠣᠷᠴᠢᠨ ᠲᠣᠭᠣᠷᠢᠨ᠎ᠢ ᠪᠤᠢ ᠪᠣᠯᠭ᠋ᠠᠬᠤ ᠵᠡᠷᠭᠡ ᠲᠠᠯ᠎ᠠ᠎ᠪᠠᠷ ᠭᠣᠣᠯᠳᠠᠯᠭ᠎ᠠ᠎ᠲᠠᠢ᠎ᠪᠠᠷ 30 ᠪᠣᠳᠠᠲᠠᠢ ᠠᠷᠭ᠎ᠠ ᠵᠢ ᠲᠤᠬᠳᠠᠭ᠋ᠠᠵᠠᠢ᠃ ᠲᠦᠷᠦ ᠵᠢᠨ ᠪᠣᠳᠣᠯᠭ᠎ᠠ ᠵᠢᠨ ᠰᠢᠰᠲᠸᠮ᠎ᠢ ᠨᠡᠩ ᠲᠡᠭᠦᠯᠳᠡᠷᠵᠢᠭᠦᠯᠵᠦ᠂ ᠪᠦᠷᠬᠦᠴᠡ ᠵᠢ ᠨᠡᠩ ᠥᠷᠭᠡᠨ᠂ ᠦᠨ᠎ᠡ ᠴᠡᠨ᠎ᠡ ᠵᠢ ᠨᠡᠩ ᠥᠨᠳᠥᠷ ᠪᠣᠯᠭ᠋ᠠᠬᠤ ᠪᠣᠯ ᠰᠢᠨ᠎ᠡ ᠴᠠᠭ ᠦᠶ᠎ᠡ ᠵᠢᠨ ᠮᠠᠨ᠎ᠤ ᠣᠷᠣᠨ᠎ᠤ ᠴᠢᠳᠠᠪᠤᠷᠢᠲᠠᠨ᠎ᠤ ᠠᠵᠢᠯ᠎ᠢ ᠰᠠᠢ᠌ᠲᠤᠷ ᠬᠢᠬᠦ ᠲᠤᠬᠠᠢ ᠲᠦᠷᠦ ᠵᠢᠨ ᠪᠣᠳᠣᠯᠭ᠎ᠠ ᠵᠢᠨ ᠴᠢᠨᠠᠷᠲᠠᠢ ᠴᠢᠬᠤᠯᠠ ᠪᠢᠴᠢᠭ ᠮᠠᠲᠸᠷᠢᠶᠠᠯ ᠪᠣᠯᠣᠨ᠎ᠠ᠃
《ᠬᠡᠷᠡᠭᠵᠢᠭᠦᠯᠬᠦ ᠰᠠᠨᠠᠯ》᠎ᠳᠤ ᠱᠠᠭ᠋ᠠᠷᠳᠠᠬᠰᠠᠨ᠎ᠨᠢ᠂ ᠨᠠᠮ᠎ᠤᠨ ᠴᠢᠳᠠᠪᠤᠷᠢᠲᠠᠨ᠎ᠤ ᠠᠵᠢᠯ᠎ᠳᠤ᠎ᠬᠢ ᠪᠦᠬᠦ ᠲᠠᠯ᠎ᠠ ᠵᠢᠨ ᠤᠳᠤᠷᠢᠳᠤᠯᠭ᠎ᠠ ᠵᠢ ᠪᠠᠷᠢᠮᠲᠠᠯᠠᠨ ᠴᠢᠩᠭ᠋ᠠᠳᠬᠠᠵᠤ᠂ ᠰᠢᠨ᠎ᠡ ᠴᠠᠭ ᠦᠶ᠎ᠡ ᠵᠢᠨ ᠴᠢᠳᠠᠪᠤᠷᠢᠲᠠᠨ᠎ᠤ ᠠᠵᠢᠯ᠎ᠤᠨ ᠡᠯ᠎ᠡ ᠵᠦᠢ᠍ᠯ᠎ᠤᠨ ᠡᠭᠦᠷᠭᠡ ᠵᠢ ᠪᠦᠬᠦ ᠲᠠᠯ᠎ᠠ᠎ᠪᠠᠷ ᠨᠠᠢ᠌ᠳᠠᠪᠤᠷᠢᠵᠢᠭᠤᠯᠬᠤ ᠬᠡᠷᠡᠭᠲᠡᠢ᠃ ᠬᠣᠯᠪᠣᠭᠳᠠᠯ ᠪᠦᠬᠦᠢ ᠰᠠᠯᠠᠭ᠎ᠠ ᠮᠥᠴᠢᠷ ᠴᠢᠳᠠᠪᠤᠷᠢᠲᠠᠨ᠎ᠤ ᠠᠵᠢᠯ᠎ᠤᠨ ᠴᠢᠬᠤᠯᠠ ᠶᠡᠬᠡ ᠲᠥᠷᠥ ᠵᠢᠨ ᠪᠣᠳᠣᠯᠭ᠎ᠠ ᠵᠢ ᠨᠠᠢ᠌ᠳᠠᠪᠤᠷᠢᠵᠢᠭᠤᠯᠬᠤ᠂ ᠴᠢᠬᠤᠯᠠ ᠠᠵᠢᠯ᠎ᠢ ᠠᠬᠢᠭᠤᠯᠬᠤ᠂ ᠭᠣᠣᠯᠳᠠᠯᠭ᠎ᠠ᠎ᠲᠠᠢ ᠴᠢᠳᠠᠪᠤᠷᠢᠲᠠᠨ᠎ᠳᠤ ᠦᠢ᠍ᠯᠡᠴᠢᠯᠡᠬᠦ ᠵᠢ ᠰᠠᠢ᠌ᠲᠤᠷ ᠠᠳᠬᠤᠵᠤ᠂ ᠲᠣᠰ ᠰᠢᠰᠲ᠋ᠧᠮ ᠲᠣᠰ ᠠᠵᠢᠯ ᠲᠥᠷᠥᠯ᠎ᠤᠨ ᠴᠢᠳᠠᠪᠤᠷᠢᠲᠠᠨ᠎ᠤ ᠡᠩᠨᠡᠭᠡ ᠵᠢᠨ ᠪᠠᠢ᠌ᠭᠤᠯᠤᠯᠲᠠ ᠵᠢ ᠴᠢᠩᠭ᠋ᠠᠳᠬᠠᠬᠤ ᠬᠡᠷᠡᠭᠲᠡᠢ᠃ ᠴᠢᠳᠠᠪᠤᠷᠢᠲᠠᠨ᠎ᠢ ᠤᠯᠤᠰ ᠲᠦᠷᠦ ᠵᠢᠨ ᠲᠠᠯ᠎ᠠ᠎ᠪᠠᠷ ᠬᠥᠲᠥᠯᠥᠨ ᠳᠠᠭ᠋ᠠᠭᠤᠯᠬᠤ ᠪᠠ ᠤᠯᠤᠰ ᠲᠦᠷᠦ ᠵᠢᠨ ᠲᠠᠯ᠎ᠠ᠎ᠪᠠᠷ ᠰᠢᠩᠭᠡᠬᠡᠨ ᠠᠪᠬᠤ ᠵᠢ ᠴᠢᠩᠭ᠋ᠠᠳᠬᠠᠵᠤ᠂ ᠴᠢᠳᠠᠪᠤᠷᠢᠲᠠᠨ᠎ᠤ ᠬᠦᠰᠡᠯᠡᠩ ᠢᠲᠡᠭᠡᠯ ᠵᠣᠷᠢᠭ᠎ᠢ᠎ᠨᠢ ᠪᠠᠲᠤᠳᠬᠠᠵᠤ᠂ ᠤᠯᠤᠰ ᠲᠦᠷᠦ ᠵᠢᠨ ᠲᠠᠯ᠎ᠠ᠎ᠪᠠᠷ᠎ᠬᠢ ᠮᠡᠳᠡᠷᠡᠬᠦ ᠰᠡᠳᠬᠢᠯᠭᠡ ᠪᠠ ᠲᠥᠪᠯᠡᠩᠭᠦᠶ ᠬᠦᠴᠦᠨ᠎ᠢ᠎ᠨᠢ ᠴᠢᠩᠭ᠋ᠠᠷᠠᠭᠤᠯᠤᠨ᠎ᠠ᠃ ᠡᠯ᠎ᠡ ᠠᠵᠢᠯ ᠲᠥᠷᠥᠯ᠎ᠤᠨ ᠰᠢᠯᠢᠳᠡᠭ ᠴᠢᠳᠠᠪᠤᠷᠢᠲᠠᠨ᠎ᠤ ᠨᠡᠢ᠌ᠲᠡᠯᠢᠭ ᠵᠢᠱ᠌ᠢᠶ᠎ᠡ ᠵᠢ ᠭᠦᠨᠵᠡᠭᠡᠢ ᠠᠭᠤᠳᠠᠯᠵᠤ᠂ ᠰᠢᠨ᠎ᠡ ᠵᠢ ᠡᠭᠦᠳᠦᠨ ᠠᠳᠠᠯ ᠦᠢ᠍ᠯᠡᠰ ᠴᠣᠭᠴᠠᠯᠠᠬᠤ ᠵᠣᠷᠢᠭ ᠰᠠᠨᠠᠭ᠎ᠠ ᠵᠢ ᠶᠡᠬᠡ᠎ᠪᠠᠷ ᠪᠠᠳᠠᠷᠠᠭᠤᠯᠤᠨ᠂ ᠬᠥᠮᠥᠨ ᠪᠦᠬᠦᠨ ᠴᠢᠳᠠᠪᠤᠷᠢᠲᠠᠨ ᠪᠣᠯᠬᠤ ᠵᠢ ᠬᠦᠰᠡᠬᠦ᠂ ᠬᠥᠮᠥᠨ ᠪᠦᠬᠦᠨ ᠴᠢᠳᠠᠪᠤᠷᠢᠲᠠᠨ ᠪᠣᠯᠬᠤ᠎ᠪᠠᠷ ᠴᠢᠷᠮᠠᠢ᠌ᠬᠤ᠂ ᠬᠥᠮᠥᠨ ᠪᠦᠬᠦᠨ ᠴᠢᠳᠠᠪᠤᠷᠢᠲᠠᠨ ᠪᠣᠯᠵᠤ ᠴᠢᠳᠠᠬᠤ᠂ ᠬᠥᠮᠥᠨ ᠪᠦᠬᠦᠨ ᠠᠪᠢᠶᠠᠰ ᠴᠢᠳᠠᠪᠤᠷᠢ᠎ᠪᠠᠨ ᠪᠦᠷᠢᠨ ᠪᠠᠳᠠᠷᠠᠭᠤᠯᠬᠤ ᠠᠮᠢᠳᠤᠯᠢᠭ ᠪᠠᠢ᠌ᠳᠠᠯ᠎ᠢ ᠴᠢᠷᠮᠠᠢ᠌ᠨ ᠪᠣᠶ ᠪᠤᠯᠭ᠋ᠠᠬᠤ ᠬᠡᠷᠡᠭᠳᠡᠢ᠃