ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠢᠯᠡ ᠵᠠᠰᠠᠭ   -   ᠲᠥᠷᠥ᠎ᠶᠢᠨ ᠪᠣᠳᠣᠯᠭ᠎ᠠ᠎ᠶᠢᠨ ᠲᠠᠶ᠋ᠢᠯᠤᠮᠵᠢ
(ᠭᠤᠷᠪᠠ) 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠠᠰᠤᠵᠢᠯ᠎ᠤᠨ ᠦᠢ᠍ᠯᠡᠴᠢᠯᠡᠬᠡᠨ᠎ᠤ ᠲᠦᠷᠢᠮ》᠎ᠤᠨ ᠲᠤᠬᠠᠢ ᠲᠠᠢ᠌ᠯᠤᠮᠵᠢ
ᠨᠡᠶᠢᠲᠡᠯᠡᠭᠰᠡᠨ ᠴᠠᠭ᠄ 2022-03-25

ᠳᠥᠷᠪᠡ᠂ 《ᠳᠦᠷᠢᠮ》᠎ᠢ ᠰᠤᠷᠤᠯᠴᠠᠵᠤ ᠤᠬᠠᠭᠤᠯᠬᠤ ᠪᠠ ᠨᠠᠢ᠌ᠳᠠᠪᠤᠷᠢᠵᠢᠭᠤᠯᠬᠤ ᠠᠵᠢᠯ᠎ᠢ ᠬᠡᠷᠬᠢᠨ ᠰᠠᠢ᠌ᠲᠤᠷ ᠬᠢᠬᠦ ᠪᠤᠢ

   《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠠᠰᠤᠵᠢᠯ᠎ᠤᠨ ᠦᠢ᠍ᠯᠡᠴᠢᠯᠡᠭᠡᠨ᠎ᠤ ᠳᠦᠷᠢᠮ》᠎ᠢ ᠣᠷᠣᠨ ᠨᠤᠲᠤᠭ᠎ᠤᠨ  ᠬᠠᠤᠯᠢ ᠲᠣᠭᠲᠠᠭ᠋ᠠᠯᠲᠠ ᠪᠣᠯᠭ᠋ᠠᠵᠤ᠂ ᠨᠡᠢ᠌ᠲᠡᠯᠡᠭᠰᠡᠨ᠎ᠤ ᠳᠠᠷᠠᠭ᠎ᠠ ᠬᠡᠷᠡᠭᠵᠢᠭᠦᠯᠬᠦ ᠵᠢ ᠣᠯᠠᠨ ᠠᠷᠭ᠎ᠠ᠎ᠪᠠᠷ ᠠᠬᠢᠭᠤᠯᠤᠨ᠎ᠠ᠃
   ᠨᠢᠭᠡ᠎ᠳᠤ ᠂ 《ᠳᠦᠷᠢᠮ》᠎ᠢ ᠰᠤᠷᠤᠯᠴᠠᠵᠤ ᠤᠬᠠᠭᠤᠯᠬᠤ ᠠᠵᠢᠯ᠎ᠢ ᠥᠷᠭᠡᠨ ᠵᠶ᠋ᠡᠷ ᠦᠷᠨᠢᠬᠦᠯᠤᠨ᠎ᠡ᠃ ᠰᠣᠨᠢᠨ᠂ ᠷᠠᠳᠢᠣ᠋᠂ ᠲᠧᠯᠸᠢᠰ ᠵᠡᠷᠭᠡ ᠰᠣᠨᠢᠨ ᠮᠡᠳᠡᠭᠡᠨ᠎ᠤ ᠵᠠᠭᠤᠴᠢᠯᠠᠭᠤᠷ ᠪᠠ ᠠᠯᠪᠠᠨ᠎ᠤ ᠰᠦᠯᠵᠢᠶ᠎ᠡ᠂ ᠸᠢᠴᠠᠲ᠂ ᠪᠢᠴᠢᠯᠬᠡ ᠵᠡᠷᠭᠡ ᠵᠠᠭᠤᠴᠢᠯᠠᠭᠤᠷ᠎ᠢ ᠭᠦᠢ᠍ᠴᠡᠳ ᠠᠰᠢᠭᠯᠠᠨ᠂ ᠪᠥᠬᠥ ᠠᠭᠤᠯᠭ᠎ᠠ᠎ᠪᠠᠷ ᠨᠡᠪᠲᠡᠷᠡᠭᠦᠯᠬᠦ᠂ ᠠᠰᠠᠭᠤᠯᠲᠠ ᠬᠠᠷᠢᠭᠤᠯᠬᠤ᠂ ᠤᠬᠠᠭᠤᠯᠭ᠎ᠠ ᠵᠢᠨ ᠬᠠᠭᠤᠳᠠᠰᠤ  ᠲᠠᠷᠬᠠᠭ᠋ᠠᠨ 《ᠳᠦᠷᠢᠮ》᠎ᠢ ᠤᠬᠠᠭᠤᠯᠵᠤ᠂ 《ᠳᠦᠷᠢᠮ》᠎ᠤᠨ ᠠᠭᠤᠯᠭ᠎ᠠ ᠵᠢ ᠲᠠᠢ᠌ᠯᠪᠤᠷᠢᠯᠠᠬᠤ ᠠᠵᠢᠯ᠎ᠢ ᠰᠠᠢ᠌ᠲᠤᠷ ᠬᠢᠵᠦ᠂ 《ᠳᠦᠷᠢᠮ》᠎ᠢ ᠨᠡᠢ᠌ᠭᠡᠮ ᠲᠠᠶᠠᠭ᠋ᠠᠷ᠎ᠲᠤ ᠤᠢ᠌ᠯᠠᠭ᠋ᠠᠭᠤᠯᠤᠨ᠎ᠠ᠃ ᠪᠥᠬᠥ ᠣᠷᠣᠨ᠎ᠤ ᠠᠷᠠᠳ᠎ᠤᠨ ᠶᠠᠪᠤᠳᠠᠯ᠎ᠤᠨ ᠰᠢᠰᠲ᠋ᠧᠮ᠎ᠳᠤ 《ᠳᠦᠷᠢᠮ》᠎ᠤᠨ ᠲᠤᠰᠬᠠᠢ ᠰᠡᠳᠦᠪᠲᠦ ᠰᠤᠷᠤᠯᠴᠠᠯᠭ᠎ᠠ ᠵᠢ ᠥᠷᠨᠢᠭᠦᠯᠵᠦ᠂ ᠠᠷᠠᠳ᠎ᠤᠨ ᠶᠠᠪᠤᠳᠠᠯ᠎ᠤᠨ ᠺᠠᠳ᠋ᠷ ᠠᠵᠢᠯᠲᠠᠨ ᠠᠵᠢᠯᠴᠢᠨ᠎ᠳᠤ 《ᠳᠦᠷᠢᠮ》᠎ᠤᠨ ᠠᠭᠤᠯᠭ᠎ᠠ ᠵᠢ ᠭᠦᠢ᠍ᠴᠡᠳ ᠡᠵᠡᠮᠰᠢᠬᠦᠯᠵᠤ᠂ ᠦᠢ᠍ᠯᠡᠳᠦᠯᠭᠡ᠎ᠳᠤ ᠬᠡᠷᠡᠭᠯᠡᠬᠦᠯᠬᠦ ᠬᠡᠷᠡᠭᠲᠡᠢ᠃ ᠨᠠᠰᠤᠲᠠᠨ᠎ᠢ ᠠᠰᠠᠷᠠᠬᠤ ᠬᠦᠷᠢᠶᠡᠯᠡᠩ᠂ ᠠᠰᠠᠷᠠᠮᠵᠢ ᠵᠢᠨ ᠬᠦᠷᠢᠶᠡᠯᠡᠩ᠂ ᠨᠠᠰᠤᠲᠠᠢ᠌ᠴᠤᠳ᠎ᠤᠨ ᠨᠡᠶ᠋ᠢᠲᠡ ᠵᠢᠨ ᠪᠠᠢ᠌ᠷᠢ ᠵᠡᠷᠭᠡ ᠨᠠᠰᠤᠵᠢᠯ᠎ᠤᠨ ᠪᠠᠢ᠌ᠭᠤᠯᠤᠮᠵᠢ ᠪᠠ ᠵᠡᠭᠡᠯᠢ ᠭᠤᠳᠤᠮᠵᠢ ᠵᠢᠨ ᠬᠡᠷᠡᠭ ᠡᠷᠬᠢᠯᠡᠬᠦ ᠭᠠᠵᠠᠷ᠎ᠤᠨ ᠨᠠᠰᠤᠵᠢᠯ᠎ᠤᠨ ᠦᠢ᠍ᠯᠡᠴᠢᠯᠡᠭᠡᠨ᠎ᠤ ᠲᠥᠪ᠂ ᠨᠡᠢ᠌ᠭᠡᠮ ᠲᠣᠭᠣᠷᠢᠭ᠎ᠤᠨ ᠨᠠᠰᠤᠵᠢᠯ᠎ᠤᠨ ᠦᠢ᠍ᠯᠡᠴᠢᠯᠡᠭᠡᠨ᠎ᠤ ᠥᠷᠲᠡᠭᠡ ᠵᠡᠷᠭᠡ ᠲᠠᠯᠠᠪᠤᠷ᠎ᠤᠨ ᠬᠠᠮᠢᠶᠠᠷᠴᠤ ᠦᠢ᠍ᠯᠡᠴᠢᠯᠡᠬᠦ ᠬᠥᠮᠥᠰ ᠪᠠ ᠨᠠᠰᠤᠲᠠᠢ᠌ᠴᠤᠳ᠎ᠲᠤ  ᠦᠢ᠍ᠯᠡᠴᠢᠯᠡᠭᠰᠡᠳ᠎ᠢ ᠵᠣᠬᠢᠶᠠᠨ ᠪᠠᠢ᠌ᠭᠤᠯᠤᠨ 《ᠳᠦᠷᠢᠮ》᠎ᠤᠨ ᠬᠠᠮᠢᠶ᠎ᠠ ᠪᠦᠬᠦᠢ ᠠᠭᠤᠯᠭ᠎ᠠ ᠵᠢ ᠰᠤᠷᠤᠯᠴᠠᠭᠤᠯᠵᠤ᠂ ᠵᠠᠰᠠᠭ᠎ᠤᠨ ᠣᠷᠳᠣᠨ᠂ ᠨᠡᠢ᠌ᠭᠡᠮ᠂ ᠭᠡᠷ ᠪᠦᠯᠢ ᠪᠠ ᠨᠠᠰᠤᠲᠠᠢ᠌ᠴᠤᠳ᠎ᠤᠨ ᠢᠳᠡᠪᠬᠢ ᠦᠢ᠍ᠯᠡᠳᠦᠯ᠎ᠢ ᠪᠠᠳᠠᠷᠠᠭᠤᠯᠤᠨ᠂ 《ᠳᠦᠷᠢᠮ》᠎ᠢ  ᠨᠠᠢ᠌ᠳᠠᠪᠤᠷᠢᠵᠢᠭᠤᠯᠬᠤ ᠵᠢ ᠬᠠᠮᠳᠤ᠎ᠪᠠᠷ ᠠᠬᠢᠭᠤᠯᠤᠨ᠎ᠠ᠃
   ᠬᠣᠶᠠᠷ᠎ᠲᠤ᠂ 《ᠳᠦᠷᠢᠮ》᠎ᠢ ᠲᠤᠭᠤᠰᠢᠯᠠᠭᠤᠯᠬᠤ ᠪᠣᠳᠠᠲᠠᠢ ᠲᠥᠰᠥᠯ᠎ᠢ ᠲᠤᠬᠳᠠᠭ᠋ᠠᠪᠠ᠃ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ᠎ᠤᠨ ᠡᠭᠦᠷᠭᠡ ᠴᠢᠳᠠᠪᠤᠷᠢ ᠡᠭᠦᠷᠭᠡ ᠬᠠᠷᠢᠭᠤᠴᠠᠯᠭ᠎ᠠ ᠵᠢᠨ ᠶᠣᠰᠣᠭ᠋ᠠᠷ᠂ 《ᠳᠦᠷᠢᠮ》᠎ᠳᠤ ᠲᠣᠭᠲᠠᠭ᠋ᠠᠭᠰᠠᠨ ᠬᠠᠷᠠᠯᠲᠠᠲᠤ ᠡᠭᠦᠷᠭᠡ᠂ ᠠᠵᠢᠯ᠎ᠤᠨ ᠠᠷᠭ᠎ᠠ ᠬᠡᠮᠵᠢᠶ᠎ᠡ ᠪᠠ ᠬᠠᠷᠢᠭᠤᠴᠠᠯᠭ᠋ᠠᠲᠤ ᠨᠢᠭᠡᠴᠡ ᠵᠢ ᠲᠣᠳᠣᠷᠬᠠᠢ᠌ᠯᠠᠵᠤ᠂ ᠨᠠᠰᠤᠵᠢᠯ᠎ᠤᠨ ᠦᠢ᠍ᠯᠡᠴᠢᠯᠡᠭᠡᠨ᠎ᠤ ᠲᠢᠩᠬᠢᠮ ᠬᠣᠭᠣᠷᠣᠨᠳᠣᠬᠢ ᠬᠠᠮᠲᠤᠷᠠᠭᠰᠠᠨ ᠬᠤᠷᠠᠯ᠎ᠤᠨ ᠲᠣᠭᠲᠠᠴᠠ ᠵᠢᠨ ᠦᠢ᠍ᠯᠡᠳᠦᠯ᠎ᠢ ᠰᠠᠢ᠌ᠲᠤᠷ ᠪᠠᠳᠠᠷᠠᠭᠤᠯᠤᠨ᠂ ᠬᠠᠮᠢᠶ᠎ᠠ ᠪᠦᠬᠦᠢ ᠡᠭᠦᠷᠭᠡ ᠴᠢᠳᠠᠪᠤᠷᠢᠲᠤ ᠰᠠᠯᠠᠭ᠎ᠠ ᠮᠥᠴᠢᠷ᠎ᠤᠨ ᠠᠵᠢᠯ᠎ᠤᠨ ᠬᠠᠮ ᠬᠦᠴᠦᠨ᠎ᠢ ᠪᠦᠷᠢᠯᠳᠦᠭᠦᠯᠬᠦ ᠵᠢ ᠠᠬᠢᠭᠤᠯᠵᠤ᠂ 《ᠳᠦᠷᠢᠮ》᠎ᠢ ᠬᠡᠷᠡᠭᠵᠢᠭᠦᠯᠬᠦ ᠵᠢ ᠨᠢᠭᠡᠳᠦᠯᠲᠡᠢ ᠲᠥᠯᠥᠪᠯᠡᠨ ᠠᠬᠢᠭᠤᠯᠤᠨ᠎ᠠ᠃ ᠡᠭᠦᠨ᠎ᠤ ᠬᠠᠮᠲᠤ᠂ ᠡᠯ᠎ᠡ ᠠᠢ᠌ᠮᠠᠭ ᠬᠣᠲᠠ ᠵᠢ 《ᠳᠦᠷᠢᠮ》᠎ᠢ  ᠨᠠᠢ᠌ᠳᠠᠪᠤᠷᠢᠵᠢᠭᠤᠯᠬᠤ ᠠᠵᠢᠯ᠎ᠤᠨ ᠰᠠᠨᠠᠯ ᠪᠤᠶᠤ ᠬᠡᠷᠡᠭᠵᠢᠭᠦᠯᠬᠦ ᠲᠥᠰᠥᠯ᠎ᠢ ᠲᠣᠭᠲᠠᠭ᠋ᠠᠨ ᠨᠡᠢ᠌ᠲᠡᠯᠡᠵᠦ᠂ ᠠᠵᠢᠯ᠎ᠤᠨ ᠬᠠᠷᠠᠯᠲᠠ ᠡᠭᠦᠷᠭᠡ ᠪᠠ ᠪᠣᠳᠠᠲᠠᠢ ᠠᠷᠭ᠎ᠠ ᠵᠢ ᠨᠠᠷᠢᠯᠢᠭᠵᠢᠭᠤᠯᠤᠨ᠂ 《ᠳᠦᠷᠢᠮ》᠎ᠢ ᠦᠨᠳᠦᠰᠦᠨ ᠱᠠᠲᠤᠨ᠎ᠳᠤ ᠭᠦᠢ᠍ᠴᠡᠳ ᠨᠠᠢ᠌ᠳᠠᠪᠤᠷᠢᠵᠢᠭᠤᠯᠬᠤ ᠵᠢ  ᠪᠠᠲᠤᠯᠠᠬᠤ ᠬᠡᠷᠡᠭᠲᠡᠢ ᠭᠡᠵᠦ ᠱᠠᠭ᠋ᠠᠷᠳᠠᠪᠠ᠃
   ᠭᠤᠷᠪᠠ᠎ᠳᠤ᠂ ᠢᠵᠢ ᠪᠦᠷᠢᠳᠦᠭᠦᠯᠬᠦ ᠳᠦᠷᠢᠮ᠎ᠳᠤ ᠵᠠᠰᠠᠪᠤᠷᠢ ᠣᠷᠣᠭᠤᠯᠤᠨ ᠲᠡᠬᠦᠯᠳᠡᠷᠵᠢᠬᠦᠯᠪᠡ᠃ ᠨᠠᠰᠤᠵᠢᠯ᠎ᠤᠨ ᠦᠢ᠍ᠯᠡᠴᠢᠯᠡᠭᠡᠨ᠎ᠤ ᠬᠦᠷᠢᠶ᠎ᠡ ᠴᠠᠷᠠᠭ᠎ᠠ᠎ᠳᠤ᠎ᠬᠢ ᠬᠠᠮᠢᠶ᠎ᠠ ᠪᠦᠬᠦᠢ ᠲᠥᠷᠥ ᠵᠢᠨ ᠪᠣᠳᠣᠯᠭ᠎ᠠ ᠪᠠ ᠢᠵᠢ ᠪᠦᠷᠢᠳᠦᠭᠦᠯᠬᠦ ᠳᠦᠷᠢᠮ᠎ᠢ ᠬᠢᠨᠠᠮᠠᠭ᠋ᠠᠢ ᠡᠮᠬᠢᠯᠡᠨ᠂ ᠣᠲᠣ ᠵᠢᠨ ᠬᠡᠷᠡᠭᠵᠢᠭᠦᠯᠵᠦ ᠪᠠᠢ᠌ᠭ᠎ᠠ ᠲᠥᠷᠥ ᠵᠢᠨ ᠪᠣᠳᠣᠯᠭ᠎ᠠ ᠵᠢᠨ ᠳᠦᠷᠢᠮ᠎ᠳᠤ᠎ᠬᠢ 《ᠳᠦᠷᠢᠮ》᠎ᠲᠠᠢ ᠮᠥᠷᠭᠥᠯᠳᠦᠭᠡᠨ᠎ᠲᠠᠢ ᠪᠠᠢ᠌ᠪᠠᠯ᠂ ᠴᠠᠭ ᠲᠤᠬᠠᠢ᠎ᠳᠤ᠎ᠨᠢ ᠢᠯᠭ᠋ᠠᠷᠠᠭᠤᠯᠤᠨ ᠳᠢᠭᠯᠡᠵᠦ ᠬᠦᠴᠦᠨ ᠦᠭᠡᠢ ᠪᠣᠯᠭ᠋ᠠᠬᠤ ᠪᠤᠶᠤ ᠲᠣᠬᠢᠷᠠᠭᠤᠯᠤᠯᠲᠠ ᠬᠢᠵᠦ ᠵᠠᠰᠠᠪᠤᠷᠢ ᠣᠷᠣᠭᠤᠯᠤᠨ᠎ᠠ᠃ 《ᠳᠦᠷᠢᠮ》᠎ᠳᠤ ᠱᠠᠭ᠋ᠠᠷᠳᠠᠭᠰᠠᠨ ᠣᠷᠳᠣ ᠬᠤᠭᠤᠴᠠᠭ᠎ᠠ᠎ᠪᠠᠷ ᠬᠠᠷᠠᠭ᠋ᠠᠯᠵᠠᠨ ᠪᠠᠲᠤᠯᠠᠬᠤ᠂ ᠣᠨᠴᠠᠭ᠋ᠠᠶ ᠬᠦᠴᠢᠷᠳᠡᠯᠲᠡᠢ  ᠬᠦᠮᠦᠰ᠎ᠢ ᠰᠤᠷᠪᠤᠯᠵᠢᠯᠠᠬᠤ᠂ ᠨᠠᠰᠤᠲᠠᠢ᠌ᠴᠤᠳ᠎ᠤᠨ ᠶᠡᠷᠦᠩᠬᠡᠢ᠌ᠯᠡᠭᠰᠡᠨ  ᠪᠡᠶ᠎ᠡ ᠵᠢᠨ ᠴᠢᠳᠠᠮᠵᠢ ᠵᠢ ᠦᠨᠡᠯᠡᠬᠦ᠂ ᠨᠠᠰᠤᠵᠢᠯ᠎ᠤᠨ ᠪᠠᠢ᠌ᠭᠤᠯᠤᠮᠵᠢ ᠵᠢᠨ ᠵᠡᠷᠭᠡ ᠳᠡᠰ᠎ᠢ  ᠦᠨᠡᠯᠡᠬᠦ ᠪᠠ ᠦᠢ᠍ᠯᠡᠴᠢᠯᠡᠭᠡᠨ᠎ᠤ ᠶᠠᠰᠤ ᠴᠢᠨᠠᠷ᠎ᠢ ᠬᠢᠨᠠᠨ ᠬᠡᠮᠵᠢᠬᠦ ᠵᠡᠷᠭᠡ ᠢᠵᠢ ᠪᠦᠷᠢᠳᠦᠭᠦᠯᠬᠦ ᠳᠦᠷᠢᠮ᠎ᠢ ᠬᠠᠮᠢᠶ᠎ᠠ ᠪᠦᠬᠦᠢ ᠰᠠᠯᠠᠭ᠎ᠠ ᠮᠥᠴᠢᠷ᠎ᠲᠠᠢ ᠱᠠᠯᠠᠪᠳᠠᠨ ᠵᠣᠬᠢᠴᠠᠭᠤᠯᠵᠤ ᠪᠠᠢ᠌ᠭ᠋ᠠᠳ ᠰᠤᠳᠤᠯᠤᠨ ᠲᠣᠭᠲᠠᠭ᠋ᠠᠵᠤ᠂ ᠲᠥᠷᠥ ᠵᠢᠨ ᠪᠣᠳᠣᠯᠭ᠎ᠠ ᠵᠢᠨ ᠬᠣᠭᠣᠰᠤᠨ᠎ᠢ ᠨᠥᠬᠥᠪᠦᠷᠢᠯᠡᠬᠦ ᠬᠡᠷᠡᠭᠲᠡᠢ᠃ ᠡᠭᠦᠨ᠎ᠤ ᠬᠠᠮᠲᠤ᠂ ᠨᠠᠰᠤᠵᠢᠯ᠎ᠤᠨ ᠦᠢ᠍ᠯᠡᠴᠢᠯᠡᠭᠡᠨ᠎ᠤ ᠪᠠᠷᠢᠮᠵᠢᠶᠠᠵᠢᠭᠤᠯᠬᠤ ᠪᠠᠢ᠌ᠭᠤᠯᠤᠯᠲᠠ ᠵᠢ ᠴᠢᠩᠭ᠋ᠠᠳᠬᠠᠵᠤ᠂ ᠤᠯᠤᠰ᠎ᠤᠨ ᠪᠠᠷᠢᠮᠵᠢᠶ᠎ᠠ ᠵᠢ ᠦᠨᠳᠦᠰᠦᠯᠡᠨ ᠨᠠᠰᠤᠵᠢᠯ᠎ᠤᠨ ᠦᠢ᠍ᠯᠡᠴᠢᠯᠡᠭᠡᠨ᠎ᠤ ᠪᠠᠢ᠌ᠭᠤᠯᠤᠮᠵᠢ ᠵᠢᠨ ᠬᠠᠮᠢᠶᠠᠷᠤᠯᠲᠠ᠂ ᠭᠡᠷ ᠎ᠲᠤ᠎ᠬᠢ ᠪᠠ ᠨᠡᠢ᠌ᠭᠡᠮ ᠲᠣᠭᠣᠷᠢᠭ᠎ᠤᠨ ᠨᠠᠰᠤᠵᠢᠯ᠎ᠤᠨ ᠦᠢ᠍ᠯᠡᠴᠢᠯᠡᠭᠡ᠂ ᠨᠠᠰᠤᠲᠠᠢ᠌ᠴᠤᠳ᠎ᠤᠨ ᠦᠢ᠍ᠯᠡᠳᠬᠦᠨ᠎ᠤ ᠬᠡᠷᠡᠭᠰᠡᠯ ᠵᠡᠷᠭᠡ ᠲᠠᠯ᠎ᠠ ᠵᠢᠨ ᠣᠷᠣᠨ ᠨᠤᠲᠤᠭ᠎ᠤᠨ ᠪᠠᠷᠢᠮᠵᠢᠶ᠎ᠠ ᠵᠢ ᠲᠦᠷᠭᠡᠨ ᠲᠣᠭᠲᠠᠭ᠋ᠠᠵᠤ᠂ ᠨᠠᠰᠤᠵᠢᠯ᠎ᠤᠨ ᠦᠢ᠍ᠯᠡᠴᠢᠯᠡᠭᠡᠨ᠎ᠤ ᠪᠠᠷᠢᠮᠵᠢᠶ᠎ᠠ ᠵᠢ ᠠᠵᠢᠯ ᠲᠥᠷᠥᠯ᠎ᠤᠨ ᠬᠠᠮᠢᠶᠠᠷᠤᠯᠲᠠ ᠪᠠ ᠡᠵᠡᠩᠨᠡᠯᠲᠡ ᠵᠢᠨ ᠦᠢ᠍ᠯᠡᠴᠢᠯᠡᠭᠡᠨ᠎ᠤ ᠡᠯ᠎ᠡ ᠭᠣᠭᠴᠣᠭ᠎ᠠ᠎ᠳᠤ ᠨᠠᠢ᠌ᠳᠠᠪᠤᠷᠢᠵᠢᠭᠤᠯᠬᠤ᠎ᠪᠠᠷ ᠴᠢᠷᠮᠠᠢ᠌ᠵᠤ᠂ ᠨᠠᠰᠤᠵᠢᠯ᠎ᠤᠨ ᠦᠢ᠍ᠯᠡᠴᠢᠯᠡᠭᠡᠨ᠎ᠤ ᠶᠠᠰᠤ ᠴᠢᠨᠠᠷ᠎ᠤᠨ ᠪᠠᠷᠢᠮᠵᠢᠶ᠎ᠠ᠎ᠳᠤ ᠵᠣᠬᠢᠴᠠᠭᠤᠯᠤᠨ ᠳᠡᠭᠡᠭᠰᠢᠯᠡᠭᠦᠯᠬᠦ ᠵᠢ ᠠᠬᠢᠭᠤᠯᠤᠨ᠎ᠠ᠃
   ᠳᠥᠷᠪᠡ᠎ᠳᠤ᠂ 《ᠳᠦᠷᠢᠮ》 ᠪᠠ ᠬᠣᠯᠪᠣᠭᠳᠠᠯ ᠪᠦᠬᠦᠢ ᠲᠥᠯᠦᠪᠵᠢᠭᠦᠯᠭᠡ ᠵᠢᠨ ᠬᠡᠷᠡᠭᠵᠢᠭᠦᠯᠦᠯᠲᠡ ᠵᠢ ᠨᠢᠭᠡᠳᠦᠯᠲᠡᠢ ᠲᠥᠯᠥᠪᠯᠡᠨ ᠠᠬᠢᠭᠤᠯᠪᠠ᠃  ᠦᠨᠤ ᠵᠢᠯ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 〈ᠠᠷᠪᠠᠨ ᠳᠥᠷᠪᠡᠳᠦᠭᠡᠷ ᠲᠠᠪᠤᠨ ᠵᠢᠯ〉᠎ᠤᠨ ᠠᠷᠠᠳ᠎ᠤᠨ ᠶᠠᠪᠤᠳᠠᠯ᠎ᠤᠨ ᠦᠢ᠍ᠯᠡᠰ᠎ᠤᠨ ᠬᠥᠭᠵᠢᠯᠲᠡ ᠵᠢᠨ ᠲᠥᠯᠦᠪᠵᠢᠭᠦᠯᠭᠡ》 ᠵᠢ ᠳᠠᠷᠤᠮᠠᠯᠯᠠᠨ ᠲᠠᠷᠬᠠᠭ᠋ᠠᠵᠤ᠂ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠨᠢ 《〈ᠠᠷᠪᠠᠨ ᠳᠥᠷᠪᠡᠳᠦᠭᠡᠷ ᠲᠠᠪᠤᠨ ᠵᠢᠯ〉᠎ᠤᠨ ᠨᠠᠰᠤᠵᠢᠯ᠎ᠤᠨ  ᠦᠢ᠍ᠯᠡᠴᠢᠯᠡᠭᠡᠨ᠎ᠤ  ᠰᠢᠰᠲᠸᠮ᠎ᠤᠨ ᠬᠦᠭᠵᠢᠬᠦᠯᠤᠯᠳᠡ ᠵᠢᠨ ᠲᠥᠯᠦᠪᠵᠢᠭᠦᠯᠭᠡ》 ᠵᠢ ᠲᠣᠭᠲᠠᠭ᠋ᠠᠵᠤ᠂ 《ᠠᠷᠪᠠᠨ ᠳᠥᠷᠪᠡᠳᠦᠭᠡᠷ ᠲᠠᠪᠤᠨ ᠵᠢᠯ》᠎ᠤᠨ ᠬᠤᠭᠤᠴᠠᠭ᠋ᠠᠨ᠎ᠳᠤ᠎ᠬᠢ ᠮᠠᠨ᠎ᠤ ᠣᠷᠣᠨ᠎ᠤ ᠨᠠᠰᠤᠵᠢᠯ᠎ᠤᠨ ᠦᠢ᠍ᠯᠡᠴᠢᠯᠡᠭᠡᠨ᠎ᠤ  ᠰᠢᠰᠲᠸᠮ᠎ᠤᠨ ᠪᠠᠢ᠌ᠭᠤᠯᠤᠯᠲᠠ ᠵᠢᠨ ᠵᠢᠯᠤᠭᠣᠳᠬᠤ ᠦᠵᠡᠯ ᠰᠠᠨᠠᠭ᠎ᠠ᠂ ᠦᠨᠳᠦᠰᠦᠨ ᠵᠠᠷᠴᠢᠮ᠂ ᠬᠥᠭᠵᠢᠯᠲᠡ ᠵᠢᠨ ᠬᠠᠷᠠᠯᠲᠠ᠂ ᠭᠣᠣᠯ ᠡᠭᠦᠷᠭᠡ ᠪᠠ ᠪᠠᠲᠤᠯᠠᠭ᠎ᠠ ᠵᠢᠨ ᠠᠷᠭ᠎ᠠ ᠵᠢ ᠲᠣᠳᠣᠷᠬᠠᠢ ᠲᠣᠭᠲᠠᠭ᠋ᠠᠪᠠ᠃ ᠪᠢᠳᠡ 《ᠳᠦᠷᠢᠮ》᠎ᠢ ᠨᠠᠢ᠌ᠳᠠᠪᠤᠷᠢᠵᠢᠭᠤᠯᠬᠤ ᠪᠠ ᠬᠠᠮᠢᠶ᠎ᠠ ᠪᠦᠬᠦᠢ ᠲᠥᠯᠦᠪᠵᠢᠭᠦᠯᠭᠡ ᠵᠢ ᠵᠣᠬᠢᠶᠠᠨ ᠪᠠᠢ᠌ᠭᠤᠯᠤᠨ ᠬᠡᠷᠡᠭᠵᠢᠭᠦᠯᠬᠦ ᠵᠢ ᠨᠢᠭᠡᠳᠦᠯᠲᠡᠢ ᠲᠥᠯᠥᠪᠯᠡᠨ ᠠᠬᠢᠭᠤᠯᠵᠤ᠂ 《ᠳᠦᠷᠢᠮ》᠎ᠢ ᠨᠠᠰᠤᠵᠢᠯ᠎ᠤᠨ ᠦᠢ᠍ᠯᠡᠴᠢᠯᠡᠭᠡᠨ᠎ᠤ ᠰᠢᠰᠲ᠋ᠧᠮ᠎ᠤᠨ ᠪᠠᠢ᠌ᠭᠤᠯᠤᠯᠲᠠ ᠵᠢᠨ ᠴᠢᠬᠤᠯᠠ ᠬᠠᠤᠯᠢ ᠴᠠᠭ᠋ᠠᠵᠠ ᠵᠢᠨ ᠵᠢᠷᠤᠮᠯᠠᠯ ᠪᠣᠯᠭ᠋ᠠᠵᠤ᠂ ᠬᠣᠯᠪᠣᠭᠳᠠᠯ ᠪᠦᠬᠦᠢ ᠲᠥᠯᠦᠪᠵᠢᠭᠦᠯᠭᠡ ᠵᠢ ᠨᠠᠰᠤᠵᠢᠯ᠎ᠤᠨ ᠦᠢ᠍ᠯᠡᠴᠢᠯᠡᠭᠡᠨ᠎ᠤ ᠰᠢᠰᠲᠸᠮ᠎ᠤᠨ ᠪᠠᠢ᠌ᠭᠤᠯᠤᠯᠲᠠ ᠵᠢ ᠬᠡᠷᠡᠭᠵᠢᠭᠦᠯᠬᠦ ᠴᠢᠬᠤᠯᠠ ᠪᠠᠷᠢᠴᠨ ᠪᠣᠯᠭ᠋ᠠᠵᠤ᠂ ᠬᠠᠷᠠᠯᠲᠠ᠎ᠪᠠᠨ ᠨᠢᠭᠡᠳᠬᠡᠵᠦ᠂ ᠠᠷᠭ᠎ᠠ᠎ᠪᠠᠨ ᠨᠢᠭᠡᠳᠬᠡᠵᠦ᠂ ᠣᠳᠣᠬᠠᠨ᠎ᠤ ᠪᠠᠢ᠌ᠳᠠᠯ ᠎ᠳᠤ᠎ᠪᠠᠨ ᠰᠠᠭᠤᠷᠢᠯᠠᠨ᠂ ᠠᠯᠤᠰ ᠬᠡᠲᠦ ᠵᠢ ᠪᠣᠳᠣᠯᠬᠢᠯᠠᠬᠤ ᠵᠢ ᠪᠠᠷᠢᠮᠲᠠᠯᠠᠨ᠂ ᠱᠠᠳᠤᠴᠢ ᠴᠢᠨᠠᠷᠲᠠᠢ ᠬᠠᠷᠠᠯᠲᠠᠲᠤ ᠡᠭᠦᠷᠭᠡ ᠵᠢ ᠪᠡᠶᠡᠯᠡᠭᠦᠯᠬᠦ᠎ᠪᠠᠷ ᠪᠠᠷᠠᠬᠤ ᠦᠭᠡᠢ ᠪᠠᠰᠠ ᠠᠯᠤᠰ ᠬᠡᠲᠦ ᠵᠢ ᠪᠠᠲᠤᠯᠠᠬᠤ ᠪᠠᠢ᠌ᠭᠤᠯᠤᠯ ᠲᠣᠭᠲᠠᠴᠠ ᠵᠢ ᠪᠠᠢ᠌ᠭᠤᠯᠵᠤ᠂ ᠨᠠᠰᠤᠵᠢᠯ᠎ᠤᠨ ᠦᠢ᠍ᠯᠡᠴᠢᠯᠡᠭᠡᠨ᠎ᠤ  ᠴᠢᠨᠠᠷᠵᠢᠭᠤᠨ  ᠰᠢᠰᠲᠸᠮ᠎ᠤᠨ ᠪᠠᠢ᠌ᠭᠤᠯᠤᠯᠲᠠ ᠵᠢ ᠬᠠᠮᠳᠤ᠎ᠪᠠᠷ ᠠᠬᠢᠭᠤᠯᠬᠤ ᠬᠡᠷᠡᠭᠲᠡᠢ᠃
   ᠲᠠᠪᠤ᠎ᠳᠤ᠂ 《ᠳᠦᠷᠢᠮ》᠎ᠢ ᠬᠡᠷᠡᠭᠵᠢᠭᠦᠯᠦᠭᠰᠡᠨ ᠪᠠᠢ᠌ᠳᠠᠯ᠎ᠤᠨ ᠲᠤᠬᠠᠢ ᠬᠠᠤᠯᠢ ᠬᠡᠷᠡᠭᠵᠢᠭᠦᠯᠦᠯᠲᠡ ᠵᠢᠨ ᠬᠢᠨᠠᠯᠲᠠ ᠪᠠᠢ᠌ᠴᠠᠭ᠋ᠠᠯᠲᠠ ᠵᠢ ᠴᠠᠭ ᠲᠤᠬᠠᠢ᠎ᠳᠤ᠎ᠨᠢ ᠲᠣᠬᠢᠷᠠᠭᠤᠯᠤᠨ ᠵᠣᠬᠢᠶᠠᠨ ᠪᠠᠢ᠌ᠭᠤᠯᠵᠤ ᠥᠷᠨᠢᠭᠦᠯᠦᠨ᠎ᠡ᠃ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠠᠵᠢᠯ᠎ᠤᠨ ᠲᠤᠬᠢᠷᠠᠭᠤᠯᠤᠯᠳᠠ ᠶᠤᠰᠤᠭ᠋ᠠᠷ 《ᠳᠦᠷᠢᠮ》᠎ᠢ ᠨᠠᠢ᠌ᠳᠠᠪᠤᠷᠢᠵᠢᠭᠤᠯᠬᠤ ᠬᠠᠤᠯᠢ ᠬᠡᠷᠡᠭᠵᠢᠭᠦᠯᠦᠯᠲᠡ ᠵᠢᠨ ᠬᠢᠨᠠᠯᠲᠠ ᠪᠠᠢ᠌ᠴᠠᠭ᠋ᠠᠯᠲᠠ ᠵᠢᠨ ᠠᠵᠢᠯ᠎ᠢ ᠵᠣᠬᠢᠶᠠᠨ ᠪᠠᠢ᠌ᠭᠤᠯᠤᠨ ᠥᠷᠨᠢᠭᠦᠯᠵᠦ᠂ ᠪᠤᠳᠠᠳᠠᠢ᠎ᠳᠤ ᠭᠦᠨᠵᠡᠭᠡᠢ᠌ᠷᠡᠵᠦ᠂ ᠣᠯᠠᠨ ᠲᠦᠮᠡᠨ᠎ᠤ ᠳᠤᠮᠳᠠ ᠭᠦᠨᠵᠡᠭᠡᠢ᠌ᠷᠡᠵᠦ᠂ 《ᠳᠦᠷᠢᠮ》᠎ᠢ ᠦᠨᠳᠦᠰᠦᠨ ᠱᠠᠲᠤᠨ᠎ᠳᠤ ᠨᠠᠢ᠌ᠳᠠᠪᠤᠷᠢᠵᠢᠭᠤᠯᠤᠭᠰᠠᠨ ᠪᠠᠢ᠌ᠳᠠᠯ᠎ᠢ ᠣᠨᠣᠪᠴᠢᠲᠠᠶ ᠡᠵᠡᠮᠰᠢᠬᠦ ᠵᠢᠨ ᠬᠠᠮᠲᠤ ᠪᠦᠬᠦ ᠲᠠᠯ᠎ᠠ ᠵᠢᠨ ᠦᠨᠡᠯᠡᠯᠲᠡ ᠬᠢᠵᠦ᠂ 《ᠳᠦᠷᠢᠮ》᠎ᠢ ᠨᠠᠢ᠌ᠳᠠᠪᠤᠷᠢᠵᠢᠭᠤᠯᠬᠤ ᠶᠠᠪᠤᠴᠠ᠎ᠳᠤ ᠣᠯᠣᠭᠰᠠᠨ ᠠᠵᠢᠯ᠎ᠤᠨ  ᠪᠦᠲᠦᠮᠵᠢ ᠪᠠ ᠰᠠᠢ᠌ᠨ ᠲᠤᠷᠰᠢᠯᠭ᠎ᠠ ᠵᠢ ᠴᠠᠭ ᠲᠤᠬᠠᠢ᠎ᠳᠤ᠎ᠨᠢ ᠳ᠋ᠦᠩᠨᠡᠵᠦ᠂ 《ᠳᠦᠷᠢᠮ》᠎ᠢ ᠬᠡᠷᠡᠭᠵᠢᠭᠦᠯᠬᠦ ᠶᠠᠪᠤᠴᠠ᠎ᠳᠤ ᠣᠷᠣᠰᠢᠵᠤ ᠪᠠᠢ᠌ᠭ᠎ᠠ ᠪᠣᠳᠠᠲᠠᠢ ᠠᠰᠠᠭᠤᠳᠠᠯ ᠪᠠ ᠰᠢᠯᠲᠠᠭ᠋ᠠᠨ᠎ᠢ ᠨᠢᠮᠪᠠᠢ  ᠵᠠᠳᠠᠯᠤᠭ᠋ᠠᠳ᠂ ᠠᠵᠢᠯ ᠵᠶ᠋ᠠᠨ ᠰᠠᠢ᠌ᠵᠢᠷᠠᠭᠤᠯᠬᠤ ᠰᠠᠨᠠᠯ ᠳᠤᠷᠠᠳᠴᠤ᠂ ᠬᠠᠮᠢᠶ᠎ᠠ ᠪᠦᠬᠦᠢ ᠰᠠᠯᠠᠭ᠎ᠠ ᠮᠥᠴᠢᠷ᠎ᠳᠤ ᠲᠤᠰᠢᠶᠠᠨ  ᠰᠠᠢ᠌ᠳᠤᠷ ᠨᠠᠢ᠌ᠳᠠᠪᠤᠷᠢᠵᠢᠭᠤᠯᠬᠤ ᠬᠡᠷᠡᠭᠲᠡᠢ᠃
 


 

 

ᠢᠷᠡᠯᠲᠡ᠄ ᠦᠪᠤᠷ ᠮᠤᠡᠭᠭᠤᠯ᠎ᠤᠨ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠲᠢᠡᠭᠭᠢᠮ᠎ᠤᠨ ᠬᠢᠳᠡᠳ ᠰᠦᠯᠵᠢᠶ᠎ᠡ
          
ᠬᠠᠮᠢᠶ᠎ᠡ ᠪᠦᠬᠦᠢ ᠰᠣᠨᠢᠨ
《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠠᠢ᠌ᠨ ᠳᠤᠷ᠎ᠠ ᠵᠢᠨ ᠦᠢ᠍ᠯᠡᠴᠢᠯᠡᠭᠡᠨ᠎ᠤ ᠳᠦᠷᠢᠮ》᠎ᠢ ᠨᠡᠢ᠌ᠳᠡᠯᠡᠭᠰᠡᠨ᠎ᠨᠢ ᠰᠠᠢ᠌ᠨ ᠳᠤᠷ᠎ᠠ ᠵᠢᠨ ᠦᠢ᠍ᠯᠡᠴᠢᠯᠡᠭᠡᠨ᠎ᠤ ᠦᠢ᠍ᠯᠡᠰ᠎ᠤᠨ ᠬᠥᠭᠵᠢᠯᠲᠡ᠎ᠳᠤ ᠪᠠᠲᠤᠯᠠᠭ᠎ᠠ ᠬᠠᠡᠭᠭ᠋ᠠᠬᠤ ᠪᠤᠯᠤᠨ᠎ᠠ
《ᠤᠨᠴᠠᠭ᠋ᠠᠢ ᠬᠦᠴᠢᠷᠳᠡᠯᠳᠡᠢ ᠬᠦᠮᠦᠰ᠎ᠢ ᠡᠷᠬᠢᠵᠤ ᠦᠵᠡᠬᠦ ᠠᠵᠢᠯ᠎ᠢ ᠴᠢᠩᠭ᠋ᠠᠳᠬᠠᠬᠤ ᠲᠤᠬᠠᠢ ᠰᠠᠨᠠᠯ》᠎ᠤᠨ ᠲᠤᠬᠠᠢ ᠲᠠᠢ᠌ᠯᠤᠮᠵᠢ ᠵᠠᠰᠠᠭ ᠵᠠᠬᠢᠷᠭ᠋ᠠᠨ᠎ᠤ ᠵᠢᠷᠤᠮᠵᠢᠯ᠎ᠤᠨ ᠴᠢᠨᠠᠷᠲᠠᠢ ᠪᠢᠴᠢᠭ ᠮᠠᠲ᠋ᠧᠷᠢᠶᠠᠯ᠎ᠤᠨ ᠲᠥᠷᠥ ᠵᠢᠨ ᠪᠣᠳᠣᠯᠭ᠎ᠠ᠎ᠳᠤ ᠲᠠᠢ᠌ᠯᠤᠮᠵᠢ ᠬᠢᠬᠦ ᠠᠵᠢᠯ᠎ᠢ ᠰᠠᠢ᠌ᠲᠤᠷ ᠬᠢᠬᠦ ᠲᠤᠬᠠᠢ ᠪᠣᠳᠠᠲᠠᠢ ᠱᠠᠭ᠋ᠠᠷᠳᠠᠯᠭ᠎ᠠ ᠵᠢ ᠦᠨᠳᠦᠰᠦᠯᠡᠨ᠂ ᠡᠳᠦᠭᠡ ᠮᠠᠨ᠎ᠤ ᠣᠷᠣᠨ᠎ᠤ ᠳᠠᠷᠤᠮᠠᠯᠯᠠᠨ ᠲᠠᠷᠬᠠᠭ᠋ᠠᠭᠰᠠᠨ 《ᠤᠨᠴᠠᠭ᠋ᠠᠢ ᠬᠦᠴᠢᠷᠳᠡᠯᠲᠡᠢ ᠬᠥᠮᠥᠰ᠎ᠢ ᠡᠷᠬᠢᠵᠤ ᠦᠵᠡᠬᠦ ᠠᠵᠢᠯ᠎ᠢ ᠴᠢᠩᠭ᠋ᠠᠳᠬᠠᠬᠤ ᠲᠤᠬᠠᠢ ᠰᠠᠨᠠᠯ》᠎ᠢ ᠲᠠᠢ᠌ᠯᠪᠤᠷᠢᠯᠠᠶ᠎ᠠ
ᠮᠠᠨ᠎ᠤ ᠤᠷᠤᠨ᠎ᠤ ᠨᠠᠰᠤᠵᠢᠯ᠎ᠤᠨ ᠦᠢ᠍ᠯᠡᠴᠢᠯᠡᠭᠡᠨ᠎ᠤ ᠶᠡᠷᠦᠩᠬᠡᠢ᠌ᠯᠡᠭᠰᠡᠨ ᠬᠢᠨᠠᠯᠲᠠ ᠬᠠᠮᠢᠶᠠᠷᠤᠯᠲᠠ ᠵᠢᠨ ᠳᠦᠷᠢᠮ᠎ᠢ ᠲᠡᠬᠦᠯᠳᠡᠷᠵᠢᠬᠦᠯᠤᠨ ᠨᠠᠰᠤᠵᠢᠯ᠎ᠤᠨ ᠦᠢ᠍ᠯᠡᠴᠢᠯᠡᠭᠡᠨ᠎ᠤ ᠴᠢᠨᠠᠷᠯᠢᠭ ᠬᠥᠭᠵᠢᠯᠲᠡ ᠵᠢ ᠠᠬᠢᠭᠤᠯᠬᠤ ᠠᠷᠭ᠎ᠠ᠎ᠤᠨ ᠲᠤᠬᠠᠢ ᠲᠠᠢ᠌ᠯᠤᠮᠵᠢ
ᠦᠪᠤᠷ ᠮᠤᠡᠭᠭᠤᠯ᠎ᠤᠨ ᠦᠪᠡᠷᠳᠡᠬᠡᠨ ᠵᠠᠰᠠᠬᠤ ᠤᠷᠤᠨ᠎ᠤ ᠨᠠᠰᠤᠳᠠᠢ᠌ᠴᠤᠳ᠎ᠤᠨ ᠡᠷᠬᠡ ᠠᠰᠢᠭ᠎ᠢ ᠬᠠᠮᠠᠭ᠋ᠠᠯᠠᠬᠤ ᠲᠦᠷᠢᠮ᠎ᠤᠨ ᠭᠤᠷᠪᠠᠳᠤᠭ᠋ᠠᠷ ᠵᠦᠢ᠍ᠯ᠄
ᠦᠪᠤᠷ ᠮᠤᠡᠭᠭᠤᠯ᠎ᠤᠨ ᠦᠪᠡᠷᠳᠡᠬᠡᠨ ᠵᠠᠰᠠᠬᠤ ᠤᠷᠤᠨ᠎ᠤ ᠨᠠᠰᠤᠳᠠᠢ᠌ᠴᠤᠳ᠎ᠤᠨ ᠡᠷᠬᠡ ᠠᠰᠢᠭ᠎ᠢ ᠬᠠᠮᠠᠭ᠋ᠠᠯᠠᠬᠤ ᠲᠦᠷᠢᠮ᠎ᠤᠨ ᠶᠢᠰᠤᠳᠤᠬᠡᠷ ᠵᠦᠢ᠍ᠯ᠄
 
            