ᠭᠤᠷᠪᠠ᠂ 《ᠳᠦᠷᠢᠮ》᠎ᠤᠨ ᠭᠣᠣᠯ ᠠᠭᠤᠯᠭ᠎ᠠ
《ᠳᠦᠷᠢᠮ》᠎ᠳᠤ ᠶᠡᠷᠦᠩᠬᠡᠢ ᠳᠦᠷᠢᠮ ᠭᠠᠷᠭ᠋ᠠᠵᠤ᠂ ᠲᠥᠬᠦᠭᠡᠷᠦᠮᠵᠢ ᠵᠢᠨ ᠲᠥᠯᠦᠪᠵᠢᠭᠦᠯᠭᠡ ᠪᠠ ᠪᠦᠲᠦᠭᠡᠨ ᠪᠠᠢ᠌ᠭᠤᠯᠤᠯᠲᠠ᠂ ᠬᠣᠲᠠ ᠬᠥᠳᠡᠭᠡ ᠵᠢᠨ ᠭᠡᠷ ᠲᠤᠬ᠎ᠢ ᠪᠠ ᠨᠡᠢ᠌ᠭᠡᠮ ᠲᠣᠭᠣᠷᠢᠭ᠎ᠤᠨ ᠨᠠᠰᠤᠵᠢᠯ᠎ᠤᠨ ᠦᠢ᠍ᠯᠡᠴᠢᠯᠡᠭᠡ᠂ ᠪᠠᠢ᠌ᠭᠤᠯᠤᠮᠵᠢ ᠵᠢᠨ ᠨᠠᠰᠤᠵᠢᠯ᠎ᠤᠨ ᠦᠢ᠍ᠯᠡᠴᠢᠯᠡᠭᠡ᠂ ᠡᠮᠴᠢᠯᠡᠭᠡ ᠰᠤᠪᠢᠯᠠᠯᠲᠠ ᠡᠷᠡᠭᠦᠯᠵᠢᠯ ᠰᠤᠪᠢᠯᠠᠯᠲᠠ ᠵᠢ ᠤᠶᠠᠯᠳᠤᠭᠤᠯᠬᠤ᠂ ᠨᠠᠰᠤᠵᠢᠯ᠎ᠤᠨ ᠦᠢ᠍ᠯᠡᠴᠢᠯᠡᠭᠡᠨ᠎ᠤ ᠠᠵᠢᠯᠲᠠᠨ᠂ ᠲᠡᠳᠬᠦᠬᠦ ᠪᠠᠲᠤᠯᠠᠭ᠎ᠠ᠂ ᠬᠢᠨᠠᠯᠲᠠ ᠬᠠᠮᠢᠶᠠᠷᠤᠯᠲᠠ᠂ ᠬᠠᠤᠯᠢ ᠵᠢᠨ ᠬᠠᠷᠢᠭᠤᠴᠠᠯᠭ᠎ᠠ᠂ ᠳᠠᠭ᠋ᠠᠯᠳᠤᠭᠤᠯᠤᠭᠰᠠᠨ ᠳᠦᠷᠢᠮ ᠵᠡᠷᠭᠡ 10 ᠪᠦᠯᠦᠭ 80 ᠵᠦᠢ᠍ᠯ᠎ᠤᠨ ᠪᠣᠳᠠᠲᠠᠢ ᠲᠣᠭᠲᠠᠭ᠋ᠠᠯ ᠭᠠᠷᠭ᠋ᠠᠵᠠᠢ᠃ ᠠᠭᠤᠯᠭ᠎ᠠ᠎ᠨᠢ ᠨᠠᠰᠤᠵᠢᠯ᠎ᠤᠨ ᠦᠢ᠍ᠯᠡᠴᠢᠯᠡᠭᠡᠨ᠎ᠤ ᠰᠢᠰᠲ᠋ᠧᠮ᠎ᠤᠨ ᠪᠠᠢ᠌ᠭᠤᠯᠤᠯᠲᠠ ᠵᠢᠨ ᠳᠡᠭᠡᠳᠦ ᠳᠠᠪᠬᠤᠷᠭ᠎ᠠ᠎ᠠᠴᠠ ᠨᠠᠰᠤᠵᠢᠯ᠎ᠤᠨ ᠦᠢ᠍ᠯᠡᠴᠢᠯᠡᠭᠡᠨ᠎ᠤ ᠪᠣᠳᠠᠲᠠᠢ ᠭᠣᠭᠴᠣᠭ᠎ᠠ ᠬᠦᠷᠲᠡᠯᠡᠬᠢ ᠡᠯ᠎ᠡ ᠲᠠᠯ᠎ᠠ ᠵᠢ ᠬᠠᠮᠤᠷᠴᠤ᠂ ᠴᠢᠩᠭ᠎ᠠ ᠬᠢᠵᠠᠭ᠋ᠠᠷᠯᠠᠬᠤ ᠳᠦᠷᠢᠮ ᠪᠠᠢ᠌ᠬᠤ ᠪᠥᠭᠡᠳ ᠪᠠᠰᠠ ᠵᠣᠷᠢᠭᠵᠢᠭᠤᠯᠵᠤ ᠤᠷᠮᠠᠰᠢᠭᠤᠯᠬᠤ ᠠᠷᠭ᠎ᠠ ᠪᠤᠢ᠂ ᠡᠨᠡ᠎ᠨᠢ ᠶᠡᠷᠦᠩᠬᠡᠢ᠎ᠳᠤ᠎ᠪᠠᠨ ᠡᠷᠬᠡ ᠪᠣᠯᠣᠨ ᠡᠭᠦᠷᠭᠡ ᠵᠢ ᠨᠢᠭᠡᠳᠬᠡᠭᠰᠡᠨ᠂ ᠲᠦᠪ ᠭᠣᠣᠯᠴᠢ ᠣᠨᠴᠠᠯᠢᠭ᠎ᠢ ᠬᠠᠷᠠᠭᠤᠯᠤᠭᠰᠠᠨ ᠪᠠᠢ᠌ᠨ᠎ᠠ᠃ ᠭᠣᠣᠯᠳᠠᠭᠤ 9 ᠲᠠᠯ᠎ᠠ ᠵᠢᠨ ᠬᠣᠯᠪᠣᠭᠳᠠᠯ ᠪᠦᠬᠦᠢ ᠲᠣᠭᠲᠠᠭ᠋ᠠᠯ ᠪᠤᠢ᠄
ᠨᠢᠭᠡ᠎ᠳᠤ᠂ ᠡᠯ᠎ᠡ ᠱᠠᠲᠤᠨ᠎ᠤ ᠵᠠᠰᠠᠭ᠎ᠤᠨ ᠣᠷᠳᠣᠨ ᠪᠤᠯᠤᠨ ᠬᠣᠯᠪᠣᠭᠳᠠᠯ ᠪᠦᠬᠦᠢ ᠰᠠᠯᠠᠭ᠎ᠠ ᠮᠥᠴᠢᠷ᠎ᠤᠨ ᠡᠭᠦᠷᠭᠡ ᠴᠢᠳᠠᠪᠤᠷᠢ ᠲᠤᠰᠢᠶᠠᠯ ᠬᠠᠷᠢᠭᠤᠴᠠᠯᠭ᠎ᠠ ᠵᠢ ᠲᠣᠳᠣᠷᠬᠠᠢ ᠲᠣᠭᠲᠠᠭ᠋ᠠᠪᠠ᠃ 《ᠳᠦᠷᠢᠮ》᠎ᠳᠤ ᠲᠣᠳᠣᠷᠬᠠᠢ ᠲᠣᠭᠲᠠᠭ᠋ᠠᠭᠰᠠᠨ᠎ᠨᠢ᠂ ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ ᠨᠠᠰᠤᠵᠢᠯ᠎ᠤᠨ ᠦᠢ᠍ᠯᠡᠴᠢᠯᠡᠭᠡᠨ᠎ᠤ ᠦᠢ᠍ᠯᠡᠰ᠎ᠤᠨ ᠬᠥᠭᠵᠢᠯᠲᠡ ᠵᠢ ᠲᠣᠰ ᠱᠠᠲᠤᠨ᠎ᠤ ᠤᠯᠤᠰ ᠠᠷᠠᠳ᠎ᠤᠨ ᠠᠵᠤ ᠠᠬᠤᠢ ᠪᠠ ᠨᠡᠢ᠌ᠭᠡᠮ᠎ᠤᠨ ᠬᠥᠭᠵᠢᠯᠲᠡ ᠵᠢᠨ ᠲᠥᠯᠦᠪᠵᠢᠭᠦᠯᠭᠡ᠎ᠳᠤ᠎ᠪᠠᠨ ᠣᠷᠣᠭᠤᠯᠵᠤ᠂ ᠨᠠᠰᠤᠵᠢᠯ᠎ᠤᠨ ᠦᠢ᠍ᠯᠡᠴᠢᠯᠡᠭᠡᠨ᠎ᠤ ᠦᠢ᠍ᠯᠡᠰ᠎ᠤᠨ ᠵᠠᠷᠤᠳᠠᠯ᠎ᠢ ᠲᠣᠰ ᠱᠠᠲᠤᠨ᠎ᠤ ᠡᠳ᠋᠎ᠤᠨ ᠵᠠᠰᠠᠭ᠎ᠤᠨ ᠲᠥᠰᠥᠪ᠎ᠲᠤ᠎ᠪᠠᠨ ᠣᠷᠣᠭᠤᠯᠵᠤ᠂ ᠨᠠᠰᠤᠵᠢᠯ᠎ᠤᠨ ᠦᠢ᠍ᠯᠡᠴᠢᠯᠡᠭᠡᠨ᠎ᠤ ᠠᠵᠢᠯ᠎ᠤᠨ ᠳᠤᠮᠳᠠᠬᠢ ᠴᠢᠬᠤᠯᠠ ᠶᠡᠬᠡ ᠠᠰᠠᠭᠤᠳᠠᠯ᠎ᠢ ᠵᠣᠬᠢᠴᠠᠭᠤᠯᠤᠨ ᠰᠢᠢ᠍ᠳᠪᠦᠷᠢᠯᠡᠬᠦ ᠵᠢᠨ ᠬᠠᠮᠲᠤ ᠨᠠᠰᠤᠵᠢᠯ᠎ᠤᠨ ᠦᠢ᠍ᠯᠡᠴᠢᠯᠡᠭᠡᠨ᠎ᠤ ᠠᠵᠢᠯ᠎ᠤᠨ ᠠᠮᠵᠢᠯᠲᠠ ᠪᠦᠲᠦᠮᠵᠢ ᠵᠢ ᠰᠢᠯᠭ᠋ᠠᠬᠤ ᠬᠡᠪᠴᠢᠶᠡᠨ᠎ᠳᠤ ᠣᠷᠣᠭᠤᠯᠬᠤ ᠬᠡᠷᠡᠭᠲᠡᠢ᠃ ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ᠎ᠤ ᠠᠷᠠᠳ᠎ᠤᠨ ᠶᠠᠪᠤᠳᠠᠯ᠎ᠤᠨ ᠰᠠᠯᠠᠭ᠎ᠠ ᠮᠥᠴᠢᠷ᠎ᠨᠢ ᠲᠤᠰ ᠵᠠᠰᠠᠭ ᠵᠠᠬᠢᠷᠭ᠋ᠠᠨ᠎ᠤ ᠣᠷᠣᠨ᠎ᠤ᠎ᠪᠠᠨ ᠳᠣᠲᠣᠷᠠᠬᠢ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠠᠵᠢᠯ᠎ᠢ ᠭᠣᠣᠯᠴᠢᠯᠠᠨ ᠬᠠᠮᠢᠶᠠᠷᠴᠤ᠂ ᠰᠤᠮᠤ ᠰᠢᠶᠠᠩ ᠪᠠᠯᠭ᠋ᠠᠰᠤ ᠵᠢᠨ ᠠᠷᠠᠳ ᠤᠨ ᠵᠠᠰᠠᠭ᠎ᠤᠨ ᠣᠷᠳᠣᠨ᠂ ᠵᠡᠭᠡᠯᠢ ᠭᠤᠳᠤᠮᠵᠢ ᠵᠢᠨ ᠬᠡᠷᠡᠭ ᠡᠷᠬᠢᠯᠡᠬᠦ ᠭᠠᠵᠠᠷ᠎ᠨᠢ ᠲᠤᠰ ᠬᠠᠷᠢᠶ᠎ᠠ ᠣᠷᠣᠨ᠎ᠤ᠎ᠪᠠᠨ ᠳᠣᠲᠣᠷᠠᠬᠢ ᠨᠠᠰᠤᠵᠢᠯ᠎ᠤᠨ ᠦᠢ᠍ᠯᠡᠴᠢᠯᠡᠭᠡᠨ᠎ᠤ ᠠᠵᠢᠯ᠎ᠢ ᠬᠠᠤᠯᠢ ᠶᠣᠰᠣᠭ᠋ᠠᠷ ᠰᠠᠢ᠌ᠲᠤᠷ ᠬᠢᠵᠦ᠂ ᠰᠠᠭᠤᠭ᠋ᠠᠯᠢ ᠠᠷᠠᠳ᠎ᠤᠨ ᠵᠥᠪᠯᠡᠯ᠂ ᠭᠠᠴᠠᠭ᠎ᠠ ᠲᠣᠰᠬᠣᠨ᠎ᠤ ᠠᠷᠠᠳ᠎ᠤᠨ ᠵᠥᠪᠯᠡᠯ᠎ᠨᠢ ᠦᠨᠳᠦᠰᠦᠨ ᠱᠠᠲᠤᠨ᠎ᠤ ᠤᠯᠠᠨ ᠲᠦᠮᠡᠨᠴᠢ ᠴᠢᠨᠠᠷᠲᠠᠢ ᠥᠪᠡᠷᠲᠡᠭᠡᠨ ᠵᠠᠰᠠᠬᠤ ᠵᠣᠬᠢᠶᠠᠨ ᠪᠠᠢ᠌ᠭᠤᠯᠤᠯᠲᠠ ᠵᠢᠨ ᠴᠢᠳᠠᠮᠵᠢ ᠳᠠᠪᠠᠭᠤᠯᠢᠭ ᠵᠶ᠋ᠠᠨ ᠪᠠᠳᠠᠷᠠᠭᠤᠯᠤᠨ᠂ ᠨᠠᠰᠤᠵᠢᠯ᠎ᠤᠨ ᠦᠢ᠍ᠯᠡᠴᠢᠯᠡᠭᠡᠨ᠎ᠤ ᠠᠵᠢᠯ᠎ᠢ ᠬᠠᠪᠰᠤᠷᠤᠨ ᠰᠠᠢ᠌ᠲᠤᠷ ᠬᠢᠬᠦ ᠬᠡᠷᠡᠭᠲᠡᠢ᠃ ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠬᠥᠭᠵᠢᠭᠦᠯᠦᠯᠲᠡ ᠪᠠ ᠥᠭᠡᠷᠡᠴᠢᠯᠡᠯᠲᠡ᠂ ᠡᠳ᠋᠎ᠤᠨ ᠵᠠᠰᠠᠭ᠂ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ᠂ ᠪᠠᠢ᠌ᠭ᠋ᠠᠯᠢ ᠵᠢᠨ ᠡᠬᠢ ᠪᠠᠶᠠᠯᠢᠭ᠂ ᠣᠷᠣᠨ ᠰᠠᠭᠤᠴᠠ ᠪᠠ ᠬᠣᠲᠠ ᠬᠥᠳᠡᠭᠡ ᠵᠢᠨ ᠪᠦᠲᠦᠭᠡᠨ ᠪᠠᠢ᠌ᠭᠤᠯᠤᠯᠲᠠ᠂ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ᠂ ᠡᠮᠴᠢᠯᠡᠭᠡᠨ᠎ᠤ ᠪᠠᠲᠤᠯᠠᠭ᠎ᠠ ᠵᠡᠷᠭᠡ ᠰᠠᠯᠠᠭ᠎ᠠ ᠮᠥᠴᠢᠷ᠎ᠤᠨ᠎ᠬᠢᠨ ᠡᠭᠦᠷᠭᠡ ᠬᠠᠷᠢᠭᠤᠴᠠᠯᠭ᠎ᠠ ᠵᠢᠨ ᠵᠶ᠋ᠠᠨ ᠶᠣᠰᠣᠭ᠋ᠠᠷ ᠨᠠᠰᠤᠵᠢᠯ᠎ᠤᠨ ᠦᠢ᠍ᠯᠡᠴᠢᠯᠡᠭᠡᠨ᠎ᠤ ᠬᠠᠮᠢᠶ᠎ᠠ ᠪᠦᠬᠦᠢ ᠠᠵᠢᠯ᠎ᠢ ᠰᠠᠢ᠌ᠲᠤᠷ ᠬᠢᠬᠦ ᠬᠡᠷᠡᠭᠲᠡᠢ᠃ ᠠᠵᠢᠯᠴᠢᠨ᠎ᠤ ᠡᠪᠯᠡᠯ᠂ ᠡᠪ ᠬᠠᠮᠲᠤ ᠵᠠᠯᠠᠭᠤᠴᠤᠳ᠎ᠤᠨ ᠡᠪᠯᠡᠯ᠂ ᠡᠮᠡᠭᠲᠡᠢ᠌ᠴᠦᠳ᠎ᠤᠨ ᠬᠤᠯᠪᠤᠭ᠎ᠠ᠂ ᠵᠡᠮᠳᠡᠭᠴᠦᠳ᠎ᠤᠨ ᠬᠤᠯᠪᠤᠭ᠎ᠠ᠂ ᠤᠯᠠᠭ᠋ᠠᠨ ᠵᠠᠭ᠋ᠠᠯᠮᠠᠢ᠍ᠢ᠍ᠳᠠᠨ᠎ᠤ ᠨᠡᠢ᠌ᠭᠡᠮᠯᠢᠭ ᠪᠤᠯᠤᠨ ᠨᠠᠰᠤᠵᠢᠯ᠎ᠤᠨ ᠦᠢ᠍ᠯᠡᠴᠢᠯᠡᠭᠡᠨ᠎ᠤ ᠠᠵᠢᠯ ᠲᠦᠷᠦᠯ᠎ᠤᠨ ᠵᠣᠬᠢᠶᠠᠨ ᠪᠠᠢ᠌ᠭᠤᠯᠤᠯᠲᠠ᠂ ᠨᠠᠰᠤᠲᠠᠢ᠌ᠴᠤᠳ᠎ᠤᠨ ᠵᠣᠬᠢᠶᠠᠨ ᠪᠠᠢ᠌ᠭᠤᠯᠤᠯᠲᠠ᠂ ᠨᠢᠭᠦᠯᠡᠰᠦᠩᠭᠦᠢ ᠵᠢᠨ ᠵᠣᠬᠢᠶᠠᠨ ᠪᠠᠢ᠌ᠭᠤᠯᠤᠯᠲᠠ᠂ ᠰᠠᠢ᠌ᠨ ᠲᠤᠷᠠᠴᠤᠤᠯ᠎ᠤᠨ ᠦᠢ᠍ᠯᠡᠴᠢᠯᠡᠭᠡᠨ᠎ᠤ ᠵᠣᠬᠢᠶᠠᠨ ᠪᠠᠢ᠌ᠭᠤᠯᠤᠯᠲᠠ ᠵᠡᠷᠭᠡ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ᠎ᠨᠤᠭᠤᠳ ᠲᠤᠰᠢᠶᠠᠯ ᠬᠠᠷᠢᠭᠤᠴᠠᠯᠭ᠎ᠠ ᠪᠤᠶᠤ ᠳᠦᠷᠢᠮ ᠵᠶ᠋ᠡᠨ ᠦᠨᠳᠦᠰᠦᠯᠡᠨ ᠨᠠᠰᠤᠵᠢᠯ᠎ᠤᠨ ᠦᠢ᠍ᠯᠡᠴᠢᠯᠡᠭᠡᠨ᠎ᠤ ᠠᠵᠢᠯ᠎ᠳᠤ ᠣᠷᠣᠯᠴᠠᠨ᠎ᠠ᠃
ᠬᠣᠶᠠᠷ᠎ᠲᠤ᠂ ᠨᠠᠰᠤᠵᠢᠯ᠎ᠤᠨ ᠦᠢ᠍ᠯᠡᠴᠢᠯᠡᠭᠡᠨ᠎ᠤ ᠲᠥᠬᠦᠭᠡᠷᠦᠮᠵᠢ ᠵᠢᠨ ᠲᠥᠯᠦᠪᠵᠢᠭᠦᠯᠭᠡ᠂ ᠪᠦᠲᠦᠭᠡᠨ ᠪᠠᠢ᠌ᠭᠤᠯᠤᠯᠲᠠ ᠵᠢᠨ ᠲᠠᠯ᠎ᠠ᠎ᠪᠠᠷ ᠲᠣᠳᠣᠷᠬᠠᠢ ᠱᠠᠭ᠋ᠠᠷᠳᠠᠯᠭ᠎ᠠ ᠳᠤᠷᠠᠳᠴᠠᠢ᠃ ᠬᠣᠲᠠ ᠬᠥᠳᠡᠭᠡ ᠵᠢᠨ ᠨᠠᠰᠤᠵᠢᠯ᠎ᠤᠨ ᠦᠢ᠍ᠯᠡᠴᠢᠯᠡᠭᠡᠨ᠎ᠤ ᠲᠥᠬᠦᠭᠡᠷᠦᠮᠵᠢ ᠵᠢᠨ ᠪᠦᠲᠦᠭᠡᠨ ᠪᠠᠢ᠌ᠭᠤᠯᠤᠯᠲᠠ᠎ᠳᠤ ᠬᠡᠷᠡᠭᠯᠡᠬᠦ ᠭᠠᠵᠠᠷ᠎ᠢ ᠪᠠᠲᠤᠯᠠᠬᠤ ᠵᠢ 《ᠳᠦᠷᠢᠮ》᠎ᠳᠤ ᠲᠣᠭᠲᠠᠭ᠋ᠠᠭᠰᠠᠨ᠎ᠨᠢ᠄ ᠠᠢ᠌ᠮᠠᠭ᠎ᠤᠨ ᠵᠠᠬᠢᠷᠭ᠎ᠠ᠂ ᠲᠣᠭᠣᠷᠢᠭ᠎ᠲᠠᠢ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ ᠪᠠ ᠬᠣᠰᠢᠭᠤ ᠰᠢᠶᠠᠨ᠎ᠤ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠷᠠᠳ᠎ᠤᠨ ᠶᠠᠪᠤᠳᠠᠯ᠎ᠤᠨ ᠰᠠᠯᠠᠭ᠎ᠠ ᠮᠥᠴᠢᠷ᠎ᠤᠨ᠎ᠬᠢᠨ ᠠᠳᠠᠯᠢ ᠱᠠᠲᠤᠨ᠎ᠤ ᠪᠠᠢ᠌ᠭ᠋ᠠᠯᠢ ᠵᠢᠨ ᠡᠬᠢ ᠪᠠᠶᠠᠯᠢᠭ᠂ ᠣᠷᠣᠨ ᠰᠠᠭᠤᠴᠠ ᠪᠠ ᠬᠣᠲᠠ ᠬᠥᠳᠡᠭᠡ ᠵᠢᠨ ᠪᠦᠲᠦᠭᠡᠨ ᠪᠠᠢ᠌ᠭᠤᠯᠤᠯᠲᠠ ᠵᠡᠷᠭᠡ ᠰᠠᠯᠠᠭ᠎ᠠ ᠮᠥᠴᠢᠷ᠎ᠲᠠᠢ ᠬᠠᠮᠲᠤᠷᠠᠨ᠂ ᠨᠠᠰᠤᠵᠢᠯ᠎ᠤᠨ ᠦᠢ᠍ᠯᠡᠴᠢᠯᠡᠭᠡᠨ᠎ᠤ ᠲᠦᠬᠦᠬᠡᠷᠤᠮᠵᠢ ᠵᠢᠨ ᠲᠥᠯᠦᠪᠵᠢᠭᠦᠯᠭᠡ ᠵᠢ ᠤᠯᠤᠰ᠎ᠤᠨ ᠭᠠᠵᠠᠷ ᠰᠢᠷᠣᠢ ᠵᠢᠨ ᠣᠷᠣᠨ ᠵᠠᠢ ᠵᠢᠨ ᠲᠥᠯᠦᠪᠵᠢᠭᠦᠯᠭᠡ ᠵᠢ ᠦᠨᠳᠦᠰᠦᠯᠡᠨ᠂ ᠬᠥᠮᠥᠨ ᠠᠮᠠ᠂ ᠣᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠡᠬᠢ ᠪᠠᠶᠠᠯᠢᠭ᠂ ᠨᠠᠰᠤᠵᠢᠯ᠎ᠤᠨ ᠦᠢ᠍ᠯᠡᠴᠢᠯᠡᠭᠡᠨ᠎ᠤ ᠬᠡᠷᠡᠭᠴᠡᠭᠡ ᠵᠢ ᠨᠢᠭᠡᠳᠦᠯᠲᠡᠢ ᠪᠣᠳᠣᠯᠬᠢᠯᠠᠵᠤ ᠪᠠᠢ᠌ᠭ᠋ᠠᠳ ᠵᠣᠬᠢᠶᠠᠬᠤ ᠬᠡᠷᠡᠭᠲᠡᠢ᠃ ᠨᠡᠶ᠋ᠢᠲᠡ ᠵᠢᠨ ᠠᠰᠠᠷᠠᠮᠵᠢ ᠵᠢᠨ ᠴᠢᠨᠠᠷᠲᠠᠢ ᠨᠠᠰᠤᠵᠢᠯ᠎ᠤᠨ ᠦᠢ᠍ᠯᠡᠴᠢᠯᠡᠭᠡᠨ᠎ᠤ ᠲᠥᠬᠦᠭᠡᠷᠦᠮᠵᠢ ᠵᠢᠨ ᠪᠦᠲᠦᠭᠡᠨ ᠪᠠᠢ᠌ᠭᠤᠯᠤᠯᠲᠠ᠎ᠳᠤ ᠬᠡᠷᠡᠭᠯᠡᠬᠦ ᠭᠠᠵᠠᠷ᠎ᠢ ᠤᠯᠤᠰ᠎ᠤᠨ ᠥᠮᠴᠢᠯᠡᠯ᠎ᠤᠨ ᠰᠢᠯᠵᠢᠭᠦᠯᠦᠨ ᠥᠭᠭᠦᠭᠰᠡᠨ ᠭᠠᠵᠠᠷ ᠰᠢᠷᠣᠢ ᠪᠤᠶᠤ ᠬᠠᠮᠲᠤ ᠵᠢᠨ ᠥᠮᠴᠢᠯᠡᠯ᠎ᠤᠨ ᠭᠠᠵᠠᠷ ᠰᠢᠷᠣᠢ ᠵᠢ ᠬᠠᠤᠯᠢ ᠶᠣᠰᠣᠭ᠋ᠠᠷ ᠬᠡᠷᠡᠭᠯᠡᠵᠤ ᠪᠤᠯᠤᠨ᠎ᠠ᠃ ᠠᠰᠢᠭ ᠣᠯᠵᠠᠪᠤᠷᠢ ᠵᠢᠨ ᠴᠢᠨᠠᠷᠲᠠᠢ ᠨᠠᠰᠤᠵᠢᠯ᠎ᠤᠨ ᠦᠢ᠍ᠯᠡᠴᠢᠯᠡᠭᠡᠨ᠎ᠤ ᠲᠦᠬᠦᠬᠡᠷᠤᠮᠵᠢ ᠵᠢᠨ ᠪᠦᠲᠦᠭᠡᠨ ᠪᠠᠢ᠌ᠭᠤᠯᠤᠯᠲᠠ᠎ᠳᠤ ᠬᠡᠷᠡᠭᠯᠡᠬᠦ ᠭᠠᠵᠠᠷ᠎ᠢ ᠲᠦᠷᠢᠶᠡᠰᠤᠯᠡᠬᠦᠯᠬᠦ᠂ ᠰᠢᠯᠵᠢᠬᠦᠯᠤᠨ ᠦᠭᠭᠦ ᠵᠡᠷᠭᠡ ᠠᠷᠭ᠎ᠠ ᠬᠠᠩᠭ᠋ᠠᠨ᠎ᠠ᠃ ᠬᠣᠰᠢᠭᠤ ᠰᠢᠶᠠᠨ ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠬᠣᠯᠪᠣᠭᠳᠠᠯ ᠪᠦᠬᠦᠢ ᠰᠠᠯᠠᠭ᠎ᠠ ᠮᠥᠴᠢᠷ ᠬᠠᠷᠠᠭ᠋ᠠᠯᠵᠠᠯ᠎ᠤᠨ ᠠᠷᠭ᠎ᠠ ᠲᠣᠭᠲᠠᠭ᠋ᠠᠨ᠂ ᠬᠦᠢ᠍ᠴᠡᠳᠬᠡᠬᠦ ᠳᠠᠷᠠᠭ᠋ᠠᠯᠠᠯ᠎ᠢ ᠳᠥᠭᠥᠮᠴᠢᠯᠡᠵᠦ᠂ ᠨᠡᠢ᠌ᠭᠡᠮ᠎ᠤᠨ ᠬᠦᠴᠦᠨ᠎ᠢ ᠳᠡᠮᠵᠢᠬᠦ ᠪᠠ ᠬᠥᠲᠥᠯᠥᠨ ᠵᠢᠯᠤᠭᠣᠳᠴᠤ ᠪᠠᠢ᠌ᠭ᠋ᠠᠳ ᠰᠤᠯᠠ ᠠᠯᠪᠠᠨ ᠭᠡᠷ᠂ ᠪᠣᠯᠪᠠᠰᠤᠷᠠᠯ᠎ᠤᠨ ᠲᠥᠪ᠂ ᠰᠤᠷᠭ᠋ᠠᠭᠤᠯᠢ᠂ ᠵᠣᠴᠢᠳ᠎ᠤᠨ ᠪᠠᠭᠤᠳᠠᠯ᠂ ᠵᠣᠴᠢᠯᠠᠬᠤ ᠭᠠᠵᠠᠷ᠂ ᠰᠤᠪᠢᠯᠠᠯᠲᠠ ᠵᠢᠨ ᠬᠦᠷᠢᠶᠡᠯᠡᠩ᠂ ᠦᠢ᠍ᠯᠡᠳᠪᠦᠷᠢ ᠵᠢᠨ ᠭᠡᠷ ᠪᠠᠢ᠌ᠰᠢᠩ᠂ ᠬᠤᠳᠠᠯᠳᠤᠭ᠋ᠠᠨ᠎ᠤ ᠲᠦᠬᠦᠬᠡᠷᠤᠮᠵᠢ ᠵᠡᠷᠭᠡ ᠨᠥᠬᠥᠴᠡᠯ᠎ᠳᠤ ᠬᠦᠷᠬᠦ ᠭᠠᠵᠠᠷ᠎ᠢ ᠬᠠᠤᠯᠢ ᠶᠣᠰᠣᠭ᠋ᠠᠷ ᠨᠠᠰᠤᠵᠢᠯ᠎ᠤᠨ ᠦᠢ᠍ᠯᠡᠴᠢᠯᠡᠭᠡᠨ᠎ᠤ ᠲᠦᠬᠦᠬᠡᠷᠤᠮᠵᠢ ᠪᠣᠯᠭ᠋ᠠᠨ ᠥᠭᠡᠷᠡᠴᠢᠯᠡᠬᠦ ᠬᠡᠷᠡᠭᠲᠡᠢ᠃ ᠮᠠᠯᠵᠢᠬᠤ ᠲᠠᠷᠢᠶᠠᠯᠠᠬᠤ ᠣᠷᠣᠨ᠎ᠤ ᠬᠠᠮᠲᠤ ᠵᠢᠨ ᠪᠦᠲᠦᠭᠡᠨ ᠪᠠᠢ᠌ᠭᠤᠯᠤᠯᠲᠠ᠎ᠳᠤ ᠬᠡᠷᠡᠭᠯᠡᠬᠦ ᠭᠠᠵᠠᠷ ᠰᠢᠷᠣᠢ ᠵᠢ ᠨᠠᠰᠤᠵᠢᠯ᠎ᠤᠨ ᠦᠢ᠍ᠯᠡᠴᠢᠯᠡᠭᠡᠨ᠎ᠢ ᠬᠥᠭᠵᠢᠭᠦᠯᠬᠦ᠎ᠳᠤ ᠬᠡᠷᠡᠭᠯᠡᠬᠦ ᠵᠢ ᠵᠤᠷᠢᠬ᠍ᠵᠢᠭᠤᠯᠤᠨ᠎ᠠ᠃ ᠰᠢᠨ᠎ᠡ᠎ᠪᠠᠷ ᠪᠠᠶ᠋ᠢᠭᠤᠯᠬᠤ᠂ ᠰᠢᠨᠡᠳᠬᠡᠬᠦ ᠪᠠ ᠦᠷᠬᠡᠳᠭᠡᠬᠦ ᠬᠤᠷᠢᠶᠠᠯᠠᠯ᠎ᠳᠤ ᠵᠠᠭᠤᠨ ᠡᠷᠦᠬᠡ ᠪᠦᠷᠢ᠎ᠳᠤ 20 ᠲᠡᠭᠰᠢ ᠳᠥᠷᠪᠡᠯᠵᠢᠨ ᠮᠧᠲᠷ᠎ᠠᠴᠠ ᠳᠤᠲᠠᠭᠤ ᠦᠭᠡᠢ ᠪᠠᠷᠢᠯᠭ᠎ᠠ ᠵᠢᠨ ᠲᠠᠯᠠᠪᠠᠶ ᠵᠢᠨ ᠪᠠᠷᠢᠮᠵᠢᠶ᠎ᠠ᠎ᠪᠠᠷ ᠨᠠᠰᠤᠵᠢᠯ᠎ᠤᠨ ᠦᠢ᠍ᠯᠡᠴᠢᠯᠡᠭᠡᠨ᠎ᠤ ᠲᠦᠬᠦᠬᠡᠷᠤᠮᠵᠢ ᠵᠢ ᠢᠵᠢ ᠪᠦᠷᠢᠳᠦᠭᠦᠯᠦᠨ ᠪᠦᠲᠦᠭᠡᠨ ᠪᠠᠶ᠋ᠢᠭᠤᠯᠬᠤ ᠵᠢᠨ ᠬᠠᠮᠲᠤ ᠪᠦᠲᠦᠭᠡᠨ ᠪᠠᠢ᠌ᠭᠤᠯᠤᠯᠲᠠ ᠵᠢᠨ ᠲᠥᠷᠥᠯ ᠵᠦᠢ᠍ᠯ᠎ᠯᠦᠭᠡ ᠵᠡᠷᠭᠡ᠎ᠳᠤ᠎ᠨᠢ ᠲᠥᠯᠥᠪᠵᠢᠭᠦᠯᠵᠦ᠂ ᠵᠡᠷᠭᠡ᠎ᠳᠤ᠎ᠨᠢ ᠪᠠᠢ᠌ᠭᠤᠯᠵᠤ᠂ ᠵᠡᠷᠭᠡ᠎ᠳᠤ᠎ᠨᠢ ᠰᠢᠯᠭ᠋ᠠᠨ ᠠᠪᠴᠤ᠂ ᠵᠡᠷᠭᠡ᠎ᠳᠤ᠎ᠨᠢ ᠲᠥᠯᠥᠪᠦᠷᠢ ᠦᠭᠡᠢ᠎ᠪᠠᠷ ᠲᠤᠰᠢᠶᠠᠨ ᠥᠭᠬᠦ ᠬᠡᠷᠡᠭᠲᠡᠢ᠃ ᠨᠠᠰᠤᠵᠢᠯ᠎ᠤᠨ ᠦᠢ᠍ᠯᠡᠴᠢᠯᠡᠭᠡᠨ᠎ᠤ ᠲᠦᠬᠦᠬᠡᠷᠤᠮᠵᠢ ᠵᠢ ᠢᠵᠢ ᠪᠦᠷᠢᠳᠦᠭᠦᠯᠦᠨ ᠪᠠᠢ᠌ᠭᠤᠯᠤᠭᠰᠠᠨ ᠦᠭᠡᠢ ᠪᠤᠶᠤ ᠨᠠᠰᠤᠵᠢᠯ᠎ᠤᠨ ᠦᠢ᠍ᠯᠡᠴᠢᠯᠡᠭᠡᠨ᠎ᠤ ᠲᠦᠬᠦᠬᠡᠷᠤᠮᠵᠢ᠎ᠨᠢ ᠪᠦᠲᠦᠭᠡᠨ ᠪᠠᠢ᠌ᠭᠤᠯᠤᠯᠲᠠ ᠵᠢᠨ ᠲᠥᠯᠦᠪᠵᠢᠭᠦᠯᠭᠡ ᠵᠢᠨ ᠪᠠᠷᠢᠮᠵᠢᠶ᠎ᠠ᠎ᠳᠤ ᠬᠦᠷᠦᠭᠰᠡᠨ ᠦᠭᠡᠢ ᠬᠤᠷᠢᠶᠠᠯᠠᠯ ᠪᠠᠢ᠌ᠪᠠᠯ᠂ ᠪᠠᠢ᠌ᠭ᠎ᠠ ᠭᠠᠵᠠᠷ᠎ᠤᠨ ᠬᠣᠰᠢᠭᠤ ᠰᠢᠶᠠᠨ᠎ᠤ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠨᠢ ᠵᠠᠭᠤᠨ ᠡᠷᠦᠬᠡ ᠪᠦᠷᠢ᠎ᠳᠤ 20 ᠲᠡᠭᠰᠢ ᠳᠥᠷᠪᠡᠯᠵᠢᠨ ᠮᠧᠲᠷ᠎ᠠᠴᠠ ᠳᠤᠲᠠᠭᠤ ᠦᠭᠡᠢ ᠪᠠᠷᠢᠯᠭ᠎ᠠ ᠵᠢᠨ ᠲᠠᠯᠠᠪᠠᠶ ᠵᠢᠨ ᠪᠠᠷᠢᠮᠵᠢᠶ᠎ᠠ ᠶᠣᠰᠣᠭ᠋ᠠᠷ᠂ ᠰᠢᠨ᠎ᠡ᠎ᠪᠠᠷ ᠪᠠᠶ᠋ᠢᠭᠤᠯᠬᠤ᠂ ᠥᠭᠡᠷᠡᠴᠢᠯᠡᠨ ᠪᠠᠶ᠋ᠢᠭᠤᠯᠬᠤ᠂ ᠬᠤᠳᠠᠯᠳᠤᠨ ᠠᠪᠬᠤ᠂ ᠰᠣᠯᠢᠬᠤ᠂ ᠲᠦᠷᠢᠶᠡᠰᠦᠯᠡᠬᠦ ᠵᠡᠷᠭᠡ ᠠᠷᠭ᠎ᠠ ᠪᠠᠷ ᠲᠣᠬᠢᠷᠠᠭᠤᠯᠬᠤ ᠬᠡᠷᠡᠭᠲᠡᠢ᠃
ᠭᠤᠷᠪᠠ᠎ᠳᠤ᠂ ᠭᠡᠷ᠎ᠲᠤ᠎ᠬᠢ ᠪᠠ ᠪᠠᠢ᠌ᠭ᠎ᠠ ᠨᠡᠢ᠌ᠭᠡᠮ ᠲᠣᠭᠣᠷᠢᠭ᠎ᠤᠨ ᠨᠠᠰᠤᠵᠢᠯ᠎ᠤᠨ ᠦᠢ᠍ᠯᠡᠴᠢᠯᠡᠭᠡᠨ᠎ᠤ ᠦᠨᠳᠤᠰᠤᠨ ᠪᠠᠢ᠌ᠷᠢ ᠰᠠᠭᠤᠷᠢ ᠵᠢ ᠴᠢᠩᠭ᠋ᠠᠳᠬᠠᠪᠠ᠃ 《ᠳᠦᠷᠢᠮ》᠎ᠳᠤ ᠲᠣᠭᠲᠠᠭ᠋ᠠᠭᠰᠠᠨ᠎ᠨᠢ᠂ ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠨᠤᠭᠤᠳ ᠬᠣᠲᠠ ᠬᠥᠳᠡᠭᠡ ᠵᠢᠨ ᠭᠡᠷ ᠲᠤᠬ᠎ᠢ ᠪᠠ ᠨᠡᠢ᠌ᠭᠡᠮ ᠲᠣᠭᠣᠷᠢᠭ᠎ᠤᠨ ᠨᠠᠰᠤᠵᠢᠯ᠎ᠤᠨ ᠦᠢ᠍ᠯᠡᠴᠢᠯᠡᠭᠡᠨ᠎ᠤ ᠲᠥᠷᠥ ᠵᠢᠨ ᠪᠣᠳᠣᠯᠭ᠎ᠠ ᠪᠠ ᠣᠯᠠᠨ ᠨᠡᠶ᠋ᠢᠲᠡ ᠵᠢᠨ ᠦᠨᠳᠦᠰᠦᠨ ᠦᠢ᠍ᠯᠡᠴᠢᠯᠡᠭᠡ ᠵᠢ ᠪᠠᠢ᠌ᠭᠤᠯᠤᠨ ᠲᠡᠭᠦᠯᠳᠡᠷᠵᠢᠭᠦᠯᠵᠦ᠂ ᠠᠵᠤ ᠠᠬᠤᠢ᠌ᠯᠠᠯ ᠠᠵᠢᠯ ᠦᠢ᠍ᠯᠡᠰ᠎ᠤᠨ ᠨᠢᠬᠡᠴᠢ᠂ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠡᠷᠭᠡ ᠵᠢᠨ ᠨᠡᠢ᠌ᠭᠡᠮ ᠲᠣᠭᠣᠷᠢᠭ᠎ᠲᠤ ᠲᠦᠰᠢᠭᠯᠡᠨ ᠣᠢ᠌ᠷ᠎ᠠ ᠬᠠᠪᠢ ᠳᠤ᠎ᠪᠠᠨ ᠲᠥᠬᠥᠮ ᠦᠵᠡᠭᠦᠯᠬᠦ᠂ ᠠᠮᠤᠷ ᠲᠦᠪᠰᠢᠨ ᠂ ᠦᠨ᠎ᠡ ᠬᠠᠩᠰᠢ᠎ᠨᠢ ᠵᠦᠢ ᠵᠣᠬᠢᠰᠲᠠᠢ ᠪᠠᠢ᠌ᠬᠤ ᠵᠠᠷᠴᠢᠮ ᠶᠣᠰᠣᠭ᠋ᠠᠷ ᠬᠣᠲᠠ ᠬᠥᠳᠡᠭᠡ ᠵᠢᠨ ᠨᠠᠰᠤᠲᠠᠢ᠌ᠴᠤᠳ᠎ᠲᠤ ᠭᠡᠷ ᠲᠤᠬ᠎ᠢ ᠪᠠ ᠨᠡᠢ᠌ᠭᠡᠮ ᠲᠣᠭᠣᠷᠢᠭ᠎ᠤᠨ ᠨᠠᠰᠤᠵᠢᠯ᠎ᠤᠨ ᠦᠢ᠍ᠯᠡᠴᠢᠯᠡᠭᠡ ᠬᠠᠩᠭ᠋ᠠᠬᠤ ᠵᠢ ᠠᠬᠢᠭᠤᠯᠬᠤ ᠪᠠ ᠳᠡᠮᠵᠢᠬᠦ ᠬᠡᠷᠡᠭᠲᠡᠢ᠃ ᠬᠣᠲᠠ ᠬᠥᠳᠡᠭᠡ ᠵᠢᠨ ᠭᠡᠷ᠎ᠲᠤ᠎ᠬᠢ ᠪᠠ ᠪᠠᠢ᠌ᠭ᠎ᠠ ᠨᠡᠢ᠌ᠭᠡᠮ ᠲᠣᠭᠣᠷᠢᠭ᠎ᠤᠨ ᠨᠠᠰᠤᠵᠢᠯ᠎ᠤᠨ ᠦᠢ᠍ᠯᠡᠴᠢᠯᠡᠭᠡ᠎ᠳᠤ ᠭᠣᠣᠯᠳᠠᠭᠤ ᠠᠮᠢᠳᠤᠷᠠᠯ᠎ᠤᠨ ᠬᠠᠷᠠᠭ᠋ᠠᠯᠵᠠᠯ᠂ ᠡᠷᠡᠭᠦᠯ ᠮᠡᠨᠳᠦ ᠵᠢᠨ ᠰᠤᠪᠢᠯᠠᠯᠲᠠ᠂ ᠣᠶᠤᠨ ᠰᠠᠨᠠᠭ᠋ᠠᠨ᠎ᠤ ᠲᠠᠢ᠌ᠳᠬᠤᠷᠠᠭᠤᠯᠤᠯ᠂ ᠪᠠᠴᠢᠮ ᠠᠪᠤᠷᠠᠯᠳᠠ᠂ ᠬᠠᠤᠯᠢ ᠴᠠᠭ᠋ᠠᠵᠠ ᠵᠢᠨ ᠯᠠᠪᠯᠠᠭ᠎ᠠ᠂ ᠨᠠᠰᠤᠲᠠᠢ᠌ᠴᠤᠳ᠎ᠤᠨ ᠰᠤᠷᠭ᠋ᠠᠨ ᠬᠥᠮᠦᠵᠢᠯ᠂ ᠰᠣᠶᠣᠯ ᠵᠤᠭ᠎ᠠ ᠴᠡᠩᠭᠡᠯ᠂ ᠪᠡᠶ᠎ᠡ ᠵᠢᠨ ᠲᠠᠮᠢᠷ ᠪᠡᠶ᠎ᠡ ᠴᠢᠭᠢᠷᠠᠭᠵᠢᠭᠤᠯᠤᠯᠲᠠ᠂ ᠰᠡᠯᠡᠭᠦᠴᠡᠯ ᠰᠤᠪᠢᠯᠠᠯᠲᠠ ᠵᠡᠷᠭᠡ 6 ᠶᠡᠬᠡ ᠲᠥᠷᠥᠯ᠎ᠤᠨ 21 ᠵᠦᠢ᠍ᠯ᠎ᠤᠨ ᠪᠣᠳᠠᠲᠠᠢ ᠦᠢ᠍ᠯᠡᠴᠢᠯᠡᠭᠡ ᠪᠠᠭᠲᠠᠨ᠎ᠠ᠃ ᠪᠠᠢ᠌ᠭᠤᠯᠤᠮᠵᠢ ᠵᠢᠨ ᠨᠠᠰᠤᠵᠢᠯ᠎ᠳᠤ ᠭᠣᠣᠯᠳᠠᠭᠤ ᠠᠮᠢᠳᠤᠷᠠᠯ᠎ᠤᠨ ᠬᠠᠷᠠᠭ᠋ᠠᠯᠵᠠᠯ᠂ ᠡᠳᠦᠷ ᠲᠤᠲᠤᠮ᠎ᠤᠨ ᠡᠷᠡᠭᠦᠯ ᠮᠡᠨᠳᠦ᠂ ᠣᠶᠤᠨ ᠰᠠᠨᠠᠭ᠋ᠠᠨ᠎ᠤ ᠲᠠᠢ᠌ᠳᠬᠤᠷᠠᠭᠤᠯᠤᠯ᠂ ᠰᠣᠶᠣᠯ ᠰᠤᠷᠭ᠋ᠠᠨ ᠬᠥᠮᠦᠵᠢᠯ᠂ ᠪᠡᠶ᠎ᠡ ᠵᠢᠨ ᠲᠠᠮᠢᠷ ᠵᠤᠭ᠎ᠠ ᠴᠡᠩᠭᠡᠯ ᠵᠡᠷᠭᠡ 4 ᠶᠡᠬᠡ ᠲᠥᠷᠥᠯ᠎ᠤᠨ 16 ᠵᠦᠢ᠍ᠯ᠎ᠤᠨ ᠪᠣᠳᠠᠲᠠᠢ ᠦᠢ᠍ᠯᠡᠴᠢᠯᠡᠭᠡ ᠪᠠᠭᠲᠠᠨ᠎ᠠ᠃ ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ ᠨᠥᠬᠥᠪᠦᠷᠢ ᠥᠭᠬᠦ᠂ ᠵᠠᠰᠠᠭ᠎ᠤᠨ ᠣᠷᠳᠣᠨ ᠦᠢ᠍ᠯᠡᠴᠢᠯᠡᠭᠡ ᠬᠤᠳᠠᠯᠳᠤᠨ ᠠᠪᠴᠤ ᠦᠭᠭᠦ᠎ᠪᠠᠷ ᠳᠠᠮᠵᠢᠭᠤᠯᠤᠨ ᠭᠡᠷ᠎ᠲᠤ᠎ᠬᠢ ᠪᠠ ᠨᠡᠢ᠌ᠭᠡᠮ ᠲᠣᠭᠣᠷᠢᠭ᠎ᠤᠨ ᠨᠠᠰᠤᠵᠢᠯ᠎ᠤᠨ ᠦᠢ᠍ᠯᠡᠴᠢᠯᠡᠭᠡᠨ᠎ᠢ ᠳᠡᠮᠵᠢᠬᠦ ᠵᠢᠨ ᠬᠠᠮᠲᠤ᠂ ᠠᠵᠤ ᠠᠬᠤᠢ᠎ᠨᠢ ᠬᠦᠴᠢᠷᠳᠡᠯᠲᠡᠢ ᠦᠳᠡᠬᠦᠰ᠂ ᠪᠡᠶ᠎ᠡ᠎ᠳᠤ᠎ᠪᠠᠨ ᠵᠦᠪ ᠦᠬᠡᠢ᠂ ᠭᠠᠭᠴᠠᠭ᠋ᠠᠷ ᠰᠠᠭᠤᠭ᠎ᠠ᠂ ᠭᠡᠷ᠎ᠲᠤ᠎ᠪᠠᠨ ᠬᠣᠴᠣᠷᠤᠭᠰᠠᠨ᠂ ᠲᠥᠯᠥᠪᠯᠡᠭᠡᠲᠦ ᠦᠷᠡᠵᠢᠯ᠎ᠠᠴᠠ ᠪᠤᠯᠤᠬᠰᠠᠨ ᠤᠨᠴᠠᠭ᠋ᠠᠢ ᠭᠡᠷ ᠪᠦᠯᠢ ᠵᠢᠨ᠎ᠬᠢᠨ ᠵᠡᠷᠬᠡ ᠭᠡᠷ᠎ᠲᠤ᠎ᠪᠠᠨ ᠰᠠᠭᠤᠵᠤ ᠪᠠᠢ᠌ᠭ᠎ᠠ ᠨᠠᠰᠤᠲᠠᠢ᠌ᠴᠤᠳ᠎ᠤᠨ ᠨᠠᠰᠤᠵᠢᠯ᠎ᠤᠨ ᠦᠢ᠍ᠯᠡᠴᠢᠯᠡᠭᠡᠨ᠎ᠤ ᠬᠡᠷᠡᠭᠴᠡᠭᠡ ᠤᠷᠢᠳ ᠵᠶ᠋ᠡᠷ ᠪᠠᠲᠤᠯᠠᠬᠤ ᠬᠡᠷᠡᠭᠲᠡᠢ᠃
ᠳᠥᠷᠪᠡ᠎ᠳᠤ᠂ ᠨᠠᠰᠤᠵᠢᠯ᠎ᠤᠨ ᠪᠠᠢ᠌ᠭᠤᠯᠤᠮᠵᠢ ᠵᠢᠨ ᠪᠠᠢ᠌ᠭᠤᠯᠤᠯᠲᠠ ᠪᠠ ᠡᠵᠡᠩᠨᠡᠯᠲᠡ ᠵᠢᠨ ᠵᠢᠷᠤᠮᠵᠢᠯ᠎ᠢ ᠰᠢᠨᠵᠢᠯᠡᠬᠦ ᠤᠬᠠᠭ᠋ᠠᠨᠴᠢ᠂ ᠵᠦᠢ ᠵᠣᠬᠢᠰᠲᠠᠢ ᠲᠣᠭᠲᠠᠭ᠋ᠠᠵᠠᠢ᠃ 《ᠳᠦᠷᠢᠮ》᠎ᠳᠤ᠂ ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ ᠨᠠᠰᠤᠵᠢᠯ᠎ᠤᠨ ᠪᠠᠢ᠌ᠭᠤᠯᠤᠮᠵᠢ ᠵᠢᠨ ᠪᠠᠢ᠌ᠭᠤᠯᠤᠯᠲᠠ ᠵᠢ ᠠᠬᠢᠭᠤᠯᠵᠤ᠂ ᠨᠡᠢ᠌ᠭᠡᠮ᠎ᠤᠨ ᠬᠦᠴᠦᠨ᠎ᠤ ᠨᠠᠰᠤᠵᠢᠯ᠎ᠤᠨ ᠪᠠᠢ᠌ᠭᠤᠯᠤᠮᠵᠢ ᠡᠷᠭᠢᠯᠡᠬᠦ ᠵᠢ ᠵᠤᠷᠢᠬ᠍ᠵᠢᠭᠤᠯᠪᠠ᠃ ᠵᠠᠰᠠᠭ᠎ᠤᠨ ᠣᠷᠳᠣᠨ᠎ᠠᠴᠠ ᠪᠡᠯᠡ ᠣᠷᠣᠭᠤᠯᠵᠤ ᠡᠷᠭᠢᠯᠡᠭᠰᠡᠨ ᠨᠠᠰᠤᠵᠢᠯ᠎ᠤᠨ ᠪᠠᠢ᠌ᠭᠤᠯᠤᠮᠵᠢ ᠵᠢ ᠨᠠᠢ᠌ᠳᠠᠨ ᠬᠠᠮᠢᠶᠠᠷᠤᠭᠤᠯᠬᠤ᠂ ᠲᠦᠷᠢᠶᠡᠰᠤᠯᠡᠬᠦᠯᠤᠨ ᠡᠵᠡᠡᠭᠨᠡᠬᠦᠯᠵᠤ ᠪᠣᠯᠣᠨ᠎ᠠ᠃ ᠨᠠᠰᠤᠵᠢᠯ᠎ᠤᠨ ᠪᠠᠢ᠌ᠭᠤᠯᠤᠮᠵᠢ᠎ᠨᠢ ᠰᠠᠭᠤᠵᠤ ᠪᠠᠢ᠌ᠭ᠎ᠠ ᠨᠠᠰᠤᠲᠠᠨ ᠪᠤᠶᠤ ᠣᠷᠣᠯᠠᠭᠴᠢ᠎ᠲᠠᠢ᠎ᠨᠢ ᠨᠠᠰᠤᠵᠢᠯ᠎ᠤᠨ ᠦᠢ᠍ᠯᠡᠴᠢᠯᠡᠭᠡᠨ᠎ᠤ ᠬᠡᠯᠡᠯᠴᠡᠭᠡᠷ ᠲᠣᠭᠲᠠᠵᠤ᠂ ᠬᠣᠶᠠᠷ ᠲᠠᠯ᠎ᠠ ᠵᠢᠨ ᠡᠷᠬᠡ ᠪᠠ ᠡᠭᠦᠷᠭᠡ ᠵᠢ ᠲᠣᠳᠣᠷᠬᠠᠢ᠌ᠯᠠᠬᠤ ᠬᠡᠷᠡᠭᠲᠡᠢ᠃ ᠪᠠᠢ᠌ᠭᠤᠯᠤᠮᠵᠢ᠎ᠳᠤ ᠰᠠᠭᠤᠭ᠎ᠠ ᠨᠠᠰᠤᠲᠠᠢ᠌ᠴᠤᠳ᠎ᠤᠨ ᠪᠡᠶ᠎ᠡ ᠮᠠᠬᠠᠪᠤᠳ ᠰᠡᠳᠬᠢᠯ ᠰᠠᠨᠠᠭ᠋ᠠᠨ᠎ᠤ ᠡᠷᠡᠭᠦᠯ ᠮᠡᠨᠳᠦ ᠵᠢᠨ ᠪᠠᠢ᠌ᠳᠠᠯ᠎ᠢ ᠤᠷᠤᠵᠤ ᠰᠠᠭᠤᠬᠤ ᠦᠶ᠎ᠡ᠎ᠳᠤ ᠪᠠ ᠤᠷᠤᠵᠤ ᠰᠠᠭᠤᠬᠰᠠᠨᠤᠬᠢᠨᠢ ᠲᠠᠷᠠᠭ᠎ᠠ ᠲᠣᠭᠲᠠᠮᠠᠯ ᠬᠤᠭᠤᠴᠠᠭ᠎ᠠ ᠪᠠᠷ ᠦᠨᠡᠯᠡᠬᠦ ᠵᠢᠨ ᠬᠠᠮᠲᠤ ᠦᠨᠡᠯᠡᠭᠰᠡᠨ ᠳ᠋ᠦᠩ᠎ᠢ ᠦᠨᠳᠦᠰᠦᠯᠡᠨ ᠬᠠᠷᠠᠭ᠋ᠠᠯᠵᠠᠵᠤ ᠰᠤᠪᠢᠯᠠᠬᠤ ᠳᠡᠰ᠎ᠢ ᠲᠣᠭᠲᠠᠭ᠋ᠠᠬᠤ ᠪᠤᠶᠤ ᠬᠤᠪᠢᠷᠠᠭᠤᠯᠬᠤ ᠬᠡᠷᠡᠭᠲᠡᠢ᠃ ᠠᠶᠤᠯᠭᠦᠢ ᠦᠢ᠍ᠯᠡᠳᠪᠦᠷᠢᠯᠡᠯ ᠪᠠ ᠭᠠᠯ ᠰᠡᠷᠬᠡᠢ᠌ᠯᠡᠬᠦ ᠠᠶᠤᠯᠭᠦᠢ ᠵᠢᠨ ᠪᠡᠶᠡᠴᠢ ᠴᠣᠭᠴᠠ ᠵᠢᠨ ᠬᠠᠷᠢᠭᠤᠴᠠᠯᠭ᠎ᠠ ᠵᠢ ᠬᠠᠤᠯᠢ ᠶᠣᠰᠣᠭ᠋ᠠᠷ ᠭᠦᠢ᠍ᠴᠡᠳᠬᠡᠵᠦ᠂ ᠭᠠᠯ᠎ᠢ ᠰᠡᠷᠭᠡᠢ᠌ᠯᠡᠨ ᠤᠨᠲᠠᠷᠠᠭ᠋ᠠᠬᠤ᠂ ᠠᠶᠤᠯᠭᠦᠢ ᠵᠢᠨ ᠵᠢᠵᠢᠬᠦᠷᠴᠢ᠂ ᠲᠥᠬᠦᠭᠡᠷᠦᠮᠵᠢ ᠪᠠ ᠢᠳᠡᠭᠡᠨ᠎ᠤ ᠵᠦᠢ᠍ᠯ᠂ ᠡᠮ᠎ᠤᠨ ᠵᠦᠢ᠍ᠯ ᠵᠡᠷᠭᠡ ᠵᠢᠨ ᠠᠶᠤᠯᠭᠦᠢ ᠵᠢᠨ ᠬᠠᠮᠢᠶᠠᠷᠤᠯᠲᠠ ᠵᠢᠨ ᠳᠦᠷᠢᠮ᠎ᠢ ᠲᠡᠭᠦᠯᠳᠡᠷᠵᠢᠭᠦᠯᠬᠦ ᠬᠡᠷᠡᠭᠲᠡᠢ᠃ ᠭᠡᠨᠡᠳᠲᠡ ᠵᠢᠨ ᠬᠡᠷᠡᠭ᠎ᠤᠨ ᠪᠠᠴᠢᠮ᠎ᠢ ᠠᠷᠭ᠋ᠠᠴᠠᠭ᠋ᠠᠬᠤ ᠪᠡᠯᠡᠳᠬᠡᠯ ᠲᠥᠰᠥᠯ᠎ᠢ ᠲᠣᠭᠲᠠᠭ᠋ᠠᠵᠤ᠂ ᠪᠠᠴᠢᠮ ᠢ ᠠᠷᠭ᠋ᠠᠴᠠᠭ᠋ᠠᠬᠤ ᠰᠣᠷᠢᠯᠲᠠ ᠪᠠ ᠠᠶᠤᠯᠭᠦᠢ ᠵᠢᠨ ᠪᠣᠯᠪᠠᠰᠤᠷᠠᠯ᠎ᠢ ᠲᠣᠭᠲᠠᠮᠠᠯ ᠬᠤᠭᠤᠴᠠᠭ᠎ᠠ᠎ᠲᠠᠢ ᠵᠣᠬᠢᠶᠠᠨ ᠪᠠᠢ᠌ᠭᠤᠯᠵᠤ ᠥᠷᠨᠢᠭᠦᠯᠬᠦ ᠬᠡᠷᠡᠭᠲᠡᠢ᠃ ᠨᠠᠰᠤᠵᠢᠯ᠎ᠤᠨ ᠪᠠᠢ᠌ᠭᠤᠯᠤᠮᠵᠢ ᠵᠢᠨ ᠭᠡᠷ᠎ᠲᠤ᠎ᠬᠢ ᠪᠠ ᠨᠡᠢ᠌ᠭᠡᠮ ᠲᠣᠭᠣᠷᠢᠭ᠎ᠤᠨ ᠨᠠᠰᠤᠵᠢᠯ᠎ᠤᠨ ᠦᠢ᠍ᠯᠡᠴᠢᠯᠡᠭᠡ ᠥᠷᠨᠢᠭᠦᠯᠬᠦ ᠵᠢ ᠵᠣᠷᠢᠭᠵᠢᠭᠤᠯᠵᠤ᠂ ᠲᠣᠭᠲᠠᠭ᠋ᠠᠭᠰᠠᠨ ᠨᠥᠬᠥᠴᠡᠯ᠎ᠳᠤ ᠨᠡᠶ᠋ᠢᠴᠡᠬᠦ ᠨᠠᠰᠤᠵᠢᠯ᠎ᠤᠨ ᠪᠠᠢ᠌ᠭᠤᠯᠤᠮᠵᠢ ᠵᠢᠨ ᠨᠠᠰᠤᠲᠠᠢ᠌ᠴᠤᠳ᠎ᠤᠨ ᠣᠷᠣᠨ ᠰᠠᠭᠤᠴᠠ᠎ᠳᠤ ᠭᠡᠷ ᠪᠦᠯᠢ ᠵᠢᠨ ᠬᠠᠷᠠᠭ᠋ᠠᠯᠵᠠᠨ ᠠᠰᠠᠷᠠᠬᠤ ᠣᠷᠣ ᠭᠠᠷᠭ᠋ᠠᠬᠤ ᠵᠢ ᠳᠡᠮᠵᠢᠨ᠎ᠡ᠃ ᠨᠠᠷᠠᠲᠤ ᠲᠥᠷᠥᠯ ᠲᠡᠮᠳᠡᠭᠵᠢᠭᠰᠡᠨ᠂ ᠬᠡᠯᠬᠢᠶᠡᠵᠢᠭᠰᠡᠨ᠂ ᠲᠤᠰᠬᠠᠢ᠌ᠵᠢᠭᠰᠠᠨ ᠨᠠᠰᠤᠵᠢᠯ᠎ᠤᠨ ᠪᠠᠢ᠌ᠭᠤᠯᠤᠮᠵᠢ ᠵᠢ ᠬᠥᠭᠵᠢᠭᠦᠯᠬᠦ ᠵᠢ ᠵᠣᠷᠢᠭᠵᠢᠭᠤᠯᠤᠨ᠎ᠠ᠃
ᠲᠠᠪᠤ᠎ᠳᠤ ᠂ ᠡᠮᠴᠢᠯᠡᠭᠡ ᠰᠤᠪᠢᠯᠠᠯᠲᠠ ᠡᠷᠡᠭᠦᠯᠵᠢᠯ ᠰᠤᠪᠢᠯᠠᠯᠲᠠ ᠵᠢ ᠤᠶᠠᠯᠳᠤᠭᠤᠯᠬᠤ ᠲᠠᠯ᠎ᠠ᠎ᠪᠠᠷ ᠤᠳᠤᠷᠢᠳᠤᠮᠵᠢ ᠵᠢᠨ ᠴᠢᠨᠠᠷᠲᠠᠢ ᠵᠢᠯᠣᠭᠣᠳᠤᠯᠭ᠎ᠠ ᠳᠤᠷᠠᠳᠪᠠ᠃ 《ᠳᠦᠷᠢᠮ》᠎ᠳᠤ ᠲᠣᠭᠲᠠᠭ᠋ᠠᠭᠰᠠᠨ᠎ᠨᠢ᠂ ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠡᠷᠡᠭᠦᠯ ᠬᠠᠮᠠᠭ᠋ᠠᠯᠠᠯ ᠡᠷᠡᠭᠦᠯ ᠮᠡᠨᠳᠦ᠂ ᠡᠮᠴᠢᠯᠡᠭᠡᠨ᠎ᠤ ᠪᠠᠲᠤᠯᠠᠭ᠎ᠠ ᠵᠡᠷᠭᠡ ᠰᠠᠯᠠᠭ᠎ᠠ ᠮᠥᠴᠢᠷ᠎ᠨᠢ ᠨᠠᠰᠤᠵᠢᠯ᠎ᠤᠨ ᠪᠠᠢ᠌ᠭᠤᠯᠤᠮᠵᠢ ᠵᠢᠨ ᠳᠣᠲᠣᠷ᠎ᠠ ᠡᠮᠴᠢᠯᠡᠭᠡᠨ᠎ᠤ ᠪᠠᠢ᠌ᠭᠤᠯᠤᠮᠵᠢ ᠭᠠᠷᠭ᠋ᠠᠬᠤ ᠵᠢ ᠳᠡᠮᠵᠢᠵᠦ᠂ ᠨᠥᠬᠥᠴᠡᠯ᠎ᠳᠤ ᠨᠡᠶ᠋ᠢᠴᠡᠬᠦ ᠨᠠᠰᠤᠵᠢᠯ᠎ᠤᠨ ᠪᠠᠢ᠌ᠭᠤᠯᠤᠮᠵᠢ ᠵᠢ ᠵᠢᠯᠣᠭᠣᠳᠤᠨ ᠨᠠᠰᠤᠲᠠᠢ᠌ᠴᠤᠳ᠎ᠢ ᠠᠰᠠᠷᠠᠬᠤ ᠣᠷᠣ ᠭᠠᠷᠭ᠋ᠠᠬᠤ ᠬᠡᠷᠡᠭᠲᠡᠢ᠃ ᠨᠠᠰᠤᠵᠢᠯ᠎ᠤᠨ ᠪᠠᠢ᠌ᠭᠤᠯᠤᠮᠵᠢ ᠵᠢᠨ ᠳᠣᠲᠣᠷ᠎ᠠ ᠪᠠᠢ᠌ᠭᠤᠯᠤᠭᠰᠠᠨ ᠡᠮᠴᠢᠯᠡᠭᠡᠨ᠎ᠤ ᠪᠠᠢ᠌ᠭᠤᠯᠤᠮᠵᠢ᠎ᠨᠢ ᠲᠣᠭᠲᠠᠭ᠋ᠠᠭᠰᠠᠨ ᠨᠥᠬᠥᠴᠡᠯ᠎ᠳᠤ ᠨᠡᠢ᠌ᠴᠡᠪᠡᠯ ᠡᠮᠴᠢᠯᠡᠭᠡᠨ᠎ᠤ ᠪᠠᠲᠤᠯᠠᠭ᠎ᠠ ᠵᠢᠨ ᠲᠣᠭᠲᠠᠭᠰᠠᠨ ᠴᠡᠭ᠎ᠤᠨ ᠬᠡᠪᠴᠢᠶᠡᠨ᠎ᠳᠤ ᠣᠷᠣᠭᠤᠯᠤᠨ᠎ᠠ᠃ ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠡᠷᠡᠭᠦᠯ ᠬᠠᠮᠠᠭ᠋ᠠᠯᠠᠯ ᠡᠷᠡᠭᠦᠯ ᠮᠡᠨᠳᠦ᠂ ᠠᠷᠠᠳ᠎ᠤᠨ ᠶᠠᠪᠤᠳᠠᠯ ᠵᠡᠷᠭᠡ ᠰᠠᠯᠠᠭ᠎ᠠ ᠮᠥᠴᠢᠷ᠎ᠤᠨ᠎ᠬᠢᠨ ᠨᠠᠰᠤᠵᠢᠯ᠎ᠤᠨ ᠪᠠᠢ᠌ᠭᠤᠯᠤᠮᠵᠢ ᠬᠢᠭᠡᠳ ᠡᠮᠴᠢᠯᠡᠭᠡᠨ᠎ᠤ ᠪᠠᠢ᠌ᠭᠤᠯᠤᠮᠵᠢ ᠵᠢᠨ ᠬᠠᠮᠲᠤᠷᠠᠯᠴᠠᠭ᠎ᠠ ᠥᠷᠨᠢᠭᠦᠯᠬᠦ ᠵᠢ ᠠᠬᠢᠭᠤᠯᠵᠤ᠂ ᠪᠣᠯᠵᠣᠵᠤ ᠡᠮᠨᠡᠭᠦᠯᠬᠦ᠂ ᠬᠣᠣᠰ ᠴᠢᠭᠯᠡᠯ ᠵᠶ᠋ᠡᠷ ᠰᠢᠯᠵᠢᠭᠦᠯᠦᠨ ᠡᠮᠨᠡᠭᠦᠯᠬᠦ᠂ ᠲᠦᠷᠭᠡᠨ ᠡᠮᠨᠡᠵᠦ ᠡᠮᠨᠡᠭᠦᠯᠬᠦ ᠵᠡᠷᠭᠡ ᠡᠮᠴᠢᠯᠡᠭᠡᠨ᠎ᠤ ᠦᠢ᠍ᠯᠡᠴᠢᠯᠡᠭᠡᠨ᠎ᠤ ᠰᠠᠭ᠋ᠠᠳ ᠦᠭᠡᠢ ᠨᠡᠪᠲᠡᠷᠡᠬᠦ ᠵᠠᠮ᠎ᠢ ᠪᠠᠢ᠌ᠭᠤᠯᠵᠤ᠂ ᠨᠠᠰᠤᠲᠠᠢ᠌ᠴᠤᠳ᠎ᠤᠨ ᠡᠮᠴᠢᠯᠡᠭᠡᠨ᠎ᠤ ᠦᠢ᠍ᠯᠡᠴᠢᠯᠡᠭᠡ ᠭᠥᠯᠢᠶᠡᠨ ᠠᠪᠬᠤ᠎ᠳᠤ ᠲᠥᠬᠥᠮ ᠦᠵᠡᠭᠦᠯᠬᠦ ᠬᠡᠷᠡᠭᠲᠡᠢ᠃ ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠡᠷᠡᠭᠦᠯ ᠬᠠᠮᠠᠭ᠋ᠠᠯᠠᠯ ᠡᠷᠡᠭᠦᠯ ᠮᠡᠨᠳᠦ᠂ ᠡᠮᠴᠢᠯᠡᠭᠡᠨ᠎ᠤ ᠪᠠᠲᠤᠯᠠᠭ᠎ᠠ ᠵᠡᠷᠭᠡ ᠰᠠᠯᠠᠭ᠎ᠠ ᠮᠥᠴᠢᠷ᠎ᠤᠨ᠎ᠬᠢᠨ ᠡᠭᠦᠷᠭᠡ ᠬᠠᠷᠢᠭᠤᠴᠠᠯᠭ᠎ᠠ ᠵᠢᠨ ᠵᠶ᠋ᠠᠨ ᠶᠣᠰᠣᠭ᠋ᠠᠷ᠂ ᠦᠨᠳᠦᠰᠦᠨ ᠱᠠᠲᠤᠨ᠎ᠤ ᠡᠮ ᠬᠡᠷᠡᠭᠯᠡᠬᠦ ᠬᠠᠮᠢᠶᠠᠷᠤᠯᠲᠠ ᠵᠢᠨ ᠳᠦᠷᠢᠮ ᠪᠠ ᠦᠨᠳᠦᠰᠦᠨ ᠡᠮᠴᠢᠯᠡᠭᠡᠨ᠎ᠤ ᠳᠠᠭ᠋ᠠᠳᠬᠠᠯ᠎ᠤᠨ ᠬᠡᠷᠡᠭᠯᠡᠬᠦ ᠡᠮ᠎ᠤᠨ ᠲᠠᠩᠰᠠ ᠲᠠᠢ᠌ᠯᠬᠤ ᠲᠥᠷᠥ ᠵᠢᠨ ᠪᠣᠳᠣᠯᠭ᠎ᠠ ᠵᠢ ᠲᠡᠭᠦᠯᠳᠡᠷᠵᠢᠭᠦᠯᠵᠦ᠂ ᠦᠨᠳᠦᠰᠦᠨ ᠱᠠᠲᠤᠨ᠎ᠤ ᠡᠮᠴᠢᠯᠡᠭᠡ ᠡᠷᠡᠭᠦᠯ ᠬᠠᠮᠠᠭ᠋ᠠᠯᠠᠯ᠎ᠤᠨ ᠪᠠᠢ᠌ᠭᠤᠯᠤᠮᠵᠢ ᠵᠢᠨ ᠡᠮ᠎ᠤᠨ ᠵᠦᠢ᠍ᠯ᠎ᠤᠨ ᠲᠣᠬᠢᠷᠠᠭᠤᠯᠤᠯᠲᠠ ᠵᠢ ᠪᠠᠲᠤᠯᠠᠵᠤ᠂ ᠨᠠᠰᠤᠲᠠᠢ᠌ᠴᠤᠳ᠎ᠤᠨ ᠪᠠᠢ᠌ᠩᠭᠤ ᠲᠣᠬᠢᠶᠠᠯᠳᠤᠳᠠᠭ ᠡᠪᠡᠳᠴᠢᠨ᠂ ᠤᠳᠠᠭ᠋ᠠᠨ ᠴᠢᠨᠠᠷᠲᠠᠢ ᠡᠪᠡᠳᠴᠢᠨ᠎ᠢ ᠡᠮᠨᠡᠨ ᠵᠠᠰᠠᠬᠤ᠎ᠳᠤ ᠲᠥᠬᠥᠮ ᠦᠵᠡᠭᠦᠯᠬᠦ ᠬᠡᠷᠡᠭᠲᠡᠢ᠃ ᠨᠡᠢ᠌ᠭᠡᠮ ᠲᠣᠭᠣᠷᠢᠭ᠎ᠤᠨ ᠡᠷᠡᠭᠦᠯ ᠬᠠᠮᠠᠭ᠋ᠠᠯᠠᠯ᠎ᠤᠨ ᠦᠢ᠍ᠯᠡᠴᠢᠯᠡᠭᠡᠨ᠎ᠤ ᠪᠠᠢ᠌ᠭᠤᠯᠤᠮᠵᠢ᠎ᠨᠢ ᠤᠯᠤᠰ ᠪᠣᠯᠣᠨ ᠥᠪᠡᠷᠲᠡᠭᠡᠨ ᠵᠠᠰᠠᠬᠤ ᠣᠷᠣᠨ᠎ᠤ ᠬᠣᠯᠪᠣᠭᠳᠠᠯ ᠪᠦᠬᠦᠢ ᠲᠣᠭᠲᠠᠭ᠋ᠠᠯ ᠶᠣᠰᠣᠭ᠋ᠠᠷ᠂ ᠨᠠᠰᠤᠲᠠᠢ᠌ᠴᠤᠳ᠎ᠲᠤ ᠡᠷᠡᠭᠦᠯ ᠮᠡᠨᠳᠦ ᠵᠢᠨ ᠲᠠᠩᠰᠠ ᠡᠪᠬᠡᠮᠡᠯ ᠪᠠᠢ᠌ᠭᠤᠯᠤᠨ᠂ ᠰᠦᠢ᠍ᠳᠬᠡᠯ ᠬᠤᠷᠢᠶᠠᠬᠤ ᠦᠭᠡᠢ᠎ᠪᠠᠷ ᠲᠣᠭᠲᠠᠮᠠᠯ ᠬᠤᠭᠤᠴᠠᠭ᠎ᠠ᠎ᠲᠠᠢ ᠪᠡᠶ᠎ᠡ ᠵᠢᠨ ᠪᠠᠢ᠌ᠴᠠᠭ᠋ᠠᠯᠲᠠ ᠬᠢᠬᠦ᠂ ᠡᠷᠡᠭᠦᠯ ᠮᠡᠨᠳᠦ ᠵᠢᠨ ᠵᠢᠯᠣᠭᠣᠳᠤᠯᠭ᠎ᠠ ᠬᠢᠬᠦ᠂ ᠡᠷᠡᠭᠦᠯᠵᠢᠯ᠎ᠤᠨ ᠯᠠᠪᠯᠠᠭ᠎ᠠ ᠥᠭᠬᠦ᠂ ᠡᠭᠦᠳᠡᠨ ᠡᠮᠨᠡᠯᠭᠡ᠎ᠳᠤ ᠣᠴᠢᠵᠤ ᠦᠵᠡᠭᠦᠯᠬᠦ ᠵᠡᠷᠭᠡ ᠦᠢ᠍ᠯᠡᠴᠢᠯᠡᠭᠡᠨ᠎ᠢ ᠬᠠᠩᠭ᠋ᠠᠬᠤ ᠬᠡᠷᠡᠭᠲᠡᠢ᠃ ᠨᠥᠬᠥᠴᠡᠯ᠎ᠲᠠᠢ ᠬᠣᠶᠠᠳᠤᠭ᠋ᠠᠷ ᠳᠡᠰ᠎ᠠᠴᠠ ᠳᠡᠭᠡᠭᠰᠢᠬᠢ ᠶᠡᠷᠦᠩᠬᠡᠢ᠌ᠯᠡᠭᠰᠡᠨ ᠡᠮᠴᠢᠯᠡᠭᠡᠨ᠎ᠤ ᠪᠠᠢ᠌ᠭᠤᠯᠤᠮᠵᠢ᠎ᠨᠤᠭᠤᠳ᠎ᠤᠨ ᠨᠠᠰᠤᠲᠠᠢ᠌ᠴᠤᠳ᠎ᠤᠨ ᠡᠪᠡᠳᠴᠢᠨ᠎ᠤ ᠰᠠᠯᠠᠭ᠎ᠠ ᠭᠠᠷᠭ᠋ᠠᠵᠤ᠂ ᠨᠠᠰᠤᠲᠠᠢ᠌ᠴᠤᠳ᠎ᠤᠨ ᠡᠪᠡᠳᠴᠢᠲᠡᠨ᠎ᠤ ᠣᠷᠣ ᠨᠡᠮᠡᠵᠦ ᠭᠠᠷᠭ᠋ᠠᠬᠤ ᠵᠢ ᠵᠣᠷᠢᠭᠵᠢᠭᠤᠯᠤᠨ᠎ᠠ᠃ ᠬᠢᠲᠠᠳ ᠡᠮᠨᠡᠯᠭᠡ (ᠮᠣᠩᠭᠣᠯ ᠡᠮᠨᠡᠯᠭᠡ)᠂ ᠲᠤᠰᠬᠠᠢ ᠡᠮᠨᠡᠯᠭᠡ ᠵᠢᠨ ᠡᠮᠴᠢᠯᠡᠭᠡᠨ᠎ᠤ ᠪᠠᠢ᠌ᠭᠤᠯᠤᠮᠵᠢ ᠵᠢᠨ ᠨᠠᠰᠤᠲᠠᠢ᠌ᠴᠤᠳ᠎ᠤᠨ ᠡᠪᠡᠳᠴᠢᠨ᠎ᠤ ᠲᠤᠰᠬᠠᠢ ᠡᠮᠨᠡᠯᠭᠡ ᠪᠠᠶ᠋ᠢᠭᠤᠯᠬᠤ ᠵᠢ ᠵᠣᠷᠢᠭᠵᠢᠭᠤᠯᠤᠨ᠎ᠠ᠃ ᠬᠣᠶᠠᠳᠤᠭ᠋ᠠᠷ ᠳᠡᠰ᠎ᠠᠴᠠ ᠳᠡᠭᠡᠭᠰᠢᠬᠢ ᠶᠡᠷᠦᠩᠬᠡᠢ᠌ᠯᠡᠭᠰᠡᠨ ᠡᠮᠴᠢᠯᠡᠭᠡᠨ᠎ᠤ ᠪᠠᠢ᠌ᠭᠤᠯᠤᠮᠵᠢ ᠬᠡᠷᠡᠭᠴᠡᠭᠡ᠎ᠪᠠᠨ ᠦᠨᠳᠦᠰᠦᠯᠡᠨ᠂ ᠠᠮᠤᠷ ᠲᠠᠢ᠌ᠪᠤᠩ ᠰᠤᠪᠢᠯᠠᠯᠲᠠ ᠵᠢᠨ ᠡᠪᠡᠳᠴᠢᠲᠡᠨ᠎ᠤ ᠣᠷᠣᠨ ᠭᠠᠷᠭ᠋ᠠᠬᠤ ᠪᠤᠶᠤ ᠠᠮᠤᠷ ᠲᠠᠢ᠌ᠪᠤᠩ ᠰᠤᠪᠢᠯᠠᠯᠲᠠ ᠵᠢᠨ ᠣᠷᠣ ᠭᠠᠷᠭ᠋ᠠᠵᠤ ᠪᠣᠯᠣᠨ᠎ᠠ᠃
ᠵᠢᠷᠭᠤᠭ᠎ᠠ᠎ᠳᠤ᠂ ᠨᠠᠰᠤᠵᠢᠯ᠎ᠤᠨ ᠦᠢ᠍ᠯᠡᠴᠢᠯᠡᠭᠡᠨ᠎ᠤ ᠴᠢᠳᠠᠪᠤᠷᠢᠲᠠᠨ᠎ᠤ ᠡᠩᠨᠡᠭᠡ ᠵᠢᠨ ᠪᠠᠢ᠌ᠭᠤᠯᠤᠯᠲᠠ᠎ᠳᠤ ᠲᠣᠳᠣᠷᠬᠠᠢ ᠱᠠᠭ᠋ᠠᠷᠳᠠᠯᠭ᠎ᠠ ᠳᠤᠷᠠᠳᠪᠠ᠃ 《ᠳᠦᠷᠢᠮ》᠎ᠳᠤ ᠲᠣᠭᠲᠠᠭ᠋ᠠᠭᠰᠠᠨ᠎ᠨᠢ᠂ ᠨᠠᠰᠤᠵᠢᠯ᠎ᠤᠨ ᠪᠠᠢ᠌ᠭᠤᠯᠤᠮᠵᠢ᠎ᠨᠢ ᠨᠠᠰᠤᠵᠢᠯ᠎ᠤᠨ ᠦᠢ᠍ᠯᠡᠴᠢᠯᠡᠭᠡᠨ᠎ᠤ ᠠᠵᠢᠯ ᠡᠷᠬᠢᠯᠡᠭᠰᠡᠳ᠎ᠲᠠᠢ ᠬᠠᠤᠯᠢ ᠶᠣᠰᠣᠭ᠋ᠠᠷ ᠬᠥᠳᠡᠯᠮᠦᠷᠢ ᠵᠢᠨ ᠬᠠᠷᠢᠴᠠᠭ᠎ᠠ ᠪᠠᠢ᠌ᠭᠤᠯᠵᠤ᠂ ᠠᠵᠢᠯ᠎ᠤᠨ ᠨᠥᠬᠥᠴᠡᠯ ᠵᠶ᠋ᠡᠨ ᠰᠠᠢ᠌ᠵᠢᠷᠠᠭᠤᠯᠤᠨ᠂ ᠬᠥᠳᠡᠯᠮᠦᠷᠢ ᠵᠢᠨ ᠬᠠᠮᠠᠭ᠋ᠠᠯᠠᠯᠲᠠ ᠪᠠ ᠠᠵᠢᠯ ᠮᠡᠷᠭᠡᠵᠢᠯ᠎ᠤᠨ ᠬᠠᠮᠠᠭ᠋ᠠᠯᠠᠯᠲᠠ ᠵᠢ ᠴᠢᠩᠭ᠋ᠠᠳᠬᠠᠵᠤ᠂ ᠨᠠᠰᠤᠵᠢᠯ᠎ᠤᠨ ᠦᠢ᠍ᠯᠡᠴᠢᠯᠡᠭᠡᠨ᠎ᠤ ᠠᠵᠢᠯ ᠡᠷᠬᠢᠯᠡᠭᠰᠡᠳ᠎ᠲᠤ ᠬᠠᠤᠯᠢ ᠶᠣᠰᠣᠭ᠋ᠠᠷ ᠨᠡᠢ᠌ᠭᠡᠮ᠎ᠤᠨ ᠳᠠᠭ᠋ᠠᠳᠬᠠᠯ᠎ᠢ ᠲᠤᠰᠢᠶᠠᠵᠤ ᠥᠭᠬᠦ ᠵᠢᠨ ᠬᠠᠮᠲᠤ ᠲᠣᠭᠲᠠᠮᠠᠯ ᠬᠤᠭᠤᠴᠠᠭ᠎ᠠ᠎ᠲᠠᠢ᠎ᠪᠠᠷ ᠡᠷᠡᠭᠦᠯ ᠮᠡᠨᠳᠦ ᠵᠢᠨ ᠪᠠᠢ᠌ᠴᠠᠭ᠋ᠠᠯᠲᠠ ᠬᠢᠯᠭᠡᠬᠦ᠎ᠪᠠᠷ ᠲᠣᠬᠢᠷᠠᠭᠤᠯᠬᠤ ᠬᠡᠷᠡᠭᠲᠡᠢ᠃ ᠨᠠᠰᠤᠵᠢᠯ᠎ᠤᠨ ᠦᠢ᠍ᠯᠡᠴᠢᠯᠡᠭᠡᠨ᠎ᠤ ᠠᠵᠢᠯ ᠡᠷᠬᠢᠯᠡᠭᠰᠡᠳ᠎ᠤᠨ ᠠᠵᠢᠯ ᠮᠡᠷᠭᠡᠵᠢᠯ᠎ᠤᠨ ᠶᠣᠰᠣ ᠮᠣᠷᠠᠯ᠎ᠤᠨ ᠬᠥᠮᠦᠵᠢᠯ᠂ ᠬᠠᠤᠯᠢ᠎ᠪᠠᠷ ᠵᠠᠰᠠᠬᠤ ᠬᠥᠮᠦᠵᠢᠯ ᠪᠠ ᠠᠵᠢᠯ ᠮᠡᠷᠭᠡᠵᠢᠯ᠎ᠤᠨ ᠤᠷ᠎ᠠ ᠴᠢᠳᠠᠪᠤᠷᠢ ᠵᠢᠨ ᠪᠣᠯᠪᠠᠰᠤᠷᠠᠯ᠎ᠢ ᠴᠢᠩᠭ᠋ᠠᠳᠬᠠᠵᠤ᠂ ᠲᠡᠳᠡᠨ᠎ᠤ ᠠᠵᠢᠯ ᠮᠡᠷᠭᠡᠵᠢᠯ᠎ᠤᠨ ᠶᠣᠰᠣ ᠮᠣᠷᠠᠯ᠎ᠤᠨ ᠬᠡᠪ ᠪᠣᠯᠪᠠᠰᠤᠷᠠᠯ ᠪᠠ ᠲᠤᠬᠠᠢ᠌ᠯᠠᠭᠰᠠᠨ ᠠᠵᠢᠯ᠎ᠤᠨ ᠴᠢᠳᠠᠪᠤᠷᠢ ᠵᠢ ᠲᠡᠭᠡᠭᠰᠢᠯᠡᠬᠦᠯᠬᠦ ᠬᠡᠷᠡᠭᠳᠢ᠃ ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ᠂ ᠡᠷᠡᠭᠦᠯ ᠬᠠᠮᠠᠭ᠋ᠠᠯᠠᠯ ᠡᠷᠡᠭᠦᠯ ᠮᠡᠨᠳᠦ᠂ ᠠᠷᠠᠳ᠎ᠤᠨ ᠶᠠᠪᠤᠳᠠᠯ ᠵᠡᠷᠭᠡ ᠰᠠᠯᠠᠭ᠎ᠠ ᠮᠥᠴᠢᠷ᠎ᠨᠢ ᠠᠵᠢᠯ ᠮᠡᠷᠭᠡᠵᠢᠯ᠎ᠤᠨ ᠳᠡᠭᠡᠳᠦ ᠰᠤᠷᠭ᠋ᠠᠭᠤᠯᠢ᠂ ᠡᠮᠴᠢᠯᠡᠭᠡ ᠡᠷᠡᠭᠦᠯ ᠬᠠᠮᠠᠭ᠋ᠠᠯᠠᠯ᠎ᠤᠨ ᠪᠠᠢ᠌ᠭᠤᠯᠤᠮᠵᠢ᠂ ᠨᠠᠰᠤᠵᠢᠯ᠎ᠤᠨ ᠪᠠᠢ᠌ᠭᠤᠯᠤᠮᠵᠢ ᠵᠡᠷᠭᠡ᠎ᠳᠤ ᠲᠦᠰᠢᠭᠯᠡᠨ ᠨᠠᠰᠤᠵᠢᠯ᠎ᠤᠨ ᠦᠢ᠍ᠯᠡᠴᠢᠯᠡᠭᠡᠨ᠎ᠤ ᠳᠠᠳᠤᠯᠭ᠎ᠠ ᠪᠣᠯᠪᠠᠰᠤᠷᠠᠯ᠎ᠤᠨ ᠰᠠᠭᠤᠷᠢᠨ ᠭᠠᠵᠠᠷ ᠪᠠᠢ᠌ᠭᠤᠯᠵᠤ᠂ ᠨᠠᠰᠤᠵᠢᠯ᠎ᠤᠨ ᠦᠢ᠍ᠯᠡᠴᠢᠯᠡᠭᠡᠨ᠎ᠤ ᠠᠵᠢᠯ ᠡᠷᠬᠢᠯᠡᠭᠰᠡᠳ᠎ᠤᠨ ᠮᠡᠷᠭᠡᠵᠢᠯ ᠴᠢᠳᠠᠪᠤᠷᠢ ᠵᠢᠨ ᠪᠣᠯᠪᠠᠰᠤᠷᠠᠯ᠎ᠢ ᠴᠢᠩᠭ᠋ᠠᠳᠬᠠᠬᠤ ᠬᠡᠷᠡᠭᠲᠡᠢ᠃ ᠨᠠᠰᠤᠵᠢᠯ᠎ᠤᠨ ᠦᠢ᠍ᠯᠡᠴᠢᠯᠡᠭᠡᠨ᠎ᠤ ᠠᠵᠢᠯ᠎ᠢ ᠡᠷᠭᠢᠯᠡᠵᠦ ᠪᠠᠢ᠌ᠭ᠎ᠠ ᠡᠮᠴᠢ᠂ ᠰᠤᠪᠢᠯᠠᠭᠴᠢ᠂ ᠡᠷᠡᠭᠦᠯᠵᠢᠭᠦᠯᠬᠦ ᠡᠮᠴᠢ ᠵᠡᠷᠭᠡ ᠲᠤᠰᠬᠠᠢ ᠮᠡᠷᠭᠡᠵᠢᠯ᠎ᠤᠨ ᠠᠵᠢᠯᠲᠠᠨ᠎ᠳᠤ ᠡᠮᠴᠢᠯᠡᠭᠡᠨ᠎ᠤ ᠪᠠᠢ᠌ᠭᠤᠯᠤᠮᠵᠢ᠎ᠲᠠᠢ ᠠᠳᠠᠯᠢᠬᠠᠨ ᠠᠵᠢᠯ ᠡᠷᠭᠢᠯᠡᠬᠦ ᠬᠢᠷᠢ ᠬᠡᠮ᠂ ᠳᠡᠩᠰᠡᠯᠡᠵᠦ ᠬᠢᠨᠠᠨ ᠰᠢᠯᠭ᠋ᠠᠬᠤ ᠳᠦᠷᠢᠮ᠎ᠢ ᠬᠡᠷᠡᠭᠵᠢᠭᠦᠯᠵᠦ᠂ ᠮᠡᠷᠭᠡᠵᠢᠯ᠎ᠤᠨ ᠴᠣᠯᠠ ᠦᠨᠡᠯᠡᠬᠦ᠂ ᠦᠷᠬᠦᠯᠵᠢᠯᠡᠭᠰᠡᠨ ᠰᠤᠷᠭ᠋ᠠᠨ ᠬᠥᠮᠥᠵᠢᠭᠦᠯᠬᠦ ᠵᠡᠷᠭᠡ ᠲᠠᠯ᠎ᠠ᠎ᠪᠠᠷ ᠡᠮᠴᠢᠯᠡᠭᠡᠨ᠎ᠤ ᠪᠠᠢ᠌ᠭᠤᠯᠤᠮᠵᠢ ᠵᠢᠨ ᠠᠳᠠᠯᠢ ᠲᠥᠷᠥᠯ᠎ᠤᠨ ᠲᠤᠰᠬᠠᠢ ᠮᠡᠷᠭᠡᠵᠢᠯ᠎ᠤᠨ ᠠᠵᠢᠯᠲᠠᠨ᠎ᠲᠠᠢ ᠠᠳᠠᠯᠢᠬᠠᠨ ᠬᠠᠷᠠᠭ᠋ᠠᠯᠵᠠᠯ ᠬᠦᠷᠲᠡᠭᠡᠨ᠎ᠡ᠃ ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠠᠷᠠᠳ᠎ᠤᠨ ᠶᠠᠪᠤᠳᠠᠯ᠂ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠡᠷᠭᠡ ᠰᠠᠯᠠᠭ᠎ᠠ ᠮᠥᠴᠢᠷ᠎ᠤᠨ᠎ᠬᠢᠨ ᠨᠠᠰᠤᠵᠢᠯ᠎ᠤᠨ ᠦᠢ᠍ᠯᠡᠴᠢᠯᠡᠭᠡᠨ᠎ᠤ ᠠᠵᠢᠯ ᠡᠷᠬᠢᠯᠡᠭᠰᠡᠳ᠎ᠤᠨ ᠡᠩᠨᠡᠭᠡ ᠵᠢ ᠲᠣᠭᠲᠠᠪᠤᠷᠢᠵᠢᠭᠤᠯᠵᠤ᠂ ᠨᠠᠰᠤᠵᠢᠯ᠎ᠤᠨ ᠦᠢ᠍ᠯᠡᠴᠢᠯᠡᠭᠡᠨ᠎ᠤ ᠠᠵᠢᠯ ᠡᠷᠬᠢᠯᠡᠭᠰᠡᠳ᠎ᠤᠨ ᠬᠥᠳᠡᠯᠮᠦᠷᠢ ᠵᠢᠨ ᠬᠥᠯᠥᠰᠦ ᠣᠯᠭᠣᠮᠵᠢ ᠵᠢᠨ ᠵᠦᠢ ᠵᠣᠬᠢᠰᠲᠠᠢ ᠨᠡᠮᠡᠭᠳᠡᠬᠦᠯᠤᠨ᠂ ᠨᠠᠰᠤᠵᠢᠯ᠎ᠤᠨ ᠦᠢ᠍ᠯᠡᠴᠢᠯᠡᠭᠡᠨ᠎ᠤ ᠠᠵᠢᠯ ᠡᠷᠬᠢᠯᠡᠭᠰᠡᠳ᠎ᠤᠨ ᠪᠣᠯᠪᠠᠰᠤᠷᠠᠯ᠎ᠤᠨ ᠵᠠᠷᠤᠳᠠᠯ᠎ᠤᠨ ᠨᠥᠬᠥᠪᠦᠷᠢ᠂ ᠠᠵᠢᠯ ᠮᠡᠷᠭᠡᠵᠢᠯ᠎ᠤᠨ ᠤᠷ᠎ᠠ ᠴᠢᠳᠠᠪᠤᠷᠢ ᠵᠢ ᠬᠢᠨᠠᠨ ᠲᠣᠭᠲᠠᠭ᠋ᠠᠬᠤ ᠨᠥᠬᠥᠪᠦᠷᠢ ᠵᠢᠨ ᠲᠦᠷᠤ ᠵᠢᠨ ᠪᠤᠳᠤᠯᠭ᠎ᠠ ᠵᠢ ᠲᠤᠬᠳᠠᠭ᠋ᠠᠯ ᠶᠤᠰᠤᠭ᠋ᠠᠷ ᠨᠠᠢ᠌ᠳᠠᠪᠤᠷᠢᠵᠢᠭᠤᠯᠬᠤ ᠬᠡᠷᠡᠭᠳᠡᠢ᠃
ᠲᠤᠯᠤᠭ᠎ᠠ᠎ᠳᠤ᠂ ᠨᠠᠰᠤᠵᠢᠯ᠎ᠤᠨ ᠦᠢ᠍ᠯᠡᠴᠢᠯᠡᠭᠡᠨ᠎ᠤ ᠰᠢᠰᠲ᠋ᠧᠮ᠎ᠤᠨ ᠪᠠᠢ᠌ᠭᠤᠯᠤᠯᠲᠠ ᠵᠢ ᠠᠬᠢᠭᠤᠯᠬᠤ ᠲᠡᠳᠬᠦᠮᠵᠢ ᠵᠢᠨ ᠪᠠᠲᠤᠯᠠᠭ᠎ᠠ ᠵᠢᠨ ᠳᠦᠷᠢᠮ᠎ᠢ ᠢᠵᠢ ᠪᠦᠷᠢᠳᠦᠭᠦᠯᠦᠨ ᠲᠡᠭᠦᠯᠳᠡᠷᠵᠢᠭᠦᠯᠪᠡ᠃ 《ᠳᠦᠷᠢᠮ》᠎ᠳᠤ ᠲᠣᠭᠲᠠᠭ᠋ᠠᠭᠰᠠᠨ᠎ᠨᠢ᠂ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ ᠠᠵᠤ ᠠᠬᠤᠢ ᠨᠡᠢ᠌ᠭᠡᠮ᠎ᠤᠨ ᠬᠥᠭᠵᠢᠯᠲᠡ ᠵᠢᠨ ᠬᠢᠷᠢ ᠬᠡᠮᠵᠢᠶ᠎ᠡ᠂ ᠡᠳ᠋᠎ᠤᠨ ᠵᠠᠰᠠᠭ᠎ᠤᠨ ᠪᠠᠢ᠌ᠳᠠᠯ ᠪᠠ ᠨᠠᠰᠤᠵᠢᠯ᠎ᠤᠨ ᠦᠢ᠍ᠯᠡᠴᠢᠯᠡᠭᠡᠨ᠎ᠤ ᠬᠡᠷᠡᠭᠴᠡᠭᠡ ᠵᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ᠎ᠤ ᠦᠨᠳᠦᠰᠦᠨ ᠨᠠᠰᠤᠵᠢᠯ᠎ᠤᠨ ᠦᠢ᠍ᠯᠡᠴᠢᠯᠡᠭᠡᠨ᠎ᠤ ᠨᠠᠷᠢᠨ ᠬᠠᠭᠤᠳᠠᠰᠤ ᠵᠢ ᠲᠣᠭᠲᠠᠭ᠋ᠠᠬᠤ ᠵᠢᠨ ᠬᠠᠮᠲᠤ ᠨᠡᠢ᠌ᠲᠡᠯᠡᠵᠦ᠂ ᠦᠨᠳᠦᠰᠦᠨ ᠨᠠᠰᠤᠵᠢᠯ᠎ᠤᠨ ᠦᠢ᠍ᠯᠡᠴᠢᠯᠡᠭᠡ ᠵᠢ ᠵᠠᠰᠠᠭ᠎ᠤᠨ ᠣᠷᠳᠣᠨ᠎ᠤ ᠦᠢ᠍ᠯᠡᠴᠢᠯᠡᠭᠡ ᠬᠤᠳᠠᠯᠳᠤᠨ ᠠᠪᠴᠤ ᠦᠭᠭᠦ ᠵᠢᠯᠤᠭᠣᠳᠬᠤ ᠴᠢᠨᠠᠷᠲᠠᠢ ᠭᠠᠷᠴᠠᠭ᠎ᠲᠤ ᠣᠷᠣᠭᠤᠯᠬᠤ ᠬᠡᠷᠡᠭᠲᠡᠢ᠃ ᠠᠢ᠌ᠮᠠᠭ᠎ᠤᠨ ᠵᠠᠬᠢᠷᠭ᠎ᠠ᠂ ᠲᠣᠭᠣᠷᠢᠭ᠎ᠲᠠᠢ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ ᠪᠠ ᠬᠣᠰᠢᠭᠤ ᠰᠢᠶᠠᠨ᠎ᠤ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠨᠢ ᠭᠠᠷᠴᠠᠭ᠎ᠤᠨ ᠶᠣᠰᠣᠭ᠋ᠠᠷ ᠵᠠᠰᠠᠭ᠎ᠤᠨ ᠣᠷᠳᠣᠨ᠎ᠤ ᠦᠨᠳᠦᠰᠦᠨ ᠨᠠᠰᠤᠵᠢᠯ᠎ᠤᠨ ᠦᠢ᠍ᠯᠡᠴᠢᠯᠡᠭᠡ ᠬᠤᠳᠠᠯᠳᠤᠨ ᠠᠪᠬᠤ ᠵᠢ ᠠᠬᠢᠭᠤᠯᠵᠤ᠂ ᠠᠮᠢᠳᠤᠷᠠᠯ᠎ᠤᠨ ᠬᠠᠷᠠᠭ᠋ᠠᠯᠵᠠᠯ᠂ ᠡᠷᠡᠭᠦᠯᠵᠢᠯ᠎ᠤᠨ ᠰᠤᠪᠢᠯᠠᠯᠲᠠ᠂ ᠣᠶᠤᠨ ᠰᠠᠨᠠᠭ᠋ᠠᠨ᠎ᠤ ᠲᠠᠢ᠌ᠳᠬᠤᠷᠠᠭᠤᠯᠤᠯ ᠵᠡᠷᠭᠡ ᠦᠢ᠍ᠯᠡᠴᠢᠯᠡᠭᠡ ᠵᠢ ᠭᠣᠣᠯᠳᠠᠯᠭ᠎ᠠ᠎ᠲᠠᠢ ᠬᠤᠳᠠᠯᠳᠤᠨ ᠠᠪᠤᠨ᠎ᠠ᠃ ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠨᠤᠭᠤᠳ ᠤᠯᠤᠰ᠎ᠤᠨ ᠬᠣᠯᠪᠣᠭᠳᠠᠯ ᠪᠦᠬᠦᠢ ᠲᠣᠭᠲᠠᠭ᠋ᠠᠯ ᠶᠣᠰᠣᠭ᠋ᠠᠷ ᠬᠠᠮᠢᠶ᠎ᠠ ᠪᠦᠬᠦᠢ ᠳᠠᠭ᠋ᠠᠳᠬᠠᠯ᠂ ᠠᠰᠠᠷᠠᠮᠵᠢ ᠪᠠ ᠲᠤᠰᠠᠯᠠᠮᠵᠢ ᠵᠢ ᠬᠠᠷᠢᠯᠴᠠᠨ ᠵᠣᠯᠭ᠋ᠠᠭᠤᠯᠤᠭᠰᠠᠨ ᠣᠷᠳᠣ ᠬᠤᠭᠤᠴᠠᠭ᠎ᠠ᠎ᠪᠠᠷ ᠬᠠᠷᠠᠭ᠋ᠠᠯᠵᠠᠨ ᠠᠰᠠᠷᠠᠬᠤ ᠪᠠᠲᠤᠯᠠᠭ᠎ᠠ ᠵᠢᠨ ᠳᠦᠷᠢᠮ᠎ᠢ ᠪᠠᠢ᠌ᠭᠤᠯᠵᠤ᠂ ᠪᠡᠶ᠎ᠡ᠎ᠳᠤ᠎ᠪᠠᠨ ᠵᠦᠪ ᠦᠬᠡᠢ ᠨᠠᠰᠤᠲᠠᠢ᠌ᠴᠤᠳ᠎ᠤᠨ ᠭᠡᠷ᠎ᠲᠤ᠎ᠬᠢ ᠪᠠ ᠪᠠᠢ᠌ᠭ᠎ᠠ ᠨᠡᠢ᠌ᠭᠡᠮ ᠲᠣᠭᠣᠷᠢᠭ᠎ᠤᠨ ᠨᠠᠰᠤᠵᠢᠯ᠂ ᠪᠠᠢ᠌ᠭᠤᠯᠤᠮᠵᠢ ᠵᠢᠨ ᠨᠠᠰᠤᠵᠢᠯ᠎ᠤᠨ ᠦᠢ᠍ᠯᠡᠴᠢᠯᠡᠭᠡ ᠵᠢ ᠦᠷᠭᠦᠯᠵᠢᠯᠡᠨ ᠭᠥᠯᠢᠶᠡᠨ ᠠᠪᠬᠤ᠎ᠳᠤ ᠪᠠᠲᠤᠯᠠᠭ᠎ᠠ ᠬᠠᠩᠭ᠋ᠠᠬᠤ ᠬᠡᠷᠡᠭᠲᠡᠢ᠃ ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠠᠷᠠᠳ᠎ᠤᠨ ᠶᠠᠪᠤᠳᠠᠯ᠎ᠤᠨ ᠰᠠᠯᠠᠭ᠎ᠠ ᠮᠥᠴᠢᠷ ᠨᠠᠰᠤᠲᠠᠢ᠌ᠴᠤᠳ᠎ᠤᠨ ᠪᠡᠶ᠎ᠡ ᠵᠢᠨ ᠴᠢᠳᠠᠮᠵᠢ ᠵᠢ ᠦᠨᠡᠯᠡᠬᠦ ᠳᠦᠷᠢᠮ᠎ᠢ ᠪᠦᠷᠢᠨᠰᠢᠭᠦᠯᠵᠦ᠂ ᠦᠳᠡᠬᠦᠰ᠎ᠤᠨ ᠨᠦᠬᠦᠪᠤᠷᠢ᠂ ᠠᠵᠤ ᠠᠬᠤᠢ᠎ᠨᠢ ᠬᠦᠴᠢᠷᠳᠡᠯᠲᠡᠢ ᠨᠠᠰᠤᠲᠠᠢ᠌ᠴᠤᠳ᠎ᠤᠨ ᠨᠠᠰᠤᠵᠢᠯ᠎ᠤᠨ ᠦᠢ᠍ᠯᠡᠴᠢᠯᠡᠭᠡᠨ᠎ᠤ ᠨᠥᠬᠥᠪᠦᠷᠢ᠂ ᠪᠡᠶ᠎ᠡ᠎ᠳᠤ᠎ᠪᠠᠨ ᠵᠦᠪ ᠦᠬᠡᠢ ᠭᠡᠵᠦ ᠮᠠᠭ᠋ᠠᠳᠯᠠᠨ ᠲᠣᠭᠲᠠᠭ᠋ᠠᠭᠰᠠᠨ ᠠᠵᠤ ᠠᠬᠤᠢ ᠵᠢᠨ ᠬᠦᠴᠢᠷᠳᠡᠯ᠎ᠲᠠᠢ ᠨᠠᠰᠤᠲᠠᠢ᠌ᠴᠤᠳ᠎ᠢ ᠰᠤᠪᠢᠯᠠᠯᠳᠠ ᠵᠢᠨ ᠨᠥᠬᠥᠪᠦᠷᠢ᠂ ᠨᠠᠰᠤᠲᠠᠢ᠌ᠴᠤᠳ᠎ᠤᠨ ᠬᠡᠨᠡᠳᠳᠡ ᠵᠢᠨ ᠡᠨᠳᠡᠯ᠎ᠤᠨ ᠳᠠᠭ᠋ᠠᠳᠬᠠᠯ ᠵᠡᠷᠭᠡ ᠨᠠᠰᠤᠵᠢᠯ᠎ᠤᠨ ᠦᠨᠳᠦᠰᠦᠨ ᠦᠢ᠍ᠯᠡᠴᠢᠯᠡᠭᠡᠨ᠎ᠤ ᠳᠦᠷᠢᠮ᠎ᠢ ᠲᠡᠬᠦᠯᠳᠡᠷᠵᠢᠬᠦᠯᠤᠨ᠎ᠡ᠃
ᠨᠠᠢ᠍ᠮᠠ᠎ᠳᠤ᠂ ᠨᠠᠰᠤᠵᠢᠯ᠎ᠤᠨ ᠦᠢ᠍ᠯᠡᠴᠢᠯᠡᠭᠡᠨ᠎ᠤ ᠠᠵᠢᠯ᠎ᠤᠨ ᠬᠢᠨᠠᠯᠲᠠ ᠬᠠᠮᠢᠶᠠᠷᠤᠯᠲᠠ ᠵᠢᠨ ᠡᠷᠴᠢᠮ᠎ᠢ ᠴᠢᠩᠭ᠋ᠠᠷᠠᠭᠤᠯᠪᠠ᠃ 《ᠳᠦᠷᠢᠮ》᠎ᠳᠤ ᠲᠣᠭᠲᠠᠭ᠋ᠠᠭᠰᠠᠨ᠎ᠨᠢ᠂ ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ ᠨᠠᠰᠤᠵᠢᠯ᠎ᠤᠨ ᠦᠢ᠍ᠯᠡᠴᠢᠯᠡᠭᠡᠨ᠎ᠤ ᠰᠠᠯᠠᠭ᠎ᠠ ᠮᠥᠴᠢᠷ᠎ᠤᠨ ᠬᠠᠮᠵᠢᠯᠴᠠᠨ ᠬᠢᠨᠠᠨ ᠬᠠᠮᠢᠶᠠᠷᠬᠤ ᠲᠣᠭᠲᠠᠴᠠ ᠵᠢ ᠪᠠᠢ᠌ᠭᠤᠯᠤᠨ ᠪᠦᠷᠢᠨᠰᠢᠭᠦᠯᠵᠦ᠂ ᠨᠠᠰᠤᠵᠢᠯ᠎ᠤᠨ ᠦᠢ᠍ᠯᠡᠴᠢᠯᠡᠭᠡᠨ᠎ᠤ ᠶᠡᠷᠦᠩᠬᠡᠢ᠌ᠯᠡᠭᠰᠡᠨ ᠬᠢᠨᠠᠨ ᠬᠠᠮᠢᠶᠠᠷᠬᠤ ᠳᠦᠷᠢᠮ᠎ᠢ ᠲᠡᠭᠦᠯᠳᠡᠷᠵᠢᠭᠦᠯᠦᠨ᠂ ᠤᠴᠢᠷ ᠶᠠᠪᠤᠳᠠᠯ᠎ᠤᠨ ᠳᠤᠮᠳᠠᠬᠢ ᠪᠠ ᠤᠴᠢᠷ ᠶᠠᠪᠤᠳᠠᠯ᠎ᠤᠨ ᠳᠠᠷᠠᠭ᠋ᠠᠬᠢ ᠬᠢᠨᠠᠨ ᠬᠠᠮᠢᠶᠠᠷᠤᠯᠲᠠ ᠵᠢ ᠴᠢᠩᠭ᠋ᠠᠳᠬᠠᠬᠤ ᠬᠡᠷᠡᠭᠲᠡᠢ᠃ ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠠᠷᠠᠳ ᠤᠨ ᠶᠠᠪᠤᠳᠠᠯ᠎ᠤᠨ ᠰᠠᠯᠠᠭ᠎ᠠ ᠮᠥᠴᠢᠷ ᠨᠠᠰᠤᠵᠢᠯ᠎ᠤᠨ ᠪᠠᠢ᠌ᠭᠤᠯᠤᠮᠵᠢ ᠵᠢᠨ ᠵᠡᠷᠭᠡ ᠳᠡᠰ᠎ᠢ ᠦᠨᠡᠯᠡᠬᠦ ᠪᠠ ᠦᠢ᠍ᠯᠡᠴᠢᠯᠡᠭᠡᠨ᠎ᠤ ᠶᠠᠰᠤ ᠴᠢᠨᠠᠷ ᠢ ᠬ᠋ᠢᠨᠠᠨ ᠬᠡᠮᠵᠢᠬᠦ ᠳᠦᠷᠢᠮ᠎ᠢ ᠪᠦᠷᠢᠨᠰᠢᠭᠦᠯᠵᠦ᠂ ᠨᠠᠰᠤᠵᠢᠯ᠎ᠤᠨ ᠪᠠᠢ᠌ᠭᠤᠯᠤᠮᠵᠢ᠎ᠳᠤ ᠵᠡᠷᠭᠡ ᠳᠡᠰ᠎ᠢ ᠦᠨᠡᠯᠡᠬᠦ ᠪᠠ ᠦᠢ᠍ᠯᠡᠴᠢᠯᠡᠭᠡᠨ ᠤ ᠶᠠᠰᠤ ᠴᠢᠨᠠᠷ᠎ᠢ ᠲᠣᠭᠲᠠᠮᠠᠯ ᠬᠤᠭᠤᠴᠠᠭ᠎ᠠ᠎ᠲᠠᠢ᠎ᠪᠠᠷ ᠬᠢᠨᠠᠨ ᠬᠡᠮᠵᠢᠬᠦ ᠬᠡᠷᠡᠭᠲᠡᠢ᠃ ᠨᠠᠰᠤᠵᠢᠯ᠎ᠤᠨ ᠪᠠᠢ᠌ᠭᠤᠯᠤᠮᠵᠢ ᠵᠢᠨ ᠵᠡᠷᠭᠡ ᠳᠡᠰ᠎ᠢ ᠦᠨᠡᠯᠡᠭᠰᠡᠨ ᠪᠠ ᠦᠢ᠍ᠯᠡᠴᠢᠯᠡᠭᠡᠨ᠎ᠤ ᠶᠠᠰᠤ ᠴᠢᠨᠠᠷ᠎ᠢ ᠬᠢᠨᠠᠨ ᠬᠡᠮᠵᠢᠭᠰᠡᠨ ᠳ᠋ᠦᠩ᠎ᠢ ᠢᠯᠡᠵᠢᠬᠦᠯᠬᠦ ᠵᠢᠨ ᠬᠠᠮᠲᠤ ᠬᠣᠯᠪᠣᠭᠳᠠᠯ ᠪᠦᠬᠦᠢ ᠨᠥᠬᠥᠪᠦᠷᠢ ᠣᠯᠭᠣᠬᠤ ᠲᠥᠷᠥ ᠵᠢᠨ ᠪᠣᠳᠣᠯᠭ᠎ᠠ ᠵᠢᠨ ᠦᠨᠳᠦᠰᠦᠯᠡᠯ ᠪᠣᠯᠭ᠋ᠠᠬᠤ ᠬᠡᠷᠡᠭᠲᠡᠢ᠃ ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠡᠳ᠋᠎ᠤᠨ ᠵᠠᠰᠠᠭ᠂ ᠬᠢᠨᠠᠨ ᠪᠤᠳᠤᠬᠤ ᠵᠡᠷᠭᠡ ᠰᠠᠯᠠᠭ᠎ᠠ ᠮᠥᠴᠢᠷ ᠲᠣᠰ ᠲᠣᠰ᠎ᠤᠨ ᠡᠭᠦᠷᠭᠡ ᠬᠠᠷᠢᠭᠤᠴᠠᠯᠭ᠎ᠠ ᠪᠠ ᠬᠣᠯᠪᠣᠭᠳᠠᠯ ᠪᠦᠬᠦᠢ ᠲᠣᠭᠲᠠᠭ᠋ᠠᠯ ᠶᠣᠰᠣᠭ᠋ᠠᠷ᠂ ᠵᠠᠰᠠᠭ᠎ᠤᠨ ᠣᠷᠳᠣᠨ᠎ᠠᠴᠠ ᠪᠡᠯᠡ ᠣᠷᠣᠭᠤᠯᠤᠨ ᠡᠷᠭᠢᠯᠡᠭᠰᠡᠨ ᠨᠠᠰᠤᠵᠢᠯ᠎ᠤᠨ ᠪᠠᠢ᠌ᠭᠤᠯᠤᠮᠵᠢ ᠵᠢᠨ ᠡᠳ᠋᠎ᠤᠨ ᠶᠠᠪᠤᠳᠠᠯ᠎ᠤᠨ ᠪᠠᠢ᠌ᠳᠠᠯ᠂ ᠡᠳ᠋᠎ᠤᠨ ᠵᠠᠰᠠᠭ᠎ᠤᠨ ᠴᠢᠨᠠᠷᠲᠠᠢ ᠪᠡᠯᠡ ᠮᠥᠩᠭᠥ ᠵᠢ ᠬᠡᠷᠡᠭᠯᠡᠵᠦ ᠪᠠᠢ᠌ᠭ᠎ᠠ ᠪᠠᠢ᠌ᠳᠠᠯ᠎ᠳᠤ ᠬᠢᠨᠠᠯᠲᠠ ᠲᠠᠯᠪᠢᠬᠤ ᠬᠡᠷᠡᠭᠲᠡᠢ᠃ ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ ᠪᠤᠯᠤᠨ ᠬᠣᠯᠪᠣᠭᠳᠠᠯ ᠪᠦᠬᠦᠢ ᠰᠠᠯᠠᠭ᠎ᠠ ᠮᠥᠴᠢᠷ᠎ᠨᠢ ᠨᠠᠰᠤᠵᠢᠯ᠎ᠤᠨ ᠦᠢ᠍ᠯᠡᠴᠢᠯᠡᠭᠡᠨ᠎ᠤ ᠬᠦᠷᠢᠶ᠎ᠡ ᠴᠠᠷᠠᠭ᠎ᠠ ᠵᠢᠨ ᠬᠠᠤᠯᠢ ᠪᠤᠰᠤ᠎ᠪᠠᠷ ᠪᠡᠯᠡ ᠴᠤᠭᠯᠠᠭᠤᠯᠬᠤ᠂ ᠮᠡᠬᠡᠯᠡᠬᠦ ᠵᠡᠷᠭᠡ ᠬᠠᠤᠯᠢ᠎ᠠᠴᠠ ᠵᠥᠷᠢᠴᠡᠭᠰᠡᠨ ᠦᠢᠯᠡ ᠠᠵᠢᠯᠯᠠᠭ᠎ᠠ ᠵᠢᠨ ᠬᠣᠯᠪᠣᠭᠳᠠᠯ ᠪᠦᠬᠦᠢ ᠪᠠᠢ᠌ᠳᠠᠯ᠎ᠳᠤ ᠬᠢᠨᠠᠨ ᠬᠡᠮᠵᠢᠯᠲᠡ ᠪᠠ ᠵᠠᠳᠠᠯᠤᠯᠲᠠ ᠬᠢᠵᠦ᠂ ᠲᠦᠭᠰᠢᠭᠦᠷᠢ ᠵᠢᠨ ᠰᠠᠨᠠᠭᠤᠯᠤᠮᠵᠢ ᠵᠢ ᠴᠢᠩᠭ᠋ᠠᠳᠬᠠᠬᠤ ᠵᠢᠨ ᠬᠠᠮᠲᠤ ᠴᠠᠭ ᠲᠤᠬᠠᠢᠳᠤᠨᠢ ᠰᠢᠢ᠍ᠳᠪᠦᠷᠢᠯᠡᠬᠦ ᠬᠡᠷᠡᠭᠲᠡᠢ᠃ ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠠᠷᠠᠳ᠎ᠤᠨ ᠶᠠᠪᠤᠳᠠᠯ᠎ᠤᠨ ᠰᠠᠯᠠᠭ᠎ᠠ ᠮᠥᠴᠢᠷ ᠢᠯᠡᠴᠢᠯᠡᠨ ᠮᠡᠳᠡᠭᠦᠯᠬᠦ ᠤᠳᠠᠰᠤ ᠪᠤᠶᠤ ᠨᠠᠰᠤᠵᠢᠯ᠎ᠤᠨ ᠦᠢ᠍ᠯᠡᠴᠢᠯᠡᠭᠡᠨ᠎ᠤ ᠮᠡᠳᠡᠭᠡ ᠵᠠᠩᠭᠢ ᠵᠢᠨ ᠲᠠᠪᠴᠠᠩ ᠵᠶ᠋ᠡᠷ ᠲᠠᠮᠵᠢᠭᠤᠯᠤᠨ᠂ ᠨᠠᠰᠤᠵᠢᠯ᠎ᠤᠨ ᠦᠢ᠍ᠯᠡᠴᠢᠯᠡᠭᠡᠨᠯᠦᠭᠡ ᠬᠣᠯᠪᠣᠭᠳᠠᠬᠤ ᠵᠠᠭ᠋ᠠᠯᠳᠤᠯᠭ᠎ᠠ᠂ ᠢᠯᠡᠴᠢᠯᠡᠯᠳᠡ ᠵᠢ ᠭᠥᠯᠢᠶᠡᠨ ᠠᠪᠴᠤ ᠰᠢᠢ᠍ᠳᠪᠦᠷᠢᠯᠡᠬᠦ ᠬᠡᠷᠡᠭᠲᠡᠢ᠃ ᠵᠠᠭ᠋ᠠᠯᠳᠤᠯᠭ᠎ᠠ᠂ ᠢᠯᠡᠴᠢᠯᠡᠯᠳᠡ ᠵᠢ ᠲᠤᠰᠤᠬᠰᠨᠨᠤ ᠳᠠᠷᠠᠭ᠎ᠠ ᠬᠠᠤᠯᠢ ᠶᠣᠰᠣᠭ᠋ᠠᠷ ᠰᠢᠢ᠍ᠳᠪᠦᠷᠢᠯᠡᠬᠦ ᠬᠡᠷᠡᠭᠲᠡᠢ ᠪᠥᠭᠡᠳ ᠰᠢᠢ᠍ᠳᠪᠦᠷᠢᠯᠡᠭᠰᠡᠨ ᠳ᠋ᠦᠩ ᠵᠶ᠋ᠡᠨ ᠵᠠᠭ᠋ᠠᠯᠳᠤᠭᠴᠢ᠂ ᠢᠯᠡᠴᠢᠯᠡᠭᠴᠢ᠎ᠳᠤ ᠮᠡᠳᠡᠭᠳᠡᠬᠦ ᠬᠡᠷᠡᠭᠲᠡᠢ᠃
ᠶᠢᠰᠦ᠎ᠳᠤ᠂ ᠨᠠᠰᠤᠵᠢᠯ᠎ᠤᠨ ᠦᠢ᠍ᠯᠡᠴᠢᠯᠡᠭᠡᠨ᠎ᠤ ᠬᠦᠷᠢᠶ᠎ᠡ ᠴᠠᠷᠠᠭ᠎ᠠ᠎ᠳᠤ᠎ᠬᠢ ᠬᠠᠤᠯᠢ ᠴᠠᠭ᠋ᠠᠵᠠ ᠵᠢᠨ ᠦᠢᠯᠡ ᠠᠵᠢᠯᠯᠠᠭ᠎ᠠ ᠪᠠ ᠵᠣᠬᠢᠴᠠᠩᠭᠤᠢ ᠰᠢᠢ᠍ᠳᠬᠡᠬᠦ ᠠᠷᠭ᠎ᠠ ᠵᠢ ᠲᠣᠳᠣᠷᠬᠠᠢ ᠲᠣᠭᠲᠠᠭ᠋ᠠᠪᠠ᠃ 《ᠳᠦᠷᠢᠮ》᠎ᠳᠤ ᠲᠣᠭᠲᠠᠭ᠋ᠠᠯ ᠶᠣᠰᠣᠭ᠋ᠠᠷ ᠨᠠᠰᠤᠵᠢᠯ᠎ᠤᠨ ᠦᠢ᠍ᠯᠡᠴᠢᠯᠡᠭᠡᠨ᠎ᠤ ᠢᠵᠢ ᠪᠦᠷᠢᠳᠦᠭᠦᠯᠬᠦ ᠲᠥᠬᠦᠭᠡᠷᠦᠮᠵᠢ ᠵᠢ ᠪᠠᠢ᠌ᠭᠤᠯᠤᠭᠰᠠᠨ ᠦᠭᠡᠢ ᠪᠥᠭᠡᠳ ᠲᠤᠰᠢᠶᠠᠨ ᠥᠭᠴᠦ ᠬᠡᠷᠡᠭᠯᠡᠭᠦᠯᠦᠭᠰᠡᠨ ᠦᠭᠡᠢ᠂ ᠨᠠᠰᠤᠵᠢᠯ᠎ᠤᠨ ᠦᠢ᠍ᠯᠡᠴᠢᠯᠡᠭᠡᠨ᠎ᠤ ᠲᠥᠬᠦᠭᠡᠷᠦᠮᠵᠢ ᠵᠢᠨ ᠬᠡᠷᠡᠭᠯᠡᠯᠲᠡ ᠵᠢᠨ ᠰᠢᠨᠵᠢ ᠴᠢᠨᠠᠷ᠎ᠢ ᠬᠤᠪᠢᠷᠠᠭᠤᠯᠤᠬᠰᠠᠨ ᠪᠤᠶᠤ ᠨᠠᠰᠤᠵᠢᠯ᠎ᠤᠨ ᠦᠢ᠍ᠯᠡᠴᠢᠯᠡᠭᠡᠨ᠎ᠤ ᠲᠥᠬᠦᠭᠡᠷᠦᠮᠵᠢ ᠵᠢ ᠡᠵᠡᠯᠡᠭᠰᠡᠨ᠂ ᠬᠣᠬᠢᠷᠠᠭᠤᠯᠤᠭᠰᠠᠨ ᠪᠤᠶᠤ ᠳᠤᠷ᠎ᠠ᠎ᠪᠠᠷ ᠵᠶ᠋ᠠᠨ ᠨᠤᠷᠠᠭ᠋ᠠᠭᠰᠠᠨ᠂ ᠨᠠᠰᠤᠵᠢᠯ᠎ᠤᠨ ᠦᠢ᠍ᠯᠡᠴᠢᠯᠡᠭᠡᠨ᠎ᠤ ᠠᠵᠢᠯᠲᠠᠨ ᠨᠠᠰᠤᠲᠠᠨ᠎ᠢ ᠬᠠᠷᠢᠶᠠᠵᠤ᠂ ᠳᠣᠷᠣᠮᠵᠢᠯᠠᠵᠤ᠂ ᠬᠠᠯᠠ ᠦᠵᠡᠭᠦᠯᠵᠦ᠂ ᠵᠣᠳᠣᠵᠤ᠂ ᠨᠠᠰᠤᠲᠠᠨ᠎ᠤ ᠡᠳ᠋ ᠬᠣᠭᠰᠢᠯ᠎ᠢ ᠬᠤᠯᠠᠭ᠋ᠠᠢ᠌ᠯᠠᠬᠤ᠂ ᠮᠡᠬᠡᠯᠡᠨ ᠠᠪᠬᠤ᠂ ᠠᠯᠪᠠᠳᠠᠯᠭ᠎ᠠ᠎ᠪᠠᠷ ᠨᠡᠬᠡᠨ ᠠᠪᠬᠤ ᠪᠤᠶᠤ ᠵᠣᠷᠢᠭᠤᠳᠠ ᠡᠪᠳᠡᠨ ᠰᠦᠢ᠍ᠳᠬᠡᠬᠦ᠂ ᠦᠢ᠍ᠯᠡᠴᠢᠯᠡᠭᠡᠨ᠎ᠤ ᠠᠵᠢᠯᠯᠠᠭ᠎ᠠ ᠳᠤᠮᠳᠠ ᠣᠯᠵᠤ ᠮᠡᠳᠡᠭᠰᠡᠨ ᠨᠠᠰᠤᠲᠠᠢ᠌ᠴᠤᠳ᠎ᠤᠨ ᠬᠤᠪᠢ ᠵᠢᠨ ᠨᠢᠭᠤᠴᠠ ᠵᠢ ᠵᠠᠳᠠᠷᠠᠭᠤᠯᠬᠤ ᠵᠡᠷᠭᠡ ᠠᠵᠢᠯᠯᠠᠭ᠎ᠠ ᠪᠠ ᠨᠠᠰᠤᠵᠢᠯ᠎ᠤᠨ ᠪᠠᠢ᠌ᠭᠤᠯᠤᠮᠵᠢ ᠲᠣᠭᠲᠠᠭ᠋ᠠᠯ ᠶᠣᠰᠣᠭ᠋ᠠᠷ ᠡᠮᠨᠡᠯᠭᠡ᠎ᠳᠤ ᠣᠷᠣᠬᠤ ᠦᠨᠡᠯᠡᠨ ᠵᠢᠱ᠌ᠢᠯᠲᠡ ᠬᠢᠭᠰᠡᠨ ᠦᠭᠡᠢ᠂ ᠰᠠᠭᠤᠵᠤ ᠪᠠᠢ᠌ᠭ᠎ᠠ ᠨᠠᠰᠤᠲᠠᠨ ᠪᠤᠶᠤ ᠣᠷᠣᠯᠠᠭᠴᠢ᠎ᠲᠠᠢ᠎ᠨᠢ ᠨᠠᠰᠤᠵᠢᠯ᠎ᠤᠨ ᠦᠢ᠍ᠯᠡᠴᠢᠯᠡᠭᠡᠨ᠎ᠤ ᠬᠡᠯᠡᠯᠴᠡᠭᠡᠷ ᠲᠣᠭᠲᠠᠭᠰᠠᠨ ᠦᠭᠡᠢ᠂ ᠲᠣᠭᠲᠠᠭ᠋ᠠᠭᠰᠠᠨ ᠪᠠᠷᠢᠮᠵᠢᠶ᠎ᠠ ᠪᠤᠶᠤ ᠵᠢᠷᠤᠮᠵᠢᠯ ᠶᠣᠰᠣᠭ᠋ᠠᠷ ᠦᠢ᠍ᠯᠡᠴᠢᠯᠡᠭᠡ ᠬᠠᠩᠭ᠋ᠠᠭᠰᠠᠨ ᠦᠭᠡᠢ᠂ ᠨᠠᠰᠤᠵᠢᠯ᠎ᠤᠨ ᠦᠢ᠍ᠯᠡᠴᠢᠯᠡᠭᠡᠨ᠎ᠤ ᠲᠥᠬᠦᠭᠡᠷᠦᠮᠵᠢ ᠵᠢ ᠠᠰᠢᠭᠯᠠᠨ ᠨᠠᠰᠤᠵᠢᠯ᠎ᠤᠨ ᠦᠢ᠍ᠯᠡᠴᠢᠯᠡᠭᠡᠨ᠎ᠤ ᠵᠣᠷᠢᠯᠲᠠ᠎ᠲᠠᠢ ᠬᠣᠯᠪᠣᠭᠳᠠᠯ ᠦᠭᠡᠢ ᠠᠵᠢᠯᠯᠠᠭ᠎ᠠ ᠥᠷᠨᠢᠭᠦᠯᠦᠭᠰᠡᠨ᠂ ᠦᠢ᠍ᠯᠡᠴᠢᠯᠡᠭᠡ᠎ᠪᠠᠨ ᠲᠦᠷ ᠵᠣᠭᠰᠣᠭ᠋ᠠᠭᠰᠠᠨ ᠪᠤᠶᠤ ᠳᠠᠭᠤᠰᠬᠠᠭ᠋ᠠᠳ ᠰᠠᠭᠤᠵᠤ ᠪᠠᠢ᠌ᠭ᠎ᠠ ᠨᠠᠰᠤᠲᠠᠢ᠌ᠴᠤᠳ᠎ᠢ ᠲᠣᠭᠲᠠᠭ᠋ᠠᠯ ᠶᠣᠰᠣᠭ᠋ᠠᠷ ᠲᠣᠬᠢᠲᠠᠢ ᠲᠥᠪᠬᠢᠨᠡᠭᠦᠯᠦᠭᠰᠡᠨ ᠦᠭᠡᠢ ᠵᠡᠷᠭᠡ ᠪᠠᠢ᠌ᠳᠠᠯ᠎ᠢ ᠵᠠᠯᠬᠠᠭ᠋ᠠᠨ ᠴᠡᠭᠡᠷᠯᠡᠭᠦᠯᠬᠦ ᠪᠠ ᠬᠠᠷᠠᠭ᠋ᠠᠯᠵᠠᠬᠰᠠᠨ ᠰᠢᠢ᠍ᠳᠬᠡᠬᠦ ᠠᠷᠭ᠎ᠠ ᠵᠢ ᠲᠣᠳᠣᠷᠬᠠᠢ ᠲᠣᠭᠲᠠᠭ᠋ᠠᠭᠰᠠᠨ ᠪᠠᠢ᠌ᠨ᠎ᠠ᠃