《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠠᠰᠤᠵᠢᠯ᠎ᠤᠨ ᠦᠢ᠍ᠯᠡᠴᠢᠯᠡᠭᠡᠨ᠎ᠤ ᠳᠦᠷᠢᠮ》 (《ᠳᠦᠷᠢᠮ》 ᠭᠡᠵᠦ ᠲᠦᠬᠦᠮᠴᠢᠯᠡᠶ᠎ᠡ)᠎ᠢ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠭᠤᠷᠪᠠᠳᠤᠭ᠋ᠠᠷ ᠬᠤᠭᠤᠴᠠᠭ᠋ᠠᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠪᠠᠢ᠌ᠩᠭᠤ ᠵᠢᠨ ᠬᠣᠷᠢᠶ᠎ᠠ ᠵᠢᠨ ᠭᠤᠴᠢᠨ ᠨᠢᠭᠡᠳᠦᠭᠡᠷ ᠬᠤᠷᠠᠯᠳᠤᠭ᠋ᠠᠨ ᠵᠶ᠋ᠠᠷ ᠬᠢᠨᠠᠨ ᠵᠥᠪᠯᠡᠵᠦ ᠪᠠᠲᠤᠯᠠᠭ᠋ᠠᠳ᠂ 2022 ᠣᠨ᠎ᠤ 1 ᠰᠠᠷ᠎ᠠ ᠵᠢᠨ 1᠎ᠤ ᠡᠳᠦᠷ᠎ᠠᠴᠠ ᠬᠡᠷᠡᠭᠵᠢᠬᠦᠯᠪᠡ᠃
ᠨᠢᠭᠡ᠂ 《ᠳᠦᠷᠢᠮ》᠎ᠢ ᠨᠡᠢ᠌ᠲᠡᠯᠡᠭᠰᠡᠨ ᠠᠬᠤᠢ ᠪᠠᠢ᠌ᠳᠠᠯ
ᠬᠦᠮᠦᠨ ᠠᠮᠨ ᠵᠢᠨ ᠨᠠᠰᠤᠵᠢᠯᠲᠠ ᠪᠣᠯ ᠣᠳᠣᠬᠠᠨ᠎ᠤ ᠮᠠᠨ᠎ᠤ ᠤᠯᠤᠰ᠎ᠤᠨ ᠦᠨᠳᠦᠰᠦᠨ ᠪᠠᠢ᠌ᠳᠠᠯ ᠮᠥᠨ᠃ ᠳᠣᠯᠣᠳᠤᠭ᠋ᠠᠷ ᠤᠳᠠᠭ᠋ᠠᠨ᠎ᠤ ᠪᠥᠬᠥ ᠤᠯᠤᠰ᠎ᠤᠨ ᠬᠥᠮᠥᠨ ᠠᠮᠠ ᠵᠢᠨ ᠨᠡᠢ᠌ᠳᠡᠮ ᠪᠠᠢ᠌ᠴᠠᠭ᠋ᠠᠯᠲᠠ ᠵᠢ ᠦᠨᠳᠦᠰᠦᠯᠡᠪᠡᠯ᠂ ᠮᠠᠨ᠎ᠤ ᠤᠯᠤᠰ᠎ᠤᠨ 60 ᠨᠠᠰᠤᠨ᠎ᠠᠴᠠ ᠳᠡᠭᠡᠭᠰᠢᠬᠢ ᠨᠠᠰᠤᠲᠠᠢ᠌ᠴᠤᠳ᠎ᠤᠨ ᠬᠥᠮᠥᠨ ᠠᠮᠠ 2.64 ᠳ᠋ᠦᠩᠰᠢᠭᠤᠷ ᠪᠠᠢ᠌ᠵᠤ᠂ ᠪᠥᠬᠥ ᠤᠯᠤᠰ᠎ᠤᠨ ᠬᠥᠮᠥᠨ ᠠᠮᠠ ᠵᠢᠨ18.70% (ᠡᠭᠦᠨ᠎ᠳᠤ 65 ᠨᠠᠰᠤᠨ᠎ᠠᠴᠠ ᠳᠡᠭᠡᠭᠰᠢᠬᠢ ᠨᠠᠰᠤᠲᠠᠢ᠌ᠴᠤᠳ 1.9 ᠳ᠋ᠦᠩᠰᠢᠭᠤᠷ ᠪᠠᠢ᠌ᠵᠤ᠂ 13.5% ᠵᠢ ᠡᠵᠡᠯᠡᠨ᠎ᠡ) ᠵᠢ ᠡᠵᠡᠯᠡᠵᠦ ᠪᠠᠢ᠌ᠨ᠎ᠠ᠃ ᠮᠠᠨ᠎ᠤ ᠣᠷᠣᠨ᠎ᠳᠤ ᠣᠲᠣ 60 ᠨᠠᠰᠤᠨ᠎ᠠᠴᠠ ᠳᠡᠭᠡᠭᠰᠢᠬᠢ ᠨᠠᠰᠤᠲᠠᠢ᠌ᠴᠤᠳ 475.7 ᠲᠦᠮᠡ ᠪᠠᠢ᠌ᠵᠤ᠂ ᠪᠥᠬᠥ ᠣᠷᠣᠨ᠎ᠤ ᠬᠥᠮᠥᠨ ᠠᠮᠠ ᠵᠢᠨ 19.8% ᠵᠢ ᠡᠵᠡᠯᠡᠵᠦ᠂ ᠪᠥᠬᠥ ᠤᠯᠤᠰ᠎ᠤᠨ ᠳᠤᠮᠳᠠᠴᠢ ᠬᠢᠷᠢ ᠬᠡᠮᠵᠢᠶ᠎ᠡ᠎ᠠᠴᠠ 1.1% ᠥᠨᠳᠥᠷ ᠪᠠᠢ᠌ᠨ᠎ᠠ᠃ 65 ᠨᠠᠰᠤᠨ᠎ᠠᠴᠠ ᠳᠡᠭᠡᠭᠰᠢᠬᠢ ᠨᠠᠰᠤᠲᠠᠢ᠌ᠴᠤᠳ 313.9 ᠲᠦᠮᠡ ᠪᠠᠢ᠌ᠵᠤ᠂ ᠨᠠᠰᠤᠲᠠᠢ᠌ᠴᠤᠳ᠎ᠤᠨ ᠬᠥᠮᠥᠨ ᠠᠮᠠ ᠵᠢᠨ 65.9% ᠵᠢ ᠡᠵᠡᠯᠡᠵᠦ ᠪᠠᠢ᠌ᠨ᠎ᠠ᠃ 《ᠠᠷᠪᠠᠨ ᠳᠥᠷᠪᠡᠳᠦᠭᠡᠷ ᠲᠠᠪᠤᠨ ᠵᠢᠯ》᠎ᠤᠨ ᠬᠤᠭᠤᠴᠠᠭ᠋ᠠᠨ᠎ᠳᠤ᠂ ᠮᠠᠨ᠎ᠤ ᠣᠷᠣᠨ᠎ᠤ ᠨᠠᠰᠤᠵᠢᠯᠲᠠ ᠵᠢᠨ ᠬᠡᠮᠵᠢᠶ᠎ᠡ ᠦᠷᠭᠦᠯᠵᠢᠯᠡᠨ ᠬᠤᠷᠴᠠᠳᠴᠤ᠂ ᠤᠯᠠᠮ ᠨᠠᠰᠤᠵᠢᠯᠲᠠ ᠵᠢᠨ ᠨᠡᠢ᠌ᠭᠡᠮ᠎ᠳᠤ ᠣᠷᠣᠬᠤ ᠪᠣᠯᠣᠨ᠎ᠠ᠃
ᠨᠠᠰᠤᠲᠠᠨ ᠵᠶ᠋ᠠᠨ ᠬᠦᠨᠳᠦᠯᠡᠵᠦ ᠨᠠᠰᠤᠲᠠᠨ ᠵᠶ᠋ᠠᠨ ᠬᠠᠢ᠌ᠷᠠᠯᠠᠬᠤ ᠪᠤᠯ ᠳᠤᠮᠳᠠᠳᠤ ᠵᠢᠨ ᠦᠨᠳᠦᠰᠦᠲᠡᠨ᠎ᠤ ᠰᠢᠯᠢᠳᠡᠭ ᠤᠯᠠᠮᠵᠢᠯᠠᠯ᠂ ᠨᠠᠰᠤᠲᠠᠨ ᠵᠶ᠋ᠠᠨ ᠠᠰᠠᠷᠠᠬᠤ ᠪᠣᠯ ᠴᠢᠬᠤᠯᠠ ᠶᠡᠬᠡ ᠠᠷᠠᠳ᠎ᠤᠨ ᠠᠮᠢᠳᠤᠷᠠᠯ᠎ᠤᠨ ᠦᠢ᠍ᠯᠡᠰ ᠮᠥᠨ᠃ ᠨᠠᠮ᠎ᠤᠨ ᠠᠷᠪᠠ ᠶᠢᠰᠦᠳᠦᠭᠡᠷ ᠬᠤᠭᠤᠴᠠᠭ᠋ᠠᠨ᠎ᠤ ᠲᠥᠪ ᠬᠣᠷᠢᠶᠠᠨ᠎ᠤ ᠳᠥᠷᠪᠡᠳᠦᠭᠡᠷ ᠪᠦᠬᠦᠳᠡ ᠬᠤᠷᠠᠯ᠎ᠠᠴᠠ ᠨᠠᠰᠤᠵᠢᠯᠲᠠ ᠵᠢ ᠢᠳᠡᠪᠬᠢᠲᠡᠢ ᠠᠷᠭ᠋ᠠᠴᠠᠭ᠋ᠠᠵᠤ᠂ ᠭᠡᠷ᠎ᠲᠤ᠎ᠬᠢ ᠪᠠ ᠨᠡᠢ᠌ᠭᠡᠮ ᠲᠣᠭᠣᠷᠢᠭ᠎ᠤᠨ ᠪᠠᠢ᠌ᠭᠤᠯᠤᠮᠵᠢ ᠬᠠᠷᠢᠯᠴᠠᠨ ᠵᠣᠬᠢᠴᠠᠭᠰᠠᠨ᠂ ᠡᠮᠴᠢᠯᠡᠭᠡ ᠰᠤᠪᠢᠯᠠᠯᠲᠠ ᠡᠷᠡᠭᠦᠯᠵᠢᠯ ᠰᠤᠪᠢᠯᠠᠯᠲᠠ ᠵᠢ ᠤᠶᠠᠯᠳᠤᠭᠤᠯᠤᠭᠰᠠᠨ ᠨᠠᠰᠤᠵᠢᠯ᠎ᠤᠨ ᠦᠢ᠍ᠯᠡᠴᠢᠯᠡᠭᠡᠨ᠎ᠤ ᠰᠢᠰᠲᠸᠮ᠎ᠢ ᠲᠦᠷᠭᠡᠨ ᠪᠠᠶ᠋ᠢᠭᠤᠯᠬᠤ ᠬᠡᠷᠡᠭᠲᠡᠢ ᠭᠡᠵᠦ ᠳᠤᠷᠠᠳᠴᠠᠢ᠃ ᠨᠠᠮ᠎ᠤᠨ ᠠᠷᠪᠠ ᠶᠢᠰᠦᠳᠦᠭᠡᠷ ᠬᠤᠭᠤᠴᠠᠭ᠋ᠠᠨ᠎ᠤ ᠲᠥᠪ ᠬᠣᠷᠢᠶᠠᠨ᠎ᠤ ᠲᠠᠪᠤᠳᠤᠭ᠋ᠠᠷ ᠪᠦᠬᠦᠳᠡ ᠬᠤᠷᠠᠯ᠎ᠠᠴᠠ ᠨᠠᠰᠤᠵᠢᠯᠲᠠ ᠵᠢ ᠠᠩᠬ᠎ᠠ ᠤᠳᠠᠭ᠎ᠠ ᠤᠯᠤᠰ᠎ᠤᠨ ᠪᠠᠢ᠌ᠯᠳᠤᠬᠤ ᠪᠣᠳᠣᠯᠭ᠎ᠠ ᠪᠣᠯᠭ᠋ᠠᠨ ᠲᠡᠭᠡᠭᠰᠢᠯᠡᠬᠦᠯᠪᠡ᠃ ᠣᠢ᠌ᠷ᠎ᠠ ᠵᠢᠨ ᠵᠢᠯ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ ᠣᠯᠠᠨ ᠵᠦᠢ᠍ᠯ᠎ᠤᠨ ᠲᠥᠷᠥ ᠵᠢᠨ ᠪᠣᠳᠣᠯᠭ᠎ᠠ ᠲᠣᠭᠲᠠᠭ᠋ᠠᠵᠤ᠂ ᠨᠠᠰᠤᠵᠢᠯ᠎ᠤᠨ ᠦᠢ᠍ᠯᠡᠴᠢᠯᠡᠭᠡᠨ᠎ᠤ ᠰᠢᠰᠲᠸᠮ᠎ᠢ ᠪᠦᠷᠢᠨᠰᠢᠭᠦᠯᠵᠦ᠂ ᠨᠠᠰᠤᠵᠢᠯ᠎ᠤᠨ ᠦᠢ᠍ᠯᠡᠴᠢᠯᠡᠭᠡᠨ᠎ᠤ ᠦᠢ᠍ᠯᠡᠰ᠎ᠤᠨ ᠬᠦᠭᠵᠢᠯᠳᠡ ᠵᠢ ᠠᠬᠢᠭᠤᠯᠤᠬᠰᠠᠨ ᠶᠤᠮ᠃ ᠭᠡᠪᠡᠴᠦ᠂ ᠮᠠᠨ᠎ᠤ ᠣᠷᠣᠨ᠎ᠤ ᠨᠠᠰᠤᠵᠢᠯ᠎ᠤᠨ ᠦᠢ᠍ᠯᠡᠴᠢᠯᠡᠭᠡᠨ᠎ᠤ ᠠᠵᠢᠯ᠎ᠳᠤ ᠮᠥᠨ ᠬᠦ᠌ ᠰᠠᠭᠤᠷᠢ ᠲᠦᠬᠦᠬᠡᠷᠤᠮᠵᠢ ᠬᠣᠴᠤᠷᠤᠩᠭᠤᠢ᠂ ᠪᠡᠯᠡ ᠣᠷᠣᠭᠤᠯᠤᠯᠲᠠ ᠬᠦᠷᠦᠯᠴᠡᠬᠦ ᠦᠭᠡᠢ᠂ ᠲᠡᠳᠬᠦᠬᠦ ᠲᠥᠷᠥ ᠵᠢᠨ ᠪᠣᠳᠣᠯᠭ᠎ᠠ ᠣᠯᠠᠨ ᠪᠢᠰᠢ᠂ ᠵᠠᠬ᠎ᠠ ᠳᠡᠯᠭᠡᠭᠦᠷ᠎ᠤᠨ ᠠᠮᠢᠵᠢᠷᠠᠯ᠎ᠤᠨ ᠬᠦᠴᠦᠨ ᠬᠦᠷᠦᠯᠴᠡᠬᠦ ᠦᠭᠡᠢ᠂ ᠬᠢᠨᠠᠨ ᠬᠠᠮᠢᠶᠠᠷᠬᠤ ᠲᠣᠭᠲᠠᠴᠠ ᠰᠢᠯᠤᠭᠤᠨ ᠪᠤᠰᠤ ᠵᠡᠷᠭᠡ ᠠᠰᠠᠭᠤᠳᠠᠯ ᠣᠷᠣᠰᠢᠵᠤ᠂ ᠣᠷᠣᠨ ᠨᠤᠲᠤᠭ᠎ᠤᠨ ᠬᠠᠤᠯᠢ ᠲᠣᠭᠲᠠᠭ᠋ᠠᠬᠤ ᠬᠡᠯᠪᠡᠷᠢ᠎ᠪᠠᠷ ᠳᠠᠮᠵᠢᠭᠤᠯᠤᠨ᠂ ᠨᠠᠰᠤᠵᠢᠯ᠎ᠤᠨ ᠦᠢ᠍ᠯᠡᠴᠢᠯᠡᠭᠡᠨ᠎ᠳᠤ ᠲᠤᠯᠭ᠋ᠠᠷᠠᠵᠤ ᠪᠠᠢ᠌ᠭ᠎ᠠ ᠪᠣᠳᠠᠲᠠᠢ ᠬᠦᠴᠢᠷ ᠠᠰᠠᠭᠤᠳᠠᠯ᠎ᠢ ᠰᠢᠢ᠍ᠳᠪᠦᠷᠢᠯᠡᠵᠦ᠂ ᠡᠭᠦᠨ᠎ᠤ ᠤᠯᠠᠮ᠎ᠠᠴᠠ ᠨᠠᠰᠤᠲᠠᠢ᠌ᠴᠤᠳ᠎ᠤᠨ ᠣᠯᠠᠨ ᠲᠠᠰ ᠳᠠᠪᠬᠤᠷᠭ᠎ᠠ ᠵᠢᠨ᠂ ᠣᠯᠠᠨ ᠶᠠᠩᠵᠤ ᠵᠢᠨ ᠨᠠᠰᠤᠵᠢᠯ᠎ᠤᠨ ᠦᠢ᠍ᠯᠡᠴᠢᠯᠡᠭᠡᠨ᠎ᠤ ᠬᠡᠷᠡᠭᠴᠡᠭᠡ ᠵᠢ ᠨᠠᠩ ᠰᠠᠢ᠌ᠲᠤᠷ ᠬᠠᠩᠭ᠋ᠠᠬᠤ ᠴᠢᠬᠤᠯᠠᠲᠠᠢ ᠪᠠᠢ᠌ᠨ᠎ᠠ᠃
ᠬᠣᠶᠠᠷ᠂ 《ᠳᠦᠷᠢᠮ》᠎ᠢ ᠨᠡᠢ᠌ᠲᠡᠯᠡᠵᠦ ᠬᠡᠷᠡᠭᠵᠢᠭᠦᠯᠬᠦ ᠵᠢᠨ ᠴᠢᠬᠤᠯᠠ ᠠᠴᠢ ᠬᠣᠯᠪᠣᠭᠳᠠᠯ
《ᠳᠦᠷᠢᠮ》᠎ᠳᠤ ᠰᠢ ᠵᠢᠨ ᠫᠢᠩ ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ ᠲᠠᠢ ᠨᠡᠢ᠌ᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠣᠳᠤᠯᠭ᠎ᠠ ᠪᠣᠯᠭ᠋ᠠᠬᠤ ᠵᠢ ᠪᠠᠷᠢᠮᠲᠠᠯᠠᠵᠤ᠂ ᠨᠠᠮ᠎ᠤᠨ ᠠᠷᠪᠠ ᠶᠢᠰᠦᠳᠦᠭᠡᠷ ᠶᠡᠬᠡ ᠬᠤᠷᠠᠯ ᠪᠣᠯᠣᠨ ᠠᠷᠪᠠ ᠶᠢᠰᠦᠳᠦᠭᠡᠷ ᠬᠤᠭᠤᠴᠠᠭ᠋ᠠᠨ᠎ᠤ ᠲᠥᠪ ᠬᠣᠷᠢᠶᠠᠨ᠎ᠤ ᠬᠣᠶᠠᠳᠤᠭ᠋ᠠᠷ᠂ ᠭᠤᠷᠪᠠᠳᠤᠭ᠋ᠠᠷ᠂ ᠳᠥᠷᠪᠡᠳᠦᠭᠡᠷ᠂ ᠲᠠᠪᠤᠳᠤᠭ᠋ᠠᠷ᠂ ᠵᠢᠷᠭᠤᠳᠤᠭ᠋ᠠᠷ ᠪᠦᠭᠦᠳᠡ ᠬᠤᠷᠠᠯ᠎ᠤᠨ ᠵᠣᠷᠢᠭ ᠰᠠᠨᠠᠭ᠎ᠠ ᠪᠣᠯᠣᠨ ᠰᠢ ᠵᠢᠨ ᠫᠢᠩ ᠶᠡᠷᠦᠩᠬᠡᠢ ᠱᠦᠵᠢ ᠵᠢᠨ ᠨᠠᠰᠤᠵᠢᠯ᠎ᠤᠨ ᠦᠢ᠍ᠯᠡᠴᠢᠯᠡᠭᠡᠨ᠎ᠤ ᠠᠵᠢᠯ᠎ᠤᠨ ᠲᠤᠬᠠᠢ ᠴᠢᠬᠤᠯᠠ ᠵᠢᠭ᠋ᠠᠪᠤᠷᠢ ᠴᠣᠬᠣᠯᠠᠪᠤᠷᠢ ᠵᠢᠨ ᠵᠣᠷᠢᠭ ᠰᠠᠨᠠᠭ᠎ᠠ ᠵᠢ ᠭᠦᠨᠵᠡᠭᠡᠢ ᠨᠠᠢ᠌ᠳᠠᠪᠤᠷᠢᠵᠢᠭᠤᠯᠵᠤ᠂ ᠰᠢᠨ᠎ᠡ ᠬᠥᠭᠵᠢᠯᠲᠡ ᠵᠢᠨ ᠱᠠᠲᠤᠨ᠎ᠳᠤ ᠰᠠᠭᠤᠷᠢᠯᠠᠨ᠂ ᠰᠢᠨ᠎ᠡ ᠬᠥᠭᠵᠢᠯᠲᠡ ᠵᠢᠨ ᠣᠢ᠌ᠯᠠᠭ᠋ᠠᠭᠳᠠᠬᠤᠨ᠎ᠢ ᠲᠤᠭᠤᠰᠢᠯᠠᠭᠤᠯᠵᠤ᠂ ᠰᠢᠨ᠎ᠡ ᠬᠥᠭᠵᠢᠯᠲᠡ ᠵᠢᠨ ᠪᠠᠢ᠌ᠷᠢᠰᠢᠯ᠎ᠢ ᠪᠤᠶ ᠪᠣᠯᠭ᠋ᠠᠵᠤ᠂ ᠠᠷᠠᠳ ᠲᠦᠮᠡᠨ ᠵᠶ᠋ᠡᠷ ᠭᠣᠣᠯ ᠪᠣᠯᠭ᠋ᠠᠬᠤ ᠬᠥᠭᠵᠢᠯᠲᠡ ᠵᠢᠨ ᠦᠵᠡᠯ ᠰᠠᠨᠠᠭ᠎ᠠ ᠵᠢ ᠪᠠᠲᠤ ᠪᠡᠬᠢ ᠪᠤᠶ ᠪᠣᠯᠭ᠋ᠠᠵᠤ᠂ ᠣᠢ᠌ᠷ᠎ᠠ ᠵᠢᠨ ᠵᠢᠯ᠎ᠤᠨ ᠲᠤᠷᠰᠢᠬᠢ ᠨᠠᠰᠤᠵᠢᠯ᠎ᠤᠨ ᠦᠢ᠍ᠯᠡᠴᠢᠯᠡᠭᠡᠨ᠎ᠤ ᠴᠢᠨᠠᠷᠯᠢᠭ ᠬᠥᠭᠵᠢᠯᠲᠡ ᠵᠢ ᠠᠬᠢᠭᠤᠯᠬᠤ ᠪᠦᠲᠦᠮᠵᠢᠲᠡᠶ ᠲᠥᠷᠥ ᠵᠢᠨ ᠪᠣᠳᠣᠯᠭ᠎ᠠ ᠵᠢ ᠰᠢᠰᠲ᠋ᠧᠮ᠎ᠲᠠᠢ ᠡᠮᠬᠢᠯᠡᠨ ᠳᠢᠭᠯᠡᠬᠦ ᠵᠢᠨ ᠬᠠᠮᠲᠤ ᠲᠣᠭᠲᠠᠪᠤᠷᠢᠵᠢᠭᠤᠯᠵᠤ᠂ ᠬᠠᠤᠯᠢ ᠴᠠᠭ᠋ᠠᠵᠠ ᠵᠢᠨ ᠲᠣᠭᠲᠠᠭ᠋ᠠᠯ ᠪᠣᠯᠭ᠋ᠠᠨ ᠳᠡᠭᠡᠭᠰᠢᠯᠡᠭᠦᠯᠵᠦ᠂ ᠬᠢᠵᠠᠭ᠋ᠠᠷᠯᠠᠬᠤ ᠬᠦᠴᠦᠨ ᠪᠠ ᠬᠡᠷᠡᠭᠵᠢᠭᠦᠯᠬᠦ ᠬᠦᠴᠦᠨ᠎ᠢ ᠴᠢᠩᠭ᠋ᠠᠷᠠᠭᠤᠯᠤᠭᠰᠠᠨ᠎ᠨᠢ ᠨᠠᠰᠤᠵᠢᠯ᠎ᠤᠨ ᠦᠢ᠍ᠯᠡᠴᠢᠯᠡᠭᠡᠨ᠎ᠤ ᠬᠦᠴᠢᠷ ᠲᠦᠪᠡᠭᠲᠡᠢ ᠠᠰᠠᠭᠤᠳᠠᠯ ᠪᠠ ᠲᠦᠭᠵᠢᠷᠡᠯ ᠠᠰᠠᠭᠤᠳᠠᠯ᠎ᠢ ᠰᠢᠢ᠍ᠳᠪᠦᠷᠢᠯᠡᠵᠦ᠂ ᠨᠠᠰᠤᠵᠢᠯ᠎ᠤᠨ ᠦᠢ᠍ᠯᠡᠴᠢᠯᠡᠭᠡᠨ᠎ᠤ ᠰᠢᠰᠲ᠋ᠧᠮ᠎ᠢ ᠲᠡᠭᠦᠯᠳᠡᠷᠵᠢᠭᠦᠯᠬᠦ᠎ᠳᠤ ᠴᠢᠬᠤᠯᠠ ᠠᠴᠢ ᠬᠣᠯᠪᠣᠭᠳᠠᠯ᠎ᠲᠠᠢ ᠶᠤᠮ᠃
《ᠳᠦᠷᠢᠮ》᠎ᠢ ᠲᠣᠭᠲᠠᠭ᠋ᠠᠵᠤ ᠨᠡᠢ᠌ᠲᠡᠯᠡᠭᠰᠡᠨ ᠶᠠᠪᠤᠳᠠᠯ ᠪᠣᠯ ᠨᠠᠰᠤᠵᠢᠯᠲᠠ ᠵᠢ ᠢᠳᠡᠪᠬᠢᠲᠡᠢ ᠠᠷᠭ᠋ᠠᠴᠠᠭ᠋ᠠᠬᠤ ᠤᠯᠤᠰ᠎ᠤᠨ ᠪᠠᠢ᠌ᠯᠳᠤᠬᠤ ᠪᠣᠳᠣᠯᠭ᠎ᠠ ᠵᠢ ᠬᠡᠷᠡᠭᠵᠢᠭᠦᠯᠬᠦ ᠴᠢᠬᠤᠯᠠ ᠠᠷᠭ᠎ᠠ ᠬᠡᠮᠵᠢᠶ᠎ᠡ ᠮᠥᠨ᠃ ᠨᠠᠰᠤᠵᠢᠯᠲᠠ ᠵᠢ ᠢᠳᠡᠪᠬᠢᠲᠡᠢ᠎ᠪᠠᠷ ᠠᠷᠭ᠋ᠠᠴᠠᠭ᠋ᠠᠬᠤ ᠪᠣᠯ ᠪᠠᠢ᠌ᠯᠳᠤᠬᠤ ᠪᠣᠳᠣᠯᠭ᠎ᠠ ᠵᠢᠨ᠂ ᠪᠦᠬᠦ ᠲᠠᠯ᠎ᠠ ᠵᠢᠨ᠂ ᠶᠡᠷᠦᠩᠬᠡᠢ᠌ᠯᠡᠭᠰᠡᠨ ᠴᠢᠨᠠᠷᠲᠠᠢ ᠠᠤᠭ᠎ᠠ ᠶᠡᠬᠡ ᠰᠢᠰᠲ᠋ᠧᠮᠲᠦ ᠢᠨᠵᠧᠨᠧᠷᠢᠩ ᠮᠥᠨ᠂ ᠡᠷᠬᠡᠪᠰᠢ ᠵᠠᠰᠠᠭ᠎ᠤᠨ ᠣᠷᠳᠣᠨ᠂ ᠵᠠᠬ᠎ᠠ ᠳᠡᠯᠭᠡᠭᠦᠷ᠂ ᠨᠡᠢ᠌ᠭᠡᠮ᠂ ᠭᠡᠷ ᠪᠦᠯᠢ ᠪᠣᠯᠣᠨ ᠨᠠᠰᠤᠲᠠᠢ᠌ᠴᠤᠳ᠎ᠢ ᠪᠠᠭᠲᠠᠭ᠋ᠠᠭᠰᠠᠨ ᠡᠯ᠎ᠡ ᠲᠠᠯ᠎ᠠ ᠵᠢᠨ ᠬᠦᠴᠦᠨ᠎ᠢ ᠭᠦᠢ᠍ᠴᠡᠳ ᠳᠠᠶ᠋ᠢᠴᠢᠯᠠᠵᠤ᠂ ᠪᠡᠯᠡ ᠮᠥᠩᠭᠥ᠂ ᠠᠵᠢᠯᠲᠠᠨ᠂ ᠲᠠᠯᠠᠪᠤᠷ ᠂ ᠲᠥᠬᠦᠭᠡᠷᠦᠮᠵᠢ ᠵᠡᠷᠭᠡ ᠡᠯ᠎ᠡ ᠲᠦᠷᠦᠯ᠎ᠤᠨ ᠡᠬᠢ ᠪᠠᠶᠠᠯᠢᠭ᠎ᠢ ᠨᠡᠢ᠌ᠯᠡᠭᠦᠯᠵᠦ᠂ ᠤᠯᠤᠰ᠎ᠤᠨ ᠵᠠᠰᠠᠯᠲᠠ ᠵᠢᠨ ᠰᠢᠰᠲ᠋ᠧᠮ ᠪᠠ ᠵᠠᠰᠠᠯᠲᠠ ᠵᠢᠨ ᠴᠢᠳᠠᠪᠤᠷᠢ ᠵᠢᠨ ᠣᠳᠣᠬᠢᠴᠢᠯᠠᠯᠲᠠ᠎ᠲᠠᠢ ᠵᠣᠬᠢᠴᠠᠭᠰᠠᠨ ᠨᠠᠰᠤᠵᠢᠯᠲᠠ ᠵᠢ ᠢᠳᠡᠪᠬᠢᠲᠡᠢ ᠠᠷᠭ᠋ᠠᠴᠠᠭ᠋ᠠᠬᠤ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠤᠨ ᠰᠢᠰᠲ᠋ᠧᠮ᠎ᠢ ᠪᠤᠢ ᠪᠣᠯᠭ᠋ᠠᠵᠤ᠂ ᠬᠥᠮᠥᠨ ᠪᠦᠬᠦᠨ᠎ᠳᠤ ᠨᠠᠰᠤᠵᠢᠯ᠎ᠤᠨ ᠦᠨᠳᠦᠰᠦᠨ ᠦᠢ᠍ᠯᠡᠴᠢᠯᠡᠭᠡ ᠡᠳ᠋ᠯᠡᠭᠦᠯᠬᠦ ᠵᠢ ᠦᠨᠡᠨ ᠬᠦ᠌ ᠪᠠᠲᠤᠯᠠᠬᠤ᠎ᠳᠤ ᠬᠠᠤᠯᠢ᠎ᠪᠠᠷ ᠵᠠᠰᠠᠬᠤ ᠪᠡᠬᠢ ᠪᠠᠲᠤᠯᠠᠭ᠎ᠠ ᠬᠠᠡᠭᠭ᠋ᠠᠬᠤ ᠪᠤᠯᠤᠨ᠎ᠠ᠃
《ᠳᠦᠷᠢᠮ》᠎ᠢ ᠲᠣᠭᠲᠠᠭ᠋ᠠᠵᠤ ᠨᠡᠢ᠌ᠲᠡᠯᠡᠭᠰᠡᠨ᠎ᠨᠢ 《ᠨᠠᠰᠤᠲᠠᠢ᠌ᠴᠤᠳ᠎ᠤᠨ ᠡᠷᠬᠡ ᠠᠰᠢᠭ᠎ᠢ ᠬᠠᠮᠠᠭ᠋ᠠᠯᠠᠬᠤ ᠬᠠᠤᠯᠢ》 ᠵᠢ ᠨᠠᠢ᠌ᠳᠠᠪᠤᠷᠢᠵᠢᠭᠤᠯᠬᠤ ᠵᠢᠨ ᠴᠢᠬᠤᠯᠠ ᠢᠯᠡᠷᠡᠯ ᠪᠣᠯᠣᠨ᠎ᠠ᠃ 2018 ᠣᠨ᠎ᠤ 12 ᠰᠠᠷ᠎ᠠ᠎ᠳᠤ᠂ ᠠᠷᠪᠠᠨ ᠭᠤᠷᠪᠠᠳᠤᠭ᠋ᠠᠷ ᠬᠤᠭᠤᠴᠠᠭ᠋ᠠᠨ᠎ᠤ ᠪᠥᠬᠥ ᠤᠯᠤᠰ᠎ᠤᠨ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠪᠠᠢ᠌ᠩᠭᠤ ᠵᠢᠨ ᠬᠣᠷᠢᠶ᠎ᠠ ᠵᠢᠨ ᠳᠣᠯᠣᠳᠤᠭ᠋ᠠᠷ ᠬᠤᠷᠠᠯᠳᠤᠭ᠋ᠠᠨ᠎ᠠᠴᠠ ᠵᠠᠰᠠᠪᠤᠷᠢ ᠣᠷᠣᠭᠤᠯᠤᠭᠰᠠᠨ 《ᠪᠥᠬᠥᠳᠡ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ ᠨᠠᠰᠤᠲᠠᠢ᠌ᠴᠤᠳ᠎ᠤᠨ ᠡᠷᠬᠡ ᠠᠰᠢᠭ᠎ᠢ ᠬᠠᠮᠠᠭ᠋ᠠᠯᠠᠬᠤ ᠬᠠᠤᠯᠢ》 ᠵᠢ ᠬᠢᠨᠠᠨ ᠵᠦᠪᠯᠡᠵᠤ ᠪᠠᠲᠤᠯᠠᠭ᠋ᠠᠳ᠂ ᠮᠠᠨ᠎ᠤ ᠣᠷᠣᠨ 2018 ᠣᠨ᠎ᠤ 10 ᠰᠠᠷ᠎ᠠ᠎ᠳᠤ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠠᠰᠤᠲᠠᠢ᠌ᠴᠤᠳ᠎ᠤᠨ ᠡᠷᠬᠡ ᠠᠰᠢᠭ᠎ᠢ ᠬᠠᠮᠠᠭ᠋ᠠᠯᠠᠬᠤ ᠳᠦᠷᠢᠮ》᠎ᠢ ᠨᠡᠢ᠌ᠲᠡᠯᠡᠨ ᠲᠣᠰ ᠤᠳᠠᠭ᠎ᠠ ᠲᠣᠭᠲᠠᠭ᠋ᠠᠵᠤ ᠨᠡᠢ᠌ᠲᠡᠯᠡᠭᠰᠡᠨ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠠᠰᠤᠵᠢᠯ᠎ᠤᠨ ᠦᠢ᠍ᠯᠡᠴᠢᠯᠡᠭᠡᠨ᠎ᠤ ᠳᠦᠷᠢᠮ》 《ᠨᠠᠰᠤᠲᠠᠢ᠌ᠴᠤᠳ᠎ᠤᠨ ᠡᠷᠬᠡ ᠠᠰᠢᠭ᠎ᠢ ᠬᠠᠮᠠᠭ᠋ᠠᠯᠠᠬᠤ ᠬᠠᠤᠯᠢ》 ᠵᠢᠨ ᠬᠠᠤᠯᠢ ᠲᠣᠭᠲᠠᠭ᠋ᠠᠬᠤ ᠵᠣᠷᠢᠭ ᠰᠠᠨᠠᠭ᠎ᠠ ᠪᠠ ᠦᠨᠳᠦᠰᠦᠨ ᠵᠠᠷᠴᠢᠮ᠎ᠢ ᠪᠦᠷᠢᠮᠦᠰᠦᠨ ᠵᠢᠷᠤᠮᠯᠠᠵᠤ᠂ 《ᠳᠦᠷᠢᠮ》 ᠳᠤ᠎ᠬᠢ ᠮᠠᠰᠢ ᠣᠯᠠᠨ ᠵᠦᠢ᠍ᠯ ᠵᠤᠷᠪᠤᠰ ᠪᠠ ᠠᠭᠤᠯᠭ᠎ᠠ᠎ᠳᠤ 《ᠨᠠᠰᠤᠲᠠᠢ᠌ᠴᠤᠳ᠎ᠤᠨ ᠡᠷᠬᠡ ᠠᠰᠢᠭ᠎ᠢ ᠬᠠᠮᠠᠭ᠋ᠠᠯᠠᠬᠤ ᠬᠠᠤᠯᠢ》 ᠵᠢᠨ ᠬᠣᠯᠪᠣᠭᠳᠠᠯ ᠪᠦᠬᠦᠢ ᠵᠦᠢ᠍ᠯ ᠵᠤᠷᠪᠤᠰ᠎ᠢ ᠤᠯᠠᠮ ᠨᠠᠷᠢᠯᠢᠭᠵᠢᠭᠤᠯᠤᠨ ᠪᠣᠳᠠᠲᠠᠢ᠌ᠵᠢᠭᠤᠯᠤᠭᠰᠠᠨᠤ ᠬᠠᠮᠲᠤ ᠪᠠᠰᠠ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ 《ᠨᠠᠰᠤᠲᠠᠢ᠌ᠴᠤᠳ᠎ᠤᠨ ᠡᠷᠬᠡ ᠠᠰᠢᠭ᠎ᠢ ᠬᠠᠮᠠᠭ᠋ᠠᠯᠠᠬᠤ ᠳᠦᠷᠢᠮ》᠎ᠢ ᠨᠠᠢ᠌ᠳᠠᠪᠤᠷᠢᠵᠢᠭᠤᠯᠬᠤ ᠵᠢ ᠠᠬᠢᠭᠤᠯᠬᠤ᠎ᠳᠤ ᠴᠢᠬᠤᠯᠠ ᠨᠥᠬᠥᠪᠦᠷᠢ ᠪᠠ ᠲᠡᠭᠦᠯᠳᠡᠷᠵᠢᠭᠦᠯᠦᠯᠲᠡ ᠪᠤᠯᠤᠨ᠎ᠠ᠃
《ᠳᠦᠷᠢᠮ》᠎ᠢ ᠲᠣᠭᠲᠠᠭ᠋ᠠᠨ ᠨᠡᠢ᠌ᠳᠡᠯᠡᠭᠰᠡᠨ᠎ᠨᠢ ᠮᠠᠨ᠎ᠤ ᠣᠷᠣᠨ᠎ᠤ ᠨᠠᠰᠤᠵᠢᠯ᠎ᠤᠨ ᠦᠢ᠍ᠯᠡᠴᠢᠯᠡᠭᠡᠨ᠎ᠤ ᠴᠢᠨᠠᠷᠯᠢᠭ ᠬᠥᠭᠵᠢᠯᠲᠡ ᠵᠢ ᠠᠬᠢᠭᠤᠯᠬᠤ ᠵᠢᠨ ᠬᠦᠴᠦᠲᠡᠢ ᠲᠤᠯᠭ᠋ᠠᠭᠤᠷᠢᠯᠠᠯ ᠪᠣᠯᠣᠨ᠎ᠠ᠃ ᠣᠳᠣᠬᠠᠨ᠎ᠳᠤ ᠪᠠ ᠬᠣᠢ᠌ᠰᠢᠳᠠ ᠵᠢᠨ ᠨᠢᠭᠡ ᠬᠤᠭᠤᠴᠠᠭ᠋ᠠᠨ᠎ᠳᠤ᠂ ᠮᠠᠨ᠎ᠤ ᠣᠷᠣᠨ 《ᠭᠡᠷ᠎ᠲᠤ᠎ᠬᠢ ᠪᠠ ᠨᠡᠢ᠌ᠭᠡᠮ ᠲᠣᠭᠣᠷᠢᠭ᠎ᠤᠨ ᠪᠠᠢ᠌ᠭᠤᠯᠤᠮᠵᠢ ᠬᠠᠷᠢᠯᠴᠠᠨ ᠵᠣᠬᠢᠴᠠᠯᠳᠤᠭᠰᠠᠨ᠂ ᠡᠮᠴᠢᠯᠡᠭᠡ ᠰᠤᠪᠢᠯᠠᠯᠲᠠ ᠡᠷᠡᠭᠦᠯᠵᠢᠯ ᠰᠤᠪᠢᠯᠠᠯᠲᠠ ᠵᠢ ᠤᠶᠠᠯᠳᠤᠭᠤᠯᠤᠭᠰᠠᠨ》 ᠨᠠᠰᠤᠵᠢᠯ᠎ᠤᠨ ᠦᠢ᠍ᠯᠡᠴᠢᠯᠡᠭᠡᠨ᠎ᠤ ᠰᠢᠰᠲ᠋ᠧᠮ᠎ᠢ ᠲᠦᠷᠬᠡᠨ ᠪᠠᠶ᠋ᠢᠭᠤᠯᠬᠤ᠎ᠪᠠᠷ ᠬᠠᠷᠠᠯᠲᠠ ᠪᠣᠯᠭ᠋ᠠᠵᠤ᠂ ᠰᠠᠭᠤᠷᠢ ᠲᠥᠬᠦᠭᠡᠷᠦᠮᠵᠢ ᠵᠢᠨ ᠪᠦᠲᠦᠭᠡᠨ ᠪᠠᠢ᠌ᠭᠤᠯᠤᠯᠲᠠ ᠵᠢ ᠴᠢᠩᠭ᠋ᠠᠳᠬᠠᠬᠤ᠂ ᠡᠬᠢ ᠪᠠᠶᠠᠯᠢᠭ᠎ᠤᠨ ᠲᠣᠬᠢᠷᠠᠭᠤᠯᠤᠯᠲᠠ ᠵᠢ ᠨᠡᠢ᠌ᠳᠬᠡᠨ ᠰᠢᠯᠢᠳᠡᠭᠵᠢᠭᠦᠯᠬᠦ᠂ ᠬᠠᠩᠭ᠋ᠠᠯᠭ᠎ᠠ ᠵᠢᠨ ᠴᠢᠳᠠᠪᠤᠷᠢ ᠵᠢᠨ ᠪᠠᠲᠤᠯᠠᠭ᠎ᠠ ᠵᠢ ᠴᠢᠩᠭ᠋ᠠᠳᠬᠠᠬᠤ᠂ ᠬᠠᠮᠢᠶᠠᠷᠤᠯᠲᠠ ᠦᠢ᠍ᠯᠡᠴᠢᠯᠡᠭᠡᠨ᠎ᠤ ᠲᠦᠪᠰᠢᠨ᠎ᠢ ᠳᠡᠭᠡᠭᠰᠢᠯᠡᠭᠦᠯᠬᠦ᠂ ᠵᠠᠬ᠎ᠠ ᠳᠡᠯᠭᠡᠭᠦᠷ᠎ᠤᠨ ᠭᠣᠣᠯ ᠴᠣᠭᠴᠠ ᠵᠢᠨ ᠠᠮᠢᠵᠢᠷᠠᠯ᠎ᠤᠨ ᠬᠦᠴᠦᠨ᠎ᠢ ᠬᠥᠭᠵᠢᠭᠡᠬᠦ᠂ ᠴᠢᠳᠠᠪᠤᠷᠢᠲᠠᠨ᠎ᠤ ᠡᠩᠨᠡᠭᠡ ᠵᠢᠨ ᠪᠠᠢ᠌ᠭᠤᠯᠤᠯᠲᠠ ᠵᠢ ᠴᠢᠩᠭ᠋ᠠᠳᠬᠠᠬᠤ᠂ ᠬᠠᠤᠯᠢ ᠬᠡᠷᠡᠭᠵᠢᠭᠦᠯᠦᠯᠲᠡ᠎ᠳᠤ ᠬᠢᠨᠠᠯᠲᠠ ᠲᠠᠯᠪᠢᠬᠤ ᠡᠷᠴᠢᠮ᠎ᠢ ᠴᠢᠩᠭ᠋ᠠᠷᠠᠭᠤᠯᠬᠤ ᠵᠡᠷᠭᠡ ᠲᠠᠯ᠎ᠠ᠎ᠪᠠᠷ ᠰᠢᠨ᠎ᠡ ᠠᠬᠢᠴᠠ ᠪᠠ ᠰᠢᠪᠲᠤᠯᠤᠯᠲᠠ᠎ᠲᠠᠢ ᠪᠣᠯᠭ᠋ᠠᠬᠤ᠎ᠪᠠᠷ ᠬᠦᠴᠦᠯᠡᠨ ᠴᠢᠷᠮᠠᠢ᠌ᠪᠠ᠃ ᠨᠠᠰᠤᠵᠢᠯ᠎ᠤᠨ ᠦᠢ᠍ᠯᠡᠴᠢᠯᠡᠭᠡᠨ᠎ᠤ ᠨᠡᠩ ᠴᠢᠨᠠᠷᠵᠢᠭᠤᠨ᠂ ᠨᠡᠩ ᠦᠷ᠎ᠡ ᠪᠦᠲᠦᠮᠵᠢᠲᠡᠢ᠂ ᠨᠡᠩ ᠡᠷᠬᠡ ᠲᠡᠭᠰᠢ᠂ ᠨᠡᠩ ᠲᠠᠭ᠋ᠠᠭ᠋ᠠᠮᠠᠭ᠋ᠠᠢ᠂ ᠨᠡᠩ ᠠᠮᠤᠷ ᠲᠦᠪᠰᠢᠨ ᠬᠥᠭᠵᠢᠯᠲᠡ ᠵᠢ ᠠᠬᠢᠭᠤᠯᠵᠤ᠂ ᠡᠭᠦᠨ᠎ᠤ ᠤᠯᠠᠮ᠎ᠠᠴᠠ ᠠᠷᠠᠳ᠎ᠤᠨ ᠠᠮᠢᠳᠤᠷᠠᠯ᠎ᠢ ᠬᠦᠴᠦᠲᠡᠢ ᠪᠠᠲᠤᠯᠠᠨ ᠰᠠᠢ᠌ᠵᠢᠷᠠᠭᠤᠯᠵᠤ᠂ ᠨᠡᠢ᠌ᠭᠡᠮ᠎ᠤᠨ ᠲᠥᠪ ᠭᠣᠣᠯᠴᠢ ᠰᠢᠳᠤᠷᠭᠤ ᠶᠣᠰᠣ ᠵᠢ ᠠᠬᠢᠭᠤᠯᠵᠤ᠂ ᠠᠷᠠᠳ ᠲᠦᠮᠡᠨ᠎ᠤ ᠠᠮᠤᠷ ᠲᠠᠢ᠌ᠪᠤᠩ ᠠᠵᠤ ᠲᠦᠷᠦᠭᠦ ᠵᠢ ᠪᠡᠶᠡᠯᠡᠬᠦᠯᠬᠦ ᠪᠤᠯᠤᠨ᠎ᠠ᠃
《ᠳᠦᠷᠢᠮ》᠎ᠢ ᠲᠣᠭᠲᠠᠭ᠋ᠠᠵᠤ ᠨᠡᠢ᠌ᠳᠡᠯᠡᠭᠰᠡᠨ᠎ᠨᠢ ᠨᠠᠰᠤᠲᠠᠢ᠌ᠴᠤᠳ᠎ᠤᠨ ᠬᠡᠷᠡᠭᠴᠡᠭᠡ ᠪᠠ ᠨᠡᠢ᠌ᠭᠡᠮ᠎ᠤᠨ ᠡᠯ᠎ᠡ ᠡᠲᠡᠭᠡᠳ᠎ᠤᠨ ᠬᠦᠰᠡᠯ ᠡᠷᠡᠮᠡᠯᠵᠡᠯ᠎ᠳᠤ ᠬᠠᠷᠢᠭᠤ ᠥᠭᠬᠦ ᠪᠣᠳᠠᠲᠤ ᠠᠵᠢᠯᠯᠠᠭ᠎ᠠ ᠮᠥᠨ᠃ ᠣᠢ᠌ᠯᠠᠭ᠋ᠠᠭᠰᠠᠨ ᠵᠶ᠋ᠠᠷ᠂ ᠣᠳᠣᠬᠠᠨ᠎ᠳᠤ ᠭᠤᠸᠠᠩᠳᠦ᠋ᠩ᠂ ᠾᠧᠪᠧᠢ᠂ ᠵᠢᠶᠠᠩᠰᠤ᠂ ᠱᠠᠨᠳᠦ᠋ᠩ᠂ ᠱᠠᠩᠬᠠᠢ᠂ ᠭᠠᠨᠰᠤ᠂ ᠭᠦᠢ᠍ᠵᠧᠦ ᠵᠡᠷᠭᠡ ᠮᠤᠵᠢ ᠬᠣᠲᠠ ᠵᠢᠨ᠎ᠬᠢᠨ ᠮᠤᠵᠢ ᠵᠢᠨ ᠱᠠᠲᠤᠨ᠎ᠤ ᠨᠠᠰᠤᠵᠢᠯ᠎ᠤᠨ ᠦᠢ᠍ᠯᠡᠴᠢᠯᠡᠭᠡᠨ᠎ᠤ ᠳᠦᠷᠢᠮ᠎ᠢ ᠨᠡᠢ᠌ᠲᠡᠯᠡᠵᠦ᠂ ᠨᠠᠨᠵᠢᠩ᠂ ᠳ᠋ᠸᠵᠸᠤ᠂ ᠾᠧᠹᠧᠢ᠂ ᠰᠦᠵᠧᠦ ᠵᠡᠷᠭᠡ ᠲᠤᠰᠬᠠᠢ ᠣᠷᠣᠨ ᠬᠣᠲᠠ ᠵᠢᠨ᠎ᠬᠢᠨ ᠣᠷᠣᠨ ᠨᠤᠲᠤᠭ᠎ᠤᠨ ᠨᠠᠰᠤᠵᠢᠯ᠎ᠤᠨ ᠦᠢ᠍ᠯᠡᠴᠢᠯᠡᠭᠡᠨ᠎ᠤ ᠳᠦᠷᠢᠮ᠎ᠢ ᠲᠣᠭᠲᠠᠭ᠋ᠠᠭᠰᠠᠨ ᠪᠠᠢ᠌ᠨ᠎ᠠ᠃ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠨᠠᠰᠤᠵᠢᠯ᠎ᠤᠨ ᠦᠢ᠍ᠯᠡᠴᠢᠯᠡᠭᠡᠨ᠎ᠤ ᠳᠦᠷᠢᠮ᠎ᠢ ᠲᠣᠭᠲᠠᠭ᠋ᠠᠨ ᠨᠡᠢ᠌ᠲᠡᠯᠡᠬᠦ᠎ᠨᠢ ᠨᠠᠰᠤᠲᠠᠢ᠌ᠴᠤᠳ᠎ᠤᠨ ᠠᠮᠢᠳᠤᠷᠠᠯ᠎ᠤᠨ ᠬᠠᠷᠠᠭ᠋ᠠᠯᠵᠠᠯ᠂ ᠡᠷᠡᠭᠦᠯᠵᠢᠯ᠎ᠤᠨ ᠰᠤᠪᠢᠯᠠᠯᠲᠠ᠂ ᠰᠡᠳᠬᠢᠯ ᠰᠠᠨᠠᠭ᠎ᠠ ᠵᠢ ᠲᠠᠢ᠌ᠳᠬᠤᠷᠠᠭᠤᠯᠬᠤ᠂ ᠵᠤᠭ᠎ᠠ ᠴᠡᠩᠭᠡᠯ ᠵᠡᠷᠭᠡ ᠲᠠᠯ᠎ᠠ ᠵᠢᠨ ᠪᠣᠳᠠᠲᠤ ᠬᠡᠷᠡᠭᠴᠡᠭᠡ ᠵᠢ ᠬᠠᠩᠭ᠋ᠠᠵᠤ᠂ 《ᠥᠲᠡᠯᠪᠡᠯ ᠠᠰᠠᠷᠠᠮᠵᠢ᠎ᠲᠠᠢ᠂ ᠥᠲᠡᠯᠪᠡᠯ ᠲᠦᠰᠢᠭ᠎ᠲᠠᠢ᠂ ᠥᠲᠡᠯᠪᠡᠯ ᠴᠡᠩᠭᠡᠯ᠎ᠲᠠᠢ᠂ ᠥᠲᠡᠯᠪᠡᠯ ᠠᠮᠤᠷ ᠠᠮᠤᠭᠤᠯᠠᠩ ᠪᠠᠢ᠌ᠬᠤ》 ᠵᠢ ᠪᠡᠶᠡᠯᠡᠭᠦᠯᠬᠦ᠎ᠳᠤ ᠠᠰᠢᠭᠲᠠᠢᠪᠠᠷ ᠪᠠᠷᠠᠬᠤ ᠦᠭᠡᠢ᠂ ᠪᠠᠢ᠌ᠳᠠᠯ᠎ᠤᠨ ᠬᠥᠭᠵᠢᠯᠲᠡ᠎ᠳᠤ ᠵᠣᠬᠢᠴᠠᠭᠤᠯᠤᠨ᠂ ᠣᠯᠠᠨ ᠨᠡᠶ᠋ᠢᠲᠡ ᠵᠢᠨ ᠬᠦᠰᠡᠯ ᠰᠠᠨᠠᠭ᠎ᠠ ᠵᠢ ᠢᠯᠡᠷᠡᠭᠦᠯᠵᠦ᠂ ᠨᠡᠢ᠌ᠭᠡᠮ᠎ᠤᠨ ᠬᠠᠷᠢᠭᠤᠴᠠᠯᠭ᠎ᠠ ᠵᠢ ᠢᠯᠡᠷᠡᠭᠦᠯᠬᠦ᠎ᠳᠤ ᠠᠰᠢᠭᠲᠠᠢ ᠶᠤᠮ᠃