ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠢᠯᠡ ᠵᠠᠰᠠᠭ   -   ᠲᠥᠷᠥ᠎ᠶᠢᠨ ᠪᠣᠳᠣᠯᠭ᠎ᠠ᠎ᠶᠢᠨ ᠲᠠᠶ᠋ᠢᠯᠤᠮᠵᠢ
《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠠᠰᠤᠵᠢᠯ᠎ᠤᠨ ᠪᠠᠢ᠌ᠭᠤᠯᠤᠮᠵᠢ ᠵᠢᠨ ᠵᠡᠷᠭᠡ ᠳᠡᠰ᠎ᠢ ᠦᠨᠡᠯᠡᠬᠦ ᠲᠤᠬᠠᠢ ᠨᠠᠷᠢᠨ ᠳᠦᠷᠢᠮ (ᠲᠤᠷᠰᠢᠨ ᠬᠡᠷᠡᠭᠵᠢᠭᠦᠯᠬᠦ)》᠎ᠤᠨ ᠲᠤᠬᠠᠢ ᠲᠠᠢ᠌ᠯᠤᠮᠵᠢ
ᠨᠡᠶᠢᠲᠡᠯᠡᠭᠰᠡᠨ ᠴᠠᠭ᠄ 2022-02-14

    《ᠨᠠᠰᠤᠵᠢᠯ᠎ᠤᠨ ᠪᠠᠢ᠌ᠭᠤᠯᠤᠮᠵᠢ ᠵᠢᠨ ᠵᠡᠷᠭᠡ ᠳᠡᠰ᠎ᠤᠨ ᠬᠤᠪᠢᠶᠠᠷᠢᠯᠠᠯ ᠪᠠ ᠦᠨᠡᠯᠡᠯᠳᠡ (GB/T 37276-2018)》 ᠵᠢ ᠬᠡᠷᠡᠭᠵᠢᠭᠦᠯᠬᠦ ᠵᠢᠨ ᠲᠥᠯᠥᠭᠡ᠂ 2019 ᠣᠨ᠎ᠤ ᠵᠢᠯ᠎ᠤᠨ ᠡᠴᠦᠰ᠎ᠲᠤ ᠠᠷᠠᠳ᠎ᠤᠨ ᠶᠠᠪᠤᠳᠠᠯ᠎ᠤᠨ ᠶᠠᠮᠤᠨ 《ᠪᠥᠬᠥ ᠤᠯᠤᠰ᠎ᠤᠨ ᠨᠠᠰᠤᠵᠢᠯ᠎ᠤᠨ ᠪᠠᠢ᠌ᠭᠤᠯᠤᠮᠵᠢ ᠵᠢᠨ ᠵᠡᠷᠭᠡ ᠳᠡᠰ᠎ᠢ ᠦᠨᠡᠯᠡᠬᠦ ᠨᠢᠭᠡᠳᠦᠯᠲᠡᠢ ᠰᠢᠰᠲ᠋ᠧᠮ᠎ᠢ ᠲᠦᠷᠭᠡᠪᠴᠢᠯᠡᠨ ᠪᠠᠶ᠋ᠢᠭᠤᠯᠬᠤ ᠲᠤᠬᠠᠢ ᠠᠷᠠᠳ᠎ᠤᠨ ᠶᠠᠪᠤᠳᠠᠯ᠎ᠤᠨ ᠶᠠᠮᠤᠨ᠎ᠤ ᠵᠢᠯᠤᠭᠣᠳᠬᠤ ᠰᠠᠨᠠᠯ》 (ᠠᠷᠠᠳ ᠲᠠᠷᠬᠠᠭ᠋ᠠᠭᠰᠠᠨ [2019] 137 ᠳ᠋ᠤᠭ᠋ᠠᠷ ᠲᠣᠭ᠋ᠠᠲᠤ)᠎ᠢ ᠳᠠᠷᠤᠮᠠᠯᠯᠠᠨ ᠲᠠᠷᠬᠠᠭ᠋ᠠᠵᠤ᠂ ᠮᠤᠵᠢ ᠵᠢᠨ ᠱᠠᠲᠤᠨ᠎ᠤ ᠠᠷᠠᠳ᠎ᠤᠨ ᠶᠠᠪᠤᠳᠠᠯ᠎ᠤᠨ ᠰᠠᠯᠠᠭ᠎ᠠ ᠮᠥᠴᠢᠷ   ᠦᠨᠡᠯᠡᠬᠦ ᠵᠣᠬᠢᠶᠠᠨ ᠪᠠᠢ᠌ᠭᠤᠯᠤᠯᠲᠠ ᠪᠠ ᠠᠵᠢᠯ᠎ᠤᠨ ᠲᠣᠭᠲᠠᠴᠠ ᠵᠢ ᠪᠠᠶ᠋ᠢᠭᠤᠯᠬᠤ ᠪᠤᠶᠤ ᠲᠣᠭᠲᠠᠭ᠋ᠠᠵᠤ᠂ ᠲᠣᠰ ᠵᠠᠰᠠᠭ ᠵᠠᠬᠢᠷᠭ᠋ᠠᠨ᠎ᠤ ᠣᠷᠣᠨ᠎ᠤ ᠨᠠᠰᠤᠵᠢᠯ᠎ᠤᠨ ᠪᠠᠢ᠌ᠭᠤᠯᠤᠮᠵᠢ ᠵᠢᠨ ᠵᠡᠷᠭᠡ ᠳᠡᠰ᠎ᠢ ᠦᠨᠡᠯᠡᠬᠦ ᠠᠵᠢᠯ᠎ᠢ ᠨᠢᠭᠡᠳᠦᠯᠲᠡᠢ ᠲᠥᠯᠥᠪᠯᠡᠨ ᠬᠡᠷᠡᠭᠵᠢᠭᠦᠯᠬᠦ ᠬᠡᠷᠡᠭᠲᠡᠢ ᠭᠡᠵᠦ ᠱᠠᠭ᠋ᠠᠷᠳᠠᠪᠠ᠃ 2020 ᠣᠨ᠎ᠳᠤ᠂ ᠡᠯ᠎ᠡ ᠮᠤᠵᠢ ᠬᠣᠲᠠ ᠵᠢᠨ ᠨᠠᠰᠤᠵᠢᠯ᠎ᠤᠨ ᠪᠠᠢ᠌ᠭᠤᠯᠤᠮᠵᠢ ᠵᠢᠨ ᠵᠡᠷᠭᠡ ᠳᠡᠰ᠎ᠢ  ᠦᠨᠡᠯᠡᠬᠦ ᠠᠵᠢᠯ᠎ᠢ ᠤᠷᠤᠬᠰᠢᠳᠠᠢ ᠶᠠᠪᠤᠬᠳᠠᠭᠤᠯᠬᠤ ᠵᠢᠨ ᠲᠥᠯᠥᠭᠡ᠂ ᠠᠷᠠᠳ᠎ᠤᠨ ᠶᠠᠪᠤᠳᠠᠯ᠎ᠤᠨ ᠶᠠᠮᠤᠨ᠎ᠤ ᠨᠡᠢ᠌ᠭᠡᠮ᠎ᠤᠨ ᠠᠰᠠᠷᠠᠮᠵᠢ ᠵᠢᠨ ᠲᠥᠪ᠂ ᠪᠥᠬᠥ ᠤᠯᠤᠰ᠎ᠤᠨ ᠨᠡᠢ᠌ᠭᠡᠮ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠪᠠᠷᠢᠮᠵᠢᠶᠠᠵᠢᠭᠤᠯᠤᠯᠲᠠ ᠵᠢᠨ ᠮᠡᠷᠭᠡᠵᠢᠯ᠎ᠤᠨ ᠺᠣᠮᠢᠰ ᠬᠠᠮᠲᠤᠷᠠᠨ 《〈ᠨᠠᠰᠤᠵᠢᠯ᠎ᠤᠨ ᠪᠠᠢ᠌ᠭᠤᠯᠤᠮᠵᠢ ᠵᠢᠨ ᠵᠡᠷᠭᠡ ᠳᠡᠰ᠎ᠢ  ᠬᠤᠪᠢᠶᠠᠷᠢᠯᠠᠯ ᠪᠠ  ᠦᠨᠡᠯᠡᠯᠳᠡ〉 ᠵᠢᠨ ᠤᠯᠤᠰ᠎ᠤᠨ ᠪᠠᠷᠢᠮᠵᠢᠶ᠎ᠠ ᠵᠢ ᠬᠡᠷᠡᠭᠵᠢᠭᠦᠯᠬᠦ ᠵᠦᠭᠯᠡᠭᠦᠷ (ᠲᠤᠷᠰᠢᠨ ᠬᠡᠷᠡᠭᠵᠢᠭᠦᠯᠬᠦ)》᠎ᠢ ᠨᠡᠢ᠌ᠲᠡᠯᠡᠵᠦ᠂ ᠨᠠᠰᠤᠵᠢᠯ᠎ᠤᠨ ᠪᠠᠢ᠌ᠭᠤᠯᠤᠮᠵᠢ ᠵᠢᠨ ᠵᠡᠷᠭᠡ ᠳᠡᠰ᠎ᠢ ᠦᠨᠡᠯᠡᠬᠦ ᠪᠥᠬᠥ ᠤᠯᠤᠰ᠎ᠤᠨ ᠨᠢᠭᠡᠳᠦᠯᠲᠡᠢ  ᠪᠠᠭ᠋ᠠᠵᠢ ᠵᠢ ᠠᠩᠬ᠎ᠠ ᠠᠯᠬᠤᠮ ᠪᠦᠷᠢᠯᠳᠦᠭᠦᠯᠪᠡ᠃ ᠠᠷᠠᠳ᠎ᠤᠨ ᠶᠠᠪᠤᠳᠠᠯ᠎ᠤᠨ ᠶᠠᠮᠤᠨ᠎ᠤ ᠪᠢᠴᠢᠭ ᠮᠠᠲ᠋ᠧᠷᠢᠶᠠᠯ᠎ᠤᠨ ᠱᠠᠭ᠋ᠠᠷᠳᠠᠯᠭ᠎ᠠ ᠵᠢ  ᠨᠠᠢ᠌ᠳᠠᠪᠤᠷᠢᠵᠢᠭᠤᠯᠬᠤ ᠵᠢᠨ ᠲᠤᠰᠠᠳᠠ᠂ ᠮᠠᠨ᠎ᠤ ᠣᠷᠣᠨ᠎ᠤ ᠪᠣᠳᠠᠲᠤ ᠪᠠᠢ᠌ᠳᠠᠯ᠎ᠲᠠᠢ ᠤᠶᠠᠯᠳᠤᠭᠤᠯᠤᠨ᠂ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠨᠢ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠡᠳ᠋᠎ᠤᠨ ᠵᠠᠰᠠᠭ᠎ᠤᠨ ᠲᠢᠩᠬᠢᠮ᠎ᠲᠠᠢ ᠬᠠᠮᠲᠤᠷᠠᠨ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠠᠰᠤᠵᠢᠯ᠎ᠤᠨ ᠪᠠᠢ᠌ᠭᠤᠯᠤᠮᠵᠢ ᠵᠢᠨ ᠵᠡᠷᠭᠡ ᠳᠡᠰ᠎ᠢ ᠦᠨᠡᠯᠡᠬᠦ ᠲᠤᠬᠠᠢ ᠨᠠᠷᠢᠨ ᠳᠦᠷᠢᠮ (ᠲᠤᠷᠰᠢᠨ ᠬᠡᠷᠡᠭᠵᠢᠭᠦᠯᠬᠦ)》᠎ᠢ ᠳᠠᠷᠤᠮᠠᠯᠯᠠᠨ ᠲᠠᠷᠬᠠᠭ᠋ᠠᠪᠠ ᠂ ᠡᠳᠦᠭᠡ ᠬᠣᠯᠪᠣᠭᠳᠠᠯ ᠪᠦᠬᠦᠢ ᠲᠥᠷᠥ ᠵᠢᠨ ᠪᠤᠳᠤᠯᠭ᠎ᠠ ᠵᠢᠨ ᠲᠠᠢ᠌ᠯᠤᠮᠵᠢ ᠵᠢ ᠬᠦᠷᠬᠡᠵᠤ ᠪᠠᠢ᠌ᠨ᠎ᠠ᠃

    ᠨᠢᠭᠡ᠂  ᠦᠨᠡᠯᠡᠬᠦ ᠪᠠᠷᠢᠮᠵᠢᠶ᠎ᠠ

    ᠨᠠᠰᠤᠵᠢᠯ᠎ᠤᠨ ᠪᠠᠢ᠌ᠭᠤᠯᠤᠮᠵᠢ ᠵᠢᠨ ᠲᠠᠰ᠎ᠢ ᠲᠠᠪᠤᠨ ᠲᠠᠰ ᠬᠤᠪᠢᠶᠠᠨ᠎ᠠ᠂  ᠦᠨᠡᠯᠡᠬᠦ ᠦᠨᠳᠦᠰᠦ ᠪᠠᠷᠢᠮᠲᠠ ᠵᠢ ᠣᠷᠴᠢᠨ ᠲᠣᠭᠣᠷᠢᠨ᠂ ᠪᠡᠯᠡᠳᠬᠡᠯ ᠲᠥᠬᠦᠭᠡᠷᠦᠮᠵᠢ᠂ ᠡᠵᠡᠩᠨᠡᠯᠲᠡ ᠬᠠᠮᠢᠶᠠᠷᠤᠯᠲᠠ ᠪᠠ ᠦᠢ᠍ᠯᠡᠴᠢᠯᠡᠭᠡ ᠭᠡᠵᠦ ᠳᠥᠷᠪᠡᠨ ᠬᠡᠰᠡᠭ᠎ᠲᠤ ᠬᠤᠪᠢᠶᠠᠵᠤ᠂ ᠶᠡᠷᠦᠩᠬᠡᠢ ᠬᠤᠪᠢ᠎ᠨᠢ 1000᠂ ᠡᠭᠦᠨ᠎ᠳᠤ ᠣᠷᠴᠢᠨ ᠲᠣᠭᠣᠷᠢᠨ 120 ᠬᠤᠪᠢ᠂ ᠪᠡᠯᠡᠳᠬᠡᠯ ᠲᠥᠬᠦᠭᠡᠷᠦᠮᠵᠢ 130 ᠬᠤᠪᠢ᠂ ᠡᠵᠡᠩᠨᠡᠯᠲᠡ ᠬᠠᠮᠢᠶᠠᠷᠤᠯᠲᠠ 150 ᠬᠤᠪᠢ᠂ ᠦᠢ᠍ᠯᠡᠴᠢᠯᠡᠭᠡ 600 ᠬᠤᠪᠢ᠃

    ᠬᠣᠶᠠᠷ᠂  ᠦᠨᠡᠯᠬᠡ ᠬᠦᠯᠢᠶᠡᠬᠦ ᠪᠠᠢ᠌ᠭᠤᠯᠤᠮᠵᠢ ᠪᠠ ᠨᠥᠬᠥᠴᠡᠯ

    ᠨᠠᠰᠤᠵᠢᠯ᠎ᠤᠨ ᠪᠠᠢ᠌ᠭᠤᠯᠤᠮᠵᠢ ᠵᠢᠨ ᠰᠢᠯᠭ᠋ᠠᠷᠠᠭᠤᠯᠤᠯᠲᠠ᠎ᠳᠤ ᠣᠷᠤᠯᠴᠠᠬᠤ᠎ᠳᠤ ᠬᠠᠤᠯᠢ ᠶᠣᠰᠣᠭ᠋ᠠᠷ ᠳᠡᠩᠰᠡᠯᠡᠨ ᠲᠡᠮᠳᠡᠭᠯᠡᠭᠦᠯᠬᠦ ᠵᠢᠨ ᠬᠠᠮᠲᠤ ᠠᠷᠠᠳ᠎ᠤᠨ ᠶᠠᠪᠤᠳᠠᠯ᠎ᠤᠨ ᠰᠠᠯᠠᠭ᠎ᠠ ᠮᠥᠴᠢᠷ᠎ᠲᠤ ᠳᠠᠩᠰᠠᠯᠠᠭᠤᠯᠬᠤ ᠪᠦᠬᠡᠳ ᠨᠠᠰᠤᠲᠠᠢ᠌ᠴᠤᠳ᠎ᠢ ᠨᠢᠭᠡ ᠵᠢᠯ (ᠪᠠᠭᠲᠠᠨ᠎ᠠ)᠎ᠠᠴᠠ ᠳᠡᠭᠡᠭᠰᠢ ᠭᠥᠯᠢᠶᠡᠨ ᠠᠪᠴᠤ᠂ 《ᠨᠠᠰᠤᠵᠢᠯ᠎ᠤᠨ ᠪᠠᠢ᠌ᠭᠤᠯᠤᠮᠵᠢ ᠵᠢᠨ ᠵᠡᠷᠭᠡ ᠳᠡᠰ᠎ᠤᠨ ᠬᠤᠪᠢᠶᠠᠷᠢᠯᠠᠯ ᠪᠠ  ᠦᠨᠡᠯᠡᠯᠳᠡ (GB/T37276-2018)》 ᠵᠢᠨ ᠵᠡᠷᠭᠡ ᠳᠡᠰ᠎ᠢ ᠦᠨᠡᠯᠡᠬᠦᠯᠬᠦ᠎ᠪᠠᠷ ᠭᠤᠶᠤᠴᠢᠯᠠᠬᠤ ᠦᠨᠳᠦᠰᠦᠨ ᠱᠠᠭ᠋ᠠᠷᠳᠠᠯᠭ᠎ᠠ ᠪᠠ ᠨᠥᠬᠥᠴᠡᠯ᠎ᠳᠤ ᠨᠡᠢ᠌ᠴᠡᠭᠰᠡᠨ ᠪᠠᠢ᠌ᠬᠤ ᠬᠡᠷᠡᠭᠲᠡᠢ᠃

    ᠭᠤᠷᠪᠠ᠂  ᠦᠨᠡᠯᠡᠬᠦ ᠪᠠᠢ᠌ᠭᠤᠯᠤᠮᠵᠢ ᠪᠠ ᠬᠠᠷᠢᠭᠤᠴᠠᠯᠭ᠎ᠠ

ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠨᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠠᠰᠤᠵᠢᠯ᠎ᠤᠨ ᠪᠠᠢ᠌ᠭᠤᠯᠤᠮᠵᠢ ᠵᠢᠨ ᠵᠡᠷᠭᠡ ᠳᠡᠰ᠎ᠢ ᠦᠨᠡᠯᠡᠬᠦ ᠺᠣᠮᠢᠰ᠎ᠢ ᠵᠣᠬᠢᠶᠠᠨ ᠪᠠᠢ᠌ᠭᠤᠯᠤᠨ  ᠂ ᠨᠠᠰᠤᠵᠢᠯ᠎ᠤᠨ ᠪᠠᠢ᠌ᠭᠤᠯᠤᠮᠵᠢ ᠵᠢᠨ ᠵᠡᠷᠭᠡ ᠳᠡᠰ᠎ᠢ ᠦᠨᠡᠯᠡᠬᠦ ᠵᠢ ᠪᠣᠳᠠᠲᠠᠢ ᠵᠣᠬᠢᠶᠠᠨ ᠪᠠᠢ᠌ᠭᠤᠯᠤᠨ ᠬᠡᠷᠡᠭᠵᠢᠭᠦᠯᠬᠦ ᠵᠡᠷᠭᠡ ᠠᠵᠢᠯ᠎ᠢ ᠬᠢᠬᠦ ᠵᠢᠨ ᠬᠠᠮᠲᠤ ᠠᠷᠠᠳ᠎ᠤᠨ ᠶᠠᠪᠤᠳᠠᠯ᠎ᠤᠨ ᠰᠠᠯᠠᠭ᠎ᠠ ᠮᠥᠴᠢᠷ᠎ᠨᠢ ᠵᠠᠰᠠᠭ᠎ᠤᠨ ᠣᠷᠳᠣᠨ᠎ᠤ ᠦᠢ᠍ᠯᠡᠴᠢᠯᠡᠭᠡ ᠬᠤᠳᠠᠯᠳᠤᠨ ᠠᠪᠴᠤ ᠦᠭᠭᠦ ᠎ᠪᠠᠷ ᠳᠠᠮᠵᠢᠭᠤᠯᠤᠨ᠂ ᠬᠦᠨᠳᠡᠯᠡᠨ᠎ᠤ ᠪᠠᠢ᠌ᠭᠤᠯᠤᠮᠵᠢ᠎ᠳᠤ ᠨᠠᠢ᠌ᠳᠠᠵᠤ ᠵᠡᠷᠭᠡ ᠳᠡᠰ᠎ᠢ ᠦᠨᠡᠯᠡᠬᠦ ᠬᠠᠮᠢᠶ᠎ᠠ ᠪᠦᠬᠦᠢ ᠠᠵᠢᠯ᠎ᠢ ᠥᠷᠨᠢᠭᠦᠯᠵᠦ ᠪᠣᠯᠣᠨ᠎ᠠ᠃

     ᠳᠥᠷᠪᠡ᠂  ᠦᠨᠡᠯᠡᠬᠦ ᠵᠢᠷᠤᠮ ᠪᠠ ᠱᠠᠭ᠋ᠠᠷᠳᠠᠯᠭ᠎ᠠ

   ᠨᠢᠭᠡ᠎ᠳᠤ᠂  ᠦᠨᠡᠯᠡᠬᠦ ᠺᠣᠮᠢᠰ᠎ᠤᠨ ᠠᠯᠪᠠᠨ ᠭᠡᠷ  ᠦᠨᠡᠯᠡᠬᠦ ᠮᠡᠳᠡᠭᠳᠡᠯ᠎ᠢ ᠨᠡᠢ᠌ᠲᠡᠯᠡᠭᠰᠡᠨ᠎ᠤ ᠳᠠᠷᠠᠭ᠎ᠠ ᠨᠠᠰᠤᠵᠢᠯ᠎ᠤᠨ   ᠪᠠᠢ᠌ᠭᠤᠯᠤᠮᠵᠢ᠎ᠨᠢ ᠥᠪᠡᠰᠦᠪᠡᠨ ᠦᠨᠡᠯᠡᠨ ᠲᠣᠭᠲᠠᠭ᠋ᠠᠬᠤ ᠵᠢᠨ ᠬᠠᠮᠲᠤ᠂ ᠥᠪᠡᠰᠦᠪᠡᠨ ᠦᠨᠡᠯᠡᠨ ᠲᠣᠭᠲᠠᠭ᠋ᠠᠭᠰᠠᠨ ᠪᠠᠢ᠌ᠳᠠᠯ᠎ᠲᠠᠢ᠎ᠪᠠᠨ ᠤᠶᠠᠯᠳᠤᠭᠤᠯᠤᠨ ᠬᠠᠷᠢᠶ᠎ᠠ ᠬᠣᠰᠢᠭᠤ ᠰᠢᠶᠠᠨ (ᠬᠣᠲᠠ᠂ ᠲᠣᠭᠣᠷᠢᠭ)᠎ᠤ ᠠᠷᠠᠳ᠎ᠤᠨ ᠶᠠᠪᠤᠳᠠᠯ᠎ᠤᠨ ᠲᠣᠪᠴᠢᠶ᠎ᠠ᠂ ᠡᠳ᠋᠎ᠤᠨ ᠵᠠᠰᠠᠭ᠎ᠤᠨ ᠲᠣᠪᠴᠢᠶ᠎ᠠ᠎ᠳᠤ ᠵᠡᠷᠭᠡ ᠳᠡᠰ᠎ᠢ ᠦᠨᠡᠯᠡᠬᠦ ᠭᠤᠶᠤᠴᠢᠯᠠᠯ ᠲᠡᠪᠰᠢᠬᠦᠯᠤᠨ᠎ᠡ᠃
   ᠬᠣᠶᠠᠷ᠎ᠲᠤ᠂ ᠬᠣᠰᠢᠭᠤ ᠰᠢᠶᠠᠨ (ᠬᠣᠲᠠ᠂ ᠲᠣᠭᠣᠷᠢᠭ)᠎ᠤ ᠠᠷᠠᠳ᠎ᠤᠨ ᠶᠠᠪᠤᠳᠠᠯ᠎ᠤᠨ ᠲᠣᠪᠴᠢᠶ᠎ᠠ᠂ ᠡᠳ᠋᠎ᠤᠨ ᠵᠠᠰᠠᠭ᠎ᠤᠨ ᠲᠣᠪᠴᠢᠶ᠎ᠠ ᠬᠢᠨᠠᠨ ᠬᠠᠷᠭᠤᠭᠤᠯᠤᠭᠰᠠᠨ᠎ᠤ ᠳᠠᠷᠠᠭ᠎ᠠ᠂ ᠮᠡᠳᠡᠭᠦᠯᠬᠦ ᠨᠥᠬᠥᠴᠡᠯ᠎ᠳᠤ ᠨᠡᠶ᠋ᠢᠴᠡᠬᠦ ᠨᠠᠰᠤᠵᠢᠯ᠎ᠤᠨ ᠪᠠᠢ᠌ᠭᠤᠯᠤᠮᠵᠢ ᠵᠢ ᠬᠣᠰᠢᠭᠤ ᠰᠢᠶᠠᠨ (ᠬᠣᠲᠠ᠂ ᠲᠣᠭᠣᠷᠢᠭ)᠎ᠤ ᠵᠠᠰᠠᠭ᠎ᠤᠨ ᠣᠷᠳᠣᠨ᠎ᠤ ᠰᠦᠯᠵᠢᠶ᠎ᠡ ᠲᠡᠬᠡᠷ᠎ᠡ ᠢᠯᠡᠵᠢᠬᠦᠯᠬᠦ ᠵᠢᠨ ᠬᠠᠮᠲᠤ᠂ ᠭᠤᠶᠤᠴᠢᠯᠠᠭᠰᠠᠨ ᠮᠠᠲ᠋ᠧᠷᠢᠶᠠᠯ ᠵᠶ᠋ᠠᠨ ᠠᠢ᠌ᠮᠠᠭ ᠬᠣᠲᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ᠂ ᠡᠳ᠋᠎ᠤᠨ ᠵᠠᠰᠠᠭ᠎ᠤᠨ ᠲᠣᠪᠴᠢᠶ᠎ᠠ᠎ᠳᠤ ᠨᠢᠭᠡᠳᠦᠯᠲᠡᠢ ᠮᠡᠳᠡᠭᠦᠯᠦᠨ᠎ᠡ᠃
   ᠭᠤᠷᠪᠠ᠎ᠳᠤ᠂ ᠠᠢ᠌ᠮᠠᠭ᠎ᠤᠨ ᠬᠣᠲᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ᠂ ᠡᠳ᠋᠎ᠤᠨ ᠵᠠᠰᠠᠭ᠎ᠤᠨ ᠲᠣᠪᠴᠢᠶ᠎ᠠ᠎ᠪᠠᠷ ᠬᠢᠨᠠᠨ ᠬᠠᠷᠭᠤᠭᠤᠯᠵᠤ ᠰᠢᠭᠰᠢᠨ ᠪᠠᠢ᠌ᠴᠠᠭ᠋ᠠᠭᠰᠠᠨ᠎ᠤ ᠳᠠᠷᠠᠭ᠎ᠠ᠂ ᠨᠥᠬᠥᠴᠡᠯ᠎ᠳᠤ ᠨᠡᠶ᠋ᠢᠴᠡᠬᠦ ᠭᠤᠶᠤᠴᠢᠯᠠᠯ᠎ᠤᠨ ᠮᠠᠲ᠋ᠧᠷᠢᠶᠠᠯ᠎ᠢ ᠬᠤᠷᠢᠶᠠᠩᠭᠤᠢ᠌ᠯᠠᠭ᠋ᠠᠳ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠂ ᠡᠳ᠋᠎ᠤᠨ ᠵᠠᠰᠠᠭ᠎ᠤᠨ ᠲᠢᠩᠬᠢᠮ᠎ᠳᠤ ᠮᠡᠳᠡᠭᠦᠯᠦᠨ᠎ᠡ᠃
   ᠳᠥᠷᠪᠡ᠎ᠳᠤ᠂ ᠵᠡᠷᠭᠡ ᠳᠡᠰ᠎ᠢ  ᠦᠨᠡᠯᠡᠬᠦ ᠺᠣᠮᠢᠰ᠎ᠤᠨ ᠠᠯᠪᠠᠨ ᠭᠡᠷ ᠬᠦᠨᠳᠡᠯᠡᠨ᠎ᠤ ᠪᠠᠢ᠌ᠭᠤᠯᠤᠮᠵᠢ᠎ᠳᠤ ᠨᠠᠢ᠌ᠳᠠᠵᠤ ᠨᠠᠰᠤᠵᠢᠯ᠎ᠤᠨ ᠪᠠᠢ᠌ᠭᠤᠯᠤᠮᠵᠢ ᠵᠢᠨ ᠲᠤᠬᠠᠢ ᠵᠢᠨ ᠲᠠᠯᠠᠪᠤᠷ᠎ᠤᠨ ᠦᠨᠡᠯᠡᠯᠳᠡ ᠵᠢ ᠪᠡᠶᠡᠯᠡᠭᠦᠯᠬᠦ ᠵᠢᠨ ᠬᠠᠮᠲᠤ  ᠬᠦᠨᠳᠡᠯᠡᠨ᠎ᠤ ᠪᠠᠢ᠌ᠭᠤᠯᠤᠮᠵᠢ᠎ᠨᠢ ᠦᠨᠡᠯᠡᠨ ᠲᠣᠭᠲᠠᠭ᠋ᠠᠭᠰᠠᠨ ᠮᠡᠳᠡᠭᠦᠯᠦᠯᠲᠡ ᠪᠠ ᠬᠠᠮᠤᠭ ᠡᠴᠦᠰ᠎ᠤᠨ ᠦᠨᠡᠯᠡᠯᠳᠡ ᠵᠢᠨ ᠰᠠᠨᠠᠯ ᠵᠶ᠋ᠡᠨ ᠲᠡᠪᠰᠢᠬᠦᠯᠤᠨ᠎ᠡ᠃
   ᠲᠠᠪᠤ᠎ᠳᠤ᠂ ᠦᠨᠡᠯᠡᠬᠦ ᠺᠣᠮᠢᠰ ᠬᠤᠷᠠᠯ ᠬᠤᠷᠠᠯᠳᠤᠭᠤᠯᠵᠤ ᠦᠨᠡᠯᠡᠭᠰᠡᠨ ᠳ᠋ᠦᠩ᠎ᠢ ᠬᠢᠨᠠᠨ ᠲᠣᠭᠲᠠᠭ᠋ᠠᠬᠤ ᠵᠢᠨ ᠬᠠᠮᠲᠤ ᠠᠷᠠᠳ᠎ᠤᠨ ᠶᠠᠪᠤᠳᠠᠯ᠎ᠤᠨ ᠲᠢᠩᠬᠢᠮ᠎ᠤᠨ ᠠᠯᠪᠠᠨ᠎ᠤ ᠰᠦᠯᠵᠢᠶ᠎ᠡ᠎ᠳᠤ ᠵᠠᠷᠯᠠᠨ ᠨᠡᠢ᠌ᠲᠡᠯᠡᠨ᠎ᠡ᠃ ᠡᠨᠡ ᠬᠤᠭᠤᠴᠠᠭ᠋ᠠᠨ᠎ᠳᠤ ᠬᠠᠮᠢᠶ᠎ᠠ ᠪᠦᠬᠦᠢ ᠪᠠᠢ᠌ᠭᠤᠯᠤᠮᠵᠢ ᠵᠢᠨ ᠪᠠᠢ᠌ᠭ᠎ᠠ ᠠᠢ᠌ᠮᠠᠭ ᠬᠣᠲᠠ᠎ᠳᠤ ᠮᠡᠳᠡᠭᠳᠡᠵᠦ᠂ ᠨᠠᠰᠤᠵᠢᠯ᠎ᠤᠨ ᠪᠠᠢ᠌ᠭᠤᠯᠤᠮᠵᠢ ᠵᠢᠨ ᠪᠠᠢ᠌ᠭ᠎ᠠ ᠬᠣᠰᠢᠭᠤ ᠰᠢᠶᠠᠨ᠎ᠤ ᠵᠠᠰᠠᠭ᠎ᠤᠨ ᠣᠷᠳᠣᠨ᠎ᠤ  ᠰᠦᠯᠵᠢᠶ᠎ᠡ᠎ᠪᠠᠷ ᠦᠨᠡᠯᠡᠯᠳᠡ ᠵᠢᠨ ᠳ᠋ᠦᠩ᠎ᠢ ᠨᠡᠢ᠌ᠲᠡᠯᠡᠵᠦ᠂ ᠳᠡᠭᠡᠷᠡᠬᠢ ᠢᠯᠡ ᠨᠡᠢ᠌ᠲᠡᠯᠡᠬᠦ ᠵᠢ ᠬᠠᠮᠲᠤ᠎ᠳᠤ᠎ᠨᠢ ᠶᠠᠪᠤᠭᠳᠠᠭᠤᠯᠤᠨ᠎ᠠ᠃
   ᠵᠢᠷᠭᠤᠭ᠎ᠠ᠎ᠳᠤ᠂ ᠵᠠᠷᠯᠠᠨ ᠨᠡᠢ᠌ᠲᠡᠯᠡᠬᠦ ᠬᠤᠭᠤᠴᠠᠭ᠎ᠠ ᠳᠠᠭᠤᠰᠤᠭᠰᠠᠨ᠎ᠤ ᠳᠠᠷᠠᠭ᠎ᠠ᠂ ᠦᠨᠡᠯᠡᠬᠦ ᠺᠣᠮᠢᠰ᠎ᠤᠨ ᠠᠯᠪᠠᠨ ᠭᠡᠷ   ᠦᠪᠤᠷ ᠮᠤᠡᠭᠭᠤᠯ᠎ᠤᠨ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠤᠨ ᠠᠯᠪᠠᠨ ᠰᠦᠯᠵᠢᠶ᠎ᠡ᠎ᠳᠤ ᠡᠴᠦᠰ᠎ᠤᠨ ᠦᠨᠡᠯᠡᠯᠳᠡ ᠵᠢᠨ ᠠᠯᠪᠠᠨ ᠵᠠᠷ ᠨᠡᠢ᠌ᠲᠡᠯᠡᠵᠦ᠂ ᠨᠠᠰᠤᠵᠢᠯ᠎ᠤᠨ ᠪᠠᠢ᠌ᠭᠤᠯᠤᠮᠵᠢ᠎ᠳᠤ ᠵᠡᠷᠭᠡ ᠳᠡᠰ᠎ᠤᠨ ᠦᠨᠡᠯᠡᠯᠳᠡ  ᠵᠢᠨ ᠳ᠋ᠦᠩ᠎ᠤᠨ ᠮᠡᠳᠡᠭᠳᠡᠯ᠎ᠤᠨ ᠪᠢᠴᠢᠭ᠎ᠢ ᠬᠦᠷᠭᠡᠬᠦ ᠵᠢᠨ ᠬᠠᠮᠲᠤ ᠵᠡᠷᠭᠡ ᠳᠡᠰ᠎ᠤᠨ ᠦᠨᠡᠮᠯᠡᠯ ᠪᠤᠶᠤ ᠫᠠᠢ᠌ᠰᠠ ᠢᠯᠡᠷᠬᠡᠢ᠌ᠯᠡᠯ ᠣᠯᠭᠣᠨ᠎ᠠ᠃

    ᠲᠠᠪᠤ᠂ ᠬᠢᠨᠠᠯᠲᠠ ᠬᠠᠮᠢᠶᠠᠷᠤᠯᠲᠠ

ᠠᠷᠠᠳ᠎ᠤᠨ ᠶᠠᠪᠤᠳᠠᠯ᠎ᠤᠨ ᠰᠠᠯᠠᠭ᠎ᠠ ᠮᠥᠴᠢᠷ᠎ᠨᠢ ᠨᠠᠰᠤᠵᠢᠯ᠎ᠤᠨ ᠪᠠᠢ᠌ᠭᠤᠯᠤᠮᠵᠢ ᠵᠢᠨ ᠵᠡᠷᠭᠡ ᠳᠡᠰ᠎ᠢ  ᠦᠨᠡᠯᠡᠬᠦ ᠠᠵᠢᠯ᠎ᠤᠨ ᠬᠢᠨᠠᠯᠲᠠ ᠬᠠᠮᠢᠶᠠᠷᠤᠯᠲᠠ ᠵᠢ ᠬᠠᠷᠢᠭᠤᠴᠠᠵᠤ᠂  ᠦᠨᠡᠯᠡᠬᠦ ᠺᠣᠮᠢᠰ᠎ᠨᠢ ᠨᠠᠰᠤᠵᠢᠯ᠎ᠤᠨ ᠪᠠᠢ᠌ᠭᠤᠯᠤᠮᠵᠢ ᠵᠢᠨ ᠵᠡᠷᠭᠡ ᠳᠡᠰ᠎ᠢ  ᠦᠨᠡᠯᠡᠭᠰᠡᠨ ᠪᠠᠢ᠌ᠳᠠᠯ᠎ᠢ ᠰᠤᠭᠤᠴᠢᠨ ᠪᠠᠢ᠌ᠴᠠᠭ᠋ᠠᠵᠤ ᠳᠠᠬᠢᠨ  ᠦᠨᠡᠯᠡᠬᠦ ᠵᠢ ᠬᠠᠷᠢᠭᠤᠴᠠᠨ᠎ᠠ᠃


 ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠠᠰᠤᠵᠢᠯ᠎ᠤᠨ ᠦᠢ᠍ᠯᠡᠴᠢᠯᠡᠭᠡ ᠪᠠ ᠨᠠᠰᠤᠨ᠎ᠳᠤ ᠦᠯᠤ ᠬᠦᠷᠦᠭᠰᠡᠳ᠎ᠢ ᠬᠠᠮᠠᠭ᠋ᠠᠠᠯᠠᠬᠤ ᠲᠦᠪ


               2021 ᠣᠨ᠎ᠤ 12 ᠰᠠᠷ᠎ᠠ ᠵᠢᠨ 27


 


 

ᠢᠷᠡᠯᠲᠡ᠄ ᠦᠪᠤᠷ ᠮᠤᠡᠭᠭᠤᠯ᠎ᠤᠨ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠲᠢᠡᠭᠭᠢᠮ᠎ᠤᠨ ᠬᠢᠳᠠᠳ ᠰᠦᠯᠵᠢᠶ᠎ᠡ
          
ᠬᠠᠮᠢᠶ᠎ᠡ ᠪᠦᠬᠦᠢ ᠰᠣᠨᠢᠨ
(ᠨᠢᠬᠡ) 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠠᠰᠤᠵᠢᠯ᠎ᠤᠨ ᠦᠢ᠍ᠯᠡᠴᠢᠯᠡᠬᠡᠨ᠎ᠤ ᠲᠦᠷᠢᠮ》᠎ᠤᠨ ᠲᠤᠬᠠᠢ ᠲᠠᠢ᠌ᠯᠤᠮᠵᠢ
(ᠬᠤᠶᠠᠷ) 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠠᠰᠤᠵᠢᠯ᠎ᠤᠨ ᠦᠢ᠍ᠯᠡᠴᠢᠯᠡᠬᠡᠨ᠎ᠤ ᠲᠦᠷᠢᠮ》᠎ᠤᠨ ᠲᠤᠬᠠᠢ ᠲᠠᠢ᠌ᠯᠤᠮᠵᠢ
(ᠭᠤᠷᠪᠠ) 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠠᠰᠤᠵᠢᠯ᠎ᠤᠨ ᠦᠢ᠍ᠯᠡᠴᠢᠯᠡᠬᠡᠨ᠎ᠤ ᠲᠦᠷᠢᠮ》᠎ᠤᠨ ᠲᠤᠬᠠᠢ ᠲᠠᠢ᠌ᠯᠤᠮᠵᠢ
《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠠᠢ᠌ᠨ ᠳᠤᠷ᠎ᠠ ᠵᠢᠨ ᠦᠢ᠍ᠯᠡᠴᠢᠯᠡᠭᠡᠨ᠎ᠤ ᠳᠦᠷᠢᠮ》᠎ᠢ ᠨᠡᠢ᠌ᠳᠡᠯᠡᠭᠰᠡᠨ᠎ᠨᠢ ᠰᠠᠢ᠌ᠨ ᠳᠤᠷ᠎ᠠ ᠵᠢᠨ ᠦᠢ᠍ᠯᠡᠴᠢᠯᠡᠭᠡᠨ᠎ᠤ ᠦᠢ᠍ᠯᠡᠰ᠎ᠤᠨ ᠬᠥᠭᠵᠢᠯᠲᠡ᠎ᠳᠤ ᠪᠠᠲᠤᠯᠠᠭ᠎ᠠ ᠬᠠᠡᠭᠭ᠋ᠠᠬᠤ ᠪᠤᠯᠤᠨ᠎ᠠ
《ᠤᠨᠴᠠᠭ᠋ᠠᠢ ᠬᠦᠴᠢᠷᠳᠡᠯᠳᠡᠢ ᠬᠦᠮᠦᠰ᠎ᠢ ᠡᠷᠬᠢᠵᠤ ᠦᠵᠡᠬᠦ ᠠᠵᠢᠯ᠎ᠢ ᠴᠢᠩᠭ᠋ᠠᠳᠬᠠᠬᠤ ᠲᠤᠬᠠᠢ ᠰᠠᠨᠠᠯ》᠎ᠤᠨ ᠲᠤᠬᠠᠢ ᠲᠠᠢ᠌ᠯᠤᠮᠵᠢ ᠵᠠᠰᠠᠭ ᠵᠠᠬᠢᠷᠭ᠋ᠠᠨ᠎ᠤ ᠵᠢᠷᠤᠮᠵᠢᠯ᠎ᠤᠨ ᠴᠢᠨᠠᠷᠲᠠᠢ ᠪᠢᠴᠢᠭ ᠮᠠᠲ᠋ᠧᠷᠢᠶᠠᠯ᠎ᠤᠨ ᠲᠥᠷᠥ ᠵᠢᠨ ᠪᠣᠳᠣᠯᠭ᠎ᠠ᠎ᠳᠤ ᠲᠠᠢ᠌ᠯᠤᠮᠵᠢ ᠬᠢᠬᠦ ᠠᠵᠢᠯ᠎ᠢ ᠰᠠᠢ᠌ᠲᠤᠷ ᠬᠢᠬᠦ ᠲᠤᠬᠠᠢ ᠪᠣᠳᠠᠲᠠᠢ ᠱᠠᠭ᠋ᠠᠷᠳᠠᠯᠭ᠎ᠠ ᠵᠢ ᠦᠨᠳᠦᠰᠦᠯᠡᠨ᠂ ᠡᠳᠦᠭᠡ ᠮᠠᠨ᠎ᠤ ᠣᠷᠣᠨ᠎ᠤ ᠳᠠᠷᠤᠮᠠᠯᠯᠠᠨ ᠲᠠᠷᠬᠠᠭ᠋ᠠᠭᠰᠠᠨ 《ᠤᠨᠴᠠᠭ᠋ᠠᠢ ᠬᠦᠴᠢᠷᠳᠡᠯᠲᠡᠢ ᠬᠥᠮᠥᠰ᠎ᠢ ᠡᠷᠬᠢᠵᠤ ᠦᠵᠡᠬᠦ ᠠᠵᠢᠯ᠎ᠢ ᠴᠢᠩᠭ᠋ᠠᠳᠬᠠᠬᠤ ᠲᠤᠬᠠᠢ ᠰᠠᠨᠠᠯ》᠎ᠢ ᠲᠠᠢ᠌ᠯᠪᠤᠷᠢᠯᠠᠶ᠎ᠠ
 
            