ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠢᠯᠡ ᠵᠠᠰᠠᠭ   -   ᠲᠥᠷᠥ᠎ᠶᠢᠨ ᠪᠣᠳᠣᠯᠭ᠎ᠠ᠎ᠶᠢᠨ ᠲᠠᠶ᠋ᠢᠯᠤᠮᠵᠢ
ᠡᠮᠴᠢᠯᠡᠭᠡᠨ᠎ᠤ ᠪᠠᠶ᠋ᠢᠭᠤᠯᠤᠮᠵᠢ ᠵᠢᠨ ᠪᠠᠶ᠋ᠢᠴᠠᠭ᠋ᠠᠨ ᠰᠢᠯᠭ᠋ᠠᠭᠰᠠᠨ ᠦᠷ᠎ᠡ ᠳ᠋ᠦᠩ᠎ᠢ ᠬᠠᠷᠢᠯᠴᠠᠨ ᠮᠡᠳᠡᠷᠡᠬᠦ ᠵᠢ ᠠᠬᠢᠭᠤᠯᠤᠨ᠎ᠠ! ᠳᠣᠯᠣᠭ᠋ᠠᠨ ᠰᠠᠯᠠᠭ᠎ᠠ ᠮᠥᠴᠢᠷ ᠠᠯᠪᠠᠨ ᠪᠢᠴᠢᠭ ᠳᠠᠷᠤᠮᠠᠯᠯᠠᠨ ᠶᠠᠪᠤᠭᠤᠯᠪᠠ
ᠨᠡᠶᠢᠲᠡᠯᠡᠭᠰᠡᠨ ᠴᠠᠭ᠄ 2024-11-29

 11.28-1图.jpg    
    2024 ᠣᠨ᠎ᠤ 11 ᠳ᠋ᠦ᠍ᠭᠡᠷ ᠰᠠᠷ᠎ᠠ ᠵᠢᠨ 27᠎ᠤ ᠡᠳᠦᠷ᠂ ᠤᠯᠤᠰ᠎ᠤᠨ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠥᠪᠯᠡᠯ ᠵᠡᠷᠭᠡ 7 ᠰᠠᠯᠠᠭ᠎ᠠ ᠮᠥᠴᠢᠷ ᠪᠠᠶ᠋ᠢᠴᠠᠭ᠋ᠠᠨ ᠰᠢᠯᠭ᠋ᠠᠭᠰᠠᠨ ᠦᠷ᠎ᠡ ᠳ᠋ᠦᠩ᠎ᠢ ᠬᠠᠷᠢᠯᠴᠠᠨ ᠮᠡᠳᠡᠷᠡᠬᠦ ᠵᠢ ᠠᠬᠢᠭᠤᠯᠵᠤ ᠡᠪᠡᠳᠴᠢᠲᠡᠨ᠎ᠤ ᠡᠮᠴᠢᠯᠡᠭᠦᠯᠬᠦ ᠪᠡᠶᠡᠴᠢ ᠥᠩᠭᠡᠷᠡᠯᠲᠡ ᠵᠢ᠎ᠨᠢ ᠰᠠᠶ᠋ᠢᠵᠢᠷᠠᠭᠤᠯᠬᠤ᠎ᠪᠠᠷ ᠪᠣᠢ
    2025 ᠣᠨ᠎ᠤ ᠰᠡᠬᠦᠯᠴᠢ ᠪᠤᠯᠳᠡᠯ᠎ᠠ᠂ ᠨᠢᠠᠠᠳᠡ ᠭᠡᠯᠪᠡᠷᠢ ᠵᠢᠨ ᠡᠮᠴᠢᠯᠡᠭᠡᠨ᠎ᠤ ᠡᠯ᠎ᠡ ᠬᠤᠯᠪᠣᠭ᠋ᠠᠳᠣ ᠴᠣᠠᠠᠴᠠ᠎ᠨᠤᠭᠤᠳ ᠲᠣᠳᠣᠭ᠋ᠠᠳᠣ᠎ᠳᠤ᠎ᠪᠠᠨ ᠳᠥᠷᠦᠯ ᠵᠦᠢ᠍ᠯ ᠵᠶ᠋ᠠᠨ ᠬᠠᠷᠢᠯᠴᠠᠨ ᠮᠡᠳᠡᠷᠡᠬᠦ ᠵᠢ ᠪᠠᠶᠠᠯᠠᠬᠦᠯᠵᠦ᠂ 2030 ᠣᠨ ᠪᠣᠯᠬᠤ᠎ᠳᠤ᠂ ᠪᠠᠶ᠋ᠢᠩᠭᠤ ᠲᠣᠬᠢᠶᠠᠯᠳᠤᠳᠠᠭ ᠪᠠᠶ᠋ᠢᠴᠠᠭ᠋ᠠᠨ ᠰᠢᠯᠭ᠋ᠠᠭᠰᠠᠨ ᠦᠷ᠎ᠡ ᠳ᠋ᠦᠡᠭ᠎ᠢ ᠣᠷᠣᠨ ᠪᠦᠰᠡ ᠠᠯᠤᠰᠯᠠᠨ᠂ ᠡᠮᠴᠢᠯᠡᠬᠡᠨ᠎ᠤ ᠪᠠᠶ᠋ᠢᠭᠤᠯᠥᠮᠵᠢ ᠠᠯᠤᠰᠯᠠᠨ ᠬᠠᠮᠲᠤ᠎ᠪᠠᠷ ᠡᠳ᠋ᠯᠡᠨ ᠬᠠᠷᠢᠯᠴᠠᠨ ᠮᠡᠳᠡᠷᠡᠬᠦ ᠵᠢ ᠦᠨᠳᠣᠰᠣᠡ᠎ᠳᠤ᠎ᠪᠠᠨ ᠪᠠᠶᠠᠯᠠᠬᠦᠯᠥᠨ᠎ᠠ᠃
    ᠤᠯᠤᠰ᠎ᠤᠨ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠥᠪᠯᠡᠯ᠂ ᠤᠯᠤᠰ᠎ᠤᠨ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ᠂ ᠡᠳ᠋᠎ᠤᠨ ᠵᠠᠰᠠᠭ᠎ᠤᠨ ᠶᠠᠮᠤᠨ ᠵᠡᠷᠭᠡ 7 ᠰᠠᠯᠠᠭ᠎ᠠ ᠮᠥᠴᠢᠷ 11 ᠳ᠋ᠦ᠍ᠭᠡᠷ ᠰᠠᠷ᠎ᠠ ᠵᠢᠨ 27᠎ᠤ ᠡᠳᠦᠷ 《ᠡᠮᠴᠢᠯᠡᠭᠡᠨ᠎ᠤ ᠪᠠᠶ᠋ᠢᠭᠤᠯᠤᠮᠵᠢ ᠵᠢᠨ ᠪᠠᠶ᠋ᠢᠴᠠᠭ᠋ᠠᠨ ᠰᠢᠯᠭ᠋ᠠᠭᠰᠠᠨ ᠦᠷ᠎ᠡ ᠳ᠋ᠦᠩ᠎ᠢ ᠬᠠᠷᠢᠯᠴᠠᠨ ᠮᠡᠳᠡᠷᠡᠬᠦ ᠵᠢ ᠤᠯᠠᠮ ᠨᠢᠭᠡ ᠠᠯᠬᠤᠮ ᠠᠬᠢᠭᠤᠯᠬᠤ ᠲᠤᠬᠠᠶ ᠵᠢᠯᠣᠭᠤᠳᠬᠤ ᠰᠠᠨᠠᠯ᠎ᠤᠳ》᠎ᠢ ᠳᠠᠷᠤᠮᠠᠯᠯᠠᠨ ᠶᠠᠪᠤᠭᠤᠯᠪᠠ᠂ ᠶᠠᠰᠤ ᠴᠢᠨᠠᠷ᠎ᠤᠨ ᠠᠮᠤᠷ ᠲᠦᠪᠰᠢᠨ᠎ᠢ ᠪᠠᠲᠤᠯᠠᠬᠤ᠎ᠪᠠᠷ ᠬᠤᠷᠢᠭ᠎ᠠ ᠱᠤᠭᠤᠮ ᠪᠣᠯᠭ᠋ᠠᠨ᠂ ᠭᠥᠯᠢᠶᠡᠨ ᠠᠪᠴᠤ ᠡᠮᠨᠡᠬᠦ ᠡᠮᠴᠢ ᠵᠢᠨ ᠮᠠᠭ᠋ᠠᠳᠯᠠᠯᠲᠠ᠎ᠪᠠᠷ ᠪᠠᠷᠢᠮᠵᠢᠶ᠎ᠠ ᠪᠣᠯᠭ᠋ᠠᠵᠤ᠂ ᠪᠠᠶ᠋ᠢᠴᠠᠭ᠋ᠠᠨ ᠰᠢᠯᠭ᠋ᠠᠭᠰᠠᠨ ᠦᠷ᠎ᠡ ᠳ᠋ᠦᠩ᠎ᠢ ᠬᠠᠷᠢᠯᠴᠠᠨ ᠮᠡᠳᠡᠷᠡᠬᠦ ᠠᠵᠢᠯ᠎ᠢ ᠠᠬᠢᠭᠤᠯᠵᠤ᠂ ᠡᠮᠴᠢᠯᠡᠭᠡᠨ᠎ᠤ ᠦᠢ᠍ᠯᠡᠴᠢᠯᠡᠭᠡᠨ᠎ᠤ ᠦᠷ᠎ᠡ ᠪᠦᠲᠦᠮᠵᠢ ᠵᠢ ᠳᠡᠭᠡᠭᠰᠢᠯᠡᠭᠦᠯᠦᠨ᠂ ᠡᠪᠡᠳᠴᠢᠲᠡᠨ᠎ᠤ ᠡᠮᠴᠢᠯᠡᠭᠦᠯᠬᠦ ᠪᠡᠶᠡᠴᠢ ᠥᠩᠭᠡᠷᠡᠯᠲᠡ ᠵᠢ᠎ᠨᠢ ᠰᠠᠶ᠋ᠢᠵᠢᠷᠠᠭᠤᠯᠬᠤ ᠬᠡᠷᠡᠭᠲᠡᠶ ᠭᠡᠵᠦ ᠱᠠᠭ᠋ᠠᠷᠳᠠᠪᠠ᠃
    ᠵᠢᠯᠣᠭᠤᠳᠬᠤ ᠰᠠᠨᠠᠯ᠎ᠢ ᠦᠨᠳᠦᠰᠦᠯᠡᠪᠡᠯ᠂ 2025 ᠣᠨ᠎ᠤ ᠡᠴᠦᠰ ᠪᠣᠯᠬᠤ᠎ᠳᠤ᠂ ᠨᠢᠭᠲᠠ ᠬᠡᠯᠪᠡᠷᠢ ᠵᠢᠨ ᠡᠮᠴᠢᠯᠡᠭᠡᠨ᠎ᠤ ᠡᠯ᠎ᠡ ᠬᠤᠯᠪᠣᠭ᠋ᠠᠲᠤ ᠴᠣᠭᠴᠠ (ᠬᠤᠲᠠ ᠵᠢᠨ ᠡᠮᠴᠢᠯᠡᠭᠡᠨ᠎ᠤ ᠪᠦᠯᠦᠭᠯᠡᠯ ᠪᠠ ᠰᠢᠶᠠᠨ᠎ᠤ ᠬᠡᠪᠴᠢᠶᠡᠨ᠎ᠤ ᠡᠮᠴᠢᠯᠡᠭᠡᠨ᠎ᠤ ᠬᠠᠮᠲᠤ ᠵᠢᠨ ᠴᠣᠭᠴᠠ ᠪᠠᠭᠲᠠᠨ᠎ᠠ)᠎ᠨᠤᠭᠤᠳ ᠡᠮᠴᠢᠯᠡᠭᠡᠨ᠎ᠤ ᠬᠤᠯᠪᠣᠭ᠋ᠠᠲᠤ ᠴᠣᠭᠴᠠ ᠳᠣᠲᠣᠷᠠᠬᠢ ᠡᠮᠴᠢᠯᠡᠭᠡᠨ᠎ᠤ ᠪᠠᠶ᠋ᠢᠭᠤᠯᠤᠮᠵᠢ᠎ᠨᠤᠭᠤᠳ ᠬᠤᠭᠤᠷᠣᠨᠳᠤ᠎ᠪᠠᠨ ᠪᠥᠬᠦ ᠲᠥᠷᠥᠯ ᠵᠦᠢ᠍ᠯ᠎ᠢ ᠬᠠᠷᠢᠯᠴᠠᠨ ᠮᠡᠳᠡᠷᠡᠵᠦ᠂ ᠡᠯ᠎ᠡ ᠭᠠᠵᠠᠷ᠎ᠤᠨ ᠬᠤᠲᠠ ᠵᠢᠨ ᠬᠡᠪᠴᠢᠶᠡᠨ᠎ᠳᠠᠬᠢ ᠡᠮᠴᠢᠯᠡᠭᠡᠨ᠎ᠤ ᠪᠠᠶ᠋ᠢᠭᠤᠯᠤᠮᠵᠢ᠎ᠨᠤᠭᠤᠳ ᠬᠤᠭᠤᠷᠣᠨᠳᠤ᠎ᠪᠠᠨ ᠬᠠᠷᠢᠯᠴᠠᠨ ᠮᠡᠳᠡᠷᠡᠬᠦ ᠲᠥᠷᠥᠯ ᠵᠦᠢ᠍ᠯ᠎ᠢ 200᠎ᠠᠴᠠ ᠳᠠᠪᠠᠭᠤᠯᠤᠨ᠎ᠠ᠃
    2027 ᠣᠨ᠎ᠤ ᠡᠴᠦᠰ ᠪᠣᠯᠬᠤ᠎ᠳᠤ᠂ ᠡᠯ᠎ᠡ ᠮᠤᠵᠢ ᠵᠢᠨ ᠬᠡᠪᠴᠢᠶᠡᠨ᠎ᠳᠠᠬᠢ ᠡᠮᠴᠢᠯᠡᠭᠡᠨ᠎ᠤ ᠪᠠᠶ᠋ᠢᠭᠤᠯᠤᠮᠵᠢ᠎ᠨᠤᠭᠤᠳ ᠬᠤᠭᠤᠷᠣᠨᠳᠤ᠎ᠪᠠᠨ ᠬᠠᠷᠢᠯᠴᠠᠨ ᠮᠡᠳᠡᠷᠡᠬᠦ ᠲᠥᠷᠥᠯ ᠵᠦᠢ᠍ᠯ᠎ᠢ 300᠎ᠠᠴᠠ ᠳᠠᠪᠠᠭᠤᠯᠤᠨ᠎ᠠ; ᠪᠡᠭᠡᠵᠢᠩ ᠲᠢᠶᠠᠨᠵᠢᠨ ᠾᠧᠪᠸᠢ᠂ ᠬᠥᠬᠡᠮᠥ᠋ᠷᠡᠨ᠎ᠤ ᠭᠤᠷᠪᠠᠯᠵᠢᠨ ᠬᠤᠶ᠋ᠢᠭ᠂ ᠰᠧᠴᠤᠸᠠᠨ ᠴᠥᠩᠴᠢᠩ ᠵᠡᠷᠭᠡ ᠣᠷᠣᠨ ᠪᠦᠰᠡ᠎ᠳᠠᠬᠢ ᠡᠮᠴᠢᠯᠡᠭᠡᠨ᠎ᠤ ᠪᠠᠶ᠋ᠢᠭᠤᠯᠤᠮᠵᠢ᠎ᠨᠤᠭᠤᠳ᠎ᠤᠨ ᠬᠠᠷᠢᠯᠴᠠᠨ ᠮᠡᠳᠡᠷᠡᠬᠦ ᠲᠥᠷᠥᠯ ᠵᠦᠢ᠍ᠯ᠎ᠢ 200᠎ᠠᠴᠠ ᠳᠠᠪᠠᠭᠤᠯᠤᠨ᠎ᠠ᠃
    2030 ᠣᠨ ᠪᠤᠯᠳᠡᠯ᠎ᠠ᠂ ᠪᠦᠬᠦ ᠣᠯᠥᠰ᠎ᠤᠨ ᠬᠠᠷᠢᠯᠴᠠᠨ ᠮᠡᠳᠡᠷᠡᠬᠦ ᠠᠵᠢᠯ᠎ᠤᠨ ᠲᠣᠠᠠᠳᠡᠴᠠ ᠵᠢ ᠣᠯᠡᠮ ᠨᠢᠭᠡ ᠪᠦᠷᠢᠨᠰᠢᠭᠦᠯᠦᠨ ᠲᠡᠭᠦᠯᠳᠡᠷᠵᠢᠭᠦᠯᠵᠦ᠂ ᠪᠠᠶ᠋ᠢᠴᠠᠭ᠋ᠠᠨ ᠰᠢᠯᠭ᠋ᠠᠬᠤ ᠵᠢᠨ ᠢᠵᠢᠯᠰᠢᠬᠦ ᠬᠢᠷᠢ ᠲᠦᠪᠰᠢᠨ᠎ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠦᠷ᠎ᠡ ᠳ᠋ᠦᠩ᠎ᠢ ᠬᠠᠷᠢᠯᠴᠠᠨ ᠨᠡᠪᠲᠡᠷᠡᠯᠴᠡᠭᠦᠯᠵᠦ ᠬᠠᠮᠲᠤ᠎ᠪᠠᠷ ᠡᠳ᠋ᠯᠡᠬᠦ ᠲᠣᠭᠲᠠᠯᠴᠠᠭ᠎ᠠ ᠵᠢ ᠦᠨᠳᠦᠰᠦᠨ᠎ᠳᠤ᠎ᠪᠠᠨ ᠪᠠᠶ᠋ᠢᠭᠤᠯᠵᠤ᠂ ᠪᠠᠶ᠋ᠢᠩᠭᠤ ᠲᠣᠬᠢᠶᠠᠯᠳᠤᠳᠠᠭ ᠪᠠᠶ᠋ᠢᠴᠠᠭ᠋ᠠᠨ ᠰᠢᠯᠭ᠋ᠠᠭᠰᠠᠨ ᠦᠷ᠎ᠡ ᠳ᠋ᠦᠩ᠎ᠢ ᠣᠷᠣᠨ ᠪᠦᠰᠡ ᠠᠯᠤᠰᠯᠠᠨ᠂ ᠡᠮᠴᠢᠯᠡᠭᠡᠨ᠎ᠤ ᠪᠠᠶ᠋ᠢᠭᠤᠯᠤᠮᠵᠢ ᠠᠯᠤᠰᠯᠠᠨ ᠬᠠᠮᠲᠤ᠎ᠪᠠᠷ ᠡᠳ᠋ᠯᠡᠨ ᠬᠠᠷᠢᠯᠴᠠᠨ ᠮᠡᠳᠡᠷᠡᠬᠦ ᠵᠢ ᠦᠨᠳᠦᠰᠦᠨ᠎ᠳᠤ᠎ᠪᠠᠨ ᠪᠡᠶᠡᠯᠡᠭᠦᠯᠦᠨ᠎ᠡ᠃
   

ᠢᠷᠡᠯᠲᠡ᠄ ᠥᠪᠥᠷ ᠮᠣᠩᠭᠤᠯ᠎ᠤᠨ ᠵᠠᠰᠠᠭ᠎ᠤᠨ ᠣᠷᠳᠣᠨ
          
ᠬᠠᠮᠢᠶ᠎ᠡ ᠪᠦᠬᠦᠢ ᠰᠣᠨᠢᠨ
@ ᠮᠠᠰᠢᠨᠲᠤ ᠲᠡᠷᠭᠡᠨ᠎ᠤ ᠡᠵᠡᠳ ᠵᠠᠮᠨᠠᠬᠤ ᠥᠨᠡᠮᠯᠡᠯ᠎ᠤᠨ ᠡᠯᠧᠺᠳ᠋ᠷᠣᠨᠴᠢᠯᠠᠯᠲᠠ ᠵᠢ ᠪᠦᠬᠦ ᠲᠠᠯ᠎ᠠ᠎ᠪᠠᠷ ᠬᠡᠷᠡᠭᠵᠢᠭᠦᠯᠦᠨ᠎ᠡ
ᠬᠤᠪᠢ ᠬᠥᠮᠥᠨ᠎ᠤ ᠠᠰᠢᠭ ᠣᠷᠣᠯᠭ᠎ᠠ ᠵᠢᠨ ᠭᠠᠶ᠋ᠢᠯᠢ᠎ᠯᠤᠭ᠎ᠠ ᠬᠤᠯᠪᠣᠭᠳᠠᠨ᠎ᠠ! ᠡᠨᠡ ᠬᠦ᠌ ᠶᠠᠪᠤᠳᠠᠯ᠎ᠢ ᠲᠣᠰ ᠰᠠᠷ᠎ᠠ ᠵᠢᠨ ᠳᠣᠲᠣᠷ᠎ᠠ ᠭᠦᠢ᠍ᠴᠡᠳᠬᠡᠭᠡᠷᠡᠢ
ᠵᠢᠷᠤᠭᠲᠤ ᠲᠠᠶ᠋ᠢᠯᠤᠮᠵᠢ᠄ 《ᠠᠵᠤ ᠠᠬᠤᠶ᠋ᠢᠯᠠᠯ᠎ᠤᠨ ᠣᠨ᠎ᠤ ᠮᠥᠩᠭᠦ ᠵᠢ ᠲᠦᠷᠭᠡᠳᠬᠡᠨ ᠬᠥᠭᠵᠢᠭᠦᠯᠬᠦ ᠲᠤᠬᠠᠢ ᠵᠢᠯᠤᠭᠤᠳᠬᠤ ᠰᠠᠨᠠᠯ》᠎ᠤᠨ ᠲᠥᠷᠥ ᠵᠢᠨ ᠪᠣᠳᠣᠯᠭ᠎ᠠ ᠵᠢᠨ ᠲᠠᠶ᠋ᠢᠯᠤᠮᠵᠢ
9 ᠰᠠᠯᠠᠭ᠎ᠠ ᠮᠥᠴᠢᠷ᠎ᠤᠨ᠎ᠬᠢᠨ ᠬᠠᠮᠲᠤᠷᠠᠨ 2025 ᠣᠨ᠎ᠤ 《ᠬᠥᠯᠥᠰᠦᠨ ᠠᠵᠢᠯᠴᠢᠨ᠎ᠢ ᠬᠠᠯᠠᠮᠵᠢᠯᠠᠬᠤ》 ᠬᠠᠪᠤᠷ᠎ᠤᠨ ᠦᠢ᠍ᠯᠡᠴᠢᠯᠡᠭᠡᠨ᠎ᠤ ᠠᠵᠢᠯᠯᠠᠭ᠎ᠠ ᠵᠢ ᠪᠠᠢ᠌ᠷᠢᠯᠠᠭᠤᠯᠪᠠ
ᠰᠢᠯᠵᠢᠬᠦᠯᠦᠭᠰᠡᠨ᠄ ᠬᠠᠷᠠᠭ᠋ᠠᠯᠵᠠᠯ ᠢᠷᠡᠯ᠎ᠡ! ᠬᠤᠳᠠᠯᠳᠤᠭ᠋ᠠᠨ᠎ᠤ ᠶᠠᠪᠤᠳᠠᠯ᠎ᠤᠨ ᠶᠠᠮᠤᠨ ᠵᠡᠷᠭᠡ ᠲᠠᠪᠤᠨ ᠶᠠᠮᠤᠨ ᠰᠢᠨ᠎ᠡ ᠵᠢ ᠬᠤᠳᠠᠯᠳᠤᠨ ᠠᠪᠬᠤ ᠵᠢᠨ ᠨᠡᠮᠡᠭᠦᠷᠢ ᠵᠢᠨ ᠬᠡᠷᠡᠭᠵᠢᠭᠦᠯᠬᠦ ᠲᠥᠰᠥᠯ᠎ᠢ ᠳᠠᠷᠤᠮᠠᠯᠯᠠᠨ ᠲᠠᠷᠬᠠᠭ᠋ᠠᠪᠠ
 
            