《ᠥᠭᠡᠷᠡᠴᠢᠯᠡᠯᠲᠡ ᠵᠢ ᠤᠯᠠᠮ ᠨᠢᠭᠡ ᠠᠯᠬᠤᠮ ᠪᠦᠬᠦ ᠲᠠᠯ᠎ᠠ᠎ᠪᠠᠷ ᠭᠦᠨᠵᠡᠭᠡᠶ᠋ᠢᠷᠡᠭᠦᠯᠵᠦ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢ ᠠᠬᠢᠭᠤᠯᠬᠤ ᠲᠤᠬᠠᠢ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠤᠷᠢᠶᠠᠨ᠎ᠤ ᠲᠣᠭᠲᠠᠭ᠋ᠠᠯ》᠎ᠳᠤ ᠵᠢᠭ᠋ᠠᠵᠤ ᠭᠠᠷᠭ᠋ᠠᠬᠤ᠎ᠳᠤ᠎ᠪᠠᠨ᠂ ᠥᠭᠡᠷᠡᠴᠢᠯᠡᠯᠲᠡ ᠵᠢᠨ ᠡᠭᠦᠷᠭᠡ ᠵᠢᠨ ᠪᠢᠴᠢᠭ᠂ ᠴᠠᠭ᠎ᠤᠨ ᠬᠦᠰᠦᠨᠦᠭᠲᠦ᠂ ᠤᠷᠢᠳ ᠵᠶ᠋ᠠᠷ ᠬᠢᠬᠦ ᠳᠡᠰ ᠳᠠᠷᠠᠭ᠋ᠠᠯᠠᠯ᠎ᠢ ᠰᠢᠨᠵᠢᠯᠡᠬᠦ ᠤᠬᠠᠭ᠋ᠠᠨᠴᠢ᠎ᠪᠠᠷ ᠲᠣᠭᠲᠠᠭ᠋ᠠᠬᠤ ᠬᠡᠷᠡᠭᠲᠡᠢ ᠭᠡᠵᠡᠢ᠃ ᠡᠨᠡ ᠪᠣᠯ ᠶᠡᠷᠦᠩᠬᠡᠢ ᠱᠦᠵᠢ ᠰᠢ ᠵᠢᠨ ᠫᠢᠩ᠎ᠤᠨ ᠣᠯᠠᠨᠲᠠ ᠴᠢᠬᠤᠯᠠᠴᠢᠯᠠᠭᠰᠠᠨ ᠨᠢᠭᠡᠨ ᠴᠢᠬᠤᠯᠠ ᠠᠵᠢᠯ᠎ᠤᠨ ᠠᠷᠭ᠎ᠠ ᠬᠡᠮᠵᠢᠶ᠎ᠡ ᠪᠣᠯᠣᠨ᠎ᠠ᠃ ᠥᠭᠡᠷᠡᠴᠢᠯᠡᠯᠲᠡ ᠵᠢ ᠤᠯᠠᠮ ᠨᠢᠭᠡ ᠠᠯᠬᠤᠮ ᠪᠦᠬᠦ ᠲᠠᠯ᠎ᠠ᠎ᠪᠠᠷ ᠭᠦᠨᠵᠡᠭᠡᠶ᠋ᠢᠷᠡᠭᠦᠯᠬᠦ᠎ᠳᠤ ᠡᠭᠦᠷᠭᠡ ᠬᠦᠨᠳᠦ᠂ ᠲᠠᠯ᠎ᠠ ᠲᠠᠯ᠎ᠠ ᠵᠢᠨ ᠠᠵᠢᠯ ᠠᠷᠪᠢᠨ ᠪᠣᠯᠬᠤᠷ ᠡᠷᠬᠡᠪᠰᠢ ᠥᠭᠡᠷᠡᠴᠢᠯᠡᠯᠲᠡ ᠵᠢᠨ ᠵᠠᠮ ᠱᠤᠭᠤᠮ᠎ᠢ ᠰᠢᠨᠵᠢᠯᠡᠬᠦ ᠤᠬᠠᠭ᠋ᠠᠨᠴᠢ᠎ᠪᠠᠷ ᠲᠣᠭᠲᠠᠭ᠋ᠠᠵᠤ᠂ ᠠᠯᠬᠤᠮ ᠲᠠᠷᠠᠭ᠎ᠠ᠎ᠲᠠᠢ᠎ᠪᠠᠷ ᠤᠷᠤᠭᠰᠢᠯᠠᠨ ᠪᠣᠯᠭᠤᠮᠵᠢᠲᠠᠢ ᠠᠵᠢᠯᠯᠠᠵᠤ᠂ ᠥᠭᠡᠷᠡᠴᠢᠯᠡᠯᠲᠡ ᠵᠢᠨ ᠲᠠᠰᠤᠷᠠᠯᠲᠠ ᠦᠭᠡᠢ ᠭᠦᠨᠵᠡᠭᠡᠶ᠋ᠢᠷᠡᠨ ᠤᠷᠤᠭᠰᠢᠯᠠᠬᠤ ᠵᠢ ᠠᠬᠢᠭᠤᠯᠤᠨ᠎ᠠ᠃
ᠥᠭᠡᠷᠡᠴᠢᠯᠡᠯᠲᠡ ᠵᠢᠨ ᠶᠡᠭᠡ ᠪᠠᠶ᠋ᠢᠳᠠᠯ᠎ᠢ ᠤᠬᠠᠭ᠋ᠠᠯᠠᠨ ᠲᠦᠯᠦᠪᠯᠡᠬᠦ᠎ᠠᠴᠠ ᠡᠬᠢᠯᠡᠭᠦᠯᠳᠡᠭ᠃ ᠥᠨᠳᠦᠷ ᠲᠦᠪᠰᠢᠨ᠎ᠠᠴᠠ ᠪᠣᠳᠣᠯᠬᠢᠯᠠᠨ᠂ ᠵᠢᠵᠢᠭ ᠰᠠᠵᠢᠭ ᠵᠦᠢ᠍ᠯᠡᠰ᠎ᠠᠴᠠ ᠭᠠᠷᠳᠠᠵᠤ᠂ ᠨᠢᠭᠡᠳᠦᠯᠲᠡᠢ ᠲᠥᠯᠥᠪᠯᠡᠨ ᠨᠡᠶ᠋ᠢᠳᠡᠮ᠎ᠳᠤᠨᠢ ᠬᠠᠷᠠᠭ᠋ᠠᠯᠵᠠᠵᠤ᠂ ᠳᠦᠷᠦᠯ ᠬᠤᠪᠢᠶᠠᠨ ᠳᠦᠷᠦ ᠵᠢᠨ ᠪᠣᠳᠣᠯᠭ᠎ᠠ ᠬᠡᠷᠡᠭᠵᠢᠭᠦᠯᠵᠦ᠂ ᠦᠨᠡᠨ᠎ᠠᠴᠠ ᠵᠥᠪ᠎ᠢ ᠡᠷᠢᠨ ᠲᠥᠯᠥᠪᠯᠡᠭᠡ ᠲᠣᠭᠲᠠᠭ᠋ᠠᠨ᠎ᠠ᠃ ᠨᠡᠩ ᠦᠨᠳᠦᠷ ᠵᠶ᠋ᠠᠷ ᠪᠠᠷᠢᠮᠵᠢᠶᠠᠯᠠᠨ᠂ ᠴᠢᠳᠠᠯ᠎ᠤᠨ ᠬᠢᠷᠢ᠎ᠪᠠᠷ ᠵᠶ᠋ᠠᠨ ᠴᠢᠷᠮᠠᠶ᠋ᠢᠬᠤ ᠮᠥᠷᠲᠡᠭᠡᠨ ᠪᠠᠰᠠ ᠭᠠᠵᠠᠷ ᠣᠷᠣᠨ᠎ᠤ ᠪᠠᠶ᠋ᠢᠳᠠᠯ᠎ᠳᠤ᠎ᠪᠠᠨ ᠲᠣᠬᠢᠷᠠᠭᠤᠯᠤᠨ᠂ ᠴᠢᠳᠠᠯ᠎ᠤᠨ ᠵᠶ᠋ᠠᠨ ᠬᠢᠷᠢ᠎ᠪᠠᠷ ᠵᠶ᠋ᠠᠨ ᠠᠵᠢᠯᠯᠠᠨ᠎ᠠ᠃ ᠶᠡᠭᠡ ᠲᠠᠯ᠎ᠠ ᠵᠢᠨ ᠦᠵᠡᠯᠲᠡ ᠪᠠ ᠰᠢᠰᠲ᠋ᠧᠮᠲᠦ ᠰᠡᠳᠬᠢᠬᠦᠢ᠎ᠪᠠᠷ ᠡᠭᠦᠷᠭᠡ᠎ᠪᠠᠨ ᠲᠦᠰᠦᠪᠯᠡᠵᠦ᠂ ᠡᠯ᠎ᠡ ᠬᠦᠷᠢᠶᠡᠨ᠎ᠳᠠᠬᠢ ᠥᠭᠡᠷᠡᠴᠢᠯᠡᠯᠲᠡ ᠵᠢᠨ ᠨᠡᠶ᠋ᠢᠯᠡᠮᠡᠯ ᠬᠦᠴᠦᠨ᠎ᠢ ᠪᠦᠷᠢᠯᠳᠦᠭᠦᠯᠬᠦ ᠵᠢ ᠠᠬᠢᠭᠤᠯᠤᠨ᠎ᠠ᠃
ᠴᠠᠭ ᠮᠦᠴᠡ ᠤᠷᠤᠰᠬᠠᠯ ᠤᠰᠤᠨ ᠮᠡᠲᠦ ᠥᠩᠭᠡᠷᠡᠨ ᠣᠳᠣᠨ᠎ᠠ᠃ 2029 ᠣᠨ᠎ᠤ ᠪᠦᠬᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ ᠪᠠᠶ᠋ᠢᠭᠤᠯᠤᠭᠳᠠᠭᠰᠠᠨ 80 ᠵᠢᠯ᠎ᠤᠨ ᠤᠢ ᠪᠣᠯᠬᠤ ᠦᠶᠡᠰ ᠵᠶ᠋ᠠᠷ᠂ ᠡᠯ᠎ᠡ ᠵᠦᠢ᠍ᠯ᠎ᠤᠨ ᠥᠭᠡᠷᠡᠴᠢᠯᠡᠯᠲᠡ ᠵᠢᠨ ᠡᠭᠦᠷᠭᠡ ᠵᠢ ᠪᠡᠶᠡᠯᠡᠭᠦᠯᠬᠦ᠎ᠳᠤ ᠴᠠᠭ ᠪᠠᠴᠢᠮ᠂ ᠡᠭᠦᠷᠭᠡ ᠬᠦᠨᠳᠦ᠂ ᠬᠠᠷᠢᠭᠤᠴᠠᠯᠭ᠎ᠠ ᠶᠡᠭᠡ ᠪᠠᠶ᠋ᠢᠨ᠎ᠠ᠃ ᠥᠭᠡᠷᠡᠴᠢᠯᠡᠯᠲᠡ ᠬᠢᠬᠦ᠎ᠳᠤ ᠠᠪᠤᠨ ᠳᠣᠣᠷ᠎ᠠ᠎ᠪᠠᠨ ᠠᠮᠵᠢᠯᠲᠠ ᠣᠯᠬᠤ᠎ᠪᠠᠷ ᠶᠠᠭ᠋ᠠᠷᠠᠵᠤ ᠪᠣᠯᠬᠤ ᠦᠭᠡᠢ᠂ ᠭᠡᠪᠡᠴᠦ ᠦᠨᠳᠦᠷ ᠮᠣᠳᠣᠨ᠎ᠤ ᠳᠣᠣᠷ᠎ᠠ ᠦᠬᠦᠭᠰᠡᠨ ᠲᠠᠤᠯᠠᠢ ᠵᠢ ᠬᠦᠯᠢᠶᠡᠵᠦ ᠰᠠᠭᠤᠭ᠋ᠠᠳ ᠯᠠ ᠪᠠᠶ᠋ᠢᠵᠤ ᠶᠠᠭ᠋ᠠᠬᠢᠭᠰᠠᠨ ᠴᠦ᠍ ᠪᠣᠯᠬᠤ ᠦᠭᠡᠢ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ᠎ᠤᠨ᠎ᠬᠢᠨ ᠥᠭᠡᠷᠡᠴᠢᠯᠡᠯᠲᠡ ᠵᠢᠨ ᠡᠭᠦᠷᠭᠡ ᠵᠢᠨ ᠨᠠᠷᠢᠨ ᠪᠤᠳᠤᠯᠢᠶᠠᠨᠲᠤ ᠴᠢᠨᠠᠷ ᠪᠠ ᠪᠡᠷᠬᠡ ᠬᠠᠲᠠᠭᠤᠵᠢᠯᠲᠤ ᠴᠢᠨᠠᠷ᠎ᠢ ᠭᠦᠢ᠍ᠴᠡᠳ ᠪᠣᠳᠣᠯᠬᠢᠯᠠᠨ᠂ ᠪᠣᠳᠠᠲᠤ ᠪᠠᠶ᠋ᠢᠳᠠᠯ ᠵᠶ᠋ᠠᠨ ᠦᠨᠳᠦᠰᠦᠯᠡᠨ 《ᠠᠵᠢᠯ᠎ᠤᠨ ᠬᠤᠭᠤᠴᠠᠭ᠎ᠠ ᠵᠢ ᠲᠣᠩᠭᠤᠷᠠᠭᠤᠯᠤᠨ ᠲᠣᠬᠢᠷᠠᠭᠤᠯᠵᠤ》᠂ ᠥᠭᠡᠷᠡᠴᠢᠯᠡᠯᠲᠡ ᠵᠢ ᠲᠥᠯᠥᠪᠯᠡᠭᠡ ᠶᠣᠰᠣᠭ᠋ᠠᠷ ᠡᠮᠬᠢ ᠵᠢᠷᠤᠮ᠎ᠲᠠᠢ᠎ᠪᠠᠷ ᠠᠬᠢᠭᠤᠯᠤᠨ᠎ᠠ᠃
ᠠᠰᠠᠭᠤᠳᠠᠯ ᠣᠷᠣᠰᠢᠵᠤ ᠪᠠᠶ᠋ᠢᠭ᠎ᠠ ᠭᠠᠵᠠᠷ ᠪᠣᠯ ᠳᠠᠷᠤᠢ ᠪᠢᠳᠡᠨ᠎ᠤ ᠥᠭᠡᠷᠡᠴᠢᠯᠡᠯᠲᠡ ᠬᠢᠬᠦ ᠵᠦᠭ ᠴᠢᠭᠯᠡᠯ ᠭᠡᠵᠦ ᠬᠡᠯᠡᠵᠦ ᠪᠣᠯᠣᠨ᠎ᠠ᠃ ᠥᠭᠡᠷᠡᠴᠢᠯᠡᠯᠲᠡ ᠵᠢᠨ ᠤᠷᠢᠳ ᠵᠶ᠋ᠠᠷ ᠬᠢᠬᠦ ᠲᠡᠰ ᠳᠠᠷᠠᠭ᠋ᠠᠯᠠᠯ᠎ᠢ ᠰᠠᠶ᠋ᠢᠲᠤᠷ ᠵᠢᠭᠰᠠᠭ᠋ᠠᠬᠤ᠎ᠳᠤ ᠳᠠᠷᠤᠢ ᠲᠣᠪᠣᠶ᠋ᠢᠮ᠎ᠠ ᠵᠥᠷᠢᠴᠡᠯ᠂ ᠭᠤᠣᠯᠳᠠᠯᠭ᠎ᠠ ᠪᠣᠯᠬᠤ ᠠᠰᠠᠭᠤᠳᠠᠯ᠎ᠳᠤ ᠴᠢᠭᠯᠡᠭᠦᠯᠦᠨ ᠥᠭᠡᠷᠡᠴᠢᠯᠡᠯᠲᠡ ᠬᠢᠨ᠎ᠡ᠃ ᠭᠤᠣᠯ ᠳᠡᠳ᠋᠎ᠢ ᠲᠣᠳᠣᠷᠬᠠᠢ ᠢᠯᠭ᠋ᠠᠵᠤ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢ ᠠᠬᠢᠭᠤᠯᠬᠤ᠎ᠳᠤ ᠰᠠᠭᠤᠷᠢ ᠵᠢᠨ ᠴᠢᠨᠠᠷᠲᠠᠢ᠂ ᠪᠦᠬᠦ ᠲᠠᠯ᠎ᠠ ᠵᠢᠨ ᠴᠢᠨᠠᠷᠲᠠᠢ᠂ ᠪᠠᠶ᠋ᠢᠯᠳᠤᠬᠤ ᠪᠣᠳᠣᠯᠭ᠎ᠠ ᠵᠢᠨ ᠴᠢᠨᠠᠷᠲᠠᠢ ᠨᠥᠯᠥᠭᠡ ᠪᠦᠬᠦᠢ ᠲᠡᠳᠡᠭᠡᠷ ᠥᠭᠡᠷᠡᠴᠢᠯᠡᠯᠲᠡ ᠵᠢᠨ ᠡᠭᠦᠷᠭᠡ ᠵᠢ ᠲᠡᠷᠢᠭᠦᠨ ᠪᠠᠶ᠋ᠢᠷᠢᠨ᠎ᠳᠤ ᠲᠠᠯᠪᠢᠵᠤ᠂ ᠬᠦᠴᠦᠨ ᠵᠶ᠋ᠠᠨ ᠲᠥᠪᠯᠡᠷᠡᠭᠦᠯᠦᠨ ᠤᠷᠢᠳ ᠵᠶ᠋ᠠᠷ ᠰᠢᠪᠲᠤᠯᠤᠨ᠎ᠠ᠃ ᠠᠷᠠᠳ ᠲᠦᠮᠡᠨ ᠶᠠᠮᠠᠷ ᠬᠦᠰᠡᠯ ᠱᠠᠭ᠋ᠠᠷᠳᠠᠯᠭ᠎ᠠ᠎ᠲᠠᠢ ᠯᠠ ᠪᠣᠯ ᠲᠡᠭᠦᠨ᠎ᠯᠦᠭᠡ ᠵᠣᠬᠢᠴᠠᠭᠰᠠᠨ ᠥᠭᠡᠷᠡᠴᠢᠯᠡᠯᠲᠡ ᠵᠢᠨ ᠬᠠᠷᠢᠭᠤ ᠲᠤᠰᠬᠠᠯ ᠭᠠᠷᠭ᠋ᠠᠬᠤ ᠬᠡᠷᠡᠭᠲᠡᠢ᠃ ᠡᠯ᠎ᠡ ᠵᠦᠢ᠍ᠯ᠎ᠤᠨ ᠥᠭᠡᠷᠡᠴᠢᠯᠡᠯᠲᠡ ᠵᠢᠨ ᠠᠷᠭ᠎ᠠ ᠬᠡᠮᠵᠢᠶ᠎ᠡ ᠵᠢ ᠠᠬᠢᠭᠤᠯᠬᠤ᠎ᠳᠤ᠂ ᠪᠦᠬᠦ ᠰᠡᠳᠬᠢᠯ ᠪᠦᠬᠦ ᠵᠣᠷᠢᠭ ᠵᠶ᠋ᠠᠷ ᠵᠶ᠋ᠠᠨ ᠠᠷᠠᠳ ᠲᠦᠮᠡᠨ᠎ᠳᠤ ᠦᠢ᠍ᠯᠡᠴᠢᠯᠡᠬᠦ ᠵᠣᠷᠢᠯᠲᠠ ᠵᠢ ᠢᠮᠠᠭᠲᠠ ᠰᠡᠳᠬᠢᠯ᠎ᠳᠤ᠎ᠪᠠᠨ ᠪᠤᠳᠤᠵᠤ᠂ ᠠᠷᠠᠳ ᠲᠦᠮᠡᠨ᠎ᠤ ᠠᠰᠢᠭ ᠲᠤᠰᠠ᠎ᠠᠴᠠ ᠡᠭᠦᠰᠬᠦ ᠵᠢ ᠪᠠᠷᠢᠮᠲᠠᠯᠠᠨ ᠥᠭᠡᠷᠡᠴᠢᠯᠡᠯᠲᠡ ᠵᠢᠨ ᠰᠡᠳᠬᠢᠮᠵᠢ᠎ᠪᠠᠨ ᠲᠦᠰᠦᠪᠯᠡᠵᠦ᠂ ᠠᠷᠠᠳ ᠤᠯᠠᠨ᠎ᠳᠤ ᠥᠭᠡᠷᠡᠴᠢᠯᠡᠯᠲᠡ ᠬᠢᠵᠦ ᠣᠯᠣᠭᠰᠠᠨ ᠠᠰᠢᠭ ᠲᠤᠰᠠ ᠵᠢ ᠦᠨᠡᠨ ᠬᠦ᠌ ᠡᠳ᠋ᠯᠡᠭᠦᠯᠦᠨ᠎ᠡ᠃