ᠤᠶᠤᠲᠠᠳ᠎ᠤᠨ ᠠᠵᠢᠯ ᠤᠯᠬᠤ ᠤᠯᠠᠷᠢᠯ᠂ ᠬᠤᠲᠠ ᠬᠥᠳᠡᠭᠡ ᠵᠢᠨ ᠰᠠᠭᠤᠭ᠋ᠠᠯᠢ ᠠᠷᠠᠳ᠎ᠤᠨ ᠡᠮᠴᠢᠯᠡᠭᠡᠨ᠎ᠤ ᠳᠠᠭ᠋ᠠᠳᠬᠠᠯ᠎ᠤᠨ ᠲᠥᠪᠯᠡᠷᠡᠭᠦᠯᠦᠨ ᠰᠦᠢ᠍ᠳᠭᠡᠯ ᠲᠤᠰᠢᠶᠠᠬᠤ ᠬᠤᠭᠤᠴᠠᠭ᠎ᠠ ᠬᠦᠷᠴᠦ ᠢᠷᠡᠬᠦ᠎ᠪᠠᠷ᠂ ᠣᠨᠳᠣᠤ ᠭᠠᠵᠠᠷ᠎ᠲᠤ ᠠᠵᠢᠯ ᠣᠯᠤᠭᠰᠠᠨ ᠪᠤᠶᠤ ᠣᠷᠳᠣ ᠬᠤᠭᠤᠴᠠᠭ᠎ᠠ᠎ᠪᠠᠷ ᠪᠤᠰᠤᠳ ᠭᠠᠵᠠᠷ᠎ᠲᠤ ᠰᠠᠭᠤᠷᠢᠰᠢᠭᠰᠠᠨ ᠵᠡᠷᠭᠡ ᠪᠠᠶ᠋ᠢᠳᠠᠯ᠎ᠠᠴᠠ ᠪᠣᠯᠵᠤ ᠳᠠᠭ᠋ᠠᠳᠬᠠᠯ᠎ᠳᠤ ᠣᠷᠣᠯᠴᠠᠬᠤ ᠭᠠᠵᠠᠷ ᠵᠶ᠋ᠠᠨ ᠬᠤᠪᠢᠷᠠᠭᠤᠯᠬᠤ᠎ᠳᠤ᠂ ᠤᠤᠯ᠎ᠤᠨ ᠳᠠᠭ᠋ᠠᠳᠬᠠᠯ᠎ᠳᠤ ᠣᠷᠣᠯᠴᠠᠭᠰᠠᠨ ᠭᠠᠵᠠᠷ᠎ᠤᠨ ᠬᠤᠲᠠ ᠬᠥᠳᠡᠭᠡ ᠵᠢᠨ ᠰᠠᠭᠤᠭ᠋ᠠᠯᠢ ᠠᠷᠠᠳ᠎ᠤᠨ ᠡᠮᠴᠢᠯᠡᠭᠡᠨ᠎ᠤ ᠳᠠᠭ᠋ᠠᠳᠬᠠᠯ᠎ᠢ ᠲᠦᠷ ᠵᠣᠭᠰᠣᠭ᠋ᠠᠬᠤ ᠴᠢᠬᠤᠯᠠᠲᠠᠶ ᠪᠠᠶ᠋ᠢᠳᠠᠭ᠃ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶᠠᠨ᠎ᠤ ᠲᠠᠨᠢᠯᠴᠠᠭᠤᠯᠤᠭᠰᠠᠨ ᠵᠶ᠋ᠠᠷ᠂ ᠡᠲᠡᠭᠡᠷ ᠰᠠᠭᠤᠭ᠋ᠠᠯᠢ ᠠᠷᠠᠳ᠎ᠤᠨ ᠣᠨᠳᠣᠤ ᠭᠠᠵᠠᠷ᠎ᠲᠤ ᠳᠠᠭ᠋ᠠᠳᠬᠠᠯ᠎ᠳᠤ ᠣᠷᠣᠯᠴᠠᠬᠤ᠎ᠳᠤ ᠳᠥᠭᠦᠮᠯᠡᠬᠦ ᠵᠢᠨ ᠲᠥᠯᠥᠭᠡ᠂ 2024 ᠣᠨ᠎ᠤ 10 ᠳ᠋ᠤᠭ᠋ᠠᠷ ᠰᠠᠷ᠎ᠠ᠎ᠠᠴᠠ ᠡᠬᠢᠯᠡᠨ᠂ ᠥᠪᠥᠷ ᠮᠣᠩᠭᠤᠯ᠎ᠤᠨ ᠬᠤᠲᠠ ᠬᠥᠳᠡᠭᠡ ᠵᠢᠨ ᠰᠠᠭᠤᠭ᠋ᠠᠯᠢ ᠠᠷᠠᠳ᠎ᠤᠨ ᠳᠠᠭ᠋ᠠᠳᠬᠠᠯ᠎ᠳᠤ ᠣᠷᠣᠯᠴᠠᠭᠰᠠᠨ ᠣᠯᠠᠨ ᠲᠦᠮᠡᠨ ᠭᠠᠷ ᠤᠲᠠᠰᠤᠨ᠎ᠤ ᠦᠵᠦᠭᠦᠷ ᠵᠶ᠋ᠠᠷ 《ᠳᠠᠭ᠋ᠠᠳᠬᠠᠯ᠎ᠳᠤ ᠣᠷᠣᠯᠴᠠᠬᠤ᠎ᠪᠠᠨ ᠲᠦᠷ ᠵᠣᠭᠰᠣᠭ᠋ᠠᠬᠤ》 ᠵᠢ ᠭᠦᠢ᠍ᠴᠡᠳᠭᠡᠵᠦ ᠪᠣᠯᠤᠨ᠎ᠠ᠃
ᠬᠤᠲᠠ ᠬᠥᠳᠡᠭᠡ ᠵᠢᠨ ᠰᠠᠭᠤᠭ᠋ᠠᠯᠢ ᠠᠷᠠᠳ᠎ᠤᠨ ᠳᠠᠭ᠋ᠠᠳᠬᠠᠯ᠎ᠳᠤ ᠣᠷᠣᠯᠴᠠᠬᠤ᠎ᠪᠠᠨ ᠲᠦᠷ ᠵᠣᠭᠰᠣᠭ᠋ᠠᠬᠤ ᠴᠤᠪᠤᠷᠠᠯ
ᠭᠦᠢ᠍ᠴᠡᠳᠬᠡᠭᠴᠢ᠎ᠨᠢ ᠤᠯᠤᠰ᠎ᠤᠨ ᠡᠮᠴᠢᠯᠡᠭᠡᠨ᠎ᠤ ᠪᠠᠲᠤᠯᠠᠭ᠎ᠠ App — ᠥᠪᠥᠷ ᠮᠣᠩᠭᠤᠯ ᠲᠤᠰᠬᠠᠶ ᠲᠣᠭᠤᠷᠢᠭ᠂ ᠥᠪᠥᠷ ᠮᠣᠩᠭᠤᠯ᠎ᠤᠨ ᠡᠮᠴᠢᠯᠡᠭᠡᠨ᠎ᠤ ᠪᠠᠲᠤᠯᠠᠭ᠎ᠠ App᠂ ᠸᠢᠴᠠᠲ ᠪᠤᠶᠤ ᡁᠢ ᠹᠦ᠋ ᠪᠣᠣ᠎ᠳᠠᠬᠢ 《ᠥᠪᠥᠷ ᠮᠣᠩᠭᠤᠯ᠎ᠤᠨ ᠡᠮᠴᠢᠯᠡᠭᠡᠨ᠎ᠤ ᠪᠠᠲᠤᠯᠠᠭ᠎ᠠ》 ᠵᠢᠵᠢᠭ ᠫᠷᠤᠭ᠌ᠷᠠᠮ ᠵᠡᠷᠭᠡ ᠠᠷᠭ᠎ᠠ ᠵᠠᠮ ᠵᠶ᠋ᠠᠷ 《ᠬᠤᠲᠠ ᠬᠥᠳᠡᠭᠡ ᠵᠢᠨ ᠰᠠᠭᠤᠭ᠋ᠠᠯᠢ ᠠᠷᠠᠳ᠎ᠤᠨ ᠳᠠᠭ᠋ᠠᠳᠬᠠᠯ᠎ᠳᠤ ᠣᠷᠣᠯᠴᠠᠬᠤ᠎ᠪᠠᠨ ᠲᠦᠷ ᠵᠣᠭᠰᠣᠭ᠋ᠠᠬᠤ》 ᠲᠤᠬᠠᠶ᠋ᠢᠯᠠᠭᠰᠠᠨ ᠠᠵᠢᠯ᠎ᠢ ᠭᠦᠢ᠍ᠴᠡᠳᠬᠡᠵᠦ ᠪᠣᠯᠤᠨ᠎ᠠ᠃
ᠠᠯᠬᠤᠮ ᠨᠢᠭᠡ
《ᠬᠤᠲᠠ ᠬᠥᠳᠡᠭᠡ ᠵᠢᠨ ᠰᠠᠭᠤᠭ᠋ᠠᠯᠢ ᠠᠷᠠᠳ᠎ᠤᠨ ᠳᠠᠭ᠋ᠠᠳᠬᠠᠯ᠎ᠳᠤ ᠣᠷᠣᠯᠴᠠᠬᠤ᠎ᠪᠠᠨ ᠲᠦᠷ ᠵᠣᠭᠰᠣᠭ᠋ᠠᠬᠤ》 ᠴᠢᠳᠠᠮᠵᠢ ᠵᠢᠨ ᠬᠡᠰᠡᠭ᠎ᠠᠴᠠ ᠡᠬᠢᠯᠡᠵᠦ ᠠᠵᠢᠯᠯᠠᠨ᠎ᠠ᠃


ᠠᠯᠬᠤᠮ ᠬᠤᠶᠠᠷ
ᠬᠤᠪᠢ ᠬᠦᠮᠦᠨ᠎ᠤ ᠠᠮᠠᠯᠠᠯᠲᠠ ᠵᠢ ᠤᠩᠰᠢᠭ᠋ᠠᠳ ᠭᠠᠷᠤᠨ ᠦᠰᠦᠭ ᠵᠢᠷᠤᠨ᠎ᠠ᠃

ᠠᠯᠬᠤᠮ ᠭᠤᠷᠪᠠ
《ᠲᠦᠷ ᠵᠣᠭᠰᠣᠭ᠋ᠠᠬᠤ ᠰᠢᠯᠲᠠᠭ᠋ᠠᠨ》 ᠵᠶ᠋ᠠᠨ ᠰᠣᠩᠭᠤᠭ᠋ᠠᠳ ᠲᠤᠰᠢᠶᠠᠨ᠎ᠠ᠃
ᠠᠯᠬᠤᠮ ᠳᠥᠷᠪᠡ
ᠠᠮᠵᠢᠯᠲᠠ᠎ᠲᠠᠢ ᠲᠤᠰᠢᠶᠠᠪᠠᠯ ᠳᠠᠷᠤᠢ ᠲᠤᠬᠠᠶ᠋ᠢᠯᠠᠭᠰᠠᠨ ᠠᠵᠢᠯ᠎ᠢ ᠭᠦᠢ᠍ᠴᠡᠳᠬᠡᠭᠰᠡᠨ ᠵᠶ᠋ᠠᠷ ᠪᠣᠳᠣᠵᠤ᠂ ᠬᠢᠨᠠᠨ ᠬᠠᠷᠭᠤᠭᠤᠯᠬᠤ ᠴᠢᠬᠤᠯᠠ ᠦᠭᠡᠢ᠃
ᠭᠠᠷ ᠤᠲᠠᠰᠤᠨ ᠳᠡᠭᠡᠷ᠎ᠡ ᠳᠠᠭ᠋ᠠᠳᠬᠠᠯ᠎ᠳᠤ ᠣᠷᠣᠯᠴᠠᠬᠤ᠎ᠪᠠᠨ ᠲᠦᠷ ᠵᠣᠭᠰᠣᠭ᠋ᠠᠭᠰᠠᠨ᠎ᠤ ᠳᠠᠷᠠᠭ᠎ᠠ᠂ ᠰᠢᠯᠵᠢᠭᠦᠯᠬᠦ ᠭᠡᠵᠦ ᠪᠠᠶ᠋ᠢᠭ᠎ᠠ ᠭᠠᠵᠠᠷ ᠣᠷᠣᠨ᠎ᠤ ᠡᠮᠴᠢᠯᠡᠭᠡᠨ᠎ᠤ ᠪᠠᠲᠤᠯᠠᠭ᠎ᠠ ᠵᠢᠨ ᠰᠠᠯᠠᠭ᠎ᠠ ᠮᠥᠴᠢᠷ᠎ᠯᠦᠭᠡ ᠬᠠᠷᠢᠯᠴᠠᠵᠤ ᠪᠠᠶ᠋ᠢᠭ᠋ᠠᠳ ᠳᠠᠭ᠋ᠠᠳᠬᠠᠯ᠎ᠳᠤ ᠣᠷᠣᠯᠴᠠᠬᠤ ᠬᠠᠷᠢᠴᠠᠭ᠋ᠠᠨ᠎ᠤ ᠰᠢᠨ᠎ᠡ ᠳᠡᠩᠰᠡᠯᠡᠯᠲᠡ᠎ᠪᠠᠨ ᠭᠦᠢ᠍ᠴᠡᠳᠬᠡᠨ᠎ᠡ᠃