ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠢᠯᠡ ᠵᠠᠰᠠᠭ   -   ᠲᠥᠷᠥ᠎ᠶᠢᠨ ᠪᠣᠳᠣᠯᠭ᠎ᠠ᠎ᠶᠢᠨ ᠲᠠᠶ᠋ᠢᠯᠤᠮᠵᠢ
ᠴᠢᠨᠠᠷ ᠰᠠᠶ᠋ᠢᠲᠠᠢ᠎ᠪᠠᠷ ᠭᠦᠢ᠍ᠴᠡᠳ ᠠᠵᠢᠯ ᠣᠯᠭᠤᠬᠤ᠎ᠪᠠᠨ ᠠᠬᠢᠭᠤᠯᠬᠤ ᠲᠣᠭᠲᠠᠴᠠ ᠵᠢ ᠬᠡᠷᠬᠢᠨ ᠪᠠᠶ᠋ᠢᠭᠤᠯᠬᠤ ᠪᠤᠢ?
ᠨᠡᠶᠢᠲᠡᠯᠡᠭᠰᠡᠨ ᠴᠠᠭ᠄ 2025-01-13

    ᠨᠠᠮ᠎ᠤᠨ ᠬᠤᠷᠢᠳᠤᠭ᠋ᠠᠷ ᠬᠤᠭᠤᠴᠠᠭ᠋ᠠᠨ᠎ᠤ ᠲᠥᠪ ᠬᠤᠷᠢᠶᠠᠨ᠎ᠤ ᠭᠤᠷᠪᠠᠳᠤᠭ᠋ᠠᠷ ᠪᠥᠬᠦᠳᠡ ᠬᠤᠷᠠᠯᠳᠤᠭ᠋ᠠᠨ ᠵᠶ᠋ᠠᠷ ᠬᠢᠨᠠᠨ ᠵᠥᠪᠯᠡᠵᠦ ᠪᠠᠲᠤᠯᠠᠭᠰᠠᠨ 《ᠥᠭᠡᠷᠡᠴᠢᠯᠡᠯᠲᠡ ᠵᠢ ᠤᠯᠠᠮ ᠨᠢᠭᠡ ᠠᠯᠬᠤᠮ ᠪᠦᠬᠦ ᠲᠠᠯ᠎ᠠ᠎ᠪᠠᠷ ᠭᠦᠨᠵᠡᠭᠡᠶ᠋ᠢᠷᠡᠭᠦᠯᠵᠦ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢ ᠠᠬᠢᠭᠤᠯᠬᠤ ᠲᠤᠬᠠᠢ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠤᠷᠢᠶᠠᠨ᠎ᠤ ᠲᠣᠭᠲᠠᠭ᠋ᠠᠯ》᠎ᠳᠤ ᠠᠵᠢᠯ ᠣᠯᠭᠤᠯᠲᠠ ᠵᠢ ᠤᠷᠢᠳ ᠵᠶ᠋ᠠᠷ ᠪᠣᠳᠣᠯᠬᠢᠯᠠᠬᠤ ᠲᠦᠷᠦ ᠵᠢᠨ ᠪᠤᠳᠤᠯᠭ᠎ᠠ ᠵᠢ ᠲᠡᠭᠦᠯᠳᠡᠷᠵᠢᠭᠦᠯᠬᠦ ᠲᠤᠬᠠᠢ ᠠᠯᠢ ᠤᠯᠠᠨ ᠰᠢᠨ᠎ᠡ ᠪᠠᠶ᠋ᠢᠷᠢᠯᠠᠭᠤᠯᠤᠯᠲᠠ ᠬᠢᠪᠡ᠃ ᠡᠭᠦᠨ᠎ᠳᠤ 《ᠴᠢᠨᠠᠷ ᠰᠠᠶ᠋ᠢᠲᠠᠢ᠎ᠪᠠᠷ ᠭᠦᠢ᠍ᠴᠡᠳ ᠠᠵᠢᠯ ᠣᠯᠭᠤᠬᠤ᠎ᠪᠠᠨ ᠠᠬᠢᠭᠤᠯᠬᠤ ᠲᠣᠭᠲᠠᠴᠠ ᠵᠢ ᠲᠡᠭᠦᠯᠳᠡᠷᠵᠢᠭᠦᠯᠬᠦ》 ᠱᠠᠭ᠋ᠠᠷᠳᠠᠯᠭ᠎ᠠ ᠵᠢ᠎ᠨᠢ ᠠᠵᠢᠯ ᠣᠯᠭᠤᠯᠲᠠ ᠵᠢᠨ ᠶᠡᠷᠦᠩᠬᠡᠢ ᠬᠡᠪᠴᠢᠶᠡᠨ᠎ᠤ ᠳᠠᠷᠤᠯᠲᠠ ᠪᠠ ᠪᠦᠲᠦᠴᠡ ᠵᠢᠨ ᠴᠢᠨᠠᠷᠲᠠᠢ ᠵᠥᠷᠢᠴᠡᠯ ᠵᠡᠷᠭᠡ᠎ᠪᠠᠷ ᠣᠷᠣᠰᠢᠵᠤ ᠪᠠᠶ᠋ᠢᠭ᠎ᠠ ᠠᠬᠤᠢ ᠪᠠᠶ᠋ᠢᠳᠠᠯ᠎ᠳᠤ ᠶᠠᠭ᠋ᠠᠬᠢᠵᠤ ᠨᠠᠶ᠋ᠢᠳᠠᠪᠤᠷᠢᠵᠢᠭᠤᠯᠪᠠᠯ ᠵᠣᠬᠢᠬᠤ ᠪᠤᠢ?
    ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠶᠠᠮᠤᠨ᠎ᠤ ᠰᠠᠶ᠋ᠢᠳ ᠸᠠᠩ ᠰᠢᠶᠤᠤ ᠫᠢᠩ᠄ 《ᠴᠢᠨᠠᠷ ᠰᠠᠶ᠋ᠢᠲᠠᠶ᠎ᠪᠠᠷ ᠭᠦᠢ᠍ᠴᠡᠳ ᠠᠵᠢᠯ ᠣᠯᠭᠤᠬᠤ᠎ᠪᠠᠨ ᠠᠬᠢᠭᠤᠯᠬᠤ ᠪᠣᠯ ᠰᠢᠨ᠎ᠡ ᠴᠠᠭ ᠦᠶ᠎ᠡ ᠰᠢᠨ᠎ᠡ ᠠᠶᠠᠨ᠎ᠤ ᠠᠵᠢᠯ ᠣᠯᠭᠤᠯᠲᠠ ᠵᠢᠨ ᠠᠵᠢᠯ᠎ᠤᠨ ᠰᠢᠨ᠎ᠡ ᠪᠠᠶ᠋ᠢᠷᠢ ᠲᠣᠭᠲᠠᠭ᠋ᠠᠯᠲᠠ᠂ ᠰᠢᠨ᠎ᠡ ᠡᠭᠦᠷᠭᠡ ᠬᠠᠷᠢᠭᠤᠴᠠᠯᠭ᠎ᠠ ᠪᠣᠯᠣᠨ᠎ᠠ᠃ ᠳᠠᠷᠠᠭ᠋ᠠᠴᠢ ᠵᠢᠨ ᠠᠯᠬᠤᠮ᠎ᠳᠤ 《ᠲᠣᠭᠲᠠᠭ᠋ᠠᠯ》᠎ᠤᠨ ᠪᠠᠶ᠋ᠢᠷᠢᠯᠠᠭᠤᠯᠤᠯᠲᠠ ᠶᠣᠰᠣᠭ᠋ᠠᠷ᠂ ᠴᠢᠨᠠᠷ ᠰᠠᠶ᠋ᠢᠲᠠᠢ᠎ᠪᠠᠷ ᠭᠦᠢ᠍ᠴᠡᠳ ᠠᠵᠢᠯ ᠣᠯᠭᠤᠬᠤ᠎ᠪᠠᠨ ᠠᠬᠢᠭᠤᠯᠬᠤ᠎ᠪᠠᠷ ᠬᠠᠷᠠᠯᠲᠠ᠂ ᠠᠵᠢᠯ ᠣᠯᠭᠤᠯᠲᠠ ᠵᠢ ᠤᠷᠢᠳ ᠵᠶ᠋ᠠᠷ ᠪᠣᠳᠣᠯᠬᠢᠯᠠᠬᠤ ᠪᠠᠶ᠋ᠢᠯᠳᠤᠬᠤ ᠪᠤᠳᠤᠯᠭ᠎ᠠ ᠵᠢ ᠬᠡᠷᠡᠭᠵᠢᠭᠦᠯᠬᠦ᠎ᠪᠠᠷ ᠵᠢᠯᠤᠭᠤᠳᠤᠯᠭ᠎ᠠ᠂ ᠠᠵᠢᠯ ᠣᠯᠭᠤᠯᠲᠠ ᠵᠢ ᠤᠷᠢᠳ ᠵᠶ᠋ᠠᠷ ᠪᠣᠳᠣᠯᠬᠢᠯᠠᠬᠤ ᠲᠦᠷᠦ ᠵᠢᠨ ᠪᠤᠳᠤᠯᠭ᠎ᠠ ᠵᠢ ᠴᠢᠩᠭ᠋ᠠᠷᠠᠭᠤᠯᠬᠤ᠎ᠪᠠᠷ ᠭᠠᠷᠳᠠᠴᠠ᠂ ᠠᠵᠢᠯ ᠣᠯᠭᠤᠯᠲᠠ ᠵᠢᠨ ᠪᠠᠶ᠋ᠢᠭᠤᠯᠤᠯ ᠲᠣᠭᠲᠠᠴᠠ ᠵᠢᠨ ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠬᠦ᠎ᠪᠠᠷ ᠬᠦᠳᠡᠯᠭᠡᠭᠴᠢ ᠬᠦᠴᠦᠨ ᠪᠣᠯᠭ᠋ᠠᠨ᠂ ᠠᠵᠢᠯ ᠣᠯᠭᠤᠯᠲᠠ ᠵᠢᠨ ᠴᠢᠨᠠᠷ ᠴᠢᠨᠰᠠᠭ᠎ᠠ ᠵᠢ ᠪᠦᠲᠦᠮᠵᠢᠲᠡᠢ ᠰᠠᠶ᠋ᠢᠵᠢᠷᠠᠭᠤᠯᠬᠤ ᠪᠠ ᠲᠤᠭ᠎ᠠ ᠬᠡᠮᠵᠢᠶ᠎ᠡ᠎ᠪᠠᠨ ᠵᠣᠬᠢᠰᠲᠠᠢ ᠨᠡᠮᠡᠭᠳᠡᠭᠦᠯᠬᠦ ᠵᠢ ᠦᠷᠭᠦᠯᠵᠢᠯᠡᠨ ᠠᠬᠢᠭᠤᠯᠤᠨ᠎ᠠ》 ᠬᠡᠮᠡᠪᠡ᠃
    ᠣᠶ᠋ᠢᠷ᠎ᠠ ᠵᠢᠨ ᠵᠢᠯ᠎ᠤᠳ᠎ᠲᠤ᠂ ᠮᠠᠨ᠎ᠤ ᠤᠯᠤᠰ᠎ᠤᠨ ᠬᠥᠳᠡᠯᠮᠦᠷᠢᠯᠡᠬᠦ ᠨᠠᠰᠤᠨ᠎ᠤ ᠬᠥᠮᠦᠨ ᠠᠮᠠ ᠲᠠᠰᠤᠷᠠᠯᠲᠠ ᠦᠭᠡᠢ ᠪᠠᠭ᠋ᠠᠰᠤᠭᠰᠠᠨ ᠪᠣᠯᠪᠠᠴᠤ ᠬᠥᠳᠡᠯᠮᠦᠷᠢ ᠬᠦᠴᠦᠨ᠎ᠤ ᠶᠡᠷᠦᠩᠬᠡᠢ ᠬᠡᠪᠴᠢᠶ᠎ᠡ ᠮᠥᠨ ᠯᠡ ᠠᠰᠤᠷᠤ ᠶᠡᠭᠡ ᠪᠠᠶ᠋ᠢᠭ᠎ᠠ ᠪᠣᠯᠬᠤᠷ ᠠᠵᠢᠯ ᠣᠯᠭᠤᠯᠲᠠ ᠵᠢᠨ ᠶᠡᠷᠦᠩᠬᠡᠢ ᠬᠡᠪᠴᠢᠶᠡᠨ᠎ᠤ ᠳᠠᠷᠤᠯᠲᠠ ᠮᠥᠨ ᠣᠷᠣᠰᠢᠭᠰᠠᠭ᠋ᠠᠷ ᠪᠠᠶ᠋ᠢᠨ᠎ᠠ᠃ ᠡᠭᠦᠨ᠎ᠤ ᠬᠠᠮᠲᠤ᠂ ᠬᠥᠳᠡᠯᠮᠦᠷᠢ ᠬᠦᠴᠦᠨ᠎ᠤ ᠪᠦᠲᠦᠴᠡ᠎ᠳᠤ ᠭᠦᠨᠵᠡᠭᠡᠶ ᠬᠤᠪᠢᠷᠠᠯᠲᠠ ᠭᠠᠷᠴᠤ᠂ ᠰᠢᠨ᠎ᠡ ᠴᠢᠨᠠᠷ ᠪᠦᠬᠦᠢ ᠦᠢ᠍ᠯᠡᠳᠪᠦᠷᠢᠯᠡᠯ᠎ᠤᠨ ᠬᠦᠴᠦᠨ᠎ᠤ ᠲᠦᠷᠭᠡᠨ ᠬᠥᠭᠵᠢᠯᠲᠡ᠂ ᠰᠢᠨ᠎ᠡ᠎ᠪᠠᠷ ᠪᠤᠢ ᠪᠣᠯᠣᠬᠰᠠᠨ ᠠᠵᠤ ᠦᠢ᠍ᠯᠡᠰ᠎ᠤᠨ ᠪᠣᠶ᠋ᠢᠵᠢᠨ ᠪᠤᠵᠠᠭ᠋ᠠᠶ᠋ᠢᠷᠠᠯᠲᠠ ᠪᠠ ᠢᠷᠡᠭᠡᠳᠦᠶ ᠵᠢᠨ ᠠᠵᠤ ᠦᠢ᠍ᠯᠡᠰ᠎ᠤᠨ ᠪᠠᠶ᠋ᠢᠷᠢᠰᠢᠯ᠎ᠤᠨ ᠪᠥᠲᠥᠭᠡᠨ ᠪᠠᠶ᠋ᠢᠭᠤᠯᠤᠯᠲᠠ ᠵᠡᠷᠭᠡ᠎ᠨᠢ ᠬᠥᠳᠡᠯᠮᠦᠷᠢᠴᠢᠳ᠎ᠤᠨ ᠤᠷ᠎ᠠ ᠮᠡᠷᠭᠡᠰᠢᠯ᠎ᠤᠨ ᠬᠢᠷᠢ ᠲᠦᠪᠰᠢᠨ᠎ᠳᠤ ᠨᠠᠩ ᠥᠨᠳᠥᠷ ᠱᠠᠭ᠋ᠠᠷᠳᠠᠯᠭ᠎ᠠ ᠳᠤᠷᠠᠳᠤᠭᠰᠠᠨ ᠪᠠᠶ᠋ᠢᠨ᠎ᠠ᠃ ᠤᠷ᠎ᠠ ᠮᠡᠷᠭᠡᠰᠢᠯᠳᠦ ᠴᠢᠳᠠᠪᠤᠷᠢᠲᠠᠨ ᠳᠤᠲᠠᠭᠳᠠᠬᠤ᠂ ᠬᠥᠮᠦᠨ᠎ᠤ ᠬᠦᠴᠦᠨ᠎ᠤ ᠡᠬᠢ ᠪᠠᠶᠠᠯᠢᠭ᠎ᠤᠨ ᠬᠠᠩᠭ᠋ᠠᠯᠭ᠎ᠠ ᠬᠡᠷᠡᠭᠴᠡᠭᠡ ᠳᠣᠬᠢᠷᠠᠯᠴᠠᠬᠤ ᠦᠭᠡᠢ᠂ 《ᠠᠵᠢᠯ ᠪᠠᠶ᠋ᠢᠪᠠᠴᠤ ᠬᠢᠬᠦ ᠬᠦᠳᠡᠯᠮᠦᠷᠢ ᠬᠦᠴᠦ ᠦᠭᠡᠢ᠂ ᠬᠦᠳᠡᠯᠮᠦᠷᠢ ᠬᠦᠴᠦ ᠪᠠᠶ᠋ᠢᠪᠠᠴᠤ ᠬᠢᠬᠦ ᠠᠵᠢᠯ ᠦᠭᠡᠢ》 ᠪᠠᠶ᠋ᠢᠳᠠᠯ ᠵᠡᠷᠭᠡ᠎ᠪᠠᠷ ᠣᠷᠣᠰᠢᠵᠤ᠂ ᠪᠦᠲᠦᠴᠡ ᠵᠢᠨ ᠴᠢᠨᠠᠷᠲᠠᠢ ᠠᠵᠢᠯ ᠣᠯᠭᠤᠯᠲᠠ ᠵᠢᠨ ᠵᠥᠷᠢᠴᠡᠯ ᠡᠳᠦᠷ ᠢᠷᠡᠬᠦᠶ᠎ᠡ ᠲᠤᠪᠤᠶ᠋ᠢᠮ᠎ᠠ ᠪᠣᠯᠵᠠᠢ᠃
    ᠸᠠᠩ ᠰᠢᠶᠤᠤ ᠫᠢᠩ ᠢᠯᠡᠷᠬᠡᠶ᠋ᠢᠯᠡᠬᠦ᠎ᠳᠤ᠎ᠪᠠᠨ 《ᠡᠷᠬᠡᠪᠰᠢ ᠠᠵᠢᠯ ᠣᠯᠭᠤᠯᠲᠠ ᠵᠢ ᠤᠷᠢᠳ ᠵᠶ᠋ᠠᠷ ᠪᠣᠳᠣᠯᠬᠢᠯᠠᠬᠤ ᠵᠢ ᠢᠮᠠᠭᠲᠠ ᠪᠠᠷᠢᠮᠲᠠᠯᠠᠵᠤ᠂ ᠴᠢᠨᠠᠷ ᠰᠠᠶ᠋ᠢᠲᠠᠶ ᠬᠥᠭᠵᠢᠯᠲᠡ ᠵᠢᠨ ᠶᠠᠪᠤᠴᠠ ᠵᠢ ᠠᠵᠢᠯ ᠣᠯᠭᠤᠯᠲᠠ ᠵᠢᠨ ᠴᠢᠨᠠᠷ ᠴᠢᠨᠰᠠᠭ᠎ᠠ᠎ᠪᠠᠨ ᠰᠠᠶ᠋ᠢᠵᠢᠷᠠᠭᠤᠯᠤᠨ ᠪᠠᠭᠲᠠᠭ᠋ᠠᠮᠵᠢ᠎ᠪᠠᠨ ᠥᠷᠭᠡᠳᠬᠡᠬᠦ ᠶᠠᠪᠤᠴᠠ ᠪᠣᠯᠭ᠋ᠠᠬᠤ ᠬᠡᠷᠡᠭᠲᠡᠶ᠃》 ᠡᠳ᠋᠎ᠤᠨ ᠵᠠᠰᠠᠭ᠂ ᠵᠣᠭᠤᠰ᠂ ᠪᠠᠯᠠ ᠣᠷᠣᠭᠤᠯᠤᠯᠲᠠ᠂ ᠬᠡᠷᠡᠭᠯᠡᠭᠡ᠂ ᠠᠵᠤ ᠦᠢ᠍ᠯᠡᠰ᠂ ᠣᠷᠣᠨ ᠪᠦᠰᠡ ᠵᠡᠷᠭᠡ ᠵᠢᠨ ᠲᠥᠷᠥ ᠵᠢᠨ ᠪᠣᠳᠣᠯᠭ᠎ᠠ ᠬᠢᠭᠡᠳ ᠠᠵᠢᠯ ᠣᠯᠭᠤᠯᠲᠠ ᠵᠢᠨ ᠲᠥᠷᠥ ᠵᠢᠨ ᠪᠣᠳᠣᠯᠭ᠎ᠠ ᠵᠢᠨ ᠵᠣᠬᠢᠴᠠᠯᠳᠤᠨ ᠬᠤᠯᠪᠤᠭ᠋ᠠᠯᠠᠵᠤ ᠬᠥᠳᠡᠯᠦᠯᠴᠡᠬᠦ ᠵᠢ ᠠᠬᠢᠭᠤᠯᠵᠤ᠂ ᠡᠯ᠎ᠡ ᠲᠥᠷᠥᠯ᠎ᠤᠨ ᠡᠵᠡᠩᠨᠡᠯᠲᠡ ᠵᠢᠨ ᠭᠤᠤᠯ ᠴᠣᠭᠴᠠ ᠵᠢᠨ ᠬᠥᠳᠡᠯᠮᠦᠷᠢ ᠬᠦᠴᠦ ᠵᠢ ᠣᠷᠣᠭᠤᠯᠤᠨ ᠠᠪᠤᠳᠠᠭ ᠭᠤᠤᠯ ᠪᠣᠯᠬᠤ ᠠᠷᠭ᠎ᠠ ᠵᠠᠮ᠎ᠤᠨ ᠦᠢ᠍ᠯᠡᠳᠦᠯ᠎ᠢ᠎ᠨᠢ ᠭᠦᠢ᠍ᠴᠡᠳ ᠪᠠᠳᠠᠷᠠᠭᠤᠯᠤᠨ᠎ᠠ᠃ ᠡᠭᠦᠨ᠎ᠤ ᠬᠠᠮᠲᠤ ᠠᠵᠢᠯ ᠣᠯᠭᠤᠯᠲᠠ᠎ᠳᠤ ᠨᠥᠬᠦᠷᠰᠡᠭ ᠬᠡᠯᠪᠡᠷᠢ ᠪᠦᠬᠦᠢ ᠬᠥᠭᠵᠢᠯᠲᠡ ᠵᠢᠨ ᠠᠷᠭ᠎ᠠ ᠪᠠᠷᠢᠯ᠎ᠢ ᠢᠳᠡᠪᠬᠢᠲᠡᠢ ᠪᠤᠢ ᠪᠣᠯᠭ᠋ᠠᠵᠤ᠂ ᠰᠠᠶ᠋ᠢᠨ ᠰᠠᠶ᠋ᠢᠬᠠᠨ ᠠᠵᠢᠯ ᠣᠯᠭᠤᠯᠲᠠ ᠵᠢᠨ ᠠᠮᠢ ᠠᠬᠤᠢ ᠵᠢ ᠪᠣᠢ ᠪᠣᠯᠭ᠋ᠠᠨ᠎ᠠ᠃
    《ᠲᠣᠭᠲᠠᠭ᠋ᠠᠯ》᠎ᠳᠤ 《ᠪᠦᠲᠦᠴᠡ ᠵᠢᠨ ᠴᠢᠨᠠᠷᠲᠠᠢ ᠠᠵᠢᠯ ᠣᠯᠭᠤᠯᠲᠠ ᠵᠢᠨ ᠵᠥᠷᠢᠴᠡᠯ᠎ᠢ ᠬᠦᠴᠦᠯᠡᠨ ᠰᠢᠢ᠍ᠳᠪᠦᠷᠢᠯᠡᠨ᠎ᠡ》 ᠭᠡᠵᠦ ᠴᠢᠬᠤᠯᠠᠴᠢᠯᠠᠪᠠ᠃ ᠠᠰᠠᠭᠤᠳᠠᠯ᠎ᠢ ᠰᠢᠢ᠍ᠳᠪᠦᠷᠢᠯᠡᠬᠦ ᠵᠢᠨ ᠵᠠᠩᠭᠢᠯᠠᠭ᠎ᠠ᠎ᠨᠢ ᠤᠷ᠎ᠠ ᠮᠡᠷᠭᠡᠰᠢᠯᠳᠦ ᠴᠢᠳᠠᠪᠤᠷᠢᠲᠠᠳ᠎ᠢ ᠬᠥᠮᠦᠵᠢᠭᠦᠯᠬᠦ᠂ ᠬᠡᠷᠡᠭᠯᠡᠬᠦ᠂ ᠦᠨᠡᠯᠡᠬᠦ᠂ ᠤᠷᠮᠠᠰᠢᠭᠤᠯᠬᠤ ᠳᠦᠷᠢᠮ᠎ᠢ ᠲᠡᠭᠦᠯᠳᠡᠷᠵᠢᠭᠦᠯᠬᠦ ᠶᠠᠪᠤᠳᠠᠯ ᠪᠣᠯᠤᠨ᠎ᠠ᠃
    《ᠪᠢᠳᠡ ᠰᠤᠷᠭ᠋ᠠᠨ ᠬᠥᠮᠦᠵᠢᠯ᠂ ᠪᠣᠯᠪᠠᠰᠤᠷᠠᠯ ᠪᠠ ᠠᠵᠢᠯ ᠣᠯᠭᠤᠯᠲᠠ ᠵᠢ ᠨᠢᠭᠡᠳᠦᠯᠲᠡᠢ ᠲᠥᠯᠥᠪᠯᠡᠨ ᠰᠠᠶ᠋ᠢᠲᠤᠷ ᠠᠳᠬᠤᠵᠤ᠂ ᠬᠥᠮᠦᠨ᠎ᠤ ᠬᠦᠴᠦᠨ᠎ᠤ ᠡᠬᠢ ᠪᠠᠶᠠᠯᠢᠭ᠎ᠤᠨ ᠬᠡᠷᠡᠭᠴᠡᠭᠡ ᠱᠠᠭ᠋ᠠᠷᠳᠠᠯᠭ᠎ᠠ ᠵᠢ ᠲᠥᠰᠦᠭᠡᠯᠡᠬᠦ ᠲᠣᠭᠲᠠᠴᠠ ᠪᠠᠶ᠋ᠢᠭᠤᠯᠵᠤ᠂ ᠬᠠᠩᠭ᠋ᠠᠯᠭ᠎ᠠ ᠬᠡᠷᠡᠭᠴᠡᠭᠡ ᠵᠢ ᠵᠣᠯᠭ᠋ᠠᠭᠤᠯᠬᠤ᠎ᠪᠠᠨ ᠴᠢᠩᠭ᠋ᠠᠳᠬᠠᠨ᠎ᠠ᠃ ᠬᠦᠮᠦᠵᠢᠬᠦᠯᠬᠦ ᠠᠷᠭ᠎ᠠ ᠪᠠᠷᠢᠯ᠎ᠤᠨ ᠲᠠᠯ᠎ᠠ᠎ᠪᠠᠷ ᠰᠢᠨ᠎ᠡ ᠵᠢ ᠡᠬᠦᠳᠴᠥ᠂ ᠠᠵᠦ ᠠᠬᠤᠶ᠋ᠢᠯᠠᠯ᠎ᠤᠨ ᠬᠦᠮᠦᠵᠢᠬᠦᠯᠥᠨ ᠭᠡᠷᠡᠭᠯᠡᠬᠦ ᠭᠤᠤᠯ ᠴᠣᠠᠠᠴᠠ ᠵᠢᠨ ᠦᠢ᠍ᠯᠡᠳᠣᠯ᠎ᠢ᠎ᠨᠢ ᠬᠦᠢ᠍ᠴᠡᠳ ᠪᠠᠳᠡᠷᠡᠭᠤᠯᠥᠨ᠎ᠠ᠃ ᠤᠷ᠎ᠠ ᠮᠡᠷᠭᠡᠰᠢᠯᠳᠦ ᠴᠢᠳᠠᠪᠤᠷᠢᠲᠠᠳ᠎ᠤᠨ ᠬᠥᠭᠵᠢᠯᠲᠡ ᠵᠢᠨ ᠵᠠᠮ᠎ᠢ ᠰᠢᠯᠤᠭᠤᠳᠬᠠᠵᠤ᠂ ᠤᠷ᠎ᠠ ᠮᠡᠷᠭᠡᠰᠢᠯᠳᠦ ᠴᠢᠳᠠᠪᠤᠷᠢᠲᠠᠳ᠎ᠤᠨ ᠬᠦᠯᠦᠰᠦ ᠣᠯᠭᠤᠮᠵᠢ ᠵᠢᠨ ᠬᠢᠷᠢ ᠲᠦᠪᠰᠢᠨ᠎ᠢ ᠠᠯᠬᠤᠮ ᠠᠯᠬᠤᠮ ᠵᠶ᠋ᠠᠷ ᠳᠡᠭᠡᠭᠰᠢᠯᠡᠭᠦᠯᠦᠨ᠂ ᠡᠯ᠎ᠡ ᠲᠦᠷᠦᠯ᠎ᠤᠨ ᠠᠵᠢᠯ ᠮᠡᠷᠭᠡᠵᠢᠯ᠎ᠤᠨ ᠤᠷ᠎ᠠ ᠮᠡᠷᠭᠡᠰᠢᠯ᠎ᠤᠨ ᠤᠷᠤᠯᠳᠤᠭ᠋ᠠᠨ᠎ᠨᠤᠭᠤᠳ᠎ᠢ ᠥᠷᠭᠡᠨ ᠵᠶ᠋ᠠᠷ ᠥᠷᠨᠢᠭᠦᠯᠵᠦ᠂ ᠰᠠᠶ᠋ᠢᠨ ᠰᠠᠶ᠋ᠢᠬᠠᠨ ᠪᠠᠶ᠋ᠢᠳᠠᠯ᠎ᠢ ᠪᠤᠢ ᠪᠣᠯᠭ᠋ᠠᠨ᠎ᠠ》 ᠬᠡᠮᠡᠨ ᠸᠠᠩ ᠰᠢᠶᠤᠤ ᠫᠢᠩ ᠬᠡᠯᠡᠪᠡ᠃
    ᠸᠠᠩ ᠰᠢᠶᠣᠤ ᠫᠢᠩ ᠢᠯᠡᠷᠬᠡᠶ᠋ᠢᠯᠡᠬᠦ᠎ᠳᠤ᠎ᠪᠠᠨ᠂ ᠶᠡᠭᠡ ᠳᠡᠭᠡᠳᠦ ᠰᠤᠷᠭ᠋ᠠᠭᠤᠯᠢ ᠲᠡᠭᠦᠰᠦᠭᠰᠡᠳ ᠵᠡᠷᠭᠡ ᠵᠠᠯᠠᠭᠤᠴᠤᠳ᠎ᠢ ᠴᠢᠬᠤᠯᠠ᠎ᠠᠴᠠ ᠴᠢᠬᠤᠯᠠ᠎ᠪᠠᠷ ᠦᠵᠡᠵᠦ᠂ ᠠᠵᠢᠯ ᠣᠯᠭᠤᠬᠤ ᠣᠷᠣᠨ ᠵᠠᠶ ᠵᠢ᠎ᠨᠢ ᠥᠷᠭᠡᠳᠬᠡᠨ᠂ ᠦᠰᠦᠨ ᠪᠤᠶ᠋ᠢᠵᠢᠬᠤ ᠵᠠᠮ᠎ᠢ᠎ᠨᠢ ᠰᠢᠯᠤᠭᠤᠳᠬᠠᠵᠤ᠂ ᠦᠢ᠍ᠯᠡᠴᠢᠯᠡᠭᠡ ᠪᠠ ᠠᠵᠢᠯ ᠤᠯᠬᠤ ᠦᠵᠡᠯᠲᠡ ᠵᠢ᠎ᠨᠢ ᠬᠥᠲᠥᠯᠥᠨ ᠵᠢᠯᠣᠭᠤᠳᠬᠤ᠎ᠪᠠᠨ ᠴᠢᠩᠭ᠋ᠠᠷᠠᠭᠤᠯᠤᠨ᠎ᠠ᠃ ᠬᠦᠯᠦᠰᠦᠨ ᠠᠵᠢᠯᠴᠢᠳ᠎ᠤᠨ ᠭᠠᠳᠠᠭᠰᠢ ᠭᠠᠷᠴᠤ ᠠᠵᠢᠯ ᠣᠯᠬᠤ ᠪᠠ ᠲᠤᠬᠠᠢ ᠵᠢᠨ ᠭᠠᠵᠠᠷ ᠪᠤᠶᠤ ᠣᠶ᠋ᠢᠷ᠎ᠠ ᠬᠠᠪᠢ᠎ᠳᠤ᠎ᠪᠠᠨ ᠠᠵᠢᠯ ᠣᠯᠬᠤ ᠵᠢ᠎ᠨᠢ ᠵᠡᠷᠭᠡ᠎ᠪᠠᠷ ᠴᠢᠬᠤᠯᠠᠴᠢᠯᠠᠬᠤ ᠵᠢ ᠪᠠᠷᠢᠮᠲᠠᠯᠠᠨ᠎ᠠ᠂ ᠢᠯᠠᠩᠭᠤᠶ᠎ᠠ ᠶᠠᠳᠠᠭᠤ᠎ᠠᠴᠠ ᠠᠩᠭᠢᠵᠢᠷᠠᠭᠰᠠᠨ ᠬᠦᠮᠦᠰ᠎ᠤᠨ ᠬᠦᠳᠡᠯᠮᠦᠷᠢᠯᠡᠬᠦ ᠬᠡᠪᠴᠢᠶ᠎ᠡ ᠪᠠ ᠬᠦᠳᠡᠯᠮᠦᠷᠢᠯᠡᠭᠰᠡᠨ ᠣᠷᠣᠯᠭ᠎ᠠ ᠵᠢ᠎ᠨᠢ ᠲᠣᠭᠲᠠᠪᠤᠷᠢᠲᠠᠶ ᠪᠠᠶ᠋ᠢᠯᠭ᠋ᠠᠨ᠎ᠠ᠃ ᠠᠵᠢᠯ ᠣᠯᠬᠤ᠎ᠳᠤ ᠬᠦᠴᠢᠷᠲᠡᠶ ᠬᠥᠮᠦᠰ᠎ᠤᠨ ᠨᠡᠶ᠋ᠢᠲᠡ ᠵᠢᠨ ᠠᠰᠠᠷᠠᠮᠵᠢ ᠵᠢᠨ ᠴᠢᠨᠠᠷᠲᠠᠶ ᠠᠵᠢᠯ᠎ᠤᠨ ᠪᠠᠶ᠋ᠢᠷᠢ ᠵᠡᠷᠭᠡ ᠪᠠᠲᠤᠯᠠᠵᠤ ᠲᠥᠪᠬᠢᠨᠡᠭᠦᠯᠬᠦ ᠠᠵᠢᠯ᠎ᠢ ᠴᠢᠩᠭ᠋ᠠᠷᠠᠭᠤᠯᠤᠨ᠎ᠠ ᠭᠡᠵᠦ ᠭᠤᠣᠯᠳᠠᠯᠭ᠎ᠠ ᠪᠣᠯᠬᠤ ᠬᠦᠮᠦᠰ᠎ᠤᠨ ᠠᠵᠢᠯ ᠣᠯᠬᠤ᠎ᠳᠤ ᠴᠢᠭᠯᠡᠭᠦᠯᠦᠨ ᠬᠡᠯᠡᠪᠡ᠃
    《ᠲᠣᠭᠲᠠᠭ᠋ᠠᠯ》᠎ᠳᠤ ᠳᠤᠷᠠᠳᠤᠭᠰᠠᠨ ᠶᠣᠰᠣᠭ᠋ᠠᠷ᠂ 《ᠠᠵᠢᠯ ᠣᠯᠭᠤᠯᠲᠠ ᠵᠢᠨ ᠣᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠲᠣᠭᠲᠠᠯᠴᠠᠭ᠎ᠠ ᠵᠢ ᠲᠡᠭᠦᠯᠳᠡᠷᠵᠢᠭᠦᠯᠵᠦ》᠂ ᠠᠯᠢ ᠣᠯᠠᠨ ᠥᠭᠡᠷᠡᠴᠢᠯᠡᠯᠲᠡ ᠵᠢᠨ ᠠᠷᠭ᠎ᠠ ᠬᠡᠮᠵᠢᠶ᠎ᠡ᠎ᠨᠦᠭᠦᠳ᠎ᠢ ᠴᠤ᠌ ᠪᠠᠶ᠋ᠢᠷᠢᠯᠠᠭᠤᠯᠤᠨ ᠠᠬᠢᠭᠤᠯᠵᠤ ᠲᠦᠷᠭᠡᠪᠴᠢᠯᠡᠨ ᠨᠠᠶ᠋ᠢᠳᠠᠪᠤᠷᠢᠵᠢᠭᠤᠯᠵᠤ ᠪᠠᠶ᠋ᠢᠨ᠎ᠠ᠃
    ᠪᠥᠬᠦ ᠤᠯᠤᠰ᠎ᠤᠨ ᠠᠵᠢᠯ ᠣᠯᠭᠤᠯᠲᠠ ᠵᠢᠨ ᠣᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠨᠢᠭᠡᠳᠦᠯᠲᠡᠶ ᠲᠠᠪᠴᠠᠩ᠎ᠢ ᠪᠠᠶ᠋ᠢᠭᠤᠯᠤᠨ ᠰᠠᠶ᠋ᠢᠲᠤᠷ ᠠᠰᠢᠭᠯᠠᠵᠤ᠂ 《ᠲᠣᠮᠣ ᠳ᠋ᠠᠶ᠋ᠢᠲ᠋ᠠ + ᠲᠡᠮᠦᠷ ᠤᠯᠠ》 ᠦᠢ᠍ᠯᠡᠴᠢᠯᠡᠭᠡᠨ᠎ᠤ ᠵᠠᠭᠪᠤᠷ᠎ᠢ ᠬᠡᠷᠡᠭᠵᠢᠭᠦᠯᠦᠨ᠎ᠡ; ᠦᠢ᠍ᠯᠡᠰ ᠪᠣᠰᠬᠠᠬᠤ᠎ᠪᠠᠷ ᠠᠵᠢᠯ ᠣᠯᠭᠤᠯᠲᠠ ᠵᠢ ᠳᠠᠶ᠋ᠢᠴᠢᠯᠠᠬᠤ ᠵᠢ ᠠᠬᠢᠭᠤᠯᠬᠤ ᠲᠦᠷᠢᠮ ᠵᠶ᠋ᠠᠨ ᠲᠡᠭᠦᠯᠳᠡᠷᠵᠢᠭᠦᠯᠵᠦ᠂ ᠬᠥᠮᠦᠨ᠎ᠤ ᠬᠦᠴᠦᠨ᠎ᠤ ᠡᠬᠢ ᠪᠠᠶᠠᠯᠢᠭ᠎ᠤᠨ ᠨᠢᠭᠡᠳᠦᠯᠲᠡᠶ ᠵᠢᠷᠤᠮᠵᠢᠭᠰᠠᠨ ᠵᠠᠬ᠎ᠠ ᠳᠡᠯᠭᠡᠭᠦᠷ᠎ᠤᠨ ᠲᠣᠭᠲᠠᠯᠴᠠᠭ᠎ᠠ ᠵᠢ ᠪᠦᠷᠢᠨᠰᠢᠭᠦᠯᠦᠨ᠎ᠡ; ᠠᠮᠢᠳᠤᠯᠢᠭ ᠵᠶ᠋ᠠᠷ ᠠᠵᠢᠯ ᠣᠯᠭᠤᠬᠤ ᠪᠠ ᠠᠵᠢᠯ ᠣᠯᠭᠤᠯᠲᠠ ᠵᠢᠨ ᠰᠢᠨ᠎ᠡ ᠬᠡᠯᠪᠡᠷᠢ ᠪᠠᠶ᠋ᠢᠳᠠᠯ᠎ᠳᠤ ᠳᠣᠬᠢᠷᠠᠭᠰᠠᠨ ᠬᠥᠳᠡᠯᠮᠦᠷᠢ ᠬᠦᠴᠦᠨ᠎ᠤ ᠡᠷᠬᠡ ᠠᠰᠢᠭ᠎ᠤᠨ ᠪᠠᠲᠤᠯᠠᠭ᠎ᠠ ᠵᠢᠨ ᠲᠦᠷᠢᠮ᠎ᠢ ᠲᠡᠭᠦᠯᠳᠡᠷᠵᠢᠭᠦᠯᠵᠦ᠂ ᠡᠷᠬᠡ᠎ᠪᠠᠨ ᠬᠠᠮᠠᠭ᠋ᠠᠯᠠᠬᠤ ᠠᠷᠭ᠎ᠠ ᠵᠠᠮ᠎ᠢ ᠰᠠᠭ᠋ᠠᠳ ᠦᠭᠡᠢ ᠨᠡᠪᠲᠡᠷᠡᠭᠦᠯᠦᠨ᠎ᠡ ᠁ ᠬᠠᠮᠢᠶ᠎ᠠ ᠪᠥᠬᠦᠶ ᠰᠠᠯᠠᠭ᠎ᠠ ᠮᠥᠴᠢᠷ᠎ᠤᠳ ᠣᠯᠠᠨ ᠲᠠᠯ᠎ᠠ᠎ᠠᠴᠠ ᠵᠡᠷᠭᠡ᠎ᠳᠤ᠎ᠨᠢ ᠦᠢ᠍ᠯᠡᠴᠢᠯᠡᠭᠡ᠎ᠪᠠᠨ ᠰᠢᠯᠢᠳᠡᠭᠵᠢᠭᠦᠯᠦᠨ᠂ ᠠᠵᠢᠯ ᠣᠯᠭᠤᠯᠲᠠ ᠵᠢᠨ ᠨᠠᠩ ᠡᠷᠬᠡ ᠲᠡᠭᠰᠢ ᠣᠷᠴᠢᠨ ᠨᠥᠬᠦᠴᠡᠯ᠎ᠢ ᠪᠣᠶ ᠪᠣᠯᠭ᠋ᠠᠨ᠎ᠠ᠃
    ᠬᠠᠮᠤᠭ᠎ᠤᠨ ᠰᠢᠨ᠎ᠡ ᠲᠤᠭ᠎ᠠ ᠪᠠᠷᠢᠮᠲᠠ᠎ᠠᠴᠠ ᠦᠵᠡᠬᠦ᠎ᠳᠤ ᠡᠨᠡ ᠵᠢᠯ᠎ᠠᠴᠠ ᠨᠠᠭ᠋ᠠᠰᠢ᠂ ᠠᠵᠢᠯ ᠣᠯᠭᠤᠯᠲᠠ ᠵᠢᠨ ᠪᠠᠶ᠋ᠢᠳᠠᠯ ᠶᠡᠷᠦᠩᠬᠡᠶ᠎ᠳᠤ᠎ᠪᠠᠨ ᠲᠣᠭᠲᠠᠭᠤᠨ ᠪᠠᠶ᠋ᠢᠵᠤ᠂ ᠬᠤᠲᠠ ᠪᠠᠯᠭ᠋ᠠᠰᠤᠨ᠎ᠤ ᠪᠠᠶ᠋ᠢᠴᠠᠭ᠋ᠠᠯᠲᠠ᠎ᠳᠠᠬᠢ ᠠᠵᠢᠯ ᠠᠯᠳᠠᠭᠰᠠᠳ᠎ᠤᠨ ᠨᠣᠷᠮ᠎ᠠ ᠨᠢᠳᠤᠨᠤᠨ᠎ᠤ ᠠᠳᠠᠯᠢ ᠬᠤᠭᠤᠴᠠᠭ᠋ᠠᠨ᠎ᠤ ᠬᠢᠷᠢ ᠲᠦᠪᠰᠢᠨ᠎ᠠᠴᠠ ᠮᠥᠨ ᠳᠣᠤᠷ᠎ᠠ ᠪᠠᠶ᠋ᠢᠨ᠎ᠠ᠃ 1᠎ᠠᠴᠠ 6 ᠳ᠋ᠤᠭ᠋ᠠᠷ ᠰᠠᠷ᠎ᠠ ᠪᠣᠯᠲᠠᠯ᠎ᠠ᠂ ᠪᠦᠬᠦ ᠤᠯᠤᠰ᠎ᠤᠨ ᠬᠤᠲᠠ ᠪᠠᠯᠭ᠋ᠠᠰᠤᠨ᠎ᠤ 698 ᠲᠦᠮᠡᠨ ᠬᠥᠮᠦᠨ ᠰᠢᠨ᠎ᠡ᠎ᠪᠠᠷ ᠠᠵᠢᠯ ᠣᠯᠵᠤ᠂ ᠠᠳᠠᠯᠢ ᠬᠤᠭᠤᠴᠠᠭ᠋ᠠᠨ᠎ᠤ᠎ᠬᠢ᠎ᠠᠴᠠ 20 ᠲᠦᠮᠡᠨ ᠬᠥᠮᠦᠨ ᠨᠡᠮᠡᠭᠳᠡᠭᠡᠳ ᠪᠦᠬᠦ ᠵᠢᠯ᠎ᠤᠨ ᠬᠠᠷᠠᠯᠲᠠᠲᠤ ᠡᠭᠦᠷᠭᠡ ᠵᠢᠨ ᠵᠶ᠋ᠠᠨ 58% ᠵᠢ ᠪᠡᠶᠡᠯᠡᠭᠦᠯᠪᠡ᠃
    ᠳᠤᠮᠳᠠᠳᠤ ᠤᠯᠤᠰ᠎ᠤᠨ ᠬᠥᠳᠡᠯᠮᠦᠷᠢ ᠪᠠ ᠨᠡᠶ᠋ᠢᠭᠡᠮ᠎ᠤᠨ ᠪᠠᠲᠤᠯᠠᠭ᠎ᠠ ᠵᠢᠨ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠬᠦᠷᠢᠶᠡᠯᠡᠩ᠎ᠤᠨ ᠳᠠᠷᠤᠭ᠎ᠠ ᠮᠥᠸᠧ ᠷᠦᠩ ᠢᠯᠡᠷᠬᠡᠶ᠋ᠢᠯᠡᠬᠦ᠎ᠳᠤ᠎ᠪᠠᠨ᠂ 《ᠴᠢᠨᠠᠷ ᠰᠠᠶ᠋ᠢᠲᠠᠢ᠎ᠪᠠᠷ ᠭᠦᠢ᠍ᠴᠡᠳ ᠠᠵᠢᠯ ᠣᠯᠭᠤᠬᠤ᠎ᠪᠠᠨ ᠠᠬᠢᠭᠤᠯᠬᠤ ᠪᠣᠯ ᠨᠢᠭᠡᠨ ᠰᠢᠰᠲ᠋ᠧᠮᠲᠦ ᠢᠨᠵᠧᠨᠧᠷᠢᠩ ᠮᠥᠨ᠂ ᠪᠠᠰᠠ ᠴᠤ᠌ ᠨᠢᠭᠡᠨ ᠤᠷᠳᠤ ᠬᠤᠭᠤᠴᠠᠭ᠋ᠠᠨ᠎ᠤ ᠢᠨᠵᠧᠨᠧᠷᠢᠩ ᠮᠥᠨ᠃》 ᠪᠠᠶ᠋ᠢᠭᠤᠯᠤᠯ ᠲᠣᠭᠲᠠᠴᠠ ᠵᠢᠨ ᠳᠠᠪᠠᠭᠤᠯᠢᠭ᠎ᠢ ᠤᠯᠠᠮ ᠨᠢᠭᠡ ᠠᠯᠬᠤᠮ ᠪᠠᠳᠠᠷᠠᠭᠤᠯᠵᠤ᠂ ᠠᠵᠢᠯ ᠣᠯᠭᠤᠯᠲᠠ᠎ᠪᠠᠨ ᠠᠬᠢᠭᠤᠯᠬᠤ ᠵᠢ ᠡᠯ᠎ᠡ ᠱᠠᠲᠤᠨ᠎ᠤ ᠨᠠᠮ᠎ᠤᠨ ᠬᠤᠷᠢᠶ᠎ᠠ ᠪᠠ ᠵᠠᠰᠠᠭ᠎ᠤᠨ ᠣᠷᠳᠣᠨ᠎ᠤ ᠴᠢᠬᠤᠯᠠ ᠡᠭᠦᠷᠭᠡ ᠬᠠᠷᠢᠭᠤᠴᠠᠯᠭ᠎ᠠ ᠪᠣᠯᠭ᠋ᠠᠨ᠂ ᠰᠠᠯᠠᠭ᠎ᠠ ᠮᠥᠴᠢᠷ ᠬᠠᠮᠵᠢᠯᠴᠠᠭᠰᠠᠨ᠂ ᠳᠡᠭᠡᠳᠦ ᠳᠣᠤᠷᠠᠳᠤ ᠱᠠᠲᠤ ᠬᠤᠯᠪᠣᠭ᠋ᠠᠯᠠᠨ ᠬᠥᠳᠡᠯᠦᠯᠴᠡᠭᠰᠡᠨ ᠠᠵᠢᠯ ᠣᠯᠭᠤᠯᠲᠠ ᠵᠢᠨ ᠠᠵᠢᠯ᠎ᠤᠨ ᠲᠣᠭᠲᠠᠯᠴᠠᠭ᠎ᠠ ᠵᠢ ᠪᠠᠶ᠋ᠢᠭᠤᠯᠬᠤ ᠬᠡᠷᠡᠭᠲᠡᠢ ᠭᠡᠵᠡᠶ᠃
    《ᠡᠷᠬᠡᠪᠰᠢ ᠥᠭᠡᠷᠡᠴᠢᠯᠡᠯᠲᠡ ᠭᠡᠳᠡᠭ ᠡᠨᠡ ᠬᠦ᠌ ᠬᠤᠪᠣᠷ ᠡᠷᠳᠡᠨᠢ ᠵᠢ ᠰᠠᠶ᠋ᠢᠲᠤᠷ ᠠᠰᠢᠭᠯᠠᠵᠤ᠂ ᠭᠠᠳᠠᠭ᠋ᠠᠳᠤ ᠣᠷᠴᠢᠨ ᠨᠥᠭᠦᠴᠡᠯ᠎ᠤᠨ ᠬᠤᠪᠢᠷᠠᠯᠲᠠ᠂ ᠬᠥᠮᠦᠨ ᠠᠮᠠ ᠵᠢᠨ ᠪᠦᠲᠦᠴᠡ ᠵᠢᠨ ᠲᠣᠬᠢᠷᠠᠭᠤᠯᠤᠯᠲᠠ ᠵᠡᠷᠭᠡ᠎ᠠᠴᠠ ᠠᠵᠢᠯ ᠣᠯᠭᠤᠯᠲᠠ ᠵᠢᠨ ᠬᠦᠷᠢᠶᠡᠨ᠎ᠳᠤ ᠠᠪᠴᠢᠷᠠᠭᠰᠠᠨ ᠡᠯ᠎ᠡ ᠵᠦᠢ᠍ᠯ᠎ᠤᠨ ᠲᠦᠭᠰᠢᠭᠦᠷᠢ ᠪᠠ ᠥᠷᠢᠰᠥᠯᠳᠦᠭᠡᠨ᠎ᠢ ᠬᠦᠴᠦᠯᠡᠨ ᠰᠠᠶ᠋ᠢᠲᠤᠷ ᠰᠢᠢ᠍ᠳᠪᠦᠷᠢᠯᠡᠵᠦ᠂ ᠠᠵᠢᠯ ᠣᠯᠭᠤᠯᠲᠠ ᠵᠢᠨ ᠬᠥᠭᠵᠢᠯᠲᠡ ᠵᠢᠨ ᠰᠢᠨ᠎ᠡ ᠬᠦᠳᠡᠯᠭᠡᠭᠴᠢ ᠡᠨᠧᠷᠬᠢ ᠰᠢᠨ᠎ᠡ ᠳᠠᠪᠠᠭᠤᠯᠢᠭ᠎ᠢ ᠲᠠᠰᠤᠷᠠᠯᠲᠠ ᠦᠭᠡᠢ ᠪᠤᠢ ᠪᠣᠯᠭ᠋ᠠᠨ᠎ᠠ᠃ ᠠᠵᠢᠯ ᠣᠯᠭᠤᠯᠲᠠ ᠵᠢᠨ ᠪᠠᠶ᠋ᠢᠭᠤᠯᠤᠯ ᠲᠣᠭᠲᠠᠴᠠ ᠵᠢᠨ ᠥᠭᠡᠷᠡᠴᠢᠯᠡᠯᠲᠡ ᠵᠢ ᠤᠯᠠᠮ ᠨᠢᠭᠡ ᠠᠯᠬᠤᠮ ᠭᠦᠨᠵᠡᠭᠡᠶ᠋ᠢᠷᠡᠭᠦᠯᠵᠦ᠂ ᠠᠵᠢᠯᠯᠠᠭ᠋ᠠᠨ᠎ᠤ ᠲᠥᠯᠥᠪᠵᠢᠭᠦᠯᠭᠡ ᠵᠢ ᠰᠢᠰᠲ᠋ᠧᠮ᠎ᠲᠠᠢ ᠲᠥᠯᠥᠪᠯᠡᠵᠦ᠂ ᠠᠵᠢᠯ ᠣᠯᠭᠤᠯᠲᠠ ᠵᠢᠨ ᠬᠥᠭᠵᠢᠯᠲᠡ᠎ᠳᠠᠬᠢ ᠭᠤᠣᠯᠳᠠᠯᠭ᠎ᠠ ᠪᠣᠯᠬᠤ᠂ ᠬᠦᠴᠢᠷ ᠪᠠ ᠪᠡᠷᠬᠡ ᠠᠰᠠᠭᠤᠳᠠᠯ᠎ᠤᠳ᠎ᠢ ᠦᠨᠡᠨ ᠬᠦ᠌ ᠰᠢᠢ᠍ᠳᠪᠦᠷᠢᠯᠡᠬᠦ ᠬᠡᠷᠡᠭᠲᠡᠢ》 ᠬᠡᠮᠡᠨ ᠮᠥᠸᠧ ᠷᠦᠩ ᠬᠡᠯᠡᠪᠡ᠃
   

ᠢᠷᠡᠯᠲᠡ᠄ ᠥᠪᠥᠷ ᠮᠣᠩᠭᠤᠯ᠎ᠤᠨ ᠵᠠᠰᠠᠭ᠎ᠤᠨ ᠣᠷᠳᠣᠨ
          
ᠬᠠᠮᠢᠶ᠎ᠡ ᠪᠦᠬᠦᠢ ᠰᠣᠨᠢᠨ
ᠡᠭᠦᠷᠭᠡ ᠵᠢᠨ ᠪᠢᠴᠢᠭ᠂ ᠴᠠᠭ᠎ᠤᠨ ᠬᠦᠰᠦᠨᠦᠭᠲᠦ᠂ ᠤᠷᠢᠳ ᠵᠶ᠋ᠠᠷ ᠬᠢᠬᠦ ᠳᠡᠰ ᠳᠠᠷᠠᠭ᠋ᠠᠯᠠᠯ᠎ᠢ ᠰᠢᠨᠵᠢᠯᠡᠬᠦ ᠤᠬᠠᠭ᠋ᠠᠨᠴᠢ᠎ᠪᠠᠷ ᠲᠣᠭᠲᠠᠭ᠋ᠠᠨ᠎ᠠ
ᠬᠠᠭᠤᠴᠢᠨ ᠭᠠᠷ ᠤᠲᠠᠰᠤ ᠵᠢ ᠰᠢᠨ᠎ᠡ᠎ᠪᠠᠷ ᠰᠣᠯᠢᠬᠤ᠎ᠳᠤ ᠰᠠᠨᠠᠭᠤᠯᠬᠤ᠎ᠨᠢ
ᠥᠭᠡᠷᠡᠴᠢᠯᠡᠯᠲᠡ ᠬᠢᠬᠦ᠎ᠳᠤ ᠭᠠᠳᠠᠨᠠᠬᠢ ᠬᠦᠮᠦᠨ ᠭᠡᠵᠦ ᠦᠯᠦ ᠪᠠᠶ᠋ᠢᠨᠠᠮ᠂ ᠬᠦᠨᠳᠡᠯᠡᠨ᠎ᠤ ᠬᠦᠮᠦᠨ ᠦᠯᠦ ᠪᠣᠯᠣᠨᠠᠮ
ᠥᠪᠥᠷ ᠮᠣᠩᠭᠤᠯ᠎ᠤᠨ ᠥᠨᠳᠥᠷ ᠵᠡᠷᠭᠡ ᠵᠢᠨ ᠳᠤᠮᠳᠠᠳᠤ ᠰᠤᠷᠭ᠋ᠠᠭᠤᠯᠢ ᠵᠢᠨ ᠰᠣᠷᠣᠭᠴᠢ ᠡᠯᠰᠡᠬᠦ ᠰᠢᠯᠭ᠋ᠠᠯᠲᠠ ᠵᠢᠨ ᠥᠭᠡᠷᠡᠴᠢᠯᠡᠯᠲᠡ ᠵᠢᠨ ᠲᠥᠰᠥᠯ᠎ᠢ ᠳᠠᠷᠠᠭ᠋ᠠᠬᠢ ᠵᠢᠷᠤᠭ᠎ᠠᠴᠠ ᠣᠶ᠋ᠢᠯᠠᠭ᠋ᠠᠶ᠎ᠠ
5 ᠲᠠᠯ᠎ᠠ ᠵᠢᠨ 20 ᠭᠤᠣᠯᠳᠠᠯᠭ᠎ᠠ᠎ᠲᠠᠢ ᠡᠭᠦᠷᠭᠡ! ᠲᠥᠷᠥ ᠵᠢᠨ ᠶᠠᠪᠤᠳᠠᠯ᠎ᠤᠨ ᠬᠤᠷᠢᠶᠠᠨ᠎ᠤ ᠠᠯᠪᠠᠨ ᠲᠢᠩᠬᠢᠮ ᠬᠠᠮᠤᠭ᠎ᠤᠨ ᠰᠢᠨ᠎ᠡ᠎ᠪᠠᠷ ᠳᠠᠷᠤᠮᠠᠯᠯᠠᠨ ᠲᠠᠷᠬᠠᠭ᠋ᠠᠪᠠ
 
            