ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠢᠯᠡ ᠵᠠᠰᠠᠭ   -   ᠲᠥᠷᠥ᠎ᠶᠢᠨ ᠪᠣᠳᠣᠯᠭ᠎ᠠ᠎ᠶᠢᠨ ᠲᠠᠶ᠋ᠢᠯᠤᠮᠵᠢ
ᠥᠭᠡᠷᠡᠴᠢᠯᠡᠯᠲᠡ ᠬᠢᠬᠦ᠎ᠳᠤ ᠭᠠᠳᠠᠨᠠᠬᠢ ᠬᠦᠮᠦᠨ ᠭᠡᠵᠦ ᠦᠯᠦ ᠪᠠᠶ᠋ᠢᠨᠠᠮ᠂ ᠬᠦᠨᠳᠡᠯᠡᠨ᠎ᠤ ᠬᠦᠮᠦᠨ ᠦᠯᠦ ᠪᠣᠯᠣᠨᠠᠮ
ᠨᠡᠶᠢᠲᠡᠯᠡᠭᠰᠡᠨ ᠴᠠᠭ᠄ 2024-08-30

    ᠥᠭᠡᠷᠡᠴᠢᠯᠡᠯᠲᠡ ᠨᠡᠭᠡᠭᠡᠯᠲᠡ ᠪᠣᠯ ᠲᠦᠭ ᠲᠦᠮᠡᠨ ᠠᠷᠠᠳ ᠲᠦᠮᠡᠨ᠎ᠤ ᠥᠪᠡᠷ᠎ᠤᠨ᠎ᠬᠢᠨ ᠦᠢ᠍ᠯᠡᠰ ᠮᠥᠨ ᠬᠡᠮᠡᠨ ᠶᠡᠷᠦᠩᠬᠡᠢ ᠱᠦᠵᠢ ᠰᠢ ᠵᠢᠨ ᠫᠢᠩ ᠥᠩᠭᠡᠷᠡᠭᠰᠡᠨ᠎ᠳᠤ ᠵᠢᠭ᠋ᠠᠵᠤ ᠭᠠᠷᠭ᠋ᠠᠭᠰᠠᠨ ᠪᠠᠶ᠋ᠢᠳᠠᠭ᠃
    ᠨᠠᠮ᠎ᠤᠨ ᠬᠤᠷᠢᠳᠤᠭ᠋ᠠᠷ ᠬᠤᠭᠤᠴᠠᠭ᠋ᠠᠨ᠎ᠤ ᠲᠥᠪ ᠬᠤᠷᠢᠶᠠᠨ᠎ᠤ ᠭᠤᠷᠪᠠᠳᠤᠭ᠋ᠠᠷ ᠪᠥᠬᠦᠳᠡ ᠬᠤᠷᠠᠯᠳᠤᠭ᠋ᠠᠨ ᠵᠶ᠋ᠠᠷ ᠪᠠᠶ᠋ᠢᠷᠢᠯᠠᠭᠤᠯᠤᠭᠰᠠᠨ 300 ᠭᠠᠷᠤᠶ ᠵᠦᠢ᠍ᠯ᠎ᠤᠨ ᠥᠭᠡᠷᠡᠴᠢᠯᠡᠯᠲᠡ ᠵᠢᠨ ᠠᠷᠭ᠎ᠠ ᠬᠡᠮᠵᠢᠶ᠎ᠡ᠎ᠨᠢ ᠬᠥᠮᠦᠨ ᠪᠦᠬᠦᠨ᠎ᠲᠠᠢ ᠨᠢᠭᠲᠠ ᠬᠠᠷᠢᠴᠠᠭ᠎ᠠ᠎ᠲᠠᠢ ᠶᠤᠮ᠃ ᠥᠭᠡᠷᠡᠴᠢᠯᠡᠯᠲᠡ ᠬᠢᠬᠦ᠎ᠳᠤ ᠭᠠᠳᠠᠨᠠᠬᠢ ᠬᠥᠮᠥᠨ᠂ ᠬᠦᠨᠳᠡᠯᠡᠨ᠎ᠤ ᠬᠦᠮᠦᠨ ᠭᠡᠵᠦ ᠦᠯᠦ ᠪᠠᠶ᠋ᠢᠨᠠᠮ᠃
    ᠥᠭᠡᠷᠡᠴᠢᠯᠡᠯᠲᠡ ᠵᠢ ᠠᠳᠬᠤᠨ᠂ ᠬᠥᠭᠵᠢᠯᠲᠡ ᠵᠢ ᠠᠬᠢᠭᠤᠯᠬᠤ ᠪᠣᠯ ᠡᠴᠦᠰ᠎ᠤᠨ ᠡᠴᠦᠰ᠎ᠲᠤ᠎ᠪᠠᠨ ᠠᠷᠠᠳ ᠲᠦᠮᠡᠨ᠎ᠳᠤ ᠨᠡᠩ ᠰᠠᠶ᠋ᠢᠨ ᠰᠠᠶ᠋ᠢᠬᠠᠨ ᠠᠮᠢᠳᠤᠷᠠᠯ᠎ᠢ ᠡᠳ᠋ᠯᠡᠭᠦᠯᠬᠦ ᠵᠢᠨ ᠲᠥᠯᠥᠭᠡ ᠶᠤᠮ᠃ ᠠᠵᠢᠯ ᠣᠯᠤᠭᠰᠠᠨ ᠭᠠᠵᠠᠷ ᠣᠷᠣᠨ᠎ᠤ᠎ᠪᠠᠨ ᠳᠠᠭ᠋ᠠᠳᠬᠠᠯ᠎ᠳᠤ ᠣᠷᠣᠯᠴᠠᠬᠤ᠎ᠳᠤ ᠡᠷᠦᠬᠡ ᠠᠮᠠᠨ ᠳᠠᠩᠰᠠ᠎ᠪᠠᠷ ᠬᠢᠵᠠᠭ᠋ᠠᠷᠯᠠᠬᠤ ᠵᠢ ᠪᠥᠬᠦ ᠲᠠᠯ᠎ᠠ᠎ᠪᠠᠷ ᠬᠦᠴᠦᠨ ᠥᠬᠡᠶ ᠪᠣᠯᠭ᠋ᠠᠬᠤ᠂ ᠦᠷᠡᠵᠢᠯ᠎ᠢ ᠳᠡᠮᠵᠢᠬᠦ ᠲᠥᠷᠥ ᠵᠢᠨ ᠪᠣᠳᠣᠯᠭ᠎ᠠ ᠵᠢᠨ ᠳᠣᠭᠲᠠᠯᠴᠠᠭ᠎ᠠ ᠪᠠ ᠤᠷᠮᠠᠰᠢᠭᠤᠯᠬᠤ ᠲᠣᠭᠲᠠᠴᠠ ᠵᠢ ᠲᠡᠭᠦᠯᠳᠡᠷᠵᠢᠭᠦᠯᠬᠦ᠂ ᠨᠠᠰᠤᠵᠢᠯ᠎ᠤᠨ ᠦᠨᠳᠦᠰᠦᠨ ᠠᠰᠠᠷᠠᠮᠵᠢ ᠵᠢᠨ ᠦᠢ᠍ᠯᠡᠴᠢᠯᠡᠭᠡᠨ᠎ᠤ ᠬᠠᠩᠭ᠋ᠠᠯᠭ᠎ᠠ ᠵᠢ ᠰᠢᠯᠢᠳᠡᠭᠵᠢᠭᠦᠯᠬᠦ᠂ ᠬᠦᠨᠳᠦ ᠡᠪᠡᠳᠴᠢᠨ᠎ᠤ ᠳᠠᠭ᠋ᠠᠳᠬᠠᠯ ᠪᠠ ᠡᠮᠴᠢᠯᠡᠭᠡᠨ᠎ᠤ ᠠᠪᠤᠷᠠᠨ ᠲᠤᠰᠠᠯᠠᠬᠤ ᠲᠦᠷᠢᠮ᠎ᠢ ᠲᠡᠭᠦᠯᠳᠡᠷᠵᠢᠭᠦᠯᠬᠦ᠂ ᠲᠦᠭᠡᠮᠡᠯ ᠬᠠᠷᠠᠭ᠋ᠠᠯᠵᠠᠯᠲᠤ ᠪᠦᠬᠦᠢ ᠬᠡᠤᠬᠡᠳ ᠬᠥᠮᠦᠵᠢᠭᠦᠯᠬᠦ ᠦᠢ᠍ᠯᠡᠴᠢᠯᠡᠭᠡᠨ᠎ᠤ ᠲᠣᠭᠲᠠᠯᠴᠠᠭ᠎ᠠ ᠵᠢᠨ ᠪᠠᠶ᠋ᠢᠭᠤᠯᠤᠯᠲᠠ ᠵᠢ ᠴᠢᠩᠭ᠋ᠠᠳᠬᠠᠬᠤ ᠁ ᠨᠠᠮ᠎ᠤᠨ ᠬᠤᠷᠢᠳᠤᠭ᠋ᠠᠷ ᠬᠤᠭᠤᠴᠠᠭ᠋ᠠᠨ᠎ᠤ ᠲᠥᠪ ᠬᠤᠷᠢᠶᠠᠨ᠎ᠤ ᠭᠤᠷᠪᠠᠳᠤᠭ᠋ᠠᠷ ᠪᠥᠬᠦᠳᠡ ᠬᠤᠷᠠᠯᠳᠤᠭ᠋ᠠᠨ ᠵᠶ᠋ᠠᠷ ᠪᠠᠶ᠋ᠢᠷᠢᠯᠠᠭᠤᠯᠤᠭᠰᠠᠨ ᠠᠯᠢ ᠤᠯᠠᠨ ᠥᠭᠡᠷᠡᠴᠢᠯᠡᠯᠲᠡ ᠵᠢᠨ ᠠᠷᠭ᠎ᠠ ᠬᠡᠮᠵᠢᠶ᠎ᠡ᠎ᠨᠢ ᠠᠷᠠᠳ ᠲᠦᠮᠡᠨ᠎ᠤ ᠠᠮᠢᠳᠤᠷᠠᠯ᠎ᠤᠨ ᠡᠯ᠎ᠡ ᠲᠠᠯ᠎ᠠ᠎ᠲᠠᠢ ᠰᠢᠭᠤᠳ ᠬᠤᠯᠪᠤᠭᠳᠠᠵᠤ᠂ ᠬᠥᠮᠦᠨ ᠨᠢᠭᠡᠪᠦᠷᠢ᠎ᠨᠢ ᠥᠭᠡᠷᠡᠴᠢᠯᠡᠯᠲᠡ ᠬᠢᠭᠰᠡᠨ᠎ᠤ ᠠᠰᠢᠭ ᠬᠦᠷᠲᠡᠭᠴᠢ ᠪᠣᠯᠬᠤ ᠮᠥᠷᠲᠡᠭᠡᠨ ᠪᠠᠰᠠ ᠴᠤ᠌ ᠥᠭᠡᠷᠡᠴᠢᠯᠡᠯᠲᠡ᠎ᠳᠤ ᠣᠷᠣᠯᠴᠠᠭᠴᠢ ᠮᠥᠨ᠃
    ᠭᠠᠳᠠᠨᠠᠬᠢ ᠬᠥᠮᠥᠨ ᠭᠡᠵᠦ ᠦᠯᠦ ᠪᠠᠶ᠋ᠢᠨᠠᠮ᠂ ᠬᠦᠨᠳᠡᠯᠡᠨ᠎ᠤ ᠬᠦᠮᠦᠨ ᠭᠡᠵᠦ ᠦᠯᠦ ᠪᠣᠯᠣᠨᠠᠮ᠃ ᠬᠠᠵᠠᠭᠤ᠎ᠳᠤ᠎ᠨᠢ ᠵᠣᠭᠰᠣᠭ᠋ᠠᠳ ᠦᠵᠡᠬᠦ ᠵᠢᠨ ᠣᠷᠣᠨ᠎ᠳᠤ ᠪᠡᠶ᠎ᠡ᠎ᠪᠠᠷ ᠵᠶ᠋ᠠᠨ ᠣᠷᠣᠯᠴᠠᠨ ᠬᠢᠭᠰᠡᠨ᠎ᠨᠢ ᠳᠡᠭᠡᠷ᠎ᠡ᠃ ᠥᠭᠡᠷᠡᠴᠢᠯᠡᠯᠲᠡ ᠵᠢ ᠤᠯᠠᠮ ᠨᠢᠭᠡ ᠠᠯᠬᠤᠮ ᠪᠦᠬᠦ ᠲᠠᠯ᠎ᠠ᠎ᠪᠠᠷ ᠭᠦᠨᠵᠡᠭᠡᠶ᠋ᠢᠷᠡᠭᠦᠯᠬᠦ᠎ᠳᠤ ᠡᠷᠬᠡᠪᠰᠢ ᠪᠦᠬᠦ ᠠᠷᠠᠳ ᠲᠦᠮᠡᠨ ᠬᠠᠮᠲᠤ᠎ᠪᠠᠷ ᠣᠷᠣᠯᠴᠠᠨ᠂ ᠬᠠᠮᠲᠤ᠎ᠪᠠᠷ ᠡᠭᠦᠳᠦᠨ ᠪᠦᠲᠦᠭᠡᠬᠦ᠎ᠳᠤ ᠲᠦᠰᠢᠭᠯᠡᠨ᠎ᠡ᠃ ᠲᠤᠬᠠᠶ᠋ᠢᠯᠠᠭᠰᠠᠨ ᠠᠵᠢᠯ᠎ᠤᠨ ᠪᠠᠶ᠋ᠢᠷᠢᠨ᠎ᠠᠴᠠ᠎ᠪᠠᠨ᠂ ᠡᠳᠦᠷ ᠳᠤᠳᠤᠮ᠎ᠤᠨ ᠠᠮᠢᠳᠤᠷᠠᠯ᠎ᠠᠴᠠ᠎ᠪᠠᠨ ᠡᠬᠢᠯᠡᠨ᠂ ᠬᠥᠮᠦᠨ ᠨᠢᠭᠡᠪᠦᠷᠢ ᠬᠠᠨᠴᠤᠢ ᠰᠢᠮᠠᠯᠠᠨ ᠴᠢᠷᠮᠠᠶ᠋ᠢᠨ ᠠᠵᠢᠯᠯᠠᠬᠤ ᠤᠷᠮ᠎ᠠ ᠵᠣᠷᠢᠭ ᠬᠦᠴᠦ᠎ᠪᠠᠨ ᠪᠠᠳᠠᠷᠠᠭᠤᠯᠤᠨ᠂ ᠥᠪᠡᠷ᠎ᠢ᠎ᠪᠠᠨ ᠥᠭᠡᠷᠡᠴᠢᠯᠡᠯᠲᠡ ᠨᠡᠭᠡᠭᠡᠯᠲᠡ ᠵᠢᠨ ᠶᠡᠭᠡ ᠤᠷᠤᠰᠬᠠᠯ᠎ᠳᠤ ᠣᠷᠣᠯᠴᠠᠭᠤᠯᠵᠤ ᠲᠡᠦᠬᠡ ᠵᠢ ᠡᠭᠦᠳᠦᠨ᠂ ᠦᠷ᠎ᠡ ᠪᠦᠲᠦᠭᠡᠯ᠎ᠢ ᠬᠠᠮᠲᠤ᠎ᠪᠠᠷ ᠡᠳ᠋ᠯᠡᠵᠦ᠂ ᠢᠷᠡᠭᠡᠳᠦᠢ᠎ᠪᠠᠨ ᠬᠦᠰᠡᠨ ᠮᠥᠷᠥᠭᠡᠳᠪᠡᠯ ᠵᠣᠬᠢᠮᠤᠢ᠃
    ᠠᠷᠠᠳ ᠤᠯᠠᠨ ᠢᠳᠡᠪᠬᠢᠲᠡᠢ ᠣᠷᠣᠯᠴᠠᠵᠤ᠂ ᠨᠠᠮ᠎ᠤᠨ ᠭᠡᠰᠢᠭᠦᠨ ᠺᠠᠳ᠋ᠷᠴᠤᠳ ᠨᠡᠩ ᠴᠤ᠌ ᠲᠦᠷᠦᠭᠦᠯᠡᠨ ᠤᠷᠤᠭᠰᠢᠯᠠᠪᠠᠯ ᠵᠣᠬᠢᠮᠤᠢ᠃ ᠥᠭᠡᠷᠡᠴᠢᠯᠡᠯᠲᠡ ᠵᠢ ᠤᠯᠠᠮ ᠨᠢᠭᠡ ᠠᠯᠬᠤᠮ ᠪᠦᠬᠦ ᠲᠠᠯ᠎ᠠ᠎ᠪᠠᠷ ᠭᠦᠨᠵᠡᠭᠡᠶ᠋ᠢᠷᠡᠭᠦᠯᠬᠦ ᠠᠵᠢᠯ᠎ᠤᠨ ᠳᠤᠮᠳᠠ ᠥᠷᠭᠡᠨ ᠤᠯᠠᠨ ᠨᠠᠮ᠎ᠤᠨ ᠭᠡᠰᠢᠭᠦᠨ ᠺᠠᠳ᠋ᠷᠴᠤᠳ ᠪᠡᠶ᠎ᠡ᠎ᠪᠠᠷ ᠵᠶ᠋ᠠᠨ ᠬᠡᠪ ᠳᠠᠭᠤᠷᠢᠶᠠᠯ ᠪᠤᠯᠵᠤ᠂ ᠵᠣᠷᠢᠭᠲᠠᠢ᠎ᠪᠠᠷ ᠣᠯᠠᠨ᠎ᠤ ᠡᠮᠦᠨ᠎ᠡ ᠭᠠᠪᠰᠢᠭ᠋ᠠᠶ᠋ᠢᠯᠠᠨ᠂ ᠠᠷᠠᠳ ᠲᠦᠮᠡᠨ᠎ᠳᠤ ᠬᠡᠳᠦᠶ᠋ᠢᠴᠢᠨᠡᠭᠡᠨ ᠤᠯᠠᠨ ᠰᠠᠶ᠋ᠢᠨ ᠠᠵᠢᠯ ᠪᠣᠲᠠᠳᠤ ᠠᠵᠢᠯ ᠬᠢᠭᠰᠡᠨ ᠵᠶ᠋ᠠᠷ ᠵᠶ᠋ᠠᠨ ᠵᠠᠰᠠᠭ᠎ᠤᠨ ᠠᠵᠢᠯ᠎ᠤᠨ ᠪᠦᠲᠦᠮᠵᠢ᠎ᠪᠠᠨ ᠰᠢᠯᠭ᠋ᠠᠬᠤ ᠴᠢᠬᠤᠯᠠ ᠪᠠᠷᠢᠮᠵᠢᠶ᠎ᠠ ᠪᠣᠯᠭ᠋ᠠᠵᠤ᠂ ᠠᠷᠠᠳ ᠲᠦᠮᠡᠨ᠎ᠳᠤ ᠪᠤᠶᠠᠨ ᠦᠢ᠍ᠯᠡᠳᠬᠦ ᠵᠢ ᠵᠠᠰᠠᠭ᠎ᠤᠨ ᠠᠵᠢᠯ᠎ᠤᠨ ᠬᠠᠮᠤᠭ᠎ᠤᠨ ᠴᠢᠬᠤᠯᠠ ᠪᠦᠲᠦᠮᠵᠢ ᠪᠣᠯᠭ᠋ᠠᠵᠤ᠂ ᠦᠨᠡᠨ ᠬᠦ᠌ ᠠᠳᠬᠤᠨ ᠪᠣᠳᠠᠲᠠᠢ ᠠᠵᠢᠯᠯᠠᠵᠤ᠂ ᠡᠯ᠎ᠡ ᠵᠦᠢ᠍ᠯ᠎ᠤᠨ ᠥᠭᠡᠷᠡᠴᠢᠯᠡᠯᠲᠡ ᠵᠢᠨ ᠠᠷᠭ᠎ᠠ ᠬᠡᠮᠵᠢᠶ᠎ᠡ ᠵᠢ ᠰᠠᠶ᠋ᠢᠲᠤᠷ ᠪᠥᠭᠡᠳ ᠨᠠᠷᠢᠯᠢᠭ ᠪᠣᠲᠠᠲᠠᠶ᠋ᠢᠵᠢᠭᠤᠯᠤᠨ ᠨᠠᠶ᠋ᠢᠳᠠᠪᠤᠷᠢᠵᠢᠭᠤᠯᠪᠠᠯ ᠵᠣᠬᠢᠮᠤᠢ᠃
    ᠥᠭᠡᠷᠡᠴᠢᠯᠡᠯᠲᠡ ᠵᠢᠨ ᠲᠥᠯᠥᠭᠡ ᠬᠠᠮᠲᠤ᠎ᠪᠠᠷ ᠠᠷᠭ᠎ᠠ ᠪᠣᠳᠣᠯᠴᠠᠵᠤ᠂ ᠥᠭᠡᠷᠡᠴᠢᠯᠡᠯᠲᠡ ᠵᠢᠨ ᠲᠥᠯᠥᠭᠡ ᠬᠠᠮᠲᠤ᠎ᠪᠠᠷ ᠬᠦᠴᠦ ᠭᠠᠷᠭ᠋ᠠᠵᠠᠭ᠋ᠠᠶ᠎ᠠ᠃ ᠠᠷᠠᠳ ᠲᠦᠮᠡᠨ᠎ᠤ ᠭᠤᠣᠯ ᠴᠣᠭᠴᠠ ᠵᠢᠨ ᠪᠠᠶ᠋ᠢᠷᠢ ᠰᠠᠭᠤᠷᠢ ᠪᠠ ᠡᠭᠦᠳᠦᠨ ᠪᠦᠲᠦᠭᠡᠬᠦ ᠵᠣᠷᠢᠭ ᠰᠠᠨᠠᠭ᠎ᠠ ᠵᠢ ᠪᠦᠷᠢᠮᠦᠰᠦᠨ ᠬᠦᠨᠳᠦᠳᠬᠡᠵᠦ᠂ ᠦᠵᠦ ᠲᠥᠯᠥᠪᠯᠡᠭᠡ ᠵᠢ ᠴᠢᠩᠭ᠋ᠠᠳᠬᠠᠬᠤ᠎ᠪᠠᠨ ᠠᠷᠭ᠎ᠠ ᠪᠣᠳᠣᠯᠭ᠎ᠠ ᠵᠢ ᠠᠷᠠᠳ᠎ᠠᠴᠠ ᠠᠰᠠᠭᠤᠬᠤ ᠵᠢ ᠪᠠᠷᠢᠮᠲᠠᠯᠠᠬᠤ᠎ᠲᠠᠢ ᠨᠢᠭᠡᠳᠬᠡᠵᠦ᠂ ᠤᠯᠠᠨ ᠲᠦᠮᠡᠨ᠎ᠲᠠᠢ ᠨᠢᠭᠲᠠ ᠬᠠᠷᠢᠯᠴᠠᠨ᠂ ᠤᠯᠠᠨ ᠲᠦᠮᠡᠨ᠎ᠤ ᠦᠢ᠍ᠯᠡᠳᠦᠯᠭᠡ᠎ᠠᠴᠠ ᠤᠶᠤᠨ ᠤᠬᠠᠭ᠋ᠠᠨ᠂ ᠬᠦᠴᠦᠨ ᠴᠢᠳᠠᠯ ᠬᠢᠭᠡᠳ ᠠᠷᠭ᠎ᠠ ᠪᠠᠷᠢᠯ᠎ᠢ᠎ᠨᠢ ᠠᠪᠴᠤ᠂ ᠠᠷᠠᠳ ᠤᠯᠠᠨ᠎ᠤ ᠥᠭᠡᠷᠡᠴᠢᠯᠡᠯᠲᠡ᠎ᠳᠤ ᠣᠷᠣᠯᠴᠠᠬᠤ ᠪᠠ ᠥᠭᠡᠷᠡᠴᠢᠯᠡᠯᠲᠡ ᠵᠢ ᠠᠬᠢᠭᠤᠯᠬᠤ ᠵᠢᠨ ᠢᠳᠡᠪᠬᠢᠵᠢᠯ᠂ ᠰᠠᠨᠠᠭ᠋ᠠᠴᠢᠯᠠᠭ᠋ᠠᠲᠤ ᠴᠢᠨᠠᠷ᠂ ᠪᠦᠲᠦᠭᠡᠯᠴᠢ ᠴᠢᠨᠠᠷ᠎ᠢ᠎ᠨᠢ ᠲᠠᠰᠤᠷᠠᠯᠳᠠ ᠦᠭᠡᠢ ᠬᠦᠭᠵᠢᠭᠡᠪᠡᠯ ᠵᠣᠬᠢᠮᠤᠢ᠃ ᠬᠥᠮᠦᠨ ᠪᠦᠬᠦᠨ ᠥᠭᠡᠷᠡᠴᠢᠯᠡᠯᠲᠡ᠎ᠳᠤ ᠣᠷᠣᠯᠴᠠᠭᠴᠢ᠂ ᠬᠤᠪᠢ ᠨᠡᠮᠡᠷᠢ ᠦᠵᠡᠭᠦᠯᠦᠭᠴᠢ ᠪᠣᠯᠬᠤ᠎ᠪᠠᠷ ᠴᠢᠷᠮᠠᠶ᠋ᠢᠪᠠᠰᠤ ᠠᠤᠭ᠎ᠠ ᠵᠢᠷᠤᠭ ᠲᠥᠰᠦᠪ᠎ᠢ ᠰᠠᠶ᠋ᠢᠨ ᠰᠠᠶ᠋ᠢᠬᠠᠨ ᠪᠣᠳᠠᠲᠤ ᠠᠬᠤᠢ ᠪᠣᠯᠭ᠋ᠠᠵᠤ ᠴᠢᠳᠠᠮᠤᠢ᠃
   

ᠢᠷᠡᠯᠲᠡ᠄ ᠥᠪᠥᠷ ᠮᠣᠩᠭᠤᠯ᠎ᠤᠨ ᠵᠠᠰᠠᠭ᠎ᠤᠨ ᠣᠷᠳᠣᠨ
          
ᠬᠠᠮᠢᠶ᠎ᠡ ᠪᠦᠬᠦᠢ ᠰᠣᠨᠢᠨ
ᠥᠪᠥᠷ ᠮᠣᠩᠭᠤᠯ᠎ᠤᠨ ᠥᠨᠳᠥᠷ ᠵᠡᠷᠭᠡ ᠵᠢᠨ ᠳᠤᠮᠳᠠᠳᠤ ᠰᠤᠷᠭ᠋ᠠᠭᠤᠯᠢ ᠵᠢᠨ ᠰᠣᠷᠣᠭᠴᠢ ᠡᠯᠰᠡᠬᠦ ᠰᠢᠯᠭ᠋ᠠᠯᠲᠠ ᠵᠢᠨ ᠥᠭᠡᠷᠡᠴᠢᠯᠡᠯᠲᠡ ᠵᠢᠨ ᠲᠥᠰᠥᠯ᠎ᠢ ᠳᠠᠷᠠᠭ᠋ᠠᠬᠢ ᠵᠢᠷᠤᠭ᠎ᠠᠴᠠ ᠣᠶ᠋ᠢᠯᠠᠭ᠋ᠠᠶ᠎ᠠ
5 ᠲᠠᠯ᠎ᠠ ᠵᠢᠨ 20 ᠭᠤᠣᠯᠳᠠᠯᠭ᠎ᠠ᠎ᠲᠠᠢ ᠡᠭᠦᠷᠭᠡ! ᠲᠥᠷᠥ ᠵᠢᠨ ᠶᠠᠪᠤᠳᠠᠯ᠎ᠤᠨ ᠬᠤᠷᠢᠶᠠᠨ᠎ᠤ ᠠᠯᠪᠠᠨ ᠲᠢᠩᠬᠢᠮ ᠬᠠᠮᠤᠭ᠎ᠤᠨ ᠰᠢᠨ᠎ᠡ᠎ᠪᠠᠷ ᠳᠠᠷᠤᠮᠠᠯᠯᠠᠨ ᠲᠠᠷᠬᠠᠭ᠋ᠠᠪᠠ
ᠡᠵᠡᠩᠨᠡᠨ ᠬᠤᠳᠠᠯᠳᠤᠭ᠋ᠠᠯᠠᠬᠤ ᠣᠷᠴᠢᠨ ᠨᠥᠬᠦᠴᠡᠯ᠎ᠢ ᠰᠢᠯᠢᠳᠡᠭᠵᠢᠭᠦᠯᠬᠦ 40 ᠵᠤᠷᠪᠤᠰ ᠪᠣᠳᠠᠲᠠᠢ ᠠᠷᠭ᠎ᠠ ᠬᠡᠮᠵᠢᠶ᠎ᠡ ᠵᠢ ᠨᠡᠶ᠋ᠢᠲᠡᠯᠡᠪᠡ!
ᠤᠯᠤᠰ᠎ᠤᠨ ᠰᠦᠯᠳᠡ ᠳᠠᠭᠤᠤ ᠵᠢ ᠬᠦᠭᠵᠢᠮᠳᠡᠬᠦ ᠪᠠᠷᠢᠮᠵᠢᠶᠠᠲᠤ ᠨᠣᠲ ᠪᠠ ᠤᠯᠤᠰ᠎ᠤᠨ ᠰᠦᠯᠳᠡ ᠳᠠᠭᠤᠤ ᠵᠢᠨ ᠠᠯᠪᠠᠨ᠎ᠤ ᠲᠠᠯ᠎ᠠ ᠵᠢᠨ ᠳᠠᠭᠤ ᠰᠢᠩᠭᠡᠭᠡᠯᠲᠡ ᠵᠢᠨ ᠬᠡᠪᠯᠡᠯ᠎ᠢ ᠳᠤᠮᠳᠠᠳᠤ ᠤᠯᠤᠰ᠎ᠤᠨ ᠵᠠᠰᠠᠭ᠎ᠤᠨ ᠣᠷᠳᠣᠨ᠎ᠤ ᠰᠦᠯᠵᠢᠶᠡᠨ᠎ᠳᠤ ᠨᠡᠶ᠋ᠢᠳᠡᠯᠡᠪᠡ
ᠬᠦᠨᠳᠦ ᠡᠪᠡᠳᠴᠢᠨ᠎ᠤ ᠳᠠᠭ᠋ᠠᠳᠬᠠᠯ᠎ᠢ ᠲᠤᠰᠬᠠᠶ᠋ᠢᠯᠠᠨ ᠠᠪᠬᠤ ᠴᠢᠬᠤᠯᠠ ᠦᠭᠡᠢ᠂ ᠨᠢᠷᠠᠢ ᠬᠡᠦᠬᠡᠳ᠎ᠢ 《ᠲᠥᠷᠥᠮᠡᠭᠴᠡ ᠳᠠᠭ᠋ᠠᠳᠬᠠᠯ᠎ᠲᠠᠢ ᠪᠣᠯᠭ᠋ᠠᠨ᠎ᠠ》 ᠁ ᠤᠯᠤᠰ᠎ᠤᠨ ᠡᠮᠴᠢᠯᠡᠭᠡᠨ᠎ᠤ ᠪᠠᠲᠤᠯᠠᠭ᠎ᠠ ᠵᠢᠨ ᠲᠤᠪᠴᠢᠶ᠎ᠠ ᠰᠢᠨ᠎ᠡ᠎ᠪᠠᠷ ᠨᠡᠶ᠋ᠢᠲᠡᠯᠡᠪᠡ
 
            