ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠢᠯᠡ ᠵᠠᠰᠠᠭ   -   ᠲᠥᠷᠥ᠎ᠶᠢᠨ ᠪᠣᠳᠣᠯᠭ᠎ᠠ᠎ᠶᠢᠨ ᠲᠠᠶ᠋ᠢᠯᠤᠮᠵᠢ
《ᠨᠢᠭᠦᠯᠡᠰᠦᠩᠭᠦᠢ ᠵᠢᠨ ᠢᠲᠡᠭᠡᠮᠵᠢᠲᠦ ᠨᠠᠶ᠋ᠢᠳᠠᠯᠭ᠎ᠠ ᠵᠢᠨ ᠣᠨ᠎ᠤ ᠵᠠᠷᠤᠯᠭ᠎ᠠ ᠪᠠ ᠬᠠᠮᠢᠶᠠᠷᠤᠯᠲᠠ ᠵᠢᠨ ᠵᠠᠷᠤᠳᠠᠯ᠎ᠤᠨ ᠲᠤᠬᠠᠢ ᠲᠣᠭᠲᠠᠭ᠋ᠠᠯ》᠎ᠤᠨ ᠲᠠᠢ᠌ᠯᠤᠮᠵᠢ
ᠨᠡᠶᠢᠲᠡᠯᠡᠭᠰᠡᠨ ᠴᠠᠭ᠄ 2025-02-24

                            ᠬᠤᠤᠰᠪᠠᠶᠠᠷ ᠤᠷᠴᠢᠭᠤᠯᠪᠠ

   ᠠᠷᠠᠳ᠎ᠤᠨ ᠶᠠᠪᠤᠳᠠᠯ᠎ᠤᠨ ᠶᠠᠮᠤᠨ᠂ ᠮᠥᠩᠭᠥᠨ ᠭᠦᠢ᠍ᠯᠭᠡᠭᠡᠨ᠎ᠤ ᠬᠢᠨᠠᠯᠲᠠ ᠬᠠᠮᠢᠶᠠᠷᠤᠯᠲᠠ ᠵᠢᠨ ᠶᠡᠷᠦᠩᠬᠡᠢ ᠲᠣᠪᠴᠢᠶ᠎ᠠ ᠵᠢᠨ᠎ᠬᠢᠨ ᠤᠷᠴᠢᠮ᠎ᠳᠤ 《ᠨᠢᠭᠦᠯᠡᠰᠦᠩᠭᠦᠢ ᠵᠢᠨ ᠢᠲᠡᠭᠡᠮᠵᠢᠲᠦ ᠨᠠᠶ᠋ᠢᠳᠠᠯᠭ᠎ᠠ ᠵᠢᠨ ᠣᠨ᠎ᠤ ᠵᠠᠷᠤᠯᠭ᠎ᠠ ᠪᠠ ᠬᠠᠮᠢᠶᠠᠷᠤᠯᠲᠠ ᠵᠢᠨ ᠵᠠᠷᠤᠳᠠᠯ᠎ᠤᠨ ᠲᠤᠬᠠᠢ ᠲᠣᠭᠲᠠᠭ᠋ᠠᠯ》᠎ᠢ ᠬᠠᠮᠲᠤᠷᠠᠨ ᠨᠡᠢ᠌ᠲᠡᠯᠡᠪᠡ᠃ ᠡᠳᠦᠭᠡ ᠲᠠᠷᠠᠭ᠋ᠠᠬᠢ ᠮᠡᠲᠦ ᠲᠠᠢ᠌ᠯᠤᠮᠵᠢ ᠬᠢᠵᠤ ᠲᠠ ᠪᠦᠬᠦᠨ᠎ᠲᠠᠢ᠎ᠪᠠᠨ ᠬᠤᠪᠢᠶᠠᠯᠴᠠᠶ᠎ᠠ᠄


ᠨᠢᠭᠡ᠂ ᠲᠣᠭᠲᠠᠭ᠋ᠠᠭᠰᠠᠨ ᠠᠬᠤᠢ ᠪᠠᠢ᠌ᠳᠠᠯ


   ᠨᠢᠭᠦᠯᠡᠰᠦᠩᠭᠦᠢ ᠵᠢᠨ ᠢᠲᠡᠭᠡᠮᠵᠢᠲᠦ ᠨᠠᠶ᠋ᠢᠳᠠᠯᠭ᠎ᠠ ᠪᠣᠯ ᠮᠠᠨ᠎ᠤ ᠤᠯᠤᠰ᠎ᠤᠨ ᠨᠢᠭᠦᠯᠡᠰᠦᠩᠭᠦᠢ ᠵᠢᠨ ᠦᠢ᠍ᠯᠡᠰ᠎ᠤᠨ ᠴᠢᠬᠤᠯᠠ ᠪᠦᠷᠢᠯᠳᠦᠭᠦᠨ ᠬᠡᠰᠡᠭ᠂ ᠨᠡᠢ᠌ᠭᠡᠮ᠎ᠤᠨ ᠡᠯ᠎ᠡ ᠡᠲᠡᠭᠡᠳ᠎ᠤᠨ᠎ᠬᠢᠨ᠎ᠤ ᠨᠢᠭᠦᠯᠡᠰᠦᠩᠭᠦᠢ ᠵᠢᠨ ᠦᠢ᠍ᠯᠡᠰ᠎ᠲᠤ ᠣᠷᠣᠯᠴᠠᠬᠤ ᠴᠢᠬᠤᠯᠠ ᠠᠷᠭ᠎ᠠ ᠵᠠᠮ ᠮᠥᠨ᠂ ᠶᠠᠳᠠᠭᠤ᠎ᠠᠴᠠ ᠠᠩᠭᠢᠵᠢᠷᠠᠭᠤᠯᠬᠤ ᠪᠤᠭᠤᠮᠳᠠ ᠰᠢᠪᠳᠤᠯᠤᠯᠳᠠ᠂ ᠬᠢᠵᠢᠭ᠎ᠤᠨ ᠪᠠᠢ᠌ᠳᠠᠯ᠎ᠢ ᠰᠡᠷᠭᠡᠢ᠌ᠯᠡᠨ ᠡᠵᠡᠮᠳᠡᠬᠦ᠂ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ᠂ ᠪᠠᠴᠢᠮ ᠪᠠᠢ᠌ᠳᠠᠯ᠎ᠢ  ᠠᠷᠭ᠋ᠠᠴᠠᠭ᠋ᠠᠵᠤ ᠲᠤᠰᠠᠯᠠᠬᠤ᠂ ᠰᠢᠨᠵᠢᠯᠡᠬᠦ ᠤᠬᠠᠭ᠋ᠠᠨ ᠰᠤᠷᠭ᠋ᠠᠨ ᠬᠥᠮᠦᠵᠢᠯ ᠰᠣᠶᠣᠯ ᠡᠷᠡᠭᠦᠯ ᠬᠠᠮᠠᠭ᠋ᠠᠯᠠᠯ᠂ ᠠᠮᠢ ᠠᠬᠤᠢ ᠵᠢᠨ ᠬᠠᠮᠠᠭ᠋ᠠᠯᠠᠯᠲᠠ ᠵᠡᠷᠭᠡ ᠲᠠᠯ᠎ᠠ᠎ᠪᠠᠷ ᠢᠳᠡᠪᠬᠢᠲᠡᠢ ᠦᠢ᠍ᠯᠡᠳᠦᠯ ᠪᠠᠳᠠᠷᠠᠭᠤᠯᠵᠤ᠂ ᠨᠡᠢ᠌ᠭᠡᠮ ᠵᠢᠷᠤᠮ᠎ᠤᠨ ᠣᠳᠣᠬᠢᠴᠢᠯᠠᠭᠰᠠᠨ ᠤᠯᠤᠰ᠎ᠢ ᠪᠥᠬᠥ ᠲᠠᠯ᠎ᠠ᠎ᠪᠠᠷ ᠪᠦᠲᠦᠭᠡᠨ ᠪᠠᠶ᠋ᠢᠭᠤᠯᠬᠤ᠎ᠳᠤ ᠴᠢᠬᠤᠯᠠ ᠬᠤᠪᠢ ᠨᠡᠮᠡᠷᠢ ᠦᠵᠡᠭᠦᠯᠦᠭᠰᠡᠨ ᠪᠠᠢ᠌ᠨ᠎ᠠ᠃ ᠵᠠᠰᠠᠪᠤᠷᠢ ᠣᠷᠣᠭᠤᠯᠤᠭᠰᠠᠨ᠎ᠤ ᠳᠠᠷᠠᠭ᠋ᠠᠬᠢ ᠨᠢᠭᠦᠯᠡᠰᠦᠩᠭᠦᠢ ᠵᠢᠨ ᠬᠠᠤᠯᠢ ᠵᠢ  ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ᠂ ᠨᠢᠭᠦᠯᠡᠰᠦᠩᠭᠦᠢ ᠵᠢᠨ ᠢᠲᠡᠭᠡᠮᠵᠢᠲᠦ ᠨᠠᠶ᠋ᠢᠳᠠᠯᠭ᠎ᠠ ᠵᠢᠨ ᠡᠷᠡᠬᠦᠯ ᠬᠦᠭᠵᠢᠯᠳᠡ ᠵᠢ ᠠᠬᠢᠭᠤᠯᠬᠤ ᠵᠢᠨ ᠲᠥᠯᠥᠭᠡ᠂ ᠬᠤᠳᠠᠯᠳᠤᠭ᠎ᠠ ᠡᠷᠭᠢᠯᠡᠬᠦ᠎ᠯᠦᠭᠡ ᠬᠤᠯᠪᠤᠬᠳᠠᠬᠤ ᠰᠠᠯᠠᠭ᠎ᠠ ᠮᠥᠴᠢᠷ᠎ᠤᠳ᠂ ᠠᠷᠠᠳ᠎ᠤᠨ ᠶᠠᠪᠤᠳᠠᠯ᠎ᠤᠨ ᠶᠠᠮᠤᠨ ᠮᠥᠩᠭᠥᠨ ᠭᠦᠢ᠍ᠯᠭᠡᠭᠡᠨ᠎ᠤ ᠬᠢᠨᠠᠯᠲᠠ ᠬᠠᠮᠢᠶᠠᠷᠤᠯᠲᠠ ᠵᠢᠨ ᠶᠡᠷᠦᠩᠬᠡᠢ ᠲᠣᠪᠴᠢᠶ᠎ᠠ᠎ᠲᠠᠢ ᠵᠢᠨ᠎ᠬᠢᠨ᠎ᠲᠠᠢ ᠬᠠᠮᠲᠤᠷᠠᠨ 《ᠨᠢᠭᠦᠯᠡᠰᠦᠩᠭᠦᠢ ᠵᠢᠨ ᠢᠲᠡᠭᠡᠮᠵᠢᠲᠦ ᠨᠠᠶ᠋ᠢᠳᠠᠯᠭ᠎ᠠ ᠵᠢᠨ ᠣᠨ᠎ᠤ ᠵᠠᠷᠤᠯᠭ᠎ᠠ ᠪᠠ ᠬᠠᠮᠢᠶᠠᠷᠤᠯᠲᠠ ᠵᠢᠨ ᠵᠠᠷᠤᠳᠠᠯ᠎ᠤᠨ ᠲᠤᠬᠠᠢ ᠲᠣᠭᠲᠠᠭ᠋ᠠᠯ》 ᠲᠤᠬᠳᠠᠭ᠋ᠠᠬᠰᠠᠨ᠎ᠨᠢ ᠨᠢᠭᠦᠯᠡᠰᠦᠩᠭᠦᠢ ᠵᠢᠨ ᠢᠲᠡᠭᠡᠮᠵᠢᠲᠦ ᠨᠠᠶ᠋ᠢᠳᠠᠯᠭ᠎ᠠ ᠵᠢᠨ ᠣᠨ᠎ᠤ ᠵᠠᠷᠤᠯᠭ᠎ᠠ ᠪᠠ ᠬᠠᠮᠢᠶᠠᠷᠤᠯᠲᠠ ᠵᠢᠨ ᠵᠠᠷᠤᠳᠠᠯ᠎ᠤᠨ ᠪᠠᠷᠢᠮᠵᠢᠶ᠎ᠠ᠎ᠳᠤ ᠠᠩᠬ᠎ᠠ ᠤᠳᠠᠭ᠎ᠠ ᠲᠣᠭᠲᠠᠭ᠋ᠠᠯ ᠭᠠᠷᠭ᠋ᠠᠵᠤ᠂ ᠨᠢᠭᠦᠯᠡᠰᠦᠩᠭᠦᠢ ᠵᠢᠨ ᠢᠲᠡᠭᠡᠮᠵᠢᠲᠦ ᠨᠠᠶ᠋ᠢᠳᠠᠯᠭ᠎ᠠ ᠵᠢᠨ ᠬᠠᠮᠢᠶᠠᠷᠤᠯᠲᠠ ᠵᠢᠨ ᠳᠦᠷᠢᠮ᠎ᠤᠨ ᠬᠣᠭᠣᠰᠤᠨ᠎ᠢ ᠨᠦᠬᠦᠪᠤᠷᠢᠯᠡᠭᠰᠡᠨ ᠪᠢᠯᠨ᠃


ᠬᠣᠶᠠᠷ᠂ ᠭᠣᠣᠯ ᠠᠭᠤᠯᠭ᠎ᠠ


    (ᠨᠢᠭᠡ) ᠳᠦᠷᠢᠮ ᠲᠣᠭᠲᠠᠭ᠋ᠠᠯ᠎ᠤᠨ ᠬᠡᠪᠴᠢᠶ᠎ᠡ ᠪᠠ ᠦᠨᠳᠦᠰᠦᠨ ᠱᠠᠭ᠋ᠠᠷᠳᠠᠯᠭ᠎ᠠ ᠵᠢᠨ ᠲᠤᠬᠠᠢ᠃ 《ᠨᠢᠭᠦᠯᠡᠰᠦᠩᠭᠦᠢ ᠵᠢᠨ ᠢᠲᠡᠭᠡᠮᠵᠢᠲᠦ ᠨᠠᠶ᠋ᠢᠳᠠᠯᠭ᠎ᠠ ᠵᠢᠨ ᠣᠨ᠎ᠤ ᠵᠠᠷᠤᠯᠭ᠎ᠠ ᠪᠠ ᠬᠠᠮᠢᠶᠠᠷᠤᠯᠲᠠ ᠵᠢᠨ ᠵᠠᠷᠤᠳᠠᠯ᠎ᠤᠨ ᠲᠤᠬᠠᠢ ᠲᠣᠭᠲᠠᠭ᠋ᠠᠯ》᠎ᠳᠤ ᠪᠥᠬᠥᠳᠡ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ ᠬᠢᠯᠢ ᠵᠢᠨ ᠳᠣᠲᠣᠷ᠎ᠠ ᠳᠠᠩᠰᠠᠯᠠᠭᠤᠯᠤᠭᠰᠠᠨ ᠨᠢᠭᠦᠯᠡᠰᠦᠩᠭᠦᠢ ᠵᠢᠨ ᠢᠲᠡᠭᠡᠮᠵᠢᠲᠦ ᠨᠠᠶ᠋ᠢᠳᠠᠯᠭ᠎ᠠ ᠵᠢ ᠲᠣᠭᠲᠠᠭ᠋ᠠᠵᠠᠢ᠃ ᠨᠢᠭᠦᠯᠡᠰᠦᠩᠭᠦᠢ ᠵᠢᠨ ᠢᠲᠡᠭᠡᠮᠵᠢᠲᠦ ᠨᠠᠶ᠋ᠢᠳᠠᠯᠭ᠎ᠠ ᠵᠢᠨ ᠨᠠᠶ᠋ᠢᠳᠠᠯᠭ᠎ᠠ ᠬᠦᠯᠢᠶᠡᠭᠴᠢ (《ᠨᠠᠶ᠋ᠢᠳᠠᠯᠭ᠎ᠠ ᠬᠦᠯᠢᠶᠡᠭᠴᠢ》 ᠭᠡᠵᠦ ᠲᠤᠪᠴᠢᠯᠠᠶ᠎ᠠ) ᠵᠢ ᠬᠠᠤᠯᠢ ᠴᠠᠭ᠋ᠠᠵᠠ ᠬᠠᠤᠯᠢ ᠲᠣᠭᠲᠠᠭ᠋ᠠᠯ ᠪᠠ ᠨᠢᠭᠦᠯᠡᠰᠦᠩᠭᠦᠢ ᠵᠢᠨ ᠢᠲᠡᠭᠡᠮᠵᠢᠲᠦ ᠨᠠᠶ᠋ᠢᠳᠠᠯᠭ᠎ᠠ ᠵᠢᠨ ᠪᠢᠴᠢᠭ ᠮᠠᠲ᠋ᠧᠷᠢᠶᠠᠯ᠎ᠤᠨ ᠲᠣᠭᠲᠠᠭ᠋ᠠᠯ ᠶᠣᠰᠣᠭ᠋ᠠᠷ ᠨᠢᠭᠦᠯᠡᠰᠦᠩᠭᠦᠢ ᠵᠢᠨ ᠠᠵᠢᠯᠯᠠᠭ᠎ᠠ ᠵᠢ ᠢᠳᠡᠪᠬᠢᠲᠡᠢ ᠥᠷᠨᠢᠭᠦᠯᠵᠦ ᠨᠢᠭᠦᠯᠡᠰᠦᠩᠭᠦᠢ ᠵᠢᠨ ᠢᠲᠡᠭᠡᠮᠵᠢᠲᠦ ᠨᠠᠶ᠋ᠢᠳᠠᠯᠭ᠎ᠠ ᠵᠢᠨ ᠡᠳ᠋ ᠬᠥᠷᠥᠩᠭᠡ ᠵᠢ ᠭᠦᠢ᠍ᠴᠡᠳ ᠪᠥᠭᠡᠳ ᠥᠨᠳᠥᠷ ᠪᠦᠲᠦᠮᠵᠢᠲᠡᠶ᠎ᠪᠠᠷ ᠬᠡᠷᠡᠭᠯᠡᠬᠦ ᠵᠢᠨ ᠬᠠᠮᠲᠤ ᠬᠠᠮᠢᠶᠠᠷᠤᠯᠲᠠ ᠵᠢᠨ ᠵᠠᠷᠤᠳᠠᠯ᠎ᠤᠨ ᠬᠠᠮᠤᠭ᠎ᠤᠨ ᠴᠢᠬᠤᠯᠠᠲᠠᠢ ᠪᠠᠢ᠌ᠬᠤ ᠵᠠᠷᠴᠢᠮ᠎ᠢ ᠵᠢᠷᠤᠮᠯᠠᠵᠤ ᠰᠠᠢ᠌ᠲᠤᠷ ᠠᠷᠪᠢᠯᠠᠨ ᠭᠠᠮᠨᠠᠵᠤ᠂ ᠴᠢᠬᠤᠯᠠ ᠪᠤᠰᠤ ᠵᠠᠷᠤᠯᠭ᠎ᠠ ᠵᠢ ᠪᠠᠭ᠋ᠠᠰᠬᠠᠬᠤ ᠵᠢ ᠱᠠᠭ᠋ᠠᠷᠳᠠᠨ᠎ᠠ᠃
     (ᠬᠣᠶᠠᠷ) ᠨᠢᠭᠦᠯᠡᠰᠦᠩᠭᠦᠢ ᠵᠢᠨ ᠢᠲᠡᠭᠡᠮᠵᠢᠲᠦ ᠨᠠᠶ᠋ᠢᠳᠠᠯᠭ᠎ᠠ ᠵᠢᠨ ᠵᠠᠷᠤᠯᠭ᠎ᠠ ᠵᠢᠨ ᠲᠣᠮᠢᠶᠠᠯᠠᠯ ᠪᠠ ᠣᠨ᠎ᠤ ᠵᠠᠷᠤᠯᠭ᠎ᠠ ᠵᠢᠨ ᠪᠠᠷᠢᠮᠵᠢᠶ᠎ᠠ ᠵᠢᠨ ᠲᠤᠬᠠᠢ᠃ ᠨᠢᠭᠦᠯᠡᠰᠦᠩᠭᠦᠢ ᠵᠢᠨ ᠢᠲᠡᠭᠡᠮᠵᠢᠲᠦ ᠨᠠᠶ᠋ᠢᠳᠠᠯᠭ᠎ᠠ ᠵᠢᠨ ᠵᠠᠷᠤᠯᠭ᠎ᠠ ᠭᠡᠳᠡᠭ᠎ᠨᠢ ᠨᠢᠭᠦᠯᠡᠰᠦᠩᠭᠦᠢ ᠵᠢᠨ ᠠᠵᠢᠯᠯᠠᠭ᠎ᠠ ᠥᠷᠨᠢᠭᠦᠯᠬᠦ ᠦᠶ᠎ᠡ᠎ᠳᠤ ᠡᠭᠦᠰᠦᠭᠰᠡᠨ ᠲᠠᠷᠠᠭ᠋ᠠᠬᠢ ᠵᠠᠷᠤᠯᠭ᠎ᠠ ᠵᠢ ᠵᠢᠭ᠋ᠠᠵᠤ ᠪᠠᠢ᠌ᠨ᠎ᠠ᠄  ᠰᠢᠭᠤᠳ ᠪᠤᠶᠤ ᠪᠤᠰᠤᠳ ᠵᠣᠬᠢᠶᠠᠨ ᠪᠠᠢ᠌ᠭᠤᠯᠤᠯᠲᠠ᠎ᠳᠤ ᠨᠠᠢ᠌ᠳᠠᠵᠤ ᠠᠰᠢᠭ ᠬᠦᠷᠳᠡᠭᠴᠢ᠎ᠳᠤ ᠵᠣᠭᠣᠰ ᠮᠥᠩᠭᠥ ᠡᠳ᠋ ᠪᠣᠳᠠᠰ᠎ᠢ ᠲᠤᠰᠠᠯᠠᠭᠤᠯᠤᠬᠰᠠᠨ᠃ ᠨᠢᠭᠦᠯᠡᠰᠦᠩᠭᠦᠢ ᠵᠢᠨ ᠠᠵᠢᠯᠯᠠᠭ᠎ᠠ ᠥᠷᠨᠢᠭᠦᠯᠬᠦ᠎ᠳᠤ ᠡᠭᠦᠰᠦᠭᠰᠡᠨ ᠬᠥᠮᠥᠰ᠎ᠤᠨ ᠬᠥᠯᠥᠰᠦ ᠣᠯᠭᠣᠮᠵᠢ᠂  ᠰᠠᠢ᠌ᠨ ᠳᠤᠷ᠎ᠠ ᠵᠢᠨ ᠠᠵᠢᠯᠯᠠᠭᠴᠢ ᠵᠢᠨ ᠨᠥᠬᠥᠪᠦᠷᠢ ᠪᠠ ᠳᠠᠭ᠋ᠠᠳᠬᠠᠯ᠂ ᠭᠡᠷ ᠪᠠᠢ᠌ᠰᠢᠩ᠂ ᠲᠤᠨᠤᠭ ᠲᠥᠬᠦᠭᠡᠷᠦᠮᠵᠢ᠂  ᠡᠳ᠋ ᠪᠣᠳᠠᠰ᠎ᠢ ᠬᠡᠷᠡᠭᠯᠡᠬᠦ᠎ᠳᠤ ᠡᠭᠦᠰᠦᠭᠰᠡᠨ ᠬᠣᠯᠪᠣᠭᠳᠠᠯ ᠪᠦᠬᠦᠢ ᠵᠠᠷᠤᠳᠠᠯ᠃ ᠨᠢᠭᠦᠯᠡᠰᠦᠩᠭᠦᠢ ᠵᠢᠨ ᠠᠵᠢᠯᠯᠠᠭ᠎ᠠ ᠵᠢ ᠥᠷᠨᠢᠭᠦᠯᠬᠦ ᠵᠢᠨ ᠲᠥᠯᠥᠭᠡ ᠡᠭᠦᠰᠦᠭᠰᠡᠨ ᠵᠠᠮ᠎ᠤᠨ ᠵᠠᠷᠤᠳᠠᠯ᠂ ᠪᠠᠷᠠᠭ᠋ᠠᠨ᠎ᠤ ᠭᠦᠢ᠍ᠯᠭᠡᠭᠡ᠂ ᠵᠠᠮ ᠬᠠᠷᠢᠯᠴᠠᠭ᠎ᠠ᠂ ᠬᠤᠷᠠᠯ᠂ ᠪᠣᠯᠪᠠᠰᠤᠷᠠᠯ᠂ ᠬᠢᠨᠠᠨ ᠪᠣᠳᠣᠯᠲᠠ᠂ ᠦᠨᠡᠯᠡᠨ ᠵᠢᠱ᠌ᠢᠯᠲᠡ ᠵᠡᠷᠭᠡ ᠵᠠᠷᠤᠳᠠᠯ᠃ ᠲᠦᠷᠦᠭᠦᠸ᠋ ᠵᠢᠯ᠎ᠤᠨ ᠡᠴᠦᠰ᠎ᠤᠨ ᠢᠲᠡᠭᠡᠮᠵᠢᠲᠦ ᠨᠠᠶ᠋ᠢᠳᠠᠯᠭ᠎ᠠ ᠵᠢᠨ ᠡᠳ᠋ ᠬᠥᠷᠥᠩᠭᠡ᠎ᠪᠠᠷ ᠪᠡᠯᠡ ᠮᠥᠩᠭᠥ ᠡᠳ᠋ ᠬᠥᠷᠥᠩᠭᠡ ᠪᠣᠯᠭ᠋ᠠᠭᠰᠠᠨ ᠨᠢᠭᠦᠯᠡᠰᠦᠩᠭᠦᠢ ᠵᠢᠨ ᠢᠲᠡᠭᠡᠮᠵᠢᠲᠦ ᠨᠠᠶ᠋ᠢᠳᠠᠯᠭ᠎ᠠ ᠵᠢ ᠲᠦᠷᠦᠭᠦᠸ᠋ ᠵᠢᠯ᠎ᠤᠨ ᠡᠴᠦᠰ᠎ᠤᠨ ᠴᠡᠪᠡᠷ ᠡᠳ᠋ ᠬᠥᠷᠥᠩᠭᠡ᠎ᠪᠠᠷ᠎ᠨᠢ 1000 ᠲᠦᠮᠡᠨ ᠲᠥᠭᠥᠷᠢᠭ (ᠡᠬᠡ ᠲᠣᠭ᠎ᠠ ᠵᠢ ᠪᠠᠭᠲᠠᠭ᠋ᠠᠨ᠎ᠠ)᠂ 1000 ᠲᠦᠮᠡᠨ ᠲᠥᠭᠥᠷᠢᠭ᠎ᠠᠴᠠ 500 ᠲᠦᠮᠡᠨ ᠲᠥᠭᠥᠷᠢᠭ (ᠡᠬᠡ ᠲᠣᠭ᠎ᠠ ᠵᠢ ᠪᠠᠭᠲᠠᠭ᠋ᠠᠨ᠎ᠠ) ᠎ᠤᠨ ᠬᠤᠭᠤᠷᠤᠨᠳᠤ᠂ 500 ᠲᠦᠮᠡᠨ ᠲᠥᠭᠥᠷᠢᠭ᠎ᠠᠴᠠ100 ᠲᠦᠮᠡᠨ ᠲᠥᠭᠥᠷᠢᠭ (ᠡᠬᠡ ᠲᠣᠭ᠎ᠠ ᠵᠢ ᠪᠠᠭᠲᠠᠭ᠋ᠠᠨ᠎ᠠ) ᠬᠤᠭᠤᠷᠤᠨᠳᠤ᠂ 100 ᠲᠦᠮᠡᠨ ᠲᠥᠭᠥᠷᠢᠭ᠎ᠠᠴᠠ ᠪᠠᠭ᠎ᠠ ᠵᠡᠷᠭᠡ ᠳᠥᠷᠪᠡᠨ ᠳᠡᠰ ᠬᠤᠪᠢᠶᠠᠵᠤ᠂ ᠲᠣᠰ ᠲᠣᠰ ᠣᠨ᠎ᠤ ᠵᠠᠷᠤᠯᠭ᠎ᠠ ᠵᠢ ᠲᠦᠷᠦᠭᠦᠸ᠋ ᠵᠢᠯ᠎ᠤᠨ ᠡᠴᠦᠰ᠎ᠤᠨ ᠴᠡᠪᠡᠷ ᠡᠳ᠋ ᠬᠥᠷᠥᠩᠭᠡ ᠵᠢᠨ 3%᠂ 4%᠂ 5%᠂ 6%᠎ᠠᠴᠠ  ᠪᠠᠭ᠎ᠠ ᠪᠠᠢ᠌ᠯᠭ᠋ᠠᠵᠤ ᠪᠣᠯᠬᠤ ᠦᠭᠡᠢ ᠭᠡᠵᠦ ᠱᠠᠭ᠋ᠠᠷᠳᠠᠪᠠ᠃ ᠲᠦᠷᠦᠭᠦᠦ ᠵᠢᠯ᠎ᠤᠨ ᠡᠴᠦᠰ᠎ᠤᠨ ᠢᠲᠡᠭᠡᠮᠵᠢᠲᠦ ᠨᠠᠶ᠋ᠢᠳᠠᠯᠭ᠎ᠠ ᠵᠢᠨ ᠡᠳ᠋ ᠬᠥᠷᠥᠩᠭᠡ ᠪᠣᠯ  ᠬᠤᠪᠢᠴᠠᠭ᠎ᠠ ᠵᠢᠨ ᠡᠷᠬᠡ (  ᠬᠤᠪᠢᠴᠠᠭ᠎ᠠ)᠂ ᠦᠯᠦ ᠬᠥᠳᠡᠯᠬᠦ ᠬᠥᠷᠥᠩᠭᠡ ᠵᠡᠷᠭᠡ ᠪᠡᠯᠡ ᠮᠥᠩᠭᠥᠨ᠎ᠤ ᠪᠤᠰᠤ ᠡᠳ᠋ ᠬᠥᠷᠥᠩᠭᠡ ᠵᠢᠨ ᠨᠢᠭᠦᠯᠡᠰᠦᠩᠭᠦᠢ ᠵᠢᠨ ᠢᠲᠡᠭᠡᠮᠵᠢᠲᠦ ᠨᠠᠶ᠋ᠢᠳᠠᠯᠭ᠎ᠠ ᠪᠣᠯᠣᠨ᠎ᠠ᠂ ᠣᠨ᠎ᠤ ᠵᠠᠷᠤᠯᠭ᠎ᠠ᠎ᠨᠢ ᠲᠦᠷᠦᠭᠦᠦ ᠵᠢᠯ᠎ᠤᠨ ᠪᠡᠯᠡ ᠮᠥᠩᠭᠥᠨ᠎ᠤ ᠶᠡᠷᠦᠩᠬᠡᠢ ᠣᠷᠣᠯᠭ᠎ᠠ ᠵᠢᠨ 70%᠎ᠠᠴᠠ ᠪᠠᠭ᠎ᠠ ᠪᠠᠢ᠌ᠵᠤ ᠪᠣᠯᠬᠤ ᠦᠭᠡᠢ᠃  《ᠨᠢᠭᠦᠯᠡᠰᠦᠩᠭᠦᠢ ᠵᠢᠨ ᠢᠲᠡᠭᠡᠮᠵᠢᠲᠦ ᠨᠠᠶ᠋ᠢᠳᠠᠯᠭ᠎ᠠ ᠵᠢᠨ ᠣᠨ᠎ᠤ ᠵᠠᠷᠤᠯᠭ᠎ᠠ ᠪᠠ ᠬᠠᠮᠢᠶᠠᠷᠤᠯᠲᠠ ᠵᠢᠨ ᠵᠠᠷᠤᠳᠠᠯ᠎ᠤᠨ ᠲᠤᠬᠠᠢ ᠲᠣᠭᠲᠠᠭ᠋ᠠᠯ》᠎ᠳᠤ ᠬᠡᠯᠡᠵᠦ ᠪᠠᠢ᠌ᠭ᠎ᠠ ᠪᠡᠯᠡ ᠮᠥᠩᠭᠥᠨ᠎ᠤ ᠶᠡᠷᠦᠩᠬᠡᠢ ᠣᠷᠣᠯᠭ᠎ᠠ ᠭᠡᠳᠡᠭ᠎ᠨᠢ ᠪᠡᠯᠡ ᠮᠥᠩᠭᠥᠨ᠎ᠤ ᠪᠤᠰᠤ ᠢᠲᠡᠭᠡᠮᠵᠢᠲᠦ ᠨᠠᠶ᠋ᠢᠳᠠᠯᠭ᠎ᠠ ᠵᠢᠨ ᠡᠳ᠋ ᠬᠥᠷᠥᠩᠭᠡ᠎ᠠᠴᠠ ᠪᠤᠢ ᠪᠣᠯᠤᠭᠰᠠᠨ ᠠᠰᠢᠭ ᠬᠤᠪᠢᠶᠠᠷᠢᠯᠠᠯᠲᠠ᠂ ᠲᠦᠷᠢᠶᠡᠰᠦᠨ ᠮᠥᠩᠭᠥ ᠵᠡᠷᠭᠡ᠎ᠠᠴᠠ ᠴᠢᠬᠤᠯᠠ ᠪᠦᠬᠦᠢ ᠭᠠᠢ᠌ᠯᠢ ᠰᠦᠢ᠍ᠳᠬᠡᠯ᠎ᠢ  ᠰᠠᠭᠤᠯᠭ᠋ᠠᠬᠰᠠᠨ᠎ᠤ ᠳᠠᠷᠠᠭ᠋ᠠᠬᠢ ᠶᠡᠷᠦᠩᠬᠡᠢ ᠣᠷᠣᠯᠭ᠎ᠠ ᠵᠢ ᠵᠢᠭ᠋ᠠᠵᠤ ᠪᠠᠢ᠌ᠨ᠎ᠠ᠃ ᠲᠦᠷᠦᠭᠦᠦ ᠵᠢᠯ᠎ᠤᠨ ᠡᠴᠦᠰ᠎ᠲᠤ ᠢᠲᠡᠭᠡᠮᠵᠢᠲᠦ ᠨᠠᠶ᠋ᠢᠳᠠᠯᠭ᠎ᠠ ᠵᠢᠨ ᠡᠳ᠋ ᠬᠥᠷᠥᠩᠭᠡ᠎ᠳᠤ ᠪᠡᠯᠡ ᠮᠥᠩᠭᠥ ᠡᠳ᠋ ᠬᠥᠷᠥᠩᠭᠡ ᠪᠠᠢ᠌ᠬᠤ ᠮᠥᠷᠲᠡᠭᠡᠨ ᠪᠠᠰᠠ ᠪᠡᠯᠡ ᠮᠥᠩᠭᠥ ᠪᠤᠰᠤ ᠡᠳ᠋ ᠬᠥᠷᠥᠩᠭᠡ ᠪᠠᠢ᠌ᠪᠠᠯ ᠪᠡᠯᠡ ᠮᠥᠩᠭᠥ ᠡᠳ᠋ ᠬᠥᠷᠥᠩᠭᠡ ᠪᠣᠯᠣᠨ ᠪᠡᠯᠡ ᠮᠥᠩᠭᠥ ᠪᠤᠰᠤ ᠡᠳ᠋ ᠬᠥᠷᠥᠩᠭᠡ ᠵᠢ ᠲᠤᠰ ᠲᠤᠰ᠎ᠲᠤ᠎ᠨᠢ ᠲᠡᠡᠭᠰᠠ ᠲᠡᠮᠳᠡᠭᠯᠡᠨ ᠲᠣᠭ᠋ᠠᠴᠠᠭ᠎ᠠ ᠬᠢᠯᠭᠡᠬᠦ᠎ᠪᠠᠷ ᠱᠠᠭ᠋ᠠᠷᠳᠠᠵᠤ ᠣᠨ᠎ᠤ ᠵᠠᠷᠤᠯᠭ᠎ᠠ ᠵᠢᠨ ᠪᠠᠷᠢᠮᠵᠢᠶ᠎ᠠ ᠵᠢ ᠲᠤᠰ ᠲᠤᠰ 《ᠨᠢᠭᠦᠯᠡᠰᠦᠩᠭᠦᠢ ᠵᠢᠨ ᠢᠲᠡᠭᠡᠮᠵᠢᠲᠦ ᠨᠠᠶ᠋ᠢᠳᠠᠯᠭ᠎ᠠ ᠵᠢᠨ ᠣᠨ᠎ᠤ ᠵᠠᠷᠤᠯᠭ᠎ᠠ ᠪᠠ ᠬᠠᠮᠢᠶᠠᠷᠤᠯᠲᠠ ᠵᠢᠨ ᠵᠠᠷᠤᠳᠠᠯ᠎ᠤᠨ ᠲᠤᠬᠠᠢ ᠲᠣᠭᠲᠠᠭ᠋ᠠᠯ》᠎ᠤᠨ ᠲᠠᠪᠤᠳᠤᠭ᠋ᠠᠷ ᠵᠦᠢ᠍ᠯ᠂ ᠵᠢᠷᠭᠤᠳᠤᠭ᠋ᠠᠷ ᠵᠦᠢ᠍ᠯ᠎ᠤᠨ ᠶᠣᠰᠣᠭ᠋ᠠᠷ ᠬᠡᠷᠡᠭᠵᠢᠭᠦᠯᠦᠨ᠎ᠡ᠃
    (ᠭᠤᠷᠪᠠ) ᠨᠢᠭᠦᠯᠡᠰᠦᠩᠭᠦᠢ ᠵᠢᠨ ᠢᠲᠡᠭᠡᠮᠵᠢᠲᠦ ᠨᠠᠶ᠋ᠢᠳᠠᠯᠭ᠎ᠠ ᠵᠢᠨ ᠬᠠᠮᠢᠶᠠᠷᠤᠯᠲᠠ ᠵᠢᠨ ᠵᠠᠷᠤᠳᠠᠯ᠎ᠤᠨ ᠲᠤᠬᠠᠢ ᠲᠣᠮᠢᠶᠠᠯᠠᠯ ᠪᠠ ᠪᠠᠷᠢᠮᠵᠢᠶ᠎ᠠ᠃ ᠨᠢᠭᠦᠯᠡᠰᠦᠩᠭᠦᠢ ᠵᠢᠨ ᠢᠲᠡᠭᠡᠮᠵᠢᠲᠦ ᠨᠠᠶ᠋ᠢᠳᠠᠯᠭ᠎ᠠ ᠵᠢᠨ ᠬᠠᠮᠢᠶᠠᠷᠤᠯᠲᠠ ᠵᠢᠨ ᠵᠠᠷᠤᠳᠠᠯ ᠭᠡᠳᠡᠭ᠎ᠨᠢ ᠲᠠᠷᠠᠭ᠋ᠠᠬᠢ ᠵᠠᠷᠤᠳᠠᠯ᠎ᠤᠳ᠎ᠢ ᠵᠢᠭ᠋ᠠᠵᠤ ᠪᠠᠢ᠌ᠨ᠎ᠠ᠄ ᠨᠠᠶ᠋ᠢᠳᠠᠯᠭ᠎ᠠ ᠬᠦᠯᠢᠶᠡᠭᠴᠢ᠎ᠳᠤ ᠥᠭᠭᠦᠭᠰᠡᠨ ᠢᠲᠡᠭᠡᠮᠵᠢᠲᠦ ᠨᠠᠶ᠋ᠢᠳᠠᠯᠭ᠎ᠠ ᠵᠢᠨ ᠬᠥᠯᠥᠰᠦ ᠣᠯᠭᠣᠮᠵᠢ᠂ ᠬᠢᠨᠠᠨ ᠪᠠᠢ᠌ᠴᠠᠭ᠋ᠠᠭᠴᠢ᠎ᠳᠤ ᠥᠭᠭᠦᠭᠰᠡᠨ ᠬᠥᠯᠥᠰᠦ ᠣᠯᠭᠣᠮᠵᠢ᠂ ᠨᠢᠭᠦᠯᠡᠰᠦᠩᠭᠦᠢ ᠵᠢᠨ ᠢᠲᠡᠭᠡᠮᠵᠢᠲᠦ ᠨᠠᠶ᠋ᠢᠳᠠᠯᠭ᠎ᠠ ᠵᠢᠨ ᠡᠳ᠋ ᠬᠥᠷᠥᠩᠭᠡ ᠵᠢ ᠬᠠᠳᠠᠭ᠋ᠠᠯᠠᠨ ᠬᠠᠮᠢᠶᠠᠷᠬᠤ᠎ᠳᠤ ᠵᠠᠷᠤᠴᠠᠭᠤᠯᠤᠭᠰᠠᠨ ᠵᠠᠷᠤᠳᠠᠯ᠂ ᠨᠢᠭᠦᠯᠡᠰᠦᠩᠭᠦᠢ ᠵᠢᠨ ᠢᠲᠡᠭᠡᠮᠵᠢᠲᠦ ᠨᠠᠶ᠋ᠢᠳᠠᠯᠭ᠎ᠠ ᠵᠢᠨ ᠡᠳ᠋ ᠬᠥᠷᠥᠩᠭᠡ ᠵᠢ ᠬᠠᠮᠢᠶᠠᠷᠬᠤ᠂ ᠰᠢᠢ᠍ᠳᠪᠦᠷᠢᠯᠡᠬᠦ᠎ᠳᠤ ᠵᠠᠭᠤᠴᠢ ᠪᠠᠢ᠌ᠭᠤᠯᠤᠮᠵᠢ ᠵᠢ ᠤᠷᠢᠬᠤ᠎ᠳᠤ ᠵᠠᠷᠤᠴᠠᠭᠤᠯᠤᠭᠰᠠᠨ ᠵᠠᠷᠤᠳᠠᠯ ᠪᠠ ᠨᠢᠭᠦᠯᠡᠰᠦᠩᠭᠦᠢ ᠵᠢᠨ ᠢᠲᠡᠭᠡᠮᠵᠢᠲᠦ ᠨᠠᠶ᠋ᠢᠳᠠᠯᠭ᠎ᠠ ᠵᠢᠨ ᠪᠢᠴᠢᠭ ᠮᠠᠲ᠋ᠧᠷᠢᠶᠠᠯ᠎ᠳᠤ ᠲᠣᠭᠲᠠᠭ᠋ᠠᠭᠰᠠᠨ ᠪᠤᠰᠤᠳ ᠵᠦᠢ ᠵᠣᠬᠢᠰᠲᠠᠢ ᠵᠠᠷᠤᠳᠠᠯ᠎ᠢ ᠵᠢᠭ᠋ᠠᠵᠤ ᠪᠠᠢ᠌ᠨ᠎ᠠ᠃ ᠲᠦᠷᠦᠭᠦᠸ᠋ ᠵᠢᠯ᠎ᠤᠨ ᠡᠴᠦᠰ᠎ᠤᠨ ᠴᠡᠪᠡᠷ ᠡᠳ᠋ ᠬᠥᠷᠥᠩᠭᠡ᠎ᠪᠠᠷ ᠨᠢᠭᠦᠯᠡᠰᠦᠩᠭᠦᠢ ᠵᠢᠨ ᠢᠲᠡᠭᠡᠮᠵᠢᠲᠦ ᠨᠠᠶ᠋ᠢᠳᠠᠯᠭ᠎ᠠ ᠵᠢ 1000 ᠲᠦᠮᠡᠨ ᠲᠥᠭᠥᠷᠢᠭ (ᠡᠬᠡ ᠲᠣᠭ᠎ᠠ ᠵᠢ ᠪᠠᠭᠲᠠᠭ᠋ᠠᠨ᠎ᠠ)᠂ 1000 ᠲᠦᠮᠡᠨ ᠲᠥᠭᠥᠷᠢᠭ᠎ᠠᠴᠠ   500 ᠲᠦᠮᠡᠨ ᠲᠥᠭᠥᠷᠢᠭ (ᠡᠬᠡ ᠲᠣᠭ᠎ᠠ ᠵᠢ ᠪᠠᠭᠲᠠᠭ᠋ᠠᠨ᠎ᠠ) ᠵᠢᠨ ᠬᠤᠭᠤᠷᠤᠨᠳᠤ᠂ 500 ᠲᠦᠮᠡᠨ ᠲᠥᠭᠥᠷᠢᠭ᠎ᠠᠴᠠ100 ᠲᠦᠮᠡᠨ ᠲᠥᠭᠥᠷᠢᠭ (ᠡᠬᠡ ᠲᠣᠭ᠎ᠠ ᠵᠢ ᠪᠠᠭᠲᠠᠭ᠋ᠠᠨ᠎ᠠ) ᠵᠢᠨ ᠬᠤᠭᠤᠷᠤᠨᠳᠤ᠂ 100 ᠲᠦᠮᠡᠨ ᠲᠥᠭᠥᠷᠢᠭ᠎ᠠᠴᠠ ᠪᠠᠭ᠎ᠠ ᠵᠡᠷᠭᠡ ᠳᠥᠷᠪᠡᠨ ᠳᠡᠰ ᠬᠤᠪᠢᠶᠠᠵᠤ᠂ ᠲᠣᠰ ᠲᠣᠰ ᠣᠨ᠎ᠤ ᠬᠠᠮᠢᠶᠠᠷᠤᠯᠲᠠ ᠵᠢᠨ ᠵᠠᠷᠤᠳᠠᠯ᠎ᠢ ᠲᠦᠷᠦᠭᠦᠸ᠋ ᠵᠢᠯ᠎ᠤᠨ ᠡᠴᠦᠰ᠎ᠤᠨ ᠴᠡᠪᠡᠷ ᠡᠳ᠋ ᠬᠥᠷᠥᠩᠭᠡ ᠵᠢᠨ 1%᠂ 1.5%᠂ 2%᠂ 3%᠎ᠠᠴᠠ ᠪᠠᠭ᠎ᠠ ᠪᠠᠢ᠌ᠯᠭ᠋ᠠᠵᠤ ᠪᠣᠯᠬᠤ ᠦᠭᠡᠢ ᠭᠡᠵᠦ ᠱᠠᠭ᠋ᠠᠷᠳᠠᠪᠠ᠃ ᠨᠢᠭᠦᠯᠡᠰᠦᠩᠭᠦᠢ ᠵᠢᠨ ᠢᠲᠡᠭᠡᠮᠵᠢᠲᠦ ᠨᠠᠶ᠋ᠢᠳᠠᠯᠭ᠎ᠠ ᠵᠢᠨ ᠣᠨ᠎ᠤ ᠬᠠᠮᠢᠶᠠᠷᠤᠯᠲᠠ ᠵᠢᠨ ᠵᠠᠷᠤᠳᠠᠯ᠎ᠨᠢ ᠲᠦᠮᠡᠨ ᠲᠥᠭᠥᠷᠢᠭ᠎ᠠᠴᠠ ᠪᠠᠭ᠎ᠠ  ᠡᠮᠦᠨ᠎ᠡ ᠳᠤᠷᠠᠳᠤᠭᠰᠠᠨ ᠣᠨ᠎ᠤ ᠬᠠᠮᠢᠶᠠᠷᠤᠯᠲᠠ ᠵᠢᠨ ᠵᠠᠷᠤᠳᠠᠯ᠎ᠤᠨ ᠬᠠᠷᠢᠴᠠᠯ᠎ᠳᠤ ᠬᠢᠵᠠᠭ᠋ᠠᠷᠯᠠᠭᠳᠠᠬᠤ ᠦᠭᠡᠢ᠃
   (ᠳᠥᠷᠪᠡ) ᠬᠠᠮᠢᠶᠠᠷᠤᠯᠲᠠ ᠵᠢᠨ ᠱᠠᠭ᠋ᠠᠷᠳᠠᠯᠭ᠎ᠠ ᠵᠢᠨ ᠲᠤᠬᠠᠢ᠃ 《ᠨᠢᠭᠦᠯᠡᠰᠦᠩᠭᠦᠢ ᠵᠢᠨ ᠢᠲᠡᠭᠡᠮᠵᠢᠲᠦ ᠨᠠᠶ᠋ᠢᠳᠠᠯᠭ᠎ᠠ ᠵᠢᠨ ᠣᠨ᠎ᠤ ᠵᠠᠷᠤᠯᠭ᠎ᠠ ᠪᠠ ᠬᠠᠮᠢᠶᠠᠷᠤᠯᠲᠠ ᠵᠢᠨ ᠵᠠᠷᠤᠳᠠᠯ᠎ᠤᠨ ᠲᠤᠬᠠᠢ ᠲᠣᠭᠲᠠᠭ᠋ᠠᠯ》᠎ᠳᠤ ᠨᠢᠭᠦᠯᠡᠰᠦᠩᠭᠦᠢ ᠵᠢᠨ ᠢᠲᠡᠭᠡᠮᠵᠢᠲᠦ ᠨᠠᠶ᠋ᠢᠳᠠᠯᠭ᠎ᠠ ᠵᠢᠨ ᠪᠢᠴᠢᠭ ᠮᠠᠲ᠋ᠧᠷᠢᠶᠠᠯ᠎ᠳᠤ ᠣᠨ᠎ᠤ ᠵᠠᠷᠤᠯᠭ᠎ᠠ ᠪᠠ ᠬᠠᠮᠢᠶᠠᠷᠤᠯᠲᠠ ᠵᠢᠨ ᠵᠠᠷᠤᠳᠠᠯ᠎ᠤᠨ ᠬᠠᠷᠢᠴᠠᠯ ᠪᠤᠶᠤ ᠲᠣᠭ᠎ᠠ ᠬᠡᠮᠵᠢᠶ᠎ᠡ ᠵᠢ ᠲᠣᠳᠣᠷᠬᠠᠢ ᠲᠡᠮᠳᠡᠭᠯᠡᠬᠦ ᠵᠢ ᠱᠠᠭ᠋ᠠᠷᠳᠠᠵᠠᠢ᠃ ᠨᠠᠶ᠋ᠢᠳᠠᠯᠭ᠎ᠠ ᠬᠦᠯᠢᠶᠡᠭᠴᠢ ᠵᠢ ᠨᠢᠭᠦᠯᠡᠰᠦᠩᠭᠦᠢ ᠵᠢᠨ ᠢᠲᠡᠭᠡᠮᠵᠢᠲᠦ ᠨᠠᠶ᠋ᠢᠳᠠᠯᠭ᠎ᠠ ᠵᠢᠨ ᠡᠳ᠋ ᠬᠥᠷᠥᠩᠭᠡ ᠨᠢᠭᠡᠪᠦᠷᠢ ᠵᠢ ᠲᠤᠰ ᠲᠤᠰ᠎ᠲᠤ᠎ᠨᠢ ᠬᠠᠮᠢᠶᠠᠷᠴᠤ᠂ ᠲᠤᠰ ᠲᠤᠰ᠎ᠲᠤ᠎ᠨᠢ ᠲᠡᠡᠭᠰᠠ ᠲᠡᠮᠳᠡᠭᠯᠡᠬᠦ ᠵᠢᠨ ᠬᠠᠮᠲᠤ ᠣᠨ᠎ᠤ ᠵᠠᠷᠤᠯᠭ᠎ᠠ ᠪᠠ ᠬᠠᠮᠢᠶᠠᠷᠤᠯᠲᠠ ᠵᠢᠨ ᠵᠠᠷᠤᠳᠠᠯ᠎ᠤᠨ ᠬᠠᠷᠢᠴᠠᠯ᠎ᠢ ᠲᠤᠰ ᠲᠤᠰ᠎ᠲᠤ᠎ᠨᠢ ᠪᠤᠳᠦᠬᠤ ᠵᠢ ᠱᠠᠭ᠋ᠠᠷᠳᠠᠨ᠎ᠠ᠃ ᠨᠠᠶ᠋ᠢᠳᠠᠯᠭ᠎ᠠ ᠬᠦᠯᠢᠶᠡᠭᠴᠢ ᠵᠢ ᠪᠣᠳᠠᠲᠠᠢ ᠡᠭᠦᠰᠦᠭᠰᠡᠨ ᠠᠷᠠᠯᠵᠢᠶ᠎ᠠ ᠪᠤᠶᠤ ᠪᠣᠳᠠᠲᠤ ᠬᠡᠷᠡᠭ ᠵᠶ᠋ᠡᠷ ᠦᠨᠳᠦᠰᠦᠯᠡᠯ ᠪᠣᠯᠭ᠋ᠠᠵᠤ ᠨᠢᠭᠦᠯᠡᠰᠦᠩᠭᠦᠢ ᠵᠢᠨ ᠢᠲᠡᠭᠡᠮᠵᠢᠲᠦ ᠨᠠᠶ᠋ᠢᠳᠠᠯᠭ᠎ᠠ ᠵᠢᠨ ᠣᠨ᠎ᠤ ᠵᠠᠷᠤᠯᠭ᠎ᠠ ᠪᠠ ᠬᠠᠮᠢᠶᠠᠷᠤᠯᠲᠠ ᠵᠢᠨ ᠵᠠᠷᠤᠳᠠᠯ᠎ᠢ ᠦᠨᠡᠨ ᠮᠥᠨ ᠵᠶ᠋ᠡᠷ᠎ᠨᠢ ᠲᠣᠭ᠋ᠠᠴᠠᠭ᠋ᠠᠯᠠᠬᠤ ᠬᠡᠷᠡᠭᠲᠡᠢ᠂ ᠨᠢᠭᠦᠯᠡᠰᠦᠩᠭᠦᠢ ᠵᠢᠨ ᠢᠲᠡᠭᠡᠮᠵᠢᠲᠦ ᠨᠠᠶ᠋ᠢᠳᠠᠯᠭ᠎ᠠ ᠵᠢᠨ ᠵᠠᠷᠤᠯᠭ᠎ᠠ ᠵᠢ ᠬᠠᠭᠤᠷᠮᠠᠭ ᠵᠶ᠋ᠠᠷ ᠨᠡᠮᠡᠭᠳᠡᠭᠦᠯᠬᠦ ᠪᠤᠶᠤ ᠵᠦᠢ ᠵᠣᠬᠢᠰ ᠦᠭᠡᠢ ᠵᠠᠷᠤᠳᠠᠯ᠎ᠢ ᠵᠢᠭᠰᠠᠭ᠋ᠠᠵᠤ ᠪᠣᠯᠬᠤ ᠦᠭᠡᠢ ᠭᠡᠵᠦ ᠱᠠᠭ᠋ᠠᠷᠳᠠᠵᠠᠢ᠃ ᠨᠠᠶ᠋ᠢᠳᠠᠯᠭ᠎ᠠ ᠬᠦᠯᠢᠶᠡᠭᠴᠢ ᠵᠢ ᠨᠢᠭᠦᠯᠡᠰᠦᠩᠭᠦᠢ ᠵᠢᠨ ᠢᠲᠡᠭᠡᠮᠵᠢᠲᠦ ᠨᠠᠶ᠋ᠢᠳᠠᠯᠭ᠎ᠠ ᠵᠢᠨ ᠣᠨ᠎ᠤ ᠵᠠᠷᠤᠯᠭ᠎ᠠ ᠪᠠ ᠬᠠᠮᠢᠶᠠᠷᠤᠯᠲᠠ ᠵᠢᠨ ᠵᠠᠷᠤᠳᠠᠯ᠎ᠢ ᠨᠢᠭᠦᠯᠡᠰᠦᠩᠭᠦᠢ ᠵᠢᠨ ᠢᠲᠡᠭᠡᠮᠵᠢᠲᠦ ᠨᠠᠶ᠋ᠢᠳᠠᠯᠭ᠎ᠠ ᠵᠢᠨ ᠣᠨ᠎ᠤ ᠮᠡᠳᠡᠭᠦᠯᠦᠯᠲᠡ ᠵᠢᠨ ᠠᠭᠤᠯᠭ᠎ᠠ ᠪᠣᠯᠭ᠋ᠠᠵᠤ ᠳᠠᠩᠰᠠᠯᠠᠭᠤᠯᠤᠭᠰᠠᠨ ᠠᠷᠠᠳ᠎ᠤᠨ ᠶᠠᠪᠤᠳᠠᠯ᠎ᠤᠨ ᠰᠠᠯᠠᠭ᠎ᠠ ᠮᠥᠴᠢᠷ᠎ᠲᠤ ᠮᠡᠳᠡᠭᠦᠯᠬᠦ ᠵᠢᠨ ᠬᠠᠮᠲᠤ ᠢᠯᠡᠵᠢᠬᠦᠯᠬᠦ ᠵᠢ ᠱᠠᠭ᠋ᠠᠷᠳᠠᠨ᠎ᠠ᠃ ᠣᠨᠴᠠᠭ᠋ᠠᠶ ᠪᠠᠢ᠌ᠳᠠᠯ ᠎ᠳᠤ ᠨᠢᠭᠦᠯᠡᠰᠦᠩᠭᠦᠢ ᠵᠢᠨ ᠢᠲᠡᠭᠡᠮᠵᠢᠲᠦ ᠨᠠᠶ᠋ᠢᠳᠠᠯᠭ᠎ᠠ ᠵᠢᠨ ᠣᠨ᠎ᠤ ᠵᠠᠷᠤᠯᠭ᠎ᠠ ᠪᠠ ᠬᠠᠮᠢᠶᠠᠷᠤᠯᠲᠠ ᠵᠢᠨ ᠵᠠᠷᠤᠳᠠᠯ᠎ᠨᠢ 《ᠨᠢᠭᠦᠯᠡᠰᠦᠩᠭᠦᠢ ᠵᠢᠨ ᠢᠲᠡᠭᠡᠮᠵᠢᠲᠦ ᠨᠠᠶ᠋ᠢᠳᠠᠯᠭ᠎ᠠ ᠵᠢᠨ ᠣᠨ᠎ᠤ ᠵᠠᠷᠤᠯᠭ᠎ᠠ ᠪᠠ ᠬᠠᠮᠢᠶᠠᠷᠤᠯᠲᠠ ᠵᠢᠨ ᠵᠠᠷᠤᠳᠠᠯ᠎ᠤᠨ ᠲᠤᠬᠠᠢ ᠲᠣᠭᠲᠠᠭ᠋ᠠᠯ》᠎ᠳᠤ ᠨᠡᠢ᠌ᠴᠡᠬᠦ᠎ᠳᠤ ᠪᠡᠷᠬᠡᠲᠡᠢ  ᠪᠤᠯ ᠨᠠᠶ᠋ᠢᠳᠠᠯᠭ᠎ᠠ ᠬᠦᠯᠢᠶᠡᠭᠴᠢ ᠵᠢ ᠳᠠᠩᠰᠠᠯᠠᠭᠤᠯᠤᠭᠰᠠᠨ ᠠᠷᠠᠳ᠎ᠤᠨ ᠶᠠᠪᠤᠳᠠᠯ᠎ᠤᠨ ᠰᠠᠯᠠᠭ᠎ᠠ ᠮᠥᠴᠢᠷ᠎ᠲᠤ ᠮᠡᠳᠡᠭᠦᠯᠬᠦ ᠵᠢᠨ ᠬᠠᠮᠲᠤ  ᠪᠠᠢ᠌ᠳᠠᠯ ᠵᠶ᠋ᠠᠨ ᠢᠯᠡ᠎ᠪᠠᠷ ᠲᠣᠳᠣᠷᠬᠠᠢ᠌ᠯᠠᠭᠤᠯᠬᠤ᠎ᠪᠠᠷ ᠱᠠᠭ᠋ᠠᠷᠳᠠᠨ᠎ᠠ᠃
    (ᠲᠠᠪᠤ) ᠬᠢᠨᠠᠯᠲᠠ ᠬᠠᠮᠢᠶᠠᠷᠤᠯᠲᠠ ᠪᠠ ᠬᠠᠤᠯᠢ ᠵᠢᠨ ᠬᠠᠷᠢᠭᠤᠴᠠᠯᠭ᠎ᠠ ᠵᠢᠨ ᠲᠤᠬᠠᠢ᠃ ᠠᠷᠠᠳ᠎ᠤᠨ ᠶᠠᠪᠤᠳᠠᠯ ᠪᠠ ᠮᠥᠩᠭᠥᠨ ᠭᠦᠢ᠍ᠯᠭᠡᠭᠡᠨ᠎ᠤ ᠬᠢᠨᠠᠯᠲᠠ ᠬᠠᠮᠢᠶᠠᠷᠤᠯᠲᠠ ᠵᠢᠨ ᠰᠠᠯᠠᠭ᠎ᠠ ᠮᠥᠴᠢᠷ ᠲᠤᠰ ᠲᠤᠰ᠎ᠤᠨ ᠬᠠᠤᠯᠢ᠎ᠪᠠᠷ ᠲᠣᠭᠲᠠᠭ᠋ᠠᠭᠰᠠᠨ ᠬᠠᠮᠢᠶᠠᠷᠤᠯᠲᠠ ᠵᠢᠨ ᠲᠤᠰᠢᠶᠠᠯ ᠬᠠᠷᠢᠭᠤᠴᠠᠯᠭ᠎ᠠ᠎ᠪᠠᠨ ᠦᠨᠳᠦᠰᠦᠯᠡᠨ ᠨᠢᠭᠦᠯᠡᠰᠦᠩᠭᠦᠢ ᠵᠢᠨ ᠢᠲᠡᠭᠡᠮᠵᠢᠲᠦ ᠨᠠᠶ᠋ᠢᠳᠠᠯᠭ᠎ᠠ ᠵᠢᠨ ᠣᠨ᠎ᠤ ᠵᠠᠷᠤᠯᠭ᠎ᠠ ᠪᠠ ᠬᠠᠮᠢᠶᠠᠷᠤᠯᠲᠠ ᠵᠢᠨ ᠵᠠᠷᠤᠳᠠᠯ᠎ᠤᠨ ᠪᠠᠢ᠌ᠳᠠᠯ᠎ᠳᠤ ᠬᠢᠨᠠᠯᠲᠠ ᠲᠠᠯᠪᠢᠵᠤ  ᠪᠠᠢ᠌ᠴᠠᠭ᠋ᠠᠨ᠎ᠠ᠃ ᠨᠠᠶ᠋ᠢᠳᠠᠯᠭ᠎ᠠ ᠬᠦᠯᠢᠶᠡᠭᠴᠢ᠎ᠨᠢ 《ᠲᠣᠭᠲᠠᠭ᠋ᠠᠯ》᠎ᠢ ᠵᠥᠷᠢᠴᠡᠭᠰᠡᠨ ᠪᠤᠯ ᠳᠠᠩᠰᠠᠯᠠᠭᠤᠯᠤᠭᠰᠠᠨ ᠠᠷᠠᠳ᠎ᠤᠨ ᠶᠠᠪᠤᠳᠠᠯ᠎ᠤᠨ ᠰᠠᠯᠠᠭ᠎ᠠ ᠮᠥᠴᠢᠷ᠎ᠤᠨ᠎ᠬᠢᠨ ᠨᠢᠭᠦᠯᠡᠰᠦᠩᠭᠦᠢ ᠵᠢᠨ ᠬᠠᠤᠯᠢ ᠵᠡᠷᠭᠡ ᠬᠠᠤᠯᠢ ᠴᠠᠭ᠋ᠠᠵᠠ ᠬᠠᠤᠯᠢ ᠲᠣᠭᠲᠠᠭ᠋ᠠᠯ ᠶᠤᠰᠤᠭ᠋ᠠᠷ ᠰᠢᠢ᠍ᠳᠬᠡᠨ᠎ᠡ᠃ ᠢᠲᠡᠭᠡᠮᠵᠢᠲᠦ ᠨᠠᠶ᠋ᠢᠳᠠᠯᠭ᠎ᠠ ᠵᠢᠨ ᠺᠣᠮᠫᠠᠨᠢ 《ᠨᠢᠭᠦᠯᠡᠰᠦᠩᠭᠦᠢ ᠵᠢᠨ ᠢᠲᠡᠭᠡᠮᠵᠢᠲᠦ ᠨᠠᠶ᠋ᠢᠳᠠᠯᠭ᠎ᠠ ᠵᠢᠨ ᠣᠨ᠎ᠤ ᠵᠠᠷᠤᠯᠭ᠎ᠠ ᠪᠠ ᠬᠠᠮᠢᠶᠠᠷᠤᠯᠲᠠ ᠵᠢᠨ ᠵᠠᠷᠤᠳᠠᠯ᠎ᠤᠨ ᠲᠤᠬᠠᠢ ᠲᠣᠭᠲᠠᠭ᠋ᠠᠯ》᠎ᠢ ᠵᠥᠷᠢᠴᠡᠭᠰᠡᠨ ᠪᠤᠯ ᠮᠥᠩᠭᠥᠨ ᠭᠦᠢ᠍ᠯᠭᠡᠭᠡᠨ᠎ᠤ ᠬᠢᠨᠠᠯᠲᠠ ᠬᠠᠮᠢᠶᠠᠷᠤᠯᠲᠠ ᠵᠢᠨ ᠰᠠᠯᠠᠭ᠎ᠠ ᠮᠥᠴᠢᠷ᠎ᠤᠨ᠎ᠬᠢᠨ ᠢᠲᠡᠭᠡᠮᠵᠢᠲᠦ ᠨᠠᠶ᠋ᠢᠳᠠᠯᠭ᠎ᠠ ᠵᠢᠨ ᠬᠠᠤᠯᠢ᠂  ᠪᠠᠩᠬᠢ ᠵᠢᠨ ᠦᠢ᠍ᠯᠡᠰ᠎ᠤᠨ ᠬᠢᠨᠠᠯᠲᠠ ᠬᠠᠮᠢᠶᠠᠷᠤᠯᠲᠠ ᠵᠢᠨ ᠬᠠᠤᠯᠢ ᠵᠡᠷᠭᠡ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠢ ᠦᠨᠳᠦᠰᠦᠯᠡᠨ ᠰᠢᠢ᠍ᠳᠬᠡᠨ᠎ᠡ᠃
   

 

ᠢᠷᠡᠯᠲᠡ᠄ ᠦᠪᠤᠷ ᠮᠤᠡᠭᠭᠤᠯ᠎ᠤᠨ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠲᠢᠡᠭᠭᠢᠮ᠎ᠤᠨ ᠮᠤᠡᠭᠭᠤᠯ ᠰᠦᠯᠵᠢᠶ᠎ᠡ
          
ᠬᠠᠮᠢᠶ᠎ᠡ ᠪᠦᠬᠦᠢ ᠰᠣᠨᠢᠨ
ᠮᠠᠨ᠎ᠤ ᠤᠷᠤᠨ᠎ᠤ 《ᠡᠷᠡᠬᠦᠯᠵᠢᠯ᠎ᠳᠤ ᠲᠤᠰᠠᠯᠠᠬᠤ ᠢᠨᠵᠸᠨ᠋ᠸᠷᠢᠡᠭ》᠎ᠤᠨ 2025 ᠤᠨ᠎ᠤ ᠡᠮᠴᠢᠯᠡᠬᠡᠨ᠎ᠤ ᠪᠠᠢ᠌ᠭᠤᠯᠤᠮᠵᠢ᠎ᠪᠠᠷ ᠲᠤᠬᠳᠠᠭ᠋ᠠᠬᠰᠠᠨ ᠡᠮᠨᠡᠯᠬᠡ ᠵᠢᠨ ᠬᠤᠷᠢᠶ᠎ᠠ ᠵᠢᠨ ᠵᠢᠷᠤᠬᠳᠤ ᠲᠠᠢ᠌ᠯᠤᠮᠵᠢ
2025 ᠣᠨ᠎ᠤ 《〈ᠬᠥᠯᠥᠰᠦᠨ ᠠᠵᠢᠯᠴᠢᠨ᠎ᠢ ᠬᠠᠯᠠᠮᠵᠢᠯᠠᠬᠤ〉 ᠬᠠᠪᠤᠷ᠎ᠤᠨ ᠦᠢ᠍ᠯᠡᠴᠢᠯᠡᠭᠡᠨ᠎ᠤ ᠠᠵᠢᠯᠯᠠᠭ᠎ᠠ》 ᠥᠷᠨᠢᠭᠦᠯᠬᠦ ᠲᠤᠬᠠᠢ ᠮᠡᠳᠡᠭᠳᠡᠯ ᠎ᠤᠨ ᠵᠢᠷᠤᠬᠳᠤ ᠲᠠᠢ᠌ᠯᠤᠮᠵᠢ
《ᠬᠦᠴᠢᠷᠳᠡᠯ᠎ᠳᠤ ᠲᠤᠯᠭ᠋ᠠᠷᠠᠭᠰᠠᠨ ᠬᠡᠦᠬᠡᠳ᠎ᠤᠨ ᠮᠡᠳᠡᠭᠡ ᠵᠠᠩᠭᠢ ᠵᠢ ᠬᠠᠮᠠᠭ᠋ᠠᠯᠠᠬᠤ ᠠᠵᠢᠯ᠎ᠤᠨ ᠠᠷᠭ᠎ᠠ》 ᠵᠢᠨ ᠵᠢᠷᠤᠬᠳᠤ ᠲᠠᠢ᠌ᠯᠤᠮᠵᠢ
《ᠬᠦᠴᠢᠷᠳᠡᠯ᠎ᠳᠤ ᠲᠤᠯᠭ᠋ᠠᠷᠠᠭᠰᠠᠨ ᠥᠨᠥᠴᠢᠷᠡᠮᠡᠯ ᠬᠡᠮ᠎ᠲᠠᠢ ᠬᠡᠦᠬᠡᠳ᠎ᠢ ᠬᠠᠯᠠᠮᠵᠢᠯᠠᠬᠤ ᠦᠢ᠍ᠯᠡᠴᠢᠯᠡᠭᠡᠨ᠎ᠤ ᠠᠵᠢᠯ᠎ᠢ ᠴᠢᠩᠭ᠋ᠠᠳᠬᠠᠬᠤ ᠲᠤᠬᠠᠢ ᠮᠡᠳᠡᠭᠳᠡᠯ》᠎ᠤᠨ ᠵᠢᠷᠤᠬᠳᠤ ᠲᠠᠢ᠌ᠯᠤᠮᠵᠢ
《ᠭᠡᠷ ᠪᠦᠯᠢ ᠵᠢᠨ ᠨᠠᠰᠤᠵᠢᠯ᠎ᠤᠨ ᠠᠰᠠᠷᠠᠮᠵᠢ ᠵᠢᠨ ᠣᠷᠣ ᠵᠢᠨ ᠦᠢ᠍ᠯᠡᠴᠢᠯᠡᠭᠡᠨ᠎ᠤ ᠦᠨᠳᠦᠰᠦᠨ ᠵᠢᠷᠤᠮᠵᠢᠯ》᠎ᠤᠨ ᠠᠵᠢᠯ ᠲᠥᠷᠥᠯ᠎ᠤᠨ ᠪᠠᠷᠢᠮᠵᠢᠶ᠎ᠠ ᠵᠢᠨ ᠲᠠᠢ᠌ᠯᠤᠮᠵᠢ
 
            