ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠢᠯᠡ ᠵᠠᠰᠠᠭ   -   ᠲᠥᠷᠥ᠎ᠶᠢᠨ ᠪᠣᠳᠣᠯᠭ᠎ᠠ᠎ᠶᠢᠨ ᠲᠠᠶ᠋ᠢᠯᠤᠮᠵᠢ
《ᠭᠡᠷ ᠪᠦᠯᠢ ᠵᠢᠨ ᠨᠠᠰᠤᠵᠢᠯ᠎ᠤᠨ ᠠᠰᠠᠷᠠᠮᠵᠢ ᠵᠢᠨ ᠣᠷᠣ ᠵᠢᠨ ᠦᠢ᠍ᠯᠡᠴᠢᠯᠡᠭᠡᠨ᠎ᠤ ᠦᠨᠳᠦᠰᠦᠨ ᠵᠢᠷᠤᠮᠵᠢᠯ》᠎ᠤᠨ ᠠᠵᠢᠯ ᠲᠥᠷᠥᠯ᠎ᠤᠨ ᠪᠠᠷᠢᠮᠵᠢᠶ᠎ᠠ ᠵᠢᠨ ᠲᠠᠢ᠌ᠯᠤᠮᠵᠢ
ᠨᠡᠶᠢᠲᠡᠯᠡᠭᠰᠡᠨ ᠴᠠᠭ᠄ 2025-02-14

                                        ᠬᠤᠤᠰᠪᠠᠶᠠᠷ ᠤᠷᠴᠢᠭᠤᠯᠪᠠ

      ᠠᠷᠠᠳ᠎ᠤᠨ ᠶᠠᠪᠤᠳᠠᠯ᠎ᠤᠨ ᠶᠠᠮᠤᠨ᠎ᠤ᠎ᠬᠢᠨ 《ᠭᠡᠷ ᠪᠦᠯᠢ ᠵᠢᠨ ᠨᠠᠰᠤᠵᠢᠯ᠎ᠤᠨ ᠠᠰᠠᠷᠠᠮᠵᠢ ᠵᠢᠨ ᠣᠷᠣ ᠵᠢᠨ ᠦᠢ᠍ᠯᠡᠴᠢᠯᠡᠭᠡᠨ᠎ᠤ ᠦᠨᠳᠦᠰᠦᠨ ᠵᠢᠷᠤᠮᠵᠢᠯ》 (MZ/T 234  — 2024)᠎ᠤᠨ ᠠᠵᠢᠯ ᠲᠥᠷᠥᠯ᠎ᠤᠨ ᠪᠠᠷᠢᠮᠵᠢᠶ᠎ᠠ ᠵᠢ ᠨᠡᠢ᠌ᠲᠡᠯᠡᠵᠦ᠂ 2025 ᠣᠨ᠎ᠤ 2 ᠰᠠᠷ᠎ᠠ ᠵᠢᠨ 1᠎ᠤ ᠡᠳᠦᠷ᠎ᠠᠴᠠ ᠡᠬᠢᠯᠡᠵᠦ ᠬᠡᠷᠡᠭᠵᠢᠬᠦᠯᠬᠦ ᠪᠤᠯᠤᠨ᠎ᠠ᠃ ᠡᠳᠦᠭᠡ ᠲᠠᠷᠠᠭ᠋ᠠᠬᠢ ᠮᠡᠲᠦ ᠲᠠᠢ᠌ᠯᠤᠮᠵᠢ ᠬᠢᠶ᠎ᠡ᠄

   ᠨᠢᠭᠡ᠂ 《ᠭᠡᠷ ᠪᠦᠯᠢ ᠵᠢᠨ ᠨᠠᠰᠤᠵᠢᠯ᠎ᠤᠨ ᠠᠰᠠᠷᠠᠮᠵᠢ ᠵᠢᠨ ᠣᠷᠣ ᠵᠢᠨ ᠦᠢ᠍ᠯᠡᠴᠢᠯᠡᠭᠡᠨ᠎ᠤ ᠦᠨᠳᠦᠰᠦᠨ ᠵᠢᠷᠤᠮᠵᠢᠯ》᠎ᠢ   ᠵᠣᠬᠢᠶᠠᠵᠤ ᠨᠡᠢ᠌ᠳᠡᠯᠡᠭᠰᠡᠨ᠎ᠤ ᠠᠴᠢ ᠬᠣᠯᠪᠣᠭᠳᠠᠯ

   ᠭᠡᠷ᠎ᠲᠤ᠎ᠨᠢ ᠬᠦᠷᠴᠤ ᠠᠰᠠᠷᠠᠬᠤ ᠨᠡᠢ᠌ᠭᠡᠮ ᠲᠣᠭᠣᠷᠢᠭ᠎ᠤᠨ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡ ᠵᠢ ᠬᠥᠭᠵᠢᠭᠦᠯᠬᠦ ᠪᠣᠯ ᠥᠷᠭᠡᠨ ᠣᠯᠠᠨ ᠨᠠᠰᠤᠲᠠᠢ᠌ᠴᠤᠳ᠎ᠤᠨ ᠬᠦᠰᠡᠯ ᠡᠷᠡᠮᠡᠯᠵᠡᠯ᠎ᠳᠤ ᠨᠡᠢ᠌ᠴᠡᠭᠦᠯᠵᠦ᠂ ᠨᠠᠰᠤᠲᠠᠢ᠌ᠴᠤᠳ᠎ᠤᠨ ᠦᠳᠡᠯᠤᠬᠡ ᠨᠠᠰᠤ᠎ᠪᠠᠨ ᠵᠢᠷᠭ᠋ᠠᠯᠳᠠᠢ ᠦᠡᠭᠭᠡᠷᠡᠬᠦᠯᠬᠦ ᠵᠢᠨ ᠴᠢᠬᠤᠯᠠ ᠠᠷᠭ᠎ᠠ ᠮᠥᠨ᠃ ᠰᠢ ᠵᠢᠨ ᠫᠢᠩ ᠶᠡᠷᠦᠩᠬᠡᠢ ᠱᠦᠵᠢ ᠭᠡᠷ᠎ᠲᠤ᠎ᠨᠢ ᠬᠦᠷᠴᠤ ᠠᠰᠠᠷᠠᠬᠤ ᠨᠡᠢ᠌ᠭᠡᠮ ᠲᠣᠭᠣᠷᠢᠭ᠎ᠤᠨ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡ ᠵᠢ ᠬᠥᠭᠵᠢᠭᠦᠯᠬᠦ ᠲᠤᠬᠠᠢ ᠣᠯᠠᠨ ᠤᠳᠠᠭ᠎ᠠ ᠴᠢᠬᠤᠯᠠ ᠵᠢᠭ᠋ᠠᠪᠤᠷᠢ ᠴᠣᠬᠣᠯᠠᠪᠤᠷᠢ ᠥᠭᠴᠡᠢ᠃ 《ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠥᠭᠡᠷᠡᠴᠢᠯᠡᠯᠲᠡ ᠬᠦᠭᠵᠢᠬᠦᠯᠤᠯᠳᠡ ᠵᠢ ᠭᠦᠨᠵᠡᠭᠡᠢ᠌ᠷᠡᠭᠦᠯᠬᠦ ᠲᠤᠬᠠᠢ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶ᠎ᠠ ᠲᠥᠷᠥ ᠵᠢᠨ ᠶᠠᠪᠤᠳᠠᠯ᠎ᠤᠨ ᠬᠣᠷᠢᠶᠠᠨ᠎ᠤ ᠰᠠᠨᠠᠯ》᠎ᠳᠤ᠄ ᠭᠡᠷ᠎ᠲᠤ᠎ᠪᠠᠨ ᠰᠠᠭᠤᠵᠤ ᠪᠠᠢ᠌ᠭ᠎ᠠ ᠨᠠᠰᠤᠲᠠᠢ᠌ᠴᠤᠳ᠎ᠢ ᠠᠰᠠᠷᠠᠬᠤ ᠰᠠᠭᠤᠷᠢ ᠦᠢ᠍ᠯᠡᠳᠦᠯ᠎ᠢ ᠪᠡᠬᠢᠵᠢᠭᠦᠯᠵᠦ᠂ ᠨᠡᠢ᠌ᠭᠡᠮ ᠲᠣᠭᠣᠷᠢᠭ᠎ᠤᠨ ᠨᠠᠰᠤᠵᠢᠯ᠎ᠤᠨ ᠠᠰᠠᠷᠠᠮᠵᠢ ᠵᠢᠨ ᠲᠦᠰᠢᠭ ᠪᠣᠯᠬᠤ ᠦᠢ᠍ᠯᠡᠳᠦᠯ᠎ᠢ ᠴᠢᠩᠭ᠋ᠠᠷᠠᠭᠤᠯᠤᠨ᠂ ᠭᠡᠷ᠎ᠲᠤ᠎ᠪᠠᠨ ᠰᠠᠭᠤᠭ᠎ᠠ ᠪᠡᠶ᠎ᠡ᠎ᠳᠤ᠎ᠪᠠᠨ ᠵᠦᠪ ᠦᠬᠡᠢ ᠨᠠᠰᠤᠲᠠᠢ᠌ᠴᠤᠳ᠎ᠲᠤ ᠦᠷᠭᠦᠯᠵᠢᠯᠡᠭᠰᠡᠨ᠂ ᠲᠣᠭᠲᠠᠭᠤᠨ᠂ ᠲᠤᠰᠬᠠᠢ ᠮᠡᠷᠭᠡᠵᠢᠯ᠎ᠤᠨ ᠦᠢ᠍ᠯᠡᠴᠢᠯᠡᠭᠡᠨ᠎ᠤ ᠴᠢᠳᠠᠮᠵᠢ᠎ᠲᠠᠢ ᠭᠡᠷ ᠪᠦᠯᠢ ᠵᠢᠨ ᠨᠠᠰᠤᠵᠢᠯ᠎ᠤᠨ ᠠᠰᠠᠷᠠᠮᠵᠢ ᠵᠢᠨ ᠣᠷᠣ ᠪᠠᠶ᠋ᠢᠭᠤᠯᠬᠤ ᠵᠢ ᠰᠦᠪᠡᠭᠴᠢᠯᠡᠨ᠎ᠡ ᠭᠡᠵᠤ ᠲᠤᠷᠠᠳᠤᠬᠰᠠᠨ ᠪᠠᠢ᠌ᠨ᠎ᠠ᠃ 《ᠭᠡᠷ ᠪᠦᠯᠢ ᠵᠢᠨ ᠨᠠᠰᠤᠵᠢᠯ᠎ᠤᠨ ᠠᠰᠠᠷᠠᠮᠵᠢ ᠵᠢᠨ ᠣᠷᠣ ᠵᠢᠨ ᠦᠢ᠍ᠯᠡᠴᠢᠯᠡᠭᠡᠨ᠎ᠤ ᠦᠨᠳᠦᠰᠦᠨ ᠵᠢᠷᠤᠮᠵᠢᠯ》 ᠪᠣᠯ ᠤᠯᠤᠰ᠎ᠤᠨ ᠳᠡᠰ ᠳᠠᠪᠬᠤᠷᠭ᠎ᠠ ᠵᠢᠨ ᠭᠡᠷ ᠪᠦᠯᠢ ᠵᠢᠨ ᠨᠠᠰᠤᠵᠢᠯ᠎ᠤᠨ ᠠᠰᠠᠷᠠᠮᠵᠢ ᠵᠢᠨ ᠣᠷᠣ ᠵᠢᠨ ᠲᠤᠬᠠᠢ ᠠᠩᠬᠠᠳᠠᠭᠴᠢ ᠦᠢ᠍ᠯᠡᠴᠢᠯᠡᠭᠡᠨ᠎ᠤ ᠪᠠᠷᠢᠮᠵᠢᠶ᠎ᠠ ᠪᠣᠯᠣᠨ᠎ᠠ᠂ ᠡᠯ᠎ᠡ ᠭᠠᠵᠠᠷ᠎ᠤᠨ᠎ᠬᠢᠨ ᠭᠡᠷ᠎ᠲᠤ᠎ᠪᠠᠨ ᠰᠠᠭᠤᠭ᠎ᠠ ᠪᠡᠶ᠎ᠡ᠎ᠳᠤ᠎ᠪᠠᠨ ᠵᠦᠪ ᠦᠬᠡᠢ ᠨᠠᠰᠤᠲᠠᠢ᠌ᠴᠤᠳ᠎ᠲᠤ ᠭᠡᠷ ᠪᠦᠯᠢ ᠵᠢᠨ ᠨᠠᠰᠤᠵᠢᠯ᠎ᠤᠨ ᠠᠰᠠᠷᠠᠮᠵᠢ ᠵᠢᠨ ᠣᠷᠣ ᠭᠠᠷᠭ᠋ᠠᠬᠤ ᠪᠠ ᠬᠠᠮᠢᠶ᠎ᠠ ᠪᠦᠬᠦᠢ ᠦᠢ᠍ᠯᠡᠴᠢᠯᠡᠭᠡ ᠵᠢ ᠥᠷᠨᠢᠭᠦᠯᠬᠦ᠎ᠳᠤ ᠠᠵᠢᠯ᠎ᠤᠨ ᠵᠢᠯᠣᠭᠣᠳᠤᠮᠵᠢ ᠬᠠᠩᠭ᠋ᠠᠵᠤ᠂ ᠭᠡᠷ ᠪᠦᠯᠢ ᠵᠢᠨ ᠨᠠᠰᠤᠵᠢᠯ᠎ᠤᠨ ᠠᠰᠠᠷᠠᠮᠵᠢ ᠵᠢᠨ ᠣᠷᠣ ᠵᠢᠨ ᠵᠢᠷᠤᠮᠵᠢᠭᠰᠠᠨ᠂ ᠲᠤᠰᠬᠠᠢ᠌ᠵᠢᠭᠰᠠᠨ ᠬᠥᠭᠵᠢᠯᠲᠡ ᠵᠢ ᠠᠬᠢᠭᠤᠯᠵᠤ᠂ ᠭᠡᠷ ᠎ᠲᠤ᠎ᠪᠠᠨ ᠰᠠᠭᠤᠵᠤ ᠠᠰᠠᠷᠠᠭᠤᠯᠬᠤ᠎ᠪᠠᠷ ᠰᠠᠭᠤᠷᠢ ᠪᠣᠯᠭ᠋ᠠᠭᠰᠠᠨ᠂ ᠨᠡᠢ᠌ᠭᠡᠮ ᠲᠣᠭᠣᠷᠢᠭ ᠵᠶ᠋ᠠᠷ ᠲᠦᠰᠢᠭ ᠪᠣᠯᠭ᠋ᠠᠭᠰᠠᠨ᠂ ᠪᠠᠢ᠌ᠭᠤᠯᠤᠮᠵᠢ᠎ᠪᠠᠷ ᠲᠤᠰᠬᠠᠢ ᠮᠡᠷᠭᠡᠵᠢᠯ᠎ᠤᠨ ᠲᠤᠯᠭ᠋ᠠᠭᠤᠷᠢᠯᠠᠯ ᠪᠣᠯᠭ᠋ᠠᠭᠰᠠᠨ᠂ ᠡᠮᠴᠢᠯᠡᠭᠡ ᠰᠤᠪᠢᠯᠠᠯᠲᠠ ᠵᠢ ᠤᠶᠠᠯᠳᠤᠭᠤᠯᠤᠭᠰᠠᠨ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠬᠠᠩᠭ᠋ᠠᠯᠭ᠎ᠠ ᠵᠢᠨ ᠪᠠᠢ᠌ᠷᠢᠰᠢᠯ᠎ᠢ ᠤᠯᠠᠮ ᠰᠢᠯᠢᠳᠡᠭᠵᠢᠭᠦᠯᠬᠦ᠎ᠳᠤ ᠴᠢᠬᠤᠯᠠ ᠠᠴᠢ ᠬᠣᠯᠪᠣᠭᠳᠠᠯ᠎ᠲᠠᠢ᠃
   ᠮᠠᠨ᠎ᠤ ᠤᠯᠤᠰ᠎ᠤᠨ ᠨᠠᠰᠤᠲᠠᠢ᠌ᠴᠤᠳ᠎ᠤᠨ ᠰᠠᠭᠤᠷᠢ ᠲᠣᠭ᠎ᠠ ᠵᠤᠵᠠᠭ᠋ᠠᠨ᠂ ᠨᠠᠰᠤᠵᠢᠯᠲᠠ ᠵᠢᠨ ᠬᠤᠷᠳᠤᠴᠠ ᠲᠦᠷᠭᠡᠨ ᠪᠠᠢ᠌ᠨ᠎ᠠ᠃ 2024 ᠣᠨ᠎ᠤ ᠡᠴᠦᠰ ᠪᠣᠯᠲᠠᠯ᠎ᠠ ᠮᠠᠨ᠎ᠤ ᠤᠯᠤᠰ᠎ᠤᠨ ᠪᠦᠬᠦᠯᠢ 60 ᠨᠠᠰᠤᠨ᠎ᠠᠴᠠ ᠳᠡᠭᠡᠭᠰᠢᠬᠢ ᠨᠠᠰᠤᠲᠠᠢ᠌ᠴᠤᠳ 3.1 ᠳ᠋ᠦᠩᠰᠢᠭᠤᠷ᠎ᠲᠤ ᠬᠦᠷᠴᠦ᠂ ᠪᠥᠬᠥ ᠬᠥᠮᠥᠨ ᠠᠮᠠ ᠵᠢᠨ 22%᠎ᠢ ᠡᠵᠡᠯᠡᠪᠡ᠃ 《ᠨᠠᠰᠤᠲᠠᠨ ᠵᠶ᠋ᠠᠨ ᠠᠰᠠᠷᠠᠭ᠋ᠠᠳ ᠭᠡᠷ᠎ᠠᠴᠠ᠎ᠪᠠᠨ ᠰᠠᠯᠬᠤ ᠦᠭᠡᠢ》 ᠰᠣᠶᠣᠯ᠎ᠤᠨ ᠤᠯᠠᠮᠵᠢᠯᠠᠯ᠎ᠤᠨ ᠨᠥᠯᠥᠭᠡ ᠵᠢ ᠭᠦᠨ ᠬᠦᠷᠳᠡᠭᠰᠡᠨ᠎ᠤ ᠬᠠᠷᠠᠭ᠎ᠠ᠎ᠪᠠᠷ ᠮᠠᠨ᠎ᠤ ᠤᠯᠤᠰ᠎ᠤᠨ ᠣᠯᠠᠩᠬᠢ ᠨᠠᠰᠤᠲᠠᠢ᠌ᠴᠤᠳ ᠭᠡᠷ᠎ᠲᠤ ᠰᠠᠭᠤᠵᠤ ᠠᠰᠠᠷᠠᠬᠤ  ᠵᠠᠮ᠎ᠢ ᠰᠣᠩᠭᠣᠭᠰᠠᠨ ᠪᠠᠢ᠌ᠨ᠎ᠠ᠂ ᠡᠭᠦᠨ᠎ᠳᠤ  ᠪᠡᠶ᠎ᠡ᠎ᠳᠤ᠎ᠪᠠᠨ ᠵᠦᠪ ᠦᠬᠡᠢ ᠦᠢ ᠤᠯᠠᠨ ᠨᠠᠰᠤᠲᠠᠢ᠌ᠴᠤᠳ᠎ᠲᠤ ᠨᠠᠩ ᠲᠤᠰᠬᠠᠢ ᠮᠡᠷᠭᠡᠵᠢᠯ᠎ᠤᠨ᠂ ᠨᠡᠡᠭ ᠴᠢᠨᠠᠷᠵᠢᠭᠤᠨ ᠬᠡᠷ᠎ᠲᠤ᠎ᠪᠠᠨ ᠰᠠᠭᠤᠵᠤ ᠠᠰᠠᠷᠠᠭᠤᠯᠬᠤ  ᠦᠢ᠍ᠯᠡᠴᠢᠯᠡᠭᠡ ᠪᠠᠴᠢᠮ ᠱᠠᠭ᠋ᠠᠷᠳᠠᠭᠳᠠᠵᠤ ᠪᠠᠢ᠌ᠨ᠎ᠠ᠃ ᠠᠷᠪᠠᠨ ᠭᠤᠷᠪᠠᠳᠤᠭ᠋ᠠᠷ ᠲᠠᠪᠤᠨ ᠵᠢᠯ᠎ᠤᠨ ᠲᠥᠯᠦᠪᠵᠢᠭᠦᠯᠭᠡ ᠵᠢᠨ ᠬᠤᠭᠤᠴᠠᠭ᠋ᠠᠨ᠎ᠳᠤ ᠵᠠᠷᠢᠮ ᠭᠠᠵᠠᠷ ᠣᠷᠣᠨ᠎ᠤ᠎ᠬᠢᠨ ᠭᠡᠷ ᠪᠦᠯᠢ ᠵᠢᠨ ᠨᠠᠰᠤᠵᠢᠯ᠎ᠤᠨ ᠠᠰᠠᠷᠠᠮᠵᠢ ᠵᠢᠨ ᠣᠷᠣ ᠭᠠᠷᠭ᠋ᠠᠬᠤ᠎ᠪᠠᠷ ᠳᠠᠮᠵᠢᠭᠤᠯᠤᠨ᠂ ᠲᠤᠰᠬᠠᠢ ᠬᠠᠷᠠᠭ᠋ᠠᠯᠵᠠᠨ ᠠᠰᠠᠷᠠᠬᠤ ᠦᠢ᠍ᠯᠡᠴᠢᠯᠡᠭᠡ ᠵᠢ ᠨᠠᠰᠤᠲᠠᠢ᠌ᠴᠤᠳ᠎ᠤᠨ ᠭᠡᠷ᠎ᠲᠤ ᠬᠦᠷᠭᠡᠬᠦ ᠵᠢ ᠰᠦᠪᠡᠭᠴᠢᠯᠡᠵᠦ ᠡᠬᠢᠯᠡᠭᠰᠡᠨ ᠪᠠᠢ᠌ᠨ᠎ᠠ᠃ ᠠᠷᠪᠠᠨ ᠳᠥᠷᠪᠡᠳᠦᠭᠡᠷ ᠲᠠᠪᠤᠨ ᠵᠢᠯ᠎ᠤᠨ ᠲᠥᠯᠦᠪᠵᠢᠭᠦᠯᠭᠡ ᠵᠢᠨ ᠬᠤᠭᠤᠴᠠᠭ᠋ᠠᠨ᠎ᠳᠤ ᠠᠷᠠᠳ᠎ᠤᠨ ᠶᠠᠪᠤᠳᠠᠯ᠎ᠤᠨ ᠶᠠᠮᠤᠨ᠂ ᠡᠳ᠋᠎ᠤᠨ ᠵᠠᠰᠠᠭ᠎ᠤᠨ ᠶᠠᠮᠤᠨ ᠭᠡᠷ᠎ᠲᠤ᠎ᠨᠢ ᠬᠦᠷᠴᠤ ᠠᠰᠠᠷᠠᠬᠤ ᠨᠡᠢ᠌ᠭᠡᠮ ᠲᠣᠭᠣᠷᠢᠭ᠎ᠤᠨ ᠦᠨᠳᠦᠰᠦᠨ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡ ᠵᠢ ᠳᠡᠭᠡᠭᠰᠢᠯᠡᠭᠦᠯᠬᠦ ᠠᠵᠢᠯᠯᠠᠭ᠎ᠠ ᠵᠢᠨ ᠲᠥᠷᠥᠯ ᠵᠦᠢ᠍ᠯ᠎ᠢ ᠵᠣᠬᠢᠶᠠᠨ ᠪᠠᠢ᠌ᠭᠤᠯᠤᠨ ᠬᠡᠷᠡᠭᠵᠢᠭᠦᠯᠵᠦ᠂ 2024 ᠣᠨ᠎ᠤ ᠡᠴᠦᠰ ᠪᠣᠯᠲᠠᠯ᠎ᠠ 184 ᠭᠠᠵᠠᠷ ᠣᠷᠣᠨ᠎ᠤ 35.8 ᠲᠦᠮᠡᠨ ᠭᠡᠷ ᠪᠦᠯᠢ ᠵᠢᠨ ᠨᠠᠰᠤᠵᠢᠯ᠎ᠤᠨ ᠠᠰᠠᠷᠠᠮᠵᠢ ᠵᠢᠨ ᠣᠷᠣ ᠪᠠᠶ᠋ᠢᠭᠤᠯᠬᠤ ᠵᠢ ᠳᠡᠮᠵᠢᠵᠦ᠂ ᠪᠡᠶ᠎ᠡ᠎ᠳᠤ᠎ᠪᠠᠨ ᠵᠦᠪ ᠦᠬᠡᠢ ᠨᠠᠰᠤᠲᠠᠢ᠌ᠴᠤᠳ᠎ᠤᠨ ᠭᠡᠷ ᠎ᠲᠤ᠎ᠪᠠᠨ ᠰᠠᠭᠤᠵᠤ ᠠᠰᠠᠷᠠᠭᠤᠯᠬᠤ ᠎ᠳᠤ  ᠲᠤᠰᠬᠠᠢ᠌ᠵᠢᠬᠰᠠᠨ ᠬᠠᠷᠠᠭ᠋ᠠᠯᠵᠠᠨ ᠠᠰᠠᠷᠠᠬᠤ ᠦᠢ᠍ᠯᠡᠴᠢᠯᠡᠭᠡ ᠬᠠᠩᠭ᠋ᠠᠬᠤ ᠪᠦᠲᠦᠮᠵᠢᠲᠡᠶ ᠵᠠᠭᠪᠤᠷ᠎ᠢ ᠰᠦᠪᠡᠭᠴᠢᠯᠡᠨ ᠨᠡᠯᠢᠶᠡᠳ ᠰᠠᠢ᠌ᠨ ᠵᠢᠱ᠌ᠢᠶ᠎ᠡ ᠦᠵᠡᠭᠦᠯᠵᠦ ᠳᠠᠭ᠋ᠠᠭᠤᠯᠬᠤ ᠦᠢ᠍ᠯᠡᠳᠦᠯ ᠪᠠᠳᠠᠷᠠᠭᠤᠯᠤᠭᠰᠠᠨ ᠪᠠᠢ᠌ᠨ᠎ᠠ᠃ ᠡᠭᠦᠨ᠎ᠤ  ᠬᠠᠮᠳᠤ ᠪᠥᠬᠥ ᠤᠯᠤᠰ᠎ᠤᠨ ᠲᠠᠰ ᠳᠠᠪᠬᠤᠷᠭ᠎ᠠ ᠵᠢᠨ ᠪᠠᠷᠢᠮᠵᠢᠶ᠎ᠠ ᠵᠢᠷᠤᠮᠵᠢᠯ ᠲᠤᠳᠠᠬᠳᠠᠬᠰᠠᠨ᠎ᠠᠴᠠ ᠪᠣᠯᠵᠤ ᠡᠯ᠎ᠡ ᠭᠠᠵᠠᠷ᠎ᠤᠨ᠎ᠬᠢᠨ ᠭᠡᠷ ᠪᠦᠯᠢ ᠵᠢᠨ ᠨᠠᠰᠤᠵᠢᠯ᠎ᠤᠨ ᠠᠰᠠᠷᠠᠮᠵᠢ ᠵᠢᠨ ᠣᠷᠣ ᠵᠢᠨ ᠦᠢ᠍ᠯᠡᠴᠢᠯᠡᠭᠡ ᠵᠢ ᠰᠦᠪᠡᠭᠴᠢᠯᠡᠨ ᠥᠷᠨᠢᠭᠦᠯᠬᠦ᠎ᠳᠤ ᠦᠢ᠍ᠯᠡᠴᠢᠯᠡᠭᠡᠨ᠎ᠤ ᠠᠭᠤᠯᠭ᠎ᠠ᠂ ᠦᠢ᠍ᠯᠡᠴᠢᠯᠡᠭᠡᠨ᠎ᠤ ᠱᠠᠭ᠋ᠠᠷᠳᠠᠯᠭ᠎ᠠ᠂ ᠦᠢ᠍ᠯᠡᠴᠢᠯᠡᠭᠡᠨ᠎ᠤ ᠲᠠᠰ ᠳᠠᠷᠠᠭ᠋ᠠᠯᠠᠯ᠎ᠨᠢ ᠨᠢᠭᠡᠳᠦᠯ ᠦᠭᠡᠢ᠂ ᠦᠢ᠍ᠯᠡᠴᠢᠯᠡᠭᠡᠨ᠎ᠤ ᠶᠠᠰᠤ ᠴᠢᠨᠠᠷ ᠪᠠ ᠦᠷ᠎ᠡ ᠪᠦᠲᠦᠮᠵᠢ ᠵᠢ ᠰᠢᠨᠵᠢᠯᠡᠬᠦ ᠤᠬᠠᠭ᠋ᠠᠨᠴᠢ᠎ᠪᠠᠷ ᠪᠦᠲᠦᠮᠵᠢᠲᠡᠶ ᠦᠨᠡᠯᠡᠬᠦ᠎ᠳᠤ ᠬᠦᠴᠢᠷᠲᠡᠢ᠂ ᠦᠢ᠍ᠯᠡᠴᠢᠯᠡᠭᠡ ᠬᠠᠩᠭ᠋ᠠᠬᠤ ᠪᠡᠶᠡᠴᠢ ᠴᠣᠭᠴᠠ ᠵᠢᠨ ᠰᠠᠢ᠌ᠨ ᠮᠠᠭᠤ᠎ᠨᠢ ᠲᠡᠭᠰᠢ ᠦᠭᠡᠢ᠂ ᠦᠢ᠍ᠯᠡᠴᠢᠯᠡᠭᠡᠨ᠎ᠤ ᠶᠠᠰᠤ ᠴᠢᠨᠠᠷ ᠰᠤᠯᠨ᠂ ᠬᠠᠩᠭ᠋ᠠᠯᠭ᠎ᠠ ᠬᠡᠷᠡᠭᠴᠡᠭᠡ᠎ᠨᠢ ᠲᠣᠬᠢᠷᠠᠮᠵᠢ ᠦᠭᠡᠢ ᠵᠡᠷᠭᠡ ᠠᠰᠠᠭᠤᠳᠠᠯ ᠣᠷᠣᠰᠢᠵᠤ ᠪᠠᠢ᠌ᠬᠤ ᠵᠢ ᠴᠤ᠌ ᠣᠯᠵᠤ ᠬᠠᠷᠠᠬᠤ ᠬᠡᠷᠡᠭᠲᠡᠢ᠃ 《ᠭᠡᠷ ᠪᠦᠯᠢ ᠵᠢᠨ ᠨᠠᠰᠤᠵᠢᠯ᠎ᠤᠨ ᠠᠰᠠᠷᠠᠮᠵᠢ ᠵᠢᠨ ᠣᠷᠣ ᠵᠢᠨ ᠦᠢ᠍ᠯᠡᠴᠢᠯᠡᠭᠡᠨ᠎ᠤ ᠦᠨᠳᠦᠰᠦᠨ ᠵᠢᠷᠤᠮᠵᠢᠯ》᠎ᠢ ᠵᠤᠬᠢᠶᠠᠨ ᠨᠡᠢ᠌ᠲᠡᠯᠡᠵᠦ ᠭᠡᠷ ᠪᠦᠯᠢ ᠵᠢᠨ ᠨᠠᠰᠤᠵᠢᠯ᠎ᠤᠨ ᠠᠰᠠᠷᠠᠮᠵᠢ ᠵᠢᠨ ᠣᠷᠣ ᠵᠢᠨ ᠦᠢ᠍ᠯᠡᠴᠢᠯᠡᠭᠡ᠂ ᠦᠢ᠍ᠯᠡᠴᠢᠯᠡᠭᠡᠨ᠎ᠤ ᠬᠠᠮᠢᠶᠠᠷᠤᠯᠲᠠ᠂ ᠶᠠᠰᠤ ᠴᠢᠨᠠᠷ᠎ᠤᠨ ᠦᠨᠡᠯᠡᠯᠲᠡ᠎ᠳᠤ ᠬᠦᠴᠦᠲᠡᠢ ᠮᠡᠷᠭᠡᠵᠢᠯ᠎ᠤᠨ ᠲᠤᠯᠭ᠋ᠠᠭᠤᠷᠢᠯᠠᠯ ᠬᠠᠩᠭ᠋ᠠᠵᠤ᠂ ᠡᠯ᠎ᠡ ᠲᠥᠷᠥᠯ᠎ᠤᠨ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠪᠠᠢ᠌ᠭᠤᠯᠤᠮᠵᠢ ᠵᠢᠨ ᠭᠡᠷ᠎ᠲᠤ ᠰᠠᠭᠤᠵᠤ ᠠᠰᠠᠷᠠᠭᠤᠯᠵᠤ ᠪᠠᠢ᠌ᠭ᠎ᠠ ᠪᠡᠶ᠎ᠡ᠎ᠳᠤ᠎ᠪᠠᠨ ᠵᠦᠪ ᠦᠬᠡᠢ ᠨᠠᠰᠤᠲᠠᠢ᠌ᠴᠤᠳ᠎ᠤᠨ ᠬᠡᠷᠡᠭᠴᠡᠭᠡ ᠱᠠᠭ᠋ᠠᠷᠳᠠᠯᠭ᠎ᠠ᠎ᠳᠤ ᠴᠢᠭᠯᠡᠭᠦᠯᠦᠨ ᠵᠢᠷᠤᠮᠵᠢᠭᠰᠠᠨ᠂ ᠲᠤᠰᠬᠠᠢ᠌ᠵᠢᠭᠰᠠᠨ᠂ ᠨᠠᠷᠢᠯᠢᠭ ᠣᠨᠣᠴᠠᠲᠠᠢ ᠬᠠᠷᠠᠭ᠋ᠠᠯᠵᠠᠨ ᠠᠰᠠᠷᠠᠬᠤ ᠦᠢ᠍ᠯᠡᠴᠢᠯᠡᠭᠡ ᠬᠠᠩᠭ᠋ᠠᠬᠤ ᠵᠢ ᠵᠢᠯᠤᠭᠣᠳᠬᠤ᠎ᠳᠤ ᠠᠰᠢᠭᠲᠠᠢ ᠪᠦᠬᠡᠳ ᠨᠠᠩ ᠣᠯᠠᠨ ᠨᠡᠢ᠌ᠭᠡᠮ᠎ᠤᠨ ᠬᠦᠴᠦᠨ᠎ᠢ ᠵᠢᠯᠤᠭᠣᠳᠴᠤ ᠪᠠᠢ᠌ᠭ᠋ᠠᠳ ᠵᠢᠷᠤᠮᠵᠢᠯ᠎ᠲᠠᠢ᠂ ᠡᠮᠬᠢ ᠵᠢᠷᠤᠮ᠎ᠲᠠᠢ᠎ᠪᠠᠷ ᠣᠷᠣᠯᠴᠠᠭᠤᠯᠵᠤ᠂ ᠭᠡᠷ᠎ᠲᠤ᠎ᠪᠠᠨ ᠰᠠᠭᠤᠵᠤ ᠠᠰᠠᠷᠠᠭᠤᠯᠬᠤ ᠪᠡᠶ᠎ᠡ᠎ᠳᠤ᠎ᠪᠠᠨ ᠵᠦᠪ ᠦᠬᠡᠢ  ᠨᠠᠰᠤᠲᠠᠢ᠌ᠴᠤᠳ᠎ᠤᠨ ᠦᠷᠭᠦᠯᠵᠢᠯᠡᠭᠰᠡᠨ᠂ ᠲᠣᠭᠲᠠᠭᠤᠨ᠂ ᠲᠤᠰᠬᠠᠢ ᠮᠡᠷᠭᠡᠵᠢᠯ᠎ᠤᠨ᠂ ᠨᠠᠰᠤᠵᠢᠯ᠎ᠤᠨ ᠠᠰᠠᠷᠠᠮᠵᠢ ᠵᠢᠨ ᠴᠢᠨᠠᠷᠵᠢᠭᠤᠨ ᠦᠢ᠍ᠯᠡᠴᠢᠯᠡᠭᠡ ᠭᠥᠷᠳᠡᠬᠦ ᠵᠢ ᠪᠠᠲᠤᠯᠠᠬᠤ᠎ᠳᠤ ᠠᠰᠢᠭᠲᠠᠢ ᠶᠤᠮ᠃

ᠬᠣᠶᠠᠷ᠂ 《ᠭᠡᠷ ᠪᠦᠯᠢ ᠵᠢᠨ ᠨᠠᠰᠤᠵᠢᠯ᠎ᠤᠨ ᠠᠰᠠᠷᠠᠮᠵᠢ ᠵᠢᠨ ᠣᠷᠣ ᠵᠢᠨ ᠦᠢ᠍ᠯᠡᠴᠢᠯᠡᠭᠡᠨ᠎ᠤ ᠦᠨᠳᠦᠰᠦᠨ ᠵᠢᠷᠤᠮᠵᠢᠯ》᠎ᠤᠨ ᠭᠣᠣᠯ ᠠᠭᠤᠯᠭ᠎ᠠ ᠪᠠ ᠰᠢᠨ᠎ᠡ ᠵᠢ ᠡᠭᠦᠳᠬᠦ ᠴᠡᠭ

  《ᠭᠡᠷ ᠪᠦᠯᠢ ᠵᠢᠨ ᠨᠠᠰᠤᠵᠢᠯ᠎ᠤᠨ ᠠᠰᠠᠷᠠᠮᠵᠢ ᠵᠢᠨ ᠣᠷᠣ ᠵᠢᠨ ᠦᠢ᠍ᠯᠡᠴᠢᠯᠡᠭᠡᠨ᠎ᠤ ᠦᠨᠳᠦᠰᠦᠨ ᠵᠢᠷᠤᠮᠵᠢᠯ》᠎ᠢ ᠭᠡᠷ ᠎ᠲᠤ᠎ᠨᠢ ᠬᠦᠷᠴᠤ ᠠᠰᠠᠷᠠᠬᠤ ᠨᠡᠢ᠌ᠭᠡᠮ ᠲᠣᠭᠣᠷᠢᠭ᠎ᠤᠨ ᠦᠨᠳᠦᠰᠦᠨ ᠨᠠᠰᠤᠵᠢᠯ᠎ᠤᠨ ᠦᠢ᠍ᠯᠡᠴᠢᠯᠡᠭᠡ ᠵᠢ ᠳᠡᠭᠡᠭᠰᠢᠯᠡᠭᠦᠯᠬᠦ ᠠᠵᠢᠯᠯᠠᠭ᠎ᠠ ᠵᠢᠨ ᠲᠥᠷᠥᠯ ᠵᠦᠢ᠍ᠯ᠎ᠤᠨ ᠭᠠᠵᠠᠷ ᠣᠷᠣᠨ᠎ᠤ ᠦᠢ᠍ᠯᠡᠳᠦᠯᠭᠡ ᠵᠢᠨ ᠠᠷᠭ᠎ᠠ ᠬᠢᠳᠡᠯ ᠪᠠ ᠨᠢᠭᠡᠨᠲᠡ ᠪᠠᠢ᠌ᠭ᠎ᠠ ᠣᠷᠣᠨ ᠨᠤᠲᠤᠭ᠎ᠤᠨ ᠪᠠᠷᠢᠮᠵᠢᠶ᠎ᠠ ᠵᠢᠨ ᠦᠷ᠎ᠡ ᠪᠦᠲᠦᠭᠡᠯ᠎ᠢ ᠪᠥᠬᠥ ᠲᠠᠯ᠎ᠠ᠎ᠪᠠᠷ ᠳ᠋ᠦᠩᠨᠡᠭᠰᠡᠨ ᠰᠠᠭᠤᠷᠢᠨ ᠳᠡᠭᠡᠷ᠎ᠡ ᠵᠢᠷᠤᠮᠵᠢᠯ᠎ᠤᠨ᠂ ᠬᠡᠷᠡᠭᠯᠡᠭᠡᠨ᠎ᠤ᠂ ᠬᠡᠷᠡᠭᠵᠢᠭᠦᠯᠵᠦ ᠪᠣᠯᠬᠤᠢ᠌ᠴᠠ ᠵᠠᠷᠴᠢᠮ᠎ᠢ ᠵᠢᠷᠤᠮᠯᠠᠨ ᠭᠦᠨᠵᠡᠭᠡᠢ ᠪᠠᠢ᠌ᠴᠠᠭ᠋ᠠᠨ ᠰᠤᠳᠤᠯᠵᠤ ᠥᠷᠭᠡᠨ ᠵᠶ᠋ᠡᠷ ᠰᠠᠨᠠᠯ ᠬᠤᠷᠢᠶᠠᠵᠤ᠂ ᠭᠦᠢ᠍ᠴᠡᠳ ᠰᠤᠳᠤᠯᠤᠨ ᠨᠤᠲᠠᠯᠠᠵᠤ ᠨᠠᠢ᠌ᠷᠠᠭᠤᠯᠤᠨ ᠵᠤᠬᠢᠶᠠᠬᠰᠠᠨ ᠶᠤᠮ᠃
   ᠨᠢᠭᠡ᠎ᠳᠤ᠂ ᠭᠡᠷ ᠪᠦᠯᠢ ᠵᠢᠨ ᠨᠠᠰᠤᠵᠢᠯ᠎ᠤᠨ ᠠᠰᠠᠷᠠᠮᠵᠢ ᠵᠢᠨ ᠣᠷᠣ ᠵᠢᠨ ᠴᠢᠳᠠᠮᠵᠢ ᠵᠢᠨ ᠪᠠᠢ᠌ᠷᠢ ᠲᠣᠭᠲᠠᠭ᠋ᠠᠯᠲᠠ ᠵᠢ ᠲᠣᠳᠣᠷᠬᠠᠢ᠌ᠯᠠᠪᠠ᠃ 《ᠭᠡᠷ ᠪᠦᠯᠢ ᠵᠢᠨ ᠨᠠᠰᠤᠵᠢᠯ᠎ᠤᠨ ᠠᠰᠠᠷᠠᠮᠵᠢ ᠵᠢᠨ ᠣᠷᠣ ᠵᠢᠨ ᠦᠢ᠍ᠯᠡᠴᠢᠯᠡᠭᠡᠨ᠎ᠤ ᠦᠨᠳᠦᠰᠦᠨ ᠵᠢᠷᠤᠮᠵᠢᠯ》᠎ᠳᠤ ᠭᠡᠷ ᠪᠦᠯᠢ ᠵᠢᠨ ᠨᠠᠰᠤᠵᠢᠯ᠎ᠤᠨ ᠠᠰᠠᠷᠠᠮᠵᠢ ᠵᠢᠨ ᠣᠷᠣ ᠵᠢᠨ ᠤᠬᠠᠭᠳᠠᠬᠤᠨ᠎ᠢ ᠵᠠᠭ᠋ᠠᠭᠯᠠᠨ ᠲᠣᠭᠲᠠᠭ᠋ᠠᠵᠤ᠂ ᠭᠡᠷ ᠪᠦᠯᠢ ᠵᠢᠨ ᠨᠠᠰᠤᠵᠢᠯ᠎ᠤᠨ ᠠᠰᠠᠷᠠᠮᠵᠢ ᠵᠢᠨ ᠣᠷᠣ ᠵᠢ ᠭᠣᠣᠯᠳᠠᠭᠤ ᠭᠡᠷ᠎ᠲᠤ᠎ᠪᠠᠨ ᠰᠠᠭᠤᠵᠤ ᠪᠠᠢ᠌ᠭ᠎ᠠ ᠨᠠᠰᠤᠲᠠᠢ᠌ᠴᠤᠳ᠎ᠲᠤ ᠬᠠᠨᠳᠤᠭᠤᠯᠵᠤ᠂ ᠲᠡᠳᠡᠨ᠎ᠳᠤ ᠭᠡᠷ᠎ᠲᠤ᠎ᠪᠠᠨ ᠰᠠᠭᠤᠵᠤ ᠪᠠᠢ᠌ᠭ᠎ᠠ ᠨᠠᠰᠤᠲᠠᠢ᠌ᠴᠤᠳ᠎ᠤᠨ ᠨᠠᠰᠤᠵᠢᠯ᠎ᠤᠨ ᠠᠰᠠᠷᠠᠮᠵᠢ ᠵᠢᠨ ᠥᠭᠡᠷᠡᠴᠢᠯᠡᠯᠲᠡ᠂ ᠣᠶᠤᠨᠴᠢᠯᠠᠭᠰᠠᠨ ᠲᠣᠬᠢᠷᠠᠭᠤᠯᠤᠯᠲᠠ᠂ ᠭᠡᠷ᠎ᠲᠤ᠎ᠨᠢ ᠬᠦᠷᠴᠦ ᠬᠠᠷᠠᠭ᠋ᠠᠯᠵᠠᠨ ᠠᠰᠠᠷᠠᠬᠤ ᠦᠢ᠍ᠯᠡᠴᠢᠯᠡᠭᠡ ᠬᠠᠩᠭ᠋ᠠᠵᠤ᠂ ᠭᠡᠷ᠎ᠲᠤ᠎ᠨᠢ ᠬᠦᠷᠴᠦ ᠬᠠᠷᠠᠭ᠋ᠠᠯᠵᠠᠨ ᠠᠰᠠᠷᠠᠬᠤ ᠪᠠ ᠠᠯᠤᠰ᠎ᠠᠴᠠ ᠳᠡᠮᠵᠢᠬᠦ᠂ ᠣᠶᠤᠨᠴᠢ᠎ᠪᠠᠷ ᠲᠤᠰᠠᠯᠠᠬᠤ ᠵᠡᠷᠭᠡ ᠠᠷᠭ᠎ᠠ ᠪᠠᠷᠢᠯ᠎ᠢ ᠤᠶᠠᠯᠳᠤᠭᠤᠯᠬᠤ᠎ᠪᠠᠷ ᠳᠠᠮᠵᠢᠭᠤᠯᠤᠨ ᠨᠠᠰᠤᠲᠠᠢ᠌ᠴᠤᠳ᠎ᠲᠤ ᠦᠷᠭᠦᠯᠵᠢᠯᠡᠨ᠂ ᠲᠣᠭᠲᠠᠪᠤᠷᠢᠲᠠᠢ᠂ ᠲᠤᠰᠬᠠᠢ ᠮᠡᠷᠭᠡᠵᠢᠯ᠎ᠤᠨ ᠬᠠᠷᠠᠭ᠋ᠠᠯᠵᠠᠨ ᠠᠰᠠᠷᠠᠬᠤ ᠦᠢ᠍ᠯᠡᠴᠢᠯᠡᠭᠡ ᠵᠢ ᠡᠳ᠋ᠯᠡᠭᠦᠯᠦᠨ᠎ᠡ ᠭᠡᠵᠦ ᠲᠣᠭᠲᠠᠭ᠋ᠠᠪᠠ᠃
    ᠬᠣᠶᠠᠷ᠎ᠲᠤ᠂ ᠭᠡᠷ ᠪᠦᠯᠢ ᠵᠢᠨ ᠨᠠᠰᠤᠵᠢᠯ᠎ᠤᠨ ᠠᠰᠠᠷᠠᠮᠵᠢ ᠵᠢᠨ ᠣᠷᠣ ᠵᠢᠨ ᠦᠢ᠍ᠯᠡᠴᠢᠯᠡᠭᠡᠨ᠎ᠤ ᠡᠲᠡᠭᠡᠳ᠎ᠢ ᠲᠣᠳᠣᠷᠬᠠᠢ᠌ᠯᠠᠪᠠ᠃ 《ᠭᠡᠷ ᠪᠦᠯᠢ ᠵᠢᠨ ᠨᠠᠰᠤᠵᠢᠯ᠎ᠤᠨ ᠠᠰᠠᠷᠠᠮᠵᠢ ᠵᠢᠨ ᠣᠷᠣ ᠵᠢᠨ ᠦᠢ᠍ᠯᠡᠴᠢᠯᠡᠭᠡᠨ᠎ᠤ ᠦᠨᠳᠦᠰᠦᠨ ᠵᠢᠷᠤᠮᠵᠢᠯ》᠎ᠳᠤ ᠭᠡᠷ ᠪᠦᠯᠢ ᠵᠢᠨ ᠨᠠᠰᠤᠵᠢᠯ᠎ᠤᠨ ᠠᠰᠠᠷᠠᠮᠵᠢ ᠵᠢᠨ ᠣᠷᠣ ᠵᠢᠨ ᠦᠢ᠍ᠯᠡᠴᠢᠯᠡᠬᠦ ᠡᠲᠡᠭᠡᠳ᠎ᠢ ᠲᠣᠳᠣᠷᠬᠠᠢ ᠲᠣᠭᠲᠠᠭ᠋ᠠᠪᠠ᠂ ᠡᠨᠡ᠎ᠨᠢ 《ᠨᠠᠰᠤᠲᠠᠢ᠌ᠴᠤᠳ᠎ᠤᠨ ᠴᠢᠳᠠᠪᠤᠷᠢ ᠵᠢ ᠦᠨᠡᠯᠡᠬᠦ ᠵᠢᠷᠤᠮᠵᠢᠯ》 (GB/T 42195 — 2022)᠎ᠤᠨ ᠤᠯᠤᠰ᠎ᠤᠨ ᠪᠠᠷᠢᠮᠵᠢᠶ᠎ᠠ ᠵᠢ ᠦᠨᠳᠦᠰᠦᠯᠡᠨ ᠬᠥᠩᠭᠡᠪᠲᠦᠷ ᠪᠠ ᠲᠡᠭᠦᠨ᠎ᠠᠴᠠ ᠳᠡᠭᠡᠭᠰᠢᠬᠢ ᠴᠢᠳᠠᠪᠤᠷᠢ᠎ᠪᠠᠨ ᠠᠯᠳᠠᠭᠰᠠᠨ ᠲᠠᠰ᠎ᠤᠨ ᠨᠠᠰᠤᠲᠠᠢ᠌ᠴᠤᠳ ᠵᠶ᠋ᠠᠷ ᠦᠨᠡᠯᠡᠨ ᠲᠣᠭᠲᠠᠭ᠋ᠠᠭᠳᠠᠭᠰᠠᠨ ᠶᠠᠪᠤᠳᠠᠯ ᠪᠣᠯᠣᠨ᠎ᠠ᠃ ᠡᠭᠦᠨ᠎ᠤ ᠬᠠᠮᠲᠤ ᠭᠡᠷ ᠪᠦᠯᠢ ᠵᠢᠨ ᠨᠠᠰᠤᠵᠢᠯ᠎ᠤᠨ ᠠᠰᠠᠷᠠᠮᠵᠢ ᠵᠢᠨ ᠣᠷᠣ᠎ᠨᠢ ᠨᠠᠰᠤᠵᠢᠯ᠎ᠤᠨ ᠠᠰᠠᠷᠠᠮᠵᠢ ᠵᠢᠨ ᠪᠠᠢ᠌ᠭᠤᠯᠤᠮᠵᠢ ᠵᠢᠨ ᠪᠦᠬᠦᠯᠢ ᠡᠳᠦᠷ ᠵᠶ᠋ᠡᠷ ᠲᠥᠪᠯᠡᠷᠡᠭᠦᠯᠦᠨ ᠠᠰᠠᠷᠠᠨ ᠬᠠᠷᠠᠭ᠋ᠠᠯᠵᠠᠬᠤ᠎ᠠᠴᠠ ᠢᠯᠭ᠋ᠠᠭ᠎ᠠ᠎ᠲᠠᠢ ᠪᠠᠢ᠌ᠬᠤ ᠪᠤᠰᠤᠳᠴᠢ ᠪᠠᠢ᠌ᠳᠠᠯ᠎ᠢ ᠪᠣᠳᠣᠯᠬᠢᠯᠠᠨ ᠳᠤᠮᠳᠠ ᠵᠡᠷᠭᠡ᠎ᠠᠴᠠ ᠳᠡᠭᠡᠭᠰᠢᠬᠢ ᠴᠢᠳᠠᠪᠤᠷᠢ᠎ᠪᠠᠨ ᠠᠯᠳᠠᠭᠰᠠᠨ ᠲᠠᠰ᠎ᠤᠨ ᠨᠠᠰᠤᠲᠠᠢ᠌ᠴᠤᠳ᠎ᠲᠤ ᠬᠠᠷᠢᠴᠠᠩᠭᠤᠢ ᠲᠣᠭᠲᠠᠪᠤᠷᠢᠲᠠᠢ ᠭᠡᠷ ᠪᠦᠯᠢ ᠵᠢᠨ ᠠᠰᠠᠷᠠᠨ ᠬᠠᠷᠠᠭ᠋ᠠᠯᠵᠠᠭᠴᠢ᠎ᠲᠠᠢ ᠪᠠᠢ᠌ᠬᠤ ᠵᠢ ᠲᠣᠳᠣᠷᠬᠠᠢ᠌ᠯᠠᠵᠤ ᠲᠤᠰᠬᠠᠢ ᠠᠰᠠᠷᠠᠨ ᠬᠠᠷᠠᠭ᠋ᠠᠯᠵᠠᠬᠤ ᠦᠢ᠍ᠯᠡᠴᠢᠯᠡᠭᠡ᠎ᠳᠤ ᠪᠦᠲᠦᠮᠵᠢᠲᠡᠶ ᠨᠥᠬᠥᠪᠦᠷᠢ ᠳᠡᠮᠵᠢᠯᠭᠡ ᠬᠠᠩᠭ᠋ᠠᠨ᠎ᠠ᠃
    ᠭᠤᠷᠪᠠ᠎ᠳᠤ᠂ ᠭᠡᠷ ᠪᠦᠯᠢ ᠵᠢᠨ ᠨᠠᠰᠤᠵᠢᠯ᠎ᠤᠨ ᠠᠰᠠᠷᠠᠮᠵᠢ ᠵᠢᠨ ᠣᠷᠣ ᠵᠢᠨ ᠦᠢ᠍ᠯᠡᠴᠢᠯᠡᠭᠡᠨ᠎ᠤ ᠭᠣᠣᠯ ᠴᠣᠭᠴᠠ ᠵᠢ ᠲᠣᠳᠣᠷᠬᠠᠢ᠌ᠯᠠᠪᠠ᠃ 《ᠭᠡᠷ ᠪᠦᠯᠢ ᠵᠢᠨ ᠨᠠᠰᠤᠵᠢᠯ᠎ᠤᠨ ᠠᠰᠠᠷᠠᠮᠵᠢ ᠵᠢᠨ ᠣᠷᠣ ᠵᠢᠨ ᠦᠢ᠍ᠯᠡᠴᠢᠯᠡᠭᠡᠨ᠎ᠤ ᠦᠨᠳᠦᠰᠦᠨ ᠵᠢᠷᠤᠮᠵᠢᠯ》᠎ᠨᠢ ᠭᠡᠷ ᠪᠦᠯᠢ ᠵᠢᠨ ᠦᠢ᠍ᠯᠡᠴᠢᠯᠡᠭᠡᠨ᠎ᠤ ᠠᠬᠤᠢ ᠪᠠᠢ᠌ᠳᠠᠯ᠎ᠤᠨ ᠣᠨᠴᠠᠯᠢᠭ ᠪᠠ ᠪᠡᠶ᠎ᠡ᠎ᠳᠤ᠎ᠪᠠᠨ ᠵᠦᠪ ᠦᠬᠡᠢ ᠨᠠᠰᠤᠲᠠᠢ᠌ᠴᠤᠳ᠎ᠢ ᠬᠠᠷᠠᠭ᠋ᠠᠯᠵᠠᠨ ᠠᠰᠠᠷᠠᠬᠤ ᠬᠠᠲᠠᠭᠤ ᠬᠡᠷᠡᠭᠴᠡᠭᠡ᠎ᠳᠤ ᠴᠢᠭᠯᠡᠭᠦᠯᠦᠨ ᠬᠠᠩᠭ᠋ᠠᠯᠭ᠎ᠠ ᠬᠡᠷᠡᠭᠴᠡᠭᠡᠨ᠎ᠤ ᠲᠣᠬᠢᠷᠠᠭᠤᠯᠤᠯᠲᠠ ᠵᠢᠨ ᠲᠠᠯ᠎ᠠ᠎ᠠᠴᠠ ᠦᠵᠡᠪᠡᠯ᠂ ᠭᠡᠷ ᠪᠦᠯᠢ ᠵᠢᠨ ᠨᠠᠰᠤᠵᠢᠯ᠎ᠤᠨ ᠠᠰᠠᠷᠠᠮᠵᠢ ᠵᠢᠨ ᠣᠷᠣ ᠵᠢᠨ ᠦᠢ᠍ᠯᠡᠴᠢᠯᠡᠭᠡᠨ᠎ᠤ ᠭᠣᠣᠯ ᠴᠣᠭᠴᠠ ᠪᠣᠯ ᠬᠠᠤᠯᠢ ᠶᠣᠰᠣᠭ᠋ᠠᠷ ᠪᠦᠷᠢᠳᠬᠡᠭᠦᠯᠦᠭᠰᠡᠨ᠂  ᠪᠡᠶ᠎ᠡ᠎ᠳᠤ᠎ᠪᠠᠨ ᠵᠦᠪ ᠦᠬᠡᠢ ᠨᠠᠰᠤᠲᠠᠢ᠌ᠴᠤᠳ᠎ᠤᠨ ᠲᠤᠰᠬᠠᠢ ᠬᠠᠷᠠᠭ᠋ᠠᠯᠵᠠᠨ ᠠᠰᠠᠷᠠᠬᠤ ᠦᠢ᠍ᠯᠡᠴᠢᠯᠡᠭᠡᠨ᠎ᠤ ᠴᠢᠳᠠᠪᠤᠷᠢ ᠵᠢ ᠪᠦᠷᠢᠯᠳᠦᠭᠦᠯᠦᠭᠰᠡᠨ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠠᠵᠤ ᠠᠬᠤᠢ᠌ᠯᠠᠯ ᠠᠵᠢᠯ ᠦᠢ᠍ᠯᠡᠰ᠎ᠤᠨ ᠨᠢᠭᠡᠴᠢ ᠪᠠ ᠵᠣᠬᠢᠶᠠᠨ ᠪᠠᠢ᠌ᠭᠤᠯᠤᠯᠲᠠ (ᠶᠡᠷᠦᠩᠬᠡᠢ᠎ᠳᠤ᠎ᠨᠢ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠪᠠᠢ᠌ᠭᠤᠯᠤᠮᠵᠢ ᠭᠡᠵᠦ ᠨᠡᠷᠡᠢ᠌ᠳᠦᠨ᠎ᠡ) ᠪᠣᠯᠣᠨ᠎ᠠ᠂ ᠡᠭᠦᠨ᠎ᠤ ᠬᠠᠮᠲᠤ ᠦᠢ᠍ᠯᠡᠴᠢᠯᠡᠭᠡᠨ᠎ᠤ ᠭᠣᠣᠯ ᠴᠣᠭᠴᠠ ᠵᠢᠨ ᠲᠤᠰᠬᠠᠢ ᠮᠡᠷᠭᠡᠵᠢᠯ᠎ᠤᠨ ᠠᠵᠢᠯᠲᠠᠨ᠎ᠢ ᠲᠣᠬᠢᠷᠠᠭᠤᠯᠬᠤ᠂ ᠳᠠᠭ᠋ᠠᠵᠤ ᠰᠢᠢ᠍ᠳᠪᠦᠷᠢᠯᠡᠬᠦ ᠴᠢᠳᠠᠪᠤᠷᠢ ᠵᠢᠨ ᠪᠠᠢ᠌ᠭᠤᠯᠤᠯᠲᠠ᠂ ᠦᠢ᠍ᠯᠡᠴᠢᠯᠡᠭᠡᠨ᠎ᠤ ᠠᠭᠤᠯᠭ᠎ᠠ ᠵᠢ ᠢᠯᠡᠵᠢᠬᠦᠯᠬᠦ᠂ ᠪᠠᠴᠢᠮ᠎ᠢ ᠠᠷᠭ᠋ᠠᠴᠠᠭ᠋ᠠᠬᠤ ᠪᠡᠯᠡᠳᠬᠡᠯ ᠲᠥᠰᠥᠯ᠎ᠢ ᠲᠣᠭᠲᠠᠭ᠋ᠠᠬᠤ᠂ ᠬᠤᠪᠢ ᠵᠢᠨ ᠨᠢᠭᠤᠴᠠ ᠵᠢ ᠬᠠᠮᠠᠭ᠋ᠠᠯᠠᠬᠤ᠂ ᠲᠠᠩᠰᠠ ᠡᠪᠬᠡᠮᠡᠯ᠎ᠢ ᠬᠠᠮᠢᠶᠠᠷᠬᠤ ᠵᠡᠷᠭᠡ᠎ᠳᠤ ᠵᠢᠷᠤᠮᠵᠢᠯ᠎ᠤᠨ ᠴᠢᠨᠠᠷᠲᠠᠢ ᠱᠠᠭ᠋ᠠᠷᠳᠠᠯᠭ᠎ᠠ ᠳᠤᠷᠠᠳᠬᠤ ᠬᠡᠷᠡᠭᠲᠡᠢ᠃
    ᠳᠥᠷᠪᠡ᠎ᠳᠤ᠂ ᠭᠡᠷ ᠪᠦᠯᠢ ᠵᠢᠨ ᠨᠠᠰᠤᠵᠢᠯ᠎ᠤᠨ ᠠᠰᠠᠷᠠᠮᠵᠢ ᠵᠢᠨ ᠣᠷᠣ ᠵᠢᠨ ᠦᠢ᠍ᠯᠡᠴᠢᠯᠡᠭᠡᠨ᠎ᠤ ᠠᠭᠤᠯᠭ᠎ᠠ᠂ ᠲᠠᠰ ᠳᠠᠷᠠᠭ᠋ᠠᠯᠠᠯ ᠪᠠ ᠱᠠᠭ᠋ᠠᠷᠳᠠᠯᠭ᠎ᠠ ᠵᠢ ᠲᠣᠳᠣᠷᠬᠠᠢ᠌ᠯᠠᠪᠠ᠃ 《ᠭᠡᠷ ᠪᠦᠯᠢ ᠵᠢᠨ ᠨᠠᠰᠤᠵᠢᠯ᠎ᠤᠨ ᠠᠰᠠᠷᠠᠮᠵᠢ ᠵᠢᠨ ᠣᠷᠣ ᠵᠢᠨ ᠦᠢ᠍ᠯᠡᠴᠢᠯᠡᠭᠡᠨ᠎ᠤ ᠦᠨᠳᠦᠰᠦᠨ ᠵᠢᠷᠤᠮᠵᠢᠯ》᠎ᠨᠢ ᠭᠡᠷ᠎ᠲᠤ᠎ᠪᠠᠨ ᠰᠠᠭᠤᠭ᠎ᠠ ᠪᠡᠶ᠎ᠡ᠎ᠳᠤ᠎ᠪᠠᠨ ᠵᠦᠪ ᠦᠬᠡᠢ ᠨᠠᠰᠤᠲᠠᠢ᠌ᠴᠤᠳ᠎ᠤᠨ ᠭᠣᠣᠯᠯᠠᠬᠤ ᠬᠡᠷᠡᠭᠴᠡᠭᠡ ᠱᠠᠭ᠋ᠠᠷᠳᠠᠯᠭ᠎ᠠ ᠵᠢᠨ ᠲᠣᠭᠣᠷᠢᠨ᠎ᠳᠤ ᠨᠠᠰᠤᠵᠢᠯ᠎ᠤᠨ ᠠᠰᠠᠷᠠᠮᠵᠢ ᠵᠢᠨ ᠪᠠᠢ᠌ᠭᠤᠯᠤᠮᠵᠢ ᠵᠢᠨ ᠬᠠᠷᠠᠭ᠋ᠠᠯᠵᠠᠨ ᠠᠰᠠᠷᠠᠬᠤ ᠦᠢ᠍ᠯᠡᠴᠢᠯᠡᠭᠡᠨ᠎ᠤ  ᠲᠠᠭ᠋ᠠᠭ᠋ᠠᠮᠠᠭ᠋ᠠᠢ ᠴᠢᠨᠠᠷ᠂ ᠲᠣᠭᠲᠠᠪᠤᠷᠢᠲᠤ ᠴᠢᠨᠠᠷ᠂ ᠲᠤᠰᠬᠠᠢ ᠮᠡᠷᠭᠡᠵᠢᠯ᠎ᠤᠨ ᠴᠢᠨᠠᠷ᠎ᠲᠠᠢ ᠬᠠᠷᠢᠴᠠᠭᠤᠯᠵᠤ ᠪᠠᠢ᠌ᠭ᠋ᠠᠳ ᠬᠠᠮᠢᠶ᠎ᠠ ᠪᠦᠬᠦᠢ ᠦᠢ᠍ᠯᠡᠴᠢᠯᠡᠭᠡᠨ᠎ᠤ ᠠᠭᠤᠯᠭ᠎ᠠ ᠵᠢ ᠲᠤᠳᠤᠷᠬᠠᠢ᠌ᠯᠠᠬᠰᠠᠨ ᠪᠠᠢ᠌ᠨ᠎ᠠ᠃ ᠡᠭᠦᠨ᠎ᠳᠤ᠂ ᠨᠠᠰᠤᠵᠢᠯᠲᠠ᠎ᠳᠤ ᠲᠣᠬᠢᠷᠠᠬᠤ ᠥᠭᠡᠷᠡᠴᠢᠯᠡᠯᠲᠡ᠂ ᠣᠶᠤᠨᠴᠢᠯᠠᠭᠰᠠᠨ ᠲᠣᠬᠢᠷᠠᠭᠤᠯᠤᠯᠲᠠ᠎ᠳᠤ ᠴᠢᠭᠯᠡᠭᠦᠯᠦᠨ ᠪᠠᠷᠢᠯᠭ᠎ᠠ ᠪᠠᠷᠢᠬᠤ ᠥᠭᠡᠷᠡᠴᠢᠯᠡᠯᠲᠡ᠂ ᠲᠥᠬᠦᠭᠡᠷᠦᠮᠵᠢ ᠲᠣᠬᠢᠷᠠᠭᠤᠯᠬᠤ᠂ ᠲᠤᠰᠠᠯᠠᠬᠤ ᠪᠠᠭ᠋ᠠᠵᠢ ᠲᠣᠬᠢᠷᠠᠭᠤᠯᠬᠤ ᠵᠡᠷᠭᠡ ᠥᠭᠡᠷᠡᠴᠢᠯᠡᠯᠲᠡ ᠵᠢᠨ ᠠᠷᠭ᠎ᠠ ᠪᠠ ᠣᠶᠤᠨᠴᠢ ᠲᠥᠬᠦᠭᠡᠷᠦᠮᠵᠢ ᠵᠢᠨ ᠲᠣᠬᠢᠷᠠᠭᠤᠯᠤᠯᠲᠠ ᠵᠢᠨ ᠴᠢᠳᠠᠮᠵᠢ᠂ ᠱᠠᠭ᠋ᠠᠷᠳᠠᠯᠭ᠎ᠠ ᠵᠢ ᠲᠣᠳᠣᠷᠬᠠᠢ᠌ᠯᠠᠭᠰᠠᠨ᠎ᠤ ᠬᠠᠮᠲᠤ ᠳᠠᠭ᠋ᠠᠯᠳᠤᠭᠤᠯᠤᠯ ᠬᠦᠰᠦᠨᠦᠭᠲᠦ ᠵᠢᠨ ᠬᠡᠯᠪᠡᠷᠢ᠎ᠪᠠᠷ ᠥᠭᠡᠷᠡᠴᠢᠯᠡᠬᠦ ᠪᠠ ᠲᠣᠬᠢᠷᠠᠭᠤᠯᠬᠤ ᠵᠦᠢ᠍ᠯᠡᠰ᠎ᠤᠨ ᠯᠠᠪᠯᠠᠯᠲᠠ ᠵᠢᠨ ᠲᠣᠳᠣᠷᠬᠠᠢ ᠬᠠᠭᠤᠳᠠᠰᠤ ᠵᠢ  ᠭᠠᠷᠭ᠋ᠠᠪᠠ᠃ ᠭᠡᠷ᠎ᠲᠤ᠎ᠨᠢ ᠬᠦᠷᠴᠦ ᠠᠰᠠᠷᠠᠬᠤ ᠦᠢ᠍ᠯᠡᠴᠢᠯᠡᠭᠡ᠎ᠳᠤ ᠴᠢᠭᠯᠡᠭᠦᠯᠦᠨ ᠢᠳᠡᠭᠡᠨ ᠤᠮᠳᠠᠭ᠋ᠠᠨ᠎ᠤ᠂ ᠣᠷᠴᠢᠨ ᠲᠣᠭᠣᠷᠢᠨ᠎ᠤ ᠠᠷᠢᠭᠤᠨ ᠴᠡᠪᠡᠷ ᠵᠡᠷᠭᠡ ᠦᠨᠳᠦᠰᠦᠨ ᠠᠮᠢᠳᠤᠷᠠᠯ᠎ᠤᠨ ᠬᠠᠷᠠᠭ᠋ᠠᠯᠵᠠᠨ ᠠᠰᠠᠷᠠᠬᠤ ᠦᠢ᠍ᠯᠡᠴᠢᠯᠡᠭᠡ ᠪᠤᠯᠤᠨ ᠪᠤᠰᠤᠳ ᠥᠪᠡᠷᠮᠢᠴᠡ ᠦᠢ᠍ᠯᠡᠴᠢᠯᠡᠭᠡᠨ᠎ᠤ ᠠᠭᠤᠯᠭ᠎ᠠ ᠪᠠ ᠱᠠᠭ᠋ᠠᠷᠳᠠᠯᠭ᠎ᠠ ᠵᠢ  ᠲᠤᠳᠤᠷᠬᠠᠢ᠌ᠯᠠᠬᠰᠠᠨ ᠶᠤᠮ᠃ ᠡᠭᠦᠨ᠎ᠤ ᠬᠠᠮᠲᠤ ᠦᠢ᠍ᠯᠡᠴᠢᠯᠡᠭᠡᠨ᠎ᠤ ᠶᠠᠪᠤᠴᠠ ᠵᠢᠨ ᠲᠠᠯ᠎ᠠ᠎ᠪᠠᠷ ᠯᠠᠪᠯᠠᠯᠲᠠ ᠵᠢ ᠭᠥᠯᠢᠶᠡᠨ ᠠᠪᠬᠤ᠂ ᠭᠤᠶᠤᠴᠢᠯᠠᠯ᠎ᠢ ᠭᠥᠯᠢᠶᠡᠨ ᠠᠪᠴᠤ ᠰᠢᠢ᠍ᠳᠪᠦᠷᠢᠯᠡᠬᠦ᠂ ᠦᠨᠡᠯᠡᠬᠦ᠂ ᠲᠥᠰᠥᠯ ᠲᠣᠭᠲᠠᠭ᠋ᠠᠬᠤ᠂ ᠬᠡᠯᠡᠯᠴᠡᠭᠡᠷ ᠲᠣᠭᠲᠠᠭ᠋ᠠᠬᠤ᠂ ᠦᠢ᠍ᠯᠡᠴᠢᠯᠡᠭᠡ ᠵᠢ ᠬᠡᠷᠡᠭᠵᠢᠭᠦᠯᠬᠦ᠎ᠠᠴᠠ ᠦᠢ᠍ᠯᠡᠴᠢᠯᠡᠭᠡ ᠳᠠᠭᠤᠰᠬᠤ ᠬᠦᠷᠲᠡᠯᠡᠬᠢ ᠠᠯᠢ ᠣᠯᠠᠨ ᠵᠢᠷᠤᠮ᠎ᠤᠨ ᠴᠢᠨᠠᠷᠲᠠᠢ ᠱᠠᠭ᠋ᠠᠷᠳᠠᠯᠭ᠎ᠠ ᠵᠢ ᠲᠣᠳᠣᠷᠬᠠᠢ ᠲᠣᠭᠲᠠᠭ᠋ᠠᠭᠰᠠᠨ ᠪᠥᠭᠡᠳ ᠦᠢ᠍ᠯᠡᠴᠢᠯᠡᠭᠡ ᠵᠢ ᠦᠨᠡᠯᠡᠬᠦ᠂ ᠵᠠᠭ᠋ᠠᠯᠳᠤᠯᠭ᠎ᠠ ᠵᠢ ᠬᠠᠷᠢᠭᠤ ᠲᠤᠰᠬᠠᠬᠤ ᠪᠠ ᠦᠢ᠍ᠯᠡᠴᠢᠯᠡᠭᠡ ᠵᠢ ᠰᠠᠢ᠌ᠵᠢᠷᠠᠭᠤᠯᠬᠤ ᠲᠠᠯ᠎ᠠ᠎ᠪᠠᠷ ᠵᠢᠷᠤᠮᠵᠢᠭᠤᠯᠤᠭᠰᠠᠨ ᠪᠠᠢ᠌ᠨ᠎ᠠ᠃
   ᠲᠠᠪᠤ᠎ᠳᠤ᠂ ᠭᠡᠷ ᠪᠦᠯᠢ ᠵᠢᠨ ᠨᠠᠰᠤᠵᠢᠯ᠎ᠤᠨ ᠠᠰᠠᠷᠠᠮᠵᠢ ᠵᠢᠨ ᠣᠷᠣ ᠵᠢᠨ ᠲᠦᠭᠰᠢᠭᠦᠷᠢ ᠵᠢ ᠰᠡᠷᠭᠡᠢ᠌ᠯᠡᠨ ᠡᠵᠡᠮᠳᠡᠬᠦ ᠠᠷᠭ᠎ᠠ  ᠵᠢ  ᠲᠣᠭᠲᠠᠭ᠋ᠠᠪᠠ᠃ ᠭᠡᠷ ᠪᠦᠯᠢ ᠵᠢᠨ ᠨᠠᠰᠤᠵᠢᠯ᠎ᠤᠨ ᠠᠰᠠᠷᠠᠮᠵᠢ ᠵᠢᠨ ᠣᠷᠣ ᠵᠢᠨ ᠦᠢ᠍ᠯᠡᠴᠢᠯᠡᠭᠡᠨ᠎ᠤ ᠡᠲᠡᠭᠡᠳ᠎ᠤᠨ ᠪᠡᠶ᠎ᠡ ᠮᠠᠬᠠᠪᠤᠳ᠂ ᠭᠡᠷ ᠪᠦᠯᠢ ᠵᠢᠨ ᠣᠷᠴᠢᠨ ᠲᠣᠭᠣᠷᠢᠨ ᠵᠡᠷᠭᠡ ᠪᠠᠢ᠌ᠳᠠᠯ᠎ᠨᠢ ᠮᠠᠰᠢ ᠶᠡᠬᠡ ᠵᠥᠷᠢᠶ᠎ᠡ᠎ᠲᠠᠢ ᠪᠠᠢ᠌ᠬᠤ ᠵᠢ ᠪᠣᠳᠣᠯᠬᠢᠯᠠᠭ᠋ᠠᠳ ᠭᠡᠷ᠎ᠲᠤ᠎ᠨᠢ ᠬᠦᠷᠴᠦ ᠦᠢ᠍ᠯᠡᠴᠢᠯᠡᠭᠡ ᠬᠠᠩᠭ᠋ᠠᠪᠠᠯ ᠪᠠᠴᠢᠮ ᠠᠪᠤᠷᠠᠯᠳᠠ ᠬᠢᠬᠦ᠎ᠳᠤ ᠡᠵᠡᠮᠳᠡᠰᠢ ᠦᠭᠡᠢ ᠬᠦᠴᠦᠨ ᠵᠦᠢ᠍ᠯ ᠢᠯᠡᠷᠡᠵᠦ᠂ ᠮᠠᠰᠢ ᠣᠯᠠᠨ ᠦᠢ᠍ᠯᠡᠴᠢᠯᠡᠭᠡᠨ᠎ᠤ ᠠᠮᠤᠷ ᠲᠦᠪᠰᠢᠨ᠎ᠤ ᠲᠦᠭᠰᠢᠭᠦᠷᠢ᠎ᠳᠤ ᠲᠤᠯᠭ᠋ᠠᠷᠠᠬᠤ ᠪᠤᠯᠬᠤᠷ 《ᠭᠡᠷ ᠪᠦᠯᠢ ᠵᠢᠨ ᠨᠠᠰᠤᠵᠢᠯ᠎ᠤᠨ ᠠᠰᠠᠷᠠᠮᠵᠢ ᠵᠢᠨ ᠣᠷᠣ ᠵᠢᠨ ᠦᠢ᠍ᠯᠡᠴᠢᠯᠡᠭᠡᠨ᠎ᠤ ᠦᠨᠳᠦᠰᠦᠨ ᠵᠢᠷᠤᠮᠵᠢᠯ》᠎ᠳᠤ ᠦᠢ᠍ᠯᠡᠴᠢᠯᠡᠭᠡᠨ᠎ᠤ ᠵᠥᠪᠯᠡᠯᠴᠡᠭᠡᠷ᠎ᠲᠤ ᠳᠠᠯᠳᠠ ᠪᠠᠢ᠌ᠭ᠎ᠠ ᠠᠮᠤᠷ ᠲᠦᠪᠰᠢᠨ᠎ᠤ ᠲᠦᠭᠰᠢᠭᠦᠷᠢ᠂ ᠬᠠᠷᠢᠭᠤᠴᠠᠯᠭ᠎ᠠ ᠵᠢ ᠮᠠᠭ᠋ᠠᠳᠯᠠᠨ ᠲᠣᠭᠲᠠᠭ᠋ᠠᠬᠤ ᠪᠠ ᠬᠤᠪᠢᠶᠠᠨ ᠡᠭᠦᠷᠭᠡᠯᠡᠬᠦ ᠲᠣᠭᠲᠠᠴᠠ ᠵᠢ ᠲᠣᠳᠣᠷᠬᠠᠢ᠌ᠯᠠᠬᠤ ᠵᠢᠨ ᠬᠠᠮᠲᠤ ᠭᠡᠷ ᠪᠦᠯᠢ ᠵᠢᠨ ᠠᠰᠠᠷᠠᠨ ᠬᠠᠷᠠᠭ᠋ᠠᠯᠵᠠᠭᠴᠢ᠎ᠳᠤ ᠬᠠᠨᠢ ᠪᠣᠯᠬᠤ ᠴᠢᠬᠤᠯᠠᠲᠠᠢ ᠨᠠᠰᠤᠲᠠᠢ᠌ᠴᠤᠳ᠎ᠲᠤ ᠭᠡᠷ ᠪᠦᠯᠢ ᠵᠢᠨ ᠠᠰᠠᠷᠠᠨ ᠬᠠᠷᠠᠭ᠋ᠠᠯᠵᠠᠭᠴᠢ ᠵᠢ ᠲᠤᠬᠠᠢ ᠵᠢᠨ ᠲᠠᠯᠠᠪᠤᠷ᠎ᠲᠤ ᠪᠠᠢ᠌ᠯᠭ᠋ᠠᠬᠤ᠂ ᠦᠢ᠍ᠯᠡᠴᠢᠯᠡᠬᠦ ᠶᠠᠪᠤᠴᠠ᠎ᠳᠤ ᠲᠠᠭᠤ ᠳᠦᠷᠰᠦ ᠰᠢᠩᠭᠡᠭᠡᠯᠲᠡ ᠵᠢᠨ ᠲᠡᠮᠳᠡᠭᠯᠡᠯ ᠬᠢᠬᠦ ᠵᠡᠷᠭᠡ ᠲᠦᠭᠰᠢᠭᠦᠷᠢ ᠵᠢ ᠰᠡᠷᠭᠡᠢ᠌ᠯᠡᠨ ᠡᠵᠡᠮᠳᠡᠬᠦ ᠠᠷᠭ᠎ᠠ ᠎ᠪᠠᠷ ᠨᠠᠰᠤᠲᠠᠢ᠌ᠴᠤᠳ ᠵᠡᠷᠭᠡ ᠠᠰᠢᠭ ᠲᠤᠰᠠ ᠵᠢᠨ ᠬᠠᠮᠢᠶ᠎ᠠ ᠪᠦᠬᠦᠢ ᠲᠠᠯ᠎ᠠ ᠵᠢᠨ᠎ᠬᠢᠨ᠎ᠤ ᠬᠠᠤᠯᠢ ᠶᠣᠰᠣᠨ᠎ᠤ ᠡᠷᠬᠡ ᠠᠰᠢᠭ᠎ᠢ ᠦᠨᠡᠨ ᠬᠦ᠌ ᠪᠠᠲᠤᠯᠠᠬᠤ ᠵᠢ ᠱᠠᠭ᠋ᠠᠷᠳᠠᠪᠠ᠃
    ᠭᠤᠷᠪᠠ᠂ 《ᠭᠡᠷ ᠪᠦᠯᠢ ᠵᠢᠨ ᠨᠠᠰᠤᠵᠢᠯ᠎ᠤᠨ ᠠᠰᠠᠷᠠᠮᠵᠢ ᠵᠢᠨ ᠣᠷᠣ ᠵᠢᠨ ᠦᠢ᠍ᠯᠡᠴᠢᠯᠡᠭᠡᠨ᠎ᠤ ᠦᠨᠳᠦᠰᠦᠨ ᠵᠢᠷᠤᠮᠵᠢᠯ》᠎ᠢ ᠬᠡᠷᠡᠭᠵᠢᠭᠦᠯᠬᠦ ᠱᠠᠭ᠋ᠠᠷᠳᠠᠯᠭ᠎ᠠ

   ᠨᠢᠭᠡ᠎ᠳᠤ᠂ ᠪᠠᠷᠢᠮᠵᠢᠶ᠎ᠠ ᠵᠢ ᠤᠬᠠᠭᠤᠯᠤᠨ ᠲᠤᠭᠤᠰᠢᠯᠠᠭᠤᠯᠬᠤ ᠪᠣᠯᠪᠠᠰᠤᠷᠠᠯ᠎ᠢ ᠴᠢᠩᠭ᠋ᠠᠳᠬᠠᠨ᠎ᠠ᠃ ᠣᠷᠣᠨ ᠨᠤᠲᠤᠭ᠎ᠤᠨ ᠠᠷᠠᠳ᠎ᠤᠨ ᠶᠠᠪᠤᠳᠠᠯ᠎ᠤᠨ ᠰᠠᠯᠠᠭ᠎ᠠ ᠮᠥᠴᠢᠷ᠎ᠢ ᠵᠣᠬᠢᠶᠠᠨ ᠪᠠᠢ᠌ᠭᠤᠯᠤᠨ ᠸᠢᠳᠢᠤ᠋ ᠵᠢ ᠰᠢᠩᠭᠡᠬᠡᠨ ᠲᠠᠢ᠌ᠯᠪᠤᠷᠢᠯᠠᠬᠤ᠂ 《ᠨᠢᠭᠡ ᠵᠢᠷᠤᠭ᠎ᠢ ᠤᠩᠰᠢᠨ ᠣᠢ᠌ᠯᠠᠭ᠋ᠠᠬᠤ》᠂ ᠠᠵᠢᠯᠯᠠᠭ᠋ᠠᠨ᠎ᠤ ᠭᠠᠷ ᠳᠡᠪᠲᠡᠷ ᠨᠠᠢ᠌ᠷᠠᠭᠤᠯᠤᠨ ᠵᠣᠬᠢᠶᠠᠬᠤ ᠵᠡᠷᠭᠡ ᠵᠢ ᠵᠣᠬᠢᠶᠠᠨ ᠪᠠᠢ᠌ᠭᠤᠯᠵᠤ᠂ ᠤᠯᠠᠮᠵᠢᠯᠠᠯᠲᠤ ᠵᠠᠭᠤᠴᠢᠯᠠᠭᠤᠷ᠂ ᠰᠢᠨ᠎ᠡ ᠵᠠᠭᠤᠴᠢᠯᠠᠭᠤᠷ ᠵᠡᠷᠭᠡ ᠣᠯᠠᠨ ᠠᠷᠭ᠎ᠠ᠎ᠪᠠᠷ 《ᠭᠡᠷ ᠪᠦᠯᠢ ᠵᠢᠨ ᠨᠠᠰᠤᠵᠢᠯ᠎ᠤᠨ ᠠᠰᠠᠷᠠᠮᠵᠢ ᠵᠢᠨ ᠣᠷᠣ ᠵᠢᠨ ᠦᠢ᠍ᠯᠡᠴᠢᠯᠡᠭᠡᠨ᠎ᠤ ᠦᠨᠳᠦᠰᠦᠨ ᠵᠢᠷᠤᠮᠵᠢᠯ》᠎ᠢ ᠤᠬᠠᠭᠤᠯᠤᠨ  ᠲᠤᠭᠤᠰᠢᠯᠠᠭᠤᠯᠬᠤ ᠪᠤᠯᠪᠠᠰᠤᠷᠠᠯ  ᠪᠠ ᠬᠡᠷᠡᠭᠯᠡᠯᠲᠡ ᠳᠡᠯᠭᠡᠷᠡᠭᠦᠯᠦᠯᠲᠡ ᠵᠢ ᠴᠢᠩᠭ᠋ᠠᠳᠬᠠᠵᠤ᠂ ᠠᠷᠠᠳ᠎ᠤᠨ ᠶᠠᠪᠤᠳᠠᠯ᠎ᠤᠨ ᠰᠠᠯᠠᠭ᠎ᠠ ᠮᠥᠴᠢᠷ᠂ ᠠᠵᠢᠯ ᠲᠥᠷᠥᠯ᠎ᠤᠨ ᠵᠣᠬᠢᠶᠠᠨ ᠪᠠᠢ᠌ᠭᠤᠯᠤᠯᠲᠠ᠂ ᠦᠢ᠍ᠯᠡᠴᠢᠯᠡᠭᠡᠨ᠎ᠤ ᠪᠠᠢ᠌ᠭᠤᠯᠤᠮᠵᠢ᠂ ᠨᠡᠢ᠌ᠭᠡᠮ ᠨᠡᠶ᠋ᠢᠲᠡ ᠵᠢᠨ 《ᠭᠡᠷ ᠪᠦᠯᠢ ᠵᠢᠨ ᠨᠠᠰᠤᠵᠢᠯ᠎ᠤᠨ ᠠᠰᠠᠷᠠᠮᠵᠢ ᠵᠢᠨ ᠣᠷᠣ ᠵᠢᠨ ᠦᠢ᠍ᠯᠡᠴᠢᠯᠡᠭᠡᠨ᠎ᠤ ᠦᠨᠳᠦᠰᠦᠨ ᠵᠢᠷᠤᠮᠵᠢᠯ》᠎ᠢ ᠣᠢ᠌ᠯᠠᠭ᠋ᠠᠬᠤ᠂ ᠡᠵᠡᠮᠰᠢᠬᠦ ᠪᠠ ᠬᠡᠷᠡᠭᠯᠡᠬᠦ ᠴᠢᠳᠠᠪᠤᠷᠢ ᠪᠠ ᠲᠠᠨᠢᠯᠲᠠ ᠵᠢ ᠳᠡᠭᠡᠭᠰᠢᠯᠡᠭᠦᠯᠦᠨ᠎ᠡ᠃
     ᠬᠣᠶᠠᠷ᠎ᠲᠤ᠂ ᠲᠤᠷᠰᠢᠯᠲᠠ᠎ᠪᠠᠷ ᠳᠠᠭ᠋ᠠᠭᠤᠯᠬᠤ ᠵᠢ ᠴᠢᠩᠭ᠋ᠠᠳᠬᠠᠨ᠎ᠠ᠃ ᠭᠡᠷ᠎ᠲᠤ᠎ᠨᠢ ᠬᠦᠷᠴᠤ ᠠᠰᠠᠷᠠᠬᠤ ᠨᠡᠢ᠌ᠭᠡᠮ ᠲᠣᠭᠣᠷᠢᠭ᠎ᠤᠨ ᠦᠨᠳᠦᠰᠦᠨ ᠨᠠᠰᠤᠵᠢᠯ᠎ᠤᠨ ᠦᠢ᠍ᠯᠡᠴᠢᠯᠡᠭᠡ ᠵᠢ ᠳᠡᠭᠡᠭᠰᠢᠯᠡᠭᠦᠯᠬᠦ ᠠᠵᠢᠯᠯᠠᠭ᠎ᠠ ᠵᠡᠷᠭᠡ ᠲᠤᠷᠰᠢᠯᠲᠠ ᠵᠢᠨ ᠴᠡᠭ᠎ᠤᠨ ᠵᠢᠱ᠌ᠢᠶ᠎ᠡ ᠦᠵᠡᠭᠦᠯᠬᠦ ᠲᠥᠷᠥᠯ ᠵᠦᠢ᠍ᠯ᠎ᠳᠤ ᠲᠦᠰᠢᠭᠯᠡᠨ ᠲᠥᠷᠥᠯ ᠵᠦᠢ᠍ᠯ᠎ᠤᠨ ᠭᠠᠵᠠᠷ ᠣᠷᠣᠨ᠎ᠤ 《ᠭᠡᠷ ᠪᠦᠯᠢ ᠵᠢᠨ ᠨᠠᠰᠤᠵᠢᠯ᠎ᠤᠨ ᠠᠰᠠᠷᠠᠮᠵᠢ ᠵᠢᠨ ᠣᠷᠣ ᠵᠢᠨ ᠦᠢ᠍ᠯᠡᠴᠢᠯᠡᠭᠡᠨ᠎ᠤ ᠦᠨᠳᠦᠰᠦᠨ ᠵᠢᠷᠤᠮᠵᠢᠯ》᠎ᠤᠨ ᠬᠡᠷᠡᠭᠯᠡᠭᠡᠨ᠎ᠤ  ᠲᠦᠪᠰᠢᠨ᠎ᠢ ᠳᠡᠭᠡᠭᠰᠢᠯᠡᠭᠦᠯᠬᠦ ᠵᠢ ᠠᠬᠢᠭᠤᠯᠵᠤ᠂ ᠲᠤᠷᠰᠢᠯᠲᠠ ᠵᠢᠨ  ᠴᠡᠭ᠎ᠤᠨ ᠵᠢᠱ᠌ᠢᠶ᠎ᠡ ᠦᠵᠡᠭᠦᠯᠬᠦ ᠲᠥᠷᠥᠯ ᠵᠦᠢ᠍ᠯ᠎ᠤᠨ ᠨᠥᠯᠥᠭᠡᠯᠡᠨ ᠳᠠᠢ᠌ᠴᠢᠯᠠᠬᠤ ᠦᠢ᠍ᠯᠡᠳᠦᠯ᠎ᠢ ᠭᠦᠢ᠍ᠴᠡᠳ ᠪᠠᠳᠠᠷᠠᠭᠤᠯᠤᠨ᠂ ᠭᠡᠷ ᠪᠦᠯᠢ ᠵᠢᠨ ᠨᠠᠰᠤᠵᠢᠯ᠎ᠤᠨ ᠠᠰᠠᠷᠠᠮᠵᠢ ᠵᠢᠨ ᠣᠷᠣ ᠵᠢᠨ ᠦᠢ᠍ᠯᠡᠴᠢᠯᠡᠭᠡᠨ᠎ᠤ ᠴᠢᠨᠠᠷᠯᠢᠭ ᠬᠥᠭᠵᠢᠯᠲᠡ ᠵᠢ ᠪᠠᠷᠢᠮᠵᠢᠶᠠᠵᠢᠭᠤᠯᠬᠤ ᠲᠡᠢ᠌ᠰᠢ ᠳᠠᠭ᠋ᠠᠭᠤᠯᠤᠨ᠎ᠠ᠃
     ᠭᠤᠷᠪᠠ᠎ᠳᠤ᠂ ᠪᠠᠷᠢᠮᠵᠢᠶ᠎ᠠ ᠵᠢ ᠬᠡᠷᠡᠭᠵᠢᠭᠦᠯᠬᠦ᠎ᠳᠤ ᠬᠢᠨᠠᠯᠲᠠ ᠲᠠᠯᠪᠢᠬᠤ ᠵᠢ ᠴᠢᠩᠭ᠋ᠠᠳᠬᠠᠨ᠎ᠠ᠃ 《ᠭᠡᠷ ᠪᠦᠯᠢ ᠵᠢᠨ ᠨᠠᠰᠤᠵᠢᠯ᠎ᠤᠨ ᠠᠰᠠᠷᠠᠮᠵᠢ ᠵᠢᠨ ᠣᠷᠣ ᠵᠢᠨ ᠦᠢ᠍ᠯᠡᠴᠢᠯᠡᠭᠡᠨ᠎ᠤ ᠦᠨᠳᠦᠰᠦᠨ ᠵᠢᠷᠤᠮᠵᠢᠯ》᠎ᠢ ᠬᠡᠷᠡᠭᠵᠢᠭᠦᠯᠦᠭᠰᠡᠨ ᠦᠷ᠎ᠡ ᠪᠦᠲᠦᠮᠵᠢ᠎ᠤᠨ ᠦᠨᠡᠯᠡᠯᠳᠡ ᠴᠢᠡᠭᠭ᠋ᠠᠳᠬᠠᠵᠤ 《ᠭᠡᠷ ᠪᠦᠯᠢ ᠵᠢᠨ ᠨᠠᠰᠤᠵᠢᠯ᠎ᠤᠨ ᠠᠰᠠᠷᠠᠮᠵᠢ ᠵᠢᠨ ᠣᠷᠣ ᠵᠢᠨ ᠦᠢ᠍ᠯᠡᠴᠢᠯᠡᠭᠡᠨ᠎ᠤ ᠦᠨᠳᠦᠰᠦᠨ ᠵᠢᠷᠤᠮᠵᠢᠯ》᠎ᠢ ᠬᠡᠷᠡᠭᠵᠢᠭᠦᠯᠦᠭᠰᠡᠨ ᠮᠡᠳᠡᠭᠡ ᠵᠠᠩᠭᠢ ᠵᠢ ᠬᠠᠷᠢᠭᠤ ᠲᠤᠰᠬᠠᠬᠤ ᠠᠷᠭ᠎ᠠ ᠵᠠᠮ᠎ᠢ ᠰᠠᠭ᠋ᠠᠳ ᠦᠭᠡᠢ ᠨᠠᠪᠲᠠᠷᠡᠭᠦᠯᠵᠦ᠂ 《ᠭᠡᠷ ᠪᠦᠯᠢ ᠵᠢᠨ ᠨᠠᠰᠤᠵᠢᠯ᠎ᠤᠨ ᠠᠰᠠᠷᠠᠮᠵᠢ ᠵᠢᠨ ᠣᠷᠣ ᠵᠢᠨ ᠦᠢ᠍ᠯᠡᠴᠢᠯᠡᠭᠡᠨ᠎ᠤ ᠦᠨᠳᠦᠰᠦᠨ ᠵᠢᠷᠤᠮᠵᠢᠯ》᠎ᠢ ᠬᠡᠷᠡᠭᠵᠢᠭᠦᠯᠬᠦ ᠶᠠᠪᠤᠴᠠ᠎ᠳᠤ ᠢᠯᠡᠷᠡᠭᠦᠯᠦᠭᠰᠡᠨ ᠪᠠ ᠬᠠᠷᠢᠭᠤ ᠲᠤᠰᠬᠠᠭᠰᠠᠨ ᠠᠰᠠᠭᠤᠳᠠᠯ᠎ᠢ ᠬᠥᠳᠡᠯᠦᠩᠭᠦᠢ᠎ᠪᠠᠷ ᠲᠡᠮᠳᠡᠭᠯᠡᠵᠦ ᠦᠢ᠍ᠯᠡᠳᠦᠯᠭᠡ ᠵᠢᠨ ᠲᠤᠷᠰᠢᠯᠭ᠎ᠠ᠎ᠲᠠᠢ ᠤᠶᠠᠯᠳᠤᠭᠤᠯᠤᠨ ᠬᠢᠨᠠᠮᠠᠭ᠋ᠠᠢ ᠰᠤᠳᠤᠯᠵᠤ 《ᠭᠡᠷ ᠪᠦᠯᠢ ᠵᠢᠨ ᠨᠠᠰᠤᠵᠢᠯ᠎ᠤᠨ ᠠᠰᠠᠷᠠᠮᠵᠢ ᠵᠢᠨ ᠣᠷᠣ ᠵᠢᠨ ᠦᠢ᠍ᠯᠡᠴᠢᠯᠡᠭᠡᠨ᠎ᠤ ᠦᠨᠳᠦᠰᠦᠨ ᠵᠢᠷᠤᠮᠵᠢᠯ》᠎ᠤᠨ ᠠᠭᠤᠯᠭ᠎ᠠ ᠵᠢ ᠴᠠᠭ ᠲᠤᠬᠠᠢ᠎ᠳᠤ᠎ᠨᠢ    ᠲᠡᠬᠦᠯᠳᠡᠷᠵᠢᠬᠦᠯᠪᠡ᠃
   

 

ᠢᠷᠡᠯᠲᠡ᠄ ᠦᠪᠤᠷ ᠮᠤᠡᠭᠭᠤᠯ᠎ᠤᠨ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠲᠢᠡᠭᠭᠢᠮ᠎ᠤᠨ ᠮᠤᠡᠭᠭᠤᠯ ᠰᠦᠯᠵᠢᠶ᠎ᠡ
          
ᠬᠠᠮᠢᠶ᠎ᠡ ᠪᠦᠬᠦᠢ ᠰᠣᠨᠢᠨ
ᠵᠢᠷᠤᠬᠳᠤ ᠲᠠᠢ᠌ᠯᠤᠮᠵᠢ᠄ 《ᠣᠷᠣᠭ ᠲᠠᠡᠭᠰᠠᠯᠠᠬᠤ ᠳᠦᠷᠢᠮ (ᠵᠠᠰᠠᠪᠤᠷᠢ ᠤᠷᠤᠭᠤᠯᠬᠤ ᠲᠥᠰᠥᠯ)》᠎ᠤᠨ ᠭᠤᠤᠯᠳᠠᠯᠭ᠎ᠠ
《ᠬᠠᠤᠯᠢ ᠪᠤᠰᠤ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢ ᠬᠦᠴᠤᠨ ᠦᠬᠡᠢ ᠪᠤᠯᠭ᠋ᠠᠬᠤ ᠠᠷᠭ᠎ᠠ》 ᠵᠢᠨ ᠲᠠᠢ᠌ᠯᠤᠮᠵᠢ
ᠵᠢᠷᠤᠬᠳᠤ ᠲᠠᠢ᠌ᠯᠤᠮᠵᠢ᠄ ᠨᠢᠭᠦᠯᠡᠰᠦᠩᠭᠦᠢ ᠵᠢᠨ ᠢᠲᠡᠭᠡᠮᠵᠢᠲᠦ ᠨᠠᠶ᠋ᠢᠳᠠᠯᠭ᠎ᠠ ᠵᠢᠨ ᠵᠠᠷᠤᠯᠭ᠎ᠠ ᠭᠡᠵᠤ ᠶᠠᠭᠤ ᠪᠤᠢ?
ᠵᠢᠷᠤᠬᠳᠤ ᠲᠠᠢ᠌ᠯᠤᠮᠵᠢ᠄ 《ᠤᠷᠤᠭ ᠲᠠᠡᠭᠰᠠᠯᠠᠬᠤ ᠳᠦᠷᠢᠮ》᠎ᠳᠤ ᠶᠠᠮᠠᠷ ᠶᠠᠮᠠᠷ ᠵᠠᠰᠠᠪᠤᠷᠢ ᠤᠷᠤᠭᠤᠯᠪᠠ?
ᠬᠠᠤᠯᠢ ᠴᠠᠭ᠋ᠠᠵᠨ ᠵᠢᠨ ᠶᠠᠮᠤᠨ᠂ ᠠᠷᠠᠳ᠎ᠤᠨ ᠶᠠᠪᠤᠳᠠᠯ᠎ᠤᠨ ᠶᠠᠮᠤᠨ᠎ᠤ ᠬᠠᠷᠢᠭᠤᠴᠠᠯᠭ᠋ᠠᠲᠠᠨ 《ᠣᠷᠣᠭ ᠲᠠᠡᠭᠰᠠᠯᠠᠬᠤ ᠳᠦᠷᠢᠮ》᠎ᠳᠤ ᠵᠠᠰᠠᠪᠤᠷᠢ ᠣᠷᠣᠭᠤᠯᠬᠤ ᠲᠤᠬᠠᠢ ᠰᠤᠷᠪᠤᠯᠵᠢᠯᠠᠭᠴᠢ ᠵᠢᠨ ᠠᠰᠠᠭᠤᠯᠲᠠ ᠵᠢ ᠬᠠᠷᠢᠭᠤᠯᠪᠠ
 
            