ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠢᠯᠡ ᠵᠠᠰᠠᠭ   -   ᠲᠥᠷᠥ᠎ᠶᠢᠨ ᠪᠣᠳᠣᠯᠭ᠎ᠠ᠎ᠶᠢᠨ ᠲᠠᠶ᠋ᠢᠯᠤᠮᠵᠢ
9 ᠰᠠᠯᠠᠭ᠎ᠠ ᠮᠥᠴᠢᠷ᠎ᠤᠨ᠎ᠬᠢᠨ ᠬᠠᠮᠲᠤᠷᠠᠨ 2025 ᠣᠨ᠎ᠤ 《ᠬᠥᠯᠥᠰᠦᠨ ᠠᠵᠢᠯᠴᠢᠨ᠎ᠢ ᠬᠠᠯᠠᠮᠵᠢᠯᠠᠬᠤ》 ᠬᠠᠪᠤᠷ᠎ᠤᠨ ᠦᠢ᠍ᠯᠡᠴᠢᠯᠡᠭᠡᠨ᠎ᠤ ᠠᠵᠢᠯᠯᠠᠭ᠎ᠠ ᠵᠢ ᠪᠠᠢ᠌ᠷᠢᠯᠠᠭᠤᠯᠪᠠ
ᠨᠡᠶᠢᠲᠡᠯᠡᠭᠰᠡᠨ ᠴᠠᠭ᠄ 2025-01-03

   ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠶᠠᠮᠤᠨ᠂ ᠳᠣᠲᠣᠭ᠋ᠠᠳᠤ ᠵᠢ ᠬᠠᠮᠠᠭ᠋ᠠᠯᠠᠬᠤ ᠶᠠᠮᠤᠨ᠂ ᠠᠷᠠᠳ᠎ᠤᠨ ᠶᠠᠪᠤᠳᠠᠯ᠎ᠤᠨ ᠶᠠᠮᠤᠨ᠂ ᠵᠠᠮ ᠲᠡᠭᠡᠭᠡᠪᠦᠷᠢ ᠵᠢᠨ ᠶᠠᠮᠤᠨ᠂ ᠲᠠᠷᠢᠶᠠᠯᠠᠩ ᠬᠥᠳᠡᠭᠡ ᠲᠣᠰᠬᠣᠨ᠎ᠤ ᠶᠠᠮᠤᠨ᠂ ᠰᠣᠶᠣᠯ ᠪᠠ ᠵᠢᠭᠤᠯᠴᠢᠯᠠᠯ᠎ᠤᠨ ᠶᠠᠮᠤᠨ᠂ ᠪᠥᠬᠥ ᠤᠯᠤᠰ᠎ᠤᠨ ᠠᠵᠢᠯᠴᠢᠨ᠎ᠤ ᠶᠡᠷᠦᠩᠬᠡᠢ ᠡᠪᠯᠡᠯ᠂ ᠡᠪ ᠬᠠᠮᠲᠤ ᠵᠠᠯᠠᠭᠤᠴᠤᠳ᠎ᠤᠨ ᠡᠪᠯᠡᠯ᠎ᠤᠨ ᠲᠥᠪ ᠬᠣᠷᠢᠶ᠎ᠠ᠂ ᠤᠯᠤᠰ᠎ᠤᠨ ᠲᠡᠮᠦᠷ ᠵᠠᠮ᠎ᠤᠨ ᠪᠦᠯᠦᠭᠯᠡᠯ ᠵᠡᠷᠭᠡ 9 ᠰᠠᠯᠠᠭ᠎ᠠ ᠮᠥᠴᠢᠷ᠎ᠤᠨ᠎ᠬᠢᠨ ᠬᠠᠮᠲᠤᠷᠠᠨ 1 ᠳ᠋ᠤᠬᠡᠷ ᠰᠠᠷ᠎ᠠ ᠵᠢᠨ 3᠎ᠤ ᠡᠳᠦᠷ 《2025 ᠣᠨ᠎ᠤ 〈ᠬᠥᠯᠥᠰᠦᠨ ᠠᠵᠢᠯᠴᠢᠨ᠎ᠢ ᠬᠠᠯᠠᠮᠵᠢᠯᠠᠬᠤ〉 ᠬᠠᠪᠤᠷ᠎ᠤᠨ ᠦᠢ᠍ᠯᠡᠴᠢᠯᠡᠭᠡᠨ᠎ᠤ ᠠᠵᠢᠯᠯᠠᠭ᠎ᠠ ᠥᠷᠨᠢᠭᠦᠯᠬᠦ ᠲᠤᠬᠠᠢ ᠮᠡᠳᠡᠭᠳᠡᠯ》᠎ᠢ ᠳᠠᠷᠤᠮᠠᠯᠯᠠᠨ ᠲᠠᠷᠬᠠᠭ᠋ᠠᠪᠠ᠃
    《2025 ᠣᠨ᠎ᠤ 〈ᠬᠥᠯᠥᠰᠦᠨ ᠠᠵᠢᠯᠴᠢᠨ᠎ᠢ ᠬᠠᠯᠠᠮᠵᠢᠯᠠᠬᠤ〉 ᠬᠠᠪᠤᠷ᠎ᠤᠨ ᠦᠢ᠍ᠯᠡᠴᠢᠯᠡᠭᠡᠨ᠎ᠤ ᠠᠵᠢᠯᠯᠠᠭ᠎ᠠ ᠥᠷᠨᠢᠭᠦᠯᠬᠦ ᠲᠤᠬᠠᠢ ᠮᠡᠳᠡᠭᠳᠡᠯ》᠎ᠢ ᠦᠨᠳᠦᠰᠦᠯᠡᠪᠡᠯ᠂ ᠬᠥᠮᠥᠨ᠎ᠤ ᠬᠦᠴᠦᠨ᠎ᠤ ᠡᠬᠢ ᠪᠠᠶᠠᠯᠢᠭ ᠪᠣᠯᠣᠨ ᠨᠡᠢ᠌ᠭᠡᠮ᠎ᠤᠨ ᠪᠠᠲᠤᠯᠠᠭ᠎ᠠ ᠵᠢᠨ ᠶᠠᠮᠤᠨ ᠵᠡᠷᠭᠡ 9 ᠰᠠᠯᠠᠭ᠎ᠠ ᠮᠥᠴᠢᠷ 2025 ᠣᠨ᠎ᠤ 1 ᠰᠠᠷ᠎ᠠ᠎ᠠᠴᠠ 2 ᠰᠠᠷ᠎ᠠ ᠪᠣᠯᠲᠠᠯ᠎ᠠ 《ᠬᠥᠯᠥᠰᠦᠨ ᠠᠵᠢᠯᠴᠢᠨ᠎ᠢ ᠬᠠᠯᠠᠮᠵᠢᠯᠠᠬᠤ》 ᠬᠠᠪᠤᠷ᠎ᠤᠨ ᠦᠢ᠍ᠯᠡᠴᠢᠯᠡᠭᠡᠨ᠎ᠤ ᠠᠵᠢᠯᠯᠠᠭ᠎ᠠ ᠵᠢ ᠬᠠᠮᠲᠤᠷᠠᠨ ᠥᠷᠨᠢᠭᠦᠯᠵᠦ᠂  ᠬᠠᠯᠠᠮᠵᠢᠯᠠᠬᠤ ᠠᠵᠢᠯ᠎ᠢ ᠴᠢᠩᠭ᠋ᠠᠳᠬᠠᠬᠤ᠂ ᠶᠠᠪᠤᠵᠤ ᠰᠠᠭᠤᠬᠤ ᠪᠠᠲᠤᠯᠠᠭ᠎ᠠ᠂ ᠠᠵᠢᠯ ᠣᠯᠭᠣᠯᠲᠠ ᠵᠢᠨ ᠦᠢ᠍ᠯᠡᠴᠢᠯᠡᠭᠡ ᠪᠣᠯᠣᠨ ᠡᠷᠬᠡ ᠠᠰᠢᠭ᠎ᠤᠨ ᠬᠠᠮᠠᠭ᠋ᠠᠯᠠᠯᠲᠠ ᠵᠢ ᠴᠢᠩᠭ᠋ᠠᠳᠬᠠᠬᠤ᠎ᠪᠠᠷ ᠳᠠᠮᠵᠢᠭᠤᠯᠤᠨ᠂ ᠴᠠᠭ᠋ᠠᠨ ᠰᠠᠷ᠎ᠠ ᠵᠢᠨ ᠬᠤᠭᠤᠴᠠᠭ᠋ᠠᠨ᠎ᠳᠤ᠎ᠬᠢ ᠬᠥᠯᠥᠰᠦᠨ ᠠᠵᠢᠯᠴᠢᠨ᠎ᠤ ᠦᠢ᠍ᠯᠡᠴᠢᠯᠡᠭᠡᠨ᠎ᠤ ᠪᠠᠲᠤᠯᠠᠭ᠎ᠠ ᠵᠢᠨ ᠠᠵᠢᠯ᠎ᠢ ᠰᠠᠢ᠌ᠲᠤᠷ ᠬᠢᠵᠦ ᠬᠥᠯᠥᠰᠦᠨ ᠠᠵᠢᠯᠴᠢᠨ ᠪᠠᠶᠠᠷ᠎ᠤᠨ ᠡᠳᠦᠷ ᠵᠶ᠋ᠡᠨ᠎ᠢ ᠪᠠᠶᠠᠷ ᠬᠥᠷ᠎ᠲᠠᠢ ᠠᠮᠤᠷ ᠠᠮᠤᠭᠤᠯᠠᠩ ᠥᠯᠵᠡᠢ ᠪᠡᠯᠭᠡ᠎ᠲᠠᠢ ᠥᠩᠭᠡᠷᠡᠭᠦᠯᠬᠦ ᠵᠢ ᠪᠠᠳᠤᠯᠠᠬᠤ ᠪᠤᠯᠤᠨ᠎ᠠ᠃
    《2025 ᠣᠨ᠎ᠤ 〈ᠬᠥᠯᠥᠰᠦᠨ ᠠᠵᠢᠯᠴᠢᠨ᠎ᠢ ᠬᠠᠯᠠᠮᠵᠢᠯᠠᠬᠤ〉 ᠬᠠᠪᠤᠷ᠎ᠤᠨ ᠦᠢ᠍ᠯᠡᠴᠢᠯᠡᠭᠡᠨ᠎ᠤ ᠠᠵᠢᠯᠯᠠᠭ᠎ᠠ ᠥᠷᠨᠢᠭᠦᠯᠬᠦ ᠲᠤᠬᠠᠢ ᠮᠡᠳᠡᠭᠳᠡᠯ》᠎ᠳᠤ ᠬᠥᠯᠥᠰᠦᠨ ᠠᠵᠢᠯᠴᠢᠨ᠎ᠢ ᠬᠠᠯᠠᠮᠵᠢᠯᠠᠨ ᠲᠣᠬᠣᠨᠢᠭᠤᠯᠬᠤ ᠠᠵᠢᠯᠯᠠᠭ᠎ᠠ ᠥᠷᠨᠢᠭᠦᠯᠬᠦ ᠬᠡᠷᠡᠭᠲᠡᠢ᠃ ᠨᠤᠲᠤᠭ᠎ᠲᠤ᠎ᠪᠠᠨ ᠪᠤᠴᠠᠭᠰᠠᠨ ᠲᠠᠷᠢᠶᠠᠴᠢᠨ ᠬᠦᠴᠦ ᠶᠠᠪᠤᠭᠰᠠᠳ᠂ ᠠᠵᠢᠯ᠎ᠤᠨ ᠪᠠᠢ᠌ᠷᠢ᠎ᠳᠤ᠎ᠪᠠᠨ ᠦᠯᠡᠳᠡᠭᠰᠡᠨ ᠲᠠᠷᠢᠶᠠᠴᠢᠨ ᠬᠦᠴᠦ ᠶᠠᠪᠤᠭᠰᠠᠳ᠂ ᠨᠠᠰᠤ ᠠᠬᠢᠭᠰᠠᠳ᠎ᠤᠨ ᠲᠠᠷᠢᠶᠠᠴᠢᠨ ᠬᠦᠴᠦ ᠶᠠᠪᠤᠭᠰᠠᠳ᠂ ᠶᠠᠳᠠᠭᠤ᠎ᠠᠴᠠ ᠠᠩᠭᠢᠵᠢᠷᠠᠭᠰᠠᠨ ᠬᠥᠳᠡᠯᠮᠦᠷᠢ ᠬᠦᠴᠦ (ᠳᠠᠬᠢᠨ ᠶᠠᠳᠠᠭᠤᠷᠠᠬᠤ ᠵᠢ ᠰᠡᠷᠭᠡᠢ᠌ᠯᠡᠬᠦ ᠬᠢᠨᠠᠯᠳᠠ᠎ᠳᠤ ᠪᠠᠢ᠌ᠭ᠎ᠠ ᠬᠦᠮᠦᠰ) ᠵᠢ ᠬᠠᠯᠠᠮᠵᠢᠯᠠᠬᠤ ᠠᠵᠢᠯ᠎ᠤᠨ ᠡᠷᠴᠢᠮ ᠵᠶ᠋ᠡᠨ ᠴᠢᠩᠭ᠋ᠠᠷᠠᠭᠤᠯᠵᠤ᠂ ᠰᠦᠯᠵᠢᠶᠡᠨ ᠳᠡᠭᠡᠷ᠎ᠡ ᠪᠠ ᠰᠦᠯᠵᠢᠶᠡᠨ ᠭᠠᠳᠠᠨᠠᠬᠢ ᠵᠢ ᠬᠠᠷᠢᠯᠴᠠᠨ ᠤᠶᠠᠯᠳᠤᠭᠤᠯᠬᠤ᠂ ᠪᠣᠳᠠᠲᠤ ᠪᠣᠳᠠᠰ ᠵᠶ᠋ᠠᠷ ᠲᠣᠬᠣᠨᠢᠭᠤᠯᠬᠤ ᠪᠠ ᠣᠶᠤᠨ ᠰᠠᠨᠠᠭ᠋ᠠᠨ᠎ᠤ ᠲᠣᠬᠣᠨᠢᠭᠤᠯᠤᠯ᠎ᠢ ᠬᠠᠷᠢᠯᠴᠠᠨ ᠤᠶᠠᠯᠳᠤᠭᠤᠯᠬᠤ ᠠᠷᠭ᠎ᠠ᠎ᠪᠠᠷ 《ᠬᠠᠯᠠᠮᠵᠢ ᠬᠦᠷᠭᠡᠬᠦ》 ᠠᠵᠢᠯᠯᠠᠭ᠎ᠠ ᠵᠢ ᠶᠡᠬᠡ ᠬᠡᠪᠴᠢᠶ᠎ᠡ᠎ᠪᠠᠷ ᠥᠷᠨᠢᠭᠦᠯᠵᠦ᠂ ᠨᠠᠮ ᠪᠠ ᠵᠠᠰᠠᠭ᠎ᠤᠨ ᠣᠷᠳᠣᠨ᠎ᠤ ᠬᠠᠯᠠᠮᠵᠢ ᠵᠢ ᠲᠠᠷᠢᠶᠠᠴᠢᠨ ᠬᠦᠴᠦ ᠶᠠᠪᠤᠭᠰᠠᠳ᠎ᠲᠤ ᠬᠦᠷᠭᠡᠬᠦ ᠬᠡᠷᠡᠭᠲᠡᠢ ᠭᠡᠵᠤ ᠱᠠᠭ᠋ᠠᠷᠳᠠᠵᠠᠢ᠃
   《  2025 ᠣᠨ᠎ᠤ 〈ᠬᠥᠯᠥᠰᠦᠨ ᠠᠵᠢᠯᠴᠢᠨ᠎ᠢ ᠬᠠᠯᠠᠮᠵᠢᠯᠠᠬᠤ〉 ᠬᠠᠪᠤᠷ᠎ᠤᠨ ᠦᠢ᠍ᠯᠡᠴᠢᠯᠡᠭᠡᠨ᠎ᠤ ᠠᠵᠢᠯᠯᠠᠭ᠎ᠠ ᠥᠷᠨᠢᠭᠦᠯᠬᠦ ᠲᠤᠬᠠᠢ ᠮᠡᠳᠡᠭᠳᠡᠯ 》᠎ᠳᠤ ᠪᠠᠰᠠ ᠬᠦᠴᠢᠷᠳᠡᠯ᠎ᠲᠠᠢ ᠬᠥᠯᠥᠰᠦᠨ ᠠᠵᠢᠯᠴᠢᠨ᠎ᠢ ᠬᠠᠯᠠᠮᠵᠢᠯᠠᠨ ᠲᠡᠳᠬᠦᠬᠦ ᠠᠵᠢᠯ᠎ᠢ ᠴᠢᠩᠭ᠋ᠠᠳᠬᠠᠵᠤ᠂ ᠨᠥᠬᠥᠴᠡᠯ᠎ᠳᠤ ᠨᠡᠢ᠌ᠴᠡᠬᠦ ᠬᠦᠴᠢᠷᠳᠡᠯ᠎ᠲᠠᠢ ᠬᠥᠯᠥᠰᠦᠨ ᠠᠵᠢᠯᠴᠢᠨ᠎ᠳᠤ ᠴᠠᠭ ᠲᠤᠬᠠᠢ᠎ᠳᠤ᠎ᠨᠢ ᠨᠡᠢ᠌ᠭᠡᠮ᠎ᠤᠨ ᠲᠤᠰᠠᠯᠠᠮᠵᠢ ᠬᠠᠩᠭ᠋ᠠᠵᠤ᠂ ᠭᠡᠨᠡᠳᠲᠡ ᠵᠢᠨ᠂ ᠲᠤᠯᠭ᠋ᠠᠮ ᠬᠦᠴᠢᠷᠳᠡᠯ ᠪᠠ ᠭᠠᠢ ᠭᠠᠮᠰᠢᠭ᠎ᠠᠴᠠ ᠪᠤᠯᠤᠭ᠋ᠠᠳ ᠦᠨᠳᠦᠰᠦᠨ ᠠᠮᠢᠳᠤᠷᠠᠯ᠎ᠨᠢ ᠲᠦᠷ ᠨᠣᠴᠢᠲᠠᠢ ᠬᠦᠴᠢᠷᠳᠡᠯ᠎ᠳᠤ ᠲᠤᠯᠭ᠋ᠠᠷᠠᠬᠰᠠᠨ ᠬᠥᠯᠥᠰᠦᠨ ᠠᠵᠢᠯᠴᠢᠨ᠎ᠤ ᠡᠷᠦᠬᠡ ᠠᠮᠠ ᠵᠢᠨ ᠪᠠᠢ᠌ᠭ᠎ᠠ ᠭᠠᠵᠠᠷ᠂ ᠣᠷᠣᠰᠢᠨ ᠰᠠᠭᠤᠵᠤ ᠪᠠᠢ᠌ᠭ᠎ᠠ ᠭᠠᠵᠠᠷ᠎ᠤᠨ ᠭᠤᠶᠤᠴᠢᠯᠠᠯ᠎ᠤᠨ ᠬᠢᠵᠠᠭ᠋ᠠᠷᠯᠠᠯ᠎ᠢ ᠬᠦᠴᠦᠨ ᠦᠭᠡᠢ ᠪᠣᠯᠭ᠋ᠠᠵᠤ᠂ ᠪᠠᠴᠢᠮ ᠬᠦᠴᠢᠷᠳᠡᠯ᠎ᠳᠤ ᠲᠤᠯᠭ᠋ᠠᠷᠠᠬᠰᠠᠨ ᠭᠠᠵᠠᠷ᠎ᠠᠴᠠ᠎ᠨᠢ ᠲᠦᠷ ᠴᠠᠭ᠎ᠤᠨ ᠲᠤᠰᠠᠯᠠᠮᠵᠢ ᠦᠵᠡᠬᠦᠯᠬᠦ ᠬᠡᠷᠡᠭᠲᠡᠢ᠃ ᠨᠥᠬᠥᠴᠡᠯ᠎ᠳᠤ ᠨᠡᠢ᠌ᠴᠡᠭᠰᠡᠨ ᠠᠵᠢᠯ ᠠᠯᠳᠠᠭᠰᠠᠨ ᠬᠥᠯᠥᠰᠦᠨ ᠠᠵᠢᠯᠴᠢᠨ᠎ᠳᠤ ᠠᠵᠢᠯ ᠠᠯᠳᠠᠭᠰᠠᠳ᠎ᠤᠨ ᠳᠠᠭ᠋ᠠᠳᠬᠠᠯ᠎ᠤᠨ ᠣᠯᠭᠣᠮᠵᠢ ᠵᠢ ᠴᠠᠭ ᠲᠤᠬᠠᠢ᠎ᠳᠤ᠎ᠨᠢ ᠣᠯᠭᠣᠨ᠎ᠠ᠃ ᠬᠥᠳᠡᠭᠡ ᠲᠣᠰᠬᠣᠨ᠎ᠤ ᠭᠡᠷ ᠊ᠤ᠊ ᠮᠤᠬᠤᠷ ᠰᠠᠬᠢᠵᠤ ᠬᠣᠴᠣᠷᠤᠭᠰᠠᠨ ᠨᠠᠰᠤᠲᠠᠢ᠌ᠴᠤᠳ ᠪᠠ ᠨᠡᠭᠦᠳᠡᠯ ᠬᠡᠦᠬᠡᠳ᠂ ᠭᠡᠷ᠎ᠲᠤ᠎ᠪᠠᠨ ᠬᠣᠴᠣᠷᠤᠭᠰᠠᠨ ᠬᠡᠦᠬᠡᠳ᠎ᠢ ᠰᠤᠷᠪᠤᠯᠵᠢᠯᠠᠨ ᠲᠣᠬᠣᠨᠢᠭᠤᠯᠬᠤ ᠪᠠ ᠬᠠᠯᠠᠮᠵᠢᠯᠠᠬᠤ ᠦᠢ᠍ᠯᠡᠴᠢᠯᠡᠭᠡ ᠵᠢ ᠴᠢᠩᠭ᠋ᠠᠳᠬᠠᠵᠤ᠂ ᠬᠦᠴᠢᠷᠳᠡᠯ᠎ᠲᠠᠢ ᠬᠥᠮᠥᠰ᠎ᠲᠤ ᠴᠠᠭ ᠲᠤᠬᠠᠢ᠎ᠳᠤ᠎ᠨᠢ ᠠᠮᠢᠳᠤᠷᠠᠯ᠎ᠤᠨ ᠬᠠᠪᠰᠤᠷᠤᠯᠭ᠎ᠠ ᠬᠠᠩᠭ᠋ᠠᠬᠤ ᠬᠡᠷᠡᠭᠲᠡᠢ᠃ ᠰᠠᠭᠤᠷᠢ ᠮᠥᠩᠭᠥᠨ᠎ᠤ ᠨᠡᠢ᠌ᠭᠡᠮᠯᠢᠭ ᠵᠡᠷᠭᠡ ᠨᠢᠭᠦᠯᠡᠰᠦᠩᠭᠦᠢ ᠵᠢᠨ ᠵᠣᠬᠢᠶᠠᠨ ᠪᠠᠢ᠌ᠭᠤᠯᠤᠯᠲᠠ᠂ ᠰᠠᠢ᠌ᠨ ᠳᠤᠷ᠎ᠠ ᠵᠢᠨ ᠦᠢ᠍ᠯᠡᠴᠢᠯᠡᠭᠡᠨ᠎ᠤ ᠪᠠᠢ᠌ᠭᠤᠯᠤᠮᠵᠢ ᠵᠢ ᠵᠣᠷᠢᠭᠵᠢᠭᠤᠯᠤᠨ ᠵᠢᠯᠤᠭᠣᠳᠴᠤ ᠪᠠᠢ᠌ᠭ᠋ᠠᠳ ᠬᠦᠴᠢᠷᠳᠡᠯ᠎ᠲᠠᠢ ᠬᠥᠯᠥᠰᠦᠨ ᠠᠵᠢᠯᠴᠢᠨ᠎ᠢ. ᠬᠠᠯᠠᠮᠵᠢᠯᠠᠬᠤ ᠦᠢ᠍ᠯᠡᠴᠢᠯᠡᠭᠡ ᠵᠢ ᠴᠢᠡᠭᠭ᠋ᠠᠳᠬᠠᠬᠤ ᠬᠡᠷᠡᠭᠳᠡᠢ ᠭᠡᠵᠤ ᠱᠠᠭ᠋ᠠᠷᠳᠠᠪᠠ᠃




 

ᠢᠷᠡᠯᠲᠡ᠄ ᠦᠪᠤᠷ ᠮᠤᠡᠭᠭᠤᠯ᠎ᠤᠨ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠲᠢᠡᠭᠭᠢᠮ᠎ᠤᠨ ᠮᠤᠡᠭᠭᠤᠯ ᠰᠦᠯᠵᠢᠶ᠎ᠡ
          
ᠬᠠᠮᠢᠶ᠎ᠡ ᠪᠦᠬᠦᠢ ᠰᠣᠨᠢᠨ
ᠰᠢᠯᠵᠢᠬᠦᠯᠦᠭᠰᠡᠨ᠄ ᠬᠠᠷᠠᠭ᠋ᠠᠯᠵᠠᠯ ᠢᠷᠡᠯ᠎ᠡ! ᠬᠤᠳᠠᠯᠳᠤᠭ᠋ᠠᠨ᠎ᠤ ᠶᠠᠪᠤᠳᠠᠯ᠎ᠤᠨ ᠶᠠᠮᠤᠨ ᠵᠡᠷᠭᠡ ᠲᠠᠪᠤᠨ ᠶᠠᠮᠤᠨ ᠰᠢᠨ᠎ᠡ ᠵᠢ ᠬᠤᠳᠠᠯᠳᠤᠨ ᠠᠪᠬᠤ ᠵᠢᠨ ᠨᠡᠮᠡᠭᠦᠷᠢ ᠵᠢᠨ ᠬᠡᠷᠡᠭᠵᠢᠭᠦᠯᠬᠦ ᠲᠥᠰᠥᠯ᠎ᠢ ᠳᠠᠷᠤᠮᠠᠯᠯᠠᠨ ᠲᠠᠷᠬᠠᠭ᠋ᠠᠪᠠ
ᠰᠢᠯᠵᠢᠬᠦᠯᠦᠭᠰᠡᠨ᠄ ᠦᠰᠦᠭ ᠪᠢᠴᠢᠭ ᠵᠶ᠋ᠠᠷ ᠥᠭᠦᠯᠡᠬᠦᠢ᠄ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠬᠤᠲᠠ ᠪᠠᠯᠭ᠋ᠠᠰᠤᠨ᠎ᠤ ᠤᠰᠤ ᠲᠠᠲᠠᠷᠠᠭᠤᠯᠬᠤ ᠪᠠ ᠪᠣᠬᠢᠷ ᠤᠰᠤ ᠰᠢᠢ᠍ᠳᠪᠦᠷᠢᠯᠡᠬᠦ ᠠᠷᠭ᠎ᠠ》 ᠵᠢᠨ ᠲᠠᠶ᠋ᠢᠯᠤᠮᠵᠢ
ᠰᠢᠯᠵᠢᠬᠦᠯᠦᠭᠰᠡᠨ᠄ᠰᠢᠨ᠎ᠡ ᠨᠢᠭᠡᠨ ᠵᠢᠯ᠎ᠳᠤ ᠠᠷᠠᠳ᠎ᠤᠨ ᠠᠮᠢᠳᠤᠷᠠᠯ᠎ᠤᠨ ᠡᠳᠡᠭᠡᠷ ᠶᠡᠭᠡ ᠶᠠᠪᠤᠳᠠᠯ᠎ᠤᠳ ᠲᠠᠨ᠎ᠲᠠᠢ ᠬᠤᠯᠪᠣᠭᠳᠠᠨ᠎ᠠ
ᠰᠢᠯᠵᠢᠬᠦᠯᠦᠭᠰᠡᠨ᠄ ᠤᠯᠤᠰ᠎ᠤᠨ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ ᠣᠶ᠋ᠢᠷ᠎ᠠ᠎ᠳᠤ 2025 ᠣᠨ᠎ᠤ ᠬᠥᠳᠡᠯᠮᠦᠷᠢᠯᠡᠬᠦ᠎ᠪᠠᠷ ᠲᠡᠳᠬᠦᠮᠵᠢ ᠵᠢ ᠣᠷᠣᠯᠠᠭᠤᠯᠬᠤ᠎ᠪᠠᠷ ᠲᠥᠪ᠎ᠤᠨ ᠲᠥᠰᠥᠪ᠎ᠤᠨ ᠳᠣᠲᠣᠷᠠᠬᠢ ᠪᠡᠯᠡ ᠣᠷᠣᠭᠤᠯᠤᠯᠲᠠ ᠵᠢ 50 ᠳ᠋ᠦᠩᠰᠢᠭᠤᠷ ᠲᠥᠭᠦᠷᠢᠭ ᠪᠠᠭᠤᠯᠭ᠋ᠠᠪᠠ
ᠰᠢᠯᠵᠢᠬᠦᠯᠦᠭᠰᠡᠨ᠄ ᠲᠥᠷᠥ ᠵᠢᠨ ᠪᠣᠳᠣᠯᠭ᠎ᠠ ᠵᠢᠨ ᠲᠠᠶ᠋ᠢᠯᠤᠮᠵᠢ - ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠣᠯᠠᠨ ᠨᠡᠶ᠋ᠢᠲᠡ ᠵᠢᠨ ᠡᠬᠢ ᠪᠠᠶᠠᠯᠢᠭ᠎ᠤᠨ ᠠᠷᠠᠯᠵᠢᠶᠠᠨ᠎ᠤ ᠬᠠᠮᠢᠶᠠᠷᠤᠯᠲᠠ ᠵᠢᠨ ᠠᠷᠭ᠎ᠠ
 
            