ᠭᠡᠭᠡᠨ ᠠᠶᠠᠨ
ᠬᠠᠢ ᠹᠸᠩ ᠴᠢᠨ ᠶᠦᠨ ᠵᠣᠬᠢᠶᠠᠪᠠ
2021 ᠣᠨ᠎ᠤ 3 ᠳ᠋ᠤᠭ᠋ᠠᠷ ᠰᠠᠷ᠎ᠠ ᠳᠤ ᠪᠢ ᠦᠢ᠍ᠯᠡᠰ᠎ᠤᠨ ᠵᠢᠯᠣᠭᠣ ᠪᠠᠨ ᠵᠠᠯᠠᠵᠤ᠂ ᠭᠡᠭᠡᠨ ᠠᠶᠠᠨ ᠵᠶ᠋ᠠᠨ ᠡᠯᠭᠦᠨ᠂ ᠦᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠳᠤ ᠠᠵᠢᠯ ᠰᠢᠯᠵᠢᠵᠦ 《ᠨᠡᠢ᠌ᠭᠡᠮ》 ᠰᠡᠳᠭᠦᠯ᠎ᠤᠨ ᠬᠤᠷᠢᠶᠠᠨ ᠳᠤ ᠢᠷᠡᠭᠰᠡᠨ ᠶᠤᠮ᠃
ᠨᠢᠭᠡ ᠯᠡ ᠮᠡᠳᠡᠬᠦ᠎ᠳᠤ ᠪᠢ ᠴᠢᠨᠢ ᠳᠥᠴᠢ ᠵᠢᠨ ᠳᠦᠷᠦᠭᠡ ᠵᠢ ᠰᠢᠭᠦᠷᠡᠭᠡᠳ᠂ ᠦᠪᠦᠷ ᠮᠣᠩᠭᠣᠯ᠎ᠤᠨ ᠤᠳᠬ᠎ᠠ ᠤᠷᠠᠯᠢᠭ᠎ᠤᠨ᠎ᠬᠢᠨ᠎ᠤ ᠬᠤᠯᠪᠤᠭ᠎ᠠ ᠵᠢᠨ 《ᠦᠨᠢᠷ ᠴᠡᠴᠡᠭ》 ᠰᠡᠳᠭᠦᠯ᠎ᠤᠨ ᠬᠤᠷᠢᠶᠠᠨ᠎ᠳᠤ 18 ᠵᠢᠯ ᠰᠢᠬᠠᠮ ᠠᠵᠢᠯᠯᠠᠴᠢᠬᠠᠯᠠ ᠰᠢᠦ ᠳ᠋ᠠ! ᠲᠡᠭᠡᠬᠦᠯᠡᠷ ᠦᠩᠭᠡᠷᠡᠭᠰᠡᠨ᠎ᠤ ᠲᠡᠳᠡᠭᠡᠷ ᠨᠠᠨᠳᠢᠨ ᠰᠠᠢ᠌ᠬᠠᠨ ᠳᠤᠷᠠᠳᠬᠠᠯ ᠵᠶ᠋ᠠᠨ ᠪᠣᠳᠣᠯ᠎ᠤᠨ ᠭᠦᠨ᠎ᠳᠤ᠎ᠪᠠᠨ ᠬᠠᠳᠠᠭ᠋ᠠᠯᠠᠭ᠋ᠠᠳ᠂ ᠪᠢ ᠰᠢᠨᠡᠬᠡᠨ ᠨᠡᠪᠲᠡᠷᠡᠭᠰᠡᠨ ᠬᠦᠬᠡᠬᠤᠲᠠ ᠵᠢᠨ ᠮᠸᠲᠷᠣ᠋ ᠵᠢᠨ ᠨᠢᠭᠡᠳᠦᠭᠡᠷ ᠱᠣᠭᠤᠮ ᠵᠶ᠋ᠠᠷ ᠮᠤᠷᠳᠠᠨ᠂ ᠰᠢᠨ᠎ᠡ ᠠᠵᠢᠯ᠎ᠤᠨ ᠪᠠᠢ᠌ᠷᠢ᠎ᠳᠤ ᠭᠠᠷᠬᠤ ᠵᠢᠨ ᠬᠦᠭᠰᠡᠯ ᠳᠣᠭᠳᠣᠯᠣᠯ ᠪᠣᠯᠣᠨ ᠬᠦᠰᠡᠯ ᠡᠷᠡᠮᠡᠯᠵᠡᠯ ᠵᠶ᠋ᠡᠨ ᠠᠴᠢᠶᠠᠯᠠᠨ᠂ ᠠᠷᠠᠳ᠎ᠤᠨ ᠬᠤᠷᠠᠯ᠎ᠤᠨ ᠲᠠᠩᠬᠢᠮ᠎ᠤᠨ ᠦᠷᠲᠡᠭᠡᠨᠡ ᠪᠠᠭᠤᠵᠤ᠂ ᠰᠢᠨᠬᠤᠸᠠ ᠶᠡᠬᠡ ᠵᠡᠭᠡᠯᠢ ᠵᠢᠨ 63 ᠳ᠋ᠤᠭ᠋ᠠᠷ ᠨᠤᠮᠸᠷᠲᠤ ᠪᠠᠢ᠌ᠷᠢᠯᠠᠬᠤ ᠦᠪᠦᠷ ᠮᠣᠩᠭᠣᠯ᠎ᠤᠨ ᠵᠠᠰᠠᠭ᠎ᠤᠨ ᠣᠷᠳᠣᠨ᠎ᠤ ᠪᠠᠢ᠌ᠭᠣᠯᠭ᠎ᠠ ᠵᠢᠨ ᠶᠡᠬᠡ ᠬᠦᠷᠢᠶᠡᠨ ᠳᠤ ᠠᠯᠬᠤᠨ ᠣᠷᠣᠭᠰᠠᠨ ᠶᠤᠮ᠃
ᠳᠤᠷᠠᠳᠬᠠᠨ ᠬᠡᠯᠡᠪᠡᠯ᠂ ᠲᠡᠷᠡ᠎ᠨᠢ 2021 ᠣᠨ᠎ᠤ 3 ᠳ᠋ᠤᠭ᠋ᠠᠷ ᠰᠠᠷ᠎ᠠ ᠵᠢᠨ 12᠎ᠤ ᠡᠳᠦᠷ᠎ᠤᠨ ᠦᠳᠡ ᠵᠢᠨ ᠬᠤᠢ᠌ᠨ᠎ᠠ ᠪᠠᠢ᠌ᠵᠤ ᠪᠢᠯᠡ᠃ ᠦᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ ᠤᠨ ᠠᠵᠢᠯ᠎ᠠᠴᠠ᠎ᠪᠠᠨ ᠰᠠᠯᠵᠤ ᠳᠠᠷᠬᠠᠯᠠᠭᠳᠠᠭᠰᠠᠳ᠎ᠤᠨ ᠠᠵᠢᠯ᠎ᠤᠨ ᠭᠠᠵᠠᠷ᠎ᠤᠨ ᠤᠤᠯ᠎ᠤᠨ ᠳᠡᠳ᠋ ᠳᠠᠷᠤᠭ᠎ᠠ ᠸᠠᠩ ᠳ᠋ᠠ ᠬᠤ᠌ ᠨᠦᠬᠦᠷ ᠨᠠᠳᠠ᠎ᠳᠤ ᠤᠲᠠᠰᠤ ᠢᠷᠡᠵᠦ᠂ ᠮᠢᠨᠦ ᠠᠵᠢᠯ ᠰᠢᠯᠵᠢᠬᠦ ᠮᠡᠳᠡᠭᠳᠡᠯ ᠪᠠᠭᠤᠵᠤ ᠢᠷᠡᠭᠰᠡᠨ ᠰᠠᠢ᠌ᠬᠠᠨ ᠴᠢᠮᠡᠭᠡ ᠵᠢ ᠳᠣᠭᠣᠯᠭ᠋ᠠᠬᠤ ᠵᠢᠨ ᠬᠠᠮᠲᠤ ᠨᠠᠮ᠎ᠠ ᠵᠢ ᠠᠷᠠᠳ᠎ᠤᠨ ᠶᠠᠪᠤᠳᠠᠯ᠎ᠤᠨ ᠲᠢᠩᠬᠢᠮ᠎ᠳᠤ ᠣᠴᠢᠨ ᠮᠡᠳᠡᠭᠳᠡᠯ ᠵᠶ᠋ᠡᠨ ᠠᠪᠤᠭ᠋ᠠᠷᠠᠢ ᠭᠡᠵᠦ ᠵᠠᠬᠢᠪᠠ᠃ ᠰᠢᠨ᠎ᠡ ᠲᠢᠳᠡᠮᠯᠢᠭ ᠠᠭᠣᠰᠬᠢᠨ ᠦᠷᠪᠢᠰᠦᠯ᠎ᠤᠨ ᠬᠠᠷ᠎ᠠ ᠤᠷᠰᠢᠭ᠎ᠠᠴᠠ ᠪᠤᠯᠵᠤ ᠶᠤᠰᠤᠲᠠᠢ ᠬᠠᠮᠢᠭ᠎ᠠ ᠴᠤ᠌ ᠭᠠᠷᠴᠣ ᠴᠢᠳᠠᠯ ᠦᠬᠡᠢ᠂ ᠡᠳᠦᠷᠵᠢᠨ ᠭᠡᠷ᠎ᠲᠤ᠎ᠪᠠᠨ ᠢᠬᠡᠷ᠎ᠡ ᠬᠤᠶᠠᠷ ᠬᠡᠦᠭᠡᠳ ᠵᠶ᠋ᠡᠨ ᠬᠠᠷᠠᠭ᠋ᠠᠳ ᠰᠠᠭᠣᠭᠰᠠᠨ ᠪᠢ ᠡᠨᠡ ᠴᠢᠮᠡᠭᠡ ᠵᠢ ᠳᠣᠭᠣᠯᠣᠭ᠋ᠠᠳ ᠠᠯᠠᠰᠬᠢᠨ ᠪᠠᠶᠠᠷᠯᠠᠵᠦ᠂ ᠪᠠᠷᠢᠨ ᠠᠮᠠᠪᠴᠢ᠎ᠪᠠᠨ ᠵᠡᠭᠦᠭᠡᠳ ᠮᠸᠲᠷᠣ᠋ ᠵᠢᠨ ᠦᠷᠲᠡᠭᠡ ᠵᠢ ᠴᠢᠭᠯᠡᠭᠰᠡᠨ ᠪᠢᠯᠡ᠃ ᠡᠢ᠌ᠨ ᠬᠦ᠌᠂ ᠪᠢ ᠦᠪᠦᠷ ᠮᠣᠩᠭᠣᠯ᠎ᠤᠨ ᠵᠠᠰᠠᠭ᠎ᠤᠨ ᠣᠷᠳᠣᠨ᠎ᠤ ᠪᠠᠢ᠌ᠭᠣᠯᠭ᠎ᠠ ᠵᠢᠨ ᠶᠡᠬᠡ ᠬᠦᠷᠢᠶ᠎ᠡ᠎ᠪᠠᠷ ᠠᠯᠬᠤᠯᠠᠬᠤ᠎ᠳᠤ᠂ ᠬᠠᠪᠤᠷ᠎ᠤᠨ ᠰᠠᠯᠬᠢ ᠰᠡᠪᠡᠯᠵᠡᠨ ᠣᠨᠴᠠ ᠵᠢᠨ ᠲᠠᠭ᠋ᠠᠲᠠᠢ ᠰᠠᠨᠠᠭᠳᠠᠵᠤ᠂ ᠡᠨᠡ ᠬᠦ᠌ ᠨᠠᠮ ᠰᠡᠯᠡᠭᠦᠦ ᠣᠷᠴᠢᠨ᠎ᠳᠤ ᠲᠡᠷᠢᠭᠦᠯᠡᠭᠴᠢ ᠴᠡᠴᠡᠭ᠂ ᠲᠤᠭᠤᠷ᠎ᠤᠨ ᠴᠡᠴᠡᠭ ᠨᠢ ᠪᠦᠮᠪᠦᠭᠡᠯᠡᠨ᠂ ᠮᠣᠳᠤᠳ᠎ᠨᠢ ᠰᠦᠶᠦᠭᠡᠯᠡᠨ ᠨᠠᠬᠢᠶᠠᠯᠠᠵᠤ᠂ ᠨᠠᠷᠠᠰᠤ ᠮᠠᠢ᠌ᠯᠠᠰᠤᠨᠤ ᠴᠠᠭ᠋ᠠᠨ᠎ᠠ᠎ᠠᠴᠠ ᠰᠦᠨ ᠴᠠᠭ᠋ᠠᠨ ᠦᠩᠭᠡ᠎ᠲᠠᠢ ᠶᠢᠰᠦᠨ ᠳᠠᠪᠬᠤᠷ ᠠᠰᠠᠷ᠎ᠨᠢ ᠰᠦᠨᠳᠡᠷᠯᠡᠨ ᠬᠠᠷᠠᠭᠳᠠᠨ᠎ᠠ᠃
ᠠᠯᠪᠠᠨ ᠶᠣᠰᠤᠭ᠋ᠠᠷ ᠠᠵᠢᠯ ᠰᠢᠯᠵᠢᠨ ᠢᠷᠡᠭᠰᠡᠨ᠎ᠤ ᠳᠠᠷᠠᠭ᠎ᠠ᠂ 5 ᠳ᠋ᠤᠭ᠋ᠠᠷ ᠰᠠᠷ᠎ᠠ ᠵᠢᠨ 14 ᠤ ᠡᠳᠦᠷ᠂ ᠦᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠠᠴᠠ ᠵᠢᠩᠬᠢᠨᠢ᠎ᠪᠠᠷ ᠨᠠᠮ᠎ᠠ ᠵᠢ 《ᠨᠡᠢ᠌ᠭᠡᠮ》 ᠰᠡᠳᠭᠦᠯ᠎ᠤᠨ ᠬᠤᠷᠢᠶᠠᠨ᠎ᠤ ᠬᠤᠷᠢᠶᠠᠨ ᠳᠠᠷᠤᠭ᠎ᠠ᠂ ᠶᠡᠷᠦᠩᠬᠡᠢ ᠨᠠᠢ᠌ᠷᠠᠭᠣᠯᠣᠭᠴᠢᠪᠠᠷ ᠡᠷᠭᠦᠮᠵᠢᠯᠡᠪᠡ᠃ 6 ᠳ᠋ᠤᠭ᠋ᠠᠷ ᠰᠠᠷ᠎ᠠ ᠵᠢᠨ 5᠎ᠤ ᠡᠳᠦᠷ 《ᠨᠡᠢ᠌ᠭᠡᠮ》 ᠰᠡᠳᠭᠦᠯ᠎ᠤᠨ ᠬᠣᠷᠢᠶ᠎ᠠ ᠵᠢᠨ ᠨᠠᠮ᠎ᠤᠨ ᠡᠭᠦᠷ ᠠᠴᠠ ᠰᠣᠩᠭᠣᠭᠣᠯᠢ ᠵᠢᠨ ᠬᠤᠷᠠᠯ ᠬᠢᠵᠦ᠂ ᠨᠠᠮ᠎ᠠ ᠵᠢ《ᠨᠡᠢ᠌ᠭᠡᠮ》 ᠰᠡᠳᠭᠦᠯ᠎ᠤᠨ ᠬᠣᠷᠢᠶ᠎ᠠ ᠵᠢᠨ ᠨᠠᠮ᠎ᠤᠨ ᠡᠭᠦᠷ᠎ᠤᠨ ᠱᠦᠵᠢ᠎ᠪᠠᠷ ᠰᠣᠩᠭᠣᠨ᠂ 6 ᠳ᠋ᠤᠭ᠋ᠠᠷ ᠰᠠᠷ᠎ᠠ ᠵᠢᠨ 8 ᠤ ᠡᠳᠦᠷ ᠠᠷᠠᠳ᠎ᠤᠨ ᠶᠠᠪᠤᠳᠠᠯ᠎ᠤᠨ ᠲᠢᠩᠬᠢᠮ ᠤᠨ ᠪᠠᠢ᠌ᠭᠤᠯᠭ᠎ᠠ ᠵᠢᠨ ᠨᠠᠮ᠎ᠤᠨ ᠬᠣᠷᠢᠶᠠᠨ᠎ᠳᠤ ᠮᠡᠳᠡᠭᠦᠯᠵᠦ ᠵᠦᠪᠰᠢᠶᠡᠷᠡᠭᠦᠯᠪᠡ᠃ ᠠᠷᠠᠳ᠎ᠤᠨ ᠶᠠᠪᠤᠳᠠᠯ᠎ᠤᠨ ᠲᠢᠩᠬᠢᠮ᠎ᠤᠨ ᠨᠠᠮ᠎ᠤᠨ ᠣᠳᠤᠷᠢᠳᠬᠤ ᠳᠣᠭᠣᠢ᠌ᠯᠠᠩ ᠪᠣᠯᠤᠨ ᠳᠠᠷᠣᠭ᠎ᠠ ᠣᠳᠤᠷᠢᠳᠤᠯᠭ᠎ᠠ ᠨᠠᠷ᠎ᠤᠨ ᠵᠢᠯᠣᠭᠣᠳᠣᠯᠭ᠎ᠠ ᠳᠡᠮᠵᠢᠯᠭᠡ ᠵᠢᠨ ᠳᠤᠤᠷ᠎ᠠ᠂ ᠪᠢ ᠲᠡᠳᠡ ᠨᠠᠷ ᠤᠨ ᠢᠲᠡᠭᠡᠯ ᠨᠠᠢ᠌ᠳᠠᠯᠭ᠎ᠠ ᠵᠢ ᠬᠦᠰᠡᠷᠳᠡᠭᠦᠯᠬᠦ ᠦᠬᠡᠢ ᠵᠢᠨ ᠲᠦᠯᠦᠭᠡᠨ᠎ᠡ᠂ 《ᠨᠡᠢ᠌ᠭᠡᠮ》 ᠰᠡᠳᠭᠦᠯ᠎ᠤᠨ ᠬᠣᠷᠢᠶ᠎ᠠ ᠵᠢᠨ ᠪᠦᠬᠦ ᠨᠦᠭᠦᠳ ᠵᠶ᠋ᠡᠨ ᠳᠠᠭ᠋ᠠᠭᠤᠯᠤᠨ ᠯᠠᠪᠳᠠᠭᠤᠨ ᠵᠶ᠋ᠠᠷ ᠠᠵᠢᠯᠯᠠᠵᠤ᠂ ᠨᠠᠮ᠎ᠤᠨ ᠪᠠᠢ᠌ᠭᠣᠯᠣᠯᠲᠠ ᠵᠢᠨ ᠠᠵᠢᠯ ᠵᠶ᠋ᠠᠨ ᠴᠢᠩᠭ᠎ᠠ ᠠᠳᠬᠤᠨ᠂ 《ᠨᠡᠢ᠌ᠭᠡᠮ》 ᠰᠡᠳᠭᠦᠯ ᠵᠶ᠋ᠡᠨ ᠨᠠᠷᠢᠨ ᠨᠢᠮᠪᠠᠢ ᠲᠦᠰᠦᠪᠯᠡᠨ ᠨᠠᠢ᠌ᠷᠠᠭᠤᠯᠵᠤ᠂ ᠦᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠤᠨ ᠮᠣᠩᠭᠣᠯ ᠰᠦᠯᠵᠢᠶ᠎ᠡ ᠪᠠᠨ ᠰᠠᠢ᠌ᠲᠤᠷ ᠭᠠᠷᠳᠠᠨ ᠬᠢᠵᠦ᠂ ᠰᠢᠨ᠎ᠡ ᠠᠵᠢᠯ᠎ᠤᠨ ᠪᠠᠢ᠌ᠷᠢ ᠳᠡᠭᠡᠷ᠎ᠡ᠎ᠪᠠᠨ ᠰᠣᠳᠣᠨ ᠦᠷ᠎ᠡ ᠪᠦᠲᠦᠮᠵᠢ ᠭᠠᠷᠭ᠋ᠠᠬᠤ᠎ᠪᠠᠷ ᠴᠢᠷᠮᠠᠢ᠌ᠨ ᠠᠵᠢᠯᠯᠠᠵᠤ ᠡᠬᠢᠯᠡᠭᠰᠡᠨ ᠪᠢᠯᠡ᠃
《ᠦᠨᠢᠷ ᠴᠡᠴᠡᠭ》 ᠭᠡᠮᠡᠬᠦ ᠴᠤᠯ ᠤᠳᠬ᠎ᠠ ᠵᠣᠬᠢᠶᠠᠯ᠎ᠤᠨ ᠰᠡᠳᠭᠦᠯ ᠳᠤ ᠠᠵᠢᠯᠯᠠᠵᠤ ᠪᠠᠢ᠌ᠭᠰᠠᠨ᠎ᠠᠴᠠ᠎ᠪᠠᠨ ᠶᠡᠷᠦᠩᠬᠡᠢ᠌ᠯᠡᠭᠰᠡᠨ ᠴᠢᠨᠠᠷᠲᠠᠢ ᠨᠡᠢ᠌ᠭᠡᠮ᠎ᠤᠨ ᠰᠢᠨᠵᠢᠯᠡᠬᠦ ᠤᠬᠠᠭ᠋ᠠᠨ ᠰᠡᠳᠭᠦᠯ ᠪᠣᠯᠬᠣ《ᠨᠡᠢ᠌ᠭᠡᠮ》 ᠰᠡᠳᠭᠦᠯ᠎ᠳᠤ ᠰᠢᠯᠵᠢᠨ ᠢᠷᠡᠭᠰᠡᠨ ᠨᠠᠳᠠ᠎ᠳᠤ ᠠᠪᠴᠤ ᠬᠡᠯᠡᠪᠡᠯ᠂ ᠠᠷᠠᠳ᠎ᠤᠨ ᠠᠮᠢᠳᠤᠷᠠᠯ᠂ ᠠᠷᠠᠳ᠎ᠤᠨ ᠶᠠᠪᠤᠳᠠᠯ᠎ᠤᠨ ᠠᠵᠢᠯ᠎ᠤᠨ ᠣᠨᠴᠠᠯᠢᠭ᠎ᠨᠢ ᠪᠠᠰᠠ ᠬᠦ᠌ ᠨᠢᠭᠡᠨ 《ᠰᠢᠨ᠎ᠡ ᠡᠬᠡ ᠬᠠᠭᠤᠷᠠᠢ》 ᠪᠣᠯᠬᠤ ᠲᠤᠯᠠ ᠡᠳᠡᠭᠡᠷ ᠪᠦᠬᠦᠨ᠎ᠢ ᠲᠠᠨᠢᠨ ᠣᠢ᠌ᠯᠠᠭ᠋ᠠᠵᠤ ᠠᠵᠢᠯ᠎ᠤᠨ ᠠᠷᠭ᠎ᠠ ᠪᠠᠷᠢᠯ ᠵᠶ᠋ᠠᠨ ᠣᠯᠵᠣ ᠠᠪᠬᠤ ᠴᠢᠬᠣᠯᠠᠲᠠᠢ᠃ ᠰᠢᠨ᠎ᠡ ᠠᠵᠢᠯ ᠳᠤ᠎ᠪᠠᠨ ᠲᠦᠷᠭᠡᠨ ᠳᠠᠳᠬᠤ ᠵᠢᠨ ᠲᠦᠯᠦᠭᠡ᠂ ᠪᠢ ᠦᠳᠡ᠎ᠳᠤ ᠪᠠᠨ ᠭᠡᠷ᠎ᠲᠤ᠎ᠪᠠᠨ ᠬᠠᠷᠢᠯ ᠦᠬᠡᠢ᠎ᠪᠠᠷ ᠨᠡᠢ᠌ᠲᠡ ᠵᠢᠨ ᠬᠣᠭᠣᠯᠠᠨ ᠭᠡᠷ᠎ᠲᠤ ᠬᠣᠭᠣᠯᠠᠯᠠᠴᠢᠬᠠᠭ᠋ᠠᠳ᠂ 《ᠳᠣᠮᠳᠠᠳᠣ ᠤᠯᠤᠰ᠎ᠤᠨ ᠠᠷᠠᠳ᠎ᠤᠨ ᠶᠠᠪᠤᠳᠠᠯ》᠂《ᠳᠤᠮᠳᠠᠳᠤ ᠤᠯᠤᠰ᠎ᠤᠨ ᠨᠡᠢ᠌ᠭᠡᠮ᠎ᠤᠨ ᠰᠣᠨᠢᠨ》 ᠪᠣᠯᠣᠨ ᠦᠩᠭᠡᠷᠡᠭᠰᠡᠨ᠎ᠤ《ᠨᠡᠢ᠌ᠭᠡᠮ》 ᠰᠡᠳᠭᠦᠯ ᠵᠢᠴᠢ ᠦᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ ᠠᠴᠠ ᠪᠠᠭᠤᠯᠭ᠋ᠠᠭᠰᠠᠨ ᠪᠢᠴᠢᠭ ᠮᠠᠲᠸᠷᠢᠶᠠᠯᠤᠳᠢ ᠣᠩᠰᠢᠨ ᠰᠢᠭᠦᠵᠦ᠂ ᠠᠷᠠᠳ᠎ᠤᠨ ᠶᠠᠪᠤᠳᠠᠯ᠎ᠤᠨ ᠲᠥᠷᠦ ᠵᠢᠨ ᠪᠣᠳᠣᠯᠭ᠎ᠠ᠂ ᠠᠵᠢᠯ᠎ᠤᠨ ᠴᠢᠳᠠᠪᠬᠢ᠂ ᠡᠭᠦᠷᠭᠡ ᠬᠠᠷᠢᠭᠣᠴᠠᠯᠭ᠎ᠠ ᠵᠢ᠎ᠨᠢ ᠦᠯᠦᠰᠴᠤ ᠤᠮᠳᠠᠭ᠋ᠠᠰᠣᠭᠰᠠᠨ ᠮᠡᠲᠦ ᠣᠢ᠌ᠯᠠᠭ᠋ᠠᠵᠤ ᠠᠪᠤᠪᠠ᠃ ᠡᠭᠦᠨ᠎ᠤ ᠤᠯᠠᠮ᠎ᠠᠴᠠ 《ᠠᠷᠠᠳ᠎ᠤᠨ ᠶᠠᠪᠤᠳᠠᠯ ᠠᠷᠠᠳ᠎ᠤᠨ ᠲᠦᠯᠦᠭᠡ᠂ ᠠᠷᠠᠳ᠎ᠤᠨ ᠶᠠᠪᠤᠳᠠᠯ ᠠᠷᠠᠳ ᠵᠶ᠋ᠠᠨ ᠬᠠᠢ᠌ᠷᠠᠯᠠᠬᠤ》 ᠭᠡᠬᠦ ᠠᠷᠠᠳ᠎ᠤᠨ ᠶᠠᠪᠤᠳᠠᠯ᠎ᠤᠨ ᠠᠵᠢᠯ᠎ᠤᠨ ᠣᠢ᠌ᠯᠠᠭ᠋ᠠᠭᠳᠠᠬᠤᠨ᠎ᠢ ᠲᠠᠨᠢᠨ ᠮᠡᠳᠡᠷᠡᠵᠦ᠂ ᠬᠦᠮᠦᠨ ᠵᠣᠨᠳᠤᠪᠠᠨ ᠪᠤᠶᠠᠨ᠎ᠤ ᠷᠠᠰᠢᠶᠠᠨ ᠬᠤᠷ᠎ᠠ ᠪᠠᠭᠤᠯᠭ᠋ᠠᠳᠠᠭ ᠠᠷᠠᠳ᠎ᠤᠨ ᠶᠠᠪᠤᠳᠠᠯ᠎ᠤᠨ ᠠᠵᠢᠯ᠎ᠢ ᠰᠡᠳᠬᠢᠯ ᠵᠢᠷᠦᠬᠡᠨ᠎ᠠᠴᠠ᠎ᠪᠠᠨ ᠪᠢᠰᠢᠷᠡᠨ ᠪᠠᠬᠠᠳᠤᠵᠤ᠂ ᠨᠢᠭᠡᠨ ᠬᠢᠷᠢ ᠲᠡᠩᠴᠡᠭᠰᠡᠨ ᠠᠷᠠᠳ᠎ᠤᠨ ᠶᠠᠪᠤᠳᠠᠯ᠎ᠤᠨ ᠰᠡᠳᠭᠦᠯᠴᠢ ᠪᠣᠯᠬᠣ᠎ᠪᠠᠷ ᠵᠣᠷᠢᠭ ᠰᠢᠭᠣᠳᠣᠨ ᠠᠵᠢᠯᠯᠠᠯ᠎ᠠ᠃
ᠠᠵᠢᠯ᠎ᠠᠴᠠ᠎ᠪᠠᠨ ᠳᠠᠷᠬᠠᠯᠠᠭᠳᠠᠭᠰᠠᠨ ᠴᠤ᠌ ᠤᠷᠢᠭᠳᠠᠨ ᠠᠵᠢᠯᠯᠠᠵᠤ ᠪᠠᠢ᠌ᠭᠰᠠᠨ《ᠨᠡᠢ᠌ᠭᠡᠮ》 ᠰᠡᠳᠭᠦᠯ᠎ᠤᠨ ᠤᠤᠯ᠎ᠤᠨ ᠬᠤᠷᠢᠶᠠᠨ ᠳᠠᠷᠤᠭ᠎ᠠ ᠂ ᠶᠡᠷᠦᠩᠬᠡᠢ ᠨᠠᠢ᠌ᠷᠠᠭᠣᠯᠣᠭᠴᠢ ᠮᠦᠩᠬᠡᠨᠠᠰᠤᠨ ᠭᠤᠸᠠᠢ ᠪᠣᠯᠣᠨ ᠦᠪᠦᠷ ᠮᠣᠩᠭᠣᠯ᠎ᠤᠨ ᠦᠨᠳᠦᠰᠦᠳᠡᠨ᠎ᠤ ᠵᠠᠯᠠᠭᠤᠴᠤᠳ ᠪᠠᠭ᠋ᠠᠴᠣᠳ᠎ᠤᠨ ᠰᠡᠳᠭᠦᠯ᠎ᠤᠨ ᠬᠣᠷᠢᠶ᠎ᠠ ᠵᠢᠨ ᠤᠤᠯ ᠤᠨ ᠳᠡᠳ᠋ ᠬᠣᠷᠢᠶᠠᠨ ᠳᠠᠷᠤᠭ᠎ᠠ᠂ ᠠᠬᠠᠮᠠᠳ ᠨᠠᠢ᠌ᠷᠠᠭᠣᠯᠣᠭᠴᠢ ᠵᠢᠷᠭ᠋ᠠᠯᠲᠤ᠂ ᠵᠢᠨ ᠲᠠᠨ᠎ᠠ᠂ ᠨᠣᠮᠢᠨ᠂ ᠰᠡᠴᠡᠩᠭᠤᠸ᠎ᠠ᠂ ᠰᠡᠴᠢᠩᠭᠠ᠂ ᠡᠦ ᠬᠠᠢ ᠹᠸᠩ᠂ ᠰᠡᠴᠡᠨ᠂ ᠵᠠᠩ ᠪᠢᠨ᠂ ᠪᠠᠢ ᠯᠢ ᠵᠢᠣᠸᠠᠨ᠂ ᠵᠠᠩ ᠱᠤ᠌ ᠶᠣᠸᠠᠨ ᠵᠡᠷᠭᠡ ᠨᠦᠬᠦᠳ᠎ᠤᠨ ᠬᠠᠪᠰᠣᠷᠣᠯᠭ᠎ᠠ ᠳᠡᠮᠵᠢᠯᠭᠡ᠎ᠪᠠᠷ᠂ ᠪᠢ ᠴᠤ᠌ ᠳᠡᠮᠡᠢ ᠤᠳᠠᠯ ᠦᠬᠡᠢ ᠠᠵᠢᠯ᠎ᠳᠤ᠎ᠪᠠᠨ ᠭᠠᠷᠮᠠᠭ᠋ᠠᠢ᠌ᠯᠠᠨ ᠣᠷᠣᠵᠣ᠂ ᠰᠡᠳᠭᠦᠯ᠎ᠤᠨ ᠣᠯᠠᠨ ᠵᠶ᠋ᠠᠷ ᠵᠶ᠋ᠠᠨ ᠬᠠᠷᠢᠯᠴᠠᠨ ᠬᠦᠨᠳᠦᠳᠭᠡᠵᠦ ᠬᠠᠷᠢᠯᠴᠠᠨ ᠪᠦᠯᠬᠦᠮᠳᠡᠨ᠂ ᠦᠢ᠍ᠯᠡᠰ᠎ᠤᠨ ᠨᠠᠷᠠ᠎ᠪᠠᠨ ᠬᠠᠮᠲᠤ᠎ᠪᠠᠷ ᠡᠷᠭᠦᠨ᠂ ᠦᠭᠡᠳᠡᠯᠡᠨ ᠳᠠᠪᠰᠢᠬᠤ ᠬᠡᠢ ᠮᠣᠷᠢ᠎ᠪᠠᠨ ᠬᠠᠮᠲᠤ᠎ᠪᠠᠷ ᠬᠤᠷᠤᠢ᠌ᠯᠠᠨ ᠳᠠᠯᠠᠯᠣᠭᠰᠠᠨ ᠶᠤᠮ᠃
ᠠᠯᠳᠠᠷᠲᠤ ᠵᠣᠬᠢᠶᠠᠯᠴᠢ ᠵᠢᠶᠨ ᠫᠢᠩ ᠸᠠ ᠦᠪᠡᠷ᠎ᠢ᠎ᠪᠠᠨ᠄《ᠪᠢ ᠪᠣᠯ ᠲᠠᠷᠢᠶᠠᠴᠢᠨ》 ᠭᠡᠵᠦ ᠬᠡᠯᠡᠳᠡᠭ ᠪᠠᠢ᠌ᠭᠰᠠᠨ ᠪᠣᠯ ᠪᠢ《ᠨᠡᠢ᠌ᠭᠡᠮ》 ᠰᠡᠳᠭᠦᠯ᠎ᠳᠤ ᠢᠷᠡᠭᠡᠳ ᠰᠡᠳᠭᠦᠯᠴᠢ ᠪᠣᠯᠣᠨ ᠠᠷᠠᠳ᠎ᠤᠨ ᠶᠠᠪᠤᠳᠠᠯ᠎ᠤᠨ ᠠᠵᠢᠯᠲᠠᠨ ᠭᠡᠮᠡᠬᠦ ᠬᠤᠶᠠᠷ ᠡᠭᠦᠷᠭᠡ ᠬᠠᠷᠢᠭᠣᠴᠠᠯᠭ᠎ᠠ ᠵᠢ ᠬᠣᠣᠰ ᠮᠥᠷᠦᠨᠳᠤᠪᠠᠨ ᠲᠡᠩᠨᠡᠨ ᠡᠭᠦᠷᠭᠡᠯᠡᠭᠰᠡᠨ ᠠᠵᠢ᠃ ᠬᠡᠦᠬᠡᠳ ᠨᠢᠯᠬᠠᠰ᠎ᠠᠴᠠ ᠠᠪᠬᠠᠭᠣᠯᠣᠭ᠋ᠠᠳ ᠪᠣᠭᠣᠷᠣᠯ ᠦᠲᠡᠭᠦᠰ᠎ᠲᠤ ᠬᠦᠷᠲᠡᠯ᠎ᠡ ᠦᠢ᠍ᠯᠡᠴᠢᠯᠡᠨ ᠪᠤᠶᠠᠨ᠎ᠤ ᠦᠢ᠍ᠯᠡ ᠵᠢ ᠳᠡᠯᠭᠡᠷᠡᠭᠦᠯᠳᠡᠭ ᠠᠷᠠᠳ᠎ᠤᠨ ᠶᠠᠪᠤᠳᠠᠯ᠎ᠤᠨ ᠦᠢ᠍ᠯᠡᠰ ᠴᠤ᠌ ᠨᠠᠳᠠ᠎ᠳᠤ᠎ᠪᠠᠨ ᠠᠷᠠᠳ ᠲᠦᠮᠡᠨ᠎ᠳᠤ᠎ᠪᠠᠨ ᠦᠢ᠍ᠯᠡᠴᠢᠯᠡᠬᠦ ᠬᠣᠪᠣᠷ ᠨᠠᠨᠳᠢᠨ ᠵᠠᠪᠰᠢᠶᠠᠨ ᠲᠤᠬᠢᠶᠠᠯ᠎ᠢ ᠣᠯᠭᠣᠨ᠂ ᠦᠢ᠍ᠯᠡᠰ᠎ᠤᠨ ᠲᠡᠭᠷᠢ ᠥᠭᠡᠳᠡ᠎ᠪᠠᠨ ᠳᠡᠭᠦᠯᠢᠨ ᠨᠢᠰᠬᠦ ᠬᠦᠴᠦᠳᠦ ᠵᠢᠭᠦᠷ᠎ᠢ ᠰᠣᠶᠣᠷᠬᠠᠭᠰᠠᠨ ᠪᠠᠢ᠌ᠳᠠᠭ᠃
ᠰᠡᠳᠭᠦᠯ᠎ᠤᠨ ᠵᠶ᠋ᠡᠨ ᠠᠷᠠᠳ᠎ᠤᠨ ᠶᠠᠪᠤᠳᠠᠯ᠎ᠤᠨ ᠣᠨᠴᠠᠯᠢᠭ᠎ᠢ᠎ᠨᠢ ᠪᠠᠳᠠᠷᠠᠭᠣᠯᠵᠣ᠂ ᠵᠦᠪ ᠣᠨᠣᠪᠴᠢᠲᠠᠢ ᠣᠯᠣᠰ ᠲᠥᠷᠦ ᠵᠢᠨ ᠴᠢᠭᠯᠡᠯ᠎ᠢ ᠢᠮᠠᠭᠲᠠ ᠪᠠᠷᠢᠮᠲᠠᠯᠠᠨ᠂ ᠵᠢᠱ᠌ᠢᠶᠡᠴᠢ ᠬᠦᠮᠦᠰ ᠵᠶ᠋ᠡᠨ ᠤᠬᠠᠭᠤᠯᠤᠨ᠂ ᠶᠠᠳᠠᠭᠤ᠎ᠠᠴᠠ ᠠᠩᠭᠢᠵᠢᠷᠠᠭᠤᠯᠬᠤ ᠪᠣᠭᠣᠮᠲᠠ ᠰᠢᠪᠳᠤᠯᠬᠤ ᠳᠠᠢ᠌ᠯᠠᠯᠳᠤᠭ᠋ᠠᠨ ᠪᠠ ᠰᠢᠨ᠎ᠡ ᠲᠢᠳᠡᠮᠯᠢᠭ ᠠᠭᠣᠰᠬᠢᠨ ᠦᠷᠪᠢᠰᠦᠯ᠎ᠢ ᠰᠡᠷᠭᠡᠢ᠌ᠯᠡᠨ ᠡᠵᠡᠮᠳᠡᠬᠦ ᠠᠵᠢᠯ᠎ᠤᠨ ᠦᠷ᠎ᠡ ᠪᠦᠲᠦᠮᠵᠢ ᠵᠢ ᠳᠡᠯᠭᠡᠷᠡᠭᠦᠯᠦᠨ ᠂ ᠠᠭᠤᠯᠭ᠎ᠠ ᠰᠡᠳᠦᠪᠯᠡᠬᠦᠨ ᠵᠶ᠋ᠡᠨ ᠪᠠᠶᠠᠯᠢᠭᠵᠢᠭᠣᠯᠵᠣ᠂ ᠣᠩᠰᠢᠭᠴᠢ ᠲᠦᠮᠡᠨ᠎ᠳᠤ᠎ᠪᠠᠨ ᠤᠯᠠᠮ ᠰᠠᠢ᠌ᠬᠠᠨ ᠦᠢ᠍ᠯᠡᠴᠢᠯᠡᠵᠦ ᠂ ᠨᠡᠢ᠌ᠭᠡᠮ᠎ᠤᠨ ᠦᠷ᠎ᠡ ᠨᠦᠯᠦᠭᠡ᠎ᠪᠠᠨ ᠳᠡᠭᠡᠭᠰᠢᠯᠡᠭᠦᠯᠬᠦ᠎ᠪᠠᠷ᠂ 2020 ᠣᠨ ᠤ《ᠨᠡᠢ᠌ᠭᠡᠮ》ᠰᠡᠳᠭᠦᠯ᠎ᠳᠤ᠎ᠪᠠᠨ《ᠶᠠᠳᠠᠭᠤ᠎ᠠᠴᠠ ᠠᠩᠭᠢᠵᠢᠷᠠᠭᠤᠯᠬᠤ ᠪᠣᠭᠣᠮᠲᠠ ᠰᠢᠪᠳᠤᠯᠬᠤ ᠳᠠᠢ᠌ᠯᠠᠯᠳᠤᠭ᠋ᠠᠨ᠎ᠤ ᠬᠣᠰᠢᠭᠣᠴᠢ》᠂《ᠲᠥᠷᠦ ᠵᠢᠨ ᠪᠣᠳᠣᠯᠭ᠎ᠠ ᠵᠢᠨ ᠲᠠᠢ᠌ᠯᠣᠮᠵᠢ》᠂《8 ᠠᠷᠠᠳ᠎ᠤᠨ ᠶᠠᠪᠤᠳᠠᠯ᠎ᠤᠨ ᠰᠢᠰᠲᠸᠮ᠎ᠤᠨ᠎ᠬᠢᠨ᠎ᠤ ᠲᠡᠷᠢᠭᠦᠨ᠎ᠤ ᠬᠦᠮᠦᠨ᠎ᠤ ᠵᠢᠱ᠌ᠢᠶᠡᠴᠢ ᠠᠵᠢᠯᠯᠠᠭ᠎ᠠ》᠂《ᠠᠷᠠᠳ᠎ᠤᠨ ᠶᠠᠪᠤᠳᠠᠯ᠎ᠤᠨ ᠮᠡᠳᠡᠭᠡ ᠵᠠᠩᠬᠢ》᠂《ᠶᠠᠳᠠᠭᠤ᠎ᠠᠴᠠ ᠠᠩᠭᠢᠵᠢᠷᠠᠭᠤᠯᠬᠤ ᠪᠣᠭᠣᠮᠲᠠ ᠰᠢᠪᠳᠤᠯᠬᠤ ᠳᠠᠢ᠌ᠯᠠᠯᠳᠤᠭ᠋ᠠᠨ᠎ᠤ ᠦᠷ᠎ᠡ ᠪᠦᠲᠦᠮᠵᠢ》᠂《ᠬᠢᠩᠭ᠋ᠠᠨ ᠠᠢ᠌ᠮᠠᠭ᠎ᠤᠨ ᠶᠠᠳᠠᠭᠤ᠎ᠠᠴᠠ ᠠᠩᠭᠢᠵᠢᠷᠠᠭᠤᠯᠬᠤ ᠪᠣᠭᠣᠮᠲᠠ ᠰᠢᠪᠳᠤᠯᠬᠤ ᠳᠠᠢ᠌ᠯᠠᠯᠳᠤᠭ᠋ᠠᠨ》 ᠵᠡᠷᠭᠡ ᠰᠢᠨ᠎ᠡ ᠪᠣᠯᠣᠩᠠᠴᠠᠢ ᠨᠡᠬᠡᠬᠡᠵᠦ᠂ ᠬᠠᠮᠢᠶ᠎ᠠ ᠪᠦᠬᠦᠢ ᠵᠣᠬᠢᠶᠠᠯ ᠪᠦᠲᠦᠭᠡᠯ ᠢ ᠲᠦᠪᠯᠡᠷᠡᠭᠦᠯᠦᠨ ᠨᠡᠢ᠌ᠲᠡᠯᠡᠭᠰᠡᠨ ᠪᠠᠢ᠌ᠨ᠎ᠠ᠃ ᠨᠡᠩ ᠢᠯᠠᠩᠭᠣᠶᠠ᠂ ᠠᠯᠳᠠᠷᠲᠤ ᠮᠠᠳᠡᠭᠡᠯᠡᠯ᠎ᠤᠨ ᠤᠷᠠᠨ ᠵᠤᠬᠢᠶᠠᠯᠴᠢᠳ ᠪᠦᠷᠢᠨᠪᠠᠶᠠᠷ᠂ ᠠᠯᠳᠠᠷᠲᠤ ᠵᠣᠬᠢᠶᠠᠯᠴᠢ ᠬᠠᠩᠳᠠᠭᠤᠳ ᠤᠰᠤᠨᠪᠤᠳᠤᠭ ᠨᠠᠷ ᠢ ᠤᠷᠢᠵᠤ ᠂ ᠵᠠᠷᠤᠳ ᠬᠤᠰᠢᠭᠤᠨ᠎ᠤ ᠪᠠᠶᠠᠨᠲᠠᠯ᠎ᠠ ᠰᠤᠮᠤ ᠵᠢᠨ ᠵᠡᠭᠦᠨ ᠰᠠᠯᠠᠭ᠎ᠠ ᠭᠠᠴᠠᠭ᠎ᠠ ᠵᠢᠨ ᠨᠠᠮ᠎ᠤᠨ ᠡᠭᠦᠷ᠎ᠤᠨ ᠱᠦᠵᠢ᠂ ᠭᠠᠴᠠᠭ᠎ᠠ ᠵᠢᠨ ᠵᠦᠪᠯᠡᠯ᠎ᠤᠨ ᠡᠷᠬᠢᠯᠡᠭᠴᠢ᠂《ᠮᠠᠯᠴᠢᠨ ᠠᠢ᠌ᠯ ᠦᠬᠡᠷ ᠲᠡᠵᠢᠭᠡᠬᠦ ᠲᠣᠰᠬᠠᠢ ᠬᠣᠷᠰᠢᠶᠠᠵᠢᠯ》᠎ᠤᠨ ᠬᠡᠷᠡᠭ ᠡᠷᠬᠢᠯᠡᠭᠴᠢ ᠳᠠᠷᠤᠭ᠎ᠠ ᠡᠦ ᠶᠦᠨ ᠪᠦᠸᠸ ᠵᠢ ᠰᠣᠷᠪᠣᠯᠵᠢᠯᠠᠭᠣᠯᠣᠨ ᠪᠢᠴᠢᠭᠦᠯᠦᠭᠰᠡᠨ《ᠮᠠᠯᠴᠢᠨ ᠠᠢ᠌ᠯ᠎ᠤᠨ ᠵᠠᠮ》 ᠭᠡᠬᠦ ᠪᠠᠷᠢᠮᠲᠠᠲᠤ ᠷᠣᠮᠠ᠎ᠨᠢ 《ᠨᠡᠢ᠌ᠭᠡᠮ》 ᠰᠡᠳᠭᠦᠯ ᠳᠡᠭᠡᠷ᠎ᠡ᠎ᠪᠠᠨ ᠠᠷᠪᠠᠨ ᠬᠤᠭᠤᠴᠠᠭ᠎ᠠ᠎ᠪᠠᠷ ᠦᠷᠭᠦᠯᠵᠢᠯᠡᠨ ᠨᠡᠢ᠌ᠲᠡᠯᠡᠭᠡᠳ ᠨᠡᠢ᠌ᠭᠡᠮ ᠳᠡᠭᠡᠷ᠎ᠡ ᠦᠷᠭᠡᠨ ᠨᠦᠯᠦᠭᠡ ᠳᠡᠯᠭᠡᠷ ᠲᠤᠰᠬᠠᠯ᠎ᠲᠠᠢ ᠪᠣᠯᠣᠭᠰᠠᠨ ᠪᠠᠢ᠌ᠨ᠎ᠠ᠃
ᠪᠢ ᠮᠦᠨ ᠬᠦ᠌《ᠬᠣᠣᠰ ᠬᠠᠷᠢᠭᠣᠴᠠᠯᠭ᠎ᠠ》᠎ᠪᠠᠨ ᠨᠠᠷᠢᠨ ᠬᠢᠨᠠᠮᠠᠭ᠋ᠠᠢ ᠭᠦᠢ᠍ᠴᠡᠳᠭᠡᠨ᠂ ᠭᠣᠣᠯ ᠴᠣᠭᠴᠠ ᠵᠢᠨ ᠡᠭᠦᠷᠭᠡ ᠬᠠᠷᠢᠭᠣᠴᠠᠯᠭ᠎ᠠ᠎ᠪᠠᠨ ᠯᠠᠪᠳᠠᠭᠣᠨ ᠬᠡᠷᠡᠭᠵᠢᠭᠦᠯᠦᠨ᠂ ᠰᠡᠳᠭᠦᠯ᠎ᠤᠨ ᠬᠣᠷᠢᠶᠠᠨ᠎ᠤ ᠨᠠᠮ᠎ᠤᠨ ᠡᠭᠦᠷ᠎ᠤᠨ ᠵᠶ᠋ᠡᠨ ᠨᠠᠮ᠎ᠤᠨ ᠪᠠᠢ᠌ᠭᠣᠯᠣᠯᠲᠠ ᠵᠢᠨ ᠠᠵᠢᠯ ᠵᠶ᠋ᠠᠨ ᠨᠠᠢ᠌ᠳᠠᠪᠤᠷᠢᠲᠠᠢ ᠦᠷᠨᠢᠭᠦᠯᠵᠦ᠂ ᠦᠵᠡᠯ ᠤᠬᠠᠮᠰᠠᠷ᠎ᠤᠨ ᠬᠡᠯᠪᠡᠷᠢ ᠵᠢᠨ ᠡᠭᠦᠷᠭᠡ ᠬᠠᠷᠢᠭᠤᠴᠠᠯᠭ᠎ᠠ ᠵᠢᠨ ᠳᠦᠷᠢᠮ᠎ᠢ ᠪᠠᠳᠤᠲᠠᠢ ᠵᠢᠷᠣᠮᠯᠠᠵᠠᠢ᠃ 2020 ᠣᠨ᠎ᠤ 9 ᠳ᠋ᠤᠭ᠋ᠠᠷ ᠰᠠᠷ᠎ᠠ᠎ᠳᠤ ᠮᠠᠨᠣᠰ᠎ᠤᠨ ᠦᠪᠦᠷ ᠮᠣᠩᠭᠣᠯ᠎ᠤᠨ ᠨᠣᠮ᠎ᠤᠨ ᠰᠠᠩ᠎ᠤᠨ ᠲᠠᠪᠤᠳᠤᠭ᠋ᠠᠷ ᠨᠠᠮ᠎ᠤᠨ ᠡᠭᠦᠷ᠎ᠲᠠᠢ ᠬᠠᠮᠲᠤᠷᠠᠨ ᠦᠷᠨᠢᠭᠦᠯᠦᠭᠰᠡᠨ《ᠦᠢ᠍ᠯᠡᠴᠢᠯᠡᠭᠡᠨ᠎ᠤ ᠤᠬᠠᠮᠰᠠᠷ᠎ᠢ ᠪᠣᠢ ᠪᠣᠯᠭ᠋ᠠᠵᠤ ᠰᠣᠳᠣᠨ ᠪᠦᠳᠦᠭᠡᠯ ᠵᠶ᠋ᠡᠨ ᠠᠷᠠᠳ ᠲᠦᠮᠡᠨ᠎ᠳᠤ᠎ᠪᠠᠨ ᠳᠡᠪᠰᠢᠭᠦᠯᠬᠦ》 ᠭᠣᠣᠯ ᠰᠡᠳᠦᠪᠲᠦ ᠨᠠᠮ᠎ᠤᠨ ᠡᠳᠦᠷ᠎ᠤᠨ ᠠᠵᠢᠯᠯᠠᠭ᠎ᠠ᠎ᠨᠢ ᠦᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ ᠵᠢᠨ ᠰᠢᠯᠢᠳᠡᠭ ᠨᠠᠮ᠎ᠤᠨ ᠡᠳᠦᠷ᠎ᠤᠨ ᠠᠵᠢᠯᠯᠠᠭ᠎ᠠ᠎ᠪᠠᠷ ᠰᠣᠩᠭᠣᠭᠳᠠᠭᠰᠠᠨ ᠰᠠᠨᠵᠠᠢ᠃
2020 ᠣᠨ᠎ᠤ 8 ᠳ᠋ᠤᠭ᠋ᠠᠷ ᠰᠠᠷ᠎ᠠ᠎ᠳᠤ ᠪᠢ ᠦᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ ᠤᠨ ᠮᠣᠩᠭᠣᠯ ᠰᠦᠯᠵᠢᠶ᠎ᠡ ᠵᠢ ᠦᠷᠭᠡᠳᠭᠡᠨ ᠪᠠᠢ᠌ᠭᠤᠯᠵᠤ᠂ ᠬᠠᠮᠢᠶᠠᠷᠣᠯᠲᠠ᠎ᠪᠠᠨ ᠴᠢᠩᠭ᠋ᠠᠳᠬᠠᠨ᠂ ᠣᠨ᠎ᠤ ᠡᠴᠦᠰ᠎ᠤᠨ ᠬᠢᠨᠠᠯᠲᠠ ᠰᠢᠯᠭ᠋ᠠᠯᠲᠠ ᠵᠢ᠎ᠨᠢ ᠠᠮᠵᠢᠯᠲᠠ ᠲᠡᠭᠦᠰ ᠪᠡᠶᠡᠯᠡᠬᠦᠯᠬᠦ᠎ᠪᠠᠷ᠂ ᠤᠤᠯ᠎ᠤᠨ ᠲᠥᠪ ᠲᠸᠯᠸᠢᠰ᠎ᠤᠨ ᠵᠢᠷᠣᠭᠯᠠᠭ᠋ᠠᠴᠢ᠂ ᠰᠤᠷᠪᠤᠯᠵᠢᠯᠠᠭᠴᠢ᠂ ᠣᠷᠴᠢᠭᠣᠯᠣᠭᠴᠢ ᠰᠠᠢ᠌᠊· ᠰᠡᠴᠡᠨᠪᠠᠭ᠋ᠠᠲᠤᠷᠢ《ᠤᠯᠠᠯᠵᠢᠨ ᠪᠦᠷᠭᠡ》ᠠᠴᠠ᠎ᠨᠢ ᠤᠷᠢᠨ ᠵᠠᠯᠠᠵᠤ ᠠᠪᠴᠢᠷᠠᠭ᠋ᠠᠳ᠂ ᠰᠦᠯᠵᠢᠶᠡᠨ᠎ᠤ ᠨᠠᠢ᠌ᠷᠠᠭᠣᠯᠣᠭᠴᠢ᠂ ᠰᠡᠳᠭᠦᠯ᠎ᠤᠨ ᠨᠠᠢ᠌ᠷᠠᠭᠣᠯᠣᠭᠴᠢᠪᠠᠷ ᠠᠵᠢᠯᠯᠠᠭᠤᠯᠵᠠᠢ᠃ ᠮᠠᠨᠤᠰ᠎ᠤᠨ ᠳᠦᠷᠪᠡᠨ ᠰᠠᠷ᠎ᠠ ᠵᠢᠨ ᠬᠠᠲᠠᠭᠤᠵᠢᠯᠲᠠᠢ ᠴᠢᠷᠮᠠᠢ᠌ᠯᠭ᠎ᠠ᠎ᠪᠠᠷ ᠳᠠᠮᠵᠢᠨ ᠮᠣᠩᠭᠣᠯ ᠰᠦᠯᠵᠢᠶ᠎ᠡ᠎ᠪᠠᠨ ᠨᠡᠯᠢᠶᠡᠳ ᠪᠦᠷᠢᠨ ᠲᠡᠭᠦᠯᠳᠡᠷ ᠪᠣᠯᠭ᠋ᠠᠨ ᠪᠦᠲᠦᠭᠡᠨ ᠪᠠᠢ᠌ᠭᠣᠯᠵᠣ᠂ ᠳᠤᠲᠠᠭᠤᠳᠠᠯ ᠵᠶ᠋ᠠᠨ ᠨᠦᠬᠦᠪᠦᠷᠢᠯᠡᠭᠰᠡᠨ᠎ᠠᠴᠠ 2020 ᠣᠨ᠎ᠤ ᠡᠭᠡᠯᠵᠢ ᠵᠢᠨ ᠰᠦᠯᠵᠢᠶᠡᠨ᠎ᠤ ᠲᠣᠭ᠎ᠠ ᠪᠠᠷᠢᠮᠲᠠ ᠵᠢᠨ ᠪᠦᠷᠢᠳᠭᠡᠯ᠎ᠤᠨ ᠠᠵᠢᠯ᠎ᠤᠨ ᠬᠢᠨᠠᠯᠲᠠ ᠰᠢᠯᠭ᠋ᠠᠯᠲᠠ ᠵᠢ ᠠᠮᠵᠢᠯᠲᠠ᠎ᠲᠠᠢ ᠲᠤᠭᠤᠯᠤᠨ 78.5 ᠬᠤᠪᠢ ᠣᠯᠵᠣ᠂ ᠦᠪᠡᠷᠲᠡᠭᠡᠨ ᠵᠠᠰᠠᠬᠤ ᠣᠷᠣᠨ᠎ᠤ ᠰᠢᠭᠤᠳ ᠬᠠᠷᠢᠶ᠎ᠠ ᠪᠠᠢ᠌ᠭᠣᠯᠭ᠎ᠠ ᠵᠢᠨ ᠮᠣᠩᠭᠣᠯ ᠰᠦᠯᠵᠢᠶ᠎ᠡ ᠵᠢᠨ ᠵᠢᠭᠰᠠᠭ᠋ᠠᠯᠲᠠ᠎ᠳᠤ ᠨᠠᠢ᠍ᠮᠠᠳᠤᠭ᠋ᠠᠷ ᠨᠡᠷᠡᠰ᠎ᠲᠤ ᠳᠡᠪᠰᠢᠭᠰᠡᠨ ᠪᠠᠢ᠌ᠨ᠎ᠠ᠃
ᠦᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ ᠤᠨ 2020 ᠣᠨ᠎ᠤ ᠡᠭᠡᠯᠵᠢ ᠵᠢᠨ ᠭᠠᠵᠠᠷ᠎ᠤᠨ ᠳᠡᠰ᠎ᠤᠨ ᠺᠠᠳ᠋ᠷ᠎ᠤᠨ ᠠᠵᠢᠯ᠎ᠤᠨ ᠬᠢᠨᠠᠯᠲᠠ ᠪᠠᠢ᠌ᠴᠠᠭ᠋ᠠᠯᠲᠠ᠎ᠳᠤ᠂ ᠪᠢ ᠦᠩᠭᠡ ᠭᠡᠷᠡᠯ᠎ᠲᠠᠢ᠎ᠪᠠᠷ ᠰᠢᠯᠢᠳᠡᠭ ᠦᠷ᠎ᠡ ᠪᠦᠲᠦᠮᠵᠢ ᠬᠦᠷᠲᠡᠭᠰᠡᠨ᠎ᠨᠢ ᠮᠦᠨ ᠮᠢᠨᠦ ᠶᠢᠰᠦᠨ ᠰᠠᠷ᠎ᠠ ᠭᠠᠷᠣᠢ ᠵᠢᠨ ᠠᠵᠢᠯ᠎ᠤᠨ ᠲᠣᠬᠠᠢ ᠦᠨᠡᠨᠯᠡᠯᠲᠡ ᠪᠠ ᠤᠷᠮᠠᠰᠢᠭᠣᠯᠣᠯ ᠪᠣᠯᠵᠠᠢ᠃ ᠪᠢ ᠡᠭᠦᠨ ᠵᠶ᠋ᠡᠷ ᠵᠶ᠋ᠡᠨ ᠡᠷᠴᠢ ᠵᠠᠯᠭ᠋ᠠᠨ᠂ ᠬᠣᠢ᠌ᠰᠢᠳᠠ ᠵᠢᠨ ᠠᠵᠢᠯ ᠠᠯᠪᠠ᠎ᠳᠤ᠎ᠪᠠᠨ ᠮᠠᠬᠠᠷᠠᠨ ᠵᠢᠳᠬᠦᠵᠦ᠂ ᠦᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠦᠢ᠍ᠯᠡᠰ᠎ᠤᠨ ᠴᠢᠨᠠᠷᠯᠢᠭ ᠬᠦᠭᠵᠢᠯᠲᠡ ᠵᠢᠨ ᠲᠦᠯᠦᠭᠡ ᠰᠢᠮᠳᠠᠨ ᠠᠵᠢᠯᠯᠠᠨ᠂《ᠨᠡᠢ᠌ᠭᠡᠮ》 ᠰᠡᠳᠭᠦᠯ᠎ᠤᠨ ᠠᠵᠢᠯ᠎ᠳᠤ ᠬᠦᠴᠦᠨ ᠴᠢᠳᠠᠯ ᠵᠶ᠋ᠠᠨ ᠬᠠᠷᠠᠮ ᠦᠬᠡᠢ ᠵᠣᠷᠢᠭᠣᠯᠣᠨᠠ ᠳ᠋ᠠ!
2021 ᠣᠨ᠎ᠳᠤ᠎ᠪᠠᠨ᠂ ᠳᠣᠮᠳᠠᠳᠣ ᠣᠯᠣᠰ᠎ᠤᠨ ᠡᠪ ᠬᠠᠮᠲᠤ ᠨᠠᠮ ᠪᠠᠢ᠌ᠭᠤᠯᠤᠭᠳᠠᠭᠰᠠᠨ100 ᠵᠢᠯ᠎ᠤᠨ ᠣᠢ ᠵᠢ ᠪᠠᠶᠠᠷᠯᠠᠨ ᠪᠡᠯᠭᠡᠯᠡᠵᠦ᠂ ᠨᠠᠮ᠎ᠤᠨ ᠲᠡᠦᠬᠡ ᠵᠢᠨ ᠰᠣᠷᠣᠯᠴᠠᠭ᠎ᠠ ᠬᠦᠮᠦᠵᠢᠯ᠎ᠢ ᠢᠳᠡᠪᠬᠢᠲᠡᠢ ᠤᠬᠠᠭᠤᠯᠤᠨ᠂ ᠳᠤᠮᠳᠠᠳᠤ ᠵᠢᠨ ᠦᠨᠳᠦᠰᠦᠳᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠨ᠂《ᠨᠡᠢ᠌ᠭᠡᠮ》 ᠰᠡᠳᠭᠦᠯ᠎ᠤᠨ ᠵᠶ᠋ᠡᠨ ᠬᠡᠪᠯᠡᠯ ᠡᠬᠢᠯᠡᠭᠰᠡᠨ 30 ᠵᠢᠯ᠎ᠤᠨ ᠣᠢ ᠵᠢ ᠳᠤᠷᠠᠰᠬᠠᠵᠤ᠂ ᠰᠡᠳᠭᠦᠯ ᠵᠶ᠋ᠡᠨ ᠤᠯᠠᠮ ᠦᠩᠭᠡ ᠣᠨᠴᠠᠯᠢᠭ᠎ᠲᠠᠢ ᠰᠠᠢ᠌ᠬᠠᠨ ᠡᠷᠬᠢᠯᠡᠬᠦ ᠪᠠᠷ᠂ ᠰᠢᠨ᠎ᠡ ᠣᠨ᠎ᠤ《ᠨᠡᠢ᠌ᠭᠡᠮ》ᠰᠡᠳᠭᠦᠯ᠎ᠳᠤ᠎ᠪᠠᠨ《ᠨᠠᠮ᠎ᠤᠨ ᠠᠷᠪᠠ ᠶᠢᠰᠦᠳᠦᠭᠡᠷ ᠬᠣᠭᠣᠴᠠᠭ᠋ᠠᠨ᠎ᠤ ᠲᠠᠪᠣᠳᠣᠭ᠋ᠠᠷ ᠪᠦᠭᠦᠳᠡ ᠬᠣᠷᠠᠯ᠎ᠤᠨ ᠵᠣᠷᠢᠭ ᠰᠠᠨᠠᠭ᠎ᠠ ᠵᠢ ᠰᠣᠷᠣᠯᠴᠠᠨ ᠲᠣᠭᠣᠰᠢᠯᠠᠭᠣᠯᠬᠣ ᠲᠣᠰᠬᠠᠢ ᠪᠣᠯᠣᠩ》᠂《ᠨᠠᠮ ᠪᠠᠢ᠌ᠭᠣᠯᠣᠭᠳᠠᠭᠰᠠᠨ100 ᠵᠢᠯ᠎ᠤᠨ ᠣᠢ ᠵᠢ ᠪᠠᠶᠠᠷᠯᠠᠨ ᠪᠡᠯᠭᠡᠯᠡᠬᠦ ᠲᠣᠰᠬᠠᠢ ᠪᠣᠯᠣᠩ》᠂《ᠨᠠᠮ᠎ᠤᠨ ᠲᠡᠦᠬᠡ ᠵᠢᠨ ᠰᠣᠷᠣᠯᠴᠠᠯᠭ᠎ᠠ ᠬᠦᠮᠦᠵᠢᠯ》᠂《ᠳᠤᠮᠳᠠᠳᠤ ᠵᠢᠨ ᠦᠨᠳᠦᠰᠦᠳᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠶ᠎ᠠ》᠂《ᠰᠢᠨ᠎ᠡ ᠴᠠᠭ ᠦᠶ᠎ᠡ ᠵᠢᠨ ᠠᠷᠠᠳ᠎ᠤᠨ ᠶᠠᠪᠣᠳᠠᠯ᠎ᠤᠨ ᠺᠠᠳ᠋ᠷ᠎ᠤᠨ ᠴᠣᠭ ᠵᠢᠪᠬᠣᠭ᠎ᠠ》᠂《ᠬᠡᠪᠯᠡᠯ ᠡᠬᠢᠯᠡᠭᠰᠡᠨ30 ᠵᠢᠯ᠎ᠤᠨ ᠣᠢ ᠵᠢᠨ ᠨᠠᠨᠳᠢᠨ ᠳᠣᠷᠳᠬᠠᠯ》᠂《ᠠᠷᠰᠯᠠᠨ ᠲᠠᠪᠠᠭ》᠂《ᠳᠦᠷᠦᠭᠡᠨ ᠰᠤᠷ》᠂《ᠠᠯᠲᠠᠨ ᠬᠣᠷᠭᠣ》᠂《ᠰᠦᠯᠵᠢᠶᠡᠨ᠎ᠤ ᠣᠷᠠᠨ ᠵᠣᠬᠢᠶᠠᠯ》᠂ 《ᠵᠣᠭᠣᠭ᠎ᠤᠨ ᠦᠷᠭᠦᠭᠡ》᠂《ᠮᠠᠨᠳᠣᠯ᠎ᠲᠦ ᠬᠦᠳᠡᠭᠡ》《 ᠭᠠᠵᠠᠷ ᠤᠰᠤᠨ᠎ᠤ ᠨᠡᠷ᠎ᠡ》᠂ 《ᠠᠢ᠌ᠮᠠᠭ ᠬᠤᠲᠠ ᠵᠢᠨ ᠮᠡᠳᠡᠭᠡ ᠵᠠᠩᠭᠢ》ᠵᠡᠷᠭᠡ ᠰᠢᠨ᠎ᠡ ᠰᠣᠳᠣᠨ ᠪᠣᠯᠣᠩᠤᠳᠢ ᠨᠡᠬᠡᠬᠡᠯ᠎ᠡ᠃ 2021 ᠣᠨ ᠤ ᠨᠠᠢ᠍ᠮᠠᠳᠤᠭ᠋ᠠᠷ ᠬᠣᠭᠣᠴᠠᠭᠠᠠᠴᠠᠪᠠᠨ ᠡᠬᠢᠯᠡᠨ᠂ 《ᠴᠢᠭᠴᠢ ᠵᠠᠰᠠᠭ》᠂ 《ᠬᠠᠯᠠᠮᠰᠢᠯ ᠵᠣᠭᠣᠭ》᠂《ᠨᠠᠰᠤᠲᠠᠨ ᠪᠤᠭᠤᠷᠤᠯᠳᠤᠪᠠᠨ ᠦᠢ᠍ᠯᠡᠴᠢᠯᠡᠶ᠎ᠡ》᠂《ᠠᠷᠠᠳ᠎ᠤᠨ ᠶᠠᠪᠤᠳᠠᠯ᠎ᠤᠨ ᠰᠣᠶᠤᠯ》᠂《ᠪᠤᠶᠠᠨᠰᠠᠭ ᠦᠢ᠍ᠯᠡᠰ》 ᠵᠡᠷᠭᠡ ᠠᠷᠠᠳ᠎ᠤᠨ ᠶᠠᠪᠤᠳᠠᠯ᠂ ᠠᠷᠠᠳ᠎ᠤᠨ ᠠᠮᠢᠳᠤᠷᠠᠯ᠎ᠳᠤ ᠰᠢᠭᠤᠳ ᠬᠤᠯᠪᠤᠭᠳᠠᠭᠰᠠᠨ ᠰᠢᠨ᠎ᠡ ᠪᠣᠯᠣᠩᠤᠳᠢ ᠨᠡᠮᠡᠨ ᠨᠡᠬᠡᠬᠡᠭᠰᠡᠨ ᠪᠢᠯᠡ᠃ ᠮᠦᠨ ᠴᠤ᠌ ᠳᠣᠮᠳᠠᠳᠣ ᠣᠯᠣᠰ᠎ᠤᠨ ᠡᠪ ᠬᠠᠮᠲᠤ ᠨᠠᠮ ᠪᠠᠢ᠌ᠭᠤᠯᠤᠭᠳᠠᠭᠰᠠᠨ100 ᠵᠢᠯ᠎ᠤᠨ ᠣᠢ ᠵᠢ ᠪᠡᠯᠡᠭᠡᠯᠡᠬᠦ ᠵᠣᠬᠢᠶᠠᠯ ᠪᠦᠲᠦᠭᠡᠯ ᠡᠯᠰᠡᠬᠦ ᠠᠵᠢᠯᠯᠠᠭ᠎ᠠ᠂ 《ᠨᠡᠢ᠌ᠭᠡᠮ》 ᠰᠡᠳᠭᠦᠯ᠎ᠤᠨ ᠬᠡᠪᠯᠡᠯ ᠡᠬᠢᠯᠡᠭᠰᠡᠨ 30 ᠵᠢᠯ᠎ᠤᠨ ᠣᠢ ᠵᠢ ᠳᠤᠷᠠᠰᠬᠠᠬᠤ ᠵᠣᠬᠢᠶᠠᠯ ᠪᠦᠲᠦᠭᠡᠯ ᠡᠯᠰᠡᠬᠦ ᠠᠵᠢᠯᠯᠠᠭ᠎ᠠ ᠦᠷᠨᠢᠭᠦᠯᠵᠤ᠂ ᠪᠦᠬᠦ ᠣᠯᠣᠰ᠎ᠤᠨ ᠨᠠᠢ᠍ᠮᠠᠨ ᠮᠤᠵᠢ ᠣᠷᠣᠨ᠎ᠤ ᠬᠡᠪᠴᠢᠶᠡᠨ᠎ᠠᠴᠠ ᠵᠣᠬᠢᠶᠠᠯ ᠪᠦᠲᠦᠭᠡᠯ ᠡᠯᠰᠡᠭᠰᠡᠨ ᠶᠤᠮ᠃
ᠵᠠᠮ ᠬᠠᠷᠭᠤᠢ ᠮᠠᠨᠢ ᠰᠣᠨᠣᠯᠵᠠᠭᠰᠠᠭ᠋ᠠᠷ᠂ ᠭᠡᠭᠡᠨ ᠠᠶᠠᠨ ᠮᠠᠨᠢ ᠦᠷᠭᠦᠯᠵᠢᠯᠡᠭᠰᠡᠭᠡᠷ ᠁
ᠵᠣᠬᠢᠶᠠᠭᠴᠢ ᠵᠢᠨ ᠬᠠᠶᠢᠭ᠄ ᠬᠦᠬᠡᠬᠣᠲᠠ ᠵᠢᠨ ᠰᠠᠢ᠌ᠬᠠᠨ ᠲᠣᠭᠣᠷᠢᠭ