ᠨᠢᠭᠡ᠂ ᠲᠥᠷᠦ ᠵᠢᠨ ᠪᠣᠳᠤᠯᠭ᠎ᠠ ᠵᠢᠨ ᠦᠨᠳᠦᠰᠦᠯᠡᠯ
ᠦᠪᠡᠷᠲᠡᠬᠡᠨ ᠵᠠᠰᠠᠬᠤ ᠣᠷᠣᠨ᠎ᠤ ᠰᠤᠷᠭ᠋ᠠᠨ ᠬᠦᠮᠦᠵᠢᠯ᠎ᠤᠨ ᠲᠢᠩᠬᠢᠮ᠂ ᠡᠳ᠋᠎ᠤᠨ ᠵᠠᠰᠠᠭ᠎ᠤᠨ ᠲᠢᠩᠬᠢᠮ᠂ ᠠᠷᠠᠳ᠎ᠤᠨ ᠶᠠᠪᠤᠳᠠᠯ᠎ᠤᠨ ᠲᠢᠩᠬᠢᠮ ᠂ ᠶᠠᠳᠠᠭᠤ ᠵᠢ ᠲᠡᠳᠭᠦᠬᠦ ᠠᠯᠪᠠᠨ ᠭᠡᠷ (ᠬᠦᠳᠡᠭᠡ ᠲᠤᠰᠬᠤᠨ᠎ᠢ ᠬᠦᠭᠵᠢᠭᠦᠯᠦᠨ ᠮᠠᠨᠳᠤᠭᠤᠯᠬᠤ ᠲᠤᠪᠴᠢᠶ᠎ᠠ) ᠠᠴᠠ ᠳᠠᠷᠤᠮᠠᠯᠯᠠᠨ ᠲᠠᠷᠬᠠᠭ᠋ᠠᠭᠰᠠᠨ 《ᠡᠩ᠎ᠤᠨ ᠳᠡᠭᠡᠳᠦ ᠰᠤᠷᠭ᠋ᠠᠭᠤᠯᠢ ᠵᠢᠨ ᠭᠡᠷ ᠪᠦᠯᠢ ᠵᠢᠨ ᠠᠵᠤ ᠠᠬᠤᠢ ᠨᠢ ᠬᠦᠴᠢᠷᠳᠡᠯᠲᠡᠢ ᠤᠶᠤᠲᠠᠳ ᠤᠨ ᠰᠤᠷᠭ᠋ᠠᠭᠤᠯᠢ᠎ᠳᠤ ᠣᠷᠤᠬᠤ ᠳᠤ ᠪᠡᠯᠡ ᠮᠦᠩᠭᠦ᠎ᠪᠠᠷ ᠲᠤᠰᠠᠯᠠᠬᠤ ᠲᠥᠷᠦ ᠵᠢᠨ ᠪᠣᠳᠤᠯᠭ᠎ᠠ ᠵᠢᠨ ᠲᠤᠬᠠᠢ ᠰᠠᠨᠠᠯ》 (ᠦᠪᠦᠷ ᠮᠣᠩᠭᠣᠯ᠎ᠤᠨ ᠰᠤᠷᠭ᠋ᠠᠨ ᠬᠦᠮᠦᠵᠢᠯ᠎ᠤᠨ ᠲᠢᠩᠬᠢᠮ᠎ᠤᠨ ᠠᠯᠪᠠᠨ ᠭᠡᠷ [2021]56 ᠳ᠋ᠤᠭ᠋ᠠᠷ ᠲᠤᠭ᠋ᠠᠲᠤ)
ᠬᠤᠶᠠᠷ᠂ ᠢᠪᠡᠭᠡᠨ ᠲᠤᠰᠠᠯᠠᠬᠤ ᠬᠦᠷᠢᠶ᠎ᠡ ᠴᠠᠷᠠᠭ᠎ᠠ
ᠡᠩ᠎ᠤᠨ ᠳᠡᠭᠡᠳᠦ ᠰᠤᠷᠭ᠋ᠠᠭᠤᠯᠢ ᠵᠢᠨ ᠭᠡᠷ ᠪᠦᠯᠢ ᠵᠢᠨ ᠠᠵᠤ ᠠᠬᠤᠢ ᠨᠢ ᠬᠦᠴᠢᠷᠳᠡᠯᠲᠡᠢ ᠤᠶᠤᠲᠠᠳ᠎ᠤᠨ ᠰᠤᠷᠭ᠋ᠠᠭᠤᠯᠢ᠎ᠳᠤ ᠣᠷᠤᠬᠤ ᠳᠤ ᠲᠤᠰᠠᠯᠠᠬᠤ ᠲᠥᠷᠦ ᠵᠢᠨ ᠪᠣᠳᠤᠯᠭ᠎ᠠ ᠳᠤ ᠢᠪᠡᠭᠡᠭᠳᠡᠬᠦ ᠬᠦᠮᠦᠰ᠎ᠲᠤ ᠨᠠᠭ᠋ᠠᠲᠤ ᠵᠠᠬ᠎ᠠ ᠵᠢᠨ ᠠᠮᠢᠳᠤᠷᠠᠯ᠎ᠤᠨ ᠪᠠᠲᠤᠯᠠᠭ᠋ᠠᠲᠤ ᠭᠡᠷ ᠪᠦᠯᠢ ᠵᠢᠨ ᠦᠬᠢᠳ ᠬᠦᠪᠡᠭᠦᠳ᠂ ᠦᠨᠦᠴᠢᠨ ᠬᠡᠦᠭᠡᠳ ᠪᠤᠯᠤᠨ ᠳᠠᠩᠰᠠ ᠺᠠᠷᠲ᠎ᠲᠠᠢ ᠭᠡᠷ ᠪᠦᠯᠢ ᠵᠢᠨ ᠦᠬᠢᠳ ᠬᠦᠪᠡᠭᠦᠳ ᠪᠠᠭᠲᠠᠭᠳᠠᠨ᠎ᠠ᠃
ᠭᠤᠷᠪᠠ᠂ ᠡᠷᠡᠮᠡᠯᠵᠡᠯᠡᠬᠦ ᠪᠠ ᠬᠦᠢ᠍ᠴᠡᠳᠭᠡᠬᠦ ᠠᠯᠬᠤᠮ ᠳᠠᠷᠠᠭ᠎ᠠ
ᠭᠡᠷ ᠪᠦᠯᠢ ᠵᠢᠨ ᠠᠵᠤ ᠠᠬᠤᠢ ᠨᠢ ᠬᠦᠴᠢᠷᠳᠡᠯᠲᠡᠢ ᠤᠶᠤᠲᠠᠳ ᠠᠴᠠ ᠲᠤᠬᠠᠢ ᠵᠢᠨ ᠭᠠᠵᠠᠷ᠎ᠤᠨ ᠰᠤᠷᠭ᠋ᠠᠨ ᠬᠦᠮᠦᠵᠢᠯ᠎ᠤᠨ ᠰᠠᠯᠠᠭ᠎ᠠ ᠮᠦᠴᠢᠷ᠎ᠤᠨ ᠰᠣᠷᠤᠭᠴᠢᠳᠢ ᠪᠡᠯᠡ ᠮᠦᠩᠬᠦ᠎ᠪᠠᠷ ᠳᠡᠮᠵᠢᠨ ᠲᠤᠰᠠᠯᠠᠬᠤ ᠬᠠᠮᠢᠶᠠᠷᠤᠯᠲᠠ ᠵᠢᠨ ᠲᠥᠪ᠎ᠲᠤ ᠡᠷᠡᠮᠡᠯᠵᠡᠯᠡᠯ ᠵᠶ᠋ᠡᠨ ᠳᠡᠪᠰᠢᠭᠦᠯᠦᠨ᠂ ᠰᠤᠷᠭ᠋ᠠᠨ ᠬᠦᠮᠦᠵᠢᠯ᠎ᠤᠨ ᠰᠠᠯᠠᠭ᠎ᠠ ᠮᠦᠴᠢᠷ᠎ᠤᠨ ᠰᠣᠷᠤᠭᠴᠢᠳᠢ ᠪᠡᠯᠡ ᠮᠦᠩᠬᠦ᠎ᠪᠠᠷ ᠳᠡᠮᠵᠢᠨ ᠲᠤᠰᠠᠯᠠᠬᠤ ᠬᠠᠮᠢᠶᠠᠷᠤᠯᠲᠠ ᠵᠢᠨ ᠲᠥᠪ ᠴᠠᠭ ᠲᠤᠬᠠᠢᠳᠤᠨᠢ ᠬᠦᠯᠢᠶᠡᠨ ᠠᠪᠴᠣ ᠰᠢᠢ᠍ᠳᠪᠦᠷᠢᠯᠡᠭᠡᠳ᠂ ᠠᠩᠬᠠᠨ᠎ᠤ ᠬᠢᠨᠠᠯᠲᠠ ᠵᠢ ᠳᠠᠮᠵᠢᠭᠰᠠᠨ ᠡᠩ᠎ᠤᠨ ᠳᠡᠭᠡᠳᠦ ᠰᠤᠷᠭ᠋ᠠᠭᠤᠯᠢ ᠵᠢᠨ ᠭᠡᠷ ᠪᠦᠯᠢ ᠵᠢᠨ ᠠᠵᠤ ᠠᠬᠤᠢ ᠨᠢ ᠬᠦᠴᠢᠷᠳᠡᠯᠲᠡᠢ ᠤᠶᠤᠲᠠᠳ ᠤᠨ ᠰᠤᠷᠭ᠋ᠠᠭᠤᠯᠢ᠎ᠳᠤ ᠣᠷᠤᠬᠤ ᠳᠤ ᠲᠤᠰᠠᠯᠠᠬᠤ ᠲᠥᠷᠦ ᠵᠢᠨ ᠪᠣᠳᠤᠯᠭ᠎ᠠ ᠳᠤ ᠢᠪᠡᠭᠡᠭᠳᠡᠬᠦ᠎ᠪᠠᠷ ᠪᠠᠢ᠌ᠭ᠎ᠠ ᠰᠤᠷᠤᠭᠴᠢᠳ᠎ᠤᠨ ᠬᠠᠮᠢᠶ᠎ᠠ ᠪᠦᠬᠦᠢ ᠰᠤᠷᠠᠭ ᠵᠠᠩᠬᠢ ᠵᠢ ᠠᠩᠭᠢᠯᠠᠵᠤ᠂ ᠮᠦᠨ ᠠᠩᠭᠢᠯᠠᠯ ᠶᠤᠰᠤᠭ᠋ᠠᠷ ᠵᠶ᠋ᠠᠨ ᠲᠤᠬᠠᠢ ᠵᠢᠨ ᠭᠠᠵᠠᠷ᠎ᠤᠨ ᠠᠷᠠᠳ᠎ᠤᠨ ᠶᠠᠪᠤᠳᠠᠯ᠂ ᠶᠠᠳᠠᠭᠤ ᠵᠢ ᠲᠡᠳᠭᠦᠬᠦ ᠰᠠᠯᠠᠭ᠎ᠠ ᠮᠦᠴᠢᠷ᠎ᠲᠤ ᠬᠠᠩᠭ᠋ᠠᠨ ᠥᠭᠭᠦᠨ᠎ᠡ᠃ ᠠᠷᠠᠳ᠎ᠤᠨ ᠶᠠᠪᠤᠳᠠᠯ᠂ ᠶᠠᠳᠠᠭᠤ ᠵᠢ ᠲᠡᠳᠭᠦᠬᠦ ᠰᠠᠯᠠᠭ᠎ᠠ ᠮᠦᠴᠢᠷ᠎ᠠᠴᠠ ᠰᠤᠷᠭ᠋ᠠᠨ ᠬᠦᠮᠦᠵᠢᠯ᠎ᠤᠨ ᠰᠠᠯᠠᠭ᠎ᠠ ᠮᠦᠴᠢᠷ᠎ᠤᠨ ᠬᠠᠩᠭ᠋ᠠᠭᠰᠠᠨ ᠰᠤᠷᠠᠭ ᠵᠠᠩᠭᠢ ᠵᠢ ᠦᠨᠳᠦᠰᠦᠯᠡᠨ᠂ ᠡᠳᠡᠭᠡᠷ ᠡᠩ᠎ᠤᠨ ᠳᠡᠭᠡᠳᠦ ᠰᠤᠷᠭ᠋ᠠᠭᠤᠯᠢ ᠵᠢᠨ ᠭᠡᠷ ᠪᠦᠯᠢ ᠵᠢᠨ ᠠᠵᠤ ᠠᠬᠤᠢ ᠨᠢ ᠬᠦᠴᠢᠷᠳᠡᠯᠲᠡᠢ ᠤᠶᠤᠲᠠᠳ ᠨᠢ ᠬᠤᠲᠠ ᠬᠦᠳᠡᠭᠡ ᠵᠢᠨ ᠨᠠᠭ᠋ᠠᠲᠤ ᠵᠠᠬ᠎ᠠ ᠵᠢᠨ ᠠᠮᠢᠳᠤᠷᠠᠯ᠎ᠤᠨ ᠪᠠᠲᠤᠯᠠᠭ᠋ᠠᠲᠤ ᠭᠡᠷ ᠪᠦᠯᠢ ᠵᠢᠨ ᠦᠬᠢᠳ ᠬᠦᠪᠡᠭᠦᠳ᠂ ᠦᠨᠦᠴᠢᠨ ᠬᠡᠦᠭᠡᠳ ᠪᠤᠯᠤᠨ ᠳᠠᠩᠰᠠ ᠺᠠᠷᠲ᠎ᠲᠠᠢ ᠭᠡᠷ ᠪᠦᠯᠢ ᠵᠢᠨ ᠦᠬᠢᠳ ᠬᠦᠪᠡᠭᠦᠳ ᠮᠦᠨ ᠡᠰᠡᠬᠦ ᠲᠤᠬᠠᠢ ᠬᠢᠨᠠᠵᠤ ᠬᠠᠷᠭᠤᠭᠤᠯᠤᠨ᠎ᠠ᠃ ᠰᠤᠷᠭ᠋ᠠᠨ ᠬᠦᠮᠦᠵᠢᠯ᠎ᠤᠨ ᠰᠠᠯᠠᠭ᠎ᠠ ᠮᠦᠴᠢᠷ᠎ᠨᠢ ᠠᠷᠠᠳ᠎ᠤᠨ ᠶᠠᠪᠤᠳᠠᠯ᠂ ᠶᠠᠳᠠᠭᠤ ᠵᠢ ᠲᠡᠳᠭᠦᠬᠦ ᠰᠠᠯᠠᠭ᠎ᠠ ᠮᠦᠴᠢᠷ᠎ᠤᠨ ᠬᠢᠨᠠᠵᠤ ᠬᠠᠷᠭᠤᠭᠤᠯᠤᠭᠰᠠᠨ ᠦᠷ᠎ᠡ ᠳ᠋ᠦᠩ᠎ᠢ ᠦᠨᠳᠦᠰᠦᠯᠡᠵᠦ᠂ ᠲᠤᠬᠠᠢ ᠵᠢᠨ ᠵᠢᠯ᠎ᠳᠤ᠎ᠪᠠᠨ ᠡᠩ᠎ᠤᠨ ᠳᠡᠭᠡᠳᠦ ᠰᠤᠷᠭ᠋ᠠᠭᠤᠯᠢ ᠵᠢᠨ ᠭᠡᠷ ᠪᠦᠯᠢ ᠵᠢᠨ ᠠᠵᠤ ᠠᠬᠤᠢ ᠨᠢ ᠬᠦᠴᠢᠷᠳᠡᠯᠲᠡᠢ ᠤᠶᠤᠲᠠᠳ ᠤᠨ ᠰᠤᠷᠭ᠋ᠠᠭᠤᠯᠢ᠎ᠳᠤ ᠣᠷᠤᠬᠤ ᠳᠤ ᠲᠤᠰᠠᠯᠠᠬᠤ ᠲᠥᠷᠦ ᠵᠢᠨ ᠪᠣᠳᠤᠯᠭ᠎ᠠ᠎ᠳᠤ ᠢᠪᠡᠭᠡᠭᠳᠡᠬᠦ ᠤᠶᠤᠲᠠᠳ᠎ᠤᠨ ᠨᠡᠷᠡᠰ᠎ᠢ ᠨᠤᠲᠠᠯᠠᠨ ᠵᠦᠪᠰᠢᠶᠡᠷᠡᠨ᠎ᠡ᠃
ᠳᠥᠷᠪᠡ᠂ ᠪᠡᠯᠡ ᠮᠦᠩᠭᠦ᠎ᠪᠠᠷ ᠲᠤᠰᠠᠯᠠᠬᠤ ᠪᠠᠷᠢᠮᠵᠢᠶ᠎ᠠ
ᠡᠩ᠎ᠤᠨ ᠳᠡᠭᠡᠳᠦ ᠰᠤᠷᠭ᠋ᠠᠭᠤᠯᠢ ᠵᠢᠨ ᠵᠢᠩᠬᠢᠨᠢ ᠠᠩᠭᠢ᠎ᠳᠤ ᠡᠯᠰᠡᠭᠳᠡᠭᠰᠡᠨ ᠤᠶᠤᠲᠠᠳ ( ᠪᠡᠯᠡᠳᠭᠡᠯ ᠠᠩᠭᠢ ᠵᠢᠨ ᠤᠶᠤᠲᠠᠳ᠎ᠢ ᠪᠠᠭᠲᠠᠭ᠋ᠠᠨ᠎ᠠ)᠎ᠢ ᠡᠯᠰᠡᠭᠳᠡᠭᠰᠡᠨ ᠵᠢᠯ᠎ᠠᠴᠠ᠎ᠨᠢ ᠡᠬᠢᠯᠡᠨ ᠪᠡᠯᠡ ᠮᠦᠩᠭᠦ᠎ᠪᠠᠷ ᠲᠤᠰᠠᠯᠠᠵᠤ᠂ ᠰᠤᠷᠤᠯᠭ᠎ᠠ ᠵᠢᠨ ᠵᠢᠯ ᠪᠦᠷᠢ 6000 ᠲᠦᠭᠦᠷᠢᠭ᠎ᠤᠨ ᠪᠡᠯᠡ ᠮᠦᠩᠭᠦ᠎ᠪᠠᠷ ᠲᠤᠰᠠᠯᠠᠨ᠂ ᠨᠡᠢ᠌ᠲᠡ ᠲᠤᠰᠠᠯᠠᠬᠤ ᠪᠡᠯᠡ ᠮᠦᠩᠭᠦᠨ᠎ᠤ ᠲᠤᠭ᠎ᠠ ᠵᠢ 24000 ᠲᠦᠭᠦᠷᠢᠭ᠎ᠠᠴᠠ ᠬᠡᠲᠦᠷᠡᠬᠦᠯᠬᠦ ᠦᠬᠡᠢ᠃ ᠡᠩ᠎ᠤᠨ ᠳᠡᠭᠡᠳᠦ ᠵᠡᠷᠭᠡ ᠵᠢᠨ ᠠᠵᠢᠯ ᠮᠡᠷᠭᠡᠵᠢᠯ᠎ᠤᠨ ᠰᠤᠷᠭ᠋ᠠᠭᠤᠯᠢ᠂ ᠡᠩ᠎ᠤᠨ ᠳᠡᠭᠡᠳᠦ ᠵᠡᠷᠭᠡ ᠵᠢᠨ ᠲᠤᠰᠬᠠᠢ ᠮᠡᠷᠭᠡᠵᠢᠯ᠎ᠤᠨ ᠰᠤᠷᠭ᠋ᠠᠭᠤᠯᠢ ᠡᠰᠡᠬᠦᠯ᠎ᠡ ᠡᠩ᠎ᠤᠨ ᠳᠡᠭᠡᠳᠦ ᠵᠡᠷᠭᠡ ᠵᠢᠨ ᠠᠵᠢᠯ ᠮᠡᠷᠭᠡᠵᠢᠯ᠎ᠤᠨ ᠰᠤᠷᠭ᠋ᠠᠭᠤᠯᠢ᠂ ᠡᠩ᠎ᠤᠨ ᠳᠡᠭᠡᠳᠦ ᠵᠡᠷᠭᠡ ᠵᠢᠨ ᠲᠤᠰᠬᠠᠢ ᠮᠡᠷᠭᠡᠵᠢᠯ᠎ᠤᠨ ᠰᠤᠷᠭ᠋ᠠᠭᠤᠯᠢ ᠵᠢᠨ ᠲᠥᠷᠦᠯ᠎ᠤᠨ ᠰᠤᠷᠭ᠋ᠠᠭᠤᠯᠢ (ᠪᠡᠯᠡᠳᠭᠡᠯ ᠠᠩᠭᠢ ᠵᠢᠨ ᠰᠤᠷᠤᠭᠴᠢᠳ᠎ᠢ ᠪᠠᠭᠲᠠᠭ᠋ᠠᠨ᠎ᠠ)᠎ᠳᠤ ᠡᠯᠰᠡᠭᠳᠡᠭᠰᠡᠨ ᠰᠤᠷᠤᠭᠴᠢᠳ᠎ᠢ ᠡᠯᠰᠡᠭᠳᠡᠭᠰᠡᠨ ᠵᠢᠯ᠎ᠠᠴᠠ᠎ᠨᠢ ᠡᠬᠢᠯᠡᠨ ᠪᠡᠯᠡ ᠮᠦᠩᠭᠦ᠎ᠪᠠᠷ ᠲᠤᠰᠠᠯᠠᠵᠤ᠂ ᠰᠤᠷᠤᠯᠭ᠎ᠠ ᠵᠢᠨ ᠵᠢᠯ ᠪᠦᠷᠢ 6000 ᠲᠦᠭᠦᠷᠢᠭ᠎ᠤᠨ ᠪᠡᠯᠡ ᠮᠦᠩᠭᠦ᠎ᠪᠠᠷ ᠲᠤᠰᠠᠯᠠᠨ᠂ ᠨᠡᠢ᠌ᠲᠡ ᠲᠤᠰᠠᠯᠠᠬᠤ ᠪᠡᠯᠡ ᠮᠦᠩᠭᠦᠨ᠎ᠤ ᠲᠤᠭ᠎ᠠ ᠵᠢ 18000 ᠲᠦᠭᠦᠷᠢᠭ᠎ᠠᠴᠠ ᠬᠡᠲᠦᠷᠡᠬᠦᠯᠬᠦ ᠦᠬᠡᠢ᠃