ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠦᠢᠯᠡᠴᠢᠯᠡᠭᠡ   -   ᠲᠤᠭ᠎ᠠ ᠪᠠᠷᠢᠮᠲᠠ᠎ᠶᠢᠨ ᠨᠡᠶ᠋ᠢᠲᠡᠯᠡᠯ
ᠪᠥᠬᠥ ᠤᠯᠤᠰ᠎ᠤᠨ ᠨᠠᠰᠤᠵᠢᠯ᠎ᠤᠨ ᠠᠰᠠᠷᠠᠮᠵᠢ ᠵᠢᠨ ᠪᠠᠢ᠌ᠭᠤᠯᠤᠮᠵᠢ ᠵᠢᠨ ᠰᠤᠪᠢᠯᠠᠯᠲᠠ ᠵᠢᠨ ᠬᠡᠯᠪᠡᠷᠢ ᠵᠢᠨ ᠡᠪᠡᠳᠴᠢᠲᠡᠨ᠎ᠤ ᠣᠷᠣ ᠵᠢᠨ ᠡᠵᠡᠯᠡᠬᠦ ᠬᠠᠷᠢᠴᠠᠯ 58.9% ᠪᠣᠯᠵᠤ ᠳᠡᠭᠡᠭᠰᠢᠯᠡᠪᠡ
ᠨᠡᠶᠢᠲᠡᠯᠡᠭᠰᠡᠨ ᠴᠠᠭ᠄ 2024-09-14

   ᠲᠥᠷᠥ ᠵᠢᠨ ᠶᠠᠪᠤᠳᠠᠯ᠎ᠤᠨ ᠬᠣᠷᠢᠶᠠᠨ᠎ᠤ ᠨᠠᠶ᠋ᠢᠳᠠᠯᠭ᠎ᠠ᠎ᠪᠠᠷ ᠠᠷᠠᠳ᠎ᠤᠨ ᠶᠠᠪᠤᠳᠠᠯ᠎ᠤᠨ ᠶᠠᠮᠤᠨ᠎ᠤ ᠰᠠᠢ᠌ᠳ ᠯᠦ᠍ ᡁᠢ ᠶᠤᠸᠠᠨ 9 ᠳ᠋ᠤᠬᠡᠷ ᠰᠠᠷ᠎ᠠ ᠵᠢᠨ 10᠎ᠤ ᠡᠳᠦᠷ᠎ᠤᠨ ᠠᠷᠪᠠᠨ ᠳᠥᠷᠪᠡᠳᠦᠭᠡᠷ ᠬᠤᠭᠤᠴᠠᠭ᠋ᠠᠨ᠎ᠤ ᠪᠥᠬᠥ ᠤᠯᠤᠰ᠎ᠤᠨ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠪᠠᠢ᠌ᠩᠭᠤ ᠵᠢᠨ ᠬᠣᠷᠢᠶᠠᠨ᠎ᠤ ᠠᠷᠪᠠᠨ ᠨᠢᠭᠡᠳᠦᠭᠡᠷ ᠬᠤᠷᠠᠯᠳᠤᠭ᠋ᠠᠨ᠎ᠳᠤ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠰᠢᠰᠲ᠋ᠧᠮ᠎ᠤᠨ ᠪᠠᠢ᠌ᠭᠤᠯᠤᠯᠲᠠ ᠵᠢ ᠠᠬᠢᠭᠤᠯᠵᠤ᠂ ᠪᠡᠶ᠎ᠡ᠎ᠳᠤ᠎ᠪᠠᠨ ᠵᠦᠪ ᠦᠬᠡᠢ ᠨᠠᠰᠤᠲᠠᠢ᠌ᠴᠤᠳ᠎ᠢ ᠬᠠᠷᠠᠭ᠋ᠠᠯᠵᠠᠨ ᠠᠰᠠᠷᠠᠬᠤ ᠠᠵᠢᠯ᠎ᠢ ᠴᠢᠩᠭ᠋ᠠᠳᠬᠠᠨ ᠰᠠᠢ᠌ᠵᠢᠷᠠᠭᠤᠯᠤᠭᠰᠠᠨ ᠪᠠᠢ᠌ᠳᠠᠯ᠎ᠤᠨ ᠲᠤᠬᠠᠢ ᠮᠡᠳᠡᠭᠦᠯᠦᠯᠲᠡ ᠮᠡᠳᠡᠭᠦᠯᠦᠯᠲᠡ᠎ᠳᠤ ᠢᠯᠡᠷᠡᠭᠦᠯᠦᠭᠰᠡᠨ ᠵᠶ᠋ᠡᠷ ᠮᠠᠨ᠎ᠤ ᠤᠯᠤᠰ ᠨᠠᠰᠤᠵᠢᠯ᠎ᠤᠨ ᠠᠰᠠᠷᠠᠮᠵᠢ ᠵᠢᠨ ᠪᠠᠢ᠌ᠭᠤᠯᠤᠮᠵᠢ ᠵᠢᠨ ᠬᠠᠷᠠᠭ᠋ᠠᠯᠵᠠᠨ ᠠᠰᠠᠷᠠᠬᠤ ᠴᠢᠳᠠᠪᠤᠷᠢ ᠵᠢ ᠬᠦᠴᠦᠯᠡᠨ ᠳᠡᠭᠡᠭᠰᠢᠯᠡᠭᠦᠯᠵᠦ᠂ 2023 ᠣᠨ᠎ᠤ ᠡᠴᠦᠰ ᠪᠣᠯᠲᠠᠯ᠎ᠠ ᠪᠥᠬᠥ ᠤᠯᠤᠰ᠎ᠤᠨ ᠨᠠᠰᠤᠵᠢᠯ᠎ᠤᠨ ᠠᠰᠠᠷᠠᠮᠵᠢ ᠵᠢᠨ ᠪᠠᠢ᠌ᠭᠤᠯᠤᠮᠵᠢ ᠵᠢᠨ ᠰᠤᠪᠢᠯᠠᠬᠤ ᠬᠡᠯᠪᠡᠷᠢ ᠵᠢᠨ ᠡᠪᠡᠳᠴᠢᠲᠡᠨ᠎ᠤ ᠣᠷᠣ ᠵᠢᠨ ᠡᠵᠡᠯᠡᠬᠦ ᠬᠠᠷᠢᠴᠠᠯ᠎ᠢ 58.9% ᠪᠣᠯᠲᠠᠯ᠎ᠠ ᠳᠡᠭᠡᠭᠰᠢᠯᠡᠭᠦᠯᠵᠦ ᠠᠷᠪᠠᠨ ᠳᠥᠷᠪᠡᠳᠦᠭᠡᠷ ᠲᠠᠪᠤᠨ ᠵᠢᠯ᠎ᠤᠨ ᠲᠥᠯᠦᠪᠵᠢᠭᠦᠯᠭᠡ ᠵᠢᠨ ᠬᠠᠷᠠᠯᠲᠠ ᠡᠭᠦᠷᠭᠡ ᠵᠢ ᠤᠷᠢᠳᠴᠢᠯᠠᠨ ᠪᠡᠶᠡᠯᠡᠭᠦᠯᠪᠡ᠃
    ᠪᠡᠶ᠎ᠡ᠎ᠳᠤ᠎ᠪᠠᠨ ᠵᠦᠪ ᠦᠬᠡᠢ ᠨᠠᠰᠤᠲᠠᠢ᠌ᠴᠤᠳ᠎ᠢ ᠠᠰᠠᠷᠠᠨ ᠬᠠᠷᠠᠭ᠋ᠠᠯᠵᠠᠬᠤ ᠪᠣᠯ ᠴᠢᠳᠠᠪᠤᠷᠢ᠎ᠪᠠᠨ ᠠᠯᠳᠠᠭᠰᠠᠨ ᠨᠠᠰᠤᠲᠠᠢ᠌ᠴᠤᠳ  ᠪᠠ ᠲᠡᠳᠡᠨ᠎ᠤ ᠭᠡᠷ ᠪᠦᠯᠢ ᠵᠢᠨ ᠪᠠᠴᠢᠮ ᠬᠡᠷᠡᠭᠴᠡᠭᠡ ᠮᠥᠨ᠂ ᠮᠥᠨ ᠴᠦ᠍ ᠪᠥᠬᠥ ᠨᠡᠢ᠌ᠭᠡᠮ᠎ᠤᠨ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠵᠣᠪᠠᠨᠢᠯ᠎ᠢ ᠨᠠᠮᠳᠠᠭᠤᠯᠬᠤ ᠵᠢᠨ ᠪᠠᠷᠢᠨ ᠭᠦᠢ᠍ᠴᠡᠳᠬᠡᠬᠦ ᠪᠠᠴᠢᠮ ᠡᠭᠦᠷᠭᠡ ᠮᠥᠨ᠂ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠠᠵᠢᠯ᠎ᠤᠨ ᠭᠣᠣᠯᠳᠠᠯᠭ᠎ᠠ ᠵᠢᠨ ᠳᠣᠲᠣᠷᠠᠬᠢ ᠭᠣᠣᠯᠳᠠᠯᠭ᠎ᠠ ᠮᠥᠨ᠃
   ᠮᠡᠳᠡᠭᠦᠯᠦᠯᠲᠡ᠎ᠳᠤ ᠢᠯᠡᠷᠡᠭᠦᠯᠦᠭᠰᠡᠨ ᠵᠶ᠋ᠡᠷ ᠮᠠᠨ᠎ᠤ ᠤᠯᠤᠰ ᠡᠩ ᠲᠡᠷᠢᠭᠦᠨ᠎ᠳᠤ ᠬᠥᠭᠵᠢᠭᠦᠯᠬᠦ᠂ ᠬᠠᠨᠳᠤᠯᠭ᠎ᠠ᠎ᠲᠠᠢ ᠳᠡᠮᠵᠢᠬᠦ᠂ ᠰᠢᠰᠲ᠋ᠧᠮ᠎ᠲᠠᠢ᠎ᠪᠠᠷ ᠠᠬᠢᠭᠤᠯᠬᠤ ᠵᠢ ᠪᠠᠷᠢᠮᠲᠠᠯᠠᠵᠤ᠂ ᠪᠡᠶ᠎ᠡ᠎ᠳᠤ᠎ᠪᠠᠨ ᠵᠦᠪ ᠦᠬᠡᠢ ᠨᠠᠰᠤᠲᠠᠢ᠌ᠴᠤᠳ᠎ᠢ ᠬᠠᠷᠠᠭ᠋ᠠᠯᠵᠠᠨ ᠠᠰᠠᠷᠠᠬᠤ ᠠᠵᠢᠯ ᠢᠯᠡᠳᠲᠡ ᠦᠷ᠎ᠡ ᠪᠦᠲᠦᠮᠵᠢ ᠣᠯᠪᠠ᠃ ᠨᠠᠰᠤᠵᠢᠯ᠎ᠤᠨ ᠠᠰᠠᠷᠠᠮᠵᠢ ᠵᠢᠨ ᠪᠠᠢ᠌ᠭᠤᠯᠤᠮᠵᠢ ᠵᠢᠨ ᠬᠠᠷᠠᠭ᠋ᠠᠯᠵᠠᠨ ᠠᠰᠠᠷᠠᠬᠤ ᠴᠢᠳᠠᠪᠤᠷᠢ ᠵᠢ ᠬᠦᠴᠦᠯᠡᠨ ᠳᠡᠭᠡᠭᠰᠢᠯᠡᠭᠦᠯᠬᠦ᠎ᠠᠴᠠ ᠭᠠᠳᠠᠨ᠎ᠠ ᠮᠠᠨ᠎ᠤ ᠤᠯᠤᠰ ᠭᠡᠷ᠎ᠲᠡᠭᠡᠨ ᠰᠠᠭᠤᠵᠤ ᠪᠠᠢ᠌ᠭ᠎ᠠ ᠨᠡᠢ᠌ᠭᠡᠮ ᠲᠣᠭᠣᠷᠢᠭ᠎ᠤᠨ ᠬᠠᠷᠠᠭ᠋ᠠᠯᠵᠠᠨ ᠠᠰᠠᠷᠠᠬᠤ ᠠᠭᠤᠯᠭ᠎ᠠ ᠵᠢ ᠬᠦᠴᠦᠯᠡᠨ ᠪᠠᠶᠠᠯᠢᠭᠵᠢᠭᠤᠯᠵᠤ᠂  ᠪᠡᠶ᠎ᠡ᠎ᠳᠤ᠎ᠪᠠᠨ ᠵᠦᠪ ᠦᠬᠡᠢ ᠨᠠᠰᠤᠲᠠᠢ᠌ᠴᠤᠳ᠎ᠤᠨ ᠭᠡᠷ᠎ᠲᠤ᠎ᠪᠠᠨ ᠬᠠᠷᠠᠭ᠋ᠠᠯᠵᠠᠨ ᠠᠰᠠᠷᠠᠬᠤ ᠬᠡᠷᠡᠭᠴᠡᠭᠡ ᠱᠠᠭ᠋ᠠᠷᠳᠠᠯᠭ᠎ᠠ ᠵᠢᠨ ᠲᠣᠭᠣᠷᠢᠨ᠎ᠳᠤ ᠬᠣᠭᠣᠯᠠ ᠤᠮᠳᠠ᠂ ᠤᠬᠢᠶᠠᠯᠭ᠎ᠠ᠂ ᠴᠡᠪᠡᠷᠯᠡᠭᠡ᠂ ᠠᠶᠠᠯᠠᠯ᠎ᠳᠤ ᠲᠤᠰᠠᠯᠠᠬᠤ᠂ ᠡᠮᠴᠢᠯᠡᠭᠡ᠎ᠳᠤ ᠲᠤᠰᠠᠯᠠᠬᠤ᠂ ᠪᠠᠴᠢᠮ ᠪᠠᠢ᠌ᠳᠠᠯ᠎ᠳᠤ ᠲᠤᠰᠠᠯᠠᠬᠤ ᠵᠡᠷᠭᠡ ᠦᠢ᠍ᠯᠡᠴᠢᠯᠡᠭᠡ ᠵᠢ ᠶᠡᠬᠡ᠎ᠪᠠᠷ ᠠᠬᠢᠭᠤᠯᠵᠤ ᠪᠠᠢ᠌ᠨ᠎ᠠ᠃ ᠠᠷᠪᠠᠨ ᠳᠥᠷᠪᠡᠳᠦᠭᠡᠷ ᠲᠠᠪᠤᠨ ᠵᠢᠯ᠎ᠤᠨ ᠲᠥᠯᠦᠪᠵᠢᠭᠦᠯᠭᠡ ᠵᠢᠨ ᠬᠤᠭᠤᠴᠠᠭ᠋ᠠᠨ᠎ᠳᠤ ᠲᠥᠪ᠎ᠤᠨ ᠡᠳ᠋᠎ᠤᠨ ᠵᠠᠰᠠᠭ᠎ᠠᠴᠠ ᠭᠡᠷ᠎ᠲᠤ᠎ᠪᠠᠨ ᠰᠠᠭᠤᠵᠤ ᠠᠰᠠᠷᠠᠭᠤᠯᠬᠤ ᠪᠠ ᠨᠡᠢ᠌ᠭᠡᠮ ᠲᠣᠭᠣᠷᠢᠭ᠎ᠤᠨ ᠨᠠᠰᠤᠵᠢᠯ᠎ᠤᠨ ᠦᠨᠳᠦᠰᠦᠨ ᠠᠰᠠᠷᠠᠮᠵᠢ ᠵᠢᠨ ᠦᠢ᠍ᠯᠡᠴᠢᠯᠡᠭᠡ ᠵᠢ ᠳᠡᠭᠡᠭᠰᠢᠯᠡᠭᠦᠯᠬᠦ ᠠᠵᠢᠯᠯᠠᠭ᠎ᠠ ᠵᠢᠨ ᠲᠥᠷᠥᠯ ᠵᠦᠢ᠍ᠯ ᠥᠷᠨᠢᠭᠦᠯᠬᠦ ᠵᠢ ᠳᠡᠮᠵᠢᠵᠦ ᠨᠥᠬᠥᠴᠡᠯ᠎ᠳᠤ ᠨᠡᠢ᠌ᠴᠡᠬᠦ ᠨᠠᠰᠤᠲᠠᠢ᠌ᠴᠤᠳ᠎ᠲᠤ 30.36 ᠲᠦᠮᠡᠨ ᠭᠡᠷ ᠪᠦᠯᠢ ᠵᠢᠨ ᠨᠠᠰᠤᠵᠢᠯ᠎ᠤᠨ ᠠᠰᠠᠷᠠᠮᠵᠢ ᠵᠢᠨ ᠣᠷᠣ ᠪᠠᠢ᠌ᠭᠤᠯᠤᠨ ᠥᠭᠴᠦ ᠭᠡᠷ᠎ᠲᠤ᠎ᠪᠠᠨ ᠰᠠᠭᠤᠵᠤ ᠪᠠᠢ᠌ᠭ᠎ᠠ ᠨᠠᠰᠤᠲᠠᠢ᠌ᠴᠤᠳ᠎ᠢ ᠭᠡᠷ᠎ᠲᠤ᠎ᠨᠢ ᠬᠦᠷᠭᠡᠬᠦ ᠦᠢ᠍ᠯᠡᠴᠢᠯᠡᠭᠡ ᠵᠢ 53.58 ᠲᠦᠮᠡᠨ ᠤᠳᠠᠭ᠎ᠠ ᠬᠠᠩᠭ᠋ᠠᠪᠠ᠃ ᠡᠯ᠎ᠡ ᠭᠠᠵᠠᠷ᠎ᠤᠨ᠎ᠬᠢᠨ᠎ᠢ ᠵᠣᠬᠢᠶᠠᠨ ᠪᠠᠢ᠌ᠭᠤᠯᠤᠨ ᠣᠨᠴᠠᠭ᠋ᠠᠶ ᠬᠦᠴᠢᠷᠳᠡᠯ᠎ᠲᠠᠢ ᠨᠠᠰᠤᠲᠠᠢ᠌ᠴᠤᠳ᠎ᠤᠨ ᠭᠡᠷ ᠪᠦᠯᠢ ᠵᠢᠨ ᠨᠠᠰᠤᠵᠢᠯᠲᠠ᠎ᠳᠤ ᠲᠤᠬᠢᠷᠠᠬᠤ ᠥᠭᠡᠷᠡᠴᠢᠯᠡᠯᠲᠡ ᠵᠢ ᠬᠡᠷᠡᠭᠵᠢᠭᠦᠯᠵᠦ 172 ᠲᠦᠮᠡᠨ ᠡᠷᠦᠬᠡ᠎ᠳᠤ ᠨᠠᠰᠤᠵᠢᠯᠳᠠ᠎ᠳᠤ ᠲᠤᠬᠢᠷᠠᠬᠤ ᠦᠬᠡᠷᠡᠴᠢᠯᠡᠯᠳᠡ ᠵᠢᠨ ᠲᠦᠷᠤᠯ ᠵᠦᠢ᠍ᠯ᠎ᠢ ᠬᠡᠷᠡᠭᠵᠢᠬᠦᠯᠪᠡ᠃
    
   


    





    

 

ᠢᠷᠡᠯᠲᠡ᠄ ᠦᠪᠤᠷ ᠮᠤᠡᠭᠭᠤᠯ᠎ᠤᠨ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠲᠢᠡᠭᠭᠢᠮ᠎ᠤᠨ ᠮᠤᠡᠭᠭᠤᠯ ᠰᠦᠯᠵᠢᠶ᠎ᠡ
          
ᠬᠠᠮᠢᠶ᠎ᠡ ᠪᠦᠬᠦᠢ ᠰᠣᠨᠢᠨ
ᠲᠦᠷᠦᠭᠦᠸ᠋ ᠭᠤᠷᠪᠠᠨ ᠤᠯᠠᠷᠢᠯ᠎ᠳᠤ ᠪᠥᠬᠥ ᠣᠷᠣᠨ᠎ᠤ ᠬᠡᠪᠴᠢᠶᠡᠵᠢᠯ᠎ᠠᠴᠠ ᠲᠡᠭᠡᠭᠰᠢᠬᠢ ᠠᠵᠤ ᠦᠢ᠍ᠯᠡᠳᠪᠦᠷᠢ ᠵᠢᠨ ᠠᠵᠤ ᠠᠬᠤᠢ᠌ᠯᠠᠯ᠎ᠤᠨ ᠨᠡᠭᠦᠷᠡᠰᠦᠨ᠎ᠤ ᠭᠠᠷᠤᠯᠲᠠ ᠪᠠ ᠴᠠᠬᠢᠯᠭ᠋ᠠᠨ ᠭᠠᠷᠭ᠋ᠠᠬᠤ ᠬᠡᠮᠵᠢᠶ᠎ᠡ ᠴᠥᠮ ᠪᠥᠬᠥ ᠤᠯᠤᠰ᠎ᠤᠨ ᠨᠢᠭᠡᠳᠦᠭᠡᠷ᠎ᠲᠤ ᠣᠷᠣᠪᠠ
ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ 2024 ᠣᠨ᠎ᠤ ᠭᠤᠷᠪᠠᠳᠤᠭ᠋ᠠᠷ ᠲᠠᠯᠠᠪᠤᠷ 《ᠵᠠᠰᠠᠭ ᠠᠵᠤ ᠠᠬᠤᠢ᠌ᠯᠠᠯ᠎ᠤᠨ᠎ᠬᠢᠨ ᠰᠡᠳᠬᠢᠯ ᠵᠶ᠋ᠡᠨ ᠨᠢᠭᠡᠳᠬᠡᠨ ᠴᠢᠩ ᠰᠡᠳᠬᠢᠯ᠎ᠠᠴᠠ᠎ᠪᠠᠨ ᠶᠠᠷᠢᠯᠴᠠᠬᠤ ᠬᠤᠷᠠᠯ》 ᠬᠤᠷᠠᠯᠳᠤᠪᠠ
ᠪᠦᠬᠦ ᠣᠷᠣᠨ᠎ᠤ ᠡᠯᠡᠰᠦᠵᠢᠬᠦ ᠵᠢ ᠰᠡᠷᠭᠡᠢ᠌ᠯᠡᠵᠦ ᠡᠯᠡᠰᠦ ᠵᠢ ᠵᠠᠰᠠᠬᠤ ᠪᠠ ᠰᠠᠯᠬᠢᠨ ᠴᠠᠬᠢᠯᠭ᠋ᠠᠨ ᠭᠡᠷᠡᠯ ᠴᠡᠨᠡᠭ᠎ᠢ ᠨᠢᠭᠡ ᠴᠣᠭᠴᠠᠵᠢᠭᠤᠯᠬᠤ ᠢᠨᠵᠧᠨᠧᠷᠢᠩ᠎ᠤᠨ ᠡᠯᠡᠰᠦᠵᠢᠭᠰᠡᠨ ᠭᠠᠵᠠᠷ ᠰᠢᠷᠣᠢ ᠵᠢ ᠵᠠᠰᠠᠬᠤ ᠡᠭᠦᠷᠭᠡ ᠵᠢ 237.58 ᠲᠦᠮᠡᠨ ᠮᠦ᠍ ᠪᠡᠶᠡᠯᠡᠭᠦᠯᠵᠡᠢ
ᠬᠡᠪᠴᠢᠶᠡᠵᠢᠯ᠎ᠠᠴᠠ ᠲᠡᠭᠡᠭᠰᠢᠬᠢ ᠠᠵᠤ ᠦᠢ᠍ᠯᠡᠳᠪᠦᠷᠢ ᠵᠢᠨ ᠨᠡᠮᠡᠭᠳᠡᠯ ᠥᠷᠲᠡᠭ ᠠᠳᠠᠯᠢ ᠬᠤᠭᠤᠴᠠᠭ᠋ᠠᠨ᠎ᠤ᠎ᠬᠢ᠎ᠠᠴᠠ 6.9% ᠨᠡᠮᠡᠭᠳᠡᠵᠦ᠂ ᠲᠣᠭᠲᠠᠮᠠᠯ ᠪᠡᠯᠡ ᠣᠷᠣᠭᠤᠯᠤᠯᠲᠠ ᠠᠳᠠᠯᠢ ᠬᠤᠭᠤᠴᠠᠭ᠋ᠠᠨ᠎ᠤ᠎ᠬᠢ᠎ᠠᠴᠠ 11.4% ᠨᠡᠮᠡᠭᠳᠡᠪᠡ
ᠨᠢᠳᠤᠨᠤᠨ ᠪᠥᠬᠥ ᠣᠷᠣᠨ᠎ᠤ ᠡᠩ᠎ᠤᠨ ᠣᠯᠠᠨ ᠨᠡᠶ᠋ᠢᠲᠡ ᠵᠢᠨ ᠲᠥᠰᠥᠪ᠎ᠤᠨ ᠣᠷᠣᠯᠭ᠎ᠠ 3150.3 ᠳ᠋ᠦᠩᠰᠢᠭᠤᠷ ᠲᠥᠭᠥᠷᠢᠭ᠎ᠲᠤ ᠬᠥᠷᠪᠡ
 
            