ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠦᠢᠯᠡᠴᠢᠯᠡᠭᠡ   -   ᠲᠤᠭ᠎ᠠ ᠪᠠᠷᠢᠮᠲᠠ᠎ᠶᠢᠨ ᠨᠡᠶ᠋ᠢᠲᠡᠯᠡᠯ
ᠲᠦᠷᠦᠭᠦᠸ᠋ ᠭᠤᠷᠪᠠᠨ ᠤᠯᠠᠷᠢᠯ᠎ᠳᠤ ᠪᠥᠬᠥ ᠣᠷᠣᠨ᠎ᠤ ᠬᠡᠪᠴᠢᠶᠡᠵᠢᠯ᠎ᠠᠴᠠ ᠲᠡᠭᠡᠭᠰᠢᠬᠢ ᠠᠵᠤ ᠦᠢ᠍ᠯᠡᠳᠪᠦᠷᠢ ᠵᠢᠨ ᠠᠵᠤ ᠠᠬᠤᠢ᠌ᠯᠠᠯ᠎ᠤᠨ ᠨᠡᠭᠦᠷᠡᠰᠦᠨ᠎ᠤ ᠭᠠᠷᠤᠯᠲᠠ ᠪᠠ ᠴᠠᠬᠢᠯᠭ᠋ᠠᠨ ᠭᠠᠷᠭ᠋ᠠᠬᠤ ᠬᠡᠮᠵᠢᠶ᠎ᠡ ᠴᠥᠮ ᠪᠥᠬᠥ ᠤᠯᠤᠰ᠎ᠤᠨ ᠨᠢᠭᠡᠳᠦᠭᠡᠷ᠎ᠲᠤ ᠣᠷᠣᠪᠠ
ᠨᠡᠶᠢᠲᠡᠯᠡᠭᠰᠡᠨ ᠴᠠᠭ᠄ 2024-10-28

    ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠲᠣᠭ᠎ᠠ ᠪᠦᠷᠢᠳᠬᠡᠯ᠎ᠤᠨ ᠲᠣᠪᠴᠢᠶ᠎ᠠ ᠵᠢᠨ᠎ᠬᠢᠨ᠎ᠠᠴᠠ ᠣᠢ᠌ᠯᠠᠭ᠋ᠠᠭᠰᠠᠨ᠎ᠨᠢ᠄ ᠡᠨᠡ ᠵᠢᠯ᠎ᠤᠨ ᠲᠦᠷᠦᠭᠦᠸ᠋ ᠭᠤᠷᠪᠠᠨ ᠤᠯᠠᠷᠢᠯ᠎ᠳᠤ ᠪᠥᠬᠥ ᠣᠷᠣᠨ᠎ᠤ ᠬᠡᠪᠴᠢᠶᠡᠵᠢᠯ᠎ᠠᠴᠠ ᠳᠡᠭᠡᠭᠰᠢᠬᠢ ᠠᠵᠤ ᠦᠢ᠍ᠯᠡᠳᠪᠦᠷᠢ ᠵᠢᠨ ᠠᠵᠤ ᠠᠬᠤᠢ᠌ᠯᠠᠯ᠎ᠤᠨ ᠨᠡᠭᠦᠷᠡᠰᠦᠨ᠎ᠤ ᠭᠠᠷᠤᠯᠲᠠ᠂ ᠴᠠᠬᠢᠯᠭ᠋ᠠᠨ ᠭᠠᠷᠭ᠋ᠠᠬᠤ ᠬᠡᠮᠵᠢᠶ᠎ᠡ ᠪᠥᠬᠥ ᠤᠯᠤᠰ᠎ᠲᠤ ᠲᠡᠷᠢᠭᠦᠯᠡᠪᠡ᠃
    ᠲᠦᠭᠦᠬᠡᠢ ᠨᠡᠭᠦᠷᠡᠰᠦᠨ᠎ᠤ ᠭᠠᠷᠤᠯᠲᠠ᠎ᠠᠴᠠ ᠦᠵᠡᠪᠡᠯ ᠲᠦᠷᠦᠭᠦᠸ᠋ ᠭᠤᠷᠪᠠᠨ ᠤᠯᠠᠷᠢᠯ᠎ᠳᠤ ᠪᠥᠬᠥ ᠣᠷᠣᠨ᠎ᠤ ᠬᠡᠪᠴᠢᠶᠡᠵᠢᠯ᠎ᠠᠴᠠ  ᠳᠡᠭᠡᠭᠰᠢᠬᠢ ᠠᠵᠤ ᠦᠢ᠍ᠯᠡᠳᠪᠦᠷᠢ ᠵᠢᠨ ᠠᠵᠤ ᠠᠬᠤᠢ᠌ᠯᠠᠯ᠎ᠤᠨ ᠲᠦᠭᠦᠬᠡᠢ ᠨᠡᠭᠦᠷᠡᠰᠦᠨ᠎ᠤ ᠭᠠᠷᠤᠯᠲᠠ 9.5 ᠳ᠋ᠦᠩᠰᠢᠭᠤᠷ ᠲᠣᠨ᠎ᠳᠤ ᠬᠦᠷᠴᠦ᠂ ᠠᠳᠠᠯᠢ ᠬᠤᠭᠤᠴᠠᠭ᠋ᠠᠨ᠎ᠤ᠎ᠬᠢ᠎ᠠᠴᠠ 4.6%᠎ᠪᠠᠷ ᠨᠡᠮᠡᠭᠳᠡᠨ᠂ ᠨᠡᠮᠡᠭᠳᠡᠯ᠎ᠤᠨ ᠬᠤᠷᠳᠤᠴᠠ᠎ᠨᠢ 1—8 ᠳ᠋ᠤᠭ᠋ᠠᠷ ᠰᠠᠷ᠎ᠠ ᠵᠢᠨ᠎ᠬᠢ᠎ᠠᠴᠠ 0.4 ᠵᠠᠭᠤᠨ᠎ᠤ ᠨᠢᠭᠡᠴᠢ ᠲᠦᠷᠭᠡᠳᠴᠡᠢ᠃ ᠡᠭᠦᠨ᠎ᠳᠤ 9 ᠳ᠋ᠦᠭᠡᠷ ᠰᠠᠷ᠎ᠠ᠎ᠳᠤ ᠪᠥᠬᠥ ᠣᠷᠣᠨ᠎ᠤ ᠨᠡᠭᠦᠷᠡᠰᠦᠨ᠎ᠤ ᠭᠠᠷᠤᠯᠲᠠ 1.09 ᠳ᠋ᠦᠩᠰᠢᠭᠤᠷ ᠲᠣᠨ᠎ᠳᠤ ᠬᠦᠷᠴᠦ ᠠᠳᠠᠯᠢ ᠬᠤᠭᠤᠴᠠᠭ᠋ᠠᠨ᠎ᠤ᠎ᠬᠢ᠎ᠠᠴᠠ 6.7%᠎ᠪᠠᠷ ᠨᠡᠮᠡᠭᠳᠡᠪᠡ᠃ ᠭᠣᠣᠯ ᠭᠠᠷᠤᠯᠲᠠ ᠵᠢᠨ ᠣᠷᠣᠨ᠎ᠤ ᠨᠡᠭᠦᠷᠡᠰᠦᠨ᠎ᠤ ᠭᠠᠷᠤᠯᠲᠠ᠎ᠠᠴᠠ ᠦᠵᠡᠪᠡᠯ ᠣᠷᠳᠣᠰ ᠬᠣᠲᠠ᠂ ᠰᠢᠯᠢ ᠵᠢᠨ ᠭᠣᠣᠯ ᠠᠢ᠌ᠮᠠᠭ᠎ᠤᠨ ᠨᠡᠭᠦᠷᠡᠰᠦᠨ᠎ᠤ ᠭᠠᠷᠤᠯᠲᠠ ᠨᠡᠶ᠋ᠢᠲᠡ ᠠᠳᠠᠯᠢ ᠬᠤᠭᠤᠴᠠᠭ᠋ᠠᠨ᠎ᠤ ᠪᠥᠬᠥ ᠣᠷᠣᠨ᠎ᠤ ᠨᠡᠭᠦᠷᠡᠰᠦᠨ᠎ᠤ ᠭᠠᠷᠤᠯᠲᠠ ᠵᠢᠨ 79.9% ᠵᠢ ᠡᠵᠡᠯᠡᠵᠦ ᠨᠡᠶ᠋ᠢᠲᠡ ᠠᠳᠠᠯᠢ ᠬᠤᠭᠤᠴᠠᠭ᠋ᠠᠨ᠎ᠤ ᠪᠥᠬᠥ ᠣᠷᠣᠨ᠎ᠤ ᠨᠡᠭᠦᠷᠡᠰᠦᠨ᠎ᠤ ᠭᠠᠷᠤᠯᠲᠠ ᠵᠢᠨ ᠨᠡᠮᠡᠭᠳᠡᠯ᠎ᠢ 4.5 ᠵᠠᠭᠤᠨ᠎ᠤ ᠨᠢᠭᠡᠴᠢ ᠳᠠᠶ᠋ᠢᠴᠢᠯᠠᠪᠠ᠃ ᠡᠭᠦᠨ᠎ᠳᠤ ᠣᠷᠳᠣᠰ ᠬᠣᠲᠠ ᠵᠢᠨ ᠨᠡᠭᠦᠷᠡᠰᠦᠨ᠎ᠤ ᠭᠠᠷᠤᠯᠲᠠ 6.52 ᠳ᠋ᠦᠩᠰᠢᠭᠤᠷ ᠲᠣᠨ᠎ᠳᠤ ᠬᠦᠷᠴᠦ ᠠᠳᠠᠯᠢ ᠬᠤᠭᠤᠴᠠᠭ᠋ᠠᠨ᠎ᠤ᠎ᠬᠢ᠎ᠠᠴᠠ 5.3% ᠨᠡᠮᠡᠭᠳᠡᠪᠡ᠃ ᠰᠢᠯᠢ ᠵᠢᠨ ᠭᠣᠣᠯ ᠠᠢ᠌ᠮᠠᠭ᠎ᠤᠨ ᠨᠡᠭᠦᠷᠡᠰᠦᠨ᠎ᠤ ᠭᠠᠷᠤᠯᠲᠠ 1.07 ᠳ᠋ᠦᠩᠰᠢᠭᠤᠷ ᠲᠣᠨ᠎ᠳᠤ ᠬᠦᠷᠴᠦ᠂ ᠠᠳᠠᠯᠢ ᠬᠤᠭᠤᠴᠠᠭ᠋ᠠᠨ᠎ᠤ᠎ᠬᠢ᠎ᠠᠴᠠ 7.8%᠎ᠪᠠᠷ ᠨᠡᠮᠡᠭᠳᠡᠪᠡ᠃
    ᠴᠠᠬᠢᠯᠭ᠋ᠠᠨ ᠭᠠᠷᠭ᠋ᠠᠭᠰᠠᠨ ᠬᠡᠮᠵᠢᠶ᠎ᠡ᠎ᠠᠴᠠ ᠦᠵᠡᠪᠡᠯ ᠲᠦᠷᠦᠭᠦᠸ᠋ ᠭᠤᠷᠪᠠᠨ ᠤᠯᠠᠷᠢᠯ᠎ᠳᠤ ᠪᠥᠬᠥ ᠣᠷᠣᠨ᠎ᠤ ᠬᠡᠪᠴᠢᠶᠡᠵᠢᠯ᠎ᠠᠴᠠ ᠳᠡᠭᠡᠭᠰᠢᠬᠢ ᠠᠵᠤ ᠦᠢ᠍ᠯᠡᠳᠪᠦᠷᠢ ᠵᠢᠨ ᠠᠵᠤ ᠠᠬᠤᠢ᠌ᠯᠠᠯ᠎ᠤᠨ ᠴᠠᠬᠢᠯᠭ᠋ᠠᠨ ᠭᠠᠷᠭ᠋ᠠᠭᠰᠠᠨ ᠬᠡᠮᠵᠢᠶ᠎ᠡ 5990.7 ᠳ᠋ᠦᠩᠰᠢᠭᠤᠷ ᠺᠢᠯᠣᠸᠠᠲ ᠴᠠᠭ᠎ᠲᠤ ᠬᠦᠷᠴᠦ ᠠᠳᠠᠯᠢ ᠬᠤᠭᠤᠴᠠᠭ᠋ᠠᠨ᠎ᠤ᠎ᠬᠢ᠎ᠠᠴᠠ 9.6%᠎ᠪᠠᠷ ᠨᠡᠮᠡᠭᠳᠡᠪᠡ᠃ ᠡᠭᠦᠨ᠎ᠳᠤ ᠬᠡᠪᠴᠢᠶᠡᠵᠢᠯ᠎ᠠᠴᠠ ᠳᠡᠭᠡᠭᠰᠢᠬᠢ ᠠᠵᠤ ᠦᠢ᠍ᠯᠡᠳᠪᠦᠷᠢ ᠵᠢᠨ ᠠᠵᠤ ᠠᠬᠤᠢ᠌ᠯᠠᠯ᠎ᠤᠨ ᠰᠢᠨ᠎ᠡ ᠡᠨᠧᠷᠭᠢ ᠵᠢᠨ ᠴᠠᠬᠢᠯᠭ᠋ᠠᠨ ᠭᠠᠷᠭ᠋ᠠᠭᠰᠠᠨ ᠬᠡᠮᠵᠢᠶ᠎ᠡ 1347.0 ᠳ᠋ᠦᠩᠰᠢᠭᠤᠷ ᠺᠢᠯᠣᠸᠠᠲ ᠴᠠᠭ᠎ᠲᠤ ᠬᠦᠷᠴᠦ ᠠᠳᠠᠯᠢ ᠬᠤᠭᠤᠴᠠᠭ᠋ᠠᠨ᠎ᠤ᠎ᠬᠢ᠎ᠠᠴᠠ 23.5%᠎ᠪᠠᠷ ᠨᠡᠮᠡᠭᠳᠡᠨ᠂ ᠠᠳᠠᠯᠢ ᠬᠤᠭᠤᠴᠠᠭ᠋ᠠᠨ᠎ᠤ ᠪᠥᠬᠥ ᠴᠠᠬᠢᠯᠭ᠋ᠠᠨ ᠭᠠᠷᠭ᠋ᠠᠭᠰᠠᠨ ᠬᠡᠮᠵᠢᠶᠡᠨ᠎ᠤ ᠨᠡᠮᠡᠭᠳᠡᠯ᠎ᠤᠨ ᠬᠤᠷᠳᠤᠴᠠ᠎ᠠᠴᠠ 13.9 ᠵᠠᠭᠤᠨ᠎ᠤ ᠨᠢᠭᠡᠴᠢ ᠥᠨᠳᠥᠷ ᠪᠣᠯᠵᠠᠢ᠃ ᠰᠢᠨ᠎ᠡ ᠡᠨᠧᠷᠭᠢ ᠵᠢᠨ ᠴᠠᠬᠢᠯᠭ᠋ᠠᠨ ᠭᠠᠷᠭ᠋ᠠᠬᠤ ᠬᠡᠮᠵᠢᠶ᠎ᠡ ᠵᠢᠨ ᠳᠣᠲᠣᠷ᠎ᠠ ᠰᠠᠯᠬᠢᠨ᠎ᠤ ᠬᠦᠴᠦᠨ᠎ᠤ ᠴᠠᠬᠢᠯᠭ᠋ᠠᠨ ᠭᠠᠷᠭ᠋ᠠᠬᠤ ᠬᠡᠮᠵᠢᠶ᠎ᠡ 1105.1 ᠳ᠋ᠦᠩᠰᠢᠭᠤᠷ ᠺᠢᠯᠣᠸᠠᠲ ᠴᠠᠭ᠎ᠲᠤ ᠬᠦᠷᠴᠦ ᠠᠳᠠᠯᠢ ᠬᠤᠭᠤᠴᠠᠭ᠋ᠠᠨ᠎ᠤ᠎ᠬᠢ᠎ᠠᠴᠠ 20.9%᠎ᠪᠠᠷ ᠨᠡᠮᠡᠭᠳᠡᠪᠡ᠃ ᠨᠡᠷᠡᠨ᠎ᠤ ᠡᠨᠧᠷᠭᠢ᠎ᠪᠠᠷ ᠴᠠᠬᠢᠯᠭ᠋ᠠᠨ ᠭᠠᠷᠭ᠋ᠠᠭᠰᠠᠨ ᠬᠡᠮᠵᠢᠶ᠎ᠡ 230.6 ᠳ᠋ᠦᠩᠰᠢᠭᠤᠷ ᠺᠢᠯᠣᠸᠠᠲ ᠴᠠᠭ᠎ᠲᠤ ᠬᠦᠷᠴᠦ ᠠᠳᠠᠯᠢ ᠬᠤᠭᠤᠴᠠᠭ᠋ᠠᠨ᠎ᠤ᠎ᠬᠢ᠎ᠠᠴᠠ 41.9%᠎ᠪᠠᠷ ᠨᠡᠮᠡᠭᠳᠡᠵᠡᠢ᠃




 

  

 

ᠢᠷᠡᠯᠲᠡ᠄ ᠦᠪᠤᠷ ᠮᠤᠡᠭᠭᠤᠯ᠎ᠤᠨ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠲᠢᠡᠭᠭᠢᠮ᠎ᠤᠨ ᠮᠤᠡᠭᠭᠤᠯ ᠰᠦᠯᠵᠢᠶ᠎ᠡ
          
ᠬᠠᠮᠢᠶ᠎ᠡ ᠪᠦᠬᠦᠢ ᠰᠣᠨᠢᠨ
ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ 2024 ᠣᠨ᠎ᠤ ᠭᠤᠷᠪᠠᠳᠤᠭ᠋ᠠᠷ ᠲᠠᠯᠠᠪᠤᠷ 《ᠵᠠᠰᠠᠭ ᠠᠵᠤ ᠠᠬᠤᠢ᠌ᠯᠠᠯ᠎ᠤᠨ᠎ᠬᠢᠨ ᠰᠡᠳᠬᠢᠯ ᠵᠶ᠋ᠡᠨ ᠨᠢᠭᠡᠳᠬᠡᠨ ᠴᠢᠩ ᠰᠡᠳᠬᠢᠯ᠎ᠠᠴᠠ᠎ᠪᠠᠨ ᠶᠠᠷᠢᠯᠴᠠᠬᠤ ᠬᠤᠷᠠᠯ》 ᠬᠤᠷᠠᠯᠳᠤᠪᠠ
ᠪᠦᠬᠦ ᠣᠷᠣᠨ᠎ᠤ ᠡᠯᠡᠰᠦᠵᠢᠬᠦ ᠵᠢ ᠰᠡᠷᠭᠡᠢ᠌ᠯᠡᠵᠦ ᠡᠯᠡᠰᠦ ᠵᠢ ᠵᠠᠰᠠᠬᠤ ᠪᠠ ᠰᠠᠯᠬᠢᠨ ᠴᠠᠬᠢᠯᠭ᠋ᠠᠨ ᠭᠡᠷᠡᠯ ᠴᠡᠨᠡᠭ᠎ᠢ ᠨᠢᠭᠡ ᠴᠣᠭᠴᠠᠵᠢᠭᠤᠯᠬᠤ ᠢᠨᠵᠧᠨᠧᠷᠢᠩ᠎ᠤᠨ ᠡᠯᠡᠰᠦᠵᠢᠭᠰᠡᠨ ᠭᠠᠵᠠᠷ ᠰᠢᠷᠣᠢ ᠵᠢ ᠵᠠᠰᠠᠬᠤ ᠡᠭᠦᠷᠭᠡ ᠵᠢ 237.58 ᠲᠦᠮᠡᠨ ᠮᠦ᠍ ᠪᠡᠶᠡᠯᠡᠭᠦᠯᠵᠡᠢ
ᠬᠡᠪᠴᠢᠶᠡᠵᠢᠯ᠎ᠠᠴᠠ ᠲᠡᠭᠡᠭᠰᠢᠬᠢ ᠠᠵᠤ ᠦᠢ᠍ᠯᠡᠳᠪᠦᠷᠢ ᠵᠢᠨ ᠨᠡᠮᠡᠭᠳᠡᠯ ᠥᠷᠲᠡᠭ ᠠᠳᠠᠯᠢ ᠬᠤᠭᠤᠴᠠᠭ᠋ᠠᠨ᠎ᠤ᠎ᠬᠢ᠎ᠠᠴᠠ 6.9% ᠨᠡᠮᠡᠭᠳᠡᠵᠦ᠂ ᠲᠣᠭᠲᠠᠮᠠᠯ ᠪᠡᠯᠡ ᠣᠷᠣᠭᠤᠯᠤᠯᠲᠠ ᠠᠳᠠᠯᠢ ᠬᠤᠭᠤᠴᠠᠭ᠋ᠠᠨ᠎ᠤ᠎ᠬᠢ᠎ᠠᠴᠠ 11.4% ᠨᠡᠮᠡᠭᠳᠡᠪᠡ
ᠨᠢᠳᠤᠨᠤᠨ ᠪᠥᠬᠥ ᠣᠷᠣᠨ᠎ᠤ ᠡᠩ᠎ᠤᠨ ᠣᠯᠠᠨ ᠨᠡᠶ᠋ᠢᠲᠡ ᠵᠢᠨ ᠲᠥᠰᠥᠪ᠎ᠤᠨ ᠣᠷᠣᠯᠭ᠎ᠠ 3150.3 ᠳ᠋ᠦᠩᠰᠢᠭᠤᠷ ᠲᠥᠭᠥᠷᠢᠭ᠎ᠲᠤ ᠬᠥᠷᠪᠡ
ᠥᠪᠥᠷ ᠮᠣᠩᠭᠣᠯ ᠲᠥᠪ᠎ᠤᠨ ᠡᠳ᠋᠎ᠤᠨ ᠵᠠᠰᠠᠭ᠎ᠤᠨ 2024 ᠣᠨ᠎ᠤ ᠲᠠᠷᠢᠶᠠᠯᠠᠩ᠎ᠤᠨ ᠳᠠᠭ᠋ᠠᠳᠬᠠᠯ᠎ᠤᠨ ᠵᠠᠷᠤᠳᠠᠯ᠎ᠤᠨ ᠨᠥᠬᠥᠪᠦᠷᠢ ᠵᠢ 38.65 ᠳ᠋ᠦᠩᠰᠢᠭᠤᠷ ᠲᠥᠭᠥᠷᠢᠭ ᠬᠦᠷᠳᠡᠬᠡᠳ ᠨᠥᠬᠥᠪᠦᠷᠢ ᠮᠥᠩᠭᠥ ᠵᠢᠨ ᠬᠡᠪᠴᠢᠶ᠎ᠡ ᠪᠥᠬᠥ ᠤᠯᠤᠰ᠎ᠲᠤ ᠲᠡᠷᠢᠬᠦᠯᠡᠵᠡᠢ
 
            