ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠦᠢᠯᠡᠴᠢᠯᠡᠭᠡ   -   ᠲᠤᠭ᠎ᠠ ᠪᠠᠷᠢᠮᠲᠠ᠎ᠶᠢᠨ ᠨᠡᠶ᠋ᠢᠲᠡᠯᠡᠯ
ᠬᠡᠪᠴᠢᠶᠡᠵᠢᠯ᠎ᠠᠴᠠ ᠲᠡᠭᠡᠭᠰᠢᠬᠢ ᠠᠵᠤ ᠦᠢ᠍ᠯᠡᠳᠪᠦᠷᠢ ᠵᠢᠨ ᠨᠡᠮᠡᠭᠳᠡᠯ ᠥᠷᠲᠡᠭ ᠠᠳᠠᠯᠢ ᠬᠤᠭᠤᠴᠠᠭ᠋ᠠᠨ᠎ᠤ᠎ᠬᠢ᠎ᠠᠴᠠ 6.9% ᠨᠡᠮᠡᠭᠳᠡᠵᠦ᠂ ᠲᠣᠭᠲᠠᠮᠠᠯ ᠪᠡᠯᠡ ᠣᠷᠣᠭᠤᠯᠤᠯᠲᠠ ᠠᠳᠠᠯᠢ ᠬᠤᠭᠤᠴᠠᠭ᠋ᠠᠨ᠎ᠤ᠎ᠬᠢ᠎ᠠᠴᠠ 11.4% ᠨᠡᠮᠡᠭᠳᠡᠪᠡ
ᠨᠡᠶᠢᠲᠡᠯᠡᠭᠰᠡᠨ ᠴᠠᠭ᠄ 2024-11-20

    ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠣᠭ᠎ᠠ ᠪᠦᠷᠢᠳᠬᠡᠯ᠎ᠤᠨ ᠲᠣᠪᠴᠢᠶ᠎ᠠ᠎ᠠᠴᠠ ᠣᠢ᠌ᠯᠠᠭ᠋ᠠᠭᠰᠠᠨ ᠵᠶ᠋ᠡᠷ᠄ ᠡᠨᠡ ᠵᠢᠯ᠎ᠤᠨ 1—10 ᠳ᠋ᠤᠭ᠋ᠠᠷ ᠰᠠᠷ᠎ᠠ᠎ᠳᠤ ᠪᠥᠬᠥ ᠣᠷᠣᠨ᠎ᠤ ᠠᠵᠤ ᠦᠢ᠍ᠯᠡᠳᠪᠦᠷᠢ ᠵᠢᠨ ᠦᠢ᠍ᠯᠡᠳᠪᠦᠷᠢᠯᠡᠯ᠂ ᠲᠣᠭᠲᠠᠮᠠᠯ ᠬᠥᠷᠥᠩᠭᠡ ᠵᠢᠨ ᠪᠡᠯᠡ ᠣᠷᠣᠭᠤᠯᠤᠯᠲᠠ᠂ ᠵᠠᠬ᠎ᠠ ᠳᠡᠯᠭᠡᠭᠦᠷ᠎ᠤᠨ ᠬᠡᠷᠡᠭᠯᠡᠭᠡ ᠴᠥᠮ ᠠᠳᠠᠯᠢ ᠬᠤᠭᠤᠴᠠᠭ᠋ᠠᠨ᠎ᠤ᠎ᠬᠢ᠎ᠠᠴᠠ ᠨᠡᠮᠡᠭᠳᠡᠵᠦ᠂ ᠪᠦᠬᠦᠯᠢ ᠴᠣᠭᠴᠠ ᠵᠢᠨ ᠠᠵᠤ ᠠᠬᠤᠢ ᠵᠢᠨ ᠲᠣᠭᠲᠠᠭᠤᠨ ᠵᠶ᠋ᠠᠷ ᠠᠵᠢᠯᠯᠠᠬᠤ ᠪᠠᠢ᠌ᠳᠠᠯ ᠵᠶ᠋ᠠᠨ ᠪᠠᠲᠤᠯᠠᠪᠠ᠃
     ᠠᠵᠤ ᠦᠢ᠍ᠯᠡᠳᠪᠦᠷᠢ ᠵᠢᠨ ᠦᠢ᠍ᠯᠡᠳᠪᠦᠷᠢᠯᠡᠯ ᠲᠣᠭᠲᠠᠭᠤᠨ ᠵᠶ᠋ᠠᠷ ᠨᠡᠮᠡᠭᠳᠡᠪᠡ᠃ 2024 ᠣᠨ᠎ᠤ ᠨᠠᠮᠤᠷ᠎ᠠᠴᠠ ᠨᠠᠭ᠋ᠠᠰᠢ ᠣᠷᠳᠣᠰ ᠬᠤᠳᠠ ᠵᠢᠨ ᠵᠡᠭᠦᠨᠭ᠋ᠠᠷ ᠠᠵᠤ ᠠᠬᠤᠢ ᠵᠢᠨ ᠨᠡᠭᠡᠭᠡᠨ ᠬᠥᠭᠵᠢᠭᠦᠯᠦᠯᠲᠡ ᠵᠢᠨ ᠲᠣᠭᠣᠷᠢᠭ᠎ᠤᠨ 《ᠳ᠋ᠠ ᠯᠦ᠍》 ᠠᠵᠤ ᠦᠢ᠍ᠯᠡᠰ᠎ᠤᠨ ᠬᠦᠷᠢᠶᠡᠯᠡᠩ᠎ᠳᠤ ᠪᠠᠢ᠌ᠭ᠎ᠠ ᠥᠪᠥᠷ ᠮᠣᠩᠭᠣᠯ᠎ᠤᠨ 《ᠲᠢᠶᠠᠨ ᠱᠧᠩ ᠰᠢᠨ》 ᠰᠢᠨᠵᠢᠯᠡᠬᠦ ᠤᠬᠠᠭ᠋ᠠᠨ ᠮᠡᠷᠭᠡᠵᠢᠯ᠎ᠤᠨ ᠬᠢᠵᠠᠭ᠋ᠠᠷᠲᠤ ᠺᠣᠮᠫᠠᠨᠢ ᠵᠢᠨ ᠦᠢ᠍ᠯᠡᠳᠪᠦᠷᠢᠯᠡᠯ᠎ᠤᠨ ᠲᠠᠰᠤᠭ᠎ᠲᠤ ᠠᠦ᠋ᠲ᠋ᠣ᠋ ᠮᠠᠲ᠋ᠧᠷᠢᠶᠠᠯ ᠣᠷᠣᠭᠤᠯᠬᠤ᠂ ᠥᠨᠳᠥᠷ ᠬᠤᠷᠳᠤᠴᠠᠲᠤ ᠣᠶᠤᠨᠲᠤ ᠤᠭᠰᠠᠷᠠᠭ᠎ᠠ ᠭᠠᠩᠨᠠᠯᠲᠠ ᠵᠡᠷᠭᠡ ᠠᠷᠪᠠᠨ ᠬᠡᠳᠦᠨ ᠨᠠᠷᠢᠨ ᠪᠤᠳᠤᠯᠢᠶᠠᠨᠲᠠᠢ ᠠᠵᠢᠯ᠎ᠤᠨ ᠶᠠᠪᠤᠴᠨ ᠵᠢ ᠦᠡᠭᠭᠡᠷᠡᠬᠦᠯᠤᠬᠡᠳ ᠬᠡᠰᠡᠭ ᠬᠡᠰᠡᠭ ᠭᠡᠷᠡᠯ ᠰᠠᠴᠤᠷᠠᠭᠰᠠᠨ ᠬᠥᠬᠡ ᠥᠩᠭᠡᠲᠦ ᠭᠡᠷᠡᠯ ᠴᠡᠨᠡᠭ᠎ᠤᠨ ᠲᠤᠨᠤᠭ ᠲᠥᠬᠦᠭᠡᠷᠦᠮᠵᠢ ᠵᠢ ᠠᠮᠵᠢᠯᠲᠠ᠎ᠲᠠᠢ᠎ᠪᠠᠷ ᠰᠦᠯᠵᠢᠶᠡᠨ᠎ᠠᠴᠠ ᠪᠠᠭᠤᠯᠭ᠋ᠠᠪᠠ᠃ ᠡᠨᠡᠬᠦ ᠬᠡᠷᠡᠯ ᠴᠡᠨᠡᠭ᠎ᠤᠨ ᠳᠡᠭᠡᠳᠦ ᠳᠣᠣᠷᠠᠳᠤ ᠤᠷᠤᠰᠬᠠᠯ᠎ᠤᠨ ᠠᠵᠤ ᠦᠢ᠍ᠯᠡᠰ᠎ᠤᠨ ᠬᠡᠯᠬᠢᠶ᠎ᠡ ᠵᠢ ᠨᠡᠪᠲᠡᠷᠡᠭᠦᠯᠬᠦ ᠲᠦᠷᠦᠯ ᠵᠦᠢ᠍ᠯ ᠵᠶ᠋ᠡᠷ ᠡᠳᠦᠷ᠎ᠲᠤ 4600 ᠬᠡᠷᠡᠯ ᠴᠡᠨᠡᠭ᠎ᠤᠨ ᠲᠤᠨᠤᠭ ᠲᠥᠬᠦᠭᠡᠷᠦᠮᠵᠢ ᠵᠢ ᠦᠢ᠍ᠯᠡᠳᠪᠦᠷᠢᠯᠡᠵᠦ᠂  ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠵᠤ ᠦᠢ᠍ᠯᠡᠳᠪᠦᠷᠢ ᠵᠢᠨ ᠬᠦᠷᠢᠶ᠎ᠡ ᠴᠠᠷᠠᠭ᠎ᠠ᠎ᠳᠤ᠎ᠬᠢ ᠬᠡᠷᠡᠯ ᠴᠡᠨᠡᠭ᠎ᠤᠨ ᠪᠦᠬᠦ ᠠᠵᠤ ᠦᠢ᠍ᠯᠡᠰ᠎ᠤᠨ ᠬᠡᠯᠬᠢᠶ᠎ᠡ ᠵᠢᠨ ᠲᠤᠨᠤᠭ ᠲᠥᠬᠦᠭᠡᠷᠦᠮᠵᠢ ᠵᠢ ᠦᠢ᠍ᠯᠡᠳᠬᠦ ᠦᠵᠦᠭᠦᠷ᠎ᠤᠨ ᠬᠣᠭᠣᠰᠤᠨ᠎ᠢ ᠨᠥᠬᠥᠪᠦᠷᠢᠯᠡᠵᠡᠢ᠃  ᠲᠤᠰ ᠲᠦᠷᠦᠯ ᠵᠦᠢ᠍ᠯ᠎ᠨᠢ ᠪᠦᠲᠦᠭᠡᠨ ᠪᠠᠢ᠌ᠭᠤᠯᠤᠯᠲᠠ᠎ᠠᠴᠠ ᠠᠰᠢᠭᠯᠠᠯᠲᠠ᠎ᠳᠤ ᠣᠷᠣᠭᠤᠯᠬᠤ ᠪᠣᠯᠲᠠᠯ᠎ᠠ ᠬᠤᠷᠢᠨ ᠨᠢᠬᠡᠬᠡᠨ ᠬᠤᠨᠤᠭ ᠬᠡᠷᠡᠭᠯᠡᠭᠰᠡᠨ᠎ᠨᠢ ᠠᠵᠢᠯ ᠨᠢᠬᠡᠳᠡᠳ᠎ᠤᠨ ᠪᠠᠬᠠᠷᠬᠠᠯ᠎ᠢ ᠲᠠᠳᠠᠬᠰᠠᠨ ᠶᠤᠮ᠃ ᠮᠠᠨ᠎ᠤ ᠤᠷᠤᠨ ᠦᠨᠤ ᠵᠢᠯ ᠰᠢᠨ᠎ᠡ ᠬᠡᠯᠪᠡᠷᠢ ᠵᠢᠨ ᠠᠵᠤ ᠦᠢ᠍ᠯᠡᠳᠪᠦᠷᠢᠵᠢᠯᠲᠡ ᠵᠢ ᠠᠬᠢᠭᠤᠯᠬᠤ ᠡᠷᠴᠢᠮ ᠵᠶ᠋ᠡᠨ ᠴᠢᠩᠭ᠋ᠠᠷᠠᠭᠤᠯᠵᠤ᠂ ᠦᠢ᠍ᠯᠡᠳᠬᠦ ᠦᠢ᠍ᠯᠡᠰ᠎ᠤᠨ ᠬᠡᠯᠬᠢᠶ᠎ᠡ ᠵᠢ ᠤᠷᠲᠤᠳᠬᠠᠨ ᠬᠡᠯᠬᠢᠶ᠎ᠡ ᠵᠢ ᠨᠥᠬᠥᠪᠦᠷᠢᠯᠡᠵᠦ ᠬᠡᠯᠬᠢᠶ᠎ᠡ ᠵᠢ ᠴᠢᠩᠭ᠋ᠠᠳᠬᠠᠬᠤ ᠠᠵᠢᠯ᠎ᠢ ᠠᠬᠢᠭᠤᠯᠵᠤ᠂ ᠤᠳᠤ ᠦᠶ᠎ᠡ ᠵᠢᠨ ᠡᠨᠧᠷᠭᠢ ᠵᠢᠨ ᠠᠵᠤ ᠠᠬᠤᠢ ᠵᠢᠨ ᠰᠢᠰᠲ᠋ᠥᠮ᠎ᠢ ᠪᠠᠢ᠌ᠭᠤᠯᠵᠤ᠂ ᠠᠵᠤ ᠦᠢ᠍ᠯᠡᠳᠪᠦᠷᠢ ᠵᠢᠨ ᠠᠵᠤ ᠦᠢ᠍ᠯᠡᠰ᠎ᠤᠨ ᠬᠡᠯᠬᠢᠶ᠎ᠡ ᠵᠢ ᠦᠷᠭᠦᠯᠵᠢᠯᠡᠨ ᠪᠣᠢ᠌ᠵᠢᠭᠤᠯᠤᠨ ᠪᠤᠵᠠᠭ᠋ᠠᠢ᠌ᠷᠠᠭᠤᠯᠵᠤ᠂ ᠠᠵᠤ ᠦᠢ᠍ᠯᠡᠳᠪᠦᠷᠢ ᠵᠢᠨ ᠶᠠᠰᠤ ᠴᠢᠨᠠᠷ᠎ᠢ ᠳᠡᠭᠡᠭᠰᠢᠯᠡᠭᠦᠯᠵᠦ ᠦᠷ᠎ᠡ ᠠᠰᠢᠭ᠎ᠢ ᠨᠡᠮᠡᠭᠳᠡᠭᠦᠯᠬᠦ ᠵᠢ  ᠲᠦᠷᠬᠡᠳᠬᠡᠪᠡ᠃ ᠡᠨᠡ ᠵᠢᠯ᠎ᠤᠨ 1 — 10 ᠳ᠋ᠤᠭ᠋ᠠᠷ ᠰᠠᠷ᠎ᠠ᠎ᠳᠤ ᠰᠢᠨ᠎ᠡ ᠡᠨᠧᠷᠭᠢ ᠵᠢᠨ ᠲᠣᠨᠣᠭᠯᠠᠯ᠎ᠤᠨ ᠦᠢ᠍ᠯᠡᠳᠬᠦ ᠦᠢ᠍ᠯᠡᠰ᠂ ᠳᠡᠭᠡᠳᠦ ᠰᠢᠨ᠎ᠡ ᠮᠡᠷᠭᠡᠵᠢᠯ᠎ᠤᠨ ᠦᠢ᠍ᠯᠡᠳᠬᠦ ᠦᠢ᠍ᠯᠡᠰ ᠵᠡᠷᠭᠡ ᠭᠣᠣᠯᠳᠠᠯᠭ᠎ᠠ᠎ᠲᠠᠢ ᠠᠵᠤ ᠦᠢ᠍ᠯᠡᠰ᠎ᠤᠨ ᠳᠠᠢ᠌ᠴᠢᠯᠠᠯᠲᠠ᠎ᠪᠠᠷ ᠪᠥᠬᠥ ᠣᠷᠣᠨ᠎ᠤ ᠬᠡᠪᠴᠢᠶᠡᠵᠢᠯ᠎ᠠᠴᠠ ᠳᠡᠭᠡᠭᠰᠢᠬᠢ ᠠᠵᠤ ᠦᠢ᠍ᠯᠡᠳᠪᠦᠷᠢ ᠵᠢᠨ ᠨᠡᠮᠡᠭᠳᠡᠯ ᠥᠷᠲᠡᠭ ᠠᠳᠠᠯᠢ ᠬᠤᠭᠤᠴᠠᠭ᠋ᠠᠨ᠎ᠤ᠎ᠬᠢ᠎ᠠᠴᠠ 6.9%᠎ᠪᠠᠷ ᠨᠡᠮᠡᠭᠳᠡᠪᠡ᠃ ᠡᠭᠦᠨ᠎ᠳᠤ ᠲᠣᠨᠣᠭᠯᠠᠯ ᠦᠢ᠍ᠯᠡᠳᠬᠦ ᠦᠢ᠍ᠯᠡᠰ᠎ᠤᠨ ᠨᠡᠮᠡᠭᠳᠡᠯ ᠦᠷᠳᠡᠭ ᠠᠳᠠᠯᠢ ᠬᠤᠭᠤᠴᠠᠭ᠋ᠠᠨ᠎ᠤ᠎ᠬᠢ᠎ᠠᠴᠠ 39.5%᠂ ᠳᠡᠭᠡᠳᠦ ᠮᠡᠷᠭᠡᠵᠢᠯ᠎ᠤᠨ ᠦᠢ᠍ᠯᠡᠳᠬᠦ ᠦᠢ᠍ᠯᠡᠰ᠎ᠤᠨ ᠨᠡᠮᠡᠭᠳᠡᠯ ᠦᠷᠳᠡᠭ ᠠᠳᠠᠯᠢ ᠬᠤᠭᠤᠴᠠᠭ᠋ᠠᠨ᠎ᠤ᠎ᠬᠢ᠎ᠠᠴᠠ 26.2% ᠨᠡᠮᠡᠭᠳᠡᠬᠡᠳ ᠡᠨᠡ ᠵᠢᠯ ᠬᠣᠶᠠᠷ ᠣᠷᠣᠨᠲᠤ ᠲᠣᠭ᠎ᠠ ᠵᠢᠨ ᠨᠡᠮᠡᠭᠳᠡᠯ᠎ᠤᠨ ᠬᠠᠨᠳᠤᠰᠢ ᠵᠢ ᠪᠠᠲᠤᠯᠠᠵᠤ ᠠᠵᠤ ᠦᠢ᠍ᠯᠡᠳᠪᠦᠷᠢ ᠵᠢᠨ ᠬᠥᠳᠡᠯᠭᠡᠬᠦ ᠡᠨᠧᠷᠭᠢ ᠵᠢᠨ ᠰᠣᠯᠢᠭᠳᠠᠯ᠎ᠤᠨ ᠬᠤᠷᠳᠤᠴᠠ ᠲᠦᠷᠬᠡᠨ ᠪᠤᠯᠪᠠ᠃
     ᠲᠣᠭᠲᠠᠮᠠᠯ ᠬᠥᠷᠥᠩᠭᠡ ᠵᠢᠨ ᠪᠡᠯᠡ ᠣᠷᠣᠭᠤᠯᠤᠯᠲᠠ ᠲᠦᠷᠭᠡᠨ ᠨᠡᠮᠡᠭᠳᠡᠯ᠎ᠡ᠃ 2024 ᠣᠨ ᠪᠣᠯᠬᠤ ᠳ᠋᠊᠂ ᠶᠡᠷᠦᠩᠬᠡᠢ ᠪᠡᠯᠡ ᠣᠷᠣᠭᠤᠯᠤᠯᠲᠠ᠎ᠨᠢ 112 ᠳ᠋ᠦᠩᠰᠢᠭᠤᠷ ᠲᠥᠭᠥᠷᠢᠭ᠎ᠤᠨ ᠤᠰᠤᠲᠥ᠋ᠷᠥᠭᠴᠢ ᠡᠨᠧᠷᠭᠢ ᠵᠢᠨ ᠠᠵᠤ ᠦᠢ᠍ᠯᠡᠰ᠎ᠤᠨ ᠲᠥᠷᠥᠯ ᠵᠦᠢ᠍ᠯ᠎ᠢ ᠤᠯᠠᠭ᠋ᠠᠨᠬᠠᠳᠠ ᠬᠣᠲᠠ ᠵᠢᠨ ᠨᠢᠩᠴᠧᠩ ᠰᠢᠶᠠᠨ᠎ᠳᠤ ᠡᠬᠢᠯᠡᠭᠦᠯᠵᠦ ᠶᠡᠷᠦᠩᠬᠡᠢ ᠪᠡᠯᠡ ᠣᠷᠣᠭᠤᠯᠤᠯᠲᠠ᠎ᠨᠢ 67.86 ᠳ᠋ᠦᠩᠰᠢᠭᠤᠷ ᠲᠥᠭᠥᠷᠢᠭ᠎ᠲᠤ ᠬᠦᠷᠦᠭᠰᠡᠨ ᠥᠪᠥᠷ ᠮᠣᠩᠭᠣᠯ᠎ᠤᠨ ᠨᠠᠢ᠍ᠮᠠᠳᠤᠭ᠋ᠠᠷ ᠵᠦᠢ᠍ᠯ᠎ᠤᠨ ᠣᠨᠴᠠ ᠥᠨᠳᠥᠷ ᠬᠦᠴᠦᠳᠡᠯᠲᠦ ᠴᠠᠬᠢᠯᠭ᠋ᠠᠨ ᠬᠦᠷᠭᠡᠬᠦ ᠵᠠᠮ᠎ᠢ ᠠᠰᠢᠭᠯᠠᠯᠲᠠ᠎ᠳᠤ ᠣᠷᠣᠭᠤᠯᠵᠤ᠂ ᠳᠤᠮᠳᠠᠳᠤ ᠤᠯᠤᠰ᠎ᠤᠨ ᠬᠣᠪᠣᠷ ᠰᠢᠷᠣᠢ ᠵᠢᠨ ᠠᠵᠤ ᠦᠢ᠍ᠯᠡᠰ᠎ᠤᠨ ᠬᠦᠷᠢᠶ᠎ᠡ ᠴᠠᠷᠠᠭ᠎ᠠ᠎ᠳᠤ᠎ᠬᠢ ᠴᠢᠬᠤᠯᠠ ᠶᠡᠬᠡ ᠪᠡᠯᠡ ᠣᠷᠣᠭᠤᠯᠤᠯᠲᠠ ᠵᠢᠨ ᠲᠦᠷᠦᠯ ᠵᠦᠢ᠍ᠯ᠂ ᠤᠮᠠᠷᠠᠲᠤ ᠤᠷᠤᠨ᠎ᠤ ᠬᠣᠪᠣᠷ ᠰᠢᠷᠣᠢ ᠵᠢᠨ ᠪᠣᠬᠢᠷᠲᠤᠯ ᠦᠭᠡᠢ ᠬᠠᠶ᠋ᠢᠯᠤᠭᠤᠯᠤᠯᠲᠠ ᠵᠢ ᠲᠡᠰ ᠳᠡᠪᠰᠢᠭᠦᠯᠦᠨ ᠥᠭᠡᠷᠡᠴᠢᠯᠡᠬᠦ ᠲᠦᠷᠦᠯ ᠵᠦᠢ᠍ᠯ᠎ᠤᠨ ᠨᠢᠭᠡᠳᠦᠭᠡᠷ ᠬᠤᠭᠤᠴᠠᠭ᠋ᠠᠨ᠎ᠤ ᠢᠨᠵᠧᠨᠧᠷᠢᠩ ᠪᠤᠭᠤᠲᠤ ᠬᠤᠳᠠ᠎ᠳᠤ ᠠᠰᠢᠭᠯᠠᠯᠲᠠ᠎ᠳᠤ ᠣᠷᠣᠪᠠ᠃ ᠤᠮᠠᠷᠠᠲᠤ ᠤᠷᠤᠨ᠎ᠤ ᠬᠣᠪᠣᠷ ᠰᠢᠷᠣᠢ ᠵᠢᠨ ᠪᠣᠬᠢᠷᠲᠤᠯ ᠦᠭᠡᠢ ᠬᠠᠶ᠋ᠢᠯᠤᠭᠤᠯᠤᠯᠲᠠ ᠵᠢ ᠲᠡᠰ ᠳᠡᠪᠰᠢᠭᠦᠯᠦᠨ ᠥᠭᠡᠷᠡᠴᠢᠯᠡᠬᠦ ᠲᠦᠷᠦᠯ ᠵᠦᠢ᠍ᠯ᠎ᠤᠨ ᠳᠡᠳ᠋ ᠶᠡᠷᠦᠩᠬᠡᠢ ᠵᠢᠯᠣᠭᠣᠳᠤᠭᠴᠢ ᠯᠢ ᠬᠤ᠌ ᠫᠢᠩ᠄ 《ᠨᠢᠭᠡᠳᠦᠭᠡᠷ ᠬᠤᠭᠤᠴᠠᠭ᠋ᠠᠨ᠎ᠤ ᠢᠨᠵᠧᠨᠧᠷᠢᠩ᠎ᠤᠨ ᠠᠵᠢᠯᠯᠠᠭ᠋ᠠᠨ᠎ᠤ ᠪᠠᠢ᠌ᠳᠠᠯ᠎ᠢ ᠦᠨᠳᠦᠰᠦᠯᠡᠨ ᠪᠢᠳᠡ ᠬᠣᠶᠠᠳᠤᠭ᠋ᠠᠷ ᠬᠤᠭᠤᠴᠠᠭ᠋ᠠᠨ᠎ᠤ ᠢᠨᠵᠧᠨᠧᠷᠢᠩ᠎ᠤᠨ ᠪᠦᠲᠦᠭᠡᠨ ᠪᠠᠢ᠌ᠭᠤᠯᠤᠯᠲᠠ ᠵᠢ ᠤᠷᠢᠳᠴᠢᠯᠠᠨ ᠪᠡᠯᠡᠳᠬᠡᠵᠦ᠂ ᠥᠪᠥᠷ ᠮᠣᠩᠭᠣᠯ᠎ᠤᠨ ᠮᠢᠩᠭ᠋ᠠᠨ ᠳ᠋ᠦᠩᠰᠢᠭᠤᠷ ᠳᠡᠰ᠎ᠤᠨ ᠬᠣᠪᠣᠷ ᠰᠢᠷᠣᠢ ᠵᠢᠨ ᠠᠵᠤ ᠦᠢ᠍ᠯᠡᠰ᠎ᠢ ᠴᠣᠭᠴᠠᠯᠠᠬᠤ᠂ ᠬᠣᠪᠣᠷ ᠰᠢᠷᠣᠢ ᠵᠢᠨ ᠠᠵᠤ ᠦᠢ᠍ᠯᠡᠰ᠎ᠤᠨ ᠴᠢᠨᠠᠷ ᠰᠠᠢ᠌ᠲᠠᠢ ᠬᠥᠭᠵᠢᠯᠲᠡ ᠵᠢ ᠠᠬᠢᠭᠤᠯᠬᠤ᠎ᠳᠤ ᠬᠦᠴᠦᠨ ᠴᠢᠳᠠᠯ ᠵᠶ᠋ᠠᠨ ᠡᠷᠭᠦᠨ᠎ᠡ》 ᠭᠡᠵᠦ  ᠬᠡᠯᠡᠪᠡ᠃   ᠦᠨᠤ ᠵᠢᠯ ᠤᠷᠤᠨ ᠲᠠᠶᠠᠭ᠋ᠠᠷ ᠵᠶ᠋ᠠᠨ ᠨᠠᠮ᠎ᠤᠨ ᠲᠥᠪ ᠬᠣᠷᠢᠶ᠎ᠠ᠂ ᠲᠦᠷᠦ ᠵᠢᠨ ᠶᠠᠪᠤᠳᠠᠯ᠎ᠤᠨ ᠬᠣᠷᠢᠶᠠᠨ᠎ᠤ ᠰᠢᠢ᠍ᠳᠪᠦᠷᠢᠲᠦ ᠪᠣᠳᠣᠯᠭ᠎ᠠ ᠪᠠᠢ᠌ᠷᠢᠯᠠᠭᠤᠯᠤᠯᠲᠠ ᠵᠢ ᠭᠦᠨᠵᠡᠭᠡᠢ  ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ᠂ ᠲᠦᠷᠦ ᠵᠢᠨ ᠪᠣᠳᠣᠯᠭ᠎ᠠ ᠵᠢᠨ ᠠᠰᠢᠭ ᠲᠤᠰᠠ ᠵᠢ ᠦᠨᠡᠨᠬᠦ ᠪᠣᠳᠠᠲᠤ ᠦᠢ᠍ᠯᠡᠳᠪᠦᠷᠢᠯᠡᠯ᠎ᠤᠨ ᠬᠦᠴᠦᠨ ᠪᠤᠯᠭ᠋ᠠᠭ᠋ᠠᠳ ᠨᠢᠭᠡ ᠪᠦᠯᠦᠭ ᠭᠣᠣᠯᠳᠠᠯᠭ᠎ᠠ᠎ᠲᠠᠢ ᠲᠦᠷᠦᠯ ᠵᠦᠢ᠍ᠯ᠂ ᠴᠢᠬᠤᠯᠠ ᠶᠡᠬᠡ ᠲᠦᠷᠦᠯ ᠵᠦᠢ᠍ᠯ᠎ᠢ ᠦᠷᠭᠦᠯᠵᠢᠯᠡᠨ ᠨᠠᠢ᠌ᠳᠠᠪᠤᠷᠢᠵᠢᠭᠤᠯᠪᠠ᠃ ᠡᠲᠡᠭᠡᠷ ᠲᠥᠷᠥᠯ ᠵᠦᠢ᠍ᠯ᠎ᠤᠨ ᠳᠠᠭ᠋ᠠᠭᠤᠯᠭ᠎ᠠ᠎ᠪᠠᠷ ᠡᠨᠡ ᠵᠢᠯ᠎ᠤᠨ 1 — 10 ᠳ᠋ᠤᠭ᠋ᠠᠷ ᠰᠠᠷ᠎ᠠ᠎ᠳᠤ ᠮᠠᠨ᠎ᠤ ᠤᠷᠤᠨ᠎ᠤ ᠲᠣᠭᠲᠠᠮᠠᠯ ᠬᠥᠷᠥᠩᠭᠡ ᠵᠢᠨ ᠪᠡᠯᠡ ᠣᠷᠣᠭᠤᠯᠤᠯᠲᠠ (ᠲᠠᠷᠢᠶᠠᠴᠢᠨ ᠡᠷᠦᠬᠡ ᠪᠠᠭᠲᠠᠬᠤ ᠦᠭᠡᠢ) ᠠᠳᠠᠯᠢ ᠬᠤᠭᠤᠴᠠᠭ᠋ᠠᠨ᠎ᠤ᠎ᠬᠢ᠎ᠠᠴᠠ 11.4% ᠨᠡᠮᠡᠭᠳᠡᠵᠦ᠂ 1 — 9 ᠳ᠋ᠤᠬᠡᠷ ᠰᠠᠷ᠎ᠠ ᠵᠢᠨ᠎ᠬᠢ᠎ᠠᠴᠠ 0.4 ᠵᠠᠭᠤᠨ᠎ᠤ ᠨᠢᠭᠡᠴᠢ  ᠲᠦᠷᠬᠡᠳᠤᠬᠡᠳ ᠨᠡᠮᠡᠭᠳᠡᠯ᠎ᠤᠨ ᠬᠤᠷᠳᠤᠴᠠ᠎ᠨᠢ ᠪᠥᠬᠥ ᠤᠯᠤᠰ᠎ᠲᠤ ᠬᠣᠶᠠᠳᠤᠭ᠋ᠠᠷ᠎ᠲᠤ ᠣᠷᠣᠪᠠ᠃ ᠡᠭᠦᠨ᠎ᠳᠤ ᠨᠢᠭᠡᠳᠦᠭᠡᠷ ᠠᠵᠤ ᠦᠢ᠍ᠯᠡᠰ᠎ᠤᠨ ᠪᠡᠯᠡ ᠣᠷᠣᠭᠤᠯᠤᠯᠲᠠ᠂ ᠬᠣᠶᠠᠳᠤᠭ᠋ᠠᠷ ᠠᠵᠤ ᠦᠢ᠍ᠯᠡᠰ᠎ᠤᠨ ᠪᠡᠯᠡ ᠣᠷᠣᠭᠤᠯᠤᠯᠲᠠ ᠪᠠ ᠰᠠᠭᠤᠷᠢ ᠲᠥᠬᠦᠭᠡᠷᠦᠮᠵᠢ ᠵᠢᠨ ᠪᠡᠯᠡ ᠣᠷᠣᠭᠤᠯᠤᠯᠲᠠ ᠴᠥᠮ ᠬᠣᠶᠠᠷ ᠣᠷᠣᠨᠲᠤ ᠲᠣᠭ᠎ᠠ ᠵᠢᠨ ᠨᠡᠮᠡᠭᠳᠡᠯ᠎ᠢ ᠪᠡᠶᠡᠯᠡᠭᠦᠯᠪᠡ᠃
     ᠵᠠᠬ᠎ᠠ ᠳᠡᠯᠭᠡᠭᠦᠷ᠎ᠤᠨ ᠬᠡᠷᠡᠭᠯᠡᠭᠡ ᠦᠷᠭᠦᠯᠵᠢᠯᠡᠨ ᠳᠡᠭᠡᠭᠰᠢᠯᠡᠪᠡ᠃ ᠦᠨᠤ ᠵᠢᠯ ᠮᠠᠨ᠎ᠤ ᠤᠷᠤᠨ᠎ᠤ ᠡᠯ᠎ᠡ ᠭᠠᠵᠠᠷ᠎ᠤᠨ ᠬᠡᠷᠡᠭᠯᠡᠭᠡᠨ᠎ᠤ ᠲᠡᠮᠳᠡᠭᠲᠦ ᠲᠠᠷᠬᠠᠭ᠋ᠠᠬᠤ᠂ ᠰᠣᠶᠣᠯ ᠵᠢᠭᠤᠯᠴᠢᠯᠠᠯ᠎ᠤᠨ ᠠᠭᠤᠰᠤᠯᠴᠠᠨ ᠬᠥᠭᠵᠢᠬᠦ ᠵᠢ ᠲᠦᠷᠭᠡᠳᠬᠡᠬᠦ ᠪᠠ ᠮᠠᠰᠢᠨ ᠲᠡᠷᠭᠡ ᠵᠢᠨ ᠬᠠᠭᠤᠴᠢᠨ ᠵᠶ᠋ᠠᠷ ᠰᠢᠨ᠎ᠡ ᠵᠢ ᠰᠣᠯᠢᠬᠤ᠂ ᠭᠡᠷ᠎ᠤᠨ ᠴᠠᠬᠢᠯᠭ᠋ᠠᠨ ᠬᠡᠷᠡᠭᠰᠡᠯ᠎ᠤᠨ ᠬᠠᠭᠤᠴᠢᠨ ᠵᠶ᠋ᠠᠷ ᠰᠢᠨ᠎ᠡ ᠵᠢ ᠰᠣᠯᠢᠬᠤ ᠵᠡᠷᠭᠡ᠎ᠪᠠᠷ ᠳᠠᠮᠵᠢᠭᠤᠯᠤᠨ ᠵᠠᠬ᠎ᠠ ᠳᠡᠯᠭᠡᠭᠦᠷ᠎ᠤᠨ ᠬᠡᠷᠡᠭᠯᠡᠭᠡ ᠵᠢᠨ ᠰᠡᠷᠭᠦᠯᠲᠡ ᠵᠢ ᠠᠬᠢᠭᠤᠯᠬᠤ ᠵᠢ ᠦᠷᠭᠦᠯᠵᠢᠯᠡᠨ ᠳᠡᠮᠵᠢᠵᠦ ᠪᠠᠢ᠌ᠨ᠎ᠠ᠃ ᠡᠨᠡ ᠵᠢᠯ᠎ᠤᠨ 1 — 10 ᠳ᠋ᠤᠭ᠋ᠠᠷ ᠰᠠᠷ᠎ᠠ᠎ᠳᠤ ᠪᠥᠬᠥ ᠣᠷᠣᠨ᠎ᠤ ᠨᠡᠢ᠌ᠭᠡᠮ᠎ᠤᠨ ᠬᠡᠷᠡᠭᠯᠡᠭᠡᠨ᠎ᠤ ᠵᠦᠢ᠍ᠯ᠎ᠤᠨ ᠵᠢᠵᠢᠭᠯᠡᠨ ᠬᠤᠳᠠᠯᠳᠤᠭᠰᠠᠨ ᠪᠥᠬᠥ ᠲᠣᠭ᠎ᠠ 4505.3 ᠳ᠋ᠦᠩᠰᠢᠭᠤᠷ ᠲᠥᠭᠥᠷᠢᠭ᠎ᠲᠤ ᠬᠦᠷᠴᠦ ᠠᠳᠠᠯᠢ ᠬᠤᠭᠤᠴᠠᠭ᠋ᠠᠨ᠎ᠤ᠎ᠬᠢ᠎ᠠᠴᠠ 3.6%᠎ᠪᠠᠷ ᠨᠡᠮᠡᠭᠳᠡᠨ᠂ 1 — 9 ᠳ᠋ᠦᠭᠡᠷ ᠰᠠᠷ᠎ᠠ ᠵᠢᠨ᠎ᠬᠢ᠎ᠠᠴᠠ 0.2 ᠵᠠᠭᠤᠨ᠎ᠤ ᠨᠢᠭᠡᠴᠢ ᠲᠦᠷᠭᠡᠳᠪᠡ᠃


 







 

 

ᠢᠷᠡᠯᠲᠡ᠄ ᠦᠪᠤᠷ ᠮᠤᠡᠭᠭᠤᠯ ᠎ᠤᠨ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠲᠢᠡᠭᠭᠢᠮ᠎ᠤᠨ ᠮᠤᠡᠭᠭᠤᠯ ᠰᠦᠯᠵᠢᠶ᠎ᠡ
          
ᠬᠠᠮᠢᠶ᠎ᠡ ᠪᠦᠬᠦᠢ ᠰᠣᠨᠢᠨ
ᠨᠢᠳᠤᠨᠤᠨ ᠪᠥᠬᠥ ᠣᠷᠣᠨ᠎ᠤ ᠡᠩ᠎ᠤᠨ ᠣᠯᠠᠨ ᠨᠡᠶ᠋ᠢᠲᠡ ᠵᠢᠨ ᠲᠥᠰᠥᠪ᠎ᠤᠨ ᠣᠷᠣᠯᠭ᠎ᠠ 3150.3 ᠳ᠋ᠦᠩᠰᠢᠭᠤᠷ ᠲᠥᠭᠥᠷᠢᠭ᠎ᠲᠤ ᠬᠥᠷᠪᠡ
ᠥᠪᠥᠷ ᠮᠣᠩᠭᠣᠯ ᠲᠥᠪ᠎ᠤᠨ ᠡᠳ᠋᠎ᠤᠨ ᠵᠠᠰᠠᠭ᠎ᠤᠨ 2024 ᠣᠨ᠎ᠤ ᠲᠠᠷᠢᠶᠠᠯᠠᠩ᠎ᠤᠨ ᠳᠠᠭ᠋ᠠᠳᠬᠠᠯ᠎ᠤᠨ ᠵᠠᠷᠤᠳᠠᠯ᠎ᠤᠨ ᠨᠥᠬᠥᠪᠦᠷᠢ ᠵᠢ 38.65 ᠳ᠋ᠦᠩᠰᠢᠭᠤᠷ ᠲᠥᠭᠥᠷᠢᠭ ᠬᠦᠷᠳᠡᠬᠡᠳ ᠨᠥᠬᠥᠪᠦᠷᠢ ᠮᠥᠩᠭᠥ ᠵᠢᠨ ᠬᠡᠪᠴᠢᠶ᠎ᠡ ᠪᠥᠬᠥ ᠤᠯᠤᠰ᠎ᠲᠤ ᠲᠡᠷᠢᠬᠦᠯᠡᠵᠡᠢ
《ᠵᠠᠭᠤᠨ ᠬᠣᠲᠠ ᠮᠢᠩᠭ᠋ᠠᠨ ᠰᠤᠷᠭ᠋ᠠᠭᠤᠯᠢ ᠲᠦᠮᠡᠨ ᠠᠵᠤ ᠠᠬᠤᠢ᠌ᠯᠠᠯ》 ᠵᠶ᠋ᠠᠷ ᠠᠵᠢᠯ ᠣᠯᠭᠣᠯᠲᠠ ᠵᠢ ᠠᠬᠢᠭᠤᠯᠤᠶ᠎ᠠ — 600 ᠭᠠᠷᠤᠢ ᠠᠷᠠᠳ᠎ᠤᠨ ᠡᠵᠡᠩᠨᠡᠯᠲᠡ ᠵᠢᠨ ᠠᠵᠤ ᠠᠬᠤᠢ᠌ᠯᠠᠯ ᠰᠤᠷᠭ᠋ᠠᠭᠤᠯᠢ ᠵᠢᠨ ᠬᠦᠷᠢᠶᠡᠨ᠎ᠳᠤ ᠣᠷᠣᠵᠤ 1.7 ᠲᠦᠮᠡ ᠭᠠᠷᠤᠢ ᠬᠥᠮᠥᠨ ᠡᠯᠰᠡᠵᠡᠢ
ᠨᠢᠳᠤᠨᠤᠨ ᠮᠠᠨ᠎ᠤ ᠤᠷᠤᠨ᠎ᠤ ᠬᠡᠷᠡᠭᠯᠡᠭᠡᠨ᠎ᠤ ᠵᠦᠢ᠍ᠯ᠎ᠤᠨ ᠬᠠᠭᠤᠴᠢᠨ ᠵᠶ᠋ᠠᠷ ᠰᠢᠨ᠎ᠡ ᠵᠢ ᠰᠣᠯᠢᠵᠤ ᠬᠡᠷᠡᠭᠯᠡᠭᠡ ᠵᠢ ᠳᠠᠢ᠌ᠴᠢᠯᠠᠭᠰᠠᠨ ᠬᠡᠮᠵᠢᠶ᠎ᠡ 300 ᠳ᠋ᠦᠩᠰᠢᠭᠤᠷ ᠲᠥᠭᠥᠷᠢᠭ᠎ᠢ ᠲᠠᠪᠠᠭ᠋ᠠᠳ ᠵᠠᠭᠤᠨ ᠲᠦᠮᠡᠨ ᠤᠳᠠᠭ᠎ᠠ᠎ᠳᠤ ᠠᠰᠢᠭ ᠬᠦᠷᠲᠡᠭᠡᠪᠡ
ᠮᠠᠨ᠎ᠤ ᠤᠷᠤᠨ᠎ᠤ᠎ᠬᠢᠨ 26.55 ᠳ᠋ᠦᠩᠰᠢᠭᠤᠷ ᠲᠥᠭᠥᠷᠢᠭ᠎ᠤᠨ ᠪᠡᠯᠡ ᠤᠷᠤᠭᠤᠯᠵᠤ 356 ᠲᠦᠮᠡᠨ ᠮᠦ᠍ ᠲᠠᠷᠢᠶᠠᠨ ᠭᠠᠵᠠᠷ᠎ᠢ ᠪᠦᠲᠦᠭᠡᠨ ᠪᠠᠢ᠌ᠭᠤᠯᠤᠭ᠋ᠠᠳ ᠲᠦᠷᠤᠬᠦᠤ ᠤᠯᠠᠷᠢᠯ᠎ᠤᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠪᠦᠲᠦᠭᠡᠨ ᠪᠠᠢ᠌ᠭᠤᠯᠤᠯᠲᠠ ᠵᠢ ᠠᠬᠢᠭᠤᠯᠪᠠ
 
            