ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠦᠢᠯᠡᠴᠢᠯᠡᠭᠡ   -   ᠲᠤᠭ᠎ᠠ ᠪᠠᠷᠢᠮᠲᠠ᠎ᠶᠢᠨ ᠨᠡᠶ᠋ᠢᠲᠡᠯᠡᠯ
ᠮᠠᠨ᠎ᠤ ᠤᠷᠤᠨ᠎ᠤ᠎ᠬᠢᠨ ᠭᠤᠷᠪᠠᠨ ᠲᠠᠯ᠎ᠠ᠎ᠠᠴᠠ 5 ᠵᠢᠯ᠎ᠳᠤ 5 ᠳ᠋ᠦᠩᠰᠢᠭᠤᠷ ᠲᠥᠭᠥᠷᠢᠭ ᠪᠡᠯᠨ ᠤᠷᠤᠭᠤᠯᠵᠤ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠤᠨ ᠬᠦᠭᠵᠢᠬᠦᠯᠤᠯᠳᠡ᠎ᠳᠤ ᠴᠢᠳᠠᠪᠬᠢ ᠤᠯᠭᠤᠪᠠ
ᠨᠡᠶᠢᠲᠡᠯᠡᠭᠰᠡᠨ ᠴᠠᠭ᠄ 2024-05-29

   ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠡᠳ᠋᠎ᠤᠨ ᠵᠠᠰᠠᠭ᠎ᠤᠨ ᠲᠢᠩᠬᠢᠮ᠎ᠤᠨ᠎ᠬᠢᠨ᠎ᠠᠴᠠ ᠤᠢ᠌ᠯᠠᠭ᠋ᠠᠬᠰᠠᠨ ᠵᠶ᠋ᠡᠷ 2024 ᠣᠨ᠎ᠳᠤ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠡᠳ᠋᠎ᠤᠨ ᠵᠠᠰᠠᠭ᠎ᠤᠨ ᠲᠢᠩᠬᠢᠮ᠎ᠤᠨ᠎ᠬᠢᠨ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ᠎ᠤᠨ᠎ᠬᠢᠨ᠎ᠲᠠᠢ ᠬᠠᠮᠲᠤᠷᠠᠨ 《ᠳᠤᠮᠳᠠᠳᠤ ᠤᠯᠤᠰ᠎ᠤᠨ ᠣᠨᠴᠠᠯᠢᠭ ᠪᠦᠬᠦᠢ ᠥᠨᠳᠥᠷ ᠲᠦᠪᠰᠢᠨ ᠪᠦᠬᠦᠢ ᠳᠡᠭᠡᠳᠦ ᠵᠡᠷᠭᠡ ᠵᠢᠨ ᠠᠵᠢᠯ ᠮᠡᠷᠭᠡᠵᠢᠯ᠎ᠤᠨ ᠰᠤᠷᠭ᠋ᠠᠭᠤᠯᠢ ᠪᠠ ᠲᠤᠰᠬᠠᠢ ᠮᠡᠷᠭᠡᠵᠢᠯ᠎ᠤᠨ ᠪᠦᠲᠦᠭᠡᠨ ᠪᠠᠢ᠌ᠭᠤᠯᠤᠯᠲᠠ ᠵᠢᠨ ᠲᠥᠯᠥᠪᠯᠡᠭᠡ》 (《ᠬᠣᠣᠰ ᠥᠨᠳᠥᠷ ᠵᠡᠷᠭᠡ ᠵᠢᠨ ᠲᠥᠯᠥᠪᠯᠡᠭᠡ》 ᠭᠡᠵᠦ  ᠲᠤᠪᠴᠢᠯᠠᠶ᠎ᠠ) ᠵᠢᠨ ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠦᠨᠡᠯᠡᠯᠲᠡ ᠵᠢᠨ ᠠᠵᠢᠯ᠎ᠢ ᠪᠡᠶᠡᠯᠡᠭᠦᠯᠪᠡ᠃ ᠢᠩᠭᠢᠭᠡᠳ ᠥᠪᠥᠷ ᠮᠣᠩᠭᠣᠯ ᠭᠤᠷᠪᠠᠨ ᠲᠠᠯ᠎ᠠ ᠵᠢᠨ (ᠡᠳ᠋᠎ᠤᠨ ᠵᠠᠰᠠᠭ᠂ ᠰᠤᠷᠭ᠋ᠠᠭᠤᠯᠢ᠂ ᠠᠵᠢᠯ ᠲᠥᠷᠥᠯ᠎ᠤᠨ ᠠᠵᠤ ᠠᠬᠤᠢ᠌ᠯᠠᠯ) ᠵᠢᠨ ᠣᠷᠣᠭᠤᠯᠤᠯᠲᠠ ᠵᠢᠨ ᠡᠨᠧᠷᠭᠢ ᠣᠯᠭᠣᠬᠤ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠤᠨ ᠴᠢᠨᠠᠷᠯᠢᠭ ᠬᠥᠭᠵᠢᠯᠲᠡ ᠵᠢᠨ ᠰᠢᠨ᠎ᠡ ᠪᠠᠢ᠌ᠷᠢᠰᠢᠯ᠎ᠢ ᠪᠣᠶ ᠪᠣᠯᠭ᠋ᠠᠪᠠ᠃
   《ᠬᠣᠣᠰ ᠥᠨᠳᠥᠷ ᠲᠥᠯᠥᠪᠯᠡᠭᠡ》 ᠵᠢᠨ ᠲᠥᠷᠥᠯ ᠵᠦᠢ᠍ᠯ᠎ᠤᠨ ᠪᠦᠲᠦᠭᠡᠨ ᠪᠠᠢ᠌ᠭᠤᠯᠤᠯᠲᠠ ᠵᠢᠨ ᠬᠤᠭᠤᠴᠠᠭ᠋ᠠᠨ᠎ᠳᠤ (2019 — 2023 ᠣᠨ)᠎ᠳᠤ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ ᠣᠯᠠᠨ ᠡᠰᠢᠵᠢᠭᠰᠡᠨ ᠣᠷᠣᠭᠤᠯᠤᠯᠲᠠ᠂ ᠠᠵᠤ ᠦᠢ᠍ᠯᠡᠰ ᠪᠠ ᠵᠢᠭ᠋ᠠᠨ ᠰᠤᠷᠭ᠋ᠠᠯᠲᠠ ᠵᠢ ᠠᠭᠤᠰᠤᠯᠴᠠᠭᠤᠯᠤᠨ ᠬᠠᠮᠵᠢᠯᠴᠠᠭᠤᠯᠤᠨ ᠬᠥᠭᠵᠢᠭᠦᠯᠬᠦ ᠠᠵᠢᠯ᠎ᠤᠨ ᠲᠣᠭᠲᠠᠴᠠ ᠵᠢ ᠪᠠᠶ᠋ᠢᠭᠤᠯᠬᠤ ᠵᠢ ᠦᠷᠭᠦᠯᠵᠢᠯᠡᠨ ᠠᠬᠢᠭᠤᠯᠵᠤ᠂ ᠪᠥᠬᠥ ᠣᠷᠣᠨ᠎ᠤ ᠡᠳ᠋᠎ᠤᠨ ᠵᠠᠰᠠᠭ᠂ ᠰᠤᠷᠭ᠋ᠠᠭᠤᠯᠢ᠂ ᠠᠵᠢᠯ ᠲᠥᠷᠥᠯ᠎ᠤᠨ ᠠᠵᠤ ᠠᠬᠤᠢ᠌ᠯᠠᠯ᠎ᠤᠳ ᠨᠡᠶ᠋ᠢᠲᠡ 5.38 ᠳ᠋ᠦᠩᠰᠢᠭᠤᠷ ᠲᠥᠭᠥᠷᠢᠭ᠎ᠤᠨ ᠪᠡᠯᠡ ᠮᠥᠩᠭᠥ ᠣᠷᠣᠭᠤᠯᠪᠠ᠃ ᠡᠭᠦᠨ᠎ᠳᠤ ᠡᠳ᠋᠎ᠤᠨ ᠵᠠᠰᠠᠭ᠎ᠤᠨ ᠣᠷᠣᠭᠤᠯᠤᠯᠲᠠ ᠵᠢᠨ ᠪᠡᠯᠡ ᠮᠥᠩᠭᠥ 2.1 ᠳ᠋ᠦᠩᠰᠢᠭᠤᠷ ᠲᠥᠭᠥᠷᠢᠭ᠎ᠲᠤ ᠬᠦᠷᠴᠦ ᠡᠵᠡᠯᠡᠬᠦ ᠬᠠᠷᠢᠴᠠᠯ᠎ᠨᠢ 39.04%᠎ᠳᠤ ᠬᠦᠷᠴᠡᠢ᠃ ᠰᠤᠷᠭ᠋ᠠᠭᠤᠯᠢ ᠵᠢᠨ ᠥᠪᠡᠰᠦᠪᠡᠨ ᠴᠤᠭᠯᠠᠭᠤᠯᠤᠭᠰᠠᠨ ᠪᠡᠯᠡ ᠮᠥᠩᠭᠥ 2.95 ᠳ᠋ᠦᠩᠰᠢᠭᠤᠷ ᠲᠥᠭᠥᠷᠢᠭ᠎ᠲᠤ ᠬᠦᠷᠴᠦ᠂ 54.83% ᠵᠢ ᠡᠵᠡᠯᠡᠪᠡ᠃ ᠠᠵᠢᠯ ᠲᠥᠷᠥᠯ᠎ᠤᠨ ᠠᠵᠤ ᠠᠬᠤᠢ᠌ᠯᠠᠯ᠎ᠤᠨ ᠳᠡᠮᠵᠢᠯᠭᠡ ᠵᠢᠨ ᠪᠡᠯᠡ ᠮᠥᠩᠭᠥ 0.33 ᠳ᠋ᠦᠩᠰᠢᠭᠤᠷ ᠲᠥᠭᠥᠷᠢᠭ ᠪᠠᠢ᠌ᠵᠤ᠂ 6.13% ᠵᠢ ᠡᠵᠡᠯᠡᠪᠡ᠃ ᠤᠯᠠᠨ ᠡᠰᠢᠴᠢᠯᠡᠭᠰᠡᠨ ᠪᠡᠯᠡ ᠣᠷᠣᠭᠤᠯᠤᠯᠲᠠ ᠵᠢᠨ ᠳᠡᠮᠵᠢᠯᠭᠡ ᠎ᠪᠠᠷ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠵᠢᠯ ᠮᠡᠷᠭᠡᠵᠢᠯ᠎ᠤᠨ ᠳᠡᠭᠡᠳᠦ ᠰᠤᠷᠭ᠋ᠠᠭᠤᠯᠢ᠎ᠨᠤᠭᠤᠳ ᠦᠢ᠍ᠯᠡᠳᠪᠦᠷᠢᠯᠡᠯ ᠵᠢᠭ᠋ᠠᠨ ᠰᠤᠷᠭ᠋ᠠᠯᠲᠠ ᠵᠢᠨ ᠠᠭᠤᠰᠤᠯᠴᠠᠯ᠎ᠢ ᠭᠦᠨᠵᠡᠭᠡᠢ᠌ᠷᠡᠭᠦᠯᠬᠦ᠂ ᠠᠵᠤ ᠦᠢ᠍ᠯᠡᠰ᠎ᠤᠨ ᠬᠥᠭᠵᠢᠯᠲᠡ ᠵᠢ ᠵᠣᠯᠭ᠋ᠠᠭᠤᠯᠬᠤ᠂ ᠰᠤᠷᠭ᠋ᠠᠭᠤᠯᠢ ᠠᠵᠤ ᠠᠬᠤᠢ᠌ᠯᠠᠯ ᠬᠠᠮᠲᠤᠷᠠᠯᠴᠠᠨ ᠬᠥᠮᠥᠨ ᠬᠥᠮᠥᠵᠢᠭᠦᠯᠬᠦ ᠵᠢ ᠠᠬᠢᠭᠤᠯᠬᠤ ᠲᠠᠯ᠎ᠠ᠎ᠪᠠᠷ ᠢᠳᠡᠪᠬᠢᠲᠡᠢ ᠠᠬᠢᠴᠠ᠎ᠲᠠᠢ ᠪᠣᠯᠵᠤ᠂ ᠥᠪᠥᠷ ᠮᠣᠩᠭᠣᠯ᠎ᠤᠨ ᠴᠢᠨᠠᠷᠯᠢᠭ ᠬᠥᠭᠵᠢᠯᠲᠡ᠎ᠳᠤ ᠬᠦᠴᠦᠷᠬᠡᠭ ᠶᠡᠬᠡ ᠮᠡᠷᠭᠡᠵᠢᠯ ᠪᠣᠯᠣᠨ ᠤᠷ᠎ᠠ ᠴᠢᠳᠠᠪᠤᠷᠢ ᠵᠢᠨ ᠴᠢᠳᠠᠪᠤᠷᠢᠲᠠᠨ᠎ᠤ ᠲᠤᠯᠭ᠋ᠠᠭᠤᠷᠢᠯᠠᠯ ᠬᠠᠩᠭ᠋ᠠᠭᠰᠠᠨ ᠪᠠᠢ᠌ᠨ᠎ᠠ᠃
     ᠲᠠᠷᠠᠭ᠋ᠠᠴᠢ᠎ᠪᠠᠷ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠡᠳ᠋᠎ᠤᠨ ᠵᠠᠰᠠᠭ᠎ᠠᠴᠠ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠤᠨ 《ᠬᠣᠣᠰ ᠥᠨᠳᠥᠷ ᠲᠥᠯᠥᠪᠯᠡᠭᠡ》 ᠵᠢᠨ ᠪᠦᠲᠦᠭᠡᠨ ᠪᠠᠢ᠌ᠭᠤᠯᠤᠯᠲᠠ ᠵᠢ ᠳᠡᠮᠵᠢᠬᠦ ᠡᠷᠴᠢᠮ ᠵᠶ᠋ᠡᠨ ᠦᠷᠭᠦᠯᠵᠢᠯᠡᠨ ᠴᠢᠩᠭ᠋ᠠᠷᠠᠭᠤᠯᠵᠤ᠂ ᠪᠡᠯᠡ ᠮᠥᠩᠭᠥ ᠵᠢᠨ ᠬᠡᠷᠡᠭᠯᠡᠯᠲᠡ ᠵᠢᠨ ᠦᠷ᠎ᠡ ᠠᠰᠢᠭ᠎ᠢ ᠳᠡᠭᠡᠭᠰᠢᠯᠡᠭᠦᠯᠦᠨ᠂ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠤᠨ ᠥᠪᠥᠷ ᠮᠣᠩᠭᠣᠯ᠎ᠤᠨ ᠠᠵᠤ ᠠᠬᠤᠢ ᠨᠡᠢ᠌ᠭᠡᠮ᠎ᠤᠨ ᠬᠥᠭᠵᠢᠯᠲᠡ᠎ᠳᠤ ᠨᠠᠩ ᠰᠠᠢ᠌ᠨ ᠦᠢ᠍ᠯᠡᠴᠢᠯᠡᠬᠦ ᠵᠢ  ᠠᠬᠢᠭᠤᠯᠬᠤ ᠪᠤᠯᠤᠨ᠎ᠠ᠃


 

ᠢᠷᠡᠯᠲᠡ᠄ ᠦᠪᠤᠷ ᠮᠤᠡᠭᠭᠤᠯ᠎ᠤᠨ ᠦᠪᠡᠷᠳᠡᠬᠡᠨ ᠵᠠᠰᠠᠬᠣ ᠤᠷᠤᠨ᠎ᠤ ᠠᠷᠠᠳ᠎ᠤᠨ ᠶᠠᠪᠤᠳᠠᠯ᠎ᠤᠨ ᠲᠢᠡᠭᠭᠢᠮ᠎ᠤᠨ ᠮᠤᠡᠭᠭᠤᠯ ᠰᠦᠯᠵᠢᠶ᠎ᠡ
          
ᠬᠠᠮᠢᠶ᠎ᠡ ᠪᠦᠬᠦᠢ ᠰᠣᠨᠢᠨ
ᠲᠥᠪ᠎ᠤᠨ ᠡᠳ᠋᠎ᠤᠨ ᠵᠠᠰᠠᠭ᠎ᠠᠴᠠ ᠮᠠᠨ᠎ᠤ ᠣᠷᠣᠨ᠎ᠤ ᠶᠠᠳᠠᠭᠤ ᠬᠦᠴᠢᠷᠳᠡᠯᠲᠡᠢ ᠤᠯᠠᠨ ᠲᠦᠮᠡᠨ᠎ᠤ ᠲᠤᠰᠠᠯᠠᠮᠵᠢ ᠵᠢᠨ ᠨᠥᠬᠥᠪᠦᠷᠢ ᠵᠢ56.33 ᠳ᠋ᠦᠩᠰᠢᠭᠤᠷ ᠲᠥᠭᠥᠷᠢᠭ ᠪᠠᠭᠤᠯᠭ᠋ᠠᠪᠠ
ᠮᠠᠨ᠎ᠤ ᠣᠷᠣᠨ 《ᠣᠲᠣ ᠦᠶ᠎ᠡ ᠵᠢᠨ ᠵᠠᠮ ᠬᠠᠷᠢᠯᠴᠠᠭ᠎ᠠ ᠡᠳ᠋ ᠪᠠᠷᠠᠭ᠋ᠠᠨ᠎ᠤ ᠭᠦᠢ᠍ᠯᠭᠡᠭᠡᠨ᠎ᠤ ᠳᠠᠭ᠋ᠠᠭᠤᠯᠤᠭᠴᠢ ᠠᠵᠤ ᠠᠬᠤᠢ᠌ᠯᠠᠯ᠎ᠢ ᠪᠤᠵᠠᠭ᠋ᠠᠢ᠌ᠷᠠᠭᠤᠯᠬᠤ ᠠᠵᠢᠯᠯᠠᠭ᠋ᠠᠨ᠎ᠤ ᠲᠥᠰᠥᠯ》᠎ᠢ ᠨᠡᠢ᠌ᠲᠡᠯᠡᠵᠦ᠂ 2026 ᠣᠨ ᠪᠣᠯᠬᠤ᠎ᠳᠤ ᠥᠪᠥᠷ ᠮᠣᠩᠭᠣᠯ᠎ᠤᠨ ᠨᠢᠭᠡᠴᠢ ᠡᠳ᠋ ᠪᠠᠷᠠᠭ᠋ᠠᠨ᠎ᠤ ᠡᠷᠭᠢᠯᠲᠡ ᠵᠢᠨ ᠬᠡᠮᠵᠢᠶ᠎ᠡ ᠵᠢᠨ ᠡᠳ᠋ ᠪᠠᠷᠠᠭ᠋ᠠᠨ᠎ᠤ ᠭᠦᠢ᠍ᠯᠭᠡᠭᠡᠨ᠎ᠤ ᠥᠪᠡᠷ᠎ᠤᠨ ᠥᠷᠲᠡᠭ᠎ᠢ 6%᠎ᠪᠠᠷ ᠪᠠᠭᠤᠷᠠᠭᠤᠯᠬᠤ ᠪᠤᠯᠤᠨ᠎ᠠ
《ᠲᠠᠪᠤᠨ ᠰᠠᠢ᠌ᠨ》᠎ᠢ ᠠᠭᠤᠰᠤᠯᠴᠠᠭᠤᠯᠵᠤ᠂ ᠭᠠᠵᠠᠷ ᠰᠢᠷᠣᠢ ᠵᠢᠨ ᠭᠠᠷᠤᠯᠲᠠ ᠵᠢᠨ ᠨᠦᠬᠡᠴᠨ ᠬᠦᠴᠤᠨ᠎ᠢ ᠬᠦᠭᠵᠢᠬᠡᠶ᠎ᠡ — ᠬᠥᠳᠡᠭᠡ ᠠᠵᠤ ᠠᠬᠤᠢ ᠵᠢᠨ ᠦᠢ᠍ᠯᠡᠳᠪᠦᠷᠢᠯᠡᠯ᠎ᠤᠨ ᠬᠤᠪᠢᠰᠤᠯᠲᠠ᠎ᠠᠴᠠ ᠰᠢᠨ᠎ᠡ ᠴᠢᠨᠠᠷ ᠪᠦᠬᠦᠢ ᠦᠢ᠍ᠯᠡᠳᠪᠦᠷᠢᠯᠡᠯ᠎ᠤᠨ ᠬᠦᠴᠦᠨ᠎ᠢ ᠬᠥᠭᠵᠢᠭᠦᠯᠦᠭᠰᠡᠨ ᠥᠪᠥᠷ ᠮᠣᠩᠭᠣᠯ᠎ᠤᠨ ᠠᠮᠢᠵᠢᠷᠠᠯ᠎ᠤᠨ ᠬᠦᠴᠤᠨ
ᠮᠠᠨ᠎ᠤ ᠤᠷᠤᠨ᠎ᠤ᠎ᠬᠢᠨ 11 ᠲᠥᠷᠥ ᠵᠢᠨ ᠪᠣᠳᠣᠯᠭ᠎ᠠ᠎ᠪᠠᠷ ᠡᠪᠡᠰᠦᠨ᠎ᠤ ᠠᠵᠤ ᠦᠢ᠍ᠯᠡᠰ᠎ᠤᠨ ᠴᠢᠨᠠᠷᠯᠢᠭ ᠬᠥᠭᠵᠢᠯᠲᠡ ᠵᠢ ᠠᠬᠢᠭᠤᠯᠵᠤ ᠪᠠᠢ᠌ᠨ᠎ᠠ
ᠮᠠᠨ᠎ᠤ ᠤᠷᠤᠨ᠎ᠤ ᠭᠤᠷᠪᠠᠨ ᠭᠠᠵᠠᠷ ᠳᠤᠮᠳᠠᠳᠤ ᠤᠯᠤᠰ᠎ᠤᠨ 2024 ᠣᠨ᠎ᠤ ᠵᠠᠭᠤᠨ ᠬᠦᠴᠦᠷᠬᠡᠭ ᠰᠢᠶᠠᠨ᠎ᠤ ᠨᠡᠷᠡᠰ᠎ᠲᠤ ᠵᠢᠬᠰᠠᠭ᠋ᠠᠬᠳᠠᠯ᠎ᠠ
 
            