ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠦᠢᠯᠡᠴᠢᠯᠡᠭᠡ   -   ᠲᠤᠭ᠎ᠠ ᠪᠠᠷᠢᠮᠲᠠ᠎ᠶᠢᠨ ᠨᠡᠶ᠋ᠢᠲᠡᠯᠡᠯ
ᠮᠠᠨ᠎ᠤ ᠤᠷᠤᠨ᠎ᠤ᠎ᠬᠢᠨ 11 ᠲᠥᠷᠥ ᠵᠢᠨ ᠪᠣᠳᠣᠯᠭ᠎ᠠ᠎ᠪᠠᠷ ᠡᠪᠡᠰᠦᠨ᠎ᠤ ᠠᠵᠤ ᠦᠢ᠍ᠯᠡᠰ᠎ᠤᠨ ᠴᠢᠨᠠᠷᠯᠢᠭ ᠬᠥᠭᠵᠢᠯᠲᠡ ᠵᠢ ᠠᠬᠢᠭᠤᠯᠵᠤ ᠪᠠᠢ᠌ᠨ᠎ᠠ
ᠨᠡᠶᠢᠲᠡᠯᠡᠭᠰᠡᠨ ᠴᠠᠭ᠄ 2024-04-28

    ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠡᠪᠡᠰᠦᠨ᠎ᠤ ᠠᠵᠤ ᠦᠢ᠍ᠯᠡᠰ᠎ᠤᠨ ᠴᠢᠨᠠᠷᠯᠢᠭ ᠬᠥᠭᠵᠢᠯᠲᠡ ᠵᠢ ᠠᠬᠢᠭᠤᠯᠵᠤ᠂ ᠰᠦ ᠮᠢᠬ᠎ᠠ ᠨᠣᠯᠤᠤᠷ᠎ᠤᠨ ᠠᠵᠤ ᠦᠢ᠍ᠯᠡᠰ᠎ᠤᠨ ᠪᠣᠬᠢᠷᠲᠤᠯ ᠥᠬᠡᠶ ᠡᠷᠡᠭᠦᠯ ᠬᠦᠭᠵᠢᠯᠳᠡ ᠵᠢ ᠪᠠᠳᠤᠯᠠᠵᠤ᠂ ᠮᠠᠨ᠎ᠤ ᠤᠷᠤᠨ 《ᠭᠤᠷᠪᠠᠨ ᠤᠮᠠᠷᠠᠲᠤ》 ᠵᠢᠨ ᠢᠨᠵᠧᠨᠧᠷᠢᠩ᠎ᠤᠨ ᠪᠣᠭᠤᠮᠲᠠ ᠰᠢᠪᠲᠤᠯᠬᠤ ᠳᠠᠶ᠋ᠢᠯᠠᠯᠳᠤᠭ᠋ᠠᠨ᠎ᠢ ᠰᠠᠶ᠋ᠢᠲᠤᠷ ᠬᠢᠬᠦ ᠵᠢᠨ ᠲᠦᠯᠤᠬᠡ ᠦᠪᠤᠷ ᠮᠤᠡᠭᠭᠤᠯ ᠎ᠤᠨ ᠥᠪᠡᠷᠲᠡᠭᠡᠨ ᠵᠠᠰᠠᠬᠤ ᠣᠷᠣᠨ᠎ᠤ ᠣᠶ ᠰᠢᠭᠤᠶ ᠨᠤᠲᠤᠭ ᠪᠡᠯᠴᠢᠭᠡᠷ᠎ᠤᠨ ᠲᠣᠪᠴᠢᠶ᠎ᠠ᠂ ᠲᠠᠷᠢᠶᠠᠯᠠᠩ ᠮᠠᠯ ᠠᠵᠤ ᠠᠬᠤᠶ ᠵᠢᠨ ᠲᠢᠩᠬᠢᠮ᠂ ᠡᠳ᠋᠎ᠤᠨ ᠵᠠᠰᠠᠭ᠎ᠤᠨ ᠲᠢᠩᠬᠢᠮ᠎ᠤᠨ᠎ᠬᠢᠨ᠎ᠲᠠᠢ ᠬᠠᠮᠲᠤᠷᠠᠨ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠡᠪᠡᠰᠦᠨ᠎ᠤ ᠠᠵᠤ ᠦᠢ᠍ᠯᠡᠰ᠎ᠤᠨ ᠴᠢᠨᠠᠷᠯᠢᠭ ᠬᠥᠭᠵᠢᠯᠲᠡ ᠵᠢ ᠠᠬᠢᠭᠤᠯᠬᠤ ᠲᠥᠷᠥ ᠵᠢᠨ ᠪᠣᠳᠣᠯᠭ᠎ᠠ ᠵᠢᠨ ᠨᠠᠷᠢᠨ ᠲᠠᠩᠰᠠ》 (《ᠲᠥᠷᠥ ᠵᠢᠨ ᠪᠣᠳᠣᠯᠭ᠎ᠠ ᠵᠢᠨ ᠨᠠᠷᠢᠨ ᠲᠠᠩᠰᠠ》 ᠭᠡᠵᠦ ᠲᠤᠪᠴᠢᠯᠠᠶ᠎ᠠ) ᠵᠢ ᠳᠠᠷᠤᠮᠠᠯᠯᠠᠨ ᠲᠠᠷᠬᠠᠭ᠋ᠠᠪᠠ᠃
    《ᠲᠥᠷᠥ ᠵᠢᠨ ᠪᠣᠳᠣᠯᠭ᠎ᠠ ᠵᠢᠨ ᠨᠠᠷᠢᠨ ᠲᠠᠩᠰᠠ》᠎ᠳᠤ ᠡᠪᠡᠰᠦᠨ᠎ᠤ ᠦᠷ᠎ᠡ ᠡᠳ᠋᠎ᠤᠨ ᠡᠬᠢ ᠪᠠᠶᠠᠯᠢᠭ᠎ᠢ ᠬᠠᠮᠠᠭ᠋ᠠᠯᠠᠬᠤ ᠪᠠ ᠠᠰᠢᠭᠯᠠᠬᠤ ᠵᠢ ᠴᠢᠩᠭ᠋ᠠᠳᠬᠠᠬᠤ᠂ ᠡᠭᠦᠯᠳᠡᠷ ᠪᠣᠢ᠌ᠵᠢᠭᠤᠯᠬᠤ ᠵᠢ ᠰᠤᠳᠤᠯᠤᠨ ᠨᠡᠭᠡᠭᠡᠬᠦ ᠪᠠ ᠰᠢᠨᠵᠢᠯᠡᠬᠦ ᠤᠬᠠᠭ᠋ᠠᠨ ᠮᠡᠷᠭᠡᠵᠢᠯ᠎ᠤᠨ ᠦᠷ᠎ᠡ ᠪᠦᠲᠦᠭᠡᠯ᠎ᠢ ᠤᠯᠠᠷᠢᠭᠤᠯᠬᠤ ᠵᠢ ᠳᠡᠮᠵᠢᠬᠦ᠂ ᠡᠪᠡᠰᠦ ᠪᠣᠷᠳᠣᠭ᠎ᠠ ᠵᠢᠨ ᠦᠢ᠍ᠯᠡᠳᠪᠦᠷᠢᠯᠡᠬᠦ ᠴᠢᠳᠠᠪᠤᠷᠢ ᠵᠢ ᠦᠷᠭᠦᠯᠵᠢᠯᠡᠨ ᠳᠡᠭᠡᠭᠰᠢᠯᠡᠭᠦᠯᠬᠦ᠂ ᠠᠵᠤ ᠠᠬᠤᠢ᠌ᠯᠠᠯ᠎ᠢ ᠪᠤᠵᠠᠭ᠋ᠠᠢ᠌ᠷᠠᠭᠤᠯᠤᠨ ᠬᠦᠴᠦᠷᠬᠡᠭᠵᠢᠭᠦᠯᠬᠦ ᠵᠢ ᠳᠡᠮᠵᠢᠬᠦ᠂ ᠡᠪᠡᠰᠦᠨ᠎ᠤ ᠦᠢ᠍ᠯᠡᠰ᠎ᠤᠨ ᠮᠡᠷᠭᠡᠵᠢᠯ᠎ᠤᠨ ᠰᠢᠨ᠎ᠡ ᠵᠢ ᠡᠭᠦᠳᠬᠦ ᠵᠢ ᠲᠦᠷᠭᠡᠳᠬᠡᠬᠦ ᠵᠡᠷᠭᠡ ᠲᠠᠯ᠎ᠠ᠎ᠪᠠᠷ 11 ᠵᠦᠢ᠍ᠯ᠎ᠤᠨ ᠲᠥᠷᠥ ᠵᠢᠨ ᠪᠣᠳᠣᠯᠭ᠎ᠠ ᠵᠢ ᠲᠣᠭᠲᠠᠭ᠋ᠠᠪᠠ᠃ ᠡᠪᠡᠰᠦᠨ᠎ᠤ ᠦᠷ᠎ᠡ ᠡᠳ᠋᠎ᠤᠨ ᠡᠬᠢ ᠪᠠᠶᠠᠯᠢᠭ᠎ᠢ ᠴᠤᠭᠯᠠᠭᠤᠯᠬᠤ ᠪᠠ ᠬᠢᠨᠠᠨ ᠲᠣᠭᠲᠠᠭ᠋ᠠᠬᠤ ᠵᠢ ᠳᠡᠮᠵᠢᠬᠦ ᠡᠷᠴᠢᠮ᠎ᠢ ᠴᠢᠩᠭ᠋ᠠᠷᠠᠭᠤᠯᠵᠤ᠂ ᠵᠢᠯ ᠪᠦᠷᠢ ᠵᠢᠨ ᠴᠤᠭᠯᠠᠭᠤᠯᠤᠭᠰᠠᠨ ᠡᠪᠡᠰᠦᠨ᠎ᠤ ᠦᠷ᠎ᠡ ᠡᠳ᠋᠎ᠤᠨ ᠡᠬᠢ ᠪᠠᠶᠠᠯᠢᠭ᠎ᠢ 2000 ᠬᠤᠪᠢ᠎ᠠᠴᠠ ᠳᠤᠲᠠᠭᠤ ᠦᠭᠡᠢ ᠪᠠᠢ᠌ᠯᠭ᠋ᠠᠵᠤ᠂ ᠬᠢᠨᠠᠨ ᠲᠣᠭᠲᠠᠭ᠋ᠠᠵᠤ ᠦᠨᠡᠯᠡᠬᠦ ᠵᠢ 1000 ᠬᠤᠪᠢ᠎ᠠᠴᠠ ᠳᠤᠲᠠᠭᠤ ᠦᠭᠡᠢ ᠪᠠᠢ᠌ᠯᠭ᠋ᠠᠵᠤ᠂ ᠮᠠᠨ᠎ᠤ ᠣᠷᠣᠨ᠎ᠳᠤ ᠪᠥᠬᠥ ᠤᠯᠤᠰ᠎ᠤᠨ ᠲᠡᠷᠢᠭᠦᠨ ᠲᠠᠰ᠎ᠤᠨ ᠡᠪᠡᠰᠦᠨ᠎ᠤ ᠦᠷ᠎ᠡ ᠡᠳ᠋᠎ᠤᠨ ᠡᠬᠢ ᠪᠠᠶᠠᠯᠢᠭ᠎ᠤᠨ ᠬᠥᠮᠥᠷᠭᠡ ᠵᠢ ᠪᠠᠶ᠋ᠢᠭᠤᠯᠬᠤ ᠬᠡᠷᠡᠭᠲᠡᠢ ᠭᠡᠵᠦ ᠳᠤᠷᠠᠳᠤᠨ ᠭᠠᠷᠭ᠋ᠠᠪᠠ᠃ ᠡᠪᠡᠰᠦᠨ᠎ᠤ ᠦᠷ᠎ᠡ ᠵᠢᠨ ᠭᠠᠵᠠᠷ᠎ᠤᠨ ᠪᠦᠲᠦᠭᠡᠨ ᠪᠠᠢ᠌ᠭᠤᠯᠤᠯᠲᠠ ᠵᠢ ᠲᠡᠮᠵᠢᠵᠤ᠂  ᠤᠷᠢᠳ ᠵᠶ᠋ᠡᠷ ᠪᠠᠢ᠌ᠭᠤᠯᠵᠤ ᠲᠠᠷᠠᠭ᠎ᠠ᠎ᠨᠢ ᠨᠥᠬᠥᠪᠦᠷᠢᠯᠡᠬᠦ ᠠᠷᠭ᠎ᠠ ᠎ᠪᠠᠷ 300 ᠮᠤ᠌᠎ᠠᠴᠠ ᠳᠡᠭᠡᠭᠰᠢ ᠰᠢᠨ᠎ᠡ᠎ᠪᠠᠷ ᠪᠠᠢ᠌ᠭᠤᠯᠤᠭᠰᠠᠨ ᠲᠦᠪᠯᠡᠷᠡᠡᠭᠭᠦᠢ ᠡᠪᠡᠰᠦᠨ᠎ᠤ ᠦᠷ᠎ᠡ ᠵᠢᠨ ᠲᠠᠷᠢᠰᠢᠨ ᠭᠠᠵᠠᠷ᠎ᠲᠤ ᠨᠢᠭᠡ ᠯᠨ ᠤᠳᠠᠭ᠎ᠠ  500 ᠲᠥᠭᠥᠷᠢᠭ / ᠮᠤ᠌ ᠵᠢᠨ ᠨᠥᠬᠥᠪᠦᠷᠢ ᠥᠭᠴᠦ᠂ ᠬᠣᠢ᠌ᠰᠢᠳᠠ ᠦᠷᠭᠦᠯᠵᠢᠯᠡᠨ ᠦᠢ᠍ᠯᠡᠳᠪᠦᠷᠢᠯᠡᠬᠦ ᠵᠢᠨ ᠬᠠᠮᠲᠤ ᠵᠣᠬᠢᠬᠤ ᠤᠨᠠᠯᠲᠠ ᠵᠢᠨ ᠬᠡᠮᠵᠢᠶ᠎ᠡ᠎ᠳᠤ ᠬᠥᠷᠥᠭᠰᠡᠨ ᠪᠣᠯ ᠵᠢᠯ ᠪᠦᠷᠢ 200 ᠲᠥᠭᠥᠷᠢᠭ / ᠮᠤ᠌ ᠵᠢᠨ ᠪᠠᠲᠤᠳᠬᠠᠨ ᠳᠡᠭᠡᠭᠰᠢᠯᠡᠭᠦᠯᠬᠦ ᠨᠥᠬᠥᠪᠦᠷᠢ ᠣᠯᠭᠣᠨ᠎ᠠ᠃ ᠡᠪᠡᠰᠦ ᠪᠣᠷᠳᠣᠭ᠎ᠠ ᠳᠠᠷᠢᠬᠤ ᠬᠡᠪᠴᠢᠶ᠎ᠡ ᠵᠢ ᠦᠷᠭᠦᠯᠵᠢᠯᠡᠨ ᠥᠷᠭᠡᠳᠬᠡᠵᠦ᠂ ᠪᠡᠯᠴᠢᠬᠡᠷ ᠡᠪᠡᠰᠦ ᠵᠢ ᠬᠥᠮᠥᠨ᠎ᠤ ᠬᠦᠴᠦ᠎ᠪᠠᠷ ᠳᠠᠷᠢᠬᠤ ᠵᠢ ᠳᠡᠮᠵᠢᠵᠦ᠂ ᠬᠠᠷᠢᠴᠠᠩᠭᠤᠢ᠎ᠪᠠᠷ ᠲᠦᠪᠯᠡᠷᠡᠭᠰᠡᠨ ᠪᠥᠭᠡᠳ ᠪᠠᠷᠢᠮᠵᠢᠶᠠᠵᠢᠭᠤᠯᠤᠨ ᠳᠠᠷᠢᠭᠰᠠᠨ 200 ᠮᠦ᠍᠎ᠠᠴᠠ ᠳᠡᠭᠡᠭᠰᠢᠬᠢ ᠪᠡᠯᠴᠢᠬᠡᠷ ᠡᠪᠡᠰᠦ ᠵᠢ ᠬᠥᠮᠥᠨ᠎ᠤ ᠬᠦᠴᠦ᠎ᠪᠠᠷ ᠳᠠᠷᠢᠬᠤ᠎ᠳᠤ ᠮᠦ᠍ ᠪᠦᠷᠢ᠎ᠳᠤ ᠭᠤᠷᠪᠠᠨ ᠵᠢᠯ ᠬᠤᠪᠢᠶᠠᠨ 1000 ᠲᠥᠭᠥᠷᠢᠭ᠎ᠤᠨ ᠨᠥᠬᠥᠪᠦᠷᠢ ᠣᠯᠭᠣᠨ᠎ᠠ᠃ ᠲᠡᠵᠢᠭᠡᠯ ᠪᠣᠷᠳᠣᠭ᠋ᠠᠨ᠎ᠳᠤ ᠬᠡᠷᠡᠭᠯᠡᠬᠦ ᠨᠣᠬᠠᠢ ᠵᠢᠨ ᠬᠣᠰᠢᠭᠤ ᠳᠠᠷᠢᠬᠤ ᠵᠢ ᠳᠡᠮᠵᠢᠵᠦ᠂ ᠬᠠᠷᠢᠴᠠᠩᠭᠤᠢ  ᠲᠦᠪᠯᠡᠷᠡᠭᠰᠡᠨ᠂ ᠪᠠᠷᠢᠮᠵᠢᠶᠠᠵᠢᠭᠤᠯᠤᠨ ᠳᠠᠷᠢᠭᠰᠠᠨ 300 ᠮᠦ᠍᠎ᠠᠴᠠ ᠳᠡᠭᠡᠭᠰᠢᠬᠢ ᠲᠡᠵᠢᠭᠡᠯ ᠪᠣᠷᠳᠣᠭ᠋ᠠᠨ᠎ᠳᠤ ᠬᠡᠷᠡᠭᠯᠡᠬᠦ ᠨᠣᠬᠠᠢ ᠵᠢᠨ ᠬᠣᠰᠢᠭᠤ ᠡᠪᠡᠰᠦᠨ ᠲᠠᠷᠢᠶᠠᠨ᠎ᠳᠤ ᠨᠥᠬᠥᠪᠦᠷᠢ ᠥᠭᠴᠦ᠂ ᠨᠥᠬᠥᠪᠦᠷᠢ ᠵᠢᠨ ᠪᠠᠷᠢᠮᠵᠢᠶ᠎ᠠ᠎ᠨᠢ 100 ᠲᠥᠭᠥᠷᠢᠭ / ᠮᠦ᠍᠎ᠳᠤ ᠬᠦᠷᠴᠦ᠂ ᠡᠭᠦᠨ᠎ᠳᠤ  ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠡᠳ᠋᠎ᠤᠨ ᠵᠠᠰᠠᠭ᠎ᠠᠴᠠ 70% ᠵᠢᠨ ᠨᠥᠬᠥᠪᠦᠷᠢ ᠥᠭᠴᠦ᠂ ᠠᠢ᠌ᠮᠠᠭ ᠬᠣᠲᠠ᠎ᠨᠢ 30% ᠵᠢᠨ ᠢᠵᠢ ᠪᠦᠷᠢᠳᠦᠭᠦᠯᠦᠨ᠎ᠡ᠃
     

 


 


 

 

ᠢᠷᠡᠯᠲᠡ᠄ ᠦᠪᠤᠷ ᠮᠤᠡᠭᠭᠤᠯ᠎ᠤᠨ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠲᠢᠡᠭᠭᠢᠮ᠎ᠤᠨ ᠮᠤᠡᠭᠭᠤᠯ ᠰᠦᠯᠵᠢᠶ᠎ᠡ
          
ᠬᠠᠮᠢᠶ᠎ᠡ ᠪᠦᠬᠦᠢ ᠰᠣᠨᠢᠨ
ᠮᠠᠨ᠎ᠤ ᠤᠷᠤᠨ᠎ᠤ ᠭᠤᠷᠪᠠᠨ ᠭᠠᠵᠠᠷ ᠳᠤᠮᠳᠠᠳᠤ ᠤᠯᠤᠰ᠎ᠤᠨ 2024 ᠣᠨ᠎ᠤ ᠵᠠᠭᠤᠨ ᠬᠦᠴᠦᠷᠬᠡᠭ ᠰᠢᠶᠠᠨ᠎ᠤ ᠨᠡᠷᠡᠰ᠎ᠲᠤ ᠵᠢᠬᠰᠠᠭ᠋ᠠᠬᠳᠠᠯ᠎ᠠ
ᠤᠨᠳᠤᠷᠤᠯᠳᠠ ᠵᠢᠨ ᠨᠣᠷᠮ᠎ᠠ 98% ᠵᠢ ᠲᠠᠪᠠᠭ᠋ᠠᠳ ᠮᠠᠨ᠎ᠤ ᠤᠷᠤᠨ᠎ᠤ᠎ᠬᠢᠨ ᠲᠦᠷᠤᠬᠦᠤ ᠤᠯᠠᠷᠢᠯ᠎ᠳᠤ 3077 ᠲᠦᠮᠡᠨ ᠪᠤᠳᠠ ᠪᠤᠭ ᠮᠠᠯ᠎ᠤᠨ ᠲᠦᠯ ᠲᠤᠰᠤᠯ᠎ᠠ
ᠮᠠᠨ᠎ᠤ ᠤᠷᠤᠨ᠎ᠤ ᠠᠵᠤ ᠦᠢ᠍ᠯᠡᠳᠪᠦᠷᠢ ᠵᠢᠨ ᠨᠡᠮᠡᠭᠳᠡᠯ ᠥᠷᠲᠡᠭ᠎ᠤᠨ ᠨᠡᠮᠡᠭᠳᠡᠯ᠎ᠤᠨ ᠬᠤᠷᠳᠤᠴᠠ ᠪᠥᠬᠥ ᠤᠯᠤᠰ᠎ᠤᠨ ᠳᠤᠮᠳᠠᠴᠢ ᠲᠦᠪᠰᠢᠨ᠎ᠠᠴᠠ ᠲᠠᠪᠠᠪᠠ
ᠮᠠᠨ᠎ᠤ ᠤᠷᠤᠨ᠎ᠤ ᠡᠪᠡᠰᠦᠨ᠎ᠤ ᠠᠵᠤ ᠦᠢ᠍ᠯᠡᠰ᠎ᠤᠨ ᠭᠠᠷᠤᠯᠲᠠ ᠦᠢ᠍ᠯᠡᠳᠬᠦᠨ᠎ᠤ ᠥᠷᠲᠡᠭ ᠴᠥᠮ ᠪᠥᠬᠥ ᠤᠯᠤᠰ᠎ᠤᠨ ᠲᠡᠷᠢᠬᠦᠯᠡᠵᠤ ᠪᠠᠢ᠌ᠨ᠎ᠠ
ᠦᠨᠤ ᠵᠢᠯ᠎ᠤᠨ ᠮᠠᠨ᠎ᠤ ᠤᠷᠤᠨ᠎ᠤ ᠠᠵᠤ ᠠᠬᠤᠢ᠌ᠯᠠᠯ᠎ᠳᠤ ᠠᠰᠢᠭ ᠬᠦᠷᠲᠡᠭᠡᠬᠦ 8.68 ᠳ᠋ᠦᠩᠰᠢᠭᠤᠷ ᠲᠥᠭᠥᠷᠢᠭ ᠲᠦᠷᠦᠭᠦᠸ᠋ ᠪᠦᠯᠦᠭ ᠪᠡᠯᠡ ᠮᠥᠩᠭᠥ 921 ᠠᠵᠤ ᠠᠬᠤᠢ᠌ᠯᠠᠯ᠎ᠳᠤ ᠰᠢᠭᠤᠳ ᠭᠦᠷᠦᠨ᠎ᠡ
 
            