ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠦᠢᠯᠡᠴᠢᠯᠡᠭᠡ   -   ᠲᠤᠭ᠎ᠠ ᠪᠠᠷᠢᠮᠲᠠ᠎ᠶᠢᠨ ᠨᠡᠶ᠋ᠢᠲᠡᠯᠡᠯ
ᠤᠨᠳᠤᠷᠤᠯᠳᠠ ᠵᠢᠨ ᠨᠣᠷᠮ᠎ᠠ 98% ᠵᠢ ᠲᠠᠪᠠᠭ᠋ᠠᠳ ᠮᠠᠨ᠎ᠤ ᠤᠷᠤᠨ᠎ᠤ᠎ᠬᠢᠨ ᠲᠦᠷᠤᠬᠦᠤ ᠤᠯᠠᠷᠢᠯ᠎ᠳᠤ 3077 ᠲᠦᠮᠡᠨ ᠪᠤᠳᠠ ᠪᠤᠭ ᠮᠠᠯ᠎ᠤᠨ ᠲᠦᠯ ᠲᠤᠰᠤᠯ᠎ᠠ
ᠨᠡᠶᠢᠲᠡᠯᠡᠭᠰᠡᠨ ᠴᠠᠭ᠄ 2024-05-09

    ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠢ ᠵᠢᠨ ᠲᠢᠩᠬᠢᠮ᠎ᠤᠨ᠎ᠬᠢᠨ᠎ᠠᠴᠠ ᠣᠢ᠌ᠯᠠᠭ᠋ᠠᠭᠰᠠᠨ ᠵᠶ᠋ᠠᠷ᠂ ᠲᠦᠷᠤᠬᠦᠤ ᠤᠯᠠᠷᠢᠯ᠎ᠳᠤ᠂  ᠮᠠᠨ᠎ᠤ ᠣᠷᠣᠨ᠎ᠤ ᠪᠤᠳᠠ ᠪᠤᠭ ᠮᠠᠯ᠎ᠤᠨ ᠲᠦᠯ᠎ᠤᠨ ᠤᠨᠳᠤᠷᠤᠯᠳᠠ ᠵᠢᠨ ᠨᠣᠷᠮ᠎ᠠ 3077 ᠲᠦᠮᠡ᠎ᠳᠤ ᠬᠦᠷᠴᠦ᠂ ᠠᠳᠠᠯᠢ ᠬᠤᠭᠤᠴᠠᠭ᠋ᠠᠨ᠎ᠤ᠎ᠬᠢ᠎ᠠᠴᠠ 0.65%᠎ᠪᠠᠷ ᠨᠡᠮᠡᠭᠳᠡᠨ᠂ ᠲᠥᠯ᠎ᠤᠨ ᠤᠨᠳᠤᠷᠤᠯᠲᠠ ᠵᠢᠨ ᠨᠣᠷᠮ᠎ᠠ 98% ᠵᠢ ᠲᠠᠪᠠᠪᠠ᠃ ᠲᠦᠷᠤᠬᠦᠤ ᠤᠯᠠᠷᠢᠯ᠎ᠳᠤ ᠪᠥᠬᠥ ᠣᠷᠣᠨ᠎ᠤ ᠭᠠᠬᠠᠢ ᠦᠬᠡᠷ ᠬᠣᠨᠢ ᠵᠢᠭᠦᠷᠲᠡᠨ᠎ᠤ ᠮᠢᠬᠠᠨ᠎ᠤ ᠭᠠᠷᠤᠯᠲᠠ 44 ᠲᠦᠮᠡᠨ ᠲᠣᠨ᠎ᠳᠤ ᠬᠦᠷᠴᠦ᠂ ᠠᠳᠠᠯᠢ ᠬᠤᠭᠤᠴᠠᠭ᠋ᠠᠨ᠎ᠤ᠎ᠬᠢ᠎ᠠᠴᠠ 8%᠎ᠪᠠᠷ ᠨᠡᠮᠡᠭᠳᠡᠪᠡ᠂ ᠡᠭᠦᠨ᠎ᠳᠤ ᠦᠬᠡᠷ᠎ᠤᠨ ᠮᠢᠬ᠎ᠠ᠂ ᠬᠣᠨᠢᠨ᠎ᠤ ᠮᠢᠬ᠎ᠠ ᠲᠣᠰ ᠲᠣᠰ 9.8% ᠪᠠ 4.9%᠎ᠪᠠᠷ ᠨᠡᠮᠡᠭᠳᠡᠪᠡ᠃   592.5 ᠲᠦᠮᠡᠨ ᠭᠠᠬᠠᠢ᠎ᠲᠠᠢ ᠪᠤᠯᠵᠤ᠂ ᠠᠳᠠᠯᠢ ᠬᠤᠭᠤᠴᠠᠭ᠋ᠠᠨ᠎ᠤ᠎ᠬᠢ᠎ᠠᠴᠠ 2.6% ᠨᠡᠮᠡᠭᠳᠡᠪᠡ᠃ ᠠᠯᠠᠰᠢᠨ ᠦᠬᠡᠷ 950.1 ᠲᠦᠮᠡ᠎ᠳᠤ ᠬᠦᠷᠴᠦ᠂ ᠠᠳᠠᠯᠢ ᠬᠤᠭᠤᠴᠠᠭ᠋ᠠᠨ᠎ᠤ᠎ᠬᠢ᠎ᠠᠴᠠ 7.9% ᠨᠡᠮᠡᠭᠳᠡᠪᠡ᠃ 6947.7 ᠲᠦᠮᠡᠨ ᠬᠣᠨᠢ ᠲᠡᠵᠢᠭᠡᠵᠦ᠂ ᠠᠳᠠᠯᠢ ᠬᠤᠭᠤᠴᠠᠭ᠋ᠠᠨ᠎ᠤ᠎ᠬᠢ᠎ᠠᠴᠠ 0.9% ᠨᠡᠮᠡᠭᠳᠡᠪᠡ᠃
    ᠲᠥᠯ ᠲᠤᠰᠴᠤ ᠪᠣᠢ᠌ᠵᠢᠭᠤᠯᠬᠤ ᠪᠣᠯ ᠲᠡᠵᠢᠭᠡᠨ ᠦᠷᠡᠵᠢᠭᠦᠯᠬᠦ ᠦᠢ᠍ᠯᠡᠰ᠎ᠤᠨ ᠵᠠᠩᠭᠢᠯᠠᠭ᠎ᠠ ᠵᠢᠨ ᠭᠣᠭᠴᠣᠭ᠎ᠠ ᠪᠣᠯᠬᠤ ᠪᠥᠭᠡᠳ ᠮᠠᠯ ᠠᠵᠤ ᠠᠬᠤᠢ ᠵᠢᠨ ᠦᠢ᠍ᠯᠡᠳᠪᠦᠷᠢᠯᠡᠯ᠎ᠤᠨ ᠦᠷ᠎ᠡ ᠪᠦᠲᠦᠮᠵᠢ᠎ᠲᠠᠢ ᠰᠢᠭᠤᠳ ᠬᠣᠯᠪᠣᠭᠳᠠᠵᠤ ᠪᠠᠢ᠌ᠳᠠᠭ᠃ ᠲᠥᠯ ᠲᠤᠰᠴᠤ ᠪᠣᠢ᠌ᠵᠢᠭᠤᠯᠬᠤ ᠠᠵᠢᠯ᠎ᠤᠨ ᠡᠮᠬᠢ ᠵᠢᠷᠤᠮ᠎ᠲᠠᠢ ᠶᠠᠪᠤᠭᠳᠠᠬᠤ ᠵᠢ ᠠᠬᠢᠭᠤᠯᠬᠤ ᠵᠢᠨ ᠲᠥᠯᠥᠭᠡ ᠮᠠᠨ᠎ᠤ ᠣᠷᠣᠨ᠎ᠤ ᠡᠯ᠎ᠡ ᠱᠠᠲᠤᠨ᠎ᠤ ᠲᠠᠷᠢᠶᠠᠯᠠᠩ ᠮᠠᠯ ᠠᠵᠤ ᠠᠬᠤᠢ ᠵᠢᠨ ᠰᠠᠯᠠᠭ᠎ᠠ ᠮᠥᠴᠢᠷ᠎ᠤᠨ᠎ᠬᠢᠨ ᠮᠠᠯ ᠠᠵᠤ ᠠᠬᠤᠢ ᠵᠢᠨ ᠰᠠᠭᠤᠷᠢ ᠲᠦᠬᠦᠬᠡᠷᠤᠮᠵᠢ ᠵᠢᠨ ᠪᠦᠲᠦᠭᠡᠨ ᠪᠠᠢ᠌ᠭᠤᠯᠤᠯᠲᠠ ᠵᠢ ᠲᠠᠰᠤᠷᠠᠯᠲᠠ ᠦᠭᠡᠢ ᠴᠢᠩᠭ᠋ᠠᠳᠬᠠᠵᠤ᠂ ᠮᠠᠯ᠎ᠤᠨ ᠳᠤᠯᠠᠭ᠋ᠠᠨ ᠰᠠᠷᠠᠪᠴᠢ᠂ ᠡᠪᠡᠰᠦ ᠬᠠᠳᠠᠭ᠋ᠠᠯᠠᠬᠤ ᠰᠠᠷᠠᠪᠴᠢ ᠪᠠ ᠳᠠᠷᠤᠰᠢᠭᠤᠯᠬᠤ ᠲᠦᠬᠦᠬᠡᠷᠤᠮᠵᠢ ᠵᠡᠷᠭᠡ ᠵᠢ  ᠲᠡᠰ ᠲᠡᠪᠰᠢᠬᠦᠯᠤᠨ ᠲᠦᠯ ᠲᠤᠰᠬᠤ ᠠᠵᠢᠯ᠎ᠤᠨ ᠠᠮᠤᠷ ᠲᠦᠪᠰᠢᠨ  ᠪᠠ ᠡᠬᠡ ᠮᠠᠯ᠎ᠤᠨ ᠲᠠᠷᠭᠤ ᠬᠦᠴᠦ ᠵᠢ ᠬᠠᠮᠠᠭ᠋ᠠᠯᠠᠬᠤ ᠠᠵᠢᠯ᠎ᠢ ᠪᠦᠲᠦᠮᠵᠢᠲᠡᠶ ᠳᠡᠭᠡᠭᠰᠢᠯᠡᠭᠦᠯᠪᠡ᠃
    ᠡᠭᠦᠨ᠎ᠤ ᠬᠠᠮᠲᠤ ᠮᠠᠨ᠎ᠤ ᠣᠷᠣᠨ᠎ᠤ᠎ᠬᠢᠨ ᠡᠪᠡᠰᠦ ᠪᠣᠷᠳᠣᠭ᠎ᠠ ᠵᠢᠨ ᠬᠠᠩᠭ᠋ᠠᠯᠭ᠎ᠠ ᠵᠢ ᠰᠠᠢ᠌ᠲᠤᠷ ᠬᠢᠵᠦ᠂ ᠲᠡᠵᠢᠭᠡᠨ ᠦᠷᠡᠵᠢᠭᠦᠯᠬᠦ ᠡᠷᠦᠬᠡ ᠵᠢ ᠵᠢᠯᠣᠭᠣᠳᠤᠨ ᠡᠪᠡᠰᠦ ᠪᠣᠷᠳᠣᠭ᠎ᠠ ᠬᠤᠳᠠᠯᠳᠤᠨ ᠠᠪᠬᠤ ᠠᠷᠭ᠎ᠠ ᠵᠠᠮ᠎ᠲᠠᠢ ᠣᠯᠠᠨ ᠲᠠᠯ᠎ᠠ᠎ᠪᠠᠷ ᠬᠣᠯᠪᠣᠭᠳᠠᠭᠤᠯᠵᠤ᠂ ᠡᠬᠡ ᠮᠠᠯ᠎ᠳᠤ ᠲᠡᠵᠢᠭᠡᠯ ᠨᠥᠬᠥᠪᠦᠷᠢᠯᠡᠬᠦ ᠠᠵᠢᠯ᠎ᠢ ᠰᠠᠢ᠌ᠲᠤᠷ ᠬᠢᠵᠦ᠂ ᠲᠥᠯ ᠮᠠᠯ᠎ᠤᠨ ᠲᠡᠵᠢᠭᠡᠯ ᠪᠣᠷᠳᠣᠭ᠎ᠠ ᠵᠢᠨ ᠰᠢᠮ᠎ᠡ ᠲᠡᠵᠢᠭᠡᠯ ᠵᠦᠢ ᠵᠣᠬᠢᠰᠲᠠᠢ᠂ ᠬᠠᠩᠭ᠋ᠠᠯᠭ᠎ᠠ ᠬᠦᠢ᠍ᠴᠡᠳ ᠪᠠᠢ᠌ᠬᠤ ᠵᠢ ᠪᠠᠳᠤᠯᠠᠯ᠎ᠠ᠃ ᠲᠡᠵᠢᠭᠡᠨ ᠦᠷᠡᠵᠢᠭᠦᠯᠬᠦ ᠡᠷᠦᠬᠡ ᠵᠢ ᠵᠢᠯᠣᠭᠣᠳᠤᠨ ᠴᠠᠭ ᠲᠤᠬᠠᠢ᠎ᠳᠤ᠎ᠨᠢ ᠬᠠᠰᠢᠶ᠎ᠠ᠎ᠪᠠᠨ ᠨᠥᠬᠥᠪᠦᠷᠢᠯᠡᠵᠦ᠂ ᠡᠬᠡ ᠮᠠᠯ᠎ᠤᠨ ᠲᠡᠵᠢᠭᠡᠨ ᠠᠷᠠᠴᠢᠯᠠᠬᠤ ᠬᠠᠮᠢᠶᠠᠷᠤᠯᠲᠠ ᠵᠢ ᠰᠠᠢ᠌ᠲᠤᠷ ᠠᠳᠬᠤᠵᠤ᠂ ᠲᠥᠯ ᠮᠠᠯ᠎ᠤᠨ ᠤᠨᠳᠤᠷᠤᠯᠲᠠ ᠵᠢᠨ ᠨᠣᠷᠮ᠎ᠠ ᠵᠢ ᠳᠡᠭᠡᠭᠰᠢᠯᠡᠭᠦᠯᠬᠦ ᠵᠢᠨ ᠬᠠᠮᠲᠤ᠂ ᠰᠢᠯᠢᠳᠡᠭ ᠪᠡᠯᠡᠳᠬᠡᠯ ᠡᠬᠡ ᠮᠠᠯ᠎ᠢ ᠰᠣᠩᠭᠣᠵᠤ ᠴᠠᠭ᠎ᠲᠤ᠎ᠨᠢ ᠲᠣᠬᠢᠷᠠᠭᠤᠯᠤᠨ ᠬᠠᠰᠢᠶ᠎ᠠ ᠵᠢ᠎ᠨᠢ ᠨᠦᠬᠦᠪᠤᠷᠢᠯᠡᠬᠦᠯᠪᠡ᠃ ᠲᠤᠰᠬᠠᠢ ᠮᠡᠷᠭᠡᠵᠢᠯ᠎ᠤᠨ ᠠᠵᠢᠯᠲᠠᠨ᠎ᠢ ᠵᠣᠬᠢᠶᠠᠨ ᠪᠠᠢ᠌ᠭᠤᠯᠤᠨ ᠬᠢᠵᠢᠭ ᠡᠪᠡᠳᠴᠢᠨ᠎ᠢ ᠰᠡᠷᠭᠡᠢ᠌ᠯᠡᠨ ᠵᠠᠰᠠᠬᠤ ᠪᠠ ᠬᠠᠰᠢᠶ᠎ᠠ ᠰᠠᠷᠠᠪᠴᠢ ᠬᠠᠰᠢᠶᠠᠯᠠᠨ ᠠᠷᠢᠭᠤᠳᠬᠠᠬᠤ ᠠᠵᠢᠯ᠎ᠢ ᠴᠢᠩᠭ᠋ᠠᠳᠬᠠᠵᠤ᠂ ᠰᠢᠨᠵᠢᠯᠡᠬᠦ ᠤᠬᠠᠭ᠋ᠠᠨᠴᠢ᠎ᠪᠠᠷ ᠲᠡᠵᠢᠭᠡᠨ ᠠᠷᠠᠴᠢᠯᠠᠬᠤ ᠬᠠᠮᠢᠶᠠᠷᠤᠯᠲᠠ ᠵᠢᠨ ᠮᠡᠷᠭᠡᠵᠢᠯ᠎ᠢ ᠢᠳᠡᠪᠬᠢᠲᠡᠢ ᠳᠡᠯᠭᠡᠷᠡᠭᠦᠯᠵᠦ᠂ ᠲᠡᠵᠢᠭᠡᠨ ᠦᠷᠡᠵᠢᠭᠦᠯᠬᠦ ᠡᠷᠤᠭᠡ᠎ᠳᠤ ᠪᠠᠲᠤ ᠪᠡᠬᠢ ᠮᠡᠷᠭᠡᠵᠢᠯ᠎ᠤᠨ ᠪᠠᠲᠤᠯᠠᠭ᠎ᠠ ᠵᠢ ᠬᠠᠡᠭᠭ᠋ᠠᠬᠰᠠᠨ ᠪᠠᠢ᠌ᠨ᠎ᠠ᠃
 







    

 

ᠢᠷᠡᠯᠲᠡ᠄ ᠦᠪᠤᠷ ᠮᠤᠡᠭᠭᠤᠯ᠎ᠤᠨ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠲᠢᠡᠭᠭᠢᠮ᠎ᠤᠨ ᠮᠤᠡᠭᠭᠤᠯ ᠰᠦᠯᠵᠢᠶ᠎ᠡ
          
ᠬᠠᠮᠢᠶ᠎ᠡ ᠪᠦᠬᠦᠢ ᠰᠣᠨᠢᠨ
ᠮᠠᠨ᠎ᠤ ᠤᠷᠤᠨ᠎ᠤ ᠠᠵᠤ ᠦᠢ᠍ᠯᠡᠳᠪᠦᠷᠢ ᠵᠢᠨ ᠨᠡᠮᠡᠭᠳᠡᠯ ᠥᠷᠲᠡᠭ᠎ᠤᠨ ᠨᠡᠮᠡᠭᠳᠡᠯ᠎ᠤᠨ ᠬᠤᠷᠳᠤᠴᠠ ᠪᠥᠬᠥ ᠤᠯᠤᠰ᠎ᠤᠨ ᠳᠤᠮᠳᠠᠴᠢ ᠲᠦᠪᠰᠢᠨ᠎ᠠᠴᠠ ᠲᠠᠪᠠᠪᠠ
ᠮᠠᠨ᠎ᠤ ᠤᠷᠤᠨ᠎ᠤ ᠡᠪᠡᠰᠦᠨ᠎ᠤ ᠠᠵᠤ ᠦᠢ᠍ᠯᠡᠰ᠎ᠤᠨ ᠭᠠᠷᠤᠯᠲᠠ ᠦᠢ᠍ᠯᠡᠳᠬᠦᠨ᠎ᠤ ᠥᠷᠲᠡᠭ ᠴᠥᠮ ᠪᠥᠬᠥ ᠤᠯᠤᠰ᠎ᠤᠨ ᠲᠡᠷᠢᠬᠦᠯᠡᠵᠤ ᠪᠠᠢ᠌ᠨ᠎ᠠ
ᠦᠨᠤ ᠵᠢᠯ᠎ᠤᠨ ᠮᠠᠨ᠎ᠤ ᠤᠷᠤᠨ᠎ᠤ ᠠᠵᠤ ᠠᠬᠤᠢ᠌ᠯᠠᠯ᠎ᠳᠤ ᠠᠰᠢᠭ ᠬᠦᠷᠲᠡᠭᠡᠬᠦ 8.68 ᠳ᠋ᠦᠩᠰᠢᠭᠤᠷ ᠲᠥᠭᠥᠷᠢᠭ ᠲᠦᠷᠦᠭᠦᠸ᠋ ᠪᠦᠯᠦᠭ ᠪᠡᠯᠡ ᠮᠥᠩᠭᠥ 921 ᠠᠵᠤ ᠠᠬᠤᠢ᠌ᠯᠠᠯ᠎ᠳᠤ ᠰᠢᠭᠤᠳ ᠭᠦᠷᠦᠨ᠎ᠡ
 
            